ᠪᠥᠬᠦ ᠤᠯᠤᠰ ᠤᠨ ᠡᠯ᠎ᠡ ᠱᠠᠲᠤᠨ ᠤ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ 19 ᠲᠦᠮᠡ ᠰᠢᠬᠠᠮ ᠵᠦᠢᠯ ᠪᠠᠶᠢᠵᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠲᠥᠷᠦᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ 2025 ᠣᠨ ᠳᠤ ᠪᠦᠬᠦᠨ ᠢ ᠪᠥᠷᠬᠦᠭᠦᠯᠬᠦ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2021/1/11
      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠪᠥᠬᠦ ᠤᠯᠤᠰ ᠲᠤ ᠬᠡᠷᠡᠭᠯᠡᠵᠦ ᠪᠠᠶᠢᠭ᠎ᠠ ᠡᠯ᠎ᠡ ᠱᠠᠲᠤᠨ ᠤ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ ᠨᠢᠭᠡᠨᠲᠡ 19 ᠲᠦᠮᠡ ᠰᠢᠬᠠᠮ ᠵᠦᠢᠯ ᠪᠣᠯᠵᠣ᠂ ᠰᠢᠨ᠎ᠡ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠳᠣᠭᠲᠠᠯᠴᠠᠭ᠎ᠠ ᠦᠨᠳᠦᠰᠦᠨ ᠳᠤ ᠪᠠᠨ ᠪᠦᠷᠢᠯᠳᠦᠭᠰᠡᠨ ᠪᠠᠶᠢᠨ᠎ᠠ᠃       ᠣᠳᠣᠬᠠᠨ ᠳᠤ᠂ ᠮᠠᠨ ᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ 1 ᠲᠦᠮᠡ ᠰᠢᠬᠠᠮ ᠵᠦᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ 8 ᠲᠦᠮᠡ ᠰᠢᠬᠠᠮ ᠵᠦᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ 10 ᠲᠦᠮᠡ ᠰᠢᠬᠠᠮ ᠵᠦᠢᠯ ᠪᠠᠶᠢᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ ︵ᠦᠵᠡᠯ ᠰᠠᠨᠠᠭ᠎ᠠ ᠤᠯᠤᠰ ᠲᠥᠷᠥ︶᠂ ᠬᠡᠯᠡ ᠪᠢᠴᠢᠭ᠂ ᠲᠡᠦᠬᠡ ᠶᠢᠨ ᠭᠤᠷᠪᠠᠨ ᠲᠥᠷᠦᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ 2019 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠪᠥᠬᠦ ᠣᠨ ᠳᠤ ︽ᠪᠥᠬᠦᠨ ᠢ ᠪᠥᠷᠬᠦᠭᠦᠯᠬᠦ︾ ᠶᠢ ᠪᠡᠶᠡᠯᠡᠭᠦᠯᠦᠨ᠎ᠡ᠃ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠲᠥᠷᠦᠯ ᠤᠨ ᠬᠢᠴᠢᠶᠡᠯ  ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠨᠢ ᠣᠳᠣᠬᠠᠨ ᠳᠤ ᠨᠢᠭᠡᠨᠲᠡ 20 ᠮᠤᠵᠢ ︵ᠣᠷᠣᠨ᠂ ᠬᠤᠲᠠ︶ ᠶᠢ ᠬᠠᠮᠤᠷᠴᠤ᠂ 2025 ᠣᠨ ᠳᠤ ᠪᠥᠬᠦ ᠮᠤᠵᠢ ᠣᠷᠣᠨ ᠤ ᠪᠥᠬᠦ ᠣᠨ ᠳᠤ ︽ᠪᠦᠬᠦᠨ ᠢ ᠪᠥᠷᠬᠦᠭᠦᠯᠬᠦ︾ ᠶᠢ ᠪᠡᠶᠡᠯᠡᠭᠦᠯᠬᠦ ᠪᠣᠯᠤᠨ᠎ᠠ᠃ ᠣᠳᠣᠬᠠᠨ ᠳᠤ᠂ ᠰᠤᠷᠭᠠᠨ ᠬᠥᠮᠦᠵᠢᠯ ᠤᠨ ᠶᠠᠮᠤᠨ ᠶᠠᠭ ᠭᠤᠷᠪᠠᠨ ᠲᠥᠷᠦᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠢᠵᠢ ᠪᠦᠷᠢᠳᠦᠭᠦᠯᠬᠦ ᠡᠬᠢ ᠪᠠᠶᠠᠯᠢᠭ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠪᠠᠶᠢᠨ᠎ᠠ᠃       ᠰᠤᠷᠭᠠᠨ ᠬᠥᠮᠦᠵᠢᠯ ᠤᠨ ᠶᠠᠮᠤᠨ ᠪᠠᠰᠠ ᠪᠠᠭᠰᠢ ᠨᠠᠷ ᠲᠤ ᠪᠥᠬᠦ ᠠᠵᠢᠯᠲᠠᠨ ᠤ ᠪᠣᠯᠪᠠᠰᠤᠷᠠᠭᠤᠯᠤᠯ ᠢ ᠥᠷᠨᠢᠭᠦᠯᠵᠦ᠂ ᠭᠤᠷᠪᠠᠨ ᠲᠥᠷᠦᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠡᠭᠦᠨ ᠠᠴᠠ ᠭᠠᠳᠠᠨ᠎ᠠ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠭᠤᠷᠪᠠᠨ ᠲᠥᠷᠦᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠠᠵᠢᠯ ᠢ ᠨᠢᠭᠡᠨᠲᠡ ᠡᠬᠢᠯᠡᠭᠦᠯᠵᠦ᠂ 2021 ᠣᠨ ᠤ ᠳᠣᠤᠷ᠎ᠠ ᠬᠠᠭᠠᠰ ᠵᠢᠯ ᠳᠤ ᠬᠢᠨᠠᠬᠤ ᠳᠤ ᠲᠤᠰᠢᠶᠠᠬᠤ ᠪᠠᠷ ᠲᠥᠯᠥᠪᠯᠡᠵᠦ ᠪᠠᠶᠢᠨ᠎ᠠ᠃ ᠲᠣᠭᠠᠴᠢᠯᠠᠭᠰᠠᠨ ᠵᠢᠭᠠᠬᠤ ᠮᠠᠲ᠋ᠧᠷᠢᠶᠠᠯ ᠢ ᠨᠡᠭᠡᠭᠡᠵᠦ ᠨᠠᠶᠢᠷᠠᠭᠤᠯᠤᠨ ᠪᠢᠴᠢᠬᠦ ᠠᠵᠢᠯ ᠢ ᠨᠢᠭᠡᠨᠲᠡ ᠲᠤᠰᠬᠠᠢ ᠮᠡᠷᠭᠡᠵᠢᠯ ᠤᠨ ᠪᠠᠶᠢᠭᠤᠯᠤᠮᠵᠢ ᠳᠤ ᠨᠠᠶᠢᠳᠠᠨ ᠬᠤᠯᠪᠤᠭᠳᠠᠬᠤ ᠰᠤᠳᠤᠯᠭᠠᠨ ᠢ ᠬᠢᠵᠦ ᠪᠠᠶᠢᠨ᠎ᠠ᠃    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号