ᠲᠠᠶᠢᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠦᠢᠯᠡ ᠠᠵᠢᠯᠯᠠᠭ᠎ᠠ ᠎ ᠶᠢ ᠠᠬᠢᠭᠤᠯᠬᠤ ᠲᠦᠷᠢᠮ
ᠨᠡᠶᠢᠲᠡᠯᠡᠭᠰᠡᠨ ᠴᠠᠭ᠄
2021/1/6
     2020 ᠣᠨ ᠤ 12 ᠰᠠᠷ᠎ᠠ ᠶᠢᠨ 10᠎ ᠤ ᠡᠳᠦᠷ ᠠᠴᠠ ᠡᠬᠢᠯᠡᠨ᠂ ᠪᠥᠬᠦ ᠣᠷᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠲᠦᠷᠢᠮ︾᠎ ᠢ ᠬᠡᠷᠡᠭᠵᠢᠭᠦᠯᠦᠭᠡᠳ ᠨᠢᠭᠡᠨᠳᠡ ᠨᠢᠭᠡ ᠰᠠᠷ᠎ᠠ ᠪᠣᠯᠵᠣ ᠪᠠᠶᠢᠨ᠎ᠠ᠃      ᠶᠠᠭᠤᠨ ᠳᠤ ᠳᠦᠷᠢᠮ ᠢ ᠳᠣᠭᠲᠠᠭᠠᠭᠰᠠᠨ ᠪᠤᠢ︖      1 . ᠶᠣᠰᠣ ᠰᠤᠷᠲᠠᠬᠤᠨ ᠤ ᠱᠠᠭᠠᠷᠳᠠᠯᠭ᠎ᠠ ᠶᠢ ᠬᠠᠤᠯᠢ ᠪᠠᠷ ᠵᠠᠰᠠᠬᠤ ᠪᠠᠶᠢᠭᠤᠯᠤᠯᠲᠠ ᠳᠤ ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠷ ᠶᠣᠰᠣ ᠰᠤᠷᠲᠠᠬᠤᠨ ᠤ ᠬᠦᠷᠢᠶ᠎ᠡ ᠬᠡᠪᠴᠢᠶᠡᠨ ᠳᠠᠬᠢ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠥᠷᠳᠡᠭ ᠤᠨ ᠦᠵᠡᠯᠲᠡ ᠶᠢ ᠬᠠᠤᠯᠢ ᠪᠠᠷ ᠵᠠᠰᠠᠬᠤ ᠪᠠᠶᠢᠭᠤᠯᠤᠯᠲᠠ᠎ ᠳᠤ ᠤᠯᠠᠮ ᠨᠢᠭᠡ ᠠᠯᠬᠤᠮ ᠠᠭᠤᠰᠬᠠᠨ ᠣᠷᠣᠭᠤᠯᠬᠤ ᠲᠤᠬᠠᠢ ᠲᠥᠪ ᠬᠤᠷᠢᠶᠠᠨ ᠤ ᠵᠢᠯᠣᠭᠤᠳᠬᠤ ᠰᠠᠨᠠᠯ ᠪᠠ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ  ᠲᠥᠯᠦᠪᠵᠢᠭᠦᠯᠭᠡ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ︔      2 . ᠠᠷᠠᠳ ᠲᠦᠮᠡᠨ ᠢᠶᠠᠷ ᠭᠤᠣᠯᠯᠠᠭᠤᠯᠬᠤ ᠶᠢ ᠪᠠᠷᠢᠮᠲᠠᠯᠠᠨ᠂ ᠠᠷᠠᠳ ᠢᠷᠭᠡᠳ ᠤᠨ ᠨᠡᠶᠢᠲᠡ ᠶᠢᠨ ᠶᠣᠰᠣ ᠰᠤᠷᠲᠠᠬᠤᠨ ᠤ ᠬᠢᠷᠢ ᠳᠦᠪᠰᠢᠨ᠂ ᠪᠣᠯᠪᠠᠰᠤᠨ ᠬᠡᠪ ᠰᠤᠷᠲᠠᠯ ᠪᠣᠯᠤᠨ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠨᠡᠶᠢᠭᠡᠮ ᠵᠢᠷᠤᠮᠲᠤ ᠡᠶ᠎ᠡ ᠵᠣᠬᠢᠴᠠᠯᠲᠤ ᠨᠡᠶᠢᠭᠡᠮ ᠢ ᠪᠠᠶᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ︔      3 . ᠪᠣᠯᠪᠠᠰᠤᠨ ᠦᠢᠯᠡ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠵᠢᠯ ᠤᠨ ᠦᠷ᠎ᠡ ᠪᠦᠲᠦᠭᠡᠯ ᠢ ᠠᠬᠢᠭᠤᠯᠵᠤ᠂ ᠪᠣᠯᠪᠠᠰᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠥᠪᠥᠷ ᠮᠣᠩᠭᠤᠯ ᠤᠨ ᠥᠷᠢᠰᠥᠯᠳᠦᠬᠦ ᠬᠦᠴᠦᠨ ᠪᠠ ᠥᠪᠥᠷ ᠮᠣᠩᠭᠤᠯ ᠤᠨ ᠳᠦᠷᠢ ᠲᠥᠷᠬᠦ ᠶᠢ ᠳᠡᠭᠡᠭᠰᠢᠯᠡᠭᠦᠯᠬᠦ ᠪᠣᠳᠠᠲᠠᠶ ᠠᠷᠭ᠎ᠠ ᠬᠡᠮᠵᠢᠶ᠎ᠡ ᠮᠥᠨ᠃      ᠪᠣᠯᠪᠠᠰᠤᠨ ᠦᠢᠯᠡ ᠠᠵᠢᠯᠯᠠᠭᠠᠨ ᠤ ᠦᠨᠳᠦᠰᠦᠨ ᠳᠦᠷᠢᠮᠵᠢᠯ ᠨᠢ ᠶᠠᠭᠤ ᠪᠤᠢ︖  ︵ᠰᠣᠩᠭᠤᠯᠲᠠ︶      ᠠᠷᠪᠠᠨ ᠳᠥᠷᠪᠡᠳᠦᠭᠡᠷ ᠵᠦᠢᠯ᠂ ᠣᠯᠠᠨ ᠨᠡᠶᠢᠲᠡ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠣᠯᠠᠨ ᠨᠡᠶᠢᠲᠡ ᠶᠢᠨ ᠠᠷᠢᠭᠤᠨ ᠴᠡᠪᠡᠷ ᠢ ᠬᠠᠮᠠᠭᠠᠯᠠᠵᠤ᠂ ᠳᠣᠤᠷᠠᠬᠢ ᠦᠢᠯᠡ ᠠᠵᠢᠯᠯᠠᠭᠠᠨ᠎ ᠤ ᠳᠦᠷᠢᠮᠵᠢᠯ ᠢ ᠵᠢᠷᠤᠮᠯᠠᠬᠤ ᠬᠡᠷᠡᠭᠲᠡᠢ᠄      1 . ᠭᠠᠵᠠᠷ ᠪᠣᠯᠭᠠᠨ ᠳᠤ ᠨᠤᠯᠮᠤᠬᠤ ᠦᠭᠡᠢ᠂ ᠭᠠᠳᠠᠭᠠᠯᠠᠬᠤ ᠦᠭᠡᠢ᠂ ᠬᠤᠭ ᠨᠣᠪᠰᠢ ᠶᠢ ᠳᠤᠷ᠎ᠠ ᠪᠠᠷ ᠢᠶᠠᠨ ᠠᠰᠬᠠᠬᠤ ᠦᠭᠡᠢ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠦᠭᠡᠢ᠂ ᠬᠠᠶᠠᠭᠳᠠᠮᠠᠯ ᠪᠣᠳᠠᠰ ᠢ ᠴᠠᠭ ᠲᠤᠬᠠᠢ ᠳᠤ ᠨᠢ ᠴᠡᠪᠡᠷᠯᠡᠨ᠎ᠡ︔      2 . ᠬᠠᠯᠳᠠᠪᠤᠷᠢᠲᠤ ᠲᠠᠭᠰᠢᠭᠤᠷ ᠵᠡᠷᠭᠡ ᠬᠠᠯᠳᠠᠪᠤᠷᠢᠲᠤ ᠴᠢᠨᠠᠷᠲᠠᠢ ᠠᠮᠢᠰᠬᠤᠯ ᠤᠨ ᠵᠠᠮ ᠤᠨ ᠡᠪᠡᠳᠴᠢᠨ ᠳᠤ ᠨᠡᠷᠪᠡᠭᠳᠡᠭᠰᠡᠨ ᠦᠶ᠎ᠡ ᠳᠤ ᠰᠠᠨᠠᠭᠠᠴᠢᠯᠠᠭ᠎ᠠ ᠠᠴᠠ ᠪᠠᠨ ᠠᠮᠠᠪᠴᠢ ᠵᠡᠭᠦᠬᠦ ᠬᠡᠷᠡᠭᠲᠡᠶ︔      3 . ᠭᠡᠷ ᠳᠣᠲᠣᠷᠠᠬᠢ ᠣᠯᠠᠨ ᠨᠡᠶᠢᠲᠡ ᠶᠢᠨ ᠲᠠᠯᠠᠪᠤᠷ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠮᠣᠳᠣ ᠵᠡᠷᠭᠡ ᠲᠠᠮᠠᠬᠢ ᠲᠠᠲᠠᠬᠤ ᠶᠢ ᠴᠠᠭᠠᠵᠠᠯᠠᠭᠰᠠᠨ ᠲᠠᠯᠠᠪᠤᠷ ︵ᠣᠷᠣᠨ ᠲᠣᠭᠤᠷᠢᠭ︶᠎ ᠲᠤ ᠲᠠᠮᠠᠬᠢ ᠲᠠᠲᠠᠵᠤ ᠪᠣᠯᠬᠤ ᠦᠭᠡᠢ᠂ ᠲᠠᠮᠠᠬᠢ ᠲᠠᠲᠠᠬᠤ ᠶᠢ ᠦᠯᠦ ᠴᠠᠭᠠᠵᠠᠯᠠᠭᠰᠠᠨ ᠲᠠᠯᠠᠪᠤᠷ ︵ᠣᠷᠣᠨ ᠲᠣᠭᠤᠷᠢᠭ︶᠎ ᠲᠤ ᠲᠠᠮᠠᠬᠢ ᠲᠠᠲᠠᠬᠤ ᠳᠤ ᠪᠠᠨ ᠪᠤᠰᠤᠳ ᠠᠴᠠ ᠵᠠᠶᠢᠳᠠᠭᠤᠬᠠᠨ ᠪᠠᠶᠢᠵᠤ᠂ ᠲᠠᠮᠠᠬᠢᠨ ᠤ ᠶᠣᠵᠣᠭᠤᠷ ᠢᠶᠠᠨ ᠳᠤᠷ᠎ᠠ ᠪᠠᠷ ᠢᠶᠠᠨ ᠬᠠᠶᠠᠵᠤ ᠪᠣᠯᠬᠤ ᠦᠭᠡᠢ︔      4 . ᠳᠤᠷ᠎ᠠ ᠪᠠᠷ ᠢᠶᠠᠨ ᠰᠦᠷᠴᠢᠵᠦ ᠪᠣᠳᠤᠬᠤ ᠦᠭᠡᠢ᠂ ᠳᠤᠷ᠎ᠠ ᠪᠠᠷ ᠢᠶᠠᠨ ᠰᠡᠶᠢᠯᠵᠦ ᠵᠢᠷᠤᠬᠤ ᠦᠭᠡᠢ᠂ ᠳᠤᠷ᠎ᠠ ᠪᠠᠷ ᠢᠶᠠᠨ ᠨᠠᠭᠠᠵᠤ ᠡᠯᠭᠦᠬᠦ ᠦᠭᠡᠢ︔      5 . ᠤᠷᠭᠤᠮᠠᠯ ᠢ ᠬᠠᠶᠢᠷᠠᠯᠠᠨ ᠬᠠᠮᠠᠭᠠᠯᠠᠵᠤ᠂ ᠮᠣᠳᠣᠨ ᠤ ᠰᠠᠯᠠᠭ᠎ᠠ ᠶᠢ ᠬᠤᠭᠤᠯᠬᠤ ᠦᠭᠡᠢ᠂ ᠴᠡᠴᠡᠭ ᠵᠢᠮᠢᠰ ᠢ ᠲᠡᠭᠦᠬᠦ ᠦᠭᠡᠢ᠂ ᠵᠦᠯᠭᠡ ᠶᠢ ᠬᠢᠰᠬᠢᠯᠡᠬᠦ ᠦᠭᠡᠢ︔      6 . ᠬᠤᠲᠠ ᠶᠢᠨ ᠪᠥᠲᠦᠭᠡᠨ ᠪᠠᠶᠢᠭᠤᠯᠤᠯᠲᠠ ᠶᠢᠨ ᠣᠷᠣᠨ ᠪᠦᠰᠡ ᠳᠤ ᠬᠠᠷᠢᠶᠠᠯᠠᠭᠳᠠᠬᠤ ᠦᠭᠡᠢ ᠵᠠᠮ᠂ ᠰᠠᠭᠤᠭᠠᠯᠢ ᠠᠷᠠᠳ ᠤᠨ ᠲᠣᠭᠤᠷᠢᠭ ᠪᠣᠯᠤᠨ ᠪᠤᠰᠤᠳ ᠣᠯᠠᠨ ᠨᠡᠶᠢᠲᠡ ᠶᠢᠨ ᠲᠣᠭᠤᠷᠢᠭ ᠲᠤ ᠱᠠᠷᠢᠯ ᠲᠠᠯᠪᠢᠬᠤ ᠦᠭᠡᠶ᠂ ᠣᠷᠣᠰᠢᠭᠤᠯᠭ᠎ᠠ ᠶᠢᠨ ᠪᠣᠳᠠᠰ ᠢ ᠲᠠᠯᠪᠢᠬᠤ ᠪᠤᠶᠤ ᠰᠢᠲᠠᠭᠠᠬᠤ ᠦᠭᠡᠶ︔      7 . ᠦᠵᠡᠮᠵᠢ ᠶᠢᠨ ᠤᠰᠤ ᠭᠤᠣᠯ᠂ ᠨᠠᠭᠤᠷ ᠲᠤ ᠤᠮᠪᠠᠭ᠋ᠤ ᠦᠭᠡᠢ᠂ ᠵᠢᠭᠠᠰᠤ ᠠᠩᠨᠠᠬᠤ ᠦᠭᠡᠢ︔      8 . ᠬᠡᠭᠡᠷ᠎ᠡ ᠶᠢᠨ ᠠᠮᠢᠲᠠᠨ ᠵᠢᠴᠢ ᠬᠡᠭᠡᠷ᠎ᠡ ᠶᠢᠨ ᠠᠮᠢᠲᠠᠨ ᠤ ᠪᠥᠲᠦᠭᠡᠭᠳᠡᠭᠦᠨ ᠢ ᠬᠠᠤᠯᠢ ᠪᠤᠰᠤ ᠪᠠᠷ ᠬᠤᠳᠠᠯᠳᠤᠬᠤ᠂ ᠬᠡᠭᠡᠷ᠎ᠡ ᠶᠢᠨ ᠠᠮᠢᠲᠠᠨ ᠤ ᠮᠢᠬ᠎ᠠ ᠶᠢ ᠳᠤᠷ᠎ᠠ ᠪᠠᠷ ᠢᠶᠠᠨ ᠢᠳᠡᠬᠦ ᠮᠠᠭᠤ ᠳᠠᠳᠬᠠᠯ ᠢ ᠦᠭᠡᠶᠢᠰᠬᠡᠨ᠎ᠡ︔      9 . ᠣᠯᠠᠨ ᠨᠡᠶᠢᠲᠡ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠣᠯᠠᠨ ᠨᠡᠶᠢᠲᠡ ᠶᠢᠨ ᠣᠷᠴᠢᠨ ᠲᠣᠭᠤᠷᠢᠨ ᠢ ᠪᠠᠲᠤᠯᠠᠬᠤ ᠪᠤᠰᠤᠳ ᠪᠣᠯᠪᠠᠰᠤᠨ ᠦᠢᠯᠡ ᠠᠵᠢᠯᠯᠠᠭᠠᠨ ᠤ ᠳᠦᠷᠢᠮᠵᠢᠯ᠃      ᠠᠷᠪᠠᠨ ᠲᠠᠪᠤᠳᠤᠭᠠᠷ ᠵᠦᠢᠯ᠂ ᠣᠯᠠᠨ ᠨᠡᠶᠢᠲᠡ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠵᠤ᠂ ᠰᠢᠷᠢᠰ ᠠᠵᠢᠯᠯᠠᠭᠠᠨ ᠤ ᠳᠦᠷᠢᠮᠵᠢᠯ ᠢ ᠵᠢᠷᠤᠮᠯᠠᠬᠤ ᠬᠡᠷᠡᠭᠲᠡᠢ᠄      1 . ᠤᠯᠤᠰ ᠤᠨ ᠲᠤᠭ ᠮᠠᠨᠳᠤᠭᠤᠯᠵᠤ᠂ ᠤᠯᠤᠰ ᠤᠨ ᠳᠠᠭᠤᠤ ᠳᠠᠭᠤᠯᠠᠵᠤ᠂ ᠦᠷᠡᠭᠳᠡᠭᠰᠡᠨ ᠪᠠᠭᠠᠲᠤᠷᠴᠤᠳ ᠢᠶᠠᠨ ᠳᠠᠭᠢᠵᠤ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠬᠤ ᠲᠥᠬᠦᠭᠡᠷᠦᠮᠵᠢ ᠶᠢ ᠲᠣᠭᠤᠷᠢᠨ ᠦᠵᠡᠬᠦ ᠳᠤ ᠪᠠᠨ ᠲᠥᠪ ᠬᠢᠴᠢᠶᠡᠩᠭᠦᠶ ᠪᠠᠶᠢᠬᠤ ᠬᠡᠷᠡᠭᠲᠡᠶ︔      2 . ᠣᠯᠠᠨ ᠨᠡᠶᠢᠲᠡ ᠶᠢᠨ ᠶᠣᠰᠣ ᠵᠢᠷᠤᠮ ᠢ ᠵᠢᠷᠤᠮᠯᠠᠨ᠂ ᠴᠡᠪᠡᠷ ᠴᠡᠮᠴᠡᠭᠡᠷ ᠡᠮᠦᠰᠴᠦ᠂ ᠶᠡᠭᠡ ᠳᠠᠭᠤᠨ ᠢᠶᠠᠷ ᠱᠤᠤᠭᠢᠬᠤ ᠥᠬᠡᠶ᠂ ᠪᠣᠯᠬᠢ ᠪᠦᠳᠦᠭᠦᠯᠢᠭ ᠦᠭᠡ ᠬᠡᠯᠡᠬᠦ ᠥᠬᠡᠶ︔      3 . ᠤᠳᠠᠰᠤᠳᠠᠬᠤ ᠪᠤᠶᠤ ᠤᠲᠠᠰᠤ ᠲᠣᠰᠬᠤ ᠳᠤ ᠪᠠᠨ ᠳᠣᠣᠷ᠎ᠠ ᠳᠠᠭᠤᠨ ᠢᠶᠠᠷ ᠶᠠᠷᠢᠵᠤ᠂ ᠳᠠᠭᠤ ᠪᠤᠶᠤ ᠳᠦᠷᠰᠦ ᠰᠢᠩᠭᠡᠭᠡᠯᠲᠡ ᠲᠠᠯᠪᠢᠬᠤ ᠲᠥᠬᠦᠭᠡᠷᠦᠮᠵᠢ ᠶᠢᠨ ᠢᠶᠠᠨ ᠳᠠᠭᠤᠨ ᠤ ᠬᠡᠮᠵᠢᠶ᠎ᠡ ᠶᠢ  ᠳᠣᠣᠷ᠎ᠠ ᠪᠠᠶᠢᠯᠭᠠᠨ᠎ᠠ︔      4 . ᠮᠦᠽᠧᠶ᠂ ᠳᠤᠷᠠᠰᠬᠠᠯ ᠤᠨ ᠣᠷᠳᠣᠨ ᠵᠡᠷᠭᠡ ᠪᠠᠶᠢᠷᠢ ᠲᠠᠯᠠᠪᠤᠷ ᠢ ᠲᠣᠭᠤᠷᠢᠨ ᠦᠵᠡᠬᠦ ᠪᠠ ᠺᠢᠨᠣ᠋᠂ ᠤᠷᠠᠨ ᠰᠠᠶᠢᠬᠠᠨ ᠤ ᠲᠣᠭᠯᠠᠯᠲᠠ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠨᠠᠭᠠᠳᠤᠮ ᠤᠨ ᠶᠡᠭᠡ ᠬᠤᠷᠠᠯ ᠵᠡᠷᠭᠡ ᠠᠵᠢᠯᠯᠠᠭ᠎ᠠ ᠳᠤ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢ ᠳᠠᠭᠠᠵᠤ᠂ ᠲᠠᠯᠠᠪᠠᠶ ᠪᠠ ᠣᠷᠳᠣᠨ ᠤ ᠡᠮᠬᠢ ᠵᠢᠷᠤᠮ ᠢ ᠵᠢᠷᠤᠮᠯᠠᠨ ᠰᠠᠬᠢᠵᠤ᠂ ᠲᠠᠯᠠᠪᠠᠶ ᠪᠠ ᠣᠷᠳᠣᠨ ᠤ ᠲᠥᠬᠦᠭᠡᠷᠦᠮᠵᠢ ᠶᠢ ᠬᠠᠶᠢᠷᠠᠯᠠᠨ ᠬᠠᠮᠠᠭᠠᠯᠠᠬᠤ ᠬᠡᠷᠡᠭᠲᠡᠶ︔      5 . ᠵᠤᠭ᠎ᠠ ᠴᠡᠩᠭᠡᠯ᠂ ᠪᠡᠶ᠎ᠡ ᠴᠢᠭᠢᠷᠠᠭᠵᠢᠭᠤᠯᠬᠤ᠂ ᠬᠤᠳᠠᠯᠳᠤᠭ᠎ᠠ ᠵᠡᠷᠭᠡ ᠠᠵᠢᠯᠯᠠᠭ᠎ᠠ ᠡᠷᠬᠢᠯᠡᠬᠦ ᠳᠤ ᠪᠠᠨ ᠪᠠᠶᠢᠷᠢ ᠲᠠᠯᠠᠪᠤᠷ᠂ ᠲᠣᠨᠤᠭ ᠲᠥᠬᠦᠭᠡᠷᠦᠮᠵᠢ ᠶᠢ ᠵᠦᠢ ᠵᠣᠬᠢᠰᠲᠠᠶ ᠬᠡᠷᠡᠭᠯᠡᠵᠦ᠂ ᠪᠤᠰᠤᠳ ᠤᠨ ᠬᠡᠪ ᠤᠨ ᠰᠤᠷᠤᠯᠭ᠎ᠠ᠂ ᠠᠵᠢᠯ ᠪᠠ ᠠᠮᠢᠳᠤᠷᠠᠯ ᠢ ᠬᠠᠷᠰᠢᠯᠠᠬᠤ ᠠᠴᠠ ᠰᠡᠷᠭᠡᠶᠢᠯᠡᠬᠦ ᠬᠡᠷᠡᠭᠲᠡᠶ︔      6 . ᠬᠤᠯᠪᠣᠭᠳᠠᠯ ᠪᠦᠬᠦᠢ ᠭᠡᠨᠡᠳᠲᠡ ᠶᠢᠨ ᠬᠡᠷᠡᠭ ᠪᠤᠶᠤ ᠪᠠᠴᠢᠮ ᠪᠠᠶᠢᠳᠠᠯ ᠲᠣᠬᠢᠶᠠᠯᠳᠤᠪᠠᠯ᠂ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢ ᠳᠠᠭᠠᠵᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠳᠤ ᠬᠠᠮᠵᠢᠯᠴᠠᠨ᠎ᠠ︔      7 . ᠣᠯᠠᠨ ᠨᠡᠶᠢᠲᠡ ᠶᠢᠨ ᠲᠠᠯᠠᠪᠤᠷ ᠤᠨ ᠡᠮᠬᠢ ᠵᠢᠷᠤᠮ ᠢ ᠬᠠᠮᠠᠭᠠᠯᠠᠬᠤ ᠪᠤᠰᠤᠳ ᠪᠣᠯᠪᠠᠰᠤᠨ ᠦᠢᠯᠡ ᠠᠵᠢᠯᠯᠠᠭᠠᠨ ᠤ ᠳᠦᠷᠢᠮᠵᠢᠯ᠃      ᠠᠷᠪᠠᠨ ᠨᠠᠢᠮᠠᠳᠤᠭᠠᠷ ᠵᠦᠢᠯ᠂ ᠪᠣᠯᠪᠠᠰᠤᠨ ᠢᠶᠠᠷ ᠡᠮᠨᠡᠭᠦᠯᠬᠦ ᠪᠠ ᠡᠮᠴᠢᠯᠡᠬᠦ ᠳᠤ ᠳᠣᠤᠷᠠᠬᠢ ᠦᠢᠯᠡ ᠠᠵᠢᠯᠯᠠᠭᠠᠨ ᠤ ᠳᠦᠷᠢᠮᠵᠢᠯ ᠢ ᠵᠢᠷᠤᠮᠯᠠᠬᠤ ᠬᠡᠷᠡᠭᠲᠡᠢ᠄      1 . ᠣᠨᠣᠰᠢᠯᠠᠨ ᠡᠮᠨᠡᠬᠦ ᠳᠦᠷᠢᠮ ᠪᠠ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠮᠬᠢ ᠵᠢᠷᠤᠮ ᠢ ᠳᠠᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠤ ᠣᠨᠣᠰᠢᠯᠠᠨ ᠡᠮᠨᠡᠬᠦ ᠦᠢᠯᠡ ᠠᠵᠢᠯᠯᠠᠭ᠎ᠠ ᠥᠷᠨᠢᠭᠦᠯᠬᠦ ᠶᠢ ᠬᠦᠨᠳᠦᠳᠬᠡᠬᠦ ᠪᠥᠭᠡᠳ ᠬᠠᠮᠵᠢᠯᠴᠠᠬᠤ ᠬᠡᠷᠡᠭᠲᠡᠶ︔      2 . ᠬᠠᠤᠯᠢ ᠶᠣᠰᠣᠨ ᠤ ᠠᠷᠭ᠎ᠠ ᠵᠠᠮ ᠢᠶᠠᠷ ᠡᠮᠴᠢ ᠪᠣᠯᠤᠨ ᠡᠪᠡᠳᠴᠢᠲᠡᠨ ᠤ ᠵᠥᠷᠢᠴᠡᠯ ᠪᠣᠯᠤᠨ ᠡᠮᠴᠢᠯᠡᠭᠡᠨ ᠤ ᠵᠢᠭᠤᠷᠠᠯᠳᠤᠭᠠᠨ ᠢ ᠵᠣᠬᠢᠰᠲᠠᠢ ᠰᠢᠢᠳᠪᠦᠷᠢᠯᠡᠵᠦ᠂ ᠡᠮᠨᠡᠯᠭᠡ ᠶᠢᠨ ᠬᠤᠷᠢᠶᠠᠨ᠎ ᠤ ᠬᠡᠪ ᠤᠨ ᠠᠵᠢᠯ ᠤᠨ ᠡᠮᠬᠢ ᠵᠢᠷᠤᠮ ᠢ ᠶᠠᠮᠠᠷ ᠰᠢᠯᠲᠠᠭᠠᠨ ᠢᠶᠠᠷ ᠴᠤ ᠰᠠᠮᠠᠷᠠᠭᠤᠯᠵᠤ ᠪᠣᠯᠬᠤ ᠦᠭᠡᠶ︔      3 . ᠡᠪᠡᠳᠴᠢᠲᠡᠨ ᠤ ᠪᠠᠶᠢᠳᠠᠯ ᠢ ᠮᠡᠳᠡᠬᠦ ᠡᠷᠬᠡ᠂ ᠰᠣᠩᠭᠤᠬᠤ ᠡᠷᠬᠡ ᠶᠢ ᠬᠦᠨᠳᠦᠳᠬᠡᠵᠦ᠂ ᠡᠪᠡᠳᠴᠢᠲᠡᠨ ᠤ ᠬᠤᠪᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ︔      4 . ᠡᠮᠴᠢᠯᠡᠭᠡᠨ ᠤ ᠣᠨᠣᠰᠢᠯᠠᠨ ᠡᠮᠨᠡᠬᠦ ᠮᠡᠷᠭᠡᠵᠢᠯ ᠤᠨ ᠳᠦᠷᠢᠮᠵᠢᠯ ᠵᠢᠴᠢ ᠠᠨᠠᠭᠠᠬᠤ ᠤᠬᠠᠭᠠᠨ ᠤ ᠡᠰᠢ ᠶᠣᠰᠤᠨ ᠤ ᠳᠦᠷᠢᠮᠵᠢᠯ ᠢ ᠵᠢᠷᠤᠮᠯᠠᠵᠤ᠂ ᠡᠪᠡᠳᠴᠢᠲᠡᠨ ᠢ ᠬᠡᠲᠦᠷᠡᠲᠡᠯ᠎ᠡ ᠡᠮᠨᠡᠵᠦ ᠪᠣᠯᠬᠤ ᠦᠭᠡᠢ︔      5 . ᠪᠤᠰᠤᠳ ᠪᠣᠯᠪᠠᠰᠤᠨ ᠢᠶᠠᠷ ᠡᠮᠨᠡᠭᠦᠯᠬᠦ ᠪᠠ ᠡᠮᠴᠢᠯᠡᠬᠦ ᠦᠢᠯᠡ ᠠᠵᠢᠯᠯᠠᠭᠠᠨ ᠤ ᠳᠦᠷᠢᠮᠵᠢᠯ᠃      ᠠᠷᠪᠠ ᠶᠢᠰᠦᠳᠦᠭᠡᠷ ᠵᠦᠢᠯ᠂ ᠰᠦᠯᠵᠢᠶ᠎ᠡ ᠶᠢ ᠪᠣᠯᠪᠠᠰᠤᠨ ᠢᠶᠠᠷ ᠬᠡᠷᠡᠭᠯᠡᠵᠦ᠂ ᠳᠣᠤᠷᠠᠬᠢ ᠦᠢᠯᠡ ᠠᠵᠢᠯᠯᠠᠭᠠᠨ ᠤ ᠳᠦᠷᠢᠮᠵᠢᠯ ᠢ ᠵᠢᠷᠤᠮᠯᠠᠬᠤ ᠬᠡᠷᠡᠭᠲᠡᠢ᠄      1 . ᠬᠤᠳᠠᠯ ᠬᠠᠭᠤᠷᠮᠠᠭ᠂ ᠪᠣᠯᠬᠢ ᠪᠦᠳᠦᠭᠦᠯᠢᠭ ᠵᠡᠷᠭᠡ ᠮᠠᠭᠤ ᠮᠡᠳᠡᠭᠡ ᠵᠠᠩᠭᠢ ᠶᠢ ᠵᠣᠬᠢᠶᠠᠬᠤ᠂ ᠨᠡᠶᠢᠲᠡᠯᠡᠬᠦ ᠪᠠ ᠲᠠᠷᠬᠠᠭᠠᠬᠤ ᠥᠬᠡᠶ︔      2 . ᠬᠢᠯᠢ ᠶᠢᠨ ᠳᠣᠲᠣᠨ᠎ᠠ ᠭᠠᠳᠠᠨᠠᠬᠢ ᠱᠠᠯᠢᠭ ᠵᠠᠪᠠᠭ᠋ᠠᠢ᠂ ᠬᠦᠴᠦᠷᠬᠡᠭᠯᠡᠯ ᠤᠨ ᠰᠦᠯᠵᠢᠶ᠎ᠡ ᠶᠢ ᠦᠵᠡᠬᠦ ᠥᠬᠡᠶ ᠪᠠᠶᠢᠵᠤ᠂ ᠰᠠᠶᠢᠨ ᠰᠠᠶᠢᠬᠠᠨ ᠰᠦᠯᠵᠢᠶᠡᠨ ᠤ ᠠᠮᠢ ᠠᠬᠤᠶ ᠶᠢ ᠬᠠᠮᠠᠭᠠᠯᠠᠨ᠎ᠠ︔      3 . ᠪᠢᠴᠢᠭᠡᠰᠦ ᠲᠠᠷᠬᠠᠭᠠᠬᠤ᠂ ᠬᠠᠷᠢᠭᠤ ᠥᠭᠬᠦ᠂ ᠦᠭᠡ ᠦᠯᠡᠳᠡᠭᠡᠬᠦ᠂ ᠬᠥᠰᠢᠭᠡᠨ ᠳᠡᠭᠡᠷ᠎ᠡ ᠪᠢᠴᠢᠬᠦ᠂ ᠳᠠᠭᠤ ᠳᠦᠷᠰᠦ ᠳᠠᠮᠵᠢᠭᠤᠯᠬᠤ ᠵᠡᠷᠭᠡ ᠬᠡᠯᠪᠡᠷᠢ ᠪᠠᠷ ᠰᠦᠯᠵᠢᠶᠡᠨ ᠤ ᠠᠵᠢᠯᠯᠠᠭ᠎ᠠ ᠳᠤ ᠣᠷᠣᠯᠴᠠᠬᠤ ᠦᠶᠡᠰ᠂ ᠪᠣᠯᠪᠠᠰᠤᠨ ᠢᠶᠠᠷ ᠬᠠᠷᠢᠯᠴᠠᠵᠤ᠂ ᠣᠶᠤᠨᠴᠢ ᠪᠠᠷ ᠢᠯᠡᠳᠬᠡᠵᠦ᠂ ᠰᠦᠯᠵᠢᠶᠡᠨ ᠤ ᠬᠦᠴᠦᠷᠬᠡᠭᠯᠡᠯ ᠢ ᠲᠡᠪᠴᠢᠨ᠎ᠡ︔      4 . ᠰᠦᠯᠵᠢᠶᠡᠨ ᠤ ᠬᠤᠳᠠᠯᠳᠤᠭ᠎ᠠ ᠪᠠ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠲᠣᠭᠲᠠᠭᠠᠯ ᠠᠴᠠ ᠵᠥᠷᠢᠴᠡᠨ ᠬᠢᠬᠦ ᠦᠭᠡᠶ︔      5 . ᠰᠦᠯᠵᠢᠶ᠎ᠡ ᠶᠢ ᠪᠣᠯᠪᠠᠰᠤᠨ ᠢᠶᠠᠷ ᠬᠡᠷᠡᠭᠯᠡᠬᠦ ᠪᠤᠰᠤᠳ ᠦᠢᠯᠡ ᠠᠵᠢᠯᠯᠠᠭᠠᠨ ᠤ ᠲᠤᠬᠠᠶ ᠲᠣᠭᠲᠠᠭᠠᠯ᠃      ᠬᠤᠷᠢᠨ ᠲᠠᠪᠤᠳᠤᠭᠠᠷ ᠵᠦᠢᠯ᠂ ᠠᠵᠢᠯᠴᠢ ᠠᠷᠪᠢᠴᠢ᠂ ᠡᠷᠡᠭᠦᠯ ᠪᠣᠯᠪᠠᠰᠤᠨ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠲᠠᠯ᠎ᠠ ᠪᠠᠷ ᠳᠣᠤᠷᠠᠬᠢ ᠦᠢᠯᠡ ᠠᠵᠢᠯᠯᠠᠭ᠎ᠠ ᠶᠢ ᠰᠠᠨᠠᠭᠠᠴᠢᠯᠠᠬᠤ ᠬᠡᠷᠡᠭᠲᠡᠢ᠄      1 . ᠠᠮᠤ ᠪᠤᠳᠠᠭ᠎ᠠ ᠪᠠ ᠤᠰᠤ᠂ ᠴᠠᠬᠢᠯᠭᠠᠨ᠂ ᠲᠣᠰᠣ᠂ ᠬᠡᠢ ᠵᠡᠷᠭᠡ ᠡᠬᠢ ᠪᠠᠶᠠᠯᠢᠭ ᠢ ᠠᠷᠪᠢᠯᠠᠵᠤ᠂ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ᠎ᠠ︔      2 . ᠬᠤᠷᠢᠮ᠂ ᠪᠡᠯᠪᠡᠰᠦᠷᠡᠯ᠂ ᠪᠠᠶᠠᠷ ᠨᠠᠶᠢᠷ ᠤᠨ ᠶᠠᠪᠤᠳᠠᠯ ᠢ ᠠᠷᠪᠢᠴᠢ ᠭᠠᠮᠲᠠᠶ ᠬᠢᠵᠦ᠂ ᠬᠤᠷᠢᠮ ᠤᠨ ᠶᠠᠪᠤᠳᠠᠯ ᠢ ᠰᠢᠨ᠎ᠡ ᠪᠠᠷ ᠬᠢᠵᠦ᠂ ᠰᠠᠶᠢᠨ ᠠᠰᠠᠷᠠᠵᠤ ᠳᠥᠭᠦᠮᠬᠡᠨ ᠣᠷᠣᠰᠢᠭᠤᠯᠤᠨ᠎ᠠ︔      3 . ᠬᠡᠮᠵᠢᠶᠡᠲᠡᠢ ᠬᠤᠭᠤᠯᠠ ᠵᠠᠬᠢᠶᠠᠯᠠᠵᠤ᠂ ᠬᠤᠪᠢᠶᠠᠨ ᠢᠳᠡᠵᠦ᠂ ᠨᠡᠶᠢᠲᠡ ᠶᠢᠨ ᠬᠠᠯᠪᠠᠭ᠎ᠠ᠂ ᠨᠡᠶᠢᠲᠡ ᠶᠢᠨ ᠰᠠᠪᠬ᠎ᠠ ᠶᠢ ᠬᠡᠷᠡᠭᠯᠡᠵᠦ᠂ ︽ᠬᠤᠭᠤᠰᠣᠨ ᠫᠢᠯᠠ ᠦᠯᠡᠳᠡᠭᠡᠬᠦ ᠠᠵᠢᠯᠯᠠᠭ᠎ᠠ︾᠎ ᠶᠢ ᠦᠢᠯᠡᠳᠦᠯᠭᠡᠵᠢᠭᠦᠯᠦᠨ᠎ᠡ︔      4 . ᠭᠠᠳᠠᠭᠰᠢ ᠭᠠᠷᠬᠤ ᠳᠤ ᠪᠠᠨ ᠠᠯᠬᠤᠬᠤ᠂ ᠳᠤᠭᠤᠶ ᠲᠡᠷᠭᠡ ᠤᠨᠤᠬᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠮᠣᠳᠣ ᠶᠢ ᠬᠡᠷᠡᠭᠯᠡᠬᠦ ᠵᠡᠷᠭᠡ ᠠᠷᠭ᠎ᠠ ᠶᠢ ᠤᠷᠢᠳ ᠢᠶᠠᠷ ᠰᠣᠩᠭᠤᠬᠤ ᠬᠡᠷᠡᠭᠲᠡᠶ︔      5 . ᠬᠥᠳᠡᠯᠭᠡᠭᠡᠨ ᠬᠢᠬᠦ᠂ ᠳᠠᠭᠤᠤ ᠬᠥᠭᠵᠢᠮ ᠰᠣᠨᠢᠷᠬᠠᠬᠤ᠂ ᠨᠣᠮ ᠤᠩᠰᠢᠬᠤ ᠵᠡᠷᠭᠡ ᠰᠠᠶᠢᠨ ᠰᠠᠶᠢᠬᠠᠨ ᠳᠤᠷ᠎ᠠ ᠰᠣᠨᠢᠷᠬᠠᠯ ᠪᠠ ᠳᠤᠷ᠎ᠠ ᠪᠠᠬ᠎ᠠ ᠶᠢ ᠬᠥᠮᠦᠵᠢᠭᠦᠯᠵᠦ᠂ ᠲᠠᠮᠠᠬᠢ ᠲᠠᠲᠠᠬᠤ ᠥᠬᠡᠶ᠂ ᠠᠷᠢᠬᠢ ᠤᠤᠭᠤᠬᠤ ᠥᠬᠡᠶ᠂ ᠵᠣᠭᠤᠰ ᠨᠠᠭᠠᠳᠬᠤ ᠳᠤ ᠬᠤᠯᠪᠣᠭᠳᠠᠬᠤ ᠥᠬᠡᠶ᠂ ᠮᠤᠬᠤᠷ ᠰᠦᠰᠦᠭ᠂ ᠪᠣᠯᠬᠢ ᠪᠦᠳᠦᠭᠦᠯᠢᠭ ᠠᠵᠢᠯᠯᠠᠭ᠎ᠠ ᠬᠢᠬᠦ    ᠥᠬᠡᠶ︔      6 . ᠡᠷᠡᠭᠦᠯ ᠪᠣᠯᠪᠠᠰᠤᠨ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠪᠤᠰᠤᠳ ᠦᠢᠯᠡ ᠠᠵᠢᠯᠯᠠᠭ᠎ᠠ᠃      ᠳᠦᠷᠢᠮ ᠲᠣᠭᠲᠠᠭᠠᠯ ᠠᠴᠠ ᠵᠦᠷᠢᠴᠡᠪᠡᠯ ᠶᠠᠮᠠᠷ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠪᠣᠶ︖           ︵ᠰᠣᠩᠭᠤᠯᠲᠠ︶      ᠳᠥᠴᠢᠨ ᠳᠣᠯᠣᠳᠤᠭᠠᠷ ᠵᠦᠢᠯ᠂ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ ᠬᠤᠲᠠ ᠶᠢᠨ ᠪᠥᠲᠦᠭᠡᠨ ᠪᠠᠶᠢᠭᠤᠯᠤᠯᠲᠠ ᠶᠢᠨ ᠲᠣᠭᠤᠷᠢᠭ ᠲᠤ ᠳᠤᠷ᠎ᠠ ᠪᠠᠷ ᠢᠶᠠᠨ ᠮᠣᠳᠣᠨ ᠤ ᠰᠠᠯᠠᠭ᠎ᠠ ᠨᠠᠮᠠᠭ᠎ᠠ ᠶᠢ ᠬᠤᠭᠤᠯᠬᠤ᠂ ᠴᠡᠴᠡᠭ ᠵᠢᠮᠢᠰ ᠢ ᠲᠡᠭᠦᠬᠦ᠂ ᠵᠦᠯᠭᠡ ᠶᠢ ᠬᠢᠰᠬᠢᠯᠡᠭᠰᠡᠨ ᠪᠣᠯ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠬᠡᠷᠡᠭᠲᠡᠶ︔ ᠵᠠᠯᠠᠷᠠᠭᠤᠯᠬᠤ ᠶᠢ ᠲᠡᠪᠴᠢᠪᠡᠯ 100 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠷᠣᠭᠰᠢ ᠲᠣᠷᠭᠠᠨ᠎ᠠ︔ ᠡᠳ᠋ ᠬᠤᠭᠰᠢᠯ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠤ ᠪᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ᠃      ᠲᠠᠪᠢᠳᠤᠭᠠᠷ ᠵᠦᠢᠯ᠂ ᠲᠣᠰ ᠲᠦᠷᠢᠮ ᠤᠨ ᠲᠣᠭᠲᠠᠭᠠᠯ ᠠᠴᠠ ᠵᠥᠷᠢᠴᠡᠵᠦ᠂ ᠬᠠᠮᠲᠤ ᠶᠢᠨ ᠳᠤᠭᠤᠶ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠲᠦᠷᠢᠶᠡᠰᠦᠯᠡᠭᠴᠢ ᠪᠠ ᠲᠦᠷᠢᠶᠡᠰᠦᠯᠡᠭᠦᠯᠦᠭᠴᠢ ᠳᠤ ᠳᠣᠤᠷᠠᠬᠢ ᠮᠡᠲᠦ ᠪᠠᠶᠢᠳᠠᠯ ᠲᠠᠢ ᠪᠣᠯ ᠳᠣᠤᠷᠠᠬᠢ ᠮᠡᠲᠦ ᠲᠣᠭᠲᠠᠭᠠᠯ ᠢᠶᠠᠷ ᠰᠢᠢᠳᠪᠦᠷᠢᠯᠡᠨ᠎ᠡ᠄      1 . ᠲᠦᠷᠢᠶᠡᠰᠦᠯᠡᠭᠴᠢ ᠲᠡᠷᠭᠡ ᠤᠨᠤᠭ᠎ᠠ ᠪᠠᠨ ᠳᠦᠷᠢᠮ ᠶᠣᠰᠤ ᠪᠠᠷ ᠵᠣᠭᠰᠣᠭᠠᠭᠰᠠᠨ ᠦᠭᠡᠶ ᠠᠴᠠ ᠪᠤᠰᠤᠳ ᠲᠡᠷᠭᠡ ᠤᠨᠤᠭ᠎ᠠ ᠪᠠ ᠶᠠᠪᠠᠭᠠᠨ ᠬᠥᠮᠦᠨ ᠤ ᠨᠡᠪᠲᠡᠷᠡᠬᠦ ᠶᠢ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠵᠠᠯᠠᠷᠠᠭᠤᠯᠬᠤ ᠶᠢ ᠲᠡᠪᠴᠢᠪᠡᠯ 50 ᠲᠥᠭᠦᠷᠢᠭ ᠢᠶᠠᠷ ᠲᠣᠷᠭᠠᠨ᠎ᠠ︔      2 . ᠲᠦᠷᠢᠶᠡᠰᠦᠯᠡᠭᠴᠢ ᠲᠡᠷᠭᠡ ᠤᠨᠤᠭ᠎ᠠ ᠵᠢᠴᠢ ᠬᠠᠮᠢᠶ᠎ᠠ ᠪᠥᠬᠦᠶ ᠲᠥᠬᠦᠭᠡᠷᠦᠮᠵᠢ ᠶᠢ ᠭᠡᠭᠡᠵᠦ ᠣᠷᠬᠢᠭᠰᠠᠨ᠂ ᠡᠪᠳᠡᠵᠦ ᠰᠦᠢᠳᠭᠡᠭᠰᠡᠨ ᠪᠤᠶᠤ ᠬᠠᠤᠯᠢ ᠪᠤᠰᠤ ᠪᠠᠷ ᠡᠵᠡᠯᠡᠨ ᠠᠪᠴᠤ ᠠᠮᠤᠷ᠎ ᠢ ᠬᠠᠮᠠᠭᠠᠯᠠᠬᠤ ᠠᠴᠠ ᠵᠥᠷᠢᠴᠡᠭᠰᠡᠨ ᠦᠢᠯᠡ ᠠᠵᠢᠯᠯᠠᠭ᠎ᠠ ᠪᠣᠯᠤᠭᠰᠠᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠤ ᠪᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠥᠭᠭᠦᠨ᠎ᠡ︔      3 . ᠲᠦᠷᠢᠶᠡᠰᠦᠯᠡᠭᠦᠯᠦᠭᠴᠢ ᠨᠡᠶᠢᠭᠡᠮ ᠳᠤ ᠣᠷᠣᠭᠤᠯᠤᠭᠰᠠᠨ ᠲᠡᠷᠭᠡ ᠤᠨᠤᠭᠠᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠶ ᠭᠦᠢᠴᠡᠳᠭᠡᠭᠰᠡᠨ ᠥᠬᠡᠶ ᠠᠴᠠ ᠪᠣᠯᠵᠣ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠠᠰᠠᠭᠤᠳᠠᠯ ᠢ ᠬᠦᠨᠳᠦ ᠨᠣᠴᠢᠲᠠᠶ ᠪᠣᠯᠭᠠᠭᠰᠠᠨ ᠪᠣᠯ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠶᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠪᠣᠯᠵᠣᠨ ᠬᠡᠯᠡᠯᠴᠡᠵᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠳᠣᠭᠲᠠᠭᠠᠨ ᠵᠠᠯᠠᠷᠠᠭᠤᠯᠤᠭᠤᠯᠤᠨ᠎ᠠ︔ ᠬᠤᠭᠤᠴᠠᠭ᠎ᠠ ᠥᠩᠭᠡᠷᠡᠲᠡᠯ᠎ᠡ ᠵᠠᠯᠠᠷᠠᠭᠤᠯᠬᠤ ᠦᠭᠡᠶ ᠪᠣᠯ 1 ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠲᠣᠷᠭᠠᠨ᠎ᠠ᠃      ᠲᠠᠪᠢᠨ ᠭᠤᠷᠪᠠᠳᠤᠭᠠᠷ ᠵᠦᠢᠯ᠂ ᠲᠣᠰ ᠲᠦᠷᠢᠮ ᠤᠨ ᠲᠣᠭᠲᠠᠭᠠᠯ ᠢ ᠵᠥᠷᠢᠴᠡᠵᠦ᠂ ᠬᠤᠲᠠ᠎ ᠶᠢᠨ ᠪᠥᠲᠦᠭᠡᠨ ᠪᠠᠶᠢᠭᠤᠯᠤᠯᠲᠠ ᠶᠢᠨ ᠲᠣᠭᠤᠷᠢᠭ ᠲᠤ ᠵᠥᠪᠬᠡᠨ ᠳᠣᠤᠷᠠᠬᠢ ᠪᠠᠶᠢᠳᠠᠯ ᠲᠠᠢ ᠪᠣᠯ ᠳᠣᠤᠷᠠᠬᠢ ᠲᠣᠭᠲᠠᠭᠠᠯ ᠢᠶᠠᠷ ᠰᠢᠢᠳᠪᠦᠷᠢᠯᠡᠨ᠎ᠡ᠄      1 . ᠨᠣᠬᠠᠶ ᠳᠠᠭᠠᠭᠤᠯᠵᠤ ᠭᠠᠳᠠᠨ᠎ᠠ ᠭᠠᠷᠬᠤ ᠦᠶ᠎ᠡ ᠳᠤ ᠪᠦᠷᠢᠮᠦᠰᠦᠨ ᠢᠷᠭᠡᠨ ᠤ ᠬᠡᠷᠡᠭ ᠤᠨ ᠦᠢᠯᠡ ᠠᠵᠢᠯᠯᠠᠭᠠᠨ ᠤ ᠴᠢᠳᠠᠪᠤᠷᠢ ᠦᠭᠡᠢ ᠬᠥᠮᠦᠨ ᠨᠣᠬᠠᠶ ᠶᠢᠨ ᠭᠢᠨᠵᠢ ︵ᠳᠡᠭᠡᠰᠦ︶᠎ ᠶᠢ ᠬᠥᠲᠥᠯᠥᠭᠰᠡᠨ᠂ ᠰᠠᠨᠠᠭᠠᠴᠢᠯᠠᠭ᠎ᠠ ᠠᠴᠠ ᠪᠠᠨ ᠪᠤᠰᠤᠳ ᠬᠥᠮᠦᠨ ᠳᠤ ᠵᠠᠢ ᠲᠠᠯᠪᠢᠭᠰᠠᠨ ᠥᠬᠡᠶ᠂ ᠴᠠᠭ ᠲᠤᠬᠠᠶ ᠳᠤ ᠨᠢ ᠪᠠᠭᠠᠰᠤ ᠰᠢᠭᠡᠰᠦ ᠶᠢ ᠨᠢ ᠴᠡᠪᠡᠷᠯᠡᠭᠰᠡᠨ ᠥᠬᠡᠶ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠤᠶᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠶᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠵᠠᠯᠠᠷᠠᠭᠤᠯᠬᠤ ᠶᠢ ᠲᠡᠪᠴᠢᠪᠡᠯ 50 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠲᠣᠷᠭᠠᠨ᠎ᠠ︔      2 . ᠨᠣᠬᠠᠢ ︵ᠰᠣᠬᠤᠷ ᠬᠥᠮᠦᠨ ᠳᠤ ᠵᠠᠮᠴᠢᠯᠠᠭᠴᠢ ᠨᠣᠬᠠᠶ᠂ ᠡᠷᠢᠵᠦ ᠠᠪᠤᠷᠬᠠᠤ ᠨᠣᠬᠠᠶ ᠵᠡᠷᠭᠡ ᠠᠵᠢᠯ ᠤᠨ ᠨᠣᠬᠠᠢ ᠠᠴᠠ ᠪᠤᠰᠤᠳ︶ ᠳᠠᠭᠠᠭᠤᠯᠵᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠮᠣᠳᠤᠨ ᠳᠤ ᠰᠠᠭᠤᠭᠰᠠᠨ᠂ ᠡᠰᠡᠬᠦᠯ᠎ᠡ ᠬᠡᠷ ᠳᠣᠲᠣᠷᠠᠬᠢ ᠣᠯᠠᠨ ᠨᠡᠶᠢᠲᠡ ᠶᠢᠨ ᠲᠠᠯᠠᠪᠤᠷ ᠲᠤ ᠣᠷᠣᠭᠰᠠᠨ ᠵᠢᠴᠢ ᠠᠮᠢᠲᠠᠨ ᠢ ᠴᠠᠭᠠᠵᠠᠯᠠᠬᠤ ᠲᠡᠮᠳᠡᠭ ᠪᠥᠬᠦᠶ ᠬᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠲᠤ ᠣᠷᠣᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠤᠶᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠶᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠵᠠᠯᠠᠷᠠᠭᠤᠯᠬᠤ ᠶᠢ ᠲᠡᠪᠴᠢᠪᠡᠯ 100 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠷᠣᠭᠰᠢ ᠲᠣᠷᠭᠠᠨ᠎ᠠ︔      3 . ᠨᠣᠬᠠᠶ ᠳᠤ ᠬᠠᠯᠠ ᠦᠵᠡᠭᠦᠯᠵᠦ᠂ ᠭᠤᠯᠣᠵᠤ ᠣᠷᠭᠢᠭᠰᠠᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠡᠷᠡᠮᠵᠢ ᠥᠭᠭᠦᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ 500 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠣᠭᠰᠢ ᠲᠣᠷᠭᠠᠨ᠎ᠠ᠃      ︽ᠲᠦᠷᠢᠮ︾᠎ ᠢ 6 ᠪᠦᠯᠦᠭ 59 ᠵᠦᠢᠯ ᠬᠤᠪᠢᠶᠠᠵᠤ᠂ ᠪᠣᠯᠪᠠᠰᠤᠨ ᠦᠢᠯᠡ ᠠᠵᠢᠯᠯᠠᠭᠠᠨ᠎ ᠤ ᠦᠨᠳᠦᠰᠦᠨ ᠳᠦᠷᠢᠮᠵᠢᠯ ᠠᠴᠠ ᠭᠠᠷᠳᠠᠵᠤ᠂ ᠠᠷᠠᠳ ᠢᠷᠭᠡᠳ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢ ᠳᠦᠷᠢᠮᠵᠢᠭᠦᠯᠬᠦ ᠬᠢᠵᠠᠭᠠᠷ ᠱᠤᠭᠤᠮ ᠢ ᠲᠣᠭᠲᠠᠭᠠᠨ ᠥᠭᠴᠦ᠂ ᠬᠠᠤᠯᠢ ᠶᠢᠨ ᠬᠠᠲᠠᠭᠤ ᠴᠢᠩᠭ᠎ᠠ ᠴᠢᠨᠠᠷ ᠪᠠ ᠪᠠᠲᠤᠯᠠᠭ᠎ᠠ ᠪᠠᠷ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠪᠠ ᠪᠣᠯᠪᠠᠰᠤᠨ ᠦᠢᠯᠡ ᠠᠵᠢᠯᠯᠠᠭᠠᠨ ᠤ ᠳᠠᠳᠬᠠᠯ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号