ᠴᠧᠨ ᠭᠦᠢ ᠿᠦᠩ | | | ᠠᠩᠬᠢ ᠶᠢᠨ ᠡᠷᠬᠢᠯᠡᠭᠴᠢ ᠪᠤᠯ ᠠᠩᠬᠢ ᠶᠢᠨ ᠵᠤᠬᠢᠶᠠᠨ ᠪᠠᠶᠢᠭᠤᠯᠤᠭᠴᠢ ᠪᠠ ᠬᠠᠮᠢᠶᠠᠷᠤᠭᠴᠢ ᠮᠦᠷᠳᠡᠭᠡᠨ ᠨᠢᠭᠡ | ᠠᠩᠬᠢ ᠶᠢᠨ ᠰᠦᠭ ᠰᠦᠨᠡᠰᠦ ᠮᠦᠨ᠃ ᠶᠠᠭᠠᠬᠢᠪᠠᠯ ᠠᠩᠬᠢ ᠪᠠᠨ ᠰᠠᠶᠢᠨ ᠬᠠᠮᠢᠶᠠᠷᠤᠨ᠎ᠠ ᠭᠡᠳᠡᠭ ᠪᠤᠯ ᠠᠩᠬᠢ ᠶᠢᠨ | ᠡᠷᠬᠢᠯᠡᠭᠴᠢ ᠨᠢᠭᠡᠪᠦᠷᠢ ᠶᠢᠨ ᠦᠷᠬᠦᠯᠵᠢ ᠰᠡᠳᠬᠢᠳᠡᠭ ᠠᠰᠠᠭᠤᠳᠠᠯ ᠪᠤᠯᠤᠨ᠎ᠠ᠃ ᠬᠤᠪᠢ ᠬᠦᠮᠦᠨ ᠤ ᠦᠢᠯᠡᠳᠦᠯᠭᠡ ᠶᠢᠨ | ᠲᠤᠷᠰᠢᠯᠭ᠎ᠠ ᠠᠴᠠ ᠦᠵᠡᠬᠦ ᠳᠤ᠂ ᠠᠩᠬᠢ ᠶᠢᠨ ᠡᠷᠬᠢᠯᠡᠭᠴᠢ ᠶᠢᠨ ᠡᠳᠦᠷ ᠲᠤᠳᠤᠮ ᠤᠨ ᠬᠠᠮᠢᠶᠠᠷᠤᠯᠳᠠ ᠲᠤᠮᠳᠠ | ᠬᠤᠶᠠᠷ ᠢ ᠠᠳᠬᠤᠬᠤ ᠴᠢᠭᠯᠡᠯᠳᠡ ᠶᠢ ᠪᠠᠷᠢᠮᠳᠠᠯᠠᠬᠤ ᠬᠡᠷᠡᠭᠳᠡᠢ᠃ ᠲᠠᠷᠤᠢ᠂ ᠬᠠᠮᠢᠶᠠᠷᠤᠯᠳᠠ ᠶᠢ ᠠᠳᠬᠤᠵᠤ᠂ | ᠬᠦᠮᠦᠨ ᠢ ᠬᠦᠮᠦᠵᠢᠭᠦᠯᠦᠨ᠎ᠡ᠃ ᠬᠠᠮᠢᠶᠠᠷᠤᠯᠳᠠ ᠶᠢᠨ ᠳᠤᠮᠳᠠ ᠬᠦᠮᠦᠨ ᠢ ᠬᠦᠮᠦᠵᠢᠭᠦᠯᠵᠦ᠂ ᠬᠦᠮᠦᠨ ᠢ | ᠬᠦᠮᠦᠵᠢᠭᠦᠯᠬᠦ ᠪᠠᠷ ᠲᠠᠮᠵᠢᠨ ᠬᠠᠮᠢᠶᠠᠷᠤᠯᠳᠠ ᠪᠠᠨ ᠴᠢᠩᠭᠠᠳᠬᠠᠬᠤ ᠶᠠᠪᠤᠳᠠᠯ ᠪᠤᠯᠤᠨ᠎ᠠ᠃ | ᠨᠢᠭᠡ᠂ ᠬᠦᠮᠦᠨ ᠢ ᠬᠦᠮᠦᠵᠢᠭᠦᠯᠬᠦ ᠠᠵᠢᠯ ᠨᠢ ᠲᠦᠪ ᠴᠢᠩᠭ᠎ᠠ ᠬᠠᠮᠢᠶᠠᠷᠤᠯᠳᠠ ᠳᠤ ᠰᠠᠭᠤᠷᠢᠯᠠᠨ᠎ᠠ᠃ | ᠰᠤᠷᠤᠭᠴᠢ ᠶᠢ ᠬᠠᠮᠢᠶᠠᠷᠬᠤ ᠪᠠ ᠬᠦᠮᠦᠵᠢᠭᠦᠯᠬᠦ ᠪᠤᠯ ᠨᠢᠬᠳᠠ ᠬᠤᠯᠪᠤᠭ᠎ᠠ ᠲᠠᠢ ᠪᠦᠭᠡᠳ ᠬᠠᠷᠢᠯᠴᠠᠨ | ᠨᠦᠬᠦᠪᠦᠷᠢᠯᠡᠬᠦ ᠦᠢᠯᠡᠳᠦᠯ ᠲᠠᠢ᠃ ᠶᠠᠭ ᠡᠶᠢᠮᠦ ᠠᠴᠠ ᠮᠢᠨᠦ ᠠᠩᠬᠢ ᠬᠠᠮᠢᠶᠠᠷᠬᠤ ᠵᠢᠯᠤᠭᠤᠳᠬᠤ ᠦᠵᠡᠯ ᠰᠠᠨᠠᠭ᠎ᠠ ᠪᠤᠯ | ︽ᠤᠷᠢᠳᠠᠪᠠᠷ ᠬᠦᠮᠦᠨ ᠪᠤᠯᠬᠤ ᠶᠢ ᠰᠤᠷᠭᠠᠵᠤ᠂ ᠲᠠᠷᠠᠭ᠎ᠠ ᠨᠢ ᠮᠡᠳᠡᠯᠭᠡ ᠰᠤᠷᠭᠠᠬᠤ︾ ᠪᠤᠯᠤᠨ᠎ᠠ᠃ ᠰᠢᠨ᠎ᠡ | ᠬᠤᠭᠤᠴᠠᠭ᠎ᠠ ᠡᠬᠢᠯᠡᠬᠦ ᠪᠦᠷᠢ ᠤᠷᠢᠳᠠᠪᠠᠷ ᠰᠤᠷᠭᠠᠭᠤᠯᠢ ᠶᠢᠨ ᠶᠡᠷᠦᠩᠬᠡᠢ ᠲᠤᠬᠢᠷᠠᠭᠤᠯᠭ᠎ᠠ ᠲᠠᠢ ᠤᠶᠠᠯᠳᠤᠭᠤᠯᠵᠤ | ᠠᠩᠬᠢ ᠶᠢᠨ ᠪᠤᠳᠠᠳᠠᠢ ᠪᠠᠶᠢᠳᠠᠯ ᠢᠶᠠᠨ ᠦᠨᠳᠦᠰᠦᠯᠡᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠩᠬᠢ ᠶᠢᠨ | ᠡᠷᠬᠢᠯᠡᠭᠴᠢ ᠶᠢᠨ ᠠᠵᠢᠯ ᠤᠨ ᠬᠠᠷᠠᠯᠳᠠ ᠡᠭᠦᠷᠭᠡ᠂ ᠵᠢᠯᠤᠭᠤᠳᠬᠤ ᠦᠵᠡᠯ ᠰᠠᠨᠠᠭ᠎ᠠ ᠶᠢ ᠲᠦᠯᠦᠪᠯᠡᠨ ᠲᠤᠭᠳᠠᠭᠠᠨ᠎ᠠ᠃ | ᠬᠠᠮᠢᠶᠠᠷᠤᠯᠳᠠ ᠶᠢᠨ ᠳᠤᠮᠳᠠ ᠬᠦᠮᠦᠨ ᠢ ᠬᠦᠮᠦᠵᠢᠭᠦᠯᠬᠦ ᠪᠤᠯ ᠤᠨᠤᠯ ᠤᠨ ᠠᠰᠠᠭᠤᠳᠠᠯ ᠪᠦᠭᠡᠳ ᠦᠢᠯᠡᠳᠦᠯᠭᠡ ᠶᠢᠨ | ᠠᠰᠠᠭᠤᠳᠠᠯ ᠮᠦᠨ᠂ ᠮᠦᠨ ᠴᠦ ᠠᠵᠢᠯ ᠤᠨ ᠠᠷᠭ᠎ᠠ ᠠᠪᠴᠠᠯ ᠤᠨ ᠠᠰᠠᠭᠤᠳᠠᠯ ᠪᠦᠭᠡᠳ ᠦᠵᠡᠯ ᠰᠠᠨᠠᠭᠠᠨ ᠤ | ᠲᠠᠨᠢᠯᠳᠠ ᠶᠢᠨ ᠠᠰᠠᠭᠤᠳᠠᠯ ᠮᠦᠨ᠃ ᠨᠢᠭᠡ ᠰᠤᠷᠭᠠᠭᠤᠯᠢ ᠨᠢ ᠤᠯᠠᠨ ᠠᠩᠬᠢ ᠲᠠᠢ ᠪᠠᠶᠢᠳᠠᠭ᠃ ᠡᠳᠡᠭᠡᠷ ᠠᠩᠬᠢ ᠶᠢᠨ | ᠲᠤᠮᠳᠠ ᠠᠴᠠ ᠴᠤᠯᠭᠤᠷᠠᠨ ᠭᠠᠷᠬᠤ ᠭᠡᠪᠡᠯ ᠵᠠᠪᠠᠯ ᠰᠤᠷᠭᠠᠭᠤᠯᠢ ᠪᠠ ᠨᠡᠶᠢᠭᠡᠮ ᠳᠤ ᠴᠦᠮ ᠮᠡᠳᠡᠷᠡᠭᠳᠡᠭᠰᠡᠨ | ᠤᠷᠤᠭᠰᠢᠯᠠᠭᠰᠠᠨ ᠠᠩᠬᠢ ᠨᠢᠭᠡᠴᠢ ᠶᠢ ᠪᠦᠳᠦᠭᠡᠨ ᠪᠠᠶᠢᠭᠤᠯᠤᠭᠰᠠᠨ ᠪᠠᠶᠢᠬᠤ ᠬᠡᠷᠡᠭᠳᠡᠢ᠃ ᠡᠭᠦᠨ ᠳᠤ᠄ | ᠬᠠᠮᠤᠭ ᠤᠨ ᠲᠦᠷᠦᠭᠦᠨ ᠳᠤ᠂ ᠠᠩᠬᠢ ᠶᠢᠨ ᠡᠷᠬᠢᠯᠡᠭᠴᠢ ᠶᠢᠨ ᠲᠤᠰ ᠪᠡᠶ᠎ᠡ ᠠᠩᠬᠢ ᠶᠢᠨ ᠬᠠᠮᠢᠶᠠᠷᠤᠯᠳᠠ ᠶᠢᠨ | ᠠᠵᠢᠯ ᠪᠤᠯᠤᠨ ᠬᠦᠮᠦᠨ ᠢ ᠬᠦᠮᠦᠵᠢᠭᠦᠯᠬᠦ ᠠᠵᠢᠯ ᠤᠨ ᠬᠤᠪᠢᠰᠤᠩᠭᠤᠢ ᠬᠤᠯᠪᠤᠭᠳᠠᠯ ᠳᠤ ᠭᠦᠢᠴᠡᠳ ᠲᠠᠨᠢᠯᠳᠠ ᠲᠠᠢ | ᠪᠠᠶᠢᠪᠡᠯ ᠵᠤᠬᠢᠨ᠎ᠠ᠃ ᠠᠩᠬᠢ ᠶᠢᠨ ᠬᠠᠮᠢᠶᠠᠷᠤᠯᠳᠠ ᠶᠢᠨ ᠲᠤᠮᠳᠠ ᠬᠦᠮᠦᠨ ᠢ ᠬᠦᠮᠦᠵᠢᠭᠦᠯᠬᠦ ᠦᠵᠡᠯ ᠰᠠᠨᠠᠭ᠎ᠠ ᠶᠢ | ᠨᠡᠪᠴᠢᠭᠡᠨ᠂ ᠬᠦᠮᠦᠨ ᠢ ᠬᠦᠮᠦᠵᠢᠭᠦᠯᠬᠦ ᠲᠤᠮᠳᠠ ᠠᠩᠬᠢ ᠶᠢᠨ ᠬᠠᠮᠢᠶᠠᠷᠤᠯᠳᠠ ᠶᠢ ᠴᠢᠩᠭᠠᠳᠬᠠᠵᠤ᠂ ᠬᠠᠮᠢᠶᠠᠷᠬᠤ | ᠪᠤᠯᠤᠨ ᠬᠦᠮᠦᠵᠢᠭᠦᠯᠬᠦ ᠶᠢ ᠠᠳᠠᠯᠢ ᠪᠠᠷ ᠦᠵᠡᠵᠦ᠂ ᠨᠢᠭᠡ ᠶᠢ ᠨᠢ ᠠᠳᠬᠤᠵᠤ ᠨᠦᠭᠦᠭᠡ ᠶᠢ ᠨᠢ ᠤᠮᠳᠤᠭᠠᠢᠢᠯᠠᠬᠤ ᠠᠴᠠ | ᠬᠢᠴᠢᠶᠡᠨ᠎ᠡ᠃ | ᠲᠠᠷᠠᠭᠠᠯᠠᠪᠠᠯ᠂ ᠬᠠᠮᠢᠶᠠᠷᠤᠯᠳᠠ ᠶᠢᠨ ᠠᠵᠢᠯ ᠢᠶᠠᠷ ᠲᠦᠪ ᠪᠤᠯᠭᠠᠨ᠂ ᠬᠦᠮᠦᠨ ᠢ ᠬᠦᠮᠦᠵᠢᠭᠦᠯᠬᠦ ᠪᠠᠷ | ᠬᠦᠳᠦᠯᠦᠮᠵᠢ ᠪᠤᠯᠭᠠᠵᠤ᠂ ᠠᠩᠬᠢ ᠶᠢᠨ ᠠᠵᠢᠯ ᠤᠨ ᠬᠠᠷᠠᠯᠳᠠ ᠪᠠ ᠡᠭᠦᠷᠭᠡ ᠶᠢ ᠲᠤᠭᠳᠠᠭᠠᠨ᠎ᠠ᠃ ᠠᠩᠬᠢ ᠪᠦᠷᠢ ᠶᠢᠨ | ᠪᠤᠳᠠᠳᠤ ᠪᠠᠶᠢᠳᠠᠯ ᠠᠳᠠᠯᠢ ᠪᠤᠰᠤ ᠠᠴᠠ ᠪᠤᠯᠵᠤ ᠠᠩᠬᠢ ᠶᠢᠨ ᠡᠷᠬᠢᠯᠡᠭᠴᠢ ᠠᠴᠠ ᠲᠤᠰ ᠠᠩᠬᠢ ᠶᠢᠨ | ᠤᠨᠴᠠᠯᠢᠭ ᠲᠤ ᠪᠠᠨ ᠲᠤᠬᠢᠷᠠᠭᠤᠯᠵᠤ᠂ ᠬᠠᠷᠠᠯᠳᠠ ᠲᠠᠢ᠂ ᠭᠤᠤᠯᠳᠠᠯᠭ᠎ᠠ ᠲᠠᠢ᠂ ᠴᠢᠭᠯᠡᠯᠳᠠ ᠴᠢᠨᠠᠷᠳᠠᠢ ᠪᠠᠷ ᠡᠯ᠎ᠡ | ᠵᠦᠢᠯ ᠤᠨ ᠠᠳᠠᠯᠢ ᠪᠤᠰᠤ ᠶᠢᠨ ᠬᠡᠯᠪᠡᠷᠢ ᠪᠠ ᠠᠷᠭ᠎ᠠ ᠪᠠᠷ ᠬᠠᠮᠢᠶᠠᠷᠤᠯᠳᠠ ᠪᠠᠨ ᠶᠠᠪᠤᠭᠳᠠᠭᠤᠯᠵᠤ᠂ ᠠᠩᠬᠢ ᠶᠢᠨ | ᠬᠠᠮᠢᠶᠠᠷᠤᠯᠳᠠ ᠶᠢᠨ ᠪᠤᠳᠠᠳᠤ ᠦᠷ᠎ᠡ ᠠᠰᠢᠭ ᠢ ᠲᠡᠭᠡᠭᠰᠢᠯᠡᠭᠦᠯᠦᠨ᠂ ᠬᠠᠮᠢᠶᠠᠷᠤᠯᠳᠠ ᠨᠢ ᠲᠠᠬᠢᠨ ᠬᠦᠮᠦᠨ ᠢ | ᠬᠦᠮᠦᠵᠢᠭᠦᠯᠬᠦ ᠠᠵᠢᠯ ᠳᠤ ᠨᠡᠩ ᠰᠠᠶᠢᠨ ᠦᠢᠯᠡᠴᠢᠯᠡᠬᠦ ᠶᠢ ᠠᠬᠢᠭᠤᠯᠤᠨ᠎ᠠ᠃ | ᠪᠠᠰᠠ ᠬᠠᠮᠢᠶᠠᠷᠤᠯᠳᠠ ᠪᠠᠷ ᠬᠦᠮᠦᠨ ᠢ ᠬᠦᠮᠦᠵᠢᠭᠦᠯᠬᠦ ᠠᠵᠢᠯ ᠤᠨ ᠠᠬᠢᠭᠤᠯᠬᠤ ᠦᠢᠯᠡᠳᠦᠯ ᠢ ᠢᠳᠡᠪᠬᠢᠳᠡᠢ | ᠪᠠᠳᠠᠷᠠᠭᠤᠯᠬᠤ ᠬᠡᠷᠡᠭᠳᠡᠢ᠃ ᠠᠩᠬᠢ ᠶᠢᠨ ᠬᠠᠮᠢᠶᠠᠷᠤᠯᠳᠠ ᠶᠢ ᠴᠢᠩᠭᠠᠳᠬᠠᠬᠤ ᠪᠠᠷ ᠲᠠᠮᠵᠢᠨ ᠬᠦᠮᠦᠨ ᠢ ᠬᠦᠮᠦᠵᠢᠭᠦᠯᠬᠦ | ᠦᠷ᠎ᠡ ᠪᠦᠳᠦᠮᠵᠢ ᠶᠢ ᠨᠡᠩ ᠰᠠᠶᠢᠨ ᠳᠡᠭᠡᠭᠰᠢᠯᠡᠭᠦᠯᠵᠦ᠂ ᠬᠦᠮᠦᠨᠢ ᠬᠦᠮᠦᠵᠢᠭᠦᠯᠬᠦ ᠠᠵᠢᠯ ᠢ ᠨᠡᠩ ᠦᠨᠳᠦᠷ | ᠲᠦᠪᠰᠢᠨ ᠳᠤ ᠬᠦᠷᠭᠡᠵᠦ᠂ ᠤᠯᠤᠰ ᠤᠨ ᠶᠢᠰᠦᠨ ᠵᠢᠯ ᠤᠨ ᠲᠦᠷᠢᠮᠳᠦ ᠰᠤᠷᠭᠠᠨ ᠬᠦᠮᠦᠵᠢᠯ ᠤᠨ ᠴᠢᠭᠯᠡᠯᠳᠡ᠂ | ᠲᠦᠷᠦ ᠶᠢᠨ ᠪᠤᠳᠤᠯᠭ᠎ᠠ ᠶᠢ ᠰᠠᠶᠢᠳᠤᠷ ᠲᠤᠭᠤᠰᠢᠯᠠᠭᠤᠯᠤᠨ ᠰᠤᠷᠤᠭᠴᠢᠳ ᠤᠨ ᠡᠷᠡᠭᠦᠯ ᠴᠢᠬᠢᠷᠠᠭ ᠢᠶᠠᠷ ᠦᠰᠦᠨ | ᠪᠤᠶᠢᠵᠢᠬᠤ ᠶᠢ ᠠᠬᠢᠭᠤᠯᠤᠨ᠎ᠠ᠃ | ᠬᠤᠶᠠᠷ᠂ ᠬᠠᠮᠢᠶᠠᠷᠤᠯᠳᠠ ᠪᠠᠨ ᠴᠢᠩᠭᠠᠳᠬᠠᠵᠤ ᠬᠦᠮᠦᠨ ᠢ ᠬᠦᠮᠦᠵᠢᠭᠦᠯᠬᠦ ᠰᠢᠯᠢᠳᠡᠭ ᠠᠷᠭ᠎ᠠ ᠠᠪᠴᠠᠯ ᠢ | ᠲᠠᠰᠤᠷᠠᠯᠳᠠ ᠦᠭᠡᠢ ᠰᠦᠪᠡᠭᠴᠢᠯᠡᠨ᠎ᠡ᠃ | ︵ᠨᠢᠭᠡ︶ ᠠᠩᠭᠢ ᠶᠢᠨ ᠡᠷᠬᠢᠯᠡᠭᠴᠢ ᠶᠢᠨ ᠠᠵᠢᠯ ᠳᠤ ᠬᠤᠯᠪᠤᠭᠳᠠᠬᠤ ᠵᠦᠢᠯ ᠤᠯᠠᠨ ᠠᠷᠪᠢᠨ ᠪᠥᠭᠡᠳ | ᠶᠠᠷᠰᠢᠭ ᠪᠤᠳᠤᠯᠢᠶᠠᠨᠳᠠᠢ ᠪᠠᠢᠵᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠪᠠᠷ ᠪᠠᠷᠠᠬᠤ ᠦᠭᠡᠢ ᠪᠠᠰᠠ | ᠠᠩᠭᠢ ᠶᠢᠨ ᠡᠷᠡᠭᠦᠯ ᠬᠠᠮᠠᠭᠠᠯᠠᠯ᠂ ᠪᠠᠶᠢᠷᠢᠨ ᠤ ᠬᠠᠮᠢᠶᠠᠷᠤᠯᠳᠠ᠂ ᠡᠷᠳᠡ ᠣᠷᠤᠢ ᠶᠢᠨ ᠲᠠᠪᠳᠠᠯᠭ᠎ᠠ᠂ ᠡᠯ᠎ᠡ ᠵᠦᠢᠯ ᠤᠨ | ᠬᠦᠰᠦᠨᠦᠭᠳᠦ ᠲᠠᠭᠯᠠᠬᠤ ᠠᠵᠢᠯ ᠭᠡᠬᠦ ᠮᠡᠳᠦ ᠶᠢᠨ ᠪᠠᠶᠢᠳᠠᠯ ᠳᠤ ᠴᠢᠭᠯᠡᠭᠦᠯᠦᠨ᠂ ᠡᠯ᠎ᠡ ᠲᠠᠯ᠎ᠠ ᠶᠢᠨ ᠠᠵᠢᠯ ᠢ | ᠰᠤᠷᠤᠭᠴᠢᠳ ᠲᠤ ᠲᠠᠭᠠᠭᠠᠴᠢᠯᠠᠨ ᠥᠭᠴᠦ ᠬᠠᠮᠢᠶᠠᠷᠤᠭᠤᠯᠤᠨ᠎ᠠ᠂ ᠪᠠᠰᠠ ᠬᠤᠪᠢ ᠲᠡᠮᠳᠡᠭᠯᠡᠬᠦ ᠠᠷᠭ᠎ᠠ ᠶᠢ ᠠᠪᠴᠦ | ᠰᠠᠶᠢᠨ ᠪᠣᠯ ᠬᠤᠪᠢ ᠨᠡᠮᠡᠵᠦ᠂ ᠮᠠᠭᠤ ᠪᠣᠯ ᠬᠤᠪᠢ ᠬᠠᠰᠤᠵᠤ᠂ ᠬᠤᠭᠤᠴᠠᠭᠠᠨ ᠡᠴᠦᠰ ᠤᠨ ᠰᠢᠯᠢᠳᠡᠭ ᠰᠤᠷᠤᠭᠴᠢ ᠶᠢ | ᠰᠢᠯᠭᠠᠷᠠᠭᠤᠯᠬᠤᠶᠢᠨ ᠦᠨᠳᠦᠰᠦᠯᠡᠯ ᠪᠣᠯᠭᠠᠨ᠎ᠠ᠃ ᠢᠩᠭᠢᠪᠡᠯ ᠬᠥᠮᠦᠨ ᠪᠦᠬᠦᠨ ᠬᠢᠬᠦ ᠠᠴᠠ ᠠᠵᠢᠯ ᠲᠠᠢ ᠪᠤᠯᠬᠤ | ᠮᠦᠷᠳᠡᠭᠡᠨ᠂ ᠲᠦᠷᠢᠮ ᠲᠤᠭᠳᠠᠭᠠᠯ ᠢ ᠤᠬᠠᠮᠰᠠᠷ ᠠᠴᠠ ᠪᠠᠨ ᠰᠠᠬᠢᠨ ᠡᠯ᠎ᠡ ᠲᠠᠯ᠎ᠠ ᠶᠢᠨ ᠠᠵᠢᠯ ᠪᠠ ᠬᠥᠳᠡᠯᠭᠡᠭᠡᠨ ᠳᠤ | ᠤᠷᠤᠯᠴᠠᠬᠤ ᠢᠳᠡᠪᠬᠢᠵᠢᠯ ᠪᠠ ᠬᠠᠮᠳᠤ ᠨᠡᠶᠢᠳᠡ ᠶᠢᠨ ᠦᠵᠡᠯ ᠤᠬᠠᠮᠰᠠᠷ ᠴᠦ ᠠᠶᠠᠨᠳᠠᠭᠠᠨ ᠲᠡᠭᠡᠭᠰᠢᠯᠡᠬᠦ ᠪᠤᠯᠤᠨ᠎ᠠ᠃ | ︵ᠬᠤᠶᠠᠷ︶ ᠠᠩᠭᠢ ᠶᠢᠨ ᠺᠠᠳ᠋ᠷ ᠤᠨ ᠠᠵᠢᠯ ᠤᠨ ᠴᠢᠳᠠᠪᠤᠷᠢ ᠶᠢ ᠬᠥᠮᠦᠵᠢᠭᠦᠯᠬᠦ ᠶᠢ ᠠᠩᠬᠠᠷᠴᠤ᠂ ᠠᠩᠭᠢᠶᠢᠨ | ᠺᠠᠳ᠋ᠷ ᠤᠨ ᠲᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠠᠩᠭᠢ ᠶᠢᠨ ᠺᠠᠳ᠋ᠷ ᠪᠣᠯ ᠠᠩᠭᠢᠶᠢᠨ ᠭᠤᠣᠯ | ᠴᠣᠭᠴᠠ ᠪᠥᠭᠡᠳ ᠠᠩᠭᠢ ᠶᠢᠨ ᠡᠷᠬᠢᠯᠡᠭᠴᠢ ᠶᠢᠨ ᠴᠢᠬᠤᠯᠠ ᠬᠠᠪᠰᠤᠷᠤᠭᠴᠢ ᠮᠥᠨ᠂ ᠠᠩᠭᠢ ᠶᠢᠨ ᠺᠠᠳ᠋ᠷ ᠤᠨ ᠲᠤᠰ | ᠪᠡᠶ᠎ᠡ ᠶᠢᠨ ᠬᠡᠪ ᠴᠢᠨᠠᠷ᠂ ᠠᠵᠢᠯ ᠤᠨ ᠴᠢᠳᠠᠪᠤᠷᠢ ᠨᠢ ᠠᠩᠭᠢ ᠶᠢᠨ ᠠᠵᠢᠯ ᠤᠨ ᠰᠤᠷᠭᠠᠭᠤᠯᠢ ᠶᠢᠨ ᠱᠠᠭᠠᠷᠳᠠᠯᠭ᠎ᠠ | ᠶᠣᠰᠣᠭᠠᠷ ᠶᠠᠪᠤᠭᠳᠠᠬᠤ ᠲᠠᠢ ᠰᠢᠭᠤᠳ ᠬᠤᠯᠪᠤᠭᠳᠠᠨ᠎ᠠ᠃ ᠡᠶᠢᠮᠦ ᠠᠴᠠ ᠠᠩᠭᠢ ᠶᠢᠨ ᠺᠠᠳ᠋ᠷ ᠢ ᠵᠣᠬᠢᠶᠠᠨ ᠪᠠᠶᠢᠭᠤᠯᠵᠤ | ᠬᠥᠮᠦᠵᠢᠭᠦᠯᠬᠦ ᠨᠢ ᠠᠩᠭᠢ ᠶᠢᠨ ᠡᠷᠬᠢᠯᠡᠭᠴᠢ ᠶᠢᠨ ᠬᠠᠮᠢᠶᠠᠷᠤᠯᠳᠠ ᠶᠢᠨ ᠠᠵᠢᠯ ᠤᠨ ᠭᠤᠣᠯᠳᠠᠯᠭ᠎ᠠ ᠪᠣᠯᠤᠨ᠎ᠠ᠂ | ᠠᠩᠭᠢ ᠶᠢᠨ ᠺᠠᠳ᠋ᠷ ᠢ ᠲᠤᠬᠢᠷᠠᠮᠵᠢᠳᠠᠢ ᠬᠠᠮᠢᠶᠠᠷᠴᠤ ᠪᠠᠶᠢᠪᠠᠯ ᠰᠠᠶ᠋ᠢ ᠲᠡᠳᠡᠨᠡᠷ ᠤᠨ ᠵᠢᠱᠢᠶᠡᠴᠢ ᠦᠢᠯᠡᠳᠦᠯ ᠢ ᠨᠡᠩ | ᠰᠠᠶᠢᠨ ᠢᠶᠠᠷ ᠪᠠᠳᠠᠷᠠᠭᠤᠯᠵᠤ ᠲᠡᠶᠢᠯᠦᠨ᠎ᠡ᠃ ᠬᠠᠮᠤᠭ ᠤᠨ ᠲᠦᠷᠦᠭᠦᠨ ᠳᠤ᠂ ᠬᠤᠭᠤᠴᠠᠭᠠᠨ ᠡᠬᠢᠨ ᠳᠤ ᠠᠩᠭᠢ ᠶᠢᠨ | ᠡᠷᠬᠢᠯᠡᠭᠴᠢ ᠠᠴᠠ ᠰᠤᠷᠭᠠᠭᠤᠯᠢ ᠶᠢᠨ ᠠᠵᠢᠯ ᠤᠨ ᠶᠡᠷᠦᠩᠬᠡᠢ ᠲᠣᠬᠢᠷᠠᠭᠤᠯᠭ᠎ᠠ ᠲᠠᠢ ᠤᠶᠠᠯᠳᠤᠭᠤᠯᠵᠤ᠂ ᠠᠩᠭᠢ ᠶᠢᠨ | ᠺᠠᠳ᠋ᠷ ᠢ ᠰᠣᠩᠭᠤᠨ ᠬᠥᠮᠦᠵᠢᠭᠦᠯᠵᠦ᠂ ᠲᠡᠳᠡᠨ ᠤ ᠵᠢᠱᠢᠶᠡᠴᠢ ᠶᠢᠨ ᠦᠢᠯᠡᠳᠦᠯᠢ ᠴᠢᠩᠭᠠᠳᠬᠠᠨ᠎ᠠ᠃ ᠪᠠᠶᠢᠷᠢᠯᠠᠵᠤ | ᠪᠠᠶᠢᠭ᠎ᠠ ᠰᠤᠷᠤᠭᠴᠢᠳ ᠲᠤ ᠠᠪᠴᠤ ᠬᠡᠯᠡᠪᠡᠯ᠂ ᠰᠤᠷᠤᠭᠴᠢᠳ ᠨᠢᠭᠡ ᠭᠠᠷᠠᠭᠤᠨ ᠠᠮᠠᠷᠠᠯᠳᠠ ᠶᠢᠨ ᠬᠤᠶᠠᠷ | ᠡᠳᠦᠷ ᠠᠴᠠ ᠪᠤᠰᠤᠳ ᠡᠳᠦᠷ ᠨᠢ ᠴᠥᠮ ᠰᠤᠷᠭᠠᠭᠤᠯᠢ ᠳᠤ ᠪᠠᠶᠢᠵᠤ᠂ ᠠᠩᠭᠢ ᠶᠢᠨ ᠡᠷᠬᠢᠯᠡᠭᠴᠢ ᠠᠴᠠ ᠡᠳᠦᠷ ᠪᠦᠷᠢ | ᠰᠠᠯᠤᠯ ᠦᠭᠡᠢ ᠮᠥᠷᠳᠡᠨ ᠲᠠᠭᠠᠬᠤ ᠶᠢᠨ ᠠᠷᠭ᠎ᠠ ᠦᠭᠡᠢ᠂ ᠠᠩᠭᠢ ᠳᠤ ᠦᠷᠭᠦᠯᠵᠢ ᠬᠥᠮᠦᠰ ᠤᠨ ᠰᠠᠨᠠᠭᠠᠨ ᠠᠴᠠ | ᠭᠠᠳᠠᠭᠤᠷ ᠭᠡᠨᠡᠳᠳᠡ ᠶᠢᠨ ᠤᠴᠢᠷ ᠲᠣᠬᠢᠶᠠᠯᠳᠤᠳᠠᠭ ᠪᠠ ᠪᠠᠰᠠ ᠵᠠᠷᠢᠮ ᠤᠴᠢᠷ ᠶᠠᠪᠤᠳᠠᠯ ᠤᠨ ᠡᠭᠦᠰᠬᠦ ᠶᠢ ᠠᠩᠭᠢ ᠶᠢᠨ | ᠡᠷᠬᠢᠯᠡᠭᠴᠢ ᠠᠴᠠ ᠤᠷᠢᠳᠴᠢᠯᠠᠨ ᠮᠡᠳᠡᠬᠦ ᠶᠢᠨ ᠠᠷᠭ᠎ᠠ ᠦᠭᠡᠢ ᠪᠥᠭᠡᠳ ᠠᠩᠭᠢ ᠶᠢᠨ ᠡᠷᠬᠢᠯᠡᠭᠴᠢ ᠲᠡᠷᠡ | ᠲᠠᠷᠤᠢ ᠳᠤ ᠨᠢ ᠲᠤᠬᠠᠢ ᠶᠢᠨ ᠭᠠᠵᠠᠷ ᠲᠤ ᠨᠢ ᠬᠦᠷᠴᠦ ᠲᠡᠶᠢᠯᠬᠦ ᠦᠭᠡᠢ ᠦᠶᠡᠰ ᠲᠤ ᠴᠠᠭ ᠲᠤᠬᠠᠢ ᠳᠤ ᠨᠢ | ᠲᠤᠬᠢᠷᠠᠮᠵᠢᠳᠠᠢ ᠰᠢᠢᠳᠪᠦᠷᠢᠯᠡᠬᠦ ᠭᠡᠪᠡᠯ ᠠᠩᠭᠢ ᠶᠢᠨ ᠺᠠᠳ᠋ᠷ ᠲᠤ ᠯᠡ ᠲᠦᠰᠢᠭᠯᠡᠨ᠎ᠡ᠃ ᠡᠨᠡ ᠨᠢ ᠮᠥᠨ ᠴᠦ ᠠᠩᠭᠢ ᠶᠢᠨ | ᠺᠠᠳ᠋ᠷ ᠨᠠᠷ ᠤᠨ ᠵᠢᠱᠢᠶᠡᠴᠢ ᠦᠢᠯᠡᠳᠦᠯ ᠢ ᠪᠠᠳᠠᠷᠠᠭᠤᠯᠵᠤ ᠠᠵᠢᠯ ᠤᠨ ᠴᠢᠳᠠᠪᠤᠷᠢ ᠶᠢ ᠨᠢ ᠬᠥᠮᠦᠵᠢᠭᠦᠯᠬᠦ ᠬᠠᠮᠤᠭ ᠤᠨ | ᠰᠠᠶᠢᠨ ᠲᠣᠬᠢᠶᠠᠯ ᠪᠣᠯᠤᠨ᠎ᠠ᠃ ᠲᠠᠷᠠᠭᠠᠯᠠᠪᠠᠯ᠂ ᠠᠩᠭᠢ ᠶᠢᠨ ᠺᠠᠳ᠋ᠷ ᠤᠨ ᠵᠥᠪᠯᠡᠭᠴᠢ ᠶᠢᠨ ᠦᠢᠯᠡᠳᠦᠯ ᠢ ᠰᠠᠶᠢᠳᠤᠷ | ᠠᠰᠢᠭᠯᠠᠨ᠎ᠠ᠃ ᠠᠩᠭᠢ ᠶᠢᠨ ᠡᠷᠬᠢᠯᠡᠭᠴᠢ ᠶᠢᠨ ᠬᠠᠮᠢᠶᠠᠷᠤᠯᠳᠠ ᠪᠣᠯ ᠰᠤᠷᠭᠠᠭᠤᠯᠢ ᠶᠢᠨ ᠬᠥᠮᠦᠨ ᠢ ᠬᠥᠮᠦᠵᠢᠭᠦᠯᠬᠦ | ᠴᠢᠭᠯᠡᠯᠳᠡ ᠶᠢᠨ ᠲᠣᠭᠤᠷᠢᠨ ᠳᠤ ᠶᠠᠪᠤᠭᠳᠠᠳᠠᠭ ᠨᠢᠭᠡᠨ ᠰᠢᠰᠲ᠋ᠧᠮᠲ᠋ᠠᠢ ᠬᠠᠮᠢᠶᠠᠷᠤᠯᠳᠠ ᠪᠣᠯᠤᠨ᠎ᠠ᠂ ᠬᠠᠮᠢᠶᠠᠷᠤᠯᠳᠠ ᠶᠢᠨ | ᠲᠦᠷᠢᠮ ᠢ ᠲᠤᠭᠳᠠᠭᠠᠬᠤ ᠪᠠ ᠪᠤᠳᠠᠳᠠᠢ ᠲᠡᠭᠡᠷ᠎ᠠ ᠬᠡᠷᠡᠭᠵᠢᠭᠦᠯᠬᠦ ᠦᠶ᠎ᠡ ᠳᠤ ᠪᠦᠬᠦ ᠠᠩᠭᠢ ᠶᠢᠨ ᠰᠤᠷᠤᠭᠴᠢᠳ ᠤᠨ | ᠰᠠᠨᠠᠯ ᠢ ᠠᠪᠬᠤ᠂ ᠣᠨᠴᠠᠭᠠᠢᠢᠯᠠᠨ ᠠᠩᠭᠢᠶᠢᠨ ᠺᠠᠳ᠋ᠷ ᠨᠠᠷ ᠤᠨ ᠰᠠᠨᠠᠯ ᠢ ᠬᠦᠯᠢᠶᠡᠨ ᠠᠪᠴᠤ᠂ ᠲᠡᠳᠡᠨ ᠤ | ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠪᠠᠰᠠ᠂ ᠠᠩᠭᠢ ᠶᠢᠨ ᠺᠠᠳ᠋ᠷ ᠨᠠᠷ ᠤᠨ ᠳᠠᠭᠠᠭᠤᠯᠬᠤ | ᠦᠢᠯᠡᠳᠦᠯ ᠦᠵᠡᠭᠦᠯᠬᠦ ᠶᠢ ᠱᠠᠭᠠᠷᠳᠠᠨ᠎ᠠ᠃ ᠠᠩᠭᠢ ᠶᠢᠨ ᠡᠷᠬᠢᠯᠡᠭᠴᠢ ᠶᠢᠨ ᠬᠠᠮᠢᠶᠠᠷᠤᠯᠳᠠ ᠨᠢ ᠰᠤᠷᠤᠭᠴᠢ ᠪᠦᠷᠢ ᠲᠠᠢ | ᠬᠤᠯᠪᠤᠭᠳᠠᠵᠤ᠂ ᠠᠩᠭᠢ ᠶᠢᠨ ᠺᠠᠳ᠋ᠷ ᠤᠨ ᠬᠦᠳᠠᠯᠦᠯ ᠪᠦᠷᠢ ᠨᠢ ᠪᠦᠬᠦ ᠠᠩᠭᠢ ᠶᠢᠨ ᠰᠤᠷᠤᠭᠴᠢ ᠳᠤ ᠲᠤᠩ ᠶᠡᠭᠡ | ᠨᠥᠯᠦᠭᠡ ᠲᠤᠰᠬᠠᠯ ᠦᠵᠡᠭᠦᠯᠳᠡᠭ᠃ ᠡᠶᠢᠮᠦ ᠠᠴᠠ ᠡᠳᠦᠷ ᠲᠤᠳᠤᠮ ᠤᠨ ᠠᠵᠢᠯ ᠤᠨ ᠲᠤᠮᠳᠠ ᠠᠩᠭᠢ ᠶᠢᠨ ᠺᠠᠳ᠋ᠷ | ᠨᠠᠷ ᠢ ᠥᠪᠡᠷ ᠢ ᠪᠠᠨ ᠴᠢᠩᠭ᠎ᠠ ᠱᠠᠭᠠᠷᠳᠠᠵᠤ᠂ ᠬᠠᠮᠳᠤ ᠨᠦᠭᠦᠳ ᠤᠨ ᠬᠢᠵᠦ ᠲᠡᠶᠢᠯᠬᠦ ᠶᠢ ᠦᠪᠡᠷᠳᠡᠭᠡᠨ ᠤᠷᠢᠳᠠᠪᠠᠷ | ᠬᠢᠵᠦ ᠲᠡᠶᠢᠯᠬᠦ ᠪᠠᠷ ᠱᠠᠭᠠᠷᠳᠠᠨ᠂ ᠪᠦᠬᠦ ᠠᠩᠭᠢ ᠶᠢᠨ ᠲᠠᠭᠤᠷᠢᠶᠠᠯ ᠪᠣᠯᠬᠤ ᠶᠢ ᠤᠷᠢᠶᠠᠯᠠᠨ᠎ᠠ᠃ | ︵ᠭᠤᠷᠪᠠ︶ ᠰᠡᠳᠬᠢᠯ ᠢᠶᠠᠷ ᠢᠶᠠᠨ ᠰᠤᠷᠤᠭᠴᠢᠳ ᠲᠠᠢ ᠬᠠᠷᠢᠯᠴᠠᠵᠦ᠂ ᠦᠪᠡᠷ ᠤᠨ ᠠᠵᠢᠯᠯᠠᠭ᠎ᠠ ᠪᠠᠷ ᠢᠶᠠᠨ | ᠰᠤᠷᠭᠠᠨ ᠬᠦᠮᠦᠵᠢᠯ ᠤᠨ ᠠᠵᠢᠯ ᠢᠶᠠᠨ ᠭᠦᠨᠵᠡᠭᠡᠶᠢᠷᠡᠭᠦᠯᠦᠨ᠎ᠡ᠃ ᠠᠩᠬᠢ ᠶᠢᠨ ᠬᠠᠮᠢᠶᠠᠷᠤᠯᠳᠠ ᠨᠢ ᠵᠦᠪᠬᠡᠨ ᠲᠦᠪ | ᠴᠢᠩᠭ᠎ᠠ ᠶᠤᠰᠤ ᠲᠦᠷᠢᠮ ᠪᠠ ᠠᠷᠭ᠎ᠠ ᠠᠪᠴᠠᠯ ᠪᠠᠶᠢᠭᠠᠳ ᠯᠠ ᠪᠤᠯᠬᠤ ᠪᠢᠰᠢ᠂ ᠬᠠᠷᠢᠨ ᠰᠤᠷᠤᠭᠴᠢᠳ ᠲᠠᠢ | ᠰᠡᠳᠬᠢᠯ ᠢᠶᠠᠷ ᠢᠶᠠᠨ ᠬᠠᠷᠢᠯᠴᠠᠵᠦ᠂ ᠦᠪᠡᠷ ᠤᠨ ᠠᠵᠢᠯᠯᠠᠭ᠎ᠠ ᠪᠠᠷ ᠢᠶᠠᠨ ᠰᠤᠷᠤᠭᠴᠢᠳ ᠢ ᠨᠦᠯᠦᠭᠡᠯᠡᠵᠦ᠂ | ᠰᠤᠷᠤᠭᠴᠢᠳ ᠤᠨ ᠰᠡᠳᠬᠢᠯ ᠢ ᠬᠦᠳᠡᠯᠭᠡᠪᠡᠯ᠂ ᠰᠤᠷᠤᠭᠴᠢᠳ ᠰᠠᠶ᠋ᠢ ᠰᠡᠳᠬᠢᠯ ᠤᠨ ᠤᠭ ᠠᠴᠠ ᠪᠠᠨ ᠦᠪᠡᠷ ᠤᠨ | ᠶᠠᠭᠤ ᠬᠢᠪᠡᠰᠦ ᠵᠤᠬᠢᠬᠤ ᠪᠠᠨ ᠮᠡᠳᠡᠵᠦ᠂ ᠠᠩᠬᠢ ᠳᠤ ᠪᠠᠨ ᠦᠢᠯᠡᠴᠢᠯᠡᠵᠦ᠂ ᠠᠩᠬᠢ ᠶᠢᠨ ᠬᠠᠮᠢᠶᠠᠷᠤᠯᠳᠠ ᠶᠢᠨ | ᠵᠤᠷᠢᠯᠭ᠎ᠠ ᠳᠤ ᠪᠠᠨ ᠬᠦᠷᠴᠦ ᠲᠡᠶᠢᠯᠦᠨ᠎ᠡ᠃ ᠪᠠᠭᠰᠢ ᠠᠴᠠ ᠶᠡᠷᠦ ᠳᠤ ᠪᠠᠨ ᠵᠤᠷᠢᠯᠭ᠎ᠠ ᠲᠠᠢ ᠪᠠᠷ ᠰᠤᠷᠤᠭᠴᠢᠳ ᠤᠨ | ᠰᠡᠳᠬᠢᠯ ᠢ ᠨᠢ ᠬᠦᠳᠡᠯᠭᠡᠵᠦ ᠪᠠᠶᠢᠪᠠᠯ᠂ ᠪᠠᠭᠰᠢ ᠰᠤᠷᠤᠭᠴᠢ ᠶᠢᠨ ᠰᠡᠳᠬᠢᠯ ᠳᠤ ᠨᠦᠯᠦᠭᠡᠯᠡᠯ ᠶᠡᠭᠡ ᠪᠤᠯᠵᠦ᠂ ᠡᠭᠦᠨ ᠤ | ᠤᠯᠠᠮ ᠠᠴᠠ ᠦᠪᠡᠷ ᠤᠨ ᠠᠵᠢᠯᠯᠠᠭ᠎ᠠ ᠶᠢᠨ ᠨᠦᠯᠦᠭᠡᠯᠡᠯ ᠢᠶᠠᠷ ᠰᠤᠷᠤᠭᠴᠢᠳ ᠢ ᠬᠦᠮᠦᠵᠢᠭᠦᠯᠬᠦ ᠵᠤᠷᠢᠯᠭ᠎ᠠ ᠳᠤ ᠪᠠᠨ | ᠬᠦᠷᠴᠦ ᠲᠡᠶᠢᠯᠦᠨ᠎ᠡ᠃ | ︵ᠲᠦᠷᠪᠡ︶ ᠠᠩᠬᠢ ᠶᠢᠨ ᠡᠷᠬᠢᠯᠡᠭᠴᠢ ᠵᠠᠪᠠᠯ ᠬᠡᠯᠡᠪᠡᠯ ᠬᠡᠯᠡᠭᠰᠡᠨ ᠳᠤ ᠪᠠᠨ ᠬᠦᠷᠴᠦ᠂ ᠰᠤᠷᠤᠭᠴᠢᠳ ᠲᠤ | ᠠᠳᠠᠯᠢ ᠲᠡᠭᠰᠢ ᠪᠠᠷ ᠬᠠᠨᠳᠤᠬᠤ ᠬᠡᠷᠡᠭᠳᠡᠢ᠃ ᠠᠩᠬᠢ ᠶᠢᠨ ᠬᠠᠮᠢᠶᠠᠷᠤᠯᠳᠠ ᠶᠢᠨ ᠠᠵᠢᠯ ᠤᠨ ᠲᠤᠮᠳᠠ ᠡᠷᠬᠡ ᠲᠡᠭᠰᠢ ᠶᠢ | ᠵᠢᠷᠤᠮᠯᠡᠵᠦ᠂ ᠰᠤᠷᠭᠠᠭᠤᠯᠢ ᠶᠢᠨ ᠶᠤᠰᠤ ᠲᠦᠷᠢᠮ ᠢ ᠡᠷᠡᠰ ᠵᠢᠷᠤᠮᠯᠡᠨ᠎ᠡ᠃ ᠠᠩᠬᠢ ᠶᠢᠨ ᠡᠷᠬᠢᠯᠡᠭᠴᠢᠳ ᠰᠤᠷᠤᠯᠭ᠎ᠠ᠂ | ᠶᠤᠰᠤ ᠮᠤᠷᠠᠯ ᠰᠠᠶᠢᠨ ᠰᠤᠷᠤᠭᠴᠢᠳ ᠢ ᠡᠷᠬᠡ ᠲᠤᠷ᠎ᠠ ᠪᠠᠷ ᠨᠢ ᠲᠠᠯᠪᠢᠵᠦ ᠪᠤᠯᠬᠤ ᠦᠭᠡᠢ ᠮᠦᠷᠳᠡᠭᠡᠨ ᠶᠤᠰᠤ ᠮᠤᠷᠠᠯ | ᠠᠨᠠᠢ ᠰᠤᠷᠤᠭᠴᠢᠳ ᠢ ᠴᠦ ᠢᠯᠡᠬᠦᠦ ᠦᠵᠡᠵᠦ ᠪᠤᠯᠬᠤ ᠦᠭᠡᠢ᠃ ᠡᠰᠡ ᠪᠤᠯ ᠰᠤᠷᠤᠭᠴᠢᠳᠤᠨ ᠲᠤᠮᠳᠠ ᠠᠩᠬᠢ ᠶᠢᠨ | ᠡᠷᠬᠢᠯᠡᠭᠴᠢ ᠢᠳᠡᠭᠡᠯ ᠦᠭᠡᠢ ᠪᠤᠯᠵᠦ᠂ ᠠᠩᠬᠢ ᠶᠢᠨ ᠬᠠᠮᠢᠶᠠᠷᠤᠯᠳᠠ ᠶᠢᠨ ᠠᠵᠢᠯ ᠤᠷᠤᠭᠰᠢᠳᠠᠢ ᠶᠠᠪᠤᠭᠳᠠᠵᠦ ᠴᠢᠳᠠᠬᠤ | ᠦᠭᠡᠢ ᠪᠤᠯᠤᠨ᠎ᠠ᠃ | ᠭᠤᠷᠪᠠ᠂ ᠬᠠᠮᠢᠶᠠᠷᠤᠯᠳᠠ ᠶᠢᠨ ᠲᠤᠮᠳᠠ ᠬᠦᠴᠢᠷᠳᠡᠯ ᠲᠠᠢ ᠰᠤᠷᠤᠭᠴᠢ ᠶᠢ ᠬᠦᠮᠦᠵᠢᠭᠦᠯᠬᠦ ᠪᠠᠷ | ᠰᠢᠪᠲᠤᠯᠤᠯᠳᠠ ᠶᠢᠨ ᠴᠡᠭ ᠢᠶᠠᠨ ᠪᠤᠯᠭᠠᠨ᠎ᠠ᠃ | ᠵᠠᠷᠢᠮ ᠰᠤᠷᠤᠭᠴᠢ ᠶᠢᠨ ᠬᠢᠨᠢ ᠭᠡᠷ ᠤᠨ ᠠᠮᠢᠳᠤᠷᠠᠯ ᠤᠨ ᠨᠦᠬᠦᠴᠡᠯ ᠰᠠᠶᠢᠨ᠂ ᠡᠭᠦᠨ ᠤ ᠬᠠᠮᠳᠤ ᠭᠡᠷ ᠤᠨ | ᠬᠦᠮᠦᠵᠢᠯ ᠲᠤᠳᠠᠮᠠᠭ ᠠᠴᠠ ᠪᠤᠯᠵᠦ᠂ ᠰᠤᠷᠤᠯᠭ᠎ᠠ ᠳᠤ ᠪᠠᠨ ᠴᠢᠷᠮᠠᠶᠢᠬᠤ ᠦᠭᠡᠢ ᠪᠠᠷ ᠪᠠᠷᠠᠬᠤ ᠦᠭᠡᠢ ᠶᠤᠰᠤ | ᠮᠤᠷᠠᠯ ᠢᠶᠠᠷ ᠪᠠᠰᠠ ᠠᠨᠠᠢ ᠪᠠᠶᠢᠵᠤ᠂ ᠠᠩᠬᠢ ᠶᠢᠨ ᠡᠳᠦᠷ ᠲᠤᠲᠤᠮ ᠤᠨ ᠡᠮᠬᠢ ᠲᠢᠭᠯᠢᠮ ᠢ ᠡᠪᠳᠡᠳᠡᠭ ᠨᠢ ᠬᠠᠮᠤᠭ ᠤᠨ | ᠲᠤᠯᠤᠭᠠᠢ ᠶᠢ ᠡᠪᠡᠳᠭᠡᠳᠡᠭ ᠤᠴᠢᠷ ᠪᠤᠯᠤᠨ᠎ᠠ᠃ ᠡᠨᠡ ᠠᠰᠠᠭᠤᠳᠠᠯ ᠢ ᠬᠦᠩᠭᠡᠪᠴᠢᠯᠡᠵᠦ ᠪᠤᠯᠬᠤ ᠦᠭᠡᠢ᠂ ᠠᠩᠬᠢ ᠶᠢᠨ | ᠪᠤᠳᠠᠳᠠᠢ ᠪᠠᠶᠢᠳᠠᠯ ᠢᠶᠠᠨ ᠦᠨᠳᠦᠰᠦᠯᠡᠵᠦ᠂ ᠤᠨᠴᠠᠯᠢᠭ ᠲᠤ ᠨᠢ ᠲᠤᠬᠢᠷᠠᠭᠤᠯᠵᠦ᠂ ᠰᠤᠷᠤᠭᠴᠢ ᠶᠢ ᠬᠦᠮᠦᠵᠢᠬᠦᠯᠬᠦ | ᠠᠵᠢᠯ ᠤᠨ ᠰᠢᠪᠲᠤᠯᠤᠯᠳᠠ ᠶᠢᠨ ᠴᠡᠭ ᠢ ᠡᠷᠢᠨ ᠤᠯᠪᠠᠯ᠂ ᠬᠠᠷᠠᠯᠳᠠ ᠲᠠᠢ ᠪᠠᠷ ᠠᠩᠬᠢ ᠶᠢᠨ ᠬᠠᠮᠢᠶᠠᠷᠤᠯᠳᠠ ᠪᠠ | ᠬᠦᠮᠦᠨ ᠢ ᠬᠦᠮᠦᠵᠢᠬᠦᠯᠬᠦ ᠠᠵᠢᠯ ᠢᠶᠠᠨ ᠶᠠᠪᠤᠭᠳᠠᠭᠤᠯᠵᠦ᠂ ᠪᠦᠬᠦ ᠲᠠᠯ᠎ᠠ ᠪᠠᠷ ᠬᠦᠮᠦᠨ ᠢ ᠬᠦᠮᠦᠵᠢᠬᠦᠯᠬᠦ | ᠵᠤᠷᠢᠯᠭ᠎ᠠ ᠳᠤ ᠪᠠᠨ ᠬᠦᠷᠦᠨ᠎ᠡ᠃ ᠠᠩᠬᠢ ᠶᠢᠨ ᠬᠤᠷᠠᠯ ᠤᠨ ᠴᠠᠭ ᠢ ᠠᠰᠢᠭᠯᠠᠵᠦ ᠰᠤᠷᠤᠭᠴᠢᠳ ᠲᠤ ᠦᠵᠡᠯ | ᠰᠠᠨᠠᠭᠠᠨ ᠤ ᠬᠦᠮᠦᠵᠢᠯ ᠬᠢᠵᠦ᠂ ᠰᠤᠷᠤᠭᠴᠢᠳ ᠲᠤ ᠰᠤᠷᠤᠯᠴᠠᠯᠭ᠎ᠠ ᠶᠢᠨ ᠴᠢᠬᠤᠯᠠ ᠴᠢᠨᠠᠷ ᠢ ᠮᠡᠳᠡᠭᠦᠯᠵᠦ᠂ ᠨᠠᠮ᠎ᠠ ᠶᠢ | ᠰᠤᠷᠭᠠᠬᠤ ᠪᠠ ᠪᠢ ᠰᠤᠷᠬᠤ ᠶᠢᠨ ᠢᠯᠭᠠᠭ᠎ᠠ ᠶᠢ ᠲᠠᠨᠢᠵᠦ᠂ ᠰᠤᠷᠤᠯᠴᠠᠯᠭ᠎ᠠ ᠶᠢᠨ ᠢᠳᠡᠪᠬᠢ ᠴᠢᠨᠠᠷ ᠢ | ᠲᠡᠭᠡᠭᠰᠢᠯᠡᠭᠦᠯᠦᠨ᠎ᠡ᠃ ᠰᠤᠷᠤᠯᠴᠠᠯᠭ᠎ᠠ ᠶᠢᠨ ᠢᠳᠡᠪᠬᠢ ᠴᠢᠨᠠᠷ ᠤᠨ ᠲᠡᠭᠡᠭᠰᠢᠯᠡᠯᠳᠡ ᠨᠢ ᠠᠩᠬᠢ ᠶᠢᠨ ᠬᠠᠮᠢᠶᠠᠷᠤᠯᠳᠠ ᠶᠢᠨ | ᠠᠵᠢᠯ ᠤᠨ ᠬᠦᠳᠡᠯᠭᠡᠬᠦ ᠬᠦᠴᠦᠨ ᠶᠣᠮ᠃ ᠠᠩᠬᠢ ᠶᠢᠨ ᠬᠠᠮᠢᠶᠠᠷᠤᠯᠳᠠ ᠶᠢᠨ ᠠᠵᠢᠯ ᠤᠨ ᠠᠷᠭ᠎ᠠ ᠬᠡᠯᠪᠡᠷᠢ ᠨᠢ | ᠬᠤᠪᠢᠷᠠᠰᠢ ᠦᠭᠡᠢ ᠪᠢᠰᠢ᠂ ᠬᠠᠷᠢᠨ ᠤᠯᠠᠨ ᠵᠦᠢᠯ ᠤᠨ ᠪᠠᠶᠢᠳᠠᠭ᠃ ᠠᠩᠬᠢ ᠶᠢᠨ ᠬᠠᠮᠢᠶᠠᠷᠤᠯᠳᠠ ᠶᠢᠨ ᠠᠵᠢᠯ ᠤᠨ | ᠲᠤᠮᠳᠠ᠂ ᠰᠤᠷᠤᠭᠴᠢᠳ ᠤᠨ ᠤᠨᠴᠠᠯᠢᠭ ᠲᠤ ᠨᠢ ᠲᠤᠬᠢᠷᠠᠭᠤᠯᠵᠤ᠂ ᠬᠠᠮᠢᠶᠠᠷᠤᠯᠳᠠ ᠶᠢᠨ ᠠᠷᠭ᠎ᠠ ᠠᠪᠴᠠᠯ ᠢᠶᠠᠨ | ᠠᠮᠢᠳᠤᠯᠢᠭ ᠪᠠᠶᠢᠯᠭᠠᠵᠤ᠂ ᠶᠠᠮᠠᠷ ᠬᠦᠴᠢᠷ ᠲᠤᠯᠭᠠᠷᠠᠭᠰᠠᠨ ᠴᠦ᠂ ᠠᠵᠢᠯ ᠳᠤ ᠪᠠᠨ ᠬᠠᠷᠢᠭᠤᠴᠠᠬᠤ ᠰᠡᠳᠬᠢᠯ ᠢ | ᠪᠠᠷᠢᠵᠦ᠂ ᠦᠨᠡᠨ ᠰᠡᠳᠬᠢᠯ ᠢᠶᠠᠷ ᠢᠶᠠᠨ ᠰᠤᠷᠤᠭᠴᠢᠳ ᠲᠠᠢ ᠬᠠᠷᠢᠯᠴᠠᠪᠠᠯ ᠯᠠᠪᠳᠠᠢ ᠰᠠᠶᠢᠨ ᠰᠠᠶᠢᠬᠠᠨ ᠦᠷ᠎ᠡ | ᠪᠦᠳᠤᠮᠵᠢ ᠲᠠᠢ ᠪᠤᠯᠬᠤ ᠶᠣᠮ᠃ | ᠬᠠᠶ᠋ᠢᠬ᠄ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠮᠣᠩᠭᠤᠯ ᠦᠨᠳᠦᠰᠦᠳᠡᠨ ᠤ | ᠲᠤᠷᠰᠢᠯᠳᠠ ᠶᠢᠨ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ | ︵ᠲᠤ᠋ · ᠦᠯᠵᠡᠶᠢᠰᠠᠩ ᠨᠠᠶᠢᠷᠠᠭᠤᠯᠪᠠ︶ | 2019 ᠣᠨ ᠤ 4 ᠳ᠋ᠤᠭᠠᠷ ᠬᠤᠭᠤᠴᠠᠭ᠎ᠠ |