ᠬᠥᠯᠦᠨ ᠪᠤᠶᠢᠷ ᠬᠤᠲᠠ ᠡᠩ ᠤᠨ ᠳᠡᠭᠡᠲᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ︽ᠬᠤᠶᠠᠷ ᠢ ᠬᠡᠯᠲᠦᠷᠢᠭᠦᠯᠬᠦ︾ ᠪᠡᠯᠡ ᠮᠥᠩᠭᠦ ᠶᠢ ᠪᠦᠬᠦᠨ ᠢ ᠦᠭᠴᠡᠢ
ᠨᠡᠶᠢᠲᠡᠯᠡᠭᠰᠡᠨ ᠴᠠᠭ᠄
2019/2/26
     ᠣᠶᠢᠷ᠎ᠠ ᠳᠤ ᠬᠥᠯᠥᠨ ᠪᠤᠶᠢᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2018 ᠣᠨ ᠤ ᠡᠩ ᠤᠨ ᠳᠡᠭᠡᠲᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ ᠪᠠᠷ ᠬᠢᠴᠢᠶᠡᠯ ᠤᠨ ᠪᠢᠴᠢᠭ ᠬᠠᠩᠭᠠᠬᠤ ᠨᠥᠬᠦᠪᠥᠷᠢ ᠵᠠᠷᠤᠳᠠᠯ ᠢ ᠪᠦᠬᠦᠨ ᠢ ᠦᠭᠭᠦᠭᠰᠡᠨ ᠪᠠᠶᠢᠨ᠎ᠠ᠃ ᠪᠦᠬᠦ ᠵᠢᠯ ᠳᠤ ᠨᠡᠶᠢᠲᠡ 4454 ᠲᠦᠮᠡᠨ ᠲᠥᠭᠦᠷᠢᠭ ᠪᠡᠯᠡ ᠮᠥᠩᠭᠦ ᠪᠠᠭᠤᠯᠭᠠᠨ ᠦᠭᠴᠡᠢ᠂ ᠡᠭᠦᠨ ᠳᠤ᠄ ᠲᠥᠪ ᠤᠨ ᠪᠡᠯᠡ ᠮᠥᠩᠭᠦ 308 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ 3535 ᠲᠦᠮᠡᠨ ᠲᠥᠭᠦᠷᠢᠭ᠂ ᠬᠤᠲᠠ ᠶᠢᠨ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ 611ᠲᠦᠮᠡᠨ ᠲᠥᠭᠦᠷᠢᠭ ᠪᠣᠯᠤᠨ᠎ᠠ᠃ ᠪᠥᠬᠦ ᠬᠤᠲᠠ ᠶᠢᠨ 9 ᠬᠤᠰᠢᠭᠤ ᠬᠤᠳᠠ ᠲᠣᠭᠤᠷᠢᠭ ᠪᠣᠯᠤᠨ ᠬᠤᠲᠠ ᠶᠢᠨ ᠱᠠᠲᠤᠨ ᠤ 3 ᠰᠤᠷᠭᠠᠭᠤᠯᠢ ᠶᠢᠨ ᠡᠩ ᠤᠨ ᠳᠡᠭᠡᠲᠤ ᠵᠡᠷᠭᠡ ᠶᠢᠨ ᠳᠤᠮᠳᠠᠳᠤ ᠰᠤᠷᠭᠠᠭᠤᠯᠢ ᠶᠢᠨ᠂ ᠨᠡᠶᠢᠲᠡ 29578 ᠰᠤᠷᠤᠭᠴᠢ ᠠᠰᠢᠭ ᠬᠦᠷᠲᠡᠪᠡ᠃ ᠡᠩ ᠤᠨ ᠳᠡᠭᠡᠲᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ︽ᠬᠤᠶᠠᠷ ᠢ ᠬᠡᠯᠲᠦᠷᠢᠭᠦᠯᠬᠦ︾ ᠲᠤᠰᠠᠯᠠᠮᠵᠢ ᠦᠵᠡᠭᠦᠯᠬᠦ ᠳᠦᠷᠢᠮ ᠤᠨ ᠨᠠᠶᠢᠳᠠᠪᠤᠷᠢᠵᠢᠭᠤᠯᠤᠯᠲᠠ ᠨᠢ ᠳᠡᠭᠡᠲᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠨᠣᠷᠮ᠎ᠠ ᠶᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号