ᠱᠣ᠋ ᠮᠸᠢ ᠴᠢᠨᠳᠠᠮᠤᠨᠢ | | | ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠠᠵᠢᠯ ᠢ ᠡᠭᠦᠷᠭᠡᠯᠡᠬᠦ ᠠᠴᠠ ᠡᠮᠦᠨ᠎ᠡ ᠳᠤᠮᠳᠠᠳᠤ | ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠠᠵᠢᠯ ᠢ ᠲᠠᠭᠠᠭᠠᠴᠢᠯᠠᠨ ᠬᠢᠵᠦ ᠪᠠᠶᠢᠭᠰᠠᠨ ᠪᠣᠯᠬᠤᠷ ᠦᠡᠭᠭᠡᠷᠡᠭᠰᠡᠨ | ᠵᠢᠯ ᠤᠳ ᠤᠨ ᠤᠯᠵᠤ ᠠᠯᠳᠠᠭᠰᠠᠨ ᠲᠤᠷᠰᠢᠯᠭ᠎ᠠ ᠪᠠᠨ ᠳ᠋ᠦᠩᠨᠡᠵᠦ᠂ ᠬᠡᠦᠬᠡᠳ ᠢᠶᠠᠨ ᠲᠣᠰᠴᠤ ᠠᠪᠤᠭᠰᠠᠨ ᠡᠳᠦᠷ ᠠᠴᠠ | ᠥᠪᠡᠷ ᠤᠨ ᠬᠡᠦᠬᠡᠳ ᠢᠶᠠᠨ ᠰᠢᠭ ᠬᠠᠶᠢᠷᠠᠯᠠᠵᠤ᠂ ᠭᠡᠷ ᠤᠨ ᠠᠬᠠᠮᠠᠳ ᠢ ᠰᠠᠳᠤᠨ ᠲᠥᠷᠥᠯ ᠢᠶᠠᠨ ᠰᠢᠭ ᠬᠦᠨᠳᠦᠳᠬᠡᠵᠦ | ᠶᠠᠪᠤᠭᠰᠠᠨ ᠠᠴᠠ ᠠᠵᠢᠯ ᠮᠠᠨᠢ ᠴᠦ ᠮᠠᠰᠢ ᠤᠷᠤᠭᠰᠢᠳᠠᠢ ᠪᠠᠶᠢᠭᠰᠠᠨ ᠶᠤᠮ᠃ ᠲᠤᠤᠷᠠᠬᠢ ᠪᠤᠯ ᠮᠢᠨᠦ ᠠᠩᠬᠢ ᠶᠢᠨ | ᠡᠷᠬᠢᠯᠡᠭᠴᠢ ᠶᠢᠨ ᠠᠵᠢᠯ ᠢ ᠡᠭᠦᠷᠭᠡᠯᠡᠨ ᠬᠢᠭᠰᠡᠨ ᠤᠯᠤᠯᠳᠠ ᠲᠦᠷᠦᠭᠳᠡᠯ ᠮᠦᠨ᠃ | 1. ᠠᠩᠭᠢ ᠶᠢᠨ ᠡᠷᠬᠢᠯᠡᠭᠴᠢ ᠪᠣᠯᠣᠭᠰᠠᠳ ᠰᠤᠷᠤᠭᠴᠢ ᠶᠢᠨ ᠰᠢᠯᠢᠳᠡᠭ ᠲᠠᠯ᠎ᠠ ᠪᠤᠶᠤ ᠭᠢᠯᠠᠰ ᠴᠡᠭ ᠢ ᠣᠯᠵᠤ | ᠢᠯᠡᠷᠡᠭᠦᠯᠭᠦ ᠭᠡᠷᠡᠭᠳᠠᠢ᠃ ᠲᠡᠳᠡᠨ ᠢ ᠢᠯᠡᠭᠦᠦ ᠵᠣᠷᠢᠬᠵᠢᠭᠤᠯᠵᠤ᠂ ᠳᠤᠲᠠᠭᠳᠠᠯ ᠲᠠᠢ ᠲᠠᠯ᠎ᠠ ᠶᠢ ᠨᠢ ᠵᠠᠰᠠᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠤᠪᠠᠯ ᠦᠷ᠎ᠡ ᠪᠦᠳᠤᠮᠵᠢ ᠨᠢ ᠮᠠᠰᠢ ᠥᠨᠳᠥᠷ ᠪᠠᠶᠢᠳᠠᠭ᠃ ᠡᠳᠦᠷᠵᠢᠨ | ᠰᠤᠷᠤᠭᠴᠢ ᠶᠢᠨ ᠳᠤᠲᠠᠭᠳᠠᠯ ᠲᠠᠢ ᠲᠠᠯ᠎ᠠ ᠶᠢ ᠶᠠᠷᠢᠭᠠᠳ ᠪᠠᠶᠢᠪᠠᠯ ᠰᠤᠷᠤᠭᠴᠢᠳ ᠲᠡᠮᠡᠴᠡᠬᠦ ᠬᠠᠷᠠᠯᠲᠠ ᠦᠭᠡᠢ ᠪᠣᠯᠬᠤ | ᠲᠤᠯᠠ ᠰᠢᠯᠢᠳᠡᠭ ᠲᠠᠯ᠎ᠠ ᠶᠢ ᠨᠢ ᠢᠯᠡᠭᠦᠦ ᠶᠠᠷᠢᠵᠤ᠂ ᠰᠤᠷᠤᠭᠴᠢᠳ ᠤᠨ ᠳᠠᠪᠰᠢᠯᠲᠠ ᠶᠢ ᠲᠡᠷᠡ ᠳᠠᠷᠤᠢ ᠳᠤ ᠨᠢ | ᠮᠡᠳᠡᠷᠡᠵᠦ᠂ ᠵᠣᠷᠢᠬᠵᠢᠭᠤᠯᠤᠯ ᠤᠨ ᠪᠣᠳᠠᠰ ᠪᠤᠶᠤ ᠭᠦᠬᠢᠭᠦᠯᠦᠯ ᠦᠭᠪᠡᠯ ᠰᠤᠷᠤᠭᠴᠢ ᠶᠢ ᠠᠶᠠᠨᠳᠠᠭᠠᠨ ᠳᠡᠭᠡᠭᠰᠢᠯᠡᠬᠦ | ᠬᠠᠷᠠᠯᠲᠠ ᠲᠠᠢ ᠪᠣᠯᠭᠠᠨ᠎ᠠ᠃ | ᠮᠢᠨᠤ ᠠᠩᠭᠢ ᠶᠢᠨ ᠨᠢᠭᠡᠨ ᠰᠤᠷᠤᠭᠴᠢ ᠬᠠᠷᠠᠬᠠᠨ ᠪᠠᠭ᠎ᠠ ᠠᠴᠠ ᠪᠠᠨ ᠭᠡᠷ ᠪᠦᠯᠢ ᠳᠤ ᠨᠢ ᠵᠣᠯ ᠪᠤᠰᠤ ᠤᠴᠢᠷ | ᠲᠠᠰᠤᠷᠠᠬᠤ ᠦᠭᠡᠢ᠂ ᠠᠪᠤ ᠡᠵᠢ ᠨᠢ ᠦᠷᠭᠦᠯᠵᠢ ᠬᠡᠷᠡᠭᠦᠯ ᠵᠢᠭᠤᠷᠠᠭᠠᠨ ᠬᠢᠳᠡᠭ ᠮᠦᠷᠳᠡᠭᠡᠨ ᠰᠡᠭᠦᠯ ᠳᠤ ᠨᠢ ᠣᠷᠤᠭ | ᠰᠠᠯᠵᠤ ᠲᠡᠷᠡ ᠰᠤᠷᠤᠭᠴᠢ ᠡᠵᠢ ᠲᠠᠢ ᠪᠠᠨ ᠬᠠᠮᠲᠤ ᠠᠮᠢᠳᠤᠷᠠᠳᠠᠬ᠃ ᠲᠣᠰ ᠰᠤᠷᠤᠭᠴᠢ ᠪᠡᠶ᠎ᠡ ᠳᠤ ᠪᠠᠨ ᠢᠲᠡᠭᠡᠯ | ᠦᠭᠡᠢ᠂ ᠳᠣᠣᠭᠤᠷ ᠬᠠᠷᠠᠵᠤ ᠳᠣᠷᠣᠢ ᠳᠤᠤᠭᠠᠷᠳᠠᠭ ᠪᠥᠭᠡᠳ ᠪᠠᠰᠠ ᠳᠠᠯᠳᠠᠭᠤᠷ ᠬᠡᠷᠡᠭ ᠬᠢᠳᠡᠭ ᠵᠠᠩ ᠲᠠᠢ᠃ | ᠥᠩᠭᠡᠷᠡᠭᠰᠡᠨ ᠳᠤ ᠶᠠᠩᠵᠤ ᠶᠢᠨ ᠠᠷᠭ᠎ᠠ ᠠᠪᠴᠤ ᠬᠡᠯᠡᠵᠦ ᠰᠤᠷᠭᠠᠨ ᠵᠢᠭᠠᠨ ᠵᠢᠯᠣᠭᠤᠳᠤᠭᠰᠠᠨ ᠪᠣᠯᠪᠠᠴᠤ ᠥᠪᠡᠷ ᠤᠨ | ᠨᠠᠵᠠᠭᠠᠢ ᠵᠠᠩ ᠢᠶᠠᠨ ᠬᠠᠯᠠᠵᠤ ᠰᠠᠶᠢᠵᠢᠷᠠᠭᠤᠯᠬᠤ ᠮᠠᠶ᠋ᠢᠭ ᠦᠭᠡᠢ ᠪᠠᠶᠢᠯ᠎ᠠ᠃ ᠰᠡᠭᠦᠯᠡᠷ ᠨᠢ ᠲᠣᠰ ᠰᠤᠷᠤᠭᠴᠢ ᠶᠢᠨ | ᠳᠠᠭᠤᠤ ᠰᠠᠶᠢᠬᠠᠨ ᠳᠠᠭᠤᠯᠠᠳᠠᠬ ᠢ ᠣᠯᠵᠤ ᠮᠡᠳᠡᠭᠡᠳ ᠲᠡᠭᠦᠨ ᠢ ᠣᠯᠠᠨ ᠤ ᠡᠮᠦᠨ᠎ᠡ ᠮᠠᠭᠲᠠᠨ ᠰᠠᠶᠢᠰᠢᠶᠠᠵᠤ᠂ ᠲᠡᠷᠡ | ᠳᠠᠷᠤᠢ ᠳᠤ ᠨᠢ ᠤᠷᠠᠨ ᠰᠠᠶᠢᠬᠠᠨ ᠤ ᠭᠡᠰᠢᠭᠦᠨ ᠪᠤᠯᠭᠠᠬᠤ ᠶᠢᠨ ᠲᠠᠭᠠᠤ ᠵᠠᠪᠰᠠᠷᠯᠠᠭᠠᠶᠢᠨ ᠲᠠᠮᠢᠷ ᠢ ᠳᠠᠭᠠᠭᠤᠯᠵᠤ ᠬᠢᠬᠦ | ᠡᠭᠦᠷᠭᠡ ᠶᠢ ᠲᠤᠰᠢᠶᠠᠭᠰᠠᠨ ᠠᠴᠠ ᠲᠤᠩ ᠤᠷᠮ᠎ᠠ ᠵᠣᠷᠢᠭ ᠲᠠᠢ ᠪᠣᠯᠵᠤ᠂ ᠨᠦᠭᠦᠳ ᠵᠠᠭᠤᠷ᠎ᠠ ᠶᠢᠨ ᠬᠠᠷᠢᠴᠠᠭ᠎ᠠ ᠴᠦ | ᠰᠠᠶᠢᠵᠢᠷᠠᠭᠰᠠᠨ ᠪᠠᠶᠢᠪᠠ᠃ | 2. ᠠᠩᠬᠢ ᠶᠢᠨ ᠡᠷᠬᠢᠯᠡᠭᠴᠢ ᠪᠤᠯᠤᠭᠰᠠᠳ ᠬᠠᠷᠢᠭᠤᠴᠠᠯᠭ᠎ᠠ ᠭᠡᠳᠡᠭ ᠢ ᠲᠡᠷᠢᠭᠦᠨ ᠳᠤ ᠲᠠᠯᠪᠢᠬᠤ ᠭᠡᠷᠡᠭᠳᠠᠢ᠃ | ᠬᠥᠮᠥᠨ ᠤ ᠨᠢᠭᠡ ᠨᠠᠰᠤᠨ ᠳᠤ ᠰᠠᠶᠢᠨ ᠪᠠᠭᠰᠢ᠂ ᠬᠠᠷᠢᠭᠤᠴᠠᠯᠭ᠎ᠠ ᠲᠠᠢ ᠪᠠᠭᠰᠢ ᠲᠣᠬᠢᠶᠠᠯᠳᠤᠬᠤ ᠪᠣᠯ ᠠᠮᠠᠷ ᠦᠭᠡᠢ | ᠤᠴᠢᠷ ᠶᠤᠮ᠃ ᠪᠠᠭᠰᠢ ᠬᠥᠮᠥᠨ ᠬᠠᠷᠢᠭᠤᠴᠠᠯᠭ᠎ᠠ ᠠᠯᠳᠠᠪᠠᠯ ᠢᠲᠡᠭᠡᠯ ᠢᠶᠠᠨ ᠠᠯᠳᠠᠯ᠎ᠠ ᠭᠡᠰᠡᠨ ᠦᠭᠡ᠃ 3. | ᠠᠩᠬᠢ ᠶᠢᠨ ᠡᠷᠬᠢᠯᠡᠭᠴᠢ ᠠᠴᠠ ᠬᠠᠮᠳᠤ ᠨᠠᠶᠢᠳᠠ ᠭᠡᠭᠦ ᠤᠢᠢᠯᠠᠭᠠᠭᠳᠠᠬᠤᠨ ᠢ ᠴᠢᠩᠭᠠᠳᠬᠠᠬᠤ ᠭᠡᠷᠡᠭᠳᠠᠢ᠃ | ︽ᠬᠠᠷᠢᠯᠴᠠᠨ ᠬᠠᠪᠰᠤᠷᠤᠯᠴᠠᠵᠤ ᠬᠠᠮᠲᠤ ᠪᠠᠷ ᠳᠠᠪᠰᠢᠬᠤ︾ ᠪᠣᠯ ᠪᠢᠳᠠᠨ ᠤ ᠤᠷᠢᠶ᠎ᠠ᠃ ᠰᠤᠷᠤᠭᠴᠢ | ᠪᠣᠯᠣᠭᠰᠠᠳ ᠪᠤᠰᠤᠳ ᠢ ᠬᠠᠪᠰᠤᠷᠬᠤ ᠪᠣᠯ ᠨᠢᠭᠡ ᠵᠦᠢᠯ ᠤᠨ ᠰᠠᠶᠢᠨ ᠣᠪᠣᠷ ᠰᠤᠷᠲᠠᠯ ᠮᠦᠨ᠃ ︽ᠰᠤᠷᠲᠠᠯ ᠲᠥᠪ | ᠪᠣᠯᠪᠠᠰᠤ ᠳᠠᠭᠤᠷᠢᠶᠠᠯ᠂ ᠰᠤᠷᠭᠠᠯ ᠲᠥᠪ ᠪᠣᠯᠪᠠᠰᠤ ᠬᠡᠪ︾ ᠭᠡᠳᠡᠭᠨᠢ ᠪᠠᠭᠰᠢ ᠪᠣᠯᠣᠭᠰᠠᠳ ᠵᠠᠪᠠᠯ ᠥᠪᠡᠷ ᠤᠨ | ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠬᠤ ᠭᠡᠰᠡᠨ ᠦᠭᠡ ᠪᠣᠯᠣᠨ᠎ᠠ᠃ ᠵᠠᠷᠢᠮ ᠦᠶᠡᠰ ᠰᠤᠷᠤᠯᠭ᠎ᠠ ᠰᠠᠶᠢᠨ | ᠰᠤᠷᠤᠭᠴᠢᠳ ᠬᠠᠮᠲᠤ ᠨᠥᠬᠦᠳ ᠤᠨ ᠬᠠᠷᠢᠴᠠᠭ᠎ᠠ ᠪᠣᠯᠣᠨ ᠨᠡᠶᠢᠭᠡᠮ ᠤᠨ ᠬᠠᠷᠢᠴᠠᠭ᠎ᠠ ᠶᠢ ᠣᠮᠲᠣᠭᠠᠶᠢᠯᠠᠳᠠᠭ᠃ | ᠮᠢᠨᠤ ᠠᠩᠭᠢ ᠶᠢᠨ ᠨᠢᠭᠡᠨ ᠰᠤᠷᠤᠭᠴᠢ ᠶᠢᠨ ᠰᠤᠷᠤᠯᠭ᠎ᠠ ᠮᠠᠰᠢ ᠰᠠᠶᠢᠨ᠂ ᠭᠡᠲᠡᠯ᠎ᠡ ᠡᠳᠦᠷᠵᠢᠨ ᠤᠷᠤᠭᠤ | ᠴᠢᠷᠠᠶᠢᠯᠠᠨ ᠬᠠᠮᠲᠤ ᠨᠥᠬᠦᠳ ᠲᠠᠢ ᠪᠠᠨ ᠨᠠᠭᠠᠳᠬᠤ ᠳᠤᠷ᠎ᠠ ᠦᠭᠡᠢ᠂ ᠬᠡᠦᠬᠡᠳ ᠬᠥᠮᠥᠨᠤ ᠳᠡᠭᠵᠢᠨ ᠵᠠᠩ ᠪᠠᠶᠢᠬᠤ | ᠦᠭᠡᠢ᠃ ᠦᠷᠭᠦᠯᠵᠢ ᠥᠪᠡᠷ ᠤᠨ ᠣᠷᠣ ᠳᠡᠭᠡᠷ᠎ᠡ ᠪᠠᠨ ᠨᠣᠮ ᠱᠠᠭᠠᠶᠢᠨ ᠰᠠᠭᠤᠳᠠᠭ᠃ ᠡᠨᠡ ᠬᠦ ᠪᠠᠶᠢᠳᠠᠯ ᠢ | ᠰᠤᠷᠤᠭᠴᠢ ᠶᠢᠨ ᠠᠪᠤ ᠡᠵᠢ ᠳᠤ ᠲᠤᠰᠬᠠᠭᠰᠠᠨ ᠤ ᠰᠡᠭᠦᠯᠡᠷ ᠣᠯᠠᠨ ᠤᠳᠠᠭ᠎ᠠ ᠰᠤᠷᠤᠭᠴᠢ ᠲᠠᠢ ᠶᠠᠷᠢᠯᠴᠠᠵᠤ᠂ ᠠᠪᠤ | ᠡᠵᠢ ᠨᠢ ᠪᠠᠰᠠ ᠦᠷᠭᠦᠯᠵᠢ ᠬᠠᠷᠠᠵᠤ ᠬᠠᠷᠠᠭᠠᠯᠵᠠᠭᠰᠠᠨ ᠠᠴᠠ ᠣᠳᠣ ᠠᠩᠭᠢ ᠶᠢᠨ ᠳᠠᠷᠤᠭ᠎ᠠ ᠪᠤᠯᠵᠤ᠂ ᠮᠠᠰᠢ ᠰᠠᠶᠢᠨ | ᠢᠯᠡᠷᠡᠯ ᠲᠠᠢ ᠪᠤᠯᠵᠠᠢ᠃ ᠡᠨᠡ ᠦᠨᠡᠬᠡᠷ ︽ᠬᠠᠰ ᠬᠡᠳᠦᠢ ᠰᠠᠶᠢᠬᠠᠨ ᠪᠣᠯᠪᠠᠴᠤ ᠰᠡᠶᠢᠯᠵᠦ ᠤᠷᠠᠯᠠᠬᠤ ᠦᠭᠡᠢ ᠪᠣᠯ | ᠴᠢᠯᠠᠭᠤ ᠬᠡᠪ ᠢᠶᠠᠷ ᠢᠶᠠᠨ᠂ ᠬᠥᠮᠥᠨ ᠬᠡᠳᠦ᠋ᠢᠪᠡᠷ ᠰᠡᠴᠡᠨ ᠮᠡᠷᠭᠡᠨ ᠪᠣᠯᠪᠠᠴᠤ ᠬᠡᠯᠡᠵᠦ ᠵᠢᠭᠠᠵᠤ ᠰᠤᠷᠭᠠᠬᠤ ᠦᠭᠡᠢ ᠪᠣᠯ | ᠪᠠᠰᠠ ᠴᠦ ᠡᠮᠵᠡᠭ ᠳᠤᠲᠠᠭᠳᠠᠯ ᠲᠠᠢ ᠪᠠᠶᠢᠳᠠᠬ︾ ᠭᠡᠳᠡᠭ ᠢ ᠬᠠᠷᠠᠭᠤᠯᠤᠭᠰᠠᠨ ᠠᠮᠢᠳᠤ ᠵᠢᠱᠢᠶ᠎ᠠ ᠪᠢᠰᠢᠤ᠃ | 3. ᠠᠩᠬᠢ ᠶᠢᠨ ᠡᠷᠬᠢᠯᠡᠭᠴᠢ ᠪᠤᠯᠤᠭᠰᠠᠳ ᠵᠢᠭᠠᠨ ᠰᠤᠷᠭᠠᠯᠳᠠ ᠠᠴᠠ ᠭᠠᠳᠠᠨᠠᠬᠢ ᠡᠯ᠎ᠠ ᠲᠠᠯ᠎ᠠ ᠶᠢᠨ ᠠᠵᠢᠯ ᠢ | ᠰᠠᠶᠢᠳᠤᠷ ᠬᠢᠭᠦ ᠭᠡᠷᠡᠭᠳᠠᠢ᠃ ᠨᠢᠭᠡ ᠬᠥᠮᠥᠨ ᠤ ᠥᠰᠴᠦ ᠲᠥᠷᠥᠭᠰᠡᠨ ᠣᠷᠴᠢᠨ ᠲᠣᠭᠤᠷᠢᠨ ᠨᠢ ᠲᠡᠭᠦᠨ ᠤ ᠰᠢᠯᠢᠳᠡᠭ | ᠰᠠᠶᠢᠨ ᠵᠠᠩ ᠳᠠᠳᠬᠠᠯ ᠤᠨ ᠬᠥᠮᠥᠵᠢᠯ ᠳᠤ ᠮᠠᠰᠢ ᠶᠡᠭᠡ ᠲᠤᠰᠠ ᠳᠡᠮᠵᠢᠯᠭᠡ ᠪᠤᠯᠳᠠᠬ ᠪᠣᠯ ᠰᠤᠷᠭᠠᠭᠤᠯᠢ ᠳᠤ | ᠤᠷᠤᠭᠰᠠᠨ ᠤ ᠲᠠᠷᠠᠭᠠᠬᠢ ᠡᠷᠡᠭᠦᠯ ᠬᠠᠮᠠᠭᠠᠯᠠᠯ ᠢ ᠡᠷᠬᠢᠮᠯᠡᠭᠦ᠂ ᠰᠢᠯᠢᠳᠡᠭ ᠰᠠᠶᠢᠨ ᠶᠤᠰᠤ ᠰᠤᠷᠳᠠᠬᠤᠨ ᠲᠠᠢ ᠪᠤᠯᠬᠤ | ᠵᠡᠷᠭᠡ ᠨᠢ ᠲᠡᠳᠡᠨᠦᠰ ᠤᠨ ᠬᠤᠶᠢᠰᠢᠳᠠ ᠶᠢᠨ ᠵᠠᠮ ᠳᠤ ᠮᠠᠰᠢ ᠶᠡᠭᠡ ᠲᠤᠰᠠ ᠳᠡᠮᠵᠢᠯᠭᠡ ᠪᠣᠯᠬᠤ ᠨᠢ ᠶᠠᠷᠢᠶᠠᠨ ᠦᠭᠡᠢ᠃ | ᠡ᠊ᠨᠡ ᠪᠤᠯ ᠠᠩᠭᠢ ᠶᠢᠨ ᠡᠷᠬᠢᠯᠡᠭᠴᠢ ᠪᠣᠯᠣᠭᠰᠠᠳ ᠤᠨ ᠳᠠᠷᠬᠠᠨ ᠡᠭᠦᠷᠭᠡ ᠮᠦᠨ᠃ | 4. ᠠᠩᠬᠢ ᠶᠢᠨ ᠡᠷᠬᠢᠯᠡᠭᠴᠢ ᠪᠤᠯᠤᠭᠰᠠᠳ ᠭᠡᠷ ᠤᠨ ᠠᠬᠠᠮᠠᠳ ᠲᠠᠢ ᠬᠠᠷᠢᠯᠴᠠᠬᠤ ᠠᠵᠢᠯ ᠢ ᠰᠠᠶᠢᠳᠤᠷ ᠬᠢᠨ᠎ᠡ᠃ | ᠡᠩ ᠤᠨ ᠦᠶ᠎ᠡ ᠳᠤ ᠭᠡᠷ ᠤᠨ ᠠᠬᠠᠮᠠᠳ ᠲᠠᠢ ᠬᠠᠷᠢᠯᠴᠠᠭᠰᠠᠨ ᠪᠠᠶᠢᠳᠠᠯ ᠢᠶᠠᠨ ᠲᠠᠮᠳᠡᠭᠯᠡᠵᠦ᠂ ᠬᠤᠭᠤᠴᠠᠭ᠎ᠠ ᠪᠤᠯᠭᠠᠨ | ᠭᠡᠷ ᠤᠨ ᠠᠬᠠᠮᠠᠳ ᠤᠨ ᠬᠤᠷᠠᠯ ᠬᠢᠵᠦ ᠴᠢᠬᠤᠯᠠ ᠲᠠᠢ ᠦᠶᠠᠰ ᠵᠠᠷᠢᠮ ᠭᠡᠷ ᠤᠨ ᠠᠬᠠᠮᠠᠳ ᠢ ᠠᠰ ᠢᠶᠠᠷ ᠢᠶᠠᠨ | ᠳᠠᠭᠤᠳᠠᠵᠤ ᠶᠠᠷᠢᠯᠴᠠᠵᠤ ᠪᠤᠯᠤᠨ᠎ᠠ᠃ ᠨᠢᠭᠡᠨ ᠰᠤᠷᠤᠭᠴᠢ ᠶᠢ ᠭᠦᠮᠦᠵᠢᠭᠦᠯᠭᠦ ᠳᠤ ᠰᠤᠷᠭᠠᠭᠤᠯᠢ᠂ ᠭᠡᠷ ᠪᠦᠯᠢ᠂ | ᠨᠡᠶᠢᠭᠡᠮ ᠴᠦᠮ ᠬᠠᠮᠵᠢᠯᠴᠠᠵᠤ ᠭᠡᠷᠡᠭᠳᠠᠢ᠃ ᠨᠡᠩ ᠢᠯᠠᠩᠭᠤᠶ᠎ᠠ ᠭᠡᠤᠭᠡᠳ ᠤᠨ ᠦᠰᠦᠨ ᠪᠤᠶᠢᠵᠢᠯᠳᠠ ᠳᠤ ᠭᠡᠷ ᠤᠨ | ᠠᠬᠠᠮᠠᠳ ᠤᠨ ᠭᠦᠮᠦᠵᠢᠯ ᠰᠤᠷᠭᠠᠯ ᠮᠠᠰᠢ ᠴᠢᠬᠤᠯᠠ ᠪᠠᠶᠢᠳᠠᠬ ᠪᠤᠯᠬᠤᠷ ᠭᠡᠷ ᠤᠨ ᠠᠬᠠᠮᠠᠳ ᠲᠠᠢ ᠬᠠᠷᠢᠯᠴᠠᠬᠤ | ᠠᠵᠢᠯ ᠢ ᠰᠠᠶᠢᠳᠤᠷ ᠬᠢᠭᠦ ᠨᠢ ᠵᠢᠭᠠᠨ ᠰᠤᠷᠭᠠᠯᠳᠠ ᠶᠢᠨ ᠠᠵᠢᠯ ᠤᠨ ᠤᠷᠤᠭᠰᠢᠳᠠᠢ ᠶᠠᠪᠤᠭᠳᠠᠬᠤ ᠳᠤ ᠲᠤᠩ ᠴᠢᠬᠤᠯᠠ | ᠦᠢᠯᠡᠳᠦᠯ ᠦᠵᠡᠭᠦᠯᠳᠡᠭ᠃ | ︽ᠨᠠᠷᠠᠨ ᠬᠤᠸᠠᠷ ᠨᠠᠷᠠ ᠪᠠᠨ ᠳᠠᠭᠠᠵᠤ ᠤᠷᠭᠤᠳᠠᠭ︾ ᠤᠨ ᠵᠢᠮ᠎ᠡ ᠪᠠᠷ ᠬᠠᠷᠢᠭᠤᠴᠠᠯᠭ᠎ᠠ ᠲᠠᠢ ᠭᠡᠷ ᠤᠨ | ᠠᠬᠠᠮᠠᠳ ᠪᠠᠶᠢᠮᠠᠨᠵᠢᠨ ᠰᠠᠶ᠋ᠢ ᠰᠠᠶᠢᠨ ᠰᠠᠶᠢᠬᠠᠨ ᠵᠠᠩ ᠵᠠᠩᠰᠢᠯ ᠲᠠᠢ᠂ ᠰᠤᠷᠤᠯᠭ᠎ᠠ ᠰᠠᠶᠢᠳᠠᠢ ᠬᠡᠦᠬᠡᠳ | ᠬᠥᠮᠥᠵᠢᠭᠳᠡᠳᠡᠭ᠃ ᠡᠶᠢᠮᠦ ᠪᠠᠷ ᠢᠶᠠᠨ ᠭᠡᠷ ᠤᠨ ᠠᠬᠠᠮᠠᠳ ᠤᠨ ᠬᠤᠷᠠᠯ ᠳᠡᠭᠡᠷ᠎ᠡ ᠭᠡᠷᠤᠨ ᠠᠬᠠᠮᠠᠳ ᠢ ᠱᠠᠩᠨᠠᠨ | ᠤᠷᠮᠠᠰᠢᠭᠤᠯᠬᠤ ᠪᠤᠶᠤ ᠣᠯᠠᠨ ᠲᠠᠢ ᠭᠡᠤᠭᠡᠳ ᠭᠦᠮᠦᠵᠢᠭᠦᠯᠭᠦ ᠲᠤᠷᠰᠢᠯᠭ᠎ᠠ ᠪᠠᠨ ᠰᠣᠯᠢᠯᠴᠠᠵᠤ᠂ ᠬᠠᠮᠲᠤ ᠪᠠᠷ | ᠳᠠᠪᠰᠢᠬᠤ ᠪᠠᠷ ᠴᠢᠷᠮᠠᠶᠢᠵᠤ ᠪᠣᠯᠣᠨ᠎ᠠ᠃ | ︽ᠲᠦᠮᠡᠨ ᠭᠠᠵᠠᠷ ᠤᠨ ᠠᠶᠠᠨ ᠬᠥᠯ ᠳᠣᠣᠷ᠎ᠠ ᠠᠴᠠ ᠡᠬᠢᠯᠡᠨ᠎ᠡ︾ ᠭᠡᠳᠡᠭ ᠢᠶᠠᠷ ᠠᠩᠬᠢ ᠶᠢᠨ ᠡᠷᠬᠢᠯᠡᠭᠴᠢ | ᠪᠤᠯᠤᠭᠰᠠᠳ ᠪᠠᠭ᠎ᠠ ᠰᠤᠷᠭᠠᠭᠤᠯᠢ ᠠᠴᠠ ᠨᠢ ᠰᠤᠷᠤᠭᠴᠢᠳ ᠢᠶᠠᠨ ᠰᠠᠶᠢᠳᠤᠷ ᠱᠠᠭᠠᠷᠳᠠᠵᠤ ᠦᠪᠠᠷ ᠤᠨ ᠪᠡᠶ᠎ᠠ ᠪᠠᠷ ᠢᠶᠠᠨ | ᠲᠦᠷᠢᠮ ᠪᠤᠯᠵᠤ ᠴᠢᠳᠠᠪᠠᠯ ᠲᠠᠳᠠᠨ ᠤ ᠬᠤᠶᠢᠰᠢᠳᠠ ᠶᠢᠨ ᠵᠠᠮ ᠭᠡᠭᠡᠨ ᠰᠠᠷᠠᠭᠤᠯ ᠪᠣᠯᠵᠤ ᠴᠢᠳᠠᠨ᠎ᠠ᠃ | ᠬᠠᠶ᠋ᠢᠬ᠄ ᠵᠠᠷᠤᠳ ᠬᠤᠰᠢᠭᠤᠨ ᠤ ᠮᠣᠩᠭᠤᠯ ᠲᠤᠷᠰᠢᠯᠲᠠ ᠶᠢᠨ ᠪᠠᠭ᠎ᠠ ᠰᠤᠷᠭᠠᠭᠤᠯᠢ | ᠪᠤᠭᠤᠲᠤ ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ | ︵ᠮᠦᠡᠭᠭᠦᠨᠴᠢᠮᠡᠭ ᠨᠠᠶᠢᠷᠠᠭᠤᠯᠪᠠ︶ | 9 ᠳ᠋ᠤᠭᠠᠷ ᠬᠤᠭᠤᠴᠠᠭ᠎ᠠ |