ᠣᠯᠠᠨ ᠤᠯᠤᠰ ᠤᠨ ᠰᠤᠷᠤᠭᠴᠢᠳ ᠤᠨ ᠭᠤᠶᠤᠴᠢᠯᠠᠬᠤ ᠬᠢᠷᠢ ᠬᠡᠮ ᠢ ᠴᠢᠩᠳᠠᠯᠠᠵᠤ ᠳᠤᠮᠳᠠᠳᠤ | ᠤᠯᠤᠰ ᠲᠤ ᠢᠷᠡᠵᠦ ᠰᠤᠷᠤᠯᠴᠠᠬᠤ ᠲᠥᠷᠥ ᠶᠢᠨ ᠪᠣᠳᠣᠯᠭ᠎ᠠ ᠬᠠᠤᠯᠢ ᠳᠦᠷᠢᠮ ᠢ ᠲᠡᠭᠦᠯᠳᠡᠷᠵᠢᠭᠦᠯᠦᠨ᠎ᠡ | — ᠰᠤᠷᠭᠠᠨ ᠬᠥᠮᠦᠵᠢᠯ ᠤᠨ ᠶᠠᠮᠤᠨ ᠤ ᠣᠯᠠᠨ ᠤᠯᠤᠰ ᠤᠨ ᠬᠠᠮᠲᠤᠷᠠᠯᠴᠠᠭᠠᠨ ᠬᠢᠭᠡᠳ ᠰᠣᠯᠢᠯᠴᠠᠭᠠᠨ ᠤ | ᠵᠤᠷᠭᠠᠨ ᠤ ᠬᠠᠷᠢᠭᠤᠴᠠᠯᠭᠠᠲᠠᠨ ᠠᠴᠠ ︽ᠮᠠᠨ ᠤ ᠤᠯᠤᠰ ᠤᠨ ᠳᠡᠭᠡᠳᠦ ᠰᠤᠷᠭᠠᠭᠤᠯᠢ ᠳᠤ ᠣᠯᠠᠨ ᠤᠯᠤᠰ ᠤᠨ | ᠰᠤᠷᠤᠭᠴᠢ ᠶᠢ ᠬᠦᠯᠢᠶᠡᠨ ᠠᠪᠬᠤ ᠬᠤᠯᠪᠣᠭᠳᠠᠯ ᠪᠥᠬᠦᠶ ᠠᠵᠢᠯ ᠢ ᠳᠦᠷᠢᠮᠵᠢᠭᠦᠯᠬᠦ ᠲᠤᠬᠠᠶ ᠮᠡᠳᠡᠭᠳᠡᠯ︾ ᠤᠨ ᠲᠤᠬᠠᠶ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | | | ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠠᠴᠠ ︽ᠮᠠᠨ ᠤ ᠤᠯᠤᠰ ᠤᠨ ᠳᠡᠭᠡᠳᠦ ᠰᠤᠷᠭᠠᠭᠤᠯᠢ ᠳᠤ | ᠣᠯᠠᠨ ᠤᠯᠤᠰ ᠤᠨ ᠰᠤᠷᠤᠭᠴᠢ ᠶᠢ ᠭᠥᠯᠢᠶᠡᠨ ᠠᠪᠬᠤ ᠬᠤᠯᠪᠣᠭᠳᠠᠯ ᠪᠥᠬᠦᠶ ᠠᠵᠢᠯ ᠢ ᠳᠦᠷᠢᠮᠵᠢᠭᠦᠯᠬᠦ ᠲᠤᠬᠠᠶ | ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠵᠠᠰᠠᠪᠤᠷᠢ ᠣᠷᠣᠭᠤᠯᠤᠨ ᠨᠡᠶᠢᠲᠡᠯᠡᠵᠦ᠂ ᠮᠠᠨ ᠤ | ᠤᠯᠤᠰ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠳᠤ ᠣᠷᠣᠵᠤ | ᠰᠤᠷᠤᠯᠴᠠᠬᠤ ᠪᠠᠷ ᠭᠤᠶᠤᠴᠢᠯᠠᠬᠤ ᠣᠯᠠᠨ ᠤᠯᠤᠰ ᠤᠨ ᠰᠤᠷᠤᠭᠴᠢᠳ ᠤᠨ ᠬᠢᠷᠢ ᠬᠡᠮ ᠳᠤ ᠲᠣᠬᠢᠷᠠᠭᠤᠯᠤᠯᠲᠠ ᠬᠢᠪᠠ᠃ | ᠡᠭᠦᠨ ᠤ ᠲᠤᠯᠠᠳᠠ ᠰᠤᠷᠭᠠᠨ ᠬᠥᠮᠦᠵᠢᠯ ᠤᠨ ᠶᠠᠮᠤᠨ ᠤ ᠣᠯᠠᠨ ᠤᠯᠤᠰ ᠤᠨ ᠵᠤᠷᠭᠠᠨ ᠤ ᠬᠠᠷᠢᠭᠤᠴᠠᠯᠭᠠᠲᠠᠨ ᠠᠴᠠ | ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | 1. ᠠᠰᠠᠭᠤᠯᠲᠠ᠄ ︽ᠮᠡᠳᠡᠭᠳᠡᠯ︾ ᠳᠤ ᠵᠠᠰᠠᠪᠤᠷᠢ ᠣᠷᠣᠭᠤᠯᠤᠭᠰᠠᠨ ᠭᠤᠤᠯ ᠠᠬᠤᠶ ᠪᠠᠶᠢᠳᠠᠯ ᠢ | ᠲᠠᠨᠢᠯᠴᠠᠭᠤᠯᠵᠤ ᠥᠭᠭᠦᠭᠡᠷᠡᠢ᠃ | ᠬᠠᠷᠢᠭᠤᠯᠲᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠤᠯᠤᠰ ᠲᠤ | ᠢᠷᠡᠵᠦ ᠰᠤᠷᠤᠯᠴᠠᠬᠤ ᠦᠢᠯᠡᠰ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ | ᠬᠥᠭᠵᠢᠯᠲᠡ ᠶᠢᠨ ᠱᠠᠲᠤᠨ ᠳᠤ ᠣᠷᠤᠪᠠ᠃ ᠰᠤᠷᠭᠠᠨ ᠬᠥᠮᠦᠵᠢᠯ ᠤᠨ ᠶᠠᠮᠤᠨ ᠤᠷᠢᠳ ᠬᠤᠵᠢᠳ ᠰᠢᠷᠢᠰ ᠲᠥᠷᠥ ᠶᠢᠨ | ᠪᠣᠳᠣᠯᠭ᠎ᠠ ᠨᠡᠶᠢᠲᠡᠯᠡᠵᠦ᠂ ᠲᠦᠷᠢᠮ ᠤᠨ ᠳᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠠᠮᠢᠶᠠᠷᠤᠯᠲᠠ ᠪᠠᠨ | ᠴᠢᠩᠭᠠᠳᠬᠠᠨ ᠳᠦᠷᠢᠮᠵᠢᠭᠦᠯᠵᠦ᠂ ᠳᠤᠮᠳᠠᠳᠤ ᠤᠯᠤᠰ ᠲᠤ ᠢᠷᠡᠵᠦ ᠰᠤᠷᠤᠯᠴᠠᠬᠤ ᠠᠭᠤᠯᠤᠭᠳᠠᠬᠤᠨ ᠤ ᠬᠥᠭᠵᠢᠯᠲᠡ ᠶᠢ | ᠪᠥᠬᠦ ᠲᠠᠯ᠎ᠠ ᠪᠠᠷ ᠳᠥᠯᠭᠢᠨ ᠠᠬᠢᠭᠤᠯᠪᠠ᠃ 2017 ᠣᠨ ᠳᠤ᠂ ᠰᠤᠷᠭᠠᠨ ᠬᠥᠮᠦᠵᠢᠯ ᠤᠨ ᠶᠠᠮᠤᠨ ᠠᠴᠠ ᠭᠠᠳᠠᠭᠠᠳᠤ | ᠶᠠᠪᠤᠳᠠᠯ ᠤᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠲᠠᠢ ᠬᠠᠮᠲᠤᠷᠠᠨ ︽ᠳᠡᠭᠡᠳᠦ ᠰᠤᠷᠭᠠᠭᠤᠯᠢ ᠳᠤ ᠣᠯᠠᠨ | ᠤᠯᠤᠰ ᠤᠨ ᠰᠤᠷᠤᠭᠴᠢ ᠶᠢ ᠡᠯᠰᠡᠬᠦ ᠪᠠ ᠬᠥᠮᠦᠵᠢᠭᠦᠯᠬᠦ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ ᠡᠯ᠎ᠡ | ᠭᠠᠵᠠᠷ ᠤᠨ ᠡᠯ᠎ᠡ ᠳᠡᠭᠡᠳᠦ ᠰᠤᠷᠭᠠᠭᠤᠯᠢ ᠨᠢ ᠰᠤᠷᠭᠠᠭᠤᠯᠢ ᠳᠤ ᠣᠷᠣᠬᠤ ᠪᠠᠷᠢᠮᠵᠢᠶ᠎ᠠ ᠪᠠᠨ ᠴᠢᠩᠭ᠎ᠠ ᠪᠠᠷᠢᠵᠤ᠂ | ᠳᠤᠮᠳᠠᠳᠤ ᠤᠯᠤᠰ ᠲᠤ ᠢᠷᠡᠵᠦ ᠰᠤᠷᠤᠯᠴᠠᠬᠤ ᠪᠠᠷ ᠭᠤᠶᠤᠴᠢᠯᠠᠭᠰᠠᠳ ᠲᠤ ᠬᠢᠷᠢ ᠬᠡᠮ ᠢ ᠬᠢᠨᠠᠨ ᠪᠠᠶᠢᠴᠠᠭᠠᠬᠤ᠂ | ᠰᠢᠯᠭᠠᠬᠤ ᠪᠤᠶᠤ ᠰᠢᠯᠭᠠᠨ ᠬᠢᠨᠠᠵᠤ᠂ ᠰᠤᠷᠤᠭᠴᠢ ᠡᠯᠰᠡᠬᠦ ᠳᠤ ᠪᠠᠨ ᠰᠤᠷᠭᠠᠭᠤᠯᠢ ᠳᠤ ᠣᠷᠣᠬᠤ ᠪᠠᠷᠢᠮᠵᠢᠶᠠᠨ ᠳᠤ | ᠨᠡᠶᠢᠴᠡᠭᠦᠯᠬᠦ ᠶᠢ ᠦᠨᠡᠨ ᠬᠦ ᠪᠠᠲᠤᠯᠠᠵᠤ᠂ ᠬᠠᠤᠯᠢ ᠪᠠ ᠳᠦᠷᠢᠮ ᠶᠣᠰᠤ ᠪᠠᠷ ᠬᠠᠮᠢᠶᠠᠷᠤᠯᠲᠠ ᠪᠠᠨ ᠴᠢᠩᠭᠠᠳᠬᠠᠬᠤ | ᠬᠡᠷᠡᠭᠲᠡᠶ ᠭᠡᠵᠦ ᠱᠠᠭᠠᠷᠳᠠᠪᠠ᠃ 2018 ᠣᠨ ᠳᠤ᠂ ᠰᠤᠷᠭᠠᠨ ᠬᠥᠮᠦᠵᠢᠯ ᠤᠨ ᠶᠠᠮᠤᠨ ︽ᠳᠤᠮᠳᠠᠳᠤ ᠤᠯᠤᠰ ᠲᠤ | ᠢᠷᠡᠵᠦ ᠰᠤᠷᠤᠯᠴᠠᠬᠤ ᠭᠠᠳᠠᠭᠠᠳᠤ ᠶᠢᠨ ᠰᠤᠷᠤᠭᠴᠢ ᠶᠢᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ | ᠴᠢᠨᠰᠠᠭᠠᠨ ᠤ ᠳᠦᠷᠢᠮᠵᠢᠯ ︵ᠲᠤᠷᠰᠢᠨ ᠬᠡᠷᠡᠭᠯᠡᠬᠦ︶︾ ᠢ ᠨᠡᠶᠢᠲᠡᠯᠡᠵᠦ᠂ ᠳᠡᠭᠡᠳᠦ ᠰᠤᠷᠭᠠᠭᠤᠯᠢ ᠨᠤᠭᠤᠳ ᠤᠯᠤᠰ ᠤᠨ | ᠬᠤᠯᠪᠣᠭᠳᠠᠯ ᠪᠥᠬᠦᠶ ᠳᠦᠷᠢᠮ ᠲᠣᠭᠲᠠᠭᠠᠯ ᠶᠣᠰᠤ ᠪᠠᠷ ᠰᠤᠷᠭᠠᠭᠤᠯᠢ ᠳᠤ ᠣᠷᠣᠬᠤ ᠪᠠᠷᠢᠮᠵᠢᠶᠠᠨ ᠳᠤ ᠪᠠᠨ ᠳᠤᠮᠳᠠᠳᠤ | ᠤᠯᠤᠰ ᠲᠤ ᠢᠷᠡᠵᠦ ᠰᠤᠷᠤᠯᠴᠠᠬᠤ ᠰᠤᠷᠤᠭᠴᠢ ᠶᠢᠨ ᠰᠤᠷᠭᠠᠭᠤᠯᠢ ᠳᠤ ᠣᠷᠣᠬᠤ ᠪᠠᠷ ᠭᠤᠶᠤᠴᠢᠯᠠᠬᠤ ᠬᠢᠷᠢ ᠬᠡᠮ ᠢ | ᠲᠣᠳᠣᠷᠬᠠᠶ ᠲᠣᠭᠲᠠᠭᠠᠵᠤ᠂ ᠪᠦᠲᠦᠮᠵᠢᠲᠡᠶ ᠬᠢᠨᠠᠨ ᠪᠠᠶᠢᠴᠠᠭᠠᠬᠤ ᠳᠠᠷᠠᠭᠠᠯᠠᠯ ᠢ ᠪᠠᠶᠢᠭᠤᠯᠵᠤ ᠭᠤᠶᠤᠴᠢᠯᠠᠭᠰᠠᠳ ᠤᠨ | ᠤᠯᠤᠰ ᠤᠨ ᠬᠠᠷᠢᠶ᠎ᠠ ᠵᠡᠷᠭᠡ ᠪᠡᠶ᠎ᠡ ᠶᠢᠨ ᠬᠢᠷᠢ ᠬᠡᠮ ᠢ ᠬᠢᠨᠠᠨ ᠪᠠᠶᠢᠴᠠᠭᠠᠬᠤ ᠶᠢ ᠤᠯᠠᠮ ᠨᠢᠭᠡ ᠠᠯᠬᠤᠮ | ᠴᠢᠩᠭᠠᠳᠬᠠᠪᠠ᠃ | 2009 ᠣᠨ ᠳᠤ ᠰᠤᠷᠭᠠᠨ ᠬᠥᠮᠦᠵᠢᠯ ᠤᠨ ᠶᠠᠮᠤᠨ ᠠᠴᠠ ︽ᠮᠠᠨ ᠤ ᠤᠯᠤᠰ ᠤᠨ ᠳᠡᠭᠡᠳᠦ | ᠰᠤᠷᠭᠠᠭᠤᠯᠢ ᠳᠤ ᠣᠯᠠᠨ ᠤᠯᠤᠰ ᠤᠨ ᠰᠤᠷᠤᠭᠴᠢ ᠶᠢ ᠭᠥᠯᠢᠶᠡᠨ ᠠᠪᠬᠤ ᠬᠤᠯᠪᠣᠭᠳᠠᠯ ᠪᠥᠬᠦᠶ ᠠᠵᠢᠯ ᠢ | ᠳᠦᠷᠢᠮᠵᠢᠭᠦᠯᠬᠦ ᠲᠤᠬᠠᠶ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ᠢ ᠨᠡᠶᠢᠲᠡᠯᠡᠵᠦ᠂ ᠳᠤᠮᠳᠠᠳᠤ ᠤᠯᠤᠰ ᠤᠨ | ᠢᠷᠭᠡᠨ ᠭᠠᠳᠠᠭᠠᠳᠤ ᠤᠯᠤᠰ ᠲᠤ ᠨᠡᠭᠦᠭᠰᠡᠨ ᠤ ᠳᠠᠷᠠᠭ᠎ᠠ ᠭᠠᠳᠠᠭᠠᠳᠤ ᠤᠯᠤᠰ ᠤᠨ ᠰᠣᠷᠣᠭᠴᠢ ᠶᠢᠨ ᠬᠤᠪᠢ ᠪᠠᠷ | ᠮᠠᠨ ᠤ ᠤᠯᠤᠰ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠣᠯᠤᠨ ᠲᠤᠰᠬᠠᠶ ᠮᠡᠷᠭᠡᠵᠢᠯ ᠤᠨ ᠠᠩᠭᠢ ᠳᠤ | ᠣᠷᠣᠵᠤ ᠰᠤᠷᠤᠯᠴᠠᠬᠤ ᠬᠢᠷᠢ ᠬᠡᠮ ᠤᠨ ᠲᠤᠬᠠᠶ ᠲᠣᠳᠣᠷᠬᠠᠶ ᠱᠠᠭᠠᠷᠳᠠᠯᠭ᠎ᠠ ᠭᠠᠷᠭᠠᠵᠠᠶ᠃ ᠤᠶᠢᠷ᠎ᠠ ᠶᠢᠨ ᠵᠢᠯ᠂ ᠬᠡᠰᠡᠭ | ᠰᠤᠷᠤᠭᠴᠢ ᠶᠢᠨ ᠡᠴᠢᠭᠡ ᠡᠬᠡ ᠪᠤᠶᠤ ᠡᠴᠢᠭᠡ ᠡᠬᠡ ᠶᠢᠨ ᠨᠢᠭᠡ ᠨᠢ ᠳᠤᠮᠳᠠᠳᠤ ᠤᠯᠤᠰ ᠤᠨ ᠢᠷᠭᠡᠨ᠂ ᠲᠣᠰ ᠬᠥᠮᠦᠨ | ᠨᠢ ᠲᠥᠷᠥᠮᠡᠭᠴᠡ ᠪᠠᠨ ᠭᠠᠳᠠᠭᠠᠳᠤ ᠤᠯᠤᠰ ᠤᠨ ᠬᠠᠷᠢᠶ᠎ᠠ ᠣᠯᠤᠭᠰᠠᠨ ᠮᠥᠷᠲᠡᠭᠡᠨ ᠳᠤᠮᠳᠠᠳᠤ ᠤᠯᠤᠰ ᠲᠤ ᠰᠠᠭᠤᠷᠢ | ᠰᠤᠷᠭᠠᠨ ᠬᠥᠮᠦᠵᠢᠯ ᠬᠦᠷᠲᠡᠨ᠂ ᠭᠠᠳᠠᠭᠠᠳᠤ ᠤᠯᠤᠰ ᠤᠨ ᠰᠣᠷᠣᠭᠴᠢ ᠶᠢᠨ ᠬᠤᠪᠢ ᠪᠠᠷ ᠳᠡᠭᠡᠳᠦ ᠰᠤᠷᠭᠠᠭᠤᠯᠢ ᠶᠢᠨ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠳᠤ ᠣᠷᠣᠵᠤ ᠰᠤᠷᠤᠯᠴᠠᠬᠤ ᠪᠠᠷ ᠭᠤᠶᠤᠴᠢᠯᠠᠭᠰᠠᠨ ᠪᠠᠶᠢᠳᠠᠯ | ᠢᠯᠡᠷᠡᠵᠦ᠂ ᠨᠡᠶᠢᠭᠡᠮ ᠤᠨ ᠠᠩᠬᠠᠷᠤᠯ ᠢ ᠳᠠᠲᠠᠭᠰᠠᠨ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ ᠠᠴᠠ ᠡᠨᠡ ᠬᠦ | ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠤᠯᠤᠰ ᠲᠤ ᠢᠷᠡᠵᠦ ᠰᠤᠷᠤᠯᠴᠠᠭᠰᠠᠳ ᠤᠨ ᠰᠢᠨ᠎ᠡ | ᠬᠠᠨᠳᠤᠰᠢ ᠶᠢ ᠵᠣᠬᠢᠴᠠᠭᠤᠯᠬᠤ ᠶᠢᠨ ᠲᠥᠯᠥᠭᠡ᠂ ᠬᠠᠮᠢᠶᠠᠷᠤᠯᠲᠠ ᠶᠢᠨ ᠶᠠᠪᠤᠴᠠ ᠳᠤ ᠢᠯᠡᠷᠡᠭᠰᠡᠨ ᠰᠢᠨ᠎ᠡ ᠠᠰᠠᠭᠤᠳᠠᠯ ᠢ | ᠰᠢᠢᠳᠪᠦᠷᠢᠯᠡᠨ᠂ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠪᠣᠯᠤᠨ ᠥᠷᠭᠡᠨ ᠬᠡᠪᠴᠢᠶᠡᠨ᠎ᠡ ᠰᠠᠨᠠᠯ | ᠬᠤᠷᠢᠶᠠᠭᠰᠠᠨ ᠰᠠᠭᠤᠷᠢᠨ ᠳᠡᠭᠡᠷ᠎ᠡ ︽ᠮᠠᠨ ᠤ ᠤᠯᠤᠰ ᠤᠨ ᠳᠡᠭᠡᠳᠦ ᠰᠤᠷᠭᠠᠭᠤᠯᠢ ᠳᠤ ᠣᠯᠠᠨ ᠤᠯᠤᠰ ᠤᠨ | ᠰᠤᠷᠤᠭᠴᠢ ᠶᠢ ᠬᠦᠯᠢᠶᠡᠨ ᠠᠪᠬᠤ ᠬᠤᠯᠪᠣᠭᠳᠠᠯ ᠪᠦᠬᠦᠢ ᠠᠵᠢᠯ ᠢ ᠳᠦᠷᠢᠮᠵᠢᠭᠦᠯᠬᠦ ᠲᠤᠬᠠᠶ ᠰᠤᠷᠭᠠᠨ ᠬᠥᠮᠦᠵᠢᠯ ᠤᠨ | ᠶᠠᠮᠤᠨ ᠤ ᠮᠡᠳᠡᠭᠳᠡᠯ︾ ᠳᠤ ᠵᠠᠰᠠᠪᠤᠷᠢ ᠣᠷᠣᠭᠤᠯᠵᠤ᠂ ᠭᠠᠳᠠᠭᠠᠳᠤ ᠤᠯᠤᠰ ᠤᠨ ᠰᠤᠷᠤᠭᠴᠢ ᠮᠠᠨ ᠤ ᠤᠯᠤᠰ ᠤᠨ | ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠳᠤ ᠣᠷᠣᠵᠤ ᠰᠤᠷᠤᠯᠴᠠᠬᠤ ᠪᠠᠷ | ᠭᠤᠶᠤᠴᠢᠯᠠᠬᠤ ᠬᠢᠷᠢ ᠬᠡᠮ ᠢ ᠤᠯᠠᠮ ᠨᠢᠭᠡ ᠠᠯᠬᠤᠮ ᠴᠢᠩᠭᠠᠳᠬᠠᠵᠠᠢ᠃ | | | 2. ᠠᠰᠠᠭᠤᠯᠲᠠ᠄ ︽ᠮᠡᠳᠡᠭᠳᠡᠯ︾ ᠳᠤ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠠᠭᠤᠯᠭ᠎ᠠ ᠳᠤ ᠶᠠᠮᠠᠷ | ᠶᠠᠮᠠᠷ ᠭᠤᠤᠯ ᠬᠤᠪᠢᠷᠠᠯᠲᠠ ᠭᠠᠷᠤᠭᠰᠠᠨ ᠢ ᠶᠠᠷᠢᠵᠤ ᠥᠭᠭᠦᠨ᠎ᠡ ᠦᠦ︖ | ᠬᠠᠷᠢᠭᠤᠯᠲᠠ᠄ ︽ᠮᠡᠳᠡᠭᠳᠡᠯ︾ ᠨᠢ ᠲᠥᠷᠥ ᠶᠢᠨ ᠪᠣᠳᠣᠯᠭ᠎ᠠ ᠶᠢᠨ ᠦᠷᠭᠦᠯᠵᠢᠯᠡᠯ ᠴᠢᠨᠠᠷ ᠢ ᠪᠠᠲᠤᠯᠠᠬᠤ ᠶᠢᠨ | ᠬᠠᠮᠲᠤ ᠰᠢᠨ᠎ᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠡᠴᠢᠭᠡ ᠡᠬᠡ ᠪᠤᠶᠤ ᠡᠴᠢᠭᠡ ᠡᠬᠡ ᠶᠢᠨ ᠨᠢᠭᠡ ᠨᠢ | ᠳᠤᠮᠳᠠᠳᠤ ᠤᠯᠤᠰ ᠤᠨ ᠢᠷᠭᠡᠨ᠂ ᠲᠣᠰ ᠬᠥᠮᠦᠨ ᠲᠥᠷᠦᠮᠡᠭᠴᠡ ᠪᠠᠨ ᠭᠠᠳᠠᠭᠠᠳᠤ ᠤᠯᠤᠰ ᠤᠨ ᠬᠠᠷᠢᠶ᠎ᠠ ᠣᠯᠤᠭᠰᠠᠨ | ᠮᠥᠷᠲᠡᠭᠡᠨ ᠭᠠᠳᠠᠭᠠᠳᠤ ᠤᠯᠤᠰ ᠤᠨ ᠰᠣᠷᠣᠭᠴᠢ ᠶᠢᠨ ᠬᠤᠪᠢ ᠪᠠᠷ ᠮᠠᠨ ᠤ ᠤᠯᠤᠰ ᠤᠨ ᠳᠡᠭᠡᠳᠦ ᠰᠤᠷᠭᠠᠭᠤᠯᠢ ᠶᠢᠨ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠳᠤ ᠣᠷᠣᠵᠤ ᠰᠤᠷᠤᠯᠴᠠᠭᠰᠠᠳ᠂ ᠰᠤᠷᠭᠠᠭᠤᠯᠢ ᠶᠢᠨ ᠨᠡᠷ᠎ᠡ | ᠮᠡᠳᠡᠭᠦᠯᠬᠦ ᠪᠤᠰᠤᠳ ᠬᠢᠷᠢ ᠬᠡᠮ ᠳᠤ ᠨᠡᠶᠢᠴᠡᠬᠦ ᠠᠴᠠ ᠭᠠᠳᠠᠨ᠎ᠠ ᠭᠤᠶᠤᠴᠢᠯᠠᠭᠴᠢ ᠨᠢ ᠪᠠᠰᠠ ᠣᠶᠢᠷ᠎ᠠ ᠶᠢᠨ 4 ᠵᠢᠯ ᠤᠨ | ᠳᠣᠲᠣᠷ᠎ᠠ ᠭᠠᠳᠠᠭᠠᠳᠤ ᠤᠯᠤᠰ ᠲᠤ 2 ᠵᠢᠯ ᠠᠴᠠ ᠳᠡᠭᠡᠭᠰᠢ ᠠᠮᠢᠳᠤᠷᠠᠭᠰᠠᠨ ᠪᠣᠳᠠᠲᠠᠶ ᠲᠡᠮᠳᠡᠭᠯᠡᠯ ᠲᠠᠢ ᠪᠠᠶᠢᠬᠤ | ᠬᠡᠷᠡᠭᠲᠡᠶ ᠭᠡᠵᠦ ︽ᠮᠡᠳᠡᠭᠳᠡᠯ︾ ᠳᠤ ᠲᠣᠳᠣᠷᠬᠠᠶ ᠳᠣᠭᠲᠠᠭᠠᠪᠠ᠃ | ᠭᠠᠳᠠᠭᠠᠳᠤ ᠳᠤ ᠨᠡᠭᠦᠨ ᠣᠴᠢᠵᠤ ᠭᠠᠳᠠᠭᠠᠳᠤ ᠤᠯᠤᠰ ᠤᠨ ᠬᠠᠷᠢᠶ᠎ᠠ ᠣᠯᠤᠭᠰᠠᠨ ᠤ ᠳᠠᠷᠠᠭ᠎ᠠ ᠭᠠᠳᠠᠭᠠᠳᠤ | ᠤᠯᠤᠰ ᠤᠨ ᠰᠤᠷᠤᠭᠴᠢ ᠶᠢᠨ ᠬᠤᠪᠢ ᠪᠠᠷ ᠮᠠᠨ ᠤ ᠤᠯᠤᠰ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ | ᠲᠤᠰᠬᠠᠶ ᠮᠡᠷᠭᠡᠵᠢᠯ ᠤᠨ ᠠᠩᠭᠢ ᠳᠤ ᠣᠷᠣᠵᠤ ᠰᠤᠷᠤᠯᠴᠠᠬᠤ ᠪᠠᠷ ᠭᠤᠶᠤᠴᠢᠯᠠᠭᠰᠠᠳ ᠰᠤᠷᠭᠠᠭᠤᠯᠢ ᠶᠢᠨ ᠪᠤᠰᠤᠳ | ᠨᠡᠷ᠎ᠡ ᠮᠡᠳᠡᠭᠦᠯᠬᠦ ᠬᠢᠷᠢ ᠬᠡᠮ ᠳᠤ ᠨᠡᠶᠢᠴᠡᠬᠦ ᠠᠴᠠ ᠭᠠᠳᠠᠨ᠎ᠠ᠂ ᠬᠦᠴᠦᠨ ᠪᠥᠬᠦᠶ ᠭᠠᠳᠠᠭᠠᠳᠤ ᠤᠯᠤᠰ ᠤᠨ ᠫᠠᠰᠫᠣᠷᠲ | ᠪᠤᠶᠤ 4 ᠵᠢᠯ ︵4 ᠵᠢᠯ ᠢ ᠪᠠᠭᠲᠠᠭᠠᠨ᠎ᠠ︶ ᠠᠴᠠ ᠳᠡᠭᠡᠭᠰᠢ ᠭᠠᠳᠠᠭᠠᠳᠤ ᠳᠤ ᠠᠮᠢᠳᠤᠷᠠᠭᠰᠠᠨ ᠭᠠᠳᠠᠭᠠᠳᠤ ᠤᠯᠤᠰ ᠤᠨ | ᠬᠠᠷᠢᠶ᠎ᠠ ᠶᠢ ᠭᠡᠷᠡᠴᠢᠯᠡᠬᠦ ᠪᠢᠴᠢᠭ ᠮᠠᠲ᠋ᠧᠷᠢᠶᠠᠯ ᠪᠤᠶᠤ ᠣᠶᠢᠷ᠎ᠠ ᠶᠢᠨ 4 ᠵᠢᠯ ᠤᠨ ᠳᠣᠲᠣᠷ᠎ᠠ 2 ᠵᠢᠯ ᠠᠴᠠ ᠳᠡᠭᠡᠭᠰᠢ | ᠭᠠᠳᠠᠭᠠᠳᠤ ᠤᠯᠤᠰ ᠲᠤ ᠠᠮᠢᠳᠤᠷᠠᠭᠰᠠᠨ ᠪᠣᠳᠠᠲᠠᠢ ᠲᠡᠮᠳᠡᠭᠯᠡᠯ ᠪᠠᠶᠢᠬᠤ ᠬᠡᠷᠡᠭᠲᠡᠢ᠃ | | | 3. ᠠᠰᠠᠭᠤᠯᠲᠠ᠄ ᠣᠳᠣᠬᠠᠨ ᠳᠤ ᠤᠯᠤᠰ ᠤᠨ ᠳᠣᠲᠣᠭᠠᠳᠤ ᠶᠢᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠳᠤ ᠰᠤᠷᠤᠯᠴᠠᠵᠤ ᠪᠠᠶᠢᠭ᠎ᠠ ᠡᠴᠢᠭᠡ ᠡᠬᠡ ᠪᠤᠶᠤ ᠡᠴᠢᠭᠡ ᠡᠬᠡ ᠶᠢᠨ ᠨᠢᠭᠡ ᠨᠢ ᠳᠤᠮᠳᠠᠳᠤ ᠤᠯᠤᠰ ᠤᠨ | ᠢᠷᠭᠡᠨ ᠪᠣᠯᠬᠤ ᠨᠢᠭᠡ ᠪᠦᠯᠦᠭ ᠭᠠᠳᠠᠭᠠᠳᠤ ᠤᠯᠤᠰ ᠤᠨ ᠬᠠᠷᠢᠶ᠎ᠠ ᠪᠥᠬᠦᠢ ᠰᠤᠷᠤᠭᠴᠢ ᠬᠡᠷᠪᠡ ︽ᠮᠡᠳᠡᠭᠳᠡᠯ︾ ᠳᠤ | ᠳᠣᠭᠲᠠᠭᠠᠭᠰᠠᠨ ᠭᠠᠳᠠᠭᠠᠳᠤ ᠤᠯᠤᠰ ᠲᠤ ᠪᠣᠳᠠᠲᠠᠶ ᠠᠮᠢᠳᠤᠷᠠᠭᠰᠠᠨ ᠴᠠᠭ ᠤᠨ ᠬᠢᠵᠠᠭᠠᠷᠯᠠᠯ ᠳᠤ ᠨᠡᠶᠢᠴᠡᠬᠦ ᠦᠭᠡᠢ | ᠪᠣᠯ ᠳᠤᠮᠳᠠᠳᠤ ᠤᠯᠤᠰ ᠤᠨ ᠳᠡᠭᠡᠳᠦ ᠰᠤᠷᠭᠠᠭᠤᠯᠢ ᠳᠤ ᠬᠡᠷᠬᠢᠨ ᠣᠷᠣᠵᠤ ᠰᠤᠷᠤᠯᠴᠠᠬᠤ ᠪᠤᠢ︖ | ᠬᠠᠷᠢᠭᠤᠯᠲᠠ᠄ ᠮᠠᠨ ᠤ ᠶᠠᠮᠤᠨ ᠤ ᠣᠳᠣ ᠬᠡᠷᠡᠭᠵᠢᠭᠦᠯᠵᠦ ᠪᠠᠶᠢᠭ᠎ᠠ ᠡᠩ ᠤᠨ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠠᠵᠢᠯ ᠤᠨ ᠲᠣᠭᠲᠠᠭᠠᠯ ᠢ ᠦᠨᠳᠦᠰᠦᠯᠡᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠭᠠᠷ ᠤᠨ ᠦᠰᠦᠭ ᠵᠢᠷᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠲᠤ ᠭᠠᠳᠠᠭᠠᠳᠤ ᠤᠯᠤᠰ ᠤᠨ | ᠬᠥᠮᠦᠨ ᠤ ᠤᠷᠲᠤ ᠬᠤᠭᠤᠴᠠᠭ᠎ᠠ ᠪᠠᠷ ᠠᠮᠢᠳᠤᠷᠠᠬᠤ ᠪᠡᠶ᠎ᠡ ᠶᠢᠨ ᠦᠨᠡᠮᠯᠡᠯ︾ ᠲᠠᠢ ᠳᠤᠮᠳᠠᠳᠤ ᠤᠯᠤᠰ ᠲᠤ | ᠠᠮᠢᠳᠤᠷᠠᠵᠤ ᠪᠠᠶᠢᠭ᠎ᠠ ᠭᠠᠳᠠᠭᠠᠳᠤ ᠶᠢᠨ ᠬᠠᠷᠢᠶ᠎ᠠ ᠪᠥᠬᠦᠢ ᠢᠷᠭᠡᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ | ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ | ᠬᠤᠯᠪᠣᠭᠳᠠᠯ ᠪᠥᠬᠦᠶ ᠮᠤᠵᠢ ᠣᠷᠣᠨ ᠳᠤ ᠪᠠᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠬᠤ ᠪᠠᠷ ᠭᠤᠶᠤᠴᠢᠯᠠᠵᠤ ᠪᠣᠯᠤᠨ᠎ᠠ᠃ | | | 4. ᠠᠰᠠᠭᠤᠯᠲᠠ᠄ ᠳᠡᠭᠡᠳᠦ ᠰᠤᠷᠭᠠᠭᠤᠯᠢ ᠳᠤ ᠣᠯᠠᠨ ᠤᠯᠤᠰ ᠤᠨ ᠰᠤᠷᠤᠭᠴᠢ ᠶᠢ ᠡᠯᠰᠡᠬᠦ ᠦᠶ᠎ᠡ | ᠰᠤᠷᠤᠭᠴᠢ ᠶᠢᠨ ᠤᠯᠤᠰ ᠤᠨ ᠬᠠᠷᠢᠶ᠎ᠠ ᠨᠢ ᠲᠣᠳᠤᠷᠬᠠᠢ ᠦᠭᠡᠢ ᠪᠤᠶᠤ ᠰᠣᠷᠣᠭᠴᠢ ᠥᠪᠡᠷ ᠢᠶᠠᠨ ᠤᠯᠤᠰ ᠤᠨ | ᠬᠠᠷᠢᠶ᠎ᠠ ᠪᠠᠨ ᠲᠣᠳᠣᠷᠬᠠᠶ ᠮᠡᠳᠡᠬᠦ ᠥᠬᠡᠶ ᠪᠣᠯ ᠬᠡᠷᠬᠢᠨ ᠨᠤᠲᠠᠯᠠᠬᠤ ᠪᠣᠶ︖ | ᠬᠠᠷᠢᠭᠤᠯᠲᠠ᠄ ᠤᠯᠤᠰ ᠤᠨ ᠬᠠᠷᠢᠶ᠎ᠠ ᠨᠢ ᠲᠣᠳᠣᠷᠬᠠᠶ ᠥᠬᠡᠶ ᠪᠣᠯ ᠳᠡᠭᠡᠳᠦ ᠰᠤᠷᠭᠠᠭᠤᠯᠢ ᠪᠤᠶᠤ ᠰᠤᠷᠤᠭᠴᠢ | ᠥᠪᠡᠷ ᠢᠶᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶᠠᠨ ᠤ ᠬᠠᠤᠯᠢ︾ ᠶᠢ | ᠦᠨᠳᠦᠰᠦᠯᠡᠨ ᠮᠠᠭᠠᠳᠯᠠᠬᠤ ᠪᠤᠶᠤ ᠲᠤᠬᠠᠶ ᠶᠢᠨ ᠭᠠᠵᠠᠷ ᠤᠨ ᠢᠶᠠᠨ ᠣᠷᠤᠨ ᠤ ᠪᠤᠶᠤ ᠬᠤᠲᠠ ᠶᠢᠨ ᠱᠠᠲᠤᠨ ᠠᠴᠠ | ᠳᠡᠭᠡᠭᠰᠢᠬᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠰᠠᠯᠠᠭ᠎ᠠ | ᠮᠥᠴᠢᠷ ᠠᠴᠠ ᠤᠯᠤᠰ ᠤᠨ ᠬᠠᠷᠢᠶ᠎ᠠ ᠪᠣᠯᠤᠨ ᠪᠡᠶ᠎ᠡ ᠶᠢᠨ ᠭᠠᠷᠤᠯ ᠢᠶᠠᠨ ᠪᠠᠶᠢᠴᠠᠭᠠᠨ ᠨᠣᠲᠠᠯᠠᠵᠤ ᠪᠣᠯᠤᠨ᠎ᠠ᠃ | | |