ᠰᠤᠨᠤᠷ | | | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠳᠠᠭᠠᠯᠳᠤᠨ᠂ ᠭᠠᠷ ᠤᠲᠠᠰᠤ ᠨᠢᠭᠡᠨᠲᠡ ᠮᠠᠨ ᠤ | ᠠᠮᠢᠳᠤᠷᠠᠯ ᠤᠨ ᠡᠯ᠎ᠡ ᠲᠠᠯ᠎ᠠ ᠳᠤ ᠨᠡᠪᠴᠢᠨ ᠣᠷᠣᠪᠠ᠃ ᠢᠯᠠᠩᠭᠤᠶ᠎ᠠ ᠤᠶᠤᠨᠴᠢ ᠭᠠᠷ ᠤᠲᠠᠰᠤᠨ ᠤ ᠪᠣᠶ ᠪᠣᠯᠬᠤ ᠶᠢ | ᠳᠠᠭᠠᠯᠳᠤᠨ᠂ ᠭᠠᠷ ᠤᠲᠠᠰᠤ ᠵᠦᠪᠬᠡᠨ ᠨᠢᠭᠡ ᠵᠦᠢᠯ ᠤᠨ ᠡᠩ ᠤᠨ ᠮᠡᠳᠡᠭᠡ ᠬᠤᠯᠪᠣᠭᠠᠨ ᠤ ᠪᠠᠭᠠᠵᠢ ᠲᠡᠳᠦᠢ ᠪᠢᠰᠢ | ᠪᠣᠯᠵᠠᠶ᠃ ᠲᠡᠭᠦᠨ ᠤ ᠴᠢᠳᠠᠮᠵᠢ ᠨᠢ ᠤᠯᠠᠮ ᠠᠴᠠ ᠤᠯᠠᠮ ᠠᠷᠪᠢᠳᠠᠵᠤ᠂ ᠬᠥᠮᠦᠰ ᠤᠨ ᠠᠵᠢᠯ ᠠᠮᠢᠲᠤᠷᠠᠯ ᠤᠨ ᠲᠠᠯ᠎ᠠ | ᠪᠦᠷᠢ ᠳᠤ ᠳᠤᠰᠠ ᠲᠦᠬᠦᠮ ᠦᠵᠡᠭᠦᠯᠬᠦ ᠪᠤᠯᠪᠠ᠃ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠠᠪᠴᠤ | ᠭᠡᠯᠡᠪᠡᠯ ᠭᠠᠷ ᠤᠲᠠᠰᠤ ᠬᠡᠷᠡᠭᠯᠡᠬᠦ ᠨᠢ ᠲᠡᠳᠡᠨ ᠳᠤ ᠤᠯᠠᠨ ᠲᠠᠯ᠎ᠠ ᠪᠠᠷ ᠳᠤᠰᠠ ᠲᠥᠭᠦᠮ ᠦᠵᠡᠭᠦᠯᠳᠡᠭ᠃ ᠭᠡᠪᠡᠴᠦ | ᠳᠤᠮᠳᠠᠳᠤ ᠰᠤᠷᠭᠠᠭᠤᠯᠢ ᠶᠢᠨ ᠰᠤᠷᠤᠭᠴᠢᠳ ᠰᠣᠨᠢᠭᠤᠴᠢ ᠰᠡᠳᠬᠢᠯᠭᠡ ᠶᠡᠬᠡᠲᠡᠢ᠂ ᠵᠠᠩ ᠴᠢᠨᠠᠷ ᠨᠢ ᠲᠤᠭᠳᠠᠪᠤᠷᠢᠵᠤ | ᠲᠡᠶᠢᠯᠦᠭᠡ ᠦᠭᠡᠢ᠂ ᠤᠶᠤᠨ ᠤᠬᠠᠭᠠᠨ ᠨᠢ ᠪᠦᠷᠢᠮᠦᠰᠦᠨ ᠪᠤᠯᠪᠠᠰᠤᠷᠠᠵᠤ ᠲᠦᠯᠦᠪᠰᠢᠭᠡᠳᠦᠢ᠂ ᠥᠪᠡᠷ ᠢ ᠪᠠᠨ | ᠡᠵᠡᠮᠳᠡᠵᠦ ᠡᠷᠭᠡᠰᠢᠶᠡᠬᠦ ᠴᠢᠳᠠᠪᠤᠷᠢ ᠨᠢ ᠬᠠᠷᠠᠬᠠᠨ ᠳᠤᠷᠤᠢ ᠪᠠᠶᠢᠳᠠᠭ ᠠᠴᠠ ᠪᠤᠯᠵᠤ᠂ ᠲᠡᠳᠡ ᠲᠤᠩ ᠬᠢᠯᠪᠠᠷᠬᠠᠨ ᠢᠶᠠᠷ | ᠮᠠᠭᠤ ᠲᠠᠯ᠎ᠠ ᠶᠢᠨ ᠪᠤᠶᠤ ᠡᠷᠡᠭᠦᠯ ᠪᠤᠰᠤ ᠵᠦᠢᠯᠡᠰ ᠤᠨ ᠥᠳᠥᠭᠡᠯᠭᠡ ᠳᠤ ᠳᠠᠲᠠᠭᠳᠠᠵᠤ᠂ ᠭᠠᠷ ᠤᠲᠠᠰᠤ ᠶᠢ | ᠪᠤᠰᠤᠳᠴᠢ ᠪᠠᠷ᠂ ᠵᠦᠢ ᠵᠤᠬᠢᠰᠲᠠᠢ ᠪᠠᠷ ᠬᠡᠷᠡᠭᠯᠡᠵᠦ ᠴᠢᠳᠠᠬᠤ ᠦᠭᠡᠢ ᠪᠠᠶᠢᠳᠠᠯ ᠭᠠᠷᠴᠤ ᠪᠤᠢ᠃ ᠲᠡᠭᠡᠪᠡᠯ ᠳᠤᠮᠳᠠᠳᠤ | ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠶᠢᠨ ᠬᠦᠷᠢᠶᠠᠨ ᠳᠤ ᠭᠠᠷ ᠤᠲᠠᠰᠤ ᠬᠡᠷᠡᠭᠯᠡᠬᠦ ᠶᠢᠨ ᠠᠰᠢᠭ ᠬᠤᠤᠷ ᠤᠨ | ᠠᠯᠢ ᠨᠢ ᠶᠡᠭᠡ ᠪᠤᠢ︖ ᠰᠤᠷᠭᠠᠭᠤᠯᠢ ᠨᠢ ᠰᠤᠷᠤᠭᠴᠢᠳ ᠤᠨ ᠰᠤᠷᠭᠠᠭᠤᠯᠢ ᠶᠢᠨ ᠬᠦᠷᠢᠶᠠᠨ ᠳᠤ ᠭᠠᠷ ᠤᠲᠠᠰᠤ | ᠬᠡᠷᠡᠭᠯᠡᠬᠦ ᠠᠰᠠᠭᠤᠳᠠᠯ ᠳᠤ ᠬᠡᠷᠬᠢᠨ ᠬᠠᠨᠳᠤᠬᠤ᠂ ᠡᠭᠦᠨ ᠢ ᠰᠤᠷᠭᠠᠭᠤᠯᠢ ᠶᠢᠨ ᠢᠶᠠᠨ ᠲᠦᠷᠢᠮ ᠲᠣᠭᠲᠠᠭᠠᠯ ᠳᠤ | ᠣᠷᠣᠭᠤᠯᠬᠤ ᠴᠢᠬᠤᠯᠠ ᠲᠠᠢ ᠤᠤ ᠥᠬᠡᠶ ᠤᠤ︖ ᠬᠡᠷᠪᠡᠵᠢᠶᠡ ᠤᠷᠤᠭᠤᠯᠬᠤ ᠴᠢᠬᠤᠯᠠ ᠲᠠᠢ ᠪᠤᠯ ᠶᠠᠭᠠᠬᠢᠵᠤ᠂ ᠶᠠᠮᠠᠷ | ᠠᠭᠤᠯᠭ᠎ᠠ ᠵᠤᠷᠪᠤᠰ ᠢᠶᠠᠷ ᠤᠷᠤᠭᠤᠯᠬᠤ ᠵᠡᠷᠭᠡ ᠨᠢ ᠴᠦᠮ ᠰᠤᠷᠭᠠᠭᠤᠯᠢ᠂ ᠪᠠᠭᠰᠢ᠂ ᠰᠤᠷᠤᠭᠴᠢ ᠪᠠ ᠭᠡᠷ ᠤᠨ | ᠠᠬᠠᠮᠠᠳ ᠤᠨ ᠬᠠᠮᠲᠤ ᠪᠠᠷ ᠪᠣᠳᠣᠯᠬᠢᠯᠠᠬᠤ ᠴᠢᠬᠤᠯᠠᠲᠠᠢ ᠠᠰᠠᠭᠤᠳᠠᠯ ᠪᠤᠯᠤᠭᠠᠳ ᠪᠤᠢ᠃ | ᠮᠠᠨ ᠤ ᠰᠤᠷᠭᠠᠭᠤᠯᠢ ᠳᠤ ᠨᠡᠶᠢᠳᠡ ᠬᠤᠶᠠᠷ ᠮᠢᠩᠭ᠎ᠠ ᠭᠠᠷᠤᠶ ᠰᠤᠷᠤᠭᠴᠢ ᠲᠠᠢ᠃ ᠡᠭᠦᠨ ᠳᠤ᠂ ᠳᠤᠮᠳᠠᠲᠤ | ᠰᠤᠷᠭᠠᠭᠤᠯᠢ ᠶᠢᠨ ᠰᠤᠷᠤᠭᠴᠢ 1000 ᠢᠯᠡᠬᠦᠦ ᠪᠤᠢ᠃ ᠲᠣᠰ ᠤᠳᠠᠭᠠᠨ ᠤ ᠪᠠᠶᠢᠴᠠᠭᠠᠯᠲᠠ ᠶᠢ ᠭᠤᠤᠯᠳᠠᠭᠤ | ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠳᠤᠮᠳᠠ ᠶᠠᠪᠤᠭᠳᠠᠭᠤᠯᠪᠠ᠃ ᠮᠠᠨ ᠤ ᠰᠤᠷᠭᠠᠭᠤᠯᠢ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠵᠠᠭᠤᠨ ᠤ ᠵᠠᠭᠤ ᠪᠠᠷ ᠪᠦᠷ ᠭᠠᠷ ᠤᠲᠠᠰᠤ ᠲᠠᠢ᠃ ᠪᠠᠶᠢᠷᠢ ᠳᠤ ᠰᠠᠭᠤᠭ᠎ᠠ | ᠰᠣᠷᠣᠭᠴᠢ ᠪᠠᠷᠤᠭ 75% ᠶᠢ ᠡᠵᠡᠯᠡᠨ᠎ᠡ᠃ ᠮᠠᠨ ᠤ ᠰᠤᠷᠭᠠᠭᠤᠯᠢ ᠨᠢ ᠰᠤᠷᠤᠭᠴᠢᠳ ᠤᠨ ᠰᠤᠷᠭᠠᠭᠤᠯᠢ ᠶᠢᠨ | ᠬᠦᠷᠢᠶᠡᠨ ᠳᠤ ᠭᠠᠷ ᠤᠲᠠᠰᠤ ᠬᠡᠷᠡᠭᠯᠡᠬᠦ ᠳᠤᠬᠠᠢ ᠴᠢᠩᠭ᠎ᠠ ᠳᠦᠷᠢᠮ ᠲᠣᠭᠲᠠᠭᠠᠯ ᠲᠠᠢ᠃ ᠰᠣᠷᠣᠭᠴᠢᠳ | ᠰᠤᠷᠭᠠᠭᠤᠯᠢ ᠳᠤ ᠪᠠᠨ ᠪᠠᠶᠢᠬᠤ ᠬᠤᠭᠤᠴᠠᠭᠠᠨ ᠳᠤ ᠴᠥᠮ ᠭᠠᠷ ᠤᠲᠠᠰᠤ ᠬᠡᠷᠡᠭᠯᠡᠵᠦ ᠪᠣᠯᠬᠤ ᠥᠬᠡᠶ ᠭᠡᠰᠡᠨ ᠴᠢᠩᠭ᠎ᠠ | ᠳᠤᠭᠲᠠᠭᠠᠯ ᠲᠠᠢ᠃ ᠡᠭᠦᠨ ᠳᠤ ᠭᠡᠷ ᠠᠴᠠ ᠪᠠᠨ ᠶᠠᠪᠤᠵᠤ ᠰᠠᠭᠤᠵᠤ ᠪᠠᠶᠢᠭ᠎ᠠ ᠰᠤᠷᠤᠭᠴᠢ᠂ ᠲᠤᠬᠠᠶᠢᠯᠠᠪᠠᠯ ᠪᠠᠶᠢᠷᠢ ᠳᠤ | ᠰᠠᠭᠤᠬᠤ ᠥᠬᠡᠶ ᠰᠣᠷᠣᠭᠴᠢ ᠭᠠᠷ ᠤᠲᠠᠰᠤ ᠪᠠᠨ ᠠᠪᠴᠤ ᠰᠤᠷᠭᠠᠭᠤᠯᠢ ᠳᠤ ᠢᠷᠡᠵᠦ ᠪᠣᠯᠤᠨ᠎ᠠ᠃ ᠭᠡᠪᠡᠴᠦ | ᠰᠤᠷᠭᠠᠭᠤᠯᠢ ᠳᠤ ᠢᠷᠡᠭᠰᠡᠨ ᠤ ᠳᠠᠷᠠᠭ᠎ᠠ᠂ ᠴᠥᠮ ᠭᠠᠷ ᠤᠲᠠᠰᠤ ᠪᠠᠨ ᠬᠠᠭᠠᠬᠤ ᠶᠢᠨ ᠬᠠᠮᠲᠤ ᠠᠩᠭᠢ ᠶᠢᠨ | ᠡᠷᠬᠢᠯᠡᠭᠴᠢ ᠳᠤ ᠪᠠᠨ ᠲᠤᠰᠢᠶᠠᠵᠤ ᠬᠠᠮᠢᠶᠠᠷᠤᠭᠤᠯᠤᠨ᠎ᠠ᠃ ᠦᠳᠡ ᠶᠢᠨ ᠬᠤᠶᠢᠨ᠎ᠠ ᠶᠢᠨ ᠬᠠᠮᠤᠭ ᠰᠡᠭᠦᠯᠴᠢ ᠶᠢᠨ | ᠬᠢᠴᠢᠶᠡᠯ ᠪᠠᠭᠤᠵᠤ ᠰᠤᠷᠭᠠᠭᠤᠯᠢ ᠳᠠᠷᠬᠠᠬᠤ ᠦᠶ᠎ᠡ ᠳᠤ ᠰᠠᠶ᠋ᠢ ᠠᠩᠭᠢ ᠶᠢᠨ ᠡᠷᠬᠢᠯᠡᠭᠴᠢ ᠠᠴᠠ ᠰᠤᠷᠤᠭᠴᠢᠳ ᠲᠤ ᠭᠠᠷ | ᠤᠲᠠᠰᠤ ᠶᠢ ᠨᠢ ᠪᠤᠴᠠᠭᠠᠵᠤ ᠦᠭᠭᠦᠨ᠎ᠡ᠃ ᠪᠠᠶᠢᠷᠢ ᠳᠤ ᠰᠠᠭᠤᠭ᠎ᠠ ᠰᠤᠷᠤᠭᠴᠢᠳ ᠨᠢ ᠰᠤᠷᠭᠠᠭᠤᠯᠢ ᠳᠤ ᠪᠠᠶᠢᠬᠤ | ᠬᠤᠭᠤᠴᠠᠭᠠᠨ ᠳᠤ ᠭᠠᠷ ᠤᠲᠠᠰᠤ ᠪᠠᠨ ᠴᠦᠮ ᠠᠩᠭᠢ ᠶᠢᠨ ᠡᠷᠬᠢᠯᠡᠭᠴᠢ ᠳᠤ ᠪᠠᠨ ᠬᠠᠳᠠᠭᠠᠯᠠᠭᠤᠯᠵᠤ᠂ ᠭᠠᠷᠠᠭ ᠤᠨ | ᠵᠢᠷᠭᠤᠭᠠᠨ ᠤ ᠦᠳᠡ ᠶᠢᠨ ᠬᠤᠶᠢᠨ᠎ᠠ ᠲᠤᠰ ᠬᠥᠮᠦᠨ ᠳᠤ ᠨᠢ ᠪᠤᠴᠠᠭᠠᠨ ᠥᠭᠴᠦ᠂ ᠭᠠᠷᠠᠭ ᠤᠨ ᠰᠡᠭᠦᠯᠴᠢ ᠳᠤ ᠨᠢᠭᠡ | ᠡᠳᠦᠷ ᠬᠡᠷᠡᠭᠯᠡᠬᠦ ᠶᠢ ᠵᠦᠪᠰᠢᠶᠡᠷᠡᠨ᠂ ᠭᠠᠷᠠᠭ ᠤᠨ ᠡᠳᠦᠷ ᠤᠨ ᠣᠷᠣᠶ ᠶᠢᠨ ᠳᠠᠪᠲᠠᠯᠭ᠎ᠠ ᠳᠤ ᠳᠠᠬᠢᠨ ᠠᠩᠭᠢ ᠶᠢᠨ | ᠡᠷᠬᠢᠯᠡᠭᠴᠢ ᠳᠤ ᠲᠤᠰᠢᠶᠠᠵᠤ ᠬᠠᠳᠠᠭᠠᠯᠠᠭᠤᠯᠤᠨ᠎ᠠ᠃ ᠬᠡᠷᠪᠡ ᠬᠡᠨ ᠨᠢᠭᠡ ᠨᠢ ᠳᠦᠷᠢᠮ ᠳᠤᠭᠳᠠᠭᠠᠯ ᠠᠴᠠ ᠵᠦᠷᠢᠴᠡᠪᠡᠯ᠂ | ᠭᠠᠷ ᠤᠲᠠᠰᠤ ᠶᠢ ᠨᠢ ᠳᠠᠷᠦ᠋ᠢᠬᠠᠨ ᠬᠤᠷᠢᠶᠠᠨ ᠠᠪᠬᠤ ᠶᠢᠨ ᠬᠠᠮᠲᠤ ᠵᠣᠬᠢᠬᠤ ᠰᠢᠢᠳᠬᠡᠯ ᠤᠯᠭᠤᠨ᠎ᠠ᠃ ᠡᠨᠡ ᠪᠤᠯ | ᠤᠳᠤᠬᠠᠨ ᠳᠤ ᠪᠠᠨ ᠮᠠᠨ ᠤ ᠰᠤᠷᠭᠠᠭᠤᠯᠢ ᠶᠢᠨ ᠠᠪᠴᠤ ᠪᠠᠶᠢᠭ᠎ᠠ ᠭᠤᠤᠯ ᠠᠷᠭ᠎ᠠ ᠪᠤᠯᠬᠤ ᠶᠤᠮ᠃ ᠬᠡᠳᠦ᠋ᠢᠪᠡᠷ | ᠰᠤᠷᠭᠠᠭᠤᠯᠢ ᠳᠤ ᠪᠠᠨ ᠭᠠᠷ ᠤᠲᠠᠰᠤ ᠬᠡᠷᠡᠭᠯᠡᠵᠦ ᠪᠣᠯᠬᠤ ᠦᠭᠡᠢ ᠭᠡᠰᠡᠨ ᠲᠣᠳᠣᠷᠬᠠᠶ ᠲᠣᠭᠲᠠᠭᠠᠯ ᠲᠠᠢ ᠪᠤᠯᠪᠠᠴᠤ ᠭᠠᠷ | ᠤᠲᠠᠰᠤ ᠶᠢ ᠨᠢᠭᠤᠵᠦ ︵ᠨᠢᠭᠤᠴᠠ ᠪᠠᠷ︶ ᠬᠡᠷᠡᠭᠯᠡᠬᠦ᠂ ᠴᠠᠭᠠᠰᠢᠯᠠᠪᠠᠯ ᠨᠢᠭᠡ ᠬᠥᠮᠦᠨ ᠬᠤᠶᠠᠷ ᠭᠠᠷ ᠤᠲᠠᠰᠤ | ᠠᠪᠴᠢᠷᠠᠵᠤ ᠨᠢᠭᠡ ᠶᠢ ᠨᠢ ᠲᠤᠰᠢᠶᠠᠵᠤ ᠨᠢᠭᠡ ᠶᠢ ᠨᠢ ᠦᠯᠡᠳᠡᠭᠡᠵᠦ ᠵᠠᠷᠤᠬᠤ ᠵᠡᠷᠭᠡ ᠶᠠᠪᠤᠳᠠᠯ ᠤᠳᠠᠭ᠎ᠠ ᠳᠠᠷᠠᠭᠠᠯᠠᠨ | ᠭᠠᠷᠴᠤ ᠪᠤᠢ᠃ ᠰᠤᠷᠤᠭᠴᠢᠳ ᠤᠨ ᠭᠠᠷ ᠤᠲᠠᠰᠤ ᠬᠡᠷᠡᠭᠯᠡᠬᠦ ᠠᠰᠠᠭᠤᠳᠠᠯ ᠠᠴᠠ ᠪᠣᠯᠵᠣ ᠰᠤᠷᠭᠠᠭᠤᠯᠢ ᠶᠢᠨ ᠬᠠᠮᠢᠶ᠎ᠠ | ᠪᠥᠬᠦᠶ ᠬᠠᠮᠢᠶᠠᠷᠤᠯᠲᠠ ᠶᠢᠨ ᠪᠠᠭᠰᠢ ᠪᠣᠯᠤᠨ ᠰᠣᠷᠣᠭᠴᠢ ᠶᠢᠨ ᠳᠤᠮᠲᠠ ᠴᠤ ᠦᠷᠭᠦᠯᠵᠢ ᠡᠯᠳᠡᠪ ᠵᠦᠢᠯ ᠤᠨ ᠵᠦᠷᠢᠴᠡᠯ | ᠮᠦᠷᠭᠦᠯᠳᠦᠭᠡᠨ ᠡᠭᠦᠰᠳᠡᠭ᠃ ᠡᠨᠡ ᠪᠤᠯ ᠰᠤᠷᠤᠭᠴᠢᠳ ᠤᠨ ᠭᠠᠷ ᠤᠲᠠᠰᠤ ᠬᠡᠷᠡᠭᠯᠡᠬᠦ ᠲᠠᠯ᠎ᠠ ᠪᠠᠷ ᠨᠡᠶᠢᠳᠡᠮ | ᠤᠷᠤᠰᠢᠵᠤ ᠪᠠᠶᠢᠭ᠎ᠠ ᠠᠰᠠᠭᠤᠳᠠᠯ ᠪᠤᠯᠤᠨ᠎ᠠ᠃ ᠪᠠᠶᠢᠴᠠᠭᠠᠯᠲᠠ ᠪᠠᠷ ᠳᠡᠮᠵᠢᠨ᠂ ᠳᠤᠮᠳᠠᠳᠤ ᠰᠤᠷᠭᠠᠭᠤᠯᠢ ᠶᠢᠨ | ᠰᠤᠷᠤᠭᠴᠢᠳ ᠰᠤᠷᠭᠠᠭᠤᠯᠢ ᠶᠢᠨ ᠬᠦᠷᠢᠶᠠᠨ ᠳᠤ ᠭᠠᠷ ᠤᠲᠠᠰᠤ ᠬᠡᠷᠡᠭᠯᠡᠬᠦ ᠨᠢ ᠳᠤᠤᠷᠠᠬᠢ ᠬᠡᠳᠦᠨ ᠲᠠᠯ᠎ᠠ ᠶᠢᠨ | ᠠᠰᠢᠭᠲᠠᠢ ᠲᠠᠯ᠎ᠠ ᠪᠣᠯᠤᠨ ᠨᠠᠵᠠᠭᠠᠢ ᠲᠠᠯ᠎ᠠ ᠪᠠᠶᠢᠳᠠᠬ᠃ | ᠨᠢᠭᠡ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠭᠠᠷ ᠤᠲᠠᠰᠤ ᠬᠡᠷᠡᠭᠯᠡᠬᠦ ᠶᠢᠨ ᠠᠰᠢᠭᠲᠠᠢ ᠲᠠᠯ᠎ᠠ | ᠭᠠᠷ ᠤᠲᠠᠰᠤᠨ ᠤ ᠴᠢᠮᠡᠭᠡ ᠲᠠᠮᠵᠢᠭᠤᠯᠭ᠎ᠠ ᠪᠤᠯᠤᠨ ᠨᠡᠶᠢᠭᠡᠮ ᠤᠨ ᠬᠠᠷᠢᠯᠴᠠᠭᠠᠨ ᠤ ᠲᠤᠬᠠᠢ ᠤᠯᠠᠨ | ᠴᠢᠳᠠᠮᠵᠢ ᠨᠢ ᠰᠤᠷᠤᠭᠴᠢᠳ ᠤᠨ ᠨᠡᠶᠢᠭᠡᠮ ᠤᠨ ᠬᠠᠷᠢᠯᠴᠠᠭᠠᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ | ᠠᠰᠢᠭᠲᠠᠢ᠃ ᠥᠰᠪᠦᠷᠢ ᠦᠶ᠎ᠡ ᠶᠢᠨ ᠵᠠᠯᠠᠭᠤ ᠪᠠᠭᠠᠴᠤᠳ ︵ᠰᠤᠷᠤᠭᠴᠢᠳ︶ ᠡᠯ᠎ᠡ ᠵᠦᠢᠯ ᠤᠨ ᠬᠠᠷᠢᠯᠴᠠᠭ᠎ᠠ | ᠬᠤᠯᠪᠤᠭ᠎ᠠ ᠪᠠᠷ ᠳᠠᠮᠵᠢᠨ᠂ ᠭᠡᠷ ᠤᠨ ᠬᠦᠮᠦᠰ ᠪᠤᠶᠤ ᠪᠠᠭᠰᠢ᠂ ᠨᠠᠶᠢᠵᠢ ᠨᠦᠬᠦᠳ ᠲᠠᠢ ᠪᠠᠨ ᠳᠣᠲᠣᠨᠣ ᠬᠠᠷᠢᠴᠠᠭ᠎ᠠ ᠶᠢ | ᠪᠠᠶᠢᠭᠤᠯᠬᠤ ᠪᠠ ᠡᠨᠡᠬᠦ ᠪᠠᠶᠢᠭᠤᠯᠤᠭᠰᠠᠨ ᠬᠠᠷᠢᠴᠠᠭ᠎ᠠ ᠪᠠᠨ ᠬᠠᠮᠠᠭᠠᠯᠠᠵᠤ ᠪᠠᠬᠢᠵᠢᠭᠦᠯᠬᠦ ᠴᠢᠩᠭ᠎ᠠ ᠬᠦᠰᠡᠯ ᠵᠤᠷᠢᠯᠭ᠎ᠠ ᠲᠠᠢ | ᠪᠠᠶᠢᠳᠠᠭ᠃ ᠭᠠᠷ ᠤᠲᠠᠰᠤ ᠪᠤᠯ ᠤᠳᠤᠬᠢ ᠨᠡᠶᠢᠭᠡᠮ ᠨᠡᠶᠢᠳᠡ ᠶᠢᠨ ᠬᠠᠷᠢᠯᠴᠠᠭᠠᠨ ᠳᠤ ᠬᠢ ᠬᠠᠮᠤᠭ ᠤᠨ ᠳᠥᠭᠦᠮ | ᠳᠥᠲᠡ ᠬᠠᠷᠢᠯᠴᠠᠭ᠎ᠠ ᠬᠤᠯᠪᠤᠭᠠᠨ ᠤ ᠪᠠᠭᠠᠵᠢ ᠪᠤᠯᠬᠤᠷ ᠲᠡᠷᠡ ᠨᠢ ᠲᠡᠳᠡᠨ ᠤ ᠭᠡᠷ ᠤᠨ ᠬᠥᠮᠦᠰ ᠪᠤᠶᠤ ᠨᠠᠶᠢᠵᠢ | ᠨᠦᠬᠦᠳ ᠤᠨ ᠢᠶᠠᠨ ᠬᠤᠭᠤᠷᠤᠨᠳᠤᠬᠢ ᠬᠠᠶᠢᠷ᠎ᠠ ᠰᠡᠳᠬᠢᠯᠭᠡ ᠪᠠ ᠨᠥᠬᠦᠷᠯᠡᠯ ᠢ ᠠᠬᠢᠭᠤᠯᠬᠤ ᠳᠤ ᠳᠤᠬᠢᠷᠠᠬᠤ | ᠬᠠᠮᠤᠭ ᠤᠨ ᠳᠦᠭᠦᠮ ᠲᠦᠲᠡ ᠪᠠᠭᠠᠵᠢ ᠬᠡᠷᠡᠭᠯᠡᠭᠦᠷ ᠪᠤᠯᠵᠠᠢ᠃ ᠲᠠᠬᠢᠭᠠᠳ ᠬᠡᠯᠡᠪᠡᠯ᠂ ᠭᠠᠷ ᠤᠲᠠᠰᠤ ᠨᠢ ᠥᠰᠥᠭ | ᠪᠢᠴᠢᠭ᠂ ᠵᠢᠷᠤᠭ ᠳᠦᠷᠰᠦ᠂ ᠸᠢᠳᠢᠣ᠋ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠨᠡᠪᠲᠡᠷᠡᠯᠴᠡᠵᠦ ᠪᠤᠯᠬᠤ | ᠬᠠᠷᠢᠯᠴᠠᠭᠠᠨ ᠤ ᠴᠢᠳᠠᠮᠵᠢ ᠲᠠᠢ ᠪᠠᠭᠠᠵᠢ ᠬᠡᠷᠡᠭᠯᠡᠭᠦᠷ ᠪᠠᠶᠢᠭ᠎ᠠ ᠤᠴᠢᠷ ᠠᠴᠠ ᠳᠡᠭᠦᠨ ᠤ ᠨᠦᠯᠦᠭᠡᠯᠡᠬᠦ ᠪᠤᠶᠤ ᠳᠠᠲᠠᠬᠤ | ᠬᠦᠴᠦ ᠨᠢ ᠳᠦᠢᠯ ᠤᠨ ᠶᠡᠭᠡ ᠪᠠᠶᠢᠳᠠᠬ᠃ ᠡᠭᠦᠨ ᠢ ᠬᠡᠨ ᠴᠤ ᠦᠭᠡᠶᠢᠰᠬᠡᠵᠦ ᠴᠢᠳᠠᠬᠤ ᠥᠬᠡᠶ᠃ ᠲᠡᠷᠡᠴᠢᠯᠡᠨ ᠭᠠᠷ | ᠤᠲᠠᠰᠤ ᠦᠭᠡᠢ ᠪᠤᠯ ᠬᠦᠮᠦᠰ ᠭᠠᠳᠠᠨᠠᠬᠢ ᠶᠢᠷᠳᠢᠨᠴᠤ ᠲᠠᠢ ᠬᠠᠷᠢᠯᠴᠠᠵᠤ ᠲᠡᠶᠢᠯᠬᠦ ᠦᠬᠡᠢ ᠬᠡᠮᠡᠷ ᠪᠤᠯᠴᠢᠬᠠᠵᠠᠢ᠃ | ᠡᠨᠡ ᠨᠢ ᠬᠥᠮᠦᠰ ᠤᠨ ᠬᠠᠷᠢᠯᠴᠠᠭᠠᠨ ᠤ ᠶᠠᠪᠤᠴᠠ ᠳᠤ ᠭᠠᠷ ᠤᠲᠠᠰᠤ ᠮᠠᠰᠢ ᠴᠢᠬᠤᠯᠠ ᠪᠠᠶᠢᠷᠢ ᠰᠠᠭᠤᠷᠢ ᠪᠤᠶᠤ ᠠᠰᠢᠭ | ᠦᠢᠯᠡᠳᠦᠯ ᠢ ᠦᠵᠡᠭᠦᠯᠵᠦ ᠪᠠᠶᠢᠭ᠎ᠠ ᠭᠡᠰᠡᠨ ᠢ ᠬᠠᠷᠠᠭᠤᠯᠵᠤ ᠪᠠᠶᠢᠭ᠎ᠠ ᠶᠤᠮ᠃ ᠮᠠᠨ ᠤ ᠰᠤᠷᠭᠠᠭᠤᠯᠢ ᠪᠠᠷ | ᠵᠢᠱᠢᠶᠡᠯᠡᠬᠦ ᠳᠤ᠂ ᠪᠠᠶᠢᠷᠢ ᠶᠢᠨ ᠰᠤᠷᠤᠭᠴᠢ ᠮᠠᠰᠢ ᠣᠯᠠᠨ᠃ ᠨᠢᠭᠡ ᠲᠠᠯ᠎ᠠ ᠪᠠᠷ ᠴᠥᠭᠡᠨ ᠪᠤᠰᠤ ᠰᠣᠷᠣᠭᠴᠢ ᠨᠢᠭᠡ | ᠭᠠᠷᠠᠭ᠂ ᠨᠢᠭᠡ ᠰᠠᠷ᠎ᠠ ᠴᠠᠭᠠᠰᠢᠯᠠᠪᠠᠯ ᠨᠢᠭᠡ ᠰᠤᠷᠤᠯᠭ᠎ᠠ ᠶᠢᠨ ᠬᠤᠭᠤᠴᠠᠭ᠎ᠠ ᠪᠣᠯᠪᠠᠯ ᠰᠠᠶ᠋ᠢ ᠬᠡᠷ ᠲᠤ ᠪᠠᠨ ᠬᠠᠷᠢᠬᠤ | ᠪᠤᠶᠤ ᠡᠵᠢ ᠠᠪᠤ ᠲᠠᠢ ᠪᠠᠨ ᠠᠭᠤᠯᠵᠠᠨ᠎ᠠ᠃ ᠰᠤᠷᠤᠭᠴᠢᠳ ᠡᠶᠢᠮᠦ ᠤᠷᠲᠤ ᠬᠤᠭᠤᠴᠠᠭ᠎ᠠ ᠪᠠᠷ ᠭᠡᠷ ᠤᠨ | ᠭᠦᠮᠦᠰ ᠲᠠᠢ ᠪᠠᠨ ᠤᠯᠵᠣ ᠠᠭᠤᠯᠵᠠᠬᠤ ᠦᠭᠡᠢ ᠲᠤᠯᠠ ᠰᠠᠨᠠᠵᠤ ᠲᠤᠷᠠᠰᠬᠤ ᠨᠢ ᠶᠠᠷᠢᠶᠠᠨ ᠥᠬᠡᠶ᠃ ᠡᠨᠡ ᠦᠶ᠎ᠡ ᠳᠤ | ᠬᠡᠷᠪᠡ ᠰᠤᠷᠤᠭᠴᠢᠳ ᠭᠠᠷ ᠤᠲᠠᠰᠤ ᠪᠠᠷ ᠭᠡᠷ ᠤᠨ ᠭᠦᠮᠦᠰ ᠲᠠᠢ ᠪᠠᠨ ᠬᠤᠯᠪᠤᠭ᠎ᠠ ᠪᠠᠷᠢᠵᠤ ᠪᠤᠳᠤᠯ ᠰᠡᠳᠬᠢᠯᠭᠡ ᠪᠠᠨ | ᠰᠤᠯᠢᠯᠴᠠᠪᠠᠯ ᠬᠡᠷ ᠢᠶᠠᠨ ᠰᠠᠨᠠᠬᠤ ᠰᠡᠳᠬᠢᠯᠭᠡ ᠪᠠᠨ ᠨᠠᠮᠳᠠᠭᠤᠯᠬᠤ ᠶᠢᠨ ᠬᠠᠮᠲᠤ ᠪᠠᠰᠠ ᠥᠪᠠᠷ ᠤᠨ ᠢᠶᠠᠨ ᠰᠤᠷᠤᠯᠭ᠎ᠠ | ᠠᠮᠢᠳᠤᠷᠠᠯ ᠤᠨ ᠪᠠᠶᠢᠳᠠᠯ ᠢ ᠴᠠᠭ ᠲᠤᠬᠠᠶ ᠳᠤ ᠨᠢ ᠭᠡᠷ ᠤᠨ ᠭᠦᠮᠦᠰ ᠲᠤ ᠪᠠᠨ ᠮᠡᠳᠡᠭᠦᠯᠵᠦ ᠤᠶᠢᠯᠠᠭᠠᠭᠤᠯᠵᠤ | ᠴᠢᠲᠠᠨ᠎ᠠ᠃ ᠨᠥᠭᠦᠭᠡ ᠲᠠᠯ᠎ᠠ ᠪᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠭᠠᠷ ᠤᠲᠠᠰᠤ ᠪᠠᠷ ᠨᠠᠶᠢᠵᠠ | ᠨᠦᠬᠦᠳ ᠲᠠᠢ ᠪᠠᠨ ᠬᠠᠷᠢᠯᠴᠠᠵᠤ ᠶᠠᠷᠢᠯᠴᠠᠵᠤ ᠨᠥᠬᠦᠷᠯᠡᠯ ᠢᠶᠠᠨ ᠵᠤᠵᠠᠭᠠᠳᠬᠠᠵᠤ ᠪᠣᠯᠤᠨ᠎ᠠ᠃ ᠮᠠᠳᠠᠭ ᠲᠠᠢ | ᠠᠰᠠᠭᠤᠳᠠᠯ ᠲᠣᠬᠢᠶᠠᠯᠳᠤᠪᠠᠯ ᠭᠠᠷ ᠤᠲᠠᠰᠤ ᠪᠠᠷ ᠶᠠᠷᠢᠯᠴᠠᠵᠤ᠂ ᠰᠠᠨᠠᠯ ᠢᠶᠠᠨ ᠰᠤᠯᠢᠯᠴᠠᠵᠤ ᠴᠤ ᠪᠣᠯᠤᠨ᠎ᠠ᠃ ᠪᠠᠰᠠ | ᠪᠠᠭᠰᠢ ᠲᠠᠢ ᠪᠠᠨ ᠢᠯᠡᠭᠦᠦ ᠬᠠᠷᠢᠯᠴᠠᠵᠤ ᠪᠠᠭᠰᠢ ᠰᠤᠷᠤᠭᠴᠢᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠪᠠᠨ | ᠨᠡᠮᠡᠭᠳᠡᠭᠦᠯᠵᠦ ᠪᠣᠯᠤᠨ᠎ᠠ᠃ ᠡᠲᠡᠭᠡᠷ ᠨᠢ ᠴᠥᠮ ᠰᠤᠷᠤᠭᠴᠢᠳ ᠤᠨ ᠦᠰᠦᠨ ᠪᠤᠶᠢᠵᠢᠬᠤ ᠳᠤ ᠠᠰᠢᠭᠲᠠᠶ ᠶᠤᠮ᠃ | ᠨᠡᠶᠢᠭᠡᠮ ᠤᠨ ᠬᠠᠷᠢᠯᠴᠠᠭᠠᠨ ᠤ ᠴᠢᠳᠠᠮᠵᠢ ᠠᠴᠠ ᠭᠠᠳᠠᠨ᠎ᠠ᠂ ᠭᠠᠷ ᠤᠲᠠᠰᠤᠨ ᠤ ᠵᠤᠭ᠎ᠠ ᠴᠡᠩᠭᠡᠯ ᠤᠨ ᠴᠢᠳᠠᠮᠵᠢ᠂ | ᠵᠢᠱᠢᠶᠡᠯᠡᠪᠡᠯ᠂ ᠰᠡᠭᠦᠳᠡᠷ ᠳᠦᠷᠰᠦ ᠰᠢᠩᠭᠡᠭᠡᠯᠲᠡ᠂ ᠳᠠᠭᠤᠤ ᠬᠥᠭᠵᠢᠮ᠂ ᠵᠤᠭ᠎ᠠ ᠴᠡᠩᠭᠡᠯ ᠤᠨ ᠲᠣᠭᠯᠠᠭᠠᠮ ᠵᠡᠷᠭᠡ | ᠵᠥᠭᠡᠯᠡᠨ ᠲᠣᠨᠤᠭ ᠨᠢ ᠴᠤ ᠰᠤᠷᠤᠭᠴᠢᠳ ᠲᠤ ᠤᠷᠮ᠎ᠠ ᠰᠡᠳᠬᠢᠯᠭᠡ ᠪᠠᠨ ᠵᠤᠬᠢᠴᠠᠭᠤᠯᠬᠤ ᠵᠠᠪᠰᠢᠶᠠᠨ ᠲᠤᠬᠢᠶᠠᠯ ᠢ | ᠬᠠᠩᠭᠠᠵᠤ᠂ ᠵᠣᠬᠢᠬᠤ ᠬᠡᠮᠵᠢᠶᠡᠨ ᠳᠡᠭᠡᠷ᠎ᠡ ᠰᠤᠷᠤᠭᠴᠢᠳ ᠤᠨ ᠰᠤᠷᠤᠯᠴᠠᠯᠭ᠎ᠠ ᠶᠢᠨ ᠳᠠᠷᠤᠯᠲᠠ ᠶᠢ ᠬᠥᠩᠭᠡᠷᠡᠭᠦᠯᠵᠦ | ᠴᠢᠳᠠᠨ᠎ᠠ᠃ ᠰᠤᠷᠤᠯᠴᠠᠬᠤ ᠲᠠᠯ᠎ᠠ ᠪᠠᠷ ᠠᠪᠴᠤ ᠦᠵᠡᠪᠡᠯ᠂ ᠭᠠᠷ ᠤᠲᠠᠰᠤ ᠪᠠᠷ ᠳᠠᠮᠵᠢᠭᠤᠯᠤᠨ ᠰᠤᠷᠤᠯᠴᠠᠬᠤ | ᠵᠥᠭᠡᠯᠡᠨ ᠲᠣᠨᠤᠭ ᠡᠷᠢᠬᠦ᠂ ᠰᠣᠨᠢᠨ ᠮᠡᠳᠡᠭᠡᠨ ᠤ ᠵᠥᠭᠡᠯᠡᠨ ᠲᠣᠨᠤᠭ ᠢ ᠬᠡᠷᠡᠭᠯᠡᠬᠦ ᠨᠢ ᠴᠤ ᠠᠰᠢᠭᠲᠠᠢ ᠪᠠᠷ ᠪᠠᠷᠠᠬᠤ | ᠦᠭᠡᠢ ᠲᠡᠳᠡᠨ ᠳᠤ ᠬᠢᠴᠢᠶᠡᠯ ᠤᠨ ᠭᠠᠳᠠᠨᠠᠬᠢ ᠮᠡᠳᠡᠭᠡ ᠵᠠᠩᠭᠢ ᠶᠢ ᠴᠠᠭ ᠲᠤᠬᠠᠶ ᠳᠤ ᠨᠢ ᠡᠵᠡᠮᠰᠢᠭᠦᠯᠵᠦ᠂ ᠲᠡᠳᠡᠨ ᠤ | ᠰᠤᠷᠤᠯᠴᠠᠬᠤ ᠬᠡᠷᠡᠭᠴᠡᠭᠡ ᠶᠢ ᠬᠠᠩᠭᠠᠵᠤ᠂ ᠪᠣᠳᠠᠲᠤ ᠬᠡᠷᠡᠭ ᠢ ᠤᠶᠢᠯᠠᠭᠠᠭᠤᠯᠤᠨ᠂ ᠰᠢᠨ᠎ᠡ ᠮᠡᠳᠡᠯᠭᠡ ᠶᠢ | ᠨᠡᠮᠡᠭᠳᠡᠭᠦᠯᠦᠨ᠂ ᠬᠠᠷᠠᠭ᠎ᠠ ᠶᠢ ᠨᠢ ᠦᠷᠭᠡᠳᠬᠡᠬᠦ ᠳᠤ ᠠᠰᠢᠭᠲᠠᠢ᠃ | ᠬᠤᠶᠠᠷ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠭᠠᠷ ᠤᠲᠠᠰᠤ ᠬᠡᠷᠡᠭᠯᠡᠬᠦ ᠶᠢᠨ ᠨᠠᠵᠠᠭᠠᠢ ᠲᠠᠯ᠎ᠠ | 1. ᠰᠤᠷᠤᠭᠴᠢᠳ ᠤᠨ ᠦᠪᠡᠷ ᠢ ᠪᠠᠨ ᠡᠵᠡᠮᠳᠡᠵᠦ ᠡᠷᠭᠡᠰᠢᠶᠡᠬᠦ ᠴᠢᠳᠠᠪᠤᠷᠢ ᠶᠢ ᠬᠦᠮᠦᠵᠢᠭᠦᠯᠵᠦ ᠪᠤᠢ | ᠪᠤᠯᠭᠠᠬᠤ ᠳᠤ ᠠᠰᠢᠭ ᠦᠭᠡᠢ᠃ | ᠰᠤᠷᠭᠠᠭᠤᠯᠢ ᠳᠤ ᠭᠠᠷ ᠤᠲᠠᠰᠤ ᠬᠡᠷᠡᠭᠯᠡᠬᠦ ᠶᠢ ᠵᠤᠬᠢᠰᠲᠠᠢ ᠬᠤᠷᠢᠭᠯᠠᠵᠤ ᠬᠢᠵᠠᠭᠠᠷᠯᠠᠬᠤ ᠦᠭᠡᠢ ᠪᠤᠯ᠂ | ᠰᠤᠷᠤᠭᠴᠢᠳ ᠭᠠᠷ ᠤᠳᠠᠰᠤᠨ ᠳᠤ ᠪᠠᠨ ᠭᠡᠳᠤᠷᠭᠡᠢ ᠰᠢᠨᠤᠬᠤ ᠪᠤᠶᠤ ᠠᠯᠢᠪᠠ ᠪᠦᠬᠦᠨ ᠢ ᠭᠠᠷ ᠤᠲᠠᠰᠤᠨ ᠳᠤ | ᠨᠠᠶᠢᠳᠠᠵᠤ᠂ ᠭᠠᠷ ᠤᠳᠠᠰᠤᠨ ᠤ ᠰᠢᠨᠤᠯ ᠲᠠᠢ ᠪᠤᠯᠴᠢᠬᠠᠳᠠᠭ᠃ ᠨᠠᠷᠢᠨ ᠠᠵᠢᠭᠯᠠᠯᠲᠠ ᠬᠢᠪᠡᠯ᠂ ᠤᠯᠠᠩᠬᠢ | ᠰᠤᠷᠤᠭᠴᠢᠳ ︽ᠰᠤᠷᠭᠠᠭᠤᠯᠢ ᠳᠤ ᠭᠠᠷ ᠤᠲᠠᠰᠤ ᠬᠡᠷᠡᠭᠯᠡᠬᠦ ᠨᠢ ᠭᠠᠭᠴᠠ ᠰᠤᠷᠤᠯᠴᠠᠯᠭ᠎ᠠ ᠳᠤ ᠠᠰᠢᠭᠯᠠᠬᠤ ᠯᠠ | ᠲᠠᠳᠤᠢ ᠪᠢᠰᠢ᠂ ᠦᠭᠡᠷ᠎ᠡ ᠪᠠᠰᠠ ᠤᠯᠠᠨ ᠲᠠᠯ᠎ᠠ ᠶᠢᠨ ᠦᠢᠯᠡᠳᠦᠯ ᠬᠡᠷᠡᠭᠴᠡᠭᠡ ᠪᠤᠢ᠃ ᠡᠭᠦᠨ ᠢ ᠰᠤᠷᠭᠠᠭᠤᠯᠢ ᠠᠴᠠ | ᠭᠡᠳᠤᠷᠭᠡᠢ ᠬᠠᠰᠢᠨ ᠬᠤᠷᠢᠭᠯᠠᠵᠤ ᠪᠤᠢ︾ ᠭᠡᠵᠦ ᠦᠵᠡᠳᠡᠭ᠃ ᠲᠠᠷᠠᠴᠢᠯᠡᠨ ︽ᠭᠠᠷ ᠤᠳᠠᠰᠤ ᠶᠢ ᠬᠡᠷᠡᠭᠯᠡᠭᠦᠯᠦᠭᠰᠡᠨ | ᠦᠭᠡᠢ ᠪᠤᠶᠤ ᠬᠠᠩᠭᠠᠮᠵᠢ ᠲᠠᠢ ᠬᠡᠷᠡᠭᠯᠡᠭᠦᠯᠦᠭᠰᠡᠨ ᠦᠭᠡᠢ︾᠂ ︽ᠭᠠᠷ ᠤᠳᠠᠰᠤ ᠶᠢ ᠬᠡᠷᠡᠭᠯᠡᠭᠦᠯᠦᠭᠰᠡᠨ ᠦᠭᠡᠢ ᠪᠤᠶᠤ | ᠬᠠᠩᠭᠠᠮᠵᠢ ᠲᠠᠢ ᠬᠡᠷᠡᠭᠯᠡᠭᠦᠯᠦᠭᠰᠡᠨ ᠦᠭᠡᠢ ᠠᠴᠠ ᠪᠤᠯᠵᠤ ᠤᠯᠠᠨ ᠶᠠᠭᠤᠮ᠎ᠠ ᠶᠢ ᠬᠢᠵᠦ ᠪᠦᠲᠦᠭᠡᠵᠦ ᠠᠮᠵᠢᠭᠰᠠᠨ | ᠦᠭᠡᠢ᠂ ᠴᠢᠳᠠᠭᠰᠠᠨ ᠦᠭᠡᠢ︾ ᠭᠡᠵᠦ ᠴᠤ ᠪᠤᠳᠤᠵᠤ ᠰᠡᠳᠬᠢᠵᠦ ᠠᠭᠤᠷᠯᠠᠵᠤ ᠤᠴᠠᠭᠠᠷᠳᠠᠳᠠᠭ᠃ ᠡᠭᠦᠨ ᠠᠴᠠ | ᠪᠤᠯᠵᠤ᠂ ᠲᠡᠳᠡᠨ ᠤ ᠠᠩᠬᠠᠷᠤᠯ ᠨᠢ ᠰᠤᠷᠤᠯᠭ᠎ᠠ ᠬᠢᠴᠢᠶᠡᠯ ᠳᠤ ᠲᠦᠪᠯᠡᠷᠡᠭᠦ ᠦᠭᠡᠢ᠂ ᠡᠰᠡᠨ ᠪᠤᠰᠤᠨ ᠶᠠᠭᠤᠮ᠎ᠠ | ᠪᠤᠳᠤᠵᠤ ᠰᠡᠳᠬᠢᠵᠦ ᠡᠮᠬᠢ ᠵᠠᠮᠪᠠᠷᠠᠭ᠎ᠠ ᠪᠠᠨ ᠠᠯᠳᠠᠵᠤ ᠡᠭᠡᠷᠡᠵᠦ ᠰᠠᠭᠠᠷᠠᠭᠠᠳ ᠶᠠᠪᠤᠴᠢᠬᠠᠳᠠᠭ᠃ ᠡᠨᠡ ᠨᠢ ᠡᠷᠭᠢᠭᠡᠳ | ᠡᠯ᠎ᠡ ᠲᠠᠯ᠎ᠠ ᠶᠢᠨ ᠴᠢᠳᠠᠪᠤᠷᠢ ᠰᠡᠳᠬᠢᠴᠡ ᠳᠤ ᠨᠢ ᠬᠠᠷᠰᠢ ᠰᠠᠭᠠᠳ ᠪᠤᠯᠵᠤ᠂ ᠴᠠᠭᠠᠰᠢᠯᠠᠨ ᠦᠪᠡᠷ ᠢ ᠪᠠᠨ ᠦᠪᠡᠷ ᠢᠶᠠᠨ | ᠡᠵᠡᠮᠳᠡᠵᠦ ᠡᠷᠭᠡᠰᠢᠶᠡᠬᠦ ᠵᠠᠩ ᠰᠡᠳᠬᠢᠴᠡ᠂ ᠲᠠᠳᠬᠠᠯ᠂ ᠴᠢᠳᠠᠪᠤᠷᠢ ᠶᠢᠨ ᠬᠢᠨᠢ ᠪᠤᠯᠪᠠᠰᠤᠷᠠᠯ ᠲᠦᠯᠦᠪᠵᠢᠯ ᠢ ᠰᠢᠭᠤᠳ | ᠨᠦᠯᠦᠭᠡᠯᠡᠵᠦ ᠬᠠᠷᠰᠢᠯᠠᠳᠠᠭ᠃ ᠤᠯᠠᠩᠬᠢ ᠰᠤᠷᠤᠭᠴᠢᠳ ᠭᠠᠷ ᠤᠲᠠᠰᠤᠨ ᠤ ᠦᠨᠡᠨ ᠭᠦ ᠦᠢᠯᠡᠳᠦᠯ ᠬᠡᠷᠡᠭᠴᠡᠭᠡ ᠶᠢ | ᠪᠦᠷᠢᠨ ᠭᠦᠢᠴᠡᠳ ᠤᠶᠢᠯᠠᠭᠠᠭᠠ ᠦᠭᠡᠢ᠂ ᠬᠠᠷᠢᠨ ᠭᠠᠷ ᠤᠲᠠᠰᠤᠨ ᠤ ᠪᠤᠰᠤᠳ ᠴᠢᠳᠠᠮᠵᠢ ᠳᠤ ᠲᠠᠲᠠᠭᠳᠠᠨ᠂ ᠭᠠᠷ | ᠤᠲᠠᠰᠤ ᠪᠠᠷ ᠨᠠᠭᠠᠳᠴᠤ ᠲᠤᠭᠯᠠᠬᠤ ᠶᠢ ᠯᠡ ᠡᠷᠬᠢᠮ ᠪᠤᠯᠭᠠᠵᠤ ᠪᠤᠢ᠃ ᠤᠯᠠᠩᠬᠢ ᠰᠤᠷᠤᠭᠴᠢ ᠨᠠᠭᠠᠳᠬᠤ ᠪᠠᠷ | ᠵᠤᠷᠢᠯᠭ᠎ᠠ ᠪᠤᠯᠭᠠᠵᠤ᠂ ᠵᠢᠩᠬᠢᠨᠢ ᠦᠨ᠎ᠡ ᠦᠷᠲᠡᠭ ᠪᠦᠬᠦᠢ ᠴᠢᠮᠡᠭᠡ ᠨᠡᠪᠲᠡᠷᠡᠯᠭᠡ ᠪᠤᠶᠤ ᠰᠤᠷᠠᠭ ᠵᠠᠩᠬᠢ ᠶᠢᠨ | ᠴᠢᠳᠠᠪᠬᠢ ᠶᠢ ᠨᠢ ᠠᠰᠢᠭᠯᠠᠵᠤ ᠭᠡᠷᠡᠭᠯᠡᠭᠦ ᠪᠠᠷ ᠮᠠᠰᠢ ᠠᠨᠠᠢ ᠪᠠᠶᠢᠳᠠᠭ᠃ ᠥᠭᠡᠷ᠎ᠡ ᠪᠠᠷ ᠬᠡᠯᠡᠪᠡᠯ᠂ ᠰᠤᠷᠤᠯᠴᠠᠯᠭ᠎ᠠ᠂ | ᠬᠢᠴᠢᠶᠡᠯᠯᠡᠭᠡ᠂ ᠪᠤᠯᠪᠠᠰᠤᠷᠠᠯ᠂ ᠲᠠᠰᠬᠠᠯ ᠳᠤ ᠪᠠᠨ ᠠᠰᠢᠭᠯᠠᠬᠤ ᠨᠢ ᠲᠦᠢᠯ ᠤᠨ ᠬᠤᠪᠤᠷ ᠪᠠᠶᠢᠳᠠᠭ᠃ | 2. ᠭᠠᠷ ᠤᠲᠠᠰᠤ ᠬᠡᠲᠦ ᠬᠡᠷᠡᠭᠯᠡᠪᠡᠯ ᠰᠤᠷᠤᠭᠴᠢᠳ ᠤᠨ ᠰᠤᠷᠤᠯᠭ᠎ᠠ ᠬᠢᠴᠢᠶᠡᠯ ᠢ ᠰᠢᠭᠤᠳ ᠨᠦᠯᠦᠭᠡᠯᠡᠨ᠎ᠡ᠃ | ᠬᠡᠤᠬᠡᠳ ᠲᠡᠩᠳᠡᠭᠦᠦ ᠡᠷᠲᠡ᠂ ᠬᠡᠲᠦ ᠣᠯᠠᠨ ᠤᠳᠠᠭ᠎ᠠ ᠡᠯᠧᠺᠲᠷᠣᠨ ᠪᠦᠲᠦᠭᠡᠭᠳᠡᠬᠦᠨ ᠲᠠᠢ ᠣᠶᠢᠷᠠᠳᠬᠤ ᠨᠢ | ᠬᠡᠤᠬᠡᠳ ᠤᠨ ᠴᠢᠳᠠᠪᠤᠷᠢ᠂ ᠰᠡᠳᠬᠢᠴᠡ ᠶᠢᠨ ᠡᠯ᠎ᠡ ᠲᠠᠯ᠎ᠠ ᠶᠢᠨ ᠪᠤᠶᠢᠵᠢᠯᠲᠠ ᠶᠢ ᠨᠥᠯᠥᠭᠡᠯᠡᠨ᠎ᠡ᠃ ᠵᠢᠱᠢᠶᠡᠯᠡᠪᠡᠯ᠂ | ᠲᠠᠨᠢᠨ ᠮᠡᠳᠡᠭᠦᠢ ᠶᠢᠨ ᠴᠢᠳᠠᠪᠤᠷᠢ᠂ ᠲᠥᠰᠦᠭᠡᠯᠡᠨ ᠪᠤᠳᠤᠬᠤ ᠴᠢᠳᠠᠪᠤᠷᠢ ᠪᠠ ᠡᠭᠦᠳᠦᠨ ᠪᠦᠲᠦᠭᠡᠬᠦ ᠴᠢᠳᠠᠪᠤᠷᠢ | ᠵᠡᠷᠭᠡ ᠶᠢ ᠨᠢ ᠰᠢᠭᠤᠳ ᠨᠥᠯᠥᠭᠡᠯᠡᠨ᠎ᠡ᠃ ᠡᠳᠡᠭᠡᠷ ᠴᠢᠳᠠᠪᠤᠷᠢ ᠨᠢ ᠨᠦᠯᠦᠭᠡᠯᠡᠭᠳᠡᠪᠡᠯ᠂ ᠬᠡᠦᠬᠡᠳ ᠤᠨ ᠰᠤᠷᠤᠯᠴᠠᠬᠤ | ᠰᠠᠶᠢᠨ ᠰᠠᠶᠢᠬᠠᠨ ᠳᠠᠳᠬᠠᠯ ᠰᠤᠷᠲᠠᠯ ᠢ ᠪᠦᠷᠢᠯᠳᠦᠭᠦᠯᠵᠦ ᠪᠤᠢ ᠪᠤᠯᠭᠠᠬᠤ ᠳᠤ ᠠᠰᠢᠭ ᠦᠭᠡᠢ ᠶᠤᠮ᠃ ᠡᠭᠦᠨ ᠠᠴᠠ | ᠭᠠᠳᠠᠨ᠎ᠠ᠂ ᠤᠳᠠᠭᠠᠨ ᠰᠠᠭᠤᠭᠠᠳ ᠬᠥᠳᠡᠯᠬᠦ ᠥᠬᠡᠶ ᠪᠠᠷ ᠡᠯᠧᠺᠲᠷᠣᠨ ᠪᠦᠲᠦᠭᠡᠭᠳᠡᠬᠦᠨ ᠤᠷᠤᠯᠳᠤᠬᠤ ᠨᠢ ᠪᠠᠰᠠ | ᠣᠯᠠᠨ ᠵᠦᠢᠯ ᠤᠨ ᠮᠠᠭᠤ ᠦᠷ᠎ᠠ ᠨᠥᠯᠥᠭᠡ ᠶᠢ ᠪᠣᠶ ᠪᠤᠯᠭᠠᠳᠠᠭ᠃ ᠵᠢᠱᠢᠶᠡᠯᠡᠪᠡᠯ᠂ ᠪᠡᠶ᠎ᠡ ᠶᠢᠨ ᠥᠰᠥᠯᠲᠡ᠂ ᠪᠡᠶ᠎ᠡ | ᠮᠠᠬᠠᠪᠤᠳ ᠤᠨ ᠪᠤᠶᠢᠵᠢᠯᠲᠠ ᠪᠠ ᠨᠢᠳᠦᠨ ᠤ ᠬᠠᠷᠠᠭ᠎ᠠ ᠶᠢ ᠨᠦᠯᠦᠭᠡᠯᠡᠨ᠎ᠡ᠃ ᠬᠥᠳᠡᠯᠭᠡᠭᠡᠨ ᠳᠤᠲᠠᠭᠳᠠᠭᠰᠠᠨ ᠠᠴᠠ | ᠪᠤᠯᠵᠤ ᠬᠡᠲᠦ ᠮᠠᠷᠢᠶᠠᠯᠠᠬᠤ ᠪᠠᠶᠢᠳᠠᠯ ᠢᠯᠡᠷᠡᠨ᠎ᠡ᠃ ᠡᠳᠡᠭᠡᠷ ᠪᠤᠯ ᠡᠯᠧᠺᠲᠷᠣᠨ ᠪᠦᠳᠦᠭᠡᠭᠳᠡᠭᠦᠨ ᠠᠴᠠ ᠰᠤᠷᠤᠭᠴᠢ ᠶᠢᠨ | ᠪᠡᠶ᠎ᠡ ᠰᠡᠳᠬᠢᠴᠡ ᠳᠤ ᠤᠴᠠᠷᠠᠭᠤᠯᠵᠤ ᠪᠠᠶᠢᠳᠠᠭ ᠬᠤᠤᠷ ᠨᠦᠯᠦᠭᠡ ᠶᠢᠨ ᠭᠡᠰᠡᠭ ᠲᠠᠯ᠎ᠠ ᠪᠤᠯᠤᠨ᠎ᠠ᠃ ᠲᠠᠬᠢᠭᠠᠳ | ᠬᠡᠯᠡᠪᠡᠯ᠂ ᠨᠢᠭᠡᠨ ᠰᠠᠶᠢᠨ ᠰᠠᠶᠢᠬᠠᠨ ᠰᠤᠷᠤᠯᠴᠠᠬᠤ ᠳᠠᠳᠬᠠᠯ ᠢ ᠪᠣᠶ ᠪᠣᠯᠭᠠᠬᠤ ᠳᠤ ᠵᠤᠬᠢᠬᠤ ᠴᠠᠭ ᠬᠤᠭᠤᠴᠠᠭ᠎ᠠ | ᠬᠡᠷᠡᠭᠰᠡᠳᠡᠭ᠃ ᠬᠡᠷᠪᠡ ᠲᠠᠰᠤᠯᠳᠠᠭᠤᠯᠬᠤ ᠪᠤᠶᠤ ᠵᠣᠭᠰᠣᠭᠠᠬᠤ ᠳᠤ ᠬᠦᠷᠪᠡᠯ᠂ ᠡᠨᠡ ᠬᠦ ᠳᠠᠳᠬᠠᠯ ᠨᠢ ᠮᠠᠰᠢ ᠠᠮᠠᠷᠬᠠᠨ | ᠰᠤᠯᠠᠷᠠᠬᠤ ᠪᠤᠶᠤ ᠠᠷᠢᠯᠬᠤ ᠪᠣᠯᠤᠨ᠎ᠠ᠃ ᠡᠯᠧᠺᠲᠷᠣᠨ ᠪᠦᠲᠦᠭᠡᠭᠳᠡᠬᠦᠨ ᠪᠤᠶᠤ ᠭᠠᠷ ᠤᠲᠠᠰᠤ ᠶᠢ ᠤᠷᠲᠤ | ᠬᠤᠭᠤᠴᠠᠭ᠎ᠠ ᠪᠠᠷ ᠤᠷᠤᠯᠳᠤᠵᠤ ᠨᠠᠭᠠᠳᠤᠭᠰᠠᠨ ᠰᠤᠷᠤᠭᠴᠢ ᠨᠠᠮ ᠳᠥᠯᠭᠡᠨ ᠪᠦᠭᠡᠳ ᠲᠣᠭᠲᠠᠭᠤᠨ ᠪᠣᠳᠠᠲᠤ | ᠠᠮᠢᠳᠤᠷᠠᠯ ᠤᠨ ᠤᠷᠴᠢᠨ ᠲᠣᠭᠤᠷᠢᠨ ᠳᠤ ᠠᠩᠬᠠᠷᠤᠯ ᠢᠶᠠᠨ ᠲᠦᠪᠯᠡᠷᠡᠭᠦᠯᠬᠦ ᠳᠤ ᠬᠠᠷᠢᠴᠠᠩᠭᠤᠶ ᠪᠠᠷ ᠬᠦᠴᠢᠷᠲᠡᠢ | ᠪᠠᠶᠢᠳᠠᠭ᠃ ᠵᠠᠷᠢᠮ ᠰᠤᠷᠤᠭᠴᠢ ᠭᠠᠷ ᠤᠲᠠᠰᠤ ᠬᠠᠵᠠᠭᠤ ᠳᠤ ᠨᠢ ᠪᠠᠶᠢᠪᠠᠯ ᠡᠳᠦᠷᠵᠢᠨ ᠰᠡᠳᠬᠢᠯ ᠰᠠᠨᠠᠭ᠎ᠠ ᠠᠮᠤᠷ | ᠲᠤᠭᠲᠠᠪᠤᠷᠢ ᠦᠭᠡᠢ ᠪᠠᠶᠢᠵᠤ᠂ ᠭᠠᠷ ᠤᠲᠠᠰᠤ ᠪᠠᠷ ᠨᠠᠭᠠᠳᠬᠤ ᠪᠤᠶᠤ ᠭᠠᠷ ᠤᠲᠠᠰᠤ ᠪᠠᠨ ᠭᠠᠷᠭᠠᠵᠤ ᠦᠵᠡᠬᠦ ᠭᠡᠳ | ᠪᠠᠶᠢᠳᠠᠭ᠃ ᠰᠡᠳᠬᠢᠯ ᠰᠠᠨᠠᠭ᠎ᠠ ᠪᠠᠨ ᠬᠢᠴᠢᠶᠡᠯ ᠰᠤᠷᠤᠯᠴᠠᠯᠭ᠎ᠠ ᠲᠡᠭᠡᠷ᠎ᠡ ᠪᠠᠨ ᠲᠠᠯᠪᠢᠬᠤ ᠨᠢ ᠴᠥᠭᠡᠨ ᠪᠤᠯᠵᠤ᠂ | ᠪᠠᠭᠰᠢ ᠶᠢᠨ ᠶᠠᠷᠢᠬᠤ ᠶᠢ ᠰᠡᠳᠬᠢᠯ ᠲᠠᠯᠪᠢᠨ ᠰᠣᠨᠣᠰᠴᠤ ᠲᠡᠶᠢᠯᠬᠦ ᠦᠭᠡᠢ ᠪᠤᠯᠳᠠᠭ᠃ ᠤᠨᠴᠠᠭᠠᠶᠢᠯᠠᠨ ᠪᠠᠶᠢᠷᠢ ᠳᠤ | ᠰᠠᠭᠤᠭ᠎ᠠ ᠰᠤᠷᠤᠭᠴᠢᠳ ᠤᠨ ᠵᠠᠷᠢᠮ ᠨᠢ ᠮᠠᠰᠢ ᠣᠷᠣᠢ ᠪᠣᠯᠲᠠᠯ᠎ᠠ ᠭᠠᠷ ᠤᠲᠠᠰᠤ ᠤᠷᠤᠯᠳᠤᠵᠤ᠂ ᠳᠠᠷᠠᠭ᠎ᠠ ᠡᠳᠦᠷ ᠤᠨ | ᠬᠢᠴᠢᠶᠡᠯ ᠰᠤᠷᠤᠯᠴᠠᠯᠭ᠎ᠠ ᠪᠠᠨ ᠨᠥᠯᠥᠭᠡᠯᠡᠳᠡᠭ᠃ ᠲᠡᠳᠡ ︽ᠢᠩᠭᠢᠵᠦ ᠬᠢᠬᠦ ᠨᠢ ᠵᠣᠬᠢᠰ ᠦᠭᠡᠢ︾᠂ ︽ᠢᠩᠭᠢᠵᠦ | ᠬᠢᠬᠦ ᠨᠢ ᠲᠡᠭᠦᠨ ᠳᠤ ᠳᠡᠮᠡᠶ ᠶᠡᠭᠡ ᠠᠰᠢᠭ ᠦᠭᠡᠢ︾ ᠭᠡᠳᠡᠭ ᠢ ᠮᠡᠳᠡᠵᠦ ᠪᠠᠶᠢᠪᠠᠴᠤ ᠪᠡᠶ᠎ᠡ ᠪᠠᠨ ᠪᠠᠷᠢᠵᠤ ᠴᠢᠳᠠᠯ | ᠦᠭᠡᠢ ᠭᠠᠷ ᠤᠲᠠᠰᠤ ᠪᠠᠷ ᠢᠶᠠᠨ ᠨᠠᠭᠠᠳᠴᠤ ᠲᠤᠭᠯᠠᠳᠠᠬ᠃ ᠡᠶᠢᠮᠦ ᠶᠤᠮ ᠴᠢᠨᠢ ᠰᠤᠷᠤᠭᠴᠢᠳ ᠬᠡᠷᠬᠢᠨ ᠰᠡᠳᠬᠢᠯ | ᠲᠤᠭᠳᠠᠭᠤᠨ᠂ ᠢᠲᠡᠬᠡᠯ ᠪᠡᠷᠳᠠᠮ ᠢᠶᠠᠷ ᠬᠢᠴᠢᠶᠡᠯ ᠰᠤᠷᠤᠯᠭ᠎ᠠ ᠳᠤ ᠪᠠᠨ ᠰᠢᠮᠳᠠᠵᠤ ᠵᠢᠳᠬᠦᠵᠦ ᠴᠢᠳᠠᠬᠤ ᠪᠢᠯᠡ᠃ | ᠡᠳᠡᠭᠡᠷ ᠪᠤᠯ ᠭᠠᠷ ᠤᠲᠠᠰᠤ ᠠᠴᠠ ᠰᠤᠷᠤᠭᠴᠢᠳ ᠲᠤ ᠪᠤᠶᠤ ᠰᠤᠷᠤᠭᠴᠢᠳ ᠤᠨ ᠬᠢᠴᠢᠶᠡᠯ ᠰᠤᠷᠤᠯᠭ᠎ᠠ ᠳᠤ ᠦᠭᠬᠦ | ᠰᠢᠭᠤᠳ ᠨᠦᠯᠦᠭᠡ᠂ ᠰᠢᠭᠤᠷᠬᠠᠢ ᠳᠤᠰᠬᠠᠯ ᠪᠠᠶᠢᠭ᠎ᠠ ᠶᠤᠮ᠃ ᠪᠠᠭᠰᠢ᠂ ᠭᠡᠷ ᠤᠨ ᠠᠬᠠᠮᠠᠳ ᠠᠩᠬᠠᠷᠤᠯ ᠳᠤ ᠪᠠᠨ | ᠠᠪᠤᠪᠠᠯ ᠵᠤᠬᠢᠬᠤ ᠵᠦᠢᠯᠡᠰ᠂ ᠡᠷᠲᠡ ᠠᠴᠠ ᠪᠠᠷᠢᠵᠤ ᠠᠳᠬᠤᠵᠤ᠂ ᠵᠠᠰᠠᠵᠤ ᠵᠦᠭᠰᠢᠷᠠᠭᠦᠯᠭᠦ ᠵᠦᠢᠯᠡᠰ ᠪᠤᠯᠬᠤ ᠶᠤᠮ᠃ | 3. ᠭᠠᠷ ᠤᠲᠠᠰᠤ ᠨᠢ ᠵᠠᠷᠢᠮ ᠰᠤᠷᠤᠭᠴᠢᠳ ᠤᠨ ᠭᠡᠷ ᠪᠦᠯᠢ ᠶᠢᠨ ᠬᠢᠨ ᠳᠤ ᠪᠠᠨ ᠠᠵᠤ ᠠᠬᠤᠶ ᠪᠠ ᠰᠡᠳᠬᠢᠯ | ᠰᠠᠨᠠᠭᠠᠨ ᠤ ᠳᠠᠷᠤᠭᠠᠰᠤ ᠶᠢ ᠨᠡᠮᠡᠭᠳᠡᠭᠦᠯᠭᠦ ᠭᠤᠤᠯ ᠡᠯᠧᠮᠧᠨ᠋ᠲ ᠤᠨ ᠨᠢᠭᠡ ᠪᠤᠯᠪᠠ᠃ | ᠪᠠᠶᠢᠴᠠᠭᠠᠯᠳᠠ ᠶᠢ ᠦᠨᠳᠦᠰᠦᠯᠡᠪᠡᠯ᠂ ᠮᠠᠨ ᠤ ᠰᠤᠷᠭᠠᠭᠤᠯᠢ ᠶᠢᠨ ᠰᠤᠷᠤᠭᠴᠢᠳ ᠤᠨ ᠣᠯᠠᠩᠬᠢ ᠨᠢ ᠬᠤᠲᠠ | ᠣᠷᠣᠵᠤ ᠠᠵᠢᠯ ᠬᠥᠳᠡᠯᠮᠦᠷᠢ ᠬᠢᠭᠰᠡᠳ ᠤᠨ ᠦᠷ᠎ᠡ ᠬᠡᠤᠬᠡᠳ ᠪᠥᠭᠡᠳ ᠭᠡᠷ ᠪᠦᠯᠢ ᠶᠢᠨ ᠠᠵᠤ ᠠᠬᠤᠢ ᠶᠢᠨ | ᠨᠥᠬᠦᠴᠡᠯ ᠪᠤᠯᠤᠯᠴᠠᠭ᠎ᠠ ᠨᠢ ᠴᠤ ᠲᠡᠶᠢᠮᠦ ᠰᠠᠶᠢᠨ ᠪᠢᠰᠢ ᠪᠠᠶᠢᠳᠠᠭ᠃ ᠭᠡᠲᠡᠯ᠎ᠡ ᠣᠳᠣ ᠶᠢᠨ ᠭᠠᠷ ᠤᠲᠠᠰᠤ | ᠬᠢᠮᠳᠠ ᠳᠤ ᠪᠠᠨ ᠬᠡᠳᠦᠨ ᠵᠠᠭᠤᠨ ᠲᠦᠭᠦᠷᠢᠭ᠂ ᠦᠨ᠎ᠡ ᠲᠠᠢ ᠨᠢ ᠬᠡᠳᠦᠨ ᠮᠢᠩᠭᠠᠨ ᠲᠦᠭᠦᠷᠢᠭ ᠬᠦᠷᠳᠡᠭ᠃ ᠵᠠᠷᠢᠮ | ᠰᠤᠷᠤᠭᠴᠢᠳ ᠰᠤᠷᠭᠠᠭᠤᠯᠢ ᠪᠠ ᠪᠠᠭᠰᠢ ᠶᠢᠨ ᠢᠶᠠᠨ ︽ᠳᠡᠭᠡᠭᠰᠢ ᠲᠤᠰᠢᠶᠠᠬᠤ︾ ᠡᠭᠦᠷᠭᠡ ᠶᠢ ᠠᠷᠭᠠᠴᠠᠭᠠᠬᠤ ᠶᠢᠨ | ᠲᠦᠯᠦᠭᠡ ᠬᠤᠶᠠᠷ ᠭᠤᠷᠪᠠᠨ ᠭᠠᠷ ᠤᠲᠠᠰᠤ ᠠᠪᠬᠤ ᠪᠤᠶᠤ ᠪᠠᠰᠠ ᠵᠠᠷᠢᠮ ᠰᠤᠷᠤᠭᠴᠢᠳ ᠨᠢ ᠴᠠᠭ ᠤᠨ ᠤᠷᠤᠰᠬᠠᠯ ᠢ | ᠲᠠᠭᠠᠬᠤ ᠶᠢᠨ ᠲᠥᠯᠥᠭᠡ ᠪᠠᠶᠢᠨ ᠳᠠᠬᠢᠨ ᠭᠠᠷ ᠤᠲᠠᠰᠤ ᠪᠠᠨ ᠰᠤᠯᠢᠵᠤ ᠯᠠ ᠪᠠᠶᠢᠳᠠᠭ᠃ ᠡᠭᠦᠨ ᠠᠴᠠ ᠭᠠᠳᠠᠨ᠎ᠠ᠂ | ᠰᠠᠷ᠎ᠠ ᠪᠦᠷᠢ ᠶᠢᠨ ᠭᠠᠷ ᠤᠲᠠᠰᠤ ᠨᠡᠪᠳᠠᠷᠠᠭᠦ ᠰᠦᠢᠳᠬᠡᠯ ᠨᠢ ᠴᠦ ᠴᠢᠬᠤᠯᠠ ᠵᠠᠷᠤᠳᠠᠯ ᠤᠨ ᠨᠢᠭᠡ ᠪᠤᠯᠵᠤ᠂ | ᠪᠠᠭ᠎ᠠ ᠳᠤ ᠪᠠᠨ ᠬᠡᠳᠦᠨ ᠠᠷᠪᠠᠨ ᠲᠥᠭᠦᠷᠢᠭ᠂ ᠴᠠᠭᠠᠰᠢᠯᠠᠪᠠᠯ ᠨᠢᠭᠡ ᠬᠤᠶᠠᠷ ᠵᠠᠭᠤᠨ ᠲᠥᠭᠦᠷᠢᠭ ᠪᠤᠶᠤ ᠬᠡᠳᠦᠨ | ᠵᠠᠭᠤᠨ ᠲᠦᠭᠦᠷᠢᠭ ᠴᠤ ᠤᠷᠤᠳᠠᠭ᠃ ᠵᠠᠷᠢᠮ ᠦᠶᠠᠰ ᠵᠠᠷᠤᠳᠠᠯ ᠶᠡᠭᠡ ᠤᠷᠤᠳᠠᠭ ᠨᠢ ᠭᠡᠷ ᠪᠦᠯᠢ ᠲᠠᠢ ᠪᠠᠨ | ᠬᠠᠷᠢᠯᠴᠠᠭᠰᠠᠨ ᠤ ᠪᠢᠰᠢ᠂ ᠬᠠᠷᠢᠨ ᠲᠣᠭᠯᠠᠭᠠᠮ ᠨᠠᠭᠠᠳᠬᠤ᠂ ᠣᠬᠤᠷ ᠮᠡᠳᠡᠭᠡ ᠲᠠᠷᠬᠠᠭᠠᠬᠤ᠂ ᠳᠠᠭᠤᠤ ᠰᠣᠨᠣᠰᠬᠤ᠂ | ᠸᠢᠳᠢᠣ᠋ ᠦᠵᠡᠬᠦ ᠵᠡᠷᠭᠡ ᠲᠠᠯ᠎ᠠ ᠳᠤ ᠵᠠᠷᠤᠴᠠᠭᠤᠯᠳᠠᠭ᠃ ᠭᠠᠷ ᠤᠲᠠᠰᠤ ᠬᠡᠷᠡᠭᠯᠡᠬᠦ ᠶᠢᠨ ᠲᠥᠯᠥᠭᠡ᠂ ᠵᠠᠷᠢᠮ | ᠰᠤᠷᠤᠭᠴᠢᠳ ᠠᠷᠭ᠎ᠠ ᠪᠦᠬᠦᠨ ᠢ ᠰᠦᠪᠡᠭᠴᠢᠯᠡᠨ ᠭᠡᠷ ᠤᠨ ᠠᠬᠠᠮᠠᠳ ᠠᠴᠠ ᠪᠠᠨ ᠢᠯᠡᠭᠦᠬᠡᠨ ᠰᠢᠭ ᠵᠣᠭᠤᠰ ᠮᠦᠩᠭᠦ | ᠠᠪᠬᠤ ᠶᠢ ᠪᠢᠰᠢᠯᠭᠠᠳᠠᠭ᠃ ᠵᠠᠷᠢᠮ ᠰᠤᠷᠤᠭᠴᠢ ᠦᠪᠡᠷ ᠤᠨ ᠢᠳᠡᠵᠦ ᠤᠤᠭᠤᠬᠤ ᠪᠠᠨ ︽ᠠᠷᠪᠢᠯᠠᠨ ᠭᠠᠮᠨᠠᠵᠤ︾᠂ | ᠭᠠᠷ ᠤᠲᠠᠰᠤᠨ ᠤ ᠰᠦᠢᠳᠬᠡᠯ ᠦᠯᠡᠳᠡᠭᠡᠳᠡᠭ᠂ ᠨᠡᠩ ᠴᠠᠭᠠᠰᠢᠯᠠᠪᠠᠯ ᠵᠠᠷᠢᠮ ᠰᠤᠷᠤᠭᠴᠢ ᠬᠠᠭᠤᠷᠤᠨ ᠮᠡᠬᠡᠯᠡᠬᠦ᠂ | ᠬᠤᠳᠠᠯ ᠬᠡᠯᠡᠬᠦ ᠪᠠᠷ ᠭᠡᠷ ᠤᠨ ᠠᠬᠠᠮᠠᠳ ᠠᠴᠠ ᠪᠠᠨ ᠵᠣᠭᠤᠰ ᠮᠦᠩᠭᠦ ᠠᠪᠳᠠᠭ᠃ ᠡᠳᠡᠭᠡᠷ ᠨᠢ ᠤᠳᠤᠬᠠᠨ ᠳᠤ ᠭᠡᠷ | ᠪᠦᠯᠢ ᠶᠢᠨ ᠠᠵᠤ ᠠᠬᠤᠢ ᠶᠢᠨ ᠳᠠᠷᠤᠭᠠᠰᠤ ᠪᠠ ᠭᠡᠷ ᠤᠨ ᠠᠬᠠᠮᠠᠳ ᠤᠨ ᠰᠡᠳᠬᠢᠯ ᠰᠠᠨᠠᠭᠠᠨ ᠤ ᠳᠠᠷᠤᠭᠠᠰᠤ ᠶᠢ | ᠬᠦᠨᠳᠦᠷᠡᠭᠦᠯᠬᠦ ᠭᠤᠤᠯ ᠡᠯᠧᠮᠧᠨ᠋ᠲ ᠤᠨ ᠨᠢᠭᠡ ᠨᠢ ᠪᠤᠯᠤᠭᠠᠳ ᠪᠤᠢ᠃ | 4. ᠰᠤᠷᠤᠭᠴᠢᠳ ᠤᠨ ᠳᠤᠮᠳᠠ ︽ᠬᠡᠪ ᠤᠨ ᠪᠤᠰᠤ ᠠᠳᠠᠯᠢᠳᠬᠠᠨ ᠮᠦᠴᠡᠭᠡᠷᠬᠡᠬᠦ︾ ᠪᠠᠶᠢᠳᠡᠯ ᠢ ᠪᠤᠢ | ᠪᠤᠯᠭᠠᠳᠠᠭ᠃ | ᠬᠥᠮᠦᠰ ᠤᠨ ᠥᠪᠡᠷ ᠤᠨ ᠢᠶᠠᠨ ᠲᠤᠬᠠᠢ ᠦᠨᠡᠯᠡᠯᠲᠡ ᠨᠢ ᠣᠯᠠᠩᠬᠢ ᠳᠤ ᠪᠠᠨ ᠪᠤᠰᠤᠳ ᠬᠥᠮᠦᠰ ᠢᠶᠠᠷ | ᠯᠠᠪᠯᠠᠯᠲᠠ ᠪᠤᠯᠭᠠᠭᠰᠠᠨ ᠶᠡᠭᠡ ᠲᠠᠷᠢᠬᠢᠨ ᠤ ᠮᠠᠭᠠᠳᠯᠠᠯᠲᠠ ᠳ᠋ᠦᠩᠨᠡᠯᠲᠡ ᠪᠤᠯᠬᠤ ᠶᠤᠮ᠃ ᠬᠥᠮᠦᠰ ᠶᠠᠮᠠᠷ ᠨᠢᠭᠡᠨ | ᠬᠥᠮᠦᠨ ᠤ ᠢᠯᠡᠷᠡᠯ ᠪᠠ ᠪᠠᠶᠢᠳᠠᠯ ᠢ ᠦᠨᠡᠯᠡᠬᠦ ᠦᠶ᠎ᠡ ᠳᠤ ᠪᠠᠨ᠂ ᠳᠠᠩᠳᠠ ᠲᠡᠭᠦᠨ ᠢ ᠥᠪᠡᠷ ᠤᠨ ᠪᠡᠶ᠎ᠡ ᠲᠠᠢ ᠪᠠᠨ | ᠠᠳᠠᠯᠢᠳᠬᠠᠳᠠᠭ᠃ ᠡᠶᠢᠮᠦ ᠠᠴᠠ ᠭᠠᠵᠠᠷ ᠪᠤᠯᠭᠠᠨ ᠳᠤ ᠪᠠᠨ ︽ᠠᠳᠠᠯᠢᠳᠬᠠᠬᠤ᠂ ᠮᠦᠴᠡᠭᠡᠷᠭᠡᠬᠦ︾ ᠦᠵᠡᠭᠳᠡᠯ | ᠭᠠᠷᠳᠠᠭ᠃ ᠬᠥᠮᠦᠰ ᠥᠪᠡᠷ ᠤᠨ ᠡᠳ᠋ᠯᠡᠵᠦ ᠪᠠᠶᠢᠭ᠎ᠠ ᠶᠠᠭᠤᠮ᠎ᠠ ᠪᠠᠨ ᠠᠳᠠᠯᠢᠳᠬᠠᠬᠤ ᠪᠥᠭᠡᠳ ᠥᠪᠡᠷ ᠲᠠᠢ ᠪᠠᠨ | ᠬᠤᠯᠪᠤᠭᠳᠠᠯ ᠲᠠᠢ ᠶᠠᠭᠤᠮ᠎ᠠ ᠪᠦᠬᠦᠨ ᠢ ᠠᠳᠠᠯᠢᠳᠬᠠᠳᠠᠭ᠃ ᠬᠡᠷᠡᠭᠯᠡᠭᠡᠨ ᠤ ᠰᠡᠳᠬᠢᠴᠡ ᠵᠦᠢ ᠶᠢᠨ ᠲᠠᠯ᠎ᠠ ᠠᠴᠠ | ᠦᠵᠡᠪᠡᠯ᠂ ᠡᠩ ᠤᠨ ᠪᠠᠶᠢᠳᠠᠯ ᠳᠣᠣᠷ᠎ᠠ ᠵᠥᠪ ᠴᠢᠨᠠᠷᠲᠤ ᠠᠳᠠᠯᠢᠳᠬᠠᠯ ᠪᠣᠯ ᠨᠢᠭᠡ ᠵᠦᠢᠯ ᠤᠨ ᠢᠳᠡᠪᠬᠢᠲᠡᠢ | ᠬᠠᠷᠢᠴᠠᠭᠤᠯᠤᠯ ᠪᠤᠯᠬᠤ ᠶᠤᠮ᠃ ᠮᠦᠨ ᠴᠦ ᠤᠶᠤᠨᠴᠢ ᠤᠬᠠᠮᠰᠠᠷ ᠲᠣᠣᠷᠠᠬᠢ ᠵᠦᠢ ᠶᠣᠰᠣᠨ ᠤ ᠥᠷᠢᠰᠥᠯᠳᠦᠭᠡᠨ | ᠪᠤᠯᠬᠤ ᠶᠤᠮ᠃ ᠲᠡᠷᠡ ᠨᠢ ᠪᠣᠳᠠᠭᠠᠯᠢ ᠪᠡᠶ᠎ᠡ ᠶᠢᠨ ᠢᠳᠡᠪᠬᠢᠲᠡᠶ ᠥᠷᠢᠰᠥᠯᠳᠦᠭᠡᠨ ᠤ ᠬᠦᠰᠡᠯ ᠢ ᠡᠭᠦᠰᠭᠡᠵᠦ᠂ ᠬᠦᠴᠢᠷ | ᠪᠡᠷᠬᠡᠰᠢᠶᠡᠯ ᠢ ᠢᠯᠠᠨ ᠳᠠᠪᠠᠭ᠋ᠤ ᠬᠥᠳᠡᠯᠭᠡᠬᠦ ᠬᠦᠴᠦᠨ ᠢ ᠠᠬᠢᠭᠤᠯᠳᠠᠭ᠃ ᠭᠡᠪᠡᠴᠦ ᠨᠠᠵᠠᠭᠠᠢ ᠴᠢᠨᠠᠷᠲᠤ ᠠᠳᠠᠯᠢᠳᠬᠠᠯ | ᠪᠤᠯ ᠵᠦᠪ ᠪᠤᠰᠤ ᠪᠤᠶᠤ ᠤᠷᠮ᠎ᠠ ᠰᠡᠳᠬᠢᠯᠭᠡ ᠶᠢᠨ ᠬᠠᠷᠰᠢ ᠲᠠᠢ ᠬᠠᠷᠢᠴᠠᠭᠤᠯᠤᠯ ᠪᠤᠯᠬᠤ ᠶᠤᠮ᠃ ᠲᠡᠷᠡ ᠨᠢ | ᠪᠣᠳᠠᠭᠠᠯᠢ ᠪᠡᠶ᠎ᠡ ᠶᠢ ᠰᠡᠳᠬᠢᠬᠦᠶ ᠶᠢᠨ ᠮᠤᠬᠤᠷ ᠪᠤᠯᠤᠩ ᠳᠤ ᠣᠷᠣᠭᠤᠯᠵᠤ᠂ ᠯᠤᠲᠤ ᠶᠡᠭᠡ ᠤᠶᠤᠨ ᠰᠠᠨᠠᠭᠠᠨ ᠤ | ᠳᠠᠷᠤᠯᠲᠠ ᠶᠢ ᠠᠪᠴᠢᠷᠠᠨ᠂ ᠥᠪᠡᠷ ᠤᠨ ᠢᠶᠠᠨ ᠲᠤᠬᠠᠢ ᠳᠡᠩᠳᠡᠭᠦᠦ ᠬᠡᠳᠦᠷᠡᠭᠦᠯᠦᠭᠰᠡᠨ ᠨᠤᠲᠠᠯᠠᠯ ᠪᠤᠶᠤ ᠦᠭᠡᠶᠢᠰᠬᠡᠯ ᠢ | ᠡᠭᠦᠰᠭᠡᠵᠦ᠂ ᠬᠥᠮᠦᠰ ᠢ ᠠᠳᠠᠯᠢᠳᠬᠠᠯ ᠮᠦᠴᠡᠭᠡᠷᠭᠡᠯ ᠳᠤ ᠪᠠᠨ ᠨᠢᠭᠡ ᠯᠡ ᠬᠥᠭ ᠢᠶᠠᠷ ᠰᠢᠨᠤᠭᠤᠯᠤᠨ᠂ ᠥᠪᠡᠷ ᠤᠨ | ᠪᠡᠶ᠎ᠡ ᠪᠤᠶᠤ ᠪᠤᠰᠤᠳ ᠲᠤ ᠪᠦᠷ ᠠᠰᠢᠭ ᠦᠭᠡᠢ ᠪᠠᠶᠢᠳᠠᠯ ᠢ ᠪᠤᠢ ᠪᠤᠯᠭᠠᠳᠠᠭ᠃ | ᠣᠲᠣ ᠶᠢᠨ ᠣᠶᠤᠨᠯᠢᠭ ᠭᠠᠷ ᠤᠲᠠᠰᠤᠨ ᠤ ᠲᠥᠷᠥᠯ ᠵᠦᠢᠯ ᠮᠠᠰᠢ ᠣᠯᠠᠨ᠂ ᠰᠢᠨ᠎ᠡ ᠦᠢᠯᠡᠳᠬᠦᠨ | ᠦᠢᠯᠡᠳᠪᠤᠷᠢᠯᠡᠭᠦ ᠬᠤᠷᠳᠤᠴᠠ ᠨᠢ ᠴᠦ ᠡᠳᠦᠷ ᠠᠴᠠ ᠡᠳᠦᠷ ᠳᠦᠷᠭᠡᠰᠴᠦ᠂ ᠬᠠᠩᠰᠢ ᠨᠢ ᠴᠦ ᠠᠳᠠᠯᠢ ᠥᠬᠡᠶ ᠪᠤᠯᠵᠤ | ᠪᠤᠢ᠃ ᠭᠠᠷ ᠤᠲᠠᠰᠤᠨ ᠤ ᠬᠡᠯᠪᠡᠷᠢ ᠮᠠᠶ᠋ᠢᠭ᠂ ᠬᠡᠷᠡᠭᠯᠡᠭᠡ ᠴᠢᠳᠠᠪᠬᠢ ᠨᠢ ᠴᠤ ᠲᠠᠰᠤᠷᠠᠯᠲᠠ ᠥᠬᠡᠶ ᠰᠢᠨᠡᠳᠴᠦ᠂ | ᠶᠡᠷᠦᠩᠬᠡᠶ ᠴᠢᠳᠠᠮᠵᠢ ᠨᠢ ᠲᠠᠰᠤᠷᠠᠯᠲᠠ ᠥᠬᠡᠶ ᠴᠢᠩᠭᠠᠷᠠᠵᠤ᠂ ᠭᠠᠷ ᠤᠲᠠᠰᠤ ᠨᠢ ᠵᠥᠪᠬᠡᠨ ᠲᠥᠬᠦᠮ ᠮᠡᠳᠡᠭᠡᠯᠡᠯ ᠤᠨ | ᠪᠠᠭᠠᠵᠢ ᠲᠡᠳᠦᠢ ᠪᠢᠰᠢ ᠪᠤᠯᠤᠭᠠᠳ᠂ ᠰᠤᠷᠭᠠᠭᠤᠯᠢ ᠶᠢᠨ ᠬᠦᠷᠢᠶᠡᠨ ᠳᠤ ᠰᠤᠷᠤᠭᠴᠢᠳ ᠤᠨ ᠳᠤᠮᠳᠠᠬᠢ ᠨᠢᠭᠡ | ᠵᠦᠢᠯ ᠤᠨ ︽ᠪᠡᠶ᠎ᠡ ᠶᠢᠨ ᠭᠠᠷᠤᠯ︾ ᠤᠨ ᠪᠡᠯᠭᠡ ᠲᠡᠮᠳᠡᠭ ᠪᠣᠯᠵᠠᠶ᠃ ᠪᠡᠶ᠎ᠡ ᠪᠠᠨ ᠪᠠᠷᠢᠬᠤ ᠴᠢᠳᠠᠪᠤᠷᠢ ᠴᠢᠩᠭ᠎ᠠ ᠪᠢᠰᠢ᠂ | ᠪᠤᠰᠤᠳᠴᠢ ᠦᠵᠡᠯᠲᠡ ᠳᠠᠨᠢᠯᠳᠠ ᠪᠠᠷ ᠳᠤᠲᠠᠮᠠᠭ ᠰᠤᠷᠤᠭᠴᠢᠳ ᠠᠮᠠᠷᠬᠠᠨ ︽ᠨᠠᠵᠠᠭᠠᠢ ᠴᠢᠨᠠᠷᠲᠤ ᠠᠳᠠᠯᠢᠳᠬᠠᠯ︾ | ᠤᠨ ᠬᠤᠶᠢᠯᠠᠷᠠᠭᠠᠨ ᠳᠤ ᠤᠨᠠᠳᠠᠭ᠃ ︽ᠪᠠᠶᠠᠨ ᠴᠢᠨᠡᠭᠡᠯᠢᠭ︾ ᠪᠠᠶᠢᠬᠤ ᠪᠠᠨ ᠢᠯᠡᠷᠡᠭᠦᠯᠬᠦ ᠶᠢᠨ ᠲᠥᠯᠥᠭᠡ ᠪᠤᠶᠤ | ᠴᠠᠭ ᠤᠨ ᠥᠩᠭᠡ ᠶᠢ ᠬᠥᠭᠡᠭᠡᠴᠡᠯᠳᠦᠬᠦ ᠶᠢᠨ ᠲᠥᠯᠥᠭᠡ᠂ ᠵᠠᠷᠢᠮ ᠰᠤᠷᠤᠭᠴᠢ ᠨᠢᠭᠡ ᠵᠢᠯ ᠤᠨ ᠳᠣᠲᠣᠷ᠎ᠠ ᠣᠯᠠᠨ | ᠲᠠᠬᠢᠨ ᠭᠠᠷ ᠤᠲᠠᠰᠤ ᠪᠠᠨ ᠰᠣᠯᠢᠳᠠᠭ᠃ ᠵᠠᠷᠢᠮ ᠰᠤᠷᠤᠭᠴᠢᠳ ᠥᠪᠡᠷ ᠤᠨ ᠭᠠᠷ ᠤᠲᠠᠰᠤᠨ ᠤ ᠦᠨ᠎ᠡ ᠬᠠᠩᠰᠢ ᠨᠢ | ᠬᠢᠮᠳᠠ ᠠᠴᠠ ᠪᠤᠯᠵᠤ ᠤᠯᠠᠨ ᠤ ᠳᠤᠮᠳᠠ ︽ᠨᠢᠭᠤᠷ ᠭᠠᠷᠭᠠᠬᠤ︾ ᠶᠢᠨ ᠠᠷᠭ᠎ᠠ ᠦᠭᠡᠢ ᠪᠤᠯᠤᠭᠠᠳ᠂ ᠠᠪᠤ ᠡᠵᠢ ᠪᠠᠨ | ᠨᠠᠩ ᠦᠨᠡᠲᠡᠶ ᠨᠠᠩ ᠰᠠᠶᠢᠨ ᠭᠠᠷ ᠤᠲᠠᠰᠤ ᠠᠪᠴᠤ ᠥᠭᠬᠦ ᠶᠢ ᠱᠠᠭᠠᠷᠳᠠᠳᠠᠭ᠃ ᠵᠠᠷᠢᠮ ᠦᠶ᠎ᠡ ᠳᠤ ᠠᠪᠤ ᠡᠵᠢ ᠨᠢ | ᠴᠤ ᠠᠷᠭ᠎ᠠ ᠠᠭᠠᠰᠢ ᠠᠯᠳᠠᠷᠠᠵᠤ᠂ ᠠᠷᠭ᠎ᠠ ᠪᠤᠰᠤ ᠠᠪᠴᠤ ᠦᠭᠳᠡᠭ᠃ ᠢᠩᠭᠢᠭᠰᠡᠭᠡᠷ ᠪᠠᠶᠢᠵᠤ ᠰᠤᠷᠤᠭᠴᠢᠳ ᠤᠨ | ᠳᠤᠮᠳᠠ ᠠᠲᠠᠭᠠᠷᠬᠠᠨ ᠮᠦᠴᠡᠭᠡᠷᠬᠡᠬᠦ᠂ ᠠᠳᠠᠯᠢᠳᠬᠠᠬᠤ ᠮᠠᠭᠤ ᠰᠤᠷᠲᠠᠯ ᠢᠯᠡᠷᠡᠵᠤ᠂ ᠤᠤᠯ ᠤᠨ ᠢᠳᠡᠵᠦ ᠡᠮᠦᠰᠬᠦ ᠪᠠᠨ | ᠠᠳᠠᠯᠢᠳᠬᠠᠳᠠᠭ ᠪᠠᠶᠢᠭᠰᠠᠨ ᠠᠴᠠ ᠪᠠᠨ ᠤᠳᠤ ᠭᠠᠷ ᠤᠲᠠᠰᠤ ᠪᠠᠨ ᠠᠳᠠᠯᠢᠳᠬᠠᠬᠤ ᠪᠠᠶᠢᠳᠠᠯ ᠪᠤᠢ ᠪᠤᠯᠵᠤ᠂ | ᠠᠲᠠᠭᠠᠷᠬᠠᠨ ᠠᠳᠠᠯᠢᠳᠬᠠᠬᠤ ᠪᠠᠶᠢᠳᠠᠯ ᠢ ᠨᠡᠮᠡᠭᠳᠡᠭᠦᠯᠵᠦ᠂ ᠰᠤᠷᠤᠭᠴᠢᠳ ᠤᠨ ᠰᠤᠷᠤ᠋ ᠯᠴᠠᠬᠤ ᠤᠷᠮ᠎ᠠ ᠵᠣᠷᠢᠭ ᠢ | ᠨᠥᠯᠥᠭᠡᠯᠡᠵᠦ᠂ ᠰᠤᠷᠭᠠᠭᠤᠯᠢ ᠶᠢᠨ ᠶᠤᠰᠤ ᠳᠢᠭᠯᠢᠮ ᠪᠤᠶᠤ ᠮᠤᠷᠠᠯ ᠰᠤᠷᠲᠠᠬᠤᠨ ᠤ ᠬᠥᠮᠦᠵᠢᠯ ᠢ ᠤᠷᠤᠭᠰᠢᠲᠠᠢ | ᠶᠠᠪᠤᠭᠳᠠᠭᠤᠯᠬᠤ ᠳᠤ ᠬᠠᠷᠰᠢ ᠰᠠᠭᠠᠳ ᠪᠤᠯᠪᠡ᠃ | ᠭᠤᠷᠪᠠ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠳᠤ ᠪᠠᠨ ᠭᠠᠷ ᠤᠲᠠᠰᠤ | ᠬᠡᠷᠡᠭᠯᠡᠬᠦ ᠳᠤ ᠦᠭᠬᠦ ᠬᠡᠳᠦᠨ ᠰᠠᠨᠠᠭᠤᠯᠭ᠎ᠠ | ᠬᠡᠳᠦ᠋ᠢᠪᠡᠷ ᠭᠠᠷ ᠤᠲᠠᠰᠤ ᠬᠡᠷᠡᠭᠯᠡᠬᠦ ᠨᠢ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠵᠣᠬᠢᠬᠤ | ᠬᠡᠮᠵᠢᠶᠡᠨ ᠤ ᠠᠰᠢᠭᠲᠠᠶ ᠲᠠᠯ᠎ᠠ ᠲᠠᠢ ᠪᠣᠯᠪᠠᠴᠤ ᠣᠳᠣᠬᠠᠨ ᠳᠤ ᠪᠠᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ | ᠪᠡᠶ᠎ᠡ ᠰᠡᠳᠬᠢᠯ ᠴᠥᠮ ᠪᠦᠷᠢᠮᠦᠰᠦᠨ ᠪᠤᠶᠢᠵᠢᠵᠤ ᠪᠦᠷᠢᠨᠰᠢᠭᠡᠳᠦᠢ᠂ ᠪᠡᠶ᠎ᠡ ᠪᠠᠨ ᠡᠷᠬᠡᠰᠢᠶᠡᠵᠦ ᠡᠵᠡᠮᠳᠡᠬᠦ ᠴᠢᠳᠠᠪᠤᠷᠢ | ᠠᠨᠠᠶ᠂ ᠠᠰᠠᠭᠤᠳᠠᠯ ᠢ ᠪᠤᠰᠤᠳᠴᠢ ᠪᠠᠷ ᠰᠢᠢᠳᠪᠦᠷᠢᠯᠡᠵᠦ ᠳᠡᠶᠢᠯᠬᠦ ᠥᠬᠡᠶ ᠵᠡᠷᠭᠡ ᠪᠠᠶᠢᠳᠠᠯ ᠠᠴᠠ ᠦᠵᠡᠪᠡᠯ᠂ | ᠳᠤᠮᠳᠠᠳᠤ ᠰᠤᠷᠭᠠᠭᠤᠯᠢ ᠶᠢᠨ ᠰᠤᠷᠤᠭᠴᠢᠳ ᠢ ᠰᠤᠷᠭᠠᠭᠤᠯᠢ ᠳᠤ ᠪᠠᠨ ᠭᠠᠷ ᠤᠲᠠᠰᠤ ᠬᠤᠷᠢᠭ᠎ᠠ ᠦᠭᠡᠢ | ᠬᠡᠷᠡᠭᠯᠡᠭᠦᠯᠬᠦ ᠨᠢ ᠨᠡᠯᠢᠶᠡᠳ ᠶᠡᠭᠡ ᠨᠠᠵᠠᠭᠠᠶ ᠨᠦᠯᠦᠭᠡ ᠲᠠᠢ ᠪᠠᠶᠢᠬᠤ ᠨᠢ ᠢᠯᠡᠳᠲᠡ ᠪᠠᠶᠢᠨ᠎ᠠ᠃ ᠭᠠᠷ ᠤᠲᠠᠰᠤ ᠶᠢ | ᠬᠡᠷᠡᠭᠯᠡᠬᠦ ᠨᠢ ᠤᠳᠤᠬᠢ ᠴᠠᠭ ᠦᠶ᠎ᠡ ᠶᠢᠨ ᠬᠡᠷᠡᠭᠯᠡᠭᠡ᠂ ᠬᠦᠭᠵᠢᠯᠲᠡ ᠶᠢᠨ ᠵᠠᠶᠢᠯᠠᠰᠢ ᠦᠭᠡᠢ ᠬᠠᠨᠳᠤᠰᠢ ᠪᠣᠯᠤᠭᠰᠠᠨ | ᠪᠠᠶᠢᠳᠠᠯ ᠳᠣᠣᠷ᠎ᠠ ᠭᠠᠭᠴᠠ ᠬᠦ ᠰᠤᠷᠭᠠᠭᠤᠯᠢ᠂ ᠭᠡᠷ ᠤᠨ ᠠᠬᠠᠮᠠᠳ ᠪᠣᠯᠤᠨ ᠰᠤᠷᠤᠭᠴᠢᠳ ᠬᠠᠮᠲᠤ ᠪᠠᠷ ᠴᠢᠷᠮᠠᠶᠢᠪᠠᠯ | ᠰᠠᠶ᠋ᠢ ᠰᠤᠷᠤᠭᠴᠢᠳ ᠤᠨ ᠠᠯᠢᠪᠠ ᠬᠢᠳᠡᠯ ᠢ ᠲᠦᠷᠢᠮᠵᠢᠭᠦᠯᠦᠨ ᠬᠡᠪᠰᠢᠭᠦᠯᠵᠦ᠂ ᠲᠡᠳᠡᠨ ᠤ ᠪᠡᠶ᠎ᠡ ᠰᠡᠳᠬᠢᠴᠡ ᠶᠢ | ᠡᠷᠡᠭᠦᠯ ᠢᠶᠠᠷ ᠬᠦᠭᠵᠢᠬᠦ ᠶᠢ ᠪᠠᠳᠤᠯᠠᠵᠤ ᠴᠢᠳᠠᠨ᠎ᠠ᠃ ᠡᠶᠢᠮᠦ ᠠᠴᠠ ᠰᠤᠷᠭᠠᠭᠤᠯᠢ ᠶᠢᠨ ᠬᠦᠷᠢᠶᠡᠨ ᠳᠤ | ᠰᠤᠷᠤᠭᠴᠢᠳ ᠤᠨ ᠭᠠᠷ ᠤᠲᠠᠰᠤ ᠬᠡᠷᠡᠭᠯᠡᠬᠦ ᠪᠠᠶᠢᠳᠠᠯ ᠢ ᠬᠡᠷᠬᠢᠨ ᠵᠥᠪ ᠢᠶᠠᠷ ᠵᠢᠯᠣᠭᠤᠳᠤᠨ ᠬᠢᠨᠠᠬᠤ ᠲᠤᠬᠠᠢ | ᠰᠤᠷᠭᠠᠭᠤᠯᠢ ᠶᠢᠨ ᠬᠠᠮᠢᠶᠠᠷᠤᠯᠲᠠ ᠪᠤᠶᠤ ᠰᠡᠳᠬᠢᠴᠡ ᠵᠦᠢ ᠶᠢᠨ ᠲᠠᠯ᠎ᠠ ᠠᠴᠠ ᠳᠣᠣᠷᠠᠬᠢ ᠬᠡᠳᠦᠨ ᠰᠠᠨᠠᠭᠤᠯᠭ᠎ᠠ ᠶᠢ | ᠳᠤᠷᠠᠳᠤᠶ᠎ᠠ᠃ | 1.ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠲᠤᠭᠤᠰᠢᠯᠠᠭᠤᠯᠵᠤ᠂ | ᠰᠤᠷᠭᠠᠭᠤᠯᠢ ᠶᠢᠨ ᠳᠦᠷᠢᠮ ᠠᠴᠠ ᠵᠥᠷᠢᠴᠡᠭᠰᠡᠨ ᠰᠤᠷᠤᠭᠴᠢᠳ ᠢ ᠵᠥᠪ ᠰᠤᠷᠭᠠᠨ ᠬᠦᠮᠦᠵᠢᠭᠦᠯᠬᠦ ᠠᠷᠭ᠎ᠠ ᠶᠢ ᠠᠪᠬᠤ | ᠬᠡᠷᠡᠭᠳᠡᠢ᠃ | ᠰᠤᠷᠭᠠᠭᠤᠯᠢ ᠶᠢ ᠪᠦᠲᠦᠮᠵᠢᠲᠡᠶ ᠬᠠᠮᠢᠶᠠᠷᠬᠤ ᠳᠤ ᠪᠠᠨ ᠡᠷᠬᠡᠪᠰᠢ ᠰᠢᠨᠵᠢᠯᠡᠬᠦ ᠤᠬᠠᠭᠠᠨᠴᠢ ᠳᠦᠷᠢᠮᠵᠢᠭᠰᠡᠨ | ᠬᠠᠮᠢᠶᠠᠷᠤᠯᠲᠠ ᠶᠢᠨ ᠠᠷᠭ᠎ᠠ ᠪᠠᠶᠢᠬᠤ ᠬᠡᠷᠡᠭᠲᠡᠶ᠃ ᠡᠶᠢᠮᠦ ᠠᠴᠠ ᠭᠠᠷ ᠤᠲᠠᠰᠤᠨ ᠤ ᠳᠤᠬᠠᠢ ᠬᠠᠮᠢᠶᠠᠷᠤᠯᠲᠠ ᠶᠢᠨ | ᠲᠦᠷᠢᠮ ᠳᠤᠭᠳᠠᠭᠠᠯ ᠢ ᠰᠤᠷᠭᠠᠭᠤᠯᠢ ᠶᠢᠨ ᠲᠦᠷᠢᠮ ᠲᠣᠭᠲᠠᠭᠠᠯ ᠳᠤ ᠪᠠᠨ ᠣᠷᠣᠭᠤᠯᠬᠤ ᠬᠡᠷᠡᠭᠲᠡᠶ ᠭᠡᠵᠦ ᠦᠵᠠᠵᠤ | ᠪᠤᠢ᠃ ᠲᠡᠷᠡᠴᠢᠯᠡᠨ ᠬᠠᠮᠢᠶ᠎ᠠ ᠪᠦᠬᠦᠢ ᠳᠦᠷᠢᠮ ᠲᠣᠭᠲᠠᠭᠠᠯ ᠢ ᠡᠮᠬᠢᠯᠡᠵᠦ ᠨᠠᠷᠢᠯᠢᠬᠵᠢᠭᠤᠯᠬᠤ ᠶᠢᠨ ᠬᠠᠮᠲᠤ ᠪᠦᠬᠦ | ᠰᠤᠷᠭᠠᠭᠤᠯᠢ ᠶᠢᠨ ᠪᠠᠭᠰᠢ ᠰᠤᠷᠤᠭᠴᠢᠳ ᠲᠤ ᠭᠦᠢᠴᠡᠳ ᠦᠢᠯᠠᠭᠠᠭᠤᠯᠬᠤ ᠬᠡᠷᠡᠭᠲᠡᠶ᠃ ᠢᠯᠠᠩᠭᠤᠶ᠎ᠠ | ᠰᠤᠷᠭᠠᠭᠤᠯᠢ ᠶᠢᠨ ᠬᠦᠷᠢᠶᠡᠨ ᠳᠤ ᠰᠤᠷᠤᠭᠴᠢᠳ ᠤᠨ ᠭᠠᠷ ᠤᠲᠠᠰᠤ ᠬᠡᠷᠡᠭᠯᠡᠬᠦ ᠲᠦᠷᠢᠮ ᠳᠤᠭᠳᠠᠭᠠᠯ ᠠᠴᠠ | ᠵᠥᠷᠢᠴᠡᠭᠰᠡᠨ ᠰᠣᠷᠣᠭᠴᠢ ᠶᠢ ᠰᠢᠢᠳᠬᠡᠬᠦ ᠦᠶ᠎ᠡ ᠳᠤ ᠬᠠᠮᠢᠶ᠎ᠠ ᠪᠦᠬᠦᠢ ᠬᠦᠮᠦᠰ ᠦᠵᠡᠯ ᠲᠠᠨᠢᠯᠲᠠ ᠪᠠᠨ ᠨᠢᠭᠡᠳᠬᠡᠵᠦ᠂ | ᠵᠦᠢ ᠵᠤᠬᠢᠰᠲᠠᠢ ᠪᠠᠷ ᠰᠢᠢᠳᠪᠦᠷᠢᠯᠡᠬᠦ ᠠᠷᠭ᠎ᠠ ᠶᠢ ᠠᠪᠤᠪᠠᠯ ᠵᠤᠬᠢᠯᠲᠠᠢ᠃ ᠳᠤᠷ᠎ᠠ ᠵᠣᠷᠢᠭ ᠢᠶᠠᠷ ᠢᠶᠠᠨ ᠰᠢᠢᠳᠭᠡᠬᠦ ᠪᠤᠶᠤ | ᠰᠣᠬᠤᠷ ᠪᠠᠯᠠᠶ ᠪᠠᠷ᠂ ᠬᠠᠰᠢ ᠶᠠᠰᠢ ᠪᠠᠷ ᠰᠢᠢᠳᠭᠡᠬᠦ ᠶᠢ ᠡᠷᠡᠰ ᠲᠡᠪᠴᠢᠵᠦ᠂ ᠲᠦᠷᠢᠮ ᠵᠢᠷᠤᠮ ᠢ ᠴᠢᠩᠭ᠎ᠠ ᠪᠠᠷᠢᠮᠲᠠᠯᠠᠬᠤ | ᠬᠡᠷᠡᠭᠳᠡᠢ᠃ | ᠳᠦᠷᠢᠮ ᠲᠣᠭᠲᠠᠭᠠᠯ ᠢ ᠵᠥᠷᠢᠴᠡᠭᠰᠡᠨ ᠰᠤᠷᠤᠭᠴᠢᠳ ᠢ ᠬᠡᠷᠬᠢᠨ ᠵᠣᠬᠢᠰᠲᠠᠶ ᠰᠢᠢᠳᠬᠡᠬᠦ ᠪᠠ ᠰᠤᠷᠭᠠᠨ | ᠬᠥᠮᠦᠵᠢᠭᠦᠯᠬᠦ ᠨᠢ ᠮᠥᠨ ᠴᠦ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠳᠤ ᠭᠠᠷ ᠤᠲᠠᠰᠤ ᠬᠡᠷᠡᠭᠯᠡᠬᠦ | ᠠᠰᠠᠭᠤᠳᠠᠯ ᠤᠨ ᠭᠤᠤᠯ ᠲᠥᠪᠯᠡᠷᠡᠯ ᠤᠨ ᠴᠡᠭ ᠤᠨ ᠨᠢᠭᠡ ᠪᠤᠯᠬᠤ ᠶᠤᠮ᠃ ᠬᠤᠯᠪᠣᠭᠳᠠᠯ ᠪᠦᠬᠦᠢ ᠬᠠᠮᠢᠶᠠᠷᠤᠯᠲᠠ ᠶᠢᠨ | ᠠᠵᠢᠯᠲᠠᠳ ᠰᠤᠷᠤᠭᠴᠢᠳ ᠤᠨ ᠳᠦᠷᠢᠮ ᠲᠣᠭᠲᠠᠭᠠᠯ ᠠᠴᠠ ᠵᠥᠷᠢᠴᠡᠭᠰᠡᠨ ᠢ ᠣᠯᠵᠤ ᠮᠡᠳᠡᠪᠡᠯ᠂ ᠨᠢᠭᠡ ᠯᠡ | ᠬᠥᠭ ᠢᠶᠠᠷ ᠪᠦᠳᠦᠭᠦᠯᠢᠭ ᠢᠶᠠᠷ ᠰᠢᠢᠳᠪᠦᠷᠢᠯᠡᠬᠦ ᠠᠴᠠ ᠣᠨᠴᠠᠭᠠᠶᠢᠯᠠᠨ ᠵᠠᠶᠢᠯᠠᠰᠬᠢᠬᠦ ᠬᠡᠷᠡᠭᠲᠡᠶ᠃ ᠤᠴᠢᠷ ᠨᠢ | ᠭᠡᠳᠤᠷᠭᠡᠢ ︽ᠬᠤᠷᠴᠠ ᠰᠢᠷᠦᠭᠦᠨ︾ ᠠᠷᠭ᠎ᠠ ᠠᠪᠴᠠᠯ ᠨᠢ ᠵᠠᠷᠢᠮ ᠦᠶ᠎ᠡ ᠳᠤ ᠰᠤᠷᠤᠭᠴᠢᠳ ᠤᠨ ᠰᠥᠷᠬᠦ | ᠰᠡᠳᠬᠢᠴᠡ ᠶᠢ ᠠᠮᠠᠷᠬᠠᠨ ᠬᠥᠭᠵᠢᠭᠡᠵᠦ᠂ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠠᠩᠬᠠᠨ ᠤ ᠵᠣᠷᠢᠯᠲᠠ ᠠᠴᠠ | ᠲᠡᠷᠰᠯᠡᠬᠦ ᠶᠢᠨ ᠬᠠᠮᠲᠤ ᠪᠠᠰᠠ ᠡᠰᠡᠷᠭᠦ ᠴᠢᠭᠯᠡᠯ ᠤᠨ ᠦᠢᠯᠡᠳᠦᠯ ᠭᠠᠷᠭᠠᠵᠤ ᠮᠡᠳᠡᠭᠦ ᠶᠤᠮ᠂ ᠡᠭᠦᠨ ᠢ ᠬᠢᠴᠢᠶᠡᠯᠲᠡᠢ | ᠪᠢᠯᠠ᠃ | 2. ᠭᠠᠷ ᠤᠲᠠᠰᠤ ᠬᠡᠷᠡᠭᠯᠡᠬᠦ ᠶᠢ ᠬᠢᠵᠠᠭᠠᠷᠯᠠᠬᠤ ᠶᠢᠨ ᠠᠴᠢ ᠬᠤᠯᠪᠣᠭᠳᠠᠯ ᠢ ᠰᠤᠷᠤᠭᠴᠢᠳ ᠲᠤ ᠦᠨᠡᠨ ᠬᠦ | ᠰᠠᠶᠢᠲᠤᠷ ᠣᠶᠢᠯᠠᠭᠠᠭᠤᠯᠬᠤ ᠬᠡᠷᠡᠭᠲᠡᠶ᠃ | ᠶᠣᠰᠣ ᠰᠤᠷᠲᠠᠬᠤᠨ ᠤ ᠬᠢᠴᠢᠶᠡᠯ ᠪᠤᠶᠤ ᠠᠩᠬᠢ ᠶᠢᠨ ᠬᠤᠷᠠᠯ ᠢ ᠠᠰᠢᠭᠯᠠᠨ᠂ ᠭᠠᠷ ᠤᠳᠠᠰᠤ ᠶᠢ ᠵᠦᠪ ᠢᠶᠠᠷ | ᠠᠰᠢᠭᠯᠠᠬᠤ ᠳᠤᠬᠠᠢ ᠬᠦᠳᠦᠯᠦᠨ ᠵᠢᠯᠣᠭᠤᠳᠬᠤ ᠪᠠ ᠰᠤᠷᠭᠠᠨ ᠬᠥᠮᠦᠵᠢᠭᠦᠯᠬᠦ ᠶᠢ ᠴᠢᠩᠭᠠᠳᠬᠠᠵᠤ᠂ ᠰᠤᠷᠤᠭᠴᠢᠳ ᠢ | ᠶᠠᠷᠢᠯᠴᠠᠭᠤᠯᠵᠤ᠂ ᠰᠤᠷᠤᠭᠴᠢᠳ ᠲᠤ ᠭᠠᠷ ᠤᠲᠠᠰᠤᠨ ᠤ ᠠᠰᠢᠭ ᠬᠤᠣᠷ ᠢ ᠭᠦᠢᠴᠡᠳ ᠲᠠᠨᠢᠭᠤᠯᠵᠤ᠂ | ᠰᠤᠷᠤᠭᠴᠢᠳ ᠤᠨ ᠤᠶᠢᠯᠠᠭᠠᠯᠲᠠ ᠲᠠᠨᠢᠪᠤᠷᠢ ᠶᠢ ᠵᠦᠪᠳᠡᠬᠡᠵᠦ ᠦᠵᠡᠯ ᠰᠠᠨᠠᠭᠠᠨ ᠳᠡᠭᠡᠷᠡᠬᠢ ᠭᠡᠮ ᠠᠷᠬᠠᠭ ᠢ ᠨᠢ | ᠪᠦᠷᠢᠮᠤᠰᠦᠨ ᠠᠷᠢᠯᠭᠠᠵᠤ ᠴᠡᠪᠡᠷᠰᠢᠭᠦᠯᠬᠦ ᠴᠢᠬᠤᠯᠠᠲᠠᠢ᠃ ᠭᠡᠬᠦ ᠳᠤ ᠪᠠᠨ ᠬᠥᠮᠦᠡᠯᠢᠭ ᠬᠠᠮᠢᠶᠠᠷᠤᠯᠲᠠ ᠶᠢᠨ | ᠰᠡᠳᠬᠢᠬᠦᠢ ︵ᠠᠷᠭ᠎ᠠ︶ ᠪᠠᠷ ᠰᠤᠷᠤᠭᠴᠢᠳ ᠤᠨ ᠭᠠᠷ ᠤᠲᠠᠰᠤᠨ ᠳᠤ ᠵᠥᠪ ᠢᠶᠠᠷ ᠬᠠᠨᠳᠤᠬᠤ᠂ ᠵᠥᠪ ᠢᠶᠠᠷ | ᠬᠡᠷᠡᠭᠯᠡᠬᠦ ᠶᠢ ᠬᠥᠲᠥᠯᠥᠨ ᠵᠢᠯᠣᠭᠤᠳᠬᠤ ᠶᠢᠨ ᠬᠠᠮᠲᠤ ᠪᠠᠰᠠ ᠰᠤᠷᠭᠠᠭᠤᠯᠢ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ | ᠳᠦᠷᠢᠮ ᠶᠣᠰᠣᠭᠠᠷ ᠴᠢᠩᠭ᠎ᠠ ᠬᠠᠮᠢᠶᠠᠷᠴᠤ ᠰᠢᠢᠳᠪᠦᠷᠢᠯᠡᠬᠦ ᠬᠡᠷᠡᠭᠲᠡᠢ᠃ ᠢᠩᠭᠢᠪᠡᠯ ᠰᠠᠶ᠋ᠢ ᠰᠤᠷᠭᠠᠭᠤᠯᠢ ᠶᠢᠨ ᠳᠦᠷᠢᠮ | ᠲᠣᠭᠲᠠᠭᠠᠯ ᠤᠨ ᠡᠷᠬᠡ ᠰᠦᠷᠲᠦ ᠴᠢᠨᠠᠷ ᠢ ᠪᠠᠳᠤᠯᠠᠵᠤ᠂ ᠪᠠᠳᠤᠳᠬᠠᠵᠤ ᠴᠢᠳᠠᠬᠤ ᠶᠢᠨ ᠬᠠᠮᠲᠤ ᠪᠠᠰᠠ | ᠰᠤᠷᠤᠭᠴᠢᠳ ᠲᠤ ᠥᠪᠡᠷ ᠤᠨ ᠠᠯᠳᠠᠭ᠎ᠠ ᠡᠮᠵᠡᠭ ᠢ ᠨᠢ ᠦᠨᠡᠨ ᠬᠦ ᠣᠶᠢᠯᠠᠭᠠᠭᠤᠯᠵᠤ ᠳᠠᠨᠢᠭᠤᠯᠵᠤ᠂ ᠵᠦᠪ ᠢᠶᠠᠷ | ᠬᠠᠯᠠᠭᠤᠯᠵᠤ ᠵᠠᠰᠠᠭᠤᠯᠵᠤ᠂ ᠲᠡᠳᠡᠨ ᠢ ᠵᠦᠢ ᠲᠠᠢ ᠵᠢᠷᠤᠮ ᠲᠠᠢ ᠵᠠᠮ ᠢᠶᠠᠷ ᠵᠠᠮᠨᠠᠭᠤᠯᠵᠤ ᠶᠠᠪᠤᠭᠤᠯᠵᠤ ᠴᠢᠳᠠᠬᠤ ᠶᠤᠮ᠃ | 3. ᠰᠤᠷᠤᠭᠴᠢᠳ ᠲᠤ ᠴᠢᠬᠤᠯᠠ ᠪᠥᠬᠦᠶ ᠴᠢᠮᠡᠭᠡ ᠨᠡᠪᠳᠡᠷᠡᠯᠴᠡᠭᠡ ᠶᠢᠨ ᠨᠥᠬᠦᠴᠡᠯ ᠪᠤᠯᠤᠮᠵᠢ ᠶᠢ ᠭᠦᠢᠴᠡᠳ | ᠬᠠᠩᠭᠠᠬᠤ ᠬᠡᠷᠡᠭᠳᠡᠢ᠃ | ᠰᠤᠷᠭᠠᠭᠤᠯᠢ ᠠᠴᠠ ᠰᠤᠷᠤᠭᠴᠢᠳ ᠤᠨ ᠪᠤᠳᠠᠳᠤ ᠪᠠᠶᠢᠳᠠᠯ ᠢ ᠭᠦᠢᠴᠡᠳ ᠤᠶᠢᠯᠠᠭᠠᠵᠤ ᠬᠦᠨᠳᠦᠳᠬᠡᠵᠦ᠂ | ᠴᠢᠬᠤᠯᠠᠴᠢᠯᠠᠨ ᠦᠵᠡᠵᠦ᠂ ᠲᠡᠳᠡᠨ ᠳᠤ ᠴᠢᠮᠡᠭᠡ ᠨᠡᠪᠳᠡᠷᠡᠯᠴᠡᠭᠡ ᠶᠢᠨ ᠳᠠᠯ᠎ᠠ ᠪᠠᠷ ᠬᠢ ᠵᠦᠶ ᠵᠣᠬᠢᠰᠲᠠᠶ ᠬᠡᠷᠡᠭᠯᠡᠭᠡ | ᠪᠤᠯᠤᠮᠵᠢ ᠶᠢ ᠪᠦᠷᠢᠨ ᠬᠠᠩᠭᠠᠵᠤ ᠦᠭᠬᠦ ᠬᠡᠷᠡᠭᠳᠡᠢ᠃ ᠢᠯᠠᠩᠭᠤᠶ᠎ᠠ ᠪᠠᠶᠢᠷᠢ ᠳᠤ ᠰᠠᠭᠤᠭ᠎ᠠ ᠰᠤᠷᠤᠭᠴᠢᠳ ᠤᠨ | ᠴᠢᠬᠤᠯᠠ ᠪᠦᠬᠦᠢ ᠴᠢᠮᠡᠭᠡ ᠨᠡᠪᠲᠡᠷᠡᠯᠭᠡ ᠶᠢᠨ ᠲᠠᠯ᠎ᠠ ᠪᠠᠷ ᠬᠢ ᠬᠡᠷᠡᠭᠴᠡᠭᠡ ︵ᠬᠡᠷᠡᠭᠯᠡᠭᠡ︶ ᠪᠠ ᠱᠠᠭᠠᠷᠳᠠᠯᠭ᠎ᠠ ᠶᠢ | ᠭᠦᠢᠴᠡᠳ ᠬᠦᠨᠳᠦᠳᠬᠡᠨ ᠦᠵᠡᠵᠦ᠂ ᠪᠤᠯᠤᠯᠴᠠᠭ᠎ᠠ ᠪᠦᠬᠦᠢ ᠨᠡᠪᠲᠡᠷᠡᠯᠴᠡᠭᠡ ᠶᠢ ᠭᠦᠢᠴᠡᠳ ᠬᠠᠩᠭᠠᠵᠤ ᠦᠭᠬᠦ | ᠬᠡᠷᠡᠭᠲᠡᠶ᠃ ᠰᠤᠷᠭᠠᠭᠤᠯᠢ ᠪᠣᠯᠤᠨ ᠪᠠᠭᠰᠢ ᠨᠠᠷ ᠴᠢᠬᠤᠯᠠᠴᠢᠯᠠᠭ᠎ᠠ ᠲᠠᠢ ᠦᠶ᠎ᠡ ᠳᠤ ᠰᠤᠷᠤᠭᠴᠢᠳ ᠤᠨ ᠥᠪᠡᠷ ᠤᠨ | ᠭᠠᠷ ᠤᠲᠠᠰᠤ ᠪᠠᠨ ᠪᠤᠴᠠᠭᠠᠨ ᠠᠪᠴᠤ ᠬᠡᠷᠡᠭᠯᠡᠬᠦ ᠶᠢ ᠵᠦᠪᠰᠢᠶᠡᠷᠡᠬᠦ ᠬᠡᠷᠡᠭᠳᠡᠢ᠃ ᠲᠡᠷᠡᠴᠢᠯᠡᠨ ᠰᠤᠷᠭᠠᠭᠤᠯᠢ ᠶᠢᠨ | ᠬᠦᠷᠢᠶ᠎ᠡ᠂ ᠪᠠᠶᠢᠷᠢ ᠶᠢᠨ ᠲᠣᠭᠤᠷᠢᠭ ᠲᠤ ᠪᠠᠴᠢᠮ ᠤᠲᠠᠰᠤ ᠵᠡᠷᠭᠡ ᠲᠥᠬᠦᠭᠡᠷᠦᠮᠵᠢ ᠤᠭᠰᠠᠷᠠᠬᠤ ᠶᠢᠨ ᠬᠠᠮᠲᠤ | ᠪᠠᠭᠰᠢ ᠶᠢᠨ ᠠᠯᠪᠠᠨ ᠭᠡᠷ ᠤᠨ ᠤᠲᠠᠰᠤ ᠶᠢ ᠨᠡᠭᠡᠭᠡᠵᠦ᠂ ᠰᠤᠷᠤᠭᠴᠢᠳ ᠲᠤ ᠬᠡᠷᠡᠭᠯᠡᠭᠦᠯᠵᠦ᠂ ᠲᠡᠲᠡᠨ ᠤ ᠬᠡᠪ ᠤᠨ | ᠬᠠᠷᠢᠯᠴᠠᠭᠠᠨ ᠤ ᠬᠡᠷᠡᠭᠴᠡᠭᠡ ᠶᠢ ᠬᠠᠩᠭᠠᠵᠤ᠂ ᠲᠡᠳᠡᠨ ᠳᠤ ᠳᠦᠭᠦᠮ ᠦᠵᠡᠭᠦᠯᠬᠦ ᠬᠡᠷᠡᠭᠳᠡᠢ᠃ ᠡᠳᠡᠭᠡᠷ ᠪᠤᠯ | ᠰᠤᠷᠭᠠᠭᠤᠯᠢ ᠶᠢᠨ ᠰᠤᠷᠤᠭᠴᠢᠳ ᠤᠨ ᠬᠠᠮᠢᠶᠠᠷᠤᠯᠲᠠ᠂ ᠤᠨᠴᠠᠭᠠᠶᠢᠯᠠᠨ ᠰᠤᠷᠤᠭᠴᠢᠳ ᠰᠤᠷᠭᠠᠭᠤᠯᠢ ᠶᠢᠨ | ᠬᠦᠷᠢᠶᠡᠨ ᠳᠤ ᠭᠠᠷ ᠤᠲᠠᠰᠤ ᠬᠡᠷᠡᠭᠯᠡᠬᠦ ᠪᠤᠶᠤ ᠬᠡᠷᠡᠭᠯᠡᠭᠦᠯᠬᠦ ᠶᠢ ᠬᠠᠮᠢᠶᠠᠷᠬᠤ ᠭᠤᠤᠯ ᠠᠷᠭ᠎ᠠ ᠠᠪᠴᠠᠯ ᠨᠤᠭᠤᠳ ᠤᠨ | ᠨᠢᠭᠡ ᠭᠡᠰᠡᠭ ᠪᠤᠯᠤᠨ᠎ᠠ᠃ | 4. ᠬᠡᠷ ᠤᠨ ᠠᠬᠠᠮᠠᠳ ᠤᠨ ᠤᠶᠢᠯᠠᠭᠠᠯᠴᠠᠭ᠎ᠠ ᠪᠠ ᠳᠡᠮᠵᠢᠯᠭᠡ ᠶᠢ ᠤᠯᠬᠤ ᠴᠢᠬᠤᠯᠠᠲᠠᠢ᠃ | ᠰᠤᠷᠭᠠᠭᠤᠯᠢ ᠶᠢᠨ ᠠᠵᠢᠯ ᠨᠢ ᠭᠡᠷ ᠤᠨ ᠠᠬᠠᠮᠠᠳ ᠤᠨ ᠤᠶᠢᠯᠠᠭᠠᠯᠴᠠᠭ᠎ᠠ ᠪᠠ ᠳᠡᠮᠵᠢᠯᠭᠡ ᠠᠴᠠ ᠰᠠᠯᠵᠤ | ᠴᠢᠳᠠᠬᠤ ᠦᠭᠡᠢ᠃ ᠭᠡᠷ ᠤᠨ ᠠᠬᠠᠮᠠᠳ ᠤᠨ ᠣᠪᠣᠷ ᠪᠠ ᠲᠠᠨᠢᠯᠲᠠ ᠨᠢ ᠰᠤᠷᠤᠭᠴᠢᠳ ᠤᠨ ᠲᠠᠨᠢᠯᠲᠠ ᠪᠠ | ᠰᠤᠷᠭᠠᠭᠤᠯᠢ ᠶᠢᠨ ᠠᠵᠢᠯ ᠳᠤ ᠮᠠᠰᠢ ᠶᠡᠭᠡ ᠨᠥᠯᠥᠭᠡ ᠦᠵᠡᠭᠦᠯᠳᠡᠭ᠃ ᠰᠤᠷᠭᠠᠭᠤᠯᠢ ᠳᠤ ᠪᠠᠶᠢᠬᠤ ᠬᠤᠭᠤᠴᠠᠭᠠᠨ ᠳᠤ | ᠭᠠᠷ ᠤᠲᠠᠰᠤ ᠬᠡᠷᠡᠭᠯᠡᠬᠦ ᠶᠢ ᠬᠤᠷᠢᠭᠯᠠᠬᠤ ᠠᠵᠢᠯ ᠢ ᠤᠷᠤᠭᠰᠢᠲᠠᠶ ᠥᠷᠨᠢᠭᠦᠯᠬᠦ ᠳᠤ ᠡᠷᠬᠡᠪᠰᠢ ᠰᠤᠷᠤᠭᠴᠢᠳ ᠤᠨ | ᠭᠡᠷ ᠤᠨ ᠠᠬᠠᠮᠠᠳ ᠤᠨ ᠣᠶᠢᠯᠠᠭᠠᠯᠲᠠ ᠪᠠ ᠳᠡᠮᠵᠢᠯᠭᠡ ᠶᠢ ᠤᠯᠬᠤ ᠬᠡᠷᠡᠭᠲᠡᠶ᠃ ᠰᠤᠷᠭᠠᠭᠤᠯᠢ ᠭᠡᠷ ᠤᠨ ᠠᠬᠠᠮᠠᠳ ᠤᠨ | ᠬᠤᠷᠠᠯ ᠬᠤᠷᠠᠯᠳᠤᠭᠤᠯᠬᠤ ᠪᠤᠶᠤ ᠠᠩᠭᠢ ᠶᠢᠨ ᠡᠷᠬᠢᠯᠡᠭᠴᠢ ᠠᠴᠠ ᠭᠡᠷ ᠤᠨ ᠠᠬᠠᠮᠠᠳ ᠤᠨ ᠬᠤᠯᠪᠤᠭᠠᠨ ᠳᠤ ᠮᠡᠳᠡᠭᠳᠡᠯ | ᠶᠠᠪᠤᠭᠤᠯᠬᠤ ᠵᠡᠷᠭᠡ ᠠᠷᠭ᠎ᠠ ᠪᠠᠷ ᠳᠠᠮᠵᠢᠭᠤᠯᠤᠨ ᠰᠤᠷᠭᠠᠭᠤᠯᠢ ᠶᠢᠨ ᠬᠠᠮᠢᠶ᠎ᠠ ᠪᠦᠬᠦᠢ ᠲᠣᠭᠲᠠᠭᠠᠯ ᠢ ᠭᠡᠷ ᠤᠨ | ᠠᠬᠠᠮᠠᠳ ᠲᠤ ᠬᠡᠯᠡᠵᠦ ᠥᠭᠴᠦ ᠪᠣᠯᠤᠨ᠎ᠠ᠃ ᠡᠭᠦᠨ ᠠᠴᠠ ᠭᠠᠳᠠᠨ᠎ᠠ ᠭᠡᠷ ᠤᠨ ᠠᠬᠠᠮᠠᠳ ᠢᠶᠠᠷ ᠰᠤᠷᠭᠠᠭᠤᠯᠢ ᠶᠢᠨ | ᠬᠦᠷᠢᠶᠡᠨ ᠳᠤ ᠭᠠᠷ ᠤᠲᠠᠰᠤ ᠬᠡᠷᠡᠭᠯᠡᠵᠦ ᠪᠣᠯᠬᠤ ᠦᠭᠡᠢ ᠭᠡᠰᠡᠨ ᠦᠨᠳᠦᠰᠦᠯᠡᠯ ᠪᠠᠷᠢᠮᠳᠠᠯᠠᠯ ᠪᠠ ᠲᠠᠨᠢᠯᠲᠠ | ᠤᠶᠢᠯᠠᠭᠠᠯᠲᠠ᠂ ᠠᠷᠭ᠎ᠠ ᠪᠠᠷᠢᠯ ᠢ ᠶᠠᠷᠢᠯᠴᠠᠭᠤᠯᠵᠤ᠂ ᠭᠡᠷ ᠤᠨ ᠠᠬᠠᠮᠠᠳ ᠪᠠ ᠰᠤᠷᠭᠠᠭᠤᠯᠢ ᠠᠳᠠᠯᠢ ᠨᠢᠭᠡᠨ ᠦᠵᠡᠯᠲᠡ | ᠲᠠᠨᠢᠯᠲᠠ ᠲᠠᠢ ᠪᠤᠯᠬᠤ ᠪᠠᠷ ᠴᠢᠷᠮᠠᠶᠢᠵᠤ᠂ ᠡᠭᠦᠨ ᠤ ᠤᠯᠠᠮ ᠠᠴᠠ ᠰᠤᠷᠭᠠᠭᠤᠯᠢ ᠶᠢᠨ ᠬᠠᠮᠢᠶ᠎ᠠ ᠪᠦᠬᠦᠢ ᠲᠦᠷᠢᠮ | ᠲᠣᠭᠲᠠᠭᠠᠯ ᠢ ᠬᠡᠷᠡᠭᠵᠢᠭᠦᠯᠦᠨ ᠲᠤᠭᠤᠰᠢᠯᠠᠭᠤᠯᠬᠤ ᠦᠶ᠎ᠡ ᠶᠢᠨ ᠠᠯᠢᠪᠠ ᠬᠠᠷᠰᠢ ᠰᠠᠭᠠᠳ ᠢ ᠬᠥᠩᠭᠡᠷᠡᠭᠦᠯᠵᠦ | ᠪᠣᠯᠤᠨ᠎ᠠ᠃ | | ᠬᠠᠶ᠋ᠢᠬ᠄ ᠬᠦᠬᠡᠬᠤᠲᠠ ᠶᠢᠨ ᠮᠤᠩᠭᠤᠯ ᠦᠨᠳᠦᠰᠦᠲᠡᠨ ᠤ | ᠰᠤᠷᠭᠠᠭᠤᠯᠢ | ︵ᠰᠦᠶ᠎ᠠ ᠨᠠᠶᠢᠷᠠᠭᠤᠯᠪᠠ︶ | 2020 ᠤᠨ ᠤ 2 ᠳ᠋ᠤᠭᠠᠷ ᠬᠤᠭᠤᠴᠠᠭ᠎ᠠ |