ᠰᠤᠷᠭᠠᠨ ᠬᠥᠮᠦᠵᠢᠯ ᠤᠨ ᠶᠠᠮᠤᠨ ᠤ ᠡᠷᠳᠡᠮ ᠤᠨ ᠴᠣᠯᠠ ᠶᠢᠨ ᠬᠠᠮᠢᠶᠠᠷᠤᠯᠲᠠ ᠬᠢᠭᠡᠳ ᠠᠰᠫᠢᠷᠠᠨᠲ ᠤᠨ ᠰᠤᠷᠭᠠᠨ ᠬᠥᠮᠦᠵᠢᠯ ᠤᠨ ᠵᠤᠷᠭᠠᠨ ︵ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ ᠤᠨ ᠠᠯᠪᠠᠨ ᠬᠡᠷ︶ ᠤᠨ ᠬᠠᠷᠢᠭᠤᠴᠠᠯᠭᠠᠲᠠᠨ ᠠᠴᠠ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠭᠰᠡᠨ ᠦᠷ᠎ᠡ ᠳ᠋ᠦᠩ ᠵᠢᠴᠢ ᠰᠢᠢᠳᠪᠦᠷᠢᠯᠡᠬᠦ ᠰᠠᠨᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2020/5/15
      ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ ᠠᠴᠠ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠭᠰᠡᠨ ᠦᠷ᠎ᠡ ᠳ᠋ᠦᠩ ᠤᠨ ᠲᠤᠬᠠᠢ ᠪᠢᠴᠢᠭ ᠮᠠᠲ᠋ᠧᠷᠢᠶᠠᠯ ᠪᠠᠭᠤᠯᠭᠠᠵᠤ᠂ ᠰᠤᠷᠭᠠᠨ ᠬᠥᠮᠦᠵᠢᠯ ᠤᠨ ᠶᠠᠮᠤᠨ ᠤ ᠡᠷᠳᠡᠮ ᠤᠨ ᠴᠣᠯᠠ ᠶᠢᠨ ᠬᠠᠮᠢᠶᠠᠷᠤᠯᠲᠠ ᠬᠢᠭᠡᠳ ᠠᠰᠫᠢᠷᠠᠨᠲ ᠤᠨ ᠰᠤᠷᠭᠠᠨ ᠬᠥᠮᠦᠵᠢᠯ ᠤᠨ ᠵᠤᠷᠭᠠᠨ ︵ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ ᠤᠨ ᠠᠯᠪᠠᠨ ᠬᠡᠷ︶ ᠤᠨ ᠬᠠᠷᠢᠭᠤᠴᠠᠯᠭᠠᠲᠠᠨ ᠠᠴᠠ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      1. ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠬᠦ ᠠᠬᠤᠶ ᠪᠠᠶᠢᠳᠠᠯ ᠪᠠ ᠵᠣᠷᠢᠯᠭ᠎ᠠ ᠶᠢ ᠲᠣᠪᠴᠢ ᠲᠠᠨᠢᠯᠴᠠᠭᠤᠯᠵᠤ ᠥᠭᠭᠦᠭᠡᠷᠡᠢ᠃      ᠬᠠᠷᠢᠭᠤᠯᠲᠠ᠄ ᠴᠢᠨᠠᠷ ᠴᠢᠨᠰᠠᠭ᠎ᠠ ᠪᠣᠯ ᠡᠷᠳᠡᠮ ᠤᠨ ᠴᠣᠯᠠ ᠪᠠ ᠠᠰᠫᠢᠷᠠᠨᠲ ᠤᠨ ᠰᠤᠷᠭᠠᠨ ᠬᠥᠮᠦᠵᠢᠯ ᠤᠨ ᠠᠮᠢᠨ ᠰᠤᠳᠠᠰᠤ ᠮᠥᠨ᠃ ᠡᠷᠳᠡᠮ ᠤᠨ ᠴᠣᠯᠠ ᠣᠯᠭᠤᠬᠤ ᠨᠢᠭᠡᠴᠢ ᠪᠠᠷ ᠰᠠᠭᠤᠷᠢ ᠪᠣᠯᠭᠠᠵᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠢᠯᠣᠭᠤᠳᠤᠮᠵᠢ ᠪᠣᠯᠭᠠᠵᠤ᠂ ᠡᠷᠳᠡᠮ ᠰᠢᠨᠵᠢᠯᠡᠭᠡᠨ ᠤ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠰᠠᠯᠠᠭ᠎ᠠ ᠮᠥᠴᠢᠷ ᠪᠣᠯᠤᠨ ᠨᠡᠶᠢᠭᠡᠮ ᠤᠨ ᠪᠠᠶᠢᠭᠤᠯᠤᠮᠵᠢ ᠶᠢᠨ ᠣᠷᠣᠯᠴᠠᠭᠰᠠᠨ ᠴᠢᠨᠠᠷ ᠴᠢᠨᠰᠠᠭ᠎ᠠ ᠶᠢ ᠪᠠᠲᠤᠯᠠᠬᠤ ᠳᠣᠭᠲᠠᠯᠴᠠᠭᠠᠨ ᠤ ᠪᠣᠷᠣ ᠲᠥᠯᠥᠪ ᠢ ᠪᠠᠶᠢᠭᠤᠯᠵᠤ᠂ ᠡᠷᠳᠡᠮ ᠤᠨ ᠴᠣᠯᠠ ᠪᠣᠯᠤᠨ ᠠᠰᠫᠢᠷᠠᠨᠲ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠦᠭᠡ᠂ 2014 ᠣᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ ᠠᠴᠠ ︽ᠡᠷᠳᠡᠮ ᠤᠨ ᠴᠣᠯᠠ ᠪᠠ ᠠᠰᠫᠢᠷᠠᠨᠲ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠪᠠᠲᠤᠯᠠᠬᠤ ᠪᠠ ᠬᠢᠨᠠᠯᠲᠠ ᠲᠠᠯᠪᠢᠬᠤ ᠳᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾ ᠪᠠ ︽ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠬᠦ ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠪᠥᠭᠡᠳ ᠠᠩᠬᠠᠨ ᠤ ᠡᠭᠡᠯᠵᠢ ᠶᠢᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠬᠦ ᠠᠵᠢᠯ ᠢᠶᠠᠨ ᠡᠬᠢᠯᠡᠭᠦᠯᠪᠡ᠃ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠬᠦ ᠪᠣᠯ ᠡᠷᠳᠡᠮ ᠤᠨ ᠴᠣᠯᠠ ᠪᠣᠯᠤᠨ ᠠᠰᠫᠢᠷᠠᠨᠲ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠪᠠᠲᠤᠯᠠᠬᠤ ᠪᠠ ᠬᠢᠨᠠᠯᠲᠠ ᠲᠠᠯᠪᠢᠬᠤ ᠳᠣᠭᠲᠠᠯᠴᠠᠭᠠᠨ ᠤ ᠴᠢᠬᠤᠯᠠ ᠠᠭᠤᠯᠭ᠎ᠠ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠴᠢᠨᠠᠷ ᠴᠢᠨᠰᠠᠭᠠᠨ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠴᠢᠬᠤᠯᠠ ᠠᠷᠭ᠎ᠠ ᠬᠡᠮᠵᠢᠶ᠎ᠡ᠂ ᠣᠲᠣ ᠪᠠᠶᠢᠭ᠎ᠠ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠲᠤ ᠬᠢᠭᠰᠡᠨ ᠪᠥᠬᠦ ᠲᠠᠯ᠎ᠠ ᠶᠢᠨ   ︽ᠪᠡᠶ᠎ᠡ ᠶᠢᠨ ᠪᠠᠶᠢᠴᠠᠭᠠᠯᠲᠠ︾ ᠪᠠᠶᠢᠵᠤ᠂ ᠭᠤᠤᠯ ᠵᠣᠷᠢᠯᠭ᠎ᠠ ᠨᠢ ᠡᠷᠳᠡᠮ ᠤᠨ ᠴᠣᠯᠠ ᠣᠯᠭᠤᠬᠤ ᠨᠢᠭᠡᠴᠢ ᠳᠤ ᠥᠪᠡᠷ ᠢ ᠪᠠᠨ ᠦᠨᠡᠯᠡᠨ ᠵᠢᠱᠢᠬᠦ ᠲᠦᠷᠢᠮ ᠪᠠᠶᠢᠭᠤᠯᠬᠤ ᠶᠢ ᠳᠥᠯᠭᠢᠨ ᠠᠬᠢᠭᠤᠯᠵᠤ᠂ ᠡᠷᠳᠡᠮ ᠤᠨ ᠴᠣᠯᠠ ᠪᠣᠯᠤᠨ ᠠᠰᠫᠢᠷᠠᠨᠲ ᠤᠨ ᠰᠤᠷᠭᠠᠨ ᠬᠥᠮᠦᠵᠢᠯ ᠤᠨ ᠦᠨᠳᠦᠰᠦᠨ ᠴᠢᠨᠠᠷ ᠴᠢᠨᠰᠠᠭ᠎ᠠ ᠶᠢ ᠪᠠᠲᠤᠯᠠᠵᠤ᠂ ᠡᠷᠳᠡᠮ ᠤᠨ ᠴᠣᠯᠠ ᠣᠯᠭᠤᠬᠤ ᠴᠡᠭ ᠤᠨ ᠨᠠᠰᠤᠨ ᠲᠤᠷᠰᠢ ᠲᠤᠰᠢᠶᠠᠯ ᠬᠠᠷᠢᠭᠤᠴᠠᠬᠤ ᠳᠦᠷᠢᠮ ᠢ ᠡᠪᠳᠡᠬᠦ ᠪᠣᠯᠤᠨ᠎ᠠ᠃      2. ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠬᠦ ᠶᠢ ᠬᠡᠷᠬᠢᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠪᠣᠶ︖      ᠬᠠᠷᠢᠭᠤᠯᠲᠠ᠄ ︽ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠬᠦ ᠠᠷᠭ᠎ᠠ︾ ᠶᠢ ᠦᠨᠳᠦᠰᠦᠯᠡᠪᠡᠯ᠂ ᠬᠢᠷᠢ ᠲᠡᠩᠴᠡᠬᠦ ᠶᠢ ᠦᠨᠡᠯᠡᠨ ᠵᠢᠱᠢᠬᠦ ᠶᠢ 6 ᠵᠢᠯ ᠳᠤ ᠨᠢᠭᠡ ᠤᠳᠠᠭ᠎ᠠ ᠶᠠᠪᠤᠭᠳᠠᠭᠤᠯᠵᠤ᠂ ᠡᠷᠳᠡᠮ ᠤᠨ ᠴᠣᠯᠠ ᠣᠯᠭᠤᠬᠤ ᠨᠢᠭᠡᠴᠢ ᠠᠴᠠ ᠥᠪᠡᠷ ᠢ ᠪᠠᠨ ᠦᠨᠡᠯᠡᠨ ᠵᠢᠱᠢᠬᠦ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠠᠭᠠᠤ ᠳᠤ ᠨᠢ ᠰᠣᠩᠭᠤᠨ ᠦᠨᠡᠯᠡᠬᠦ ᠭᠡᠵᠦ ᠬᠤᠶᠠᠷ ᠱᠠᠲᠤ ᠬᠤᠪᠢᠶᠠᠨ᠎ᠠ᠃ ᠡᠭᠦᠨ ᠳᠤ ᠭᠤᠣᠯ ᠱᠠᠲᠤ ᠨᠢ ᠥᠪᠡᠷ ᠢ ᠪᠠᠨ ᠦᠨᠡᠯᠡᠨ ᠵᠢᠱᠢᠬᠦ ᠪᠠᠶᠢᠵᠤ᠂ ᠡᠭᠡᠯᠵᠢ  ᠪᠣᠯᠭᠠᠨ ᠤ ᠬᠢᠷᠢ ᠲᠡᠩᠴᠡᠯᠲᠡ ᠶᠢ ᠦᠨᠡᠨᠯᠡᠨ ᠵᠢᠱᠢᠬᠦ ᠲᠦᠷᠦᠭᠦᠤ 5 ᠵᠢᠯ ᠳᠤ ᠴᠣᠯᠠ ᠣᠯᠭᠤᠬᠤ ᠨᠢᠭᠡᠴᠢ ᠨᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠥᠪᠡᠷ ᠢᠶᠠᠨ ᠲᠥᠰᠦᠯ ᠲᠣᠭᠲᠠᠭᠠᠬᠤ ᠶᠢᠨ ᠬᠠᠮᠲᠤ ᠦᠨᠡᠯᠡᠨ ᠵᠢᠱᠢᠬᠦ ᠠᠵᠢᠯ ᠢᠶᠠᠨ ᠥᠷᠨᠢᠭᠦᠯᠵᠦ᠂ ᠭᠤᠣᠯ ᠨᠢ ᠴᠢᠨᠠᠷ ᠴᠢᠨᠰᠠᠭ᠎ᠠ ᠶᠢ ᠪᠠᠲᠤᠯᠠᠬᠤ ᠳᠣᠭᠲᠠᠯᠴᠠᠭ᠎ᠠ ᠶᠢ ᠪᠠᠶᠢᠭᠤᠯᠬᠤ ᠶᠠᠪᠤᠴᠠ ᠳᠤ ᠠᠰᠠᠭᠤᠳᠠᠯ ᠢ ᠥᠪᠡᠷ ᠢᠶᠠᠨ ᠪᠠᠶᠢᠴᠠᠭᠠᠨ ᠡᠷᠢᠬᠦ ᠪᠠ ᠣᠨᠣᠰᠢᠯᠠᠬᠤ ᠶᠢ ᠴᠢᠬᠤᠯᠠᠴᠢᠯᠠᠵᠤ᠂ ᠴᠢᠨᠠᠷ ᠴᠢᠨᠰᠠᠭ᠎ᠠ ᠶᠢ ᠪᠠᠲᠤᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠥᠪᠡᠷ ᠢ ᠪᠠᠨ ᠬᠢᠵᠠᠭᠠᠷᠯᠠᠵᠤ᠂ ᠥᠪᠡᠷ ᠢ ᠪᠠᠨ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠠᠭᠠᠤ ᠳᠤ ᠨᠢ ᠰᠣᠩᠭᠤᠨ ᠦᠨᠡᠯᠡᠬᠦ ᠪᠣᠯ ᠡᠭᠡᠯᠵᠢ ᠪᠣᠯᠭᠠᠨ ᠤ ᠬᠢᠷᠢ ᠲᠡᠩᠴᠡᠯᠲᠡ ᠶᠢ ᠦᠨᠡᠯᠡᠨ ᠵᠢᠱᠢᠬᠦ ᠬᠠᠮᠤᠭ ᠤᠨ ᠰᠡᠭᠦᠯᠴᠢ ᠶᠢᠨ ᠨᠢᠭᠡ ᠵᠢᠯ ᠳᠤ ᠶᠠᠪᠤᠭᠳᠠᠵᠤ᠂ ᠳ᠋ᠣᠺᠲ᠋ᠣᠷ ᠴᠤᠯᠠ ᠶᠢ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠠᠴᠠ ᠰᠣᠩᠭᠤᠨ ᠰᠢᠯᠭᠠᠷᠠᠭᠤᠯᠬᠤ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ ᠤᠨ ᠠᠯᠪᠠᠨ ᠭᠡᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ ᠤᠨ ᠰᠢᠨᠵᠢᠯᠡᠭᠡᠨ ᠤ ᠰᠠᠯᠠᠭᠠᠨ ᠤ ᠦᠨᠠᠯᠡᠨ ᠵᠥᠪᠯᠡᠬᠦ ᠳᠤᠭᠤᠶᠢᠯᠠᠩ ᠪᠠ ᠪᠦᠬᠦ ᠤᠯᠤᠰ ᠤᠨ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠠᠰᠫᠢᠷᠠᠨᠲ ᠤᠨ ᠰᠤᠷᠭᠠᠨ ᠬᠥᠮᠦᠵᠢᠯ ᠤᠨ ᠵᠢᠯᠣᠭᠤᠳᠬᠤ ᠺᠣᠮᠢᠰ ᠲᠤ ᠨᠠᠶᠢᠳᠠᠵᠤ ᠦᠨᠡᠯᠡᠯᠲᠡ ᠬᠢᠯᠭᠡᠨ᠎ᠡ︔ ᠮᠠᠭᠢᠰᠲ᠋ᠧᠷ ᠴᠤᠯᠠ ᠶᠢ ᠡᠷᠳᠡᠮ ᠤᠨ ᠴᠤᠯᠠ ᠶᠢᠨ ᠡᠷᠬᠡ ᠣᠯᠭᠤᠬᠤ ᠴᠡᠭ ᠠᠴᠠ ᠰᠣᠩᠭᠤᠨ ᠰᠢᠯᠭᠠᠷᠠᠭᠤᠯᠬᠤ ᠠᠵᠢᠯ ᠢ ᠡᠯ᠎ᠡ ᠮᠤᠵᠢ ᠶᠢᠨ ᠱᠠᠲᠤᠨ ᠤ ᠡᠷᠳᠡᠮ ᠤᠨ ᠴᠣᠯᠠ ᠶᠢᠨ ᠵᠥᠪᠯᠡᠯ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠴᠡᠷᠢᠭ ᠠᠩᠬᠢ ᠶᠢᠨ ᠰᠢᠰᠲ᠋ᠧᠮ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠬᠦ ᠶᠢ ᠦᠨᠡᠯᠡᠨ ᠵᠢᠱᠢᠬᠦ ᠠᠵᠢᠯ ᠢ ᠴᠡᠷᠢᠭ ᠠᠩᠬᠢ ᠶᠢᠨ ᠡᠷᠳᠡᠮ ᠤᠨ ᠴᠣᠯᠠ ᠶᠢᠨ ᠵᠦᠪᠯᠡᠯ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠣᠯᠤᠨ᠎ᠠ᠃      3. ᠲᠣᠰ ᠡᠭᠡᠯᠵᠢ ᠶᠢᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠬᠦ ᠪᠠᠶᠢᠳᠠᠯ ᠨᠢ ᠶᠠᠮᠠᠷ ᠪᠣᠶ︖      ᠬᠠᠷᠢᠭᠤᠯᠲᠠ᠄ ᠲᠣᠰ ᠡᠭᠡᠯᠵᠢ ᠶᠢᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠬᠦ ᠶᠢ ᠦᠨᠡᠯᠡᠨ ᠵᠢᠱᠢᠬᠦ ᠠᠵᠢᠯ ᠢ 2014 ᠣᠨ ᠠᠴᠠ ᠡᠬᠢᠯᠡᠭᠦᠯᠦᠨ᠂ 2018 ᠣᠨ ᠤ 11 ᠰᠠᠷ᠎ᠠ ᠪᠣᠯᠲᠠᠯ᠎ᠠ ᠶᠠᠪᠤᠭᠳᠠᠵᠤ᠂ ᠬᠤᠯᠪᠣᠭᠳᠠᠯ ᠪᠥᠬᠦᠶ ᠡᠷᠳᠡᠮ ᠤᠨ ᠴᠣᠯᠠ ᠣᠯᠭᠤᠬᠤ ᠨᠢᠭᠡᠴᠢ ᠥᠪᠡᠷ ᠤᠨ ᠦᠨᠡᠯᠡᠯᠲᠡ ᠪᠠᠨ ᠪᠡᠶᠡᠯᠡᠭᠦᠯᠪᠡ᠃ 2019 ᠣᠨ ᠤ 4 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ ᠠᠴᠠ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠵᠦ ᠰᠣᠩᠭᠤᠨ ᠦᠨᠡᠯᠡᠬᠦ ᠠᠵᠢᠯ ᠢᠶᠠᠨ ᠡᠬᠢᠯᠡᠭᠦᠯᠵᠦ᠂ ᠥᠪᠡᠷ ᠤᠨ ᠦᠨᠡᠯᠡᠯᠲᠡ ᠶᠢᠨ ᠦᠷ᠎ᠡ ᠳ᠋ᠦᠩ ᠨᠢ ︽ᠬᠢᠷᠢ ᠲᠡᠩᠴᠡᠭᠰᠡᠨ︾ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ᠵᠣᠬᠢᠬᠤ ᠬᠠᠷᠢᠴᠠᠯ ᠢᠶᠠᠷ ᠰᠣᠩᠭᠤᠨ ᠦᠨᠡᠯᠡᠵᠦ᠂ ᠡᠩ ᠤᠨ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠣᠲᠣ 2292 ᠡᠷᠳᠡᠮ ᠤᠨ ᠴᠣᠯᠠ ᠣᠯᠭᠤᠬᠤ ᠴᠡᠭ ᠢ ᠰᠣᠩᠭᠤᠨ ᠰᠢᠯᠭᠠᠷᠠᠭᠤᠯᠪᠠ᠃ ᠬᠢᠨᠠᠨ ᠲᠣᠭᠲᠠᠭᠠᠬᠤ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠦᠪᠯᠡᠯ ᠢᠶᠠᠷ ᠬᠢᠨᠠᠨ ᠵᠦᠪᠰᠢᠶᠡᠷᠡᠭᠦᠯᠬᠦ ᠪᠠᠷ ᠳᠠᠮᠵᠢᠨ᠂ 2251 ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ︽ᠬᠢᠷᠢ ᠲᠡᠩᠴᠡᠭᠰᠡᠨ︾ ᠢᠶᠠᠷ ᠰᠣᠩᠭᠤᠨ ᠰᠢᠯᠭᠠᠷᠠᠭᠤᠯᠵᠤ᠂ 8 ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ︽ᠬᠢᠷᠢ ᠲᠡᠩᠴᠡᠭᠰᠡᠨ ᠦᠭᠡᠢ︾ ᠭᠡᠵᠦ᠂ 33 ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ︽ᠬᠤᠭᠤᠴᠠᠭ᠎ᠠ ᠳᠣᠭᠲᠠᠭᠠᠨ ᠴᠡᠭᠴᠡᠯᠡᠨ ᠰᠠᠶᠢᠵᠢᠷᠠᠭᠤᠯᠬᠤ︾ ᠪᠠᠷ ᠳᠣᠭᠲᠠᠭᠠᠭᠰᠠᠨ ᠪᠠᠶᠢᠨ᠎ᠠ᠃      ᠲᠣᠰ ᠡᠭᠡᠯᠵᠢ ᠶᠢᠨ ᠬᠢᠷᠢ ᠲᠡᠩᠴᠡᠯᠲᠡ ᠶᠢ ᠦᠨᠡᠯᠡᠨ ᠵᠢᠱᠢᠬᠦ ᠠᠵᠢᠯ ᠶᠡᠷᠦᠩᠬᠡᠶ ᠳᠤ ᠪᠠᠨ ᠡᠷᠳᠡᠮ ᠤᠨ ᠴᠣᠯᠠ ᠣᠯᠭᠤᠬᠤ ᠨᠢᠭᠡᠴᠢ ᠶᠢᠨ ᠴᠢᠨᠠᠷ ᠴᠢᠨᠰᠠᠭ᠎ᠠ ᠶᠢ ᠪᠠᠲᠤᠯᠠᠬᠤ ᠳᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠬᠤ᠂ ᠴᠢᠨᠠᠷ ᠴᠢᠨᠰᠠᠭ᠎ᠠ ᠶᠢ ᠪᠠᠲᠤᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠡᠷᠳᠡᠮ ᠤᠨ ᠴᠣᠯᠠ ᠣᠯᠭᠤᠬᠤ ᠴᠡᠭ ᠤᠨ ᠨᠠᠰᠤᠨ ᠲᠤᠷᠰᠢ ᠶᠢᠨ ᠲᠤᠰᠢᠶᠠᠯ ᠬᠠᠷᠢᠭᠤᠴᠠᠬᠤ ᠳᠦᠷᠢᠮ ᠢ ᠡᠪᠳᠡᠬᠦ ᠬᠠᠷᠠᠯᠲᠠ ᠳᠤ ᠬᠦᠷᠦᠭᠰᠡᠨ ᠪᠠᠶᠢᠨ᠎ᠠ᠃ ᠦᠨᠡᠯᠡᠨ ᠵᠢᠱᠢᠭᠰᠡᠨ ᠦᠷ᠎ᠡ ᠳ᠋ᠦᠩ ᠠᠴᠠ ᠦᠵᠡᠪᠡᠯ᠂ ᠵᠠᠷᠢᠮ ︽ᠬᠢᠷᠢ ᠲᠡᠩᠴᠡᠭᠰᠡᠨ︾ ᠥᠬᠡᠶ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠨᠢ ᠭᠤᠤᠯᠳᠠᠭᠤ ᠪᠠᠭᠰᠢ ᠶᠢᠨ ᠬᠦᠴᠦᠨ ᠪᠠᠭᠤᠷᠠᠶ᠂ ᠰᠣᠷᠣᠭᠴᠢ ᠶᠢᠨ ᠢᠷᠡᠯᠲᠡ ᠶᠢᠨ ᠪᠠᠲᠤᠯᠠᠭ᠎ᠠ ᠳᠤᠲᠠᠮᠠᠭ᠂ ᠬᠥᠮᠦᠵᠢᠭᠦᠯᠬᠦ ᠦᠷ᠎ᠡ ᠪᠦᠲᠦᠮᠵᠢ ᠢᠯᠡᠷᠬᠡᠢ ᠥᠬᠡᠶ᠂ ᠬᠥᠭᠵᠢᠯᠲᠡ ᠶᠢᠨ ᠨᠥᠭᠡᠴᠡ ᠬᠦᠴᠦᠨ ᠬᠦᠷᠦᠯᠴᠡᠬᠦ ᠥᠬᠡᠶ ᠵᠡᠷᠭᠡ ᠠᠰᠠᠭᠤᠳᠠᠯ ᠢ ᠲᠤᠰᠬᠠᠵᠠᠶ᠃ ᠠᠰᠠᠭᠤᠳᠠᠯ ᠣᠷᠣᠰᠢᠵᠤ ᠪᠠᠶᠢᠭ᠎ᠠ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠲᠤ᠂ ᠡᠷᠳᠡᠮ ᠤᠨ ᠴᠣᠯᠠ ᠣᠯᠭᠤᠬᠤ ᠨᠢᠭᠡᠴᠢ ᠠᠴᠠ ᠦᠨᠡᠯᠡᠨ ᠵᠢᠱᠢᠬᠦ ᠶᠠᠪᠤᠴᠠ ᠳᠤ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠢ ᠴᠢᠩᠭᠠᠳᠬᠠᠵᠤ᠂ ᠭᠡᠰᠡᠭ ᠡᠷᠳᠡᠮ ᠤᠨ ᠴᠣᠯᠠ ᠣᠯᠭᠤᠬᠤ ᠨᠢᠭᠡᠴᠢ ᠨᠢ ᠪᠠᠰᠠ ᠥᠪᠡᠷ ᠢᠶᠠᠨ ︽ᠬᠢᠷᠢ ᠲᠡᠩᠴᠡᠭᠰᠡᠨ ᠥᠬᠡᠶ︾ ᠭᠡᠵᠦ ᠦᠨᠡᠯᠡᠨ ᠵᠢᠱᠢᠭᠰᠡᠨ ᠡᠷᠳᠡᠮ ᠤᠨ ᠴᠣᠯᠠ ᠣᠯᠭᠤᠬᠤ ᠴᠡᠭ ᠤᠨ ᠰᠣᠷᠣᠭᠴᠢ ᠡᠯᠰᠡᠬᠦ ᠶᠢ ᠰᠠᠨᠠᠭᠠᠴᠢᠯᠠᠭ᠎ᠠ ᠠᠴᠠ ᠪᠠᠨ ᠲᠦᠷ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠪᠣᠯᠤᠨ ᠡᠷᠳᠡᠮ ᠤᠨ ᠴᠣᠯᠠ ᠣᠯᠭᠤᠬᠤ ᠴᠢᠨᠠᠷ ᠴᠢᠨᠰᠠᠭ᠎ᠠ ᠶᠢ ᠴᠢᠩᠭ᠎ᠠ ᠠᠳᠬᠤᠬᠤ ᠶᠢ ᠲᠣᠪᠣᠶᠢᠯᠭᠠᠵᠠᠢ᠃ ᠬᠡᠰᠡᠭ ᠡᠷᠳᠡᠮ ᠤᠨ ᠴᠣᠯᠠ ᠣᠯᠭᠤᠬᠤ ᠨᠢᠭᠡᠴᠢ ᠨᠢ ᠥᠪᠡᠷ ᠢ ᠪᠠᠨ ᠦᠨᠡᠯᠡᠨ ᠵᠢᠱᠢᠭᠰᠡᠨ ᠪᠠᠶᠢᠳᠠᠯ ᠪᠣᠯᠤᠨ ᠰᠢᠨᠵᠢᠯᠡᠭᠡᠨ ᠤ ᠰᠠᠯᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠵᠠᠷᠢᠮ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ᠰᠠᠨᠠᠭᠠᠴᠢᠯᠠᠭ᠎ᠠ ᠠᠴᠠ ᠪᠠᠨ ᠬᠦᠴᠦᠨ ᠦᠭᠡᠢ ᠪᠣᠯᠭᠠᠬᠤ ᠪᠤᠶᠤ ᠲᠣᠬᠢᠷᠠᠭᠤᠯᠤᠯᠲᠠ ᠬᠢᠪᠡ᠃ 2014 ᠣᠨ ᠠᠴᠠ ᠨᠠᠭᠠᠰᠢ᠂ ᠬᠤᠯᠪᠣᠭᠳᠠᠯ ᠪᠥᠬᠦᠶ ᠡᠷᠳᠡᠮ ᠤᠨ ᠴᠣᠯᠠ ᠣᠯᠭᠤᠬᠤ ᠨᠢᠭᠡᠴᠢ ᠨᠢᠭᠡᠨᠲᠡ ᠡᠷᠳᠡᠮ ᠤᠨ ᠴᠣᠯᠠ ᠣᠯᠭᠤᠬᠤ ᠴᠡᠭ ᠲᠤ ᠬᠥᠳᠡᠯᠦᠩᠭᠦᠶ ᠲᠣᠬᠢᠷᠠᠭᠤᠯᠤᠯᠲᠠ ᠬᠢᠵᠦ ᠬᠦᠴᠦᠨ ᠥᠬᠡᠶ ᠪᠣᠯᠭᠠᠬᠤ ᠪᠤᠶᠤ ᠰᠠᠨᠠᠭᠠᠴᠢᠯᠠᠭ᠎ᠠ ᠠᠴᠠ ᠪᠠᠨ ᠬᠦᠴᠦᠨ ᠥᠬᠡᠶ ᠪᠣᠯᠭᠠᠬᠤ ᠪᠠᠷ ᠭᠤᠶᠤᠴᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ 1742 ᠡᠷᠳᠡᠮ ᠤᠨ ᠴᠣᠯᠠ ᠣᠯᠭᠤᠬᠤ ᠴᠡᠭ ᠢ ᠬᠦᠴᠦᠨ ᠥᠬᠡᠶ ᠪᠣᠯᠭᠠᠪᠠ᠃      4. ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠯᠲᠡ ᠶᠢ ᠦᠨᠡᠯᠡᠨ ᠵᠢᠱᠢᠬᠦ ᠶᠢ ᠲᠠᠷᠠᠭᠠᠴᠢ ᠶᠢᠨ ᠠᠯᠬᠤᠮ ᠳᠤ ᠶᠠᠭᠠᠬᠢᠵᠤ ᠳᠣᠬᠢᠷᠠᠭᠤᠯᠤᠭᠰᠠᠨ ᠪᠣᠶ︖      ᠬᠠᠷᠢᠭᠤᠯᠲᠠ᠄ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠴᠢᠨᠠᠷ ᠴᠢᠨᠰᠠᠭ᠎ᠠ ᠶᠢ ᠪᠠᠲᠤᠯᠠᠬᠤ ᠨᠢ ᠨᠢᠭᠡᠨ ᠦᠷᠭᠦᠯᠵᠢᠯᠡᠭᠰᠡᠨ ᠴᠢᠨᠠᠷᠲᠠᠢ ᠶᠠᠪᠤᠴᠠ ᠪᠠᠶᠢᠵᠤ᠂ ︽ᠬᠢᠷᠢ ᠲᠡᠩᠴᠡᠭᠰᠡᠨ︾ ᠪᠤᠶᠤ ︽ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ︾ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠨᠢ ᠴᠥᠮ ᠦᠷᠭᠦᠯᠵᠢᠯᠡᠨ ᠥᠪᠡᠷ ᠢ ᠪᠠᠨ ᠣᠨᠣᠰᠢᠯᠠᠵᠤ᠂ ᠥᠪᠡᠷ ᠢ ᠪᠠᠨ ᠳᠡᠭᠡᠭᠰᠢᠯᠡᠭᠦᠯᠵᠦ᠂ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠳᠠᠷᠠᠭ᠎ᠠ ᠠᠯᠬᠤᠮ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ ᠠᠴᠠ ᠦᠨᠡᠯᠡᠨ ᠵᠢᠱᠢᠬᠦ ᠠᠴᠠ ᠢᠯᠡᠷᠡᠭᠦᠯᠦᠭᠰᠡᠨ ᠴᠢᠨᠠᠷ ᠴᠢᠨᠰᠠᠭ᠎ᠠ ᠶᠢᠨ ᠠᠰᠠᠭᠤᠳᠠᠯ ᠢ ᠦᠨᠳᠦᠰᠦᠯᠡᠨ᠂ ᠡᠷᠳᠡᠮ ᠤᠨ ᠴᠣᠯᠠ ᠣᠯᠭᠤᠬᠤ ᠨᠢᠭᠡᠴᠢ ᠶᠢᠨ ᠠᠰᠫᠢᠷᠠᠨᠲ ᠬᠥᠮᠦᠵᠢᠭᠦᠯᠬᠦ ᠵᠠᠩᠭᠢᠯᠠᠭ᠎ᠠ ᠳᠤ ᠬᠢᠨᠠᠯᠲᠠ ᠲᠠᠯᠪᠢᠬᠤ ᠪᠠ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ᠃ ᠴᠢᠨᠠᠷ ᠴᠢᠨᠰᠠᠭ᠎ᠠ ᠶᠢ ᠪᠠᠲᠤᠯᠠᠬᠤ ᠬᠠᠮᠢᠶ᠎ᠠ ᠪᠦᠬᠦᠢ ᠳᠦᠷᠢᠮ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠴᠢᠨᠠᠷ ᠴᠢᠨᠰᠠᠭ᠎ᠠ ᠶᠢ ᠪᠠᠲᠤᠯᠠᠬᠤ ᠤᠷᠲᠤ ᠬᠤᠭᠤᠴᠠᠭᠠᠨ ᠤ ᠪᠥᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠦᠨ᠂ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠬᠦ ᠶᠢ ᠦᠨᠡᠯᠡᠨ ᠵᠢᠱᠢᠬᠦ ᠪᠠ ᠲᠤᠰᠬᠠᠶ ᠦᠨᠡᠯᠡᠨ ᠵᠢᠱᠢᠬᠦ ᠵᠡᠷᠭᠡ ᠠᠷᠭ᠎ᠠ ᠪᠠᠷᠢᠯ ᠢ ᠦᠷᠭᠦᠯᠵᠢᠯᠡᠨ ᠴᠢᠩᠭᠠᠷᠠᠭᠤᠯᠵᠤ᠂ ᠡᠷᠳᠡᠮ ᠤᠨ ᠴᠣᠯᠠ ᠬᠢᠭᠡᠳ ᠠᠰᠫᠢᠷᠠᠨᠲ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭᠠᠨ ᠤ ᠬᠠᠮᠢᠶᠠᠷᠤᠯᠲᠠ ᠶᠢ ᠳᠦᠷᠢᠮᠵᠢᠭᠦᠯᠵᠦ᠂ ᠡᠷᠳᠡᠮ ᠤᠨ ᠴᠣᠯᠠ ᠣᠯᠭᠤᠬᠤ ᠨᠢᠭᠡᠴᠢ ᠶᠢ ᠱᠠᠭᠠᠷᠳᠠᠵᠤ ᠴᠢᠨᠠᠷ ᠴᠢᠨᠰᠠᠭ᠎ᠠ ᠶᠢ ᠪᠠᠲᠤᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号