ᠲᠥᠷᠦ ᠶᠢᠨ ᠪᠣᠳᠣᠯᠭ᠎ᠠ ᠶᠢᠨ ᠲᠤᠬᠠᠢ ᠠᠰᠠᠭᠤᠯᠲᠠ ᠬᠠᠷᠢᠭᠤᠯᠲᠠ | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠲᠣᠭᠤᠷᠢᠭᠤᠨ ᠢᠵᠢ | ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ | | | | 1. ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠭᠡᠵᠦ ᠶᠠᠭᠤ | ᠪᠣᠶ︖ | ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠭᠡᠳᠡᠭ ᠨᠢ ᠬᠤᠲᠠ | ᠪᠠᠯᠭᠠᠰᠤᠨ ᠤ ᠬᠠᠭᠤᠴᠢᠨ ᠬᠤᠲᠠ ᠶᠢᠨ ᠥᠭᠡᠷᠡᠴᠢᠯᠡᠨ ᠪᠠᠶᠢᠭᠤᠯᠤᠯᠲᠠ᠂ ᠰᠢᠨ᠎ᠡ ᠪᠠᠷ ᠪᠠᠶᠢᠭᠤᠯᠤᠭᠰᠠᠨ ᠰᠠᠭᠤᠭᠠᠯᠢ | ᠲᠣᠭᠤᠷᠢᠭ ᠲᠤ ᠢᠵᠢ ᠪᠦᠷᠢᠳᠦᠭᠦᠯᠦᠨ ᠪᠠᠶᠢᠭᠤᠯᠪᠠᠰᠤ ᠵᠣᠬᠢᠬᠤ ᠬᠡᠤᠬᠡᠳ ᠤᠨ ᠴᠡᠴᠡᠷᠯᠢᠭ ᠢ ᠵᠢᠭᠠᠵᠤ ᠪᠤᠶ᠃ | ᠡᠭᠦᠨ ᠳᠤ ᠬᠤᠳᠠᠯᠳᠤᠭᠠᠨ ᠤ ᠣᠷᠤᠨ ᠰᠠᠭᠤᠴᠠ ᠶᠢᠨ ᠲᠣᠭᠤᠷᠢᠭ ᠢ ᠨᠡᠭᠡᠭᠡᠨ ᠬᠥᠭᠵᠢᠭᠦᠯᠬᠦ ᠪᠠ ᠵᠠᠰᠠᠭ ᠤᠨ | ᠣᠷᠳᠣᠨ ᠠᠴᠠ ᠲᠥᠯᠥᠪᠵᠢᠭᠦᠯᠭᠡ ᠶᠣᠰᠣᠭᠠᠷ ᠪᠠᠲᠤᠯᠠᠭᠠᠲᠤ ᠣᠷᠣᠨ ᠰᠠᠭᠤᠴᠠ ︵ᠳᠦᠪᠬᠢᠨᠡᠭᠦᠯᠦᠭᠰᠡᠨ ᠣᠷᠣᠨ | ᠰᠠᠭᠤᠴᠠ ᠶᠢ ᠪᠠᠭᠲᠠᠭᠠᠨ᠎ᠠ︶ ᠶᠢ ᠪᠡᠯᠡ ᠣᠷᠤᠭᠤᠯᠵᠤ ᠪᠠᠶᠢᠭᠤᠯᠬᠤ ᠳᠤ ᠢᠵᠢ ᠪᠦᠷᠢᠳᠦᠭᠦᠯᠦᠨ ᠪᠥᠲᠦᠭᠡᠨ | ᠪᠠᠶᠢᠭᠤᠯᠬᠤ ᠬᠡᠤᠬᠡᠳ ᠤᠨ ᠴᠡᠴᠡᠷᠯᠢᠭ ᠢ ᠪᠠᠭᠲᠠᠭᠠᠨ᠎ᠠ᠃ | | | 2. ᠬᠤᠲᠠ᠂ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠬᠡᠷᠬᠢᠨ ᠬᠤᠲᠠ᠂ | ᠬᠤᠰᠢᠭᠤ ᠰᠢᠶᠠᠨ ᠤ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢᠨ | ᠱᠠᠭᠠᠷᠳᠠᠯᠭ᠎ᠠ ᠶᠣᠰᠣᠭᠠᠷ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠵᠦᠢᠯ ᠤᠨ | ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠳᠣᠭᠲᠠᠭᠠᠬᠤ ᠪᠣᠶ︖ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ | ᠬᠤᠷᠢᠶᠠᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ | ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠲᠤᠬᠠᠶ ᠰᠠᠨᠠᠯ︾ ︵ᠲᠥᠪ ᠲᠠᠷᠬᠠᠭᠠᠭᠰᠠᠨ〔 | 2019〕18 ᠳ᠋ᠤᠭᠠᠷ ᠲᠣᠭᠠᠲᠤ︶ ᠲᠤ ︽ᠬᠠᠮᠢᠶ᠎ᠠ ᠪᠥᠬᠦᠶ ᠲᠤᠰᠬᠠᠶ ᠵᠦᠢᠯ ᠤᠨ ᠲᠥᠯᠥᠪᠵᠢᠭᠦᠯᠭᠡ ᠨᠢ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠵᠢᠷᠤᠮᠯᠠᠵᠤ᠂ ᠶᠡᠷᠦᠩᠬᠡᠢ | ᠲᠥᠯᠥᠪᠵᠢᠭᠦᠯᠭᠡ ᠶᠢᠨ ᠠᠯᠪᠠᠳᠠᠯᠭ᠎ᠠ ᠶᠢᠨ ᠴᠢᠨᠠᠷ ᠪᠥᠬᠦᠢ ᠠᠭᠤᠯᠭ᠎ᠠ ᠶᠢ ᠵᠥᠷᠢᠴᠡᠵᠦ ᠪᠣᠯᠬᠤ ᠦᠭᠡᠢ︾ ᠭᠡᠵᠦ | ᠳᠤᠷᠠᠳᠴᠠᠢ᠃ ᠣᠳᠣᠬᠠᠨ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ︽ᠬᠤᠲᠠ ᠰᠢᠶᠠᠨ ᠤ ᠤᠯᠤᠰ ᠤᠨ | ᠭᠠᠵᠠᠷ ᠰᠢᠷᠤᠢ ᠶᠢᠨ ᠣᠷᠣᠨ ᠵᠠᠢ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠦᠭᠯᠡᠭᠦᠷ︾ ᠢ | ᠶᠠᠭ ᠰᠠᠶᠢᠬᠠᠨ ᠵᠣᠬᠢᠶᠠᠨ ᠪᠠᠶᠢᠭᠤᠯᠤᠨ ᠨᠠᠶᠢᠷᠠᠭᠤᠯᠤᠨ ᠳᠣᠭᠲᠠᠭᠠᠵᠤ ᠪᠠᠶᠢᠨ᠎ᠠ᠂ ᠡᠭᠦᠨ ᠤ ᠳᠣᠲᠣᠷᠠᠬᠢ | ᠲᠥᠯᠥᠪᠵᠢᠭᠦᠯᠭᠡ ᠶᠢᠨ ᠠᠯᠪᠠᠳᠠᠯᠭ᠎ᠠ ᠶᠢᠨ ᠴᠢᠨᠠᠷ ᠪᠥᠬᠦᠢ ᠠᠭᠤᠯᠭ᠎ᠠ ᠳᠤ᠄ ᠰᠤᠷᠭᠠᠨ ᠬᠥᠮᠦᠵᠢᠯ᠂ ᠡᠷᠡᠭᠦᠯ | ᠬᠠᠮᠠᠭᠠᠯᠠᠯ᠂ ᠨᠠᠰᠤᠲᠠᠨ ᠤ ᠠᠰᠠᠷᠠᠮᠵᠢ᠂ ᠰᠣᠶᠣᠯ ᠪᠡᠶ᠎ᠡ ᠶᠢᠨ ᠲᠠᠮᠢᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢᠨ ᠵᠠᠷᠴᠢᠮ᠂ ᠪᠠᠷᠢᠮᠵᠢᠶ᠎ᠠ ᠪᠤᠶᠤ ᠣᠷᠣᠨ ᠰᠠᠭᠤᠴᠠ ᠶᠢᠨ ᠲᠣᠭᠤᠷᠢᠭ ᠤᠨ | ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠵᠡᠷᠭᠡ ᠠᠭᠤᠯᠭ᠎ᠠ ᠶᠢ | ᠪᠠᠭᠲᠠᠭᠠᠵᠤ᠂ ᠰᠤᠷᠭᠠᠨ ᠬᠥᠮᠦᠵᠢᠯ ᠤᠨ ᠲᠤᠰᠬᠠᠶ ᠵᠦᠢᠯ ᠤᠨ ᠪᠠᠶᠢᠷᠢᠯᠠᠭᠤᠯᠤᠯᠲᠠ ᠶᠢᠨ ᠲᠥᠯᠦᠪᠵᠢᠭᠦᠯᠭᠡ ᠨᠢ | ᠬᠤᠲᠠ᠂ ᠬᠤᠰᠢᠭᠤ ᠰᠢᠶᠠᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠳᠤ | ᠲᠣᠭᠲᠠᠭᠠᠭᠰᠠᠨ ᠳᠡᠭᠡᠷᠡᠬᠢ ᠮᠡᠲᠦ ᠶᠢᠨ ᠠᠯᠪᠠᠳᠠᠯᠭ᠎ᠠ ᠶᠢᠨ ᠴᠢᠨᠠᠷ ᠪᠥᠬᠦᠢ ᠠᠭᠤᠯᠭ᠎ᠠ ᠶᠣᠰᠣᠭᠠᠷ᠂ ᠠᠯᠪᠠᠳᠠᠯᠭ᠎ᠠ ᠶᠢᠨ | ᠴᠢᠨᠠᠷ ᠪᠥᠬᠦᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠨᠠᠶᠢᠳᠠᠪᠤᠷᠢᠵᠢᠭᠤᠯᠤᠨ᠎ᠠ᠃ | | | 3. ᠬᠤᠲᠠ᠂ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠤᠯᠤᠰ ᠤᠨ | ᠬᠤᠯᠪᠣᠭᠳᠠᠯ ᠪᠦᠬᠦᠢ ᠳᠦᠷᠢᠮᠵᠢᠯ ᠤᠨ ᠪᠠᠷᠢᠮᠵᠢᠶ᠎ᠠ ᠶᠢ ᠦᠨᠳᠦᠰᠦᠯᠡᠵᠦ᠂ ᠬᠤᠲᠠ ᠪᠠᠯᠭᠠᠰᠤ ᠶᠢ ᠨᠠᠷᠢᠯᠢᠭ | ᠲᠥᠯᠦᠪᠵᠢᠭᠦᠯᠬᠦ ᠶᠠᠪᠤᠴᠠ ᠳᠤ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ | ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠂ ᠬᠡᠷᠡᠭᠯᠡᠬᠦ ᠭᠠᠵᠠᠷ ᠤᠨ ᠲᠠᠯᠠᠪᠠᠶ ᠶᠢᠨ ᠭᠦᠢᠴᠡᠳᠭᠡᠯ | ᠲᠤᠭ᠎ᠠ ᠶᠢ ᠬᠡᠷᠬᠢᠨ ᠲᠣᠳᠣᠷᠬᠠᠶᠢᠯᠠᠬᠤ ᠪᠣᠢ ︖ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ | ᠬᠤᠷᠢᠶᠠᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ | ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠲᠤᠬᠠᠶ ᠰᠠᠨᠠᠯ︾ ︵ᠲᠥᠪ ᠲᠠᠷᠬᠠᠭᠠᠭᠰᠠᠨ〔 | 2019〕18 ᠳ᠋ᠤᠭᠠᠷ ᠲᠣᠭᠠᠲᠤ︶ ᠳᠤ ᠨᠠᠷᠢᠨ ᠲᠦᠷᠢᠮ ᠢ ᠳᠤᠷᠠᠳᠪᠠ᠄ | ︵1︶ ᠲᠡᠷᠡ ᠨᠢ ᠪᠣᠳᠠᠲᠠᠶ ᠬᠡᠷᠡᠭᠯᠡᠬᠦ ᠭᠠᠵᠠᠷ ᠤᠨ ᠬᠡᠷᠡᠭᠴᠡᠭᠡ ᠪᠠ ᠨᠡᠭᠡᠭᠡᠨ ᠬᠥᠭᠵᠢᠭᠦᠯᠵᠦ ᠪᠥᠲᠥᠭᠡᠨ | ᠪᠠᠶᠢᠭᠤᠯᠬᠤ ᠬᠦᠴᠦᠯᠡᠴᠡ ᠵᠡᠷᠭᠡ ᠳᠤ ᠬᠡᠷᠡᠭᠵᠢᠭᠦᠯᠬᠦ ᠲᠣᠬᠢᠷᠠᠭᠤᠯᠤᠯᠲᠠ ᠪᠣᠯᠤᠨ᠎ᠠ︔ | ︵2︶ ᠵᠦᠪᠰᠢᠶᠡᠷᠡᠭᠳᠡᠭᠰᠡᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠶᠡᠷᠦᠩᠬᠡᠶ | ᠲᠥᠯᠥᠪᠵᠢᠭᠦᠯᠭᠡ ᠶᠢ ᠦᠨᠳᠦᠰᠦᠯᠡᠨ ᠨᠠᠶᠢᠷᠠᠭᠤᠯᠤᠨ ᠳᠣᠭᠲᠠᠭᠠᠬᠤ ᠪᠠ ᠵᠠᠰᠠᠪᠤᠷᠢ ᠣᠷᠣᠭᠤᠯᠤᠨ᠎ᠠ︔ | ︵3︶ ᠬᠤᠲᠠ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠣᠬᠢᠶᠠᠨ ᠪᠠᠶᠢᠭᠤᠯᠵᠤ ᠨᠠᠶᠢᠷᠠᠭᠤᠯᠤᠨ ᠳᠣᠭᠲᠠᠭᠠᠵᠤ᠂ ᠠᠳᠠᠯᠢ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠵᠦ | ᠬᠢᠨᠠᠨ ᠵᠦᠪᠰᠢᠶᠡᠷᠡᠭᠦᠯᠦᠨ᠎ᠡ᠃ | ᠡᠶᠢᠮᠦ ᠠᠴᠠ᠂ ᠨᠠᠷᠢᠨ ᠲᠥᠯᠦᠪᠵᠢᠭᠦᠯᠭᠡ ᠪᠣᠯ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ | ᠲᠥᠯᠦᠪᠵᠢᠭᠦᠯᠭᠡ ᠶᠢᠨ ᠨᠠᠷᠢᠯᠢᠭᠵᠢᠭᠤᠯᠤᠯᠲᠠ ᠪᠠ ᠨᠠᠶᠢᠳᠠᠪᠤᠷᠢᠵᠢᠭᠤᠯᠤᠯᠲᠠ ᠪᠣᠯᠤᠨ᠎ᠠ᠂ ᠬᠤᠲᠠ᠂ ᠬᠤᠰᠢᠭᠤ | ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠪᠣᠳᠠᠲᠠᠶ ᠬᠡᠷᠡᠭᠯᠡᠬᠦ ᠭᠠᠵᠠᠷ ᠤᠨ ᠨᠠᠷᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠳᠣᠭᠲᠠᠭᠠᠬᠤ ᠳᠤ ᠤᠯᠤᠰ ᠤᠨ ᠬᠤᠯᠪᠣᠭᠳᠠᠯ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮᠵᠢᠯ ᠤᠨ ᠪᠠᠷᠢᠮᠵᠢᠶᠠᠨ ᠤ ᠱᠠᠭᠠᠷᠳᠠᠯᠭ᠎ᠠ ᠶᠣᠰᠣᠭᠠᠷ᠂ | ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠬᠡᠷᠡᠭᠯᠡᠬᠦ ᠭᠠᠵᠠᠷ ᠤᠨ ᠲᠠᠯᠠᠪᠠᠶ | ᠵᠡᠷᠭᠡ ᠶᠢᠨ ᠪᠠᠷᠢᠮᠵᠢᠶ᠎ᠠ ᠶᠢ ᠬᠡᠮᠵᠢᠨ ᠪᠣᠳᠤᠵᠤ ᠨᠠᠷᠢᠨ ᠲᠥᠯᠥᠪᠵᠢᠭᠦᠯᠭᠡ ᠶᠢᠨ ᠦᠷ᠎ᠡ ᠪᠦᠲᠦᠭᠡᠯ ᠳᠤ ᠣᠷᠤᠭᠤᠯᠪᠠᠯ | ᠵᠣᠬᠢᠨ᠎ᠠ᠃ | | | 4. ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠᠳᠤ ᠬᠡᠷᠡᠭᠯᠡᠬᠦ ᠭᠠᠵᠠᠷ ᠢ | ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠬᠢᠨ ᠪᠠᠲᠤᠯᠠᠬᠤ ᠪᠣᠶ︖ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ | ︾ ᠵᠢᠴᠢ ︽ᠬᠤᠪᠢᠶᠠᠷᠢᠯᠠᠨ ᠥᠭᠬᠦ ᠭᠠᠵᠠᠷ ᠰᠢᠷᠤᠢ ᠶᠢᠨ ᠨᠡᠷᠡᠰ︾ ︵ᠤᠯᠤᠰᠤᠨ ᠭᠠᠵᠠᠷ ᠰᠢᠷᠤᠢ ᠶᠢᠨ ᠡᠬᠢ | ᠪᠠᠶᠠᠯᠢᠭ ᠤᠨ ᠶᠠᠮᠤᠨ 9 ᠳ᠋ᠦ᠋ᠭᠡᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ | ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠰᠢᠷᠤᠢ ᠶᠢᠨ ᠨᠡᠷᠡᠰ ᠲᠤ ᠨᠡᠶᠢᠴᠡᠬᠦ ᠠᠰᠢᠭ | ᠬᠤᠨᠵᠢᠪᠣᠷᠢ ᠶᠢᠨ ᠪᠤᠰᠤ ᠴᠢᠨᠠᠷ ᠪᠥᠬᠦᠢ ᠰᠤᠷᠭᠠᠨ ᠬᠥᠮᠦᠵᠢᠯ ᠤᠨ ᠲᠥᠬᠦᠭᠡᠷᠦᠮᠵᠢ ᠳᠤ ᠬᠡᠷᠡᠭᠯᠡᠬᠦ ᠭᠠᠵᠠᠷ ᠢ | ᠬᠤᠪᠢᠶᠠᠷᠢᠯᠠᠨ ᠰᠠᠯᠭᠠᠵᠤ ᠥᠭᠬᠦ ᠠᠷᠭ᠎ᠠ ᠮᠠᠶ᠋ᠢᠭ ᠢᠶᠠᠷ ᠬᠠᠩᠭᠠᠵᠤ ᠪᠣᠯᠤᠨ᠎ᠠ︔ ᠠᠰᠢᠭ ᠬᠤᠨᠵᠢᠪᠣᠷᠢ ᠶᠢᠨ ᠴᠢᠨᠠᠷ | ᠪᠥᠬᠦᠢ ᠵᠣᠷᠢᠯᠭ᠎ᠠ ᠲᠠᠢ ᠪᠤᠶᠤ ᠬᠤᠪᠢᠶᠠᠷᠢᠯᠠᠨ ᠰᠠᠯᠭᠠᠵᠤ ᠬᠡᠷᠡᠭᠯᠡᠬᠦ ᠭᠠᠵᠠᠷ ᠤᠨ ᠨᠡᠷᠡᠰ ᠲᠤ ᠨᠡᠶᠢᠴᠡᠬᠦ ᠦᠭᠡᠶ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠮᠳᠠ ᠪᠠᠷ ᠬᠤᠳᠠᠯᠳᠤᠬᠤ᠂ ᠲᠦᠷᠢᠶᠡᠰᠦᠯᠡᠭᠦᠯᠬᠦ ᠵᠡᠷᠭᠡ | ᠲᠥᠯᠥᠪᠦᠷᠢ ᠠᠪᠬᠤ ᠠᠷᠭ᠎ᠠ ᠮᠠᠶ᠋ᠢᠭ ᠢᠶᠠᠷ ᠬᠡᠷᠡᠭᠯᠡᠬᠦ ᠭᠠᠵᠠᠷ ᠢ ᠬᠠᠩᠭᠠᠬᠤ ᠬᠡᠷᠡᠭᠲᠡᠶ᠃ | | | 5. ᠵᠢᠷᠤᠭ ᠲᠥᠯᠥᠪᠯᠡᠭᠡᠨ ᠤ ᠨᠢᠭᠡᠴᠡ ᠪᠠ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠨᠢᠭᠡᠴᠡ ᠶᠢᠨ | ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢᠨ ᠭᠤᠭᠴᠤᠭᠠᠨ ᠳᠤ ᠬᠢ ᠭᠤᠤᠯ ᠡᠭᠦᠷᠭᠡ ᠬᠠᠷᠢᠭᠤᠴᠠᠯᠭ᠎ᠠ ᠨᠢ ᠶᠠᠭᠤ ᠪᠤᠢ︖ | ᠵᠢᠷᠤᠭ ᠲᠥᠯᠥᠪᠯᠡᠭᠡ ᠪᠣᠯᠤᠨ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠭ᠎ᠠᠶᠢᠨ ᠭᠤᠤᠯ | ᠡᠭᠦᠷᠭᠡ ᠬᠠᠷᠢᠭᠤᠴᠠᠯᠭ᠎ᠠ ᠪᠣᠯ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ | ᠴᠡᠴᠡᠷᠯᠢᠭ ᠤᠨ ᠲᠥᠷᠥᠯ ᠵᠦᠢᠯ ᠤᠨ ᠵᠢᠷᠤᠭ ᠲᠥᠯᠦᠪᠯᠡᠭᠡ ᠶᠢᠨ ᠭᠤᠭᠴᠤᠭᠠᠨᠤ ᠶᠠᠰᠤ ᠴᠢᠨᠠᠷ ᠢ ᠴᠢᠩᠭᠠᠳᠬᠠᠬᠤ | ᠶᠠᠪᠤᠳᠠᠯ ᠪᠣᠯᠤᠨ᠎ᠠ᠃ ᠡᠭᠦᠨ ᠳᠤ᠂ ᠵᠢᠷᠤᠭ ᠲᠥᠯᠦᠪᠯᠡᠭᠡᠨ ᠤ ᠪᠠᠶᠢᠭᠤᠯᠭ᠎ᠠ ᠨᠢ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠪᠠ ︽ᠬᠡᠤᠬᠡᠳ ᠰᠠᠭᠠᠲᠠᠭᠤᠯᠬᠤ ᠭᠠᠵᠠᠷ᠂ ᠬᠡᠤᠬᠡᠳ ᠤᠨ | ᠴᠡᠴᠡᠷᠯᠢᠭ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠳᠦᠷᠢᠮᠵᠢᠯ︾ ︵JGJ39︶ ᠵᠡᠷᠭᠡ ᠬᠠᠮᠢᠶ᠎ᠠ ᠪᠥᠬᠦᠶ | ᠪᠠᠷᠢᠮᠵᠢᠶᠠᠨ ᠤ ᠳᠦᠷᠢᠮᠵᠢᠯ ᠶᠣᠰᠤᠭᠠᠷ ᠬᠤᠲᠠ ᠪᠠᠯᠭᠠᠰᠤᠨ ᠤ ᠲᠣᠭᠤᠷᠢᠭ ᠤᠨ ᠢᠵᠢ ᠪᠥᠷᠢᠳᠦᠭᠦᠯᠬᠦ ᠬᠡᠤᠬᠡᠳ ᠤᠨ | ᠴᠡᠴᠡᠷᠯᠢᠭ ᠢ ᠲᠥᠯᠦᠪᠯᠡᠨ ᠪᠥᠲᠥᠭᠡᠨ ᠪᠠᠶᠢᠭᠤᠯᠬᠤ ᠪᠠᠷᠢᠮᠵᠢᠶ᠎ᠠ ᠪᠣᠯᠤᠨ ᠪᠠᠷᠢᠯᠭ᠎ᠠ᠂ ᠪᠦᠲᠦᠴᠡ᠂ ᠴᠢᠳᠠᠮᠵᠢ᠂ ᠡᠨᠧᠷᠭᠢ | ᠠᠷᠪᠢᠯᠠᠬᠤ᠂ ᠭᠠᠯ ᠤᠨᠲᠠᠷᠠᠭᠠᠬᠤ ᠵᠡᠷᠭᠡ ᠲᠠᠯ᠎ᠠ ᠶᠢᠨ ᠱᠠᠭᠠᠷᠳᠠᠯᠭ᠎ᠠ ᠶᠣᠰᠣᠭᠠᠷ ᠵᠢᠷᠤᠵᠤ ᠲᠥᠯᠦᠪᠯᠡᠬᠦ ᠬᠡᠷᠡᠭᠲᠡᠢ︔ | ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠵᠥᠪᠰᠢᠶᠡᠷᠡᠯ ᠪᠣᠯᠤᠨ ᠬᠠᠮᠢᠶ᠎ᠠ ᠪᠦᠬᠦᠢ ᠪᠠᠷᠢᠮᠵᠢᠶᠠᠨ ᠤ ᠳᠦᠷᠢᠮᠵᠢᠯ ᠤᠨ ᠱᠠᠭᠠᠷᠳᠠᠯᠭ᠎ᠠ | ᠶᠣᠰᠣᠭᠠᠷ ᠪᠠᠷᠢᠯᠭ᠎ᠠ ᠶᠢᠨ ᠵᠢᠷᠤᠭ ᠢ ᠵᠢᠷᠤᠵᠤ ᠲᠥᠯᠦᠪᠯᠡᠬᠦ ᠪᠢᠴᠢᠭ ᠮᠠᠲ᠋ᠧᠷᠢᠶᠠᠯ ᠤᠨ ᠶᠠᠰᠤ ᠴᠢᠨᠠᠷ ᠢ ᠴᠢᠩᠭ᠎ᠠ | ᠠᠳᠬᠤᠵᠤ᠂ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠲᠥᠷᠦᠯ | ᠵᠦᠢᠯ ᠤᠨ ᠪᠠᠷᠢᠯᠭ᠎ᠠ ᠶᠢᠨ ᠵᠢᠷᠤᠭ ᠢ ᠵᠢᠷᠤᠵᠤ ᠲᠥᠯᠦᠪᠯᠡᠬᠦ ᠪᠢᠴᠢᠭ ᠮᠠᠲ᠋ᠧᠷᠢᠶᠠᠯ ᠤᠨ ᠲᠥᠯᠦᠪᠯᠡᠭᠡ ᠪᠠ ᠬᠠᠮᠢᠶ᠎ᠠ | ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭᠠᠶᠢᠨ ᠴᠢᠨᠠᠷ ᠪᠥᠬᠦᠢ ᠪᠠᠷᠢᠮᠵᠢᠶᠠᠨ ᠤ | ᠱᠠᠭᠠᠷᠳᠠᠯᠭ᠎ᠠ ᠶᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | | | 6. ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ | ᠪᠥᠲᠥᠭᠡᠨ ᠪᠠᠶᠢᠭᠤᠯᠬᠤ ᠨᠢᠭᠡᠴᠡ ᠠᠴᠠ ᠵᠣᠬᠢᠶᠠᠨ ᠪᠠᠶᠢᠭᠤᠯᠤᠭᠰᠠᠨ ᠬᠤᠲᠠ ᠪᠠᠯᠭᠠᠰᠤᠨ ᠤ ᠲᠣᠭᠤᠷᠢᠭ ᠤᠨ ᠢᠵᠢ | ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭᠠᠲ᠋ᠠᠭᠤᠰᠤᠭᠰᠠᠨ ᠢ ᠬᠢᠨᠠᠨ | ᠬᠤᠷᠢᠶᠠᠬᠤ ᠳᠤ ᠣᠷᠣᠯᠴᠠᠨ᠎ᠠ ᠤᠤ︖ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠲᠣᠭᠤᠷᠢᠭ ᠤᠨ ᠢᠵᠢ | ᠪᠦᠷᠢᠳᠦᠭᠦᠯᠬᠦ ᠬᠡᠤᠬᠡᠳ ᠤᠨ ᠴᠡᠴᠡᠷᠯᠢᠭ ᠢ ᠵᠠᠰᠠᠬᠤ ᠠᠵᠢᠯ ᠢ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠠᠯᠪᠠᠨ | ᠲᠠᠷᠬᠠᠭᠠᠭᠰᠠᠨ〔 2019〕18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂〈 ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠤᠳ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠲᠥᠯᠥᠪᠵᠢᠭᠦᠯᠭᠡ᠂ | ᠪᠥᠲᠥᠭᠡᠨ ᠪᠠᠶᠢᠭᠤᠯᠤᠯᠲᠠ᠂ ᠬᠢᠨᠠᠨ ᠬᠤᠷᠢᠶᠠᠬᠤ ᠵᠡᠷᠭᠡ ᠵᠠᠩᠭᠢᠯᠠᠭ᠎ᠠ ᠶᠢᠨ ᠭᠤᠭᠴᠤᠭᠠᠨ ᠳᠤ ᠣᠷᠣᠯᠴᠠᠵᠤ᠂ | ᠬᠡᠤᠬᠡᠳᠤᠨ ᠴᠡᠴᠡᠷᠯᠢᠭ ᠢ ᠭᠥᠯᠢᠶᠡᠨ ᠠᠪᠬᠤ ᠵᠢᠴᠢ ᠬᠠᠮᠢᠶᠠᠷᠬᠤ ᠵᠡᠷᠭᠡ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ | ᠬᠡᠷᠡᠭᠲᠡᠶ 〉᠃ ᠡᠶᠢᠮᠦ ᠠᠴᠠ᠂ ᠪᠥᠲᠥᠭᠡᠨ ᠪᠠᠶᠢᠭᠤᠯᠬᠤ ᠨᠢᠭᠡᠴᠡ ᠨᠢ ᠬᠠᠮᠢᠶ᠎ᠠ ᠪᠥᠬᠦᠶ ᠪᠥᠲᠥᠭᠡᠨ ᠪᠠᠶᠢᠭᠤᠯᠤᠯᠲᠠ ᠳᠤ | ᠣᠷᠣᠯᠴᠠᠬᠤ ᠨᠢᠭᠡᠴᠡ ᠶᠢ ᠵᠣᠬᠢᠶᠠᠨ ᠪᠠᠶᠢᠭᠤᠯᠤᠨ᠂ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ | ᠬᠡᠦᠬᠡᠳ ᠤᠨ ᠴᠡᠴᠡᠷᠯᠢᠭ ᠤᠨ ᠪᠠᠷᠢᠯᠭ᠎ᠠ ᠶᠢ ᠬᠢᠨᠠᠨ ᠬᠤᠷᠢᠶᠠᠬᠤ ᠠᠴᠠ ᠡᠮᠦᠨ᠎ᠡ ᠲᠤᠬᠠᠶ ᠶᠢᠨ ᠭᠠᠵᠠᠷ ᠤᠨ ᠬᠡᠤᠬᠡᠳ ᠤᠨ | ᠴᠡᠴᠡᠷᠯᠢᠭ ᠢ ᠭᠥᠯᠢᠶᠡᠨ ᠠᠪᠬᠤ ᠵᠢᠴᠢ ᠬᠠᠮᠢᠶᠠᠷᠬᠤ ᠠᠵᠢᠯ ᠢ ᠬᠠᠷᠢᠭᠤᠴᠠᠵᠤ ᠪᠠᠶᠢᠭ᠎ᠠ ᠰᠤᠷᠭᠠᠨ ᠬᠥᠮᠦᠵᠢᠯ ᠤᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠷᠢᠯᠭ᠎ᠠ ᠶᠢᠨ ᠠᠵᠢᠯ ᠳᠠᠭᠤᠰᠤᠭᠰᠠᠨ ᠢ ᠬᠢᠨᠠᠨ ᠬᠤᠷᠢᠶᠠᠬᠤ ᠳᠤ | ᠣᠷᠣᠯᠴᠠᠬᠤ ᠶᠢᠨ ᠬᠠᠮᠲᠤ ᠬᠡᠤᠬᠡᠳ ᠤᠨ ᠴᠡᠴᠡᠷᠯᠢᠭ ᠲᠤ ᠬᠠᠨᠤᠮᠵᠢᠲᠠᠢ ᠪᠠᠶᠢᠬᠤ ᠡᠰᠡᠬᠦ᠂ ᠲᠥᠯᠥᠪᠵᠢᠭᠦᠯᠭᠡ᠂ ᠵᠢᠷᠤᠭ | ᠲᠥᠯᠥᠪᠯᠡᠭᠡ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠪᠠᠷᠢᠯᠭ᠎ᠠ ᠳᠠᠭᠤᠰᠤᠭᠰᠠᠨ ᠢ ᠬᠢᠨᠠᠨ ᠬᠤᠷᠢᠶᠠᠬᠤ ᠵᠡᠷᠭᠡ | ᠲᠠᠯ᠎ᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠳᠤ ᠬᠢᠨᠠᠯᠲᠠ ᠲᠠᠯᠪᠢᠬᠤ ᠪᠠ ᠰᠠᠨᠠᠯ ᠰᠠᠨᠠᠭᠤᠯᠭ᠎ᠠ ᠳᠤᠷᠠᠳᠬᠤ ᠶᠢ ᠮᠡᠳᠡᠬᠦ | ᠬᠡᠷᠡᠭᠲᠡᠢ᠃ | | | 7. ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ | ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠥᠲᠥᠭᠡᠨ | ᠪᠠᠶᠢᠭᠤᠯᠤᠯᠲᠠ ᠶᠢᠨ ᠭᠤᠭᠴᠤᠭᠠᠨ ᠤ ᠬᠢᠨᠠᠯᠲᠠ ᠬᠠᠮᠢᠶᠠᠷᠤᠯᠲᠠ ᠶᠢ ᠬᠡᠷᠬᠢᠨ ᠴᠢᠩᠭᠠᠳᠬᠠᠵᠤ᠂ ᠬᠤᠶᠢᠰᠢᠯᠠᠭᠤᠯᠤᠨ | ᠪᠠᠶᠢᠭᠤᠯᠬᠤ᠂ ᠪᠠᠭᠠᠰᠬᠠᠨ ᠪᠠᠶᠢᠭᠤᠯᠬᠤ᠂ ᠪᠠᠶᠢᠭᠤᠯᠬᠤ ᠥᠬᠡᠶ᠂ ᠪᠠᠶᠢᠭᠤᠯᠤᠭᠰᠠᠨ ᠴᠤ ᠲᠤᠰᠢᠶᠠᠬᠤ ᠥᠬᠡᠶ ᠵᠡᠷᠭᠡ | ᠠᠰᠠᠭᠤᠳᠠᠯ ᠢ ᠤᠷᠢᠳᠴᠢᠯᠠᠨ ᠰᠡᠷᠭᠡᠶᠢᠯᠡᠬᠦ ᠪᠣᠶ︖ | ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠤᠲᠠ | ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠦᠬᠡᠳ ᠤᠨ ᠴᠡᠴᠡᠷᠯᠢᠭ ᠤᠨ ᠵᠢᠷᠤᠭ ᠲᠥᠯᠥᠪᠯᠡᠭᠡ᠂ ᠪᠠᠷᠢᠯᠭ᠎ᠠ | ᠪᠠ ᠪᠠᠷᠢᠯᠭ᠎ᠠ ᠳᠠᠭᠤᠰᠤᠭᠰᠠᠨ ᠢ ᠬᠢᠨᠠᠨ ᠬᠤᠷᠢᠶᠠᠬᠤ ᠵᠡᠷᠭᠡ ᠭᠤᠭᠴᠤᠭᠠᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠠᠴᠠ ᠭᠠᠳᠠᠨ᠎ᠠ᠂ ᠬᠠᠮᠤᠭ ᠤᠨ ᠡᠴᠦᠰ ᠲᠤ ᠬᠤᠲᠠ ᠪᠠᠯᠭᠠᠰᠤᠨ ᠤ ᠲᠣᠭᠤᠷᠢᠭ ᠤᠨ ᠪᠠᠷᠢᠯᠭ᠎ᠠ | ᠳᠠᠭᠤᠰᠤᠭᠰᠠᠨ ᠢ ᠬᠢᠨᠠᠨ ᠬᠤᠷᠢᠶᠠᠬᠤ ᠶᠢ ᠳᠠᠩᠰᠠᠯᠠᠭᠤᠯᠬᠤ ᠭᠠᠷᠳᠠᠮ ᠢ ᠭᠦᠢᠴᠡᠳᠭᠡᠬᠦ ᠳᠤ ᠢᠵᠢ ᠪᠦᠷᠢᠳᠦᠭᠦᠯᠬᠦ | ᠬᠡᠤᠬᠡᠳ ᠤᠨ ᠴᠡᠴᠡᠷᠯᠢᠭ ᠢ ᠪᠦᠲᠦᠭᠡᠨ ᠪᠠᠶᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠬᠠᠷᠢᠭᠤᠴᠠᠬᠤᠶᠢ ᠴᠢᠩᠭ᠎ᠠ | ᠠᠳᠬᠤᠬᠤ ᠬᠡᠷᠡᠭᠲᠡᠶ᠃ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳᠤᠨ ᠴᠡᠴᠡᠷᠯᠢᠭ ᠢ | ᠪᠦᠲᠦᠭᠡᠨ ᠪᠠᠶᠢᠭᠤᠯᠬᠤ ᠳᠤ᠂ ᠪᠠᠭᠠᠰᠬᠠᠨ ᠪᠠᠶᠢᠭᠤᠯᠬᠤ᠂ ᠪᠠᠶᠢᠭᠤᠯᠬᠤ ᠶᠢ ᠵᠣᠭᠰᠤᠬᠤ᠂ ᠪᠠᠶᠢᠭᠤᠯᠬᠤ ᠦᠭᠡᠶ ᠪᠤᠶᠤ | ᠪᠠᠶᠢᠭᠤᠯᠤᠭᠰᠠᠨ ᠴᠤ ᠲᠤᠰᠢᠶᠠᠬᠤ ᠦᠭᠡᠶ ᠵᠡᠷᠭᠡ ᠠᠰᠠᠭᠤᠳᠠᠯ ᠣᠷᠤᠰᠢᠵᠤ ᠪᠠᠶᠢᠪᠠᠯ᠂ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠲᠦᠭᠡᠨ ᠪᠠᠶᠢᠭᠤᠯᠬᠤ ᠨᠢᠭᠡᠴᠡ ᠶᠢ | ᠱᠠᠭᠠᠷᠳᠠᠵᠤ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠠᠴᠠ ᠡᠮᠦᠨ᠎ᠡ᠂ | ᠬᠤᠲᠠ ᠪᠠᠯᠭᠠᠰᠤᠨ ᠤ ᠲᠣᠭᠤᠷᠢᠭ ᠤᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠬᠢᠨᠠᠨ ᠬᠤᠷᠢᠶᠠᠬᠤ ᠶᠢᠨ | ᠳᠠᠩᠰᠠᠯᠠᠭᠤᠯᠬᠤ ᠭᠠᠷᠳᠠᠮ ᠢ ᠬᠢᠵᠦ ᠥᠭᠬᠦ ᠦᠭᠡᠢ᠃ | | | ᠪᠢᠴᠢᠭ ᠮᠠᠲ᠋ᠧᠷᠢᠶᠠᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ | ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠷᠭ᠎ᠠ︾ ᠶᠢ ᠬᠡᠪᠯᠡᠨ ᠲᠠᠷᠬᠠᠭᠠᠬᠤ ᠮᠡᠳᠡᠭᠳᠡᠯ | | |