| | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ᠂ ᠰᠤᠷᠭᠠᠨ | ᠬᠥᠮᠦᠵᠢᠯ ᠤᠨ ᠶᠠᠮᠤᠨ ᠠᠴᠠ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ | ᠵᠢᠱᠢᠭᠰᠡᠨ ᠦᠷ᠎ᠡ ᠳ᠋ᠦᠩ ᠤᠨ ᠲᠤᠬᠠᠢ ᠪᠢᠴᠢᠭ ᠮᠠᠲ᠋ᠧᠷᠢᠶᠠᠯ ᠪᠠᠭᠤᠯᠭᠠᠵᠤ᠂ ᠰᠤᠷᠭᠠᠨ ᠬᠥᠮᠦᠵᠢᠯ ᠤᠨ ᠶᠠᠮᠤᠨ ᠤ | ᠡᠷᠳᠡᠮ ᠤᠨ ᠴᠣᠯᠠ ᠶᠢᠨ ᠬᠠᠮᠢᠶᠠᠷᠤᠯᠲᠠ ᠬᠢᠭᠡᠳ ᠠᠰᠫᠢᠷᠠᠨᠲ ᠤᠨ ᠰᠤᠷᠭᠠᠨ ᠬᠥᠮᠦᠵᠢᠯ ᠤᠨ ᠵᠤᠷᠭᠠᠨ ︵ᠲᠥᠷᠥ ᠶᠢᠨ | ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ ᠤᠨ ᠠᠯᠪᠠᠨ ᠬᠡᠷ︶ ᠤᠨ ᠬᠠᠷᠢᠭᠤᠴᠠᠯᠭᠠᠲᠠᠨ ᠠᠴᠠ | ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | 1. ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠬᠦ ᠠᠬᠤᠶ | ᠪᠠᠶᠢᠳᠠᠯ ᠪᠠ ᠵᠣᠷᠢᠯᠭ᠎ᠠ ᠶᠢ ᠲᠣᠪᠴᠢ ᠲᠠᠨᠢᠯᠴᠠᠭᠤᠯᠵᠤ ᠥᠭᠭᠦᠭᠡᠷᠡᠢ᠃ | ᠬᠠᠷᠢᠭᠤᠯᠲᠠ᠄ ᠴᠢᠨᠠᠷ ᠴᠢᠨᠰᠠᠭ᠎ᠠ ᠪᠣᠯ ᠡᠷᠳᠡᠮ ᠤᠨ ᠴᠣᠯᠠ ᠪᠠ ᠠᠰᠫᠢᠷᠠᠨᠲ ᠤᠨ ᠰᠤᠷᠭᠠᠨ ᠬᠥᠮᠦᠵᠢᠯ ᠤᠨ | ᠠᠮᠢᠨ ᠰᠤᠳᠠᠰᠤ ᠮᠥᠨ᠃ ᠡᠷᠳᠡᠮ ᠤᠨ ᠴᠣᠯᠠ ᠣᠯᠭᠤᠬᠤ ᠨᠢᠭᠡᠴᠢ ᠪᠠᠷ ᠰᠠᠭᠤᠷᠢ ᠪᠣᠯᠭᠠᠵᠤ᠂ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠢᠯᠣᠭᠤᠳᠤᠮᠵᠢ ᠪᠣᠯᠭᠠᠵᠤ᠂ ᠡᠷᠳᠡᠮ ᠰᠢᠨᠵᠢᠯᠡᠭᠡᠨ ᠤ ᠵᠣᠬᠢᠶᠠᠨ | ᠪᠠᠶᠢᠭᠤᠯᠤᠯᠲᠠ᠂ ᠠᠵᠢᠯ ᠲᠥᠷᠥᠯ ᠤᠨ ᠰᠠᠯᠠᠭ᠎ᠠ ᠮᠥᠴᠢᠷ ᠪᠣᠯᠤᠨ ᠨᠡᠶᠢᠭᠡᠮ ᠤᠨ ᠪᠠᠶᠢᠭᠤᠯᠤᠮᠵᠢ ᠶᠢᠨ ᠣᠷᠣᠯᠴᠠᠭᠰᠠᠨ | ᠴᠢᠨᠠᠷ ᠴᠢᠨᠰᠠᠭ᠎ᠠ ᠶᠢ ᠪᠠᠲᠤᠯᠠᠬᠤ ᠳᠣᠭᠲᠠᠯᠴᠠᠭᠠᠨ ᠤ ᠪᠣᠷᠣ ᠲᠥᠯᠥᠪ ᠢ ᠪᠠᠶᠢᠭᠤᠯᠵᠤ᠂ ᠡᠷᠳᠡᠮ ᠤᠨ ᠴᠣᠯᠠ ᠪᠣᠯᠤᠨ | ᠠᠰᠫᠢᠷᠠᠨᠲ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠦᠭᠡ᠂ 2014 ᠣᠨ ᠳᠤ | ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ ᠠᠴᠠ | ︽ᠡᠷᠳᠡᠮ ᠤᠨ ᠴᠣᠯᠠ ᠪᠠ ᠠᠰᠫᠢᠷᠠᠨᠲ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠪᠠᠲᠤᠯᠠᠬᠤ ᠪᠠ ᠬᠢᠨᠠᠯᠲᠠ | ᠲᠠᠯᠪᠢᠬᠤ ᠳᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾ ᠪᠠ ︽ᠡᠷᠳᠡᠮ ᠤᠨ ᠴᠣᠯᠠ ᠶᠢᠨ | ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠬᠦ ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ | ᠪᠥᠭᠡᠳ ᠠᠩᠬᠠᠨ ᠤ ᠡᠭᠡᠯᠵᠢ ᠶᠢᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ | ᠦᠨᠡᠯᠡᠨ ᠵᠢᠱᠢᠬᠦ ᠠᠵᠢᠯ ᠢᠶᠠᠨ ᠡᠬᠢᠯᠡᠭᠦᠯᠪᠡ᠃ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ | ᠲᠡᠩᠴᠡᠯᠲᠡ ᠶᠢ ᠦᠨᠡᠯᠡᠨ ᠵᠢᠱᠢᠬᠦ ᠪᠣᠯ ᠡᠷᠳᠡᠮ ᠤᠨ ᠴᠣᠯᠠ ᠪᠣᠯᠤᠨ ᠠᠰᠫᠢᠷᠠᠨᠲ ᠤᠨ ᠰᠤᠷᠭᠠᠨ ᠬᠥᠮᠦᠵᠢᠯ ᠤᠨ ᠴᠢᠨᠠᠷ | ᠴᠢᠨᠰᠠᠭ᠎ᠠ ᠶᠢ ᠪᠠᠲᠤᠯᠠᠬᠤ ᠪᠠ ᠬᠢᠨᠠᠯᠲᠠ ᠲᠠᠯᠪᠢᠬᠤ ᠳᠣᠭᠲᠠᠯᠴᠠᠭᠠᠨ ᠤ ᠴᠢᠬᠤᠯᠠ ᠠᠭᠤᠯᠭ᠎ᠠ᠂ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠴᠢᠨᠠᠷ ᠴᠢᠨᠰᠠᠭᠠᠨ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠴᠢᠬᠤᠯᠠ | ᠠᠷᠭ᠎ᠠ ᠬᠡᠮᠵᠢᠶ᠎ᠡ᠂ ᠣᠲᠣ ᠪᠠᠶᠢᠭ᠎ᠠ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠲᠤ ᠬᠢᠭᠰᠡᠨ ᠪᠥᠬᠦ ᠲᠠᠯ᠎ᠠ ᠶᠢᠨ | ︽ᠪᠡᠶ᠎ᠡ ᠶᠢᠨ ᠪᠠᠶᠢᠴᠠᠭᠠᠯᠲᠠ︾ ᠪᠠᠶᠢᠵᠤ᠂ ᠭᠤᠤᠯ ᠵᠣᠷᠢᠯᠭ᠎ᠠ ᠨᠢ ᠡᠷᠳᠡᠮ ᠤᠨ ᠴᠣᠯᠠ ᠣᠯᠭᠤᠬᠤ ᠨᠢᠭᠡᠴᠢ ᠳᠤ | ᠥᠪᠡᠷ ᠢ ᠪᠠᠨ ᠦᠨᠡᠯᠡᠨ ᠵᠢᠱᠢᠬᠦ ᠲᠦᠷᠢᠮ ᠪᠠᠶᠢᠭᠤᠯᠬᠤ ᠶᠢ ᠳᠥᠯᠭᠢᠨ ᠠᠬᠢᠭᠤᠯᠵᠤ᠂ ᠡᠷᠳᠡᠮ ᠤᠨ ᠴᠣᠯᠠ ᠪᠣᠯᠤᠨ | ᠠᠰᠫᠢᠷᠠᠨᠲ ᠤᠨ ᠰᠤᠷᠭᠠᠨ ᠬᠥᠮᠦᠵᠢᠯ ᠤᠨ ᠦᠨᠳᠦᠰᠦᠨ ᠴᠢᠨᠠᠷ ᠴᠢᠨᠰᠠᠭ᠎ᠠ ᠶᠢ ᠪᠠᠲᠤᠯᠠᠵᠤ᠂ ᠡᠷᠳᠡᠮ ᠤᠨ ᠴᠣᠯᠠ | ᠣᠯᠭᠤᠬᠤ ᠴᠡᠭ ᠤᠨ ᠨᠠᠰᠤᠨ ᠲᠤᠷᠰᠢ ᠲᠤᠰᠢᠶᠠᠯ ᠬᠠᠷᠢᠭᠤᠴᠠᠬᠤ ᠳᠦᠷᠢᠮ ᠢ ᠡᠪᠳᠡᠬᠦ ᠪᠣᠯᠤᠨ᠎ᠠ᠃ | | | 2. ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠬᠦ ᠶᠢ | ᠬᠡᠷᠬᠢᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠪᠣᠶ︖ | ᠬᠠᠷᠢᠭᠤᠯᠲᠠ᠄ ︽ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ | ᠵᠢᠱᠢᠬᠦ ᠠᠷᠭ᠎ᠠ︾ ᠶᠢ ᠦᠨᠳᠦᠰᠦᠯᠡᠪᠡᠯ᠂ ᠬᠢᠷᠢ ᠲᠡᠩᠴᠡᠬᠦ ᠶᠢ ᠦᠨᠡᠯᠡᠨ ᠵᠢᠱᠢᠬᠦ ᠶᠢ 6 ᠵᠢᠯ ᠳᠤ ᠨᠢᠭᠡ ᠤᠳᠠᠭ᠎ᠠ | ᠶᠠᠪᠤᠭᠳᠠᠭᠤᠯᠵᠤ᠂ ᠡᠷᠳᠡᠮ ᠤᠨ ᠴᠣᠯᠠ ᠣᠯᠭᠤᠬᠤ ᠨᠢᠭᠡᠴᠢ ᠠᠴᠠ ᠥᠪᠡᠷ ᠢ ᠪᠠᠨ ᠦᠨᠡᠯᠡᠨ ᠵᠢᠱᠢᠬᠦ ᠪᠠ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠠᠭᠠᠤ ᠳᠤ ᠨᠢ ᠰᠣᠩᠭᠤᠨ ᠦᠨᠡᠯᠡᠬᠦ ᠭᠡᠵᠦ ᠬᠤᠶᠠᠷ | ᠱᠠᠲᠤ ᠬᠤᠪᠢᠶᠠᠨ᠎ᠠ᠃ ᠡᠭᠦᠨ ᠳᠤ ᠭᠤᠣᠯ ᠱᠠᠲᠤ ᠨᠢ ᠥᠪᠡᠷ ᠢ ᠪᠠᠨ ᠦᠨᠡᠯᠡᠨ ᠵᠢᠱᠢᠬᠦ ᠪᠠᠶᠢᠵᠤ᠂ ᠡᠭᠡᠯᠵᠢ ᠪᠣᠯᠭᠠᠨ ᠤ | ᠬᠢᠷᠢ ᠲᠡᠩᠴᠡᠯᠲᠡ ᠶᠢ ᠦᠨᠡᠨᠯᠡᠨ ᠵᠢᠱᠢᠬᠦ ᠲᠦᠷᠦᠭᠦᠤ 5 ᠵᠢᠯ ᠳᠤ ᠴᠣᠯᠠ ᠣᠯᠭᠤᠬᠤ ᠨᠢᠭᠡᠴᠢ ᠨᠢ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ ᠥᠪᠡᠷ ᠢᠶᠠᠨ ᠲᠥᠰᠦᠯ ᠲᠣᠭᠲᠠᠭᠠᠬᠤ ᠶᠢᠨ ᠬᠠᠮᠲᠤ ᠦᠨᠡᠯᠡᠨ ᠵᠢᠱᠢᠬᠦ | ᠠᠵᠢᠯ ᠢᠶᠠᠨ ᠥᠷᠨᠢᠭᠦᠯᠵᠦ᠂ ᠭᠤᠣᠯ ᠨᠢ ᠴᠢᠨᠠᠷ ᠴᠢᠨᠰᠠᠭ᠎ᠠ ᠶᠢ ᠪᠠᠲᠤᠯᠠᠬᠤ ᠳᠣᠭᠲᠠᠯᠴᠠᠭ᠎ᠠ ᠶᠢ ᠪᠠᠶᠢᠭᠤᠯᠬᠤ | ᠶᠠᠪᠤᠴᠠ ᠳᠤ ᠠᠰᠠᠭᠤᠳᠠᠯ ᠢ ᠥᠪᠡᠷ ᠢᠶᠠᠨ ᠪᠠᠶᠢᠴᠠᠭᠠᠨ ᠡᠷᠢᠬᠦ ᠪᠠ ᠣᠨᠣᠰᠢᠯᠠᠬᠤ ᠶᠢ ᠴᠢᠬᠤᠯᠠᠴᠢᠯᠠᠵᠤ᠂ ᠴᠢᠨᠠᠷ | ᠴᠢᠨᠰᠠᠭ᠎ᠠ ᠶᠢ ᠪᠠᠲᠤᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠥᠪᠡᠷ ᠢ ᠪᠠᠨ | ᠬᠢᠵᠠᠭᠠᠷᠯᠠᠵᠤ᠂ ᠥᠪᠡᠷ ᠢ ᠪᠠᠨ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠳᠠᠭᠠᠤ ᠳᠤ ᠨᠢ ᠰᠣᠩᠭᠤᠨ ᠦᠨᠡᠯᠡᠬᠦ ᠪᠣᠯ ᠡᠭᠡᠯᠵᠢ ᠪᠣᠯᠭᠠᠨ ᠤ ᠬᠢᠷᠢ ᠲᠡᠩᠴᠡᠯᠲᠡ ᠶᠢ ᠦᠨᠡᠯᠡᠨ | ᠵᠢᠱᠢᠬᠦ ᠬᠠᠮᠤᠭ ᠤᠨ ᠰᠡᠭᠦᠯᠴᠢ ᠶᠢᠨ ᠨᠢᠭᠡ ᠵᠢᠯ ᠳᠤ ᠶᠠᠪᠤᠭᠳᠠᠵᠤ᠂ ᠳ᠋ᠣᠺᠲ᠋ᠣᠷ ᠴᠤᠯᠠ ᠶᠢ ᠡᠷᠳᠡᠮ ᠤᠨ ᠴᠣᠯᠠ ᠶᠢᠨ | ᠡᠷᠬᠡ ᠣᠯᠭᠤᠬᠤ ᠴᠡᠭ ᠠᠴᠠ ᠰᠣᠩᠭᠤᠨ ᠰᠢᠯᠭᠠᠷᠠᠭᠤᠯᠬᠤ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ | ᠴᠣᠯᠠ ᠶᠢᠨ ᠵᠥᠪᠯᠡᠯ ᠤᠨ ᠠᠯᠪᠠᠨ ᠭᠡᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠷᠦ ᠶᠢᠨ ᠶᠠᠪᠤᠳᠠᠯ ᠤᠨ | ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ ᠤᠨ ᠰᠢᠨᠵᠢᠯᠡᠭᠡᠨ ᠤ ᠰᠠᠯᠠᠭᠠᠨ ᠤ ᠦᠨᠠᠯᠡᠨ ᠵᠥᠪᠯᠡᠬᠦ ᠳᠤᠭᠤᠶᠢᠯᠠᠩ | ᠪᠠ ᠪᠦᠬᠦ ᠤᠯᠤᠰ ᠤᠨ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠠᠰᠫᠢᠷᠠᠨᠲ ᠤᠨ ᠰᠤᠷᠭᠠᠨ ᠬᠥᠮᠦᠵᠢᠯ ᠤᠨ | ᠵᠢᠯᠣᠭᠤᠳᠬᠤ ᠺᠣᠮᠢᠰ ᠲᠤ ᠨᠠᠶᠢᠳᠠᠵᠤ ᠦᠨᠡᠯᠡᠯᠲᠡ ᠬᠢᠯᠭᠡᠨ᠎ᠡ︔ ᠮᠠᠭᠢᠰᠲ᠋ᠧᠷ ᠴᠤᠯᠠ ᠶᠢ ᠡᠷᠳᠡᠮ ᠤᠨ ᠴᠤᠯᠠ ᠶᠢᠨ | ᠡᠷᠬᠡ ᠣᠯᠭᠤᠬᠤ ᠴᠡᠭ ᠠᠴᠠ ᠰᠣᠩᠭᠤᠨ ᠰᠢᠯᠭᠠᠷᠠᠭᠤᠯᠬᠤ ᠠᠵᠢᠯ ᠢ ᠡᠯ᠎ᠡ ᠮᠤᠵᠢ ᠶᠢᠨ ᠱᠠᠲᠤᠨ ᠤ ᠡᠷᠳᠡᠮ ᠤᠨ | ᠴᠣᠯᠠ ᠶᠢᠨ ᠵᠥᠪᠯᠡᠯ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠴᠡᠷᠢᠭ ᠠᠩᠬᠢ ᠶᠢᠨ ᠰᠢᠰᠲ᠋ᠧᠮ ᠤᠨ | ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠬᠦ ᠶᠢ ᠦᠨᠡᠯᠡᠨ ᠵᠢᠱᠢᠬᠦ ᠠᠵᠢᠯ ᠢ ᠴᠡᠷᠢᠭ | ᠠᠩᠬᠢ ᠶᠢᠨ ᠡᠷᠳᠡᠮ ᠤᠨ ᠴᠣᠯᠠ ᠶᠢᠨ ᠵᠦᠪᠯᠡᠯ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠣᠯᠤᠨ᠎ᠠ᠃ | | | 3. ᠲᠣᠰ ᠡᠭᠡᠯᠵᠢ ᠶᠢᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ | ᠦᠨᠡᠯᠡᠨ ᠵᠢᠱᠢᠬᠦ ᠪᠠᠶᠢᠳᠠᠯ ᠨᠢ ᠶᠠᠮᠠᠷ ᠪᠣᠶ︖ | ᠬᠠᠷᠢᠭᠤᠯᠲᠠ᠄ ᠲᠣᠰ ᠡᠭᠡᠯᠵᠢ ᠶᠢᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠬᠦ ᠶᠢ | ᠦᠨᠡᠯᠡᠨ ᠵᠢᠱᠢᠬᠦ ᠠᠵᠢᠯ ᠢ 2014 ᠣᠨ ᠠᠴᠠ ᠡᠬᠢᠯᠡᠭᠦᠯᠦᠨ᠂ 2018 ᠣᠨ ᠤ 11 ᠰᠠᠷ᠎ᠠ ᠪᠣᠯᠲᠠᠯ᠎ᠠ ᠶᠠᠪᠤᠭᠳᠠᠵᠤ᠂ | ᠬᠤᠯᠪᠣᠭᠳᠠᠯ ᠪᠥᠬᠦᠶ ᠡᠷᠳᠡᠮ ᠤᠨ ᠴᠣᠯᠠ ᠣᠯᠭᠤᠬᠤ ᠨᠢᠭᠡᠴᠢ ᠥᠪᠡᠷ ᠤᠨ ᠦᠨᠡᠯᠡᠯᠲᠡ ᠪᠠᠨ ᠪᠡᠶᠡᠯᠡᠭᠦᠯᠪᠡ᠃ 2019 | ᠣᠨ ᠤ 4 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ᠂ ᠰᠤᠷᠭᠠᠨ | ᠬᠥᠮᠦᠵᠢᠯ ᠤᠨ ᠶᠠᠮᠤᠨ ᠠᠴᠠ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ | ᠵᠢᠱᠢᠵᠦ ᠰᠣᠩᠭᠤᠨ ᠦᠨᠡᠯᠡᠬᠦ ᠠᠵᠢᠯ ᠢᠶᠠᠨ ᠡᠬᠢᠯᠡᠭᠦᠯᠵᠦ᠂ ᠥᠪᠡᠷ ᠤᠨ ᠦᠨᠡᠯᠡᠯᠲᠡ ᠶᠢᠨ ᠦᠷ᠎ᠡ ᠳ᠋ᠦᠩ ᠨᠢ ︽ᠬᠢᠷᠢ | ᠲᠡᠩᠴᠡᠭᠰᠡᠨ︾ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ᠵᠣᠬᠢᠬᠤ ᠬᠠᠷᠢᠴᠠᠯ ᠢᠶᠠᠷ ᠰᠣᠩᠭᠤᠨ ᠦᠨᠡᠯᠡᠵᠦ᠂ | ᠡᠩ ᠤᠨ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠣᠲᠣ 2292 | ᠡᠷᠳᠡᠮ ᠤᠨ ᠴᠣᠯᠠ ᠣᠯᠭᠤᠬᠤ ᠴᠡᠭ ᠢ ᠰᠣᠩᠭᠤᠨ ᠰᠢᠯᠭᠠᠷᠠᠭᠤᠯᠪᠠ᠃ ᠬᠢᠨᠠᠨ ᠲᠣᠭᠲᠠᠭᠠᠬᠤ ᠪᠠ ᠲᠥᠷᠥ ᠶᠢᠨ | ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠦᠪᠯᠡᠯ ᠢᠶᠠᠷ ᠬᠢᠨᠠᠨ ᠵᠦᠪᠰᠢᠶᠡᠷᠡᠭᠦᠯᠬᠦ ᠪᠠᠷ ᠳᠠᠮᠵᠢᠨ᠂ 2251 | ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ︽ᠬᠢᠷᠢ ᠲᠡᠩᠴᠡᠭᠰᠡᠨ︾ ᠢᠶᠠᠷ ᠰᠣᠩᠭᠤᠨ ᠰᠢᠯᠭᠠᠷᠠᠭᠤᠯᠵᠤ᠂ 8 | ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ︽ᠬᠢᠷᠢ ᠲᠡᠩᠴᠡᠭᠰᠡᠨ ᠦᠭᠡᠢ︾ ᠭᠡᠵᠦ᠂ 33 ᠡᠷᠳᠡᠮ ᠤᠨ | ᠴᠣᠯᠠ ᠶᠢᠨ ᠡᠷᠬᠡ ᠣᠯᠭᠤᠬᠤ ᠴᠡᠭ ᠢ ︽ᠬᠤᠭᠤᠴᠠᠭ᠎ᠠ ᠳᠣᠭᠲᠠᠭᠠᠨ ᠴᠡᠭᠴᠡᠯᠡᠨ ᠰᠠᠶᠢᠵᠢᠷᠠᠭᠤᠯᠬᠤ︾ ᠪᠠᠷ | ᠳᠣᠭᠲᠠᠭᠠᠭᠰᠠᠨ ᠪᠠᠶᠢᠨ᠎ᠠ᠃ | ᠲᠣᠰ ᠡᠭᠡᠯᠵᠢ ᠶᠢᠨ ᠬᠢᠷᠢ ᠲᠡᠩᠴᠡᠯᠲᠡ ᠶᠢ ᠦᠨᠡᠯᠡᠨ ᠵᠢᠱᠢᠬᠦ ᠠᠵᠢᠯ ᠶᠡᠷᠦᠩᠬᠡᠶ ᠳᠤ ᠪᠠᠨ ᠡᠷᠳᠡᠮ ᠤᠨ ᠴᠣᠯᠠ | ᠣᠯᠭᠤᠬᠤ ᠨᠢᠭᠡᠴᠢ ᠶᠢᠨ ᠴᠢᠨᠠᠷ ᠴᠢᠨᠰᠠᠭ᠎ᠠ ᠶᠢ ᠪᠠᠲᠤᠯᠠᠬᠤ ᠳᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠬᠤ᠂ | ᠴᠢᠨᠠᠷ ᠴᠢᠨᠰᠠᠭ᠎ᠠ ᠶᠢ ᠪᠠᠲᠤᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠡᠷᠳᠡᠮ ᠤᠨ | ᠴᠣᠯᠠ ᠣᠯᠭᠤᠬᠤ ᠴᠡᠭ ᠤᠨ ᠨᠠᠰᠤᠨ ᠲᠤᠷᠰᠢ ᠶᠢᠨ ᠲᠤᠰᠢᠶᠠᠯ ᠬᠠᠷᠢᠭᠤᠴᠠᠬᠤ ᠳᠦᠷᠢᠮ ᠢ ᠡᠪᠳᠡᠬᠦ ᠬᠠᠷᠠᠯᠲᠠ ᠳᠤ | ᠬᠦᠷᠦᠭᠰᠡᠨ ᠪᠠᠶᠢᠨ᠎ᠠ᠃ ᠦᠨᠡᠯᠡᠨ ᠵᠢᠱᠢᠭᠰᠡᠨ ᠦᠷ᠎ᠡ ᠳ᠋ᠦᠩ ᠠᠴᠠ ᠦᠵᠡᠪᠡᠯ᠂ ᠵᠠᠷᠢᠮ ︽ᠬᠢᠷᠢ ᠲᠡᠩᠴᠡᠭᠰᠡᠨ︾ ᠥᠬᠡᠶ | ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠨᠢ ᠭᠤᠤᠯᠳᠠᠭᠤ ᠪᠠᠭᠰᠢ ᠶᠢᠨ ᠬᠦᠴᠦᠨ ᠪᠠᠭᠤᠷᠠᠶ᠂ ᠰᠣᠷᠣᠭᠴᠢ ᠶᠢᠨ | ᠢᠷᠡᠯᠲᠡ ᠶᠢᠨ ᠪᠠᠲᠤᠯᠠᠭ᠎ᠠ ᠳᠤᠲᠠᠮᠠᠭ᠂ ᠬᠥᠮᠦᠵᠢᠭᠦᠯᠬᠦ ᠦᠷ᠎ᠡ ᠪᠦᠲᠦᠮᠵᠢ ᠢᠯᠡᠷᠬᠡᠢ ᠥᠬᠡᠶ᠂ ᠬᠥᠭᠵᠢᠯᠲᠡ ᠶᠢᠨ | ᠨᠥᠭᠡᠴᠡ ᠬᠦᠴᠦᠨ ᠬᠦᠷᠦᠯᠴᠡᠬᠦ ᠥᠬᠡᠶ ᠵᠡᠷᠭᠡ ᠠᠰᠠᠭᠤᠳᠠᠯ ᠢ ᠲᠤᠰᠬᠠᠵᠠᠶ᠃ ᠠᠰᠠᠭᠤᠳᠠᠯ ᠣᠷᠣᠰᠢᠵᠤ ᠪᠠᠶᠢᠭ᠎ᠠ | ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠲᠤ᠂ ᠡᠷᠳᠡᠮ ᠤᠨ ᠴᠣᠯᠠ ᠣᠯᠭᠤᠬᠤ ᠨᠢᠭᠡᠴᠢ ᠠᠴᠠ ᠦᠨᠡᠯᠡᠨ | ᠵᠢᠱᠢᠬᠦ ᠶᠠᠪᠤᠴᠠ ᠳᠤ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠢ ᠴᠢᠩᠭᠠᠳᠬᠠᠵᠤ᠂ ᠭᠡᠰᠡᠭ ᠡᠷᠳᠡᠮ ᠤᠨ ᠴᠣᠯᠠ | ᠣᠯᠭᠤᠬᠤ ᠨᠢᠭᠡᠴᠢ ᠨᠢ ᠪᠠᠰᠠ ᠥᠪᠡᠷ ᠢᠶᠠᠨ ︽ᠬᠢᠷᠢ ᠲᠡᠩᠴᠡᠭᠰᠡᠨ ᠥᠬᠡᠶ︾ ᠭᠡᠵᠦ ᠦᠨᠡᠯᠡᠨ ᠵᠢᠱᠢᠭᠰᠡᠨ | ᠡᠷᠳᠡᠮ ᠤᠨ ᠴᠣᠯᠠ ᠣᠯᠭᠤᠬᠤ ᠴᠡᠭ ᠤᠨ ᠰᠣᠷᠣᠭᠴᠢ ᠡᠯᠰᠡᠬᠦ ᠶᠢ ᠰᠠᠨᠠᠭᠠᠴᠢᠯᠠᠭ᠎ᠠ ᠠᠴᠠ ᠪᠠᠨ ᠲᠦᠷ ᠵᠣᠭᠰᠣᠭᠠᠬᠤ | ᠵᠡᠷᠭᠡ ᠠᠷᠭ᠎ᠠ ᠬᠡᠮᠵᠢᠶ᠎ᠡ ᠠᠪᠴᠤ᠂ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠪᠣᠯᠤᠨ ᠡᠷᠳᠡᠮ ᠤᠨ ᠴᠣᠯᠠ | ᠣᠯᠭᠤᠬᠤ ᠴᠢᠨᠠᠷ ᠴᠢᠨᠰᠠᠭ᠎ᠠ ᠶᠢ ᠴᠢᠩᠭ᠎ᠠ ᠠᠳᠬᠤᠬᠤ ᠶᠢ ᠲᠣᠪᠣᠶᠢᠯᠭᠠᠵᠠᠢ᠃ ᠬᠡᠰᠡᠭ ᠡᠷᠳᠡᠮ ᠤᠨ ᠴᠣᠯᠠ ᠣᠯᠭᠤᠬᠤ | ᠨᠢᠭᠡᠴᠢ ᠨᠢ ᠥᠪᠡᠷ ᠢ ᠪᠠᠨ ᠦᠨᠡᠯᠡᠨ ᠵᠢᠱᠢᠭᠰᠡᠨ ᠪᠠᠶᠢᠳᠠᠯ ᠪᠣᠯᠤᠨ ᠰᠢᠨᠵᠢᠯᠡᠭᠡᠨ ᠤ ᠰᠠᠯᠠᠭᠠᠨ ᠤ ᠬᠥᠭᠵᠢᠯᠲᠡ ᠶᠢᠨ | ᠲᠥᠯᠥᠪᠵᠢᠭᠦᠯᠭᠡ ᠲᠠᠢ ᠤᠶᠠᠯᠳᠤᠭᠤᠯᠤᠨ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠵᠠᠷᠢᠮ ᠡᠷᠳᠡᠮ ᠤᠨ | ᠴᠣᠯᠠ ᠶᠢᠨ ᠡᠷᠬᠡ ᠣᠯᠭᠤᠬᠤ ᠴᠡᠭ ᠢ ᠰᠠᠨᠠᠭᠠᠴᠢᠯᠠᠭ᠎ᠠ ᠠᠴᠠ ᠪᠠᠨ ᠬᠦᠴᠦᠨ ᠦᠭᠡᠢ ᠪᠣᠯᠭᠠᠬᠤ ᠪᠤᠶᠤ | ᠲᠣᠬᠢᠷᠠᠭᠤᠯᠤᠯᠲᠠ ᠬᠢᠪᠡ᠃ 2014 ᠣᠨ ᠠᠴᠠ ᠨᠠᠭᠠᠰᠢ᠂ ᠬᠤᠯᠪᠣᠭᠳᠠᠯ ᠪᠥᠬᠦᠶ ᠡᠷᠳᠡᠮ ᠤᠨ ᠴᠣᠯᠠ ᠣᠯᠭᠤᠬᠤ | ᠨᠢᠭᠡᠴᠢ ᠨᠢᠭᠡᠨᠲᠡ ᠡᠷᠳᠡᠮ ᠤᠨ ᠴᠣᠯᠠ ᠣᠯᠭᠤᠬᠤ ᠴᠡᠭ ᠲᠤ ᠬᠥᠳᠡᠯᠦᠩᠭᠦᠶ ᠲᠣᠬᠢᠷᠠᠭᠤᠯᠤᠯᠲᠠ ᠬᠢᠵᠦ ᠬᠦᠴᠦᠨ | ᠥᠬᠡᠶ ᠪᠣᠯᠭᠠᠬᠤ ᠪᠤᠶᠤ ᠰᠠᠨᠠᠭᠠᠴᠢᠯᠠᠭ᠎ᠠ ᠠᠴᠠ ᠪᠠᠨ ᠬᠦᠴᠦᠨ ᠥᠬᠡᠶ ᠪᠣᠯᠭᠠᠬᠤ ᠪᠠᠷ ᠭᠤᠶᠤᠴᠢᠯᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ 1742 ᠡᠷᠳᠡᠮ ᠤᠨ ᠴᠣᠯᠠ ᠣᠯᠭᠤᠬᠤ ᠴᠡᠭ ᠢ ᠬᠦᠴᠦᠨ ᠥᠬᠡᠶ ᠪᠣᠯᠭᠠᠪᠠ᠃ | | | 4. ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠬᠦ ᠶᠢ | ᠲᠠᠷᠠᠭᠠᠴᠢ ᠶᠢᠨ ᠠᠯᠬᠤᠮ ᠳᠤ ᠶᠠᠭᠠᠬᠢᠵᠤ ᠳᠣᠬᠢᠷᠠᠭᠤᠯᠤᠭᠰᠠᠨ ᠪᠣᠶ︖ | ᠬᠠᠷᠢᠭᠤᠯᠲᠠ᠄ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠴᠢᠨᠠᠷ ᠴᠢᠨᠰᠠᠭ᠎ᠠ ᠶᠢ ᠪᠠᠲᠤᠯᠠᠬᠤ ᠨᠢ | ᠨᠢᠭᠡᠨ ᠦᠷᠭᠦᠯᠵᠢᠯᠡᠭᠰᠡᠨ ᠴᠢᠨᠠᠷᠲᠠᠢ ᠶᠠᠪᠤᠴᠠ ᠪᠠᠶᠢᠵᠤ᠂ ︽ᠬᠢᠷᠢ ᠲᠡᠩᠴᠡᠭᠰᠡᠨ︾ ᠪᠤᠶᠤ ︽ᠲᠣᠭᠲᠠᠭᠰᠠᠨ | ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ︾ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠨᠢ ᠴᠥᠮ | ᠦᠷᠭᠦᠯᠵᠢᠯᠡᠨ ᠥᠪᠡᠷ ᠢ ᠪᠠᠨ ᠣᠨᠣᠰᠢᠯᠠᠵᠤ᠂ ᠥᠪᠡᠷ ᠢ ᠪᠠᠨ ᠳᠡᠭᠡᠭᠰᠢᠯᠡᠭᠦᠯᠵᠦ᠂ ᠡᠷᠳᠡᠮ ᠤᠨ ᠴᠣᠯᠠ ᠶᠢᠨ ᠡᠷᠬᠡ | ᠣᠯᠭᠤᠬᠤ ᠴᠡᠭ ᠤᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠳᠠᠷᠠᠭ᠎ᠠ ᠠᠯᠬᠤᠮ ᠳᠤ᠂ | ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ ᠠᠴᠠ | ᠦᠨᠡᠯᠡᠨ ᠵᠢᠱᠢᠬᠦ ᠠᠴᠠ ᠢᠯᠡᠷᠡᠭᠦᠯᠦᠭᠰᠡᠨ ᠴᠢᠨᠠᠷ ᠴᠢᠨᠰᠠᠭ᠎ᠠ ᠶᠢᠨ ᠠᠰᠠᠭᠤᠳᠠᠯ ᠢ ᠦᠨᠳᠦᠰᠦᠯᠡᠨ᠂ ᠡᠷᠳᠡᠮ ᠤᠨ ᠴᠣᠯᠠ | ᠣᠯᠭᠤᠬᠤ ᠨᠢᠭᠡᠴᠢ ᠶᠢᠨ ᠠᠰᠫᠢᠷᠠᠨᠲ ᠬᠥᠮᠦᠵᠢᠭᠦᠯᠬᠦ ᠵᠠᠩᠭᠢᠯᠠᠭ᠎ᠠ ᠳᠤ ᠬᠢᠨᠠᠯᠲᠠ ᠲᠠᠯᠪᠢᠬᠤ ᠪᠠ ᠵᠢᠯᠣᠭᠤᠳᠬᠤ ᠪᠠᠨ | ᠴᠢᠩᠭᠠᠳᠬᠠᠬᠤ ᠬᠡᠷᠡᠭᠲᠡᠢ᠃ ᠴᠢᠨᠠᠷ ᠴᠢᠨᠰᠠᠭ᠎ᠠ ᠶᠢ ᠪᠠᠲᠤᠯᠠᠬᠤ ᠬᠠᠮᠢᠶ᠎ᠠ ᠪᠦᠬᠦᠢ ᠳᠦᠷᠢᠮ ᠢ ᠲᠠᠰᠤᠷᠠᠯᠲᠠ ᠦᠭᠡᠢ | ᠰᠠᠶᠢᠵᠢᠷᠠᠭᠤᠯᠵᠤ᠂ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠴᠢᠨᠠᠷ ᠴᠢᠨᠰᠠᠭ᠎ᠠ ᠶᠢ ᠪᠠᠲᠤᠯᠠᠬᠤ ᠤᠷᠲᠤ | ᠬᠤᠭᠤᠴᠠᠭᠠᠨ ᠤ ᠪᠥᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠦᠨ᠂ ᠡᠷᠳᠡᠮ ᠤᠨ ᠴᠣᠯᠠ ᠶᠢᠨ ᠡᠷᠬᠡ ᠣᠯᠭᠤᠬᠤ | ᠴᠡᠭ ᠤᠨ ᠬᠢᠷᠢ ᠲᠡᠩᠴᠡᠬᠦ ᠶᠢ ᠦᠨᠡᠯᠡᠨ ᠵᠢᠱᠢᠬᠦ ᠪᠠ ᠲᠤᠰᠬᠠᠶ ᠦᠨᠡᠯᠡᠨ ᠵᠢᠱᠢᠬᠦ ᠵᠡᠷᠭᠡ ᠠᠷᠭ᠎ᠠ ᠪᠠᠷᠢᠯ ᠢ | ᠦᠷᠭᠦᠯᠵᠢᠯᠡᠨ ᠴᠢᠩᠭᠠᠷᠠᠭᠤᠯᠵᠤ᠂ ᠡᠷᠳᠡᠮ ᠤᠨ ᠴᠣᠯᠠ ᠬᠢᠭᠡᠳ ᠠᠰᠫᠢᠷᠠᠨᠲ ᠤᠨ ᠰᠤᠷᠭᠠᠨ ᠬᠥᠮᠦᠵᠢᠯ ᠤᠨ ᠴᠢᠨᠠᠷ | ᠴᠢᠨᠰᠠᠭᠠᠨ ᠤ ᠬᠠᠮᠢᠶᠠᠷᠤᠯᠲᠠ ᠶᠢ ᠳᠦᠷᠢᠮᠵᠢᠭᠦᠯᠵᠦ᠂ ᠡᠷᠳᠡᠮ ᠤᠨ ᠴᠣᠯᠠ ᠣᠯᠭᠤᠬᠤ ᠨᠢᠭᠡᠴᠢ ᠶᠢ ᠱᠠᠭᠠᠷᠳᠠᠵᠤ ᠴᠢᠨᠠᠷ | ᠴᠢᠨᠰᠠᠭ᠎ᠠ ᠶᠢ ᠪᠠᠲᠤᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ | ᠬᠡᠷᠡᠭᠲᠡᠶ᠃ | | |