ᠳᠤᠮᠳᠠᠳᠤ ᠪᠠᠭ᠎ᠠ ᠰᠤᠷᠭᠠᠭᠤᠯᠢ ᠶᠢᠨ 2021 ᠣᠨ ᠤ ᠡᠪᠦᠯ ᠤᠨ ᠠᠮᠠᠷᠠᠯᠲᠠ ᠳᠤ ᠬᠤᠯᠪᠤᠭᠳᠠᠬᠤ ᠠᠵᠢᠯ ᠢ ᠶᠠᠭᠠᠬᠢᠵᠤ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/1/13
     ᠪᠠᠭᠰᠢ ᠰᠤᠷᠤᠭᠴᠢᠳ ᠢ ᠠᠮᠤᠷ ᠲᠦᠪᠰᠢᠨ᠂ ᠡᠷᠡᠭᠦᠯ ᠮᠡᠨᠳᠦ᠂ ᠪᠣᠯᠪᠠᠰᠤᠨ᠂ ᠪᠠᠶᠠᠷ ᠬᠥᠷᠲᠡᠢ ᠪᠠᠷ ᠡᠪᠦᠯ ᠤᠨ ᠠᠮᠠᠷᠠᠯᠲᠠ ᠪᠠᠨ ᠥᠩᠭᠡᠷᠡᠭᠦᠯᠬᠦ ᠶᠢᠨ ᠲᠥᠯᠦᠭᠡ᠂ ᠡᠳᠦᠭᠡ ᠮᠠᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ 2021 ᠣᠨ ᠤ ᠡᠪᠦᠯ ᠤᠨ ᠠᠮᠠᠷᠠᠯᠲᠠ ᠳᠤ  ᠬᠤᠯᠪᠤᠭᠳᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠶ᠎ᠡ᠄      ᠳᠤᠮᠳᠠᠳᠤ ᠪᠠᠭ᠎ᠠ ᠰᠤᠷᠭᠠᠭᠤᠯᠢ ᠶᠢᠨ ᠡᠪᠦᠯ ᠤᠨ ᠠᠮᠠᠷᠠᠯᠲᠠ ᠳᠤ ᠬᠤᠯᠪᠤᠭᠳᠠᠬᠤ ᠠᠵᠢᠯ      ᠨᠢᠭᠡ᠂ ᠡᠪᠦᠯ ᠤᠨ ᠠᠮᠠᠷᠠᠯᠲᠠ ᠠᠴᠠ ᠡᠮᠦᠨᠡᠬᠢ ᠠᠵᠢᠯ ᠢ ᠡᠮᠬᠢ ᠳᠠᠷᠠᠭ᠎ᠠ ᠲᠠᠢ ᠲᠣᠬᠢᠷᠠᠭᠤᠯᠤᠨ᠎ᠠ      ᠡᠯ᠎ᠡ ᠭᠠᠵᠠᠷ ᠤᠨ ᠡᠯ᠎ᠡ ᠰᠤᠷᠭᠠᠭᠤᠯᠢ ᠡᠪᠦᠯ ᠤᠨ ᠠᠮᠠᠷᠠᠯᠲᠠ ᠪᠠ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠵᠢᠯ ᠢ ᠤᠷᠢᠳᠴᠢᠯᠠᠨ ᠪᠠᠶᠢᠷᠢᠯᠠᠭᠤᠯᠵᠤ᠂ ᠬᠤᠭᠤᠴᠠᠭᠠᠨ ᠡᠴᠦᠰ ᠤᠨ ᠰᠢᠯᠭᠠᠯᠲᠠ ᠶᠢ ᠵᠦᠶ ᠵᠣᠬᠢᠰᠲᠠᠶ ᠳᠣᠬᠢᠷᠠᠭᠤᠯᠵᠤ᠂ ᠰᠢᠯᠭᠠᠯᠲᠠ ᠶᠢᠨ ᠰᠡᠳᠦᠪ ᠤᠨ ᠬᠦᠨᠳᠦᠴᠡ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠯᠭᠠᠬᠤ ᠴᠠᠭ ᠢ ᠵᠦᠶ ᠵᠣᠬᠢᠰᠲᠠᠶ ᠲᠣᠬᠢᠷᠠᠭᠤᠯᠤᠨ᠂ ᠪᠠᠭ᠎ᠠ ᠰᠤᠷᠭᠠᠭᠤᠯᠢ ᠳᠤ ᠬᠤᠭᠤᠴᠠᠭᠠᠨ ᠡᠴᠦᠰ ᠤᠨ ᠰᠢᠯᠭᠠᠯᠲᠠ ᠶᠢ ᠵᠣᠬᠢᠶᠠᠨ ᠪᠠᠶᠢᠭᠤᠯᠬᠤ ᠥᠬᠡᠶ᠃ ᠰᠢᠯᠭᠠᠯᠲᠠ ᠶᠢᠨ ᠬᠢᠷᠢ ᠪᠦᠲᠦᠮᠵᠢ ᠵᠢᠴᠢ ᠨᠡᠷᠡᠰ ᠤᠨ ᠵᠢᠭᠰᠠᠭᠠᠯᠲᠠ ᠶᠢ ᠶᠠᠮᠠᠷᠪᠠ ᠬᠡᠯᠪᠡᠷᠢ ᠪᠠᠷ ᠨᠡᠶᠢᠲᠡᠯᠡᠬᠦ ᠶᠢ ᠴᠢᠩᠭ᠎ᠠ ᠬᠤᠷᠢᠭᠯᠠᠵᠤ᠂ ᠰᠢᠯᠭᠠᠯᠲᠠ ᠶᠢᠨ ᠬᠢᠷᠢ ᠪᠦᠲᠦᠮᠵᠢ ᠪᠠᠷ ᠰᠤᠷᠭᠠᠭᠤᠯᠢ᠂ ᠪᠠᠭᠰᠢ ᠪᠠ ᠰᠣᠷᠣᠭᠴᠢ ᠶᠢ ᠥᠷᠥᠭᠡᠰᠦᠭᠡᠯ ᠢᠶᠠᠷ ᠦᠨᠡᠯᠡᠬᠦ ᠶᠢ ᠡᠷᠡᠰ ᠬᠤᠷᠢᠭᠯᠠᠨ᠎ᠠ᠃      ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠨᠤᠭᠤᠳ ᠴᠢᠯᠥᠭᠡ ᠲᠠᠯᠪᠢᠬᠤ ᠠᠴᠠ ᠡᠮᠦᠨ᠎ᠡ᠂ ᠪᠠᠭᠰᠢ ᠰᠤᠷᠤᠭᠴᠢ᠂ ᠭᠡᠷ ᠤᠨ ᠠᠬᠠᠮᠠᠳ ᠤᠨ ᠰᠠᠭᠤᠳᠠᠯ ᠤᠨ ᠬᠤᠷᠠᠯ ᠢ ᠲᠤᠰ ᠲᠤᠰ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠨ ᠰᠤᠷᠭᠠᠯᠲᠠ ᠶᠢᠨ ᠲᠤᠬᠠᠶ ᠪᠠᠭᠰᠢ᠂ ᠰᠤᠷᠤᠭᠴᠢ ᠪᠣᠯᠤᠨ ᠭᠡᠷ ᠤᠨ ᠠᠬᠠᠮᠠᠳ ᠤᠨ ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠰᠤᠷᠤᠭᠴᠢᠳ ᠠᠮᠠᠷᠠᠯᠲᠠ ᠶᠢᠨ ᠬᠤᠭᠤᠴᠠᠭᠠᠨ ᠳᠤ ᠨᠣᠮ ᠤᠩᠰᠢᠬᠤ᠂ ᠳᠠᠰᠬᠠᠯ ᠤᠨ ᠮᠠᠳᠠᠭ ᠢ ᠨᠢ ᠲᠠᠶᠢᠯᠬᠤ ᠶᠢ ᠬᠠᠪᠰᠤᠷᠤᠨ ᠵᠢᠯᠣᠭᠤᠳᠬᠤ ᠠᠵᠢᠯᠯᠠᠭ᠎ᠠ ᠶᠢ ᠵᠦᠢ ᠵᠣᠬᠢᠰᠲᠠᠶ ᠲᠣᠬᠢᠷᠠᠭᠤᠯᠵᠤ᠂ ᠪᠠᠭᠰᠢ ᠨᠠᠷ ᠢ ᠨᠠᠷᠢᠨ ᠬᠢᠨᠠᠮᠠᠭᠠᠶ ᠵᠣᠬᠢᠶᠠᠨ  ᠪᠠᠶᠢᠭᠤᠯᠵᠤ ᠨᠡᠶᠢᠲᠡᠯᠢᠭ ᠬᠡᠯᠡᠨ ᠤ ᠬᠡᠷᠡᠭᠯᠡᠭᠡ᠂ ᠬᠢᠴᠢᠶᠡᠯ ᠤᠨ ᠪᠠᠷᠢᠮᠵᠢᠶ᠎ᠠ ᠪᠣᠯᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠳᠤ ᠣᠷᠣᠯᠴᠠᠭᠤᠯᠵᠤ᠂ ᠵᠢᠭᠠᠨ ᠰᠤᠷᠭᠠᠯᠲᠠ ᠶᠢᠨ ᠠᠷᠭ᠎ᠠ ᠬᠡᠮᠵᠢᠶ᠎ᠡ ᠪᠠᠨ ᠡᠷᠲᠡᠬᠡᠨ ᠰᠦᠪᠡᠭᠴᠢᠯᠡᠨ ᠰᠠᠶᠢᠵᠢᠷᠠᠭᠤᠯᠬᠤ ᠬᠡᠷᠡᠭᠲᠡᠶ᠃      ᠠᠮᠤᠷ ᠲᠦᠪᠰᠢᠨ ᠤ ᠬᠥᠮᠦᠵᠢᠯ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠡᠪᠦᠯ ᠤᠨ ᠠᠮᠠᠷᠠᠯᠲᠠ ᠲᠠᠯᠪᠢᠬᠤ ᠠᠴᠠ ᠡᠮᠦᠨ᠎ᠡ᠂ ᠡᠯ᠎ᠡ ᠭᠠᠵᠠᠷ ᠤᠨ ᠡᠯ᠎ᠡ ᠰᠤᠷᠭᠠᠭᠤᠯᠢ ᠠᠮᠤᠷ ᠲᠦᠪᠰᠢᠨ ᠤ ᠬᠥᠮᠦᠵᠢᠯ ᠤᠨ ᠲᠤᠰᠬᠠᠶ ᠠᠵᠢᠯᠯᠠᠭ᠎ᠠ ᠶᠢ ᠲᠣᠬᠢᠷᠠᠭᠤᠯᠵᠤ᠂ ᠭᠤᠤᠯ ᠰᠡᠳᠦᠪᠲᠦ ᠠᠩᠭᠢ ᠶᠢᠨ ᠬᠤᠷᠠᠯ᠂ ᠠᠩᠭᠢ ᠶᠢᠨ ᠪᠦᠯᠬᠦᠮ ᠨᠡᠶᠢᠲᠡ ᠶᠢᠨ ᠠᠵᠢᠯᠯᠠᠭ᠎ᠠ᠂ ᠠᠮᠤᠷ ᠲᠦᠪᠰᠢᠨ ᠤ ᠰᠠᠨᠠᠭᠤᠯᠤᠮᠵᠢ ᠶᠢᠨ ᠪᠢᠴᠢᠭ ᠪᠣᠯᠤᠨ ᠬᠡᠷ ᠤᠨ ᠠᠬᠠᠮᠠᠳ ᠲᠤ  ᠵᠠᠬᠢᠳᠠᠯ ᠢᠯᠡᠭᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠢᠳᠡᠭᠡᠨ ᠤᠮᠳᠠᠭᠠᠨ ᠤ ᠡᠷᠡᠭᠦᠯ ᠬᠠᠮᠠᠭᠠᠯᠠᠯ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠵᠡᠷᠭᠡ ᠭᠤᠣᠯᠳᠠᠯᠭᠠᠲᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠰᠠᠨᠠᠭᠤᠯᠤᠮᠵᠢ ᠶᠢᠨ ᠠᠭᠤᠯᠭ᠎ᠠ ᠶᠢ ᠰᠣᠷᠣᠭᠴᠢ ᠨᠢᠭᠡ ᠪᠦᠷᠢ᠂ ᠬᠡᠷ ᠤᠨ ᠠᠬᠠᠮᠠᠳ ᠨᠢᠭᠡ ᠪᠦᠷᠢ ᠳᠤ ᠮᠡᠳᠡᠭᠳᠡᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠤᠬᠠᠮᠰᠠᠷ ᠪᠣᠯᠤᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃      ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠵᠢᠵᠢᠭᠦᠷᠯᠡᠬᠦ ᠪᠠ ᠰᠤᠷᠭᠠᠭᠤᠯᠢ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠴᠠᠭᠠᠨ ᠰᠠᠷ᠎ᠠ ᠪᠠ ᠡᠪᠦᠯ ᠤᠨ ᠠᠮᠠᠷᠠᠯᠲᠠ ᠶᠢᠨ ᠣᠨᠴᠠᠯᠢᠭ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠨ ᠰᠠᠬᠢᠬᠤ ᠪᠠ ᠤᠳᠤᠷᠢᠳᠤᠯᠭ᠎ᠠ ᠡᠭᠡᠯᠵᠢᠯᠡᠨ ᠳᠠᠭᠠᠭᠤᠯᠵᠤ ᠲᠣᠭᠤᠷᠢᠨ ᠪᠠᠶᠢᠴᠠᠭᠠᠬᠤ ᠳᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠵᠠᠮ ᠢ ᠰᠠᠭᠠᠳ ᠦᠭᠡᠶ ᠨᠡᠪᠲᠡᠷᠡᠭᠦᠯᠵᠦ᠂ ᠭᠡᠨᠡᠳᠲᠡ ᠶᠢᠨ ᠬᠡᠷᠡᠭ᠂ ᠴᠢᠬᠤᠯᠠ ᠪᠠᠴᠢᠮ ᠪᠠᠶᠢᠳᠠᠯ ᠪᠠ ᠴᠢᠬᠤᠯᠠ ᠶᠡᠭᠡ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠴᠠᠭ ᠲᠤᠬᠠᠶ ᠳᠤ ᠨᠢ ᠮᠡᠳᠡᠭᠦᠯᠬᠦ ᠶᠢᠨ ᠬᠠᠮᠲᠤ ᠬᠠᠮᠤᠭ ᠤᠨ ᠲᠡᠷᠢᠭᠦᠨ ᠳᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠵᠣᠬᠢᠰᠲᠠᠢ ᠠᠷᠭᠠᠴᠠᠬᠤ ᠪᠠ ᠰᠢᠢᠳᠪᠦᠷᠢᠯᠡᠬᠦ ᠬᠡᠷᠡᠭᠲᠡᠶ᠃      ᠬᠤᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠢᠳᠡᠪᠬᠢᠲᠡᠶ ᠰᠠᠶᠢᠲᠤᠷ ᠬᠢᠬᠦ ᠬᠡᠷᠡᠭᠲᠡᠶ      ᠡᠯ᠎ᠡ ᠰᠤᠷᠭᠠᠭᠤᠯᠢ ᠨᠢ ᠴᠢᠯᠥᠭᠡ ᠲᠠᠯᠪᠢᠬᠤ ᠠᠴᠠ ᠡᠮᠦᠨ᠎ᠡ ᠪᠠ ᠰᠤᠷᠭᠠᠭᠤᠯᠢ ᠡᠬᠢᠯᠡᠬᠦ ᠠᠴᠠ ᠡᠮᠦᠨ᠎ᠡ ᠰᠤᠷᠭᠠᠭᠤᠯᠢ ᠶᠢᠨ ᠬᠦᠷᠢᠶᠡᠨ ᠤ ᠡᠷᠡᠭᠦᠯ ᠬᠠᠮᠠᠭᠠᠯᠠᠯ ᠢ ᠡᠷᠬᠢᠮᠯᠡᠵᠦ᠂ ᠴᠡᠪᠡᠷᠯᠡᠬᠦ ᠪᠠ ᠠᠷᠢᠭᠤᠳᠬᠠᠵᠤ ᠰᠠᠯᠬᠢ ᠨᠡᠪᠲᠡᠷᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠬᠢᠴᠢᠶᠡᠯ ᠤᠨ ᠬᠡᠷ᠂ ᠬᠤᠭᠤᠯᠠᠨ ᠬᠡᠷ᠂ ᠪᠠᠶᠢᠷᠢ ᠶᠢᠨ ᠬᠡᠷ᠂ ᠲᠤᠷᠰᠢᠯᠲᠠ ᠶᠢᠨ ᠲᠠᠰᠤᠭ ᠵᠡᠷᠭᠡ ᠭᠤᠣᠯᠳᠠᠯᠭᠠᠲᠠᠢ ᠪᠠᠶᠢᠷᠢ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠡᠨᠡ ᠡᠪᠦᠯ ᠪᠠ ᠢᠷᠡᠬᠦ ᠬᠠᠪᠤᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠢᠭᠡᠳ ᠪᠤᠰᠤᠳ ᠪᠠᠶᠢᠩᠭᠤ ᠲᠣᠬᠢᠶᠠᠯᠳᠤᠳᠠᠭ ᠬᠠᠯᠳᠠᠪᠤᠷᠢᠲᠤ ᠡᠪᠡᠳᠴᠢᠨ ᠳᠠᠪᠬᠤᠴᠠᠬᠤ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠵᠦ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠪᠠ ᠰᠤᠷᠭᠠᠭᠤᠯᠢ ᠶᠢᠨ ᠬᠦᠷᠢᠶᠡᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠪᠣᠯᠤᠨ ᠡᠯ᠎ᠡ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ ᠤᠨ ᠠᠯᠪᠠᠨ ᠵᠠᠷ ᠢᠶᠠᠷ ᠨᠡᠶᠢᠲᠡᠯᠡᠬᠦ ᠬᠠᠮᠤᠭ ᠤᠨ ᠰᠢᠨ᠎ᠡ ᠱᠠᠭᠠᠷᠳᠠᠯᠭ᠎ᠠ ᠶᠢ ᠴᠠᠭ ᠲᠤᠬᠠᠶ ᠳᠤ ᠨᠢ ᠡᠵᠡᠮᠰᠢᠵᠦ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠵᠤ᠂ ᠬᠥᠮᠦᠨ ᠪᠦᠬᠦᠨ ᠬᠠᠮᠲᠤ ᠪᠠᠷ ᠰᠡᠷᠭᠡᠶᠢᠯᠡᠬᠦ᠂ ᠣᠯᠠᠨ ᠡᠪᠡᠳᠴᠢᠨ ᠢ ᠬᠠᠮᠲᠤ ᠪᠠᠷ ᠰᠡᠷᠭᠡᠶᠢᠯᠡᠬᠦ ᠶᠢ ᠪᠡᠶᠡᠯᠡᠭᠦᠯᠵᠦ᠂ ᠸᠢᠷᠦ᠋ᠰ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ  ᠪᠠᠭᠠᠰᠬᠠᠬᠤ ᠬᠡᠷᠡᠭᠲᠡᠢ᠃ ︽ᠴᠢᠬᠤᠯᠠ ᠦᠭᠡᠢ ᠪᠣᠯ ᠭᠠᠳᠠᠭᠰᠢ ᠭᠠᠷᠬᠤ ᠥᠬᠡᠶ︾ ᠪᠠᠶᠢᠬᠤ ᠶᠢ ᠪᠠᠷᠢᠮᠲᠠᠯᠠᠵᠤ᠂ ᠤᠯᠤᠰ ᠤᠨ ᠭᠠᠳᠠᠭᠠᠳᠤ ᠪᠠ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠣᠴᠢᠬᠤ ᠥᠬᠡᠶ᠂ ᠰᠠᠭᠤᠭ᠎ᠠ ᠭᠠᠵᠠᠷ ᠠᠴᠠ ᠪᠠᠨ ᠦᠨᠡᠨ ᠬᠦ ᠭᠠᠳᠠᠭᠰᠢ ᠭᠠᠷᠬᠤ ᠴᠢᠬᠤᠯᠠᠲᠠᠶ ᠪᠠᠭᠰᠢ ᠰᠤᠷᠤᠭᠴᠢᠳ ᠰᠠᠨᠠᠭᠠᠴᠢᠯᠠᠭ᠎ᠠ ᠠᠴᠠ ᠪᠠᠨ ᠰᠤᠷᠭᠠᠭᠤᠯᠢ᠂ ᠠᠩᠭᠢ ᠶᠢᠨ ᠡᠷᠬᠢᠯᠡᠭᠴᠢ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃      ᠭᠤᠷᠪᠠ᠂ ᠳᠠᠰᠬᠠᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠢ      ᠡᠯ᠎ᠡ ᠭᠠᠵᠠᠷ ᠤᠨ ᠡᠯ᠎ᠡ ᠰᠤᠷᠭᠠᠭᠤᠯᠢ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠥᠷᠨᠢᠭᠦᠯᠬᠦ ᠬᠡᠷᠡᠭᠲᠡᠶ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠶᠠᠷᠢᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠤ ᠶᠢ ᠰᠤᠷᠴᠤ ᠳᠠᠭᠤᠯᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠣᠬᠢᠶᠠᠯ ᠢ ᠪᠢᠴᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ︽ᠭᠤᠷᠪᠠᠨ ᠰᠠᠯᠵᠤ ᠴᠢᠳᠠᠬᠤ ᠦᠭᠡᠢ︾ ᠪᠠ ︽ᠲᠠᠪᠤᠨ ᠬᠠᠮᠲᠤ ᠶᠢᠨ ᠲᠠᠨᠢᠯᠲᠠ︾ ᠶᠢᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠦᠬᠡᠳ ᠤᠨ ᠰᠡᠳᠬᠢᠯ ᠤᠨ ᠭᠦᠨ ᠳᠤ  ᠬᠠᠳᠠᠩᠰᠢᠭᠤᠯᠵᠤ᠂ ᠵᠥᠪ ᠣᠨᠣᠪᠴᠢᠲᠠᠢ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠲᠡᠦᠬᠡ ᠶᠢᠨ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠣᠢ ᠪᠣᠯᠭᠠᠬᠤ ᠬᠡᠷᠡᠭᠲᠡᠢ᠃      ︽ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ︾ ᠵᠡᠷᠭᠡ ᠶᠢ ᠪᠥᠬᠦ ᠲᠠᠯ᠎ᠠ ᠪᠠᠷ ᠬᠥᠭᠵᠢᠭᠦᠯᠦᠭᠰᠡᠨ ᠬᠥᠮᠦᠨ ᠢ ᠬᠥᠮᠦᠵᠢᠭᠦᠯᠬᠦ ᠬᠠᠷᠠᠯᠲᠠ ᠶᠢ ᠨᠠᠶᠢᠳᠠᠪᠤᠷᠢᠵᠢᠭᠤᠯᠵᠤ᠂ ᠠᠮᠠᠷᠠᠯᠲᠠ ᠶᠢᠨ ᠬᠤᠭᠤᠴᠠᠭᠠᠨ ᠤ ᠳᠠᠰᠬᠠᠯ ᠢ ᠰᠢᠨᠵᠢᠯᠡᠬᠦ ᠤᠬᠠᠭᠠᠨᠴᠢ ᠪᠠᠷ ᠲᠥᠰᠦᠪᠯᠡᠵᠦ᠂ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠪᠢᠴᠢᠭ ᠤᠨ ᠳᠠᠰᠬᠠᠯ ᠦᠯᠡᠳᠡᠭᠡᠬᠦ ᠶᠢ ᠴᠢᠩᠭ᠎ᠠ ᠬᠤᠷᠢᠭᠯᠠᠨ᠎ᠠ᠃ ᠪᠤᠰᠤᠳ ᠣᠨ ᠳᠤ ᠳᠠᠬᠢᠨ ᠳᠠᠪᠲᠠᠬᠤ ᠴᠢᠨᠠᠷᠲᠠᠶ᠂ ᠮᠧᠬᠠᠨᠢᠭ ᠴᠢᠨᠠᠷᠲᠠᠶ ᠪᠢᠴᠢᠭ ᠤᠨ ᠳᠠᠰᠬᠠᠯ ᠦᠯᠡᠳᠡᠭᠡᠬᠦ ᠶᠢ ᠬᠤᠷᠢᠭᠯᠠᠵᠤ᠂ ᠬᠥᠳᠡᠯᠮᠦᠷᠢ ᠶᠢᠨ ᠦᠢᠯᠡᠳᠦᠯᠭᠡ᠂ ᠡᠭᠦᠳᠦᠨ ᠪᠥᠲᠦᠭᠡᠬᠦ ᠪᠠ ᠰᠢᠨ᠎ᠡ ᠶᠢ ᠡᠭᠦᠳᠬᠦ᠂ ᠦᠢᠯᠡᠳᠦᠯᠭᠡ ᠶᠢᠨ ᠤᠷ᠎ᠠ ᠴᠢᠳᠠᠪᠤᠷᠢ ᠶᠢᠨ ᠲᠥᠷᠥᠯ ᠤᠨ ᠳᠠᠰᠬᠠᠯ ᠢ ᠵᠣᠬᠢᠰᠲᠠᠶ ᠨᠡᠮᠡᠭᠳᠡᠭᠦᠯᠵᠦ᠂ ᠬᠡᠤᠬᠡᠳ ᠤᠨ ᠤᠬᠠᠮᠰᠠᠷ ᠠᠴᠠ ᠪᠠᠨ ᠣᠷᠣᠯᠴᠠᠵᠤ᠂ ᠥᠪᠡᠷ ᠢᠶᠠᠨ ᠬᠥᠳᠡᠯᠵᠦ ᠴᠢᠳᠠᠯ ᠤᠨ ᠬᠢᠷᠢ ᠪᠠᠷ ᠢᠶᠠᠨ ᠬᠥᠳᠡᠯᠮᠦᠷᠢᠯᠡᠵᠦ᠂ ᠬᠤᠪᠴᠠᠰᠤ ᠤᠬᠢᠶᠠᠵᠤ ᠬᠤᠭᠤᠯᠠ ᠬᠢᠬᠦ ᠵᠡᠷᠭᠡ ᠴᠢᠬᠤᠯᠠ ᠪᠥᠬᠦᠶ ᠬᠡᠷ ᠪᠦᠯᠢ ᠶᠢᠨ ᠬᠥᠳᠡᠯᠮᠦᠷᠢ ᠶᠢ ᠬᠢᠵᠦ ᠰᠤᠷᠬᠤ ᠶᠢ ᠵᠣᠷᠢᠭᠵᠢᠭᠤᠯᠬᠤ ᠬᠡᠷᠡᠭᠲᠡᠶ᠃ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠨᠤᠭᠤᠳ ᠰᠤᠷᠤᠭᠴᠢᠳ ᠤᠨ ᠠᠮᠠᠷᠠᠯᠲᠠ ᠶᠢᠨ ᠬᠤᠭᠤᠴᠠᠭ᠎ᠠ ᠶᠢ ᠠᠰᠢᠭᠯᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠰᠣᠨᠣᠰᠬᠤ᠂ ᠬᠡᠯᠡᠬᠦ᠂ ᠤᠩᠰᠢᠬᠤ᠂ ᠪᠢᠴᠢᠬᠦ ᠲᠤᠰᠬᠠᠶ ᠰᠡᠳᠦᠪᠲᠦ ᠪᠠ ᠦᠢᠯᠡᠳᠦᠯᠭᠡ ᠶᠢᠨ ᠴᠢᠨᠠᠷᠲᠠᠶ ᠳᠠᠰᠬᠠᠯ ᠢ ᠬᠢᠯᠭᠡᠬᠦ ᠶᠢ ᠬᠠᠨᠳᠤᠯᠭ᠎ᠠ ᠲᠠᠢ ᠪᠠᠷ ᠲᠣᠬᠢᠷᠠᠭᠤᠯᠬᠤ ᠬᠡᠷᠡᠭᠲᠡᠶ᠃      ᠳᠥᠷᠪᠡ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ      ᠡᠯ᠎ᠡ ᠭᠠᠵᠠᠷ ᠤᠨ ᠡᠯ᠎ᠡ ᠰᠤᠷᠭᠠᠭᠤᠯᠢ ᠠᠮᠠᠷᠠᠯᠲᠠ ᠶᠢᠨ ᠬᠤᠭᠤᠴᠠᠭᠠᠨ ᠳᠤ ᠰᠤᠷᠤᠭᠴᠢᠳ ᠢ ᠵᠣᠬᠢᠶᠠᠨ ᠪᠠᠶᠢᠭᠤᠯᠤᠨ ᠬᠠᠮᠲᠤ ᠪᠠᠷ ᠬᠢᠴᠢᠶᠡᠯ ᠨᠥᠬᠦᠬᠦ ᠪᠤᠶᠤ ᠰᠢᠨ᠎ᠡ ᠬᠢᠴᠢᠶᠡᠯ ᠣᠷᠣᠬᠤ ᠶᠢ ᠴᠢᠩᠭ᠎ᠠ ᠬᠤᠷᠢᠭᠯᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠬᠤ᠂ ᠡᠰᠡᠬᠦᠯ᠎ᠡ ᠪᠤᠰᠤᠳ ᠪᠠᠭᠰᠢ᠂ ᠬᠡᠷ ᠤᠨ ᠠᠬᠠᠮᠠᠳ᠂ ᠬᠡᠷ ᠤᠨ ᠠᠬᠠᠮᠠᠳ ᠤᠨ ᠵᠥᠪᠯᠡᠯ ᠵᠡᠷᠭᠡ ᠶᠢᠨ ᠵᠣᠬᠢᠶᠠᠨ ᠪᠠᠶᠢᠭᠤᠯᠤᠭᠰᠠᠨ ᠲᠥᠯᠦᠪᠦᠷᠢᠲᠡᠢ ᠬᠢᠴᠢᠶᠡᠯ ᠨᠥᠬᠦᠬᠦ᠂ ᠡᠰᠡᠬᠦᠯ᠎ᠡ ᠰᠤᠷᠤᠭᠴᠢᠳ ᠢ ᠬᠥᠲᠥᠯᠦᠨ ᠵᠢᠯᠣᠭᠤᠳᠴᠤ ᠲᠣᠰ ᠬᠥᠮᠦᠨ᠂ ᠪᠤᠰᠤᠳ ᠬᠥᠮᠦᠨ ᠪᠤᠶᠤ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠲᠥᠯᠦᠪᠦᠷᠢᠲᠡᠢ ᠬᠢᠴᠢᠶᠡᠯ ᠨᠥᠬᠦᠬᠦ ᠳᠤ ᠣᠷᠣᠯᠴᠠᠭᠤᠯᠬᠤ ᠶᠢ ᠴᠢᠩᠭ᠎ᠠ ᠬᠤᠷᠢᠭᠯᠠᠨ᠎ᠠ︔ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠪᠤᠰᠤᠳ ᠬᠥᠮᠦᠨ ᠳᠤ ᠰᠣᠷᠣᠭᠴᠢ ᠶᠢᠨ ᠢᠷᠡᠯᠲᠡ ᠶᠢ ᠲᠠᠨᠢᠯᠴᠠᠭᠤᠯᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠩᠭᠠᠵᠤ ᠪᠣᠯᠬᠤ ᠥᠬᠡᠶ᠃      ᠡᠯ᠎ᠡ ᠭᠠᠵᠠᠷ ᠤᠨ ᠬᠢᠨ ︽ᠱᠠᠲᠤ ᠬᠤᠪᠢᠶᠠᠨ ᠬᠠᠷᠢᠭᠤᠴᠠᠵᠤ᠂ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ︾ ᠵᠠᠷᠴᠢᠮ ᠶᠣᠰᠤ ᠪᠠᠷ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠲᠥᠪ ᠴᠢᠩᠭ᠎ᠠ ᠪᠠᠶᠢᠯᠭᠠᠵᠤ᠂ ᠠᠵᠢᠯ ᠳᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠲᠥᠯᠦᠪᠦᠷᠢᠲᠡᠢ ᠭᠡᠷ ᠤᠨ ᠪᠠᠭᠰᠢ ᠶᠢᠨ ᠠᠵᠢᠯ ᠬᠢᠬᠦ ᠪᠤᠶᠤ ᠨᠡᠶᠢᠭᠡᠮ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠣᠴᠢᠵᠤ ᠲᠤᠰᠢᠶᠠᠯ ᠬᠠᠪᠰᠤᠷᠭᠠᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠢᠯᠡᠴᠢᠯᠡᠨ ᠮᠡᠳᠡᠭᠦᠯᠬᠦ ᠤᠲᠠᠰᠤ ᠶᠢ ᠢᠯᠡ ᠪᠣᠯᠭᠠᠵᠤ᠂ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠤᠰᠬᠠᠶ  ᠵᠦᠢᠯ ᠢᠶᠠᠷ ᠪᠠᠶᠢᠴᠠᠭᠠᠵᠤ ᠬᠢᠨᠠᠨ ᠪᠠᠶᠢᠴᠠᠭᠠᠬᠤ ᠶᠢ ᠥᠷᠨᠢᠭᠦᠯᠵᠦ᠂ ᠰᠠᠬᠢᠯᠭ᠎ᠠ ᠪᠠᠲᠤ ᠶᠢ ᠵᠥᠷᠢᠴᠡᠭᠰᠡᠨ ᠰᠤᠷᠭᠠᠭᠤᠯᠢ ᠪᠠ ᠪᠠᠭᠰᠢ ᠶᠢ ᠲᠣᠭᠲᠠᠭᠠᠯ  ᠶᠣᠰᠤ ᠪᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ  ᠮᠡᠳᠡᠭᠳᠡᠨ᠎ᠡ᠃      ᠲᠠᠪᠤ᠂ ᠬᠡᠷ ᠪᠦᠯᠢ ᠪᠠ ᠰᠤᠷᠭᠠᠭᠤᠯᠢ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠬᠡᠷ ᠤᠨ ᠠᠬᠠᠮᠠᠳ            ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠵᠢᠯᠣᠭᠤᠳᠬᠤ ᠬᠡᠷᠡᠭᠲᠡᠢ      ᠡᠯ᠎ᠡ ᠳᠤᠮᠳᠠᠳᠤ ᠪᠠᠭ᠎ᠠ ᠰᠤᠷᠭᠠᠭᠤᠯᠢ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠᠨ ᠭᠡᠷ ᠤᠨ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ  ᠪᠡᠶᠡᠯᠡᠭᠦᠯᠦᠨ᠎ᠡ᠃ ᠲᠤᠰ ᠰᠤᠷᠭᠠᠭᠤᠯᠢ ᠶᠢᠨ ᠳᠠᠭᠠᠵᠤ ᠨᠡᠭᠦᠭᠰᠡᠨ ᠬᠡᠤᠬᠡᠳ᠂ ᠭᠡᠷ ᠲᠤ ᠪᠠᠨ ᠬᠤᠴᠣᠷᠤᠭᠰᠠᠨ ᠬᠡᠤᠬᠡᠳ᠂ ᠬᠢᠨᠠᠯᠲᠠ ᠬᠠᠮᠢᠶᠠᠷᠤᠯᠲᠠ ᠳᠤᠲᠠᠭᠳᠠᠵᠤ ᠪᠠᠶᠢᠭ᠎ᠠ ᠰᠤᠷᠤᠭᠴᠢᠳ ᠤᠨ ᠭᠡᠷ ᠪᠦᠯᠢ ᠶᠢᠨ ᠪᠠᠶᠢᠳᠠᠯ ᠢ ᠭᠤᠣᠯᠳᠠᠯᠭᠠᠲᠠᠢ ᠠᠩᠬᠠᠷᠴᠤ᠂ ᠲᠡᠳᠡᠨ ᠢ ᠬᠠᠪᠰᠤᠷᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠨᠢ ᠲᠥᠰᠦᠪᠯᠡᠵᠦ᠂ ᠬᠢᠨᠠᠯᠲᠠ ᠬᠠᠮᠢᠶᠠᠷᠤᠯᠲᠠ ᠳᠤᠲᠠᠭᠳᠠᠵᠤ ᠪᠠᠶᠢᠭ᠎ᠠ ᠰᠤᠷᠤᠭᠴᠢᠳ ᠢ ᠬᠠᠯᠠᠮᠵᠢᠯᠠᠨ ᠬᠠᠷᠠᠭᠠᠯᠵᠠᠬᠤ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠬᠤᠯᠪᠤᠭᠳᠠᠬᠤ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠬᠠᠮᠵᠢᠯᠴᠠᠵᠤ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃      ᠪᠣᠬᠢᠷᠲᠤᠯ ᠦᠭᠡᠢ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠢᠳᠡᠪᠬᠢᠲᠡᠢ ᠰᠠᠨᠠᠭᠠᠴᠢᠯᠠᠨ᠎ᠠ᠃ ᠭᠡᠷ ᠤᠨ ᠠᠬᠠᠮᠠᠳ ᠢ ᠵᠢᠯᠣᠭᠤᠳᠴᠤ ᠬᠡᠦᠬᠡᠳ ᠢᠶᠠᠨ ᠰᠤᠷᠤᠯᠴᠠᠯᠭ᠎ᠠ ᠪᠠ ᠠᠮᠢᠳᠤᠷᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠶᠢ ᠱᠠᠭᠠᠷᠳᠠᠵᠤ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠥᠷᠨᠢᠭᠦᠯᠬᠦ ᠶᠢ ᠢᠳᠡᠪᠬᠢᠲᠡᠢ ᠵᠢᠭᠠᠨ ᠵᠢᠯᠣᠭᠤᠳᠴᠤ᠂ ᠰᠤᠷᠤᠭᠴᠢᠳ ᠢ ᠡᠯᠧᠺᠲᠷᠣᠨ ᠲᠣᠭᠯᠠᠭᠠᠮ ᠳᠤ ᠰᠢᠨᠤᠬᠤ ᠦᠭᠡᠢ᠂ ᠰᠦᠯᠵᠢᠶᠡᠨ ᠤ ᠪᠠᠭᠠᠷ᠂ ᠲᠣᠭᠯᠠᠭᠠᠮ ᠤᠨ ᠲᠢᠩᠬᠢᠮ᠂ ᠳᠠᠭᠤᠤ ᠪᠥᠵᠢᠭ ᠤᠨ ᠲᠢᠩᠬᠢᠮ ᠵᠡᠷᠭᠡ ᠵᠤᠭ᠎ᠠ ᠴᠡᠩᠭᠡᠯ ᠤᠨ ᠴᠢᠨᠠᠷᠲᠠᠢ ᠪᠠᠶᠢᠷᠢ ᠲᠠᠯᠠᠪᠤᠷ ᠲᠤ ᠣᠷᠣᠬᠤ ᠦᠭᠡᠢ᠂ ᠭᠠᠷ ᠤᠲᠠᠰᠤ᠂ ᠺᠣᠮᠫᠢᠦ᠋ᠲ᠋ᠧᠷ ᠵᠡᠷᠭᠡ ᠡᠯᠧᠺᠲᠷᠣᠨ ᠦᠢᠯᠡᠳᠬᠦᠨ ᠢ ᠬᠡᠷᠡᠭᠯᠡᠬᠦ ᠴᠠᠭ ᠢ ᠬᠢᠵᠠᠭᠠᠷᠯᠠᠬᠤ᠂ ᠱᠠᠯᠢᠭ ᠵᠠᠪᠬᠠᠢ ᠵᠦᠢᠯ᠂ ᠬᠦᠴᠦᠷᠬᠡᠭᠯᠡᠯ ᠳᠤ ᠬᠤᠯᠪᠣᠭᠳᠠᠭᠰᠠᠨ ᠲᠣᠭᠯᠠᠭᠠᠮ ᠢ ᠨᠠᠭᠠᠳᠬᠤ ᠦᠭᠡᠢ᠂ ᠡᠷᠡᠭᠦᠯ ᠪᠤᠰᠤ ᠮᠡᠳᠡᠭᠡ ᠵᠠᠩᠭᠢ ᠶᠢ ᠦᠵᠡᠬᠦ ᠦᠭᠡᠢ᠂ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠨᠢᠳᠦ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠪᠠᠷ ᠬᠥᠮᠦᠵᠢᠭᠦᠯᠬᠦ ᠬᠡᠷᠡᠭᠲᠡᠢ᠃ ᠵᠣᠬᠢᠬᠤ ᠬᠢᠷᠢ ᠬᠡᠮ ᠣᠯᠤᠭᠰᠠᠨ ᠥᠬᠡᠶ᠂ ᠪᠠᠶᠢᠷᠢ ᠲᠠᠯᠠᠪᠤᠷ ᠡᠷᠭᠢᠯᠡᠬᠦ ᠳᠤ ᠠᠮᠤᠷ ᠲᠦᠪᠰᠢᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠯᠳᠠ ᠬᠡᠮ ᠣᠷᠣᠰᠢᠵᠤ ᠪᠠᠶᠢᠭ᠎ᠠ ᠬᠥᠮᠦᠵᠢᠯ ᠪᠣᠯᠪᠠᠰᠤᠷᠠᠭᠤᠯᠤᠯ ᠪᠠ ᠡᠪᠦᠯ ᠤᠨ ᠠᠮᠠᠷᠠᠯᠲᠠ ᠶᠢᠨ ᠠᠵᠢᠯᠯᠠᠭ᠎ᠠ ᠳᠤ ᠣᠷᠣᠯᠴᠠᠬᠤ ᠥᠬᠡᠶ᠃      ᠡᠯ᠎ᠡ ᠵᠦᠢᠯ ᠤᠨ ᠬᠡᠯᠪᠡᠷᠢ ᠮᠠᠶ᠋ᠢᠭ ᠪᠦᠬᠦᠢ ᠤᠬᠠᠭᠤᠯᠭ᠎ᠠ ᠬᠥᠮᠦᠵᠢᠯ ᠤᠨ ᠲᠥᠷᠥ ᠶᠢᠨ ᠪᠣᠳᠣᠯᠭ᠎ᠠ ᠬᠠᠤᠯᠢ ᠳᠦᠷᠢᠮ ᠢ ᠠᠰᠢᠭᠯᠠᠨ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠰᠤᠷᠤᠯᠭ᠎ᠠ ᠪᠠᠨ ᠵᠣᠭᠰᠣᠬᠤ ᠶᠢ ᠬᠤᠷᠢᠭᠯᠠᠵᠤ ᠰᠤᠷᠭᠠᠭᠤᠯᠢ ᠶᠢᠨ ᠰᠤᠷᠤᠯᠭ᠎ᠠ ᠶᠢ ᠪᠠᠲᠤᠯᠠᠬᠤ ᠬᠤᠯᠪᠤᠭᠳᠠᠬᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ᠠᠩᠭᠢ ᠶᠢᠨ ᠡᠷᠬᠢᠯᠡᠭᠴᠢ ᠬᠢᠭᠡᠳ ᠬᠢᠴᠢᠶᠡᠯ ᠲᠥᠷᠥᠯ ᠤᠨ ᠪᠠᠭᠰᠢ ᠬᠢᠭᠡᠳ ᠰᠤᠷᠤᠭᠴᠢᠳ ᠤᠨ ᠬᠠᠷᠢᠯᠴᠠᠬᠤ ᠳᠦᠷᠢᠮ ᠢ ᠪᠠᠶᠢᠭᠤᠯᠤᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠤᠣᠯᠳᠠᠯᠭᠠᠲᠠᠢ ᠭᠡᠷ ᠪᠦᠯᠢ᠂ ᠭᠤᠣᠯᠳᠠᠯᠭᠠᠲᠠᠢ ᠰᠤᠷᠤᠭᠴᠢᠳ ᠲᠤ ᠮᠥᠷᠳᠡᠬᠦ ᠮᠠᠶ᠋ᠢᠭ ᠤᠨ ᠦᠢᠯᠡᠴᠢᠯᠡᠭᠡᠨ ᠢ ᠬᠡᠷᠡᠭᠵᠢᠭᠦᠯᠵᠦ᠂ ᠰᠤᠷᠭᠠᠭᠤᠯᠢ ᠶᠢᠨ ᠰᠤᠷᠤᠯᠭ᠎ᠠ ᠪᠠᠨ ᠵᠣᠭᠰᠣᠬᠤ ᠪᠠᠶᠢᠳᠠᠯ ᠲᠠᠢ ᠰᠤᠷᠤᠭᠴᠢᠳ ᠲᠤ ᠬᠦᠴᠦᠲᠡᠶ ᠠᠷᠭ᠎ᠠ ᠬᠡᠮᠵᠢᠶ᠎ᠡ ᠠᠪᠴᠤ᠂ ᠰᠤᠷᠤᠭᠴᠢᠳ ᠤᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠶᠢᠨ ᠰᠤᠷᠤᠯᠭ᠎ᠠ ᠪᠠᠨ ᠵᠣᠭᠰᠣᠬᠤ ᠪᠠ ᠠᠯᠳᠠᠭᠳᠠᠬᠤ ᠶᠢ ᠰᠡᠷᠭᠡᠶᠢᠯᠡᠵᠦ᠂ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠦᠶ᠎ᠡ ᠳᠤ ᠨᠢᠭᠡᠨᠲᠡ ᠢᠳᠬᠠᠭᠰᠠᠨ ᠰᠤᠷᠤᠭᠴᠢᠳ ᠢ ᠪᠦᠬᠦᠨ ᠢ ᠰᠤᠷᠭᠠᠭᠤᠯᠢ ᠳᠤ ᠨᠢ ᠪᠤᠴᠠᠭᠠᠨ ᠰᠤᠷᠤᠯᠴᠠᠭᠤᠯᠬᠤ ᠶᠢ ᠦᠨᠡᠨ ᠬᠦ ᠪᠠᠲᠤᠯᠠᠵᠤ᠂ ᠬᠤᠶᠠᠳᠠᠬᠢ ᠤᠳᠠᠭ᠎ᠠ ᠰᠤᠷᠭᠠᠭᠤᠯᠢ ᠶᠢᠨ ᠰᠤᠷᠤᠯᠭ᠎ᠠ ᠪᠠᠨ ᠵᠣᠭᠰᠣᠬᠤ ᠦᠵᠡᠭᠳᠡᠯ ᠢ ᠭᠠᠷᠭᠠᠬᠤ ᠦᠭᠡᠶ ᠪᠠᠶᠢᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号