ᠪᠤᠳᠠᠳᠠᠢ ᠦᠨᠳᠦᠰᠦᠯᠡᠯ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ | ᠵᠠᠰᠠᠬᠤ ᠣᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠲᠡᠯᠭᠡᠷᠡᠭᠦᠯᠦᠨ ᠬᠡᠷᠡᠭᠵᠢᠭᠦᠯᠬᠦ ᠠᠵᠢᠯ ᠤᠨ ᠲᠣᠬᠢᠷᠠᠭᠤᠯᠤᠯᠲᠠ ᠶᠢ ᠡᠷᠡᠰ | ᠪᠠᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ | ᠢ ᠬᠡᠷᠡᠭᠯᠡᠬᠦ ᠠᠵᠢᠯ ᠢ ᠪᠠᠲᠤᠯᠠᠬᠤ ᠴᠢᠳᠠᠪᠬᠢ ᠶᠢ ᠳᠡᠭᠡᠭᠰᠢᠯᠡᠭᠦᠯᠦᠨ᠂ ᠬᠤᠯᠪᠤᠭᠳᠠᠯ ᠪᠦᠬᠦᠢ ᠪᠠᠭᠰᠢ ᠨᠠᠷ ᠤᠨ ᠬᠤᠪᠢ | ᠶᠢᠨ ᠠᠰᠢᠭ ᠲᠤᠰᠠ ᠶᠢ ᠬᠠᠷᠠᠭᠠᠯᠵᠠᠨ ᠪᠣᠳᠣᠯᠬᠢᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠶᠢ ᠠᠬᠢᠭᠤᠯᠤᠨ᠂ ᠦᠨᠳᠦᠰᠦᠲᠡᠨ ᠤ | ᠰᠤᠷᠭᠠᠨ ᠬᠥᠮᠦᠵᠢᠯ ᠤᠨ ᠥᠨᠳᠦᠷ ᠴᠢᠨᠠᠷ ᠴᠢᠨᠰᠠᠭᠠᠲᠠᠢ ᠬᠥᠭᠵᠢᠬᠦ ᠶᠢ ᠠᠬᠢᠭᠤᠯᠬᠤ ᠶᠢᠨ ᠲᠥᠯᠦᠭᠡ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠵᠦ᠂ | ᠮᠠᠨ ᠤ ᠣᠷᠣᠨ ᠤ ᠪᠠᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠳᠣᠤᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃ | | | ᠰᠢᠯᠵᠢᠯᠲᠡ ᠶᠢᠨ ᠬᠤᠭᠤᠴᠠᠭᠠᠨ ᠳᠤ ᠬᠢ ᠬᠠᠪᠰᠤᠷᠤᠨ ᠵᠢᠯᠣᠭᠤᠳᠣᠭᠴᠢ ᠶᠢᠨ ᠳᠦᠷᠢᠮ ᠢ ᠪᠠᠶᠢᠭᠤᠯᠬᠤ | 1. ᠬᠤᠤᠰ ᠬᠡᠯᠡᠨ ᠤ ᠬᠠᠪᠰᠤᠷᠤᠨ ᠵᠢᠯᠣᠭᠤᠳᠣᠭᠴᠢ ᠶᠢᠨ ᠲᠦᠷᠢᠮ ᠢ ᠪᠠᠶᠢᠭᠤᠯᠤᠨ᠎ᠠ᠃ | ᠡᠯ᠎ᠡ ᠭᠠᠵᠠᠷ ᠤᠨ ᠬᠢᠨ ᠰᠢᠯᠵᠢᠯᠲᠡ ᠶᠢᠨ ᠬᠤᠭᠤᠴᠠᠭᠠᠨ ᠤ ᠬᠠᠪᠰᠤᠷᠤᠨ ᠵᠢᠯᠣᠭᠤᠳᠣᠭᠴᠢ ᠶᠢᠨ ᠲᠦᠷᠢᠮ ᠢ | ᠪᠠᠶᠢᠭᠤᠯᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠬᠤᠯᠪᠤᠭᠳᠠᠬᠤ ᠳᠤᠮᠳᠠᠳᠤ ᠰᠤᠷᠭᠠᠭᠤᠯᠢ᠂ ᠪᠠᠭ᠎ᠠ | ᠰᠤᠷᠭᠠᠭᠤᠯᠢ ᠨᠤᠭᠤᠳ ᠢ ᠲᠤᠬᠠᠶ ᠶᠢᠨ ᠭᠠᠵᠠᠷ ᠤᠨ ᠪᠠᠶᠢᠳᠠᠯ ᠲᠠᠢ ᠪᠠᠨ ᠤᠶᠠᠯᠳᠤᠭᠤᠯᠤᠨ᠂ 9 ᠰᠠᠷ᠎ᠠ ᠶᠢᠨ | ᠰᠡᠭᠦᠯᠴᠢ ᠠᠴᠠ ᠡᠮᠦᠨ᠎ᠡ᠂ ᠰᠤᠷᠭᠠᠭᠤᠯᠢ ᠳᠤ ᠪᠠᠶᠢᠭ᠎ᠠ ᠪᠠᠭᠰᠢ ᠨᠠᠷ ᠢᠶᠠᠨ ᠨᠢᠭᠡᠳᠦᠯᠲᠡᠢ ᠲᠥᠯᠥᠪᠯᠡᠬᠦ᠂ ᠰᠤᠷᠭᠠᠭᠤᠯᠢ ᠶᠢᠨ | ᠬᠤᠭᠤᠷᠣᠨᠳᠣ ᠤᠷᠢᠵᠤ ᠬᠡᠷᠡᠭᠯᠡᠬᠦ᠂ ᠪᠠᠭᠰᠢ ᠶᠢᠨ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠢ ᠠᠵᠢᠯ ᠤᠨ ᠪᠠᠶᠢᠷᠢ | ᠳᠤ ᠲᠠᠳᠤᠯᠭ᠎ᠠ ᠬᠢᠯᠭᠡᠬᠦ᠂ ᠤᠶᠤᠲᠠᠳ ᠢ ᠵᠣᠬᠢᠶᠠᠨ ᠪᠠᠶᠢᠭᠤᠯᠤᠨ ᠰᠤᠷᠭᠠᠨ ᠬᠥᠮᠦᠵᠢᠯ ᠢ ᠳᠡᠮᠵᠢᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠰᠢᠯᠵᠢᠯᠲᠡ ᠶᠢᠨ ᠬᠤᠭᠤᠴᠠᠭᠠᠨ ᠤ ᠮᠣᠩᠭᠤᠯ ᠬᠢᠲᠠᠳ ᠬᠤᠤᠰ ᠬᠡᠯᠡᠨ ᠤ ᠵᠢᠭᠠᠨ | ᠰᠤᠷᠭᠠᠯᠲᠠ ᠶᠢᠨ ᠬᠠᠪᠰᠤᠷᠤᠨ ᠵᠢᠯᠣᠭᠤᠳᠣᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠬᠤ ᠬᠡᠷᠡᠭᠲᠡᠶ᠃ ᠰᠤᠷᠤᠭᠴᠢ ᠶᠢᠨ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠳᠤ ᠪᠠᠶᠢᠭ᠎ᠠ ᠰᠣᠷᠣᠭᠴᠢ ᠳᠤ ᠬᠢᠴᠢᠶᠡᠯ ᠤᠨ ᠲᠠᠷᠠᠭ᠎ᠠ | ᠦᠢᠯᠡᠴᠢᠯᠡᠬᠦ ᠴᠠᠭ ᠢ ᠠᠰᠢᠭᠯᠠᠨ᠂ ᠪᠠᠭᠰᠢ ᠨᠢᠭᠡ ᠪᠦᠷᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ | ᠪᠢᠴᠢᠭ ᠢ ᠰᠤᠷᠤᠯᠴᠠᠬᠤ ᠳᠤ ᠬᠦᠴᠢᠷᠳᠡᠵᠦ ᠪᠠᠶᠢᠭ᠎ᠠ 5 — 10 ᠰᠣᠷᠣᠭᠴᠢ ᠶᠢ ᠬᠤᠯᠪᠤᠭᠠᠯᠠᠨ ᠳᠠᠭᠠᠭᠠᠴᠢᠯᠠᠵᠤ | ᠬᠠᠪᠰᠤᠷᠤᠨ ᠵᠢᠯᠣᠭᠤᠳᠴᠤ᠂ ᠮᠠᠳᠠᠭ ᠢ ᠨᠢ ᠲᠠᠶᠢᠯᠵᠦ ᠥᠭᠬᠦ ᠬᠡᠷᠡᠭᠲᠡᠢ᠃ ᠵᠢᠭᠠᠨ ᠰᠤᠷᠭᠠᠯᠲᠠ ᠶᠢᠨ ᠬᠠᠪᠰᠤᠷᠤᠨ | ᠵᠢᠯᠣᠭᠤᠳᠤᠭᠴᠢ ᠶᠢᠨ ᠡᠭᠦᠷᠭᠡ ᠶᠢ ᠪᠠᠭᠰᠢ ᠶᠢᠨ ᠠᠵᠢᠯ ᠤᠨ ᠲᠣᠭᠠᠴᠠᠭ᠎ᠠ ᠳᠤ ᠣᠷᠣᠭᠤᠯᠤᠨ᠂ ᠳᠡᠭᠡᠳᠦ ᠵᠡᠷᠭᠡ ᠶᠢᠨ | ᠬᠢᠷᠢ ᠬᠡᠮᠵᠢᠶᠡᠨ ᠳᠤ ᠬᠦᠷᠦᠭᠰᠡᠨ ᠢ ᠠᠮᠵᠢᠯᠲᠠ ᠪᠦᠲᠦᠮᠵᠢ ᠶᠢᠨ ᠴᠠᠯᠢᠩ ᠢ ᠣᠯᠭᠤᠬᠤ ᠠᠷᠭ᠎ᠠ ᠶᠢ ᠦᠨᠳᠦᠰᠦᠯᠡᠨ | ᠵᠣᠬᠢᠬᠤ ᠬᠠᠷᠠᠮᠵᠢ ᠣᠯᠭᠤᠬᠤ ᠶᠢᠨ ᠬᠠᠮᠲᠤ ᠠᠮᠵᠢᠯᠲᠠ ᠪᠦᠲᠦᠮᠵᠢ ᠶᠢᠨ ᠴᠠᠯᠢᠩ ᠤᠨ ᠬᠠᠮᠢᠶᠠᠷᠤᠯᠲᠠ ᠳᠤ ᠣᠷᠣᠭᠤᠯᠬᠤ | ᠬᠡᠷᠡᠭᠲᠡᠶ᠃ ᠬᠡᠷᠡᠭᠯᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠤᠯᠤᠰ | ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠦᠭᠰᠡᠨ ᠰᠤᠷᠤᠭᠴᠢ ᠶᠢᠨ ᠲᠤᠭ᠎ᠠ ᠪᠠᠷ ᠰᠠᠷ᠎ᠠ | ᠪᠦᠷᠢ 30 ᠲᠥᠭᠦᠷᠢᠭ ᠢᠶᠠᠷ ᠲᠣᠭᠲᠠᠭᠠᠵᠤ᠂ ᠰᠤᠷᠤᠯᠭ᠎ᠠ ᠶᠢᠨ ᠵᠢᠯ ᠪᠦᠷᠢ ᠶᠢ 10 ᠰᠠᠷ᠎ᠠ ᠪᠠᠷ ᠪᠣᠳᠤᠵᠤ᠂ ᠵᠢᠯ | ᠪᠣᠯᠭᠠᠨ ᠤ ᠡᠬᠢᠨ ᠳᠤ ᠨᠢᠭᠡ ᠯᠡ ᠳᠡᠭᠡᠷ᠎ᠡ ᠰᠤᠷᠭᠠᠭᠤᠯᠢ ᠳᠤ ᠨᠢ ᠰᠢᠯᠵᠢᠭᠦᠯᠦᠨ ᠥᠭᠭᠦᠨ᠎ᠡ᠃ ᠰᠤᠷᠤᠭᠴᠢ ᠶᠢᠨ | ᠲᠤᠭ᠎ᠠ ᠨᠢ 100 ᠠᠴᠠ ᠳᠡᠭᠡᠭᠰᠢ ᠪᠠᠶᠢᠭ᠎ᠠ ᠰᠤᠷᠭᠠᠭᠤᠯᠢ ᠶᠢ ᠪᠣᠳᠠᠲᠠᠶ ᠪᠠᠶᠢᠬᠤ ᠰᠤᠷᠤᠭᠴᠢ ᠶᠢᠨ ᠲᠤᠭ᠎ᠠ ᠪᠠᠷ | ᠪᠣᠳᠤᠵᠤ᠂ 100 ᠰᠤᠷᠤᠭᠴᠢ ᠳᠤ ᠬᠦᠷᠬᠦ ᠦᠭᠡᠢ ᠪᠠᠭ᠎ᠠ ᠬᠡᠪᠴᠢᠶᠡᠨ ᠤ ᠰᠤᠷᠭᠠᠭᠤᠯᠢ ᠶᠢ 100 ᠰᠤᠷᠤᠭᠴᠢ ᠪᠠᠷ | ᠪᠣᠳᠣᠨ᠎ᠠ᠃ | | ᠰᠢᠯᠵᠢᠯᠲᠡ ᠶᠢᠨ ᠬᠤᠭᠤᠴᠠᠭᠠᠨ ᠳᠤ ᠬᠢ ᠬᠤᠤᠰ ᠬᠡᠯᠡᠨ ᠤ ᠪᠠᠭᠰᠢ ᠶᠢ ᠨᠥᠬᠦᠪᠥᠷᠢᠯᠡᠬᠦ ᠲᠤᠭᠳᠠᠯᠴᠠᠭ᠎ᠠ ᠶᠢ | ᠪᠠᠶᠢᠭᠤᠯᠬᠤ | 2. ᠪᠠᠭᠰᠢ ᠳᠤ ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠤᠰᠬᠠᠶ ᠵᠦᠢᠯ ᠤᠨ | ᠲᠦᠯᠦᠪᠯᠡᠭᠡ ᠶᠢ ᠬᠡᠷᠡᠭᠵᠢᠭᠦᠯᠦᠨ᠎ᠡ᠃ | 2020 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ ᠤ ᠠᠯᠪᠠᠨ ᠵᠢᠷᠤᠮ | ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ | ᠲᠦᠯᠦᠪᠯᠡᠭᠡ︾ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ᠂ ᠤᠯᠤᠰ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠤᠤᠰ ᠬᠡᠯᠡ ᠪᠠᠷ ᠬᠢᠴᠢᠶᠡᠯᠯᠡᠬᠦ ︽ᠭᠤᠷᠪᠠᠨ ᠬᠢᠴᠢᠶᠡᠯ | ᠲᠦᠷᠦᠯ︾ ᠤᠨ ᠪᠠᠭᠰᠢ ᠨᠠᠷ ᠲᠤ ᠥᠪᠡᠷᠲᠡᠭᠡᠨ ᠵᠠᠰᠠᠬᠤ ᠣᠷᠣᠨ ᠤ ᠣᠨᠴᠠᠭᠠᠢ ᠲᠣᠬᠢᠷᠠᠭᠤᠯᠤᠭᠰᠠᠨ ᠠᠵᠢᠯ ᠤᠨ | ᠪᠠᠶᠢᠷᠢ ᠶᠢᠨ ᠲᠥᠷᠦᠯ ᠵᠦᠢᠯ ᠤᠨ ᠲᠦᠯᠦᠪᠯᠡᠭᠡ ︵ᠳᠣᠷᠣᠭᠰᠢ ︽ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ | ᠶᠢᠨ ᠲᠦᠯᠦᠪᠯᠡᠭᠡ︾ ᠭᠡᠵᠦ ᠳᠥᠭᠦᠮᠴᠢᠯᠡᠨ᠎ᠡ︶ ᠶᠢ ᠡᠬᠢᠯᠡᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠲᠢᠩᠬᠢᠮ ᠠᠴᠠ | ᠣᠷᠣᠨ ᠲᠤᠭ᠎ᠠ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠲᠠᠢ ᠬᠠᠮᠲᠤᠷᠠᠨ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠠᠵᠢᠯ ᠤᠨ ᠪᠠᠶᠢᠷᠢ ᠶᠢᠨ | ᠲᠤᠰᠬᠠᠶ ᠵᠦᠢᠯ ᠤᠨ ᠲᠦᠯᠦᠪᠯᠡᠭᠡ︾ ᠪᠠᠷ ᠤᠷᠢᠭᠰᠠᠨ ᠪᠠᠭᠰᠢ ᠶᠢ ᠬᠤᠤᠰ ᠬᠡᠯᠡ ᠪᠠᠷ ᠬᠢᠴᠢᠶᠡᠯᠯᠡᠬᠦ ︽ᠭᠤᠷᠪᠠᠨ | ᠬᠢᠴᠢᠶᠡᠯ ᠲᠦᠷᠦᠯ︾ ᠤᠨ ᠪᠠᠭᠰᠢ ᠨᠡᠯᠢᠶᠡᠳ ᠶᠡᠭᠡ ᠳᠤᠲᠠᠭᠳᠠᠵᠤ ᠪᠠᠶᠢᠭ᠎ᠠ ᠭᠠᠵᠠᠷ ᠣᠷᠣᠨ ᠤ ᠪᠤᠯᠪᠠᠰᠤᠷᠠᠭᠤᠯᠤᠯ᠂ | ᠠᠵᠢᠯ ᠤᠨ ᠪᠠᠶᠢᠷᠢ ᠶᠢᠨ ᠣᠷᠤᠯᠠᠯ᠂ ᠵᠢᠭᠠᠨ ᠰᠤᠷᠭᠠᠯᠲᠠ ᠶᠢᠨ ᠣᠷᠴᠢᠯ ᠳᠤ ᠬᠡᠷᠡᠭᠯᠡᠨ᠎ᠡ᠃ ᠠᠵᠢᠯ ᠤᠨ ᠪᠠᠶᠢᠷᠢ | ᠣᠷᠣᠯᠠᠬᠤ ᠵᠢᠭᠠᠨ ᠰᠤᠷᠭᠠᠯᠲᠠ ᠶᠢ ᠬᠦᠯᠢᠶᠡᠭᠰᠡᠨ ᠰᠤᠷᠭᠠᠭᠤᠯᠢ ᠨᠤᠭᠤᠳ 1᠄ 1 ᠶᠢᠨ ᠬᠠᠷᠢᠴᠠᠯ ᠢᠶᠠᠷ | ᠪᠣᠯᠪᠠᠰᠤᠷᠠᠭᠤᠯᠬᠤ ᠴᠢᠬᠤᠯᠠᠲᠠᠢ ᠪᠠᠭᠰᠢ ᠶᠢ ᠰᠣᠩᠭᠤᠨ ᠲᠣᠮᠢᠯᠠᠵᠤ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ | ᠵᠣᠬᠢᠶᠠᠨ ᠪᠠᠶᠢᠭᠤᠯᠤᠭᠰᠠᠨ ᠲᠦᠪᠯᠡᠷᠡᠭᠦᠯᠦᠭᠰᠡᠨ ᠪᠣᠯᠪᠠᠰᠤᠷᠠᠯ ᠳᠤ ᠣᠷᠣᠯᠴᠠᠭᠤᠯᠬᠤ ᠬᠡᠷᠡᠭᠲᠡᠶ᠃ | 2020 ᠣᠨ ᠳᠤ᠂ ︽ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠤᠰᠬᠠᠶ ᠵᠦᠢᠯ ᠤᠨ | ᠲᠦᠯᠦᠪᠯᠡᠭᠡ︾ ᠶᠢᠨ ᠪᠠᠭᠰᠢ 300 ᠬᠥᠮᠦᠨ ᠢ ᠤᠷᠢᠵᠤ᠂ ᠬᠤᠭᠤᠴᠠᠭᠠᠲᠠᠢ ᠦᠢᠯᠡᠴᠢᠯᠡᠬᠦ ᠳᠦᠷᠢᠮ ᠢ ᠬᠡᠷᠡᠭᠵᠢᠭᠦᠯᠦᠨ᠂ | ᠦᠢᠯᠡᠴᠢᠯᠡᠬᠦ ᠬᠤᠭᠤᠴᠠᠭ᠎ᠠ ᠨᠢ ᠭᠤᠷᠪᠠᠨ ᠵᠢᠯ᠂ ᠭᠤᠷᠪᠠᠨ ᠵᠢᠯ ᠤᠨ ᠦᠢᠯᠡᠴᠢᠯᠡᠬᠦ ᠬᠤᠭᠤᠴᠠᠭ᠎ᠠ ᠨᠢ ᠳᠠᠭᠤᠰᠴᠤ | ᠰᠠᠶᠢᠨ ᠳᠤᠷ᠎ᠠ ᠠᠴᠠ ᠪᠠᠨ ᠵᠠᠯᠭᠠᠭᠠᠳ ᠲᠤᠰᠢᠶᠠᠯ ᠡᠭᠦᠷᠭᠡᠯᠡᠬᠦ ᠳᠤ ᠬᠦᠷᠪᠡᠯ ᠬᠤᠰᠢᠭᠤ ᠰᠢᠶᠠᠨ ︵ᠬᠤᠲᠠ᠂ ᠲᠣᠭᠤᠷᠢᠭ︶ | ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠡᠭᠦᠨ ᠳᠤ ᠦᠵᠡᠯ ᠰᠠᠨᠠᠭ᠎ᠠ ᠤᠯᠤᠰ | ᠲᠥᠷᠥ᠂ ᠠᠵᠢᠯ ᠤᠨ ᠰᠤᠷᠲᠠᠯ᠂ ᠬᠢᠴᠢᠶᠡᠯ ᠤᠨ ᠪᠠᠷᠢᠮᠵᠢᠶ᠎ᠠ ᠵᠢᠭᠠᠬᠤ ᠮᠠᠲ᠋ᠧᠷᠢᠶᠠᠯ᠂ ᠵᠢᠭᠠᠨ ᠰᠤᠷᠭᠠᠯᠲᠠ ᠶᠢᠨ | ᠲᠥᠯᠥᠪᠯᠡᠭᠡ᠂ ᠨᠡᠶᠢᠲᠡᠯᠢᠭ ᠬᠡᠯᠡᠨ ᠤ ᠬᠢᠷᠢ ᠲᠦᠪᠰᠢᠨ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠬᠢᠨᠠᠨ ᠰᠢᠯᠭᠠᠯᠲᠠ ᠬᠢᠬᠦ | ᠬᠡᠷᠡᠭᠲᠡᠶ᠃ ᠬᠢᠨᠠᠨ ᠰᠢᠯᠭᠠᠯᠲᠠ ᠳᠤ ᠬᠢᠷᠢ ᠲᠡᠩᠴᠡᠪᠡᠯ᠂ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠢᠶᠠᠷ ᠭᠤᠣᠯ | ᠪᠣᠯᠭᠠᠬᠤ ᠵᠠᠷᠴᠢᠮ ᠢᠶᠠᠷ ᠲᠤᠬᠠᠶ ᠶᠢᠨ ᠭᠠᠵᠠᠷ ᠲᠤ ᠪᠠᠨ ᠣᠷᠣᠨ ᠲᠤᠭ᠎ᠠ ᠪᠠᠨ ᠨᠠᠶᠢᠳᠠᠪᠤᠷᠢᠵᠢᠭᠤᠯᠵᠤ᠂ ᠴᠠᠯᠢᠩ | ᠣᠯᠭᠤᠮᠵᠢ ᠶᠢ ᠲᠤᠬᠠᠶ ᠶᠢᠨ ᠭᠠᠵᠠᠷ ᠤᠨ ᠢᠶᠠᠨ ᠡᠳ᠋ ᠤᠨ ᠵᠠᠰᠠᠭ ᠠᠴᠠ ᠣᠯᠭᠤᠬᠤ ᠬᠡᠪᠴᠢᠶᠡᠨ ᠳᠤ ᠣᠷᠣᠭᠤᠯᠬᠤ | ᠬᠡᠷᠡᠭᠲᠡᠶ᠃ ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠢ ᠪᠣᠯ ᠳᠠᠬᠢᠵᠤ ᠤᠷᠢᠨ ᠲᠣᠮᠢᠯᠠᠬᠤ ᠦᠭᠡᠢ᠃ ︽ᠣᠨᠴᠠᠭᠠᠢ | ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠤᠰᠬᠠᠶ ᠵᠦᠢᠯ ᠤᠨ ᠲᠦᠯᠦᠪᠯᠡᠭᠡ︾ ᠶᠢᠨ ᠪᠠᠭᠰᠢ ᠶᠢᠨ ᠦᠢᠯᠡᠴᠢᠯᠡᠬᠦ | ᠬᠤᠭᠤᠴᠠᠭᠠᠨ ᠳᠤ ᠬᠢ ᠴᠠᠯᠢᠩ ᠣᠯᠭᠤᠮᠵᠢ ᠶᠢ ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠨᠴᠠᠭᠠᠢ ᠲᠣᠬᠢᠷᠠᠭᠤᠯᠤᠭᠰᠠᠨ ᠠᠵᠢᠯ ᠤᠨ | ᠪᠠᠶᠢᠷᠢ ᠶᠢᠨ ᠲᠦᠯᠦᠪᠯᠡᠭᠡ︾ ᠶᠢᠨ ᠪᠠᠭᠰᠢ ᠶᠢᠨ ᠴᠠᠯᠢᠩ ᠣᠯᠭᠤᠮᠵᠢ ᠶᠢᠨ ᠶᠣᠰᠤ ᠪᠠᠷ ᠬᠡᠷᠡᠭᠵᠢᠭᠦᠯᠬᠦ ᠬᠡᠷᠡᠭᠲᠡᠢ᠃ | ︽ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠤᠰᠬᠠᠶ ᠵᠦᠢᠯ ᠤᠨ ᠲᠦᠯᠦᠪᠯᠡᠭᠡ︾ ᠶᠢᠨ ᠪᠠᠭᠰᠢ | ᠲᠥᠪᠯᠡᠷᠡᠭᠦᠯᠦᠨ ᠪᠣᠯᠪᠠᠰᠤᠷᠠᠭᠤᠯᠬᠤ ᠪᠠ ᠠᠵᠢᠯ ᠤᠨ ᠪᠠᠶᠢᠷᠢ ᠳᠤ ᠳᠠᠳᠤᠯᠭ᠎ᠠ ᠬᠢᠬᠦ ᠳᠤ ᠣᠷᠤᠯᠴᠠᠬᠤ ᠬᠤᠭᠤᠴᠠᠭ᠎ᠠ ᠨᠢ | ᠵᠢᠯ ᠰᠢᠬᠠᠮ ᠪᠠᠶᠢᠵᠤ᠂ ᠲᠥᠪᠯᠡᠷᠡᠭᠦᠯᠦᠨ ᠪᠣᠯᠪᠠᠰᠤᠷᠠᠭᠤᠯᠬᠤ ᠬᠤᠭᠤᠴᠠᠭ᠎ᠠ ᠶᠢ 3 ᠰᠠᠷ᠎ᠠ ᠠᠴᠠ ᠣᠬᠤᠷ ᠪᠠᠶᠢᠯᠭᠠᠵᠤ | ᠪᠣᠯᠬᠤ ᠦᠭᠡᠢ᠃ ᠪᠣᠯᠪᠠᠰᠤᠷᠠᠭᠤᠯᠤᠯ ᠪᠠ ᠳᠠᠳᠤᠯᠭ᠎ᠠ ᠳᠠᠭᠤᠰᠴᠤ᠂ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ᠂ | ᠡᠯ᠎ᠡ ᠭᠠᠵᠠᠷ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠠᠵᠢᠯ ᠤᠨ ᠪᠠᠶᠢᠷᠢ ᠳᠣᠬᠢᠷᠠᠭᠤᠯᠵᠤ ᠥᠭᠬᠦ | ᠬᠡᠷᠡᠭᠲᠡᠶ᠃ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠦᠨᠳᠦᠰᠦᠲᠡᠨ ᠤ ᠬᠡᠯᠡ ᠪᠠᠷ | ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢᠨ ᠡᠩᠨᠡᠭᠡᠨ ᠤ | ᠪᠦᠲᠦᠴᠡ᠂ ᠳᠤᠲᠠᠭᠳᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠣᠨ ᠪᠣᠯᠤᠨ ᠬᠢᠴᠢᠶᠡᠯ ᠲᠥᠷᠥᠯ ᠬᠤᠪᠢᠶᠠᠨ ᠡᠯᠰᠡᠵᠦ | ᠨᠥᠬᠦᠪᠦᠷᠢᠯᠡᠬᠦ ᠲᠦᠯᠦᠪᠯᠡᠭᠡ ᠶᠢ ᠵᠦᠶ ᠵᠣᠬᠢᠰᠲᠠᠢ ᠲᠣᠭᠲᠠᠭᠠᠵᠤ᠂ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ | ᠪᠠᠭᠰᠢ ᠶᠢ ᠴᠠᠭ ᠲᠤᠬᠠᠶ ᠳᠤ ᠨᠢ ᠤᠷᠢᠨ ᠬᠡᠷᠡᠭᠯᠡᠵᠦ ᠨᠥᠬᠦᠪᠦᠷᠢᠯᠡᠬᠦ ᠬᠡᠷᠡᠭᠲᠡᠢ᠃ | 3. ᠪᠠᠭᠰᠢ ᠶᠢᠨ ᠮᠡᠷᠭᠡᠵᠢᠯ ᠤᠨ ᠲᠦᠯᠦᠪᠯᠡᠭᠡ ᠶᠢ ᠬᠡᠷᠡᠭᠵᠢᠭᠦᠯᠦᠨ᠎ᠡ᠃ | ᠡᠯ᠎ᠡ ᠭᠠᠵᠠᠷ ᠤᠨ ᠬᠢᠨ ᠠᠶᠢᠮᠠᠭ ᠬᠤᠲᠠ᠂ ᠬᠤᠰᠢᠭᠤ ᠰᠢᠶᠠᠨ ᠢᠶᠠᠷ ᠭᠤᠤᠯ ᠪᠣᠯᠭᠠᠭᠰᠠᠨ ᠪᠠᠭᠰᠢ ᠶᠢᠨ ᠰᠤᠷᠭᠠᠨ | ᠬᠥᠮᠦᠵᠢᠯ ᠢ ᠳᠡᠮᠵᠢᠬᠦ ᠲᠦᠯᠦᠪᠯᠡᠭᠡ ᠶᠢ ᠪᠦᠬᠦ ᠲᠠᠯ᠎ᠠ ᠪᠠᠷ ᠡᠬᠢᠯᠡᠭᠦᠯᠵᠦ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ | ᠪᠠᠶᠢᠭ᠎ᠠ ᠰᠤᠷᠭᠠᠭᠤᠯᠢ ᠶᠢᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢᠨ ᠣᠳᠣᠬᠢ ᠪᠠᠶᠢᠳᠠᠯ ᠵᠢᠴᠢ | ᠵᠢᠭᠠᠨ ᠰᠤᠷᠭᠠᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠡᠯ᠎ᠡ ᠲᠥᠷᠥᠯ ᠤᠨ ᠨᠥᠬᠦᠪᠥᠷᠢᠯᠡᠬᠦ ᠠᠷᠭ᠎ᠠ | ᠮᠠᠶ᠋ᠢᠭ ᠢ ᠶᠡᠷᠦᠩᠬᠡᠶᠢᠯᠡᠨ ᠪᠣᠳᠣᠯᠬᠢᠯᠠᠵᠤ᠂ ᠣᠨ ᠬᠤᠪᠢᠶᠠᠵᠤ᠂ ᠬᠢᠴᠢᠶᠡᠯ ᠲᠥᠷᠥᠯ ᠬᠤᠪᠢᠶᠠᠭᠰᠠᠨ ᠰᠤᠷᠭᠠᠨ | ᠬᠥᠮᠦᠵᠢᠯ ᠢ ᠳᠡᠮᠵᠢᠬᠦ ᠠᠵᠢᠯᠲᠠᠨ ᠤ ᠬᠡᠪᠴᠢᠶ᠎ᠡ ᠶᠢ ᠵᠦᠶ ᠵᠣᠬᠢᠰᠲᠠᠶ ᠲᠥᠯᠦᠪᠵᠢᠭᠦᠯᠬᠦ ᠬᠡᠷᠡᠭᠲᠡᠢ᠃ ᠰᠤᠷᠭᠠᠨ | ᠬᠥᠮᠦᠵᠢᠯ ᠢ ᠳᠡᠮᠵᠢᠬᠦ ᠬᠤᠭᠤᠴᠠᠭ᠎ᠠ ᠶᠢ 3 ᠵᠢᠯ ᠠᠴᠠ ᠣᠬᠤᠷ ᠪᠠᠶᠢᠯᠭᠠᠵᠤ ᠪᠣᠯᠬᠤ ᠦᠭᠡᠢ᠂ ᠰᠤᠷᠭᠠᠨ ᠬᠥᠮᠦᠵᠢᠯ ᠢ | ᠳᠡᠮᠵᠢᠬᠦ ᠬᠤᠭᠤᠴᠠᠭᠠᠨ ᠳᠤ ᠬᠢ ᠰᠤᠷᠭᠠᠨ ᠬᠥᠮᠦᠵᠢᠯ ᠢ ᠳᠡᠮᠵᠢᠭᠴᠢᠳ ᠤᠨ ᠠᠵᠢᠯᠲᠠᠨ ᠤ ᠶᠠᠪᠤᠳᠠᠯ ᠤᠨ ᠬᠠᠷᠢᠴᠠᠭ᠎ᠠ᠂ | ᠴᠠᠯᠢᠩ ᠣᠯᠭᠤᠮᠵᠢ ᠶᠢ ᠬᠤᠪᠢᠷᠠᠭᠤᠯᠬᠤ ᠦᠭᠡᠢ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠤᠨ ᠬᠢᠨ ᠮᠡᠷᠭᠡᠵᠢᠯ ᠤᠨ | ᠴᠣᠯᠠ ᠲᠣᠭᠲᠠᠭᠠᠬᠤ ᠪᠠ ᠤᠷᠢᠵᠤ ᠬᠡᠷᠡᠭᠯᠡᠬᠦ᠂ ᠵᠢᠭᠠᠨ ᠰᠤᠷᠭᠠᠯᠲᠠ ᠶᠢᠨ ᠴᠢᠳᠠᠪᠤᠷᠢᠲᠠᠨ᠂ ᠰᠢᠨᠵᠢᠯᠡᠭᠡᠨ ᠤ ᠰᠠᠯᠠᠭᠠᠨ ᠤ | ᠳᠠᠭᠠᠭᠤᠯᠤᠭᠴᠢ ᠶᠢ ᠰᠢᠯᠭᠠᠷᠠᠭᠤᠯᠬᠤ ᠪᠠ ᠰᠢᠯᠢᠳᠡᠭ ᠢ ᠨᠢ ᠰᠢᠯᠭᠠᠷᠠᠭᠤᠯᠤᠨ ᠬᠥᠬᠢᠭᠦᠯᠬᠦ ᠦᠶ᠎ᠡ ᠳᠤ ᠰᠤᠷᠭᠠᠨ | ᠬᠥᠮᠦᠵᠢᠯ ᠢ ᠳᠡᠮᠵᠢᠬᠦ ᠪᠠᠭᠰᠢ ᠳᠤ ᠲᠤᠰᠬᠠᠢ ᠲᠦᠯᠦᠪᠯᠡᠭᠡ ᠬᠢᠵᠦ ᠥᠭᠬᠦ ᠬᠡᠷᠡᠭᠲᠡᠶ᠃ | 4.ᠨᠢᠭᠡ ᠬᠤᠲᠠ ᠶᠢ ᠲᠣᠭᠤᠷᠢᠵᠤ ᠵᠢᠭᠠᠨ ᠰᠤᠷᠭᠠᠬᠤ ᠲᠣᠭᠲᠠᠴᠠ ᠶᠢ ᠪᠠᠶᠢᠭᠤᠯᠤᠨ᠎ᠠ᠃ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤᠷᠮᠠᠰᠢᠭᠤᠯᠬᠤ ᠲᠣᠭᠲᠠᠴᠠ ᠶᠢ | ᠪᠠᠶᠢᠭᠤᠯᠵᠤ᠂ ᠬᠤᠰᠢᠭᠤ ᠰᠢᠶᠠᠨ ᠤ ᠪᠠᠨ ᠰᠤᠷᠭᠠᠭᠤᠯᠢ ᠶᠢᠨ ᠪᠠᠭᠰᠢ ᠶᠢ ᠲᠤᠬᠠᠶᠢᠯᠠᠭᠰᠠᠨ ᠠᠵᠢᠯ ᠢᠶᠠᠨ ᠰᠠᠶᠢᠲᠤᠷ | ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠣᠶᠢᠷ᠎ᠠ ᠬᠠᠪᠢ ᠶᠢᠨ ᠢᠶᠠᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ | ᠪᠠᠶᠢᠭ᠎ᠠ ᠰᠤᠷᠭᠠᠭᠤᠯᠢ ᠳᠤ ᠬᠦᠷᠴᠦ᠂ ᠬᠢᠴᠢᠶᠡᠯ ᠬᠠᠪᠰᠤᠷᠭᠠᠨ ᠵᠢᠭᠠᠬᠤ ᠶᠢ ᠵᠣᠷᠢᠭᠵᠢᠭᠤᠯᠬᠤ ᠬᠡᠷᠡᠭᠲᠡᠢ᠃ ᠮᠡᠷᠭᠡᠵᠢᠯ ᠤᠨ | ᠴᠣᠯᠠ ᠲᠣᠭᠲᠠᠭᠠᠬᠤ ᠪᠠ ᠵᠢᠭᠠᠨ ᠰᠤᠷᠭᠠᠬᠤ ᠴᠢᠳᠠᠪᠤᠷᠢᠲᠠᠨ᠂ ᠬᠢᠴᠢᠶᠡᠯ ᠲᠥᠷᠥᠯ ᠤᠨ ᠳᠠᠭᠠᠭᠤᠯᠤᠭᠴᠢ ᠶᠢ | ᠰᠢᠯᠭᠠᠷᠠᠭᠤᠯᠬᠤ ᠳᠤ ᠬᠢᠴᠢᠶᠡᠯ ᠬᠠᠪᠰᠤᠷᠭᠠᠭᠰᠠᠨ ᠪᠠᠭᠰᠢ ᠶᠢ ᠤᠷᠢᠳ ᠢᠶᠠᠷ ᠪᠣᠳᠣᠯᠬᠢᠯᠠᠬᠤ ᠬᠡᠷᠡᠭᠲᠡᠶ᠃ | 5.︽ᠠᠮᠠᠷᠠᠯᠲᠠ ᠳᠤ ᠪᠠᠨ ᠭᠠᠷᠤᠭᠰᠠᠨ︾ ᠪᠠᠭᠰᠢ ᠶᠢ ᠤᠷᠢᠵᠤ ᠬᠡᠷᠡᠭᠯᠡᠬᠦ ᠲᠦᠯᠦᠪᠯᠡᠭᠡ ᠶᠢ ᠬᠡᠷᠡᠭᠵᠢᠭᠦᠯᠦᠨ᠎ᠡ᠃ | ᠲᠤᠰ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠨ ᠣᠷᠴᠢᠮ ᠤᠨ ᠲᠠᠪᠤᠨ | ᠵᠢᠯ ᠤᠨ ᠳᠣᠲᠣᠷ᠎ᠠ ᠠᠵᠢᠯ ᠤᠨ ᠠᠮᠠᠷᠠᠯᠲᠠ ᠳᠤ ᠪᠠᠨ ᠭᠠᠷᠤᠭᠰᠠᠨ ᠰᠢᠯᠢᠳᠡᠭ᠂ ᠭᠤᠤᠯᠯᠠᠭᠴᠢ ᠪᠠᠭᠰᠢ ᠶᠢ ᠤᠷᠢᠵᠤ᠂ | ᠠᠵᠢᠯ ᠤᠨ ᠪᠠᠶᠢᠷᠢ ᠳᠤ ᠪᠠᠨ ᠪᠤᠴᠠᠵᠤ ᠪᠠᠭᠰᠢᠯᠠᠬᠤ ᠶᠢ ᠵᠣᠷᠢᠭᠵᠢᠭᠤᠯᠤᠨ᠂ ᠤᠷᠢᠵᠤ ᠬᠡᠷᠡᠭᠯᠡᠬᠦ ᠬᠤᠭᠤᠴᠠᠭ᠎ᠠ ᠨᠢ | ᠡᠩ ᠤᠨ ᠪᠠᠶᠢᠳᠠᠯ ᠳᠤ 1 ᠵᠢᠯ ᠠᠴᠠ ᠣᠬᠤᠷ ᠪᠠᠶᠢᠵᠤ ᠪᠣᠯᠬᠤ ᠥᠬᠡᠶ᠂ 65 ᠨᠠᠰᠤᠨ ᠠᠴᠠ ᠬᠡᠲᠦᠷᠡᠵᠦ ᠪᠣᠯᠬᠤ ᠦᠭᠡᠢ᠃ | ᠤᠷᠢᠭᠰᠠᠨ ᠪᠠᠭᠰᠢ ᠨᠠᠷ ᠲᠤ ᠤᠤᠯ ᠤᠨ ᠠᠵᠢᠯ ᠤᠨ ᠠᠮᠠᠷᠠᠯᠲᠠ ᠳᠤ ᠪᠠᠨ ᠭᠠᠷᠬᠤ ᠦᠶ᠎ᠡ ᠶᠢᠨ ᠴᠠᠯᠢᠩ ᠣᠯᠭᠤᠮᠵᠢ | ᠶᠢ ᠨᠢ ᠭᠦᠷᠲᠡᠭᠡᠭᠰᠡᠨ ᠰᠠᠭᠤᠷᠢᠨ ᠳᠡᠭᠡᠷ᠎ᠡ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠯᠠᠪᠯᠠᠵᠤ᠂ ᠠᠵᠢᠯ ᠤᠨ | ᠨᠥᠬᠦᠪᠦᠷᠢ ᠭᠦᠷᠲᠡᠭᠡᠬᠦ ᠬᠡᠷᠡᠭᠲᠡᠢ᠃ | | ᠪᠠᠭᠰᠢ ᠶᠢᠨ ᠬᠡᠪ ᠴᠢᠨᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠬᠦ ᠲᠦᠯᠦᠪᠯᠡᠭᠡ ᠶᠢ ᠬᠡᠷᠡᠭᠵᠢᠭᠦᠯᠬᠦ | 6.ᠪᠠᠭᠰᠢ ᠶᠢᠨ ᠰᠤᠷᠲᠠᠯ ᠤᠨ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠲᠡᠭᠦᠯᠳᠡᠷᠵᠢᠭᠦᠯᠦᠨ᠎ᠡ᠃ | ᠡᠯ᠎ᠡ ᠭᠠᠵᠠᠷ ᠤᠨ ᠡᠯ᠎ᠡ ᠰᠤᠷᠭᠠᠭᠤᠯᠢ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠪᠠᠭᠰᠢ ᠶᠢᠨ ᠬᠡᠪ ᠴᠢᠨᠠᠷ | ᠢ ᠦᠨᠡᠯᠡᠬᠦ ᠨᠢᠭᠡᠳᠦᠭᠡᠷ ᠪᠠᠷᠢᠮᠵᠢᠶ᠎ᠠ ᠪᠣᠯᠭᠠᠵᠤ᠂ ᠪᠠᠭᠰᠢ ᠶᠢᠨ ᠰᠤᠷᠲᠠᠯ ᠤᠨ ᠬᠥᠮᠦᠵᠢᠯ ᠤᠨ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ ᠳᠡᠭᠦᠯᠳᠡᠷᠵᠢᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠠᠴᠠ | ᠪᠠᠭᠰᠢ ᠶᠢᠨ ᠪᠠᠶᠠᠷ ᠲᠤ ᠢᠯᠡᠭᠡᠭᠰᠡᠨ ᠦᠭᠡ᠂ ︽ᠶᠡᠷᠦᠩᠬᠡᠶ ᠱᠦᠵᠢ ᠰᠢ ᠶᠢᠨ ᠫᠢᠩ ᠤᠨ ᠪᠠᠭᠰᠢ ᠶᠢᠨ ᠲᠤᠬᠠᠢ | ᠴᠢᠬᠤᠯᠠ ᠶᠠᠷᠢᠶᠠᠨ ᠤ ᠲᠠᠶᠢᠯᠤᠮᠵᠢ︾᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠥᠰᠥᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠲᠤᠬᠠᠶ ᠴᠢᠬᠤᠯᠠ ᠵᠢᠭᠠᠪᠤᠷᠢ ᠵᠢᠴᠢ ᠰᠤᠷᠭᠠᠨ ᠬᠥᠮᠦᠵᠢᠯ ᠤᠨ | ᠶᠠᠮᠤᠨ ᠠᠴᠠ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ ᠳᠤᠮᠳᠠᠳᠤ ᠰᠤᠷᠭᠠᠭᠤᠯᠢ᠂ ᠪᠠᠭ᠎ᠠ | ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠠᠷᠪᠠᠨ ᠵᠣᠷᠪᠤᠰ ᠳᠦᠷᠢᠮ︾᠂ | ︽ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠪᠠ ᠶᠣᠰᠣ ᠰᠤᠷᠲᠠᠬᠤᠨ ᠢ | ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ︾᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ | ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠬᠦ ᠲᠤᠬᠠᠶ ᠵᠢᠯᠣᠭᠤᠳᠬᠤ ᠰᠠᠨᠠᠯ︾ ᠢ ᠵᠠᠪᠠᠯ ᠰᠤᠷᠬᠤ ᠠᠭᠤᠯᠭ᠎ᠠ ᠳᠤ ᠪᠠᠨ ᠣᠷᠤᠭᠤᠯᠵᠤ᠂ | ᠲᠥᠪᠯᠡᠷᠡᠭᠦᠯᠦᠨ ᠰᠤᠷᠤᠯᠴᠠᠬᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ᠂ ᠬᠠᠷᠢᠴᠠᠭᠤᠯᠤᠨ ᠪᠠᠶᠢᠴᠠᠭᠠᠬᠤ᠂ | ᠬᠢᠨᠠᠨ ᠰᠢᠯᠭᠠᠵᠤ ᠦᠨᠡᠯᠡᠬᠦ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠰᠠᠭᠤᠷᠢ ᠪᠠᠨ ᠤᠯᠠᠮ ᠨᠢᠭᠡ ᠠᠯᠬᠤᠮ | ᠴᠢᠩᠭᠠᠳᠬᠠᠨ ᠤᠶᠤᠨ ᠤᠬᠠᠭᠠᠨ ᠢᠶᠠᠨ ᠪᠣᠯᠪᠠᠰᠤᠷᠠᠭᠤᠯᠵᠤ᠂ ᠥᠷᠭᠡᠨ ᠣᠯᠠᠨ ᠪᠠᠭᠰᠢ ᠠᠵᠢᠯᠲᠠᠨ ᠢ ᠬᠥᠲᠥᠯᠥᠨ | ᠵᠢᠯᠣᠭᠤᠳᠴᠤ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠵᠤ᠂ ᠪᠠᠭᠰᠢ ᠶᠢᠨ ᠰᠤᠷᠲᠠᠯ ᠤᠨ ᠬᠢᠵᠠᠭᠠᠷ ᠱᠤᠭᠤᠮ ᠢ | ᠪᠠᠲᠤ ᠰᠠᠬᠢᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠶ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ᠂ ︽ᠳᠥᠷᠪᠡᠨ ᠤᠬᠠᠮᠰᠠᠷ︾ | ᠢᠶᠠᠨ ᠦᠢᠯᠡᠳᠦᠯᠭᠡᠵᠢᠭᠦᠯᠵᠦ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ᠃ | ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠪᠠᠭᠰᠢ ᠶᠢᠨ ᠰᠤᠷᠲᠠᠯ ᠤᠨ ᠬᠢᠨᠠᠨ ᠰᠢᠯᠭᠠᠯᠲᠠ ᠶᠢᠨ ᠦᠷ᠎ᠡ | ᠳ᠋ᠦᠩ ᠢ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ᠂ ᠮᠡᠷᠭᠡᠵᠢᠯ ᠤᠨ ᠴᠤᠯᠠ ᠲᠣᠭᠲᠠᠭᠠᠬᠤ᠂ ᠰᠢᠯᠢᠳᠡᠭ ᠪᠠ | ᠲᠡᠷᠢᠭᠦᠨ ᠤ ᠬᠢ ᠶᠢ ᠰᠢᠯᠭᠠᠷᠠᠭᠤᠯᠬᠤ ᠪᠣᠯᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠬᠢᠨᠠᠨ ᠰᠢᠯᠭᠠᠵᠤ | ᠣᠯᠭᠤᠬᠤ ᠲᠡᠷᠢᠭᠦᠨ ᠴᠢᠬᠤᠯᠠ ᠨᠥᠬᠦᠴᠡᠯ ᠪᠣᠯᠭᠠᠵᠤ᠂ ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠢ ᠶᠢ ᠨᠢ ᠨᠢᠭᠡ | ᠫᠢᠶᠣᠤ ᠪᠠᠷ ᠦᠭᠡᠶᠢᠰᠬᠡᠬᠦ ᠶᠢ ᠬᠡᠷᠡᠭᠵᠢᠭᠦᠯᠬᠦ ᠬᠡᠷᠡᠭᠲᠡᠢ᠃ | 7.ᠬᠤᠰᠢᠭᠤ ᠰᠢᠶᠠᠨ ᠤ ᠬᠡᠪᠴᠢᠶᠡᠨ ᠳᠤ ᠬᠢ ᠰᠤᠷᠭᠠᠭᠤᠯᠢ ᠶᠢᠨ ᠬᠤᠭᠤᠷᠣᠨᠳᠣᠬᠢ ᠬᠤᠣᠰᠯᠠᠵᠤ ᠬᠠᠪᠰᠤᠷᠤᠨ | ᠲᠡᠳᠬᠦᠬᠦ ᠲᠣᠭᠲᠠᠴᠠ ᠶᠢ ᠪᠠᠶᠢᠭᠤᠯᠤᠨ᠎ᠠ᠃ | ᠡᠯ᠎ᠡ ᠭᠠᠵᠠᠷ ᠤᠨ ᠬᠢᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠭᠤᠷᠪᠠᠨ | ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠪᠠᠶᠢᠳᠠᠯ ᠢ ᠦᠨᠳᠦᠰᠦᠯᠡᠨ᠂ | 2020 ᠣᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠤᠰᠢᠭᠤ ᠰᠢᠶᠠᠨ ᠤ ᠬᠡᠪᠴᠢᠶᠡᠨ ᠳᠤ ᠬᠢ ᠬᠤᠲᠠ | ᠬᠥᠳᠡᠭᠡ ᠶᠢᠨ ᠬᠤᠭᠤᠷᠣᠨᠳᠣ᠂ ᠰᠤᠷᠭᠠᠭᠤᠯᠢ ᠶᠢᠨ ᠬᠤᠭᠤᠷᠣᠨᠳᠣ᠂ ᠲᠡᠷᠢᠭᠦᠨ ᠤ ᠡᠩ ᠤᠨ ᠰᠤᠷᠭᠠᠭᠤᠯᠢ ᠬᠢᠭᠡᠳ | ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠨᠢᠭᠡ ᠬᠠᠷᠢᠴᠠᠬᠤ ᠨᠢᠭᠡ︾᠂ ︽ᠣᠯᠠᠨ | ᠬᠠᠷᠢᠴᠠᠬᠤ ᠨᠢᠭᠡ︾ ᠠᠵᠢᠯ ᠲᠥᠷᠥᠯ ᠢᠶᠠᠷ ᠢᠶᠠᠨ ᠬᠤᠤᠰᠯᠠᠬᠤ ᠪᠤᠶᠤ ᠬᠤᠯᠪᠤᠭᠠᠯᠠᠵᠤ ᠬᠠᠪᠰᠤᠷᠤᠨ ᠲᠡᠳᠬᠦᠬᠦ | ᠲᠣᠭᠲᠠᠴᠠ ᠶᠢ ᠪᠠᠶᠢᠭᠤᠯᠵᠤ᠂ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢ ᠵᠣᠬᠢᠶᠠᠨ ᠪᠠᠶᠢᠭᠤᠯᠵᠤ | ᠬᠠᠮᠲᠤ ᠪᠠᠷ ᠬᠢᠴᠢᠶᠡᠯ ᠪᠡᠯᠡᠳᠬᠡᠬᠦ᠂ ᠬᠢᠴᠢᠶᠡᠯ ᠰᠣᠳᠤᠯᠬᠤ᠂ ᠬᠢᠴᠢᠶᠡᠯ ᠦᠨᠡᠯᠡᠬᠦ ᠪᠠ ᠬᠤᠣᠰᠯᠠᠵᠤ ᠬᠢᠴᠢᠶᠡᠯ ᠤᠨ | ᠬᠡᠯᠪᠡᠷᠢ ᠶᠢ ᠰᠠᠶᠢᠵᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠲᠡᠨ ᠤ ᠬᠡᠯᠡ ᠪᠠᠷ | ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢᠨ ᠤᠯᠤᠰ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠴᠢᠳᠠᠪᠤᠷᠢ ᠪᠣᠯᠤᠨ ᠬᠢᠴᠢᠶᠡᠯᠯᠡᠭᠡ ᠶᠢᠨ ᠴᠢᠨᠠᠷ | ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃ | 8.ᠨᠠᠷᠠᠲᠤ ᠪᠠᠭᠰᠢ ᠬᠥᠲᠥᠯᠦᠨ ᠳᠠᠭᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ᠎ᠠ᠃ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ ᠤ ᠳᠡᠰ ᠤᠨ ᠨᠠᠷᠠᠲᠤ ᠪᠠᠭᠰᠢ ᠶᠢᠨ ᠠᠵᠢᠯᠯᠠᠬᠤ ᠭᠠᠵᠠᠷ᠂ ᠨᠠᠷᠠᠲᠤ ᠪᠠᠭᠰᠢ | ᠬᠥᠲᠥᠯᠦᠨ ᠳᠠᠭᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ | ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠡᠯ᠎ᠡ ᠱᠠᠲᠤᠨ ᠤ ᠵᠢᠭᠠᠬᠤ ᠶᠢ ᠰᠤᠳᠤᠯᠬᠤ ᠰᠠᠯᠠᠭ᠎ᠠ | ᠮᠥᠴᠢᠷ ᠤᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠰᠢᠯᠢᠳᠡᠭ ᠵᠢᠭᠠᠨ ᠰᠤᠳᠤᠯᠤᠭᠴᠢ ᠶᠢ ᠵᠣᠬᠢᠶᠠᠨ | ᠪᠠᠶᠢᠭᠤᠯᠬᠤ ᠪᠤᠶᠤ ︽ᠭᠤᠷᠪᠠᠳᠤᠭᠠᠷ ᠳᠡᠰ︾ ᠤᠨ ᠨᠡᠷᠡᠲᠦ ᠪᠠᠭᠰᠢ ᠶᠢᠨ ᠠᠵᠢᠯᠯᠠᠬᠤ ᠭᠠᠵᠠᠷ ᠤᠨ ᠬᠠᠷᠢᠭᠤᠴᠠᠯᠭᠠᠲᠠᠳ | ᠠᠴᠠ ᠲᠦᠷᠦᠭᠦᠯᠡᠵᠦ᠂ ᠮᠡᠷᠭᠡᠵᠢᠯᠲᠡᠨ ᠤ ᠪᠦᠯᠬᠦᠮ ᠢ ᠪᠦᠷᠢᠯᠳᠦᠭᠦᠯᠵᠦ᠂ ᠲᠤᠰ ᠭᠠᠵᠠᠷ ᠤᠨ ᠦᠨᠳᠦᠰᠦᠲᠡᠨ ᠤ | ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢᠨ | ᠠᠵᠢᠯᠯᠠᠬᠤ ᠭᠠᠵᠠᠷ ᠲᠤ ᠣᠴᠢᠭᠤᠯᠵᠤ᠂ ᠬᠠᠮᠲᠤ ᠪᠠᠷ ᠬᠢᠴᠢᠶᠡᠯ ᠪᠡᠯᠡᠳᠬᠡᠬᠦ᠂ ᠬᠢᠴᠢᠶᠡᠯ ᠶᠠᠷᠢᠵᠤ ᠵᠢᠱᠢᠶ᠎ᠡ ᠦᠵᠡᠭᠦᠯᠬᠦ᠂ | ᠠᠳᠠᠯᠢ ᠬᠢᠴᠢᠶᠡᠯ ᠢ ᠠᠳᠠᠯᠢ ᠪᠣᠰᠤ ᠪᠥᠲᠦᠴᠡ ᠪᠠᠷ ᠵᠢᠭᠠᠬᠤ᠂ ᠣᠨᠣᠰᠢᠯᠠᠵᠤ ᠮᠠᠳᠠᠭ ᠢ ᠨᠢ ᠲᠠᠶᠢᠯᠬᠤ ᠵᠡᠷᠭᠡ ᠵᠢᠭᠠᠨ | ᠰᠤᠷᠭᠠᠯᠲᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠠᠩ ᠣᠯᠠᠨ ᠪᠠᠭᠰᠢ ᠶᠢ ᠬᠥᠲᠥᠯᠥᠨ | ᠵᠢᠯᠣᠭᠤᠳᠴᠤ ᠰᠢᠨ᠎ᠡ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠭᠦᠯᠵᠦ᠂ ᠰᠢᠨ᠎ᠡ ᠵᠢᠭᠠᠬᠤ ᠠᠷᠭ᠎ᠠ ᠶᠢ ᠰᠠᠶᠢᠲᠤᠷ | ᠡᠵᠡᠮᠰᠢᠭᠦᠯᠬᠦ ᠬᠡᠷᠡᠭᠲᠡᠢ᠃ | 9.ᠱᠠᠲᠤ ᠬᠤᠪᠢᠶᠠᠨ ᠪᠣᠯᠪᠠᠰᠤᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠲᠡᠭᠦᠯᠳᠡᠷᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠵᠢᠱᠢᠶ᠎ᠡ ᠦᠵᠡᠭᠦᠯᠬᠦ ᠶᠢ ᠠᠳᠬᠤᠬᠤ᠂ ᠠᠶᠢᠮᠠᠭ ᠬᠤᠲᠠ ᠭᠤᠣᠯᠯᠠᠬᠤ | ᠬᠦᠴᠦᠨ ᠢ ᠠᠳᠬᠤᠬᠤ᠂ ᠬᠤᠰᠢᠭᠤ ᠰᠢᠶᠠᠨ ᠪᠥᠬᠦ ᠠᠵᠢᠯᠲᠠᠨ ᠢ ᠠᠳᠬᠤᠬᠤ᠂ ᠰᠤᠷᠭᠠᠭᠤᠯᠢ ᠵᠢᠭᠠᠬᠤ ᠪᠠ | ᠰᠣᠳᠤᠯᠬᠤ ᠶᠢ ᠪᠣᠯᠪᠠᠰᠤᠷᠠᠭᠤᠯᠵᠤ ᠰᠤᠳᠤᠯᠤᠨ ᠰᠤᠷᠤᠯᠴᠠᠬᠤ ᠳᠦᠷᠢᠮ ᠢ ᠦᠨᠳᠦᠰᠦᠨ ᠠᠴᠠ ᠨᠢ ᠠᠳᠬᠤᠬᠤ ᠶᠢ | ᠳᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠭᠤᠤᠯᠯᠠᠬᠤ ᠪᠠᠭᠰᠢ᠂ ᠵᠢᠭᠠᠬᠤ ᠶᠢ ᠰᠤᠳᠤᠯᠬᠤ | ᠠᠵᠢᠯᠲᠠᠨ ᠤ ᠵᠢᠱᠢᠶ᠎ᠡ ᠦᠵᠡᠭᠦᠯᠬᠦ ︽ᠭᠠᠷᠮᠠᠭᠠᠶᠢᠯᠠᠭᠴᠢ︾ ᠶᠢᠨ ᠪᠣᠯᠪᠠᠰᠤᠷᠠᠭᠤᠯᠤᠯ ᠢ ᠬᠠᠷᠢᠭᠤᠴᠠᠵᠤ᠂ 300 ᠰᠢᠬᠠᠮ | ᠬᠥᠮᠦᠨ ᠢ ᠪᠣᠯᠪᠠᠰᠤᠷᠠᠭᠤᠯᠤᠨ᠎ᠠ᠃ ᠠᠶᠢᠮᠠᠭ ᠬᠤᠲᠠ ᠨᠢ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ | ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠬᠤᠣᠰ ᠬᠡᠯᠡᠨ ᠤ ᠭᠤᠣᠯᠯᠠᠭᠴᠢ ᠪᠠᠭᠰᠢ ᠶᠢ ᠪᠣᠯᠪᠠᠰᠤᠷᠭᠤᠯᠬᠤ ᠶᠢ | ᠬᠠᠷᠢᠭᠤᠴᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠪᠦᠬᠦ ᠪᠠᠭᠰᠢ ᠶᠢ ᠪᠣᠯᠪᠠᠰᠤᠷᠠᠭᠤᠯᠬᠤ ᠶᠢ | ᠬᠠᠷᠢᠭᠤᠴᠠᠵᠤ᠂ ᠡᠯ᠎ᠡ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠨᠢ ᠰᠤᠷᠭᠠᠭᠤᠯᠢ ᠶᠢᠨ ᠵᠢᠭᠠᠬᠤ ᠪᠠ | ᠰᠣᠳᠤᠯᠬᠤ ᠶᠢ ᠬᠠᠷᠢᠭᠤᠴᠠᠬᠤ ᠬᠡᠷᠡᠭᠲᠡᠶ᠃ ᠪᠣᠯᠪᠠᠰᠤᠷᠠᠭᠤᠯᠤᠯ ᠢ ᠲᠥᠪᠯᠡᠷᠡᠭᠦᠯᠦᠨ ᠪᠣᠯᠪᠠᠰᠤᠷᠠᠭᠤᠯᠬᠤ᠂ ᠰᠦᠯᠵᠢᠶ᠎ᠡ ᠪᠠᠷ | ᠪᠣᠯᠪᠠᠰᠤᠷᠠᠭᠤᠯᠬᠤ᠂ ᠰᠤᠷᠭᠠᠨ ᠬᠥᠮᠦᠵᠢᠯ ᠢ ᠰᠤᠷᠭᠠᠭᠤᠯᠢ ᠳᠤ ᠬᠦᠷᠭᠡᠬᠦ᠂ ᠨᠡᠷᠡᠲᠦ ᠪᠠᠭᠰᠢ ᠵᠢᠯᠣᠭᠤᠳᠬᠤ ᠪᠠ | ᠠᠵᠢᠯ ᠤᠨ ᠪᠠᠶᠢᠷᠢ ᠳᠤ ᠰᠣᠳᠤᠯᠤᠨ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ | ᠪᠣᠯᠪᠠᠰᠤᠷᠠᠭᠤᠯᠬᠤ ᠠᠭᠤᠯᠭ᠎ᠠ ᠪᠠ ᠬᠡᠷᠡᠭᠵᠢᠭᠦᠯᠬᠦ ᠲᠥᠰᠦᠯ ᠢ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠳᠡᠰ | ᠳᠠᠪᠬᠤᠷᠭ᠎ᠠ᠂ ᠠᠳᠠᠯᠢ ᠪᠤᠰᠤ ᠬᠡᠷᠡᠭᠴᠡᠭᠡ ᠱᠠᠭᠠᠷᠳᠠᠯᠭᠠᠲᠤ ᠪᠣᠯᠪᠠᠰᠤᠷᠠᠭᠤᠯᠤᠯ ᠬᠦᠷᠲᠡᠬᠦ ᠬᠥᠮᠦᠰ ᠢ ᠦᠨᠳᠦᠰᠦᠯᠡᠨ | ᠲᠣᠭᠲᠠᠭᠠᠵᠤ᠂ ᠪᠣᠯᠪᠠᠰᠤᠷᠠᠭᠤᠯᠬᠤ ᠦᠶᠡᠯᠡᠯ ᠨᠢ 3 ᠵᠢᠯ ᠢᠶᠠᠷ ᠡᠭᠡᠯᠵᠢᠯᠡᠬᠦ ᠪᠣᠯᠤᠨ᠎ᠠ᠃ | 10.︽ᠭᠠᠷᠮᠠᠭᠠᠶ ᠪᠠᠭᠰᠢ︾ ᠶᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ | ᠡᠯ᠎ᠡ ᠬᠢᠴᠢᠶᠡᠯ ᠲᠦᠷᠦᠯ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠬᠢᠴᠢᠶᠡᠯ ᠲᠦᠷᠦᠯ ᠤᠨ | ᠳᠠᠭᠠᠭᠤᠯᠤᠭᠴᠢ ᠪᠣᠯᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠷᠠᠭᠤᠯᠤᠯ ᠢ ᠬᠦᠷᠲᠡᠭᠰᠡᠨ ᠪᠥᠭᠡᠳ ᠰᠢᠯᠢᠳᠡᠭ | ᠬᠤᠣᠰ ᠬᠡᠯᠡᠨ ᠤ ᠪᠠᠭᠰᠢ ᠪᠠᠷ ᠰᠢᠯᠭᠠᠷᠠᠭᠤᠯᠤᠭᠰᠠᠳ ᠢ ︽ᠭᠠᠷᠮᠠᠭᠠᠶ ᠪᠠᠭᠰᠢ︾ ᠬᠥᠮᠦᠵᠢᠭᠦᠯᠬᠦ ᠵᠢᠱᠢᠭᠳᠡᠭᠴᠢ | ᠪᠣᠯᠭᠠᠵᠤ᠂ ᠭᠤᠷᠪᠠᠨ ᠬᠤᠭᠤᠴᠠᠭ᠎ᠠ ᠬᠤᠪᠢᠶᠠᠵᠤ ᠬᠤᠸᠠᠳᠦ᠋ᠩ ᠪᠠᠭᠰᠢ ᠶᠢᠨ ᠶᠡᠭᠡ ᠰᠤᠷᠭᠠᠭᠤᠯᠢ᠂ ᠪᠡᠭᠡᠵᠢᠩ ᠤᠨ | ᠪᠠᠭᠰᠢ ᠶᠢᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠵᠡᠷᠭᠡ ᠤᠯᠤᠰ ᠤᠨ | ᠳᠣᠲᠣᠭᠠᠳᠤ ᠶᠢᠨ ᠨᠡᠷᠡᠲᠦ ᠰᠤᠷᠭᠠᠭᠤᠯᠢ ᠳᠤ ᠨᠠᠶᠢᠳᠠᠵᠤ᠂ ︽ᠬᠡᠰᠡᠭ ᠬᠤᠪᠢᠶᠠᠨ ᠣᠯᠠᠨ ᠤᠳᠠᠭ᠎ᠠ ᠲᠥᠪᠯᠡᠷᠡᠭᠦᠯᠬᠦ + | ᠰᠦᠯᠵᠢᠶ᠎ᠡ ᠪᠠᠷ ᠰᠤᠳᠤᠯᠤᠨ ᠰᠤᠷᠤᠯᠴᠠᠬᠤ + ᠠᠵᠢᠯ ᠤᠨ ᠪᠠᠶᠢᠷᠢ ᠳᠤ ᠪᠠᠨ ᠪᠤᠴᠠᠨ ᠦᠢᠯᠡᠳᠦᠯᠭᠡᠵᠢᠭᠦᠯᠬᠦ + ᠨᠡᠷᠡᠲᠦ | ᠰᠤᠷᠭᠠᠭᠤᠯᠢ ᠶᠢ ᠰᠤᠷᠪᠤᠯᠵᠢᠯᠠᠬᠤ︾ ᠵᠡᠷᠭᠡ ᠠᠷᠭ᠎ᠠ ᠮᠠᠶ᠋ᠢᠭ ᠢ ᠠᠪᠴᠤ᠂ 2 ᠵᠢᠯ ᠢ ᠨᠢᠭᠡ ᠦᠶᠡᠯᠡᠯ ᠪᠣᠯᠭᠠᠨ | ᠪᠣᠯᠪᠠᠰᠤᠷᠠᠭᠤᠯᠤᠯ ᠬᠢᠯᠭᠡᠵᠦ᠂ ᠪᠣᠯᠪᠠᠰᠤᠷᠠᠭᠤᠯᠤᠯ ᠤᠨ ᠬᠤᠭᠤᠴᠠᠭ᠎ᠠ ᠨᠢ ᠳᠠᠭᠤᠰᠴᠤ᠂ ᠬᠢᠨᠠᠨ ᠰᠢᠯᠭᠠᠭᠠᠳ ᠬᠢᠷᠢ | ᠲᠡᠩᠴᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ︽ᠬᠢᠴᠢᠶᠡᠯ ᠲᠦᠷᠦᠯ ᠤᠨ ᠳᠠᠭᠠᠭᠤᠯᠤᠭᠴᠢ︾ ᠶᠢᠨ | ᠬᠠᠮᠢᠶ᠎ᠠ ᠪᠦᠬᠦᠢ ᠣᠯᠭᠤᠮᠵᠢ ᠶᠢ ᠬᠦᠷᠲᠡᠵᠦ᠂ ᠨᠢᠭᠡ ᠪᠦᠯᠦᠭ ᠥᠪᠡᠷᠮᠢᠴᠡ ᠵᠢᠭᠠᠨ ᠰᠤᠷᠭᠠᠬᠤ ᠬᠡᠪ ᠨᠠᠮᠪᠠ ᠲᠠᠢ᠂ | ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠬᠥᠭᠵᠢᠯᠲᠡ ᠶᠢ ᠬᠥᠲᠥᠯᠥᠨ ᠵᠢᠯᠣᠭᠤᠳᠴᠤ ᠴᠢᠳᠠᠬᠤᠶᠢᠴᠠ ᠰᠤᠷᠭᠠᠨ ᠬᠦᠮᠦᠵᠢᠯᠲᠡᠨ ᠤ ᠮᠠᠶ᠋ᠢᠭᠲᠤ | ᠭᠤᠤᠯᠯᠠᠬᠤ ᠪᠠᠭᠰᠢ ᠶᠢᠨ ᠬᠠᠮᠲᠤᠯᠢᠭ ᠢ ᠬᠦᠴᠦᠯᠡᠨ ᠬᠥᠮᠥᠵᠢᠭᠦᠯᠬᠦ ᠬᠡᠷᠡᠭᠲᠡᠶ᠃ | 11.ᠪᠠᠭᠰᠢ ᠨᠠᠷ ᠤᠨ ᠰᠤᠷᠤᠯᠭ᠎ᠠ ᠶᠢᠨ ᠨᠠᠮᠲᠠᠷ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠠᠴᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠨᠠᠶᠢᠳᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠤᠨ ︽ᠭᠤᠷᠪᠠᠨ ᠬᠢᠴᠢᠶᠡᠯ ᠲᠦᠷᠦᠯ︾ ᠤᠨ ᠬᠤᠣᠰ ᠬᠡᠯᠡᠨ ᠤ ᠪᠠᠭᠰᠢ ᠶᠢᠨ ᠠᠩᠭᠢ ᠶᠢ | ᠡᠷᠬᠢᠯᠡᠵᠦ᠂ ᠰᠤᠷᠤᠯᠭ᠎ᠠ ᠶᠢᠨ ᠳᠦᠷᠢᠮ ᠢ ᠬᠤᠯᠪᠣᠭᠳᠠᠯ ᠪᠦᠬᠦᠢ ᠲᠣᠭᠲᠠᠭᠠᠯ ᠶᠣᠰᠤ ᠪᠠᠷ ᠬᠡᠷᠡᠭᠵᠢᠭᠦᠯᠵᠦ᠂ | ᠰᠤᠷᠤᠯᠭ᠎ᠠ ᠪᠠᠨ ᠳᠡᠭᠦᠰᠬᠦ ᠶᠢᠨ ᠬᠠᠮᠲᠤ ᠬᠢᠨᠠᠨ ᠰᠢᠯᠭᠠᠭᠠᠳ ᠬᠢᠷᠢ ᠲᠡᠩᠴᠡᠭᠰᠡᠳ ᠲᠤ ᠨᠠᠰᠤᠨ ᠳᠤ ᠬᠦᠷᠦᠭᠰᠡᠳ ᠤᠨ | ᠰᠤᠷᠭᠠᠨ ᠬᠥᠮᠦᠵᠢᠯ ᠲᠡᠭᠦᠰᠦᠭᠰᠡᠨ ᠰᠤᠷᠤᠯᠭ᠎ᠠ ᠶᠢᠨ ᠨᠠᠮᠲᠠᠷ ᠤᠨ ᠦᠨᠡᠮᠯᠡᠯ ᠢ ᠣᠯᠭᠤᠨ᠎ᠠ᠃ ᠰᠤᠷᠤᠯᠭ᠎ᠠ ᠶᠢᠨ | ᠬᠤᠭᠤᠴᠠᠭᠠᠨ ᠳᠤ ᠬᠢ ᠪᠠᠭᠰᠢ ᠶᠢᠨ ᠤᠤᠯ ᠤᠨ ᠠᠵᠢᠯ ᠤᠨ ᠪᠠᠶᠢᠷᠢ ᠳᠤ ᠬᠢ ᠬᠠᠷᠠᠭᠠᠯᠵᠠᠯ ᠢ ᠬᠤᠪᠢᠷᠠᠭᠤᠯᠬᠤ ᠥᠬᠡᠶ᠂ | ᠰᠤᠷᠤᠯᠭ᠎ᠠ ᠶᠢᠨ ᠰᠦᠢᠳᠭᠡᠯ᠂ ᠬᠢᠴᠢᠶᠡᠯ ᠤᠨ ᠡᠬᠢ ᠪᠠᠶᠠᠯᠢᠭ ᠤᠨ ᠰᠦᠢᠳᠭᠡᠯ᠂ ᠵᠢᠭᠠᠬᠤ ᠮᠠᠲ᠋ᠧᠷᠢᠶᠠᠯ ᠤᠨ ᠰᠦᠢᠳᠭᠡᠯ | ᠵᠡᠷᠭᠡ ᠶᠢ ᠵᠠᠷᠴᠢᠮ ᠳᠡᠭᠡᠷ᠎ᠡ ᠪᠠᠨ ᠪᠠᠶᠢᠭᠤᠯᠭ᠎ᠠ ᠨᠢᠭᠡᠴᠢ ᠪᠣᠯᠤᠨ ᠬᠤᠪᠢ ᠬᠥᠮᠦᠨ ᠵᠣᠬᠢᠬᠤ ᠬᠠᠷᠢᠴᠠᠯ ᠢᠶᠠᠷ ᠬᠤᠪᠢᠶᠠᠨ | ᠡᠭᠦᠷᠭᠡᠯᠡᠬᠦ ᠬᠡᠷᠡᠭᠲᠡᠢ᠃ | 12.ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠴᠢᠳᠠᠪᠤᠷᠢ ᠶᠢ ᠳᠡᠭᠡᠭᠰᠢᠯᠡᠭᠦᠯᠬᠦ | ᠲᠦᠯᠦᠪᠯᠡᠭᠡ ᠶᠢ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠠᠴᠠ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ ᠳᠤ ᠨᠠᠶᠢᠳᠠᠵᠤ᠂ APP ᠢᠶᠠᠷ ᠡᠭᠦᠷᠭᠡ ᠶᠢ ᠳᠠᠮᠵᠢᠭᠤᠯᠤᠨ ᠬᠦᠷᠭᠡᠬᠦ᠂ ᠲᠤᠰᠬᠠᠶ | ᠮᠡᠷᠭᠡᠵᠢᠯᠲᠡᠨ ᠬᠠᠷᠢᠯᠴᠠᠨ ᠵᠢᠯᠣᠭᠤᠳᠬᠤ᠂ ᠪᠠᠭᠰᠢ ᠶᠢᠨ ᠰᠤᠷᠭᠠᠭᠤᠯᠢ ᠶᠢᠨ ᠰᠤᠷᠤᠭᠴᠢᠳ ᠨᠢᠭᠡ ᠬᠠᠷᠢᠴᠠᠬᠤ ᠨᠢᠭᠡ ᠪᠠᠷ | ᠬᠠᠪᠰᠤᠷᠤᠨ ᠵᠢᠯᠣᠭᠤᠳᠬᠤ᠂ ᠰᠣᠳᠣᠨ ᠪᠢᠴᠢᠯ ᠬᠢᠴᠢᠶᠡᠯᠯᠡᠭᠡ ᠶᠢ ᠬᠤᠪᠢᠶᠠᠯᠴᠠᠬᠤ ᠵᠡᠷᠭᠡ ᠰᠦᠯᠵᠢᠶᠡᠨ ᠤ ᠰᠤᠷᠤᠯᠴᠠᠬᠤ | ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ | ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠬᠢᠵᠦ᠂ ᠪᠣᠯᠪᠠᠰᠤᠷᠠᠭᠤᠯᠬᠤ ᠬᠤᠭᠤᠴᠠᠭ᠎ᠠ ᠨᠢ 2 ᠰᠠᠷ᠎ᠠ ᠪᠣᠯᠤᠨ᠎ᠠ᠃ | ᠵᠢᠯ ᠪᠦᠷᠢ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠤᠣᠰ ᠬᠡᠯᠡᠨ ᠤ ︽ᠭᠤᠷᠪᠠᠨ | ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢ 500 — 600 ᠬᠥᠮᠦᠨ ᠢ ᠪᠣᠯᠪᠠᠰᠤᠷᠠᠭᠤᠯᠵᠤ᠂ ᠬᠠᠮᠤᠭ ᠤᠨ ᠪᠠᠭ᠎ᠠ | ᠳᠤ ᠪᠠᠨ 3 ᠵᠢᠯ ᠳᠠᠷᠠᠭᠠᠯᠠᠨ ᠬᠡᠷᠡᠭᠵᠢᠭᠦᠯᠦᠨ᠎ᠡ᠃ | | ᠰᠢᠯᠢᠳᠡᠭ ᠪᠠᠭᠰᠢ ᠶᠢᠨ ᠡᠬᠢ ᠪᠠᠶᠠᠯᠢᠭ ᠢ ᠨᠥᠭᠡᠴᠡᠯᠡᠬᠦ ᠲᠦᠯᠦᠪᠯᠡᠭᠡ ᠶᠢ ᠬᠡᠷᠡᠭᠵᠢᠭᠦᠯᠬᠦ | 13.ᠰᠢᠯᠢᠳᠡᠭ ᠪᠠᠭᠰᠢ ᠶᠢᠨ ᠡᠬᠢ ᠪᠠᠶᠠᠯᠢᠭ ᠢ ᠨᠥᠭᠡᠴᠡᠯᠡᠬᠦ ᠶᠢ ᠴᠢᠩᠭᠠᠳᠬᠠᠨ᠎ᠠ᠃ | 2021 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ︽ᠪᠠᠭᠰᠢ ᠶᠢ ᠠᠯᠪᠠᠨ ᠵᠠᠷᠤᠳᠠᠯ ᠢᠶᠠᠷ | ᠬᠠᠨᠳᠤᠯᠭᠠᠲᠠᠢ ᠬᠥᠮᠦᠵᠢᠭᠦᠯᠬᠦ ᠲᠦᠯᠦᠪᠯᠡᠭᠡ︾ ᠪᠠᠷ ᠳᠠᠮᠵᠢᠭᠤᠯᠤᠨ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠨᠠᠶᠢᠳᠠᠵᠤ᠂ ᠤᠯᠤᠰ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠬᠤᠤᠰ | ᠬᠡᠯᠡᠨ ᠤ ᠰᠢᠯᠢᠳᠡᠭ ᠪᠠᠭᠰᠢ ᠶᠢ ᠬᠥᠮᠥᠵᠢᠭᠦᠯᠦᠨ ᠨᠥᠭᠡᠴᠡᠯᠡᠵᠦ᠂ ᠵᠢᠯ ᠪᠦᠷᠢ ᠨᠢᠭᠡᠳᠦᠭᠡᠷ ᠪᠦᠯᠦᠭ ᠤᠨ ᠵᠢᠩᠬᠢᠨᠢ | ᠠᠩᠭᠢ ᠳᠤ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠬᠢᠵᠠᠭᠠᠷ ᠬᠤᠪᠢᠨ ᠳᠤ ᠬᠦᠷᠦᠭᠰᠡᠨ ᠪᠠᠭᠰᠢᠯᠠᠬᠤ | ᠳᠤᠷᠠᠳᠠᠢ᠂ ᠪᠠᠭᠰᠢᠯᠠᠬᠤ ᠳᠤ ᠲᠣᠬᠢᠷᠠᠮᠵᠢᠲᠠᠢ᠂ ᠪᠠᠭᠰᠢᠯᠠᠬᠤ ᠳᠤ ᠴᠢᠳᠠᠮᠠᠭᠠᠢ ᠮᠥᠷᠲᠡᠭᠡᠨ ᠬᠤᠣᠰ ᠬᠡᠯᠡᠨ ᠤ ᠰᠤᠷᠭᠠᠨ | ᠬᠥᠮᠦᠵᠢᠯ ᠤᠨ ᠦᠢᠯᠡᠰ ᠢ ᠬᠠᠶᠢᠷᠠᠯᠠᠳᠠᠭ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠰᠢᠯᠢᠳᠡᠭ | ᠰᠤᠷᠤᠭᠴᠢᠳ ᠢ ᠰᠢᠯᠢᠨ ᠰᠣᠩᠭᠤᠵᠤ ᠤᠷᠢᠳᠴᠢᠯᠠᠨ ᠡᠯᠰᠡᠵᠦ᠂ ᠲᠥᠯᠦᠪᠦᠷᠢ ᠦᠭᠡᠢ ᠪᠠᠷ ᠬᠥᠮᠦᠵᠢᠭᠦᠯᠬᠦ ᠠᠷᠭ᠎ᠠ | ᠮᠠᠶ᠋ᠢᠭ ᠢᠶᠠᠷ ᠳᠠᠮᠵᠢᠭᠤᠯᠤᠨ ᠲᠤᠰᠬᠠᠶ ᠵᠦᠢᠯ ᠤᠨ ᠬᠥᠮᠦᠵᠢᠯ ᠢ ᠭᠦᠷᠲᠡᠭᠡᠬᠦ ᠬᠡᠷᠡᠭᠲᠡᠢ᠃ ᠠᠯᠪᠠᠨ ᠰᠦᠢᠳᠭᠡᠯ ᠢᠶᠠᠷ | ᠰᠤᠷᠤᠯᠴᠠᠬᠤ ᠬᠤᠤᠰ ᠬᠡᠯᠡᠨ ᠤ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠶᠢ ᠡᠯ᠎ᠡ | ᠭᠠᠵᠠᠷ ᠤᠨ ᠬᠢᠨ ᠪᠠᠭᠰᠢ ᠶᠢᠨ ᠡᠩᠨᠡᠭᠡᠨ ᠤ ᠨᠠᠰᠤ ᠵᠢᠯ ᠤᠨ ᠪᠦᠲᠦᠴᠡ᠂ ᠲᠤᠰᠬᠠᠶ ᠮᠡᠷᠭᠡᠵᠢᠯ ᠤᠨ ᠬᠢᠷᠢ ᠲᠦᠪᠰᠢᠨ | ᠵᠡᠷᠭᠡ ᠶᠢ ᠦᠨᠳᠦᠰᠦᠯᠡᠨ ᠶᠡᠷᠦᠩᠬᠡᠶ ᠦᠨᠡᠯᠡᠯᠲᠡ ᠬᠢᠵᠦ᠂ ᠠᠶᠢᠮᠠᠭ ᠬᠤᠲᠠ ᠪᠠᠷ ᠨᠢᠭᠡᠴᠢ ᠪᠣᠯᠭᠠᠨ ᠥᠪᠡᠰᠦᠪᠡᠨ | ᠮᠡᠳᠡᠭᠦᠯᠬᠦ ᠬᠡᠷᠡᠭᠲᠡᠶ᠃ ᠣᠳᠣᠬᠠᠨ ᠳᠤ ᠣᠷᠣᠨ ᠤ ᠳᠣᠲᠣᠷᠠᠬᠢ ᠳᠡᠭᠡᠳᠦ ᠵᠡᠷᠭᠡ ᠶᠢᠨ ᠰᠤᠷᠭᠠᠭᠤᠯᠢ ᠳᠤ ᠰᠤᠷᠤᠯᠴᠠᠵᠤ | ᠪᠠᠶᠢᠭ᠎ᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠠᠮᠢᠶ᠎ᠠ ᠪᠦᠬᠦᠢ ᠲᠤᠰᠬᠠᠶ | ᠮᠡᠷᠭᠡᠵᠢᠯ ᠤᠨ ᠮᠣᠩᠭᠤᠯ ᠢᠶᠠᠷ ᠬᠢᠴᠢᠶᠡᠯᠯᠡᠬᠦ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢᠨ ᠬᠢᠲᠠᠳ ᠢᠶᠠᠷ | ᠬᠢᠴᠢᠶᠡᠯᠯᠡᠬᠦ ᠬᠤᠪᠢ ᠶᠢᠨ ᠵᠢᠩ ᠢ ᠨᠡᠮᠡᠭᠳᠡᠭᠦᠯᠵᠦ᠂ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠬᠤ ᠴᠢᠳᠠᠪᠤᠷᠢᠲᠠᠢ ᠬᠤᠤᠰ ᠬᠡᠯᠡᠨ ᠤ | ᠪᠠᠭᠰᠢ ᠶᠢ ᠬᠦᠴᠦᠯᠡᠨ ᠬᠥᠮᠥᠵᠢᠭᠦᠯᠬᠦ ᠬᠡᠷᠡᠭᠲᠡᠢ᠃ | | |