ᠡᠦ ᠬᠤᠩ ᠰᠢᠶᠠ | | | ᠦᠩᠬᠡᠲᠦ ᠰᠢᠪᠠᠷ ᠢᠶᠠᠷ ᠨᠠᠭᠠᠳᠬᠤ ᠪᠤᠯ ᠰᠤᠷᠤᠭᠴᠢᠳ ᠤᠨ ᠬᠠᠮᠤᠭ ᠤᠨ ᠲᠤᠷᠠᠲᠠᠢ ᠲᠤᠭᠯᠠᠭᠠᠮ ᠤᠨ ᠨᠢᠭᠡ | ᠪᠤᠯᠤᠨ᠎ᠠ᠃ ᠲᠤᠭᠯᠠᠭᠠᠮ ᠢᠶᠠᠷ ᠲᠠᠮᠵᠢᠭᠤᠯᠤᠨ ᠰᠤᠷᠤᠭᠴᠢᠳ ᠤᠨ ᠵᠢᠷᠤᠭ ᠪᠠᠶᠢᠷᠢᠰᠢᠭᠤᠯᠬᠤ ᠠᠷᠭ᠎ᠠ ᠮᠡᠷᠬᠡᠵᠢᠯ᠂ ᠭᠠᠷ | ᠬᠦᠳᠡᠯᠤᠨ ᠤᠷᠤᠯᠳᠤᠬᠤ ᠴᠢᠳᠠᠪᠦᠷᠢ ᠶᠢ ᠪᠤᠯᠪᠠᠰᠤᠷᠠᠭᠤᠯᠬᠤ ᠪᠠᠷ ᠦᠯᠤ ᠪᠠᠷᠡᠨ ᠠᠵᠢᠭᠯᠠᠬᠤ ᠴᠢᠳᠠᠪᠦᠷᠢ ᠶᠢ ᠨᠢ | ᠲᠡᠭᠡᠭᠰᠢᠯᠡᠬᠦᠯᠵᠦ᠂ ᠰᠤᠷᠤᠭᠴᠢᠳ ᠤᠨ ᠤᠷᠡᠨ ᠵᠢᠷᠤᠭ ᠰᠤᠷᠤᠯᠴᠠᠬᠤ ᠤᠷᠮ᠎ᠠ ᠪᠠᠬ᠎ᠠ ᠶᠢ ᠬᠦᠭᠵᠢᠬᠡᠵᠦ᠂ ᠦᠷᠳᠡᠭ ᠤᠨ | ᠦᠵᠡᠯᠲᠡ ᠶᠢ ᠪᠤᠢ ᠪᠤᠯᠭᠠᠨ ᠭᠤᠸ᠎ᠠ ᠰᠠᠶᠢᠬᠠᠨ ᠤ ᠬᠦᠮᠦᠵᠢᠯ ᠬᠦᠷᠳᠡᠬᠡᠬᠦ ᠵᠤᠷᠢᠯᠭ᠎ᠠ ᠳᠤ ᠪᠠᠨ ᠬᠦᠷᠴᠦ ᠴᠢᠳᠠᠬᠤ | ᠪᠤᠯᠤᠨ᠎ᠠ᠃ ᠦᠩᠬᠡᠲᠦ ᠰᠢᠪᠠᠷ ᠨᠢ ᠡᠩ ᠤᠨ ᠰᠢᠪᠠᠷ ᠢ ᠪᠤᠳᠤᠪᠠᠯ ᠰᠤᠷᠤᠭᠴᠢᠳ ᠤᠨ ᠲᠤᠷ᠎ᠠ ᠰᠤᠨᠢᠷᠬᠠᠯ ᠢ ᠨᠡᠩ | ᠢᠯᠡᠬᠦᠦ ᠲᠠᠳᠠᠬᠤ ᠬᠦᠴᠤᠨ ᠲᠠᠢ ᠪᠠᠶᠢᠳᠠᠭ᠃ ᠬᠦᠪᠰᠦᠬᠦᠷ ᠰᠢᠪᠠᠷ ᠢ ᠠᠰᠢᠭᠯᠠᠨ ᠭᠠᠷ ᠤᠷᠠᠯᠠᠯ ᠤᠨ ᠪᠦᠲᠦᠭᠡᠯ | ᠭᠠᠷᠭᠠᠬᠤ ᠲᠤᠬᠠᠢ ᠲᠤᠤᠷᠠᠬᠢ ᠬᠡᠳᠤᠨ ᠲᠠᠯ᠎ᠠ ᠠᠴᠠ ᠲᠦᠬᠦᠮ ᠦᠬᠦᠯᠡᠶ᠎ᠡ᠃ | ᠨᠢᠭᠡ᠂ ᠵᠢᠷᠤᠭ ᠪᠠᠶᠢᠷᠢᠰᠢᠭᠤᠯᠬᠤ | ᠵᠢᠷᠤᠭ ᠪᠠᠶᠢᠷᠢᠰᠢᠭᠤᠯᠬᠤ ᠨᠢ ᠰᠤᠷᠤᠭᠴᠢᠳ ᠤᠨ ᠤᠷᠡᠨ ᠵᠢᠷᠤᠭ ᠰᠤᠷᠤᠯᠴᠠᠬᠤ ᠶᠢᠨ ᠬᠠᠮᠤᠭ ᠤᠨ ᠭᠤᠤᠯ | ᠵᠠᠩᠬᠢᠯᠠᠭ᠎ᠠ ᠪᠤᠯᠵᠦ ᠪᠠᠶᠢᠳᠠᠭ᠃ ᠵᠢᠷᠤᠭ ᠪᠠᠶᠢᠷᠢᠰᠢᠭᠤᠯᠬᠤ ᠠᠷᠭ᠎ᠠ ᠮᠡᠷᠬᠡᠵᠢᠯ ᠤᠨ ᠲᠡᠬᠡᠭᠰᠢᠯᠡᠯᠲᠡ ᠨᠢ ᠡᠩ ᠤᠨ | ᠴᠠᠭ ᠤᠨ ᠵᠢᠷᠤᠭᠴᠢᠯᠠᠬᠤ ᠶᠠᠪᠤᠴᠠ ᠳᠤ ᠬᠢ ᠤᠷᠲᠦ ᠬᠤᠭᠤᠴᠠᠭᠠᠨ ᠤ ᠴᠢᠷᠮᠠᠶᠢᠯᠭ᠎ᠠ ᠠᠴᠠ ᠰᠠᠯᠵᠦ ᠴᠢᠳᠠᠬᠤ ᠦᠬᠡᠢ᠃ | ᠰᠤᠯᠠ ᠰᠡᠯᠡᠬᠦᠦ ᠴᠠᠭ ᠢᠶᠠᠷ ᠢᠶᠠᠨ ᠢᠯᠡᠬᠦᠬᠡᠨ ᠲᠠᠳᠠᠯᠭᠠᠨ ᠵᠢᠷᠤᠭ ᠵᠢᠷᠤᠵᠦ ᠦᠪᠡᠷ ᠤᠨ ᠵᠢᠷᠤᠭ ᠪᠠᠶᠢᠷᠢᠰᠢᠭᠤᠯᠬᠤ | ᠴᠢᠳᠠᠪᠦᠷᠢ ᠪᠠᠨ ᠲᠡᠬᠡᠭᠰᠢᠯᠡᠬᠦᠯᠵᠦ᠂ ᠤᠷᠡᠨ ᠵᠢᠷᠤᠭ ᠰᠤᠷᠤᠯᠴᠠᠬᠤ ᠠᠩᠬᠠᠨ ᠤ ᠠᠯᠬᠤᠮ ᠢᠶᠠᠨ ᠰᠠᠶᠢᠳᠤᠷ ᠠᠯᠬᠤᠬᠤ | ᠭᠡᠷᠡᠭᠲᠠᠢ ᠪᠠᠶᠢᠳᠠᠭ᠃ ᠵᠢᠷᠤᠭ ᠪᠠᠶᠢᠷᠢᠰᠢᠭᠤᠯᠬᠤ ᠳᠤ ᠪᠠᠨ ᠵᠢᠷᠤᠭᠴᠢᠯᠠᠬᠤ ᠬᠡᠵᠦ ᠪᠠᠶᠢᠭ᠎ᠠ ᠪᠤᠳᠡᠰ ᠢᠶᠠᠨ ᠡᠷᠬᠡᠪᠰᠢ | ᠰᠠᠶᠢᠳᠤᠷ ᠠᠵᠢᠭᠯᠠᠵᠦ ᠪᠦᠲᠦᠴᠡ ᠶᠢᠨ ᠲᠠᠯ᠎ᠠ ᠪᠠᠷ ᠤᠶᠢᠯᠠᠭᠠᠨ᠂ ᠵᠢᠷᠤᠭ ᠤᠨ ᠬᠠᠪᠳᠠᠭᠠᠢ ᠳᠤ ᠪᠠᠨ | ᠲᠤᠬᠢᠷᠠᠯᠴᠠᠭᠤᠯᠤᠨ ᠵᠢᠷᠤᠭᠴᠢᠯᠠᠬᠤ ᠶᠢ ᠤᠨᠴᠠ ᠠᠩᠬᠠᠷᠤᠭᠤᠯᠬᠤ ᠭᠡᠷᠡᠭᠲᠠᠢ᠃ ᠵᠢᠷᠤᠭ ᠤᠨ ᠪᠠᠶᠢᠷᠢᠰᠢᠭᠤᠯᠤᠯ ᠤᠨ | ᠵᠤᠬᠢᠴᠡᠯ ᠨᠢ ᠬᠦᠮᠦᠰ ᠲᠤ ᠬᠠᠷᠠᠭᠠᠨ ᠤ ᠲᠠᠭᠠᠰᠢᠶᠠᠯ᠂ ᠭᠤᠸ᠎ᠠ ᠰᠠᠶᠢᠬᠠᠨ ᠤ ᠪᠠᠭ᠋ᠠᠷᠬᠠᠯ ᠤᠯᠭᠤᠳᠠᠭ᠃ | ᠬᠤᠶᠠᠷ᠂ ᠬᠦᠪᠰᠦᠬᠦᠷ ᠰᠢᠪᠠᠷ ᠤᠨ ᠤᠨᠴᠠᠯᠢᠭ ᠰᠢᠨᠵᠢ | ᠬᠦᠪᠰᠦᠬᠦᠷ ᠰᠢᠪᠠᠷ ᠨᠢ ᠤᠤᠯ ᠤᠨ ᠦᠩᠭᠡᠲᠦ ᠰᠢᠪᠠᠷ ᠢ ᠪᠤᠳᠤᠪᠠᠯ ᠦᠩᠬᠡ ᠨᠢ ᠰᠢᠨ᠎ᠡ ᠰᠤᠷᠭᠤᠭ᠂ ᠤᠯᠠᠨ | ᠶᠠᠩᠵᠦ ᠶᠢᠨ ᠦᠩᠬᠡᠯᠡᠬᠦᠨ ᠲᠠᠢ᠂ ᠦᠨᠦᠷ ᠦᠬᠡᠢ᠂ ᠠᠭᠠᠷ ᠲᠠᠢ ᠬᠦᠷᠦᠯᠴᠡᠵᠦ ᠤᠳᠠᠪᠡᠯ ᠤᠶᠠᠨ | ᠵᠦᠬᠡᠯᠠᠨ ᠠᠴᠠ ᠪᠠᠨ ᠪᠠᠬᠢ ᠬᠠᠳᠠᠭᠤ ᠪᠤᠯᠵᠦ ᠬᠤᠪᠢᠷᠠᠨ᠎ᠠ᠃ ᠰᠤᠷᠤᠭᠴᠢᠳ ᠤᠨ ᠪᠡᠶ᠎ᠡ ᠮᠠᠬᠠᠪᠤᠳ ᠲᠤ ᠬᠤᠤᠷ | ᠬᠦᠨᠦᠭᠡᠯ ᠦᠬᠡᠢ᠂ ᠨᠠᠭᠠᠯᠳᠤᠬᠤ ᠴᠢᠨᠠᠷ ᠢᠶᠠᠷ ᠴᠢᠩᠭ᠎ᠠ᠂ ᠤᠶᠠᠨ ᠵᠦᠬᠡᠯᠡᠨ ᠪᠠᠶᠢᠳᠠᠭ ᠢᠶᠠᠷ ᠢᠶᠠᠨ ᠭᠡᠤᠭᠡᠳ ᠤᠨ | ᠪᠠᠭ᠋ᠠᠷᠬᠠᠯ ᠢ ᠤᠯᠵᠦ᠂ ᠤᠳᠤᠬᠠᠨ ᠳᠤ ᠰᠤᠷᠤᠭᠴᠢᠳ ᠤᠨ ᠭᠠᠷ ᠤᠷᠠᠯᠡᠯ ᠤᠨ ᠪᠦᠲᠦᠭᠡᠯ ᠭᠠᠷᠭᠠᠬᠤ ᠳᠤ ᠲᠤᠳᠠᠭᠳᠠᠵᠦ | ᠪᠤᠯᠤᠰᠢ ᠦᠬᠡᠢ ᠤᠷᠡᠨ ᠵᠢᠷᠤᠭ ᠤᠨ ᠬᠡᠷᠡᠭᠰᠡᠯ ᠪᠤᠯᠵᠠᠢ᠃ ᠬᠦᠪᠰᠦᠬᠦᠷ ᠰᠢᠪᠠᠷ ᠨᠢ ᠨᠤᠬᠤᠯᠠᠬᠤ ᠲᠤᠳᠤᠮ ᠵᠦᠬᠡᠯᠡᠨ | ᠪᠤᠯᠵᠦ ᠨᠠᠭᠠᠯᠳᠤᠬᠤ ᠴᠢᠨᠠᠷ ᠨᠢ ᠤᠯᠠᠮ ᠨᠡᠮᠡᠭᠳᠡᠬᠦ ᠪᠤᠯᠤᠨ᠎ᠠ᠃ ᠡ᠊ᠨᠡ ᠭᠦ ᠶᠠᠪᠤᠴᠠ ᠳᠤ ᠰᠤᠷᠤᠭᠴᠢᠳ ᠤᠨ ᠭᠠᠷ | ᠬᠦᠳᠡᠯᠵᠦ ᠤᠷᠤᠯᠳᠤᠬᠤ ᠴᠢᠳᠠᠪᠦᠷᠢ ᠶᠢ ᠬᠦᠪᠴᠢᠯᠡᠵᠦ᠂ ᠰᠡᠳᠬᠢᠨ ᠪᠤᠳᠤᠯᠬᠢᠯᠠᠬᠤ ᠴᠢᠳᠠᠪᠤᠷᠢ᠂ ᠵᠤᠬᠢᠶᠠᠨ ᠪᠦᠲᠦᠭᠡᠬᠦ | ᠴᠢᠳᠠᠪᠦᠷᠢ ᠶᠢ ᠲᠡᠬᠡᠭᠰᠢᠯᠡᠬᠦᠯᠬᠦ ᠪᠤᠯᠤᠨ᠎ᠠ᠃ | ᠭᠤᠷᠪᠠ᠂ ᠬᠦᠪᠰᠦᠬᠦᠷ ᠰᠢᠪᠠᠷ ᠢᠶᠠᠷ ᠬᠦᠳᠦᠬᠦᠷ ᠰᠡᠶᠢᠯᠦᠮᠡᠯ ᠤᠨ ᠤᠨᠴᠠᠯᠢᠭ ᠲᠠᠢ ᠪᠦᠲᠦᠭᠡᠯ ᠭᠠᠷᠭᠠᠬᠤ | ᠬᠦᠪᠰᠦᠬᠦᠷ ᠰᠢᠪᠠᠷ ᠢ ᠠᠰᠢᠭᠯᠠᠨ ᠲᠦᠷᠢᠮ ᠭᠤᠷᠢᠮ ᠲᠠᠢ ᠪᠤᠳᠠᠰ ᠤᠨ ᠬᠡᠯᠪᠡᠷᠢ ᠲᠦᠷᠰᠦ ᠶᠢ ᠵᠤᠬᠢᠶᠠᠨ | ᠪᠦᠲᠦᠭᠡᠵᠦ ᠴᠢᠳᠠᠬᠤ ᠮᠦᠷᠳᠡᠭᠡᠨ ᠬᠡᠯᠪᠡᠷᠢ ᠲᠦᠷᠰᠦ ᠨᠢ ᠡᠮᠬᠢ ᠵᠠᠮᠪᠠᠷᠠᠭ᠎ᠠ ᠦᠬᠡᠢ ᠪᠤᠳᠠᠰ ᠤᠨ ᠬᠡᠯᠪᠡᠷᠢ ᠲᠦᠷᠰᠦ ᠶᠢ | ᠴᠦ ᠵᠤᠬᠢᠶᠠᠨ ᠪᠦᠲᠦᠭᠡᠵᠦ ᠬᠦᠮᠦᠰ ᠲᠤ ᠬᠦᠳᠦᠭᠡᠷ ᠰᠡᠶᠢᠯᠦᠮᠡᠯ ᠤᠨ ᠲᠦᠷᠦᠭᠳᠡᠯ ᠢ ᠤᠯᠭᠤᠨ ᠭᠤᠸ᠎ᠠ ᠰᠠᠶᠢᠬᠠᠨ ᠤ | ᠬᠦᠮᠦᠵᠢᠯ᠂ ᠦᠷᠳᠡᠭ ᠤᠨ ᠦᠵᠡᠯᠲᠡ ᠶᠢ ᠪᠤᠢ ᠪᠤᠯᠭᠠᠵᠦ ᠴᠢᠳᠠᠳᠠᠭ᠃ ᠡᠭᠦᠨ ᠳᠤ ᠰᠤᠷᠤᠭᠴᠢᠳ ᠢ ᠲᠤᠤᠷᠠᠬᠢ | ᠭᠡᠳᠤᠨ ᠲᠠᠯ᠎ᠠ ᠪᠠᠷ ᠠᠩᠬᠠᠷᠤᠭᠤᠯᠤᠨ᠎ᠠ᠃ | 1. ᠵᠤᠬᠢᠶᠠᠨ ᠪᠦᠲᠦᠭᠡᠬᠦ ᠬᠡᠵᠦ ᠪᠠᠶᠢᠭ᠎ᠠ ᠠᠮᠢᠳᠠᠨ᠂ ᠤᠷᠭᠤᠮᠠᠯ᠂ ᠪᠤᠳᠠᠰ ᠢ ᠬᠠᠳᠠᠭᠤ ᠬᠠᠪᠳᠠᠭᠠᠢ | ᠲᠡᠭᠡᠷ᠎ᠡ ᠪᠠᠨ ᠵᠢᠷᠤᠭᠴᠢᠯᠠᠵᠦ ᠪᠠᠶᠢᠷᠢᠰᠢᠭᠤᠯᠤᠨ᠎ᠠ᠃ | 2. ᠬᠦᠪᠰᠦᠬᠦᠷ ᠰᠢᠪᠠᠷ ᠢᠶᠠᠨ ᠲᠠᠬᠢᠨ ᠳᠠᠪᠳᠡᠨ ᠨᠤᠬᠤᠯᠠᠵᠦ᠂ ᠤᠶᠠᠨ ᠵᠦᠬᠡᠯᠡᠨ ᠪᠤᠯᠭᠠᠬᠤ ᠶᠢᠨ ᠬᠠᠮᠲᠦ | ᠨᠠᠭᠠᠯᠳᠤᠬᠤ ᠴᠢᠨᠠᠷ ᠢ ᠨᠢ ᠨᠡᠮᠡᠭᠳᠡᠬᠦᠯᠦᠨ᠎ᠡ᠃ | 3. ᠬᠦᠪᠰᠦᠬᠦᠷ ᠰᠢᠪᠠᠷ ᠢᠶᠠᠨ ᠵᠢᠷᠤᠭ ᠤᠨ ᠪᠠᠶᠢᠷᠢᠰᠢᠭᠤᠯᠤᠯ ᠤᠨ ᠶᠤᠰᠤᠭᠠᠷ ᠵᠢᠷᠤᠭᠠᠰᠤᠨ ᠤ ᠲᠠᠭᠠᠤ | ᠪᠤᠳᠠᠲᠠᠢ ᠪᠡᠶᠡᠲᠦ ᠶᠢ ᠪᠦᠲᠦᠭᠡᠨ ᠨᠠᠭᠠᠯᠳᠤᠭᠤᠯᠤᠨ᠎ᠠ᠃ ᠡ᠊ᠨᠡ ᠭᠦ ᠶᠠᠪᠤᠴᠠ ᠳᠤ ᠪᠦᠬᠦ ᠠᠩᠬᠠᠷᠤᠯ ᠢᠶᠠᠨ | ᠲᠦᠪᠯᠡᠷᠡᠬᠦᠯᠵᠦ᠂ ᠤᠬᠤᠷᠬᠠᠨ ᠴᠠᠭ ᠤᠨ ᠲᠤᠳᠤᠷ᠎ᠠ ᠪᠤᠳᠠᠰ ᠤᠨ ᠬᠡᠯᠪᠡᠷᠢ ᠲᠦᠷᠰᠦ ᠶᠢ ᠵᠦᠪ ᠤᠨᠤᠪᠴᠢᠳᠠᠢ | ᠢᠯᠡᠳᠬᠡᠬᠦ ᠲᠡᠭᠡᠷ᠎ᠡ ᠬᠦᠴᠦ ᠲᠠᠯᠪᠢᠨ᠎ᠠ᠃ ᠬᠦᠪᠰᠦᠬᠦᠷ ᠰᠢᠪᠠᠷ ᠤᠨ ᠬᠠᠳᠠᠭᠤᠷᠠᠨ᠂ ᠨᠠᠭᠠᠯᠳᠤᠬᠤ ᠴᠢᠨᠠᠷ ᠢᠶᠠᠨ | ᠠᠯᠳᠠᠬᠤ ᠠᠴᠠ ᠰᠡᠷᠬᠡᠶᠢᠯᠡᠨ᠎ᠡ᠃ | 4. ᠬᠦᠪᠰᠦᠬᠦᠷ ᠰᠢᠪᠠᠷ ᠨᠡᠯᠢᠶᠡᠳ ᠬᠠᠳᠠᠭᠤᠷᠠᠭᠰᠠᠨ ᠤ ᠲᠠᠷᠠᠭ᠎ᠠ ᠦᠪᠡᠷ ᠤᠨ ᠲᠤᠷᠠᠲᠠᠢ ᠰᠠᠭᠤᠷᠢ | ᠦᠩᠬᠡ ᠪᠠᠨ ᠰᠤᠩᠭᠤᠵᠦ ᠪᠤᠳᠤᠭ ᠤᠷᠤᠭᠤᠯᠤᠨ᠎ᠠ᠃ | 5. ᠠᠮᠢᠳᠠᠨ᠂ ᠤᠷᠭᠤᠮᠠᠯ᠂ ᠪᠤᠳᠠᠰ ᠤᠨ ᠦᠩᠬᠡᠯᠡᠬᠦᠨ ᠢ ᠦᠨᠳᠦᠰᠦᠯᠡᠨ ᠪᠤᠳᠤᠭ ᠤᠷᠤᠭᠤᠯᠵᠦ᠂ | ᠪᠤᠳᠠᠰ ᠤᠨ ᠪᠦᠬᠦ᠋ᠢᠯᠡ ᠴᠤᠭᠴᠠ ᠶᠢ ᠪᠤᠳᠤᠭᠯᠠᠨ᠎ᠠ᠃ | 6. ᠬᠦᠪᠰᠦᠬᠦᠷ ᠰᠢᠪᠠᠷ ᠤᠨ ᠪᠦᠲᠦᠭᠡᠯ ᠳᠤ ᠪᠠᠨ ᠲᠤᠬᠢᠷᠠᠭᠤᠯᠤᠯᠲᠠ ᠬᠢᠵᠦ ᠬᠠᠮᠤᠭ ᠰᠡᠬᠦᠯ ᠳᠤ ᠨᠢ ᠪᠢᠩ ᠰᠢ | ᠪᠤᠳᠤᠭ ᠤᠨ ᠠᠯᠳᠠᠨ ᠨᠤᠨᠳᠠᠭ ᠢ ᠠᠰᠢᠭᠯᠠᠨ ᠪᠤᠳᠤᠭᠯᠠᠵᠦ᠂ ᠬᠡᠬᠡᠨ ᠪᠦᠳᠡᠬᠢ ᠶᠢᠨ ᠬᠠᠷᠢᠴᠠᠭ᠎ᠠ ᠶᠢ ᠲᠤᠬᠢᠷᠠᠯᠴᠠᠭᠤᠯᠤᠨ | ᠲᠠᠭᠤᠰᠬᠠᠨ᠎ᠠ᠃ | 7. ᠬᠦᠪᠰᠦᠬᠦᠷ ᠰᠢᠪᠠᠷ ᠤᠨ ᠦᠩᠬᠡᠯᠡᠬᠦᠨ ᠤ ᠪᠠᠶᠢᠳᠠᠯ ᠢ ᠦᠨᠳᠦᠰᠦᠯᠡᠵᠦ ᠵᠢᠷᠤᠭ ᠤᠨ ᠬᠠᠪᠢᠰᠦ | ᠲᠠᠭᠠᠷᠠᠭᠤᠯᠤᠨ᠎ᠠ᠃ | ᠬᠦᠪᠰᠦᠬᠦᠷ ᠰᠢᠪᠠᠷ ᠤᠨ ᠵᠢᠭᠠᠨ ᠰᠤᠷᠭᠠᠯᠲᠠ ᠨᠢ ᠰᠤᠷᠤᠭᠴᠢᠳ ᠤᠨ ᠤᠷᠡᠨ ᠵᠢᠷᠤᠭ ᠰᠤᠷᠤᠯᠴᠠᠬᠤ ᠤᠷᠮ᠎ᠡ | ᠪᠠᠬ᠎ᠠ ᠶᠢ ᠲᠡᠭᠡᠭᠰᠢᠯᠡᠬᠦᠯᠵᠦ᠂ ᠭᠠᠷ ᠬᠦᠳᠡᠯᠤᠨ ᠤᠷᠤᠯᠳᠤᠯᠭ᠎ᠠ ᠬᠢᠬᠦ ᠴᠢᠳᠠᠪᠤᠷᠢ᠂ ᠵᠤᠬᠢᠶᠠᠨ ᠪᠦᠲᠦᠭᠡᠬᠦ ᠴᠢᠳᠠᠪᠦᠷᠢ᠂ | ᠰᠡᠳᠬᠢᠬᠦ ᠴᠢᠳᠠᠪᠤᠷᠢ ᠶᠢ ᠲᠡᠭᠡᠭᠰᠢᠯᠡᠬᠦᠯᠤᠨ᠂ ᠰᠤᠷᠤᠭᠴᠢᠳ ᠲᠤ ᠭᠤᠸ᠎ᠠ ᠰᠠᠶᠢᠬᠠᠨ ᠤ ᠪᠠᠶᠠᠷ ᠪᠠᠭ᠋ᠠᠳᠤᠯ ᠢ ᠤᠯᠭᠤᠵᠦ᠂ | ᠦᠷᠳᠡᠭ ᠤᠨ ᠦᠵᠡᠯᠲᠡ ᠶᠢᠨ ᠬᠦᠮᠦᠵᠢᠨ ᠲᠡᠬᠡᠭᠰᠢᠯᠡᠬᠦ ᠳᠤ ᠶᠡᠭᠡ ᠨᠦᠯᠦᠭᠡ ᠦᠵᠡᠬᠦᠯᠳᠡᠭ᠃ ᠤᠷᠡᠨ ᠵᠢᠷᠤᠭ ᠤᠨ | ᠪᠠᠭᠰᠢ ᠨᠠᠷ ᠵᠢᠭᠠᠬᠤ ᠪᠢᠴᠢᠭ ᠠᠴᠠ ᠭᠠᠳᠠᠨ᠎ᠠ ᠰᠤᠷᠤᠭᠴᠢᠳ ᠤᠨ ᠲᠤᠷ᠎ᠠ ᠰᠤᠨᠢᠷᠬᠠᠯ ᠳᠤ ᠵᠤᠷᠢᠭᠤᠯᠤᠨ ᠰᠤᠯᠠ | ᠰᠡᠯᠡᠬᠦᠦ ᠴᠠᠭ ᠢᠶᠠᠷ ᠨᠢ ᠬᠦᠪᠰᠦᠬᠦᠷ ᠰᠢᠪᠠᠷ ᠤᠨ ᠤᠨᠴᠠᠯᠢᠬᠳᠤ ᠪᠦᠲᠦᠭᠡᠯ ᠭᠠᠷᠭᠠᠬᠤ ᠶᠢ ᠵᠤᠷᠢᠬᠵᠢᠭᠤᠯᠤᠨ | ᠭᠦᠢᠴᠡᠳᠭᠡᠯᠭᠡᠵᠦ ᠪᠤᠯᠤᠨ᠎ᠠ᠃ | | ᠬᠠᠶ᠋ᠢᠬ᠄ ᠬᠠᠨ ᠠᠭᠤᠯᠠ ᠪᠠᠭ᠎ᠠ ᠰᠤᠷᠭᠠᠭᠤᠯᠢ | ︵ᠡᠾᠦ᠋ᠩ ᠮᠸᠢ ᠨᠠᠶᠢᠷᠠᠭᠤᠯᠪᠠ︶ | 2020.4 ᠳ᠋ᠦ᠋ᠭᠡᠷ ᠬᠤᠭᠤᠴᠠᠭ᠎ᠠ | | |