ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ | ᠶᠢ ᠥᠳᠲᠡᠷ ᠲᠦᠷᠭᠡᠨ ᠪᠠᠶᠢᠭᠤᠯᠵᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ | ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠥᠵᠢᠭᠦᠯᠦᠶ᠎ᠡ | -- ᠰᠤᠷᠭᠠᠨ ᠬᠥᠮᠦᠵᠢᠯ ᠤᠨ ᠶᠠᠮᠤᠨ ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠵᠤᠷᠭᠠᠨ ᠤ | ᠬᠠᠷᠢᠭᠤᠴᠠᠯᠭᠠᠲᠠᠨ ᠠᠴᠠ ︽ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ | ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠬᠤ ᠲᠤᠬᠠᠶ ᠰᠤᠷᠭᠠᠨ ᠬᠥᠮᠦᠵᠢᠯ ᠤᠨ ᠶᠠᠮᠤᠨ ᠵᠡᠷᠭᠡ ᠨᠠᠢᠮᠠᠨ | ᠰᠠᠯᠠᠭ᠎ᠠ ᠮᠥᠴᠢᠷ ᠤᠨ ᠰᠠᠨᠠᠯ︾ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | | | ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ | ᠤᠬᠠᠭᠤᠯᠬᠤ ᠬᠡᠯᠲᠡᠰ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠲᠥᠪ ᠤᠨ ᠰᠦᠯᠵᠢᠶᠡᠨ ᠤ | ᠰᠤᠷᠠᠭ ᠵᠠᠩᠭᠢᠴᠢᠯᠠᠯᠲᠠ ᠶᠢᠨ ᠠᠯᠪᠠᠨ ᠬᠡᠷ᠂ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠵᠡᠷᠭᠡ ᠨᠠᠢᠮᠠᠨ | ᠰᠠᠯᠠᠭ᠎ᠠ ᠮᠥᠴᠢᠷ ᠠᠴᠠ ︽ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ | ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠬᠤ ᠲᠤᠬᠠᠶ ᠰᠤᠷᠭᠠᠨ ᠬᠥᠮᠦᠵᠢᠯ ᠤᠨ ᠶᠠᠮᠤᠨ ᠵᠡᠷᠭᠡ ᠨᠠᠢᠮᠠᠨ | ᠰᠠᠯᠠᠭ᠎ᠠ ᠮᠥᠴᠢᠷ ᠤᠨ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ︽ᠰᠠᠨᠠᠯ︾ ᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠭᠤ ᠪᠣᠶ︖ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ | ᠤᠯᠤᠰ ᠲᠦᠷᠦ ᠶᠢᠨ ᠠᠵᠢᠯ ᠤᠨ ᠳᠣᠭᠲᠠᠯᠴᠠᠭ᠎ᠠ ᠶᠢ ᠪᠠᠶᠢᠭᠤᠯᠬᠤ ᠵᠠᠩᠭᠢᠯᠠᠭ᠎ᠠ ᠪᠠ ᠭᠤᠣᠯᠳᠠᠯᠭ᠎ᠠ ᠶᠢ ᠬᠡᠷᠬᠢᠨ | ᠡᠵᠡᠮᠳᠡᠬᠦ ᠪᠤᠢ︖ ᠡᠨᠡ ᠲᠤᠬᠠᠢ᠂ ᠰᠤᠷᠭᠠᠨ ᠬᠥᠮᠦᠵᠢᠯ ᠤᠨ ᠶᠠᠮᠤᠨᠤ ᠦᠵᠡᠯ ᠰᠠᠨᠠᠭ᠎ᠠ ᠤᠯᠤᠰ ᠲᠥᠷᠥ ᠶᠢᠨ | ᠠᠵᠢᠯ ᠤᠨ ᠵᠤᠷᠭᠠᠨ ᠤ ᠬᠠᠷᠢᠭᠤᠴᠠᠯᠭᠠᠲᠠᠨ ᠠᠴᠠ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | 1. ᠠᠰᠠᠭᠤᠯᠲᠠ᠄ ︽ᠰᠠᠨᠠᠯ︾ ᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠭᠤ ᠪᠣᠶ︖ | ᠬᠠᠷᠢᠭᠤᠯᠲᠠ᠄ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ | ᠳᠣᠭᠲᠠᠯᠴᠠᠭ᠎ᠠ ᠶᠢ ᠪᠠᠶᠢᠭᠤᠯᠬᠤ ᠪᠣᠯ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠬᠤ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠪᠥᠬᠦ ᠶᠠᠪᠤᠴᠠ ᠳᠤ ᠲᠤᠭᠤᠰᠢᠯᠠᠭᠤᠯᠬᠤ ᠶᠢ ᠠᠬᠢᠭᠤᠯᠬᠤ ᠵᠠᠩᠭᠢᠯᠠᠭ᠎ᠠ ᠶᠢᠨ ᠭᠠᠷᠳᠠᠴᠠ ᠮᠥᠨ᠃ ︽ᠰᠠᠨᠠᠯ︾ ᠢ | ᠨᠡᠶᠢᠲᠡᠯᠡᠭᠰᠡᠨ ᠨᠢ ᠭᠤᠤᠯᠳᠠᠭᠤ ᠳᠣᠤᠷᠠᠬᠢ ᠬᠤᠶᠠᠷ ᠲᠠᠯ᠎ᠠ ᠶᠢᠨ ᠠᠬᠤᠶ ᠪᠠᠶᠢᠳᠠᠯ ᠲᠠᠢ ᠶᠤᠮ᠃ | ᠨᠢᠭᠡ ᠳᠤ᠂ ᠰᠢᠨ᠎ᠡ ᠴᠠᠭ ᠦᠶ᠎ᠡ ᠶᠢᠨ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ | ᠠᠵᠢᠯ ᠳᠤ ᠬᠢ ᠨᠠᠮ ᠤᠨ ᠰᠢᠨ᠎ᠡ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠴᠡᠭᠡ ᠠᠴᠠ | ᠪᠣᠯᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠠᠴᠠ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠦᠷᠦ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠠᠴᠠ ᠪᠦᠬᠦ | ᠤᠯᠤᠰ ᠤᠨ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠬᠤᠷᠠᠯ᠂ ᠪᠦᠬᠦ | ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ | ᠤᠨᠤᠯ ᠤᠨ ᠬᠢᠴᠢᠶᠡᠯ ᠤᠨ ᠪᠠᠭᠰᠢ ᠨᠠᠷ ᠤᠨ ᠰᠠᠭᠤᠳᠠᠯ ᠤᠨ ᠬᠤᠷᠠᠯ ᠳᠡᠭᠡᠷ᠎ᠡ ᠠᠯᠢ ᠤᠯᠠᠨ ᠴᠢᠬᠤᠯᠠ ᠶᠠᠷᠢᠶ᠎ᠠ ᠲᠠᠯᠪᠢᠨ᠂ | ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠬᠢᠵᠦ᠂ ᠴᠢᠳᠠᠪᠤᠷᠢᠲᠠᠨ ᠢ ᠬᠥᠮᠦᠵᠢᠭᠦᠯᠬᠦ ᠳᠣᠭᠲᠠᠯᠴᠠᠭ᠎ᠠ ᠨᠢ | ᠰᠢᠨᠵᠢᠯᠡᠭᠡᠨ ᠤ ᠰᠠᠯᠠᠭᠠᠨ ᠤ ᠳᠣᠭᠲᠠᠯᠴᠠᠭ᠎ᠠ᠂ ᠵᠢᠭᠠᠨ ᠰᠤᠷᠭᠠᠯᠲᠠ ᠶᠢᠨ ᠳᠣᠭᠲᠠᠯᠴᠠᠭ᠎ᠠ᠂ ᠵᠢᠭᠠᠬᠤ ᠮᠠᠲ᠋ᠧᠷᠢᠶᠠᠯ ᠤᠨ | ᠳᠣᠭᠲᠠᠯᠴᠠᠭ᠎ᠠ᠂ ᠬᠠᠮᠢᠶᠠᠷᠤᠯᠲᠠ ᠶᠢᠨ ᠳᠣᠭᠲᠠᠯᠴᠠᠭ᠎ᠠ ᠵᠡᠷᠭᠡ ᠲᠠᠢ ᠬᠤᠯᠪᠤᠭᠳᠠᠬᠤ ᠶᠢ ᠴᠢᠬᠤᠯᠠᠴᠢᠯᠠᠵᠤ᠂ ᠡᠭᠦᠨ ᠳᠤ | ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠨᠢ ᠲᠤᠭᠤᠰᠢᠲᠠᠢ ᠨᠡᠪᠲᠡᠷᠡᠵᠦ ᠪᠠᠶᠢᠭ᠎ᠠ ᠪᠣᠯᠬᠤᠷ | ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠶᠢ ᠥᠳᠲᠡᠷ | ᠲᠦᠷᠭᠡᠨ ᠪᠠᠶᠢᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ | ᠬᠤᠶᠠᠷ ᠲᠤ᠂ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠰᠢᠨ᠎ᠡ ᠶᠢ | ᠡᠭᠦᠳᠴᠦ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠴᠡᠭᠡ ᠠᠴᠠ ᠪᠣᠯᠵᠠᠢ᠃ ᠣᠳᠣᠬᠠᠨ ᠳᠤ᠂ ᠳᠡᠭᠡᠳᠦ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠭᠤᠷᠪᠠ ᠶᠢ ᠪᠦᠷᠢᠳᠦᠭᠦᠯᠦᠭᠰᠡᠨ ᠬᠥᠮᠦᠨ ᠢ ᠬᠥᠮᠦᠵᠢᠭᠦᠯᠬᠦ︾ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ | ᠠᠵᠢᠯ ᠤᠨ ᠰᠠᠯᠠᠭ᠎ᠠ ᠮᠥᠴᠢᠷ ᠪᠣᠯᠤᠨ ᠡᠯ᠎ᠡ ᠳᠡᠭᠡᠳᠦ ᠰᠤᠷᠭᠠᠭᠤᠯᠢ ᠨᠢ ᠢᠳᠡᠪᠬᠢᠲᠡᠢ ᠦᠢᠯᠡᠳᠦᠯᠭᠡᠵᠢᠭᠦᠯᠵᠦ᠂ ᠳᠡᠭᠡᠳᠦ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ | ᠲᠠᠰᠤᠷᠠᠯᠲᠠ ᠦᠭᠡᠢ ᠥᠭᠡᠳᠡᠯᠡᠨ ᠳᠠᠪᠰᠢᠬᠤ ᠬᠥᠭᠵᠢᠯᠲᠡ ᠶᠢᠨ ᠪᠠᠶᠢᠳᠠᠯ ᠢᠯᠡᠷᠡᠪᠡ᠃ ᠵᠠᠯᠭᠠᠭᠠᠳ ᠪᠢᠳᠡ ᠠᠵᠢᠯ ᠢᠶᠠᠨ | ᠭᠦᠨᠵᠡᠭᠡᠶᠢᠷᠡᠭᠦᠯᠵᠦ᠂ ᠪᠣᠳᠠᠲᠠᠶᠢᠵᠢᠭᠤᠯᠬᠤ ᠶᠢ ᠠᠬᠢᠭᠤᠯᠬᠤ ᠳᠤ ᠡᠷᠬᠡᠪᠰᠢ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ | ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠶᠢ ᠪᠠᠶᠢᠭᠤᠯᠬᠤ ᠪᠠᠷ ᠶᠡᠷᠦᠩᠬᠡᠶ ᠢᠨᠵᠧᠨᠧᠷᠢᠩ ᠪᠣᠯᠭᠠᠵᠤ᠂ | ᠲᠡᠭᠦᠨ ᠤ ᠨᠡᠪᠲᠡᠷᠡᠬᠦ ᠪᠠ ᠲᠠᠲᠠᠬᠤ ᠦᠢᠯᠡᠳᠦᠯ ᠢ ᠨᠠᠩ ᠰᠠᠶᠢᠨ ᠪᠠᠳᠠᠷᠠᠭᠤᠯᠤᠨ᠂ ᠦᠵᠡᠯ ᠰᠠᠨᠠᠭ᠎ᠠ ᠤᠯᠤᠰ ᠲᠥᠷᠥ ᠶᠢᠨ | ᠠᠵᠢᠯ ᠢ ᠪᠦᠬᠦ᠋ᠢᠯᠡ ᠰᠤᠷᠭᠠᠨ ᠬᠥᠮᠦᠵᠢᠯ ᠤᠨ ᠦᠢᠯᠡᠰ ᠲᠠᠢ ᠤᠶᠠᠯᠳᠤᠭᠤᠯᠵᠤ᠂ ᠰᠤᠷᠤᠭᠴᠢᠳ ᠤᠨ ᠦᠰᠦᠨ | ᠪᠤᠶᠢᠵᠢᠬᠤ ᠶᠠᠪᠤᠴᠠ ᠲᠠᠢ ᠤᠶᠠᠯᠳᠤᠭᠤᠯᠤᠨ᠂ ᠥᠷᠭᠡᠨ ᠣᠯᠠᠨ ᠪᠠᠭᠰᠢ ᠶᠢᠨ ᠪᠢᠴᠢᠭ ᠵᠢᠭᠠᠵᠤ ᠬᠥᠮᠦᠨ ᠢ | ᠬᠥᠮᠦᠵᠢᠭᠦᠯᠬᠦ ᠦᠢᠯᠡᠳᠦᠯᠭᠡ ᠲᠠᠢ ᠤᠶᠠᠯᠳᠤᠭᠤᠯᠵᠤ᠂ ᠬᠥᠮᠦᠨ ᠢ ᠬᠥᠮᠦᠵᠢᠭᠦᠯᠬᠦ ᠦᠷ᠎ᠡ ᠪᠦᠲᠦᠮᠵᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | | | 2. ᠠᠰᠠᠭᠤᠯᠲᠠ᠄ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ | ᠳᠣᠭᠲᠠᠯᠴᠠᠭᠠᠨ ᠤ ᠪᠠᠶᠢᠭᠤᠯᠤᠯᠲᠠ ᠶᠢᠨ ᠵᠢᠯᠣᠭᠤᠳᠬᠤ ᠦᠵᠡᠯ ᠰᠠᠨᠠᠭ᠎ᠠ ᠪᠠ ᠬᠠᠷᠠᠯᠲᠠ ᠡᠭᠦᠷᠭᠡ ᠶᠢ ᠬᠡᠷᠬᠢᠨ | ᠡᠵᠡᠮᠳᠡᠬᠦ ᠪᠣᠶ︖ | ᠬᠠᠷᠢᠭᠤᠯᠲᠠ᠄ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ | ᠳᠣᠭᠲᠠᠯᠴᠠᠭ᠎ᠠ ᠶᠢ ᠪᠠᠶᠢᠭᠤᠯᠬᠤ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ | ᠪᠣᠯᠭᠠᠵᠤ ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢᠶᠠᠷ | ᠭᠤᠣᠯ ᠪᠣᠯᠭᠠᠨ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠤᠨ | ᠦᠢᠯᠡᠳᠦᠯᠭᠡᠵᠢᠭᠦᠯᠬᠦ ᠪᠠᠷ ᠭᠤᠤᠯ ᠰᠢᠵᠢᠮ ᠪᠣᠯᠭᠠᠵᠤ᠂ ᠪᠦᠬᠦ ᠠᠵᠢᠯᠲᠠᠨ᠂ ᠪᠦᠬᠦ ᠶᠠᠪᠤᠴᠠ᠂ ᠪᠦᠬᠦ ᠲᠠᠯ᠎ᠠ ᠪᠠᠷ ᠬᠥᠮᠦᠨ ᠢ | ᠬᠥᠮᠦᠵᠢᠭᠦᠯᠬᠦ ᠪᠠᠶᠢᠭᠤᠯᠤᠯ ᠳᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠵᠠᠩᠭᠢᠯᠠᠭ᠎ᠠ ᠪᠣᠯᠭᠠᠨ᠂ ᠳᠡᠭᠡᠳᠦ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ᠃ | ᠬᠠᠷᠠᠯᠲᠠ ᠡᠭᠦᠷᠭᠡ ᠶᠢᠨ ᠲᠤᠬᠠᠶ ︽ᠰᠠᠨᠠᠯ︾ ᠳᠤ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ | ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠦᠵᠡᠯ | ᠰᠠᠨᠠᠭ᠎ᠠ ᠶᠣᠰᠣ ᠮᠣᠷᠠᠯ᠂ ᠰᠣᠶᠣᠯ ᠮᠡᠳᠡᠯᠭᠡ᠂ ᠨᠡᠶᠢᠭᠡᠮ ᠤᠨ ᠦᠢᠯᠡᠳᠦᠯᠭᠡ ᠶᠢᠨ ᠬᠥᠮᠦᠵᠢᠯ ᠤᠨ ᠡᠯ᠎ᠡ ᠭᠤᠭᠴᠤᠭᠠᠨ ᠳᠤ | ᠠᠭᠤᠰᠬᠠᠬᠤ ᠬᠡᠷᠡᠭᠲᠡᠶ ᠭᠡᠵᠦ ᠳᠤᠷᠠᠳᠤᠨ ᠭᠠᠷᠭᠠᠵᠤ᠂ ᠰᠢᠨᠵᠢᠯᠡᠭᠡᠨ ᠤ ᠰᠠᠯᠠᠭᠠᠨ ᠤ ᠳᠣᠭᠲᠠᠯᠴᠠᠭ᠎ᠠ᠂ ᠵᠢᠭᠠᠨ | ᠰᠤᠷᠭᠠᠯᠲᠠ ᠶᠢᠨ ᠳᠣᠭᠲᠠᠯᠴᠠᠭ᠎ᠠ᠂ ᠵᠢᠭᠠᠬᠤ ᠮᠠᠲ᠋ᠧᠷᠢᠶᠠᠯ ᠤᠨ ᠳᠣᠭᠲᠠᠯᠴᠠᠭ᠎ᠠ᠂ ᠬᠠᠮᠢᠶᠠᠷᠤᠯᠲᠠ ᠶᠢᠨ ᠳᠣᠭᠲᠠᠯᠴᠠᠭ᠎ᠠ ᠶᠢ | ᠨᠡᠪᠲᠡᠷᠡᠭᠦᠯᠵᠦ᠂ ᠬᠠᠷᠠᠯᠲᠠ ᠨᠢ ᠲᠣᠳᠣᠷᠬᠠᠶ᠂ ᠠᠭᠤᠯᠭ᠎ᠠ ᠨᠢ ᠲᠡᠭᠦᠯᠳᠡᠷ᠂ ᠪᠠᠷᠢᠮᠵᠢᠶ᠎ᠠ ᠨᠢ ᠪᠦᠷᠢᠨ ᠲᠡᠭᠦᠯᠳᠡᠷ᠂ | ᠠᠵᠢᠯᠯᠠᠭ᠎ᠠ ᠨᠢ ᠰᠢᠨᠵᠢᠯᠡᠬᠦ ᠤᠬᠠᠭᠠᠨᠴᠢ᠂ ᠪᠠᠲᠤᠯᠠᠭ᠎ᠠ ᠨᠢ ᠬᠦᠴᠦᠨ ᠲᠡᠭᠦᠯᠳᠡᠷ᠂ ᠦᠷ᠎ᠡ ᠪᠦᠲᠦᠮᠵᠢ ᠨᠢ ᠢᠯᠡ | ᠲᠣᠳᠤᠷᠬᠠᠢ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠶᠢ | ᠥᠳᠲᠡᠷ ᠲᠦᠷᠭᠡᠨ ᠪᠠᠶᠢᠭᠤᠯᠬᠤ ᠬᠡᠷᠡᠭᠲᠡᠢ᠃ | | | 3. ᠠᠰᠠᠭᠤᠯᠲᠠ᠄ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ | ᠳᠣᠭᠲᠠᠯᠴᠠᠭ᠎ᠠ ᠶᠢ ᠪᠠᠶᠢᠭᠤᠯᠬᠤ ᠲᠤᠬᠠᠶ ︽ᠰᠠᠨᠠᠯ︾ ᠳᠤ ᠶᠠᠮᠠᠷ ᠶᠠᠮᠠᠷ ᠭᠤᠤᠯᠳᠠᠯᠭ᠎ᠠ ᠲᠠᠢ ᠲᠣᠬᠢᠷᠠᠭᠤᠯᠤᠯᠲᠠ | ᠬᠢᠭᠰᠡᠨ ᠪᠣᠶ︖ | ᠬᠠᠷᠢᠭᠤᠯᠲᠠ᠄ ︽ᠰᠠᠨᠠᠯ︾ ᠳᠤ ᠣᠨᠣᠯ ᠢᠶᠠᠷ ᠵᠡᠪᠰᠡᠭᠯᠡᠬᠦ ᠳᠣᠭᠲᠠᠯᠴᠠᠭ᠎ᠠ᠂ ᠰᠢᠨᠵᠢᠯᠡᠭᠡᠨ ᠤ ᠰᠠᠯᠠᠭᠠᠨ ᠤ | ᠵᠢᠭᠠᠨ ᠰᠤᠷᠭᠠᠯᠲᠠ ᠶᠢᠨ ᠳᠣᠭᠲᠠᠯᠴᠠᠭ᠎ᠠ᠂ ᠡᠳᠦᠷ ᠲᠤᠲᠤᠮ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ᠂ | ᠬᠠᠮᠢᠶᠠᠷᠤᠯᠲᠠ ᠦᠢᠯᠡᠴᠢᠯᠡᠭᠡᠨ ᠤ ᠳᠣᠭᠲᠠᠯᠴᠠᠭ᠎ᠠ᠂ ᠠᠮᠤᠷ ᠲᠦᠪᠰᠢᠨ ᠲᠣᠭᠲᠠᠭᠤᠨ ᠤ ᠳᠣᠭᠲᠠᠯᠴᠠᠭ᠎ᠠ᠂ ᠡᠩᠨᠡᠭᠡᠨ ᠤ | ᠪᠠᠶᠢᠭᠤᠯᠤᠯᠲᠠ ᠶᠢᠨ ᠳᠣᠭᠲᠠᠯᠴᠠᠭ᠎ᠠ᠂ ᠦᠨᠡᠯᠡᠨ ᠵᠢᠱᠢᠵᠦ ᠬᠢᠨᠠᠨ ᠵᠢᠯᠣᠭᠤᠳᠬᠤ ᠳᠣᠭᠲᠠᠯᠴᠠᠭ᠎ᠠ ᠵᠡᠷᠭᠡ ᠶᠢ | ᠪᠠᠭᠲᠠᠭᠠᠭᠰᠠᠨ ᠲᠤᠯᠤᠭᠠᠨ ᠬᠤᠪᠢᠶᠠᠷᠢ ᠳᠣᠭᠲᠠᠯᠴᠠᠭ᠎ᠠ ᠶᠢ ᠨᠠᠷᠢᠨ ᠲᠥᠯᠦᠪᠵᠢᠭᠦᠯᠪᠡ᠃ | ᠡᠭᠦᠨ ᠤ ᠳᠣᠲᠣᠷ᠎ᠠ᠂ ᠤᠨᠤᠯ ᠢᠶᠠᠷ ᠵᠡᠪᠰᠡᠭᠯᠡᠬᠦ ᠳᠣᠭᠲᠠᠯᠴᠠᠭ᠎ᠠ ᠨᠢ ᠤᠯᠤᠰ ᠲᠦᠷᠦ ᠶᠢᠨ ᠵᠢᠯᠣᠭᠤᠳᠤᠮᠵᠢ ᠪᠠᠨ | ᠴᠢᠩᠭᠠᠳᠬᠠᠵᠤ᠂ ᠡᠬᠡ ᠣᠷᠤᠨᠴᠢ ᠰᠡᠳᠬᠢᠯᠭᠡ ᠪᠠᠨ ᠵᠤᠵᠠᠭᠠᠳᠬᠠᠵᠤ᠂ ᠥᠷᠲᠡᠭ ᠤᠨ ᠵᠢᠯᠣᠭᠤᠳᠤᠮᠵᠢ ᠶᠢ ᠴᠢᠩᠭᠠᠳᠬᠠᠬᠤ | ᠬᠡᠷᠡᠭᠲᠡᠢ︔ ᠰᠢᠨᠵᠢᠯᠡᠭᠡᠨ ᠤ ᠰᠠᠯᠠᠭᠠᠨ ᠤ ᠵᠢᠭᠠᠨ ᠰᠤᠷᠭᠠᠯᠲᠠ ᠶᠢᠨ ᠳᠣᠭᠲᠠᠯᠴᠠᠭᠠᠨ ᠳᠤ ᠦᠵᠡᠯ ᠰᠠᠨᠠᠭ᠎ᠠ ᠤᠯᠤᠰ | ᠲᠥᠷᠥ ᠶᠢᠨ ᠣᠨᠣᠯ ᠤᠨ ᠬᠢᠴᠢᠶᠡᠯ ᠢ ᠰᠠᠶᠢᠲᠤᠷ ᠡᠷᠬᠢᠯᠡᠬᠦ ᠬᠡᠷᠡᠭᠲᠡᠶ ᠭᠡᠵᠦ ᠳᠤᠷᠠᠳᠴᠤ᠂ ᠭᠦᠨ ᠤᠬᠠᠭᠠᠨ ᠨᠡᠶᠢᠭᠡᠮ ᠤᠨ | ᠰᠢᠨᠵᠢᠯᠡᠬᠦ ᠤᠬᠠᠭᠠᠨ ᠢᠶᠠᠷ ᠬᠥᠮᠦᠨ ᠢ ᠬᠥᠮᠦᠵᠢᠭᠦᠯᠬᠦ ᠦᠢᠯᠡᠳᠦᠯ ᠢ ᠴᠢᠩᠭᠠᠷᠠᠭᠤᠯᠵᠤ᠂ ᠪᠣᠢ ᠪᠦᠬᠦᠢ ᠰᠢᠨᠵᠢᠯᠡᠭᠡᠨ ᠤ | ᠰᠠᠯᠠᠭᠠᠨ ᠤ ᠬᠢᠴᠢᠶᠡᠯ ᠲᠥᠷᠥᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠢᠶᠠᠷ ᠬᠥᠮᠦᠨ ᠢ ᠬᠥᠮᠦᠵᠢᠭᠦᠯᠬᠦ ᠴᠢᠳᠠᠮᠵᠢ ᠶᠢ ᠭᠦᠢᠴᠡᠳ | ᠪᠠᠳᠠᠷᠠᠭᠤᠯᠬᠤ ᠬᠡᠷᠡᠭᠲᠡᠢ︔ ᠡᠳᠦᠷ ᠲᠤᠲᠤᠮ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠳᠤ ᠦᠢᠯᠡᠳᠦᠯᠭᠡ ᠶᠢᠨ | ᠬᠥᠮᠦᠵᠢᠯ ᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠬᠦ ᠬᠡᠷᠡᠭᠲᠡᠶ | ᠭᠡᠵᠦ ᠳᠤᠷᠠᠳᠤᠨ᠂ ᠰᠦᠯᠵᠢᠶ᠎ᠡ ᠪᠠᠷ ᠬᠥᠮᠦᠨ ᠢ ᠬᠥᠮᠦᠵᠢᠭᠦᠯᠬᠦ ᠶᠢ ᠴᠢᠩᠭᠠᠳᠬᠠᠵᠤ᠂ ᠰᠡᠳᠬᠢᠴᠡ ᠶᠢᠨ ᠡᠷᠡᠭᠦᠯ | ᠮᠡᠨᠳᠦ ᠶᠢ ᠲᠦᠯᠬᠢᠨ ᠠᠬᠢᠭᠤᠯᠬᠤ ᠬᠡᠷᠡᠭᠲᠡᠢ︔ ᠬᠠᠮᠢᠶᠠᠷᠤᠯᠲᠠ ᠦᠢᠯᠡᠴᠢᠯᠡᠭᠡᠨ ᠤ ᠳᠣᠭᠲᠠᠯᠴᠠᠭ᠎ᠠ ᠨᠢ | ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠣᠯᠠᠨ ᠲᠥᠮᠡᠨᠴᠢ ᠪᠥᠯᠬᠦᠮ ᠤᠨ | ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ︽ᠨᠢᠭᠡ ᠥᠷᠲᠡᠭᠡᠯᠢᠭ ᠬᠡᠯᠪᠡᠷᠢᠲᠦ︾ ᠰᠤᠷᠤᠭᠴᠢᠳ ᠤᠨ ᠨᠡᠶᠢᠭᠡᠮ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠮᠦᠨ ᠢ ᠬᠥᠮᠦᠵᠢᠭᠦᠯᠬᠦ ᠳᠤ ᠤᠨᠢᠨ ᠳᠡᠭᠡᠷ᠎ᠡ ᠨᠢ | ᠲᠤᠰᠠᠯᠠᠬᠤ ᠶᠢ ᠲᠡᠭᠦᠯᠳᠡᠷᠵᠢᠭᠦᠯᠬᠦ ᠬᠡᠷᠡᠭᠲᠡᠢ︔ ᠠᠮᠤᠷ ᠲᠦᠪᠰᠢᠨ ᠲᠣᠭᠲᠠᠭᠤᠨ ᠤ ᠳᠣᠭᠲᠠᠯᠴᠠᠭᠠᠨ ᠳᠤ ᠳᠡᠭᠡᠳᠦ | ᠰᠤᠷᠭᠠᠭᠤᠯᠢ ᠶᠢᠨ ᠤᠯᠤᠰ ᠲᠥᠷᠥ ᠶᠢᠨ ᠠᠮᠤᠷ ᠲᠦᠪᠰᠢᠨ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ | ᠬᠥᠮᠦᠵᠢᠯ ᠢ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ︔ | ᠡᠩᠨᠡᠭᠡᠨ ᠤ ᠪᠠᠶᠢᠭᠤᠯᠤᠯᠲᠠ ᠶᠢᠨ ᠳᠣᠭᠲᠠᠯᠴᠠᠭᠠᠨ ᠳᠤ ᠥᠨᠳᠥᠷ ᠲᠦᠪᠰᠢᠨᠲᠦ ᠪᠠᠭᠰᠢ ᠶᠢᠨ ᠡᠩᠨᠡᠭᠡ ᠶᠢ ᠪᠠᠶᠢᠭᠤᠯᠬᠤ | ᠬᠡᠷᠡᠭᠲᠡᠶ ᠭᠡᠵᠦ ᠳᠤᠷᠠᠳᠴᠤ᠂ ᠥᠨᠳᠥᠷ ᠬᠡᠪ ᠴᠢᠨᠠᠷ ᠪᠦᠬᠦᠢ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯᠤᠨ | ᠨᠠᠮ ᠤᠨ ᠠᠵᠢᠯ ᠤᠨ ᠡᠩᠨᠡᠭᠡ ᠶᠢ ᠪᠠᠶᠢᠭᠤᠯᠵᠤ᠂ ᠮᠠᠷᠺᠰ ᠤᠨ ᠦᠵᠡᠯᠲᠡᠨ ᠤ ᠡᠷᠳᠡᠮᠲᠡᠨ ᠪᠣᠯᠤᠨ ᠵᠠᠯᠠᠭᠤ ᠮᠠᠷᠺᠰ ᠤᠨ | ᠦᠵᠡᠯᠳᠡᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠦᠨᠡᠯᠡᠨ ᠵᠢᠱᠢᠵᠦ ᠬᠢᠨᠠᠨ ᠵᠢᠯᠣᠭᠤᠳᠬᠤ | ᠳᠣᠭᠲᠠᠯᠴᠠᠭ᠎ᠠ ᠨᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠳᠣᠭᠲᠠᠯᠴᠠᠭ᠎ᠠ ᠶᠢ ᠪᠠᠶᠢᠭᠤᠯᠬᠤ ᠬᠡᠷᠡᠭᠲᠡᠶ ᠭᠡᠵᠦ | ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ | ᠵᠢᠯᠣᠭᠤᠳᠴᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ | ᠡᠭᠦᠨ ᠤ ᠬᠠᠮᠲᠤ᠂ ︽ᠰᠠᠨᠠᠯ︾ ᠳᠤ ᠪᠠᠰᠠ ᠡᠯ᠎ᠡ ᠬᠤᠪᠢᠶᠠᠷᠢ ᠳᠣᠭᠲᠠᠯᠴᠠᠭᠠᠨ ᠤ ᠬᠤᠭᠤᠷᠤᠨᠳᠤᠬᠢ | ᠰᠢᠰᠲ᠋ᠧᠮᠲᠦ ᠴᠢᠨᠠᠷ᠂ ᠪᠥᠬᠦᠯᠢ ᠴᠣᠭᠴᠠᠲᠤ ᠴᠢᠨᠠᠷ᠂ ᠬᠠᠮᠵᠢᠯᠴᠠᠭᠠᠲᠤ ᠴᠢᠨᠠᠷ ᠢ ᠶᠡᠭᠡ ᠪᠠᠷ ᠴᠢᠬᠤᠯᠠᠴᠢᠯᠠᠵᠤ᠂ ᠨᠢᠭᠡ | ᠴᠣᠭᠴᠠᠵᠢᠭᠰᠠᠨ᠂ ᠪᠥᠬᠦᠨ ᠢ ᠨᠡᠪᠲᠡᠷᠡᠭᠦᠯᠦᠭᠰᠡᠨ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠦ ᠶᠢᠨ | ᠠᠵᠢᠯ ᠤᠨ ᠳᠣᠭᠲᠠᠯᠴᠠᠭ᠎ᠠ ᠶᠢ ᠪᠣᠢ ᠪᠣᠯᠭᠠᠬᠤ ᠬᠡᠷᠡᠭᠲᠡᠢ ᠭᠡᠵᠡᠢ᠃ | | | 4. ᠠᠰᠠᠭᠤᠯᠲᠠ᠄ ︽ᠰᠠᠨᠠᠯ︾ ᠳᠤ ᠬᠢ ᠶᠠᠮᠠᠷ ᠶᠠᠮᠠᠷ ᠬᠢᠯᠠᠰ ᠴᠡᠭ ᠪᠣᠯᠬᠤ ᠠᠭᠤᠯᠭ᠎ᠠ ᠶᠢ ᠪᠢᠳᠡ | ᠣᠨᠴᠠᠭᠠᠶᠢᠯᠠᠨ ᠠᠩᠬᠠᠷᠤᠭᠤᠰᠢᠲᠠᠢ ᠪᠣᠶ︖ | ᠬᠠᠷᠢᠭᠤᠯᠲᠠ᠄ ︽ᠰᠠᠨᠠᠯ︾ ᠤᠨ ᠠᠩᠬᠠᠷᠤᠭᠤᠰᠢᠲᠠᠶ ᠬᠢᠯᠠᠰ ᠴᠡᠭ ᠤᠨ ᠠᠭᠤᠯᠭ᠎ᠠ ᠶᠢ ︽ᠭᠤᠷᠪᠠᠨ ᠠᠯᠢ | ᠣᠯᠠᠨ︾ ᠢᠶᠠᠷ ᠬᠤᠷᠢᠶᠠᠩᠭᠤᠶᠢᠯᠠᠵᠤ ᠪᠣᠯᠤᠨ᠎ᠠ᠃ | ᠨᠢᠭᠡ ᠳᠤ᠂ ᠠᠯᠢ ᠣᠯᠠᠨ ᠳᠡᠮᠵᠢᠬᠦ ᠲᠥᠷᠥ ᠶᠢᠨ ᠪᠣᠳᠣᠯᠭ᠎ᠠ ᠭᠠᠷᠭᠠᠪᠠ᠃ ᠵᠢᠱᠢᠶᠡᠯᠡᠪᠡᠯ᠂ ᠬᠠᠪᠰᠤᠷᠤᠨ | ᠵᠢᠯᠣᠭᠤᠳᠤᠭᠴᠢ ᠶᠢᠨ ᠠᠵᠢᠯ ᠮᠡᠷᠭᠡᠵᠢᠯ ᠤᠨ ᠬᠥᠭᠵᠢᠯᠲᠡ ᠶᠢ ᠠᠬᠢᠭᠤᠯᠬᠤ ᠶᠢᠨ ᠲᠥᠯᠦᠭᠡ᠂ ︽ᠰᠠᠨᠠᠯ︾ ᠳᠤ ᠳᠡᠭᠡᠳᠦ | ᠰᠤᠷᠭᠠᠭᠤᠯᠢ ᠶᠢᠨ ᠲᠤᠰᠬᠠᠶ ᠬᠠᠪᠰᠤᠷᠤᠨ ᠵᠢᠯᠣᠭᠤᠳᠣᠭᠴᠢ ᠶᠢᠨ ᠠᠵᠢᠯ ᠮᠡᠷᠭᠡᠵᠢᠯ ᠤᠨ ᠬᠥᠭᠵᠢᠭᠦᠯᠦᠯᠲᠡ ᠶᠢᠨ | ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠲᠤᠰᠢᠶᠠᠯ ᠤᠨ ᠲᠠᠰ᠂ ᠮᠡᠷᠭᠡᠵᠢᠯ ᠤᠨ ᠴᠣᠯᠠ ᠶᠢᠨ ︽ᠬᠤᠤᠰ ᠱᠤᠭᠤᠮ︾ | ᠢᠶᠠᠷ ᠳᠡᠪᠰᠢᠭᠦᠯᠬᠦ ᠠᠷᠭ᠎ᠠ ᠶᠢ ᠪᠠᠶᠢᠭᠤᠯᠬᠤ ᠬᠡᠷᠡᠭᠲᠡᠶ ᠭᠡᠵᠦ ᠳᠤᠷᠠᠳᠤᠨ ᠭᠠᠷᠭᠠᠬᠤ ᠶᠢᠨ ᠬᠠᠮᠲᠤ ᠰᠤᠷᠭᠠᠭᠤᠯᠢ ᠶᠢ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰᠬᠠᠶ ᠬᠠᠪᠰᠤᠷᠤᠨ ᠵᠢᠯᠣᠭᠤᠳᠤᠭᠴᠢ ᠶᠢᠨ ᠵᠣᠬᠢᠬᠤ ᠬᠠᠷᠢᠴᠠᠯ ᠢᠶᠠᠷ | ᠵᠢᠩᠬᠢᠨᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠲᠤᠰᠢᠶᠠᠯ ᠤᠨ ᠪᠠᠶᠢᠷᠢ ᠶᠢ ᠳᠤᠰᠬᠠᠶᠢᠯᠠᠨ ᠪᠠᠶᠢᠭᠤᠯᠬᠤ | ᠬᠡᠷᠡᠭᠲᠡᠶ ᠭᠡᠵᠦ ᠱᠠᠭᠠᠷᠳᠠᠪᠠ︔ ᠲᠤᠰᠬᠠᠶ ᠬᠠᠪᠰᠤᠷᠤᠨ ᠵᠢᠯᠣᠭᠤᠳᠣᠭᠴᠢ ᠶᠢᠨ ᠠᠵᠢᠯᠲᠠᠨ ᠤ ᠶᠠᠪᠤᠳᠠᠯ ᠤᠨ | ᠬᠠᠮᠢᠶᠠᠷᠤᠯᠲᠠ ᠶᠢᠨ ᠲᠥᠷᠥ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠰᠠᠨᠠᠯ︾ ᠳᠤ ᠬᠥᠳᠡᠯᠮᠦᠷᠢ | ᠦᠢᠯᠡᠴᠢᠯᠡᠭᠡ ᠪᠠᠷ ᠲᠣᠮᠢᠯᠠᠬᠤ᠂ ᠠᠵᠢᠯᠲᠠᠨ ᠤ ᠶᠠᠪᠤᠳᠠᠯ ᠢ ᠣᠷᠣᠯᠠᠨ ᠭᠦᠢᠴᠡᠳᠭᠡᠬᠦ ᠵᠡᠷᠭᠡ ᠠᠷᠭ᠎ᠠ ᠮᠠᠶ᠋ᠢᠭ ᠢᠶᠠᠷ | ᠬᠠᠪᠰᠤᠷᠤᠨ ᠵᠢᠯᠣᠭᠤᠳᠣᠭᠴᠢ ᠶᠢ ᠤᠷᠢᠨ ᠬᠡᠷᠡᠭᠯᠡᠵᠦ ᠪᠣᠯᠬᠤ ᠥᠬᠡᠶ ᠭᠡᠵᠦ ᠴᠢᠬᠤᠯᠠᠴᠢᠯᠠᠪᠠ︔ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠤᠨ ᠪᠠᠭᠰᠢ ᠪᠣᠯᠤᠨ ᠬᠠᠪᠰᠤᠷᠤᠨ ᠵᠢᠯᠣᠭᠤᠳᠤᠭᠴᠢ ᠶᠢᠨ ᠴᠠᠯᠢᠩ ᠣᠯᠭᠤᠮᠵᠢ ᠶᠢ | ᠳᠡᠭᠡᠭᠰᠢᠯᠡᠭᠦᠯᠬᠦ ᠶᠢᠨ ᠲᠥᠯᠥᠭᠡ᠂ ︽ᠰᠠᠨᠠᠯ︾ ᠳᠤ ᠡᠯ᠎ᠡ ᠭᠠᠵᠠᠷ ᠤᠨ ᠬᠢᠨ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤ ᠪᠠᠨ ᠵᠣᠬᠢᠴᠠᠭᠤᠯᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠪᠣᠯᠤᠨ ᠬᠠᠪᠰᠤᠷᠤᠨ | ᠵᠢᠯᠣᠭᠤᠳᠤᠭᠴᠢ ᠶᠢᠨ ᠠᠵᠢᠯ ᠤᠨ ᠪᠠᠶᠢᠷᠢ ᠶᠢᠨ ᠨᠡᠮᠡᠭᠦᠷᠢ ᠮᠥᠩᠭᠦ ᠶᠢ ᠲᠣᠬᠢᠷᠠᠭᠤᠯᠵᠤ᠂ ᠦᠷ᠎ᠡ ᠪᠦᠲᠦᠮᠵᠢ ᠶᠢᠨ | ᠴᠠᠯᠢᠩ ᠤᠨ ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ ᠰᠤᠷᠭᠠᠭᠤᠯᠢ ᠶᠢᠨ ᠦᠷ᠎ᠡ ᠪᠦᠲᠦᠮᠵᠢ ᠶᠢᠨ ᠴᠠᠯᠢᠩ ᠤᠨ | ᠶᠡᠷᠦᠩᠬᠡᠶ ᠬᠡᠮᠵᠢᠶ᠎ᠡ ᠶᠢ ᠵᠣᠬᠢᠴᠠᠩᠭᠤᠢ ᠪᠠᠷ ᠨᠡᠮᠡᠭᠳᠡᠭᠦᠯᠬᠦ ᠬᠡᠷᠡᠭᠲᠡᠢ᠃ | ᠬᠤᠶᠠᠷ ᠲᠤ᠂ ᠠᠯᠢ ᠣᠯᠠᠨ ᠲᠤᠰᠬᠠᠶ ᠵᠦᠢᠯ ᠤᠨ ᠵᠠᠷᠤᠳᠠᠯ ᠢ ᠲᠣᠬᠢᠷᠠᠭᠤᠯᠪᠠ᠃ ᠵᠢᠱᠢᠶᠡᠯᠡᠪᠡᠯ᠂ ︽ᠰᠠᠨᠠᠯ︾ | ᠳᠤ ᠡᠯ᠎ᠡ ᠳᠡᠭᠡᠳᠦ ᠰᠤᠷᠭᠠᠭᠤᠯᠢ ᠨᠢ ᠰᠤᠷᠭᠠᠭᠤᠯᠢ ᠳᠤ ᠰᠠᠭᠤᠭ᠎ᠠ ᠰᠤᠷᠤᠭᠴᠢᠳ ᠤᠨ ᠶᠡᠷᠦᠩᠬᠡᠢ ᠲᠤᠭ᠎ᠠ ᠶᠢ | ᠦᠨᠳᠦᠰᠦᠯᠡᠨ᠂ ᠰᠤᠷᠤᠭᠴᠢ ᠨᠢᠭᠡ ᠪᠦᠷᠢ ᠳᠤ ᠵᠢᠯ ᠪᠣᠯᠭᠠᠨ ᠳᠤ ᠬᠠᠮᠤᠭ ᠤᠨ ᠪᠠᠭ᠎ᠠ ᠳᠤ ᠪᠠᠨ 30 ᠲᠥᠭᠦᠷᠢᠭ ᠤᠨ | ᠪᠠᠷᠢᠮᠵᠢᠶ᠎ᠠ ᠪᠠᠷ ᠰᠦᠯᠵᠢᠶᠡᠨ ᠤ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠤᠨ ᠳᠤᠰᠬᠠᠢ ᠵᠠᠷᠤᠳᠠᠯ ᠢ | ᠲᠣᠬᠢᠷᠠᠭᠤᠯᠬᠤ ᠬᠡᠷᠡᠭᠲᠡᠢ᠃ | ᠭᠤᠷᠪᠠ ᠳᠤ᠂ ᠠᠯᠢ ᠣᠯᠠᠨ ᠦᠨᠡᠯᠡᠬᠦ ᠭᠦᠢᠴᠡᠳᠭᠡᠯ ᠲᠤᠭ᠎ᠠ ᠶᠢ ᠣᠷᠣᠭᠤᠯᠪᠠ᠃ ᠵᠢᠱᠢᠶᠡᠯᠡᠪᠡᠯ᠂ ︽ᠰᠠᠨᠠᠯ︾ | ᠳᠤ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ | ︽ᠬᠤᠤᠰ ᠲᠡᠷᠢᠭᠦᠨ︾ ᠤ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ᠂ ᠰᠢᠨᠵᠢᠯᠡᠭᠡᠨ ᠤ ᠰᠠᠯᠠᠭᠠᠨ ᠤ | ᠮᠡᠷᠭᠡᠵᠢᠯ ᠤᠨ ᠴᠢᠨᠠᠷ ᠴᠢᠨᠰᠠᠭ᠎ᠠ ᠶᠢ ᠦᠨᠡᠯᠡᠬᠦ᠂ ᠴᠢᠳᠠᠪᠤᠷᠢᠲᠠᠨ ᠤ ᠲᠥᠷᠥᠯ ᠵᠦᠢᠯ ᠢ ᠬᠢᠨᠠᠨ ᠲᠣᠭᠲᠠᠭᠠᠬᠤ᠂ ᠵᠢᠭᠠᠨ | ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠠᠳᠠᠯᠢᠳᠬᠠᠨ ᠰᠢᠯᠭᠠᠷᠠᠭᠤᠯᠬᠤ ᠴᠢᠬᠤᠯᠠ | ᠭᠦᠢᠴᠡᠳᠭᠡᠯ ᠲᠤᠭ᠎ᠠ ᠪᠣᠯᠭᠠᠬᠤ ᠶᠢᠨ ᠬᠠᠮᠲᠤ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ᠂ ᠣᠷᠣᠨ ᠨᠤᠲᠤᠭ ᠪᠠ | ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠢ ᠬᠢᠨᠠᠨ ᠰᠢᠯᠭᠠᠬᠤ᠂ ᠤᠳᠤᠷᠢᠳᠬᠤ ᠺᠠᠳ᠋ᠷ ᠤᠨ ᠲᠤᠰᠢᠶᠠᠯ ᠤᠨ | ᠮᠡᠳᠡᠭᠦᠯᠦᠯᠲᠡ ᠬᠢᠬᠦ ᠴᠢᠬᠤᠯᠠ ᠠᠭᠤᠯᠭ᠎ᠠ ᠳᠤ ᠣᠷᠣᠭᠤᠯᠬᠤ ᠬᠡᠷᠡᠭᠲᠡᠶ ᠭᠡᠵᠦ ᠴᠢᠬᠤᠯᠠᠴᠢᠯᠠᠪᠠ︔ ᠰᠤᠷᠭᠠᠭᠤᠯᠢ᠂ | ᠳᠡᠭᠡᠳᠦ ᠰᠤᠷᠭᠠᠭᠤᠯᠢ᠂ ᠰᠠᠯᠪᠤᠷᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠳᠤ ᠨᠠᠮ | ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠪᠠ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠲᠤᠰᠢᠶᠠᠯ ᠤᠨ | ᠮᠡᠳᠡᠭᠦᠯᠦᠯᠲᠡ ᠬᠢᠬᠦ ᠶᠢ ᠬᠢᠨᠠᠨ ᠰᠢᠯᠭᠠᠬᠤ ᠳᠦᠷᠢᠮ ᠢ ᠬᠡᠷᠡᠭᠵᠢᠭᠦᠯᠬᠦ ᠬᠡᠷᠡᠭᠲᠡᠶ ᠪᠥᠭᠡᠳ ᠨᠠᠮ ᠤᠨ ᠰᠠᠬᠢᠯᠭ᠎ᠠ | ᠪᠠᠲᠤ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠪᠴᠢᠶᠡᠨ ᠳᠤ ᠪᠠᠨ ᠣᠷᠤᠭᠤᠯᠬᠤ ᠬᠡᠷᠡᠭᠲᠡᠢ᠃ | | | 5. ᠠᠰᠠᠭᠤᠯᠲᠠ᠄ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ | ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠬᠤ ᠶᠢᠨ ᠲᠥᠯᠥᠭᠡ᠂ ︽ᠰᠠᠨᠠᠯ︾ ᠳᠤ ᠵᠣᠬᠢᠶᠠᠨ ᠪᠠᠶᠢᠭᠤᠯᠵᠤ | ᠤᠳᠤᠷᠢᠳᠬᠤ ᠪᠠ ᠬᠡᠷᠡᠭᠵᠢᠭᠦᠯᠬᠦ ᠪᠠᠲᠤᠯᠠᠭ᠎ᠠ ᠶᠢᠨ ᠲᠠᠯ᠎ᠠ ᠪᠠᠷ ᠶᠠᠮᠠᠷ ᠶᠠᠮᠠᠷ ᠪᠣᠳᠠᠲᠠᠶ ᠱᠠᠭᠠᠷᠳᠠᠯᠭ᠎ᠠ ᠳᠤᠷᠠᠳᠤᠭᠰᠠᠨ | ᠪᠣᠶ︖ | ᠬᠠᠷᠢᠭᠤᠯᠲᠠ᠄ ᠨᠡᠶᠢᠲᠡ 3 ᠵᠦᠢᠯ ᠤᠨ ᠪᠣᠳᠠᠲᠠᠢ ᠱᠠᠭᠠᠷᠳᠠᠯᠭ᠎ᠠ ᠳᠤᠷᠠᠳᠪᠠ᠃ | ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠪᠠ᠃ ︽ᠰᠠᠨᠠᠯ︾ ᠳᠤ ᠡᠯ᠎ᠡ | ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠨᠢ ᠪᠠᠶᠢᠭᠤᠯᠤᠯ ᠲᠣᠭᠲᠠᠴᠠ᠂ ᠲᠥᠷᠥᠯ ᠵᠦᠢᠯ ᠤᠨ | ᠪᠠᠶᠢᠷᠢᠯᠠᠭᠤᠯᠤᠯᠲᠠ᠂ ᠡᠩᠨᠡᠭᠡᠨ ᠤ ᠪᠠᠶᠢᠭᠤᠯᠤᠯᠲᠠ᠂ ᠨᠥᠬᠦᠴᠡᠯ ᠤᠨ ᠪᠠᠲᠤᠯᠠᠭ᠎ᠠ ᠵᠡᠷᠭᠡ ᠲᠠᠯ᠎ᠠ ᠶᠢ ᠰᠢᠰᠲ᠋ᠧᠮ ᠲᠠᠢ | ᠲᠥᠯᠦᠪᠯᠡᠬᠦ ᠶᠢ ᠴᠢᠩᠭᠠᠳᠬᠠᠵᠤ᠂ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠡᠪᠴᠢᠶᠡᠨ ᠳᠤ | ᠬᠢ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠵᠤ᠂ ᠴᠢᠬᠤᠯᠠ ᠶᠡᠭᠡ ᠠᠰᠠᠭᠤᠳᠠᠯ ᠢ ᠰᠣᠳᠤᠯᠵᠤ | ᠰᠢᠢᠳᠪᠦᠷᠢᠯᠡᠨ᠂ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠠᠮ ᠤᠨ ᠬᠤᠷᠢᠶᠠᠨ ᠤ | ᠱᠦᠵᠢ ᠪᠣᠯ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ | ᠳᠣᠳᠣᠷᠬᠠᠶᠢᠯᠠᠨ᠂ ᠰᠤᠷᠭᠠᠭᠤᠯᠢ ᠶᠢᠨ ᠵᠠᠬᠢᠷᠤᠯ ᠪᠣᠯᠤᠨ ᠪᠠᠭ ᠤᠨ ᠪᠦᠷᠢᠯᠳᠦᠬᠦᠨ ᠨᠡᠷ ︽ᠨᠠᠮ ᠵᠠᠰᠠᠭ ᠠᠳᠠᠯᠢ | ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠪᠡᠶᠡᠯᠡᠭᠦᠯᠬᠦ | ᠬᠡᠷᠡᠭᠲᠡᠢ᠃ | ᠬᠤᠶᠠᠷ ᠲᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠪᠠ᠃ ︽ᠰᠠᠨᠠᠯ︾ ᠳᠤ᠂ | ᠳᠡᠭᠡᠳᠦ ᠰᠤᠷᠭᠠᠭᠤᠯᠢ᠂ ᠰᠠᠯᠪᠤᠷᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ | ᠴᠢᠩᠭᠠᠳᠬᠠᠵᠤ᠂ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ | ᠦᠢᠯᠡᠳᠦᠯ ᠢ ᠪᠠᠳᠠᠷᠠᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠡᠯ᠎ᠡ ᠵᠦᠢᠯ ᠤᠨ ᠳᠦᠷᠢᠮ ᠢ | ᠴᠢᠩᠳᠠᠯᠠᠵᠤ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠶᠢ ᠨᠠᠶᠢᠳᠠᠪᠤᠷᠢᠵᠢᠭᠤᠯᠬᠤ | ᠬᠡᠷᠡᠭᠲᠡᠢ᠃ | ᠭᠤᠷᠪᠠ ᠳᠤ᠂ ᠠᠵᠢᠯ ᠤᠨ ᠬᠠᠮᠵᠢᠯᠴᠠᠭᠠᠨ ᠤ ᠪᠠᠲᠤᠯᠠᠭ᠎ᠠ ᠶᠢ ᠴᠢᠩᠭᠠᠳᠬᠠᠪᠠ᠃ ︽ᠰᠠᠨᠠᠯ︾ ᠳᠤ ᠰᠤᠷᠭᠠᠭᠤᠯᠢ᠂ | ᠭᠡᠷ ᠪᠦᠯᠢ ᠪᠠ ᠨᠡᠶᠢᠭᠡᠮ ᠤᠨ ᠰᠤᠷᠭᠠᠨ ᠬᠥᠮᠦᠵᠢᠯ ᠬᠠᠮᠵᠢᠯᠴᠠᠨ ᠬᠥᠮᠦᠨ ᠢ ᠬᠥᠮᠥᠵᠢᠭᠦᠯᠬᠦ ᠲᠣᠭᠲᠠᠴᠠ ᠶᠢ | ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ ᠭᠡᠵᠦ ᠳᠤᠷᠠᠳᠤᠨ ᠭᠠᠷᠭᠠᠵᠤ᠂ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ | ᠤᠯᠤᠰ ᠲᠥᠷᠥ ᠶᠢᠨ ᠠᠵᠢᠯ ᠤᠨ ᠵᠦᠪᠯᠡᠯ ᠤᠨ ᠲᠤᠰᠬᠠᠶ ᠮᠡᠷᠭᠡᠵᠢᠯᠲᠡᠨ ᠠᠴᠠ ᠵᠥᠪᠯᠡᠯᠭᠡ ᠥᠭᠬᠦ ᠦᠢᠯᠡᠳᠦᠯ ᠢ | ᠪᠠᠳᠠᠷᠠᠭᠤᠯᠵᠤ᠂ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠡᠯ᠎ᠡ ᠲᠥᠷᠥᠯ ᠤᠨ | ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠳᠡᠭᠡᠳᠦ ᠰᠤᠷᠭᠠᠭᠤᠯᠢ ᠶᠢᠨ | ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠲᠤᠰᠬᠠᠶ ᠪᠡᠯᠡ ᠮᠥᠩᠭᠦᠨ ᠤ ᠬᠡᠷᠡᠭᠯᠡᠯᠲᠡ ᠬᠠᠮᠢᠶᠠᠷᠤᠯᠲᠠ ᠶᠢ | ᠰᠠᠶᠢᠲᠤᠷ ᠬᠢᠵᠦ᠂ ᠣᠷᠣᠨ ᠨᠤᠲᠤᠭ ᠪᠣᠯᠤᠨ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ | ᠣᠷᠣᠭᠤᠯᠤᠯᠲᠠ ᠪᠠᠨ ᠨᠡᠮᠡᠭᠳᠡᠭᠦᠯᠵᠦ᠂ ᠵᠠᠷᠤᠳᠠᠯ ᠣᠷᠣᠭᠤᠯᠵᠤ ᠬᠥᠮᠦᠨ ᠢ ᠬᠥᠮᠦᠵᠢᠭᠦᠯᠬᠦ ᠤᠳᠤᠷᠢᠳᠤᠮᠵᠢ ᠶᠢ | ᠴᠢᠩᠭᠠᠷᠠᠭᠤᠯᠬᠤ ᠬᠡᠷᠡᠭᠲᠡᠢ᠃ | | | 6. ᠠᠰᠠᠭᠤᠯᠲᠠ᠄ ︽ᠰᠠᠨᠠᠯ︾ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ | ᠦᠷ᠎ᠡ ᠪᠥᠲᠦᠮᠵᠢ ᠤᠯᠬᠤ ᠶᠢ ᠠᠬᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠵᠠᠯᠭᠠᠭᠠᠳ ᠶᠠᠮᠠᠷ | ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ︖ | ᠬᠠᠷᠢᠭᠤᠯᠲᠠ᠄ ᠵᠠᠯᠭᠠᠭᠠᠳ᠂ ᠡᠯ᠎ᠡ ᠭᠠᠵᠠᠷ ᠤᠨ ᠡᠯ᠎ᠡ ᠳᠡᠭᠡᠳᠦ ᠰᠤᠷᠭᠠᠭᠤᠯᠢ ᠨᠢ ᠵᠢᠯ ᠪᠦᠷᠢ ᠡᠬᠡ ᠲᠠᠩᠰᠠ | ᠪᠠᠶᠢᠭᠤᠯᠬᠤ᠂ ᠵᠦᠢᠯ ᠳᠠᠷᠠᠭᠠᠯᠠᠨ ᠠᠬᠢᠭᠤᠯᠬᠤ ᠠᠷᠭ᠎ᠠ ᠮᠠᠶ᠋ᠢᠭ ᠢᠶᠠᠷ ᠨᠠᠶᠢᠳᠠᠪᠤᠷᠢᠵᠢᠭᠤᠯᠤᠯᠲᠠ ᠶᠢ ᠬᠦᠴᠦᠲᠡᠶ | ᠠᠳᠬᠤᠬᠤ ᠶᠢ ᠠᠬᠢᠭᠤᠯᠤᠨ᠎ᠠ᠃ ᠪᠣᠳᠠᠲᠠᠶ ᠪᠠᠷ ᠬᠡᠯᠡᠪᠡᠯ᠂ ᠡᠯ᠎ᠡ ᠭᠠᠵᠠᠷ ᠤᠨ ᠡᠯ᠎ᠡ ᠳᠡᠭᠡᠳᠦ ᠰᠤᠷᠭᠠᠭᠤᠯᠢ ᠨᠢ | ᠳᠣᠯᠣᠭᠠᠨ ᠬᠤᠪᠢᠶᠠᠷᠢ ᠳᠣᠭᠲᠠᠯᠴᠠᠭ᠎ᠠ ᠵᠢᠴᠢ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠲᠤᠯᠠᠬᠤ ᠵᠡᠷᠭᠡ | ᠲᠠᠯ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ ᠤᠳᠠᠭᠠᠨ ᠳᠠᠭᠠᠭᠠᠮᠠᠭᠠᠶ ᠴᠢᠷᠮᠠᠶᠢᠬᠤ ᠪᠠ ᠭᠤᠤᠯᠳᠠᠯᠭ᠎ᠠ ᠲᠠᠢ | ᠰᠢᠪᠲᠤᠯᠤᠯᠲᠠ ᠬᠢᠬᠦ ᠶᠢ ᠤᠶᠠᠯᠳᠤᠭᠤᠯᠬᠤ ᠬᠡᠷᠡᠭᠲᠡᠶ᠃ 3 ᠵᠢᠯ ᠢᠶᠠᠷ ᠨᠢᠭᠡ ᠦᠶᠡᠯᠡᠯ ᠪᠣᠯᠭᠠᠵᠤ᠂ ᠵᠢᠯ ᠬᠤᠪᠢᠶᠠᠨ᠂ | ᠵᠤᠷᠪᠤᠰ ᠬᠤᠪᠢᠶᠠᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠠᠵᠢᠯ ᠤᠨ ᠡᠬᠡ ᠲᠠᠩᠰᠠ ᠶᠢ ᠰᠤᠳᠤᠯᠤᠨ | ᠲᠣᠭᠲᠠᠭᠠᠨ᠎ᠠ᠃ ᠡᠬᠡ ᠲᠠᠩᠰᠠᠨ ᠳᠤ ᠬᠢ ᠠᠵᠢᠯ ᠤᠨ ᠠᠷᠭ᠎ᠠ ᠪᠠᠷᠢᠯ ᠨᠢ ᠵᠢᠯ ᠤᠨ ᠡᠴᠦᠰ ᠤᠨ ᠬᠠᠷᠠᠯᠲᠠ ᠲᠠᠢ | ᠨᠡᠶᠢᠴᠡᠵᠦ᠂ ᠨᠠᠷᠢᠯᠢᠭ ᠣᠨᠤᠪᠴᠢᠲᠠᠢ ᠠᠵᠢᠯᠯᠠᠬᠤ ᠶᠢ ᠴᠢᠬᠤᠯᠠᠴᠢᠯᠠᠨ᠂ ᠠᠷᠭ᠎ᠠ ᠵᠠᠮ ᠤᠨ ᠠᠴᠢᠶᠠᠯᠠᠪᠤᠷᠢ ᠶᠢ | ᠲᠣᠳᠣᠷᠬᠠᠶᠢᠯᠠᠵᠤ᠂ ᠦᠨᠡᠯᠡᠨ ᠵᠢᠱᠢᠵᠦ ᠦᠷ᠎ᠡ ᠪᠦᠲᠦᠮᠵᠢ ᠶᠢ ᠨᠢ ᠠᠰᠠᠭᠤᠬᠤ ᠳᠤ ᠳᠥᠭᠦᠮ ᠪᠠᠶᠢᠯᠭᠠᠬᠤ ᠬᠡᠷᠡᠭᠲᠡᠶ᠃ | ᠠᠵᠢᠯ ᠤᠨ ᠲᠣᠭᠲᠠᠴᠠ ᠪᠠᠨ ᠠᠯᠢ ᠴᠢᠳᠠᠬᠤ ᠪᠠᠷ ᠲᠣᠳᠣᠷᠬᠠᠶ ᠪᠣᠯᠭᠠᠵᠤ᠂ ᠬᠡᠷᠡᠭᠵᠢᠭᠦᠯᠬᠦ ᠠᠷᠭ᠎ᠠ ᠮᠠᠶ᠋ᠢᠭ ᠢ ᠠᠯᠢ | ᠴᠢᠳᠠᠬᠤ ᠪᠠᠷ ᠨᠠᠷᠢᠯᠢᠭᠵᠢᠭᠤᠯᠵᠤ᠂ ᠦᠷ᠎ᠡ ᠪᠦᠲᠦᠭᠡᠯ ᠦᠷ᠎ᠡ ᠪᠦᠲᠦᠮᠵᠢ ᠶᠢ ᠠᠯᠢ ᠴᠢᠳᠠᠬᠤ ᠪᠠᠷ ᠤᠷᠢᠳᠴᠢᠯᠠᠨ ᠵᠢᠱᠢᠬᠦ | ᠬᠡᠷᠡᠭᠲᠡᠶ᠃ ︽ᠰᠠᠨᠠᠯ︾ ᠳᠤ ᠨᠢᠭᠡᠨᠲᠡ ᠲᠣᠳᠣᠷᠬᠠᠶ ᠱᠠᠭᠠᠷᠳᠠᠯᠭ᠎ᠠ ᠭᠠᠷᠭᠠᠭᠰᠠᠨ ᠪᠣᠳᠠᠲᠠᠶ ᠲᠥᠷᠥ ᠶᠢᠨ ᠪᠣᠳᠣᠯᠭ᠎ᠠ ᠶᠢ | ᠡᠯ᠎ᠡ ᠭᠠᠵᠠᠷ ᠤᠨ ᠡᠯ᠎ᠡ ᠳᠡᠭᠡᠳᠦ ᠰᠤᠷᠭᠠᠭᠤᠯᠢ ᠨᠢ ᠪᠡᠶᠡᠯᠡᠭᠦᠯᠬᠦ ᠪᠣᠳᠠᠲᠠᠶ ᠣᠨ ᠰᠠᠷ᠎ᠠ ᠪᠠᠨ ᠲᠣᠭᠲᠠᠭᠠᠬᠤ ᠬᠡᠷᠡᠭᠲᠡᠶ᠃ | ᠣᠨᠴᠠᠭᠠᠶᠢᠯᠠᠨ ᠴᠢᠬᠤᠯᠠᠴᠢᠯᠠᠭᠤᠰᠢᠲᠠᠶ ᠨᠢ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ᠂ ᠡᠯ᠎ᠡ | ᠭᠠᠵᠠᠷ ᠤᠨ ᠡᠯ᠎ᠡ ᠳᠡᠭᠡᠳᠦ ᠰᠤᠷᠭᠠᠭᠤᠯᠢ ᠠᠵᠢᠯ ᠤᠨ ᠡᠬᠡ ᠲᠠᠩᠰᠠ ᠪᠠᠨ ᠴᠠᠭ ᠲᠤᠬᠠᠶ ᠳᠤ ᠨᠢ ᠰᠤᠷᠭᠠᠨ | ᠬᠥᠮᠥᠵᠢᠯ ᠤᠨ ᠶᠠᠮᠤᠨ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠂ ᠪᠢᠳᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ︽ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤ ᠨᠢ ᠲᠣᠬᠢᠷᠠᠭᠤᠯᠵᠤ ᠬᠢᠨᠠᠨ | ᠵᠢᠯᠣᠭᠤᠳᠴᠤ ᠪᠠᠶᠢᠴᠠᠭᠠᠨ᠎ᠠ᠃ | | |