| | 10 ᠰᠠᠷ᠎ᠠ ᠶᠢᠨ ᠰᠡᠭᠦᠯᠴᠢ ᠶᠢᠨ ᠨᠢᠭᠡᠨ ᠡᠳᠦᠷ ᠤᠨ ᠦᠳᠡ ᠶᠢᠨ ᠡᠮᠦᠨ᠎ᠡ᠂ ᠤᠯᠤᠰ ᠤᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠶᠡᠭᠡ ᠲᠢᠩᠬᠢᠮ ᠳᠤ᠂ ᠡᠵᠡᠨ ᠬᠤᠷᠤᠭ᠎ᠠ | ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠾᠧ ᠵᠠᠨ ᠫᠢᠩ ᠠᠴᠠ ᠡᠵᠡᠨ | ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠲᠤᠬᠠᠶ | ᠪᠥᠬᠦ ᠤᠯᠤᠰ ᠤᠨ 28 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ | ᠦᠢᠯᠡᠳᠪᠦᠷᠢᠯᠡᠯ ᠪᠥᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠤᠰᠢᠭᠤ ᠰᠢᠶᠠᠨ ᠬᠤᠲᠠ ᠲᠣᠭᠤᠷᠢᠭ ᠤᠨ | ᠰᠤᠷᠭᠠᠨ ᠬᠥᠮᠦᠵᠢᠯ ᠤᠨ ᠲᠣᠪᠴᠢᠶᠠᠨ ᠳᠠᠷᠤᠭ᠎ᠠ ᠨᠠᠷ ᠲᠠᠢ ᠲᠤᠷᠰᠢᠯᠭ᠎ᠠ ᠪᠠᠨ ᠬᠤᠪᠢᠶᠠᠯᠴᠠᠪᠠ᠃ | ᠬᠡᠳᠦᠨ ᠡᠳᠦᠷ ᠤᠨ ᠳᠠᠷᠠᠭ᠎ᠠ᠂ ︽ᠳᠤᠮᠳᠠᠳᠤ ᠤᠯᠤᠰ ᠤᠨ ᠪᠠᠭᠰᠢ︾ ᠰᠡᠳᠭᠦᠯ ᠤᠨ 2020 ᠣᠨ ᠤ 10 | ᠳ᠋ᠤᠭᠠᠷ ᠬᠤᠭᠤᠴᠠᠭ᠎ᠠ ᠳᠤ ︽ᠠᠭᠠᠵᠢᠮ ᠢᠶᠠᠷ ᠥᠭᠡᠷᠡᠴᠢᠯᠡᠯᠲᠡ ᠬᠢᠵᠦ ᠤᠤᠯ ᠤᠨ ᠮᠡᠷᠭᠡᠵᠢᠯ ᠤᠨ ᠴᠣᠯᠠ ᠤᠨ | ᠳᠦᠷᠢᠮ ᠳᠤ ᠪᠤᠴᠠᠭᠰᠠᠨ — ᠥᠪᠥᠷ ᠮᠣᠩᠭᠤᠯ ᠤᠨ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ | ᠪᠠᠭᠰᠢ ᠶᠢᠨ ᠮᠡᠷᠭᠡᠵᠢᠯ ᠤᠨ ᠴᠣᠯᠠ ᠶᠢᠨ ᠥᠭᠡᠷᠡᠴᠢᠯᠡᠯᠲᠡ ᠶᠢ ᠪᠠᠶᠢᠴᠠᠭᠠᠨ ᠰᠣᠳᠤᠯᠤᠭᠰᠠᠨ ᠨᠢ︾ ᠭᠡᠬᠦ ᠵᠣᠬᠢᠶᠠᠯ | ᠨᠡᠶᠢᠲᠡᠯᠡᠭᠳᠡᠪᠡ᠃ | ᠰᠤᠷᠭᠠᠨ ᠬᠥᠮᠦᠵᠢᠯ ᠤᠨ ᠬᠡᠪᠴᠢᠶᠡᠨ ᠳᠤ ᠬᠢ ᠤᠯᠤᠰ ᠤᠨ ᠲᠡᠰ ᠤᠨ ︽ᠶᠠᠷᠢᠶᠠᠨ ᠤ ᠲᠠᠪᠴᠠᠩ︾ ᠳᠤ ᠬᠤᠶᠠᠷ | ᠤᠳᠠᠭ᠎ᠠ ᠭᠠᠷᠤᠭᠰᠠᠨ ᠨᠢ ᠡᠨᠡ ᠬᠦ ᠨᠡᠭᠦᠷᠡᠰᠦᠨ ᠤ ᠡᠬᠢ ᠪᠠᠶᠠᠯᠢᠭ ᠢᠶᠠᠷ ᠢᠶᠠᠨ ᠠᠯᠳᠠᠷᠰᠢᠭᠰᠠᠨ ᠥᠪᠥᠷ ᠮᠣᠩᠭᠤᠯ ᠤᠨ | ᠣᠷᠳᠣᠰ ᠬᠤᠲᠠ ᠶᠢᠨ ᠬᠠᠷᠢᠶ᠎ᠠ ᠵᠢᠵᠢᠭ ᠬᠤᠲᠠ ᠳᠤ ᠠᠪᠴᠤ ᠬᠡᠯᠡᠪᠡᠯ᠂ ᠲᠡᠦᠬᠡᠨ ᠳᠤ ᠠᠩᠬ᠎ᠠ ᠤᠳᠠᠭ᠎ᠠ ᠶᠤᠮ᠃ | ᠬᠡᠳᠦᠨ ᠵᠢᠯ ᠤᠨ ᠡᠮᠦᠨ᠎ᠡ᠂ ᠵᠦᠪᠬᠡᠨ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ ᠳᠡᠪᠰᠢᠬᠦ ᠦᠶ᠎ᠡ ᠳᠤ 17% ᠶᠢᠨ ᠰᠤᠷᠤᠭᠴᠢ ᠡᠵᠡᠨ ᠬᠤᠷᠤᠭ᠎ᠠ ᠬᠤᠰᠢᠭᠤ ᠠᠴᠠ ᠣᠶᠢᠷᠠᠯᠴᠠᠭᠠᠬᠢ | ᠤᠷᠳᠤᠰ ᠬᠤᠲᠠ ᠶᠢᠨ ᠬᠢᠶ᠎ᠡ ᠪᠠᠭᠰᠢ ᠲᠣᠭᠤᠷᠢᠭ ᠤᠨ ᠰᠤᠷᠭᠠᠭᠤᠯᠢ ᠳᠤ ᠰᠢᠯᠵᠢᠨ ᠶᠠᠪᠤᠳᠠᠭ ᠪᠠᠶᠢᠵᠠᠢ᠃ ᠪᠥᠬᠦ | ᠬᠤᠲᠠ ᠶᠢᠨ ᠰᠤᠷᠭᠠᠨ ᠬᠥᠮᠦᠵᠢᠯ ᠤᠨ ᠵᠢᠭᠰᠠᠭᠠᠯᠲᠠ ᠳᠤ ᠡᠵᠡᠨ ᠬᠤᠷᠤᠭ᠎ᠠ ᠬᠤᠰᠢᠭᠤ ᠵᠢᠯ ᠪᠣᠯᠭᠠᠨ ᠪᠠᠷᠤᠭ ᠯᠠ | ᠠᠳᠠᠭ ᠲᠤ ᠣᠷᠤᠳᠠᠭ ᠪᠠᠶᠢᠪᠠ᠃ | ᠣᠷᠳᠣᠰ ᠤᠨ ︽ᠬᠠᠮᠤᠭ ᠤᠨ ᠠᠳᠠᠭ︾ ᠠᠴᠠ ᠪᠦᠬᠦ ᠤᠯᠤᠰ ᠤᠨ ᠰᠢᠶᠠᠨ ᠤ ᠬᠡᠪᠴᠢᠶᠡᠨ ᠤ ᠰᠤᠷᠭᠠᠨ | ᠬᠥᠮᠦᠵᠢᠯ ᠤᠨ ︽ᠲᠤᠷᠰᠢᠯᠲᠠ ᠶᠢᠨ ᠴᠡᠭ︾ ᠪᠣᠯᠤᠭᠰᠠᠨ ᠨᠢ ᠡᠵᠡᠨ ᠬᠤᠷᠤᠭ᠎ᠠ ᠬᠤᠰᠢᠭᠤᠨ ᠤ ᠰᠤᠷᠭᠠᠨ | ᠬᠥᠮᠦᠵᠢᠯ ᠤᠨ ᠥᠭᠡᠷᠡᠴᠢᠯᠡᠯᠲᠡ ᠴᠣᠬᠤᠮ ᠶᠠᠮᠠᠷ ᠨᠢᠭᠤᠴᠠ ᠲᠦᠯᠬᠢᠭᠦᠷ ᠢ ᠣᠯᠤᠭᠰᠠᠨ ᠪᠣᠯ︖ | | | ᠠᠵᠤ ᠠᠬᠤᠶ ᠬᠦᠴᠦᠷᠬᠡᠭ ᠰᠢᠶᠠᠨ ᠤ ᠰᠤᠷᠭᠠᠨ ᠬᠥᠮᠦᠵᠢᠯ ᠤᠨ ᠵᠣᠪᠠᠨᠢᠯ | 2016 ᠣᠨ ᠤ 11 ᠰᠠᠷ᠎ᠠ ᠶᠢᠨ 18 ᠤ ᠡᠳᠦᠷ᠂ ᠶᠤᠸᠠᠨ ᠴᠢᠩ ᠭᠦᠸᠧ ᠪᠠᠷ ᠡᠵᠡᠨ ᠬᠤᠷᠤᠭ᠎ᠠ | ᠬᠤᠰᠢᠭᠤᠨ ᠤ ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ ᠣᠷᠳᠣᠰ ᠬᠤᠲᠠ ᠳᠤ ᠬᠢ ᠬᠤᠶᠠᠳᠤᠭᠠᠷ ᠬᠠᠷᠢᠶᠠᠲᠤ | ᠰᠤᠷᠭᠠᠭᠤᠯᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠨᠢᠭᠡᠳᠦᠭᠡᠷ ᠭᠠᠷᠠᠭ ᠲᠤ 8 ᠪᠠᠭᠰᠢ | ᠲᠤᠰᠢᠶᠠᠯ ᠠᠴᠠ ᠪᠠᠨ ᠪᠠᠭᠤᠪᠠ᠃ ᠨᠢᠭᠡᠳᠦᠭᠡᠷ ᠰᠤᠷᠤᠯᠭ᠎ᠠ ᠶᠢᠨ ᠬᠤᠭᠤᠴᠠᠭ᠎ᠠ ᠳᠠᠭᠤᠰᠬᠤ ᠭᠡᠵᠦ ᠪᠠᠶᠢᠭᠰᠠᠨ ᠨᠢᠭᠡᠨ | ᠡᠳᠦᠷ ᠤᠨ ᠦᠳᠡ ᠶᠢᠨ ᠡᠮᠦᠨ᠎ᠡ᠂ ᠠᠯᠪᠠᠨ ᠭᠡᠷ ᠤᠨ ᠠᠰᠠᠷ ᠤᠨ ᠬᠤᠩᠬᠢᠯ ᠳᠤ ᠰᠤᠷᠭᠠᠭᠤᠯᠢ ᠰᠢᠯᠵᠢᠬᠦ ᠭᠠᠷ | ᠭᠦᠢᠴᠡᠳᠭᠡᠯ ᠬᠢᠬᠦ ᠪᠠᠷ ᠢᠷᠡᠭᠰᠡᠨ ᠭᠡᠷ ᠤᠨ ᠠᠬᠠᠮᠠᠳ ᠢᠶᠠᠷ ᠳᠦᠭᠦᠷᠪᠡ᠃ | ᠵᠢᠯ ᠪᠦᠷᠢ ᠪᠠᠭᠰᠢ ᠶᠢᠨ 35 % ᠨᠢ ᠰᠢᠯᠵᠢᠵᠦ᠂ ᠰᠤᠷᠤᠭᠴᠢᠳ ᠤᠨ 25 % ᠨᠢ ᠰᠢᠯᠵᠢᠪᠡ᠃ ᠶᠤᠸᠠᠨ | ᠴᠢᠩ ᠭᠦᠸᠧ ᠾᠧᠪᠧᠶ᠂ ᠰᠧᠴᠤᠸᠠᠨ᠂ ᠭᠤᠸᠠᠩᠰᠢ᠂ ᠵᠦᠬᠠᠶ᠂ ᠪᠡᠭᠡᠵᠢᠩ ᠵᠡᠷᠭᠡ ᠭᠠᠵᠠᠷ ᠢᠶᠠᠷ 22 ᠵᠢᠯ ᠪᠠᠭᠰᠢᠯᠠᠵᠤ | ᠶᠠᠪᠤᠬᠤ ᠳᠤ ᠪᠠᠨ ᠡᠶᠢᠮᠦᠷᠭᠦᠦ ᠬᠦᠴᠢᠷ ᠰᠤᠷᠭᠠᠭᠤᠯᠢ ᠲᠠᠢ ᠶᠡᠷᠦ ᠨᠢ ᠬᠠᠷᠭᠤᠵᠤ ᠥᠩᠭᠡᠷᠡᠭᠰᠡᠨ ᠦᠭᠡᠢ᠃ ᠡᠨᠡ ᠨᠢ | ᠦᠨᠡᠨ ᠳᠤ ᠪᠠᠨ ᠵᠦᠪᠬᠡᠨ ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠰᠤᠷᠭᠠᠭᠤᠯᠢ | ᠯᠠ ᠪᠢᠰᠢ᠂ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠤᠨ ︽ᠢᠯᠠᠭᠳᠠᠯ︾ ᠪᠠᠶᠢᠨ᠎ᠠ᠃ | ᠡᠵᠡᠨ ᠬᠤᠷᠤᠭ᠎ᠠ ᠬᠤᠰᠢᠭᠤ ᠪᠣᠯ ᠣᠷᠳᠣᠰ ᠬᠤᠲᠠ ᠶᠢᠨ ᠭᠤᠤᠯ ᠲᠣᠭᠤᠷᠢᠭ ᠤᠨ ᠴᠢᠬᠤᠯᠠ ᠪᠦᠷᠢᠯᠳᠦᠬᠦᠨ | ᠬᠡᠰᠡᠭ ᠪᠣᠯᠤᠨ᠎ᠠ᠂ ᠨᠡᠷᠡᠲᠡᠶ ᠬᠢᠶ᠎ᠠ ᠪᠠᠭᠰᠢ ᠲᠣᠭᠤᠷᠢᠭ ᠲᠠᠢ ᠭᠤᠣᠯ ᠠᠯᠤᠰᠯᠠᠨ ᠪᠠᠷᠠᠭᠠᠯᠠᠯᠴᠠᠵᠤ ᠪᠠᠶᠢᠨ᠎ᠠ᠃ ᠪᠦᠬᠦ | ᠤᠯᠤᠰ ᠤᠨ ᠭᠤᠷᠪᠠᠳᠤᠭᠠᠷ ᠨᠡᠭᠦᠷᠡᠰᠦ ᠦᠢᠯᠡᠳᠪᠦᠷᠢᠯᠡᠬᠦ ᠲᠣᠮᠤ ᠰᠢᠶᠠᠨ ᠪᠠ ᠤᠯᠤᠰ ᠤᠨ ᠡᠨᠧᠷᠭᠢ ᠶᠢᠨ ᠴᠢᠬᠤᠯᠠ | ᠪᠠᠶᠢᠯᠳᠤᠬᠤ ᠪᠣᠳᠣᠯᠭ᠎ᠠ ᠶᠢᠨ ᠰᠠᠭᠤᠷᠢᠨ ᠭᠠᠵᠠᠷ ᠤᠨ ᠨᠢᠭᠡ ᠪᠣᠯᠤᠭᠰᠠᠨ ᠤ ᠬᠤᠪᠢ ᠳᠤ᠂ ᠨᠡᠭᠦᠷᠡᠰᠦ᠂ ᠪᠠᠶᠢᠭᠠᠯᠢ ᠶᠢᠨ | ᠰᠢᠲᠠᠮᠠᠬᠠᠶ ᠬᠡᠢ᠂ ᠲᠣᠰᠣᠨ ᠵᠠᠨᠠᠷ ᠤᠨ ᠴᠢᠯᠠᠭᠤᠯᠢᠭ ᠵᠡᠷᠭᠡ ᠡᠬᠢ ᠪᠠᠶᠠᠯᠢᠭ ᠡᠯᠪᠡᠭ ᠳᠡᠯᠪᠡᠭ ᠢᠶᠠᠷ ᠢᠶᠠᠨ ᠠᠵᠤ | ᠠᠬᠤᠶ ᠶᠢᠨ ᠬᠦᠴᠦᠷᠬᠡᠭ ᠰᠢᠶᠠᠨ ᠪᠣᠯᠵᠠᠶ᠃ | 2019 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 731.81 ᠳ᠋ᠦᠩᠰᠢᠭᠤᠷ | ᠲᠥᠭᠦᠷᠢᠭ ᠲᠤ ᠬᠦᠷᠴᠦ᠂ ᠪᠦᠬᠦ ᠬᠤᠳᠠ ᠳᠤ ᠪᠠᠨ ᠬᠤᠶᠠᠳᠤᠭᠠᠷ ᠲᠤ ᠣᠷᠣᠪᠠ︔ ᠣᠷᠣᠨ ᠨᠤᠲᠤᠭ ᠤᠨ ᠡᠳ᠋ ᠤᠨ | ᠵᠠᠰᠠᠭ ᠤᠨ ᠶᠡᠷᠦᠩᠬᠡᠶ ᠣᠷᠣᠯᠭ᠎ᠠ 263.72 ᠳ᠋ᠦᠩᠰᠢᠭᠤᠷ ᠲᠥᠭᠦᠷᠢᠭ ᠲᠤ ᠬᠦᠷᠴᠦ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠬᠤᠶᠠᠳᠤᠭᠠᠷ ᠪᠠ ᠪᠥᠬᠦ ᠬᠤᠲᠠ ᠳᠤ ᠪᠠᠨ ᠬᠤᠶᠠᠳᠤᠭᠠᠷ ᠲᠤ ᠣᠷᠣᠪᠠ︔ | ︽2019 ᠳᠤᠮᠳᠠᠳᠤ ᠤᠯᠤᠰ ᠤᠨ ᠪᠠᠷᠠᠭᠤᠨ ᠪᠦᠰᠡ ᠶᠢᠨ ᠵᠠᠭᠤᠨ ᠬᠦᠴᠦᠷᠬᠡᠭ ᠰᠢᠶᠠᠨ ᠬᠤᠲᠠ︾ ᠶᠢᠨ | ᠬᠤᠶᠠᠳᠤᠭᠠᠷ ᠲᠤ ᠣᠷᠤᠪᠠ᠃ | ᠠᠵᠤ ᠠᠬᠤᠢ ᠶᠢᠨ ᠬᠢᠷᠢ ᠪᠦᠲᠦᠮᠵᠢ ᠥᠨᠳᠦᠷ᠂ ᠠᠮᠢ ᠠᠬᠤᠶ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠲᠠᠯ᠎ᠠ ᠪᠠᠷ ᠴᠤ ᠥᠩᠭᠡ ᠦᠵᠡᠮᠵᠢᠲᠡᠢ ᠡᠲᠡᠭᠡᠳ ᠭᠤᠶᠤ ᠪᠠᠶᠢᠵᠤ᠂ ᠤᠷᠢᠳ ᠬᠤᠵᠢᠳ ︽ᠳᠤᠮᠳᠠᠳᠤ ᠤᠯᠤᠰ ᠤᠨ | ᠠᠷᠪᠠᠨ ᠰᠢᠯᠢᠳᠡᠭ ᠪᠣᠬᠢᠷᠲᠤᠯ ᠥᠬᠡᠶ ᠬᠤᠲᠠ︾᠂ ︽ᠳᠤᠮᠳᠠᠳᠤ ᠤᠯᠤᠰ ᠤᠨ ᠪᠣᠬᠢᠷᠲᠤᠯ ᠥᠬᠡᠶ ᠶᠢᠨ ᠨᠠᠷᠠᠲᠤ ᠬᠤᠰᠢᠭᠤ︾ | ᠪᠠ ︽ᠤᠯᠤᠰ ᠤᠨ ᠴᠡᠴᠡᠷᠯᠢᠭᠲᠦ ᠰᠢᠶᠠᠨ ᠤ ᠬᠤᠲᠠ︾ ᠵᠡᠷᠭᠡ ᠢᠷᠠᠭᠤ ᠠᠯᠳᠠᠷ ᠢ ᠭᠥᠷᠳᠡᠪᠡ᠃ | ᠡᠵᠡᠨ ᠬᠤᠷᠤᠭ᠎ᠠ ᠬᠤᠰᠢᠭᠤ ᠪᠣᠯ ᠳᠡᠯᠡᠬᠡᠶ ᠶᠢᠨ ᠮᠣᠩᠭᠤᠯᠴᠤᠳ ᠤᠨ ᠤᠯᠠᠮᠵᠢᠯᠠᠯᠲᠤ ᠶᠣᠰᠣ ᠵᠠᠩᠰᠢᠯ ᠬᠠᠮᠤᠭ | ᠤᠨ ᠪᠦᠷᠢᠨ ᠪᠦᠲᠦᠨ ᠬᠠᠳᠠᠭᠠᠯᠠᠭᠳᠠᠭᠰᠠᠨ ᠭᠠᠵᠠᠷ ᠣᠷᠣᠨ ᠪᠣᠯᠤᠨ᠎ᠠ᠃ ᠮᠢᠩᠭᠠᠨ ᠵᠢᠯ ᠤᠯᠠᠮᠵᠢᠯᠠᠭᠳᠠᠭᠰᠠᠨ ︽ᠴᠢᠩᠭᠢᠰ | ᠬᠠᠭᠠᠨ ᠤ ᠲᠠᠬᠢᠯᠭ᠎ᠠ︾ ᠪᠣᠯᠤᠨ ᠥᠨᠢ ᠤᠳᠠᠭᠠᠨ ᠤᠯᠠᠮᠵᠢᠯᠠᠭᠳᠠᠭᠰᠠᠨ ︽ᠣᠷᠳᠣᠰ ᠬᠤᠷᠢᠮ︾ ᠨᠢ ᠠᠩᠬᠠᠳᠠᠭᠴᠢ | ᠪᠥᠯᠦᠭ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠲᠤ ᠲᠡᠮᠳᠡᠭᠯᠡᠭᠳᠡᠵᠡᠶ᠃ | | | | ᠤᠯᠠᠭᠠᠨᠮᠦ᠋ᠷᠡᠨ ᠤ ᠡᠷᠭᠢ ᠳᠤ ᠬᠢ ᠡᠵᠡᠨ ᠬᠤᠷᠤᠭ᠎ᠠ | | | | ᠣᠴᠢᠭᠰᠠᠨ ᠬᠥᠮᠦᠨ ᠪᠦᠷᠢ ᠰᠠᠯᠬᠤ ᠳᠤᠷ᠎ᠠ ᠦᠭᠡᠢ ᠡᠶᠢᠮᠦ ᠨᠢᠭᠡᠨ ᠵᠢᠵᠢᠭ ᠬᠤᠲᠠ ᠮᠠᠨᠢ ᠭᠡᠷ ᠤᠨ | ᠠᠬᠠᠮᠠᠳ ᠤᠨ ᠭᠤᠮᠣᠳᠠᠯ ᠤᠨ ᠳᠠᠭᠤᠨ ᠢᠶᠠᠷ ᠳᠦᠭᠦᠷᠦᠭᠰᠡᠨ᠂ ᠰᠤᠷᠤᠭᠴᠢᠳ ᠰᠠᠯᠵᠤ ᠶᠠᠪᠤᠶ᠎ᠠ ᠭᠡᠵᠦ ᠰᠠᠨᠠᠳᠠᠭ ᠭᠠᠵᠠᠷ | ᠪᠣᠯᠪᠠ᠃ 2015 ᠣᠨ ᠢᠶᠠᠷ ᠵᠢᠱᠢᠶᠡᠯᠡᠪᠡᠯ᠂ ᠡᠵᠡᠨ ᠬᠤᠷᠤᠭ᠎ᠠ ᠬᠤᠰᠢᠭᠤᠨ ᠳᠤ ᠬᠡᠦᠬᠡᠳ ᠤᠨ ᠴᠡᠴᠡᠷᠯᠢᠭ 27᠂ | ᠳᠤᠮᠳᠠᠳᠤ ᠰᠤᠷᠭᠠᠭᠤᠯᠢ ᠪᠠ ᠪᠠᠭ᠎ᠠ ᠰᠤᠷᠭᠠᠭᠤᠯᠢ 26᠂ ᠰᠤᠷᠭᠠᠭᠤᠯᠢ ᠳᠤ ᠰᠤᠷᠤᠯᠴᠠᠵᠤ ᠪᠠᠶᠢᠭ᠎ᠠ | ᠰᠤᠷᠤᠭᠴᠢ 24896 ᠪᠠᠶᠢᠪᠠ᠃ ᠵᠥᠪᠬᠡᠨ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ ᠳᠡᠪᠰᠢᠬᠦ ᠳᠤ ᠬᠦᠨᠳᠦ ᠨᠣᠴᠢᠲᠠᠢ ᠦᠶ᠎ᠡ ᠳᠤ ᠰᠤᠷᠤᠭᠴᠢᠳ ᠤᠨ ᠰᠢᠯᠵᠢᠬᠦ ᠨᠣᠷᠮ᠎ᠠ ᠨᠢ 17% ᠳᠤ | ᠬᠦᠷᠴᠡᠶ᠃ | ᠰᠢᠯᠵᠢᠭᠰᠡᠨ ᠰᠤᠷᠤᠭᠴᠢ ᠶᠢᠨ ᠣᠯᠠᠩᠬᠢ ᠨᠢ ᠣᠶᠢᠷ᠎ᠠ ᠬᠠᠪᠢ ᠶᠢᠨ ᠬᠢᠶ᠎ᠠ ᠪᠠᠭᠰᠢ ᠲᠣᠭᠤᠷᠢᠭ ᠪᠤᠶᠤ | ᠳ᠋ᠦᠩᠱᠧᠩ ᠲᠣᠭᠤᠷᠢᠭ ᠤᠨ ᠰᠤᠷᠭᠠᠭᠤᠯᠢ ᠳᠤ ᠣᠴᠢᠳᠠᠭ᠃ ᠰᠤᠷᠤᠯᠴᠠᠬᠤ ᠳᠤ ᠨᠢ ᠬᠠᠨᠢ ᠪᠣᠯᠬᠤ ᠶᠢᠨ ᠲᠥᠯᠥᠭᠡ | ᠭᠡᠷ ᠤᠨ ᠠᠬᠠᠮᠠᠳᠴᠤᠳ ᠨᠢ ᠬᠢᠶ᠎ᠠ ᠪᠠᠭᠰᠢ ᠲᠣᠭᠤᠷᠢᠭ ᠪᠤᠶᠤ ᠳ᠋ᠦᠩᠱᠧᠩ ᠲᠣᠭᠤᠷᠢᠭ ᠠᠴᠠ ᠭᠡᠷ ᠬᠤᠳᠠᠯᠳᠤᠨ | ᠠᠪᠬᠤ ᠪᠤᠶᠤ ᠭᠡᠷ ᠲᠦᠷᠢᠶᠡᠰᠦᠯᠡᠵᠦ᠂ ᠬᠡᠦᠬᠡᠳ ᠢᠶᠠᠨ ᠰᠤᠷᠭᠠᠭᠤᠯᠢ ᠲᠡᠭᠦᠰᠲᠡᠯ᠎ᠡ ᠬᠤᠶᠠᠷ ᠲᠡᠶᠢᠰᠢ ᠭᠦᠶᠦᠳᠡᠭ᠃ | 2015 ᠣᠨ ᠳᠤ᠂ ᠬᠢᠶ᠎ᠠ ᠪᠠᠭᠰᠢ ᠲᠣᠭᠤᠷᠢᠭ ᠪᠣᠯᠤᠨ ᠳ᠋ᠦᠩᠱᠧᠩ ᠤᠨ ᠲᠠᠸᠠᠷ ᠤᠨ ᠭᠡᠷ ᠤᠨ ᠳᠤᠮᠳᠠᠴᠢ ᠦᠨ᠎ᠡ ᠨᠢ | ᠺᠦᠸᠠᠳ᠋ ᠮᠧᠲᠷ ᠲᠤ ᠪᠠᠨ 4000 ᠲᠥᠭᠦᠷᠢᠭ ᠢ ᠳᠠᠪᠠᠵᠤ᠂ ᠥᠰᠬᠦ ᠬᠠᠨᠳᠤᠰᠢ ᠲᠠᠢ ᠪᠣᠯᠪᠠ᠂ ᠡᠵᠡᠨ ᠬᠤᠷᠤᠭ᠎ᠠ | ᠬᠤᠰᠢᠭᠤᠨ ᠤ ᠰᠤᠷᠤᠭᠴᠢᠳ ᠤᠨ ᠭᠡᠷ ᠤᠨ ᠠᠬᠠᠮᠠᠳ ᠭᠠᠳᠠᠨ᠎ᠠ ᠣᠷᠣᠨ ᠠᠴᠠ ᠰᠠᠭᠤᠷᠢ ᠰᠤᠷᠭᠠᠨ ᠬᠥᠮᠦᠵᠢᠯ ᠢ | ᠬᠤᠳᠠᠯᠳᠤᠨ ᠠᠪᠴᠤ᠂ ᠬᠤᠪᠢ ᠶᠢᠨ ᠭᠠᠳᠠᠨᠠᠬᠢ ᠠᠵᠤ ᠠᠬᠤᠢ ᠶᠢᠨ ᠳᠠᠷᠤᠯᠲᠠ ᠶᠢ ᠬᠦᠯᠢᠶᠡᠵᠦ᠂ ᠪᠡᠶ᠎ᠡ ᠰᠡᠳᠬᠢᠯ ᠢᠶᠠᠨ | ᠵᠦᠳᠡᠭᠡᠪᠡ᠃ | ᠨᠢᠭᠡ ᠲᠠᠯ᠎ᠠ ᠪᠠᠷ ᠰᠤᠷᠤᠭᠴᠢ ᠭᠠᠳᠠᠨ᠎ᠠ ᠣᠷᠣᠨ ᠲᠡᠶᠢᠰᠢ ᠰᠤᠷᠭᠠᠭᠤᠯᠢ ᠰᠢᠯᠵᠢᠵᠦ᠂ ᠨᠥᠭᠦᠭᠡ ᠲᠠᠯ᠎ᠠ ᠪᠠᠷ | ᠰᠢᠯᠢᠳᠡᠭ ᠪᠠᠭᠰᠢ ᠨᠠᠷ ᠴᠦ ᠠᠵᠢᠯ ᠢᠶᠠᠨ ᠰᠣᠯᠢᠵᠤ ᠵᠠᠰᠠᠭ ᠵᠠᠬᠢᠷᠭᠠᠨ ᠤ ᠨᠢᠭᠡᠴᠢ ᠳᠤ ᠣᠴᠢᠬᠤ ᠨᠢ ᠠᠭᠠᠵᠢᠮ ᠢᠶᠠᠷ | ᠨᠢᠭᠡ ᠵᠦᠢᠯ ᠤᠨ ᠠᠵᠢᠯ ᠤᠨ ᠬᠠᠨᠳᠤᠰᠢ ᠪᠣᠯᠪᠠ᠃ | ︽ᠬᠤᠰᠢᠭᠤᠨ ᠤ ᠬᠤᠶᠠᠷ ᠬᠤᠷᠠᠯ ᠳᠤ ᠵᠢᠯ ᠪᠣᠯᠭᠠᠨ ᠰᠤᠷᠭᠠᠨ ᠬᠥᠮᠦᠵᠢᠯ ᠤᠨ ᠲᠠᠯ᠎ᠠ ᠪᠠᠷ ᠮᠤᠬᠤᠲᠠᠯᠠ | ᠵᠢᠮᠡᠯᠡᠭᠳᠡᠪᠡ︾ ᠭᠡᠵᠦ ᠾᠧ ᠵᠠᠨ ᠫᠢᠩ ᠶᠠᠷᠢᠪᠠ᠃ | ᠥᠩᠭᠡᠷᠡᠭᠰᠡᠨ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠪᠠᠷᠢᠵᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠪᠠᠶᠢᠳᠠᠯ ᠠᠴᠠ ᠦᠵᠡᠪᠡᠯ᠂ ᠡᠵᠡᠨ ᠬᠤᠷᠤᠭ᠎ᠠ ᠬᠤᠰᠢᠭᠤ ᠢᠮᠠᠭᠲᠠ ᠰᠤᠷᠭᠠᠨ ᠬᠥᠮᠦᠵᠢᠯ ᠢ | ᠬᠦᠨᠳᠦᠳᠭᠡᠵᠦ᠂ ᠲᠥᠬᠦᠭᠡᠷᠦᠮᠵᠢ ᠣᠷᠤᠭᠤᠯᠤᠭᠰᠠᠨ ᠭᠡᠪᠴᠢᠶ᠎ᠡ᠂ ᠰᠤᠷᠤᠭᠴᠢ ᠪᠦᠷᠢ ᠳᠤ ᠨᠣᠭᠳᠠᠬᠤ ᠪᠠᠭᠰᠢ ᠪᠣᠯᠤᠨ | ᠪᠠᠭᠰᠢ ᠶᠢᠨ ᠴᠠᠯᠢᠩ ᠤᠨ ᠲᠦᠪᠰᠢᠨ ᠨᠢ ᠪᠦᠷ ᠤᠷᠳᠤᠰ ᠬᠤᠲᠠ ᠶᠢᠨ ᠡᠮᠦᠨ᠎ᠡ ᠨᠡᠷ᠎ᠡ ᠳᠤ ᠪᠠᠶᠢᠪᠠ᠃ ᠪᠠᠭᠰᠢ | ᠠᠵᠢᠯᠲᠠᠨ ᠠᠵᠢᠯᠴᠢᠨ ᠤ ᠴᠠᠯᠢᠩ ᠢᠶᠠᠷ ᠵᠢᠱᠢᠶᠡᠯᠡᠭᠰᠡᠨ ᠴᠦ 2015 ᠣᠨ ᠳᠤ ᠣᠷᠳᠣᠰ ᠬᠤᠲᠠ ᠶᠢᠨ ᠪᠠᠭᠰᠢ | ᠠᠵᠢᠯᠲᠠᠨ ᠠᠵᠢᠯᠴᠢᠨ ᠤ ᠬᠥᠮᠦᠨ ᠪᠦᠷᠢ ᠶᠢᠨ ᠳᠤᠮᠳᠠᠴᠢ ᠬᠢᠷᠢ ᠪᠦᠲᠦᠮᠵᠢ ᠶᠢᠨ ᠴᠠᠯᠢᠩ 1.9 ᠲᠦᠮᠡᠨ ᠲᠥᠭᠦᠷᠢᠭ | ᠪᠠᠶᠢᠬᠤ ᠳᠤ᠂ ᠡᠵᠡᠨ ᠬᠤᠷᠤᠭ᠎ᠠ ᠬᠤᠰᠢᠭᠤ ᠬᠠᠷᠢᠨ 2.2 ᠲᠥᠮᠡᠨ ᠲᠥᠭᠦᠷᠢᠭ ᠪᠠᠶᠢᠪᠠ᠃ | ᠪᠡᠯᠡ ᠣᠷᠣᠭᠤᠯᠤᠯᠲᠠ ᠰᠠᠶᠢᠨ ᠴᠦ ᠦᠷ᠎ᠡ ᠪᠦᠲᠦᠮᠵᠢ ᠠᠨᠠᠢ᠂ ᠠᠳᠡᠬᠢ ᠰᠤᠷᠭᠠᠨ ᠬᠥᠮᠦᠵᠢᠯ ᠶᠠᠭᠠᠬᠢᠭᠰᠠᠨ | ᠪᠤᠢ︖ ᠡᠨᠡ ᠪᠣᠯ ᠡᠵᠡᠨ ᠬᠤᠷᠤᠭ᠎ᠠ ᠬᠤᠰᠢᠭᠤᠨ ᠤ ᠬᠥᠮᠦᠨ ᠨᠢᠭᠡ ᠪᠦᠷᠢ ᠶᠢᠨ ᠡᠮᠦᠨ᠎ᠡ ᠲᠠᠯᠪᠢᠭᠳᠠᠭᠰᠠᠨ | ᠠᠰᠠᠭᠤᠬᠤ ᠲᠡᠮᠳᠡᠭ ᠪᠣᠯᠤᠨ᠎ᠠ᠃ | ᠮᠡᠳᠡᠯᠭᠡ ᠲᠠᠢ ᠬᠥᠮᠦᠰ ᠠᠴᠠ ᠪᠠᠶᠢᠭᠤᠯᠤᠯ ᠲᠣᠭᠲᠠᠴᠠ ᠳᠤ ᠠᠰᠠᠭᠤᠳᠠᠯ ᠭᠠᠷᠴᠠᠶ ᠭᠡᠵᠦ ᠳ᠋ᠦᠩᠨᠡᠪᠡ᠃ | 2005 ᠣᠨ ᠳᠤ ᠰᠢᠶᠠᠩ ᠢ ᠬᠠᠰᠤᠵᠤ ᠪᠠᠯᠭᠠᠰᠤ ᠪᠣᠯᠭᠠᠨ ᠨᠡᠶᠢᠯᠡᠭᠦᠯᠦᠭᠰᠡᠨ ᠠᠴᠠ ᠨᠠᠭᠠᠰᠢ᠂ ᠦᠨᠳᠦᠰᠦᠨ | ᠱᠠᠲᠤᠨ ᠤ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠶᠡᠭᠡ ᠬᠡᠮᠵᠢᠶ᠎ᠡ ᠪᠠᠷ ᠬᠤᠲᠠ ᠪᠠᠯᠭᠠᠰᠤᠨ ᠤ | ᠰᠤᠷᠭᠠᠭᠤᠯᠢ ᠳᠤ ᠰᠢᠯᠵᠢᠵᠦ᠂ ᠪᠠᠭᠰᠢ ᠶᠢᠨ ᠡᠩᠨᠡᠭᠡᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠰᠤᠯᠠᠷᠠᠭᠤᠯᠬᠤ | ᠶᠢᠨ ᠬᠠᠮᠲᠤ ᠪᠠᠭᠰᠢ ᠠᠵᠢᠯᠲᠠᠨ ᠠᠵᠢᠯᠴᠢᠨ ᠤ ᠶᠡᠷᠦᠩᠬᠡᠶ ᠬᠡᠮᠵᠢᠶ᠎ᠡ ᠪᠠᠷᠢᠮᠵᠢᠶ᠎ᠠ ᠠᠴᠠ ᠳᠠᠪᠠᠵᠤ᠂ ᠪᠥᠲᠦᠴᠡ ᠨᠢ | ᠲᠡᠩᠴᠡᠭᠦᠷᠢ ᠪᠠᠨ ᠠᠯᠳᠠᠵᠠᠶ᠃ ᠨᠦᠬᠦᠭᠡ ᠲᠠᠯ᠎ᠠ ᠪᠠᠷ᠂ ︽ᠤᠯᠠᠨ ᠤ ᠪᠤᠶᠠᠨ ᠢᠶᠠᠷ ᠣᠨᠳᠤᠷᠬᠤ︾᠂ ︽ᠲᠡᠭᠰᠢᠳᠬᠡᠬᠦ ᠦᠵᠡᠯ︾ | ᠳᠡᠯᠭᠡᠷᠡᠵᠦ᠂ ᠬᠢᠬᠦ ᠬᠢᠭᠡᠳ ᠬᠢᠬᠦ ᠦᠭᠡᠢ ᠡᠭᠡᠭᠡ ᠠᠳᠠᠯᠢ᠂ ᠰᠠᠶᠢᠨ ᠬᠢᠬᠦ ᠬᠢᠭᠡᠳ ᠮᠠᠭᠤ ᠬᠢᠬᠦ ᠵᠦᠷᠢᠶ᠎ᠡ ᠦᠭᠡᠢ᠂ | ᠬᠢᠴᠢᠶᠡᠯ ᠤᠨ ᠲᠠᠶᠢᠰᠠᠨ ᠳᠤ ᠭᠠᠷᠬᠤ ᠪᠠ ᠦᠯᠦ ᠭᠠᠷᠬᠤ ᠨᠢ ᠴᠦ ᠠᠳᠠᠯᠢᠬᠠᠨ ᠭᠡᠵᠦ ᠦᠵᠡᠬᠦ ᠪᠣᠯᠵᠠᠢ᠃ ᠡᠨᠡ ᠨᠢ | ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠤᠨ ᠡᠮᠵᠡᠭ ᠪᠣᠯᠬᠤ ᠪᠠᠷ ᠪᠠᠷᠠᠬᠤ ᠦᠭᠡᠢ ᠨᠡᠩ ᠴᠤ ᠪᠦᠬᠦ | ᠤᠯᠤᠰ ᠤᠨ ᠰᠤᠷᠭᠠᠨ ᠬᠥᠮᠦᠵᠢᠯ ᠤᠨ ᠰᠢᠷᠬ᠎ᠠ ᠪᠣᠯᠤᠨ᠎ᠠ᠃ | ᠡᠩᠨᠡᠭᠡ ᠵᠣᠭᠰᠤᠩᠭᠤᠶᠢᠷᠠᠵᠤ᠂ ᠠᠮᠢᠵᠢᠷᠠᠯ ᠤᠨ ᠬᠦᠴᠦᠨ ᠳᠣᠷᠤᠶᠢᠲᠠᠨ᠂ ᠠᠵᠢᠯ ᠳᠤ ᠪᠠᠨ ᠬᠤᠶᠢᠷᠭᠤᠰᠢᠵᠤ᠂ | ᠰᠢᠯᠢᠳᠡᠭ ᠪᠠᠭᠰᠢ ᠪᠣᠯᠤᠨ ᠰᠢᠯᠢᠳᠡᠭ ᠰᠤᠷᠤᠭᠴᠢ ᠶᠢᠨ ᠢᠷᠡᠯ ᠬᠤᠤᠰ ᠴᠢᠭᠯᠡᠯ ᠢᠶᠠᠷ ᠠᠯᠳᠠᠭᠳᠠᠨ᠂ ᠡᠯ᠎ᠡ ᠵᠦᠢᠯ ᠤᠨ | ᠨᠠᠵᠠᠭᠠᠶ ᠨᠥᠯᠦᠭᠡ ᠬᠤᠶᠢᠨ᠎ᠠ ᠬᠤᠶᠢᠨ᠎ᠠ ᠠᠴᠠ ᠪᠠᠨ ᠵᠠᠯᠭᠠᠵᠤ᠂ ᠬᠤᠶᠢᠷᠭᠤ ᠣᠷᠴᠢᠯ ᠨᠢ ᠬᠡᠪ ᠤᠨ ᠣᠷᠴᠢᠯ ᠢ | ᠭᠠᠳᠠᠭᠤᠷᠬᠠᠬᠤ ᠳᠤ ᠬᠦᠷᠪᠡ᠃ | ᠪᠠᠶᠢᠭᠤᠯᠤᠯ ᠲᠣᠭᠲᠠᠴᠠ ᠶᠢᠨ ᠠᠰᠠᠭᠤᠳᠠᠯ ᠳᠤ ᠴᠢᠭᠯᠡᠭᠦᠯᠦᠨ᠂ ᠡᠵᠡᠨ ᠬᠤᠷᠤᠭ᠎ᠠ ᠬᠤᠰᠢᠭᠤ ᠤᠷᠢᠳ ᠬᠤᠵᠢᠳ | ᠣᠯᠠᠨ ᠵᠦᠢᠯ ᠤᠨ ᠠᠷᠭ᠎ᠠ ᠬᠡᠮᠵᠢᠶ᠎ᠡ ᠠᠪᠤᠭᠰᠠᠨ ᠪᠣᠯᠪᠠᠴᠤ ᠣᠯᠠᠩᠬᠢ ᠨᠢ ᠰᠦᠷ ᠲᠠᠲᠠᠭᠠᠳ ᠦᠷ᠎ᠡ ᠠᠰᠢᠭ ᠦᠭᠡᠢ | ᠪᠠᠶᠢᠵᠤ᠂ ᠳᠣᠷᠭᠤᠨ ᠳᠤᠲᠠᠭᠤ ᠵᠣᠭᠰᠤᠪᠠ᠃ | ᠰᠤᠷᠭᠠᠨ ᠬᠥᠮᠦᠵᠢᠯ ᠪᠣᠯ ᠨᠢᠭᠡ ᠭᠠᠵᠠᠷ ᠣᠷᠣᠨ ᠤ ᠳᠠᠭᠠᠭᠠᠮᠠᠭᠠᠢ ᠬᠥᠭᠵᠢᠬᠦ ᠶᠢᠨ ᠴᠢᠬᠤᠯᠠ ᠭᠧᠨ ᠪᠣᠯᠤᠨ᠎ᠠ᠃ | ᠰᠤᠷᠭᠠᠨ ᠬᠥᠮᠦᠵᠢᠯ ᠢ ᠲᠠᠶᠠᠭᠳᠠᠬᠤ ᠨᠢ ᠢᠷᠡᠭᠡᠳᠦᠢ ᠪᠠᠨ ᠲᠠᠶᠠᠭᠳᠠᠭᠰᠠᠨ ᠲᠠᠢ ᠠᠳᠠᠯᠢ ᠶᠤᠮ᠃ | ᠰᠤᠷᠭᠠᠨ ᠬᠥᠮᠦᠵᠢᠯ ᠤᠨ ᠰᠠᠨᠠᠭᠠᠴᠢᠯᠠᠭᠠᠲᠤ ᠪᠤᠰᠤ ᠪᠠᠶᠢᠳᠠᠯ ᠢ ᠲᠦᠢᠯᠪᠤᠷᠢᠲᠠᠶ ᠬᠤᠪᠢᠷᠠᠭᠤᠯᠵᠤ᠂ ᠣᠯᠠᠨ | ᠲᠦᠮᠡᠨ ᠳᠤ ᠬᠠᠨᠤᠮᠵᠢᠲᠠᠶ ᠬᠠᠷᠢᠭᠤᠯᠲᠠ ᠥᠭᠬᠦ ᠶᠢᠨ ᠲᠥᠯᠦᠭᠡ᠂ ᠡᠵᠡᠨ ᠬᠤᠷᠤᠭ᠎ᠠ ᠬᠤᠰᠢᠭᠤᠨ ᠠᠴᠠ | ᠡᠬᠢᠨ ᠠᠴᠠ ᠨᠢ ᠠᠳᠠᠭ ᠲᠤ ᠨᠢ ᠲᠤᠯᠲᠠᠯ᠎ᠠ᠂ ᠭᠠᠳᠠᠨ᠎ᠠ ᠠᠴᠠ ᠳᠣᠲᠤᠭᠰᠢ᠂ ᠣᠳᠤ ᠠᠴᠠ ᠢᠷᠡᠭᠡᠳᠦᠢ ᠵᠦᠭ᠂ ᠨᠢᠭᠡ | ᠤᠳᠠᠭᠠᠨ ᠤ ᠲᠡᠦᠬᠡᠲᠦ ᠴᠢᠨᠠᠷᠲᠠᠢ ︽ᠶᠡᠭᠡ ᠮᠡᠰᠡ ᠵᠠᠰᠠᠯ︾ ᠬᠢᠬᠦ ᠪᠠᠷ ᠵᠣᠷᠢᠭ ᠰᠢᠢᠳᠪᠡ᠃ | | | ᠶᠡᠭᠡ ᠮᠡᠰᠡ ᠵᠠᠰᠠᠯ ᠳᠤ ᠤᠷᠢᠳ ᠢᠶᠠᠷ ᠬᠠᠮᠢᠭ᠎ᠠ ᠠᠴᠠ ᠨᠢ ᠬᠢᠲᠤᠭ᠎ᠠ ᠳᠦᠷᠦᠬᠦ ᠪᠣᠶ | ᠡᠨᠡ ᠨᠢ ᠵᠥᠪᠬᠡᠨ ᠡᠵᠡᠨ ᠬᠤᠷᠤᠭ᠎ᠠ ᠬᠤᠰᠢᠭᠤᠨ ᠤ ︽ᠶᠡᠭᠡ ᠮᠡᠰᠡ ᠵᠠᠰᠠᠯ︾ ᠲᠡᠳᠦᠶ ᠪᠢᠰᠢ᠂ ᠪᠦᠬᠦ | ᠤᠯᠤᠰ ᠤᠨ ᠰᠢᠶᠠᠨ ᠤ ᠬᠡᠪᠴᠢᠶᠡᠨ ᠤ ᠰᠤᠷᠭᠠᠨ ᠬᠥᠮᠦᠵᠢᠯ ᠤᠨ ᠬᠦᠷᠢᠶᠡᠨ ᠳᠤ ᠡᠶᠢᠮᠦ ᠬᠡᠪᠴᠢᠶᠡᠨ ᠤ ᠪᠠ ᠡᠶᠢᠮᠦ | ᠡᠷᠴᠢᠮᠲᠦ ᠥᠭᠡᠷᠡᠴᠢᠯᠡᠯᠲᠡ ᠲᠡᠶᠢᠮᠦ ᠤᠯᠠᠨ ᠪᠢᠰᠢ ᠶᠤᠮ᠃ ᠥᠭᠡᠷᠡᠴᠢᠯᠡᠯᠲᠡ ᠬᠡᠷᠪᠡ ᠨᠢᠭᠡ ᠯᠡ ᠳᠡᠭᠡᠷ᠎ᠡ ᠠᠮᠵᠢᠯᠲᠠ | ᠣᠯᠪᠠᠯ᠂ ᠮᠠᠨ ᠤ ᠤᠯᠤᠰ ᠤᠨ ᠰᠢᠶᠠᠨ ᠤ ᠬᠡᠪᠴᠢᠶᠡᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠠᠶᠢᠯᠲᠠ | ᠪᠠ ᠲᠤᠷᠰᠢᠯᠲᠠ ᠪᠣᠯᠤᠨ᠎ᠠ᠃ | ᠤᠷᠢᠳ ᠡᠮᠦᠨ᠎ᠡ ᠭᠠᠷᠤᠭ᠎ᠠ ᠦᠭᠡᠢ ︽ᠶᠡᠭᠡ ᠮᠡᠰᠡ ᠵᠠᠰᠠᠯ︾ ᠬᠢᠬᠦ ᠳᠤ ᠴᠠᠭ ᠬᠤᠭᠤᠴᠠᠭ᠎ᠠ ᠶᠢ ᠬᠡᠷᠡᠭᠰᠡᠬᠦ | ᠪᠥᠭᠡᠳ ᠪᠦᠯᠬᠦᠮ ᠨᠡᠶᠢᠲᠡ ᠪᠠᠷ ᠢᠶᠠᠨ ᠲᠡᠮᠡᠴᠡᠬᠦ ᠴᠢᠬᠤᠯᠠᠲᠠᠢ᠂ ᠨᠡᠩ ᠴᠤ ᠨᠢᠭᠡᠳᠦᠭᠡᠷ ᠬᠢᠲᠤᠭ᠎ᠠ ᠶᠢ ᠶᠠᠭᠠᠬᠢᠵᠤ | ᠳᠦᠷᠦᠬᠦ ᠪᠠᠨ ᠲᠣᠳᠣᠷᠬᠠᠶᠢᠯᠠᠬᠤ ᠬᠡᠷᠡᠭᠲᠡᠢ᠃ | 2016 ᠣᠨ ᠠᠴᠠ ᠡᠬᠢᠯᠡᠵᠦ᠂ ᠡᠵᠡᠨ ᠬᠤᠷᠤᠭ᠎ᠠ ᠬᠤᠰᠢᠭᠤ ᠮᠡᠰᠡ ᠵᠠᠰᠠᠯ ᠤᠨ ᠬᠢᠲᠤᠭ᠎ᠠ ᠪᠠᠨ ᠠᠳᠬᠤᠵᠤ᠂ | ᠤᠷᠢᠳ ᠬᠤᠵᠢᠳ ︽ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ | ᠲᠥᠰᠦᠯ︾᠂ ︽ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ︿ᠰᠢᠶᠠᠨ ᠠᠴᠠ ᠬᠠᠮᠢᠶᠠᠷᠴᠤ | ᠰᠤᠷᠭᠠᠭᠤᠯᠢ ᠠᠴᠠ ᠤᠷᠢᠬᠤ﹀ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠶᠢ ᠬᠡᠷᠡᠭᠵᠢᠭᠦᠯᠬᠦ ᠲᠥᠰᠦᠯ︾ | ᠵᠡᠷᠭᠡ 15 ᠵᠦᠢᠯ ᠤᠨ ᠥᠭᠡᠷᠡᠴᠢᠯᠡᠯᠲᠡ ᠶᠢᠨ ᠲᠥᠰᠦᠯ ᠢ ᠨᠡᠶᠢᠲᠡᠯᠡᠪᠡ᠃ | ᠣᠳᠤᠬᠢ ᠬᠠᠷᠠᠭᠠᠰᠤ ᠪᠠᠷ ᠪᠤᠴᠠᠨ ᠬᠠᠷᠠᠪᠠᠯ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠤᠨ | ᠥᠭᠡᠷᠡᠴᠢᠯᠡᠯᠲᠡ ᠨᠢ ᠭᠤᠣᠯᠳᠠᠭᠤ ᠬᠤᠶᠠᠷ ᠱᠤᠭᠤᠮ ᠳᠤ ᠲᠥᠪᠯᠡᠷᠡᠵᠦ ᠪᠠᠶᠢᠪᠠ᠄ ᠨᠢᠭᠡ ᠳᠤ᠂ ᠰᠤᠷᠭᠠᠨ ᠬᠥᠮᠦᠵᠢᠯ ᠤᠨ | ᠠᠮᠢ ᠠᠬᠤᠢ ᠶᠢᠨ ᠰᠢᠰᠲ᠋ᠧᠮ ᠢ ᠭᠥᠳᠡᠯᠭᠡᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠰᠢᠯᠢᠳᠡᠭ ᠨᠢ ᠢᠯᠠᠵᠤ ᠰᠢᠭᠠᠷᠤ ᠨᠢ ᠰᠢᠭᠰᠢᠭᠳᠡᠬᠦ︔ ᠬᠤᠶᠠᠷ ᠲᠤ᠂ ᠡᠩᠨᠡᠭᠡᠨ ᠤ ᠠᠮᠢᠵᠢᠷᠠᠯ ᠤᠨ ᠬᠦᠴᠦᠨ ᠢ | ᠬᠥᠭᠵᠢᠭᠡᠵᠦ᠂ ᠱᠠᠩᠨᠠᠨ ᠬᠥᠬᠢᠭᠦᠯᠬᠦ ᠲᠣᠭᠲᠠᠴᠠ ᠶᠢ ᠰᠠᠶᠢᠲᠤᠷ ᠬᠡᠷᠡᠭᠵᠢᠭᠦᠯᠵᠦ ᠤᠤᠯ ᠤᠨ ᠰᠤᠷᠭᠠᠨ ᠬᠥᠮᠦᠵᠢᠯ ᠳᠤ | ᠨᠢ ᠪᠤᠴᠠᠭᠠᠨ᠎ᠠ᠃ | ᠡᠨᠡ ᠬᠤᠶᠠᠷ ᠭᠤᠤᠯ ᠰᠢᠵᠢᠮ ᠢ ᠨᠡᠭᠡᠭᠡᠬᠦ ᠠᠴᠠ ᠡᠮᠦᠨ᠎ᠡ ᠪᠠᠰᠠ ᠨᠢᠭᠡᠨ ᠶᠡᠭᠡ ᠶᠠᠪᠤᠳᠠᠯ ᠢ ᠬᠢᠬᠦ ᠴᠢᠬᠤᠯᠠᠲᠠᠢ | ᠪᠠᠶᠢᠪᠠ᠃ | ᠤᠳᠠᠭᠠᠨ ᠵᠢᠯ ᠤᠨ ᠲᠤᠷᠰᠢ᠂ ᠰᠢᠨ᠎ᠡ ᠰᠤᠷᠭᠠᠭᠤᠯᠢ ᠪᠠᠶᠢᠭᠤᠯᠬᠤ ᠵᠡᠷᠭᠡ ᠢᠨᠵᠧᠨᠧᠷᠢᠩ ᠢ ᠭᠤᠣᠯᠳᠠᠭᠤ | ᠰᠤᠷᠭᠠᠨ ᠬᠥᠮᠦᠵᠢᠯ ᠤᠨ ᠳᠣᠪᠴᠢᠶᠠᠨ ᠠᠴᠠ ᠬᠠᠮᠢᠶᠠᠷᠴᠤ᠂ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ | 70% ᠶᠢᠨ ᠤᠶᠤᠨ ᠴᠢᠳᠠᠯ ᠢᠶᠠᠨ ᠪᠠᠷᠢᠯᠭ᠎ᠠ ᠶᠢ ᠠᠳᠬᠤᠬᠤ ᠳᠤ ᠵᠣᠷᠢᠭᠤᠯᠵᠤ ᠪᠠᠶᠢᠪᠠ᠃ ᠲᠡᠶᠢᠮᠦ ᠪᠣᠯᠬᠤᠷ | 30% ᠶᠢᠨ ᠣᠶᠤᠨ ᠴᠢᠳᠠᠯ ᠨᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠦᠨᠳᠦ ᠡᠭᠦᠷᠭᠡ ᠶᠢ | ᠡᠭᠦᠷᠭᠡᠯᠡᠬᠦ ᠳᠤ ᠪᠡᠷᠬᠡᠳᠡᠬᠦ ᠨᠢ ᠢᠯᠡᠷᠬᠡᠶ ᠶᠤᠮ᠃ | ᠮᠡᠰᠡ ᠵᠠᠰᠠᠯ ᠬᠢᠵᠦ᠂ ᠤᠷᠲᠤ ᠠᠶᠠᠨ ᠳᠤ ᠭᠠᠷᠤᠭᠰᠠᠨ ᠡᠵᠡᠨ ᠬᠤᠷᠤᠭ᠎ᠠ ᠬᠤᠰᠢᠭᠤᠨ ᠤ ᠵᠠᠰᠠᠭ ᠤᠨ | ᠣᠷᠳᠣᠨ ᠤ ᠰᠢᠢᠳᠪᠦᠷᠢᠲᠦ ᠪᠣᠳᠣᠯᠭ᠎ᠠ ᠪᠣᠯ ᠤᠷᠢᠳ ᠢᠶᠠᠷ ᠰᠤᠷᠭᠠᠨ ᠬᠥᠮᠦᠵᠢᠯ ᠤᠨ ᠳᠣᠪᠴᠢᠶᠠᠨ ᠳᠠᠷᠤᠭ᠎ᠠ ᠶᠢᠨ | ︽ᠳᠠᠷᠤᠭᠠᠰᠤ ᠶᠢ ᠬᠥᠩᠭᠡᠷᠡᠭᠦᠯᠵᠦ︾᠂ ︽ᠪᠠᠷᠢᠯᠭ᠎ᠠ︾ ᠶᠢ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠪᠤᠰᠤᠳ | ᠰᠠᠯᠠᠭ᠎ᠠ ᠮᠥᠴᠢᠷ ᠲᠤ ᠬᠤᠪᠢᠶᠠᠷᠢᠯᠠᠨ ᠥᠭᠴᠦ᠂ ᠲᠣᠪᠴᠢᠶᠠᠨ ᠳᠠᠷᠤᠭ᠎ᠠ ᠶᠢᠨ ᠳᠠᠷᠤᠭᠠᠰᠤ ᠶᠢ ᠬᠥᠩᠭᠡᠷᠡᠭᠦᠯᠵᠦ᠂ ᠨᠢᠭᠡ | ᠰᠡᠳᠬᠢᠯ ᠢᠶᠠᠷ ᠰᠤᠷᠭᠠᠨ ᠬᠥᠮᠥᠵᠢᠯ ᠢ ᠠᠳᠬᠤᠬᠤ ᠪᠣᠯᠭᠠᠨ᠎ᠠ᠃ | 2016 ᠣᠨ ᠳᠤ᠂ ᠶᠡᠷᠦᠩᠬᠡᠶ ᠬᠡᠮᠵᠢᠶ᠎ᠡ 20 ᠳ᠋ᠦᠩᠰᠢᠭᠤᠷ ᠲᠥᠭᠦᠷᠢᠭ ᠤᠨ 43 ᠲᠥᠷᠥᠯ ᠵᠦᠢᠯ ᠢ | ᠪᠠᠭᠲᠠᠭᠠᠭᠰᠠᠨ ᠪᠠᠷᠢᠯᠭ᠎ᠠ ᠶᠢ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶᠠᠨ ᠳᠠᠷᠤᠭ᠎ᠠ ᠶᠢᠨ ᠮᠥᠷᠦᠨ ᠠᠴᠠ ᠪᠠᠭᠤᠯᠭᠠᠪᠠ᠃ ᠡᠨᠡ ᠨᠢᠭᠡ ᠵᠢᠯ ᠳᠤ᠂ ᠾᠧ ᠵᠠᠨ ᠫᠢᠩ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠰᠢᠨ᠎ᠡ ᠳᠠᠷᠤᠭ᠎ᠠ ᠪᠠᠷ ᠠᠵᠢᠯᠯᠠᠵᠤ᠂ ᠡᠨᠡ ᠬᠦ ᠥᠭᠡᠷᠡᠴᠢᠯᠡᠯᠲᠡ ᠶᠢᠨ | ᠲᠦᠯᠬᠢᠨ ᠠᠬᠢᠭᠤᠯᠤᠭᠴᠢ ᠪᠠ ᠭᠡᠷᠡᠴᠢᠯᠡᠭᠴᠢ ᠪᠣᠯᠪᠠ᠃ | ᠥᠭᠡᠷᠡᠴᠢᠯᠡᠯᠲᠡ ᠶᠢᠨ ᠨᠢᠭᠡᠳᠦᠭᠡᠷ ᠭᠤᠣᠯ ᠰᠢᠵᠢᠮ᠂ ᠤᠷᠢᠳ ᠢᠶᠠᠷ ᠮᠠᠩᠵᠠᠨ ᠲᠣᠭᠤᠭᠠᠨ ᠠᠴᠠ ᠪᠤᠳᠠᠭ᠎ᠠ | ᠢᠳᠡᠵᠦ ᠪᠠᠶᠢᠭᠰᠠᠨ ᠪᠠᠶᠢᠳᠠᠯ ᠢ ᠡᠪᠳᠡᠵᠦ᠂ ᠤᠭ ᠠᠴᠠ ᠪᠠᠨ ᠬᠠᠲᠠᠭᠤᠷᠠᠵᠤ ᠬᠠᠳᠠᠩᠰᠢᠭᠰᠠᠨ ᠡᠬᠢ ᠪᠠᠶᠠᠯᠢᠭ ᠢ | ᠬᠥᠳᠡᠯᠦᠩᠬᠢ ᠪᠣᠯᠭᠠᠵᠤ᠂ ᠰᠢᠰᠲ᠋ᠧᠮ ᠳᠤ ᠬᠢ ᠰᠢᠯᠢᠳᠡᠭ ᠨᠢ ᠢᠯᠠᠵᠤ ᠰᠢᠭᠠᠷᠤ ᠨᠢ ᠰᠢᠭᠰᠢᠭᠳᠡᠬᠦ ᠶᠢ ᠪᠡᠶᠡᠯᠡᠭᠦᠯᠪᠡ᠃ | 2016 ᠣᠨ ᠳᠤ᠂ ︽ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯᠲᠠᠨ ᠤ ᠶᠠᠪᠤᠳᠠᠯ ᠢ ᠲᠣᠬᠢᠷᠠᠭᠤᠯᠤᠨ | ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠬᠤᠲᠠ ᠶᠢᠨ ᠲᠣᠭᠤᠷᠢᠭ ᠤᠨ ᠰᠤᠷᠭᠠᠭᠤᠯᠢ ᠳᠤ ᠪᠠᠭᠰᠢ ᠶᠢᠨ ᠠᠵᠢᠯ ᠤᠨ | ᠪᠠᠶᠢᠷᠢ ᠲᠤᠲᠠᠭᠳᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠬᠢᠨᠠᠨ ᠰᠢᠯᠭᠠᠬᠤ ᠠᠷᠭ᠎ᠠ ᠭᠠᠷᠭᠠᠵᠤ᠂ ᠪᠠᠭᠰᠢ ᠶᠢ ᠡᠮᠬᠢ | ᠵᠢᠷᠤᠮᠲᠠᠢ ᠰᠢᠯᠵᠢᠭᠦᠯᠵᠦ᠂ ︽ᠰᠠᠶᠢᠨ ᠵᠢᠭᠠᠪᠠᠯ ᠠᠵᠢᠯ ᠲᠣᠬᠢᠷᠠᠭᠤᠯᠬᠤ︾ ᠰᠠᠶᠢᠨ ᠰᠠᠶᠢᠬᠠᠨ ᠤᠳᠤᠷᠢᠳᠤᠮᠵᠢ ᠶᠢ | ᠪᠡᠶᠡᠯᠡᠭᠦᠯᠪᠡ᠃ | 2017 ᠣᠨ ᠪᠠ 2018 ᠣᠨ ᠳᠤ ᠤᠷᠢᠳ ᠬᠤᠵᠢᠳ ︽ᠰᠤᠷᠭᠠᠨ ᠬᠥᠮᠥᠵᠢᠯ ᠪᠡᠶ᠎ᠡ ᠶᠢᠨ ᠲᠠᠮᠢᠷ ᠤᠨ | ᠰᠢᠰᠲ᠋ᠧᠮ ᠤᠨ ᠠᠵᠢᠯ ᠤᠨ ᠪᠠᠶᠢᠷᠢ ᠳᠤ ᠥᠷᠢᠰᠦᠯᠳᠦᠬᠦ ᠶᠢ ᠲᠤᠷᠰᠢᠨ ᠬᠡᠷᠡᠭᠵᠢᠭᠦᠯᠬᠦ ᠲᠥᠰᠦᠯ︾᠂ ︽ᠪᠠᠭᠰᠢ ᠰᠢᠯᠵᠢᠬᠦ | ᠶᠢ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠪᠡ᠄ ᠪᠠᠭᠰᠢ ᠠᠵᠢᠯᠲᠠᠨ ᠠᠵᠢᠯᠴᠢᠨ ᠤ ᠣᠷᠣᠨ | ᠲᠤᠭ᠎ᠠ ᠨᠢ ᠬᠡᠲᠦᠷᠡᠭᠰᠡᠨ 3 ᠰᠤᠷᠭᠠᠭᠤᠯᠢ ᠳᠤ ᠪᠠᠭᠰᠢ ᠠᠵᠢᠯᠲᠠᠨ ᠠᠵᠢᠯᠴᠢᠨ ᠤ ᠦᠨᠳᠦᠰᠦᠨ ᠣᠷᠣᠨ ᠲᠤᠭ᠎ᠠ ᠶᠢ | ᠳᠠᠬᠢᠨ ᠬᠢᠨᠠᠨ ᠳᠣᠭᠲᠠᠭᠠᠵᠤ᠂ ᠪᠠᠭᠰᠢ ᠠᠵᠢᠯ ᠤᠨ ᠪᠠᠶᠢᠷᠢ ᠳᠤ ᠦᠷᠢᠰᠦᠯᠳᠦᠵᠦ ᠭᠠᠷᠬᠤ ᠶᠢ ᠬᠡᠷᠡᠭᠵᠢᠭᠦᠯᠪᠡ︔ | ᠡᠭᠦᠨ ᠤ ᠬᠠᠮᠲᠤ᠂ ︽ᠰᠢᠯᠢᠳᠡᠭ ᠢ ᠨᠢ ᠱᠠᠩᠨᠠᠵᠤ ᠰᠢᠭᠠᠷᠤ ᠶᠢ ᠨᠢ ᠲᠣᠷᠭᠠᠬᠤ︾ ᠵᠠᠷᠴᠢᠮ ᠶᠣᠰᠤ ᠪᠠᠷ ᠪᠠᠭᠰᠢ ᠶᠢᠨ | ︽ᠭᠠᠷᠬᠤ ᠡᠭᠦᠳᠡ︾ ᠶᠢ ᠰᠠᠭᠠᠳ ᠦᠭᠡᠢ ᠨᠡᠪᠲᠡᠷᠡᠭᠦᠯᠵᠦ᠂ ᠰᠢᠯᠢᠳᠡᠭ ᠪᠠᠭᠰᠢ ᠶᠢ ᠵᠢᠯ ᠪᠦᠷᠢ 5‰ ᠠᠴᠠ | ᠬᠡᠲᠦᠷᠡᠭᠦᠯᠬᠦ ᠦᠭᠡᠢ ᠬᠠᠷᠢᠴᠠᠯ ᠢᠶᠠᠷ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠰᠢᠯᠵᠢᠭᠦᠯᠵᠦ᠂ | ᠵᠢᠭᠠᠬᠤ ᠳᠤ ᠲᠣᠬᠢᠷᠠᠬᠤ ᠦᠭᠡᠢ ᠶᠢ ᠨᠢ ᠵᠠᠯᠬᠠᠭᠠᠨ ᠴᠡᠭᠡᠷᠯᠡᠭᠦᠯᠬᠦ ᠪᠤᠶᠤ ᠰᠢᠭᠤᠳ ᠤᠷᠢᠬᠤ ᠪᠠᠨ ᠪᠤᠯᠢᠵᠤ᠂ ︽ᠭᠠᠭᠴᠠ | ᠬᠦ ᠰᠠᠶᠢᠨ ᠵᠢᠭᠠᠪᠠᠯ ᠰᠠᠶ᠋ᠢ ᠰᠠᠶᠢᠨ ᠭᠠᠵᠠᠷ ᠰᠢᠯᠵᠢᠵᠦ ᠴᠢᠳᠠᠬᠤ︾ ᠪᠠᠭᠰᠢ ᠰᠢᠯᠵᠢᠬᠦ ᠤᠳᠤᠷᠢᠳᠤᠮᠵᠢ ᠶᠢ ᠪᠣᠶ | ᠪᠣᠯᠭᠠᠬᠤ ᠶᠢ ᠠᠬᠢᠭᠤᠯᠪᠠ᠃ | ᠣᠳᠣᠬᠠᠨ ᠳᠤ᠂ ᠦᠷᠢᠰᠦᠯᠳᠦᠭᠡᠨ ᠢᠶᠠᠷ ᠠᠵᠢᠯ ᠤᠨ ᠪᠠᠶᠢᠷᠢ ᠳᠤ ᠭᠠᠷᠴᠤ ᠳᠡᠶᠢᠯᠦᠭᠰᠡᠨ ᠦᠭᠡᠶ 81 ᠪᠠᠭᠰᠢ | ᠬᠤᠶᠢᠨ᠎ᠠ ᠬᠤᠶᠢᠨ᠎ᠠ ᠠᠴᠠ ᠪᠠᠨ ᠠᠵᠢᠯ ᠰᠢᠯᠵᠢᠭᠰᠡᠨ ᠠᠴᠠ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠠᠴᠠ | ᠳᠠᠪᠠᠭᠰᠠᠨ ᠪᠠ ᠪᠦᠲᠦᠴᠡ ᠶᠢᠨ ᠳᠤᠳᠠᠭᠳᠠᠯᠲᠠᠢ ᠠᠰᠠᠭᠤᠳᠠᠯ ᠠᠮᠠᠷᠬᠠᠨ ᠰᠢᠢᠳᠪᠦᠷᠢᠯᠡᠭᠳᠡᠵᠦ᠂ ︽ᠣᠷᠣᠵᠤ ᠪᠣᠯᠬᠤ | ᠮᠥᠷᠲᠡᠭᠡᠨ ᠭᠠᠷᠴᠤ ᠪᠣᠯᠬᠤ︾ ᠡᠭᠦᠳᠡ ᠨᠡᠭᠡᠭᠡᠭᠳᠡᠪᠡ᠃ | 2019 ᠣᠨ ᠳᠤ᠂ ᠲᠦᠷᠦᠭᠦᠤ ᠬᠤᠶᠠᠷ ᠵᠢᠯ ᠤᠨ ᠲᠤᠷᠰᠢᠯᠲᠠ ᠶᠢᠨ ᠴᠡᠭ ᠤᠨ ᠰᠠᠭᠤᠷᠢᠨ ᠳᠡᠭᠡᠷ᠎ᠡ᠂ | ᠲᠤᠷᠰᠢᠯᠲᠠ ᠶᠢᠨ ᠴᠡᠭ ᠤᠨ ᠰᠤᠷᠭᠠᠭᠤᠯᠢ 3 ᠰᠢᠨ᠎ᠡ ᠪᠠᠷ ᠨᠡᠮᠡᠭᠳᠡᠵᠦ᠂ ᠳᠤᠮᠳᠠᠳᠤ ᠰᠤᠷᠭᠠᠭᠤᠯᠢ᠂ ᠪᠠᠭ᠎ᠠ | ᠰᠤᠷᠭᠠᠭᠤᠯᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠶᠢ ᠬᠡᠷᠡᠭᠵᠢᠭᠦᠯᠵᠦ᠂ ᠪᠠᠭᠰᠢ ᠨᠠᠷ | ᠥᠩᠭᠡᠷᠡᠭᠰᠡᠨ ᠤ ︽ᠰᠤᠷᠭᠠᠭᠤᠯᠢ ᠶᠢᠨ ᠬᠥᠮᠦᠨ︾ ᠠᠴᠠ ᠬᠤᠰᠢᠭᠤᠨ ᠤ ᠬᠡᠪᠴᠢᠶᠡᠨ ᠤ ︽ᠰᠢᠰᠲ᠋ᠧᠮ ᠤᠨ ᠬᠥᠮᠦᠨ︾ | ᠪᠣᠯᠵᠣ ᠬᠤᠪᠢᠷᠠᠭᠠᠳ᠂ ᠰᠤᠷᠭᠠᠭᠤᠯᠢ ᠶᠢᠨ ᠵᠠᠬᠢᠷᠤᠯ ᠪᠣᠯᠤᠨ ᠪᠠᠭᠰᠢ ᠬᠠᠷᠢᠯᠴᠠᠨ ᠠᠵᠢᠯ ᠤᠨ ᠪᠠᠶᠢᠷᠢ ᠰᠣᠯᠢᠬᠤ ᠳᠤ | ᠲᠦᠷᠢᠮ ᠤᠨ ᠪᠠᠲᠤᠯᠠᠭ᠎ᠠ ᠬᠠᠩᠭᠠᠪᠠ᠃ | 2020 ᠣᠨ ᠤ ᠨᠠᠮᠤᠷ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠠᠵᠢᠯ ᠢ ᠪᠦᠬᠦ | ᠲᠠᠯ᠎ᠠ ᠪᠠᠷ ᠡᠬᠢᠯᠡᠭᠦᠯᠦᠭᠰᠡᠨ ᠤ ᠳᠠᠷᠠᠭ᠎ᠠ᠂ ᠪᠦᠬᠦ ᠬᠤᠰᠢᠭᠤᠨ ᠤ 41 ᠪᠠᠭᠰᠢ ᠰᠣᠯᠢᠯᠴᠠᠬᠤ ᠪᠠᠷ ᠳᠠᠮᠵᠢᠨ ᠰᠢᠨ᠎ᠡ | ᠠᠵᠢᠯ ᠤᠨ ᠪᠠᠶᠢᠷᠢ ᠳᠤ ᠭᠠᠷᠴᠤ᠂ 3 ᠪᠠᠭᠰᠢ ᠶᠢ ᠤᠷᠢᠬᠤ ᠪᠠᠨ ᠪᠤᠯᠢᠵᠤ᠂ 11 ᠪᠠᠭᠰᠢ ᠤᠷᠢᠭᠳᠠᠬᠤ ᠪᠠᠷ ᠬᠦᠯᠢᠶᠡᠵᠦ | ᠪᠠᠶᠢᠨ᠎ᠠ᠃ | ︽ᠡᠬᠢᠯᠡᠭᠡᠳ ᠮᠠᠰᠢ ᠣᠯᠠᠨ ᠪᠠᠭᠰᠢ ᠠᠵᠢᠯᠲᠠᠨ ᠠᠵᠢᠯᠴᠢᠨ ᠥᠭᠡᠷᠡᠴᠢᠯᠡᠯᠲᠡ ᠶᠢ ᠰᠡᠵᠢᠭᠯᠡᠵᠦ ᠪᠠᠶᠢᠭᠰᠠᠨ︾ | ᠭᠡᠵᠦ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠠᠵᠢᠯᠲᠠᠨ ᠤ | ᠶᠠᠪᠤᠳᠠᠯ ᠤᠨ ᠲᠠᠰᠤᠭ ᠤᠨ ᠡᠷᠬᠢᠯᠡᠭᠴᠢ ᠸᠠᠩ ᠹᠧᠢ ᠬᠤ᠋ ᠶᠠᠷᠢᠪᠠ᠃ ︽ᠬᠥᠮᠦᠰ ᠤᠨ ᠰᠢᠯᠵᠢᠯᠲᠡ︾ ᠶᠢ ᠣᠯᠵᠤ | ᠬᠠᠷᠠᠭᠠᠳ᠂ ᠥᠭᠡᠷᠡᠴᠢᠯᠡᠯᠲᠡ ︽ᠦᠨᠡᠨ ᠪᠣᠳᠠᠲᠠᠢ︾ ᠪᠣᠯᠤᠭᠰᠠᠨ ᠢ ᠰᠡᠷᠡᠵᠦ ᠮᠡᠳᠡᠪᠡ᠃ | ᠥᠭᠡᠷᠡᠴᠢᠯᠡᠯᠲᠡ ᠶᠢᠨ ᠬᠤᠶᠠᠳᠤᠭᠠᠷ ᠭᠤᠣᠯ ᠰᠢᠵᠢᠮ᠂ ᠴᠢᠳᠠᠪᠤᠷᠢᠲᠠᠢ ᠨᠢ ᠢᠯᠡᠭᠦᠤ ᠬᠥᠳᠡᠯᠮᠥᠷᠢᠯᠡᠪᠡᠯ ᠢᠯᠡᠭᠦᠤ | ᠬᠠᠷᠠᠮᠵᠢ ᠣᠯᠵᠤ᠂ ᠨᠢᠭᠡᠳᠦᠭᠡᠷ ᠹᠷᠣᠨᠲ ᠤᠨ ᠪᠠᠭᠰᠢ ᠶᠢᠨ ᠠᠵᠢᠯ ᠮᠡᠷᠭᠡᠵᠢᠯ ᠤᠨ ᠨᠡᠷ᠎ᠡ ᠬᠦᠨᠳᠦ ᠪᠠ ᠵᠢᠭᠠᠨ | ᠰᠤᠷᠭᠠᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ︽ᠰᠤᠷᠭᠠᠨ ᠬᠥᠮᠦᠵᠢᠯ︾ ᠢ ᠵᠣᠯ ᠵᠢᠷᠭᠠᠯᠲᠤ ᠠᠵᠢᠯ | ᠦᠢᠯᠡᠰ ᠪᠣᠯᠭᠠᠪᠠ᠃ | ᠰᠤᠷᠭᠠᠨ ᠬᠥᠮᠦᠵᠢᠯ ᠤᠨ ᠰᠢᠰᠲ᠋ᠧᠮ ᠤᠨ ᠱᠠᠩᠨᠠᠨ ᠬᠥᠬᠢᠭᠦᠯᠬᠦ ᠲᠣᠭᠲᠠᠴᠠ᠂ ᠨᠢᠭᠡ ᠳᠤ᠂ ᠴᠠᠯᠢᠩ | ᠬᠥᠯᠥᠰᠥ ᠪᠠᠷ ᠢᠯᠡᠷᠡᠵᠦ᠂ ᠬᠤᠶᠠᠷ ᠲᠤ᠂ ᠮᠡᠷᠭᠡᠵᠢᠯ ᠤᠨ ᠴᠣᠯᠠ ᠪᠠᠷ ᠢᠯᠡᠷᠡᠪᠡ᠃ | ︽ᠦᠢᠯᠡᠳᠪᠦᠷᠢᠯᠡᠯ ᠢ ᠡᠷᠦᠬᠡ ᠳᠤ ᠳᠠᠭᠠᠭᠠᠴᠢᠯᠠᠭᠤᠯᠤᠭᠰᠠᠨ︾ ᠨᠢ ᠪᠥᠬᠦᠢ ᠯᠡ ᠳᠤᠮᠳᠠᠳᠤ ᠤᠯᠤᠰ ᠤᠨ | ᠥᠭᠡᠷᠡᠴᠢᠯᠡᠯᠲᠡ ᠶᠢᠨ ᠠᠬᠢᠴᠠ ᠶᠢ ᠲᠦᠯᠬᠢᠨ ᠠᠬᠢᠭᠤᠯᠤᠭᠰᠠᠨ ᠮᠡᠲᠦ ᠨᠢᠭᠡ ᠳᠤ ︽ᠵᠠᠷᠤᠳᠠᠯ ᠢ ᠳᠠᠭᠠᠭᠠᠴᠢᠯᠠᠭᠤᠯᠬᠤ︾ | ᠥᠭᠡᠷᠡᠴᠢᠯᠡᠯᠲᠡ ᠬᠢᠵᠦ᠂ ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠰᠤᠷᠭᠠᠭᠤᠯᠢ | ︽ᠠᠮᠢᠯᠠᠭᠰᠠᠨ︾ ᠨᠢ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠦᠢᠯᠡᠰ ᠤᠨ ᠣᠷᠭᠢᠯᠤᠮ᠎ᠠ | ᠬᠠᠯᠠᠭᠤᠨ ᠰᠡᠳᠬᠢᠯ ᠢ ᠬᠥᠭᠵᠢᠭᠡᠵᠡᠢ᠃ | ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠰᠤᠷᠭᠠᠭᠤᠯᠢ 2013 ᠣᠨ ᠳᠤ | ᠡᠵᠡᠨ ᠬᠤᠷᠤᠭ᠎ᠠ ᠬᠤᠰᠢᠭᠤᠨ ᠤ ᠠᠭᠠᠷ ᠤᠨ ᠪᠣᠳᠠᠰ ᠤᠨ ᠭᠦᠢᠯᠭᠡᠭᠡᠨ ᠤ ᠲᠣᠭᠤᠷᠢᠭ ᠲᠤ ᠪᠠᠶᠢᠭᠤᠯᠤᠭᠳᠠᠪᠠ᠃ ᠡᠷᠭᠢᠨ | ᠲᠣᠭᠤᠷᠢᠨ ᠤ ᠠᠮᠢᠳᠤᠷᠠᠯ ᠤᠨ ᠲᠥᠬᠦᠭᠡᠷᠦᠮᠵᠢ ᠪᠦᠷᠢᠨ ᠪᠣᠰᠤ ᠠᠴᠠ ᠪᠣᠯᠵᠤ᠂ ᠲᠡᠷᠢᠭᠦᠨ ᠤ ᠳᠡᠭᠡᠳᠦ ᠰᠤᠷᠭᠠᠭᠤᠯᠢ ᠶᠢᠨ | ᠪᠠᠭᠰᠢ ᠶᠢ ᠶᠡᠭᠡ ᠬᠡᠮᠵᠢᠶ᠎ᠡ ᠪᠠᠷ ᠲᠣᠬᠢᠷᠠᠭᠤᠯᠤᠭᠰᠠᠨ ᠨᠡᠷᠡᠲᠦ ᠰᠤᠷᠭᠠᠭᠤᠯᠢ ᠮᠠᠰᠢ ᠲᠦᠷᠭᠡᠨ ᠲᠣᠷᠣᠶᠢᠲᠠᠵᠤ᠂ ᠠᠬᠠᠮᠠᠳ | ᠵᠢᠳᠬᠦᠯᠲᠡᠨ ᠪᠠᠭᠰᠢ ᠪᠠᠷᠤᠭ ᠪᠦᠷ ᠶᠠᠪᠤᠵᠤ ᠳᠠᠭᠤᠰᠤᠨ᠂ ᠰᠤᠷᠤᠭᠴᠢ ᠶᠢᠨ ᠢᠷᠡᠯ ᠨᠢ ᠮᠠᠰᠢ ᠲᠦᠷᠭᠡᠨ ᠪᠠᠭᠤᠷᠠᠪᠠ᠃ | 2016 ᠣᠨ ᠳᠤ᠂ ᠬᠠᠷᠢᠭᠤᠴᠠᠯᠭᠠᠲᠠᠨ ᠾᠧ ᠵᠠᠨ ᠫᠢᠩ ᠪᠣᠯᠤᠨ ᠶᠤᠸᠠᠨ ᠴᠢᠩ ᠭᠦᠸᠧ ᠠᠩᠬ᠎ᠠ ᠤᠳᠠᠭ᠎ᠠ | ᠠᠭᠤᠯᠵᠠᠵᠤ᠂ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠤᠨ ᠬᠦᠴᠢᠷᠳᠡᠯ ᠤᠨ ᠲᠤᠬᠠᠢ ᠨᠢᠭᠡ ᠤᠳᠠᠭ᠎ᠠ | ᠭᠦᠨᠵᠡᠭᠡᠶ ᠶᠠᠷᠢᠯᠴᠠᠵᠤ᠂ ︽ᠵᠣᠷᠢᠭᠲᠠᠶ ᠥᠭᠡᠷᠡᠴᠢᠯᠡᠬᠦ︾ ᠪᠠᠷ ᠰᠡᠳᠬᠢᠯ ᠨᠢᠭᠡᠳᠪᠡ᠃ ᠤᠳᠠᠯ ᠥᠬᠡᠶ᠂ ᠬᠤᠰᠢᠭᠤᠨ ᠤ | ᠨᠠᠮ ᠤᠨ ᠬᠤᠷᠢᠶᠠᠨ ᠤ ᠳᠥᠷᠪᠡᠨ ᠶᠡᠭᠡ ᠤᠳᠤᠷᠢᠳᠬᠤ ᠪᠠᠭ ᠹᠦᠵᠢᠶᠠᠨ ᠵᠡᠷᠭᠡ ᠭᠠᠵᠠᠷ ᠲᠤ ᠬᠦᠷᠴᠦ ︽ᠵᠠᠷᠤᠳᠠᠯ ᠢ | ᠳᠠᠭᠠᠭᠠᠴᠢᠯᠠᠭᠤᠯᠬᠤ︾ ᠠᠵᠢᠯ ᠢ ᠶᠠᠭᠠᠬᠢᠵᠤ ᠶᠠᠪᠤᠭᠳᠠᠭᠤᠯᠤᠭᠰᠠᠨ ᠲᠤᠬᠠᠢ ᠪᠠᠶᠢᠴᠠᠭᠠᠨ ᠰᠣᠳᠤᠯᠪᠠ᠃ 2017 | ᠣᠨ ᠳᠤ ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠰᠤᠷᠭᠠᠭᠤᠯᠢ ︽ᠵᠠᠷᠤᠳᠠᠯ ᠢ | ᠳᠠᠭᠠᠭᠠᠴᠢᠯᠠᠭᠤᠯᠬᠤ᠂ ᠬᠤᠶᠠᠳᠠᠬᠢ ᠤᠳᠠᠭ᠎ᠠ ᠬᠤᠪᠢᠶᠠᠷᠢᠯᠠᠬᠤ︾ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠬᠢᠯᠡᠭᠦᠯᠵᠦ᠂ ᠰᠤᠷᠭᠠᠭᠤᠯᠢ ᠠᠴᠠ ᠬᠢᠨᠠᠨ ᠳᠣᠭᠲᠠᠭᠠᠭᠰᠠᠨ ᠣᠷᠣᠨ ᠲᠤᠭ᠎ᠠ | ᠶᠣᠰᠤ ᠪᠠᠷ ᠵᠠᠷᠤᠳᠠᠯ ᠪᠣᠯᠤᠨ ᠴᠠᠯᠢᠩ ᠥᠭᠴᠦ᠂ ᠰᠤᠷᠭᠠᠭᠤᠯᠢ ᠠᠴᠠ ᠡᠵᠡᠨ ᠮᠡᠳᠡᠨ ᠬᠠᠮᠢᠶᠠᠷᠴᠤ ᠬᠤᠪᠢᠶᠠᠷᠢᠯᠠᠪᠠ᠃ | ︽ᠢᠩᠭᠢᠭᠰᠡᠨ ᠢᠶᠠᠷ᠂ ᠮᠠᠨ ᠤ ᠰᠤᠷᠭᠠᠭᠤᠯᠢ 114 ᠬᠥᠮᠦᠨ ᠨᠢ 145 ᠬᠥᠮᠦᠨ ᠤ ᠠᠵᠢᠯ ᠢ ᠬᠢᠭᠰᠡᠨ ᠪᠠᠶᠢᠨ᠎ᠠ᠃ | ᠦᠯᠡᠳᠡᠭᠰᠡᠨ ᠵᠣᠭᠤᠰ ᠢ ᠨᠢ ᠪᠢᠳᠡ ᠨᠡᠶᠢᠭᠡᠮ ᠤᠨ ᠪᠦᠯᠬᠦᠮ᠂ ᠳᠤᠷ᠎ᠠ ᠰᠣᠨᠢᠷᠬᠠᠯ ᠤᠨ ᠠᠩᠭᠢ ᠵᠡᠷᠭᠡ〈ᠲᠥᠷᠥᠯ | ᠵᠦᠢᠯ ᠢ ᠳᠠᠭᠠᠭᠠᠴᠢᠯᠠᠭᠤᠯᠬᠤ〉ᠬᠢᠷᠢ ᠪᠦᠲᠦᠮᠵᠢ ᠶᠢᠨ ᠱᠠᠩᠨᠠᠯ ᠳᠤ ᠵᠠᠷᠤᠴᠠᠭᠤᠯᠵᠤ᠂ ᠪᠠᠭᠰᠢ ᠶᠢᠨ ᠣᠷᠣᠯᠭ᠎ᠠ ᠪᠠ | ᠵᠢᠭᠠᠨ ᠰᠤᠷᠭᠠᠬᠤ ᠬᠠᠯᠠᠭᠤᠨ ᠰᠡᠳᠬᠢᠯᠭᠡ ᠬᠤᠤᠰ ᠴᠢᠭᠯᠡᠯ ᠢᠶᠠᠷ ᠳᠡᠭᠡᠭᠰᠢᠯᠡᠪᠡ᠃︾ ᠭᠡᠵᠦ ᠶᠤᠸᠠᠨ ᠴᠢᠩ ᠭᠦᠸᠧ | ᠶᠠᠷᠢᠪᠠ᠃ | ᠤᠳᠤ᠂ ᠰᠤᠷᠭᠠᠭᠤᠯᠢ ᠨᠢ ᠪᠣᠬᠢᠷᠲᠤᠯ ᠦᠭᠡᠢ ᠬᠢᠴᠢᠶᠡᠯ ᠤᠨ ᠵᠠᠪᠰᠠᠷᠯᠠᠭ᠎ᠠ᠂ ᠳᠠᠶᠠᠩ ᠤᠨ ᠪᠠᠭᠠᠲᠤᠷ᠂ ᠰᠠᠶᠢᠨ | ᠦᠭᠡ ᠲᠥᠰᠦᠯ ᠵᠡᠷᠭᠡ ᠠᠷᠪᠠᠨ ᠬᠡᠳᠦᠨ ᠲᠥᠰᠦᠯ ᠤᠨ ᠳᠤᠭᠤᠶᠢᠯᠠᠩ ᠪᠣᠯᠤᠨ 43 ᠨᠡᠶᠢᠭᠡᠮ ᠤᠨ ᠪᠦᠯᠬᠦᠮ ᠢ | ᠪᠠᠶᠢᠭᠤᠯᠪᠠ᠃ ᠲᠥᠰᠦᠯ ᠤᠨ ᠴᠢᠨᠠᠷᠲᠤ ᠬᠢᠷᠢ ᠪᠦᠲᠦᠮᠵᠢ ᠨᠢ ︽ᠨᠠᠳᠠ ᠪᠠᠷ ᠬᠢᠯᠭᠡᠬᠦ︾ ᠶᠢ ︽ᠪᠢ ᠬᠢᠬᠦ︾ ᠪᠣᠯᠭᠠᠭᠰᠠᠨ | ᠪᠠᠶᠢᠨ᠎ᠠ᠃ ᠵᠠᠷᠢᠮ ᠪᠠᠭᠰᠢ ᠨᠢ ᠴᠠᠢ ᠶᠢᠨ ᠤᠷᠠᠯᠢᠭ ᠤᠨ ᠬᠢᠴᠢᠶᠡᠯ ᠣᠷᠤᠬᠤ ᠪᠠᠶᠢᠷᠢ ᠶᠢ ᠠᠪᠬᠤ ᠶᠢᠨ ᠲᠥᠯᠥᠭᠡ ᠴᠠᠢ | ᠶᠢᠨ ᠮᠤᠬᠤᠯᠠᠭ ᠲᠤ ᠬᠥᠯᠥᠰᠥᠨ ᠠᠵᠢᠯ ᠬᠢᠵᠦ ᠴᠠᠢ ᠶᠢᠨ ᠤᠷᠠᠯᠢᠭ ᠪᠣᠯᠪᠠᠰᠤᠷᠠᠳᠠᠭ ᠪᠠᠶᠢᠯ᠎ᠠ᠃ | ︽ᠪᠠᠭᠰᠢ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠲᠣᠪᠣᠶᠢᠵᠤ᠂ ᠵᠢᠭᠠᠨ ᠰᠤᠷᠭᠠᠯᠲᠠ ᠨᠢ ᠨᠤᠲᠠᠯᠠᠯ ᠪᠠ | ᠬᠦᠨᠳᠦᠳᠬᠡᠯ ᠢ ᠣᠯᠵᠤ᠂ ᠪᠠᠭᠰᠢ ᠶᠢᠨ ᠠᠵᠢᠯᠯᠠᠬᠤ ᠬᠠᠯᠠᠭᠤᠨ ᠰᠡᠳᠬᠢᠯᠭᠡ ᠶᠢ ᠲᠤᠶᠢᠯ ᠤᠨ ᠶᠡᠭᠡ ᠪᠠᠷ ᠳᠠᠶᠢᠴᠢᠯᠠᠭᠰᠠᠨ | ᠪᠠᠶᠢᠨ᠎ᠠ᠃ ᠡᠷᠳᠡᠮ ᠮᠡᠳᠡᠯᠭᠡ ᠶᠢ ᠡᠵᠡᠮᠰᠢᠵᠦ ᠳᠠᠪᠰᠢᠬᠤ ᠪᠠ ᠢᠳᠡᠪᠬᠢᠲᠡᠶ ᠵᠢᠭᠠᠵᠤ ᠰᠤᠳᠤᠯᠬᠤ ᠠᠭᠤᠷ ᠠᠮᠢᠰᠬᠤᠯ | ᠠᠭᠠᠵᠢᠮ ᠢᠶᠠᠷ ᠪᠦᠷᠢᠯᠳᠦᠭᠰᠡᠨ ᠶᠤᠮ᠃︾ ᠭᠡᠵᠦ ᠶᠤᠸᠠᠨ ᠴᠢᠩ ᠭᠦᠸᠧ ᠶᠠᠷᠢᠪᠠ᠃ | ᠪᠠᠭᠰᠢ ᠶᠢᠨ ᠰᠢᠯᠵᠢᠬᠦ ᠨᠣᠷᠮ᠎ᠠ 35% ᠪᠠᠶᠢᠭᠰᠠᠨ ᠠᠴᠠ ᠪᠠᠨ ᠪᠠᠭᠤᠷᠠᠭᠠᠳ 1% ᠬᠦᠷᠬᠦ ᠦᠭᠡᠢ ᠪᠣᠯᠵᠤ᠂ | ᠪᠠᠭᠰᠢ ᠶᠢᠨ ᠳᠤᠮᠳᠠᠴᠢ ᠣᠷᠣᠯᠭ᠎ᠠ 20% ᠨᠡᠮᠡᠭᠳᠡᠪᠡ᠃ ᠥᠭᠡᠳᠡᠯᠡᠵᠦ ᠤᠷᠤᠭᠤᠳᠠᠬᠤ ᠶᠢᠨ ᠬᠤᠭᠤᠷᠤᠨᠳᠤ | ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠰᠤᠷᠭᠠᠭᠤᠯᠢ ᠶᠢᠨ ᠰᠤᠷᠤᠭᠴᠢ ᠡᠯᠰᠡᠯᠲᠡ | ︽ᠬᠡᠲᠦᠷᠬᠡᠢ ᠲᠡᠯᠡᠯᠲᠦ ᠬᠡᠯᠪᠡᠷᠢ︾ ᠪᠠᠷ ᠨᠡᠮᠡᠭᠳᠡᠪᠡ᠃ | 2018 ᠣᠨ ᠤ 7 ᠰᠠᠷ᠎ᠠ ᠳᠤ ᠬᠢ ᠰᠤᠷᠤᠭᠴᠢ ᠡᠯᠰᠡᠯᠲᠡ ᠪᠠᠷ ᠵᠢᠱᠢᠶᠡᠯᠡᠪᠡᠯ᠄ ᠪᠠᠭ᠎ᠠ ᠰᠤᠷᠭᠠᠭᠤᠯᠢ 140 | ᠰᠤᠷᠤᠭᠴᠢ ᠡᠯᠰᠡᠬᠦ ᠪᠠᠷ ᠲᠥᠯᠥᠪᠯᠡᠵᠦ ᠪᠠᠶᠢᠭᠰᠠᠨ ᠴᠢᠨᠢ 500 ᠭᠠᠷᠤᠶ ᠬᠥᠮᠦᠨ ᠨᠡᠷ᠎ᠡ ᠮᠡᠳᠡᠭᠦᠯᠵᠡᠶ︔ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ 140 ᠰᠣᠷᠣᠭᠴᠢ ᠡᠯᠰᠡᠬᠦ ᠪᠠᠷ ᠲᠥᠯᠦᠪᠯᠠᠵᠦ ᠪᠠᠶᠢᠭᠰᠠᠨ ᠴᠢᠨᠢ ᠨᠡᠷ᠎ᠡ | ᠮᠡᠳᠡᠭᠦᠯᠦᠭᠰᠡᠨ ᠬᠥᠮᠦᠨ ᠤ ᠲᠤᠭ᠎ᠠ 1000 ᠰᠢᠬᠠᠮ ᠪᠣᠯᠵᠠᠶ᠃ | ︽ᠰᠤᠷᠭᠠᠭᠤᠯᠢ ᠠᠴᠠ ᠬᠥᠳᠡᠯᠮᠦᠷᠢ ᠶᠢᠨ ᠬᠥᠯᠥᠰᠥ ᠣᠯᠭᠤᠮᠵᠢ ᠪᠠ ᠬᠥᠮᠦᠨ ᠨᠡᠶᠢᠭᠡᠮ ᠤᠨ ᠬᠠᠯᠠᠮᠵᠢᠯᠠᠯ ᠤᠨ | ᠲᠠᠯ᠎ᠠ ᠪᠠᠷ ᠪᠠᠭᠰᠢ ᠶᠢ ᠬᠦᠨᠳᠦᠳᠬᠡᠵᠦ ᠪᠠᠶᠢᠬᠤ ᠪᠠᠨ ᠢᠯᠡᠷᠡᠭᠦᠯᠵᠦ᠂ ᠲᠡᠳᠡ ᠪᠠᠲᠤᠯᠠᠭ᠎ᠠ ᠲᠠᠢ ᠪᠣᠯᠤᠭᠰᠠᠨ ᠠᠴᠠ ᠵᠢᠭᠠᠨ | ᠰᠤᠷᠭᠠᠬᠤ ᠤᠷᠮ᠎ᠠ ᠵᠣᠷᠢᠭ ᠨᠢ ᠬᠥᠭᠵᠢᠪᠡ᠃︾ ᠭᠡᠵᠦ ᠶᠤᠸᠠᠨ ᠴᠢᠩ ᠭᠦᠸᠧ ᠶᠠᠷᠢᠪᠠ᠃ | ︽ᠵᠠᠷᠤᠳᠠᠯ ᠢ ᠳᠠᠭᠠᠭᠠᠴᠢᠯᠠᠭᠤᠯᠬᠤ︾ ᠲᠤᠷᠰᠢᠯᠭ᠎ᠠ ᠶᠢ ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ | ᠰᠤᠷᠭᠠᠨ ᠬᠥᠮᠦᠵᠢᠯ ᠤᠨ ᠪᠦᠯᠦᠭᠯᠡᠯ ᠪᠦᠬᠦ ᠤᠯᠤᠰ ᠲᠤ ᠳᠡᠯᠭᠡᠷᠡᠭᠦᠯᠵᠦ᠂ ᠡᠵᠡᠨ ᠬᠤᠷᠤᠭ᠎ᠠ ᠬᠤᠰᠢᠭᠤᠨ ᠤ ᠰᠤᠷᠭᠠᠨ | ᠬᠥᠮᠦᠵᠢᠯ ᠤᠨ ᠥᠭᠡᠷᠡᠴᠢᠯᠡᠯᠲᠡ ᠶᠢᠨ ᠢᠲᠡᠭᠡᠯ ᠵᠣᠷᠢᠭ ᠢ ᠬᠥᠪᠴᠢᠯᠡᠪᠡ᠃ ︽ᠪᠢᠳᠡ ᠥᠭᠡᠷᠡᠴᠢᠯᠡᠬᠦ ᠴᠢᠬᠤᠯᠠᠲᠠᠢ | ᠪᠥᠭᠡᠳ ᠳᠡᠯᠭᠡᠷᠡᠭᠦᠯᠬᠦ ᠴᠢᠬᠤᠯᠠᠲᠠᠢ︾ ᠭᠡᠵᠦ ᠸᠠᠩ ᠹᠸᠢ ᠬᠤ᠋ ᠶᠠᠷᠢᠪᠠ᠃ | ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠰᠤᠷᠭᠠᠭᠤᠯᠢ ᠪᠣᠯᠤᠨ 2019 | ᠣᠨ ᠳᠤ ᠰᠢᠨ᠎ᠡ ᠪᠠᠷ ᠨᠡᠮᠡᠭᠳᠡᠭᠰᠡᠨ ᠲᠤᠷᠰᠢᠯᠲᠠ ᠬᠢᠵᠦ ᠠᠮᠵᠢᠯᠲᠠ ᠣᠯᠤᠭᠰᠠᠨ 3 ᠰᠤᠷᠭᠠᠭᠤᠯᠢ ᠪᠠᠷ ᠬᠡᠪ ᠮᠠᠶ᠋ᠢᠭ | ᠪᠣᠯᠭᠠᠵᠤ᠂ 2020 ᠣᠨ ᠳᠤ᠂ ︽ᠵᠠᠷᠤᠳᠠᠯ ᠢ ᠳᠠᠭᠠᠭᠠᠴᠢᠯᠠᠭᠤᠯᠬᠤ︾ ᠶᠢ ᠪᠥᠬᠦ ᠲᠠᠯ᠎ᠠ ᠪᠠᠷ ᠡᠬᠢᠯᠡᠭᠦᠯᠪᠡ᠃ | | | | ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ | ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠤᠨ ᠡᠯᠡᠰᠦᠨ ᠵᠢᠷᠤᠭ | ᠤᠨ ᠨᠡᠶᠢᠭᠡᠮᠯᠢᠭ | | | ᠨᠥᠭᠦᠭᠡ ᠹᠷᠣᠨᠲ ᠲᠤ᠂ ᠮᠡᠷᠭᠡᠵᠢᠯ ᠤᠨ ᠴᠣᠯᠠ ᠶᠢ ᠥᠭᠡᠷᠡᠴᠢᠯᠡᠬᠦ ᠮᠡᠰᠡ ᠵᠠᠰᠠᠯ ᠤᠨ ᠬᠢᠲᠤᠭ᠎ᠠ ᠶᠠᠰᠤ ᠶᠢ ᠨᠢ | ᠬᠤᠰᠤᠵᠤ ᠬᠤᠤᠷ ᠢ ᠨᠢ ᠡᠮᠨᠡᠵᠦ ᠪᠠᠶᠢᠪᠠ᠃ ︽ᠵᠢᠯ ᠢᠶᠠᠷ ᠪᠣᠳᠤᠬᠤ︾᠂ ︽ᠬᠢᠷᠢ ᠬᠡᠮ ᠢ ᠨᠢ ᠦᠵᠡᠵᠦ ᠠᠬᠠᠮᠠᠳ ᠢ | ᠪᠣᠳᠣᠯᠬᠢᠯᠠᠬᠤ︾ ᠮᠡᠷᠭᠡᠵᠢᠯ ᠤᠨ ᠴᠣᠯᠠ ᠰᠢᠯᠭᠠᠷᠠᠭᠤᠯᠬᠤ ᠤᠳᠠᠭᠠᠨ ᠵᠢᠯ ᠤᠨ ᠵᠣᠷᠰᠢᠯ ᠢ ᠠᠯᠬᠤᠮ ᠠᠯᠬᠤᠮ ᠢᠶᠠᠷ | ᠲᠠᠶᠠᠭᠳᠠᠪᠠ᠃ | ᠮᠠᠨ ᠤ ᠤᠯᠤᠰ 1986 ᠣᠨ ᠠᠴᠠ ᠪᠠᠭᠰᠢ ᠶᠢᠨ ᠮᠡᠷᠭᠡᠵᠢᠯ ᠤᠨ ᠴᠣᠯᠠ ᠶᠢᠨ ᠳᠦᠷᠢᠮ ᠢ ᠬᠡᠷᠡᠭᠵᠢᠭᠦᠯᠵᠦ | ᠡᠬᠢᠯᠡᠭᠰᠡᠨ ᠪᠣᠯᠪᠠᠴᠤ ᠡᠴᠢᠨᠡᠬᠡᠨ ᠵᠢᠯ ᠵᠠᠷᠢᠮ ᠭᠠᠵᠠᠷ ᠣᠷᠣᠨ ᠳᠤ ᠪᠠᠭᠰᠢ ᠶᠢᠨ ᠮᠡᠷᠭᠡᠵᠢᠯ ᠤᠨ ᠴᠣᠯᠠ ᠶᠢᠨ ᠳᠦᠷᠢᠮ | ᠴᠢᠭᠯᠡᠯ ᠢᠶᠠᠨ ᠠᠯᠳᠠᠵᠤ᠂ ︽ᠬᠡᠷᠡᠭᠴᠡᠭᠡ ᠪᠠᠨ ᠦᠨᠳᠦᠰᠦᠯᠡᠨ ᠠᠵᠢᠯ ᠤᠨ ᠪᠠᠶᠢᠷᠢ ᠲᠣᠬᠢᠷᠠᠭᠤᠯᠬᠤ᠂ ᠠᠵᠢᠯ ᠤᠨ | ᠪᠠᠶᠢᠷᠢ ᠳᠤ ᠪᠠᠭᠰᠢ ᠤᠷᠢᠬᠤ︾ ᠶᠢ ᠪᠡᠶᠡᠯᠡᠭᠦᠯᠵᠦ ᠳᠡᠶᠢᠯᠦᠭᠰᠡᠨ ᠦᠭᠡᠢ᠃ ᠡᠶᠢᠮᠦ ᠠᠴᠠ ᠭᠤᠷᠪᠠᠨ ︽ᠠᠷᠭ᠎ᠠ ᠪᠦᠬᠦᠨ ᠢ | ᠰᠦᠪᠡᠭᠴᠢᠯᠡᠬᠦ︾᠄ ᠠᠷᠭ᠎ᠠ ᠪᠦᠬᠦᠨ ᠢ ᠰᠦᠪᠡᠭᠴᠢᠯᠡᠨ ᠠᠵᠢᠯ ᠦᠢᠯᠡᠰ ᠤᠨ ᠣᠷᠣᠨ ᠲᠤᠭ᠎ᠠ ᠶᠢ ᠣᠯᠬᠤ᠂ ᠠᠷᠭ᠎ᠠ | ᠪᠦᠬᠦᠨ ᠢ ᠰᠦᠪᠡᠭᠴᠢᠯᠡᠨ ᠳᠡᠭᠡᠳᠦ ᠳᠡᠰ ᠤᠨ ᠮᠡᠷᠭᠡᠵᠢᠯ ᠤᠨ ᠴᠣᠯᠠ ᠶᠢ ᠣᠯᠬᠤ᠂ ᠠᠷᠭ᠎ᠠ ᠪᠦᠬᠦᠨ ᠢ ᠰᠦᠪᠡᠭᠴᠢᠯᠡᠨ | ᠬᠢᠴᠢᠶᠡᠯ ᠣᠷᠣᠬᠤ ᠦᠭᠡᠢ ᠪᠠᠶᠢᠳᠠᠯ ᠡᠭᠦᠰᠪᠡ᠃ | ᠢᠩᠭᠢᠭᠰᠡᠨ ᠢᠶᠠᠷ ᠮᠡᠷᠭᠡᠵᠢᠯ ᠤᠨ ᠴᠣᠯᠠ ᠶᠢᠨ ᠠᠵᠢᠯ ᠤᠨ ᠪᠠᠶᠢᠷᠢ ᠶᠢᠨ ᠭᠦᠢᠴᠡᠳᠬᠡᠬᠦ ᠲᠤᠭ᠎ᠠ ᠶᠢ ᠶᠡᠭᠡ | ᠬᠡᠮᠵᠢᠶ᠎ᠡ ᠪᠠᠷ ᠡᠵᠡᠯᠡᠵᠦ᠂ ᠰᠤᠷᠭᠠᠭᠤᠯᠢ ᠨᠢ ᠣᠷᠤᠯᠠᠭᠴᠢ ᠪᠠᠭᠰᠢ ᠤᠷᠢᠵᠤ ᠬᠢᠴᠢᠶᠡᠯ ᠵᠢᠭᠠᠯᠭᠠᠵᠤ᠂ ᠨᠢᠭᠡᠳᠦᠭᠡᠷ | ᠹᠷᠣᠨᠲ ᠤᠨ ᠪᠠᠭᠰᠢ ᠶᠢᠨ ᠮᠡᠷᠭᠡᠵᠢᠯ ᠤᠨ ᠴᠣᠯᠠ ᠶᠢ ᠳᠡᠭᠡᠭᠰᠢᠯᠡᠭᠦᠯᠬᠦ ᠵᠠᠮ ᠬᠠᠭᠠᠭᠳᠠᠵᠤ᠂ ᠬᠦᠯᠢᠶᠡᠬᠦ ᠨᠢ ᠬᠡᠪ ᠤᠨ | ᠠᠰᠠᠭᠤᠳᠠᠯ ᠪᠣᠯᠪᠠ᠃ ᠰᠤᠷᠭᠠᠭᠤᠯᠢ ᠮᠡᠷᠭᠡᠵᠢᠯ ᠤᠨ ᠴᠣᠯᠠ ᠶᠢ ᠬᠢᠨᠠᠨ ᠳᠣᠭᠲᠠᠭᠠᠬᠤ ᠳᠤ ᠪᠠᠨ ᠵᠢᠭᠠᠨ ᠰᠤᠷᠭᠠᠯᠲᠠ ᠶᠢᠨ | ᠬᠢᠷᠢ ᠲᠦᠪᠰᠢᠨ᠂ ᠵᠢᠭᠠᠨ ᠰᠤᠷᠭᠠᠯᠲᠠ ᠶᠢᠨ ᠬᠢᠷᠢ ᠪᠦᠲᠦᠮᠵᠢ᠂ ᠵᠢᠭᠠᠨ ᠰᠤᠷᠭᠠᠯᠲᠠ ᠶᠢᠨ ᠬᠤᠪᠢ ᠨᠡᠮᠡᠷᠢ ᠶᠢ | ᠦᠵᠡᠬᠦ ᠪᠠᠨ ᠪᠣᠯᠢᠪᠠ᠃ | ᠡᠵᠡᠨ ᠬᠤᠷᠤᠭ᠎ᠠ ᠬᠤᠰᠢᠭᠤᠨ ᠳᠤ ᠴᠤ ᠡᠶᠢᠮᠦᠷᠬᠦᠦ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ | ᠪᠠᠶᠢᠪᠠ᠃ ᠵᠢᠱᠢᠶᠡᠯᠡᠪᠡᠯ᠂ ᠡᠵᠡᠨ ᠬᠤᠷᠤᠭ᠎ᠠ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠮᠡᠷᠭᠡᠵᠢᠯ ᠤᠨ | ᠴᠣᠯᠠ ᠶᠢ ᠥᠭᠡᠷᠡᠴᠢᠯᠡᠬᠦ ᠠᠴᠠ ᠡᠮᠦᠨ᠎ᠡ᠂ 10 ᠵᠢᠯ ᠳᠤ ᠮᠡᠷᠭᠡᠵᠢᠯ ᠤᠨ ᠴᠣᠯᠠ ᠶᠢᠨ ᠠᠵᠢᠯ ᠤᠨ ᠪᠠᠶᠢᠷᠢ ᠶᠢ | ᠦᠷᠢᠰᠦᠯᠳᠦᠭᠡᠳ ᠣᠯᠬᠤ ᠦᠭᠡᠶ ᠪᠣᠯ ᠨᠢᠭᠡᠳᠦᠭᠡᠷ ᠹᠷᠣᠨᠲ ᠤᠨ ᠰᠢᠯᠢᠳᠡᠭ ᠪᠠᠭᠰᠢ ᠶᠢᠨ 10 ᠵᠢᠯ ᠶᠠᠮᠠᠷ ᠴᠤ ᠬᠦᠰᠡᠯ | ᠡᠷᠡᠮᠡᠯᠵᠡᠯ ᠦᠭᠡᠶ ᠪᠣᠯᠤᠨ᠎ᠠ᠃ ︽ᠡᠶᠢᠮᠦᠷᠬᠦᠦ ᠬᠥᠰᠡᠷᠳᠡᠯ ᠲᠡᠷᠡᠴᠢᠯᠡᠨ ᠮᠤᠬᠤᠷᠳᠠᠯ ᠢ ᠬᠡᠨ ᠴᠤ ᠭᠡᠰᠡᠨ ᠮᠡᠳᠡᠵᠦ | ᠪᠣᠯᠤᠨ᠎ᠠ︾᠃ ᠡᠵᠡᠨ ᠬᠤᠷᠤᠭ᠎ᠠ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ ᠵᠠᠩ ᠰᠢᠤᠸᠠᠢ | ᠪᠢᠨ ᠠᠴᠠ ᠰᠤᠷᠭᠠᠭᠤᠯᠢ ᠶᠢᠨ ᠪᠠᠭᠰᠢ ᠨᠠᠷ ᠤᠨ ᠢᠳᠡᠪᠬᠢᠵᠢᠯ ᠢ ᠬᠦᠨᠳᠦ ᠨᠣᠴᠢᠲᠠᠶ ᠰᠢᠨᠲᠠᠷᠠᠭᠤᠯᠤᠭᠰᠠᠨ ᠭᠡᠵᠦ | ᠶᠠᠷᠢᠪᠠ᠃ | ᠡᠶᠢᠮᠦ ᠠᠴᠠ ᠡᠵᠡᠨ ᠬᠤᠷᠤᠭ᠎ᠠ ᠬᠤᠰᠢᠭᠤ ︽ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ | ᠪᠠᠶᠢᠷᠢ ᠶᠢᠨ ᠴᠠᠯᠢᠩ ᠣᠯᠭᠤᠮᠵᠢ ᠶᠢ ᠬᠠᠮᠢᠶᠠᠷᠬᠤ ᠠᠷᠭ᠎ᠠ︾ ᠪᠠ ︽ᠰᠤᠷᠭᠠᠨ ᠬᠥᠮᠦᠵᠢᠯ ᠤᠨ ᠰᠢᠰᠲ᠋ᠧᠮ ᠤᠨ | ᠮᠡᠷᠭᠡᠵᠢᠯ ᠤᠨ ᠴᠣᠯᠠ ᠶᠢ ᠰᠢᠯᠭᠠᠷᠠᠭᠤᠯᠤᠨ ᠤᠷᠢᠬᠤ ᠲᠦᠷᠢᠮ ᠢ ᠥᠭᠡᠷᠡᠴᠢᠯᠡᠬᠦ ᠲᠥᠰᠦᠯ︾ ᠢ ᠨᠡᠶᠢᠲᠡᠯᠡᠵᠦ᠂ | ︽ᠬᠠᠭᠤᠴᠢᠨ ᠬᠥᠮᠦᠨ ᠳᠤ ᠬᠠᠭᠤᠴᠢᠨ ᠠᠷᠭ᠎ᠠ᠂ ᠰᠢᠨ᠎ᠡ ᠬᠥᠮᠦᠨ ᠳᠤ ᠰᠢᠨ᠎ᠡ ᠠᠷᠭ᠎ᠠ︾ ᠶᠢᠨ ᠵᠠᠷᠴᠢᠮ ᠶᠣᠰᠤ ᠪᠠᠷ | ︽ᠰᠠᠶᠢᠨ ᠳᠤᠷ᠎ᠠ ᠠᠴᠠ ᠪᠠᠨ ᠨᠠᠶᠢᠷ ᠲᠠᠯᠪᠢᠬᠤ︾ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠮᠡᠷᠭᠡᠵᠢᠯ ᠤᠨ ᠴᠣᠯᠠ᠂ | ᠠᠵᠢᠯ ᠤᠨ ᠪᠠᠶᠢᠷᠢ ᠵᠡᠷᠭᠡ ᠡᠯᠧᠮᠧᠨ᠋ᠲ ᠢ ᠵᠦᠶ ᠵᠣᠬᠢᠰᠲᠠᠶ ᠰᠢᠯᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠬᠤ ᠶᠢ ᠠᠬᠢᠭᠤᠯᠵᠤ᠂ ᠬᠡᠰᠡᠭ ᠪᠠᠭᠰᠢ ᠶᠢᠨ ᠳᠡᠭᠡᠳᠦ ᠳᠡᠰ ᠤᠨ ᠮᠡᠷᠭᠡᠵᠢᠯ ᠤᠨ ᠴᠣᠯᠠ ᠢ ᠳᠣᠭᠲᠠᠭᠠᠭᠰᠠᠨ ᠤ | ᠳᠠᠷᠠᠭ᠎ᠠ ᠠᠵᠢᠯ ᠤᠨ ᠪᠠᠶᠢᠷᠢ ᠰᠢᠯᠵᠢᠭᠦᠯᠬᠦ ᠪᠠ ᠨᠢᠭᠡᠳᠦᠭᠡᠷ ᠹᠷᠣᠨᠲ ᠤᠨ ᠪᠠᠭᠰᠢ ᠶᠢᠨ ᠳᠡᠭᠡᠳᠦ ᠳᠡᠰ ᠤᠨ | ᠮᠡᠷᠭᠡᠵᠢᠯ ᠤᠨ ᠴᠣᠯᠠ ᠶᠢ ᠲᠣᠭᠲᠠᠭᠠᠬᠤ ᠳᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠪᠠᠭᠰᠢ | ᠨᠠᠷ ᠤᠨ ᠮᠡᠷᠭᠡᠵᠢᠯ ᠤᠨ ᠳᠡᠰ ᠳᠡᠪᠰᠢᠬᠦ ᠲᠣᠭᠲᠠᠴᠠ ᠶᠢ ᠪᠤᠢ ᠪᠣᠯᠭᠠᠪᠠ᠃ ᠣᠳᠣᠬᠠᠨ ᠳᠤ 39 ᠪᠠᠭᠰᠢ ᠳᠡᠭᠡᠳᠦ | ᠳᠡᠰ ᠤᠨ ᠮᠡᠷᠭᠡᠵᠢᠯ ᠤᠨ ᠴᠣᠯᠠ ᠪᠠᠨ ᠰᠠᠨᠠᠭᠠᠴᠢᠯᠠᠭ᠎ᠠ ᠠᠴᠠ ᠪᠠᠨ ᠰᠤᠯᠠᠯᠠᠵᠤ ᠥᠭᠴᠡᠢ᠃ | ᠡᠭᠦᠨ ᠤ ᠬᠠᠮᠲᠤ᠂ ᠪᠥᠬᠦ ᠬᠤᠰᠢᠭᠤᠨ ᠤ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ᠂ ᠬᠡᠤᠬᠡᠳ ᠤᠨ | ᠴᠡᠴᠡᠷᠯᠢᠭ ᠤᠨ 3963 ᠪᠠᠭᠰᠢ ᠠᠵᠢᠯᠲᠠᠨ ᠠᠵᠢᠯᠴᠢᠨ ᠢ ᠨᠢᠭᠡᠳᠦᠭᠡᠷ ᠹᠷᠣᠨᠲ ᠤᠨ ᠪᠠᠭᠰᠢ ᠪᠠ ᠨᠢᠭᠡᠳᠦᠭᠡᠷ | ᠹᠷᠣᠨᠲ ᠤᠨ ᠪᠤᠰᠤ ᠪᠠᠭᠰᠢ ᠪᠠᠷ ᠢᠯᠭᠠᠪᠠ᠃ ᠬᠢᠷᠢ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢ ᠨᠢᠭᠡᠳᠦᠭᠡᠷ | ᠹᠷᠣᠨᠲ ᠤᠨ ᠪᠠᠭᠰᠢ ᠲᠡᠶᠢᠰᠢ ᠬᠡᠯᠪᠠᠶᠢᠯᠭᠡᠵᠦ᠂ ᠨᠢᠭᠡᠳᠦᠭᠡᠷ ᠹᠷᠣᠨᠲ ᠤᠨ ᠪᠠᠭᠰᠢ ᠶᠢᠨ ᠲᠦᠷᠦᠭᠦᠤ 75% ᠶᠢ ᠵᠥᠷᠢᠶ᠎ᠡ | ᠭᠠᠷᠭᠠᠵᠤ ᠱᠠᠩᠨᠠᠯᠲᠤ ᠬᠢᠷᠢ ᠪᠥᠲᠦᠮᠵᠢ ᠶᠢᠨ ᠴᠠᠯᠢᠩ ᠣᠯᠭᠤᠵᠤ᠂ ᠬᠠᠮᠤᠭ ᠤᠨ ᠥᠨᠳᠥᠷ ᠲᠠᠰ ᠤᠨ ᠪᠠ ᠬᠠᠮᠤᠭ ᠤᠨ | ᠳᠣᠤᠷ᠎ᠠ ᠲᠠᠰ ᠤᠨ ᠵᠥᠷᠢᠶ᠎ᠡ ᠶᠢ 2 ᠲᠦᠮᠡᠨ ᠲᠥᠭᠦᠷᠢᠭ ᠠᠴᠠ ᠳᠡᠭᠡᠭᠰᠢ ᠪᠣᠯᠭᠠᠪᠠ᠃ | ᠰᠤᠷᠭᠠᠭᠤᠯᠢ ᠶᠢᠨ ᠵᠠᠬᠢᠷᠤᠯ ᠪᠣᠯ ᠰᠤᠷᠭᠠᠭᠤᠯᠢ ᠶᠢᠨ ᠰᠦᠭ ᠰᠦᠨᠡᠰᠦ ᠮᠥᠨ᠃ ᠡᠨᠡ ᠬᠦ ᠥᠭᠡᠷᠡᠴᠢᠯᠡᠯᠲᠡ ᠶᠢᠨ | ᠶᠠᠪᠤᠴᠠ ᠳᠤ ᠣᠷᠤᠨ ᠨᠤᠲᠤᠭ ᠤᠨ ᠰᠤᠷᠭᠠᠨ ᠬᠦᠮᠦᠵᠢᠯᠳᠡᠠ ᠢ ᠬᠥᠮᠥᠵᠢᠭᠦᠯᠬᠦ ᠪᠠᠷ ᠬᠠᠷᠠᠯᠲᠠ ᠪᠠᠨ ᠪᠣᠯᠭᠠᠵᠤ᠂ | ᠰᠤᠷᠭᠠᠭᠤᠯᠢ ᠶᠢᠨ ᠳᠠᠷᠤᠭ᠎ᠠ ᠶᠢᠨ ᠲᠤᠰᠢᠶᠠᠯ ᠤᠨ ᠵᠡᠷᠭᠡ ᠳᠡᠰ ᠤᠨ ᠲᠦᠷᠢᠮ ᠢ ᠬᠡᠷᠡᠭᠵᠢᠭᠦᠯᠪᠡ᠃ ᠰᠤᠷᠭᠠᠭᠤᠯᠢ ᠶᠢᠨ | ᠳᠠᠷᠤᠭ᠎ᠠ ᠶᠢᠨ ᠲᠤᠰᠢᠶᠠᠯ ᠢ 4 ᠳᠡᠰ 9 ᠵᠡᠷᠭᠡ ᠬᠤᠪᠢᠶᠠᠵᠤ᠂ ᠲᠤᠰᠢᠶᠠᠯ ᠡᠭᠦᠷᠭᠡᠯᠡᠬᠦ ᠬᠢᠷᠢ ᠬᠡᠮ᠂ ᠲᠤᠬᠠᠶᠢᠯᠠᠭᠰᠠᠨ | ᠠᠵᠢᠯ ᠤᠨ ᠬᠢᠷᠢ ᠲᠥᠪᠰᠢᠨ᠂ ᠰᠤᠷᠭᠠᠭᠤᠯᠢ ᠡᠷᠬᠢᠯᠡᠭᠰᠡᠨ ᠬᠠᠨᠤᠮᠵᠢ ᠶᠢᠨ ᠬᠡᠮᠵᠢᠶ᠎ᠡ ᠵᠡᠷᠭᠡ 6 ᠲᠠᠯ᠎ᠠ ᠠᠴᠠ ᠬᠢᠨᠠᠨ | ᠳᠣᠭᠲᠠᠭᠠᠬᠤ ᠪᠠ ᠲᠤᠰᠢᠶᠠᠯ ᠤᠨ ᠲᠡᠰ ᠤᠨ ᠴᠠᠯᠢᠩ ᠣᠯᠭᠤᠪᠠ᠃ ᠡᠭᠦᠨ ᠤ ᠬᠠᠮᠲᠤ᠂ ᠰᠤᠷᠭᠠᠭᠤᠯᠢ ᠶᠢᠨ ᠳᠠᠷᠤᠭ᠎ᠠ ᠶᠢᠨ | ᠮᠡᠷᠭᠡᠵᠢᠯ ᠤᠨ ᠴᠣᠯᠠ ᠶᠢᠨ ᠠᠵᠢᠯ ᠤᠨ ᠪᠠᠶᠢᠷᠢ ᠶᠢ ᠲᠤᠰᠠᠭᠠᠷ ᠵᠢᠭᠰᠠᠭᠠᠵᠤ᠂ ᠵᠢᠯ ᠪᠦᠷᠢ 30 % ᠣᠷᠴᠢᠮ ᠤᠨ | ᠬᠠᠷᠢᠴᠠᠯ ᠢᠶᠠᠷ ᠰᠢᠯᠭᠠᠷᠠᠭᠤᠯᠤᠨ ᠤᠷᠢᠵᠤ᠂ ᠰᠤᠷᠭᠠᠭᠤᠯᠢ ᠶᠢᠨ ᠳᠠᠷᠤᠭ᠎ᠠ ᠶᠢᠨ ᠮᠡᠷᠭᠡᠵᠢᠯ ᠤᠨ ᠴᠤᠯᠠ ᠶᠢᠨ ᠤᠬᠠᠮᠰᠠᠷ ᠢ | ᠰᠤᠯᠠᠷᠠᠭᠤᠯᠵᠤ᠂ ᠠᠵᠢᠯ ᠮᠡᠷᠭᠡᠵᠢᠯ ᠤᠨ ᠤᠬᠠᠮᠰᠠᠷ ᠢ ᠨᠢ ᠴᠢᠩᠭᠠᠳᠬᠠᠭᠰᠠᠨ ᠪᠥᠭᠡᠳ ᠰᠤᠷᠭᠠᠭᠤᠯᠢ ᠶᠢᠨ ᠳᠠᠷᠤᠭ᠎ᠠ | ᠪᠣᠯᠤᠨ ᠪᠠᠭᠰᠢ ᠠᠵᠢᠯᠲᠠᠨ ᠠᠵᠢᠯᠴᠢᠨ ᠤ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠵᠤ ᠬᠡᠷᠡᠭᠯᠡᠬᠦ ᠲᠠᠯ᠎ᠠ ᠪᠠᠷ ᠬᠢ | ᠵᠦᠷᠢᠴᠡᠯ ᠢ ᠪᠦᠲᠦᠮᠵᠢᠲᠡᠶ ᠨᠠᠮᠬᠠᠳᠬᠠᠪᠠ᠃ ᠣᠳᠣᠬᠠᠨ ᠳᠤ᠂ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ10 | ᠳᠠᠷᠤᠭ᠎ᠠ ᠨᠢ ᠲᠤᠬᠠᠶᠢᠯᠠᠭᠰᠠᠨ ᠠᠵᠢᠯ ᠤᠨ ᠳᠡᠰ ᠳᠡᠪᠰᠢᠪᠡ᠃ | ᠬᠤᠸᠠᠳᠦ᠋ᠩ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠤᠬᠠᠭᠠᠨ ᠤ ᠠᠬᠠᠯᠠᠭᠴᠢ | ᠳ᠋ᠣᠺᠲ᠋ᠣᠷ ᠯᠢ ᠲᠢᠩ ᠵᠧᠦ ᠨᠢᠭᠡᠨ ᠮᠡᠳᠡᠭᠡᠯᠡᠯ ᠠᠴᠠ ᠡᠵᠡᠨ ᠬᠤᠷᠤᠭ᠎ᠠ ᠬᠤᠰᠢᠭᠤ ᠰᠤᠷᠭᠠᠨ ᠬᠥᠮᠦᠵᠢᠯ ᠢ | ᠥᠭᠡᠷᠡᠴᠢᠯᠡᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠣᠯᠵᠤ ᠬᠠᠷᠠᠭᠠᠳ᠂ ᠲᠤᠬᠠᠶ ᠶᠢᠨ ᠭᠠᠵᠠᠷ ᠲᠤ ᠬᠦᠷᠴᠦ | ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ︽ᠳᠤᠮᠳᠠᠳᠤ ᠤᠯᠤᠰ ᠤᠨ ᠪᠠᠭᠰᠢ︾ ᠰᠡᠳᠬᠦᠯ ᠳᠤ ︽ᠠᠭᠠᠵᠢᠮ ᠢᠶᠠᠷ | ᠥᠭᠡᠷᠡᠴᠢᠯᠡᠯᠲᠡ ᠬᠢᠵᠦ ᠤᠤᠯ ᠤᠨ ᠮᠡᠷᠭᠡᠵᠢᠯ ᠤᠨ ᠴᠣᠯᠠ ᠤᠨ ᠳᠦᠷᠢᠮ ᠳᠤ ᠪᠤᠴᠠᠭᠰᠠᠨ — ᠥᠪᠥᠷ | ᠮᠣᠩᠭᠤᠯ ᠤᠨ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠪᠠᠭᠰᠢ ᠶᠢᠨ ᠮᠡᠷᠭᠡᠵᠢᠯ ᠤᠨ ᠴᠣᠯᠠ ᠶᠢᠨ | ᠥᠭᠡᠷᠡᠴᠢᠯᠡᠯᠲᠡ ᠶᠢ ᠪᠠᠶᠢᠴᠠᠭᠠᠨ ᠰᠣᠳᠤᠯᠤᠭᠰᠠᠨ ᠨᠢ︾ ᠭᠡᠬᠦ ᠦᠭᠦᠯᠡᠯ ᠨᠡᠶᠢᠲᠡᠯᠡᠪᠡ᠃ ︽ᠣᠷᠣᠵᠤ ᠪᠣᠯᠬᠤ ᠮᠥᠷᠲᠡᠭᠡᠨ | ᠭᠠᠷᠴᠤ ᠪᠣᠯᠬᠤ᠂ ᠳᠠᠪᠰᠢᠵᠤ ᠪᠣᠯᠬᠤ ᠮᠥᠷᠲᠡᠭᠡᠨ ᠤᠬᠤᠷᠢᠵᠤ ᠪᠣᠯᠬᠤ︾ ᠲᠣᠭᠲᠠᠴᠠ ᠨᠢ ᠥᠷᠭᠡᠨ ᠣᠯᠠᠨ ᠪᠠᠭᠰᠢ ᠶᠢᠨ | ᠢᠳᠡᠪᠬᠢᠵᠢᠯ ᠪᠠ ᠳᠠᠪᠰᠢᠬᠤ ᠵᠣᠷᠢᠭ ᠢ ᠦᠨᠡᠨ ᠬᠦ ᠳᠠᠶᠢᠴᠢᠯᠠᠵᠤ᠂ ᠪᠠᠭᠰᠢ ᠨᠠᠷ ᠡᠮᠦᠨ᠎ᠡ ᠹᠷᠣᠨᠲ ᠲᠤ ᠪᠤᠯᠢᠶᠠᠯᠴᠠᠯᠳᠤᠨ | ᠣᠴᠢᠵᠤ ᠪᠠᠭᠰᠢᠯᠠᠬᠤ ᠶᠢ ᠬᠥᠭᠵᠢᠭᠡᠬᠦ ᠬᠥᠳᠡᠯᠭᠡᠬᠦ ᠬᠦᠴᠦᠨ ᠪᠣᠯᠪᠠ᠃ | ᠳᠡᠭᠡᠷ᠎ᠡ ᠳᠤᠷᠠᠳᠤᠭᠰᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ︽ᠵᠣᠭᠰᠣᠩᠭᠢᠷᠠᠭᠰᠠᠨ ᠪᠠᠶᠢᠯᠳᠤᠭᠠᠨ ᠤ | ᠲᠡᠷᠭᠡ︾ ᠶᠢ ᠬᠥᠳᠡᠯᠭᠡᠵᠦ᠂ ᠣᠳᠣᠬᠠᠨ ᠤ ᠠᠰᠠᠭᠤᠳᠠᠯ ᠢ ᠰᠢᠢᠳᠪᠦᠷᠢᠯᠡᠬᠦ ᠭᠡᠰᠡᠨ ᠪᠣᠯ᠂ ᠭᠠᠳᠠᠭᠠᠳᠤ ᠳᠤ ᠲᠣᠮᠢᠯᠠᠵᠤ | ᠪᠠᠶᠢᠴᠠᠭᠠᠨ ᠦᠵᠡᠭᠦᠯᠵᠦ ᠨᠡᠷᠡᠳᠦ ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠤᠭᠰᠠᠨ ᠨᠢ ︽ᠲᠡᠷᠭᠡ ᠲᠦᠯᠬᠢᠵᠦ | ᠳᠠᠪᠠᠭ᠎ᠠ ᠳᠠᠪᠠᠭ᠋ᠤ︾ ᠶᠠᠪᠤᠳᠠᠯ᠂ ᠢᠷᠡᠭᠡᠳᠦᠶ ᠪᠠᠨ ᠪᠦᠲᠦᠭᠡᠨ ᠪᠠᠶᠢᠭᠤᠯᠬᠤ ᠰᠦᠪᠡᠭᠴᠢᠯᠡᠯ ᠪᠣᠯᠤᠨ᠎ᠠ᠃ | ᠣᠶᠢᠷ᠎ᠠ ᠶᠢᠨ ᠬᠤᠶᠠᠷ ᠵᠢᠯ ᠳᠤ᠂ ᠤᠷᠮᠠᠰᠢᠭᠤᠯᠬᠤ ᠲᠣᠭᠲᠠᠴᠠ ᠶᠢ ᠦᠷᠭᠦᠯᠵᠢᠯᠡᠭᠦᠯᠬᠦ ᠪᠠ ᠳᠡᠭᠡᠭᠰᠢᠯᠡᠭᠦᠯᠵᠦ᠂ | ᠰᠤᠷᠭᠠᠭᠤᠯᠢ ᠶᠢᠨ ᠳᠠᠷᠤᠭ᠎ᠠ ᠪᠠ ᠪᠠᠭᠰᠢ 70 ᠬᠥᠮᠦᠨ ᠢ ᠤᠷᠢᠳ ᠬᠤᠵᠢᠳ ᠺᠠᠨᠠᠳᠠ᠂ ᠶᠠᠫᠣᠨ᠂ ᠠᠩᠭ᠍ᠯᠢ᠂ ᠮᠣᠩᠭᠤᠯ | ᠤᠯᠤᠰ ᠲᠤ ᠲᠣᠮᠢᠯᠠᠵᠤ ᠪᠠᠶᠢᠴᠠᠭᠠᠨ ᠦᠵᠡᠵᠦ ᠰᠤᠷᠤᠯᠴᠠᠭᠤᠯᠪᠠ︔ ᠪᠥᠬᠦ ᠤᠯᠤᠰ ᠤᠨ ᠨᠠᠷᠠᠲᠤ ᠰᠢᠨᠵᠢᠯᠡᠭᠡᠨ ᠤ | ᠰᠠᠯᠠᠭᠠᠨ ᠤ 19 ᠲᠤᠰᠬᠠᠶ ᠮᠡᠷᠭᠡᠵᠢᠯᠲᠡᠨ ᠲᠤᠬᠠᠢ ᠶᠢᠨ ᠭᠠᠵᠠᠷ ᠰᠠᠭᠤᠷᠢᠰᠢᠨ ᠰᠠᠭᠤᠵᠤ᠂ ᠤᠷᠢᠳ ᠬᠤᠵᠢᠳ 19 | ᠲᠥᠷᠥᠯ ᠤᠨ ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠪᠠ᠃ ᠲᠡᠳᠡ ᠪᠣᠯ ᠡᠵᠡᠨ ᠬᠤᠷᠤᠭ᠎ᠠ | ᠬᠤᠰᠢᠭᠤᠨ ᠤ ᠰᠤᠷᠭᠠᠭᠤᠯᠢ ᠡᠷᠬᠢᠯᠡᠬᠦ ᠠᠬᠤᠢ ᠪᠠᠶᠢᠳᠠᠯ ᠪᠣᠯᠤᠨ ᠴᠢᠨᠠᠷ ᠴᠢᠨᠰᠠᠭ᠎ᠠ᠂ ᠵᠡᠷᠭᠡ ᠳᠡᠰ ᠢ ᠳᠡᠭᠡᠭᠰᠢᠯᠡᠭᠦᠯᠬᠦ | ︽ᠳᠡᠯᠭᠡᠷᠡᠭᠦᠯᠦᠭᠴᠢ︾ ᠪᠣᠯᠤᠨ᠎ᠠ᠃ | | | | 2018 ᠣᠨ ᠤ ᠪᠥᠬᠦ ᠤᠯᠤᠰ ᠤᠨ ᠨᠠᠷᠠᠲᠤ ᠪᠠᠭᠰᠢ ᠶᠢᠨ ᠠᠵᠢᠯᠯᠠᠬᠤ ᠲᠠᠰᠤᠭ ᠤᠨ | ᠬᠤᠯᠪᠤᠭᠠᠨ ᠤ ᠠᠩᠬᠠᠳᠤᠭᠠᠷ ᠬᠤᠭᠤᠴᠠᠭᠠᠨ ᠤ ᠠᠵᠢᠯᠯᠠᠬᠤ ᠲᠠᠰᠤᠭ ᠤᠨ ᠰᠢᠨ᠎ᠡ ᠶᠢ | ᠡᠭᠦᠳᠴᠦ ᠬᠥᠭᠵᠢᠭᠦᠯᠬᠦ ᠤᠨᠴᠠᠯᠢᠭᠳᠤ ᠦᠷ᠎ᠡ ᠪᠦᠲᠦᠭᠡᠯ ᠤᠨ ᠦᠵᠡᠰᠬᠦᠯᠡᠩ ᠤᠨ | ᠴᠤᠭᠯᠠᠭᠠᠨ ᠡᠵᠡᠨ ᠬᠤᠷᠤᠭ᠎ᠠ ᠬᠤᠰᠢᠭᠤᠨ ᠳᠤ ᠶᠠᠪᠤᠭᠳᠠᠪᠠ | | | | 10 ᠰᠠᠷ᠎ᠠ ᠶᠢᠨ 26 ᠤ ᠡᠳᠦᠷ᠂ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ ᠠᠴᠠ ᠡᠷᠬᠢᠯᠡᠭᠰᠡᠨ ᠪᠦᠬᠦ ᠤᠯᠤᠰ ᠤᠨ 28 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠤᠰᠢᠭᠤ ᠰᠢᠶᠠᠨ | ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠳᠠᠷᠤᠭ᠎ᠠ ᠶᠢᠨ ᠪᠣᠯᠪᠠᠰᠤᠷᠠᠭᠤᠯᠤᠯ ᠤᠨ ᠠᠩᠭᠢ ᠳᠤ | ᠾᠧ ᠵᠠᠨ ᠫᠢᠩ ︽ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ︾ ᠶᠢ ᠬᠤᠪᠢᠶᠠᠯᠴᠠᠵᠤ᠂ | ︽ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠳᠡᠰ ᠳᠠᠪᠬᠤᠷᠭᠠᠨ ᠤ ᠲᠥᠯᠥᠪᠯᠡᠭᠡ ᠵᠢᠴᠢ | ᠡᠯ᠎ᠡ ᠶᠡᠭᠡ ᠤᠳᠤᠷᠢᠳᠬᠤ ᠪᠠᠭ ᠪᠠ ᠠᠵᠢᠯᠲᠠᠨ ᠤ ᠶᠠᠪᠤᠳᠠᠯ᠂ ᠡᠳ᠋ ᠤᠨ ᠵᠠᠰᠠᠭ᠂ ᠣᠷᠣᠨ ᠲᠣᠭᠠᠨ ᠤ ᠠᠯᠪᠠᠨ ᠭᠡᠷ᠂ | ᠥᠭᠡᠷᠡᠴᠢᠯᠡᠯᠲᠡ ᠬᠥᠭᠵᠢᠭᠦᠯᠦᠯᠲᠡ᠂ ᠲᠥᠯᠦᠪᠵᠢᠭᠦᠯᠭᠡ᠂ ᠤᠯᠤᠰ ᠤᠨ ᠭᠠᠵᠠᠷ ᠰᠢᠷᠣᠶ ᠵᠡᠷᠭᠡ ᠰᠠᠯᠠᠭ᠎ᠠ ᠮᠥᠴᠢᠷ | ᠬᠦᠴᠦ ᠪᠠᠨ ᠬᠠᠮᠲᠤᠳᠬᠠᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠠᠬᠢᠭᠤᠯᠬᠤ ᠬᠦᠴᠢᠷ ᠠᠰᠠᠭᠤᠳᠠᠯ᠂ | ᠡᠪᠡᠷᠰᠢᠶᠡᠯ ᠠᠰᠠᠭᠤᠳᠠᠯ ᠢ ᠡᠭᠦᠷᠭᠡᠯᠡᠭᠰᠡᠨ ᠠᠷᠭ᠎ᠠ ᠪᠣᠳᠤᠯᠭ᠎ᠠ ᠶᠢ ᠪᠢᠰᠢᠷᠡᠵᠦ ᠪᠠᠶᠢᠬᠤ ᠪᠠᠨ ᠢᠯᠡᠳᠬᠡᠵᠦ᠂ ᠡᠵᠡᠨ | ᠬᠤᠷᠤᠭ᠎ᠠ ᠬᠤᠰᠢᠭᠤᠨ ᠳᠤ ᠬᠦᠷᠴᠦ ᠪᠠᠶᠢᠴᠠᠭᠠᠨ ᠦᠵᠡᠵᠦ ᠰᠠᠨᠠᠯ ᠢᠶᠠᠨ ᠰᠣᠯᠢᠯᠴᠠᠶ᠎ᠠ ᠭᠡᠵᠦ ᠢᠯᠡᠳᠬᠡᠵᠡᠭᠡᠪᠡ︾ ᠭᠡᠵᠦ | ᠶᠠᠷᠢᠵᠤ ᠪᠠᠶᠢᠯ᠎ᠠ᠂ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠡᠵᠡᠨ ᠬᠤᠷᠤᠭ᠎ᠠ | ᠬᠤᠰᠢᠭᠤ ᠶᠢ ᠳᠡᠭᠡᠳᠦ ᠰᠤᠷᠭᠠᠭᠤᠯᠢ ᠶᠢᠨ ᠢᠶᠠᠨ ᠠᠬᠤᠢ ᠲᠠᠯᠠᠪᠠᠢ ᠶᠢᠨ ᠵᠢᠭᠠᠨ ᠰᠤᠷᠭᠠᠯᠲᠠ ᠶᠢᠨ ᠴᠡᠭ ᠪᠣᠯᠭᠠᠵᠤ᠂ | ︽ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ︾ ᠶᠢ ᠤᠯᠠᠮ ᠨᠢᠭᠡ ᠠᠯᠬᠤᠮ | ᠳ᠋ᠦᠩᠨᠡᠵᠦ᠂ ᠪᠣᠯᠪᠠᠰᠤᠷᠠᠭᠤᠯᠵᠤ᠂ ᠳᠡᠯᠭᠡᠷᠡᠭᠦᠯᠬᠦ ᠪᠠᠷ ᠠᠩᠬ᠎ᠠ ᠠᠯᠬᠤᠮ ᠲᠥᠯᠥᠪᠯᠡᠵᠡᠢ᠃ | ᠤᠳᠠᠭᠠᠨ ᠵᠢᠯ ᠨᠠᠮ ᠵᠢᠮ ᠪᠠᠶᠢᠭᠰᠠᠨ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠨᠢ ᠲᠡᠦᠬᠡᠲᠦ | ᠴᠢᠨᠠᠷᠲᠠᠢ ︽ᠮᠠᠩᠨᠠᠢ ᠲᠡᠨᠢᠢᠪᠡ︾᠃ | | ᠥᠭᠡᠷᠡᠴᠢᠯᠡᠯᠲᠡ ᠶᠢᠨ ᠨᠢᠭᠤᠴᠠ ᠲᠦᠯᠬᠢᠭᠦᠷ ᠬᠠᠮᠢᠭ᠎ᠠ ᠪᠠᠶᠢᠬᠤ ᠪᠣᠶ | ᠥᠭᠡᠷᠡᠴᠢᠯᠡᠯᠲᠡ ᠶᠠᠪᠤᠭᠳᠠᠭᠠᠳ ᠳᠥᠷᠪᠡᠨ ᠵᠢᠯ ᠪᠣᠯᠤᠭ᠎ᠠ ᠦᠭᠡᠢ ᠪᠠᠷ ᠨᠢᠭᠡᠨᠲᠡ ᠨᠢᠭᠡ ᠰᠤᠷᠭᠠᠭᠤᠯᠢ ᠶᠢ | ᠠᠮᠢᠯᠠᠭᠤᠯᠤᠭᠰᠠᠨ ᠪᠠᠶᠢᠨ᠎ᠠ᠄ | ᠪᠠᠭᠰᠢ ᠨᠢᠭᠡᠳᠦᠭᠡᠷ ᠹᠷᠣᠨᠲ ᠠᠴᠠ ᠰᠠᠯᠤᠭᠰᠠᠨ ᠴᠤ ᠪᠠᠭᠰᠢ ᠶᠢᠨ ᠴᠠᠯᠢᠩ ᠪᠠ ᠮᠡᠷᠭᠡᠵᠢᠯ ᠤᠨ ᠴᠣᠯᠠ ᠶᠢᠨ | ᠴᠠᠯᠢᠩ ᠣᠯᠭᠤᠮᠵᠢ ᠶᠢ ᠭᠦᠷᠲᠡᠳᠡᠭ ᠲᠡᠷᠡ ᠴᠠᠭ ᠦᠭᠡᠢ ᠪᠣᠯᠪᠠ᠃ ᠰᠠᠨᠠᠭᠠᠴᠢᠯᠠᠭ᠎ᠠ ᠠᠴᠠ ᠪᠠᠨ ᠰᠤᠷᠤᠯᠴᠠᠵᠤ ᠳᠠᠪᠲᠠᠨ | ᠪᠣᠯᠪᠠᠰᠤᠷᠠᠬᠤ ᠨᠢ ᠣᠯᠠᠰᠢᠷᠠᠵᠤ᠂ ᠠᠩᠭᠢ ᠶᠢᠨ ᠡᠷᠬᠢᠯᠡᠭᠴᠢ ᠪᠣᠯᠬᠤ ᠪᠠᠷ ᠴᠢᠷᠮᠠᠶᠢᠬᠤ ᠨᠢ ᠣᠯᠠᠰᠢᠷᠠᠨ᠂ ᠬᠢᠴᠢᠶᠡᠯ | ᠢᠯᠡᠭᠦᠤ ᠣᠷᠤᠬᠤ ᠬᠦᠨᠳᠦ ᠡᠭᠦᠷᠭᠡ ᠶᠢ ᠡᠭᠦᠷᠭᠡᠯᠡᠬᠦ ᠨᠢ ᠣᠯᠠᠰᠢᠷᠠᠪᠠ︔ ᠤᠴᠢᠷ ᠦᠭᠡᠢ ᠰᠤᠯᠠ ᠵᠣᠭᠤᠭᠳᠠᠬᠤ ᠨᠢ | ᠴᠥᠭᠡᠷᠡᠵᠦ᠂ ᠪᠠᠭ᠎ᠠ ᠡᠪᠡᠳᠴᠢᠨ ᠢ ᠶᠡᠭᠡ ᠪᠠᠷ ᠰᠤᠪᠢᠯᠠᠬᠤ ᠨᠢ ᠴᠥᠭᠡᠷᠡᠵᠦ᠂ ᠨᠢᠭᠡᠳᠦᠭᠡᠷ ᠹᠷᠣᠨᠲ ᠠᠴᠠ ᠰᠠᠯᠬᠤ ᠪᠠᠷ | ᠱᠠᠭᠠᠷᠳᠠᠬᠤ ᠨᠢ ᠴᠥᠬᠡᠷᠡᠵᠦ ᠁ ᠪᠠᠭᠰᠢ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠨᠢ ᠲᠣᠪᠤᠶᠢᠮ᠎ᠠ ᠪᠣᠯᠵᠤ᠂ | ᠵᠢᠭᠠᠨ ᠰᠤᠷᠭᠠᠯᠲᠠ ᠪᠣᠯ ᠦᠷᠡᠭᠳᠡᠯ ᠭᠠᠷᠭᠠᠬᠤ ᠬᠡᠷᠡᠭᠲᠡᠢ ᠭᠡᠳᠡᠭ ᠨᠣᠲᠠᠯᠠᠭᠳᠠᠵᠤ᠂ ᠪᠠᠭᠰᠢ ᠨᠠᠷ ᠤᠨ ᠠᠵᠢᠯᠯᠠᠬᠤ | ᠬᠠᠯᠠᠭᠤᠨ ᠰᠡᠳᠬᠢᠯᠭᠡ ᠶᠢ ᠲᠦᠢᠯ ᠤᠨ ᠶᠡᠭᠡ ᠪᠠᠷ ᠲᠠᠶᠢᠴᠢᠯᠠᠵᠤ᠂ ᠡᠷᠳᠡᠮ ᠮᠡᠳᠡᠯᠭᠡ ᠰᠤᠷᠴᠤ ᠴᠢᠷᠮᠠᠶᠢᠨ ᠲᠡᠪᠰᠢᠬᠤ ᠪᠠ | ᠢᠳᠡᠪᠬᠢᠲᠡᠢ ᠵᠢᠭᠠᠵᠤ ᠰᠤᠳᠤᠯᠬᠤ ᠠᠭᠤᠷ ᠠᠮᠢᠰᠬᠤᠯ ᠠᠭᠠᠵᠢᠮ ᠢᠶᠠᠷ ᠪᠦᠷᠢᠯᠳᠦᠵᠡᠢ᠃ | ᠡᠵᠡᠨ ᠬᠤᠷᠤᠭ᠎ᠠ ᠬᠤᠰᠢᠭᠤᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠮᠢ ᠶᠢᠨ | ᠲᠤᠷᠰᠢᠯᠲᠠ ᠶᠢᠨ ᠪᠠᠭᠰᠢ ᠯᠢ ᠿᠥᠩ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠡᠬᠢᠯᠡᠬᠦ ᠦᠶ᠎ᠡ ᠳᠤ᠂ ᠠᠵᠢᠯ | ᠰᠢᠯᠵᠢᠵᠦ᠂ ᠠᠵᠢᠯ ᠤᠨ ᠪᠠᠶᠢᠷᠢ ᠳᠤ ᠭᠠᠷᠬᠤ ᠪᠠᠷ ᠦᠷᠢᠰᠦᠯᠳᠦᠬᠦ ᠪᠠᠷ ᠭᠤᠶᠤᠴᠢᠯᠠᠨ᠂ ᠪᠠᠭ᠎ᠠ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠪᠠᠭᠰᠢ ᠪᠣᠯᠪᠠ᠃ | ︽20 ᠭᠠᠷᠤᠢ ᠵᠢᠯ ᠪᠠᠭᠰᠢᠯᠠᠵᠦ᠂ ᠥᠩᠭᠡᠷᠡᠭᠰᠡᠨ ᠳᠤ ᠬᠦᠴᠦ ᠪᠠᠶᠢᠭᠠᠳ ᠬᠡᠷᠡᠭᠯᠡᠬᠦ ᠭᠠᠵᠠᠷ ᠦᠭᠡᠢ᠂ | ᠥᠪᠡᠷ ᠤᠨ ᠦᠨ᠎ᠡ ᠦᠷᠳᠡᠭ ᠢᠶᠠᠨ ᠮᠡᠳᠡᠬᠦ ᠦᠭᠡᠢ ᠪᠠᠶᠢᠪᠠ᠃ ᠰᠢᠨ᠎ᠡ ᠠᠵᠢᠯ ᠤᠨ ᠪᠠᠶᠢᠷᠢ ᠳᠤ ᠢᠷᠡᠭᠡᠳ ᠬᠤᠶᠠᠷ ᠵᠢᠯ | ᠠᠵᠢᠯ ᠲᠤᠩ ᠶᠠᠭᠠᠷᠠᠯᠲᠠᠢ ᠪᠣᠯᠪᠠᠴᠤ ᠮᠠᠰᠢ ᠠᠮᠵᠢᠯᠲᠠ ᠣᠯᠤᠭᠰᠠᠨ ᠲᠥᠷᠥᠭᠳᠡᠯ ᠲᠠᠢ︾ ᠭᠡᠪᠡ᠂ ᠯᠢ ᠿᠥᠩ ᠰᠢᠨ᠎ᠡ | ᠠᠵᠢᠯ ᠤᠨ ᠪᠠᠶᠢᠷᠢ ᠳᠤ ᠥᠪᠡᠷᠲᠡᠭᠡᠨ ᠵᠠᠰᠠᠬᠤ ᠣᠷᠣᠨ ᠤ ᠲᠡᠰ ᠤᠨ ᠪᠠ ᠬᠤᠳᠠ ᠶᠢᠨ ᠲᠡᠰ ᠤᠨ ᠵᠢᠭᠠᠨ | ᠰᠤᠷᠭᠠᠯᠲᠠ ᠶᠢᠨ ᠢᠷᠠᠭᠤ ᠠᠯᠳᠠᠷ ᠢ 7 ᠵᠦᠢᠯ ᠢ ᠬᠦᠷᠳᠡᠵᠤ᠂ ᠪᠠᠰᠠ ᠪᠦᠬᠦ ᠬᠤᠰᠢᠭᠤᠨ ᠤ ᠠᠩᠬᠠᠳᠠᠭᠴᠢ ᠪᠦᠯᠦᠭ ᠤᠨ | ︽ᠰᠢᠨᠵᠢᠯᠡᠬᠦ ᠤᠬᠠᠭᠠᠨ ᠤ ᠨᠡᠷᠡᠳᠦ ᠪᠠᠭᠰᠢ ᠶᠢᠨ ᠠᠵᠢᠯᠯᠠᠬᠤ ᠲᠠᠰᠤᠭ ᠤᠨ ᠨᠡᠷᠡᠳᠦ ᠪᠠᠭᠰᠢ︾ ᠪᠠᠷ ᠦᠨᠡᠯᠡᠭᠳᠡᠪᠡ᠃ | ︽ᠰᠢᠯᠢᠳᠡᠭ ᠪᠠ ᠲᠡᠷᠢᠭᠦᠨ ᠤ ᠬᠢ ᠶᠢ ᠰᠢᠯᠭᠠᠷᠠᠭᠤᠯᠬᠤ ᠳᠤ ᠤᠷᠢᠳ ᠢᠶᠠᠷ ᠨᠢᠭᠡᠳᠦᠭᠡᠷ ᠹᠷᠣᠨᠲ ᠤᠨ ᠪᠠᠭᠰᠢ ᠶᠢ | ᠪᠣᠳᠣᠯᠬᠢᠯᠠᠵᠤ᠂ ᠪᠠᠰᠠ ᠠᠬᠠᠮᠠᠳ ᠪᠠᠭᠰᠢ ᠨᠠᠷ ︿ᠠᠵᠢᠯ ᠤᠨ ᠪᠠᠶᠢᠷᠢ ᠰᠤᠯᠠᠯᠠᠬᠤ﹀ ᠶᠢ ᠰᠠᠨᠠᠭᠠᠴᠢᠯᠠᠭᠰᠠᠨ ᠠᠴᠠ ᠪᠢ | ᠰᠠᠶ᠋ᠢ ᠳᠡᠳ᠋ ᠳᠡᠭᠡᠳᠦ ᠳᠡᠰ ᠤᠨ ᠮᠡᠷᠭᠡᠵᠢᠯ ᠤᠨ ᠴᠣᠯᠠ ᠳᠤ ᠤᠷᠤᠭᠰᠢᠲᠠᠢ ᠳᠡᠪᠰᠢᠵᠦ᠂ ᠴᠠᠯᠢᠩ ᠣᠯᠭᠤᠮᠵᠢ ᠶᠢ | ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠪᠢᠳᠡᠨ ᠢ ᠰᠠᠶᠢᠲᠤᠷ ᠠᠵᠢᠯᠯᠠᠬᠤ ᠬᠡᠷᠡᠭᠲᠡᠢ ᠭᠡᠵᠦ ᠵᠣᠷᠢᠭᠵᠢᠭᠤᠯᠪᠠ᠂ | ᠡᠭᠦᠨ ᠢ ᠮᠢᠨᠦ ᠥᠩᠭᠡᠷᠡᠭᠰᠡᠨ ᠤ ᠰᠤᠷᠭᠠᠭᠤᠯᠢ ᠬᠢᠵᠦ ᠴᠢᠳᠠᠬᠤ ᠦᠭᠡᠢ ᠶᠤᠮ᠃︾ ᠡᠵᠡᠨ ᠬᠤᠷᠤᠭ᠎ᠠ ᠬᠤᠰᠢᠭᠤᠨ ᠤ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠭ᠍ᠯᠢ ᠬᠡᠯᠡᠨ ᠤ ᠪᠠᠭᠰᠢ ᠶᠠᠩ ᠯᠢ ᠪᠣᠯ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠠᠴᠠ ᠠᠵᠢᠯ ᠰᠢᠯᠵᠢᠵᠦ ᠢᠷᠡᠭᠰᠡᠨ᠂ ᠪᠢ ᠡᠵᠡᠨ ᠬᠤᠷᠤᠭ᠎ᠠ | ᠬᠤᠰᠢᠭᠤᠨ ᠤ ᠰᠤᠷᠭᠠᠨ ᠬᠥᠮᠦᠵᠢᠯ ᠢ ᠥᠭᠡᠷᠡᠴᠢᠯᠡᠬᠦ ᠳᠣᠷᠤᠨ᠎ᠠ ᠶᠢᠨ ᠰᠠᠯᠬᠢᠨ ᠳᠤ ᠢᠪᠡᠭᠡᠭᠳᠡᠪᠡ ᠭᠡᠵᠦ ᠰᠢᠭᠤᠳ | ᠶᠠᠷᠢᠵᠤ ᠪᠠᠶᠢᠯ᠎ᠠ᠃ | ︽ᠣᠯᠠᠨ ᠰᠢᠯᠢᠳᠡᠭ ᠪᠠᠭᠰᠢ ᠶᠢ ᠦᠯᠡᠳᠡᠭᠡᠵᠦ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ | ᠰᠡᠳᠬᠢᠯ ᠠᠮᠤᠷ ᠦᠷᠭᠦᠯᠵᠢᠯᠡᠨ ᠬᠢᠯᠭᠡᠵᠦ᠂ ᠠᠷᠭ᠎ᠠ ᠪᠦᠬᠦᠨ ᠢ ᠰᠦᠪᠡᠭᠴᠢᠯᠡᠵᠦ ᠰᠤᠷᠭᠠᠨ ᠬᠥᠮᠦᠵᠢᠯ ᠠᠴᠠ ᠰᠠᠯᠬᠤ ᠶᠢ | ᠪᠣᠯᠢᠭᠤᠯᠵᠤ᠂ ᠳᠦᠷᠢᠮ ᠢᠶᠠᠷ ᠬᠥᠮᠦᠨ ᠢ ᠦᠯᠡᠳᠡᠭᠡᠬᠦ ᠶᠢ ᠦᠨᠡᠨ ᠬᠦ ᠪᠡᠶᠡᠯᠡᠭᠦᠯᠦᠭᠰᠡᠨ ᠨᠢ ᠮᠥᠨ ᠴᠦ ᠡᠵᠡᠨ | ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠤᠶᠢᠷ᠎ᠠ ᠶᠢᠨ ᠬᠡᠳᠦᠨ ᠵᠢᠯ ᠳᠤ ᠪᠦᠬᠦ ᠬᠤᠲᠠ ᠶᠢᠨ ᠰᠤᠷᠭᠠᠨ | ᠬᠥᠮᠦᠵᠢᠯ ᠵᠢᠭᠠᠨ ᠰᠤᠷᠭᠠᠯᠲᠠ ᠪᠠ ᠶᠡᠷᠦᠩᠬᠡᠢ ᠬᠢᠨᠠᠨ ᠵᠢᠯᠣᠭᠤᠳᠤᠯᠭ᠎ᠠ ᠶᠢᠨ ᠡᠮᠦᠨ᠎ᠡ ᠡᠩᠨᠡᠭᠡᠨ ᠳᠤ ᠣᠷᠤᠭᠰᠠᠨ | ᠰᠢᠯᠲᠠᠭᠠᠨ ᠤ ᠨᠢᠭᠡ ᠪᠣᠯᠤᠨ᠎ᠠ︾ ᠡᠨᠡ ᠪᠣᠯ ᠡᠵᠡᠨ ᠬᠤᠷᠤᠭ᠎ᠠ ᠬᠤᠰᠢᠭᠤᠨ ᠤ ᠠᠭᠤᠷᠬᠠᠶ ᠶᠢᠨ ᠣᠷᠣᠨ ᠤ ᠪᠠᠭ᠎ᠠ | ᠰᠤᠷᠭᠠᠭᠤᠯᠢ ᠶᠢᠨ ᠵᠠᠬᠢᠷᠤᠯ ᠮᠠ ᠸᠧᠶ ᠶᠢᠨ ᠥᠩᠭᠡᠷᠡᠭᠦᠯᠦᠭᠰᠡᠨ ᠲᠥᠷᠥᠭᠳᠡᠯ ᠪᠣᠯᠤᠨ᠎ᠠ᠃ | ᠬᠠᠪᠤᠷ᠂ ᠮᠥᠷᠡᠨ ᠤ ᠤᠰᠤ ᠳᠤᠯᠠᠭᠠᠨ ᠪᠣᠯᠤᠭᠰᠠᠨ ᠢ ᠨᠤᠭᠤᠰᠤ ᠤᠷᠢᠳᠴᠢᠯᠠᠨ ᠮᠡᠳᠡᠨ᠎ᠡ᠃ ᠨᠢᠭᠡᠳᠦᠭᠡᠷ | ᠹᠷᠣᠨᠲ ᠤᠨ ᠪᠠᠭᠰᠢ ᠨᠠᠷ ᠬᠠᠪᠤᠷ ᠬᠦᠷᠴᠦ ᠢᠷᠡᠭᠰᠡᠨ ᠢ ᠰᠡᠷᠡᠵᠦ ᠮᠡᠳᠡᠪᠡ᠃ | ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾᠂ ︽ᠮᠡᠷᠭᠡᠵᠢᠯ ᠤᠨ ᠴᠣᠯᠠ ᠶᠢᠨ ᠥᠭᠡᠷᠡᠴᠢᠯᠡᠯᠲᠡ︾ | ᠵᠡᠷᠭᠡ ᠶᠢ ᠬᠠᠶᠢᠨ ᠰᠦᠪᠡᠭᠴᠢᠯᠡᠬᠦ ᠨᠢ ᠪᠦᠬᠦ ᠤᠯᠤᠰ ᠲᠤ ᠠᠪᠴᠤ ᠬᠡᠯᠡᠪᠡᠯ ᠬᠤᠪᠤᠷ ᠪᠢᠰᠢ ᠶᠤᠮ᠂ ᠠᠮᠵᠢᠯᠲᠠ | ᠣᠯᠬᠤ ᠶᠢ ᠳᠠᠭᠠᠯᠳᠤᠨ ᠠᠯᠢ ᠣᠯᠠᠨ ᠶᠠᠷᠢᠶ᠎ᠠ ᠬᠡᠯᠡᠯᠴᠡᠭᠡ ᠭᠠᠷᠪᠠ᠂ ᠶᠠᠭᠠᠬᠢᠭᠠᠳ ᠡᠵᠡᠨ ᠬᠤᠷᠤᠭ᠎ᠠ ᠬᠤᠰᠢᠭᠤᠨ ᠳᠤ | ᠭᠦᠨ ᠦᠨᠳᠦᠰᠦᠯᠡᠵᠦ᠂ ᠴᠡᠴᠡᠭᠯᠡᠭᠰᠡᠨ ᠪᠣᠢ︖ ᠡᠵᠡᠨ ᠬᠤᠷᠤᠭ᠎ᠠ ᠬᠤᠰᠢᠭᠤᠨ ᠤ ᠬᠥᠮᠦᠰ ᠠᠮᠵᠢᠯᠲᠠ ᠣᠯᠬᠤ | ᠨᠢᠭᠤᠴᠠ ᠲᠦᠯᠬᠢᠭᠦᠷ ᠢ ᠡᠷᠢᠵᠦ ᠣᠯᠤᠭᠰᠠᠨ ᠭᠡᠵᠢ ᠦᠦ︖ ︽ᠡᠵᠡᠨ ᠬᠤᠷᠤᠭ᠎ᠠ ᠬᠤᠰᠢᠭᠤᠨ ᠤ ᠰᠤᠷᠭᠠᠨ | ᠬᠥᠮᠦᠵᠢᠯ ᠤᠨ ᠥᠭᠡᠷᠡᠴᠢᠯᠡᠯᠲᠡ︾ ᠶᠢ ᠲᠦᠭᠡᠮᠡᠯ ᠬᠡᠪ ᠵᠠᠭᠪᠤᠷ ᠪᠣᠯᠭᠠᠵᠤ ᠶᠡᠭᠡ ᠬᠡᠪᠴᠢᠶ᠎ᠡ ᠪᠠᠷ ᠳᠡᠯᠭᠡᠷᠡᠭᠦᠯᠦᠨ | ᠬᠡᠷᠡᠭᠯᠡᠵᠦ ᠪᠣᠯᠤᠨ᠎ᠠ ᠤᠤ︖ | ︽ᠣᠶᠢᠷ᠎ᠠ ᠶᠢᠨ ᠬᠤᠶᠠᠷ ᠵᠢᠯ ᠳᠤ ᠴᠥᠭᠡᠨ ᠪᠤᠰᠤ ᠬᠥᠮᠦᠨ ᠮᠠᠨ ᠤ ᠠᠳᠡ ᠢᠷᠡᠵᠦ ᠪᠠᠶᠢᠴᠠᠭᠠᠵᠤ ᠰᠤᠷᠤᠯᠴᠠᠪᠠ᠃ | ᠲᠡᠳᠡᠨ ᠤ ᠦᠵᠡᠬᠦ ᠪᠠᠷ᠂ ᠡᠨᠡ ᠬᠦ ᠬᠡᠪ ᠵᠠᠭᠪᠤᠷ ᠢ ᠳᠠᠭᠤᠷᠢᠶᠠᠬᠤ ᠳᠤ ᠬᠦᠴᠢᠷ᠂ ᠲᠩᠷᠢ ᠶᠢᠨ ᠴᠠᠭ ᠭᠠᠵᠠᠷ ᠤᠨ ᠠᠰᠢᠭ | ᠬᠥᠮᠦᠨ ᠤ ᠨᠠᠶᠢᠷᠠᠮᠳᠠᠭᠤ᠂ ᠠᠯᠢ ᠨᠢ ᠴᠦ ᠳᠤᠲᠠᠭᠳᠠᠵᠤ ᠪᠣᠯᠬᠤ ᠦᠭᠡᠢ︾ ᠡᠵᠡᠨ ᠬᠤᠷᠤᠭ᠎ᠠ ᠬᠤᠰᠢᠭᠤᠨ ᠤ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠵᠢᠭᠳᠡᠨ ᠶᠠᠷᠢᠪᠠ᠃ | ᠲᠩᠷᠢ ᠶᠢᠨ ᠴᠠᠭ ᠭᠠᠵᠠᠷ ᠤᠨ ᠠᠰᠢᠭ ᠬᠥᠮᠦᠨ ᠤ ᠨᠠᠶᠢᠷᠠᠮᠳᠠᠭᠤ᠂ ᠡᠵᠡᠨ ᠬᠤᠷᠤᠭ᠎ᠠ ᠬᠤᠰᠢᠭᠤᠨ ᠤ ᠡᠯ᠎ᠡ | ᠡᠲᠡᠭᠡᠳ ᠤᠨ ᠬᠢᠨ ᠭᠤᠷᠪᠠᠨ ᠶᠡᠭᠡ ᠬᠦᠴᠦᠨ ᠵᠦᠢᠯ ᠢ ᠬᠠᠮᠠᠭᠠᠯᠠᠬᠤ ᠥᠭᠡᠷᠡᠴᠢᠯᠡᠯᠲᠡ ᠱᠠᠲᠤᠴᠢ ᠴᠢᠨᠠᠷᠲᠠᠶ ᠠᠮᠵᠢᠯᠲᠠ | ᠣᠯᠤᠭᠰᠠᠨ ᠭᠡᠵᠦ ᠦᠵᠡᠵᠡᠭᠡᠵᠦ ᠪᠠᠶᠢᠯ᠎ᠠ᠃ | ᠡᠩ ᠲᠡᠷᠢᠭᠦᠨ ᠳᠤ᠂ ᠳᠡᠭᠡᠳᠦ ᠳᠡᠰ ᠤᠨ ᠵᠢᠷᠤᠭ ᠲᠥᠰᠦᠪ ᠪᠣᠯ ᠦᠨᠳᠦᠰᠦ᠂ ᠵᠠᠩᠭᠢᠯᠠᠭ᠎ᠠ ᠶᠢᠨ ᠭᠤᠭᠴᠤᠭ᠎ᠠ | ᠮᠥᠨ᠃ | ᠰᠤᠷᠭᠠᠨ ᠬᠥᠮᠦᠵᠢᠯ ᠢ ᠬᠤᠪᠢᠳᠠᠨ ᠬᠠᠮᠢᠶᠠᠷᠴᠤ ᠪᠠᠶᠢᠭ᠎ᠠ ᠡᠵᠡᠨ ᠬᠤᠷᠤᠭ᠎ᠠ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠶᠠᠨ ᠼᠠᠢ ᠢᠦᠶ ᠶᠢᠨ ᠦᠵᠡᠬᠦ ᠪᠠᠷ ︽ᠬᠠᠮᠲᠤ ᠶᠢᠨ | ᠲᠠᠨᠢᠯᠲᠠ ᠲᠠᠢ ᠪᠣᠯᠵᠤ᠂ ᠣᠯᠠᠨ ᠢᠶᠠᠷ ᠢᠶᠠᠨ ᠬᠦᠯᠢᠰ ᠢ ᠡᠷᠭᠦᠬᠦ︾ ᠪᠣᠯ ᠥᠭᠡᠷᠡᠴᠢᠯᠡᠯᠲᠡ ᠢᠯᠠᠵᠤ ᠢᠯᠠᠭᠳᠠᠬᠤ ᠶᠢᠨ | ᠵᠠᠩᠭᠢᠯᠠᠭ᠎ᠠ ᠮᠥᠨ᠃ ︽ᠰᠤᠷᠭᠠᠨ ᠬᠥᠮᠦᠵᠢᠯ ᠤᠨ ᠦᠢᠯᠡᠰ ᠢ ᠪᠥᠬᠦ ᠠᠵᠢᠯ ᠤᠨ ᠲᠡᠷᠢᠭᠦᠨ ᠳᠤ ᠲᠠᠯᠪᠢᠵᠤ | ᠠᠳᠬᠤᠭᠰᠠᠨ ᠨᠢ ᠪᠥᠬᠦ ᠬᠤᠰᠢᠭᠤᠨ ᠤ ᠬᠠᠮᠲᠤ ᠶᠢᠨ ᠲᠠᠨᠢᠯᠲᠠ ᠶᠤᠮ᠃ ᠨᠠᠶᠢᠳᠠᠪᠤᠷᠢᠵᠢᠭᠤᠯᠬᠤ ᠳᠤ ᠪᠠᠨ ᠪᠢᠳᠡ ᠡᠩ | ᠲᠡᠷᠢᠭᠦᠨ ᠳᠤ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠳᠡᠭᠡᠳᠦ ᠳᠡᠰ ᠤᠨ ᠵᠢᠷᠤᠭ ᠲᠥᠰᠦᠪ ᠢ | ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠪᠠ︾ ᠭᠡᠪᠡ᠃ | ︽ᠰᠢᠨᠵᠢᠯᠡᠬᠦ ᠤᠬᠠᠭᠠᠨᠴᠢ᠂ ᠵᠦᠶ ᠵᠣᠬᠢᠰᠲᠠᠶ ᠬᠡᠷᠡᠭᠴᠡᠭᠡ ᠯᠡ ᠶᠤᠮ ᠪᠣᠯ᠂ ᠵᠣᠭᠤᠰ ᠠᠪᠤᠪᠠᠯ ᠵᠣᠭᠤᠰ ᠥᠭᠴᠦ᠂ | ᠬᠥᠮᠦᠨ ᠬᠡᠷᠡᠭᠯᠡᠪᠡᠯ ᠬᠥᠮᠦᠨ ᠲᠣᠬᠢᠷᠠᠭᠤᠯᠵᠤ᠂ ᠲᠦᠷᠦ ᠶᠢᠨ ᠪᠤᠳᠤᠯᠭ᠎ᠠ ᠬᠡᠷᠡᠭᠲᠡᠢ ᠪᠣᠯ ᠲᠥᠷᠦ ᠶᠢᠨ ᠪᠣᠳᠤᠯᠭ᠎ᠠ ᠶᠢ | ᠳᠣᠭᠲᠠᠭᠠᠨ᠎ᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠣᠯᠠᠨ ᠤᠳᠠᠭ᠎ᠠ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠵᠥᠪᠯᠡᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠳᠥᠷᠪᠡᠨ ᠶᠡᠭᠡ ᠤᠳᠤᠷᠢᠳᠬᠤ ᠪᠠᠭ ᠤᠨ ᠬᠤᠯᠪᠤᠭᠠᠲᠤ | ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠡᠷᠭᠡ ᠶᠢ ᠬᠤᠷᠠᠯᠳᠤᠭᠤᠯᠵᠤ᠂ | ᠰᠤᠷᠭᠠᠨ ᠬᠥᠮᠦᠵᠢᠯ ᠢ ᠥᠭᠡᠷᠡᠴᠢᠯᠡᠬᠦ ᠠᠵᠢᠯ ᠢ ᠰᠤᠳᠤᠯᠤᠨ ᠪᠠᠶᠢᠷᠢᠯᠠᠭᠤᠯᠵᠤ᠂ ᠲᠤᠭ ᠲᠡᠮᠳᠡᠭ ᠲᠣᠳᠣᠷᠬᠠᠢ | ᠥᠭᠡᠷᠡᠴᠢᠯᠡᠯᠲᠡ ᠶᠢ ᠳᠡᠮᠵᠢᠪᠡ︾ ᠭᠡᠵᠦ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ᠂ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠾᠧ ᠰᠢᠶᠠᠩ ᠭᠦᠸᠧ ᠶᠠᠷᠢᠪᠠ᠃ | ᠾᠧ ᠵᠠᠨ ᠫᠢᠩ ᠤᠨ ᠦᠵᠡᠬᠦ ᠪᠠᠷ᠂ ᠶᠠᠮᠠᠷᠪᠠ ᠥᠭᠡᠷᠡᠴᠢᠯᠡᠯᠲᠡ ᠭᠡᠳ ᠬᠡᠰᠡᠭ ᠲᠠᠯ᠎ᠠ ᠶᠢ ᠣᠯᠵᠤ ᠦᠵᠡᠭᠡᠳ | ᠪᠥᠬᠦ ᠲᠠᠯ᠎ᠠ ᠶᠢ ᠣᠯᠵᠤ ᠦᠵᠡᠬᠦ ᠦᠭᠡᠢ ᠪᠠᠶᠢᠵᠤ ᠪᠣᠯᠬᠤ ᠦᠭᠡᠢ᠂ ᠭᠠᠭᠴᠠ ᠲᠠᠯ᠎ᠠ ᠶᠢ ᠠᠳᠬᠤᠬᠤ ᠬᠡᠯᠪᠡᠷᠢ ᠶᠢᠨ | ᠥᠭᠡᠷᠡᠴᠢᠯᠡᠯᠲᠡ ᠶᠢ ᠬᠢᠵᠦ᠂ ᠨᠢᠭᠡ ᠲᠠᠯ᠎ᠠ ᠶᠢ ᠬᠠᠮᠢᠶᠠᠷᠤᠭᠠᠳ ᠨᠥᠭᠦᠭᠡ ᠲᠠᠯ᠎ᠠ ᠶᠢ ᠣᠷᠬᠢᠭᠳᠠᠭᠤᠯᠵᠤ ᠪᠣᠯᠬᠤ ᠦᠭᠡᠢ᠃ | ︽ᠡᠷᠬᠡᠪᠰᠢ ᠳᠡᠭᠡᠳᠦ ᠳᠡᠰ ᠤᠨ ᠵᠢᠷᠤᠭ ᠲᠥᠰᠦᠪ ᠢ ᠴᠢᠩᠭᠠᠳᠬᠠᠵᠤ᠂ ᠬᠠᠮ ᠨᠢᠳᠤᠷᠭ᠎ᠠ ᠶᠢᠨ ᠰᠢᠰᠲ᠋ᠧᠮ ᠢᠶᠠᠷ | ᠠᠬᠢᠭᠤᠯᠬᠤ ᠬᠡᠷᠡᠭᠲᠡᠢ︾᠃ | ᠠᠵᠢᠯᠲᠠᠨ ᠤ ᠶᠠᠪᠤᠳᠠᠯ᠂ ᠡᠳ᠋ ᠤᠨ ᠵᠠᠰᠠᠭ᠂ ᠣᠷᠣᠨ ᠲᠣᠭᠠᠨ ᠤ ᠠᠯᠪᠠᠨ ᠭᠡᠷ᠂ ᠥᠭᠡᠷᠡᠴᠢᠯᠡᠯᠲᠡ | ᠬᠥᠭᠵᠢᠭᠦᠯᠦᠯᠲᠡ᠂ ᠲᠥᠯᠦᠪᠵᠢᠭᠦᠯᠭᠡ᠂ ᠤᠯᠤᠰ ᠤᠨ ᠭᠠᠵᠠᠷ ᠰᠢᠷᠣᠶ ᠵᠡᠷᠭᠡ ᠰᠠᠯᠠᠭ᠎ᠠ ᠮᠥᠴᠢᠷ᠂ ᠨᠡᠶᠢᠭᠡᠮ ᠤᠨ | ᠬᠦᠴᠦᠨ ᠬᠢᠭᠡᠳ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ︽ᠳᠠᠭᠤ ᠬᠤᠭᠤᠯᠠᠢ︾ ᠨᠢᠭᠡᠳᠭᠡᠪᠡ᠄ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠠᠴᠠ ᠣᠯᠠᠨ | ᠤᠳᠠᠭ᠎ᠠ ᠪᠥᠯᠬᠦᠮ ᠳᠠᠭᠠᠭᠤᠯᠤᠨ ᠭᠠᠳᠠᠭᠰᠢ ᠭᠠᠷᠤᠨ ᠪᠠᠶᠢᠴᠠᠭᠠᠵᠤ᠂ ᠲᠦᠷᠦᠭᠦᠯᠡᠨ ᠬᠤᠯᠪᠤᠭᠳᠠᠬᠤ | ᠥᠭᠡᠷᠡᠴᠢᠯᠡᠯᠲᠡ ᠶᠢᠨ ᠲᠥᠰᠦᠯ ᠢ ᠲᠣᠭᠲᠠᠭᠠᠵᠤ᠂ ᠪᠥᠬᠦ ᠶᠠᠪᠤᠴᠠ ᠶᠢ ᠬᠢᠨᠠᠨ ᠰᠢᠮᠳᠠᠭᠤᠯᠪᠠ︔ ᠬᠤᠰᠢᠭᠤᠨ ᠤ | ᠬᠥᠮᠦᠨ ᠤ ᠶᠠᠪᠤᠳᠠᠯ᠂ ᠡᠳ᠋ ᠤᠨ ᠵᠠᠰᠠᠭ᠂ ᠣᠷᠣᠨ ᠲᠣᠭᠠᠨ ᠤ ᠠᠯᠪᠠᠨ ᠭᠡᠷ ᠵᠡᠷᠭᠡ ᠰᠠᠯᠠᠭ᠎ᠠ ᠮᠥᠴᠢᠷ ᠰᠤᠷᠭᠠᠨ | ᠬᠥᠮᠦᠵᠢᠯ ᠢ ᠥᠭᠡᠷᠡᠴᠢᠯᠡᠬᠦ ᠳᠦᠷᠢᠮ ᠢ ᠢᠳᠡᠪᠬᠢᠲᠡᠢ ᠬᠠᠪᠰᠤᠷᠤᠨ ᠲᠣᠭᠲᠠᠭᠠᠵᠤ᠂ ᠬᠥᠮᠦᠨ ᠤ ᠶᠠᠪᠤᠳᠠᠯ ᠪᠠ | ᠮᠡᠷᠭᠡᠵᠢᠯ ᠤᠨ ᠴᠣᠯᠠ ᠣᠯᠭᠤᠬᠤ ᠶᠢ ᠥᠭᠡᠷᠡᠴᠢᠯᠡᠬᠦ ᠴᠢᠬᠤᠯᠠ ᠵᠠᠩᠭᠢᠯᠠᠭ᠎ᠠ ᠳᠤ ᠬᠤᠯᠪᠤᠭᠳᠠᠬᠤ ᠮᠠᠰᠢ ᠤᠯᠠᠨ ᠠᠵᠢᠯ | ᠪᠠ ᠳᠠᠷᠤᠯᠲᠠ ᠶᠢ ᠡᠭᠦᠷᠭᠡᠯᠡᠨ ᠠᠪᠴᠤ᠂ ᠥᠭᠡᠷᠡᠴᠢᠯᠡᠯᠲᠡ ᠶᠢᠨ ᠵᠠᠮ ᠳᠤ ᠬᠢ ᠬᠠᠷᠰᠢ ᠰᠠᠭᠠᠳ ᠢ ᠲᠠᠰᠤᠷᠠᠯᠳᠠ ᠦᠭᠡᠢ | ᠴᠡᠪᠡᠷᠯᠡᠨ ᠠᠷᠢᠯᠭᠠᠬᠤ ᠪᠠ ᠲᠦᠷᠢᠮ ᠤᠨ ᠪᠠᠲᠤᠯᠠᠭ᠎ᠠ ᠬᠠᠩᠭᠠᠪᠠ︔ ᠬᠤᠰᠢᠭᠤᠨ ᠤ ᠥᠭᠡᠷᠡᠴᠢᠯᠡᠯᠲᠡ ᠬᠥᠭᠵᠢᠭᠦᠯᠦᠯᠲᠡ᠂ | ᠲᠥᠯᠥᠪᠵᠢᠭᠦᠯᠭᠡ᠂ ᠤᠯᠤᠰ ᠤᠨ ᠭᠠᠵᠠᠷ ᠰᠢᠷᠤᠢ ᠵᠡᠷᠭᠡ ᠰᠠᠯᠠᠭ᠎ᠠ ᠮᠥᠴᠢᠷ ᠤᠨ ᠬᠢᠨ ᠰᠤᠷᠭᠠᠨ ᠬᠥᠮᠦᠵᠢᠯ ᠤᠨ | ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠪᠣᠯᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠪᠦᠬᠦ ᠬᠦᠴᠦᠨ ᠢᠶᠠᠷ ᠢᠶᠠᠨ ᠳᠡᠮᠵᠢᠪᠡ ᠁ | 2016 ᠣᠨ ᠠᠴᠠ ᠨᠠᠭᠠᠰᠢ᠂ ᠡᠳ᠋ ᠤᠨ ᠵᠠᠰᠠᠭ ᠠᠴᠠ ᠪᠦᠬᠦ ᠬᠤᠰᠢᠭᠤᠨ ᠳᠤ ᠨᠡᠶᠢᠲᠡ 28 ᠳ᠋ᠦᠩᠰᠢᠭᠤᠷ | ᠲᠥᠭᠦᠷᠢᠭ ᠤᠨ ᠰᠤᠷᠭᠠᠨ ᠬᠥᠮᠦᠵᠢᠯ ᠤᠨ ᠵᠠᠷᠤᠳᠠᠯ ᠢ ᠪᠡᠯᠡ ᠣᠷᠣᠭᠤᠯᠵᠤ᠂ ᠤᠯᠤᠰ ᠤᠨ ᠡᠨᠧᠷᠭᠢ ᠶᠢᠨ ᠪᠦᠯᠦᠭᠯᠡᠯ᠂ | ᠤᠯᠠᠭᠠᠨ ᠪᠦᠯᠦᠭᠯᠡᠯ ᠵᠡᠷᠭᠡ ᠡᠵᠡᠨ ᠬᠤᠷᠤᠭ᠎ᠠ ᠬᠤᠰᠢᠭᠤᠨ ᠳᠤ ᠰᠠᠭᠤᠭ᠎ᠠ 13 ᠠᠵᠤ ᠠᠬᠤᠶᠢᠯᠠᠯ ᠠᠴᠠ 1.51 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠬᠠᠨᠳᠢᠪᠯᠠᠵᠤ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠠᠭᠤᠷᠢ | ᠮᠥᠩᠭᠦ 2.72 ᠳ᠋ᠦᠩᠰᠢᠭᠤᠷ ᠲᠥᠭᠦᠷᠢᠭ ᠲᠤ ᠬᠦᠷᠴᠦ᠂ ᠰᠤᠷᠤᠭᠴᠢ ᠨᠢᠭᠡ ᠪᠦᠷᠢ ᠶᠢᠨ ᠳᠤᠮᠳᠠᠴᠢ ᠣᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠰᠤᠷᠭᠠᠨ ᠬᠥᠮᠥᠵᠢᠯ ᠤᠨ ᠦᠢᠯᠡᠰ ᠤᠨ ᠵᠠᠷᠤᠳᠠᠯ᠂ ᠰᠤᠷᠤᠭᠴᠢ | ᠨᠢᠭᠡ ᠪᠦᠷᠢ ᠶᠢᠨ ᠳᠤᠮᠳᠠᠴᠢ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠨᠡᠶᠢᠲᠡ ᠶᠢᠨ ᠬᠡᠷᠡᠭᠯᠡᠭᠡᠨ ᠤ | ᠵᠠᠷᠤᠳᠠᠯ ᠵᠡᠷᠭᠡ ᠭᠤᠤᠯ ᠭᠦᠢᠴᠡᠳᠭᠡᠯ ᠲᠤᠭ᠎ᠠ ᠨᠢ ᠣᠷᠳᠣᠰ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ | ᠳᠠᠷᠠᠭ᠎ᠠ ᠨᠢ᠂ ᠥᠭᠡᠷᠡᠴᠢᠯᠡᠯᠲᠡ ᠬᠢᠬᠦ ᠳᠤ ᠠᠷᠭ᠎ᠠ ᠪᠤᠳᠤᠯᠭ᠎ᠠ ᠶᠢ ᠡᠷᠬᠢᠮᠯᠡᠬᠦ ᠬᠡᠷᠡᠭᠲᠡᠶ᠃ | ᠬᠠᠷᠰᠢ ᠰᠠᠭᠠᠳ ᠪᠣᠯ ᠥᠭᠡᠷᠡᠴᠢᠯᠡᠯᠲᠡ ᠶᠢᠨ ᠪᠠᠷᠢᠮᠵᠢᠶᠠᠲᠤ ᠬᠤᠪᠢᠶᠠᠷᠢᠯᠠᠯ ᠶᠤᠮ᠃ ᠬᠠᠷᠰᠢ ᠰᠠᠭᠠᠳ ᠤᠢᠭᠡᠢ | ᠪᠣᠯ ᠥᠭᠡᠷᠡᠴᠢᠯᠡᠯᠲᠡ ᠶᠢ ᠦᠨᠡᠨ ᠬᠦ ᠬᠢᠵᠦ ᠴᠢᠳᠠᠬᠤ ᠤᠢᠭᠡᠢ᠃ ᠠᠭᠤᠯᠠ ᠲᠠᠭᠠᠷᠠᠪᠠᠯ ᠶᠠᠭᠠᠬᠢᠵᠤ ᠠᠭᠤᠯᠠ ᠶᠢ | ᠥᠩᠭᠡᠷᠡᠬᠦ᠂ ᠤᠰᠤ ᠲᠠᠭᠠᠷᠠᠪᠠᠯ ᠶᠠᠭᠠᠬᠢᠵᠤ ᠬᠥᠭᠦᠷᠭᠡ ᠲᠠᠯᠪᠢᠬᠤ᠂ ᠥᠭᠡᠷᠡᠴᠢᠯᠡᠬᠦ ᠣᠶᠤᠨ ᠤᠬᠠᠭᠠᠨ ᠢ ᠶᠠᠭᠠᠬᠢᠵᠤ | ᠰᠢᠯᠭᠠᠬᠤ ᠪᠣᠶ᠃ | ︽ᠥᠭᠡᠷᠡᠴᠢᠯᠡᠯᠲᠡ ᠬᠢᠬᠦ ᠠᠴᠠ ᠡᠮᠦᠨᠡᠬᠢ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠳᠤ | ᠳᠤᠮᠳᠠᠳᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠬᠠᠮᠤᠭ ᠤᠨ ᠬᠦᠴᠢᠷ ᠠᠰᠠᠭᠤᠳᠠᠯ ᠲᠤᠯᠭᠠᠷᠠᠵᠤ ᠪᠠᠶᠢᠯ᠎ᠠ᠃ | ᠪᠦᠬᠦ ᠤᠯᠤᠰ ᠤᠨ ᠣᠯᠠᠨ ᠭᠠᠵᠠᠷ ᠢᠶᠠᠷ ᠶᠠᠪᠤᠵᠤ ᠡᠯᠪᠡᠭ ᠪᠠᠶᠠᠯᠢᠭ ᠵᠢᠭᠠᠨ ᠰᠤᠷᠭᠠᠬᠤ ᠲᠤᠷᠰᠢᠯᠭ᠎ᠠ ᠲᠠᠢ ᠪᠣᠯᠤᠭᠰᠠᠨ | ᠶᠤᠸᠠᠨ ᠴᠢᠩ ᠭᠥᠸᠧ ᠶᠢᠨ ᠦᠵᠡᠬᠦ ᠪᠠᠷ᠂ ᠥᠭᠡᠷᠡᠴᠢᠯᠡᠯᠲᠡ ᠶᠢ ᠤᠷᠤᠭᠰᠢᠲᠠᠶ ᠲᠦᠯᠬᠢᠨ ᠠᠬᠢᠭᠤᠯᠬᠤ ᠨᠢ ᠪᠠᠰᠠ | ᠠᠷᠭ᠎ᠠ ᠪᠤᠳᠤᠯᠭ᠎ᠠ ᠵᠣᠬᠢᠰᠲᠠᠶ ᠪᠠᠶᠢᠬᠤ ᠳᠤ ᠪᠤᠢ᠄ ᠰᠢᠯᠤᠭᠤᠨ ᠵᠠᠮᠨᠠᠵᠤ᠂ ᠠᠮᠢᠳᠤᠯᠢᠭ ᠡᠷᠬᠢᠵᠦ᠂ ᠬᠠᠲᠠᠭᠤ ᠶᠢ | ᠵᠣᠷᠢᠭᠲᠠᠢ ᠬᠦᠨᠳᠡᠵᠦ᠂ ᠬᠠᠲᠠᠭᠤ ᠪᠠᠷ ᠬᠥᠨᠳᠡᠬᠦ ᠦᠭᠡᠢ ᠪᠠᠶᠢᠬᠤ ᠶᠠᠪᠤᠳᠠᠯ ᠪᠣᠯᠤᠨ᠎ᠠ᠃ | ᠾᠧ ᠵᠠᠨ ᠫᠢᠩ ᠤᠨ ᠦᠵᠡᠬᠦ ᠪᠠᠷ᠂ ᠰᠤᠷᠭᠠᠨ ᠬᠥᠮᠦᠵᠢᠯ ᠪᠣᠯ ᠨᠠᠩ ᠴᠤ ᠨᠡᠶᠢᠭᠡᠮ ᠤᠨ ᠠᠰᠠᠭᠤᠳᠠᠯ᠂ | ᠬᠤᠯᠪᠣᠭᠳᠠᠬᠤ ᠠᠰᠠᠭᠤᠳᠠᠯ ᠨᠢ ᠥᠷᠭᠡᠨ ᠳᠡᠯᠭᠡᠷ ᠪᠥᠭᠡᠳ ᠪᠤᠳᠤᠯᠢᠶᠠᠨᠲᠠᠶ ᠪᠠᠶᠢᠵᠤ᠂ ᠶᠠᠭᠤ ᠶᠢ ᠴᠤ ᠬᠠᠮᠢᠶᠠᠷᠬᠤ | ᠦᠭᠡᠢ ᠨᠢᠭᠡ ᠣᠭᠲᠤᠯᠵᠤ ᠦᠵᠡᠪᠡᠯ᠂ ᠯᠠᠪᠲᠠᠢ ᠬᠤᠷᠴᠠ ᠰᠢᠷᠦᠭᠦᠨ ᠡᠷᠭᠢᠯᠲᠡ ᠭᠠᠷᠬᠤ ᠪᠣᠯᠤᠨ᠎ᠠ᠃ | ︽ᠨᠥᠬᠦᠭᠡᠰᠦ ᠨᠥᠬᠦᠭᠡᠳ ᠪᠠᠰᠠ ᠬᠤᠸᠠᠷ ᠬᠠᠳᠬᠤᠨ᠎ᠠ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠳᠤ ᠨᠠᠷᠢᠨ ᠵᠦᠢᠯ ᠮᠠᠰᠢ ᠵᠠᠩᠭᠢᠯᠠᠭ᠎ᠠ ᠪᠣᠯᠤᠨ᠎ᠠ︾ ᠭᠡᠪᠡ᠂ ᠰᠠᠶᠢᠨ | ᠶᠠᠪᠤᠳᠠᠯ ᠢ ᠰᠠᠶᠢᠨ ᠬᠢᠶ᠎ᠡ ᠭᠡᠪᠡᠯ᠂ ᠡᠷᠬᠡᠪᠰᠢ ᠠᠷᠭ᠎ᠠ ᠪᠤᠳᠤᠯᠭ᠎ᠠ ᠶᠢ ᠡᠷᠬᠢᠮᠯᠡᠵᠦ᠂ ᠴᠠᠭ ᠢ ᠠᠵᠢᠨ ᠪᠠᠶᠢᠳᠠᠯ ᠢ ᠰᠢᠨᠵᠢᠵᠦ᠂ | ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠪᠠᠶᠢᠳᠠᠯ ᠢ ᠴᠢᠷᠮᠠᠶᠢᠨ ᠳᠠᠭᠠᠬᠤ ᠬᠡᠷᠡᠭᠲᠡᠶ᠃ ︽ᠡᠨᠡ | ᠪᠣᠯ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠤᠰᠤᠳ ᠭᠠᠵᠠᠷ ᠣᠷᠣᠨ ᠲᠠᠢ | ᠠᠳᠠᠯᠢ ᠦᠭᠡᠢ ᠶᠢᠨ ᠣᠨᠴᠠᠯᠢᠭ ᠮᠥᠨ᠂ ᠪᠠᠰᠠ ᠴᠤ ᠢᠯᠠᠯᠲᠠ ᠣᠯᠤᠭᠰᠠᠨ ᠨᠥᠬᠦᠴᠡᠯ ᠤᠨ ᠨᠢᠭᠡ ᠮᠥᠨ︾᠃ | ᠥᠩᠭᠡᠨ ᠲᠠᠯ᠎ᠠ ᠢ ᠬᠥᠨᠳᠡᠵᠦ᠂ ᠴᠡᠭ ᠠᠴᠠ ᠡᠬᠢᠯᠡᠨ ᠬᠡᠷᠡᠭᠵᠢᠭᠦᠯᠵᠦ᠂ ᠪᠥᠬᠦ ᠲᠠᠯ᠎ᠠ ᠪᠠᠷ ᠳᠡᠯᠭᠡᠷᠡᠭᠦᠯᠦᠨ᠎ᠡ᠃ | ᠠᠯᠬᠤᠮ ᠳᠠᠷᠠᠭ᠎ᠠ ᠲᠠᠢ ᠠᠭᠠᠵᠢᠮ ᠣᠷᠤᠭᠰᠢᠯᠠᠬᠤ᠂ ᠬᠠᠮᠲᠤ ᠪᠠᠷ ᠲᠦᠯᠬᠢᠨ ᠠᠬᠢᠭᠤᠯᠬᠤ᠂ ᠲᠣᠭᠲᠠᠭᠤᠨ ᠢᠶᠠᠷ | ᠤᠷᠤᠭᠰᠢᠯᠠᠨ ᠳᠠᠪᠰᠢᠬᠤ ᠥᠭᠡᠷᠡᠴᠢᠯᠡᠯᠲᠡ ᠶᠢᠨ ᠠᠯᠬᠤᠴᠠ᠂ ᠴᠠᠭ ᠪᠠ ᠣᠷᠣᠨ ᠵᠠᠶ ᠶᠢ ᠣᠯᠵᠤ᠂ ᠨᠡᠶᠢᠭᠡᠮ ᠤᠨ | ᠬᠠᠮᠲᠤ ᠶᠢᠨ ᠲᠠᠨᠢᠯᠲᠠ ᠶᠢ ᠪᠦᠷᠢᠯᠳᠦᠭᠦᠯᠵᠡᠶ᠃ ᠥᠭᠡᠷᠡᠴᠢᠯᠡᠯᠲᠡ ᠬᠢᠭᠰᠡᠨ ᠠᠴᠠ ᠨᠠᠭᠠᠰᠢ᠂ ᠡᠵᠡᠨ ᠬᠤᠷᠤᠭ᠎ᠠ ᠬᠤᠰᠢᠭᠤ | ᠤᠷᠢᠳ ᠬᠤᠵᠢᠳ 146 ᠪᠠᠭᠰᠢ ᠶᠢ ᠲᠣᠬᠢᠷᠠᠭᠤᠯᠵᠤ᠂ ᠭᠤᠮᠤᠳᠠᠯ ᠲᠣᠭᠠᠴᠢᠵᠤ᠂ ᠢᠯᠡᠴᠢᠯᠡᠨ ᠮᠡᠳᠡᠭᠦᠯᠬᠦ ᠪᠤᠶᠤ | ᠵᠠᠭᠠᠯᠳᠤᠭᠰᠠᠨ ᠬᠥᠮᠦᠨ ᠭᠠᠷᠤᠭᠰᠠᠨ ᠦᠭᠡᠢ᠃ | ᠡᠴᠦᠰ ᠲᠤ᠂ ᠥᠭᠡᠷᠡᠴᠢᠯᠡᠯᠲᠡ ᠬᠢᠬᠦ ᠳᠤ ᠲᠤᠯᠭᠠᠭᠤᠷᠢ ᠪᠠᠶᠢᠬᠤ ᠬᠡᠷᠡᠭᠲᠡᠶ᠃ | ᠡᠵᠡᠨ ᠬᠤᠷᠤᠭ᠎ᠠ ᠬᠤᠰᠢᠭᠤᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠤᠯ ᠤᠨ ᠵᠠᠬᠢᠷᠤᠯ | ᠵᠠᠩ ᠸᠧᠶ ᠰᠢᠶᠠᠩ᠄ ᠥᠭᠡᠷᠡᠴᠢᠯᠡᠯᠲᠡ ᠡᠬᠢᠯᠡᠮᠡᠭᠴᠡ᠂ ᠬᠠᠮᠲᠤ ᠠᠵᠢᠯᠯᠠᠭᠴᠢ᠂ ᠨᠠᠶᠢᠵᠠ᠂ ᠰᠤᠷᠤᠭᠴᠢ᠂ ᠨᠠᠩ ᠴᠤ | ᠲᠡᠭᠦᠨ ᠤ ᠪᠠᠭᠰᠢ ᠠᠴᠠ ᠤᠲᠠᠰᠤ ᠢᠷᠡᠭᠡᠳ ᠲᠣᠰᠴᠤ ᠳᠡᠶᠢᠯᠬᠦ ᠦᠭᠡᠢ ᠬᠡᠮᠵᠢᠶᠡᠨ ᠳᠤ ᠬᠦᠷᠪᠡ᠂ ︽ᠳᠠᠷᠤᠯᠲᠠ ᠮᠠᠰᠢ | ᠶᠡᠭᠡ᠂ ᠭᠡᠪᠡᠴᠦ ᠤᠴᠢᠷ ᠶᠠᠪᠤᠳᠠᠯ ᠪᠠ ᠬᠥᠮᠦᠨ ᠠᠴᠠ ᠪᠣᠯᠵᠤ ᠬᠤᠶᠢᠰᠢᠯᠠᠭᠤᠯᠬᠤ ᠪᠤᠶᠤ ᠲᠣᠬᠢᠷᠠᠭᠤᠯᠤᠭᠰᠠᠨ ᠤᠴᠢᠷ | ᠦᠭᠡᠢ︾ ᠭᠡᠪᠡ᠃ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠪᠣᠯᠤᠭᠰᠠᠨ ᠤ ᠬᠤᠪᠢ ᠳᠤ᠂ ᠾᠧ ᠵᠠᠨ | ᠫᠢᠩ ᠳᠤ ᠴᠦ ︽ᠪᠢᠴᠢᠭ ᠳᠠᠮᠵᠢᠭᠤᠯᠬᠤ︾᠂ ︽ᠮᠡᠨᠳᠦᠴᠢᠯᠡᠬᠦ︾ ᠪᠠᠶᠢᠳᠠᠯ ᠴᠥᠭᠡᠨ ᠪᠤᠰᠤ ᠲᠣᠬᠢᠶᠠᠯᠳᠤᠪᠠ᠃ | ︽ᠥᠭᠡᠷᠡᠴᠢᠯᠡᠬᠦ ᠳᠤ ᠬᠢᠯᠪᠠᠷ ᠢ ᠥᠭᠡᠷᠡᠴᠢᠯᠡᠵᠦ᠂ ᠬᠦᠴᠢᠷ ᠠᠰᠠᠭᠤᠳᠠᠯ ᠲᠤᠯᠭᠠᠷᠠᠪᠠᠯ ᠳᠤᠲᠠᠭᠠᠨ᠎ᠠ᠂ ᠡᠶᠢᠮᠦ | ᠥᠭᠡᠷᠡᠴᠢᠯᠡᠯᠲᠡ ᠵᠠᠶᠢᠯᠠᠰᠢ ᠦᠭᠡᠢ ᠢᠯᠠᠭᠳᠠᠨ᠎ᠠ᠃︾ ᠡᠬᠢᠯᠡᠭᠡᠳ ᠲᠡᠷᠡ ᠴᠥᠭᠡᠨ ᠪᠤᠰᠤ ᠬᠥᠮᠦᠨ ᠲᠠᠢ | ᠮᠠᠭᠤᠳᠠᠯᠴᠠᠭᠰᠠᠨ ᠪᠣᠯᠪᠠᠴᠤ ᠬᠡᠳᠦᠨ ᠵᠢᠯ ᠤᠨ ᠳᠠᠷᠠᠭ᠎ᠠ᠂ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ | ᠢᠮᠠᠭᠲᠠ ︽ᠡᠷᠬᠡ ᠲᠡᠭᠰᠢ︾ ᠪᠠᠶᠢᠬᠤ ᠶᠢ ᠬᠠᠷᠠᠭᠠᠳ᠂ ᠡᠳᠡᠭᠡᠷ ᠬᠥᠮᠦᠨ ᠳᠦᠷᠢᠮ ᠲᠣᠭᠲᠠᠭᠠᠯ ᠢ ᠡᠷᠡᠰ ᠬᠦᠷᠢᠶᠡᠯᠡᠭᠴᠢ | ᠪᠣᠯᠤᠭᠰᠠᠨ ᠪᠠᠶᠢᠨ᠎ᠠ᠃ | ᠲᠤᠬᠠᠢ ᠶᠢᠨ ᠵᠢᠯ ᠤᠨ ᠳᠤᠷᠦ᠋ᠢᠳᠠᠯ ᠢ ᠠᠷᠢᠯᠭᠠᠵᠤ᠂ ᠡᠯ᠎ᠡ ᠰᠤᠷᠭᠠᠭᠤᠯᠢ ᠶᠢᠨ ᠠᠮᠢᠵᠢᠷᠠᠯ |