ᠠᠵᠠᠲᠠᠢ | | ᠤᠳᠤᠬᠠᠨ ᠳᠤ᠂ ᠶᠡᠭᠡ ᠲᠡᠭᠡᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠳᠠᠭᠠᠯᠳᠤᠨ᠂ | ᠤᠶᠤᠲᠠᠳ ᠤᠨ ᠲᠤᠭ᠎ᠠ ᠤᠯᠠᠰᠢᠷᠠᠨ᠂ ᠰᠤᠷᠭᠠᠭᠤᠯᠢ ᠲᠡᠭᠦᠰᠦᠭᠰᠡᠳ ᠤᠨ ᠠᠵᠢᠯ ᠤᠯᠭᠤᠯᠳᠠ ᠶᠢᠨ ᠠᠰᠠᠭᠤᠳᠠᠯ ᠡᠳᠦᠷ | ᠢᠷᠡᠬᠦᠶ᠎ᠡ ᠲᠤᠪᠤᠶᠢᠮ᠎ᠠ ᠪᠣᠯᠵᠤ᠂ ᠤᠯᠠᠨ ᠲᠠᠯ᠎ᠠ ᠶᠢᠨ ᠬᠦᠴᠢᠷᠳᠡᠯ ᠢᠯᠡᠷᠡᠵᠤ ᠪᠠᠶᠢᠨ᠎ᠠ᠃ ᠠᠷᠪᠠᠨ ᠭᠤᠷᠪᠠᠳᠤᠭᠠᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠶᠤᠲᠠᠳ ᠤᠨ ᠠᠵᠢᠯ ᠤᠯᠭᠤᠯᠳᠠ ᠳᠤ ᠨᠠᠩ ᠣᠯᠠᠨ | ᠠᠰᠠᠭᠤᠳᠠᠯ ᠲᠤᠯᠭᠠᠷᠠᠬᠤ ᠪᠤᠯᠪᠠᠴᠤ᠂ ᠡᠭᠦᠨ ᠤ ᠬᠠᠮᠲᠤ ᠨᠡᠶᠢᠭᠡᠮ ᠤᠨ ᠥᠭᠡᠷᠡᠴᠢᠯᠡᠯᠲᠡ ᠬᠥᠭᠵᠢᠯᠲᠡ ᠠᠴᠠ | ᠡᠭᠦᠰᠦᠭᠰᠡᠨ ᠠᠵᠠ ᠲᠣᠬᠢᠶᠠᠯ ᠴᠤ ᠤᠯᠠᠨ ᠪᠤᠯᠬᠤ ᠶᠤᠮ ᠭᠡᠳᠡᠭ ᠢ ᠪᠢᠳᠡ ᠪᠦᠬᠦᠨ ᠮᠡᠳᠡᠷᠡᠬᠦ ᠬᠡᠷᠡᠭᠳᠠᠢ᠃ | ᠨᠢᠭᠡ᠂ ᠤᠶᠤᠲᠠᠳ ᠤᠨ ᠠᠵᠢᠯ ᠤᠯᠭᠤᠯᠳᠠ ᠶᠢᠨ ᠣᠳᠣᠬᠢ ᠪᠠᠶᠢᠳᠠᠯ | ᠬᠤᠯᠪᠣᠭᠳᠠᠯ ᠪᠦᠬᠦᠢ ᠪᠦᠷᠢᠳᠬᠡᠯ ᠢ ᠦᠨᠳᠦᠰᠦᠯᠡᠪᠡᠯ᠂ 2009 ᠣᠨ ᠠᠴᠠ ᠨᠠᠭᠠᠰᠢ᠂ ᠮᠠᠨ ᠤ ᠤᠯᠤᠰ ᠤᠨ | ᠵᠢᠯ ᠪᠦᠷᠢ ᠶᠢᠨ ᠶᠡᠭᠡ ᠲᠡᠭᠡᠳᠤ ᠰᠤᠷᠭᠠᠭᠤᠯᠢ ᠲᠡᠭᠦᠰᠦᠭᠰᠡᠳ ᠤᠨ ᠠᠵᠢᠯ ᠣᠯᠤᠭᠰᠠᠨ ᠬᠥᠮᠦᠨ ᠤ ᠲᠤᠭ᠎ᠠ ᠴᠥᠮ | 600 ᠲᠦᠮᠡ ᠠᠴᠠ ᠲᠡᠭᠡᠭᠰᠢ ᠪᠣᠯᠤᠭᠰᠠᠨ ᠪᠥᠭᠡᠳ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠃ 2014 ᠣᠨ ᠳᠤ | ᠶᠡᠭᠡ ᠲᠡᠭᠡᠳᠤ ᠰᠤᠷᠭᠠᠭᠤᠯᠢ ᠲᠡᠭᠦᠰᠦᠭᠰᠡᠨ ᠰᠤᠷᠤᠭᠴᠢ ᠶᠢᠨ ᠲᠤᠭ᠎ᠠ 727 ᠲᠦᠮᠡ ᠪᠣᠯᠵᠤ᠂ 2015 ᠣᠨ ᠳᠤ | 749 ᠲᠦᠮᠡ ᠳᠤ ᠭᠦᠷᠴᠦ᠂ ᠵᠢᠯ ᠪᠦᠷᠢ ︽ᠲᠡᠤᠬᠡ ᠶᠢᠨ ᠲᠡᠮᠳᠡᠭᠯᠡᠯ︾ ᠢ ᠡᠭᠦᠳᠤᠨ᠂ ᠠᠷᠪᠠᠨ ᠭᠤᠷᠪᠠᠳᠤᠭᠠᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠦᠷᠭᠦᠯᠵᠢᠯᠡᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ | 770 ᠲᠦᠮᠡ ᠣᠷᠴᠢᠮ ᠰᠤᠷᠤᠭᠴᠢ ᠶᠡᠭᠡ ᠲᠡᠭᠡᠳᠤ ᠰᠤᠷᠭᠠᠭᠤᠯᠢ ᠲᠡᠭᠦᠰᠭᠦ ᠪᠤᠯᠤᠨ᠎ᠠ᠃ ᠵᠠᠬ᠎ᠠ ᠳᠡᠯᠭᠡᠭᠦᠷ ᠳᠡᠭᠡᠷ᠎ᠡ | ᠲᠤᠬᠢᠷᠠᠮᠵᠢᠳᠠᠢ ᠠᠵᠢᠯ ᠤᠨ ᠪᠠᠶᠢᠷᠢ ᠭᠦᠢᠴᠡᠳ ᠦᠭᠡᠢ ᠪᠠᠶᠢᠬᠤ ᠵᠢᠴᠢ ᠠᠵᠤ ᠠᠬᠤᠶᠢᠯᠠᠯ ᠤᠨ ᠤᠷᠢᠵᠤ ᠬᠡᠷᠡᠭᠯᠡᠬᠦ | ᠬᠦᠰᠡᠯ ᠱᠠᠭᠠᠷᠳᠠᠯᠭ᠎ᠠ ᠵᠤᠬᠢᠬᠤ ᠬᠡᠮᠵᠢᠶ᠎ᠡ ᠪᠠᠷ ᠪᠠᠭᠤᠷᠠᠨ᠂ ᠲᠡᠭᠡᠳᠤ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ | ᠰᠤᠷᠭᠠᠨ ᠬᠥᠮᠦᠵᠢᠯ ᠤᠨ ᠪᠦᠲᠦᠴᠡ᠂ ᠠᠵᠢᠯ ᠣᠯᠬᠤ ᠦᠵᠡᠯᠲᠡ ᠬᠢᠭᠡᠳ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠰᠠᠯᠤᠩᠭᠢᠷᠠᠭᠰᠠᠨ ᠪᠦᠲᠦᠴᠡ ᠶᠢᠨ ᠴᠢᠨᠠᠷᠲᠠᠶ ᠵᠥᠷᠢᠴᠡᠯ ᠮᠥᠨ ᠬᠦ ᠲᠤᠪᠤᠶᠢᠮ᠎ᠠ ᠪᠠᠶᠢᠬᠤ ᠨᠢ ᠠᠵᠢᠯ | ᠣᠯᠭᠤᠯᠲᠠ ᠶᠢᠨ ᠳᠠᠷᠤᠯᠲᠠ ᠶᠢ ᠬᠦᠨᠳᠦᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠣᠯᠠᠨ ᠲᠠᠯ᠎ᠠ ᠶᠢᠨ | ᠠᠰᠠᠭᠤᠳᠠᠯ ᠢ ᠪᠣᠢ ᠪᠣᠯᠭᠠᠵᠠᠶ᠃ | 1. ᠰᠤᠷᠭᠠᠭᠤᠯᠢ ᠲᠡᠭᠦᠰᠦᠭᠰᠡᠨ ᠲᠤᠬᠠᠶ ᠶᠢᠨ ᠵᠢᠯ ᠳᠤ ᠪᠠᠨ ᠠᠵᠢᠯ ᠤᠯᠤᠭᠰᠠᠨ ᠥᠬᠡᠶ ᠣᠶᠤᠲᠠᠳ ᠤᠨ | ᠲᠤᠭᠠᠨ ᠤ ᠬᠠᠷᠢᠴᠠᠯ ᠨᠡᠯᠢᠶᠡᠳ ᠶᠡᠭᠡ ᠪᠠᠶᠢᠬᠤ᠄ ᠰᠤᠷᠭᠠᠭᠤᠯᠢ ᠲᠡᠭᠦᠰᠦᠭᠰᠡᠨ ᠤᠶᠤᠳᠠᠳ ᠤᠨ ᠤᠯᠠᠰᠢᠷᠠᠬᠤ ᠶᠢ | ᠳᠠᠭᠠᠯᠳᠤᠨ᠂ ᠶᠡᠭᠡ ᠰᠤᠷᠭᠠᠭᠤᠯᠢ ᠶᠢᠨ ᠣᠶᠤᠲᠠᠨ ᠭᠡᠬᠦ ᠮᠡᠲᠦ ᠶᠢᠨ ᠣᠨᠴᠠᠭᠠᠢ ᠠᠵᠢᠯ ᠤᠨ ᠬᠥᠮᠦᠰ ᠤᠨ ᠬᠡᠷᠡᠭᠴᠡᠭᠡ | ᠨᠡᠮᠡᠭᠳᠡᠬᠦ ᠨᠢ ᠬᠢᠵᠠᠭᠠᠷ ᠲᠠᠢ ᠪᠣᠯᠵᠤ᠂ ᠠᠵᠢᠯ ᠣᠯᠭᠤᠯᠲᠠ ᠶᠢᠨ ᠯᠤᠲᠤ ᠶᠡᠭᠡ ᠳᠠᠷᠤᠯᠲᠠ ᠶᠢ ᠪᠤᠢ ᠪᠤᠯᠭᠠᠵᠤ᠂ ᠵᠢᠯ | ᠪᠦᠷᠢ ᠲᠡᠭᠦᠰᠬᠦ ᠰᠤᠷᠤᠭᠴᠢᠳ ᠤᠨ ᠠᠵᠢᠯ ᠣᠯᠬᠤ ᠬᠠᠷᠢᠴᠠᠯ ᠲᠤᠷᠤᠭᠰᠢᠯᠠᠵᠤ ᠪᠠᠶᠢᠨ᠎ᠠ᠃ | 2. ᠤᠶᠤᠲᠠᠳ ᠤᠨ ᠠᠵᠢᠯ ᠣᠯᠭᠤᠯᠲᠠ ᠶᠢᠨ ᠥᠪᠡᠷ ᠤᠨ ᠥᠷᠲᠡᠭ ᠤᠨ ᠨᠡᠮᠡᠭᠳᠡᠯ᠄ ᠣᠳᠣᠬᠠᠨ ᠳᠤ | ᠤᠶᠤᠲᠠᠳ ᠤᠨ ᠠᠵᠢᠯ ᠡᠷᠢᠬᠦ ᠳᠤ ᠬᠡᠷᠡᠭᠯᠡᠬᠦ ᠵᠠᠷᠤᠳᠠᠯ ᠨᠡᠮᠡᠭᠳᠡᠵᠤ ᠪᠠᠶᠢᠨ᠎ᠠ᠂ ᠡᠨᠡ ᠬᠦ ᠦᠵᠡᠭᠳᠡᠯ ᠢ ᠪᠣᠢ ᠪᠣᠯᠭᠠᠭᠰᠠᠨ | ᠭᠤᠣᠯ ᠰᠢᠯᠲᠠᠭᠠᠨ ᠪᠣᠯ ᠠᠵᠢᠯ ᠣᠯᠭᠤᠯᠲᠠ ᠶᠢᠨ ᠳᠠᠷᠤᠯᠲᠠ ᠨᠡᠮᠡᠭᠳᠡᠭᠰᠡᠨ ᠠᠴᠠ ᠬᠥᠮᠦᠰ ᠤᠨ ᠰᠠᠨᠠᠭᠠᠨ ᠳᠤ | ᠳᠠᠭᠠᠷᠠᠭᠰᠠᠨ ᠠᠵᠢᠯ ᠣᠯᠬᠤ ᠶᠢᠨ ᠲᠥᠯᠥᠭᠡ ᠭᠠᠷᠭᠠᠬᠤ ᠦᠨ᠎ᠡ ᠥᠷᠲᠡᠭ ᠨᠢ ᠳᠡᠭᠡᠭᠰᠢᠯᠡᠭᠰᠡᠨ ᠠᠴᠠ ᠪᠣᠯᠤᠭᠰᠠᠨ | ᠶᠤᠮ᠃ | 3. ᠨᠡᠶᠢᠭᠡᠮ ᠤᠨ ᠣᠷᠴᠢᠨ ᠲᠣᠭᠤᠷᠢᠨ ᠤ ᠬᠤᠪᠢᠷᠠᠯᠲᠠ ᠶᠢᠨ ᠠᠵᠢᠯ ᠣᠯᠭᠤᠯᠲᠠ ᠳᠤ ᠦᠵᠡᠭᠦᠯᠬᠦ ᠨᠥᠯᠥᠭᠡ᠄ | ᠤᠳᠤᠬᠠᠨ ᠤ ᠨᠡᠶᠢᠭᠡᠮ ᠨᠢ ᠬᠤᠷᠴᠠ ᠰᠢᠷᠦᠭᠦᠨ ᠬᠤᠪᠢᠰᠤᠯᠲᠠ ᠶᠢᠨ ᠬᠤᠭᠤᠴᠠᠭᠠᠨ ᠳᠤ ᠣᠷᠣᠰᠢᠵᠤ᠂ ᠡᠯ᠎ᠡ | ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠨᠡᠯᠢᠶᠡᠳ ᠶᠡᠭᠡ ᠪᠠᠶᠢᠬᠤ ᠨᠢ ᠠᠵᠢᠯ ᠣᠯᠭᠤᠯᠲᠠ ᠳᠤ ᠵᠣᠬᠢᠬᠤ | ᠨᠥᠯᠥᠭᠡ ᠲᠠᠢ ᠪᠠᠶᠢᠳᠠᠭ᠃ ᠵᠢᠱᠢᠶᠡᠯᠡᠪᠡᠯ᠂ ᠦᠢᠯᠡᠴᠢᠯᠡᠭᠡᠨ ᠤ ᠦᠢᠯᠡᠰ ᠤᠨ ᠤᠯᠤᠰ ᠠᠷᠠᠳ ᠤᠨ ᠠᠵᠤ ᠠᠬᠤᠶ ᠳᠤ | ᠡᠵᠡᠯᠡᠬᠦ ᠬᠤᠪᠢ ᠶᠢᠨ ᠵᠢᠩ ᠨᠡᠮᠡᠭᠳᠡᠬᠦ᠂ ᠰᠢᠨ᠎ᠡ ᠪᠠᠷ ᠬᠥᠭᠵᠢᠭᠰᠡᠨ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ᠂ | ᠨᠡᠶᠢᠭᠡᠮ ᠤᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠬᠦ ᠵᠡᠷᠭᠡ ᠨᠢ ᠠᠵᠢᠯ ᠣᠯᠭᠤᠯᠲᠠ ᠶᠢᠨ ᠠᠵᠢᠯ ᠤᠨ | ᠪᠠᠶᠢᠷᠢᠶᠢ ᠵᠠᠶᠢᠯᠠᠰᠢ ᠦᠭᠡᠢ ᠨᠡᠮᠡᠭᠳᠡᠭᠦᠯᠬᠦ ᠪᠤᠯᠪᠠᠴᠤ ᠤᠯᠠᠮᠵᠢᠯᠠᠯᠲᠤ ᠠᠵᠤ ᠦᠢᠯᠡᠰ ᠤᠨ ᠰᠢᠯᠵᠢᠯᠳᠠ ᠲᠠᠪᠰᠢᠯᠳᠠ ᠨᠢ | ᠪᠠᠰᠠ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ ᠬᠠᠰᠤᠭᠳᠠᠭᠤᠯᠬᠤ ᠪᠣᠯᠤᠨ᠎ᠠ᠃ | 4. ᠤᠶᠤᠲᠠᠳ ᠤᠨ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠥᠨᠳᠥᠷ ᠪᠢᠰᠢ ᠪᠠᠶᠢᠬᠤ᠄ ᠬᠡᠰᠡᠭ | ᠰᠤᠷᠤᠭᠴᠢᠳ ᠠᠵᠢᠯ ᠣᠯᠬᠤ ᠶᠢᠨ ᠲᠥᠯᠥᠭᠡ ᠬᠦᠰᠡᠵᠤ ᠲᠥᠯᠥᠪᠯᠡᠭᠰᠡᠨ ᠠᠵᠢᠯ ᠣᠯᠬᠤ ᠪᠤᠳᠤᠯ ᠱᠠᠭᠠᠷᠳᠠᠯᠭ᠎ᠠ ᠪᠠᠨ | ᠲᠠᠶᠠᠭᠳᠠᠵᠤ᠂ ᠪᠠᠰᠠ ᠵᠠᠷᠢᠮ ᠨᠢ ᠠᠵᠢᠯ ᠣᠯᠤᠭᠰᠠᠨ ᠤ ᠳᠠᠷᠠᠭ᠎ᠠ ᠠᠵᠢᠯ ᠳᠤ ᠪᠠᠨ ᠬᠠᠨᠤᠮᠵᠢ ᠦᠭᠡᠢ ᠪᠠᠶᠢᠵᠤ᠂ ᠪᠠᠶᠢᠨ | ᠳᠠᠬᠢᠨ ᠠᠵᠢᠯ ᠰᠣᠯᠢᠵᠤ ᠪᠠᠶᠢᠳᠠᠭ᠃ | 5. ᠤᠶᠤᠲᠠᠳ ᠤᠨ ᠠᠵᠢᠯ ᠣᠯᠬᠤ ᠳᠤ ᠲᠤᠯᠭᠠᠷᠠᠵᠤ ᠮᠡᠳᠡᠬᠦ ᠭᠤᠣᠯᠴᠢ ᠪᠤᠰᠤ ᠪᠠᠶᠢᠳᠠᠯ᠄ ᠠᠵᠢᠯ ᠣᠯᠬᠤ | ᠦᠶ᠎ᠠ ᠳᠤ ᠬᠡᠰᠡᠭ ᠰᠤᠷᠤᠭᠴᠢᠳ ᠡᠷᠦᠬᠡ ᠠᠮᠠ ᠶᠢᠨ ᠬᠠᠷᠢᠶ᠎ᠠ ᠶᠢᠨ ᠲᠦᠷᠢᠮ᠂ ᠬᠦᠮᠦᠨ ᠤ ᠶᠠᠪᠤᠳᠠᠯ ᠤᠨ ᠳᠦᠷᠢᠮ | ᠪᠣᠯᠤᠨ ᠵᠠᠬ᠎ᠠ ᠳᠡᠯᠭᠡᠭᠦᠷ ᠤᠨ ᠠᠵᠢᠯ ᠣᠯᠭᠤᠯᠲᠠ ᠶᠢᠨ ᠲᠤᠭᠳᠠᠯᠴᠠᠭ᠎ᠠ ᠵᠡᠷᠭᠡ ᠲᠠᠯ᠎ᠠ ᠶᠢᠨ ᠬᠢᠵᠠᠭᠠᠷᠯᠠᠯ ᠢ ᠬᠦᠯᠢᠶᠡᠬᠦ | ᠪᠣᠯᠤᠨ᠎ᠠ᠃ | ᠤᠶᠤᠲᠠᠳ ᠤᠨ ᠠᠵᠢᠯ ᠣᠯᠭᠤᠯᠲᠠ ᠶᠢᠨ ᠪᠠᠶᠢᠳᠠᠯ ᠭᠦᠴᠢᠷᠳᠠᠯ ᠲᠠᠢ ᠪᠠᠶᠢᠬᠤ ᠪᠣᠯ ᠮᠠᠷᠭᠤᠰᠢ ᠦᠭᠡᠢ ᠪᠣᠳᠠᠲᠤ | ᠬᠡᠷᠡᠭ ᠮᠥᠨ᠂ ᠡᠶᠢᠮᠦᠷᠬᠦᠤ ᠪᠣᠳᠠᠲᠤ ᠪᠠᠶᠢᠳᠠᠯ ᠨᠢ ᠨᠢᠭᠡᠨᠲᠡ ᠲᠡᠭᠡᠳᠤ ᠵᠡᠷᠭᠡ ᠶᠢᠨ ᠰᠤᠷᠭᠠᠨ ᠬᠥᠮᠦᠵᠢᠯ᠂ | ᠴᠠᠭᠠᠰᠢᠯᠠᠪᠠᠯ ᠪᠦᠬᠦ᠋ᠢᠯᠡ ᠨᠡᠶᠢᠭᠡᠮ ᠳᠤ ᠨᠥᠯᠥᠭᠡ ᠦᠵᠡᠭᠦᠯᠦᠭᠰᠡᠨ ᠤ ᠬᠠᠮᠲᠤ ᠪᠠᠰᠠ ᠲᠡᠭᠡᠳᠤ ᠵᠡᠷᠭᠡ ᠶᠢᠨ ᠰᠤᠷᠭᠠᠨ | ᠬᠥᠮᠦᠵᠢᠯ ᠤᠨ ᠬᠥᠭᠵᠢᠯᠲᠡ ᠳᠤ ᠠᠵᠠ ᠲᠣᠬᠢᠶᠠᠯ ᠪᠠ ᠥᠷᠢᠰᠥᠯᠳᠦᠭᠡᠨ ᠢ ᠬᠠᠩᠭᠠᠭᠰᠠᠨ ᠪᠠᠶᠢᠨ᠎ᠠ᠂ ᠲᠡᠭᠦᠨ ᠤ | ᠨᠡᠶᠢᠭᠡᠮ ᠤᠨ ᠨᠥᠯᠥᠭᠡ ᠶᠢ ᠡᠷᠬᠡᠪᠰᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠪᠡᠯ ᠵᠤᠬᠢᠨ᠎ᠠ᠃ | ᠬᠤᠶᠠᠷ᠂ ᠤᠶᠤᠳᠠᠳ ᠮᠡᠳᠡᠯᠭᠡ ᠴᠢᠳᠠᠪᠤᠷᠢ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠳᠠᠢ | ᠤᠶᠤᠳᠠᠳ ᠤᠨ ᠠᠵᠢᠯ ᠤᠯᠭᠤᠯᠳᠠ ᠶᠢᠨ ᠪᠠᠶᠢᠳᠠᠯ ᠳᠤ ᠴᠢᠭᠯᠡᠭᠦᠯᠵᠤ᠂ ᠤᠯᠤᠰ ᠤᠨ ᠰᠤᠷᠭᠠᠨ ᠬᠥᠮᠦᠵᠢᠯ ᠤᠨ | ᠶᠠᠮᠤᠨ ᠠᠴᠠ ᠲᠤᠤᠷᠠᠬᠢ ᠮᠡᠳᠤ ᠳᠣᠯᠣᠭᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠳᠡᠯᠡᠪᠡ᠄ | ︵ᠨᠢᠭᠡ︶ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠦᠳᠲᠡᠷ ᠲᠦᠷᠭᠡᠨ ᠬᠥᠳᠡᠯᠦᠯᠴᠡᠵᠦ᠂ | ᠬᠠᠷᠢᠭᠤᠴᠠᠯᠭ᠎ᠠ ᠶᠢ ᠱᠠᠲᠤ ᠳᠠᠷᠠᠭᠠᠯᠠᠨ ᠨᠠᠶᠢᠳᠠᠪᠤᠷᠢᠵᠢᠭᠤᠯᠵᠤ᠂ ᠰᠤᠷᠤᠭᠴᠢ ᠨᠢᠭᠡᠪᠦᠷᠢ ᠶᠢᠨ ᠠᠵᠢᠯ ᠣᠯᠭᠤᠯᠲᠠ ᠶᠢ | ᠬᠠᠯᠠᠮᠵᠢᠯᠠᠨ ᠬᠠᠪᠰᠤᠷᠬᠤ ᠬᠡᠷᠡᠭᠲᠡᠶ᠃ | ︵ᠬᠤᠶᠠᠷ︶ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠰᠤᠷᠭᠠᠭᠤᠯᠢ ᠲᠡᠭᠦᠰᠦᠭᠰᠡᠳ ᠲᠤ᠂ ᠢᠯᠠᠩᠭᠤᠶ᠎ᠠ | ᠠᠵᠤ ᠠᠬᠤᠢ ᠶᠢᠨ ᠪᠠᠶᠢᠳᠠᠯ ᠤᠨ ᠨᠥᠯᠥᠭᠡ ᠶᠢ ᠨᠡᠯᠢᠶᠡᠳ ᠶᠡᠭᠡ ᠬᠦᠷᠳᠡᠭᠰᠡᠨ ᠲᠤᠰᠬᠠᠶ ᠮᠡᠷᠭᠡᠵᠢᠯ ᠤᠨ ᠰᠤᠷᠭᠠᠭᠤᠯᠢ | ᠲᠡᠭᠦᠰᠦᠭᠰᠡᠳ ᠲᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠴᠤᠭᠯᠠᠭᠤᠯᠵᠤ ᠥᠭᠬᠦ ᠬᠡᠷᠡᠭᠲᠡᠶ᠃ | ︵ᠭᠤᠷᠪᠠ︶ ᠠᠵᠢᠯᠲᠠᠨ ᠤᠷᠢᠬᠤ ᠰᠢᠷᠢᠰ ᠠᠵᠢᠯᠯᠠᠭ᠎ᠠ ᠶᠢ ᠡᠷᠬᠢᠯᠡᠵᠦ᠂ ᠠᠵᠢᠯ ᠣᠯᠭᠤᠬᠤ ᠮᠡᠳᠡᠭᠡ | ᠵᠠᠩᠭᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠳᠥᠷᠪᠡ︶ ᠦᠢᠯᠡᠰ ᠪᠤᠰᠬᠠᠬᠤ ᠶᠢ ᠳᠡᠮᠵᠢᠬᠦ ᠡᠷᠴᠢᠮ ᠢ ᠪᠥᠬᠦ ᠲᠠᠯ᠎ᠠ ᠪᠠᠷ ᠴᠢᠩᠭᠠᠷᠠᠭᠤᠯᠵᠤ᠂ ᠲᠡᠭᠦᠰᠬᠦ | ᠰᠤᠷᠤᠭᠴᠢᠳ ᠤᠨ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ | ︵ᠲᠠᠪᠤ︶ ᠴᠢᠭᠯᠡᠭᠦᠯᠬᠦ ᠴᠢᠨᠠᠷᠲᠠᠶ ᠠᠵᠢᠯ ᠣᠯᠭᠤᠬᠤ ᠵᠢᠯᠣᠭᠤᠳᠤᠯᠭ᠎ᠠ ᠦᠢᠯᠡᠴᠢᠯᠡᠭᠡᠨ ᠢ ᠢᠳᠡᠪᠬᠢᠲᠡᠢ | ᠥᠷᠨᠢᠭᠦᠯᠵᠦ᠂ ᠠᠵᠢᠯ ᠣᠯᠬᠤ ᠳᠤ ᠬᠦᠴᠢᠷᠳᠡᠯᠲᠡᠶ ᠲᠡᠭᠦᠰᠦᠭᠰᠡᠳ ᠢ ᠭᠤᠤᠯᠳᠠᠯᠭ᠎ᠠ ᠲᠠᠢ ᠬᠠᠪᠰᠤᠷᠤᠨ | ᠲᠡᠳᠬᠦᠨ᠎ᠡ᠃ | ︵ᠵᠢᠷᠭᠤᠭ᠎ᠠ︶ ᠳᠠᠳᠤᠯᠭ᠎ᠠ ᠦᠢᠯᠡᠳᠦᠯᠭᠡ ᠶᠢ ᠥᠷᠭᠡᠨ ᠢᠶᠠᠷ ᠵᠣᠬᠢᠶᠠᠨ ᠪᠠᠶᠢᠭᠤᠯᠵᠤ᠂ ᠲᠡᠭᠦᠰᠬᠦ | ᠰᠤᠷᠤᠭᠴᠢᠳ ᠤᠨ ᠠᠵᠢᠯ ᠤᠯᠭᠤᠯᠳᠠ ᠶᠢᠨ ᠦᠷᠢᠰᠦᠯᠳᠤᠭᠡᠨ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ | ︵ᠳᠣᠯᠤᠭ᠎ᠠ︶ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠭᠦᠨᠵᠡᠭᠡᠶ ᠥᠷᠨᠢᠭᠦᠯᠬᠦ ᠶᠢ | ᠱᠠᠭᠠᠷᠳᠠᠨ᠎ᠠ᠃ | ᠤᠳᠤ ᠦᠶ᠎ᠡ ᠶᠢᠨ ᠣᠶᠤᠲᠠᠨ ᠰᠡᠬᠡᠭᠡᠲᠡᠳ ᠳᠡᠭᠡᠷᠡᠬᠢ ᠠᠷᠭ᠎ᠠ ᠬᠡᠮᠵᠢᠶᠡᠨ ᠳᠤ ᠰᠠᠭᠤᠷᠢᠯᠠᠵᠤ᠂ ᠠᠰᠠᠭᠤᠳᠠᠯ ᠢ | ᠰᠢᠢᠳᠪᠤᠷᠢᠯᠡᠬᠦ ᠰᠡᠳᠬᠢᠬᠦᠶ ᠪᠤᠯᠤᠨ ᠴᠢᠳᠠᠪᠤᠷᠢ ᠶᠢ ᠪᠦᠷᠢᠯᠳᠤᠭᠦᠯᠵᠤ᠂ ᠠᠵᠢᠯ ᠣᠯᠭᠤᠯᠲᠠ ᠶᠢ ᠨᠢᠭᠡ ᠵᠦᠢᠯ ᠤᠨ | ᠥᠷᠢᠰᠥᠯᠳᠦᠭᠡᠨ ᠢᠶᠠᠷ ᠦᠵᠡᠵᠦ᠂ ᠥᠪᠡᠷ ᠢ ᠪᠠᠨ ᠴᠣᠯᠭᠤᠷᠠᠭᠤᠯᠬᠤ ᠪᠠᠷ ᠴᠢᠷᠮᠠᠶᠢᠬᠤ ᠬᠡᠷᠡᠭᠲᠡᠶ᠃ | ᠡᠩ ᠲᠡᠷᠢᠭᠦᠨ ᠳᠤ᠂ ᠲᠤᠰ ᠪᠡᠶ᠎ᠡ ᠶᠢᠨ ᠬᠡᠪ ᠪᠤᠯᠪᠠᠰᠤᠷᠠᠯ ᠢᠶᠠᠨ ᠦᠨᠳᠤᠰᠤᠯᠡᠨᠡ᠃ ᠤᠳᠤᠬᠠᠨ ᠳᠤ ᠶᠡᠭᠡ | ᠲᠡᠭᠡᠳᠤ ᠰᠤᠷᠭᠠᠭᠤᠯᠢ ᠨᠢ ᠲᠡᠭᠷᠢ ᠶᠢᠨ ᠤᠳᠤ ᠰᠢᠬ ᠤᠯᠠᠰᠢᠷᠠᠵᠤ᠂ ᠨᠢᠭᠡᠨ ᠨᠠᠷᠠᠲᠤ ᠶᠡᠭᠡ ᠰᠤᠷᠭᠠᠭᠤᠯᠢ ᠳᠤ ᠰᠢᠯᠭᠠᠨ | ᠣᠷᠣᠬᠤ ᠨᠢ ᠢᠷᠡᠭᠡᠳᠦᠶ ᠶᠢᠨ ᠵᠠᠮ ᠢ ᠲᠤᠭᠳᠠᠭᠠᠬᠤ ᠶᠢᠨ ᠠᠷᠭ᠎ᠠ ᠦᠭᠡᠢ ᠪᠣᠯᠵᠠᠶ᠃ ᠵᠢᠯ ᠪᠦᠷᠢ ᠶᠢᠨ ᠲᠡᠭᠦᠰᠬᠦ | ᠰᠤᠷᠤᠭᠴᠢ ᠨᠡᠮᠡᠭᠳᠡᠭᠦ ᠶᠢ ᠲᠠᠭᠠᠯᠳᠤᠨ᠂ ᠠᠵᠢᠯᠳᠠᠨ ᠤᠷᠢᠵᠤ ᠡᠯᠰᠡᠬᠦ ᠲᠠᠷᠤᠭᠠᠰᠤ ᠶᠡᠭᠡᠰᠴᠦ᠂ ᠡᠩ ᠤᠨ ᠨᠢᠭᠡᠨ | ᠠᠵᠢᠯ ᠤᠨ ᠪᠠᠶᠢᠷᠢ ᠶᠢ ᠮᠠᠰᠢ ᠤᠯᠠᠨ ᠭᠦᠮᠦᠨ ᠪᠤᠯᠢᠶᠠᠯᠳᠤᠬᠤ ᠪᠤᠯᠪᠠ᠃ ᠡᠶᠢᠮᠦ ᠠᠴᠠ ᠬᠤᠷᠴᠠ ᠰᠢᠷᠦᠭᠦᠨ | ᠥᠷᠢᠰᠥᠯᠳᠦᠭᠡᠨ ᠪᠦᠭᠦᠢ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠲᠤ ᠥᠪᠡᠷ ᠢ ᠪᠠᠨ ᠬᠡᠷᠬᠢᠨ ᠴᠤᠯᠭᠤᠷᠠᠭᠤᠯᠬᠤ | ᠪᠣᠶ ᠭᠡᠳᠡᠭ ᠢ ᠪᠤᠳᠤᠯᠬᠢᠯᠠᠭᠤᠰᠢᠲᠠᠢ ᠶᠤᠮ᠃ | ᠶᠡᠭᠡ ᠰᠤᠷᠭᠠᠭᠤᠯᠢ ᠪᠣᠯ ᠨᠢᠭᠡᠨ ᠮᠡᠳᠡᠯᠭᠡ ᠡᠵᠡᠮᠰᠢᠬᠦ ᠭᠠᠵᠠᠷ ᠮᠥᠨ᠃ ᠡ᠊ᠨᠳᠡ ᠬᠡᠯᠡᠵᠦ ᠪᠠᠶᠢᠭ᠎ᠠ ᠮᠡᠳᠡᠯᠭᠡ ᠨᠢ | ᠲᠤᠰᠬᠠᠶ ᠮᠡᠷᠭᠡᠵᠢᠯ ᠤᠨ ᠮᠡᠳᠡᠯᠭᠡ ᠪᠠ ᠶᠡᠷᠤᠩᠬᠡᠶᠢᠯᠡᠭᠰᠡᠨ ᠬᠡᠪ ᠴᠢᠨᠠᠷ ᠢ ᠪᠠᠭᠳᠠᠭᠠᠵᠤ ᠪᠠᠶᠢᠨ᠎ᠠ᠃ ᠤᠶᠤᠳᠠᠳ ᠴᠥᠮ | ᠦᠪᠡᠷ ᠥᠪᠡᠷ ᠤᠨ ᠰᠣᠷᠣᠭᠰᠠᠨ ᠲᠤᠰᠬᠠᠶ ᠮᠡᠷᠭᠡᠵᠢᠯ ᠲᠠᠢ ᠪᠠᠶᠢᠳᠠᠭ ᠨᠢ ᠢᠷᠡᠭᠡᠳᠦᠶ ᠶᠢᠨ ᠴᠢᠳᠠᠪᠤᠷᠢᠲᠠᠨ ᠤ | ᠲᠤᠰᠬᠠᠶᠢᠵᠢᠭᠰᠠᠨ ᠬᠢᠷᠢ ᠲᠦᠪᠰᠢᠨ ᠢ ᠥᠨᠳᠥᠷ ᠪᠠᠶᠢᠯᠭᠠᠬᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠶᠤᠮ᠃ | ᠶᠡᠭᠡ ᠰᠤᠷᠭᠠᠭᠤᠯᠢ ᠶᠢᠨ ᠰᠤᠷᠤᠭᠴᠢ ᠡᠩ ᠲᠡᠷᠢᠭᠦᠨ ᠳᠤ ᠥᠪᠡᠷ ᠤᠨ ᠲᠤᠰᠬᠠᠶ ᠮᠡᠷᠭᠡᠵᠢᠯ ᠤᠨ ᠮᠡᠳᠡᠯᠭᠡ ᠪᠠᠨ ᠰᠠᠶᠢᠨ | ᠰᠤᠷᠴᠤ᠂ ᠥᠨᠳᠥᠷ ᠬᠢᠷᠢ ᠲᠦᠪᠰᠢᠨ ᠪᠦᠬᠦᠢ ᠲᠤᠰᠬᠠᠶ ᠮᠡᠷᠭᠡᠵᠢᠯ ᠢᠶᠠᠷ ᠪᠤᠰᠤᠳ ᠲᠠᠢ ᠥᠷᠢᠰᠦᠯᠳᠦᠬᠦ ᠬᠡᠷᠡᠭᠲᠡᠶ᠃ | ᠲᠠᠬᠢᠭᠠᠳ ᠬᠡᠯᠡᠪᠡᠯ᠂ ᠶᠡᠷᠦᠩᠬᠡᠶᠢᠯᠡᠭᠰᠡᠨ ᠬᠡᠪ ᠴᠢᠨᠠᠷ ᠴᠦ ᠮᠠᠰᠢ ᠴᠢᠬᠤᠯᠠ ᠪᠠᠶᠢᠳᠠᠭ᠃ ᠶᠡᠷᠦᠩᠬᠡᠶᠢᠯᠡᠭᠰᠡᠨ ᠬᠡᠪ | ᠴᠢᠨᠠᠷ ᠲᠤ ᠶᠡᠷᠦᠩᠬᠡᠶᠢᠯᠡᠭᠰᠡᠨ ᠮᠡᠳᠡᠯᠭᠡ ᠶᠢᠨ ᠬᠢᠷᠢ ᠲᠦᠪᠰᠢᠨ ᠵᠢᠴᠢ ᠲᠤᠰ ᠪᠡᠶ᠎ᠡ ᠶᠢᠨ ᠶᠣᠰᠣ ᠰᠤᠷᠳᠠᠬᠤᠨ ᠤ | ᠪᠣᠯᠪᠠᠰᠤᠷᠠᠯ᠂ ᠰᠡᠳᠬᠢᠬᠦᠢ ᠶᠢᠨ ᠡᠷᠡᠬᠦᠯ ᠮᠡᠨᠳᠤ ᠶᠢᠨ ᠬᠡᠪ ᠴᠢᠨᠠᠷ ᠵᠢᠴᠢ ᠲᠤᠰᠬᠠᠶ ᠮᠡᠷᠭᠡᠵᠢᠯ ᠤᠨ ᠭᠠᠳᠠᠨᠠᠬᠢ ᠪᠤᠰᠤᠳ | ᠤᠷ᠎ᠠ ᠴᠢᠳᠠᠪᠤᠷᠢ ᠶᠢ ᠪᠠᠭᠳᠠᠭᠠᠨ᠎ᠠ᠃ | ᠠᠵᠢᠯᠲᠠᠨ ᠤᠷᠢᠵᠤ ᠡᠯᠰᠡᠬᠦ ᠲᠠᠯ᠎ᠠ ᠶᠢᠨ ᠬᠢᠨ ᠵᠠᠬ᠎ᠠ ᠳᠡᠯᠭᠡᠭᠦᠷ ᠢ ᠡᠵᠡᠮᠳᠡᠭᠰᠡᠨ ᠤᠷᠢᠲᠠᠯ ᠳᠣᠤᠷ᠎ᠠ᠂ ᠲᠠᠳᠡ | ᠠᠵᠢᠯ ᠡᠷᠢᠬᠦ ᠭᠤᠶᠤᠴᠢᠯᠠᠯ ᠭᠠᠷᠭᠠᠭᠰᠠᠨ ᠦᠶ ᠣᠯᠠᠨ ᠤᠶᠤᠳᠠᠳ ᠤᠨ ᠳᠤᠮᠳᠠ ᠠᠴᠠ ᠬᠠᠮᠤᠭ ᠤᠨ ᠰᠢᠯᠢᠳᠡᠭ ᠢ ᠨᠢ | ᠰᠣᠩᠭᠤᠬᠤ ᠨᠢ ᠶᠠᠷᠢᠶᠠᠨ ᠥᠬᠡᠶ᠃ ᠡᠨᠡ ᠦᠶ᠎ᠠ ᠳᠤ᠂ ᠲᠤᠰᠬᠠᠶ ᠮᠡᠷᠭᠡᠵᠢᠯ ᠤᠨ ᠬᠢᠷᠢ ᠲᠦᠪᠰᠢᠨ ᠥᠨᠳᠥᠷ ᠪᠢᠰᠢ | ᠪᠤᠯ ᠠᠩᠬᠠᠨ ᠤ ᠪᠦᠯᠦᠭ ᠲᠤ ᠰᠢᠭᠰᠢᠭᠳᠡᠬᠦ ᠪᠣᠯᠤᠨ᠎ᠠ᠂ ᠳᠠᠬᠢᠭᠠᠳ ᠬᠡᠯᠡᠪᠡᠯ᠂ ᠬᠥᠮᠦᠨ ᠪᠣᠯ ᠨᠡᠶᠢᠭᠡᠮᠴᠢ ᠴᠢᠨᠠᠷ ᠲᠠᠢ | ᠲᠤᠯᠠ ᠶᠣᠰᠣ ᠰᠤᠷᠳᠠᠬᠤᠨ ᠤ ᠬᠢᠷᠢ ᠲᠦᠪᠰᠢᠨ ᠬᠠᠷᠢᠴᠠᠩᠭᠤᠢ ᠠᠨᠠᠢ ᠪᠠᠶᠢᠪᠠᠯ ᠯᠠᠪᠲᠠᠶ ᠪᠦᠯᠬᠦᠮ ᠨᠡᠶᠢᠲᠡ ᠶᠢᠨ | ᠬᠠᠮᠲᠤᠷᠠᠯᠴᠠᠭ᠎ᠠ ᠳᠤ ᠬᠢ ᠬᠠᠷᠢᠴᠠᠭ᠎ᠠ ᠶᠢ ᠰᠠᠶᠢᠲᠤᠷ ᠰᠢᠢᠳᠪᠤᠷᠢᠯᠡᠵᠤ ᠴᠢᠳᠠᠬᠤ ᠦᠭᠡᠢ ᠲᠤᠯᠠ ᠳᠠᠬᠢᠨ | ᠰᠢᠭᠰᠢᠭᠳᠡᠭᠦᠯᠬᠦ ᠪᠣᠯᠤᠨ᠎ᠠ᠃ ᠬᠠᠮᠤᠭ ᠤᠨ ᠡᠴᠦᠰ ᠲᠤ᠂ ᠡᠯᠰᠡᠵᠤ ᠬᠡᠷᠡᠭᠯᠡᠬᠦ ᠠᠵᠢᠯ ᠤᠨ ᠪᠠᠶᠢᠷᠢ ᠨᠢ ᠬᠢᠵᠠᠭᠠᠷ ᠲᠠᠢ | ᠪᠠᠶᠢᠬᠤ ᠤᠷᠢᠲᠠᠯ ᠳᠣᠤᠷ᠎ᠠ ᠯᠠᠪᠲᠠᠶ ᠰᠢᠯᠢᠳᠡᠭ ᠤᠨ ᠰᠣᠩᠭᠤᠯᠲᠠ ᠬᠢᠬᠦ ᠶᠤᠮ᠂ ᠡᠶᠢᠮᠦ ᠠᠴᠠ ᠶᠡᠷᠦᠩᠬᠡᠶᠢᠯᠡᠭᠰᠡᠨ ᠬᠡᠪ | ᠴᠢᠨᠠᠷ ᠥᠨᠳᠥᠷ ᠣᠶᠤᠲᠠᠳ ᠵᠣᠬᠢᠬᠤ ᠬᠡᠮᠵᠢᠶᠡᠨ ᠤ ᠪᠡᠶᠡᠴᠢ ᠲᠠᠯ᠎ᠠ ᠶᠢᠨ ᠳᠠᠪᠠᠭᠤᠯᠢᠭ ᠲᠠᠢ ᠪᠠᠶᠢᠳᠠᠭ᠃ | ᠶᠡᠷᠦᠩᠬᠡᠶᠢᠯᠡᠭᠰᠡᠨ ᠬᠡᠪ ᠴᠢᠨᠠᠷ ᠭᠡᠳᠡᠭ ᠲᠤ ᠰᠡᠳᠬᠢᠬᠦᠢ ᠶᠢᠨ ᠡᠷᠡᠬᠦᠯ ᠮᠡᠨᠳᠤ ᠶᠢᠨ ᠬᠡᠪ ᠴᠢᠨᠠᠷ ᠢ ᠪᠠᠭᠳᠠᠭᠠᠬᠤ | ᠶᠤᠮ᠃ ᠠᠵᠢᠯ ᠣᠯᠭᠤᠯᠲᠠ ᠶᠢᠨ ᠶᠡᠭᠡ ᠵᠢᠭᠰᠠᠭᠠᠯ ᠤᠨ ᠦᠢᠮᠡᠭᠡᠨ ᠲᠡᠪᠵᠢᠶᠡᠨ ᠳᠤ᠂ ᠮᠠᠰᠢ ᠣᠯᠠᠨ ᠶᠡᠭᠡ ᠲᠡᠭᠡᠳᠤ | ᠰᠤᠷᠭᠠᠭᠤᠯᠢ ᠶᠢᠨ ᠤᠶᠤᠳᠠᠳ ᠠᠵᠢᠯ ᠣᠯᠭᠤᠯᠲᠠ ᠶᠢᠨ ᠳᠠᠷᠤᠯᠲᠠ ᠶᠢ ᠳᠠᠭᠠᠭᠠᠵᠤ ᠴᠢᠳᠠᠬᠤ ᠦᠭᠡᠢ ᠪᠠᠶᠢᠵᠤ᠂ | ᠪᠡᠶ᠎ᠡ ᠪᠠᠨ ᠭᠤᠯᠣᠬᠤ᠂ ᠲᠤᠯᠤᠭᠠᠢ ᠪᠦᠬᠦ᠋ᠢᠬᠦ᠂ ᠴᠠᠭᠠᠰᠢᠯᠠᠪᠠᠯ ᠠᠮᠢ ᠨᠠᠰᠤ ᠪᠠᠨ ᠡᠴᠦᠰᠯᠡᠭᠦᠯᠬᠦ ᠵᠡᠷᠭᠡ ᠭᠤᠨᠢᠭᠲᠤ | ᠵᠠᠮ ᠢᠶᠠᠷ ᠶᠠᠪᠤᠳᠠᠭ ᠴᠦ ᠪᠤᠢ᠃ ᠨᠢᠭᠡᠨ ᠵᠢᠩᠬᠢᠨᠢ ᠰᠢᠯᠢᠳᠡᠭ ᠣᠶᠤᠲᠠᠨ ᠪᠣᠯ ᠨᠡᠯᠢᠶᠡᠳ ᠥᠨᠳᠥᠷ ᠶᠡᠷᠦᠩᠬᠡᠶᠢᠯᠡᠭᠰᠡᠨ | ᠬᠡᠪ ᠴᠢᠨᠠᠷ ᠢ ᠪᠦᠷᠢᠯᠳᠤᠭᠦᠯᠦᠨ᠂ ᠬᠦᠴᠢᠷ ᠪᠡᠷᠬᠡᠰᠢᠶᠡᠯ ᠥᠷᠢᠰᠥᠯᠳᠦᠭᠡᠨ ᠢ ᠤᠭᠳᠤᠵᠤ ᠢᠯᠡᠪᠠᠯ ᠵᠤᠬᠢᠨ᠎ᠠ᠂ ᠬᠠᠷᠢᠨ | ᠨᠤᠭᠤᠷᠠᠯ ᠪᠦᠳᠦᠷᠢᠯ ᠤᠨ ᠡᠮᠦᠨ᠎ᠡ ᠨᠤᠭᠤᠷᠠᠨ ᠲᠤᠷᠦ᠋ᠢᠳᠠᠬᠤ ᠪᠢᠰᠢ ᠶᠤᠮ᠃ ᠡᠶᠢᠮᠦ ᠠᠴᠠ ᠠᠵᠢᠯ ᠣᠯᠭᠤᠯᠲᠠ ᠶᠢᠨ | ᠬᠦᠨᠳᠦ ᠬᠡᠴᠡᠭᠦᠤ ᠪᠠᠶᠢᠳᠠᠯ ᠤᠨ ᠳᠣᠤᠷ᠎ᠠ᠂ ᠰᠡᠳᠬᠢᠴᠡ ᠶᠢᠨ ᠬᠡᠪ ᠴᠢᠨᠠᠷ ᠢ ᠳᠡᠭᠡᠭᠰᠢᠯᠡᠭᠦᠯᠬᠦ ᠨᠢ ᠪᠠᠰᠠ ᠴᠤ ᠴᠢᠬᠤᠯᠠ | ᠨᠢᠭᠡ ᠲᠠᠯ᠎ᠠ ᠪᠣᠯᠤᠨ᠎ᠠ᠃ | ᠡᠭᠦᠨ ᠠᠴᠠ ᠭᠠᠳᠠᠨ᠎ᠠ᠂ ᠮᠠᠰᠢ ᠣᠯᠠᠨ ᠣᠶᠤᠲᠠᠳ ᠢᠷᠡᠭᠡᠳᠦᠶ ᠶᠢᠨ ᠠᠵᠢᠯ ᠮᠡᠷᠭᠡᠵᠢᠯ ᠵᠢᠴᠢ ᠴᠠᠯᠢᠩ | ᠤᠯᠭᠤᠮᠵᠢ ᠳᠤ ᠨᠡᠯᠢᠶᠡᠳ ᠥᠨᠳᠥᠷ ᠣᠷᠣᠨ ᠲᠤᠭᠳᠠᠭᠠᠯ ᠬᠢᠵᠤ᠂ ᠮᠥᠩᠭᠦᠨ ᠭᠦᠢᠯᠭᠡᠭᠡᠨ ᠤ ᠬᠢᠮᠤᠷᠠᠯ᠂ ᠠᠵᠢᠯ ᠤᠨ | ᠪᠠᠶᠢᠷᠢ ᠶᠢᠨ ᠴᠥᠭᠡᠨ ᠪᠠᠶᠢᠬᠤ ᠵᠡᠷᠭᠡ ᠤᠯᠠᠨ ᠲᠠᠯ᠎ᠠ ᠶᠢᠨ ᠨᠦᠬᠦᠴᠡᠯ ᠪᠠᠶᠢᠳᠠᠯ ᠠᠴᠠ ᠪᠤᠯᠵᠤ᠂ ᠤᠷᠢᠵᠤ ᠬᠡᠷᠡᠭᠯᠡᠬᠦ | ᠲᠠᠯ᠎ᠠ ᠶᠢᠨ ᠬᠠᠩᠭᠠᠭᠰᠠᠨ ᠠᠵᠢᠯ ᠤᠨ ᠪᠠᠶᠢᠷᠢ ᠵᠢᠴᠢ ᠴᠠᠯᠢᠩ ᠤᠯᠭᠤᠮᠵᠢ ᠨᠢ ᠤᠶᠤᠲᠠᠳ ᠤᠨ ᠬᠦᠰᠡᠯ ᠡᠷᠡᠮᠡᠯᠵᠡᠯ ᠳᠤ | ᠬᠤᠯᠠ ᠬᠦᠷᠬᠦ ᠦᠭᠡᠢ ᠪᠠᠶᠢᠳᠠᠯ ᠢᠯᠡᠷᠡᠳᠡᠭ᠃ ᠡᠨᠡ ᠦᠶᠠᠰ᠂ ᠣᠶᠤᠲᠠᠳ ᠠᠵᠢᠯ ᠣᠯᠭᠤᠯᠲᠠ ᠶᠢᠨ ᠲᠤᠬᠠᠢ | ᠱᠠᠭᠠᠷᠳᠠᠯᠭ᠎ᠠ ᠶᠢ ᠵᠤᠬᠢᠬᠤ ᠬᠡᠮᠵᠢᠶ᠎ᠡ ᠪᠠᠷ ᠲᠤᠷᠤᠭᠰᠢᠯᠠᠭᠤᠯᠤᠨ᠂ ᠤᠷᠢᠳ ᠢᠶᠠᠷ ᠠᠵᠢᠯ ᠣᠯᠵᠤ ᠳᠠᠷᠠᠭ᠎ᠠ ᠨᠢ ᠠᠵᠢᠯ ᠢ | ᠰᠤᠩᠭᠤᠨ᠂ ᠠᠵᠢᠯ ᠣᠯᠤᠭᠰᠠᠨ ᠤ ᠳᠠᠷᠠᠭ᠎ᠠ ᠲᠤᠷᠰᠢᠯᠭ᠎ᠠ ᠬᠤᠷᠠᠮᠳᠤᠭᠤᠯᠵᠤ᠂ ᠳᠠᠬᠢᠨ ᠠᠯᠬᠤᠮ ᠠᠯᠬᠤᠮ ᠢᠶᠠᠷ | ᠬᠦᠰᠡᠨ ᠡᠷᠡᠮᠡᠯᠵᠡᠭᠰᠡᠨ ᠠᠵᠢᠯ ᠦᠢᠯᠡᠰ ᠤᠨ ᠵᠦᠭ ᠴᠢᠷᠮᠠᠶᠢᠨ ᠲᠡᠮᠡᠤᠯᠡᠪᠡᠯ ᠵᠤᠬᠢᠨ᠎ᠠ᠃ ᠤᠶᠤᠳᠠᠳ ᠥᠪᠡᠷ ᠢ ᠪᠠᠨ | ᠲᠡᠭᠦᠯᠳᠡᠷᠵᠢᠭᠦᠯᠬᠦ ᠠᠴᠠ ᠭᠠᠳᠠᠨ᠎ᠠ᠂ ᠲᠤᠤᠷᠠᠬᠢ ᠮᠡᠳᠤ ᠵᠠᠮ ᠢ ᠴᠦ ᠰᠣᠩᠭᠤᠵᠤ ᠪᠤᠯᠬᠤ ᠶᠤᠮ᠃ | 1. ᠰᠤᠳᠤᠯᠬᠤ ᠰᠤᠷᠤᠭᠴᠢ ᠰᠢᠯᠭᠠᠭᠤᠯᠵᠤ᠂ ᠠᠵᠢᠯ ᠣᠯᠭᠤᠯᠲᠠ ᠶᠢᠨ ᠶᠡᠭᠡ ᠵᠢᠭᠰᠠᠭᠠᠯ ᠠᠴᠠ ᠲᠦᠷ ᠴᠠᠭ | ᠵᠠᠶᠢᠯᠠᠰᠬᠢᠨ᠂ ᠨᠠᠩ ᠥᠨᠳᠥᠷ ᠬᠢᠷᠢ ᠲᠦᠪᠰᠢᠨ ᠪᠦᠬᠦᠢ ᠮᠡᠳᠡᠯᠭᠡ ᠮᠡᠷᠭᠡᠰᠢᠯ ᠢ ᠭᠦᠨᠵᠡᠭᠡᠶᠢᠷᠡᠨ ᠰᠤᠷᠤᠯᠴᠠᠵᠤ᠂ | ᠥᠪᠡᠷ ᠤᠨ ᠥᠷᠢᠰᠦᠯᠳᠦᠬᠦ ᠬᠦᠴᠦᠨ ᠢᠶᠠᠨ ᠲᠡᠭᠡᠭᠰᠢᠯᠡᠭᠦᠯᠦᠨ᠎ᠡ᠃ | 2. ᠠᠯᠪᠠᠲᠠᠨ ᠤ ᠰᠢᠯᠭᠠᠯᠳᠠ ᠳᠤ ᠤᠷᠤᠯᠴᠠᠨ᠂ ᠤᠯᠤᠰ ᠠᠴᠠ ᠬᠠᠩᠭᠠᠭᠰᠠᠨ ᠲᠤᠰᠢᠶᠠᠯ ᠤᠨ ᠪᠠᠶᠢᠷᠢ ᠳᠤ | ᠰᠢᠯᠭᠠᠭᠤᠯᠤᠨ᠎ᠠ᠃ | 3. ᠪᠡᠶ᠎ᠡ ᠪᠠᠨ ᠳᠠᠭᠠᠭᠠᠵᠤ ᠦᠢᠯᠡᠰ ᠪᠤᠰᠬᠠᠨ᠎ᠠ᠃ ᠰᠢᠨ᠎ᠡ ᠶᠢ ᠡᠭᠦᠳᠤᠨ ᠦᠢᠯᠡᠰ ᠪᠤᠰᠬᠠᠬᠤ ᠲᠠᠯ᠎ᠠ ᠪᠠᠷ᠂ | ᠡᠯ᠎ᠡ ᠭᠠᠵᠠᠷ ᠤᠨ ᠬᠢᠨ ᠠᠳᠠᠯᠢ ᠪᠤᠰᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠲᠠᠢ ᠪᠠᠶᠢᠵᠤ᠂ ᠥᠪᠡᠷ ᠤᠨ | ᠪᠡᠶ᠎ᠡ ᠳᠤ ᠪᠠᠨ ᠠᠵᠢᠯ ᠤᠯᠭᠤᠵᠤ ᠠᠵᠢᠯ ᠤᠨ ᠪᠠᠶᠢᠷᠢ ᠬᠠᠩᠭᠠᠬᠤ ᠨᠢ ᠪᠠᠰᠠ ᠴᠤ ᠨᠢᠭᠡᠨ ᠰᠤᠩᠭᠤᠭᠤᠰᠢᠲᠠᠢ ᠵᠠᠮ | ᠪᠣᠯᠬᠤ ᠶᠤᠮ᠃ | ᠭᠤᠷᠪᠠ᠂ ᠤᠶᠤᠳᠠᠳ ᠠᠵᠢᠯ ᠮᠡᠷᠭᠡᠵᠢᠯ ᠤᠨ ᠲᠦᠯᠦᠪᠵᠢᠭᠦᠯᠭᠡ ᠬᠢᠵᠤ ᠴᠢᠳᠠᠬᠤ ᠬᠡᠷᠡᠭᠲᠠᠢ | ︵ᠨᠢᠭᠡ︶ ᠥᠪᠡᠷ ᠢ ᠪᠠᠨ ᠵᠦᠪ ᠦᠨᠡᠯᠡᠵᠦ᠂ ᠠᠵᠢᠯ ᠮᠡᠷᠭᠡᠵᠢᠯ ᠤᠨ ᠲᠥᠯᠥᠪᠵᠢᠭᠦᠯᠭᠡ ᠶᠢ ᠰᠠᠶᠢᠲᠤᠷ ᠬᠢᠬᠦ | ᠬᠡᠷᠡᠭᠲᠡᠶ᠃ | ᠠᠵᠢᠯ ᠰᠣᠩᠭᠤᠬᠤ ᠨᠢ ᠤᠶᠤᠳᠠᠳ ᠲᠤ ᠠᠪᠴᠤ ᠬᠡᠯᠡᠪᠡᠯ᠂ ᠠᠮᠢᠳᠤᠷᠠᠬᠤᠢ ᠶᠢᠨ ᠨᠢᠭᠡᠨ ᠲᠣᠮᠣ ᠶᠠᠪᠤᠳᠠᠯ | ᠪᠣᠯᠤᠨ᠎ᠠ᠃ ᠠᠵᠢᠯ ᠢᠶᠠᠨ ᠵᠥᠪ ᠰᠣᠩᠭᠤᠶ᠎ᠠ ᠭᠡᠪᠡᠯ ᠡᠩ ᠲᠡᠷᠢᠭᠦᠨ ᠳᠤ ᠥᠪᠡᠷ ᠢ ᠪᠠᠨ ᠵᠥᠪ ᠣᠶᠢᠯᠠᠭᠠᠬᠤ ᠬᠡᠷᠡᠭᠲᠡᠶ᠄ | ᠨᠢᠭᠡ ᠲᠠᠯ᠎ᠠ ᠪᠠᠷ ᠵᠠᠩ ᠴᠢᠨᠠᠷ ᠵᠡᠷᠭᠡ ᠣᠨᠴᠠᠯᠢᠭ ᠢᠶᠠᠨ ᠲᠣᠳᠣᠷᠬᠠᠶ ᠮᠡᠳᠡᠵᠦ᠂ ᠨᠥᠭᠦᠭᠡ ᠲᠠᠯ᠎ᠠ ᠪᠠᠷ ᠬᠢᠬᠦ ᠭᠡᠵᠦ | ᠪᠠᠶᠢᠭ᠎ᠠ ᠠᠵᠢᠯ ᠲᠥᠷᠥᠯ ᠤᠨ ᠢᠶᠠᠨ ᠱᠠᠭᠠᠷᠳᠠᠯᠭ᠎ᠠ ᠶᠢ ᠲᠣᠳᠣᠷᠬᠠᠶ ᠮᠡᠳᠡᠵᠦ᠂ ᠲᠤᠰ ᠠᠵᠢᠯ ᠳᠤ ᠲᠣᠬᠢᠷᠠᠬᠤ | ᠡᠰᠡᠬᠦ ᠪᠠᠨ ᠵᠠᠳᠠᠯᠤᠨ ᠰᠢᠨᠵᠢᠯᠡᠬᠦ ᠬᠡᠷᠡᠭᠲᠡᠶ᠃ ᠬᠦᠮᠦᠰ ᠥᠪᠡᠷ ᠤᠨ ᠰᠠᠨᠠᠭᠠᠨ ᠳᠤ ᠦᠯᠦ ᠨᠡᠶᠢᠴᠡᠬᠦ᠂ ᠥᠪᠡᠷ ᠤᠨ | ᠪᠡᠶ᠎ᠡ ᠳᠤ ᠦᠯᠦ ᠲᠣᠬᠢᠷᠠᠬᠤ ᠠᠵᠢᠯ ᠢ ᠬᠢᠬᠦ ᠳᠤᠷ᠎ᠠ ᠦᠭᠡᠢ᠂ ᠡᠶᠢᠮᠦ ᠠᠴᠠ ᠰᠣᠩᠭᠤᠬᠤ ᠪᠣᠯᠤᠮᠵᠢ ᠲᠠᠢ ᠣᠢᠶ᠎ᠠ ᠳᠤ᠂ | ᠵᠠᠪᠠᠯ ᠠᠵᠢᠯ ᠮᠡᠷᠭᠡᠵᠢᠯ ᠤᠨ ᠲᠥᠯᠥᠪᠵᠢᠭᠦᠯᠭᠡ ᠶᠢ ᠰᠠᠶᠢᠲᠤᠷ ᠬᠢᠵᠦ᠂ ᠲᠥᠯᠥᠪᠵᠢᠭᠦᠯᠭᠡ ᠶᠢᠨ ᠢᠶᠠᠨ ᠴᠢᠭᠯᠡᠯ ᠵᠦᠭ | ᠴᠢᠷᠮᠠᠶᠢᠬᠤ ᠬᠡᠷᠡᠭᠲᠡᠶ᠃ ᠳᠠᠷᠠᠭ᠎ᠠ ᠳᠤᠨᠢ᠂ ᠶᠡᠭᠡ ᠰᠤᠷᠭᠠᠭᠤᠯᠢ ᠶᠢᠨ ᠬᠤᠭᠤᠴᠠᠭᠠᠨ ᠳᠤ ᠬᠢ ᠶᠡᠷᠦᠩᠬᠡᠶ ᠢᠯᠡᠷᠡᠯ ᠪᠠ | ᠴᠢᠳᠠᠪᠤᠷᠢ ᠪᠠᠨ ᠦᠨᠳᠦᠰᠦᠯᠡᠨ᠂ ᠠᠵᠢᠯ ᠣᠯᠬᠤ ᠤᠬ ᠰᠠᠨᠠᠭ᠎ᠠ ᠶᠢ ᠲᠤᠬᠢᠷᠠᠮᠵᠢᠲᠠᠢ ᠪᠠᠶᠢᠯᠭᠠᠨ᠎ᠠ᠃ ᠤᠬ ᠰᠠᠨᠠᠭ᠎ᠠ | ᠬᠡᠲᠦ ᠥᠨᠳᠥᠷ ᠪᠣᠯᠪᠠᠯ ᠤᠳᠠᠭ᠎ᠠ ᠳᠠᠷᠠᠭᠠᠯᠠᠨ ᠬᠠᠳᠠᠭᠠᠰᠤ ᠮᠥᠷᠭᠦᠵᠦ᠂ ᠴᠣᠬᠢᠯᠲᠠ ᠣᠯᠵᠤ ᠮᠡᠳᠡᠨ᠎ᠡ᠃ ᠤᠬ | ᠰᠠᠨᠠᠭ᠎ᠠ ᠬᠡᠲᠦᠷᠬᠡᠢ ᠳᠣᠣᠷ᠎ᠠ ᠪᠣᠯ᠂ ᠤᠬᠤᠷᠢᠵᠤ ᠲᠠᠳᠠᠭᠠᠯᠵᠠᠨ᠂ ᠵᠤᠷᠢᠭ ᠮᠤᠬᠤᠵᠤ᠂ ᠠᠵᠠ ᠵᠠᠪᠰᠢᠶᠠᠨ ᠢ ᠠᠯᠳᠠᠵᠤ | ᠮᠡᠳᠡᠨ᠎ᠡ᠃ ᠡᠳᠡᠭᠡᠷ ᠨᠢ ᠠᠵᠢᠯ ᠰᠣᠩᠭᠤᠬᠤ ᠳᠤ ᠠᠪᠴᠤ ᠬᠡᠯᠡᠪᠡᠯ ᠴᠥᠮ ᠠᠰᠢᠭ ᠦᠭᠡᠢ ᠶᠤᠮ᠃ ᠭᠤᠷᠪᠠᠳᠤᠭᠠᠷᠲ᠋ᠤ᠂ | ᠥᠪᠡᠷ ᠤᠨ ᠠᠵᠢᠯ ᠰᠣᠩᠭᠤᠬᠤ ᠪᠠᠷᠢᠮᠵᠢᠶ᠎ᠠ ᠶᠢ ᠤᠶᠢᠯᠠᠭᠠᠨ᠎ᠠ᠃ ᠠᠵᠢᠯᠯᠠᠬᠤ ᠭᠠᠵᠠᠷ ᠨᠢ ᠴᠢᠬᠤᠯᠠ ᠶᠤᠮ ᠤᠤ᠂ | ᠬᠤᠪᠢ ᠬᠥᠮᠦᠨ ᠤ ᠬᠥᠭᠵᠢᠯᠲᠡ᠂ ᠡᠰᠡᠬᠦᠯ᠎ᠡ ᠴᠠᠯᠢᠩ ᠤᠯᠭᠤᠮᠵᠢ ᠨᠡᠩ ᠴᠢᠬᠤᠯᠠ ᠶᠤᠮ ᠤᠤ ᠭᠡᠬᠦ ᠲᠠᠯ᠎ᠠ ᠪᠠᠷ | ᠯᠠᠪᠳᠠᠭᠤᠨ ᠲᠤᠳᠤᠷᠬᠠᠢ ᠦᠵᠡᠯᠳᠡ ᠲᠠᠨᠢᠯᠳᠠ ᠲᠠᠢ ᠪᠠᠶᠢᠪᠠᠯ ᠵᠤᠬᠢᠨ᠎ᠠ᠃ | ︵ᠬᠤᠶᠠᠷ︶ ᠢᠳᠡᠭᠡᠯ ᠵᠤᠷᠢᠭ ᠪᠠ ᠬᠦᠴᠢᠷ ᠠᠮᠰᠠᠬᠤ ᠦᠵᠡᠯ ᠰᠠᠨᠠᠭᠠᠨ ᠤ ᠪᠡᠯᠡᠳᠬᠡᠯ ᠪᠠᠶᠢᠬᠤ ᠬᠡᠷᠡᠭᠲᠡᠶ᠃ | ︽ᠰᠠᠯᠬᠢ ᠪᠣᠷᠣᠭᠠᠨ ᠢ ᠥᠩᠭᠡᠷᠡᠭᠦᠯᠬᠦ ᠦᠭᠡᠢ ᠪᠠᠷ ᠦᠩᠭᠡᠲᠤ ᠰᠣᠯᠣᠩᠭ᠎ᠠ ᠶᠢ ᠬᠡᠷᠬᠢᠨ ᠣᠯᠵᠤ ᠦᠵᠡᠬᠦ ᠪᠤᠢ︾ | ᠭᠡᠳᠡᠭ ᠢᠶᠠᠷ ᠶᠠᠮᠠᠷ ᠠᠵᠢᠯ ᠢ ᠬᠢᠭᠰᠡᠨ ᠴᠦ ᠪᠦᠷ ᠬᠠᠮᠤᠭ ᠤᠨ ᠬᠦᠴᠢᠷ ᠬᠠᠮᠤᠭ ᠤᠨ ᠦᠨᠳᠤᠰᠤ ᠠᠴᠠ ᠨᠢ ᠭᠠᠷᠳᠠᠨ | ᠪᠡᠶᠡᠯᠡᠭᠦᠯᠵᠤ᠂ ᠰᠠᠭᠤᠷᠢ ᠶᠢ ᠪᠠᠳᠤᠳᠬᠠᠨ ᠲᠤᠷᠰᠢᠯᠭ᠎ᠠ ᠬᠤᠷᠠᠮᠳᠤᠭᠤᠯᠵᠤ᠂ ᠲᠤᠰ ᠠᠵᠢᠯ ᠢ ᠰᠠᠶᠢᠨ ᠬᠢᠵᠦ ᠲᠡᠶᠢᠯᠭᠦ | ᠬᠢᠷᠢ ᠭᠡᠮ ᠲᠠᠢ ᠪᠤᠯᠪᠠᠯ ᠵᠤᠬᠢᠨ᠎ᠠ᠃ ᠠᠵᠢᠯ ᠡᠷᠢᠬᠦ ᠶᠠᠪᠤᠴᠠ ᠳᠤ ᠢᠲᠡᠭᠡᠯ ᠵᠣᠷᠢᠭ ᠲᠤᠩ ᠴᠢᠬᠤᠯᠠ᠂ ᠵᠥᠪᠬᠡᠨ | ᠥᠪᠡᠷ ᠤᠨ ᠳᠤᠲᠠᠭᠳᠠᠯ ᠢᠶᠠᠨ ᠬᠠᠷᠠᠭᠠᠳ᠂ ᠳᠠᠪᠠᠭᠤᠯᠢᠭ ᠲᠠᠯ᠎ᠠ ᠪᠠᠨ ᠳᠠᠷᠤᠵᠤ ᠪᠣᠯᠬᠤ ᠦᠭᠡᠢ᠃ ᠠᠵᠢᠯ ᠡᠷᠢᠬᠦ | ᠶᠠᠪᠤᠴᠠ ᠳᠤ᠂ ᠠᠯᠬᠤᠮ ᠨᠢᠭᠡᠪᠦᠷᠢ ᠶᠢ ᠨᠠᠷᠢᠯᠢᠬ ᠲᠦᠰᠦᠪᠯᠡᠵᠤ᠂ ᠠᠵᠢᠭᠯᠠᠵᠤ ᠰᠠᠭᠤᠭᠠᠳ ᠭᠠᠷ ᠬᠥᠳᠡᠯᠬᠦ ᠦᠭᠡᠢ | ᠪᠠᠶᠢᠵᠤ ᠪᠣᠯᠬᠤ ᠦᠭᠡᠢ᠂ ᠡᠷᠬᠡᠪᠰᠢ ᠦᠢᠯᠡᠳᠤᠯᠭᠡ ᠳᠤ ᠤᠷᠤᠯᠴᠠᠪᠠᠯ ᠰᠠᠶ᠋ᠢ ᠬᠦᠴᠢᠷ ᠪᠡᠷᠬᠡᠰᠢᠶᠡᠯ ᠲᠠᠢ ᠦᠶᠡᠰ | ᠲᠠᠯᠪᠢᠭᠤᠨ ᠪᠠᠶᠢᠵᠤ᠂ ᠠᠮᠵᠢᠯᠲᠠ ᠣᠯᠵᠤ ᠴᠢᠳᠠᠨ᠎ᠠ᠃ ᠠᠵᠢᠯ ᠰᠣᠩᠭᠤᠨ ᠠᠮᠵᠢᠯᠲᠠ ᠣᠯᠬᠤ ᠶᠢᠨ ᠵᠠᠩᠭᠢᠯᠠᠭ᠎ᠠ ᠨᠢ | ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠠᠮᠢᠳᠤᠯᠢᠭ ᠰᠣᠩᠭᠤᠬᠤ ᠳᠤ ᠤᠷᠤᠰᠢᠨ᠎ᠠ᠃ ᠶᠠᠭᠠᠬᠢᠭᠰᠠᠨ | ᠴᠤ ᠣᠮᠣᠷᠬᠠᠭᠯᠠᠨ ᠪᠠᠷᠳᠠᠮᠨᠠᠵᠤ ᠪᠣᠯᠬᠤ ᠦᠭᠡᠢ᠃ ᠤᠴᠢᠷ ᠨᠢ ᠥᠪᠡᠷ ᠤᠨ ᠪᠡᠶ᠎ᠡ᠂ ᠭᠡᠷ ᠪᠦᠯᠢ᠂ ᠨᠡᠶᠢᠭᠡᠮ ᠤᠨ ᠠᠯᠢ | ᠲᠠᠯ᠎ᠠ ᠪᠠᠷ ᠪᠤᠳᠤᠯᠬᠢᠯᠠᠭᠰᠠᠨ ᠴᠦ ᠡᠷᠲᠡᠬᠡᠨ ᠠᠵᠢᠯ ᠣᠯᠬᠤ ᠨᠢ ᠴᠢᠬᠤᠯᠠ ᠪᠠᠶᠢᠳᠠᠬ᠃ ᠦᠨᠡᠨ ᠳᠤ ᠪᠠᠨ᠂ ᠲᠤᠰᠬᠠᠢ | ᠮᠡᠷᠭᠡᠵᠢᠯ ᠢᠶᠠᠨ ᠠᠮᠵᠢᠯᠳᠠ ᠲᠠᠢ ᠰᠤᠷᠤᠯᠴᠠᠵᠤ ᠲᠡᠭᠦᠰᠬᠡᠭᠰᠡᠨ ᠤᠶᠤᠳᠠᠨ ᠪᠦᠬᠦᠨ ᠳᠤ ᠰᠠᠶᠢᠨ ᠰᠠᠶᠢᠬᠠᠨ ᠠᠵᠢᠯ | ᠤᠯᠬᠤ ᠠᠵᠠ ᠲᠤᠬᠢᠶᠠᠯ ᠮᠠᠰᠢ ᠤᠯᠠᠨ ᠪᠠᠶᠢᠳᠠᠭ᠃ ᠡᠶᠢᠮᠤ ᠠᠴᠠ ᠤᠶᠤᠳᠠᠳ ᠨᠢᠳᠦᠨ ᠡᠮᠦᠨᠡᠬᠢ ᠠᠵᠢᠯ | ᠰᠤᠷᠤᠯᠴᠠᠯᠭ᠎ᠠ ᠡᠭᠦᠷᠭᠡ ᠬᠠᠷᠢᠭᠤᠴᠠᠯᠭ᠎ᠠ ᠪᠦᠬᠦᠨ ᠢᠶᠠᠨ ᠰᠠᠶᠢᠲᠤᠷ ᠭᠦᠢᠴᠡᠳᠬᠡᠵᠤ᠂ ᠬᠤᠶᠢᠰᠢᠳᠠ ᠶᠢᠨ ᠠᠵᠢᠯ | ᠤᠯᠬᠤ ᠳᠤ ᠪᠠᠨ ᠰᠠᠭᠤᠷᠢ ᠲᠠᠯᠪᠢᠪᠠᠯ ᠵᠤᠬᠢᠨ᠎ᠠ᠃ | | ᠬᠠᠶ᠋ᠢᠭ᠄ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠤ | ᠰᠤᠷᠭᠠᠭᠤᠯᠢ ᠶᠢᠨ ᠮᠤᠩᠭᠤᠯ ᠲᠡᠦᠭᠡ ᠶᠢᠨ ᠤᠬᠠᠭᠠᠨ ᠤ ᠰᠠᠯᠪᠤᠷᠢ | ︵ᠪᠠᠭᠠᠨ᠎ᠠ ᠨᠠᠶᠢᠷᠠᠭᠤᠯᠪᠠ︶ | 2019 ᠣᠨ ᠤ 12 ᠳ᠋ᠤᠭᠠᠷ ᠬᠤᠭᠤᠴᠠᠭ᠎ᠠ | | |