ᠣᠷᠳᠣᠰ ᠬᠤᠲᠠ ᠨᠢ ᠰᠤᠷᠭᠠᠨ ᠬᠥᠮᠦᠵᠢᠯ ᠤᠨ ᠶᠠᠮᠤᠨ ᠤ 2019 ᠣᠨ ᠤ ︽ᠨᠢᠭᠡ ᠪᠠᠭᠰᠢ ᠶᠢᠨ ᠨᠢᠭᠡ ᠰᠢᠯᠢᠳᠡᠭ ᠬᠢᠴᠢᠶᠡᠯ᠂ ᠨᠢᠭᠡ ᠬᠢᠴᠢᠶᠡᠯ ᠳᠤ ᠨᠢᠭᠡ ᠨᠡᠷᠡᠲᠦ ᠪᠠᠭᠰᠢ︾ ᠰᠢᠯᠭᠠᠷᠠᠭᠤᠯᠬᠤ ᠠᠵᠢᠯᠯᠠᠭ᠎ᠠ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2020/1/3
     ᠤᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠠᠴᠠ ᠵᠣᠬᠢᠶᠠᠨ ᠪᠠᠶᠢᠭᠤᠯᠵᠤ ᠥᠷᠨᠢᠭᠦᠯᠦᠭᠰᠡᠨ 2019 ᠣᠨ ᠤ ︽ᠨᠢᠭᠡ ᠪᠠᠭᠰᠢ ᠶᠢᠨ ᠨᠢᠭᠡ ᠰᠢᠯᠢᠳᠡᠭ ᠬᠢᠴᠢᠶᠡᠯ᠂ ᠨᠢᠭᠡ ᠬᠢᠴᠢᠶᠡᠯ ᠤᠨ ᠨᠢᠭᠡ ᠨᠡᠷᠡᠲᠦ ᠪᠠᠭᠰᠢ︾ ᠰᠢᠯᠭᠠᠷᠠᠭᠤᠯᠬᠤ ᠠᠵᠢᠯᠯᠠᠭ᠎ᠠ ᠶᠢᠨ ᠦᠷ᠎ᠡ ᠳ᠋ᠦᠩ ᠢ ᠨᠡᠶᠢᠲᠡᠯᠡᠵᠦ᠂ ᠣᠷᠳᠣᠰ ᠬᠤᠲᠠ ᠨᠢ 36 ᠶᠠᠮᠤᠨ ᠤ ᠲᠡᠰ ᠤᠨ ᠰᠢᠯᠢᠳᠡᠭ ᠬᠢᠴᠢᠶᠡᠯ᠂ 124 ᠮᠤᠵᠢ ᠶᠢᠨ ᠲᠡᠰ ᠤᠨ ᠰᠢᠯᠢᠳᠡᠭ ᠬᠢᠴᠢᠶᠡᠯ᠂ ᠬᠢᠴᠢᠶᠡᠯ ᠤᠨ ᠲᠠᠩᠬᠢᠮ ᠤᠨ ᠪᠣᠳᠠᠲᠠᠶ ᠰᠢᠩᠭᠡᠭᠡᠯᠲᠡ ᠶᠢᠨ ᠶᠡᠷᠦᠩᠬᠡᠶ ᠬᠢᠴᠢᠶᠡᠯ ᠢ ᠬᠤᠪᠢᠶᠠᠯᠴᠠᠭᠰᠠᠨ ᠨᠣᠷᠮ᠎ᠠ ᠨᠢ ᠥᠪᠡᠷᠲᠡᠭᠡᠨ ᠵᠠᠰᠠᠬᠤ ᠣᠷᠣᠨ ᠤ ᠪᠥᠬᠦ ᠲᠣᠭᠠᠨ ᠤ 25.8 % ᠶᠢᠨ ᠬᠢᠷᠢ ᠪᠦᠲᠦᠮᠵᠢ ᠪᠠᠷ ᠪᠥᠬᠦ ᠣᠷᠣᠨ ᠤ ᠨᠢᠭᠡᠳᠦᠭᠡᠷ ᠨᠡᠷ᠎ᠡ ᠳᠤ ᠣᠷᠣᠪᠠ᠃      ᠣᠶᠢᠷ᠎ᠠ ᠶᠢᠨ ᠵᠢᠯ ᠤᠨ ᠲᠤᠷᠰᠢ᠂ ᠣᠷᠳᠣᠰ ᠬᠤᠲᠠ ᠰᠤᠷᠠᠭ ᠵᠠᠩᠭᠢ ᠶᠢᠨ ᠮᠡᠷᠭᠡᠵᠢᠯ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠦᠨᠵᠡᠭᠡᠶ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ 2019 ᠣᠨ ᠳᠤ ᠬᠢᠲᠠᠳ ᠢᠶᠠᠷ ᠬᠢᠴᠢᠶᠡᠯᠯᠡᠬᠦ ᠰᠤᠷᠭᠠᠭᠤᠯᠢ ᠨᠢ ᠨᠠᠷᠠᠲᠤ ᠪᠠᠭᠰᠢ ᠶᠢᠨ ᠲᠣᠮᠤ ᠬᠢᠴᠢᠶᠡᠯᠯᠡᠭᠡ᠂ ᠣᠶᠤᠨᠴᠢ ᠬᠢᠴᠢᠶᠡᠯᠯᠡᠭᠡ ᠶᠢᠨ ᠵᠢᠭᠠᠨ ᠰᠤᠷᠭᠠᠯᠲᠠ ᠵᠢᠭᠠᠨ ᠰᠣᠳᠤᠯᠤᠯᠲᠠ ᠶᠢ 24 ᠤᠳᠠᠭ᠎ᠠ ᠥᠷᠨᠢᠭᠦᠯᠦᠭᠰᠡᠨ ᠪᠥᠭᠡᠳ ᠬᠤᠲᠠ ᠶᠢᠨ ᠰᠤᠷᠭᠠᠨ ᠬᠥᠮᠦᠵᠢᠯ ᠤᠨ ᠡᠭᠦᠯᠡᠨ ᠪᠣᠳᠤᠯᠲᠠ ᠶᠢᠨ ᠪᠦᠷᠢᠯᠳᠦᠴᠡ ᠳᠣᠤᠷ᠎ᠠ ᠡᠯ᠎ᠡ ᠰᠤᠷᠭᠠᠭᠤᠯᠢ ᠪᠡᠶ᠎ᠡ ᠪᠠᠨ ᠳᠠᠭᠠᠭᠠᠵᠤ ᠣᠶᠤᠨᠴᠢ ᠬᠢᠴᠢᠶᠡᠯᠯᠡᠭᠡ ᠰᠤᠷᠭᠠᠭᠤᠯᠢ ᠶᠢᠨ ᠲᠡᠰ ᠤᠨ ᠵᠢᠭᠠᠨ ᠰᠣᠳᠤᠯᠤᠯᠲᠠ ᠶᠢᠨ ᠠᠵᠢᠯᠯᠠᠭ᠎ᠠ ᠶᠢ 50 ᠭᠠᠷᠤᠶ ᠤᠳᠠᠭ᠎ᠠ ᠥᠷᠨᠢᠭᠦᠯᠦᠨ᠂ ᠤᠯᠤᠰ ᠤᠨ ᠲᠡᠰ ᠤᠨ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠰᠤᠷᠭᠠᠨ ᠬᠥᠮᠦᠵᠢᠯ ᠤᠨ ᠮᠡᠷᠭᠡᠵᠢᠯ ᠤᠨ ᠰᠤᠳᠤᠯᠭᠠᠨ ᠤ ᠰᠡᠳᠦᠪ ᠢ ᠨᠡᠶᠢᠲᠡ ᠠᠷᠪᠠ ᠭᠠᠷᠤᠶ ᠵᠦᠢᠯ ᠮᠡᠳᠡᠭᠦᠯᠵᠦ᠂ ᠡᠭᠦᠨ ᠤ ᠳᠣᠲᠤᠷ᠎ᠠ ︽ᠰᠦᠯᠵᠢᠶᠡᠨ ᠤ ᠵᠢᠭᠠᠨ ᠰᠤᠷᠭᠠᠯᠲᠠ ᠵᠢᠭᠠᠨ ᠰᠤᠳᠤᠯᠤᠯᠲᠠ ᠨᠢ ᠣᠷᠣᠨ ᠨᠤᠲᠤᠭ ᠤᠨ ᠦᠨᠳᠦᠰᠦᠲᠡᠨ ᠤ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ︾ ᠭᠡᠰᠡᠨ ᠨᠣᠮ ᠨᠢ 2019 ᠣᠨ ᠤ ᠪᠥᠬᠦ ᠤᠯᠤᠰ ᠤᠨ ᠦᠨᠳᠦᠰᠦᠲᠡᠨ ᠤ ᠰᠤᠷᠭᠠᠨ ᠬᠥᠮᠦᠵᠢᠯ  ᠤᠨ ᠰᠤᠷᠠᠭ ᠵᠠᠩᠭᠢᠵᠢᠯᠲᠠ ᠶᠢ ᠦᠢᠯᠡᠳᠦᠯᠭᠡᠵᠢᠭᠦᠯᠦᠭᠰᠡᠨ ᠰᠢᠯᠢᠳᠡᠭ ᠦᠯᠢᠭᠡᠷ ᠵᠢᠱᠢᠶ᠎ᠡ ᠪᠠᠷ ᠰᠣᠩᠭᠤᠭᠳᠠᠭᠰᠠᠨ ᠪᠠᠶᠢᠨ᠎ᠠ᠃      ᠣᠷᠳᠣᠰ ᠬᠤᠲᠠ ᠲᠣᠰ ᠤᠳᠠᠭᠠᠨ ᠤ ᠰᠢᠯᠭᠠᠷᠠᠭᠤᠯᠤᠯᠲᠠ ᠪᠠᠷ ᠲᠣᠬᠢᠶᠠᠯ ᠪᠣᠯᠭᠠᠵᠤ᠂ ᠰᠤᠷᠠᠭ ᠵᠠᠩᠭᠢ ᠶᠢᠨ ᠮᠡᠷᠭᠡᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠪᠠ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠴᠢᠨᠠᠷ ᠤᠨ ᠲᠤᠬᠠᠶ ᠪᠠᠭᠰᠢ ᠨᠠᠷ ᠤᠨ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠡᠯ᠎ᠡ ᠣᠨ ᠤ ᠬᠢᠴᠢᠶᠡᠯ ᠢ ᠪᠦᠷᠬᠦᠭᠰᠡᠨ ᠨᠢᠭᠡᠨ ᠢᠵᠢ ᠡᠭᠦᠰᠦᠮᠡᠯ ᠡᠬᠢ ᠪᠠᠶᠠᠯᠢᠭ ᠤᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠤᠭᠰᠠᠨ ᠪᠠ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠷᠭᠡᠨ ᠢᠶᠠᠷ ᠬᠤᠪᠢᠶᠠᠯᠴᠠᠬᠤ ᠶᠢ ᠪᠡᠶᠡᠯᠡᠭᠦᠯᠵᠦ᠂ ᠪᠦᠬᠦ ᠬᠤᠲᠠ ᠶᠢᠨ ᠰᠤᠷᠭᠠᠨ ᠬᠥᠮᠦᠵᠢᠯ ᠤᠨ  ᠲᠡᠩᠴᠡᠭᠦᠷᠢᠲᠦ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号