ᠰᠤᠷᠤᠨ᠎ᠠ | | ᠬᠡᠤᠬᠡᠳ ᠤᠨ ᠬᠦᠮᠦᠵᠢᠯ ᠪᠤᠯ ᠰᠤᠷᠭᠠᠨ ᠬᠦᠮᠦᠵᠢᠯ ᠤᠨ ᠠᠯᠢᠪᠠ ᠦᠢᠯᠡ ᠠᠵᠢᠯᠯᠠᠭᠠᠨ ᠤ ᠰᠠᠭᠤᠷᠢ ᠶᠢᠨ | ᠰᠠᠭᠤᠷᠢ ᠪᠤᠯᠤᠨ᠎ᠠ᠃ ᠲᠡᠶᠢᠮᠦ ᠠᠴᠠ ᠮᠠᠨ ᠤ ᠣᠯᠣᠰ ᠨᠢ ᠬᠡᠤᠬᠡᠳ ᠤᠨ ᠰᠣᠷᠭᠠᠨ ᠬᠦᠮᠦᠵᠢᠯ ᠢ ᠳᠡᠭᠡᠲᠦ ᠬᠡᠮᠵᠢᠶ᠎ᠡ ᠪᠠᠷ | ᠴᠢᠬᠤᠯᠠᠴᠢᠯᠠᠵᠤ᠂ ᠳᠡᠷᠡ ᠳᠤᠰᠤᠮ ᠢᠶᠠᠨ ᠴᠡᠴᠡᠷᠯᠢᠭ ᠤᠨ ᠵᠢᠭᠠᠨ ᠰᠤᠷᠭᠠᠯᠳᠠ ᠶᠢᠨ ᠳᠠᠯ᠎ᠠ ᠪᠠᠷ ᠮᠠᠰᠢ ᠤᠯᠠᠨ | ᠦᠭᠡᠷᠡᠴᠢᠯᠡᠯᠲᠡ ᠬᠢᠵᠤ᠂ ᠴᠡᠴᠡᠷᠯᠢᠭ ᠤᠨ ᠪᠠᠭᠰᠢ ᠨᠠᠷ ᠤᠨ ᠲᠤᠰᠬᠠᠢ ᠠᠵᠢᠯ ᠤᠨ ᠬᠡᠪ ᠴᠢᠨᠠᠷ ᠢ ᠤᠯᠠᠮ | ᠴᠢᠩᠭᠠᠳᠬᠠᠭᠰᠠᠨ ᠪᠠᠶᠢᠨ᠎ᠠ᠃ ᠳᠤᠬᠠᠶᠢᠯᠠᠪᠠᠯ᠂ ᠶᠡᠷᠦᠩᠬᠡᠶ ᠱᠦᠵᠢ ᠰᠢ ᠶᠢᠨ ᠫᠢᠩ᠄ ︽ᠨᠢᠭᠡ ᠬᠥᠮᠦᠨ ᠰᠠᠶᠢᠨ | ᠪᠠᠭᠰᠢ ᠲᠠᠢ ᠲᠠᠭᠠᠷᠠᠬᠤ ᠪᠣᠯ ᠬᠥᠮᠦᠨ ᠤ ᠠᠮᠢᠳᠤᠷᠠᠯ ᠤᠨ ᠠᠵᠠ ᠵᠠᠪᠰᠢᠶᠠᠨ ᠮᠥᠨ᠂ ᠨᠢᠭᠡ ᠰᠤᠷᠭᠠᠭᠤᠯᠢ ᠳᠤ ᠰᠠᠶᠢᠨ | ᠪᠠᠭᠰᠢ ᠲᠠᠢ ᠪᠠᠶᠢᠬᠤ ᠪᠣᠯ ᠰᠤᠷᠭᠠᠭᠤᠯᠢ ᠶᠢᠨ ᠢᠷᠠᠭᠤ ᠠᠯᠳᠠᠷ ᠮᠥᠨ᠂ ᠨᠢᠭᠡ ᠦᠨᠳᠦᠰᠦᠲᠡᠨ ᠠᠴᠠ ᠲᠠᠰᠤᠷᠠᠯᠲᠠ | ᠥᠬᠡᠶ ᠨᠢᠭᠡ ᠪᠦᠯᠦᠭ ᠰᠠᠶᠢᠨ ᠪᠠᠭᠰᠢ ᠴᠣᠯᠭᠤᠷᠠᠨ ᠭᠠᠷᠬᠤ ᠪᠣᠯ ᠦᠨᠳᠦᠰᠦᠲᠡᠨ ᠤ ᠬᠦᠰᠡᠯ ᠡᠷᠡᠮᠡᠯᠵᠡᠯ ᠮᠥᠨ︾ | ᠬᠡᠮᠡᠨ ᠵᠢᠭᠠᠵᠤ ᠭᠠᠷᠭᠠᠭᠰᠠᠨ ᠪᠠᠶᠢᠳᠠᠭ᠃ ᠡᠶᠢᠮᠦ ᠠᠴᠠ ᠪᠢᠳᠡ ᠥᠪᠡᠷ ᠤᠨ ᠲᠤᠰᠬᠠᠢ ᠮᠡᠷᠭᠡᠵᠢᠯ ᠤᠨ ᠢᠶᠠᠨ ᠬᠡᠪ | ᠪᠣᠯᠪᠠᠰᠤᠷᠠᠯ ᠢᠶᠠᠨ ᠲᠠᠰᠣᠷᠠᠯᠲᠠ ᠦᠭᠡᠢ ᠳᠡᠭᠡᠭᠰᠢᠯᠡᠭᠦᠯᠵᠦ᠂ ᠬᠡᠦᠬᠡᠳ ᠪᠠᠭᠠᠴᠤᠳ ᠲᠤ ᠪᠠᠨ ᠰᠠᠶᠢᠨ ᠰᠠᠶᠢᠬᠠᠨ | ᠰᠤᠷᠤᠯᠴᠠᠬᠤ ᠣᠷᠴᠢᠨ ᠲᠣᠭᠤᠷᠢᠨ ᠢ ᠪᠦᠷᠢᠯᠳᠦᠬᠦᠯᠦᠨ ᠦᠭᠴᠦ᠂ ᠬᠡᠤᠬᠡᠳ ᠤᠨ ᠦᠰᠦᠨ ᠪᠤᠶᠢᠵᠢᠯᠳᠠ ᠶᠢ | ᠡᠷᠡᠬᠦᠯ ᠢᠶᠠᠷ ᠨᠦᠯᠦᠬᠡᠯᠡᠬᠦ᠂ ᠳᠡᠳᠡᠨ ᠤ ᠪᠡᠶ᠎ᠡ ᠰᠡᠳᠬᠢᠴᠡ ᠶᠢᠨ ᠬᠦᠭᠵᠢᠯᠳᠡ ᠳᠤ ᠴᠢᠬᠤᠯᠠ ᠠᠴᠢ ᠬᠤᠯᠪᠤᠭᠳᠠᠯ ᠲᠠᠢ | ᠰᠤᠷᠭᠠᠨ ᠬᠦᠮᠦᠵᠢᠯ ᠤᠨ ᠲᠤᠭᠳᠠᠯᠴᠠᠭ᠎ᠠ ᠶᠢ ᠪᠤᠢ ᠪᠤᠯᠭᠠᠬᠤ ᠨᠢ ᠮᠠᠰᠢ ᠴᠢᠬᠤᠯᠠ ᠶᠤᠮ᠃ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠢ ᠮᠧᠶ᠄ ︽ᠤᠯᠠᠮᠵᠢᠯᠠᠯᠲᠤ ᠰᠣᠶᠣᠯ ᠢ | ᠰᠤᠷᠭᠠᠭᠤᠯᠢ ᠶᠢᠨ ᠵᠢᠭᠠᠨ ᠰᠣᠷᠭᠠᠯᠲᠠ ᠲᠠᠢ ᠠᠭᠤᠰᠤᠯᠴᠠᠭᠤᠯᠤᠨ ᠨᠡᠪᠲᠡᠷᠡᠭᠦᠯᠬᠦ ᠨᠢ ᠭᠤᠣᠯᠳᠠᠯᠭ᠎ᠠ ᠪᠣᠯᠤᠨ᠎ᠠ︾ | ᠭᠡᠰᠡᠨ ᠪᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠢᠶᠣᠤ | ᠬᠤᠸᠠ ᠭᠧ᠄ ︽ᠰᠣᠶᠣᠯ ᠤᠨ ᠢᠲᠡᠭᠡᠯ ᠢ ᠪᠠᠲᠤᠳᠬᠠᠬᠤ ᠳᠤ ᠵᠠᠯᠠᠭᠤᠴᠤᠳ ᠪᠠᠭᠠᠴᠤᠳ ᠠᠴᠠ ᠡᠬᠢᠯᠡᠨ ᠠᠳᠬᠤᠵᠤ᠂ | ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ ᠠᠴᠠ ᠶᠡᠭᠡ ᠰᠤᠷᠭᠠᠭᠤᠯᠢ ᠬᠦᠷᠲᠡᠯ᠎ᠡ | ᠤᠯᠠᠮᠵᠢᠯᠠᠯᠲᠤ ᠰᠣᠶᠣᠯ ᠰᠤᠷᠭᠠᠨ ᠬᠥᠮᠦᠵᠢᠯ ᠤᠨ ᠪᠦᠷᠬᠦᠴᠡ ᠶᠢ ᠨᠡᠮᠡᠭᠳᠡᠭᠦᠯᠬᠦ ᠬᠡᠷᠡᠭᠲᠡᠢ︾ ᠭᠡᠬᠦ ᠮᠡᠳᠦ ᠶᠢᠨ | ᠴᠢᠬᠤᠯᠠ ᠰᠠᠨᠠᠯ ᠳᠤᠷᠠᠳᠤᠯᠭ᠎ᠠ ᠲᠠᠯᠪᠢᠭᠰᠠᠨ ᠪᠠᠶᠢᠳᠠᠭ᠃ ᠮᠤᠩᠭᠤᠯ ᠴᠡᠴᠡᠷᠯᠢᠭ ᠤᠨ ᠵᠢᠭᠠᠨ ᠰᠤᠷᠭᠠᠯᠲᠠ ᠳᠤ ᠪᠠᠨ | ᠬᠡᠤᠬᠡᠯᠲᠡᠢ ᠵᠦᠴᠦᠭᠡ ᠶᠢ ᠠᠰᠢᠭᠯᠠᠬᠤ ᠨᠢ ᠬᠡᠤᠬᠡᠳ ᠤᠨ ᠬᠦᠮᠦᠵᠢᠯ ᠳᠤ ᠤᠯᠠᠨ ᠳᠠᠯ᠎ᠠ ᠶᠢᠨ ᠠᠰᠢᠭ ᠲᠠᠢ ᠮᠦᠷᠳᠡᠬᠡᠨ | ᠤᠳᠤᠬᠢ ᠰᠤᠷᠭᠠᠨ ᠬᠦᠮᠦᠵᠢᠯ ᠤᠨ ᠦᠬᠡᠷᠡᠴᠢᠯᠡᠯᠳᠡ ᠪᠠ ᠱᠠᠭᠠᠷᠳᠠᠯᠭ᠎ᠠ ᠲᠠᠢ ᠴᠤ ᠨᠡᠶᠢᠴᠡᠵᠤ ᠪᠠᠶᠢᠬᠤ ᠶᠤᠮ᠃ | ᠡ᠊ᠨᠳᠡ ᠪᠢ ᠳᠠᠷᠠᠭᠠᠬᠢ ᠮᠡᠳᠦ ᠭᠤᠷᠪᠠᠨ ᠳᠠᠯ᠎ᠠ ᠪᠠᠷ ᠬᠡᠤᠬᠡᠯᠳᠡᠢ ᠵᠦᠴᠦᠬᠡ ᠶᠢ ᠴᠡᠴᠡᠷᠯᠢᠭ ᠤᠨ ᠵᠢᠭᠠᠨ ᠰᠤᠷᠭᠠᠯᠳᠠ ᠳᠤ | ᠬᠡᠷᠬᠢᠨ ᠤᠶᠠᠯᠳᠤᠭᠤᠯᠬᠤ ᠳᠤᠬᠠᠢ ᠲᠦᠬᠦᠮ ᠦᠬᠦᠯᠡᠶ᠎ᠡ᠃ | ᠨᠢᠭᠡ᠂ ᠴᠡᠴᠡᠷᠯᠢᠭ ᠤᠨ ᠬᠡᠤᠬᠡᠳ ᠤᠨ ᠤᠨᠴᠠᠯᠢᠭ ᠪᠠ ᠬᠡᠤᠬᠡᠯᠳᠡᠢ ᠵᠦᠴᠦᠬᠡ ᠶᠢᠨ ᠦᠢᠯᠡᠳᠦᠯ | ︽ᠨᠢᠷᠣᠭᠤ ᠪᠣᠯᠬᠤ ᠮᠣᠳᠣ ᠶᠢ ᠨᠠᠶᠢᠯᠵᠠᠭᠤᠷ ᠠᠴᠠ ᠨᠢ ᠵᠠᠰᠠᠳᠠᠭ︾ ᠭᠡᠳᠡᠭᠴᠢᠯᠡᠨ ᠬᠦᠮᠦᠨ ᠪᠣᠯᠬᠤ | ᠬᠦᠮᠦᠵᠢᠯ ᠢ ᠴᠦ ᠴᠡᠴᠡᠷᠯᠢᠭ ᠤᠨ ᠦᠶ᠎ᠡ ᠠᠴᠠ ᠨᠢ ᠡᠬᠢᠯᠡᠨ ᠰᠠᠶᠢᠳᠣᠷ ᠬᠢᠬᠦ ᠭᠡᠷᠡᠭᠳᠡᠢ ᠪᠠᠶᠢᠳᠠᠭ᠃ ᠴᠡᠴᠡᠷᠯᠢᠭ ᠤᠨ | ᠬᠡᠣᠭᠡᠳ ᠨᠢ ᠭᠤᠤᠯᠳᠠᠭᠤ 3 ~ 6 ᠨᠠᠰᠣᠨ ᠤ ᠣᠷᠴᠢᠮ ᠪᠠᠶᠢᠵᠣ᠂ ᠡᠨᠡ ᠬᠦ ᠨᠠᠰᠣᠨ ᠤ ᠦᠶ᠎ᠡ ᠶᠢᠨ ᠬᠡᠣᠭᠡᠳ ᠤᠨ | ᠬᠦᠮᠦᠵᠢᠯ ᠪᠣᠯ ᠠᠯᠢᠪᠠ ᠰᠣᠷᠭᠠᠨ ᠬᠦᠮᠦᠵᠢᠯ ᠤᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ᠡᠨᠡ ᠦᠶ᠎ᠡ ᠳᠤ | ᠬᠡᠤᠬᠡᠳ ᠤᠨ ᠪᠡᠶ᠎ᠡ ᠮᠠᠬᠠᠪᠣᠳ᠂ ᠣᠶᠣᠨ ᠣᠬᠠᠭᠠᠨ᠂ ᠶᠣᠰᠣ ᠮᠣᠷᠠᠯ᠂ ᠭᠤᠸ᠎ᠠ ᠰᠠᠶᠢᠬᠠᠨ ᠵᠡᠷᠭᠡ ᠪᠦᠬᠦ ᠲᠠᠯ᠎ᠠ ᠶᠢᠨ | ᠬᠦᠮᠦᠵᠢᠯ ᠢ ᠰᠠᠶᠢᠳᠤᠷ ᠬᠢᠵᠤ᠂ ᠳᠡᠳᠡᠨ ᠤ ᠪᠡᠶ᠎ᠡ ᠰᠡᠳᠬᠢᠯ ᠢ ᠡᠷᠡᠬᠦᠯ ᠢᠶᠠᠷ ᠪᠤᠶᠢᠵᠢᠭᠤᠯᠵᠣ᠂ ᠰᠣᠷᠭᠠᠭᠤᠯᠢ ᠳᠤ | ᠣᠷᠣᠵᠣ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠵᠤ᠂ ᠰᠢᠨ᠎ᠡ ᠬᠦᠮᠦᠨ ᠪᠣᠯᠣᠨ ᠲᠦᠯᠦᠪᠰᠢᠬᠦ ᠳᠤ ᠪᠠᠳᠤ | ᠰᠠᠭᠤᠷᠢ ᠶᠢ ᠳᠠᠯᠪᠢᠵᠤ ᠦᠭᠬᠦ ᠬᠡᠷᠡᠭᠳᠡᠢ ᠶᠤᠮ᠃ ᠡᠶᠢᠮᠦ ᠠᠴᠠ ᠴᠡᠴᠡᠷᠯᠢᠭ ᠤᠨ ᠵᠢᠭᠠᠨ ᠰᠤᠷᠭᠠᠯᠳᠠ ᠬᠡᠳᠡᠭ ᠪᠤᠯ | ᠵᠦᠪᠬᠡᠨ ᠬᠡᠤᠬᠡᠳ ᠪᠠᠭᠠᠴᠤᠳ ᠢ ᠡᠳᠦᠷᠵᠢᠨ ᠢᠳᠡᠬᠦᠯᠵᠤ ᠤᠤᠭᠤᠯᠭᠠᠭᠠᠳ᠂ ᠨᠠᠭᠠᠳᠤᠭᠤᠯᠤᠭᠠᠳ ᠯᠠ ᠪᠠᠶᠢᠬᠤ | ᠶᠠᠪᠤᠳᠠᠯ ᠪᠢᠰᠢ᠂ ᠬᠠᠷᠢᠨ ᠬᠡᠤᠬᠡᠳ ᠤᠨ ᠤᠨᠴᠠᠯᠢᠭ᠂ ᠪᠡᠶ᠎ᠡ ᠰᠡᠳᠬᠢᠴᠡ ᠶᠢᠨ ᠬᠦᠭᠵᠢᠯᠳᠡ ᠶᠢᠨ ᠪᠠᠶᠢᠳᠠᠯ ᠢ ᠨᠢ | ᠨᠠᠷᠢᠯᠢᠬ ᠰᠤᠳᠤᠯᠤᠭᠰᠠᠨ ᠪᠠᠶᠢᠬᠤ ᠬᠡᠷᠡᠭᠳᠡᠢ᠃ ᠶᠡᠷᠦ ᠨᠢ ᠡᠨᠡ ᠨᠠᠰᠤᠨ ᠤ ᠬᠡᠤᠬᠡᠳ ᠪᠤᠯ ᠨᠣᠮ ᠪᠢᠴᠢᠭ ᠤᠩᠰᠢᠭᠠᠳ | ᠮᠡᠳᠡᠯᠬᠡ ᠬᠤᠷᠠᠮᠳᠤᠭᠤᠯᠬᠤ ᠪᠢᠰᠢ᠂ ᠶᠡᠭᠡ ᠬᠡᠮᠵᠢᠶᠡᠨ ᠤ ᠬᠡᠶᠢᠰᠪᠦᠷᠢ ᠳᠤᠬᠢᠶ᠎ᠠ ᠲᠡᠮᠳᠡᠭ ᠢ ᠠᠯᠪᠠ ᠪᠠᠷ ᠴᠡᠬᠡᠵᠢᠯᠡᠵᠤ | ᠮᠡᠳᠡᠯᠬᠡ ᠰᠤᠷᠬᠤ ᠶᠠᠪᠤᠳᠠᠯ ᠴᠤ ᠪᠢᠰᠢ᠂ ᠬᠠᠷᠢᠨ ᠪᠤᠳᠠᠳᠤ ᠥᠢᠯᠡᠳᠦᠯᠭᠡ ᠳᠤ ᠤᠷᠤᠯᠴᠠᠵᠤ᠂ ᠪᠡᠶᠡᠴᠢᠯᠡᠨ ᠥᠢᠯᠡᠳᠬᠦ | ᠶᠤᠮ ᠤᠤ ᠳᠠᠭᠤᠷᠢᠶᠠᠨ ᠬᠢᠬᠦ ᠶᠢᠨ ᠳᠤᠮᠳᠠ ᠰᠤᠷᠤᠯᠴᠠᠬᠤ ᠶᠠᠪᠤᠳᠠᠯ ᠪᠤᠯᠤᠨ᠎ᠠ᠃ ᠡᠨᠡ ᠨᠠᠰᠤᠨ ᠤ ᠬᠡᠤᠬᠡᠳ ᠤᠨ | ᠤᠨᠴᠠᠯᠢᠭ ᠨᠢ ᠳᠠᠷᠤᠢ ︽ᠬᠢᠬᠦ ᠶᠢᠨ ᠳᠤᠮᠲᠠ ᠰᠣᠷᠬᠤ︾᠂ ︽ᠨᠠᠭᠠᠳᠬᠤ ᠶᠢᠨ ᠲᠤᠮᠲᠠ ᠰᠣᠷᠬᠤ︾ ︽ | ᠠᠮᠢᠳᠣᠷᠠᠯ ᠤᠨ ᠲᠤᠮᠲᠠ ᠰᠤᠷᠬᠤ︾ ᠠᠷᠭ᠎ᠠ ᠪᠠᠷ ᠳᠠᠮᠵᠢᠭᠤᠯᠤᠨ ᠦᠪᠡᠷ ᠤᠨ ᠥᠢᠯᠠᠭᠠᠯᠲᠠ ᠪᠠ ᠲᠠᠨᠢᠯᠲᠠ ᠪᠠᠨ | ᠠᠯᠬᠤᠮ ᠠᠯᠬᠤᠮ ᠢᠶᠠᠷ ᠪᠦᠷᠢᠯᠳᠦᠬᠦᠯᠬᠦ ᠶᠠᠪᠤᠴᠠ ᠶᠤᠮ᠃ ᠶᠠᠭ ᠡᠶᠢᠮᠦ ᠤᠴᠢᠷ ᠠᠴᠠ ᠬᠡᠤᠬᠡᠳ ᠤᠳ ᠲᠤ ᠠᠪᠴᠤ | ᠬᠡᠯᠡᠪᠡᠯ ᠲᠤᠭᠯᠠᠭᠠᠮ ᠪᠣᠯ ᠬᠠᠮᠤᠭ ᠤᠨ ᠠᠴᠢ ᠬᠤᠯᠪᠤᠭᠳᠠᠯ ᠲᠠᠢ ᠰᠣᠷᠣᠯᠴᠠᠯᠭ᠎ᠠ ᠶᠢᠨ ᠶᠠᠪᠤᠴᠠ ᠪᠦᠬᠡᠳ | ᠰᠣᠷᠣᠯᠴᠠᠯᠭ᠎ᠠ ᠶᠢᠨ ᠠᠷᠭ᠎ᠠ ᠮᠠᠶ᠋ᠢᠭ ᠪᠤᠯᠤᠨ᠎ᠠ᠃ ᠬᠡᠤᠬᠡᠳ ᠳᠤᠭᠯᠠᠵᠤ ᠨᠠᠭᠠᠳᠤᠭᠠᠳ ᠪᠠᠶᠠᠷᠯᠠᠵᠤ ᠪᠠᠶᠢᠭ᠎ᠠ ᠨᠢ ᠳᠡᠳᠡ | ᠵᠦᠪᠬᠡᠨ ᠨᠠᠭᠠᠳᠴᠤ ᠪᠠᠶᠢᠭ᠎ᠠ ᠪᠢᠰᠢ᠂ ᠬᠠᠷᠢᠨ ᠨᠠᠭᠠᠳᠬᠤ ᠳᠤᠮᠳᠠ ᠪᠠᠨ ᠶᠠᠮᠠᠷ ᠨᠢᠬᠡᠨ ᠭᠡᠷᠡᠭ ᠪᠤᠳᠠᠰ ᠪᠤᠶᠤ ᠦᠢᠯᠡ | ᠶᠠᠪᠤᠳᠠᠯ ᠤᠨ ᠲᠤᠬᠠᠢ ᠦᠯᠦ ᠮᠠᠳᠡᠭ ᠤᠨ ᠳᠤᠮᠳᠠ ᠤᠶᠢᠯᠠᠭᠠᠵᠤ ᠤᠬᠠᠭᠠᠷᠠᠵᠤ ᠪᠠᠶᠢᠳᠠᠭ᠃ ᠳᠡᠶᠢᠮᠦ ᠠᠴᠠ | ᠴᠡᠴᠡᠷᠯᠢᠭ ᠤᠨ ᠰᠣᠷᠭᠠᠨ ᠬᠦᠮᠦᠵᠢᠯ ᠳᠤ ᠨᠠᠭᠠᠳᠣᠮ ᠲᠣᠭᠯᠠᠭᠠᠮ ᠪᠠ ᠬᠡᠤᠬᠡᠯᠲᠡᠢ ᠵᠦᠴᠦᠬᠡ ᠶᠢ ᠵᠦᠪ | ᠤᠨᠤᠪᠴᠢᠳᠠᠢ ᠪᠠᠷ ᠠᠰᠢᠭᠯᠠᠬᠤ ᠪᠤᠯ ᠬᠠᠮᠤᠭ ᠠᠴᠠ ᠦᠷ᠎ᠡ ᠪᠦᠲᠦᠮᠵᠢ ᠲᠠᠢ ᠵᠢᠭᠠᠨ ᠰᠤᠷᠭᠠᠯᠳᠠ ᠶᠢᠨ ᠠᠷᠭ᠎ᠠ | ᠬᠡᠯᠪᠡᠷᠢ ᠶᠢᠨ ᠨᠢᠬᠡ ᠪᠤᠯᠬᠤ ᠶᠤᠮ᠃ ᠬᠡᠤᠬᠡᠯᠳᠡᠢ ᠵᠦᠴᠦᠬᠡ ᠶᠢ ᠴᠡᠴᠡᠷᠯᠢᠭ ᠤᠨ ᠵᠢᠭᠠᠨ ᠰᠤᠷᠭᠠᠯᠳᠠ ᠳᠤ | ᠠᠰᠢᠭᠯᠠᠬᠤ ᠨᠢ ᠬᠡᠤᠬᠡᠳ ᠤᠨ ᠪᠡᠶ᠎ᠡ ᠰᠡᠳᠬᠢᠴᠡ ᠶᠢᠨ ᠤᠨᠴᠠᠯᠢᠭ ᠠᠴᠠ ᠭᠠᠷᠳᠠᠵᠤ᠂ ᠵᠢᠭᠠᠨ ᠰᠤᠷᠭᠠᠯᠳᠠ ᠶᠢᠨ ᠠᠷᠭ᠎ᠠ | ᠮᠠᠶ᠋ᠢᠭ ᠢᠶᠠᠨ ᠳᠤᠬᠢᠷᠠᠭᠤᠯᠵᠤ ᠪᠠᠶᠢᠭ᠎ᠠ ᠶᠠᠪᠤᠳᠠᠯ ᠶᠤᠮ᠃ ᠮᠦᠨ ᠴᠤ ᠬᠡᠤᠬᠡᠳ ᠤᠨ ᠰᠤᠨᠢᠷᠬᠠᠯ ᠢ ᠲᠠᠳᠠᠨ | ᠲᠠᠭᠠᠭᠤᠯᠬᠤ ᠪᠠᠷ ᠲᠠᠮᠵᠢᠭᠤᠯᠵᠤ ᠳᠡᠳᠡᠨ ᠤ ᠠᠬᠤᠢ ᠠᠮᠢᠳᠣᠷᠠᠯ ᠢ ᠠᠵᠢᠭᠯᠠᠬᠤ ᠴᠢᠳᠠᠪᠤᠷᠢ᠂ ᠳᠦᠷᠰᠦᠯᠡᠨ ᠪᠤᠳᠤᠬᠤ | ᠴᠢᠳᠠᠪᠤᠷᠢ᠂ ᠰᠡᠳᠬᠢᠬᠦ ᠴᠢᠳᠠᠪᠤᠷᠢ ᠶᠢ ᠬᠦᠮᠦᠵᠢᠬᠦᠯᠬᠦ ᠶᠠᠪᠤᠳᠠᠯ ᠮᠦᠨ᠃ | ᠬᠡᠣᠬᠡᠯᠲᠡᠢ ᠵᠦᠴᠦᠭᠡ ᠪᠣᠯ ᠮᠠᠨ ᠤ ᠤᠯᠤᠰ ᠤᠨ ᠣᠯᠠᠮᠵᠢᠯᠠᠯᠲᠦ ᠣᠷᠠᠯᠢᠭ ᠤᠨ ᠨᠢᠭᠡ ᠲᠦᠷᠦᠯ ᠪᠤᠯᠬᠤ | ᠮᠦᠷᠲᠡᠭᠡᠨ ᠥᠨᠢ ᠤᠳᠠᠭᠠᠨ ᠲᠡᠦᠭᠡ ᠲᠠᠢ ᠪᠠᠶᠢᠳᠠᠭ᠃ ᠬᠡᠦᠬᠡᠯᠳᠡᠢ ᠶᠢᠨ ᠬᠡᠯᠪᠡᠷᠢ ᠳᠦᠷᠰᠦ ᠪᠠ ᠡᠵᠡᠮᠳᠡᠬᠦ ᠠᠷᠭ᠎ᠠ | ᠮᠡᠷᠭᠡᠵᠢᠯ ᠤᠨ ᠠᠳᠠᠯᠢ ᠪᠤᠰᠤ ᠶᠢ ᠦᠨᠳᠦᠰᠦᠯᠡᠨ᠂ ᠪᠦᠰ ᠤᠭᠤᠲᠠᠲᠤ ᠬᠡᠦᠬᠡᠯᠳᠡᠢ᠂ ᠲᠠᠶᠠᠭᠲᠣ ᠬᠡᠦᠬᠡᠯᠳᠡᠢ᠂ | ᠣᠳᠠᠰᠣᠲᠦ ᠬᠡᠦᠬᠡᠯᠳᠡᠢ᠂ ᠲᠡᠮᠦᠷ ᠤᠲᠠᠰᠤᠨ ᠬᠡᠦᠬᠡᠯᠳᠡᠢ ᠬᠡᠬᠦ ᠮᠡᠳᠦ ᠬᠡᠳᠦᠨ ᠲᠦᠷᠦᠯ ᠵᠦᠢᠯ ᠳᠤ ᠬᠤᠪᠢᠶᠠᠳᠠᠭ᠃ | ᠬᠤᠷᠢᠳᠤᠭᠠᠷ ᠵᠠᠭᠤᠨ ᠳᠤ ᠲᠧᠯᠸᠢᠰ ᠬᠡᠣᠬᠡᠯᠲᠡᠢ ᠵᠦᠴᠦᠭᠡ ᠳᠡᠮᠡᠢ ᠪᠠᠶᠢᠭ᠎ᠠ ᠦᠬᠡᠢ ᠤᠴᠢᠷ ᠠᠴᠠ ᠵᠦᠪᠬᠡᠨ | ᠲᠣᠭᠳᠠᠭᠰᠠᠨ ᠴᠠᠭ ᠲᠤ ᠲᠣᠭᠳᠠᠭᠰᠠᠨ ᠭᠠᠵᠠᠷ ᠲᠤ ᠬᠥᠮᠦᠰ ᠢ ᠴᠣᠭᠯᠠᠭᠤᠯᠣᠨ ᠬᠡᠰᠡᠭ ᠲᠣᠭᠯᠠᠭᠴᠢᠳ ᠣᠯᠠᠨ | ᠲᠦᠷᠦᠯ ᠤᠨ ᠬᠡᠣᠬᠡᠯᠲᠡᠢ ᠶᠢ ᠠᠰᠢᠭᠯᠠᠨ ᠵᠦᠴᠦᠭᠡ ᠲᠤᠭᠯᠠᠨ ᠰᠤᠨᠢᠷᠬᠠᠭᠤᠯᠳᠠᠭ᠃ ᠤᠳᠤᠬᠠᠨ ᠳᠤ ᠬᠡᠣᠬᠡᠳ ᠤᠳ | ᠭᠡᠷ ᠲᠤ ᠪᠠᠨ ᠰᠠᠭᠤᠵᠤ᠂ ᠡᠯᠳᠡᠪ ᠵᠦᠢᠯ ᠤᠨ ᠬᠡᠣᠬᠡᠯᠲᠡᠢ ᠵᠦᠴᠦᠭᠡ ᠰᠤᠨᠢᠷᠬᠠᠬᠤ ᠪᠤᠯᠤᠮᠵᠢ ᠲᠠᠢ ᠪᠤᠯᠤᠭᠰᠠᠨ | ᠪᠠᠶᠢᠨ᠎ᠠ᠂ ᠬᠡᠪᠡᠴᠦ ᠮᠤᠩᠭᠤᠯ ᠬᠡᠤᠬᠡᠯᠳᠠᠢ ᠲᠤᠩ ᠴᠦᠬᠡᠨ ᠪᠠᠶᠢᠵᠦ᠂ ᠭᠡᠤᠭᠡᠳ ᠤᠨ ᠱᠠᠭᠠᠷᠳᠠᠯᠭ᠎ᠠ ᠶᠢ ᠬᠠᠩᠭᠠᠵᠦ | ᠴᠢᠳᠠᠬᠤ ᠦᠭᠡᠢ ᠪᠠᠶᠢᠨ᠎ᠠ᠃ ᠬᠡᠣᠬᠡᠯᠲᠡᠢ ᠵᠦᠴᠦᠬᠡ ᠶᠢ ᠴᠡᠴᠡᠷᠯᠢᠭ ᠤᠨ ᠵᠢᠭᠠᠨ ᠰᠤᠷᠭᠠᠯᠳᠠ ᠲᠠᠢ ᠤᠶᠠᠯᠳᠤᠭᠤᠯᠤᠨ | ᠵᠢᠭᠠᠬᠤ ᠨᠢ ᠤᠯᠠᠮᠵᠢᠯᠠᠯᠳᠤ ᠰᠤᠶᠤᠯ ᠢᠶᠠᠨ ᠬᠦᠭᠵᠢᠬᠦᠯᠬᠦ ᠳᠤ ᠠᠰᠢᠭ ᠲᠠᠢ ᠪᠠᠷ ᠪᠠᠷᠠᠬᠤ ᠦᠬᠡᠢ᠂ ᠤᠯᠠᠮᠵᠢᠯᠠᠯᠳᠤ | ᠰᠤᠶᠤᠯ ᠢᠶᠠᠨ ᠬᠡᠤᠬᠡᠯᠳᠡᠢ ᠵᠦᠴᠦᠬᠡ ᠶᠢᠨ ᠬᠡᠯᠪᠡᠷᠢ ᠪᠠᠷ ᠬᠡᠤᠬᠡᠳ ᠪᠠᠭᠠᠴᠤᠳ ᠲᠤ ᠪᠠᠨ ᠳᠠᠨᠢᠭᠤᠯᠬᠤ ᠳᠤ ᠪᠦᠷ ᠴᠤ | ᠠᠰᠢᠭ ᠲᠠᠢ ᠶᠤᠮ᠃ ᠵᠢᠱᠢᠶᠡᠯᠡᠪᠡᠯ᠄ ᠢᠯᠡᠳᠬᠡᠬᠦ ᠴᠢᠳᠠᠪᠤᠷᠢ᠂ ᠤᠷᠠᠯᠢᠭ ᠤᠨ ᠭᠤᠸ᠎ᠠ ᠲᠠᠭᠠᠰᠢᠶᠠᠯ ᠬᠦᠷᠳᠡᠬᠦ | ᠴᠢᠳᠠᠪᠤᠷᠢ᠂ ᠨᠡᠶᠢᠭᠡᠮ ᠤᠨ ᠬᠠᠮᠲᠤᠷᠠᠯᠴᠠᠭᠠᠨ ᠤ ᠴᠢᠳᠠᠪᠤᠷᠢ ᠵᠢᠴᠢ ᠬᠤᠷᠤᠭᠤᠨ ᠤ ᠬᠦᠳᠡᠯᠬᠡᠬᠡᠨ᠂ ᠬᠥᠳᠡᠯᠭᠡᠭᠡᠨ ᠤ | ᠡᠪᠰᠡᠯ ᠵᠡᠷᠭᠡ ᠶᠢ ᠳᠡᠬᠡᠭᠰᠢᠯᠡᠬᠦᠯᠬᠦ ᠳᠤ ᠪᠦᠷ ᠠᠰᠢᠭ ᠲᠠᠢ ᠪᠠᠶᠢᠳᠠᠭ᠃ ᠶᠡᠷᠦ ᠨᠢ ᠴᠡᠴᠡᠷᠯᠢᠭ ᠤᠨ ᠰᠣᠷᠭᠠᠨ | ᠬᠥᠮᠦᠵᠢᠯ ᠳᠤ ᠪᠠᠶᠢᠭᠠᠯᠢ ᠶᠢᠨ ᠣᠷᠴᠢᠨ ᠲᠣᠭᠤᠷᠢᠨ ᠤ ᠣᠬᠢ ᠵᠦᠢᠯ ᠪᠠ ᠨᠡᠶᠢᠭᠡᠮ ᠤᠨ ᠰᠣᠷᠭᠠᠨ ᠬᠥᠮᠦᠵᠢᠯ ᠤᠨ | ᠣᠬᠢ ᠰᠣᠷᠪᠣᠯᠵᠢ ᠶᠢ ᠭᠦᠢᠴᠡᠳ ᠠᠰᠢᠭᠯᠠᠬᠤ ᠬᠡᠷᠡᠭᠲᠡᠢ᠃ ᠬᠡᠤᠬᠡᠯᠳᠡᠢ ᠵᠦᠴᠦᠬᠡ ᠪᠤᠯ ᠬᠡᠤᠬᠡᠳ ᠤᠳ ᠠᠮᠠᠷᠬᠠᠨ | ᠬᠦᠯᠢᠶᠡᠨ ᠠᠪᠲᠠᠭ ᠨᠢᠭᠡ ᠵᠦᠢᠯ ᠤᠨ ᠲᠣᠭᠯᠠᠭᠠᠮ ᠤᠨ ᠬᠡᠯᠪᠡᠷᠢ ᠪᠦᠬᠦᠢ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ | ᠳᠤᠯᠠ ᠡᠬᠦᠨ ᠢ ᠴᠡᠴᠡᠷᠯᠢᠭ ᠤᠨ ᠵᠢᠭᠠᠨ ᠰᠣᠷᠭᠠᠯᠲᠠ ᠲᠠᠢ ᠣᠶᠠᠯᠳᠣᠭᠤᠯᠣᠨ ᠠᠰᠢᠭᠯᠠᠬᠤ ᠨᠢ ᠮᠠᠰᠢ ᠰᠠᠶᠢᠨ ᠦᠷ᠎ᠡ | ᠠᠰᠢᠭ ᠲᠠᠢ ᠮᠦᠷᠳᠡᠬᠡᠨ ᠬᠡᠤᠬᠡᠳ ᠤᠨ ᠰᠤᠨᠢᠷᠬᠠᠯ ᠢ ᠳᠠᠳᠠᠵᠤ ᠴᠢᠳᠠᠬᠤ ᠨᠢ ᠮᠡᠳᠡᠬᠡᠵᠢ ᠶᠤᠮ᠃ ᠭᠡᠲᠡᠯ᠎ᠡ | ᠣᠳᠣᠬᠠᠨ ᠤ ᠴᠡᠴᠡᠷᠯᠢᠭ ᠤᠨ ᠵᠢᠭᠠᠨ ᠰᠣᠷᠭᠠᠯᠲᠠ ᠳᠤ ᠬᠡᠦᠬᠡᠯᠳᠡᠢ ᠵᠦᠴᠦᠭᠡ ᠶᠢᠨ ᠬᠡᠷᠡᠭᠯᠡᠯᠲᠡ ᠬᠠᠷᠢᠴᠠᠩᠭᠤᠶ | ᠴᠥᠭᠡᠨ ᠪᠠᠶᠢᠵᠤ᠂ ᠬᠢᠵᠠᠭᠠᠷᠲᠠᠶ ᠬᠡᠷᠡᠭᠯᠡᠯᠲᠡ ᠶᠢᠨ ᠳᠤᠮᠳᠠ ᠪᠠᠰᠠ ᠵᠠᠷᠢᠮ ᠰᠢᠢᠳᠪᠦᠷᠢᠯᠡᠬᠦ ᠴᠢᠬᠤᠯᠠ ᠲᠠᠢ ᠠᠰᠠᠭᠤᠳᠠᠯ | ᠴᠤ ᠣᠷᠣᠰᠢᠵᠤ ᠪᠠᠶᠢᠨ᠎ᠠ᠃ ᠡᠶᠢᠮᠦ ᠠᠴᠠ ᠴᠡᠴᠡᠷᠯᠢᠭ ᠤᠨ ᠵᠢᠭᠠᠨ ᠰᠤᠷᠭᠠᠯᠲᠠ ᠶᠢ ᠨᠠᠩ ᠠᠮᠢᠳᠣᠯᠢᠭ ᠰᠣᠨᠢᠷᠬᠠᠯᠲᠠᠢ | ᠪᠣᠯᠭᠠᠬᠤ ᠶᠢᠨ ᠲᠥᠯᠥᠭᠡ ᠬᠡᠦᠬᠡᠯᠳᠡᠢ ᠵᠦᠴᠦᠭᠡ ᠶᠢ ᠵᠢᠭᠠᠨ ᠰᠤᠷᠭᠠᠯᠲᠠ ᠲᠠᠢ ᠪᠠᠨ ᠬᠡᠷᠬᠢᠨ ᠤᠶᠠᠯᠳᠤᠭᠤᠯᠬᠤ ᠠᠷᠭ᠎ᠠ | ᠮᠠᠶ᠋ᠢᠭ ᠢ ᠢᠯᠡᠬᠦᠬᠡᠨ ᠰᠦᠪᠡᠭᠴᠢᠯᠡᠬᠦ ᠨᠢ ᠴᠢᠬᠤᠯᠠ ᠶᠤᠮ᠃ | ᠬᠡᠣᠬᠡᠳ ᠤᠨ ᠬᠦᠮᠦᠵᠢᠯ ᠪᠣᠯ ᠨᠢᠭᠡᠨ ᠪᠥᠬᠦᠯᠢ ᠴᠤᠭᠴᠠ ᠮᠦᠨ᠃ ᠰᠣᠷᠭᠠᠨ ᠬᠥᠮᠦᠵᠢᠯ ᠤᠨ ᠡᠴᠤᠰ ᠤᠨ | ᠬᠠᠷᠠᠯᠲᠠ ᠪᠣᠯ ᠬᠡᠣᠬᠡᠳ ᠤᠨ ᠪᠥᠬᠦ ᠲᠠᠯ᠎ᠠ ᠶᠢᠨ ᠬᠦᠭᠵᠢᠯᠲᠡ ᠶᠢ ᠠᠬᠢᠭᠤᠯᠬᠤ ᠶᠠᠪᠤᠳᠠᠯ ᠮᠦᠨ᠃ ᠳᠡᠶᠢᠮᠦ ᠠᠴᠠ | ᠬᠡᠣᠬᠡᠳ ᠤᠨ ᠦᠭᠡ ᠬᠡᠯᠡᠨ ᠤ ᠬᠥᠭᠵᠢᠯᠲᠡ ᠨᠢ ᠴᠡᠴᠡᠷᠯᠢᠭ ᠤᠨ ᠵᠢᠭᠠᠨ ᠰᠣᠷᠭᠠᠯᠲᠠ ᠶᠢᠨ ᠡᠯ᠎ᠠ ᠬᠦᠷᠢᠶ᠎ᠠ | ᠴᠠᠷᠠᠭ᠎ᠠ ᠳᠤ ᠴᠦᠮ ᠬᠤᠯᠪᠤᠭᠳᠠᠵᠤ᠂ ᠪᠣᠰᠣᠳ ᠳᠠᠯ᠎ᠠ ᠶᠢᠨ ᠬᠦᠮᠦᠵᠢᠯ ᠢ ᠨᠢ ᠨᠦᠯᠦᠬᠡᠯᠡᠳᠡᠭ᠃ ᠬᠡᠦᠬᠡᠯᠳᠡᠢ | ᠵᠦᠴᠦᠭᠡ ᠨᠢ ᠦᠭᠡ ᠬᠡᠯᠡᠨ ᠤ ᠵᠢᠭᠠᠨ ᠰᠤᠷᠭᠠᠯᠲᠠ ᠶᠢᠨ ᠴᠢᠬᠤᠯᠠ ᠠᠷᠭ᠎ᠠ ᠬᠡᠯᠪᠡᠷᠢ ᠪᠣᠯᠤᠭᠰᠠᠨ ᠤ ᠬᠤᠪᠢ ᠳᠤ᠂ | ᠦᠵᠡᠵᠦ ᠰᠣᠨᠢᠷᠬᠠᠬᠤ ᠶᠠᠪᠤᠴᠠ ᠳᠤ ᠪᠠᠨ ᠡᠯᠪᠡᠭ ᠪᠠᠶᠠᠯᠢᠭ ᠦᠭᠡ ᠬᠡᠯᠡᠨ ᠤ ᠮᠡᠳᠡᠯᠭᠡ ᠶᠢ ᠡᠵᠡᠮᠰᠢᠵᠤ ᠪᠤᠯᠬᠤ | ᠮᠥᠷᠲᠡᠭᠡᠨ ᠳᠥᠭᠦᠮᠬᠡᠨ ᠦᠯᠢᠭᠡᠷ ᠢᠶᠠᠷ ᠳᠠᠮᠵᠢᠭᠤᠯᠤᠨ ᠨᠡᠶᠢᠭᠡᠮ ᠠᠮᠢᠳᠤᠷᠠᠯ ᠳᠤᠮᠳᠠᠬᠢ ᠶᠣᠰᠣ ᠤᠴᠢᠷ ᠢ | ᠥᠢᠯᠠᠭᠠᠭᠤᠯᠤᠨ ᠲᠠᠨᠢᠭᠤᠯᠵᠤ ᠪᠤᠯᠳᠠᠭ᠃ ᠬᠡᠦᠬᠡᠯᠳᠡᠢ ᠵᠦᠴᠦᠭᠡ ᠨᠢ ᠦᠢᠯᠡᠳᠦᠯᠭᠡ ᠶᠢᠨ ᠬᠢᠴᠢᠶᠡᠯ ᠤᠨ ᠲᠠᠩᠬᠢᠮ | ᠪᠤᠯᠵᠤ᠂ ᠴᠡᠴᠡᠷᠯᠢᠭ ᠤᠨ ᠵᠢᠭᠠᠨ ᠰᠣᠷᠭᠠᠯᠲᠠ ᠳᠤ ᠬᠢ ᠴᠢᠬᠤᠯᠠ ᠬᠡᠰᠡᠭ ᠪᠤᠯᠵᠤ ᠪᠣᠯᠬᠤ ᠶᠤᠮ᠃ | ᠬᠤᠶᠡᠷ᠂ ᠬᠡᠤᠬᠡᠯᠳᠡᠢ ᠵᠦᠴᠦᠬᠡ ᠶᠢ ᠵᠢᠭᠠᠨ ᠰᠤᠷᠭᠠᠯᠳᠠ ᠳᠤ ᠠᠰᠢᠭᠯᠠᠬᠤ ᠶᠢᠨ ᠴᠢᠬᠤᠯᠠ ᠴᠢᠨᠠᠷ | ᠴᠡᠴᠡᠷᠯᠢᠭ ᠤᠨ ᠵᠢᠭᠠᠨ ᠰᠣᠷᠭᠠᠯᠲᠠ ᠨᠢ ᠦᠭᠡ ᠬᠡᠯᠡ᠂ ᠨᠡᠶᠢᠭᠡᠮ᠂ ᠰᠢᠨᠵᠢᠯᠡᠬᠦ ᠤᠬᠠᠭᠠᠨ᠂ ᠡᠷᠡᠭᠦᠯ ᠡᠩᠬᠡ᠂ | ᠤᠷᠠᠯᠢᠭ ᠵᠡᠷᠭᠡ ᠳᠠᠪᠤᠨ ᠲᠦᠷᠦᠯ ᠢ ᠬᠠᠮᠤᠷᠴᠤ ᠪᠠᠶᠢᠳᠠᠭ᠃ ᠡᠶᠢᠮᠦ ᠠᠴᠠ ᠬᠡᠤᠬᠡᠯᠳᠡᠢ ᠵᠦᠴᠦᠬᠡ ᠶᠢ ᠠᠰᠢᠭᠯᠠᠨ | ᠬᠡᠣᠬᠡᠳ ᠤᠳ ᠲᠤ ᠰᠤᠷᠭᠠᠮᠵᠢᠳᠤ ᠦᠯᠢᠭᠡᠷ᠂ ᠠᠮᠣᠷ ᠲᠦᠪᠰᠢᠨ ᠤ ᠲᠣᠬᠠᠢ ᠮᠡᠳᠡᠭᠡᠯᠡᠯ᠂ ᠴᠠᠭ ᠠᠭᠤᠷ ᠤᠨ | ᠮᠡᠳᠡᠭᠡᠯᠡᠯ᠂ ᠦᠨᠳᠣᠰᠣᠳᠡᠨ ᠤ ᠵᠠᠩ ᠵᠠᠩᠰᠢᠯ᠂ ᠶᠣᠰᠤ ᠰᠣᠷᠳᠠᠬᠤᠨ᠂ ᠭᠠᠷ ᠣᠷᠠᠯᠠᠯ᠂ ᠠᠮᠢᠳᠣᠷᠠᠯ ᠤᠨ ᠵᠠᠩ | ᠲᠠᠳᠬᠠᠯ ᠵᠡᠷᠭᠡ ᠶᠢ ᠤᠶᠢᠯᠠᠭᠠᠭᠤᠯᠬᠤ ᠳᠤ ᠠᠰᠢᠭᠯᠠᠵᠤ ᠪᠤᠯᠤᠨ᠎ᠠ᠃ ᠴᠡᠴᠡᠷᠯᠢᠭ ᠤᠨ ᠵᠢᠭᠠᠨ ᠰᠤᠷᠭᠠᠯᠲᠠ ᠳᠤ | ᠬᠡᠦᠬᠡᠯᠳᠡᠢ ᠵᠦᠴᠦᠭᠡ ᠶᠢ ᠠᠰᠢᠭᠯᠠᠬᠤ ᠨᠢ ᠳᠠᠩ ᠴᠤᠯᠭᠤᠶ ᠵᠢᠭᠠᠨ ᠰᠤᠷᠭᠠᠯᠲᠠ ᠶᠢᠨ ᠠᠭᠤᠯᠭ᠎ᠠ ᠂ ᠬᠡᠯᠪᠡᠷᠢ ᠮᠠᠶ᠋ᠢᠭ ᠢ | ᠤᠯᠠᠮ ᠪᠠᠶᠠᠯᠢᠬᠵᠢᠭᠤᠯᠤᠨ᠂ ᠬᠡᠣᠬᠡᠳ ᠤᠨ ᠲᠠᠨᠢᠨ ᠮᠡᠳᠡᠬᠦᠢ ᠶᠢ ᠦᠷᠭᠡᠳᠭᠡᠳᠡᠭ᠃ ᠳᠡᠷᠡᠴᠢᠯᠡᠨ ᠣᠯᠠᠨ ᠣᠳᠠᠭᠠᠨ ᠤ | ᠲᠤᠷᠰᠢᠯᠲᠠ᠂ ᠰᠦᠪᠡᠭᠴᠢᠯᠡᠯᠲᠡ ᠶᠢᠨ ᠦᠷ᠎ᠡ ᠳ᠋ᠦᠩ ᠠᠴᠠ ᠠᠵᠢᠭᠯᠠᠬᠤ ᠳᠤ ᠬᠡᠦᠬᠡᠯᠳᠡᠢ ᠵᠦᠴᠦᠭᠡ ᠶᠢ ᠠᠰᠢᠭᠯᠠᠵᠤ᠂ | ᠵᠢᠭᠠᠨ ᠰᠤᠷᠭᠠᠯᠲᠠ ᠦᠷᠨᠢᠭᠦᠯᠬᠦ ᠨᠢ ᠬᠡᠤᠬᠡᠳ ᠤᠨ ᠰᠤᠨᠢᠷᠬᠠᠯ ᠢ ᠲᠠᠳᠠᠵᠦ᠂ ᠰᠣᠷᠣᠯᠴᠠᠬᠤ ᠤᠷᠮ᠎ᠠ ᠪᠠᠬ᠎ᠠ ᠶᠢ | ᠬᠦᠭᠵᠢᠬᠡᠵᠦ᠂ ᠲᠡᠳᠡᠨ ᠳᠤ ᠭᠦᠨ ᠰᠡᠭᠤᠭᠳᠠᠯ ᠦᠯᠡᠳᠡᠭᠡᠳᠡᠭ ᠮᠦᠷᠳᠡᠭᠡᠨ ᠠᠭᠤᠯᠭ᠎ᠠ ᠶᠢ ᠨᠡᠩ ᠬᠢᠯᠪᠠᠷᠬᠠᠨ | ᠡᠵᠡᠮᠰᠢᠬᠦᠯᠳᠡᠭ᠃ | 1. ᠬᠡᠦᠬᠡᠯᠳᠡᠢ ᠵᠦᠴᠦᠭᠡ ᠨᠢ ᠬᠡᠣᠬᠡᠳ ᠤᠨ ᠪᠡᠶ᠎ᠡ ᠰᠡᠳᠬᠢᠴᠡ ᠶᠢᠨ ᠣᠨᠴᠠᠯᠢᠭ ᠲᠤ ᠳᠣᠭᠢᠷᠠᠳᠠᠭ ᠮᠦᠷᠳᠡᠬᠡᠨ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠬᠢᠬᠦ ᠳᠤ ᠴᠢᠬᠤᠯᠠ ᠠᠷᠭ᠎ᠠ ᠮᠠᠶ᠋ᠢᠭ ᠪᠤᠯᠳᠠᠭ᠃ ᠬᠡᠤᠬᠡᠯᠳᠡᠢ ᠶᠢᠨ | ᠳᠦᠷᠢ ᠲᠥᠷᠬᠦ ᠨᠢ ᠰᠢᠭᠤᠳ ᠲᠣᠳᠣᠬᠠᠨ ᠤᠴᠢᠷ ᠠᠴᠠ ᠬᠡᠣᠬᠡᠳ ᠤᠳ ᠵᠦᠴᠦᠭᠡ ᠰᠣᠨᠢᠷᠬᠠᠬᠤ ᠳᠤ ᠪᠠᠨ | ᠰᠡᠳᠬᠢᠯᠭᠡ ᠨᠢ ᠢᠳᠡᠪᠬᠢᠲᠡᠶ᠂ ᠲᠠᠶᠢᠪᠤᠭᠤ᠂ ᠪᠠᠶᠠᠷ ᠬᠥᠷ ᠲᠠᠢ ᠪᠠᠶᠢᠵᠦ᠂ ᠡᠳᠡᠭᠡᠷ ᠨᠢ ᠴᠦᠮ ᠦᠨᠡᠨ | ᠰᠡᠳᠬᠢᠯ ᠠᠴᠠ ᠪᠠᠨ ᠡᠬᠦᠰᠳᠡᠭ ᠳᠤᠯᠠ ᠬᠡᠦᠬᠡᠳ ᠤᠨ ᠰᠤᠷᠤᠯᠴᠠᠬᠤ ᠤᠷᠮ᠎ᠠ ᠪᠠᠬ᠎ᠠ ᠶᠢ ᠬᠦᠭᠵᠢᠭᠡᠵᠦ ᠴᠢᠳᠠᠳᠠᠭ᠃ | ᠬᠡᠦᠬᠡᠯᠳᠡᠢ ᠵᠦᠴᠦᠭᠡ ᠳᠤ ᠭᠠᠳᠠᠭᠠᠳᠤ ᠣᠷᠴᠢᠨ ᠤ ᠳᠠᠷᠤᠯᠲᠠ ᠪᠠ ᠠᠯᠪᠠᠳᠠᠯᠭ᠎ᠠ ᠪᠠᠶᠢᠬᠤ ᠥᠬᠡᠶ᠂ ᠠᠯᠪᠠ ᠪᠠᠷ | ᠪᠡᠶᠡᠯᠡᠭᠦᠯᠬᠦ ᠵᠣᠷᠢᠯᠭ᠎ᠠ ᠥᠬᠡᠶ᠂ ᠳᠡᠶᠢᠮᠦ ᠠᠴᠠ ᠪᠠᠴᠢᠮᠳᠠᠵᠤ ᠰᠠᠨᠳᠤᠷᠬᠤ ᠮᠡᠳᠦ ᠶᠢᠨ ᠰᠡᠳᠬᠢᠴᠡ ᠶᠢᠨ ᠳᠠᠷᠤᠯᠲᠠ | ᠬᠡᠵᠤ ᠦᠬᠡᠢ ᠪᠠᠶᠢᠵᠤ᠂ ᠬᠡᠦᠬᠡᠯᠳᠡᠢ ᠵᠦᠴᠦᠭᠡ ᠶᠢᠨ ᠠᠭᠤᠯᠭ᠎ᠠ ᠨᠢ ᠨᠡᠶᠢᠭᠡᠮ ᠤᠨ ᠡᠯ᠎ᠡ ᠲᠠᠯ᠎ᠠ ᠶᠢ ᠲᠤᠰᠬᠠᠳᠠᠭ ᠳᠤᠯᠠ | ᠬᠡᠣᠬᠡᠳ ᠡᠯ᠎ᠡ ᠵᠦᠢᠯ ᠤᠨ ᠳᠦᠷᠢ ᠶᠢ ᠲᠣᠭᠯᠠᠬᠤ ᠶᠢᠨ ᠬᠠᠮᠲᠤ ᠬᠠᠶᠢᠷ᠎ᠠ ᠰᠡᠳᠬᠢᠯᠭᠡ ᠶᠢᠨ ᠮᠡᠳᠡᠷᠡᠮᠵᠢ ᠨᠢ ᠤᠯᠠᠮ | ᠪᠠᠶᠠᠯᠢᠬᠵᠢᠳᠠᠭ᠃ ᠳᠡᠶᠢᠮᠦ ᠠᠴᠠ ᠬᠡᠤᠬᠡᠯᠳᠡᠢ ᠵᠦᠴᠦᠬᠡ ᠨᠢ ᠬᠡᠤᠬᠡᠳ ᠤᠨ ᠡᠷᠡᠭᠦᠯ ᠥᠭᠡᠳᠡᠷᠬᠡᠭ᠂ ᠪᠠᠶᠠᠰᠤᠩᠭᠤᠶ | ᠰᠡᠳᠬᠢᠴᠡ ᠲᠠᠢ ᠪᠤᠯᠭᠠᠬᠤ ᠳᠤ ᠮᠠᠰᠢ ᠶᠡᠭᠡ ᠨᠦᠯᠦᠭᠡ ᠦᠵᠡᠭᠦᠯᠳᠡᠭ᠃ | 2. ᠠᠩᠬᠠᠷᠤᠯ ᠲᠦᠪᠯᠡᠷᠡᠬᠦ ᠪᠠ ᠴᠡᠭᠡᠵᠢᠯᠡᠬᠦᠶ ᠶᠢᠨ ᠶᠠᠰᠤ ᠴᠢᠨᠠᠷ ᠢ ᠳᠡᠭᠡᠭᠰᠢᠯᠡᠭᠦᠯᠵᠦ ᠬᠡᠯᠡᠨ ᠤ | ᠬᠥᠭᠵᠢᠯᠲᠡ ᠶᠢ ᠠᠬᠢᠭᠤᠯᠳᠠᠭ᠃ ᠬᠡᠦᠬᠡᠯᠳᠡᠢ ᠵᠦᠴᠦᠭᠡ ᠶᠢ ᠰᠤᠷᠤᠯᠴᠠᠬᠤ ᠶᠠᠪᠤᠴᠠ ᠳᠤ ᠪᠠᠭᠰᠢ ᠪᠣᠯᠤᠭᠰᠠᠳ | ᠬᠡᠣᠬᠡᠳ ᠤᠨ ᠠᠩᠬᠠᠷᠤᠯ ᠲᠦᠪᠯᠡᠷᠡᠬᠦ ᠴᠡᠭ ᠢ ᠬᠥᠲᠥᠯᠥᠨ ᠵᠢᠯᠣᠭᠤᠳᠴᠤ᠂ ᠠᠩᠬᠠᠷᠬᠤ ᠣᠭ ᠰᠠᠨᠠᠭ᠎ᠠ ᠶᠢ | ᠬᠦᠭᠵᠢᠬᠦᠯᠬᠦ ᠬᠡᠷᠡᠭᠲᠡᠶ᠃ ᠬᠡᠤᠬᠡᠳ ᠤᠨ ᠡᠯ᠎ᠡ ᠱᠠᠳᠤᠨ ᠳᠤ ᠬᠢ ᠠᠩᠬᠠᠷᠤᠯ ᠲᠥᠪᠯᠡᠷᠡᠭᠦ ᠴᠠᠭ ᠢ ᠦᠨᠳᠦᠰᠦᠯᠡᠨ᠂ | ᠬᠡᠦᠬᠡᠯᠳᠡᠢ ᠵᠦᠴᠦᠭᠡ ᠶᠢ ᠰᠣᠩᠭᠤᠬᠤ ᠳᠤ ᠪᠠᠨ ᠳᠦᠭᠦᠮ ᠠᠪᠰᠠᠷᠬᠠᠨ᠂ ᠬᠡᠯᠡ ᠶᠠᠷᠢᠶ᠎ᠠ ᠨᠢ ᠥᠢᠯᠠᠭᠠᠮᠵᠢᠳᠠᠢ᠂ ᠭᠤᠣᠯ | ᠠᠭᠤᠯᠭ᠎ᠠ ᠨᠢ ᠲᠣᠪᠤᠶᠢᠮ᠎ᠠ ᠪᠠᠶᠢᠬᠤ ᠶᠢ ᠠᠩᠬᠠᠷᠬᠤ ᠬᠡᠷᠡᠭᠲᠡᠢ᠃ ᠬᠡᠤᠬᠡᠳ ᠦᠪᠡᠰᠦᠪᠡᠨ ᠬᠡᠦᠬᠡᠯᠳᠡᠢ ᠵᠦᠴᠦᠭᠡ | ᠳᠤᠷᠰᠢᠨ ᠲᠤᠭᠯᠠᠵᠤ ᠰᠣᠷᠬᠤ ᠪᠠᠷ ᠳᠠᠮᠵᠢᠭᠠᠳ ᠠᠩᠬᠠᠷᠤᠯ ᠲᠦᠪᠯᠡᠷᠡᠬᠦᠯᠬᠦ ᠴᠢᠳᠠᠪᠤᠷᠢ᠂ ᠠᠵᠢᠭᠯᠠᠬᠤ ᠴᠢᠳᠠᠪᠤᠷᠢ᠂ | ᠴᠡᠭᠡᠵᠢᠯᠡᠬᠦ ᠴᠢᠳᠠᠪᠤᠷᠢ ᠵᠢᠴᠢ ᠰᠡᠳᠬᠢᠬᠦ ᠴᠢᠳᠠᠪᠤᠷᠢ ᠵᠢᠴᠢ ᠣᠶᠤᠨ ᠴᠢᠳᠠᠪᠤᠷᠢ ᠶᠢᠨ ᠬᠢᠷᠢ ᠲᠦᠪᠰᠢᠨ ᠲᠡᠭᠡᠭᠰᠢᠯᠡᠵᠤ᠂ | ᠲᠠᠨᠢᠨ ᠮᠡᠳᠡᠬᠦᠢ ᠨᠢ ᠰᠢᠯᠢᠳᠡᠭᠵᠢᠨ᠂ ᠬᠡᠣᠬᠡᠯᠳᠠᠢ ᠵᠦᠴᠦᠭᠡ ᠶᠢᠨ ᠲᠣᠭᠯᠠᠯᠲᠠ ᠳᠤ ᠣᠷᠣᠯᠴᠠᠬᠤ ᠳᠤᠷ᠎ᠠ ᠰᠣᠨᠢᠷᠬᠠᠯ ᠨᠢ | ᠬᠦᠭᠵᠢᠵᠦ ᠪᠣᠯᠤᠨ᠎ᠠ᠃ ᠨᠡᠩ ᠴᠢᠬᠤᠯᠠ ᠨᠢ ᠬᠡᠦᠬᠡᠳ ᠤᠨ ᠬᠠᠶᠢᠨ ᠰᠦᠪᠡᠭᠴᠢᠯᠡᠬᠦ ᠴᠢᠳᠠᠪᠤᠷᠢ᠂ ᠢᠯᠡᠷᠡᠭᠦᠯᠬᠦ | ᠴᠢᠳᠠᠪᠤᠷᠢ ᠪᠠ ᠪᠦᠲᠦᠭᠡᠯᠴᠢ ᠴᠢᠳᠠᠪᠤᠷᠢ ᠶᠢ ᠳᠡᠭᠡᠭᠰᠢᠯᠡᠬᠦᠯᠬᠦ ᠶᠢᠨ ᠬᠠᠮᠲᠦ ᠵᠦᠴᠦᠬᠡ ᠰᠣᠨᠢᠷᠬᠠᠬᠤ᠂ ᠵᠦᠴᠦᠭᠡ | ᠲᠤᠭᠯᠠᠬᠤ᠂ ᠵᠦᠴᠦᠭᠡ ᠵᠤᠬᠢᠶᠠᠨ ᠪᠦᠲᠦᠭᠡᠭᠦ ᠪᠠᠷ ᠳᠠᠮᠵᠢᠭᠠᠳ ᠪᠠᠭᠰᠢ ᠨᠠᠷ ᠬᠡᠣᠬᠡᠳ ᠤᠨ ᠣᠨᠴᠠᠯᠢᠭ᠂ ᠵᠦᠷᠢᠶᠡᠲᠥ | ᠴᠢᠨᠠᠷ ᠵᠡᠷᠭᠡ ᠶᠢ ᠭᠦᠢᠴᠡᠳ ᠥᠢᠯᠠᠭᠠᠵᠤ ᠴᠢᠳᠠᠬᠤ ᠪᠤᠯᠤᠮᠵᠢ ᠤᠯᠵᠤ ᠪᠤᠯᠤᠨ᠎ᠠ᠃ | 3. ᠬᠡᠯᠡ ᠶᠠᠷᠢᠶᠠᠨ ᠤ ᠬᠦᠮᠦᠵᠢᠯ ᠤᠯᠭᠤᠬᠤ ᠳᠤ ᠠᠰᠢᠭ ᠲᠠᠢ ᠪᠠᠶᠢᠳᠠᠭ᠃ ᠴᠡᠴᠡᠷᠯᠢᠭ ᠤᠨ ᠬᠡᠣᠬᠡᠳ ᠲᠤ | ᠠᠪᠴᠤ ᠬᠡᠯᠡᠪᠡᠯ᠂ ᠬᠡᠯᠡ ᠶᠠᠷᠢᠶᠠᠨ ᠤ ᠬᠦᠮᠦᠵᠢᠯ ᠮᠠᠰᠢ ᠴᠢᠬᠤᠯᠠ ᠪᠠᠶᠢᠳᠠᠭ᠃ ᠬᠡᠤᠬᠡᠯᠲᠡᠢ ᠵᠦᠴᠦᠭᠡ ᠶᠢ ᠵᠢᠭᠠᠨ | ᠰᠣᠷᠭᠠᠯᠲᠠ ᠳᠤ ᠠᠰᠢᠭᠯᠠᠬᠤ ᠨᠢ ᠬᠡᠣᠬᠡᠳ ᠤᠨ ᠦᠭᠡ ᠬᠡᠯᠡᠨ ᠤ ᠬᠥᠭᠵᠢᠯᠲᠡ ᠳᠤ ᠬᠠᠮᠤᠭ ᠤᠨ ᠴᠢᠬᠤᠯᠠ | ᠨᠦᠯᠦᠭᠡ ᠲᠠᠢ ᠪᠠᠶᠢᠳᠠᠭ᠄ ᠲᠠᠷᠤᠢ ᠬᠥᠮᠦᠰ ᠤᠨ ᠬᠤᠭᠤᠷᠣᠨᠳᠣᠬᠢ ᠶᠠᠷᠢᠵᠤ ᠬᠠᠷᠢᠯᠴᠠᠬᠤ ᠴᠢᠳᠠᠪᠣᠷᠢ᠂ ᠪᠣᠰᠣᠳ ᠢ | ᠤᠶᠢᠯᠠᠭᠠᠬᠤ ᠪᠣᠯᠣᠨ ᠬᠠᠷᠢᠯᠴᠠᠬᠤ ᠦᠶ᠎ᠡ ᠶᠢᠨ ᠰᠡᠳᠬᠢᠯᠭᠡ ᠶᠢᠨ ᠪᠠᠶᠢᠳᠠᠯ ᠢ ᠮᠠᠭᠠᠳᠯᠠᠬᠤ ᠴᠢᠳᠠᠪᠣᠷᠢ᠂ ᠪᠣᠳᠣᠭᠰᠠᠨ | ᠰᠠᠨᠠᠭᠰᠠᠨ ᠢᠶᠠᠨ ᠵᠤᠷᠢᠭ ᠲᠠᠢ ᠪᠠᠷ ᠶᠠᠷᠢᠵᠦ ᠢᠯᠡᠳᠭᠡᠬᠦ ᠴᠢᠳᠠᠪᠤᠷᠢ ᠵᠡᠷᠬᠡ ᠶᠢ ᠬᠥᠭᠵᠢᠬᠦᠯᠬᠦ ᠳᠤ ᠠᠰᠢᠭ ᠲᠠᠢ᠃ | ᠵᠦᠴᠦᠭᠡ ᠶᠢᠨ ᠲᠤᠬᠠᠶ ᠣᠶᠢᠯᠠᠭᠠᠯᠲᠠ ᠳᠤ ᠨᠢ ᠴᠢᠭᠯᠡᠭᠦᠯᠦᠨ᠂ ᠬᠠᠮᠲᠦ ᠪᠠᠷ ᠶᠠᠷᠢᠯᠴᠠᠬᠤ ᠨᠢ ᠪᠠᠭᠰᠢ ᠪᠠ ᠬᠡᠤᠬᠡᠳ ᠤᠨ | ᠬᠠᠷᠢᠯᠴᠠᠨ ᠶᠠᠷᠢᠯᠴᠠᠭᠠᠨ ᠠᠴᠠ ᠠᠭᠤᠵᠢᠭᠤ ᠲᠠᠯᠪᠢᠭᠤ ᠬᠡᠯᠡᠨ ᠤ ᠣᠷᠴᠢᠨ ᠲᠣᠭᠤᠷᠢᠨ ᠢ ᠬᠠᠩᠭᠠᠵᠤ᠂ ᠬᠡᠣᠬᠡᠳ ᠢ | ᠵᠤᠷᠢᠭ ᠲᠠᠢ ᠪᠠᠷ ᠬᠡᠯᠡᠬᠦ᠂ ᠶᠠᠷᠢᠬᠤ ᠳᠤᠷ᠎ᠠ ᠲᠠᠢ ᠪᠤᠯᠭᠠᠵᠤ᠂ ᠬᠡᠦᠬᠡᠯᠳᠡᠢ ᠶᠢᠨ ᠠᠮᠢᠳᠤ ᠴᠣᠪᠣᠭᠤᠯᠢᠭ ᠳᠦᠷᠢ ᠲᠥᠷᠬᠦ | ᠵᠢᠴᠢ ᠲᠦᠷᠢ ᠶᠢᠨ ᠬᠤᠭᠤᠷᠤᠨᠳᠤᠬᠢ ᠶᠠᠷᠢᠯᠴᠠᠭ᠎ᠠ ᠨᠢ ᠦᠭᠡ ᠶᠢᠨ ᠬᠤᠷᠠᠮᠳᠤᠭᠤᠯᠤᠯ ᠢ ᠨᠡᠮᠡᠭᠳᠡᠬᠦᠯᠵᠦ᠂ ᠦᠭᠡᠰ ᠤᠨ | ᠰᠡᠩ ᠢ ᠪᠠᠶᠠᠯᠢᠬᠵᠢᠭᠤᠯᠤᠨ᠎ᠠ᠃ ᠬᠡᠦᠬᠡᠯᠳᠠᠢ ᠵᠦᠴᠦᠭᠡ ᠶᠢᠨ ᠲᠣᠭᠯᠠᠯᠲᠠ ᠶᠢᠨ ᠶᠠᠪᠤᠴᠠ ᠳᠤ ᠬᠤᠶᠠᠷ ᠪᠤᠶᠤ ᠣᠯᠠᠨ | ᠬᠡᠣᠬᠡᠳ ᠤᠨ ᠬᠠᠮᠲᠤᠷᠠᠯᠴᠠᠭ᠎ᠠ ᠶᠢ ᠱᠠᠭᠠᠷᠳᠠᠵᠤ᠂ ᠶᠠᠷᠢᠯᠴᠠᠭᠠᠨ ᠤ ᠳᠤᠮᠳᠠ ᠰᠤᠷᠤᠯᠴᠠᠵᠤ᠂ ᠢᠯᠡᠳᠬᠡᠬᠦ | ᠴᠢᠳᠠᠪᠤᠷᠢ ᠶᠢ ᠨᠢ ᠬᠥᠭᠵᠢᠭᠦᠯᠬᠦ ᠪᠠᠷ ᠪᠠᠷᠠᠬᠤ ᠥᠬᠡᠶ ᠬᠠᠮᠳᠣᠷᠠᠯᠴᠠᠬᠤ᠂ ᠳᠣᠭᠤᠶᠢᠯᠠᠩ ᠢᠶᠠᠷ ᠠᠵᠢᠯᠯᠠᠬᠤ ᠬᠠᠪᠤ | ᠴᠡᠩᠭᠡᠯ ᠢ ᠥᠢᠯᠠᠭᠠᠵᠦ ᠴᠢᠳᠠᠳᠠᠭ᠃ ᠬᠡᠦᠬᠡᠯᠳᠡᠢ ᠵᠦᠴᠦᠭᠡ ᠳᠤ ᠬᠡᠷᠡᠭᠯᠡᠳᠡᠭ ᠳᠠᠪᠠᠭᠤᠯᠤᠯ ᠤᠨ ᠠᠷᠭ᠎ᠠ ᠨᠢ | ᠥᠪᠡᠷᠮᠢᠴᠡ ᠰᠣᠨᠢᠷᠬᠠᠯ ᠲᠠᠢ᠂ ᠬᠤᠱᠣᠩ ᠱᠤᠭ ᠤᠨ ᠣᠨᠴᠠᠯᠢᠭ ᠲᠠᠢ ᠪᠠᠶᠢᠳᠠᠭ ᠳᠤᠯᠠ ᠡᠨᠡ ᠨᠢ ᠬᠡᠯᠡᠨ ᠤ ᠬᠠᠷᠰᠢ | ᠰᠠᠭᠠᠳ ᠲᠠᠢ ᠬᠡᠦᠬᠡᠳ ᠲᠤ ᠠᠪᠴᠤ ᠬᠡᠯᠡᠪᠡᠯ᠂ ᠲᠡᠭᠦᠨ ᠤ ᠶᠡᠭᠡ ᠲᠠᠷᠢᠬᠢᠨ ᠤ ᠬᠡᠯᠡᠨ ᠤ ᠲᠥᠪ ᠲᠤ ᠠᠮᠠᠷᠬᠠᠨ | ᠰᠡᠳᠡᠯᠲᠡ ᠥᠭᠴᠦ᠂ ᠰᠤᠷᠤᠯᠴᠠᠬᠤ ᠳᠤᠷ᠎ᠠ ᠰᠣᠨᠢᠷᠬᠠᠯ ᠢ ᠨᠢ ᠢᠯᠡᠬᠦᠤ ᠲᠠᠲᠠᠵᠤ᠂ ᠠᠮᠠᠷᠬᠠᠨ ᠬᠡᠯᠡ ᠳᠤ | ᠤᠷᠤᠭᠤᠯᠳᠠᠭ᠃ | 4. ᠣᠷᠠᠯᠢᠭ ᠤᠨ ᠮᠡᠳᠡᠷᠡᠮᠵᠢ ᠲᠠᠢ ᠪᠤᠯᠭᠠᠬᠤ ᠳᠤ ᠠᠰᠢᠭ ᠲᠠᠢ᠃ ᠬᠡᠣᠬᠡᠯᠲᠡᠢ ᠵᠦᠴᠦᠭᠡ ᠲᠣᠭᠯᠠᠬᠤ | ᠬᠡᠯᠪᠡᠷᠢ ᠨᠢ ᠬᠡᠣᠬᠡᠳ ᠤᠨ ᠣᠷᠠᠯᠢᠭ ᠤᠨ ᠭᠤᠸ᠎ᠠ ᠰᠠᠶᠢᠬᠠᠨ ᠤ ᠮᠡᠳᠡᠷᠡᠮᠵᠢ ᠶᠢᠨ ᠴᠢᠳᠠᠪᠣᠷᠢ ᠶᠢ ᠬᠥᠭᠵᠢᠬᠦᠯᠬᠦ᠂ | ᠦᠪᠡᠷ ᠢ ᠪᠠᠨ ᠢᠯᠡᠷᠡᠬᠦᠯᠬᠦ᠂ ᠪᠣᠰᠣᠳ ᠤᠨ ᠡᠮᠣᠨ᠎ᠠ ᠵᠤᠷᠢᠭ ᠲᠠᠢ ᠭᠠᠷᠴᠤ ᠶᠠᠷᠢᠵᠤ ᠢᠯᠡᠳᠬᠡᠬᠦ ᠲᠠᠯ᠎ᠠ ᠪᠠᠷ | ᠳᠡᠭᠡᠭᠰᠢᠯᠡᠭᠦᠯᠵᠦ᠂ ᠭᠠᠷ ᠬᠥᠳᠡᠯᠵᠦ ᠣᠷᠣᠯᠳᠣᠬᠤ ᠴᠢᠳᠠᠪᠣᠷᠢ ᠵᠡᠷᠭᠡ ᠶᠢ ᠬᠥᠭᠵᠢᠬᠦᠯᠬᠦ ᠳᠤ ᠮᠠᠰᠢ ᠳᠤᠰᠠ ᠲᠠᠢ | ᠪᠠᠶᠢᠳᠠᠭ᠃ ᠬᠡᠣᠬᠡᠳ ᠥᠪᠡᠷ ᠤᠨ ᠪᠤᠳᠤᠭᠰᠠᠨ ᠰᠠᠨᠠᠭᠰᠠᠨ ᠢᠶᠠᠷ ᠢᠶᠠᠨ ᠲᠠᠶᠢᠰᠠ ᠪᠠᠨ ᠴᠢᠮᠡᠭᠯᠡᠬᠦ ᠶᠢᠨ ᠬᠠᠮᠲᠤ | ᠥᠪᠡᠷ ᠢᠶᠠᠨ ᠳᠦᠬᠦᠮ ᠦᠯᠢᠭᠡᠷ ᠵᠣᠬᠢᠶᠠᠵᠤ᠂ ᠬᠡᠦᠬᠡᠯᠳᠡᠢ ᠲᠣᠭᠯᠠᠭᠠᠮ ᠥᠢᠯᠡᠳᠦᠨ᠂ ᠭᠤᠸ᠎ᠠ ᠰᠠᠶᠢᠬᠠᠨ ᠤ | ᠰᠡᠳᠬᠢᠯᠭᠡ᠂ ᠲᠦᠷᠰᠦᠯᠢᠭ ᠰᠡᠳᠬᠢᠬᠦᠢ ᠪᠠᠨ ᠬᠦᠭᠵᠢᠬᠦᠯᠵᠦ᠂ ᠡᠭᠦᠳᠣᠨ ᠪᠥᠲᠦᠭᠡᠬᠦ ᠴᠢᠳᠠᠪᠤᠷᠢ ᠪᠠᠨ | ᠳᠡᠭᠡᠭᠰᠢᠯᠡᠭᠦᠯᠳᠡᠭ ᠢᠶᠠᠷ ᠪᠠᠷᠠᠬᠤ ᠦᠭᠡᠢ ᠬᠦᠳᠡᠯᠭᠡᠭᠡᠨ ᠳᠤ ᠢᠳᠡᠪᠬᠢᠳᠡᠢ ᠣᠷᠤᠯᠴᠠᠬᠤ ᠶᠢ ᠳᠠᠶᠢᠴᠢᠯᠠᠵᠦ᠂ ᠪᠠᠶᠠᠷ | ᠪᠠᠭ᠋ᠠᠳᠤᠯ ᠤᠯᠭᠤᠳᠠᠭ᠃ | 5. ᠨᠡᠶᠢᠬᠡᠮ ᠤᠨ ᠬᠠᠷᠢᠯᠴᠠᠭᠠᠨ ᠤ ᠲᠤᠬᠠᠢ ᠤᠶᠢᠯᠠᠭᠠᠯᠳᠠ ᠶᠢ ᠤᠯᠭᠤᠳᠠᠭ᠃ ᠬᠡᠤᠬᠡᠯᠲᠡᠢ ᠵᠦᠴᠦᠭᠡ ᠶᠢ | ᠵᠢᠭᠠᠨ ᠰᠤᠷᠭᠠᠯᠲᠠ ᠳᠤ ᠠᠰᠢᠭᠯᠠᠬᠤ ᠨᠢ ᠬᠡᠣᠬᠡᠳ ᠤᠨ ᠬᠠᠮᠳᠣᠷᠠᠯᠴᠠᠬᠤ᠂ ᠬᠠᠮᠵᠢᠯᠴᠠᠬᠤ᠂ ᠪᠣᠰᠣᠳ ᠲᠠᠢ | ᠬᠠᠷᠢᠯᠴᠠᠬᠤ᠂ ᠣᠷᠴᠢᠨ ᠲᠣᠭᠤᠷᠢᠨ ᠪᠠ ᠨᠡᠶᠢᠭᠡᠮ ᠤᠨ ᠪᠠᠶᠢᠳᠠᠯ ᠢ ᠠᠭᠠᠵᠢᠮ ᠢᠶᠠᠷ ᠲᠠᠨᠢᠵᠦ᠂ ᠨᠡᠶᠢᠭᠡᠮ ᠤᠨ | ᠦᠨᠳᠦᠰᠦᠨ ᠦᠢᠯᠠ ᠠᠵᠢᠯᠯᠠᠭᠠᠨ ᠤ ᠳᠦᠷᠢᠮᠵᠢᠯ ᠢ ᠵᠢᠷᠤᠮᠯᠠᠨ ᠰᠠᠬᠢᠵᠤ᠂ ᠨᠡᠶᠢᠭᠡᠮ ᠤᠨ ᠬᠥᠭᠵᠢᠯᠲᠡ ᠳᠤ | ᠵᠣᠬᠢᠴᠠᠳᠠᠭ᠃ ᠬᠡᠦᠬᠡᠯᠳᠡᠢ ᠵᠦᠴᠦᠭᠡ ᠲᠤᠭᠯᠠᠬᠤ ᠳᠤ ᠪᠠᠨ ᠳᠦᠷᠢ ᠪᠠᠨ ᠬᠤᠪᠢᠶᠠᠯᠴᠠᠬᠤ᠂ ᠪᠠᠰᠠ ᠠᠬᠤᠶ | ᠦᠵᠡᠭᠳᠡᠯ ᠢ ᠪᠠᠶᠢᠷᠢᠯᠠᠭᠤᠯᠬᠤ ᠵᠢᠴᠢ ᠬᠡᠦᠬᠡᠯᠳᠡᠢ ᠶᠢᠨ ᠪᠠᠭᠠᠵᠢ ᠶᠢ ᠬᠠᠮᠳᠣᠷᠠᠯᠴᠠᠨ ᠡᠵᠡᠮᠳᠡᠬᠦ᠂ ᠲᠤᠭᠢᠷᠠᠭᠤᠯᠬᠤ ᠵᠡᠷᠭᠡ | ᠠᠵᠢᠯ ᠤᠨᠤᠭᠳᠠᠳᠠᠭ᠃ ᠡᠶᠢᠮᠦ ᠠᠴᠠ ᠵᠦᠴᠦᠭᠡ ᠲᠣᠭᠯᠠᠬᠤ ᠶᠠᠪᠤᠴᠠ ᠳᠤ ᠬᠠᠮᠲᠤᠷᠠᠨ ᠠᠵᠢᠯᠯᠠᠬᠤ ᠤᠬᠠᠮᠰᠠᠷ ᠢ ᠮᠠᠰᠢ | ᠰᠠᠶᠢᠨ ᠪᠣᠯᠪᠠᠰᠤᠷᠠᠭᠤᠯᠵᠤ᠂ ᠬᠡᠣᠬᠡᠳ ᠤᠨ ᠬᠤᠭᠤᠷᠣᠨᠳᠣᠬᠢ ᠡᠷᠬᠡ ᠲᠡᠭᠰᠢ ᠨᠥᠬᠦᠷᠰᠡᠭ ᠬᠠᠷᠢᠴᠠᠭ᠎ᠠ ᠶᠢ ᠠᠬᠢᠭᠤᠯᠵᠤ᠂ | ᠬᠤᠪᠢᠶᠠᠯᠴᠠᠬᠤ ᠵᠦᠪᠳᠡᠯᠴᠡᠬᠦ ᠪᠠ ᠬᠠᠷᠢᠯᠴᠠᠨ ᠲᠤᠰᠠᠯᠠᠯᠴᠠᠬᠤ ᠵᠡᠷᠭᠡ ᠦᠢᠯᠡ ᠠᠵᠢᠯᠯᠠᠭᠠᠨ ᠤ ᠬᠡᠯᠪᠡᠷᠢ ᠶᠢ ᠰᠤᠷᠴᠤ᠂ | ᠡᠶ᠎ᠡ ᠨᠠᠶᠢᠷᠲᠠᠢ᠂ ᠪᠦᠯᠬᠦᠮᠳᠡᠯ ᠲᠠᠢ᠂ ᠦᠪᠡᠷ ᠤᠨ ᠬᠡᠰᠡᠨ ᠨᠠᠶᠢᠵᠠ ᠨᠦᠬᠦᠳ ᠲᠠᠢ ᠪᠤᠯᠳᠠᠭ᠃ ᠪᠤᠳᠠᠳᠤ ᠲᠦᠷᠰᠦᠯᠢᠭ | ᠵᠢᠭᠠᠨ ᠰᠣᠷᠭᠠᠯᠲᠠ ᠶᠢᠨ ᠠᠷᠭ᠎ᠠ ᠬᠡᠯᠪᠡᠷᠢ ᠨᠢ ᠲᠡᠳᠡᠨ ᠤ ᠠᠩᠬᠠᠷᠤᠯ ᠢ ᠲᠠᠳᠠᠵᠦ᠂ ᠬᠦᠳᠡᠯᠭᠡᠭᠡᠨ ᠳᠤ ᠣᠷᠣᠯᠴᠠᠬᠤ | ᠣᠷᠮ᠎ᠠ ᠪᠠᠬ᠎ᠠ ᠶᠢ ᠨᠢ ᠬᠦᠭᠵᠢᠭᠡᠨ᠂ ᠰᠢᠨ᠎ᠡ ᠵᠦᠢᠯ ᠢ ᠨᠡᠩ ᠬᠢᠯᠪᠠᠷᠬᠠᠨ᠂ ᠪᠦᠲᠦᠮᠵᠢ ᠲᠠᠢ ᠪᠠᠷ ᠬᠥᠯᠢᠶᠡᠨ ᠠᠪᠴᠤ | ᠴᠢᠳᠠᠬᠤ ᠪᠤᠯᠤᠨ᠎ᠠ᠃ ᠮᠦᠨ ᠴᠤ ᠪᠠᠭᠰᠢ ᠪᠣᠯᠤᠨ ᠬᠡᠦᠬᠡᠳ ᠤᠨ ᠬᠤᠭᠤᠷᠣᠨᠳᠣᠬᠢ ᠤᠶᠢᠯᠠᠭᠠᠯᠴᠠᠯ ᠢ ᠤᠯᠠᠮ | ᠨᠡᠮᠡᠭᠳᠡᠭᠦᠯᠵᠦ᠂ ᠪᠠᠭᠰᠢ ᠠᠴᠠ ᠬᠡᠦᠬᠡᠳ ᠤᠨ ᠰᠡᠳᠬᠢᠴᠡ ᠶᠢᠨ ᠣᠨᠴᠠᠯᠢᠭ ᠰᠢᠨᠵᠢ᠂ ᠲᠤᠯᠭᠠᠮ᠎ᠠ ᠬᠡᠷᠡᠭᠴᠡᠭᠡ ᠶᠢ ᠴᠠᠭ | ᠲᠤᠬᠠᠢ ᠳᠤ ᠨᠢ ᠭᠦᠨᠵᠡᠭᠡᠢ ᠥᠢᠯᠨᠭᠠᠵᠦ ᠴᠢᠳᠠᠬᠤ ᠪᠤᠯᠤᠮᠵᠢ ᠲᠠᠢ ᠶᠤᠮ᠃ | ᠭᠤᠷᠪᠠ᠂ ᠬᠡᠤᠬᠡᠯᠳᠡᠢ ᠵᠦᠴᠦᠬᠡ ᠶᠢ ᠴᠡᠴᠡᠷᠯᠢᠭ ᠤᠨ ᠵᠢᠭᠠᠨ ᠰᠤᠷᠭᠠᠯᠳᠠ ᠲᠠᠢ ᠤᠶᠠᠯᠳᠤᠭᠤᠯᠬᠤ ᠠᠷᠭ᠎ᠠ | ᠬᠡᠯᠪᠡᠷᠢ | 1. ᠬᠡᠦᠬᠡᠯᠳᠡᠢ ᠵᠦᠴᠦᠭᠡ ᠶᠢᠨ ᠠᠭᠤᠯᠭ᠎ᠠ ᠶᠢ ᠵᠦᠶ ᠵᠣᠬᠢᠰᠲᠠᠶ ᠰᠣᠩᠭᠤᠬᠤ ᠬᠡᠷᠡᠭᠲᠡᠢ᠃ ᠪᠣᠳᠠᠳᠦ | ᠪᠠᠶᠢᠳᠠᠯ ᠢᠶᠠᠨ ᠦᠨᠳᠦᠰᠦᠯᠡᠨ᠂ ᠮᠡᠳᠡᠯᠭᠡ ᠶᠢᠨ ᠴᠢᠨᠠᠷ ᠲᠠᠢ ᠵᠦᠴᠦᠭᠡ ᠶᠢ ᠵᠢᠭᠠᠨ ᠰᠤᠷᠭᠠᠯᠲᠠ ᠳᠤ ᠪᠠᠨ | ᠤᠶᠠᠯᠳᠤᠭᠤᠯᠤᠨ᠂ ᠬᠡᠤᠬᠡᠳ ᠢ ᠬᠡᠦᠬᠡᠯᠳᠡᠢ ᠵᠦᠴᠦᠬᠡ ᠰᠤᠨᠢᠷᠬᠠᠬᠤ ᠰᠣᠨᠢᠷᠬᠠᠯ ᠲᠠᠢ ᠪᠣᠯᠭᠠᠨ ᠬᠥᠮᠦᠵᠢᠭᠦᠯᠵᠦ | ᠪᠣᠯᠤᠨ᠎ᠠ᠃ ᠵᠢᠱᠢᠶᠡᠯᠡᠪᠡᠯ᠄ ᠪᠠᠭ᠎ᠠ ᠠᠩᠭᠢ ᠶᠢᠨ ᠨᠢᠭᠡᠳᠦᠭᠡᠷ ᠬᠤᠭᠤᠴᠠᠭᠠᠨ ᠳᠤ ᠪᠤᠯ ︽ᠪᠠᠶᠠᠷ ᠬᠦᠷ ᠲᠠᠢ | ᠴᠡᠴᠡᠷᠯᠢᠭ ᠲᠤ ᠪᠠᠨ ᠣᠴᠢᠶ᠎ᠠ︾ ᠭᠡᠬᠦ ᠬᠡᠤᠬᠡᠯᠲᠡᠢ ᠵᠦᠴᠦᠭᠡ ᠶᠢ ᠲᠣᠬᠢᠷᠠᠭᠤᠯᠵᠤ ᠪᠣᠯᠤᠨ᠎ᠠ᠃ ᠡᠨᠡ ᠵᠦᠴᠦᠬᠡ ᠳᠤ | ᠭᠦᠯᠦᠭᠡ᠂ ᠤᠨᠠᠭ᠎ᠠ᠂ ᠵᠤᠯᠵᠠᠭᠠᠨ ᠮᠤᠤᠷ ᠴᠡᠴᠡᠷᠯᠢᠭ ᠲᠤ ᠰᠠᠭᠤᠭᠰᠠᠨ ᠥᠯᠢᠭᠡᠷ ᠢ ᠶᠠᠷᠢᠵᠤ᠂ ᠪᠠᠭ᠎ᠠ ᠠᠩᠭᠢ ᠶᠢᠨ | ᠬᠡᠣᠬᠡᠳ ᠲᠤ ᠳᠤᠬᠢᠶᠠᠯᠳᠤᠵᠤ ᠪᠠᠶᠢᠭ᠎ᠠ ᠠᠰᠠᠭᠤᠳᠠᠯ ᠢ ᠢᠯᠡᠷᠡᠭᠦᠯᠵᠦ᠂ ︽ᠢᠨᠢᠶᠡᠬᠦ︾᠂ ︽ᠪᠠᠶᠠᠷ ᠬᠥᠷ ᠲᠠᠢ︾ | ᠵᠡᠷᠬᠡ ᠦᠭᠡᠰ ᠢ ᠬᠡᠷᠡᠭᠯᠡᠭᠰᠡᠨ ᠠᠴᠠ ᠬᠡᠣᠬᠡᠳ ᠤᠳ ᠤᠨ ᠴᠡᠴᠡᠷᠯᠢᠭ ᠲᠤ ᠤᠴᠢᠬᠤ ᠲᠣᠷ᠎ᠠ ᠪᠠᠬ᠎ᠠ᠂ ᠤᠷᠮ᠎ᠠ | ᠵᠣᠷᠢᠭ ᠢ ᠨᠢ ᠬᠦᠪᠴᠢᠯᠡᠨ᠎ᠡ᠃ ᠮᠦᠨ ᠡᠬᠦᠨ ᠲᠠᠢ ᠠᠳᠠᠯᠢ ᠪᠠᠷ ᠵᠠᠷᠢᠮ ᠬᠡᠦᠬᠡᠳ ᠬᠤᠭᠤᠯᠡ ᠢᠳᠡᠬᠦ ᠳᠤ ᠪᠠᠨ | ᠬᠡᠵᠢᠶᠡᠲᠡ ᠠᠰᠬᠠᠵᠤ ᠭᠤᠭᠤᠵᠢᠭᠤᠯᠳᠠᠭ᠂ ᠡᠨᠡ ᠬᠦ ᠪᠠᠶᠢᠳᠠᠯ ᠳᠤ ᠴᠢᠭᠯᠡᠭᠦᠯᠦᠨ ︽ᠰᠡᠲᠡᠷᠬᠡᠢ ᠠᠮᠠ ᠲᠠᠢ ᠢᠰᠢᠭᠡ︾ | ᠭᠡᠬᠦ ᠵᠦᠴᠦᠭᠡ ᠪᠠᠷ ᠳᠠᠮᠵᠢᠭᠤᠯᠤᠨ᠂ ᠬᠤᠭᠤᠯᠡ ᠢᠳᠡᠬᠦ ᠳᠤ ᠪᠠᠨ ᠠᠰᠬᠠᠵᠤ ᠭᠤᠭᠤᠵᠢᠭᠤᠯᠬᠤ ᠦᠭᠡᠢ᠂ ᠬᠤᠭᠤᠯᠡ | ᠬᠦᠨᠡᠰᠦ ᠪᠠᠨ ᠠᠷᠪᠢᠯᠠᠨ ᠭᠠᠮᠨᠠᠬᠤ ᠭᠡᠷᠡᠭᠲᠡᠢ ᠭᠡᠳᠡᠭ ᠮᠡᠳᠡᠯᠬᠡ ᠶᠢ ᠤᠯᠭᠤᠵᠤ ᠪᠤᠯᠳᠠᠭ᠃ ᠰᠡᠳᠬᠢᠴᠠ ᠶᠢᠨ ᠬᠠᠷᠰᠢ | ᠰᠠᠭᠠᠳ ᠲᠠᠢ ᠬᠡᠦᠬᠡᠳ ᠲᠤ ᠰᠡᠳᠬᠢᠴᠡ ᠶᠢᠨ ᠲᠤᠬᠠᠢ ᠵᠦᠴᠦᠭᠡ ᠰᠤᠨᠢᠷᠬᠠᠭᠤᠯᠵᠤ᠂ ᠬᠡᠦᠬᠡᠳ ᠤᠨ ᠰᠡᠳᠬᠢᠯ ᠤᠨ | ᠵᠠᠩᠭᠢᠷᠠᠭ᠎ᠠ ᠶᠢ ᠨᠢ ᠨᠡᠭᠡᠭᠡᠵᠦ᠂ ᠬᠡᠷᠪᠡ ᠬᠡᠦᠬᠡᠳ ᠤᠳ ᠤᠨ ᠬᠤᠭᠤᠷᠣᠨᠳᠣ ᠵᠥᠷᠢᠴᠡᠯ ᠮᠦᠷᠭᠦᠯᠳᠤᠭᠡᠨ ᠭᠠᠷᠪᠠᠯ᠂ | ᠪᠠᠭᠰᠢ ᠬᠡᠤᠬᠡᠯᠲᠡᠢ ᠪᠠᠷ ᠤᠴᠢᠷ ᠶᠠᠪᠣᠳᠠᠯ ᠢ ᠨᠢ ᠲᠦᠷᠰᠦᠯᠡᠨ ᠳᠤᠭᠯᠠᠭᠤᠯᠵᠤ᠂ ᠥᠪᠡᠷ ᠤᠨ ᠪᠤᠷᠤᠭᠤ ᠶᠢ ᠨᠢ | ᠮᠡᠳᠡᠷᠡᠬᠦᠯᠬᠦ ᠭᠡᠬᠦ ᠮᠡᠳᠤᠴᠢᠯᠡᠨ ᠬᠡᠤᠬᠡᠳ ᠤᠨ ᠣᠨᠴᠠᠯᠢᠭ ᠲᠤ ᠨᠢ ᠲᠣᠬᠢᠷᠠᠭᠤᠯᠤᠨ ᠪᠣᠳᠠᠳᠠᠢ ᠠᠴᠠ ᠡᠬᠦᠰᠴᠦ ᠣᠯᠠᠨ | ᠠᠷᠪᠢᠨ ᠦᠯᠢᠭᠡᠷ ᠵᠦᠴᠦᠭᠡ ᠳᠤᠭᠯᠠᠭᠤᠯᠬᠤ ᠪᠤᠶᠤ ᠵᠤᠬᠢᠶᠠᠯᠭᠠᠵᠤ ᠪᠣᠯᠣᠨ᠎ᠠ᠃ | 2. ᠬᠡᠦᠬᠡᠯᠳᠡᠢ ᠪᠦᠲᠦᠭᠡᠨ ᠦᠢᠯᠡᠳᠬᠦ᠂ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠣᠷᠣᠯᠴᠠᠬᠤ | ᠢᠳᠡᠪᠬᠢᠵᠢᠯ ᠢ ᠳᠡᠭᠡᠭᠰᠢᠯᠡᠬᠦᠯᠬᠦ ᠵᠤᠷᠢᠯᠭ᠎ᠠ ᠪᠠᠷ ᠬᠡᠤᠬᠡᠯᠳᠡᠢ ᠵᠦᠴᠦᠬᠡ ᠶᠢ ᠠᠰᠢᠭᠯᠠᠨ᠎ᠠ᠃ ᠬᠡᠦᠬᠡᠯᠳᠡᠢ ᠶᠢ ᠦᠢᠯᠡᠳᠬᠦ | ᠶᠠᠪᠤᠴᠠ ᠶᠢ ᠥᠢᠯᠠᠭᠠᠭᠤᠯᠬᠤ ᠶᠢᠨ ᠲᠥᠯᠥᠭᠡ᠂ ᠶᠠᠭᠤᠨ ᠤ ᠡᠮᠦᠨ᠎ᠡ ᠬᠡᠣᠬᠡᠳ ᠤᠨ ᠵᠢᠷᠤᠭ ᠤᠨ ᠵᠣᠷᠢᠯᠭᠠᠲᠤ ᠴᠢᠨᠠᠷ | ᠪᠠ ᠲᠥᠯᠥᠪᠯᠡᠭᠡᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠣᠯᠠᠮᠵᠢᠯᠠᠯᠲᠦ ᠣᠳᠠᠰᠣᠲᠦ ᠬᠡᠤᠬᠡᠯᠲᠡᠢ ᠨᠢ ᠠᠷᠪᠢᠨ | ᠤᠳᠠᠰᠦ ᠪᠠᠷ ᠬᠤᠯᠪᠤᠭᠰᠠᠨ ᠪᠠᠶᠢᠳᠠᠬ᠃ ᠭᠠᠷ ᠬᠥᠯ ᠤᠨ ᠬᠡᠰᠡᠭ ᠢ ᠡᠵᠡᠮᠳᠡᠨ ᠬᠦᠳᠡᠯᠭᠡᠬᠦ ᠳᠤ ᠨᠡᠯᠢᠶᠡᠳ | ᠪᠤᠳᠤᠯᠢᠶᠠᠨ ᠲᠠᠢ᠃ ᠡᠨᠡ ᠬᠦ ᠪᠠᠶᠢᠳᠠᠯ ᠳᠤ ᠴᠢᠭᠯᠡᠭᠦᠯᠦᠨ ᠵᠢᠵᠢᠭ ᠲᠤᠭ ᠤᠨ ᠡᠰᠢ ᠪᠤᠶᠤ ᠰᠦᠯᠢᠶᠣᠣ ᠰᠣᠷᠣᠭᠤᠯ | ᠭᠤᠤᠷᠰᠤ ᠪᠠᠷ ᠠᠵᠢᠯᠯᠠᠬᠤ ᠡᠰᠢ ᠪᠣᠯᠭᠠᠵᠤ᠂ ᠬᠡᠣᠬᠡᠳ ᠤᠨ ᠵᠢᠷᠤᠵᠦ ᠪᠦᠲᠦᠭᠡᠭᠰᠡᠨ ᠠᠮᠢᠲᠠᠨ ᠢ ᠭᠤᠣᠯ ᠳᠦᠷᠢ | ᠪᠣᠯᠭᠠᠨ᠂ ᠠᠵᠢᠯᠯᠠᠬᠤ ᠡᠰᠢ ᠪᠠ ᠳᠦᠷᠢ ᠶᠢᠨ ᠲᠦᠷᠪᠡᠨ ᠮᠦᠴᠢ ᠶᠢ ᠬᠤᠭᠤᠷᠣᠨᠳᠣ ᠨᠢ ᠲᠦᠷᠪᠡᠨ ᠣᠳᠠᠰᠦ ᠪᠠᠷ | ᠬᠤᠯᠪᠤᠵᠤ᠂ ᠬᠡᠤᠬᠡᠳ ᠡᠵᠡᠮᠳᠡᠬᠦ ᠳᠤ ᠳᠦᠭᠦᠮ ᠪᠤᠯᠭᠠᠭᠰᠠᠨ ᠢᠶᠠᠷ ᠪᠠᠷᠠᠬᠤ ᠦᠭᠡᠢ᠂ ᠲᠣᠭᠯᠠᠯᠲᠠ ᠶᠢᠨ ᠬᠡᠷᠡᠭᠴᠡᠭᠡ ᠶᠢ | ᠦᠨᠳᠦᠰᠦᠯᠡᠨ ᠬᠡᠤᠬᠡᠯᠲᠡᠢ ᠶᠢᠨ ᠬᠤᠪᠴᠠᠰᠤ ᠬᠤᠨᠠᠷ ᠤᠨ ᠰᠣᠯᠢᠭᠳᠠᠯ ᠬᠢᠵᠦ ᠪᠤᠯᠬᠤ ᠪᠠᠷ ᠬᠠᠯᠠᠨ ᠦᠬᠡᠷᠡᠴᠢᠯᠡᠨ᠎ᠡ᠃ | ᠡᠶᠢᠮᠦᠷᠬᠦᠤ ᠮᠠᠲ᠋ᠧᠷᠢᠶᠠᠯ ᠪᠣᠯᠤᠨ ᠦᠢᠯᠡᠳᠬᠦ ᠠᠷᠭ᠎ᠠ ᠮᠠᠶ᠋ᠢᠭ ᠨᠢ ᠬᠡᠣᠬᠡᠳ ᠢ ᠰᠢᠭᠤᠳ ᠤᠷᠤᠯᠴᠠᠭᠤᠯᠵᠣ ᠳᠡᠶᠢᠯᠬᠦ | ᠮᠦᠷᠲᠡᠭᠡᠨ ᠬᠦᠳᠡᠯᠭᠡᠭᠡᠨ ᠳᠤ ᠢᠳᠡᠪᠬᠢᠲᠠᠢ ᠤᠷᠤᠯᠴᠠᠬᠤ ᠪᠠᠶᠠᠷ ᠪᠠᠭ᠋ᠠᠳᠤᠯ ᠢ ᠣᠯᠭᠤᠳᠠᠭ᠃ ᠬᠡᠦᠬᠡᠯᠳᠡᠢ ᠶᠢᠨ ᠲᠥᠷᠥᠯ | ᠵᠦᠢᠯ ᠮᠠᠰᠢ ᠣᠯᠠᠨ ᠪᠠᠶᠢᠳᠠᠭ ᠳᠤᠯᠠ ᠠᠩᠬ᠎ᠠ ᠠᠯᠬᠤᠮ ᠬᠡᠤᠬᠡᠳ ᠤᠨ ᠨᠠᠰᠤᠨ ᠤ ᠣᠨᠴᠠᠯᠢᠭ ᠵᠢᠴᠢ ᠡᠵᠡᠮᠳᠡᠬᠦ | ᠮᠡᠷᠭᠡᠵᠢᠯ ᠳᠤ ᠨᠢ ᠳᠤᠬᠢᠷᠠᠯᠴᠠᠭᠤᠯᠤᠨ ᠭᠠᠷ ᠬᠡᠦᠬᠡᠯᠳᠡᠢ᠂ ᠤᠳᠠᠰᠣᠲᠦ ᠬᠡᠦᠬᠡᠯᠳᠡᠢ᠂ ᠲᠠᠶᠠᠭᠲᠣ ᠬᠡᠦᠬᠡᠯᠳᠡᠢ᠂ | ᠬᠤᠷᠤᠭᠤ ᠬᠡᠤᠬᠡᠯᠲᠡᠢ ᠵᠡᠷᠭᠡ ᠶᠢ ᠠᠰᠢᠭᠯᠠᠨ ᠭᠡᠷᠡᠭᠯᠡᠵᠦ ᠪᠣᠯᠣᠨ᠎ᠠ᠃ 3 ~ 6 ᠨᠠᠰᠣᠨ ᠤ ᠬᠡᠣᠬᠡᠳ ᠤᠨ | ᠬᠤᠷᠣᠭᠤᠨ ᠤ ᠪᠤᠯᠴᠢᠩ ᠤᠨ ᠬᠥᠭᠵᠢᠯᠲᠡ ᠪᠠ ᠴᠡᠴᠡᠷᠯᠢᠭ ᠤᠨ ᠲᠣᠭᠯᠠᠭᠠᠮ ᠤᠨ ᠣᠨᠴᠠᠯᠢᠭ ᠢ ᠦᠨᠳᠣᠰᠣᠯᠡᠨ᠂ | ᠣᠯᠠᠮᠵᠢᠯᠠᠯᠲᠦ ᠬᠡᠤᠬᠡᠯᠲᠡᠢ ᠵᠦᠴᠦᠭᠡ ᠶᠢ ᠦᠭᠡᠷᠡᠴᠢᠯᠡᠯᠲᠡ ᠬᠢᠵᠦ᠂ ᠰᠢᠨ᠎ᠠ ᠪᠠᠷ ᠬᠡᠣᠬᠡᠯᠲᠡᠢ ᠡᠭᠦᠳᠴᠦ᠂ ᠲᠦᠷᠦᠯ | ᠵᠦᠢᠯ ᠢ ᠦᠷᠭᠡᠳᠬᠡᠨ ᠲᠡᠭᠦᠯᠳᠡᠷᠵᠢᠭᠦᠯᠵᠣ ᠪᠤᠯᠤᠨ᠎ᠠ᠃ ᠲᠦᠰᠦᠭᠡᠯᠡᠨ ᠪᠣᠳᠤᠬᠤ ᠪᠠ ᠡᠭᠦᠳᠦᠨ ᠪᠦᠲᠦᠭᠡᠬᠦ | ᠴᠢᠳᠠᠪᠤᠷᠢ ᠶᠢ ᠬᠥᠭᠵᠢᠭᠦᠯᠬᠦ ᠶᠢᠨ ᠲᠥᠯᠥᠭᠡ᠂ ᠬᠡᠦᠬᠡᠯᠳᠡᠢ ᠶᠢᠨ ᠬᠤᠭᠤᠰᠣᠨ ᠵᠠᠭᠪᠤᠷ ᠢ ᠬᠠᠩᠭᠠᠨ ᠥᠭᠴᠦ᠂ ᠡᠯ᠎ᠡ | ᠵᠦᠢᠯ ᠤᠨ ᠮᠠᠲ᠋ᠧᠷᠢᠶᠠᠯ ᠢᠶᠠᠷ ᠬᠡᠦᠬᠡᠯᠳᠡᠢ ᠵᠣᠬᠢᠶᠠᠵᠤ᠂ ᠨᠠᠩ ᠰᠣᠨᠢᠷᠬᠠᠯ ᠲᠠᠢ᠂ ᠦᠪᠡᠷ ᠤᠨ ᠬᠦᠰᠡᠵᠤ ᠰᠠᠨᠠᠭᠰᠠᠨ | ᠬᠡᠦᠬᠡᠯᠳᠡᠢ ᠶᠢᠨ ᠳᠦᠷᠢ ᠶᠢ ᠥᠢᠯᠡᠳᠣᠨ ᠪᠦᠲᠦᠭᠡᠵᠦ ᠪᠣᠯᠳᠠᠭ᠃ ᠬᠡᠣᠬᠡᠳ ᠤᠨ ᠨᠠᠰᠣᠨ ᠤ ᠣᠨᠴᠠᠯᠢᠭ ᠲᠤ ᠨᠢ | ᠲᠣᠭᠢᠷᠠᠭᠤᠯᠤᠨ᠂ ᠠᠮᠢᠳᠣᠷᠠᠯ ᠲᠣᠮᠳᠡ ᠦᠷᠭᠦᠯᠵᠢ ᠬᠠᠷᠠᠭᠳᠠᠵᠤ ᠭᠡᠷᠡᠭᠯᠡᠭᠳᠡᠳᠡᠭ ᠦᠩᠭᠡᠲᠦ ᠴᠠᠭᠠᠰᠤ᠂ ᠪᠦᠰ᠂ | ᠪᠡᠭᠡᠯᠠᠢ᠂ ᠬᠠᠶᠢᠷᠴᠠᠭ᠂ ᠴᠠᠭᠠᠰᠤᠨ ᠴᠤᠮᠤ᠂ ᠰᠦᠯᠢᠶᠣᠣ ᠤᠭᠤᠲᠠ᠂ ᠯᠣᠩᠬᠤᠨ ᠲᠠᠭᠯᠠᠭ᠎ᠠ ᠵᠡᠷᠭᠡ ᠬᠠᠶᠠᠭᠳᠠᠮᠠᠯ | ᠪᠣᠳᠠᠰ ᠪᠣᠯᠣᠨ ᠦᠨᠳᠣᠰᠣᠳᠡᠨ ᠤ ᠤᠨᠴᠠᠯᠢᠭ ᠪᠦᠬᠦᠢ ᠡᠳ᠋ᠯᠡᠯ ᠬᠡᠷᠡᠭᠰᠡᠯ ᠲᠣᠷᠭ᠎ᠠ ᠳᠤᠷᠳᠤᠩ᠂ ᠢᠰᠡᠭᠡᠢ᠂ ᠠᠷᠠᠰᠤ᠂ | ᠱᠠᠭ᠎ᠠ ᠵᠡᠷᠭᠡ ᠶᠢ ᠠᠰᠢᠭᠯᠠᠨ᠂ ᠵᠢᠷᠣᠬᠤ᠂ ᠬᠠᠶᠢᠴᠢᠯᠠᠬᠤ᠂ ᠨᠠᠭᠠᠬᠤ᠂ ᠬᠠᠳᠠᠬᠤ᠂ ᠤᠶᠠᠬᠤ ᠠᠷᠭ᠎ᠠ ᠮᠠᠶ᠋ᠢᠭ ᠢᠶᠠᠷ | ᠰᠢᠨ᠎ᠠ ᠬᠡᠣᠬᠡᠯᠲᠡᠢ ᠪᠠᠭᠠᠵᠢ ᠶᠢ ᠣᠯᠠᠷᠢᠭᠤᠯᠣᠨ ᠰᠢᠨᠡᠳᠭᠡᠯ ᠬᠢᠵᠦ ᠪᠣᠯᠣᠨ᠎ᠠ᠃ ᠵᠢᠱᠢᠶᠡᠯᠡᠪᠡᠯ᠄ ᠴᠠᠭᠠᠰᠤ ᠪᠠᠷ ᠬᠢᠭᠰᠡᠨ | ᠵᠠᠭᠠᠨ ᠤ ᠲᠣᠯᠣᠭᠠᠶ ᠶᠢᠨ ᠳᠤᠮᠳᠠ ᠨᠢᠭᠡ ᠨᠦᠬᠡ ᠭᠠᠷᠭᠠᠨ᠂ ᠳᠤᠯᠢᠶᠠᠪᠤᠷ ᠬᠤᠷᠤᠭᠤ ᠪᠠᠨ ᠭᠠᠷᠭᠠᠨ ᠵᠠᠭᠠᠨ ᠤ ᠬᠠᠮᠠᠷ | ᠪᠤᠯᠭᠠᠬᠤ︔ ᠬᠠᠶᠢᠷᠴᠠᠭ ᠢᠶᠠᠷ ᠬᠢᠭᠰᠡᠨ ᠶᠠᠰᠤᠲᠤ ᠮᠡᠯᠡᠬᠡᠢ ᠶᠢᠨ ᠪᠡᠶ᠎ᠡ ᠶᠢᠨ ᠳᠣᠣᠷ᠎ᠠ ᠬᠡᠰᠡᠭ ᠢ ᠨᠢ ᠬᠤᠶᠠᠷ | ᠨᠦᠬᠡᠯᠡᠵᠦ᠂ ᠬᠡᠦᠬᠡᠳ ᠤᠨ ᠳᠤᠯᠢᠶᠠᠪᠤᠷ ᠬᠤᠷᠤᠭᠤ ᠪᠠ ᠳᠤᠮᠳᠠ ᠬᠤᠷᠤᠭᠤ ᠶᠢ ᠨᠢ ᠪᠣᠯᠲᠠᠶᠢᠯᠭᠠᠨ ᠶᠠᠰᠤᠲᠤ | ᠮᠡᠯᠡᠬᠡᠢ ᠶᠢᠨ ᠬᠥᠯ ᠪᠤᠯᠭᠠᠬᠤ︔ ᠴᠠᠭᠠᠰᠤᠨ ᠴᠣᠮᠣᠨ ᠤ ᠬᠠᠭᠠᠰ ᠢᠶᠠᠷ ᠲᠠᠤᠯᠠᠢ ᠶᠢᠨ ᠲᠣᠯᠣᠭᠠᠢ ᠬᠢᠵᠦ᠂ ᠳᠤᠯᠢᠶᠠᠪᠤᠷ | ᠬᠤᠷᠤᠭᠤ ᠪᠠ ᠳᠤᠮᠳᠠ ᠬᠤᠷᠤᠭᠤᠨ ᠳᠤ ᠪᠠᠨ ᠤᠭᠯᠠᠵᠤ ᠲᠠᠤᠯᠠᠢ ᠶᠢᠨ ᠴᠢᠬᠢ ᠪᠣᠯᠭᠠᠬᠤ︔ ᠡᠷᠡᠬᠡᠶ ᠬᠤᠷᠤᠭᠤ ᠪᠠ | ᠳᠤᠯᠢᠶᠠᠪᠤᠷ ᠬᠤᠷᠤᠭᠤ ᠪᠠᠷ ᠨᠤᠭᠤᠰᠤᠨ ᠤ ᠠᠮᠠ ᠪᠣᠯᠭᠠᠬᠤ ᠵᠡᠷᠭᠡ ᠣᠯᠠᠨ ᠶᠠᠩᠵᠤ ᠪᠠᠷ ᠬᠡᠤᠬᠡᠳ ᠤᠨ ᠰᠤᠨᠢᠷᠬᠠᠯ ᠳᠤ | ᠲᠣᠬᠢᠷᠠᠭᠤᠯᠤᠨ ᠰᠢᠨᠡᠴᠢᠯᠡᠵᠦ ᠪᠣᠯᠣᠨ᠎ᠠ᠃ ᠳᠡᠭᠡᠷᠡᠬᠢ ᠠᠷᠭ᠎ᠠ ᠨᠤᠭᠤᠳ ᠨᠢ ᠬᠡᠣᠬᠡᠳ ᠤᠨ ᠵᠢᠷᠤᠭ ᠵᠢᠷᠤᠬᠤ ᠠᠷᠭ᠎ᠠ | ᠮᠠᠶ᠋ᠢᠭ ᠢ ᠪᠠᠶᠠᠯᠢᠬᠵᠢᠭᠤᠯᠵᠤ᠂ ᠵᠢᠷᠤᠵᠤ ᠲᠥᠯᠥᠪᠯᠡᠬᠦ ᠴᠢᠳᠠᠪᠤᠷᠢ ᠪᠠ ᠵᠢᠷᠤᠭ ᠵᠢᠷᠤᠬᠤ ᠤᠷᠮ᠎ᠠ ᠪᠠᠬ᠎ᠠ ᠶᠢ ᠨᠢ | ᠳᠡᠭᠡᠭᠰᠢᠯᠡᠭᠦᠯᠵᠦ ᠴᠢᠳᠠᠨ᠎ᠠ᠃ ᠮᠦᠨ ᠴᠤ ᠭᠠᠷᠠᠭ ᠤᠨ ᠰᠡᠭᠦᠯᠴᠢ ᠪᠤᠶᠤ ᠠᠮᠠᠷᠠᠯᠲᠠ ᠶᠢᠨ ᠬᠤᠭᠤᠴᠠᠭᠠᠨ ᠳᠤ᠂ | ᠡᠴᠢᠭᠡ ᠡᠬᠡ ᠲᠠᠢ ᠪᠠᠨ ᠬᠠᠮᠲᠤ ᠬᠡᠤᠬᠡᠯᠲᠡᠢ ᠲᠣᠭᠯᠠᠭᠠᠮ ᠥᠢᠯᠡᠳᠣᠨ᠂ ᠬᠠᠶᠢᠷ᠎ᠠ ᠰᠡᠳᠬᠢᠯᠭᠡ ᠪᠠᠨ ᠰᠣᠯᠢᠯᠴᠠᠬᠤ | ᠵᠠᠪᠰᠢᠶᠠᠨ ᠣᠯᠭᠤᠳᠠᠭ᠃ ᠮᠠᠲ᠋ᠧᠷᠢᠶᠠᠯ ᠰᠣᠩᠭᠤᠬᠤ ᠠᠴᠠ ᠭᠠᠳᠠᠷ ᠬᠡᠯᠪᠡᠷᠢ ᠶᠢ ᠲᠦᠰᠦᠪᠯᠡᠨ ᠦᠢᠯᠡᠳᠬᠦ ᠬᠦᠷᠳᠡᠯ᠎ᠡ | ᠬᠠᠮᠳᠤ ᠪᠠᠷ ᠢᠶᠠᠨ ᠵᠦᠪᠳᠡᠯᠴᠡᠵᠤ᠂ ᠪᠣᠳᠣᠯ ᠢᠶᠠᠨ ᠰᠣᠯᠢᠯᠴᠠᠬᠤ ᠴᠢᠬᠤᠯᠠ ᠲᠠᠢ᠂ ᠪᠦᠬᠦ᠋ᠢᠯᠡ ᠶᠠᠪᠤᠴᠠ ᠳᠤ | ᠬᠢᠵᠠᠭᠠᠷᠯᠠᠰᠢ ᠦᠭᠡᠢ ᠪᠠᠶᠠᠷ ᠪᠠᠭ᠋ᠠᠳᠤᠯ ᠢ ᠣᠯᠵᠤ᠂ ᠡᠭᠦᠨ ᠠᠴᠠ ᠬᠡᠦᠬᠡᠳ ᠤᠨ ᠦᠭᠡ ᠬᠡᠯᠡᠨ ᠤ ᠬᠢᠷᠢ ᠲᠦᠪᠰᠢᠨ ᠴᠤ | ᠳᠡᠬᠡᠭᠰᠢᠯᠡᠵᠤ᠂ ᠭᠡᠷ ᠪᠦᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠬᠡᠭᠰᠢᠯᠡᠬᠦᠯᠬᠦ ᠮᠦᠷᠳᠡᠬᠡᠨ ᠬᠡᠦᠬᠡᠳ ᠤᠨ | ᠡᠷᠡᠭᠦᠯ ᠴᠢᠭᠢᠷᠠᠭ᠂ ᠪᠠᠶᠠᠷ ᠪᠠᠶᠠᠰᠬᠤᠯᠠᠩ ᠲᠠᠢ ᠪᠠᠷ ᠦᠰᠦᠨ ᠪᠤᠶᠢᠵᠢᠬᠤ ᠳᠤ ᠳᠤᠰᠠᠯᠠᠳᠠᠭ᠃ ᠡᠶᠢᠮᠦ ᠠᠴᠠ | ᠬᠡᠤᠬᠡᠯᠳᠡᠢ ᠶᠢ ᠴᠡᠴᠡᠷᠯᠢᠭ ᠤᠨ ᠵᠢᠭᠠᠨ ᠰᠤᠷᠭᠠᠯᠳᠠ ᠳᠤ ᠠᠰᠢᠭᠯᠠᠬᠤ ᠨᠢᠬᠡᠨ ᠴᠢᠬᠤᠯᠠ ᠠᠷᠭ᠎ᠠ ᠨᠢ ᠳᠠᠷᠤᠢ ᠬᠡᠷ | ᠪᠦᠯᠢ ᠶᠢᠨ ᠬᠠᠮᠳᠤᠷᠠᠯᠴᠠᠭ᠎ᠠ ᠶᠢ ᠤᠯᠠᠮ ᠨᠢᠬᠳᠠᠷᠠᠭᠤᠯᠵᠤ᠂ ᠭᠡᠷ ᠤᠨ ᠬᠦᠮᠦᠵᠢᠯ᠂ ᠰᠤᠷᠭᠠᠭᠤᠯᠢ ᠶᠢᠨ ᠬᠦᠮᠦᠵᠢᠯ ᠤᠨ | ᠤᠶᠠᠯᠳᠤᠭ᠎ᠠ ᠶᠢ ᠳᠡᠬᠦᠯᠳᠡᠷᠵᠢᠬᠦᠯᠬᠦ ᠶᠠᠪᠤᠳᠠᠯ ᠪᠤᠯᠤᠨ᠎ᠠ᠃ | 3. ᠬᠡᠦᠬᠡᠯᠳᠡᠢ ᠵᠦᠴᠦᠭᠡ ᠶᠢᠨ ᠲᠣᠭᠯᠠᠯᠲᠠ ᠳᠤ ᠬᠡᠣᠬᠡᠳ ᠤᠨ ᠢᠳᠡᠪᠬᠢᠯᠡᠨ ᠣᠷᠣᠯᠴᠠᠬᠤ ᠶᠢ | ᠵᠣᠷᠢᠬᠵᠢᠭᠤᠯᠬᠤ ᠬᠡᠷᠡᠭᠲᠡᠢ᠃ ᠵᠠᠷᠢᠮ ᠬᠡᠣᠬᠡᠳ ᠲᠥᠷᠥᠯᠬᠢ ᠶᠢᠨ ᠳᠤᠭᠯᠠᠬᠤ ᠳᠤᠷ᠎ᠠ ᠲᠠᠢ ᠪᠠᠶᠢᠳᠠᠭ᠃ ᠳᠤᠭᠯᠠᠭᠠᠮ ᠢ | ᠰᠠᠨᠠᠭᠠᠴᠢᠯᠠᠭ᠎ᠠ ᠠᠴᠠ ᠪᠠᠨ ᠪᠡᠶᠡᠯᠡᠭᠦᠯᠵᠦ ᠴᠢᠳᠠᠳᠠᠭ᠃ ᠭᠡᠪᠡᠴᠦ ᠵᠠᠷᠢᠮ ᠬᠡᠣᠬᠡᠳ ᠥᠪᠡᠷ ᠤᠨ ᠵᠠᠩ ᠠᠷᠠᠨᠰᠢᠨ ᠵᠢᠴᠢ | ᠭᠡᠷ ᠪᠦᠯᠢ ᠶᠢᠨ ᠬᠢᠨᠢ ᠣᠷᠴᠢᠨ ᠲᠣᠭᠤᠷᠢᠨ ᠤ ᠨᠥᠯᠥᠭᠡᠯᠡᠯ ᠠᠴᠠ ᠪᠣᠯᠵᠤ᠂ ᠲᠣᠭᠯᠠᠬᠤ ᠰᠣᠨᠢᠷᠬᠠᠯ ᠲᠠᠢ ᠪᠠᠶᠢᠭᠰᠠᠨ | ᠴᠤ ᠦᠪᠡᠷ ᠤᠨ ᠳᠤᠲᠤᠭᠠᠲᠦ ᠰᠡᠳᠬᠢᠯᠭᠡ ᠪᠠᠨ ᠬᠦᠯᠢᠶᠡᠰᠦᠯᠡᠳᠡᠭ᠃ ᠡᠶᠢᠮᠦᠷᠬᠦᠤ ᠪᠠᠶᠢᠳᠠᠯ ᠨᠢ ᠬᠡᠦᠬᠡᠯᠳᠡᠢ ᠵᠦᠴᠦᠭᠡ | ᠳᠤᠭᠯᠠᠬᠤ ᠶᠠᠪᠤᠴᠠ ᠳᠤ ᠬᠠᠮᠲᠤᠷᠠᠨ ᠠᠵᠢᠯᠯᠠᠬᠤ ᠳᠤᠮᠳᠠ ᠠᠭᠠᠵᠢᠮ ᠢᠶᠠᠷ ᠦᠭᠡᠷᠡᠴᠢᠯᠡᠭᠳᠡᠨ᠂ ᠬᠠᠷᠢᠯᠴᠠᠨ | ᠵᠣᠷᠢᠬᠵᠢᠭᠤᠯᠤᠯ ᠤᠨ ᠳᠤᠮᠳᠠ ᠵᠠᠰᠠᠷᠠᠳᠠᠭ᠃ ᠵᠦᠴᠦᠭᠡ ᠲᠤᠭᠯᠠᠬᠤ ᠠᠵᠢᠯᠯᠠᠭ᠎ᠠ ᠳᠤ ᠤᠷᠤᠯᠴᠠᠨ᠂ ᠦᠪᠡᠷ ᠤᠨ ᠢᠶᠠᠨ | ᠠᠪᠢᠶᠠᠰ ᠢ ᠢᠯᠡᠷᠡᠬᠦᠯᠬᠦ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠪᠠᠯ᠂ ᠢᠷᠡᠭᠡᠳᠦᠶ ᠳᠤ ᠤᠯᠠᠮ ᠠᠮᠵᠢᠯᠳᠠ | ᠤᠯᠬᠤ ᠳᠤ ᠳᠤᠰᠠᠯᠠᠬᠤ ᠪᠤᠯᠤᠨ᠎ᠠ᠃ ᠣᠯᠠᠨ ᠤᠳᠠᠭᠠᠨ ᠤ ᠲᠣᠭᠯᠠᠯᠲᠠ ᠶᠢ ᠳᠠᠮᠵᠢᠭᠠᠳ ᠬᠡᠣᠬᠡᠳ ᠤᠳ ᠤᠯᠠᠮ ᠵᠤᠷᠢᠭ | ᠰᠦᠰᠦ ᠲᠠᠢ ᠪᠤᠯᠵᠤ᠂ ᠠᠶᠤᠵᠤ ᠰᠤᠴᠢᠬᠤ ᠪᠠᠨ ᠪᠤᠯᠢᠨ᠎ᠠ᠃ ᠴᠠᠭᠠᠰᠢᠯᠠᠪᠠᠯ ᠪᠠᠭᠰᠢ ᠶᠢᠨ ᠵᠢᠯᠤᠭᠤᠳᠤᠯᠭ᠎ᠠ ᠪᠠᠷ | ᠬᠡᠦᠬᠡᠳ ᠤᠨ ᠢᠳᠡᠪᠬᠢᠲᠡᠢ ᠤᠪᠤᠷ᠂ ᠴᠣᠪᠣᠭᠤ ᠳᠡᠭᠵᠢᠨ ᠥᠪᠡᠷᠮᠢᠴᠡ ᠴᠢᠨᠠᠷ ᠢ ᠠᠭᠠᠵᠢᠮ ᠢᠶᠠᠷ ᠪᠤᠢ ᠪᠤᠯᠭᠠᠵᠤ᠂ | ᠪᠣᠳᠠᠲᠤ ᠠᠮᠢᠳᠤᠷᠠᠯ ᠤᠨ ᠳᠤᠮᠳᠠ ᠪᠡᠶᠡᠯᠡᠭᠦᠯᠵᠦ ᠳᠡᠶᠢᠯᠬᠦ ᠦᠭᠡᠢ ᠬᠦᠰᠡᠯ ᠮᠦᠷᠦᠬᠡᠳᠦᠯ ᠢ ᠨᠢ ᠨᠥᠬᠦᠪᠥᠷᠢᠯᠡᠵᠦ᠂ | ᠠᠮᠢᠳᠤᠷᠠᠯ ᠳᠤ ᠨᠢ ᠲᠤᠬᠢᠶᠠᠯᠳᠤᠭᠰᠠᠨ ᠤᠷᠮ᠎ᠠ ᠶᠢ ᠨᠢ ᠬᠤᠭᠤᠯᠤᠭᠰᠠᠨ ᠵᠦᠢᠯ ᠢ ᠦᠬᠡᠶᠢᠰᠬᠡᠵᠤ᠂ ᠬᠡᠦᠬᠡᠳ ᠤᠨ | ᠰᠡᠳᠬᠢᠴᠡ ᠶᠢᠨ ᠡᠷᠡᠭᠦᠯ ᠮᠡᠨᠳᠦ ᠶᠢ ᠰᠠᠶᠢᠵᠢᠷᠠᠭᠤᠯᠬᠤ ᠳᠤ ᠠᠰᠢᠭ ᠲᠠᠢ ᠪᠠᠶᠢᠳᠠᠭ᠃ ᠳᠡᠶᠢᠮᠦ ᠬᠡᠤᠬᠡᠯᠳᠡᠢ | ᠵᠦᠴᠦᠬᠡ ᠶᠢ ᠬᠡᠤᠬᠡᠳ ᠤᠨ ᠰᠡᠳᠬᠢᠴᠡ ᠶᠢᠨ ᠬᠦᠮᠦᠵᠢᠯ ᠲᠠᠢ ᠤᠶᠠᠯᠳᠤᠭᠤᠯᠤᠨ ᠬᠡᠷᠡᠭᠯᠡᠵᠤ ᠪᠤᠯᠬᠤ ᠶᠤᠮ᠃ ᠡᠨᠡ | ᠪᠤᠯ ᠬᠡᠤᠬᠡᠯᠳᠡᠢ ᠵᠦᠴᠦᠬᠡ ᠶᠢ ᠴᠡᠴᠡᠷᠯᠢᠭ ᠤᠨ ᠵᠢᠭᠠᠨ ᠰᠤᠷᠭᠠᠯᠳᠠ ᠲᠠᠢ ᠤᠶᠠᠯᠳᠤᠭᠤᠯᠬᠤ ᠴᠢᠬᠤᠯᠠ ᠨᠢᠬᠡᠨ ᠠᠷᠭ᠎ᠠ | ᠬᠡᠯᠪᠡᠷᠢ ᠪᠤᠯᠤᠨ᠎ᠠ᠃ ᠳᠡᠶᠢᠮᠦ ᠠᠴᠠ ᠴᠡᠴᠡᠷᠯᠢᠭ ᠤᠨ ᠵᠢᠭᠠᠨ ᠰᠤᠷᠭᠠᠯᠲᠠ ᠳᠤ ᠬᠡᠦᠬᠡᠯᠳᠡᠢ ᠵᠦᠴᠦᠭᠡ ᠶᠢ | ᠠᠰᠢᠭᠯᠠᠬᠤ ᠨᠢ ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢ ᠡᠶᠡᠷᠬᠦ ᠪᠠᠷ ᠨᠦᠯᠦᠬᠡᠯᠡᠵᠤ ᠰᠢᠨ᠎ᠡ ᠴᠠᠭ ᠦᠶ᠎ᠡ ᠶᠢᠨ | ᠴᠡᠴᠡᠷᠯᠢᠭ ᠤᠨ ᠵᠢᠭᠠᠨ ᠰᠤᠷᠭᠠᠯᠳᠠ ᠲᠠᠢ ᠵᠤᠬᠢᠴᠠᠵᠤ᠂ ᠬᠡᠣᠬᠡᠳ ᠤᠨ ᠪᠦᠬᠦ ᠲᠠᠯ᠎ᠠ ᠶᠢᠨ ᠬᠦᠮᠦᠵᠢᠯ ᠢ | ᠠᠬᠢᠭᠤᠯᠬᠤ ᠳᠤ ᠠᠰᠢᠭ ᠲᠠᠢ ᠪᠠᠶᠢᠳᠠᠭ ᠶᠤᠮ᠃ | | ᠬᠠᠶ᠋ᠢᠬ᠄ ᠰᠦᠨᠢᠳ ᠪᠠᠷᠠᠭᠤᠨ ᠬᠤᠰᠢᠭᠤᠨ ᠤ | ᠨᠠᠷᠠᠨᠪᠤᠯᠠᠭ ᠮᠣᠩᠭᠤᠯ ᠦᠨᠳᠤᠰᠦᠳᠡᠨ ᠤ | ᠬᠡᠣᠬᠡᠳ ᠤᠨ ᠴᠡᠴᠡᠷᠯᠢᠭ | ︵ᠰᠦᠶ᠎ᠠ ᠨᠠᠶᠢᠷᠠᠭᠤᠯᠪᠠ︶ | 2020 ᠤᠨ ᠤ 2 ᠳ᠋ᠤᠭᠠᠷ ᠬᠤᠭᠤᠴᠠᠭ᠎ᠠ | |