ᠤᠯᠠᠭᠠᠨᠴᠠᠪ ᠬᠤᠲᠠ ᠣᠨᠴᠠᠭᠠᠢ ᠰᠤᠷᠭᠠᠨ ᠬᠥᠮᠦᠵᠢᠯ ᠤᠨ ᠪᠦᠷᠢᠨ ᠪᠦᠷᠬᠦᠴᠡ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2019/2/26
     ᠤᠯᠠᠭᠠᠨᠴᠠᠪ ᠬᠤᠲᠠ ᠣᠨᠴᠠᠭᠠᠢ ᠰᠤᠷᠭᠠᠨ ᠬᠥᠮᠦᠵᠢᠯ ᠤᠨ ᠪᠦᠬᠦᠨ ᠢ ᠬᠠᠮᠤᠷᠬᠤ ᠰᠤᠷᠭᠠᠨ ᠬᠥᠮᠦᠵᠢᠯ ᠢ ᠬᠡᠷᠡᠭᠵᠢᠭᠦᠯᠦᠨ᠂ ᠪᠥᠬᠦ ᠬᠤᠳᠠ ᠶᠢᠨ 11 ᠬᠤᠰᠢᠭᠤ ᠰᠢᠶᠠᠨ ᠬᠤᠲᠠ ᠲᠣᠭᠤᠷᠢᠭ ᠲᠤ ᠴᠥᠮ ᠡᠬᠢ ᠪᠠᠶᠠᠯᠢᠭ ᠤᠨ ᠬᠢᠴᠢᠶᠡᠯ ᠤᠨ ᠬᠡᠷ ᠲᠠᠢ ᠪᠣᠯᠵᠤ᠂ ᠪᠦᠬᠦᠨ ᠢ ᠵᠡᠮᠳᠡᠭ ᠬᠡᠤᠬᠡᠳ ᠤᠨ ᠡᠷᠡᠭᠦᠯᠵᠢᠭᠦᠯᠬᠦ ᠰᠤᠷᠭᠠᠭᠤᠯᠢᠯᠠᠯ ᠳᠤ ᠬᠡᠷᠡᠭᠯᠡᠪᠡ᠃ ᠬᠥᠩᠭᠡᠪᠲᠦᠷ ᠵᠡᠮᠳᠡᠭ ᠰᠣᠷᠣᠭᠴᠢ ᠠᠩᠭᠢ ᠲᠠᠭᠠᠨ ᠰᠤᠷᠤᠯᠴᠠᠵᠤ᠂ ᠰᠤᠷᠭᠠᠭᠤᠯᠢ ᠳᠤ ᠬᠦᠷᠴᠦ ᠴᠢᠳᠠᠬᠤ ᠦᠭᠡᠢ ᠬᠦᠨᠳᠦ ᠵᠡᠮᠳᠡᠭ ᠰᠤᠷᠤᠭᠴᠢᠳ ᠲᠤ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ ᠦᠢᠯᠡᠴᠢᠯᠡᠭᠡ ᠬᠢᠵᠦ᠂ ᠣᠨᠴᠠᠭᠠᠢ ᠰᠤᠷᠭᠠᠨ ᠬᠥᠮᠦᠵᠢᠯ ᠤᠨ ᠪᠦᠷᠢᠨ ᠪᠦᠷᠬᠦᠴᠡ ᠶᠢ ᠪᠡᠶᠡᠯᠡᠭᠦᠯᠪᠡ᠃ ︽ᠭᠤᠷᠪᠠ ᠵᠡᠮᠳᠡᠭ︾ ᠬᠡᠦᠬᠡᠳ ᠤᠨ ᠰᠤᠷᠭᠠᠭᠤᠯᠢ ᠳᠤ ᠣᠷᠣᠭᠰᠠᠨ ᠨᠤᠷᠮ᠎ᠠ 87.87% ᠳᠤ ᠬᠦᠷᠴᠡᠢ᠃ ᠳᠠᠩᠰᠠ ᠺᠠᠷᠲ ᠲᠠᠢ ︽ᠭᠤᠷᠪᠠ ᠵᠡᠮᠳᠡᠭ︾ ᠬᠡᠦᠬᠡᠳ ᠲᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠠᠰᠠᠷᠠᠨ ᠬᠥᠮᠦᠵᠢᠭᠦᠯᠬᠦ ᠵᠠᠷᠤᠳᠠᠯ ᠢ ᠬᠡᠯᠲᠦᠷᠢᠭᠦᠯᠦᠨ᠂ ᠠᠮᠢᠳᠤᠷᠠᠯ ᠤᠨ ᠵᠠᠷᠤᠳᠠᠯ ᠤᠨ ᠨᠥᠬᠦᠪᠥᠷᠢ ᠥᠭᠬᠦ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ︽ᠨᠢᠭᠡ ᠬᠥᠮᠦᠨ ᠳᠤ ᠨᠢᠭᠡ ᠳᠠᠩᠰᠠ ᠪᠠᠶᠢᠭᠤᠯᠬᠤ︾ ᠲᠠᠩᠰᠠ ᠡᠪᠬᠡᠮᠡᠯ ᠤᠨ ᠬᠠᠮᠢᠶᠠᠷᠤᠯᠲᠠ ᠶᠢ ᠬᠡᠷᠡᠭᠵᠢᠭᠦᠯᠪᠡ᠂ ᠡᠭᠦᠨ ᠳᠤ 2016 ᠣᠨ ᠳᠤ 117 ᠬᠥᠮᠥᠨ ᠪᠠᠶᠢᠭᠰᠠᠨ ᠠᠴᠠ 12 ᠬᠥᠮᠥᠨ ᠨᠢᠭᠡᠨᠲᠡ ᠶᠠᠳᠠᠭᠤ ᠠᠴᠠ ᠠᠩᠭᠢᠵᠢᠷᠠᠪᠠ᠃ 2017 ᠣᠨ ᠳᠤ 133 ᠬᠥᠮᠦᠨ ᠪᠠᠶᠢᠭᠰᠠᠨ ᠠᠴᠠ 25 ᠬᠥᠮᠥᠨ ᠨᠢᠭᠡᠨᠲᠡ ᠶᠠᠳᠠᠭᠤ ᠠᠴᠠ ᠠᠩᠭᠢᠵᠢᠷᠠᠪᠠ᠃ 2018 ᠣᠨ ᠳᠤ 123 ᠬᠥᠮᠦᠨ ᠪᠠᠶᠢᠭᠰᠠᠨ ᠠᠴᠠ 27 ᠬᠥᠮᠥᠨ ᠨᠢᠭᠡᠨᠲᠡ ᠶᠠᠳᠠᠭᠤ ᠠᠴᠠ ᠠᠩᠭᠢᠵᠢᠷᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号