| | ᠰᠤᠷᠭᠠᠨ ᠬᠥᠮᠦᠵᠢᠯ ᠤᠨ ᠶᠠᠮᠤᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠳᠣᠪᠴᠢᠶᠠᠨ ᠤ ᠲᠣᠪᠴᠢᠶᠠᠨ ᠳᠠᠷᠤᠭ᠎ᠠ | ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠵᠦᠪᠯᠡᠯ ᠤᠨ ᠠᠯᠪᠠᠨ ᠭᠡᠷ ᠤᠨ ᠡᠷᠬᠢᠯᠡᠭᠴᠢ | | ᠲᠢᠶᠠᠨ ᠽᠦ ᠶᠢᠨ | | | ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠪᠣᠯ ᠮᠠᠨ ᠤ ᠤᠯᠤᠰ ᠤᠨ ᠦᠨᠳᠦᠰᠦᠨ ᠰᠤᠷᠭᠠᠨ ᠬᠥᠮᠦᠵᠢᠯ ᠤᠨ | ᠲᠦᠷᠢᠮ ᠪᠥᠭᠡᠳ ᠪᠠᠰᠠ ᠴᠤ ᠤᠳᠤ ᠦᠶ᠎ᠡ ᠶᠢᠨ ᠰᠤᠷᠭᠠᠨ ᠬᠥᠮᠦᠵᠢᠯ ᠢ ᠴᠡᠭᠴᠡᠯᠡᠨ ᠵᠠᠰᠠᠬᠤ ᠳᠣᠭᠲᠠᠯᠴᠠᠭᠠᠨ ᠤ | ᠴᠢᠬᠤᠯᠠ ᠪᠦᠷᠢᠯᠳᠦᠭᠦᠨ ᠬᠡᠰᠡᠭ ᠮᠥᠨ᠃ ᠣᠳᠣ ᠦᠶ᠎ᠡ ᠶᠢᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠳᠦᠷᠢᠮ ᠢ | ᠪᠣᠯ ᠴᠢᠩ ᠤᠯᠤᠰ ᠤᠨ ᠰᠡᠭᠦᠯᠴᠢ ᠶᠢᠨ ᠦᠶ᠎ᠡ ᠳᠤ ᠰᠢᠯᠭᠠᠭᠤᠯᠢ ᠶᠢᠨ ᠳᠦᠷᠢᠮ ᠢ ᠬᠦᠴᠦᠨ ᠦᠭᠡᠶ ᠪᠣᠯᠭᠠᠵᠤ᠂ ᠰᠢᠨ᠎ᠡ | ᠰᠤᠷᠭᠠᠭᠤᠯᠢ ᠡᠷᠬᠢᠯᠡᠬᠦ ᠶᠢᠨ ᠳᠠᠭᠠᠤ ᠥᠷᠥᠨᠡᠳᠠᠬᠢᠨ ᠠᠴᠠ ᠲᠣᠯᠢ ᠪᠣᠯᠭᠠᠵᠤ ᠠᠪᠴᠢᠷᠠᠭᠰᠠᠨ ᠶᠤᠮ᠃ ᠮᠠᠨ ᠤ ᠤᠯᠤᠰ | ᠪᠣᠯ ᠪᠢᠴᠢᠭ ᠰᠣᠶᠣᠯ ᠢ ᠡᠷᠬᠢᠮᠯᠡᠨ ᠰᠤᠷᠭᠠᠨ ᠬᠥᠮᠦᠵᠢᠯ ᠢ ᠬᠦᠨᠳᠦᠳᠭᠡᠬᠦ ᠤᠯᠠᠮᠵᠢᠯᠠᠯᠲᠠᠢ ᠪᠠᠶᠢᠵᠤ᠂ ᠲᠥᠷᠦ | ᠵᠠᠰᠠᠭ ᠤᠨ ᠳᠦᠰᠢᠮᠡᠳ ᠪᠠᠷ ᠲᠣᠭᠤᠷᠢᠨ ᠪᠠᠶᠢᠴᠠᠭᠠᠬᠤ ᠪᠤᠶᠤ ᠪᠠᠶᠢᠴᠠᠭᠠᠵᠤ ᠦᠵᠡᠬᠦ ᠪᠠᠷ ᠳᠠᠮᠵᠢᠭᠤᠯᠤᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ ᠪᠠᠶᠢᠪᠠ᠃ ᠡᠶᠢᠮᠦᠷᠬᠦᠦ ᠰᠤᠷᠭᠠᠨ ᠬᠥᠮᠦᠵᠢᠯ ᠢ | ᠬᠢᠨᠠᠨ ᠵᠢᠯᠣᠭᠤᠳᠬᠤ ᠮᠠᠶ᠋ᠢᠭᠲᠠᠢ ᠦᠢᠯᠡᠳᠦᠯᠭᠡ ᠶᠢ ᠪᠠᠷᠠᠭᠤᠨ ᠵᠧᠦ ᠤᠯᠤᠰ ᠤᠨ ᠲᠩᠷᠢ ᠶᠢᠨ ᠬᠥᠪᠡᠭᠦᠨ | ︽ᠰᠤᠷᠭᠠᠭᠤᠯᠢ ᠶᠢ ᠪᠠᠶᠢᠴᠠᠭᠠᠬᠤ︾ ᠪᠠ ᠰᠦᠢ ᠤᠯᠤᠰ ᠤᠨ ᠰᠤᠷᠭᠠᠭᠤᠯᠢ ᠶᠢ ᠬᠠᠮᠢᠶᠠᠷᠳᠠᠭ ᠨᠣᠶᠠᠳ ᠠᠴᠠ | ︽ᠰᠤᠷᠭᠠᠭᠤᠯᠢ ᠶᠢ ᠬᠢᠨᠠᠬᠤ︾ ᠬᠦᠷᠲᠡᠯ᠎ᠡ ᠮᠥᠷᠳᠡᠵᠦ ᠪᠣᠯᠬᠤ ᠶᠤᠮ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠤ ᠳᠠᠷᠠᠭ᠎ᠠ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠳᠦᠷᠢᠮ ᠲᠠᠰᠤᠷᠠᠯᠲᠠ ᠦᠭᠡᠢ | ᠤᠯᠠᠷᠢᠨ ᠬᠥᠭᠵᠢᠵᠦ᠂ ᠪᠦᠬᠦ ᠤᠯᠤᠰ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠪᠣᠯᠤᠨ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠭᠵᠢᠨ ᠪᠤᠵᠠᠭᠠᠶᠢᠷᠠᠬᠤ ᠶᠢ ᠳᠠᠭᠠᠯᠳᠤᠨ᠂ ᠤᠯᠠᠮ ᠢᠶᠠᠷ ᠵᠢᠷᠤᠮᠵᠢᠬᠤᠨ᠂ | ᠳᠦᠷᠢᠮᠵᠢᠭᠦᠨ ᠪᠣᠯᠵᠤ᠂ ᠪᠠᠶᠢᠭᠤᠯᠤᠯ ᠳᠣᠭᠲᠠᠴᠠ᠂ ᠬᠠᠤᠯᠢ ᠴᠠᠭᠠᠵᠠ ᠶᠢᠨ ᠦᠨᠳᠦᠰᠦᠯᠡᠯ᠂ ᠰᠤᠷᠭᠠᠨ ᠬᠥᠮᠦᠵᠢᠯ ᠢ | ᠬᠢᠨᠠᠨ ᠪᠠᠶᠢᠴᠠᠭᠠᠬᠤ ᠡᠩᠨᠡᠭᠡ᠂ ᠬᠢᠨᠠᠨ ᠪᠠᠶᠢᠴᠠᠭᠠᠬᠤ ᠦᠢᠯᠡᠳᠦᠯᠭᠡ ᠵᠡᠷᠭᠡ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠶ | ᠠᠬᠢᠴᠠᠲᠠᠢ ᠪᠣᠯᠪᠠ᠃ ᠣᠳᠣᠬᠠᠨ ᠳᠤ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ ᠮᠠᠨ ᠤ ᠤᠯᠤᠰ | ᠳᠡᠯᠡᠬᠡᠶ ᠳᠡᠭᠡᠷᠡᠬᠢ ᠬᠠᠮᠤᠭ ᠤᠨ ᠲᠣᠮᠤ ᠬᠡᠪᠴᠢᠶᠡᠨ ᠤ ᠰᠤᠷᠭᠠᠨ ᠬᠥᠮᠦᠵᠢᠯ ᠢ ᠡᠷᠬᠢᠯᠡᠵᠦ᠂ ᠰᠤᠷᠭᠠᠨ ᠬᠥᠮᠦᠵᠢᠯ ᠢ | ᠬᠢᠨᠠᠨ ᠵᠢᠯᠣᠭᠤᠳᠬᠤ ᠨᠢ ᠰᠤᠷᠭᠠᠨ ᠬᠥᠮᠦᠵᠢᠯ ᠤᠨ ᠬᠠᠤᠯᠢ ᠴᠠᠭᠠᠵᠠ᠂ ᠬᠠᠤᠯᠢ ᠳᠦᠷᠢᠮ ᠪᠠ ᠴᠢᠭᠯᠡᠯᠲᠡ᠂ ᠲᠥᠷᠥ ᠶᠢᠨ | ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠳᠤ ᠬᠦᠴᠦᠲᠡᠢ ᠪᠠᠲᠤᠯᠠᠭ᠎ᠠ ᠪᠣᠯᠵᠤ᠂ ᠰᠤᠷᠭᠠᠨ ᠬᠥᠮᠦᠵᠢᠯ ᠤᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠬᠤ᠂ ᠰᠤᠷᠭᠠᠨ | ᠬᠥᠮᠦᠵᠢᠯ ᠤᠨ ᠰᠢᠢᠳᠪᠦᠷᠢᠲᠦ ᠪᠣᠳᠣᠯᠭ᠎ᠠ ᠳᠤ ᠦᠢᠯᠡᠴᠢᠯᠡᠬᠦ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠨ᠂ | ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠪᠠᠲᠤ ᠬᠠᠮᠠᠭᠠᠯᠠᠬᠤ | ᠦᠢᠯᠡᠳᠦᠯ ᠦᠵᠡᠭᠦᠯᠵᠡᠶ᠃ ᠠᠶᠠᠯᠠᠭᠰᠠᠨ ᠵᠠᠮ ᠢᠶᠠᠨ ᠮᠠᠷᠲᠠᠬᠤ ᠦᠭᠡᠢ ᠪᠣᠯ᠂ ᠠᠬᠢᠬᠤ ᠴᠢᠭᠯᠡᠯ ᠢᠶᠠᠨ ᠠᠯᠳᠠᠬᠤ ᠦᠭᠡᠢ | ᠶᠤᠮ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠳᠤᠷᠰᠢᠬᠢ ᠰᠤᠷᠭᠠᠨ | ᠬᠥᠮᠦᠵᠢᠯ ᠢ ᠬᠢᠨᠠᠨ ᠵᠢᠯᠣᠭᠤᠳᠤᠭᠰᠠᠨ ᠲᠡᠦᠬᠡᠨ ᠠᠬᠢᠴᠠ ᠶᠢ ᠡᠷᠭᠢᠴᠡᠭᠦᠯᠬᠦᠶ᠎ᠡ᠂ ᠲᠠᠪᠤ ᠤᠳᠠᠭᠠᠨ ᠤ ᠭᠠᠶᠢᠬᠠᠮᠰᠢᠭᠲᠤ | ᠴᠠᠭ ᠮᠥᠴᠡ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠥᠮᠦᠰ ᠢ ᠵᠣᠷᠢᠭᠵᠢᠭᠤᠯᠤᠨ᠂ ᠰᠤᠷᠭᠠᠨ ᠬᠥᠮᠦᠵᠢᠯ ᠢ ᠬᠢᠨᠠᠨ | ᠵᠢᠯᠣᠭᠤᠳᠬᠤ ᠰᠢᠨ᠎ᠡ ᠴᠠᠭ ᠦᠶ᠎ᠡ ᠳᠤ ᠲᠠᠬᠢᠨ ᠮᠣᠷᠳᠠᠵᠤ᠂ ᠲᠠᠬᠢᠨ ᠵᠠᠮ ᠨᠡᠭᠡᠭᠡᠬᠦ ᠳᠤ ᠳᠠᠭᠠᠭᠠᠮᠠᠭᠠᠢ ᠬᠥᠳᠡᠯᠭᠡᠬᠦ | ᠬᠦᠴᠦᠨ ᠪᠠ ᠲᠣᠯᠢᠯᠠᠬᠤᠶᠢᠴᠠ ᠡᠷᠬᠢᠮ ᠨᠠᠨᠳᠢᠨ ᠲᠤᠷᠰᠢᠯᠭ᠎ᠠ ᠶᠢ ᠬᠠᠩᠭᠠᠭᠰᠠᠨ ᠪᠠᠶᠢᠨ᠎ᠠ᠃ | | | ᠨᠢᠭᠡᠳᠦᠭᠡᠷ ᠭᠠᠶᠢᠬᠠᠮᠰᠢᠭᠲᠤ ᠴᠠᠭ ᠮᠥᠴᠡ᠄ ᠤᠯᠤᠰ ᠪᠠᠶᠢᠭᠤᠯᠤᠭᠳᠠᠭᠰᠠᠨ ᠡᠬᠢᠨ ᠳᠠᠷᠤᠢ ᠳᠤ | ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠳᠦᠷᠢᠮ ᠢ ᠪᠠᠶᠢᠭᠤᠯᠤᠭᠰᠠᠨ | | 1949 ᠣᠨ ᠳᠤ᠂ ᠰᠠᠶ᠋ᠢᠬᠠᠨ ᠳᠠᠷᠢ ᠶᠢᠨ ᠤᠳᠤᠭ᠎ᠠ ᠪᠣᠯᠤᠨ ᠦᠨᠳᠦᠰᠦᠲᠡᠨ ᠤ ᠳᠠᠷᠤᠯᠠᠯ ᠠᠴᠠ ᠮᠤᠯᠲᠤᠷᠠᠵᠤ | ᠰᠢᠨ᠎ᠡ ᠠᠮᠢᠯᠠᠯ ᠢᠶᠠᠨ ᠣᠯᠤᠭᠰᠠᠨ ᠰᠢᠨ᠎ᠡ ᠳᠤᠮᠳᠠᠳᠤ ᠤᠯᠤᠰ ᠰᠦᠢᠳᠦᠭᠰᠡᠨ ᠪᠥᠬᠦᠨ ᠢ ᠰᠡᠷᠭᠦᠭᠡᠨ ᠪᠠᠶᠢᠭᠤᠯᠬᠤ | ᠴᠢᠬᠤᠯᠠᠲᠠᠢ ᠪᠠᠶᠢᠯ᠎ᠠ᠃ ᠲᠤᠬᠠᠢ ᠶᠢᠨ ᠦᠶ᠎ᠡ ᠳᠤ ᠪᠦᠬᠦ ᠤᠯᠤᠰ ᠤᠨ 5.5 ᠳ᠋ᠦᠩᠰᠢᠭᠤᠷ ᠬᠥᠮᠦᠨ ᠠᠮᠠ ᠶᠢᠨ | 80% ᠨᠢ ᠪᠢᠴᠢᠭ ᠤᠨ ᠪᠠᠯᠠᠶ ᠪᠠᠶᠢᠵᠠᠶ᠃ ᠲᠥᠪ ᠵᠠᠰᠠᠭ ᠤᠨ ᠣᠷᠳᠣᠨ ᠠᠴᠠ ︽ᠰᠤᠷᠭᠠᠨ ᠬᠥᠮᠦᠵᠢᠯ ᠤᠨ ᠬᠠᠭᠤᠴᠢᠨ | ᠪᠠᠶᠢᠭᠤᠯᠤᠯ ᠢ ᠲᠥᠯᠥᠪᠯᠡᠭᠡ ᠲᠠᠢ᠂ ᠠᠯᠬᠤᠮ ᠲᠠᠷᠠᠭ᠎ᠠ ᠲᠠᠢ ᠥᠭᠡᠷᠡᠴᠢᠯᠡᠬᠦ ᠬᠡᠷᠡᠭᠲᠡᠢ︾᠂ ︽ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠶᠢ ᠲᠥᠯᠥᠪᠯᠡᠭᠡ ᠲᠠᠢ᠂ ᠠᠯᠬᠤᠮ ᠲᠠᠷᠠᠭ᠎ᠠ ᠲᠠᠢ ᠪᠡᠶᠡᠯᠡᠭᠦᠯᠬᠦ ᠬᠡᠷᠡᠭᠲᠡᠢ︾ ᠭᠡᠵᠦ ᠲᠣᠳᠤᠷᠬᠠᠢ | ᠱᠠᠭᠠᠷᠳᠠᠪᠠ᠃ ᠡᠨᠡ ᠬᠤᠭᠤᠴᠠᠭᠠᠨ ᠳᠤ ᠨᠠᠮ ᠪᠠ ᠵᠠᠰᠠᠭ ᠤᠨ ᠣᠷᠳᠣᠨ ᠠᠴᠠ ᠰᠤᠷᠭᠠᠨ ᠬᠥᠮᠦᠵᠢᠯ ᠢ ᠬᠢᠨᠠᠨ | ᠵᠢᠯᠣᠭᠤᠳᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠢᠨ᠎ᠡ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ | ᠦᠢᠯᠡᠰ ᠤᠨ ᠬᠥᠭᠵᠢᠭᠦᠯᠦᠯᠲᠡ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠳᠤ ᠣᠷᠣᠭᠤᠯᠵᠤ᠂ ᠰᠤᠷᠭᠠᠨ | ᠬᠥᠮᠦᠵᠢᠯ ᠢ ᠬᠢᠨᠠᠨ ᠵᠢᠯᠣᠭᠤᠳᠬᠤ ᠨᠢ ᠰᠢᠨ᠎ᠡ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ | ᠪᠠᠶᠢᠭᠤᠯᠬᠤ ᠶᠢ ᠠᠬᠢᠭᠤᠯᠵᠤ᠂ ᠰᠢᠨ᠎ᠡ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠬᠦ | ᠲᠡᠦᠬᠡᠲᠦ ᠬᠦᠨᠳᠦ ᠡᠭᠦᠷᠭᠡ ᠶᠢ ᠡᠭᠦᠷᠭᠡᠯᠡᠭᠰᠡᠨ ᠶᠤᠮ᠃ | ︵ᠨᠢᠭᠡ︶ ᠰᠤᠷᠭᠠᠨ ᠬᠥᠮᠦᠵᠢᠯ ᠤᠨ ᠶᠠᠮᠤᠨ ᠠᠴᠠ ᠨᠢᠭᠡ ᠲᠢᠩᠬᠢᠮ ᠲᠠᠪᠤᠨ ᠵᠤᠷᠭᠠᠨ ᠢ ᠪᠠᠶᠢᠭᠤᠯᠵᠤ᠂ | ᠰᠤᠷᠭᠠᠭᠤᠯᠢ ᠶᠢ ᠪᠠᠶᠢᠴᠠᠭᠠᠬᠤ ᠵᠤᠷᠭᠠᠨ ᠪᠣᠯ ᠲᠡᠭᠦᠨ ᠤ ᠳᠣᠲᠣᠷᠠᠬᠢ ᠨᠢᠭᠡ ᠨᠢ ᠪᠠᠶᠢᠭᠰᠠᠨ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠠᠷᠠᠳ ᠤᠨ ᠲᠥᠪ ᠵᠠᠰᠠᠭ ᠤᠨ ᠣᠷᠳᠣᠨ ᠤ | ᠰᠤᠷᠭᠠᠨ ᠬᠥᠮᠦᠵᠢᠯ ᠤᠨ ᠶᠠᠮᠤᠨ ᠳᠠᠷᠤᠶ ᠳᠤ ᠨᠢ ᠪᠠᠶᠢᠭᠤᠯᠤᠭᠳᠠᠵᠤ᠂ ᠳᠣᠲᠣᠭᠠᠳᠤ ᠳᠤ ᠪᠠᠨ ᠠᠯᠪᠠᠨ ᠲᠢᠩᠬᠢᠮ᠂ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠤᠷᠭᠠᠨ᠂ ᠳᠤᠮᠳᠠ ᠵᠡᠷᠭᠡ ᠶᠢᠨ ᠰᠤᠷᠭᠠᠨ ᠬᠥᠮᠦᠵᠢᠯ ᠤᠨ ᠵᠤᠷᠭᠠᠨ᠂ | ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠵᠤᠷᠭᠠᠨ᠂ ᠨᠡᠶᠢᠭᠡᠮ ᠤᠨ ᠰᠤᠷᠭᠠᠨ ᠬᠥᠮᠦᠵᠢᠯ ᠤᠨ ᠵᠤᠷᠭᠠᠨ ᠢ | ᠪᠠᠶᠢᠭᠤᠯᠤᠭᠰᠠᠨ ᠪᠥᠭᠡᠳ ᠪᠠᠰᠠ ᠰᠤᠷᠭᠠᠭᠤᠯᠢ ᠶᠢ ᠪᠠᠶᠢᠴᠠᠭᠠᠬᠤ ᠵᠤᠷᠭᠠᠨ ᠢ ᠪᠠᠶᠢᠭᠤᠯᠵᠤ᠂ ᠰᠤᠷᠭᠠᠨ ᠬᠥᠮᠦᠵᠢᠯ ᠢ | ᠬᠢᠨᠠᠨ ᠵᠢᠯᠣᠭᠤᠳᠬᠤ ᠡᠭᠦᠷᠭᠡ ᠴᠢᠳᠠᠮᠵᠢ ᠶᠢ ᠲᠤᠰᠬᠠᠶᠢᠯᠠᠨ ᠭᠦᠢᠴᠡᠳᠭᠡᠵᠦ ᠪᠠᠶᠢᠵᠠᠢ᠃ ᠲᠤᠬᠠᠢ ᠶᠢᠨ ᠦᠶ᠎ᠡ ᠶᠢᠨ | ᠰᠤᠷᠭᠠᠭᠤᠯᠢ ᠶᠢ ᠪᠠᠶᠢᠴᠠᠭᠠᠬᠤ ᠵᠤᠷᠭᠠᠨ ᠤ ᠭᠤᠣᠯ ᠡᠭᠦᠷᠭᠡ ᠨᠢ ᠲᠥᠪ ᠵᠠᠰᠠᠭ ᠤᠨ ᠣᠷᠳᠣᠨ ᠤ ᠰᠤᠷᠭᠠᠨ | ᠬᠥᠮᠦᠵᠢᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ᠂ ᠡᠯ᠎ᠡ ᠱᠠᠲᠤᠨ ᠤ ᠡᠯ᠎ᠡ | ᠲᠦᠷᠦᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠬᠤ ᠵᠢᠴᠢ ᠰᠤᠷᠭᠠᠨ ᠬᠥᠮᠦᠵᠢᠯ ᠤᠨ | ᠲᠥᠷᠦ ᠶᠢᠨ ᠪᠤᠳᠤᠯᠭ᠎ᠠ ᠶᠢ ᠰᠤᠳᠤᠯᠬᠤ᠂ ᠬᠤᠯᠪᠣᠭᠳᠠᠯ ᠪᠦᠬᠦᠢ ᠰᠤᠷᠭᠠᠨ ᠬᠥᠮᠦᠵᠢᠯ ᠤᠨ ᠬᠠᠤᠯᠢ ᠳᠦᠷᠢᠮ ᠢ | ᠲᠣᠭᠲᠠᠭᠠᠬᠤ ᠵᠡᠷᠭᠡ ᠲᠠᠯ᠎ᠠ ᠳᠤ ᠲᠥᠪᠯᠡᠷᠡᠵᠦ ᠪᠠᠶᠢᠪᠠ᠃ ᠡᠭᠦᠨ ᠤ ᠬᠠᠮᠲᠤ ᠡᠯ᠎ᠡ ᠲᠣᠮᠤ ᠣᠷᠣᠨ ᠪᠠ ᠮᠤᠵᠢ᠂ ᠬᠤᠲᠠ᠂ | ᠰᠢᠶᠠᠨ ᠤ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠᠰᠠ ᠲᠤᠰᠬᠠᠶᠢᠯᠠᠨ | ᠰᠤᠷᠭᠠᠭᠤᠯᠢ ᠶᠢ ᠪᠠᠶᠢᠴᠠᠭᠠᠬᠤ ᠪᠠᠶᠢᠭᠤᠯᠤᠮᠵᠢ — ᠰᠤᠷᠭᠠᠭᠤᠯᠢ ᠶᠢ ᠬᠢᠨᠠᠬᠤ ᠲᠠᠰᠤᠭ ᠪᠤᠶᠤ ᠰᠤᠷᠭᠠᠭᠤᠯᠢ ᠶᠢ | ᠪᠠᠶᠢᠴᠠᠭᠠᠬᠤ ᠲᠠᠰᠤᠭ ︵ᠰᠠᠯᠠᠭ᠎ᠠ᠂ ᠳᠤᠭᠤᠶᠢᠯᠠᠩ︶ ᠢ ᠪᠠᠶᠢᠭᠤᠯᠵᠠᠢ᠃ ᠰᠢᠨ᠎ᠡ ᠳᠤᠮᠳᠠᠳᠤ ᠤᠯᠤᠰ ᠮᠡᠨᠳᠦᠯᠡᠬᠦ ᠶᠢ | ᠳᠠᠭᠠᠯᠳᠤᠨ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠲᠦᠷᠢᠮ ᠠᠩᠬ᠎ᠠ ᠠᠯᠬᠤᠮ ᠪᠠᠶᠢᠭᠤᠯᠤᠭᠳᠠᠭᠰᠠᠨ ᠭᠡᠵᠦ ᠬᠡᠯᠡᠵᠦ ᠪᠣᠯᠤᠨ᠎ᠠ᠃ | ︵ᠬᠤᠶᠠᠷ︶ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠡᠦᠬᠡᠨ ᠳᠠᠪᠴᠠᠩ ᠳᠤ ᠭᠠᠷᠤᠭᠰᠠᠨ | ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ ᠰᠤᠷᠭᠠᠨ ᠬᠥᠮᠦᠵᠢᠯ ᠤᠨ ᠡᠬᠢ ᠪᠠᠶᠠᠯᠢᠭ ᠮᠠᠰᠢ | ᠬᠢᠵᠠᠭᠠᠷᠲᠠᠢ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠬᠦᠴᠦᠨ ᠮᠠᠰᠢ ᠪᠠᠭᠤᠷᠠᠶ ᠪᠠᠶᠢᠭᠰᠠᠨ ᠪᠠᠶᠢᠳᠠᠯ ᠳᠤ᠂ ᠨᠠᠮ | ᠪᠠ ᠤᠯᠤᠰ ᠠᠴᠠ ᠠᠯᠤᠰ ᠢ ᠪᠣᠳᠣᠯᠬᠢᠯᠠᠵᠤ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ︽ᠬᠢᠨᠠᠨ ᠵᠢᠯᠣᠭᠤᠳᠬᠤ ᠨᠢ ᠵᠠᠷᠢᠮ ᠴᠢᠬᠤᠯᠠ ᠶᠡᠭᠡ ᠠᠰᠠᠭᠤᠳᠠᠯ ᠢ | ᠰᠢᠰᠲ᠋ᠧᠮ ᠲᠠᠢ ᠪᠠᠷ ᠰᠢᠢᠳᠪᠦᠷᠢᠯᠡᠵᠦ ᠴᠢᠳᠠᠨ᠎ᠠ︾ ᠭᠡᠬᠦ ᠬᠠᠮᠲᠤ ᠶᠢᠨ ᠲᠠᠨᠢᠯᠲᠠ ᠲᠠᠢ ᠪᠤᠯᠵᠤ᠂ ᠤᠯᠤᠰ ᠤᠨ ᠰᠤᠷᠭᠠᠨ | ᠬᠥᠮᠦᠵᠢᠯ ᠤᠨ ᠬᠠᠮᠢᠶᠠᠷᠤᠯᠲᠠ ᠶᠢᠨ ᠳᠣᠭᠲᠠᠯᠴᠠᠭᠠᠨ ᠳᠤ ᠬᠢ ᠬᠢᠨᠠᠨ ᠵᠢᠯᠣᠭᠤᠳᠬᠤ ᠶᠢᠨ ᠵᠠᠩᠭᠢᠯᠠᠭ᠎ᠠ ᠶᠢᠨ ᠪᠠᠶᠢᠷᠢ | ᠰᠠᠭᠤᠷᠢ ᠪᠠ ᠴᠢᠬᠤᠯᠠ ᠴᠢᠳᠠᠮᠵᠢ ᠶᠢ ᠮᠡᠳᠡᠷᠡᠭᠰᠡᠨ ᠪᠠᠶᠢᠨ᠎ᠠ᠃ ᠶᠠᠭ ᠳᠡᠭᠡᠷ᠎ᠡ ᠳᠤᠷᠠᠳᠤᠭᠰᠠᠨ ᠦᠵᠡᠯ ᠰᠠᠨᠠᠭᠠᠨ ᠤ | ᠵᠢᠯᠤᠭᠤᠳᠤᠯᠭ᠎ᠠ ᠪᠠᠷ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠲᠦᠷᠢᠮ ᠢ ᠠᠩᠬ᠎ᠠ ᠠᠯᠬᠤᠮ ᠲᠣᠭᠲᠠᠭᠠᠵᠤ᠂ | ᠬᠤᠶᠢᠰᠢᠳᠠ ᠶᠢᠨ ᠬᠥᠭᠵᠢᠨ ᠪᠤᠵᠠᠭᠠᠢᠢᠷᠠᠬᠤ ᠳᠤ ᠲᠠᠨᠢᠯᠲᠠ ᠶᠢᠨ ᠰᠠᠭᠤᠷᠢ ᠶᠢ ᠲᠠᠯᠪᠢᠵᠤ ᠥᠭᠪᠡ᠃ ᠡᠨᠡ | ᠬᠤᠭᠤᠴᠠᠭᠠᠨ ᠳᠤ ᠬᠢᠨᠠᠨ ᠵᠢᠯᠣᠭᠤᠳᠬᠤ ᠪᠠᠶᠢᠭᠤᠯᠤᠮᠵᠢ ᠶᠢ ᠵᠠᠯᠭᠠᠭ᠎ᠠ ᠪᠠᠷ ᠪᠠᠶᠢᠭᠤᠯᠵᠤ᠂ ᠬᠢᠨᠠᠨ ᠵᠢᠯᠣᠭᠤᠳᠬᠤ | ᠡᠩᠨᠡᠭᠡ ᠶᠢ ᠴᠤ ᠪᠠᠶᠢᠭᠤᠯᠤᠨ᠂ ᠬᠢᠨᠠᠨ ᠵᠢᠯᠣᠭᠤᠳᠬᠤ ᠦᠢᠯᠡᠳᠦᠯᠭᠡ ᠶᠢ ᠠᠯᠬᠤᠮ ᠠᠯᠬᠤᠮ ᠢᠶᠠᠷ ᠥᠷᠨᠢᠭᠦᠯᠵᠦ᠂ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠦᠢᠯᠡᠰ | ᠬᠥᠭᠵᠢᠯᠲᠡ ᠶᠢᠨ ᠬᠥᠰᠢᠭᠡ ᠪᠠᠨ ᠰᠡᠬᠦᠪᠡ᠃ ᠬᠠᠷᠠᠮᠰᠠᠯᠲᠠᠶ ᠨᠢ᠂ ᠬᠡᠰᠡᠭ ᠬᠤᠭᠤᠴᠠᠭᠠᠨ ᠳᠤ ᠬᠢ ︽ᠵᠡᠭᠦᠨ︾ ᠤ ᠦᠵᠡᠯ | ᠰᠠᠨᠠᠭᠠᠨ ᠤ ᠨᠥᠯᠥᠭᠡ ᠪᠠᠷ ᠰᠤᠷᠭᠠᠨ ᠬᠥᠮᠥᠵᠢᠯ ᠢ ᠬᠢᠨᠠᠨ ᠵᠢᠯᠣᠭᠤᠳᠬᠤ ᠠᠵᠢᠯ ᠨᠢᠭᠡ ᠦᠶ᠎ᠡ ᠪᠠᠭᠤᠷᠠᠵᠤ᠂ | ︽ᠰᠣᠶᠣᠯ ᠤᠨ ᠶᠡᠭᠡ ᠬᠤᠪᠢᠰᠬᠠᠯ︾ ᠤᠨ ᠬᠤᠭᠤᠴᠠᠭᠠᠨ ᠳᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ | ᠪᠦᠬᠦ ᠲᠠᠯ᠎ᠠ ᠪᠠᠷ ᠵᠣᠭᠰᠤᠩᠭᠢᠷᠠᠵᠠᠢ᠃ | | | ᠬᠤᠶᠠᠳᠤᠭᠠᠷ ᠭᠠᠶᠢᠬᠠᠮᠰᠢᠭᠲᠤ ᠴᠠᠭ ᠮᠥᠴᠡ᠄ ᠰᠢᠶᠤᠤ ᠫᠢᠩ ᠨᠥᠬᠦᠷ ᠠᠴᠠ ᠵᠢᠭᠠᠪᠤᠷᠢᠯᠠᠵᠤ᠂ | ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠢ ᠪᠦᠬᠦ ᠲᠠᠯ᠎ᠠ ᠪᠠᠷ ᠰᠡᠷᠭᠦᠭᠡᠭᠰᠡᠨ | | ︽ᠳᠥᠷᠪᠡᠨ ᠬᠥᠮᠦᠨ ᠤ ᠪᠦᠯᠦᠭ︾ ᠢ ᠪᠤᠲᠠ ᠨᠢᠷᠭᠡᠭᠰᠡᠨ ᠤ ᠳᠠᠷᠠᠭ᠎ᠠ᠂ ᠰᠤᠷᠭᠠᠨ ᠬᠥᠮᠦᠵᠢᠯ ᠤᠨ | ᠬᠡᠪᠴᠢᠶᠡᠨ ᠳᠤ ᠬᠢ ᠬᠠᠮᠤᠭ ᠤᠨ ᠴᠢᠬᠤᠯᠠ ᠪᠥᠭᠡᠳ ᠬᠠᠮᠤᠭ ᠤᠨ ᠲᠤᠯᠭᠠᠮ ᠠᠵᠢᠯ ᠪᠣᠯ ᠳᠠᠷᠤᠢ ᠰᠠᠮᠠᠭᠤᠷᠠᠯ ᠢ ᠵᠠᠰᠠᠨ | ᠵᠦᠭᠰᠢᠷᠡᠭᠦᠯᠵᠦ᠂ ᠰᠤᠷᠭᠠᠨ ᠬᠥᠮᠦᠵᠢᠯ ᠤᠨ ᠵᠢᠮ᠎ᠡ ᠶᠣᠰᠤ ᠶᠢ ᠵᠢᠷᠤᠮᠯᠠᠵᠤ᠂ ᠰᠤᠷᠭᠠᠨ ᠬᠥᠮᠦᠵᠢᠯ ᠤᠨ ᠡᠮᠬᠢ ᠳᠢᠭᠯᠢᠮ ᠢ | ᠵᠣᠬᠢᠴᠠᠭᠤᠯᠵᠤ᠂ ᠰᠤᠷᠭᠠᠨ ᠬᠥᠮᠦᠵᠢᠯ ᠳᠤ ᠥᠭᠡᠷᠡᠴᠢᠯᠡᠯᠲᠡ ᠬᠢᠨ᠎ᠡ᠃ ᠥᠭᠡᠷᠡᠴᠢᠯᠡᠯᠲᠡ ᠶᠢᠨ ᠤᠷᠢᠨ ᠬᠠᠪᠤᠷ ᠤᠨ | ᠦᠭᠭᠢᠶᠡᠮᠦᠷ ᠢᠯᠪᠢᠯᠲᠡ ᠶᠢ ᠳᠠᠭᠠᠯᠳᠤᠨ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠳᠦᠷᠢᠮ ᠮᠠᠨᠢ ᠪᠦᠬᠦ | ᠲᠠᠯ᠎ᠠ ᠪᠠᠷ ᠰᠡᠷᠭᠦᠨ ᠪᠠᠶᠢᠭᠤᠯᠤᠭᠳᠠᠪᠠ᠃ | ︵ᠨᠢᠭᠡ︶ ᠦᠨᠡᠭᠡᠨ ᠬᠠᠷᠠᠩᠭᠤᠢ ᠶᠢ ᠭᠡᠶᠢᠭᠦᠯᠦᠭᠰᠡᠨ ᠦᠦᠷ ᠤᠨ ᠴᠣᠯᠮᠤᠨ — ᠰᠢᠶᠤᠤ ᠫᠢᠩ | ᠨᠥᠬᠦᠷ ᠠᠴᠠ ᠬᠢᠨᠠᠨ ᠵᠢᠯᠣᠭᠤᠳᠬᠤ ᠳᠦᠷᠢᠮ ᠢ ᠳᠠᠬᠢᠨ ᠪᠠᠶᠢᠭᠤᠯᠬᠤ ᠶᠢ ᠵᠢᠯᠣᠭᠤᠳᠤᠭᠰᠠᠨ | 1977 ᠣᠨ ᠳᠤ ᠰᠢᠶᠣᠤ ᠫᠢᠩ ᠨᠥᠬᠦᠷ ︽ᠰᠤᠷᠭᠠᠨ ᠬᠥᠮᠦᠵᠢᠯ ᠤᠨ ᠹᠷᠣᠨᠲ ᠲᠤ ᠬᠢ ᠰᠠᠮᠠᠭᠤᠷᠠᠯ ᠢ ᠵᠠᠰᠠᠨ | ᠵᠦᠭᠰᠢᠷᠡᠭᠦᠯᠬᠦ ᠠᠰᠠᠭᠤᠳᠠᠯ︾ ᠭᠡᠬᠦ ᠶᠠᠷᠢᠶᠠᠨ ᠳᠤ ᠪᠠᠨ ᠮᠠᠨ ᠤ ᠤᠯᠤᠰ ᠤᠨ ᠰᠤᠷᠭᠠᠨ ᠬᠥᠮᠦᠵᠢᠯ ᠢ ᠬᠢᠨᠠᠨ | ᠵᠢᠯᠣᠭᠤᠳᠬᠤ ᠪᠠᠶᠢᠭᠤᠯᠤᠮᠵᠢ ᠪᠠ ᠲᠦᠷᠢᠮ ᠢ ᠰᠡᠷᠭᠦᠭᠡᠬᠦ ᠲᠥᠰᠦᠪᠯᠡᠯ ᠢ ᠳᠤᠷᠠᠳᠤᠨ᠂ ︽ᠰᠤᠷᠭᠠᠨ ᠬᠥᠮᠦᠵᠢᠯ ᠤᠨ | ᠶᠠᠮᠤᠨ ᠤ ᠪᠠᠶᠢᠭᠤᠯᠤᠮᠵᠢ ᠶᠢ ᠲᠡᠭᠦᠯᠳᠡᠷᠵᠢᠭᠦᠯᠬᠦ ᠬᠡᠷᠡᠭᠲᠡᠶ᠃ ᠳᠥᠴᠢᠭᠡᠳ ᠨᠠᠰᠤᠨ ᠤ ᠬᠥᠮᠦᠰ ᠢ ᠤᠷᠢᠵᠤ ᠡᠳᠦᠷ ᠪᠦᠷᠢ | ᠰᠤᠷᠭᠠᠭᠤᠯᠢ ᠳᠤ ᠣᠴᠢᠭᠤᠯᠬᠤ ᠬᠡᠷᠡᠭᠲᠡᠶ᠃ ᠳᠥᠴᠢᠨ ᠬᠥᠮᠦᠨ᠂ ᠬᠠᠮᠤᠭ ᠤᠨ ᠪᠠᠭ᠎ᠠ ᠳᠤ ᠪᠠᠨ ᠬᠤᠷᠢᠨ ᠬᠥᠮᠦᠨ ᠢ | ᠳᠣᠷᠤᠭᠰᠢ ᠪᠠᠭᠤᠯᠭᠠᠵᠤ ᠰᠤᠷᠭᠠᠭᠤᠯᠢ ᠪᠠᠷ ᠲᠤᠰᠬᠠᠶᠢᠯᠠᠨ ᠭᠦᠶᠦᠯᠭᠡᠬᠦ ᠬᠡᠷᠡᠭᠲᠡᠢ᠃ ᠶᠠᠭ ᠰᠤᠮᠤᠨ ᠳᠤ ᠪᠠᠭᠤᠵᠤ ᠴᠡᠷᠢᠭ | ᠪᠣᠯᠬᠤ ᠲᠠᠢ ᠠᠳᠠᠯᠢ ᠪᠠᠷ ᠳᠣᠷᠣᠭᠰᠢ ᠪᠠᠭᠤᠵᠤ ︿ᠰᠤᠷᠤᠭᠴᠢ﹀ ᠪᠣᠯᠬᠤ ᠬᠡᠷᠡᠭᠲᠡᠶ᠃ ᠳᠠᠰᠤᠭ ᠲᠤ ᠣᠴᠢᠵᠤ ᠬᠢᠴᠢᠶᠡᠯ | ᠰᠣᠨᠣᠰᠴᠤ᠂ ᠪᠠᠶᠢᠳᠠᠯ ᠢ ᠣᠶᠢᠯᠠᠭᠠᠵᠤ᠂ ᠲᠥᠯᠥᠪᠯᠡᠭᠡ ᠪᠣᠯᠤᠨ ᠲᠦᠷᠦ ᠶᠢᠨ ᠪᠤᠳᠦᠯᠭ᠎ᠠ ᠶᠢᠨ ᠬᠡᠷᠡᠭᠵᠢᠭᠦᠯᠦᠯᠲᠡ ᠳᠤ | ᠬᠢᠨᠠᠯᠲᠠ ᠲᠠᠯᠪᠢᠵᠤ᠂ ᠪᠤᠴᠠᠵᠤ ᠢᠷᠡᠭᠡᠳ ᠮᠡᠳᠡᠭᠦᠯᠬᠦ ᠬᠡᠷᠡᠭᠲᠡᠢ᠃ ᠢᠩᠭᠢᠪᠡᠯ ᠰᠠᠶ᠋ᠢ ᠪᠠᠶᠢᠳᠠᠯ ᠢ ᠲᠦᠷᠭᠡᠨ ᠲᠤᠰᠬᠠᠵᠤ᠂ | ᠠᠰᠠᠭᠤᠳᠠᠯ ᠢ ᠲᠦᠷᠭᠡᠨ ᠰᠢᠢᠳᠪᠦᠷᠢᠯᠡᠵᠦ ᠴᠢᠳᠠᠬᠤ ᠶᠤᠮ᠃ ᠡᠩ ᠲᠡᠷᠢᠭᠦᠨ ᠳᠤ ᠭᠤᠣᠯᠳᠠᠯᠭ᠎ᠠ ᠲᠠᠢ ᠶᠡᠭᠡ | ᠰᠤᠷᠭᠠᠭᠤᠯᠢ ᠪᠠ ᠭᠤᠣᠯᠳᠠᠯᠭ᠎ᠠ ᠲᠠᠢ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠪᠠᠷ ᠶᠠᠪᠤᠵᠤ ᠪᠣᠯᠤᠨ᠎ᠠ᠃ ᠡᠳᠡᠭᠡᠷ | ᠪᠣᠯ ᠳᠠᠷᠤᠶ ᠪᠣᠳᠠᠲᠠᠶ ᠠᠷᠭ᠎ᠠ ᠬᠡᠮᠵᠢᠶ᠎ᠡ ᠮᠥᠨ᠂ ᠵᠦᠪᠬᠡᠨ ᠬᠤᠭᠤᠰᠣᠨ ᠦᠭᠡ ᠶᠠᠷᠢᠭᠠᠳ ᠪᠠᠶᠢᠵᠤ ᠪᠣᠯᠬᠤ ᠦᠭᠡᠢ︾ | ᠭᠡᠰᠡᠨ ᠳ᠋ᠧᠩ ᠰᠢᠶᠤᠤ ᠫᠢᠩ ᠨᠥᠬᠦᠷ ᠤᠨ ᠪᠣᠷᠣᠭᠵᠢᠭᠤᠨ ᠶᠠᠷᠢᠶ᠎ᠠ ᠨᠢ ᠶᠠᠭ ᠯᠠ ᠦᠨᠡᠭᠡᠨ ᠬᠠᠷᠠᠩᠭᠤᠢ ᠶᠢ | ᠭᠡᠶᠢᠭᠦᠯᠦᠭᠰᠡᠨ ᠦᠦᠷ ᠤᠨ ᠴᠣᠯᠮᠤᠨ ᠰᠢᠭ᠋ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠢ ᠰᠡᠷᠭᠦᠭᠡᠨ | ᠬᠥᠭᠵᠢᠭᠦᠯᠬᠦ ᠳᠤ ᠴᠢᠭᠯᠡᠯ ᠢ ᠵᠢᠭᠠᠵᠤ ᠥᠭᠭᠦᠭᠰᠡᠨ ᠪᠠᠶᠢᠨ᠎ᠠ᠃ ᠰᠢᠶᠣᠤ ᠫᠢᠩ ᠨᠥᠬᠦᠷ ᠤᠨ ᠵᠢᠭᠠᠪᠤᠷᠢ ᠮᠠᠰᠢ | ᠲᠦᠷᠭᠡᠨ ᠢᠶᠠᠷ ᠨᠠᠶᠢᠳᠠᠪᠤᠷᠢᠵᠢᠭᠤᠯᠤᠭᠳᠠᠵᠤ᠂1978 ᠣᠨ ᠤ ᠡᠬᠢ ᠪᠠᠷ᠂ ᠲᠤᠬᠠᠶ ᠶᠢᠨ ᠦᠶ᠎ᠡ ᠶᠢᠨ ᠲᠥᠷᠥ ᠶᠢᠨ | ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠸᠠᠩ ᠵᠧᠨ ᠠᠴᠠ ᠸᠠᠩ ᠵᠢᠢ ᠴᠢᠩ᠂ ᠰᠦ᠋ ᠯᠢᠩ ᠶᠠᠩ᠂ ᠶᠣᠣ | ᠸᠧᠨ᠂ ᠶᠠᠩ ᠪᠢᠨ ᠵᠡᠷᠭᠡ ᠳᠥᠷᠪᠡᠨ ᠠᠬᠠᠮᠠᠳ ᠨᠥᠬᠦᠷ ᠢ ᠰᠤᠷᠭᠠᠨ ᠬᠥᠮᠦᠵᠢᠯ ᠤᠨ ᠶᠠᠮᠤᠨ ᠳᠤ ᠲᠠᠨᠢᠯᠴᠠᠭᠤᠯᠤᠨ | ᠲᠣᠭᠤᠷᠢᠨ ᠪᠠᠶᠢᠴᠠᠭᠠᠭᠴᠢ ᠶᠢᠨ ᠲᠤᠰᠢᠶᠠᠯ ᠢ ᠬᠠᠷᠢᠭᠤᠴᠠᠭᠤᠯᠤᠭᠰᠠᠨ ᠪᠥᠭᠡᠳ ᠳᠤᠮᠳᠠᠳᠤ ᠰᠤᠷᠭᠠᠭᠤᠯᠢ ᠶᠢᠨ | ᠵᠤᠷᠭᠠᠨ ᠳᠤ ᠰᠤᠷᠭᠠᠭᠤᠯᠢ ᠶᠢ ᠪᠠᠶᠢᠴᠠᠭᠠᠬᠤ ᠲᠠᠰᠤᠭ ᠢ ᠪᠠᠶᠢᠭᠤᠯᠵᠤ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠲᠦᠷᠢᠮ ᠢ ᠰᠡᠷᠭᠦᠭᠡᠨ ᠪᠠᠶᠢᠭᠤᠯᠵᠤ ᠡᠬᠢᠯᠡᠪᠡ᠃ | ︵ᠬᠤᠶᠠᠷ︶ ᠦᠨᠡᠨ ᠠᠴᠠ ᠵᠥᠪ ᠢ ᠡᠷᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ — ᠰᠤᠷᠭᠠᠨ | ᠬᠥᠮᠦᠵᠢᠯ ᠢ ᠬᠢᠨᠠᠨ ᠵᠢᠯᠣᠭᠤᠳᠬᠤ ᠠᠵᠢᠯ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ ᠡᠬᠢᠯᠡᠭᠰᠡᠨ | ᠳ᠋ᠧᠩ ᠰᠢᠶᠣᠤ ᠫᠢᠩ ᠨᠥᠬᠦᠷ ᠤᠨ ᠳᠤᠷᠠᠳᠤᠭᠰᠠᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠢ | ᠰᠡᠷᠭᠦᠭᠡᠬᠦ ᠲᠥᠰᠦᠪᠯᠡᠯ ᠨᠢ ᠪᠣᠷᠣᠭᠵᠢᠭᠤᠨ ᠪᠥᠭᠡᠳ ᠪᠣᠳᠠᠲᠠᠶ᠂ ᠰᠢᠭᠤᠳ ᠠᠷᠭ᠎ᠠ ᠬᠡᠮᠵᠢᠶ᠎ᠡ ᠠᠪᠴᠤ ᠬᠤᠭᠤᠰᠣᠨ | ᠦᠭᠡ ᠬᠡᠯᠡᠬᠦ ᠦᠭᠡᠢ᠃ ᠳᠤᠰᠬᠠᠢ ᠬᠥᠮᠦᠨ ᠲᠣᠮᠢᠯᠠᠵᠤ ︽ᠳᠣᠷᠣᠭᠰᠢ ᠪᠠᠭᠤᠯᠭᠠᠬᠤ︾ ᠬᠡᠷᠡᠭᠲᠡᠶ ᠭᠡᠵᠦ ᠲᠣᠳᠣᠷᠬᠠᠶ | ᠵᠢᠭᠠᠨ ᠭᠠᠷᠭᠠᠵᠤ᠂ ︽ᠶᠠᠭ ᠰᠤᠮᠤᠨ ᠳᠤ ᠪᠠᠭᠤᠵᠤ ᠴᠡᠷᠢᠭ ᠪᠣᠯᠬᠤ ᠲᠠᠢ ᠠᠳᠠᠯᠢ ᠪᠠᠷ ᠪᠠᠶᠢᠳᠠᠯ ᠢ ᠣᠶᠢᠯᠠᠭᠠᠵᠤ᠂ | ᠪᠤᠴᠠᠵᠤ ᠢᠷᠡᠭᠡᠳ ᠮᠡᠳᠡᠭᠦᠯᠬᠦ ᠬᠡᠷᠡᠭᠲᠡᠢ︾ ᠭᠡᠰᠡᠨ ᠨᠢ ᠬᠢᠨᠠᠨ ᠵᠢᠯᠣᠭᠤᠳᠬᠤ ᠠᠵᠢᠯ ᠢ ᠭᠠᠵᠠᠷ ᠪᠣᠯᠭᠠᠨ ᠳᠤ | ᠥᠷᠨᠢᠭᠦᠯᠵᠦ᠂ ᠬᠢᠨᠠᠨ ᠵᠢᠯᠣᠭᠤᠳᠬᠤ ᠠᠵᠢᠯᠲᠠᠳ ᠳᠠᠷᠤᠤ ᠬᠢᠴᠢᠶᠡᠩᠭᠦᠢ ᠪᠠᠷ ᠦᠨᠳᠦᠰᠦᠨ ᠱᠠᠲᠤᠨ ᠳᠤ ᠭᠦᠨᠵᠡᠭᠡᠶᠢᠷᠡᠬᠦ | ᠱᠠᠭᠠᠷᠳᠠᠯᠭ᠎ᠠ ᠶᠢ ᠢᠯᠡᠷᠡᠭᠦᠯᠦᠭᠰᠡᠨ ᠪᠠᠶᠢᠨ᠎ᠠ᠃ ᠬᠢᠨᠠᠨ ᠵᠢᠯᠣᠭᠤᠳᠬᠤ ᠠᠵᠢᠯ ᠳᠤ ᠴᠢᠬᠤᠯᠠᠴᠢᠯᠠᠭᠰᠠᠨ ᠬᠠᠮᠤᠭ ᠤᠨ | ᠭᠤᠤᠯ ᠡᠭᠦᠷᠭᠡ ᠪᠣᠯ ᠰᠤᠷᠭᠠᠨ ᠬᠥᠮᠦᠵᠢᠯ ᠤᠨ ᠦᠨᠡᠨ ᠪᠣᠳᠠᠲᠠᠶ ᠪᠠᠶᠢᠳᠠᠯ ᠢ ᠡᠵᠡᠮᠰᠢᠨ᠂ ᠳᠣᠪᠤᠶᠢᠮ᠎ᠠ ᠠᠰᠠᠭᠤᠳᠠᠯ ᠢ | ᠰᠢᠢᠳᠪᠦᠷᠢᠯᠡᠵᠦ᠂ ᠮᠠᠨ ᠤ ᠤᠯᠤᠰ ᠤᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠤᠨ ᠦᠨᠡᠨ ᠢ | ᠪᠠᠷᠢᠮᠲᠠᠯᠠᠨ ᠪᠣᠳᠠᠲᠠᠶ ᠶᠢ ᠡᠷᠬᠢᠮᠯᠡᠬᠦ ᠰᠢᠯᠢᠳᠡᠭ ᠰᠤᠷᠲᠠᠯ ᠢ ᠪᠦᠷᠢᠯᠳᠦᠭᠦᠯᠵᠡᠶ᠃ ᠣᠯᠠᠨ ᠵᠢᠯ ᠤᠨ ᠲᠤᠷᠰᠢ᠂ ᠬᠠᠮᠢᠭ᠎ᠠ | ᠰᠤᠷᠭᠠᠨ ᠬᠥᠮᠦᠵᠢᠯ ᠤᠨ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠪᠠᠶᠢᠪᠠᠯ ᠲᠡᠨᠳᠡ ᠳᠠᠷᠤᠶ ᠰᠤᠷᠭᠠᠨ | ᠬᠥᠮᠦᠵᠢᠯ ᠢ ᠬᠢᠨᠠᠨ ᠵᠢᠯᠣᠭᠤᠳᠬᠤ ᠠᠵᠢᠯ ᠶᠠᠪᠤᠭᠳᠠᠵᠤ ᠪᠠᠶᠢᠯ᠎ᠠ᠃ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠨᠢ | ᠢᠮᠠᠭᠲᠠ ᠰᠤᠷᠭᠠᠨ ᠬᠥᠮᠦᠵᠢᠯ ᠤᠨ ᠨᠢᠭᠡᠳᠦᠭᠡᠷ ᠹᠷᠣᠨᠲ ᠲᠤ ᠬᠤᠰᠢᠭᠤᠷᠠᠵᠤ᠂ ᠦᠨᠡᠨ ᠪᠣᠳᠠᠲᠠᠢ ᠠᠵᠢᠯᠯᠠᠵᠤ ᠪᠠ | ᠠᠮᠢᠨ ᠰᠤᠳᠠᠰᠤ ᠶᠢ ᠠᠳᠬᠤᠵᠤ᠂ ᠠᠰᠠᠭᠤᠳᠠᠯ ᠢ ᠦᠨᠡᠨ ᠬᠦ ᠪᠠᠶᠢᠴᠠᠭᠠᠨ ᠭᠠᠷᠭᠠᠵᠤ᠂ ᠦᠨᠡᠨ ᠬᠦ ᠦᠷ᠎ᠡ ᠪᠦᠲᠦᠮᠵᠢ | ᠣᠯᠬᠤ ᠶᠢ ᠪᠠᠷᠢᠮᠲᠠᠯᠠᠭᠰᠠᠭᠠᠷ ᠢᠷᠡᠵᠡᠢ᠃ ᠡᠶᠢᠮᠦᠷᠭᠦᠦ ᠦᠨᠡᠨ ᠪᠣᠳᠠᠲᠠᠶ ᠰᠤᠷᠲᠠᠯ ᠨᠢ ᠰᠤᠷᠭᠠᠨ ᠬᠥᠮᠦᠵᠢᠯ ᠢ ᠬᠢᠨᠠᠨ | ᠵᠢᠯᠣᠭᠤᠳᠬᠤ ᠶᠢᠨ ᠠᠮᠢᠵᠢᠷᠠᠯ ᠤᠨ ᠬᠦᠴᠦᠨ ᠮᠥᠨ᠃ | | | ᠭᠤᠷᠪᠠᠳᠤᠭᠠᠷ ᠭᠠᠶᠢᠬᠠᠮᠰᠢᠭᠲᠤ ᠴᠠᠭ ᠮᠥᠴᠡ᠄ ︽ᠬᠤᠶᠠᠷ ᠦᠨᠳᠦᠰᠦᠨ︾ ᠢ ᠤᠯᠤᠰ ᠠᠴᠠ | ᠪᠠᠶᠢᠴᠠᠭᠠᠵᠤ᠂ ᠥᠪᠡᠷᠮᠢᠴᠡ ᠣᠨᠴᠠᠯᠢᠭ ᠢ ᠲᠣᠪᠣᠶᠢᠯᠭᠠᠭᠰᠠᠨ | | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ | ᠲᠠᠰᠤᠷᠠᠯᠲᠠ ᠦᠭᠡᠢ ᠲᠦᠷᠭᠡᠳᠬᠦ ᠶᠢ ᠳᠠᠭᠠᠯᠳᠤᠨ᠂ ᠤᠯᠤᠰ ᠠᠴᠠ ᠴᠢᠳᠠᠪᠤᠷᠢᠲᠠᠨ ᠢ ᠬᠡᠷᠡᠭᠰᠡᠬᠦ ᠬᠡᠷᠡᠭᠴᠡᠭᠡ | ᠱᠠᠭᠠᠷᠳᠠᠯᠭ᠎ᠠ ᠨᠠᠩ ᠲᠤᠯᠭᠠᠮ ᠪᠣᠯᠵᠤ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠪᠠ ᠵᠠᠯᠠᠭᠤ ᠪᠠ ᠢᠳᠡᠷ ᠪᠢᠴᠢᠭ ᠤᠨ ᠪᠠᠯᠠᠢ ᠶᠢ ᠠᠷᠢᠯᠭᠠᠬᠤ ᠶᠠᠪᠤᠳᠠᠯ ᠨᠢ ᠴᠠᠭ ᠦᠶ᠎ᠡ ᠶᠢᠨ | ᠱᠠᠭᠠᠷᠳᠠᠯᠭ᠎ᠠ ᠪᠠ ᠲᠡᠤᠬᠡ ᠶᠢᠨ ᠰᠣᠩᠭᠤᠯᠲᠠ ᠪᠣᠯᠵᠤ᠂ ᠤᠯᠤᠰ ᠤᠨ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ | ᠳᠤ ᠣᠷᠤᠭᠰᠠᠨ ᠪᠠᠶᠢᠨ᠎ᠠ᠃ 1992 ᠣᠨ ᠳᠤ᠂ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠠᠴᠠ ᠳᠤᠷᠠᠳᠤᠭᠰᠠᠨ | 20 ᠳ᠋ᠤᠭᠠᠷ ᠵᠠᠭᠤᠨ ᠤ ᠡᠴᠦᠰ ᠪᠣᠯᠬᠤ ᠳᠤ ᠪᠦᠬᠦ ᠤᠯᠤᠰ ᠲᠤ ︽ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠢ ᠦᠨᠳᠦᠰᠦᠨ ᠳᠤ ᠪᠠᠨ ᠲᠦᠭᠡᠮᠡᠯᠵᠢᠭᠦᠯᠵᠦ᠂ ᠵᠠᠯᠠᠭᠤ ᠢᠳᠡᠷ ᠪᠢᠴᠢᠭ ᠤᠨ ᠪᠠᠯᠠᠢ ᠶᠢ ᠦᠨᠳᠦᠰᠦᠨ ᠳᠤ ᠪᠠᠨ | ᠠᠷᠢᠯᠭᠠᠬᠤ︾ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠳᠤᠷᠠᠳᠪᠠ᠃ 1994 ᠣᠨ ᠳᠤ᠂ ᠪᠦᠬᠦ ᠤᠯᠤᠰ ᠤᠨ | ᠰᠤᠷᠭᠠᠨ ᠬᠥᠮᠦᠵᠢᠯ ᠤᠨ ᠠᠵᠢᠯ ᠤᠨ ᠬᠤᠷᠠᠯ ᠠᠴᠠ ︽ᠬᠤᠶᠠᠷ ᠦᠨᠳᠦᠰᠦᠨ︾ ᠢ ᠲᠤᠬᠠᠢ ᠶᠢᠨ ᠦᠶ᠎ᠡ ᠶᠢᠨ ᠮᠠᠨ ᠤ | ᠤᠯᠤᠰ ᠤᠨ ᠰᠤᠷᠭᠠᠨ ᠬᠥᠮᠦᠵᠢᠯ ᠤᠨ ᠬᠥᠭᠵᠢᠭᠦᠯᠦᠯᠲᠡ ᠶᠢᠨ ᠬᠠᠮᠤᠭ ᠤᠨ ᠭᠤᠣᠯᠳᠠᠯᠭ᠎ᠠ ᠭᠡᠵᠦ ᠲᠣᠭᠲᠠᠭᠠᠪᠠ᠃ | ᠲᠤᠬᠠᠶ ᠶᠢᠨ ᠦᠶ᠎ᠡ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠯᠢ ᠯᠠᠨ ᠴᠢᠩ ᠠᠴᠠ | ︽ᠬᠢᠨᠠᠨ ᠵᠢᠯᠣᠭᠤᠳᠬᠤ ᠠᠵᠢᠯ ᠪᠣᠯ ︿ᠬᠤᠶᠠᠷ ᠦᠨᠳᠦᠰᠦᠨ﹀ ᠬᠠᠷᠠᠯᠲᠠ ᠶᠢ ᠪᠡᠶᠡᠯᠡᠭᠦᠯᠬᠦ ᠶᠢᠨ ᠬᠦᠴᠦᠲᠡᠶ ᠪᠠᠲᠤᠯᠠᠭ᠎ᠠ | ᠮᠥᠨ︾ ᠭᠡᠵᠦ ᠵᠢᠭᠠᠵᠤ ᠭᠠᠷᠭᠠᠪᠠ᠃ ᠡᠶᠢᠮᠦ ᠠᠴᠠ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠨᠢ 20 ᠳ᠋ᠤᠭᠠᠷ | ᠵᠠᠭᠤᠨ ᠤ ᠰᠡᠭᠦᠯᠴᠢ ᠪᠠᠷ ︽ᠬᠤᠶᠠᠷ ᠦᠨᠳᠦᠰᠦᠨ︾ ᠢ ᠲᠦᠯᠬᠢᠨ ᠠᠬᠢᠭᠤᠯᠬᠤ ᠢᠷᠠᠭᠤ ᠠᠯᠳᠠᠷᠲᠤ ᠡᠭᠦᠷᠭᠡ ᠶᠢ | ᠡᠭᠦᠷᠭᠡᠯᠡᠵᠦ᠂ ︽ᠬᠤᠶᠠᠷ ᠦᠨᠳᠦᠰᠦᠨ︾ ᠨᠢ ᠴᠦ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠶᠢ ᠪᠣᠯᠪᠠᠰᠤᠷᠠᠭᠤᠯᠬᠤ | ᠲᠠᠪᠴᠠᠩ ᠪᠣᠯᠤᠭᠰᠠᠨ ᠪᠠᠶᠢᠨ᠎ᠠ᠃ | ︵ᠨᠢᠭᠡ︶ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠨᠢ ᠤᠯᠤᠰ ᠲᠤ ᠶᠡᠭᠡ ᠦᠢᠯᠡ ᠪᠣᠳᠦᠭᠡᠵᠦ | ᠥᠭᠬᠦ ᠶᠢ ᠦᠢᠯᠡᠳᠦᠯᠭᠡ ᠨᠣᠲᠠᠯᠠᠭᠰᠠᠨ | 1993 ᠣᠨ ᠳᠤ ︽ᠬᠤᠶᠠᠷ ᠦᠨᠳᠦᠰᠦᠨ︾ ᠢ ᠬᠢᠨᠠᠨ ᠵᠢᠯᠣᠭᠤᠳᠴᠤ ᠦᠨᠡᠯᠡᠨ ᠵᠢᠱᠢᠬᠦ ᠲᠤᠷᠰᠢᠯᠲᠠ | ᠬᠢᠭᠰᠡᠨ ᠠᠴᠠ 1994 ᠣᠨ ᠳᠤ ᠪᠦᠬᠦ ᠤᠯᠤᠰ ᠤᠨ ᠠᠩᠬᠠᠳᠠᠭᠴᠢ ᠪᠦᠯᠦᠭ ︽ᠬᠤᠶᠠᠷ ᠦᠨᠳᠦᠰᠦᠨ︾ ᠢ | ᠪᠡᠶᠡᠯᠡᠭᠦᠯᠦᠭᠰᠡᠨ ᠰᠢᠶᠠᠨ ︵ᠬᠤᠳᠠ᠂ ᠲᠣᠭᠤᠷᠢᠭ︶ ᠤᠨ ᠨᠡᠷᠡᠰ ᠢ ᠨᠡᠶᠢᠲᠡᠯᠡᠬᠦ ᠬᠦᠷᠲᠡᠯ᠎ᠡ︔ ᠳᠡᠭᠡᠷ᠎ᠡ ᠵᠠᠭᠤᠨ ᠤ | ᠶᠡᠷᠡᠭᠡᠳ ᠣᠨ ᠤ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠠᠴᠠ 2000 ᠣᠨ ᠤ ᠪᠦᠬᠦ | ᠤᠯᠤᠰ ᠤᠨ ︽ᠬᠤᠤᠰ ᠨᠠᠢᠮᠠᠳᠤᠭᠠᠷ ᠲᠠᠪᠤᠨ ᠵᠢᠯ︾ ᠤᠨ ᠬᠠᠷᠠᠯᠲᠠ ᠶᠢ ᠪᠡᠶᠡᠯᠡᠭᠦᠯᠬᠦ ᠬᠦᠷᠲᠡᠯ᠎ᠡ︔ ᠰᠢᠨ᠎ᠡ ᠵᠠᠭᠤᠨ ᠤ | ︽ᠬᠤᠶᠠᠷ ᠦᠨᠳᠦᠰᠦᠨ︾ ᠤ ᠪᠣᠭᠤᠮᠲᠠ ᠰᠢᠪᠲᠤᠯᠬᠤ᠂ ᠵᠠᠷᠤᠳᠠᠯ ᠢ ᠬᠡᠯᠲᠦᠷᠢᠭᠦᠯᠦᠭᠰᠡᠨ ᠠᠯᠪᠠᠨ ᠵᠢᠷᠤᠮ ᠤᠨ ᠰᠤᠷᠭᠠᠨ | ᠬᠥᠮᠦᠵᠢᠯ ᠢ ᠪᠡᠶᠡᠯᠡᠭᠦᠯᠬᠦ ᠠᠴᠠ 2012 ᠣᠨ ᠤ ᠪᠦᠬᠦ ᠤᠯᠤᠰ ᠤᠨ ︽ᠬᠤᠶᠠᠷ ᠦᠨᠳᠦᠰᠦᠨ︾ ᠢ ᠳ᠋ᠦᠩᠨᠡᠵᠦ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠣᠯᠲᠠᠯ᠎ᠠ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠮᠠᠨᠢ ᠭᠡᠷᠡᠯ | ᠰᠠᠴᠤᠷᠠᠩᠭᠤᠶ ᠲᠡᠦᠬᠡᠲᠦ ᠶᠠᠪᠤᠴᠠ ᠶᠢ ᠥᠩᠭᠡᠷᠡᠭᠦᠯᠦᠭᠰᠡᠨ ᠠᠵᠢ᠃ 20 ᠵᠢᠯ ᠤᠨ ᠲᠤᠷᠰᠢ᠂ ᠰᠤᠷᠭᠠᠨ ᠬᠥᠮᠦᠵᠢᠯ ᠢ | ᠬᠢᠨᠠᠨ ᠵᠢᠯᠣᠭᠤᠳᠬᠤ ᠠᠵᠢᠯ ᠮᠠᠨᠢ ᠡᠬᠡ ᠤᠯᠤᠰ ᠤᠨ ᠬᠥᠭᠵᠢᠯᠲᠡ ᠲᠠᠢ ᠵᠡᠷᠭᠡ ᠪᠠᠷ ᠤᠷᠤᠭᠰᠢᠯᠠᠵᠤ᠂ ᠤᠷᠲᠤ | ᠬᠤᠭᠤᠴᠠᠭ᠎ᠠ ᠵᠢᠳᠭᠦᠯ ᠦᠵᠡᠭᠦᠯᠵᠦ᠂ ᠠᠮᠵᠢᠯᠲᠠ ᠶᠢᠨ ᠳᠠᠭᠤᠤ ᠪᠠᠨ ᠬᠠᠩᠭᠢᠨᠠᠲᠠᠯ᠎ᠠ ᠳᠠᠭᠤᠯᠠᠵᠤ᠂ ᠡᠷᠡᠰ ᠵᠣᠷᠢᠭᠲᠠᠢ | ᠠᠵᠢᠯᠯᠠᠭᠰᠠᠭᠠᠷ ᠢᠷᠡᠪᠡ᠃ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠠᠤᠯᠢ︾ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠭᠯᠡᠯᠲᠡ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠢ | ᠱᠠᠭᠠᠷᠳᠠᠵᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠪᠠ ᠬᠠᠮᠢᠶᠠᠷᠤᠯᠲᠠ ᠶᠢᠨ | ᠪᠠᠶᠢᠭᠤᠯᠤᠯ ᠢ ᠪᠦᠬᠦ ᠲᠠᠯ᠎ᠠ ᠪᠠᠷ ᠲᠡᠭᠦᠯᠳᠡᠷᠵᠢᠭᠦᠯᠦᠨ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ | ᠪᠠᠭᠰᠢ ᠶᠢᠨ ᠡᠩᠨᠡᠭᠡ ᠶᠢ ᠰᠢᠯᠢᠳᠡᠭᠵᠢᠭᠦᠯᠦᠨ᠂ ᠰᠤᠷᠭᠠᠭᠤᠯᠢ ᠳᠤ ᠣᠷᠣᠬᠤ ᠨᠣᠷᠮ᠎ᠠ ᠶᠢ ᠳᠡᠭᠡᠭᠰᠢᠯᠡᠭᠦᠯᠵᠦ᠂ ᠪᠢᠴᠢᠭ ᠤᠨ | ᠪᠠᠯᠠᠶ ᠶᠢᠨ ᠨᠣᠷᠮ᠎ᠠ ᠶᠢ ᠪᠠᠭᠤᠷᠠᠭᠤᠯᠤᠨ᠂ ᠬᠡᠤᠬᠡᠳ ᠨᠢᠭᠡ ᠪᠦᠷᠢ ᠶᠢ ︽ᠪᠢᠴᠢᠭ ᠦᠵᠡᠬᠦ ᠠᠴᠠ ᠰᠤᠷᠭᠠᠭᠤᠯᠢ︾ ᠲᠠᠢ | ᠪᠣᠯᠭᠠᠵᠤ᠂ ᠵᠠᠯᠠᠭᠤ ᠢᠳᠡᠷ ᠪᠢᠴᠢᠭ ᠤᠨ ᠪᠠᠯᠠᠶ ᠳᠤ ᠦᠰᠦᠭ ᠲᠠᠨᠢᠭᠤᠯᠵᠤ᠂ ᠲᠤᠭ᠎ᠠ ᠪᠣᠳᠣᠭᠤᠯᠤᠨ ᠠᠵᠢᠯᠯᠠᠬᠤ | ᠴᠢᠳᠠᠪᠤᠷᠢ ᠶᠢ ᠡᠵᠡᠮᠰᠢᠭᠦᠯᠬᠦ ᠨᠢ ᠴᠥᠮ ᠬᠢᠨᠠᠨ ᠵᠢᠯᠣᠭᠤᠳᠬᠤ ᠶᠢᠨ ᠱᠠᠭᠠᠷᠳᠠᠬᠤ ᠪᠠ ᠬᠥᠲᠦᠯᠦᠨ ᠳᠠᠭᠠᠭᠤᠯᠬᠤ ᠠᠴᠠ | ᠰᠠᠯᠵᠤ ᠴᠢᠳᠠᠬᠤ ᠦᠭᠡᠢ ᠶᠤᠮ᠃ ︽ᠬᠤᠶᠠᠷ ᠦᠨᠳᠦᠰᠦᠨ︾ ᠨᠢ ᠨᠢᠭᠡᠨᠲᠡ ᠮᠠᠨ ᠤ ᠤᠯᠤᠰ ᠤᠨ ᠰᠤᠷᠭᠠᠨ | ᠬᠥᠮᠦᠵᠢᠯ ᠤᠨ ᠬᠥᠭᠵᠢᠭᠦᠯᠦᠯᠲᠡ ᠶᠢᠨ ᠲᠡᠤᠬᠡᠨ ᠬᠥᠰᠢᠶ᠎ᠡ ᠪᠣᠯᠤᠭᠰᠠᠨ ᠢ ᠦᠢᠯᠡᠳᠦᠯᠭᠡ ᠨᠣᠲᠠᠯᠠᠪᠠ︔ ᠡᠨᠡ ᠬᠦ | ᠠᠶᠠᠯᠠᠯ ᠤᠨ ᠬᠥᠰᠢᠶᠡᠨ ᠳᠡᠭᠡᠷ᠎ᠡ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠶᠢᠨ ᠣᠷᠣᠯᠠᠭᠤᠯᠵᠤ ᠪᠣᠯᠤᠰᠢ ᠦᠭᠡᠢ᠂ | ᠪᠠᠯᠠᠷᠠᠰᠢ ᠦᠭᠡᠢ ᠭᠠᠪᠢᠶ᠎ᠠ ᠵᠢᠳᠬᠦᠯ ᠢ ᠰᠡᠶᠢᠯᠵᠦ ᠪᠠᠶᠢᠬᠤ ᠶᠤᠮ᠃ | ︵ᠬᠤᠶᠠᠷ︶ ᠳᠤᠮᠳᠠᠳᠤ ᠤᠯᠤᠰ ᠤᠨ ᠣᠨᠴᠠᠯᠢᠭ ᠪᠥᠬᠦᠢ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠰᠢᠨ᠎ᠡ | ᠪᠠᠶᠢᠷᠢᠯᠠᠭᠤᠯᠤᠯᠲᠠ ᠶᠢ ᠦᠢᠯᠡᠳᠦᠯᠭᠡᠵᠢᠭᠦᠯᠦᠨ ᠰᠦᠪᠡᠭᠴᠢᠯᠡᠵᠦ ᠳᠣᠭᠲᠠᠭᠠᠭᠰᠠᠨ | ︽ᠬᠤᠶᠠᠷ ᠦᠨᠳᠦᠰᠦᠨ︾ ᠢ ᠪᠡᠶᠡᠯᠡᠭᠦᠯᠬᠦ ᠳᠤ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠴᠢᠬᠤᠯᠠ | ᠦᠢᠯᠡᠳᠦᠯ ᠢᠶᠠᠨ ᠪᠠᠳᠠᠷᠠᠭᠤᠯᠪᠠ︔ ᠡᠭᠦᠨ ᠤ ᠬᠠᠮᠲᠤ ︽ᠬᠤᠶᠠᠷ ᠦᠨᠳᠦᠰᠦᠨ︾ ᠨᠢ ᠪᠠᠰᠠ ᠰᠤᠷᠭᠠᠨ ᠬᠥᠮᠦᠵᠢᠯ ᠢ | ᠬᠢᠨᠠᠨ ᠵᠢᠯᠣᠭᠤᠳᠬᠤ ᠶᠢᠨ ᠥᠭᠡᠷᠡᠴᠢᠯᠡᠯᠲᠡ ᠪᠠ ᠬᠥᠭᠵᠢᠭᠦᠯᠦᠯᠲᠡ ᠳᠤ ᠲᠠᠪᠴᠠᠩ ᠬᠠᠩᠭᠠᠭᠰᠠᠨ ᠪᠠᠶᠢᠨ᠎ᠠ᠃ ᠤᠯᠠᠨ | ᠵᠢᠯ ᠤᠨ ᠦᠢᠯᠡᠳᠦᠯᠭᠡ ᠶᠢᠨ ᠰᠦᠪᠡᠭᠴᠢᠯᠡᠯᠲᠡ᠂ ᠬᠡᠳᠦᠨ ᠦᠶ᠎ᠡ ᠶᠢᠨ ᠬᠢᠨᠠᠨ ᠵᠢᠯᠤᠭᠤᠳᠤᠭᠴᠢ ᠶᠢᠨ ᠳᠤᠷᠰᠢᠯᠭ᠎ᠠ ᠶᠢᠨ | ᠳ᠋ᠦᠩᠨᠡᠯᠲᠡ ᠪᠠᠷ ᠳᠠᠮᠵᠢᠨ᠂ ᠮᠠᠨ ᠤ ᠤᠯᠤᠰ ᠤᠨ ᠤᠳᠤ ᠦᠶ᠎ᠡ ᠶᠢᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠤᠨᠤᠯ ᠪᠣᠯᠤᠨ ᠲᠣᠭᠲᠠᠴᠠ ᠶᠢᠨ ᠴᠣ ᠰᠢᠨ᠎ᠡ ᠬᠡᠪ ᠮᠠᠶ᠋ᠢᠭ ᠢ ᠪᠦᠷᠢᠯᠳᠦᠭᠰᠡᠨ ᠶᠤᠮ᠃ ᠰᠤᠷᠭᠠᠨ ᠬᠥᠮᠦᠵᠢᠯ ᠢ | ᠴᠡᠭᠴᠡᠯᠡᠨ ᠵᠠᠰᠠᠬᠤ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠢᠢᠳᠪᠦᠷᠢᠲᠦ ᠪᠤᠳᠤᠯᠭ᠎ᠠ ᠶᠢ ᠳᠣᠭᠲᠠᠭᠠᠬᠤ᠂ | ᠬᠡᠷᠡᠭᠵᠢᠭᠦᠯᠬᠦ᠂ ᠬᠢᠨᠠᠯᠲᠠ ᠲᠠᠯᠪᠢᠬᠤ ᠵᠡᠷᠭᠡ ᠭᠤᠷᠪᠠ ᠶᠢ ᠨᠢᠭᠡ ᠴᠤᠬᠴᠠᠵᠢᠭᠤᠯᠬᠤ ᠶᠡᠷᠦᠩᠬᠡᠢ ᠬᠡᠪ ᠮᠠᠶ᠋ᠢᠭ ᠢ | ᠳᠣᠭᠳᠠᠭᠠᠪᠠ︔ ︽ᠵᠠᠰᠠᠭ ᠤᠨ ᠬᠢᠨᠠᠯᠲᠠ︾ ᠶᠢᠨ ᠲᠤᠭ ᠢ ᠥᠨᠳᠥᠷ ᠮᠠᠨᠳᠤᠭᠤᠯᠵᠤ᠂ ᠳᠤᠮᠳᠠᠳᠤ ᠤᠯᠤᠰ ᠤᠨ ᠣᠨᠴᠠᠯᠢᠭ | ᠪᠥᠬᠦᠢ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠰᠢᠨ᠎ᠡ ᠲᠣᠭᠲᠠᠴᠠ ᠶᠢ ᠪᠠᠶᠢᠭᠤᠯᠪᠠ︔ ᠰᠢᠯᠭᠠᠨ ᠠᠪᠬᠤ ᠠᠷᠭ᠎ᠠ | ᠪᠠ ᠦᠨᠡᠯᠡᠨ ᠵᠢᠱᠢᠬᠦ ᠮᠡᠷᠭᠡᠵᠢᠯ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠢ ᠴᠢᠬᠤᠯᠠᠴᠢᠯᠠᠨ᠂ ᠪᠣᠳᠠᠲᠤ ᠦᠷ᠎ᠡ | ᠪᠦᠲᠦᠮᠵᠢ ᠶᠢ ᠡᠷᠬᠢᠮᠯᠡᠬᠦ ᠬᠢᠨᠠᠨ ᠵᠢᠯᠣᠭᠤᠳᠴᠤ ᠦᠨᠡᠯᠡᠨ ᠵᠢᠱᠢᠬᠦ ᠠᠷᠭ᠎ᠠ ᠬᠡᠮᠵᠢᠶ᠎ᠡ ᠪᠣᠯᠤᠨ ᠠᠷᠭ᠎ᠠ ᠵᠠᠮ ᠢ | ᠲᠡᠭᠦᠯᠳᠡᠷᠵᠢᠭᠦᠯᠪᠡ︔ ︽ᠮᠢᠩᠭ᠎ᠠ ᠲᠥᠮᠡᠨ ᠠᠭᠤᠯᠠ ᠤᠰᠤ᠂ ᠮᠢᠩᠭ᠎ᠠ ᠲᠦᠮᠡᠨ ᠠᠶᠢᠯ ᠡᠷᠦᠬᠡ᠂ ᠮᠢᠩᠭ᠎ᠠ ᠲᠥᠮᠡᠨ ᠦᠭᠡ᠂ | ᠠᠷᠭ᠎ᠠ ᠪᠦᠬᠦᠨ ᠢ ᠰᠦᠪᠡᠭᠴᠢᠯᠡᠬᠦ︾ ᠨᠢ ᠮᠠᠨ ᠤ ᠤᠯᠤᠰ ᠤᠨ ᠬᠢᠨᠠᠨ ᠵᠢᠯᠣᠭᠤᠳᠤᠭᠴᠢᠳ ᠤᠨ ᠠᠵᠢᠯ ᠤᠨ ᠰᠤᠷᠲᠠᠯ | ᠪᠣᠯᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠪᠢᠴᠢᠭᠯᠡᠵᠡᠶ᠃ ︽ᠬᠤᠶᠠᠷ ᠦᠨᠳᠦᠰᠦᠨ︾ ᠢ ᠦᠨᠡᠯᠡᠨ ᠵᠢᠱᠢᠵᠦ | ᠰᠢᠯᠭᠠᠨ ᠠᠪᠬᠤ ᠳᠤ ᠬᠢᠨᠠᠨ ᠵᠢᠯᠣᠭᠤᠳᠬᠤ ᠲᠤᠷᠰᠢᠯᠭ᠎ᠠ ᠶᠢ ᠬᠤᠷᠠᠮᠳᠤᠭᠤᠯᠵᠤ᠂ ᠬᠢᠨᠠᠨ ᠵᠢᠯᠣᠭᠤᠳᠬᠤ ᠨᠥᠯᠥᠭᠡ ᠶᠢ | ᠥᠷᠭᠡᠳᠬᠡᠨ᠂ ᠬᠢᠨᠠᠨ ᠵᠢᠯᠣᠭᠤᠳᠬᠤ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠬᠢᠨᠠᠨ ᠵᠢᠯᠣᠭᠤᠳᠬᠤ ᠡᠷᠬᠡ ᠰᠦᠷ ᠢ | ᠪᠤᠢ ᠪᠣᠯᠭᠠᠨ᠂ ᠮᠠᠨ ᠤ ᠤᠯᠤᠰ ᠤᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠳᠦᠷᠢᠮ ᠢ ᠪᠠᠶᠢᠭᠤᠯᠤᠨ | ᠲᠡᠭᠦᠯᠳᠡᠷᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ | | | ᠳᠥᠷᠪᠡᠳᠦᠭᠡᠷ ᠭᠠᠶᠢᠬᠠᠮᠰᠢᠭᠲᠤ ᠴᠠᠭ ᠮᠥᠴᠡ᠄ ︽ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠲᠦᠷᠢᠮ︾ ᠢ ᠨᠡᠶᠢᠲᠡᠯᠡᠵᠦ᠂ ᠳᠦᠷᠢᠮᠵᠢᠭᠦᠯᠦᠨ ᠠᠵᠢᠯᠯᠠᠭᠰᠠᠨ | | ᠥᠭᠡᠷᠡᠴᠢᠯᠡᠯᠲᠡ ᠨᠡᠭᠡᠭᠡᠯᠲᠡ ᠠᠴᠠ ᠨᠠᠭᠠᠰᠢᠬᠢ 30 ᠭᠠᠷᠤᠶ ᠵᠢᠯ ᠤᠨ ᠰᠡᠷᠭᠦᠭᠡᠨ ᠬᠥᠭᠵᠢᠭᠦᠯᠬᠦ ᠪᠠᠷ | ᠳᠠᠮᠵᠢᠭᠠᠳ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠵᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠳᠦᠷᠢᠮ ᠢ ᠠᠩᠬ᠎ᠠ ᠠᠯᠬᠤᠮ | ᠪᠦᠷᠢᠯᠳᠦᠭᠦᠯᠵᠦ᠂ ᠣᠨᠣᠯ ᠤᠨ ᠦᠷ᠎ᠡ ᠪᠥᠲᠦᠮᠵᠢ ᠢ ᠪᠣᠯᠪᠠᠰᠤᠷᠠᠭᠤᠯᠵᠤ᠂ ᠦᠢᠯᠡᠳᠦᠯᠭᠡ ᠶᠢᠨ ᠲᠤᠷᠰᠢᠯᠭ᠎ᠠ ᠶᠢ | ᠳ᠋ᠦᠩᠨᠡᠵᠦ᠂ ᠬᠠᠤᠯᠢ ᠴᠠᠭᠠᠵᠠ ᠶᠢᠨ ᠲᠠᠯ᠎ᠠ ᠠᠴᠠ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠶᠢᠨ ᠪᠠᠶᠢᠷᠢ | ᠰᠠᠭᠤᠷᠢ ᠶᠢ ᠤᠯᠠᠮ ᠢᠶᠠᠷ ᠪᠠᠲᠤᠳᠬᠠᠵᠤ᠂ ᠬᠢᠨᠠᠨ ᠵᠢᠯᠣᠭᠤᠳᠬᠤ ᠡᠭᠦᠷᠭᠡ ᠴᠢᠳᠠᠪᠤᠷᠢ ᠶᠢ ᠳᠣᠲᠤᠷᠬᠠᠶᠢᠯᠠᠪᠠ᠃ 2012 | ᠣᠨ ᠤ ᠨᠠᠮᠤᠷ ᠪᠣᠯ ᠬᠢᠨᠠᠨ ᠵᠢᠯᠣᠭᠤᠳᠬᠤ ᠹᠷᠣᠨᠲ ᠲᠤ ᠠᠪᠴᠤ ᠬᠡᠯᠡᠪᠡᠯ ᠡᠯᠪᠡᠭ ᠬᠤᠷᠢᠶᠠᠯᠲᠠ ᠣᠯᠤᠭᠰᠠᠨ ᠤᠯᠠᠷᠢᠯ | ᠪᠣᠯᠤᠨ᠎ᠠ᠃ ︽ᠤᠳᠠᠭᠠᠨ ᠵᠢᠯ ᠤᠨ ᠰᠢᠷᠭᠠᠭᠤ ᠴᠢᠷᠮᠠᠶᠢᠯᠭ᠎ᠠ︾ ᠪᠠᠷ ︽ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠲᠦᠷᠢᠮ︾ ᠢ ᠵᠢᠩᠬᠢᠨᠢ ᠪᠠᠷ ᠨᠡᠶᠢᠲᠡᠯᠡᠵᠦ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠳᠤ ᠵᠢᠷᠤᠮᠯᠠᠬᠤ ᠬᠠᠤᠯᠢ᠂ | ᠳᠠᠭᠠᠬᠤ ᠳᠦᠷᠢᠮ ᠲᠠᠢ ᠪᠠᠶᠢᠬᠤ ᠶᠢ ᠦᠨᠡᠨ ᠬᠦ ᠪᠡᠶᠡᠯᠡᠭᠦᠯᠪᠡ᠃ | ︵ᠨᠢᠭᠡ︶ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠦᠢᠯᠡᠰ ᠢ ︽ᠤᠯᠤᠰ ᠤᠨ ᠲᠡᠰ︾ ᠤᠨ ᠱᠠᠲᠤᠨ ᠳᠤ | ᠣᠷᠣᠭᠤᠯᠤᠭᠰᠠᠨ | ︽ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠳᠦᠷᠢᠮ︾ ᠢ ᠳᠣᠭᠲᠠᠭᠠᠭᠰᠠᠨ ᠨᠢ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠠᠴᠠ ᠳᠠᠷᠤᠮᠠᠯᠯᠠᠨ ᠲᠠᠷᠬᠠᠭᠠᠭᠰᠠᠨ ︽ᠤᠯᠤᠰ ᠤᠨ ᠳᠤᠮᠳᠠ ᠪᠠ ᠤᠷᠲᠤ | ᠬᠤᠭᠤᠴᠠᠭᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠ ᠬᠥᠭᠵᠢᠭᠦᠯᠦᠯᠲᠡ ᠶᠢᠨ ᠲᠥᠯᠥᠪᠵᠢᠭᠦᠯᠭᠡ ᠶᠢᠨ | ᠬᠥᠲᠦᠯᠪᠦᠷᠢ ︵2010 — 2020 ᠣᠨ︶︾ ᠳᠤ ᠬᠢ ᠪᠠᠶᠢᠷᠢᠯᠠᠭᠤᠯᠤᠯᠲᠠ ᠪᠣᠯᠤᠨ᠎ᠠ᠃ ︽ᠰᠤᠷᠭᠠᠨ | ᠬᠥᠮᠦᠵᠢᠯ ᠢ ᠬᠢᠨᠠᠨ ᠵᠢᠯᠣᠭᠤᠳᠬᠤ ᠳᠦᠷᠢᠮ︾ ᠢ ᠨᠡᠶᠢᠲᠡᠯᠡᠭᠰᠡᠨ ᠨᠢ ᠮᠠᠨ ᠤ ᠤᠯᠤᠰ ᠤᠨ ᠰᠤᠷᠭᠠᠨ ᠬᠥᠮᠦᠵᠢᠯ ᠢ | ᠬᠢᠨᠠᠨ ᠵᠢᠯᠣᠭᠤᠳᠬᠤ ᠳᠦᠷᠢᠮ ᠪᠣᠯᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠪᠡᠯᠭᠡ | ᠲᠡᠮᠳᠡᠭ ᠪᠣᠯᠵᠤ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠨᠢᠭᠡᠨᠲᠡ ᠤᠯᠤᠰ ᠤᠨ ᠳᠡᠰ ᠤᠨ ᠱᠠᠲᠤᠨ ᠳᠤ | ᠣᠷᠤᠪᠠ᠃ ᠡᠭᠦᠨ ᠠᠴᠠ ᠡᠮᠦᠨᠡᠬᠢ᠂ ᠬᠢᠨᠠᠨ ᠵᠢᠯᠣᠭᠤᠳᠬᠤ ᠠᠵᠢᠯ ᠤᠨ ᠭᠤᠤᠯ ᠦᠨᠳᠦᠰᠦᠯᠡᠯ ᠪᠣᠯ 1991 ᠣᠨ ᠳᠤ | ᠤᠯᠤᠰ ᠤᠨ ᠰᠤᠷᠭᠠᠨ ᠬᠥᠮᠦᠵᠢᠯ ᠤᠨ ᠵᠦᠪᠯᠡᠯ ᠠᠴᠠ ᠨᠡᠶᠢᠲᠡᠯᠡᠭᠰᠡᠨ ︽ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠲᠦᠷ ᠬᠡᠷᠡᠭᠵᠢᠭᠦᠯᠬᠦ ᠲᠣᠭᠲᠠᠭᠠᠯ︾ ᠪᠣᠯᠬᠤ ᠪᠥᠭᠡᠳ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠳᠤ | ᠬᠠᠷᠢᠶᠠᠯᠠᠭᠳᠠᠵᠤ ᠪᠠᠶᠢᠪᠠ᠃ ︽ᠳᠦᠷᠢᠮ︾ ᠢ ᠨᠡᠶᠢᠲᠡᠯᠡᠭᠰᠡᠨ ᠨᠢ ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠠᠵᠢᠯ ᠤᠨ ᠦᠨᠳᠦᠰᠦᠯᠡᠯ ᠢ ᠤᠯᠤᠰ ᠤᠨ ᠵᠠᠰᠠᠭ ᠵᠠᠬᠢᠷᠭᠠᠨ ᠤ ᠳᠦᠷᠢᠮ ᠪᠣᠯᠭᠠᠵᠤ᠂ ᠬᠠᠤᠯᠢ ᠴᠠᠭᠠᠵᠠ ᠬᠠᠤᠯᠢ | ᠳᠦᠷᠢᠮ ᠤᠨ ᠠᠯᠪᠠᠳᠠᠯᠭᠠᠲᠤ ᠴᠢᠨᠠᠷ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠡᠷᠬᠡ ᠰᠦᠷᠲᠦ ᠴᠢᠨᠠᠷ ᠢ | ᠶᠡᠭᠡ ᠪᠠᠷ ᠳᠡᠭᠡᠭᠰᠢᠯᠡᠭᠦᠯᠪᠡ᠃ ᠲᠤᠰ ᠵᠢᠯ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠢ ᠬᠢᠨᠠᠨ | ᠵᠢᠯᠣᠭᠤᠳᠬᠤ ᠵᠥᠪᠯᠡᠯ ᠪᠠᠶᠢᠭᠤᠯᠤᠭᠳᠠᠨ᠂ ᠰᠤᠷᠭᠠᠨ ᠬᠥᠮᠦᠵᠢᠯ ᠢ ᠬᠤᠪᠢᠳᠠᠨ ᠬᠠᠮᠢᠶᠠᠷᠴᠤ ᠪᠠᠶᠢᠭ᠎ᠠ ᠲᠥᠷᠥ ᠶᠢᠨ | ᠶᠠᠪᠤᠳᠠᠯ ᠤᠨ ᠬᠤᠷᠢᠶᠠᠨ ᠤ ᠬᠠᠷᠢᠭᠤᠴᠠᠯᠭᠠᠲᠠᠨ ᠠᠴᠠ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠰᠤᠷᠭᠠᠨ | ᠬᠥᠮᠦᠵᠢᠯ ᠤᠨ ᠶᠠᠮᠤᠨ ᠤ ᠰᠠᠶᠢᠳ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠢ | ᠬᠤᠪᠢᠳᠠᠨ ᠬᠠᠮᠢᠶᠠᠷᠴᠤ ᠪᠠᠶᠢᠭ᠎ᠠ ᠳᠡᠳ᠋ ᠨᠠᠷᠢᠨ ᠪᠢᠴᠢᠭ ᠤᠨ ᠳᠠᠷᠤᠭ᠎ᠠ ᠠᠴᠠ ᠳᠡᠳ᠋ ᠡᠷᠬᠢᠯᠡᠭᠴᠢ ᠶᠢᠨ ᠲᠤᠰᠢᠶᠠᠯ ᠢ | ᠡᠭᠦᠷᠭᠡᠯᠡᠭᠰᠡᠨ ᠡᠶᠢᠨ ᠵᠡᠷᠭᠡ ᠳᠡᠰ ᠪᠠᠷ ᠥᠨᠳᠥᠷ᠂ ᠤᠷᠢᠳ ᠡᠮᠦᠨ᠎ᠡ ᠭᠠᠷᠤᠭ᠎ᠠ ᠦᠭᠡᠢ᠂ ᠳᠡᠯᠡᠬᠡᠶ ᠳ᠋ᠠᠬᠢᠨ ᠳᠤ ᠬᠤᠪᠤᠷ | ᠪᠠᠶᠢᠭ᠎ᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠰᠤᠷᠭᠠᠨ ᠬᠥᠮᠦᠵᠢᠯ ᠤᠨ ᠦᠢᠯᠡᠰ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠪᠠ ᠳᠤᠮᠳᠠᠳᠤ ᠤᠯᠤᠰ ᠤᠨ ᠣᠨᠴᠠᠯᠢᠭ ᠪᠥᠬᠦᠢ᠂ ᠳᠡᠯᠡᠬᠡᠶ ᠶᠢᠨ | ᠬᠢᠷᠢ ᠬᠡᠮᠵᠢᠶᠡᠨ ᠤ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠡᠷᠡᠰ ᠵᠣᠷᠢᠭ ᠢ ᠭᠦᠢᠴᠡᠳ ᠢᠯᠡᠷᠡᠭᠦᠯᠪᠡ᠃ ᠡᠨᠡ ᠬᠦ | ᠵᠦᠪᠯᠡᠯ ᠤᠨ ᠪᠦᠷᠢᠯᠳᠦᠬᠦᠨ ᠳᠤ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠤᠭᠠᠲᠤ ᠶᠢ | ᠬᠠᠮᠠᠭᠠᠯᠠᠬᠤ ᠶᠠᠮᠤᠨ᠂ ᠡᠳ᠋ ᠤᠨ ᠵᠠᠰᠠᠭ ᠤᠨ ᠶᠠᠮᠤᠨ᠂ ᠬᠢᠨᠠᠨ ᠪᠠᠶᠢᠴᠠᠭᠠᠬᠤ ᠶᠠᠮᠤᠨ ᠵᠡᠷᠭᠡ 10 ᠭᠠᠷᠤᠶ ᠰᠠᠯᠠᠭ᠎ᠠ | ᠮᠥᠴᠢᠷ ᠤᠨ ᠬᠠᠷᠢᠭᠤᠴᠠᠯᠭᠠᠳᠠᠳ ᠢ ᠪᠠᠭᠲᠠᠭᠠᠪᠠ᠃ ᠳᠠᠷᠠᠭ᠎ᠠ ᠨᠢ᠂ 31 ᠮᠤᠵᠢ ︵ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ︶ ᠶᠢᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠵᠥᠪᠯᠡᠯ ᠴᠦ ᠵᠠᠯᠭᠠᠭ᠎ᠠ ᠪᠠᠷ | ᠪᠠᠶᠢᠭᠤᠯᠤᠭᠳᠠᠵᠤ᠂ ᠳᠡᠭᠡᠳᠦ ᠳᠡᠰ ᠤᠨ ᠲᠥᠪ ᠤᠨ ᠤᠳᠤᠷᠢᠳᠤᠯᠭ᠎ᠠ᠂ ᠣᠯᠠᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ | ᠣᠷᠤᠯᠴᠠᠵᠤ᠂ ᠲᠥᠪ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠵᠣᠬᠢᠶᠠᠨ ᠪᠠᠶᠢᠭᠤᠯᠤᠯᠲᠠ ᠶᠢᠨ ᠪᠦᠲᠦᠴᠡ ᠨᠢ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠬᠦᠴᠦᠷᠬᠡᠭ ᠶᠡᠭᠡ ᠬᠠᠮ | ᠬᠦᠴᠦᠨ ᠢ ᠪᠦᠷᠢᠯᠳᠦᠭᠦᠯᠦᠭᠰᠡᠨ ᠶᠤᠮ᠃ | ︵ᠬᠤᠶᠠᠷ︶ ᠤᠷᠳᠤ ᠬᠤᠭᠤᠴᠠᠭ᠎ᠠ ᠪᠠᠷ ᠣᠷᠤᠰᠢᠭᠰᠠᠨ ᠵᠠᠩᠭᠢᠯᠠᠭ᠎ᠠ ᠶᠢᠨ ᠠᠰᠠᠭᠤᠳᠠᠯ ᠢ ᠬᠠᠤᠯᠢ ᠲᠦᠷᠢᠮ ᠤᠨ | ᠲᠠᠯ᠎ᠠ ᠠᠴᠠ ᠰᠢᠢᠳᠪᠦᠷᠢᠯᠡᠭᠰᠡᠨ | ︽ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠳᠦᠷᠢᠮ︾ ᠢ ᠨᠡᠶᠢᠲᠡᠯᠡᠭᠰᠡᠨ ᠨᠢ ᠮᠠᠨ ᠤ ᠤᠯᠤᠰ ᠤᠨ | ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠬᠠᠤᠯᠢ ᠳᠦᠷᠢᠮᠵᠢᠭᠦᠯᠦᠯᠲᠡ ᠶᠢᠨ ᠵᠠᠮ ᠳᠤ ᠣᠷᠤᠭᠰᠠᠨ ᠤ ᠪᠡᠯᠭᠡ | ᠲᠡᠮᠳᠡᠭ ᠪᠠᠶᠢᠵᠤ᠂ ᠬᠠᠤᠯᠢ ᠳᠦᠷᠢᠮ ᠤᠨ ᠲᠠᠯ᠎ᠠ ᠠᠴᠠ ᠬᠢᠨᠠᠨ ᠵᠢᠯᠣᠭᠤᠳᠬᠤ ᠳᠤ ᠤᠷᠲᠤ ᠬᠤᠭᠤᠴᠠᠭ᠎ᠠ ᠪᠠᠷ | ᠲᠤᠯᠭᠠᠷᠠᠭᠰᠠᠨ ᠵᠠᠷᠢᠮ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠭᠰᠡᠨ ᠴᠢᠬᠤᠯᠠ ᠠᠴᠢ ᠬᠤᠯᠪᠤᠭᠲᠠᠯ ᠲᠠᠢ ᠶᠤᠮ᠃ | ᠵᠢᠱᠢᠶᠡᠯᠡᠪᠡᠯ᠂ ᠬᠦᠷᠢᠶ᠎ᠡ ᠬᠡᠪᠴᠢᠶᠡᠨ ᠤ ᠲᠠᠯ᠎ᠠ ᠪᠠᠷ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ | ᠬᠢᠨᠠᠨ ᠵᠢᠯᠣᠭᠤᠳᠬᠤ ᠬᠦᠷᠢᠶ᠎ᠡ ᠬᠡᠪᠴᠢᠶᠡᠨ ᠳᠤ ᠣᠷᠣᠭᠤᠯᠬᠤ ᠬᠡᠷᠡᠭᠲᠡᠶ ᠭᠡᠵᠦ ᠲᠣᠳᠣᠷᠬᠠᠶ ᠳᠣᠭᠲᠠᠭᠠᠵᠤ᠂ ᠬᠢᠨᠠᠨ | ᠵᠢᠯᠣᠭᠤᠳᠬᠤ ᠡᠲᠡᠭᠡᠳ ᠢ ᠳᠣᠣᠷᠠᠳᠤ ᠱᠠᠲᠤᠨ ᠤ ᠵᠠᠰᠠᠭ ᠤᠨ ᠣᠷᠳᠣᠨ ᠵᠢᠴᠢ ᠡᠭᠦᠷᠭᠡ ᠴᠢᠳᠠᠮᠵᠢᠲᠤ ᠰᠠᠯᠠᠭ᠎ᠠ | ᠮᠥᠴᠢᠷ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠪᠣᠯᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠳᠤ | ᠬᠦᠷᠲᠡᠯ᠎ᠡ ᠥᠷᠭᠡᠳᠬᠡᠵᠦ᠂ ︽ᠪᠦᠬᠦᠨ ᠢ ᠬᠠᠮᠤᠷᠬᠤ︾ ᠶᠢ ᠪᠡᠶᠡᠯᠡᠭᠦᠯᠪᠡ᠃ ᠪᠠᠶᠢᠭᠤᠯᠤᠯ ᠤᠨ ᠲᠠᠯ᠎ᠠ ᠪᠠᠷ ᠰᠢᠢᠳᠪᠦᠷᠢᠲᠦ | ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠬᠠᠷᠢᠯᠴᠠᠨ ᠵᠣᠬᠢᠴᠠᠯᠳᠤᠬᠤ ᠰᠤᠷᠭᠠᠨ | ᠬᠥᠮᠦᠵᠢᠯ ᠤᠨ ᠬᠠᠮᠢᠶᠠᠷᠤᠯᠲᠠ ᠶᠢᠨ ᠬᠡᠪ ᠮᠠᠶ᠋ᠢᠭ ᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠶᠠᠪᠤᠴᠠ ᠳᠤ ᠬᠢ ᠰᠤᠷᠭᠠᠭᠤᠯᠢ ᠶᠢ ᠪᠠᠶᠢᠴᠠᠭᠠᠬᠤ ᠴᠢᠬᠤᠯᠠ ᠪᠠᠶᠢᠷᠢ ᠰᠠᠭᠤᠷᠢ ᠶᠢ ᠳᠣᠪᠤᠶᠢᠯᠭᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠵᠢᠯᠣᠭᠤᠳᠬᠤ ᠲᠣᠭᠲᠠᠴᠠ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ | ᠲᠣᠭᠲᠠᠴᠠ ᠪᠠ ᠠᠯᠪᠠᠨ ᠮᠡᠳᠡᠭᠡᠨ ᠤ ᠲᠣᠭᠲᠠᠴᠠ ᠶᠢ ᠪᠠᠶᠢᠭᠤᠯᠪᠠ᠃ ᠳᠦᠷᠢᠮᠵᠢᠯ ᠢ ᠬᠡᠷᠡᠭᠵᠢᠭᠦᠯᠬᠦ ᠲᠠᠯ᠎ᠠ ᠪᠠᠷ ᠰᠤᠷᠭᠠᠨ | ᠬᠥᠮᠦᠵᠢᠯ ᠢ ᠬᠢᠨᠠᠨ ᠵᠢᠯᠣᠭᠤᠳᠬᠤ ᠪᠠᠶᠢᠭᠤᠯᠤᠮᠵᠢ ᠶᠢᠨ ᠡᠷᠬᠡ ᠲᠤᠰᠢᠶᠠᠯ ᠢ ᠲᠣᠳᠣᠷᠬᠠᠶᠢᠯᠠᠵᠤ᠂ ᠰᠤᠷᠭᠠᠨ ᠬᠥᠮᠦᠵᠢᠯ ᠢ | ᠬᠢᠨᠠᠨ ᠵᠢᠯᠣᠭᠤᠳᠬᠤ ᠶᠢ ᠶᠡᠷᠦᠩᠬᠡᠶᠢᠯᠡᠨ ᠬᠢᠨᠠᠨ ᠵᠢᠯᠣᠭᠤᠳᠬᠤ᠂ ᠲᠤᠰᠬᠠᠶ ᠲᠥᠷᠥᠯ ᠢ ᠬᠢᠨᠠᠨ ᠵᠢᠯᠣᠭᠤᠳᠬᠤ ᠪᠠ | ᠪᠠᠶᠢᠩᠭᠤ ᠶᠢᠨ ᠴᠢᠨᠠᠷᠲᠠᠶ ᠬᠢᠨᠠᠨ ᠵᠢᠯᠣᠭᠤᠳᠬᠤ ᠭᠡᠵᠦ ᠭᠤᠷᠪᠠᠨ ᠲᠥᠷᠥᠯ ᠳᠤ ᠬᠤᠪᠢᠶᠠᠭᠰᠠᠨ ᠪᠥᠭᠡᠳ ᠠᠵᠢᠯ ᠤᠨ | ᠵᠢᠷᠤᠮ ᠢ ᠲᠣᠭᠲᠠᠭᠠᠭᠰᠠᠨ ᠪᠠᠶᠢᠨ᠎ᠠ᠃ ᠣᠳᠣᠬᠠᠨ ᠳᠤ᠂ ᠪᠦᠬᠦ ᠤᠯᠤᠰ ᠲᠤ ᠨᠢᠭᠡᠨᠲᠡ ᠭᠤᠷᠪᠠᠨ ᠤ ᠬᠤᠶᠠᠷ ᠬᠤᠪᠢ | ᠰᠢᠬᠠᠮ ᠤᠨ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠣᠷᠣᠨ ᠨᠤᠲᠤᠭ ᠤᠨ ᠰᠤᠷᠭᠠᠨ | ᠬᠥᠮᠦᠵᠢᠯ ᠢ ᠬᠢᠨᠠᠨ ᠵᠢᠯᠣᠭᠤᠳᠬᠤ ᠬᠠᠤᠯᠢ ᠲᠣᠭᠲᠠᠭᠠᠯ ᠢ ᠳᠣᠭᠲᠠᠭᠠᠭᠰᠠᠨ ᠪᠤᠶᠤ ᠵᠠᠰᠠᠪᠤᠷᠢ ᠣᠷᠣᠭᠤᠯᠵᠤ᠂ ᠰᠤᠷᠭᠠᠨ | ᠬᠥᠮᠦᠵᠢᠯ ᠢ ᠬᠢᠨᠠᠨ ᠵᠢᠯᠣᠭᠤᠳᠬᠤ ᠠᠵᠢᠯ ᠢ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠠᠰᠤᠷᠠᠯᠳᠠ ᠦᠭᠡᠢ ᠲᠦᠯᠬᠢᠨ | ᠠᠬᠢᠭᠤᠯᠪᠠ᠃ | | | ᠲᠠᠪᠤᠳᠤᠭᠠᠷ ᠭᠠᠶᠢᠬᠠᠮᠰᠢᠭᠲᠤ ᠴᠠᠭ ᠮᠥᠴᠡ᠄ ︽ᠰᠠᠨᠠᠯ︾ ᠢ ᠨᠡᠶᠢᠲᠡᠯᠡᠵᠦ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠠᠵᠢᠯ ᠳᠤ ᠪᠥᠬᠦ ᠲᠠᠯ᠎ᠠ ᠪᠠᠷ ᠥᠭᠡᠷᠡᠴᠢᠯᠡᠯᠲᠡ ᠬᠢᠵᠦ᠂ ᠲᠦᠷᠭᠡᠨ ᠬᠥᠭᠵᠢᠯᠲᠡ ᠶᠢᠨ ᠵᠠᠮ ᠳᠤ ᠪᠠᠨ ᠣᠷᠣᠪᠠ᠃ | ︽ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠰᠠᠭᠤᠳᠠᠯ ᠤᠳ ᠤᠨ ᠲᠤᠬᠠᠶ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠂ ︽ᠰᠤᠷᠭᠠᠨ ᠬᠥᠮᠦᠵᠢᠯ ᠤᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠵᠡᠷᠭᠡ ᠴᠢᠬᠤᠯᠠ ᠶᠡᠭᠡ ᠪᠢᠴᠢᠭ | ᠮᠠᠲ᠋ᠧᠷᠢᠶᠠᠯ ᠨᠢ ᠪᠦᠷ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠳᠤ ᠱᠠᠭᠠᠷᠳᠠᠯᠭ᠎ᠠ ᠳᠤᠷᠠᠳᠴᠤ᠂ | ᠦᠨᠳᠦᠰᠦᠯᠡᠯ ᠬᠠᠩᠭᠠᠬᠤ ᠶᠢᠨ ᠬᠠᠮᠲᠤ ᠪᠠᠰᠠ ᠰᠢᠨ᠎ᠡ ᠨᠢᠭᠡ ᠡᠭᠡᠯᠵᠢ ᠶᠢᠨ ᠰᠤᠷᠭᠠᠨ ᠬᠥᠮᠦᠵᠢᠯ ᠢ ᠬᠢᠨᠠᠨ | ᠵᠢᠯᠣᠭᠤᠳᠬᠤ ᠶᠢᠨ ᠥᠭᠡᠷᠡᠴᠢᠯᠡᠯᠲᠡ ᠶᠢᠨ ᠪᠦᠷᠢᠶ᠎ᠡ ᠶᠢ ᠬᠠᠩᠭᠢᠨᠠᠭᠤᠯᠪᠠ᠃ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠠᠴᠠ ᠨᠠᠭᠠᠰᠢ᠂ ᠰᠢᠨ᠎ᠡ ᠲᠡᠦᠬᠡᠨ ᠨᠥᠬᠦᠴᠡᠯ ᠳᠤ ᠬᠢ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠨᠢ | ᠨᠢᠭᠡᠨᠲᠡ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠬᠠᠮᠤᠷᠴᠤ᠂ ᠰᠤᠷᠭᠠᠨ ᠬᠥᠮᠦᠵᠢᠯ ᠤᠨ ᠡᠯ᠎ᠡ | ᠲᠠᠯ᠎ᠠ ᠳᠤ ᠬᠤᠯᠪᠣᠭᠳᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠪᠥᠬᠦ ᠲᠠᠯ᠎ᠠ ᠶᠢᠨ | ᠲᠣᠭᠲᠠᠭᠤᠨ ᠪᠠᠶᠢᠳᠠᠯ ᠲᠠᠢ ᠰᠢᠭᠤᠳ ᠬᠤᠯᠪᠣᠭᠳᠠᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮᠲᠤ | ᠦᠢᠯᠡᠰ ᠤᠨ ᠪᠦᠬᠦ ᠲᠠᠯ᠎ᠠ ᠳᠤ ᠬᠤᠯᠪᠤᠭᠲᠠᠨ᠂ ᠡᠯ᠎ᠡ ᠡᠲᠡᠭᠡᠳ ᠤᠨ ᠬᠢᠨ ᠳᠡᠭᠡᠳᠦ ᠬᠡᠮᠵᠢᠶ᠎ᠡ ᠪᠠᠷ ᠠᠩᠬᠠᠷᠴᠤ᠂ ᠨᠠᠮ ᠤᠨ | ᠲᠥᠪ ᠬᠤᠷᠢᠶᠠᠨ ᠠᠴᠠ ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ᠂ | ᠬᠢᠨᠠᠨ ᠪᠠᠶᠢᠴᠠᠭᠠᠬᠤ ᠪᠣᠯ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠬᠤᠯᠠ ᠠᠷᠭ᠎ᠠ ᠪᠠᠷᠢᠯ ᠮᠥᠨ᠂ ᠬᠢᠨᠠᠨ | ᠪᠠᠶᠢᠴᠠᠭᠠᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ ᠭᠡᠵᠦ ᠲᠣᠳᠣᠷᠬᠠᠢ ᠵᠢᠭᠠᠪᠤᠷᠢᠯᠠᠪᠠ᠃ ᠸᠠᠩ ᠬᠤ᠋ | ᠨᠢᠩ ᠨᠥᠬᠦᠷ ᠬᠢᠨᠠᠨ ᠪᠠᠶᠢᠴᠠᠭᠠᠬᠤ ᠳᠤ ᠪᠠᠨ ︽ᠰᠤᠷᠭᠠᠨ ᠬᠥᠮᠦᠵᠢᠯ ᠤᠨ ᠬᠦᠷᠢᠶ᠎ᠡ ᠬᠡᠪᠴᠢᠶᠡᠨ ᠳᠤ ᠬᠢ ᠲᠣᠪᠤᠶᠢᠮ᠎ᠠ | ᠵᠥᠷᠢᠴᠡᠯ ᠪᠣᠯᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢᠨ ᠵᠠᠩᠭᠢᠯᠠᠭ᠎ᠠ ᠨᠢ ︿ᠬᠤᠷᠴᠠ ᠰᠢᠭᠤᠷᠬᠠᠢ﹀ | ᠪᠠᠶᠢᠬᠤ ᠶᠠᠪᠤᠳᠠᠯ ᠪᠣᠯᠤᠨ᠎ᠠ ᠭᠡᠵᠦ ᠣᠯᠠᠨᠲᠠ ᠴᠢᠬᠤᠯᠠᠴᠢᠯᠠᠪᠠ︾᠃ ᠰᠦᠨ ᠴᠦᠨ ᠯᠠᠨ ᠨᠥᠬᠦᠷ ᠣᠯᠠᠨᠲᠠ | ᠴᠣᠬᠤᠯᠠᠪᠤᠷᠢ ᠬᠢᠵᠦ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠬᠠᠶ | ᠬᠠᠨᠳᠤᠯᠭᠠᠲᠤ ᠴᠢᠨᠠᠷᠲᠠᠶ᠂ ᠬᠦᠴᠦᠯᠡᠴᠡ ᠰᠠᠶᠢᠲᠠᠶ᠂ ︽ᠬᠤᠷᠴᠠ ᠰᠢᠭᠤᠷᠬᠠᠢ︾ ᠲᠥᠰᠦᠯ ᠢ ᠭᠠᠷᠭᠠᠬᠤ ᠬᠡᠷᠡᠭᠲᠡᠶ ᠭᠡᠵᠦ | ᠱᠠᠭᠠᠷᠳᠠᠪᠠ᠃ ᠡᠨᠡ ᠬᠦ ᠠᠬᠤᠶ ᠪᠠᠶᠢᠳᠠᠯ ᠳᠤ᠂ ᠶᠡᠷᠦᠩᠬᠡᠶ ᠱᠦᠵᠢ ᠰᠢ ᠶᠢᠨ ᠫᠢᠩ ᠠᠴᠠ ᠲᠥᠪ ᠤᠨ | ᠥᠭᠡᠷᠡᠴᠢᠯᠡᠯᠲᠡ ᠶᠢᠨ ᠬᠤᠷᠢᠶᠠᠨ ᠤ ᠪᠥᠬᠦᠳᠡ ᠬᠤᠷᠠᠯ ᠢ ᠪᠡᠶ᠎ᠡ ᠪᠠᠷ ᠢᠶᠠᠨ ᠡᠷᠬᠢᠯᠡᠨ ᠬᠤᠷᠠᠯᠳᠤᠭᠤᠯᠵᠤ᠂ ᠬᠢᠨᠠᠨ | ᠪᠠᠶᠢᠴᠠᠭᠠᠬᠤ ᠶᠢ ᠥᠭᠡᠷᠡᠴᠢᠯᠡᠬᠦ ᠪᠢᠴᠢᠭ ᠮᠠᠲ᠋ᠧᠷᠢᠶᠠᠯ ᠢ ᠰᠤᠳᠤᠯᠵᠤ ᠬᠢᠨᠠᠨ ᠶᠠᠷᠢᠯᠴᠠᠪᠠ᠃ ᠣᠶᠢᠷ᠎ᠠ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠠᠴᠠ ︽ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠪᠠᠶᠢᠭᠤᠯᠤᠯ | ᠳᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠢ ᠬᠠᠮᠲᠤ ᠪᠠᠷ ᠨᠡᠶᠢᠲᠡᠯᠡᠵᠦ᠂ ᠰᠢᠨ᠎ᠡ ᠴᠠᠭ | ᠦᠶ᠎ᠡ ᠳᠤ ᠬᠢ ᠤᠯᠤᠰ ᠤᠨ ᠵᠠᠰᠠᠯᠲᠠ ᠶᠢᠨ ᠰᠢᠰᠲ᠋ᠧᠮ ᠪᠠ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ | ᠪᠥᠬᠦ ᠲᠠᠯ᠎ᠠ ᠶᠢ ᠲᠡᠭᠦᠯᠳᠡᠷᠵᠢᠭᠦᠯᠬᠦ ᠶᠢ ᠪᠣᠳᠣᠯᠬᠢᠯᠠᠵᠤ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠳᠤ | ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠳᠤ ᠴᠢᠭᠯᠡᠭᠦᠯᠦᠨ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ | ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠤᠨ ᠶᠡᠷᠦᠩᠬᠡᠶ ᠵᠢᠯᠣᠭᠤᠳᠣᠯᠭ᠎ᠠ ᠪᠠ | ᠳᠦᠷᠢᠮᠵᠢᠯ ᠪᠣᠯᠭᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠦᠢᠯᠡᠰ ᠤᠨ | ᠬᠥᠭᠵᠢᠯᠲᠡ ᠳᠤ ᠰᠢᠨ᠎ᠡ ᠠᠶᠠᠨ ᠤ ᠴᠠᠮᠬᠠᠭ ᠢ ᠪᠣᠰᠬᠠᠵᠤ ᠥᠭᠪᠡ᠃ | ︵ᠨᠢᠭᠡ︶ ᠥᠭᠡᠷᠡᠴᠢᠯᠡᠯᠲᠡ ᠶᠢᠨ ᠬᠠᠷᠠᠯᠲᠠ ᠪᠠᠨ ᠲᠣᠳᠣᠷᠬᠠᠶᠢᠯᠠᠵᠤ᠂ ︽ᠰᠤᠷᠭᠠᠨ ᠬᠥᠮᠦᠵᠢᠯ ᠢ ᠬᠢᠨᠠᠨ | ᠵᠢᠯᠣᠭᠤᠳᠬᠤ 2.0︾ ᠢ ᠡᠬᠢᠯᠡᠭᠦᠯᠦᠭᠰᠡᠨ | ᠡᠨᠡ ᠤᠳᠠᠭᠠᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠨ ᠪᠦᠷᠢᠯᠳᠦᠭᠰᠡᠨ ᠬᠢᠨᠠᠨ ᠵᠢᠯᠣᠭᠤᠳᠬᠤ ᠳᠦᠷᠢᠮ ᠤᠨ | ᠳᠣᠬᠢᠷᠠᠭᠤᠯᠤᠯᠲᠠ ᠶᠢ ︽ᠰᠤᠷᠭᠠᠨ ᠬᠥᠮᠦᠵᠢᠯ ᠢ ᠬᠢᠨᠠᠨ ᠵᠢᠯᠣᠭᠤᠳᠬᠤ 2.0︾ ᠭᠡᠵᠦ ᠦᠵᠡᠵᠦ ᠪᠣᠯᠤᠨ᠎ᠠ᠂ ᠡᠨᠡ ᠪᠣᠯ | ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠰᠢᠰᠲ᠋ᠧᠮ ᠨᠢ ᠥᠪᠡᠷ ᠢ ᠪᠠᠨ ᠰᠢᠨᠡᠳᠬᠡᠵᠦ ᠲᠡᠭᠦᠯᠳᠡᠷᠵᠢᠭᠦᠯᠦᠭᠰᠡᠨ | ᠶᠠᠪᠤᠳᠠᠯ᠂ ᠬᠠᠮᠤᠭ ᠤᠨ ᠶᠡᠭᠡ ᠬᠢᠯᠠᠰ ᠴᠡᠭ ᠨᠢ ᠪᠣᠯ ︽ᠬᠤᠷᠴᠠ ᠰᠢᠭᠤᠷᠬᠠᠢ︾ ᠳᠤ ᠪᠣᠢ ᠶᠤᠮ᠃ ︽ᠰᠠᠨᠠᠯ︾ ᠨᠢ | ᠪᠢᠳᠡᠨ ᠳᠤ ︽ᠰᠤᠷᠭᠠᠨ ᠬᠥᠮᠦᠵᠢᠯ ᠢ ᠬᠢᠨᠠᠨ ᠵᠢᠯᠣᠭᠤᠳᠬᠤ 2.0︾ ᠬᠦᠷᠬᠦ ᠵᠠᠮ ᠢ ᠲᠣᠳᠣᠷᠬᠠᠶ ᠵᠢᠭᠠᠨ ᠥᠭᠴᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠪᠦᠬᠦ | ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ | ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ᠂ ᠶᠣᠰᠣ ᠰᠤᠷᠲᠠᠬᠤᠨ ᠢ ᠪᠣᠶ ᠪᠣᠯᠭᠠᠵᠤ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠬᠠᠮᠢᠶᠠᠷᠤᠯᠲᠠ ᠶᠢᠨ | ᠪᠠᠶᠢᠭᠤᠯᠤᠯ ᠢ ᠰᠢᠯᠢᠳᠡᠭᠵᠢᠭᠦᠯᠬᠦ᠂ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ᠂ ᠦᠷ᠎ᠡ ᠳ᠋ᠦᠩ ᠤᠨ | ᠬᠡᠷᠡᠭᠯᠡᠯᠲᠡ ᠶᠢ ᠴᠢᠩᠭᠠᠳᠬᠠᠬᠤ ᠪᠠᠷ ᠰᠢᠪᠲᠤᠯᠤᠯᠲᠠ ᠪᠣᠯᠭᠠᠵᠤ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠴᠢᠨᠠᠷ | ᠴᠢᠨᠰᠠᠭ᠎ᠠ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ 2022 ᠣᠨ ᠪᠣᠯᠬᠤ ᠳᠤ᠂ ᠪᠥᠬᠦᠨ ᠢ | ᠪᠦᠷᠬᠦᠭᠰᠡᠨ᠂ ᠥᠨᠳᠥᠷ ᠪᠦᠲᠦᠮᠵᠢᠲᠡᠢ᠂ ᠦᠷ᠎ᠡ ᠳ᠋ᠦᠩ ᠨᠢ ᠡᠷᠬᠡ ᠰᠦᠷᠲᠡᠢ᠂ ᠠᠵᠢᠯ ᠤᠨ ᠬᠠᠷᠢᠭᠤᠴᠠᠯᠭ᠎ᠠ ᠶᠢ | ᠨᠡᠬᠡᠮᠵᠢᠯᠡᠬᠦ ᠨᠢ ᠬᠦᠴᠦᠲᠡᠢ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮᠲᠤ ᠰᠤᠷᠭᠠᠨ ᠬᠥᠮᠦᠵᠢᠯ ᠢ | ᠬᠢᠨᠠᠨ ᠵᠢᠯᠣᠭᠤᠳᠬᠤ ᠪᠠᠶᠢᠭᠤᠯᠤᠯ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠤᠨ᠎ᠠ᠃ ᠡᠭᠦᠨ ᠳᠤ ᠵᠠᠰᠠᠭ ᠤᠨ | ᠬᠢᠨᠠᠯᠲᠠ ᠳᠤ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠠᠴᠠ ᠰᠤᠷᠭᠠᠨ ᠬᠥᠮᠦᠵᠢᠯ ᠤᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠢ ᠬᠢᠨᠠᠨ ᠵᠢᠯᠣᠭᠤᠳᠴᠤ ᠦᠨᠡᠯᠡᠬᠦ ᠲᠣᠭᠲᠠᠴᠠ ᠶᠢ ᠱᠠᠲᠤ | ᠬᠤᠪᠢᠶᠠᠨ ᠪᠠᠶᠢᠭᠤᠯᠵᠤ᠂ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯᠤᠨ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠭᠤᠣᠯᠳᠠᠯᠭ᠎ᠠ ᠲᠠᠢ | ᠬᠢᠨᠠᠨ ᠪᠠᠶᠢᠴᠠᠭᠠᠵᠤ ᠨᠠᠶᠢᠳᠠᠪᠤᠷᠢᠵᠢᠭᠤᠯᠬᠤ ᠬᠡᠷᠡᠭᠲᠡᠢ︔ ᠰᠤᠷᠭᠠᠭᠤᠯᠢ ᠶᠢ ᠬᠢᠨᠠᠨ ᠪᠠᠶᠢᠴᠠᠭᠠᠬᠤ ᠳᠤ ᠤᠯᠤᠰ ᠠᠴᠠ | ᠨᠢᠭᠡᠳᠦᠯᠲᠡᠶ ᠲᠥᠯᠥᠪᠯᠡᠨ ᠪᠠᠷᠢᠮᠵᠢᠶ᠎ᠠ ᠶᠢ ᠳᠣᠭᠲᠠᠭᠠᠨ᠂ ᠣᠷᠣᠨ ᠨᠤᠲᠤᠭ ᠢᠶᠠᠷ ᠭᠤᠣᠯ ᠪᠣᠯᠭᠠᠨ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠰᠤᠷᠭᠠᠭᠤᠯᠢ ᠶᠢᠨ ᠶᠣᠰᠣ ᠮᠣᠷᠠᠯ ᠢ ᠪᠣᠢ ᠪᠣᠯᠭᠠᠵᠤ ᠬᠥᠮᠦᠨ ᠢ ᠬᠥᠮᠥᠵᠢᠭᠦᠯᠦᠨ᠂ | ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ ᠬᠢᠨᠠᠨ ᠪᠠᠶᠢᠴᠠᠭᠠᠬᠤ ᠠᠵᠢᠯ ᠤᠨ ᠲᠣᠭᠲᠠᠴᠠ ᠶᠢ ᠳᠦᠷᠢᠮᠵᠢᠭᠦᠯᠵᠦ᠂ | ᠭᠤᠤᠯᠳᠠᠭᠤ ᠶᠣᠰᠣ ᠮᠣᠷᠠᠯ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠶᠢ ᠬᠢᠨᠠᠨ ᠪᠠᠶᠢᠴᠠᠭᠠᠬᠤ ᠶᠢ | ᠨᠠᠶᠢᠳᠠᠪᠤᠷᠢᠵᠢᠭᠤᠯᠬᠤ ᠬᠡᠷᠡᠭᠲᠡᠢ︔ ᠦᠨᠡᠯᠡᠨ ᠵᠢᠱᠢᠵᠦ ᠬᠢᠨᠠᠬᠤ ᠭᠤᠣᠯᠳᠠᠯᠭ᠎ᠠ ᠪᠣᠯ ᠰᠢᠰᠲ᠋ᠧᠮ ᠢᠶᠠᠷ ᠬᠠᠮᠢᠶᠠᠷᠬᠤ ᠶᠢ | ᠪᠠᠶᠢᠭᠤᠯᠬᠤ ᠶᠠᠪᠤᠳᠠᠯ ᠪᠣᠯᠤᠨ᠎ᠠ᠂ ᠲᠤᠰᠬᠠᠶ ᠮᠡᠷᠭᠡᠵᠢᠯ ᠤᠨ ᠪᠠᠶᠢᠭᠤᠯᠤᠮᠵᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ | ᠵᠡᠷᠭᠡ ᠣᠯᠠᠨ ᠲᠠᠯ᠎ᠠ ᠶᠢᠨ ᠬᠢᠨ ᠣᠷᠣᠯᠴᠠᠭᠰᠠᠨ ᠦᠨᠡᠯᠡᠨ ᠵᠢᠱᠢᠵᠦ ᠬᠢᠨᠠᠬᠤ ᠲᠣᠭᠲᠠᠴᠠ ᠶᠢᠨ ᠭᠤᠣᠯᠳᠠᠯᠭ᠎ᠠ ᠨᠢ | ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠱᠠᠲᠤᠨ ᠤ ᠡᠯ᠎ᠡ | ᠲᠦᠷᠦᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠬᠥᠲᠥᠯᠥᠨ ᠵᠢᠯᠣᠭᠤᠳᠬᠤ ᠬᠡᠷᠡᠭᠲᠡᠢ᠃ | ︵ᠬᠤᠶᠠᠷ︶ ᠪᠥᠬᠦ ᠲᠠᠯ᠎ᠠ ᠪᠠᠷ ᠬᠦᠴᠦᠯᠡᠵᠦ᠂ ᠰᠢᠨ᠎ᠡ ᠠᠷᠭ᠎ᠠ ᠪᠣᠳᠤᠯᠭ᠎ᠠ ᠶᠢ ᠡᠭᠦᠳᠴᠦ᠂ ︽ᠬᠤᠷᠴᠠ | ᠰᠢᠭᠤᠷᠬᠠᠢ︾ ᠪᠠᠶᠢᠬᠤ ᠶᠢ ᠦᠨᠡᠨ ᠬᠦ ᠨᠠᠶᠢᠳᠠᠪᠤᠷᠢᠵᠢᠭᠤᠯᠤᠭᠰᠠᠨ | ︽ᠬᠤᠷᠴᠠ ᠰᠢᠭᠤᠷᠬᠠᠢ︾ ᠪᠣᠯ ᠲᠥᠪ ᠤᠨ ᠤᠳᠤᠷᠢᠳᠤᠯᠭ᠎ᠠ ᠠᠴᠠ ᠰᠤᠷᠭᠠᠨ ᠬᠥᠮᠦᠵᠢᠯ ᠢ ᠬᠢᠨᠠᠨ | ᠵᠢᠯᠣᠭᠤᠳᠬᠤ ᠠᠵᠢᠯ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠪᠣᠯᠤᠨ᠎ᠠ᠂ ᠪᠠᠰᠠ ᠴᠤ ᠰᠤᠷᠭᠠᠨ ᠬᠥᠮᠦᠵᠢᠯ ᠢ ᠬᠢᠨᠠᠨ | ᠵᠢᠯᠣᠭᠤᠳᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠵᠤ᠂ ᠰᠤᠷᠭᠠᠨ ᠬᠥᠮᠦᠵᠢᠯ ᠤᠨ ᠬᠦᠷᠢᠶ᠎ᠡ | ᠬᠡᠪᠴᠢᠶᠡᠨ ᠳᠤ ᠬᠤᠷᠠᠮᠳᠤᠭᠰᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠦᠨᠳᠦᠰᠦᠨ ᠠᠷᠭ᠎ᠠ ᠪᠣᠳᠣᠯᠭ᠎ᠠ | ᠪᠣᠯᠤᠨ᠎ᠠ᠃ ︽ᠰᠠᠨᠠᠯ︾ ᠨᠢ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠳᠤ ︽ᠬᠤᠷᠴᠠ ᠰᠢᠭᠤᠷᠬᠠᠢ︾ ᠪᠠᠶᠢᠬᠤ ᠶᠢ | ᠪᠣᠳᠣᠯᠬᠢᠯᠠᠵᠤ᠂ ᠬᠠᠮᠢᠶᠠᠷᠤᠯᠲᠠ ᠶᠢᠨ ᠪᠠᠶᠢᠭᠤᠯᠤᠯ᠂ ᠠᠵᠢᠯᠯᠠᠭᠠᠨ ᠤ ᠲᠣᠭᠲᠠᠴᠠ᠂ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ᠂ ᠰᠤᠷᠭᠠᠭᠤᠯᠢ ᠶᠢ ᠪᠠᠶᠢᠴᠠᠭᠠᠭᠴᠢ ᠶᠢ ᠤᠷᠢᠨ ᠬᠡᠷᠡᠭᠯᠡᠬᠦ ᠬᠠᠮᠢᠶᠠᠷᠤᠯᠲᠠ ᠪᠠ ᠪᠠᠲᠤᠯᠠᠭ᠎ᠠ ᠶᠢᠨ ᠲᠣᠭᠲᠠᠴᠠ | ᠵᠡᠷᠭᠡ 5 ᠲᠠᠯ᠎ᠠ ᠪᠠᠷ 24 ᠵᠤᠷᠪᠤᠰ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠰᠠᠨ ᠨᠢ ᠴᠥᠮ | ᠦᠨᠡᠨ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠲᠠᠯ᠎ᠠ ᠪᠠᠷ᠂ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠪᠡᠶ᠎ᠡ ᠪᠠᠨ ᠳᠠᠭᠠᠭᠠᠬᠤ ᠴᠢᠨᠠᠷ ᠢ | ᠪᠠᠲᠤᠯᠠᠵᠤ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠡᠭᠦᠷᠭᠡ ᠴᠢᠳᠠᠪᠤᠷᠢ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠳᠣᠪᠤᠶᠢᠯᠭᠠᠨ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠵᠥᠪᠯᠡᠯ ᠤᠨ ᠪᠦᠷᠢᠯᠳᠦᠬᠦᠨ | ᠨᠢᠭᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠷᠣᠨ ᠨᠤᠲᠤᠭ ᠤᠨ ᠡᠯ᠎ᠡ ᠱᠠᠲᠤᠨ ᠤ ᠰᠤᠷᠭᠠᠨ ᠬᠥᠮᠦᠵᠢᠯ ᠢ | ᠬᠢᠨᠠᠨ ᠵᠢᠯᠣᠭᠤᠳᠬᠤ ᠪᠠᠶᠢᠭᠤᠯᠤᠮᠵᠢ ᠶᠢᠨ ᠤᠳᠤᠷᠢᠳᠤᠯᠭ᠎ᠠ ᠶᠢ ᠴᠢᠩᠭᠠᠳᠬᠠᠬᠤ ᠵᠡᠷᠭᠡ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠪᠠ᠃ ᠣᠨᠴᠠᠭᠠᠶᠢᠯᠠᠨ ᠡᠯ᠎ᠡ ᠮᠣᠵᠢ ︵ᠣᠷᠣᠨ᠂ ᠬᠤᠲᠠ︶ ᠨᠢ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠢ ᠬᠢᠨᠠᠨ | ᠵᠢᠯᠣᠭᠤᠳᠬᠤ ᠵᠥᠪᠯᠡᠯ ᠤᠨ ᠪᠦᠲᠦᠴᠡ ᠲᠠᠢ ᠬᠠᠷᠢᠴᠠᠭᠤᠯᠤᠨ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠳᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠬᠢᠨᠠᠨ ᠵᠢᠯᠣᠭᠤᠳᠬᠤ ᠠᠵᠢᠯᠯᠠᠭᠠᠨ ᠤ ᠲᠣᠭᠲᠠᠴᠠ ᠶᠢᠨ | ᠥᠭᠡᠷᠡᠴᠢᠯᠡᠯᠲᠡ ᠶᠢᠨ ᠲᠠᠯ᠎ᠠ ᠪᠠᠷ᠂ ︽ᠪᠥᠬᠦ ᠲᠠᠯ᠎ᠠ ᠳᠡᠭᠡᠷᠡᠬᠢ ᠳᠣᠭᠲᠠᠯᠴᠠᠭ᠎ᠠ ᠶᠢ ᠪᠠᠶᠢᠭᠤᠯᠵᠤ᠂ ᠴᠡᠭ ᠳᠡᠭᠡᠷᠡᠬᠢ | ᠥᠪᠡᠷᠮᠢᠴᠡ ᠣᠨᠴᠠᠯᠢᠭ ᠢ ᠲᠣᠪᠣᠶᠢᠯᠭᠠᠬᠤ︾ ᠰᠡᠳᠬᠢᠮᠵᠢ ᠶᠣᠰᠤ ᠪᠠᠷ ᠵᠠᠰᠠᠭ ᠤᠨ ᠬᠢᠨᠠᠯᠲᠠ᠂ ᠰᠤᠷᠭᠠᠭᠤᠯᠢ ᠶᠢ | ᠪᠠᠶᠢᠴᠠᠭᠠᠬᠤ᠂ ᠦᠨᠡᠯᠡᠨ ᠵᠢᠱᠢᠵᠦ ᠬᠢᠨᠠᠬᠤ ᠭᠤᠷᠪᠠ ᠶᠢ ᠨᠢᠭᠡ ᠴᠣᠭᠴᠠᠵᠢᠭᠤᠯᠤᠭᠰᠠᠨ ᠰᠤᠷᠭᠠᠨ ᠬᠥᠮᠦᠵᠢᠯ ᠢ ᠬᠢᠨᠠᠨ | ᠵᠢᠯᠣᠭᠤᠳᠬᠤ ᠳᠣᠭᠲᠠᠯᠴᠠᠭᠠᠨ ᠠᠴᠠ ᠡᠭᠦᠰᠴᠦ᠂ ᠬᠢᠨᠠᠨ ᠵᠢᠯᠣᠭᠤᠳᠬᠤ ᠡᠭᠦᠷᠭᠡ ᠴᠢᠳᠠᠪᠤᠷᠢ ᠶᠢᠨ ︽ᠥᠪᠡᠷᠮᠢᠴᠡ | ᠣᠨᠴᠠᠯᠢᠭᠲᠤ︾ ᠲᠤᠬᠠᠶᠢᠯᠠᠭᠰᠠᠨ ᠠᠵᠢᠯ ᠢ ᠨᠠᠶᠢᠳᠠᠪᠤᠷᠢᠵᠢᠭᠤᠯᠬᠤ ᠶᠢ ᠳᠤᠷᠠᠳᠤᠨ ᠭᠠᠷᠭᠠᠪᠠ᠃ ᠣᠷᠣᠨ ᠨᠤᠲᠤᠭ ᠤᠨ | ᠵᠠᠰᠠᠭ ᠤᠨ ᠣᠷᠳᠣᠨ ᠠᠴᠠ ᠰᠤᠷᠭᠠᠨ ᠬᠥᠮᠦᠵᠢᠯ ᠤᠨ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠬᠢᠨᠠᠨ | ᠵᠢᠯᠣᠭᠤᠳᠬᠤ ᠲᠠᠯ᠎ᠠ ᠪᠠᠷ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠯᠡᠬᠦ᠂ ᠰᠤᠷᠭᠠᠨ ᠬᠥᠮᠦᠵᠢᠯ ᠤᠨ ᠬᠠᠯᠠᠮᠰᠢᠯ ᠠᠰᠠᠭᠤᠳᠠᠯ ᠪᠠ | ᠬᠦᠴᠢᠷ ᠠᠰᠠᠭᠤᠳᠠᠯ ᠪᠣᠯᠤᠨ ᠭᠤᠤᠯᠳᠠᠯᠭ᠎ᠠ ᠲᠠᠢ ᠠᠵᠢᠯ ᠢ ᠲᠤᠰᠬᠠᠶ ᠬᠢᠨᠠᠨ ᠵᠢᠯᠣᠭᠤᠳᠬᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠦᠨᠡᠯᠡᠨ ᠵᠢᠱᠢᠵᠦ ᠮᠠᠭᠠᠳᠯᠠᠨ ᠳᠣᠭᠲᠠᠭᠠᠬᠤ ᠪᠠ ᠬᠢᠨᠠᠵᠤ | ᠳᠠᠪᠲᠠᠨ ᠪᠠᠶᠢᠴᠠᠭᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠲᠠᠯ᠎ᠠ ᠶᠢ ᠰᠠᠶᠢᠵᠢᠷᠠᠭᠤᠯᠬᠤ ᠪᠠ | ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠠᠵᠢᠯ ᠢ ᠥᠷᠨᠢᠭᠦᠯᠬᠦ ᠬᠡᠷᠡᠭᠲᠡᠢ᠃ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ ᠶᠢ ᠬᠢᠨᠠᠨ ᠵᠢᠯᠣᠭᠤᠳᠬᠤ ᠶᠢ ᠴᠢᠩᠭᠠᠳᠬᠠᠬᠤ ᠲᠠᠯ᠎ᠠ ᠪᠠᠷ᠂ ᠰᠤᠷᠭᠠᠭᠤᠯᠢ ᠶᠢ ᠬᠢᠨᠠᠨ ᠬᠠᠮᠢᠶᠠᠷᠬᠤ ᠪᠠ | ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠭᠤᠯᠢ ᠶᠢ ᠬᠢᠨᠠᠨ ᠪᠠᠶᠢᠴᠠᠭᠠᠬᠤ | ᠬᠠᠷᠢᠭᠤᠴᠠᠯᠭ᠎ᠠ ᠶᠢᠨ ᠣᠷᠣᠨ ᠤ ᠳᠦᠷᠢᠮ ᠢ ᠲᠡᠭᠦᠯᠳᠡᠷᠵᠢᠭᠦᠯᠦᠨ᠂ ᠰᠤᠷᠭᠠᠭᠤᠯᠢ ᠶᠢ ᠪᠠᠶᠢᠴᠠᠭᠠᠬᠤ ᠶᠢ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠰᠤᠷᠭᠠᠭᠤᠯᠢ ᠶᠢ ᠬᠢᠨᠠᠨ ᠪᠠᠶᠢᠴᠠᠭᠠᠵᠤ ᠰᠤᠷᠭᠠᠭᠤᠯᠢ ᠡᠷᠬᠢᠯᠡᠬᠦ | ᠦᠢᠯᠡ ᠠᠵᠢᠯᠯᠠᠭ᠎ᠠ ᠶᠢ ᠳᠦᠷᠢᠮᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠢ ᠦᠨᠡᠯᠡᠨ ᠵᠢᠱᠢᠵᠦ ᠬᠢᠨᠠᠬᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠠᠯ᠎ᠠ ᠪᠠᠷ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠴᠢᠨᠰᠠᠭ᠎ᠠ ᠶᠢ ᠬᠢᠨᠠᠬᠤ᠂ ᠳ᠋ᠣᠺᠲ᠋ᠣᠷ᠂ ᠮᠠᠭᠢᠰᠲ᠋ᠧᠷ ᠴᠣᠯᠠ ᠬᠠᠮᠠᠭᠠᠯᠠᠬᠤ ᠥᠭᠦᠯᠡᠯ ᠢ ᠰᠣᠩᠭᠤᠨ ᠪᠠᠶᠢᠴᠠᠭᠠᠬᠤ ᠵᠡᠷᠭᠡ ᠶᠢ | ᠦᠷᠭᠦᠯᠵᠢᠯᠡᠨ ᠥᠷᠨᠢᠭᠦᠯᠵᠦ᠂ ᠬᠡᠤᠬᠡᠳ ᠤᠨ ᠴᠡᠴᠡᠷᠯᠢᠭ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠬᠠᠮᠤᠷᠤᠭᠰᠠᠨ ᠡᠯ᠎ᠡ ᠱᠠᠲᠤᠨ ᠤ | ᠡᠯ᠎ᠡ ᠲᠥᠷᠥᠯ ᠤᠨ ᠰᠤᠷᠭᠠᠨ ᠬᠥᠮᠦᠵᠢᠯ ᠢ ᠦᠨᠡᠯᠡᠨ ᠵᠢᠱᠢᠵᠦ ᠬᠢᠨᠠᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ | ᠬᠡᠷᠡᠭᠲᠡᠢ᠃ ᠰᠤᠷᠭᠠᠭᠤᠯᠢ ᠶᠢ ᠬᠥᠲᠥᠯᠥᠨ ᠵᠢᠯᠣᠭᠤᠳᠴᠤ ᠪᠠᠶᠢᠭᠠᠳ ᠰᠤᠷᠭᠠᠨ ᠬᠥᠮᠦᠵᠢᠯ ᠤᠨ ᠵᠢᠮ᠎ᠡ ᠶᠣᠰᠣ ᠶᠢ | ᠵᠢᠷᠤᠮᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠳᠤ ᠠᠩᠬᠠᠷᠤᠯ ᠢᠶᠠᠨ ᠲᠦᠪᠯᠡᠷᠡᠭᠦᠯᠬᠦ | ᠬᠡᠷᠡᠭᠲᠡᠢ᠃ ᠬᠢᠨᠠᠨ ᠵᠢᠯᠣᠭᠤᠳᠴᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢᠨ ᠥᠭᠡᠷᠡᠴᠢᠯᠡᠯᠲᠡ ᠶᠢᠨ ᠲᠠᠯ᠎ᠠ ᠪᠠᠷ᠂ | ᠬᠢᠨᠠᠨ ᠵᠢᠯᠣᠭᠤᠳᠬᠤ ᠦᠷ᠎ᠡ ᠳ᠋ᠦᠩ ᠤᠨ ᠬᠡᠷᠡᠭᠯᠡᠯᠲᠡ ᠪᠠ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠪᠠᠷᠢᠯ ᠢ ᠲᠤᠶᠢᠯ ᠤᠨ | ᠶᠡᠭᠡ ᠪᠠᠷ ᠪᠠᠶᠠᠯᠢᠭᠵᠢᠭᠤᠯᠵᠤ᠂ ᠮᠡᠳᠡᠭᠦᠯᠬᠦ᠂ ᠬᠠᠷᠢᠭᠤ ᠲᠤᠰᠬᠠᠬᠤ᠂ ᠴᠡᠭᠴᠡᠯᠡᠨ ᠰᠠᠶᠢᠵᠢᠷᠠᠭᠤᠯᠬᠤ᠂ ᠳᠠᠬᠢᠨ ᠪᠠᠶᠢᠴᠠᠭᠠᠬᠤ᠂ | ᠤᠷᠮᠠᠰᠢᠭᠤᠯᠬᠤ᠂ ᠪᠣᠯᠵᠣᠨ ᠶᠠᠷᠢᠯᠴᠠᠬᠤ᠂ ᠨᠡᠪᠲᠡᠷᠡᠭᠦᠯᠬᠦ᠂ ᠬᠠᠷᠢᠭᠤᠴᠠᠯᠭ᠎ᠠ ᠨᠡᠬᠡᠮᠵᠢᠯᠡᠬᠦ ᠶᠢ ᠠᠬᠢᠭᠤᠯᠬᠤ ᠵᠡᠷᠭᠡ ᠲᠠᠯ᠎ᠠ | ᠪᠠᠷ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠳᠤ ︽ᠬᠤᠷᠴᠠ ᠰᠢᠭᠤᠷᠬᠠᠢ︾ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ | ᠳᠤᠷᠠᠳᠴᠤ᠂ ᠬᠠᠷᠢᠭᠤᠴᠠᠯᠭ᠎ᠠ ᠨᠡᠬᠡᠮᠵᠢᠯᠡᠬᠦ ᠭᠤᠣᠯ ᠴᠣᠭᠴᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠨᠡᠬᠡᠮᠵᠢᠯᠡᠬᠦ | ᠠᠷᠭ᠎ᠠ ᠬᠡᠯᠪᠡᠷᠢ ᠶᠢ ᠵᠢᠷᠤᠮᠵᠢᠭᠤᠯᠤᠨ᠂ ᠠᠰᠠᠭᠤᠳᠠᠯ ᠢᠶᠠᠷ ᠭᠤᠣᠯ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠪᠠᠷ | ᠵᠣᠷᠢᠯᠭ᠎ᠠ ᠪᠣᠯᠭᠠᠵᠤ᠂ ᠢᠯᠡ ᠪᠣᠯᠭᠠᠬᠤ ᠪᠠᠷ ᠬᠤᠷᠴᠠ ᠰᠡᠯᠡᠮ᠎ᠡ ᠪᠣᠯᠭᠠᠭᠰᠠᠨ ᠬᠢᠨᠠᠨ ᠵᠢᠯᠣᠭᠤᠳᠴᠤ ᠬᠠᠷᠢᠭᠤᠴᠠᠯᠭ᠎ᠠ | ᠨᠡᠬᠡᠮᠵᠢᠯᠡᠬᠦ ᠶᠠᠪᠤᠴᠠ᠂ ᠬᠢᠨᠠᠨ ᠵᠢᠯᠣᠭᠤᠳᠬᠤ ᠡᠷᠬᠡ ᠰᠦᠷ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ | ᠰᠤᠷᠭᠠᠭᠤᠯᠢ ᠶᠢ ᠪᠠᠶᠢᠴᠠᠭᠠᠭᠴᠢ ᠤᠷᠢᠨ ᠬᠡᠷᠡᠭᠯᠡᠬᠦ ᠪᠠ ᠬᠠᠮᠢᠶᠠᠷᠬᠤ ᠥᠭᠡᠷᠡᠴᠢᠯᠡᠯᠲᠡ ᠶᠢᠨ ᠲᠠᠯ᠎ᠠ ᠪᠠᠷ᠂ ᠲᠤᠭ᠎ᠠ ᠨᠢ | ᠭᠦᠢᠴᠡᠳ᠂ ᠪᠦᠲᠦᠴᠡ ᠨᠢ ᠵᠦᠶ ᠵᠣᠬᠢᠰᠲᠠᠶ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠠᠷᠢᠭᠤᠨ ᠴᠢᠬᠡᠴᠢ | ᠥᠨᠳᠥᠷ ᠦᠷ᠎ᠡ ᠪᠦᠲᠦᠮᠵᠢᠲᠡᠶ᠂ ᠲᠤᠰᠬᠠᠶ ᠮᠡᠷᠭᠡᠵᠢᠯ ᠤᠨ ᠪᠠ ᠳᠤᠰᠢᠲᠠᠯ ᠬᠠᠪᠰᠤᠷᠭᠠᠬᠤ ᠶᠢ ᠤᠶᠠᠯᠳᠤᠭᠤᠯᠤᠭᠰᠠᠨ | ᠰᠤᠷᠭᠠᠭᠤᠯᠢ ᠶᠢ ᠪᠠᠶᠢᠴᠠᠭᠠᠭᠴᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠶ᠃ ᠠᠮᠠᠷᠠᠯᠲᠠ ᠳᠤ ᠪᠠᠨ ᠭᠠᠷᠤᠭᠰᠠᠨ ᠴᠠᠭ ᠨᠢ | ᠤᠷᠲᠤ ᠪᠢᠰᠢ ᠮᠥᠷᠲᠡᠭᠡᠨ ᠪᠡᠶ᠎ᠡ ᠮᠠᠬᠠᠪᠣᠳ ᠨᠢ ᠡᠷᠡᠭᠦᠯ ᠴᠢᠬᠢᠷᠠᠭ ᠨᠠᠮ ᠵᠠᠰᠠᠭ ᠤᠨ ᠺᠠᠳ᠋ᠷ᠂ ᠰᠤᠷᠭᠠᠭᠤᠯᠢ ᠶᠢᠨ | ᠵᠠᠬᠢᠷᠤᠯ᠂ ᠪᠠᠭᠰᠢ᠂ ᠲᠤᠰᠬᠠᠶ ᠮᠡᠷᠭᠡᠵᠢᠯᠲᠡᠨ ᠤ ᠳᠤᠮᠳᠠ ᠠᠴᠠ ᠲᠤᠰᠬᠠᠶ ᠲᠤᠰᠢᠶᠠᠯᠲᠤ ᠰᠤᠷᠭᠠᠭᠤᠯᠢ ᠶᠢ | ᠪᠠᠶᠢᠴᠠᠭᠠᠭᠴᠢ ᠶᠢ ᠤᠷᠢᠨ ᠬᠡᠷᠡᠭᠯᠡᠬᠦ ᠠᠷᠭ᠎ᠠ ᠶᠢ ᠪᠦᠲᠦᠭᠡᠯᠴᠢ ᠪᠠᠷ ᠳᠤᠷᠠᠳᠴᠤ᠂ ᠰᠤᠷᠭᠠᠭᠤᠯᠢ ᠶᠢ ᠪᠠᠶᠢᠴᠠᠭᠠᠭᠴᠢ ᠶᠢᠨ | ᠡᠩᠨᠡᠭᠡᠨ ᠤ ᠲᠣᠭᠲᠠᠭᠤᠨ ᠪᠠᠶᠢᠬᠤ ᠶᠢ ᠪᠠᠲᠤᠯᠠᠪᠠ᠃ ᠪᠠᠰᠠ ᠰᠤᠷᠭᠠᠭᠤᠯᠢ ᠶᠢ ᠬᠢᠨᠠᠨ ᠪᠠᠶᠢᠴᠠᠭᠠᠬᠤ ᠪᠣᠯᠪᠠᠰᠤᠷᠠᠭᠤᠯᠤᠯ | ᠪᠣᠯᠤᠨ ᠬᠢᠨᠠᠵᠤ ᠬᠠᠮᠢᠶᠠᠷᠬᠤ ᠪᠠᠨ ᠴᠢᠩᠭᠠᠳᠬᠠᠵᠤ᠂ ᠰᠤᠷᠭᠠᠭᠤᠯᠢ ᠶᠢ ᠪᠠᠶᠢᠴᠠᠭᠠᠬᠤ ᠳᠤᠰᠬᠠᠢ ᠮᠡᠷᠭᠡᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠵᠦ᠂ ᠰᠤᠷᠭᠠᠭᠤᠯᠢ ᠶᠢ ᠬᠢᠨᠠᠬᠤ ᠠᠵᠢᠯ ᠤᠨ ᠪᠣᠳᠠᠲᠤ ᠠᠮᠵᠢᠯᠲᠠ ᠪᠦᠲᠦᠮᠵᠢ ᠶᠢ ᠬᠢᠨᠠᠨ | ᠰᠢᠯᠭᠠᠬᠤ ᠶᠢ ᠴᠢᠩᠭᠠᠳᠬᠠᠵᠤ᠂ ᠰᠤᠷᠭᠠᠭᠤᠯᠢ ᠶᠢ ᠪᠠᠶᠢᠴᠠᠭᠠᠬᠤ ᠶᠢ ᠤᠷᠮᠠᠰᠢᠭᠤᠯᠬᠤ ᠪᠠ ᠤᠬᠤᠷᠢᠨ ᠭᠠᠷᠬᠤ | ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠶᠢ ᠳᠣᠭᠲᠠᠭᠠᠪᠠ᠃ ᠬᠢᠨᠠᠨ ᠵᠢᠯᠣᠭᠤᠳᠬᠤ ᠶᠢ ᠪᠠᠲᠤᠯᠠᠬᠤ | ᠲᠣᠭᠲᠠᠴᠠ ᠶᠢᠨ ᠥᠭᠡᠷᠡᠴᠢᠯᠡᠯᠲᠡ ᠶᠢᠨ ᠲᠠᠯ᠎ᠠ ᠪᠠᠷ᠂ ᠬᠠᠤᠯᠢ ᠪᠠᠷ ᠵᠠᠰᠠᠬᠤ ᠪᠠᠶᠢᠭᠤᠯᠤᠯᠲᠠ᠂ ᠨᠥᠬᠦᠴᠡᠯ ᠤᠨ ᠪᠠᠲᠤᠯᠠᠭ᠎ᠠ᠂ | ᠮᠡᠳᠡᠭᠡ ᠵᠠᠩᠭᠢᠵᠢᠯᠲᠠ ᠶᠢᠨ ᠲᠠᠪᠴᠠᠩ᠂ ᠬᠢᠨᠠᠨ ᠵᠢᠯᠣᠭᠤᠳᠬᠤ ᠶᠢ ᠰᠤᠳᠤᠯᠬᠤ ᠵᠡᠷᠭᠡ ᠬᠡᠳᠦᠨ ᠲᠠᠯ᠎ᠠ ᠠᠴᠠ | ᠴᠢᠬᠤᠯᠠᠴᠢᠯᠠᠵᠤ᠂ ᠡᠯ᠎ᠡ ᠱᠠᠲᠤᠨ ᠤ ᠵᠠᠰᠠᠭ ᠤᠨ ᠣᠷᠳᠤᠨ ᠠᠴᠠ ᠰᠤᠷᠭᠠᠨ ᠬᠥᠮᠦᠵᠢᠯ ᠢ ᠬᠢᠨᠠᠨ ᠵᠢᠯᠣᠭᠤᠳᠬᠤ | ᠠᠵᠢᠯ ᠤᠨ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢ ᠣᠨᠴᠠᠭᠠᠶᠢᠯᠠᠨ | ᠲᠣᠳᠣᠷᠬᠠᠶᠢᠯᠠᠪᠠ᠃ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯᠲᠠᠨ ᠢᠯᠠᠩᠭᠤᠶ᠎ᠠ ᠰᠤᠷᠭᠠᠭᠤᠯᠢ ᠶᠢ | ᠪᠠᠶᠢᠴᠠᠭᠠᠬᠤ ᠳᠤᠰᠢᠶᠠᠯ ᠬᠠᠪᠰᠤᠷᠭᠠᠭᠰᠠᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠠᠴᠠ ᠡᠭᠦᠰᠦᠭᠰᠡᠨ | ᠴᠢᠮᠡᠭᠡ ᠬᠤᠯᠪᠤᠭ᠎ᠠ᠂ ᠵᠠᠮ ᠬᠠᠷᠢᠯᠴᠠᠭ᠎ᠠ᠂ ᠬᠤᠭᠤᠯᠠ ᠪᠤᠳᠠᠭ᠎ᠠ ᠬᠤᠨᠤᠭ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ | ᠵᠣᠬᠢᠰᠲᠠᠢ ᠰᠢᠢᠳᠪᠦᠷᠢᠯᠡᠬᠦ ᠬᠡᠷᠡᠭᠲᠡᠶ᠃ ︽ᠰᠠᠨᠠᠯ︾ ᠢ ᠨᠡᠶᠢᠲᠡᠯᠡᠭᠰᠡᠨ ᠨᠢ ᠰᠤᠷᠭᠠᠨ ᠬᠥᠮᠦᠵᠢᠯ ᠢ ᠬᠢᠨᠠᠨ | ᠵᠢᠯᠣᠭᠤᠳᠬᠤ ᠳᠤ ︽ᠬᠤᠷᠴᠠ ᠰᠢᠭᠤᠷᠬᠠᠢ︾ ᠪᠠᠶᠢᠬᠤ ᠶᠢ ᠨᠠᠶᠢᠳᠠᠪᠤᠷᠢᠵᠢᠭᠤᠯᠬᠤ ᠶᠢᠨ ᠡᠬᠢᠯᠡᠯᠲᠡ ᠶᠢᠨ ᠴᠡᠭ ᠪᠣᠯᠤᠨ᠎ᠠ᠃ | ᠳᠠᠷᠠᠭ᠎ᠠ ᠠᠯᠬᠤᠮ ᠳᠤ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠹᠷᠣᠨᠲ ᠠᠴᠠ ︽ᠰᠠᠨᠠᠯ︾ ᠢ | ᠲᠤᠭᠤᠰᠢᠯᠠᠭᠤᠯᠬᠤ ᠪᠠᠷ ᠭᠤᠤᠯ ᠰᠡᠳᠦᠪ ᠭᠤᠤᠯ ᠰᠢᠵᠢᠮ ᠪᠣᠯᠭᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠰᠢᠨ᠎ᠡ | ᠪᠠᠶᠢᠳᠠᠯ ᠢ ᠬᠦᠴᠦᠯᠡᠨ ᠪᠠᠶᠢᠭᠤᠯᠤᠨ᠎ᠠ᠃ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠥᠲᠦᠭᠡᠨ ᠪᠠᠶᠢᠭᠤᠯᠬᠤ ᠰᠢᠢᠳᠪᠦᠷᠢᠲᠦ | ᠢᠯᠠᠯᠲᠠ ᠶᠢ ᠲᠡᠮᠡᠴᠡᠨ ᠣᠯᠬᠤ ᠵᠢᠯ ᠮᠥᠨ᠂ ᠪᠠᠰᠠ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠠᠬᠢᠭᠤᠯᠬᠤ | ᠵᠠᠩᠭᠢᠯᠠᠭ᠎ᠠ ᠶᠢᠨ ᠵᠢᠯ ᠮᠥᠷᠲᠡᠭᠡᠨ ︽ᠰᠤᠷᠭᠠᠨ ᠬᠥᠮᠦᠵᠢᠯ |