| | ᠥᠪᠥᠷ ᠮᠣᠩᠭᠤᠯ ᠤᠨ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠰᠢᠨ᠎ᠡ ᠴᠠᠭ ᠦᠶ᠎ᠡ ᠶᠢᠨ ᠰᠤᠷᠭᠠᠨ | ᠬᠥᠮᠦᠵᠢᠯ ᠤᠨ ᠠᠵᠢᠯ ᠤᠨ ᠦᠨᠳᠦᠰᠦᠨ ᠡᠭᠦᠷᠭᠡ ᠪᠣᠯ ᠶᠣᠰᠣ ᠰᠤᠷᠲᠠᠬᠤᠨ ᠢ ᠪᠣᠢ ᠪᠣᠯᠭᠠᠨ ᠬᠥᠮᠦᠨ ᠢ | ᠬᠥᠮᠦᠵᠢᠭᠦᠯᠵᠦ᠂ ᠶᠣᠰᠣ ᠰᠤᠷᠲᠠᠬᠤᠨ᠂ ᠤᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ | ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ | ᠬᠥᠮᠦᠵᠢᠭᠦᠯᠬᠦ ᠶᠠᠪᠤᠳᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠳᠤ ᠶᠣᠰᠣ ᠰᠤᠷᠲᠠᠬᠤᠨ ᠢ ᠪᠣᠢ | ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠶᠠᠭᠠᠬᠢᠵᠤ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ | ᠪᠣᠶ︖ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ | ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠢᠩᠬᠢᠮ ᠤᠨ ᠳᠠᠷᠤᠭ᠎ᠠ ᠬᠤᠸᠠᠩ ᠶᠠ ᠯᠢ᠄ | ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ | ᠦᠢᠯᠡᠰ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠪᠣᠯ ︽ᠶᠠᠮᠠᠷ ᠬᠥᠮᠦᠨ ᠢ ᠬᠥᠮᠦᠵᠢᠭᠦᠯᠬᠦ᠂ ᠬᠥᠮᠦᠨ ᠢ | ᠶᠠᠭᠠᠬᠢᠵᠤ ᠬᠥᠮᠦᠵᠢᠭᠦᠯᠬᠦ᠂ ᠬᠡᠨ ᠤ ᠲᠥᠯᠥᠭᠡ ᠬᠥᠮᠦᠵᠢᠭᠦᠯᠬᠦ︾ ᠦᠨᠳᠦᠰᠦᠨ ᠠᠰᠠᠭᠤᠳᠠᠯ ᠤᠨ ᠲᠣᠭᠤᠷᠢᠨ ᠳᠤ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ | ᠬᠥᠮᠦᠵᠢᠭᠦᠯᠬᠦ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠳᠤᠤᠷᠠᠬᠢ ᠵᠢᠷᠭᠤᠭᠠᠨ ᠲᠠᠯ᠎ᠠ ᠠᠴᠠ ᠶᠣᠰᠣ | ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠲᠤᠬᠠᠶ | ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠬᠢᠪᠠ᠃ | ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠢ ᠱᠤᠭᠤᠵᠤ ᠬᠥᠮᠦᠨ ᠢ ᠬᠥᠮᠦᠵᠢᠭᠦᠯᠬᠦ ᠶᠢ ᠴᠢᠩᠭᠠᠳᠬᠠᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠤᠯᠠᠮ ᠴᠠᠭᠠᠰᠢᠲᠠ ᠴᠢᠩᠭᠠᠳᠬᠠᠵᠤ᠂ ᠰᠤᠷᠭᠠᠨ ᠬᠥᠮᠦᠵᠢᠯ ᠤᠨ | ᠹᠷᠣᠨᠲ ᠤᠨ ᠬᠢᠨ ᠤᠨᠤᠯ ᠤᠨ ᠳᠣᠭᠲᠠᠯᠴᠠᠭᠠᠨ ᠤ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠤᠨ ᠵᠣᠷᠢᠭ | ᠰᠠᠨᠠᠭᠠᠨ ᠤ ᠮᠥᠨ ᠴᠢᠨᠠᠷ ᠢ ᠣᠨᠣᠪᠴᠢᠲᠠᠢ ᠤᠢᠢᠯᠠᠭᠠᠨ ᠡᠵᠡᠮᠰᠢᠬᠦ ᠶᠢ ᠠᠬᠢᠭᠤᠯᠵᠤ᠂ ᠦᠵᠡᠯ ᠰᠠᠨᠠᠭ᠎ᠠ ᠪᠣᠯᠤᠨ | ᠦᠢᠯᠡ ᠠᠵᠢᠯᠯᠠᠭ᠎ᠠ ᠪᠠᠨ ᠲᠥᠪ ᠤᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ | ᠤᠯᠠᠮ ᠨᠢᠭᠡ ᠠᠯᠬᠤᠮ ᠨᠢᠭᠡᠳᠬᠡᠨ᠎ᠡ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠦᠭ ᠢ ᠱᠤᠭᠤᠵᠤ ᠬᠥᠮᠦᠨ ᠢ ᠬᠥᠮᠦᠵᠢᠭᠦᠯᠬᠦ ᠪᠠᠷ | ᠭᠤᠤᠯ ᠰᠢᠵᠢᠮ ᠪᠣᠯᠭᠠᠵᠤ᠂ ᠵᠢᠭᠠᠬᠤ ᠮᠠᠲ᠋ᠧᠷᠢᠶᠠᠯ ᠤᠨ ᠳᠣᠭᠲᠠᠯᠴᠠᠭ᠎ᠠ᠂ ᠵᠢᠭᠠᠨ ᠰᠤᠷᠭᠠᠯᠲᠠ ᠶᠢᠨ ᠳᠣᠭᠲᠠᠯᠴᠠᠭ᠎ᠠ ᠶᠢ | ᠦᠷᠭᠦᠯᠵᠢᠯᠡᠨ ᠲᠡᠭᠦᠯᠳᠡᠷᠵᠢᠭᠦᠯᠬᠦ ᠶᠢᠨ ᠬᠠᠮᠲᠤ ᠲᠡᠭᠦᠨ ᠢ ᠰᠤᠷᠤᠭᠴᠢᠳ ᠤᠨ ᠮᠡᠳᠡᠯᠭᠡ ᠶᠢᠨ ᠳᠣᠭᠲᠠᠯᠴᠠᠭ᠎ᠠ᠂ | ᠥᠷᠲᠡᠭ ᠤᠨᠲ᠋ᠣᠭᠲᠠᠯᠴᠠᠭᠠ ᠪᠣᠯᠭᠠᠨ ᠪᠦᠲᠦᠮᠵᠢᠲᠡᠶ ᠬᠤᠪᠢᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠳᠡᠭᠡᠳᠦ ᠰᠤᠷᠭᠠᠭᠤᠯᠢ᠂ | ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠳᠤ ᠠᠭᠤᠰᠬᠠᠬᠤ ᠶᠢ ᠦᠷᠭᠦᠯᠵᠢᠯᠡᠨ ᠠᠬᠢᠭᠤᠯᠵᠤ᠂ ︽ᠪᠥᠬᠦ | ᠠᠵᠢᠯᠲᠠᠨ ᠬᠥᠮᠦᠨ ᠢ ᠬᠥᠮᠥᠵᠢᠭᠦᠯᠬᠦ᠂ ᠪᠥᠬᠦ ᠶᠠᠪᠤᠴᠠ ᠳᠤ ᠬᠥᠮᠦᠨ ᠢ ᠬᠥᠮᠥᠵᠢᠭᠦᠯᠬᠦ᠂ ᠪᠥᠬᠦ ᠲᠠᠯ᠎ᠠ ᠪᠠᠷ ᠬᠥᠮᠦᠨ ᠢ | ᠬᠥᠮᠦᠵᠢᠭᠦᠯᠬᠦ︾ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠣᠰᠣ ᠰᠤᠷᠲᠠᠬᠤᠨ ᠢ | ᠪᠣᠢ ᠪᠣᠯᠭᠠᠵᠤ ᠬᠥᠮᠦᠨ ᠢ ᠬᠥᠮᠦᠵᠢᠭᠦᠯᠬᠦ ᠶᠢ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ᠂ ᠰᠣᠶᠣᠯ | ᠮᠡᠳᠡᠯᠭᠡ ᠶᠢᠨ ᠬᠥᠮᠦᠵᠢᠯ᠂ ᠮᠡᠷᠭᠡᠵᠢᠯ ᠤᠷ᠎ᠠ ᠴᠢᠳᠠᠪᠤᠷᠢ ᠶᠢᠨ ᠬᠥᠮᠦᠵᠢᠯ᠂ ᠨᠡᠶᠢᠭᠡᠮ ᠤᠨ ᠦᠢᠯᠡᠳᠦᠯᠭᠡ ᠶᠢᠨ | ᠬᠥᠮᠦᠵᠢᠯ ᠵᠡᠷᠭᠡ ᠡᠯ᠎ᠡ ᠭᠤᠭᠴᠤᠭᠠᠨ ᠳᠤ ᠠᠭᠤᠰᠬᠠᠨ᠎ᠠ᠃ | ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠬᠥᠮᠦᠵᠢᠯ ᠢ ᠴᠢᠩᠭᠠᠳᠬᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ | ᠭᠦᠨᠵᠡᠭᠡᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠷᠢᠨ ᠭᠦᠢᠴᠡᠳ ᠵᠥᠪ ᠣᠨᠣᠪᠴᠢᠲᠠᠢ ᠪᠦᠬᠦ ᠲᠠᠯ᠎ᠠ ᠪᠠᠷ | ᠡᠵᠡᠮᠳᠡᠵᠦ᠂ ᠰᠤᠷᠤᠭᠴᠢᠳ ᠤᠨ ᠵᠥᠪ ᠣᠨᠣᠪᠴᠢᠲᠠᠢ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ | ᠲᠡᠦᠬᠡ ᠶᠢᠨ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠬᠦᠴᠦᠯᠡᠨ | ᠬᠥᠮᠦᠵᠢᠭᠦᠯᠵᠦ᠂ ᠪᠠᠭᠰᠢ ᠰᠤᠷᠤᠭᠴᠢᠳ ᠢ ᠬᠦᠲᠦᠯᠦᠨ ᠵᠢᠯᠣᠭᠤᠳᠴᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ | ᠢᠷᠠᠭᠤ ᠠᠯᠳᠠᠷ ᠢᠴᠢᠭᠦᠷᠢ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ | ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ | ︽ᠭᠤᠷᠪᠠᠨ ᠰᠠᠯᠵᠤ ᠴᠢᠳᠠᠰᠢ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠪᠣᠯᠤᠨ ᠰᠠᠬᠢᠨ | ᠪᠠᠷᠠᠯᠠᠵᠤ ᠬᠠᠷᠢᠯᠴᠠᠨ ᠬᠠᠪᠰᠤᠷᠬᠤ ᠣᠨᠣᠯᠵᠢᠬᠤᠨ ᠢ ᠭᠦᠨ ᠦᠨᠳᠦᠰᠦᠯᠡᠭᠦᠯᠦᠨ᠎ᠡ᠃ | ᠭᠤᠷᠪᠠ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠶᠢ | ᠴᠢᠩᠭᠠᠳᠬᠠᠨ᠎ᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ | ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠡᠷᠡᠰ ᠭᠤᠶᠢᠪᠢᠰᠢ | ᠥᠬᠡᠶ ᠳᠡᠯᠭᠡᠷᠡᠭᠦᠯᠦᠨ ᠲᠦᠭᠡᠮᠡᠯᠵᠢᠭᠦᠯᠵᠦ᠂ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠪᠣᠯ ᠤᠯᠤᠰ ᠤᠨ ᠡᠷᠬᠡ ᠮᠡᠳᠡᠯ ᠤᠨ ᠪᠡᠯᠭᠡᠳᠡᠯ ᠪᠠ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠣᠯ ᠦᠨᠳᠦᠰᠦᠨ ᠬᠠᠤᠯᠢ ᠳᠤ | ᠲᠣᠭᠲᠠᠭᠠᠭᠰᠠᠨ ᠬᠠᠷᠢᠭᠤᠴᠠᠯᠭ᠎ᠠ ᠡᠭᠦᠷᠭᠡ ᠭᠡᠬᠦ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ | ᠪᠥᠬᠦ ᠬᠦᠴᠦᠨ ᠢᠶᠠᠷ ᠪᠠᠲᠤᠯᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠤᠷᠬᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ | ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠥᠰᠥᠭ ᠪᠢᠴᠢᠭ ᠢ ᠦᠨᠳᠦᠰᠦᠨ ᠳᠤ ᠪᠠᠨ ᠡᠵᠡᠮᠰᠢᠬᠦ ᠪᠠ ᠬᠡᠷᠡᠭᠯᠡᠬᠦ᠂ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠲᠡᠭᠦᠰᠦᠭᠰᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠪᠣᠯᠪᠠᠰᠤᠷᠠᠩᠭᠤᠶ | ᠡᠵᠡᠮᠰᠢᠬᠦ ᠪᠠ ᠬᠡᠷᠡᠭᠯᠡᠬᠦ ᠶᠢ ᠪᠡᠶᠡᠯᠡᠭᠦᠯᠦᠨ᠎ᠡ᠃ | ᠳᠥᠷᠪᠡ ᠳᠤ᠂ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢ ᠨᠢᠭᠡ ᠴᠣᠭᠴᠠᠵᠢᠭᠤᠯᠤᠭᠰᠠᠨ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠳᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠪᠦᠬᠦᠯᠢ ᠴᠣᠭᠴᠠ ᠢ ᠵᠣᠯᠭᠠᠭᠤᠯᠬᠤ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ᠂ ᠬᠢᠴᠢᠶᠡᠯ ᠤᠨ ᠪᠠᠶᠢᠭᠤᠯᠤᠯᠲᠠ᠂ | ᠡᠩᠨᠡᠭᠡᠨ ᠤ ᠪᠠᠶᠢᠭᠤᠯᠤᠯᠲᠠ ᠵᠡᠷᠭᠡ ᠶᠢ ᠴᠢᠩᠭᠠᠳᠬᠠᠬᠤ ᠪᠠᠷ ᠳᠠᠮᠵᠢᠭᠤᠯᠤᠨ᠂ ᠠᠯᠬᠤᠮ ᠳᠠᠷᠠᠭ᠎ᠠ ᠲᠠᠢ ᠪᠠᠷ | ᠤᠷᠤᠭᠰᠢᠯᠠᠭᠤᠯᠬᠤ᠂ ᠡᠷᠭᠢᠭᠦᠯᠭᠡᠨ ᠬᠡᠯᠪᠡᠷᠢ ᠪᠠᠷ ᠳᠡᠭᠡᠭᠰᠢᠯᠡᠭᠦᠯᠬᠦ ᠵᠠᠷᠴᠢᠮ ᠶᠣᠰᠤ ᠪᠠᠷ ᠳᠡᠭᠡᠳᠦ ᠰᠤᠷᠭᠠᠭᠤᠯᠢ᠂ | ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠬᠠᠷᠠᠯᠲᠠ ᠳᠤ ᠨᠢᠭᠡ | ᠴᠣᠭᠴᠠᠵᠢᠭᠤᠯᠤᠭᠰᠠᠨ ᠵᠢᠷᠤᠭ ᠲᠥᠯᠥᠪᠯᠡᠭᠡ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠭᠤᠤᠯ ᠠᠭᠤᠯᠭ᠎ᠠ ᠪᠠᠨ ᠪᠣᠯᠭᠠᠭᠰᠠᠨ | ᠦᠵᠡᠯ ᠰᠠᠨᠠᠭ᠎ᠠ ᠤᠯᠤᠰ ᠲᠥᠷᠥ ᠶᠢᠨ ᠣᠨᠴᠠᠯᠢᠭᠲᠤ ᠬᠢᠴᠢᠶᠡᠯ ᠤᠨ ᠴᠤᠭᠯᠠᠷᠠᠯ ᠢ ᠬᠦᠴᠦᠯᠡᠨ ᠪᠠᠶᠢᠭᠤᠯᠤᠨ᠎ᠠ︔ ᠪᠤᠢ | ᠪᠦᠬᠦᠢ ᠬᠢᠴᠢᠶᠡᠯ ᠤᠨ ᠬᠥᠮᠦᠨ ᠢ ᠬᠥᠮᠦᠵᠢᠭᠦᠯᠬᠦ ᠴᠢᠳᠠᠮᠵᠢ ᠶᠢ ᠤᠯᠠᠮ ᠴᠠᠭᠠᠰᠢᠲᠠ ᠠᠭᠤᠳᠠᠯᠯᠠᠵᠤ᠂ ᠦᠵᠡᠯ ᠰᠠᠨᠠᠭ᠎ᠠ | ᠤᠯᠤᠰ ᠲᠦᠷᠦ ᠶᠢᠨ ᠬᠢᠴᠢᠶᠡᠯ ᠪᠣᠯᠤᠨ ᠬᠢᠴᠢᠶᠡᠯ ᠤᠨ ᠦᠵᠡᠯ ᠰᠠᠨᠠᠭ᠎ᠠ ᠤᠯᠤᠰ ᠲᠦᠷᠦ᠂ ᠬᠢᠴᠢᠶᠡᠯ ᠤᠨ ᠰᠤᠷᠭᠠᠨ | ᠬᠥᠮᠦᠵᠢᠯ ᠪᠣᠯᠤᠨ ᠬᠢᠴᠢᠶᠡᠯ ᠤᠨ ᠭᠠᠳᠠᠨᠠᠬᠢ ᠰᠤᠷᠭᠠᠨ ᠬᠥᠮᠦᠵᠢᠯ ᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ | ᠡᠯ᠎ᠡ ᠲᠦᠷᠦᠯ ᠤᠨ ᠬᠢᠴᠢᠶᠡᠯ ᠤᠨ ᠦᠵᠡᠯ ᠰᠠᠨᠠᠭ᠎ᠠ ᠤᠯᠤᠰ ᠲᠦᠷᠦ ᠪᠣᠯᠤᠨ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠢ ᠢᠵᠢᠯ ᠴᠢᠭᠯᠡᠯ ᠢᠵᠢᠯ ᠠᠯᠬᠤᠮ ᠢᠶᠠᠷ ᠵᠡᠷᠭᠡ ᠪᠠᠷ ᠶᠠᠪᠤᠭᠳᠠᠭᠤᠯᠵᠤ᠂ ᠬᠠᠮᠵᠢᠯᠴᠠᠨ ᠬᠥᠮᠦᠨ ᠢ | ᠬᠥᠮᠦᠵᠢᠭᠦᠯᠬᠦ ᠦᠢᠯᠡᠳᠦᠯ ᠢ ᠪᠦᠷᠢᠯᠳᠦᠭᠦᠯᠦᠨ᠎ᠡ᠃ | ᠲᠠᠪᠤ ᠳᠤ᠂ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠣᠯᠤᠨ ᠰᠤᠷᠭᠠᠭᠤᠯᠢ ᠶᠢᠨ | ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠦᠷᠦ ᠶᠢᠨ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ | ᠳᠣᠭᠲᠠᠯᠴᠠᠭ᠎ᠠ ᠢ ᠵᠢᠭᠠᠨ ᠰᠤᠷᠭᠠᠯᠲᠠ ᠶᠢᠨ ᠳᠣᠭᠲᠠᠯᠴᠠᠭ᠎ᠠ᠂ ᠵᠢᠭᠠᠬᠤ ᠮᠠᠲ᠋ᠧᠷᠢᠶᠠᠯ ᠤᠨ ᠳᠣᠭᠲᠠᠯᠴᠠᠭ᠎ᠠ᠂ | ᠬᠠᠮᠢᠶᠠᠷᠤᠯᠲᠠ ᠶᠢᠨ ᠳᠣᠭᠲᠠᠯᠴᠠᠭᠠᠨ ᠳᠤ ᠲᠤᠭᠤᠰᠢᠯᠠᠭᠤᠯᠬᠤ ᠶᠢ ᠠᠬᠢᠭᠤᠯᠵᠤ᠂ ᠪᠠᠭᠰᠢ ᠰᠤᠷᠤᠭᠴᠢᠳ ᠨᠡᠶᠢᠲᠡᠯᠢᠭ | ᠴᠢᠨᠠᠷ ᠢᠶᠠᠨ ᠨᠡᠮᠡᠭᠳᠡᠭᠦᠯᠬᠦ᠂ ᠵᠥᠷᠢᠶᠡᠲᠦ ᠴᠢᠨᠠᠷ ᠢ ᠬᠦᠨᠳᠦᠳᠬᠡᠬᠦ ᠪᠠ ᠪᠠᠭᠲᠠᠭᠠᠬᠤ ᠦᠨᠳᠦᠰᠦᠲᠡᠨ ᠤ ᠠᠵᠢᠯ ᠤᠨ | ᠴᠢᠬᠤᠯᠠ ᠵᠠᠷᠴᠢᠮ ᠢ ᠪᠠᠷᠢᠮᠲᠠᠯᠠᠬᠤ ᠶᠢ ᠬᠦᠲᠦᠯᠦᠨ ᠵᠢᠯᠣᠭᠤᠳᠴᠤ᠂ ᠳᠤᠮᠳᠠᠳᠤ ᠶᠢᠨ ᠰᠣᠶᠣᠯ ᠪᠣᠯᠤᠨ ᠡᠯ᠎ᠡ | ᠦᠨᠳᠦᠰᠦᠲᠡᠨ ᠤ ᠰᠣᠶᠣᠯ ᠤᠨ ᠬᠠᠷᠢᠴᠠᠭ᠎ᠠ ᠶᠢ ᠵᠥᠪ ᠡᠵᠡᠮᠳᠡᠵᠦ᠂ ᠨᠡᠶᠢᠲᠡᠯᠢᠭ ᠴᠢᠨᠠᠷ ᠪᠣᠯᠤᠨ ᠵᠥᠷᠢᠶᠡᠲᠦ | ᠴᠢᠨᠠᠷ ᠤᠨ ᠬᠠᠷᠢᠴᠠᠭ᠎ᠠ ᠶᠢ ᠵᠥᠪ ᠡᠵᠡᠮᠳᠡᠵᠦ᠂ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠤᠨ ᠶᠠᠪᠤᠯᠴᠠᠭ᠎ᠠ᠂ | ᠰᠣᠯᠢᠯᠴᠠᠭ᠎ᠠ᠂ ᠠᠭᠤᠰᠤᠯᠴᠠᠭ᠎ᠠ ᠶᠢ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠪᠠᠷ | ᠬᠦᠲᠦᠯᠦᠨ ᠳᠠᠭᠠᠭᠤᠯᠤᠭᠰᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠭᠰᠠᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠳᠣᠭᠲᠠᠯᠴᠠᠭ᠎ᠠ | ᠪᠣᠯᠤᠨ ᠰᠤᠷᠭᠠᠭᠤᠯᠢ ᠶᠢᠨ ᠬᠦᠷᠢᠶᠡᠨ ᠤ ᠰᠣᠶᠣᠯ ᠢ ᠪᠠᠶᠢᠭᠤᠯᠤᠨ᠎ᠠ᠃ | ᠵᠢᠷᠭᠤᠭ᠎ᠠ ᠳᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠤᠨ ᠳᠡᠭᠡᠭᠰᠢᠯᠡᠯᠲᠡ ᠶᠢ | ᠴᠢᠩᠭᠠᠳᠬᠠᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ | ᠬᠥᠮᠦᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠰᠤᠷᠭᠠᠭᠤᠯᠢ ᠳᠤ ︽ᠡᠳᠦᠷ ᠪᠦᠷᠢ ᠨᠢᠭᠡ ᠴᠠᠭ | ᠪᠣᠯᠪᠠᠰᠤᠷᠠᠵᠤ᠂ ᠭᠠᠷᠠᠭ ᠪᠦᠷᠢ ᠨᠢᠭᠡ ᠬᠢᠴᠢᠶᠡᠯ ᠲᠠᠢ ᠪᠠᠶᠢᠬᠤ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠰᠤᠷᠤᠭᠴᠢᠳ ᠤᠨ ᠡᠳᠦᠷ ᠪᠦᠷᠢ ᠶᠢᠨ ᠰᠤᠷᠭᠠᠭᠤᠯᠢ ᠶᠢᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠨᠢᠭᠡ | ᠴᠠᠭ ᠣᠷᠣᠯᠴᠠᠬᠤ ᠶᠢ ᠬᠥᠲᠥᠯᠦᠨ ᠵᠢᠯᠣᠭᠤᠳᠴᠤ ᠠᠬᠢᠭᠤᠯᠤᠨ᠂ ︽ᠡᠷᠡᠭᠦᠯ ᠮᠡᠨᠳᠦ ᠶᠢᠨ ᠮᠡᠳᠡᠯᠭᠡ + ᠦᠨᠳᠦᠰᠦᠨ | ᠪᠡᠶ᠎ᠡ ᠶᠢᠨ ᠲᠠᠮᠢᠷ ᠤᠨ ᠮᠡᠷᠭᠡᠰᠢᠯ ᠴᠢᠳᠠᠪᠤᠷᠢ + ᠲᠤᠰᠬᠠᠶ ᠪᠡᠶ᠎ᠡ ᠶᠢᠨ ᠲᠠᠮᠢᠷ ᠤᠨ ᠮᠡᠷᠭᠡᠰᠢᠯ ᠴᠢᠳᠠᠪᠤᠷᠢ︾ ᠶᠢᠨ ᠵᠢᠭᠠᠨ | ᠰᠤᠷᠭᠠᠯᠲᠠ ᠶᠢᠨ ᠵᠠᠭᠪᠤᠷ ᠢ ᠠᠬᠢᠭᠤᠯᠤᠨ᠎ᠠ︔ ᠰᠤᠷᠤᠭᠴᠢᠳ ᠤᠨ ᠭᠤᠸ᠎ᠠ ᠲᠠᠭᠠᠰᠢᠶᠠᠯ ᠪᠠ ᠬᠥᠮᠦᠨ ᠰᠣᠶᠣᠯ ᠤᠨ ᠬᠡᠪ | ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠵᠦ᠂ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠴᠠᠭ ᠢ ᠠᠯᠬᠤᠮ | ᠠᠯᠬᠤᠮ ᠢᠶᠠᠷ ᠨᠡᠮᠡᠭᠳᠡᠭᠦᠯᠵᠦ᠂ ︽ᠤᠷᠠᠯᠢᠭ ᠤᠨ ᠰᠠᠭᠤᠷᠢ ᠮᠡᠳᠡᠯᠭᠡ ᠶᠢᠨ ᠦᠨᠳᠦᠰᠦᠨ ᠤᠷ᠎ᠠ ᠴᠢᠳᠠᠪᠤᠷᠢ + | ᠤᠷᠠᠯᠢᠭ ᠤᠨ ᠭᠤᠸ᠎ᠠ ᠰᠠᠶᠢᠬᠠᠨ ᠤ ᠣᠶᠢᠯᠠᠭᠠᠯᠲᠠ + ᠤᠷᠠᠯᠢᠭ ᠤᠨ ᠲᠤᠰᠬᠠᠶ ᠣᠨᠴᠠ ᠴᠢᠳᠠᠪᠤᠷᠢ︾ ᠶᠢᠨ ᠵᠢᠭᠠᠨ | ᠰᠤᠷᠭᠠᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ᠡᠷᠬᠢᠮᠰᠦᠭ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ ᠶᠢ ᠠᠬᠢᠭᠤᠯᠤᠨ᠎ᠠ︔ ᠦᠢᠯᠡᠳᠦᠯᠭᠡ ᠪᠠᠷ ᠬᠥᠮᠦᠨ ᠬᠥᠮᠦᠵᠢᠭᠦᠯᠬᠦ ᠶᠢ ᠴᠢᠩᠭᠠᠳᠬᠠᠵᠤ᠂ ᠬᠥᠳᠡᠯᠮᠦᠷᠢ ᠶᠢᠨ | ᠰᠤᠷᠭᠠᠨ ᠬᠥᠮᠦᠵᠢᠯ ᠤᠨ ᠵᠠᠪᠠᠯ ᠰᠤᠷᠬᠤ ᠬᠢᠴᠢᠶᠡᠯ ᠢ ᠪᠠᠶᠢᠭᠤᠯᠤᠨ᠂ ︽ᠭᠠᠷᠠᠭ ᠪᠦᠷᠢ ᠨᠢᠭᠡ ᠴᠠᠭ ᠬᠥᠳᠡᠯᠮᠦᠷᠢ ᠶᠢᠨ | ᠰᠤᠷᠭᠠᠨ ᠬᠥᠮᠦᠵᠢᠯ ᠤᠨ ᠬᠢᠴᠢᠶᠡᠯ᠂ ᠰᠠᠷ᠎ᠠ ᠪᠦᠷᠢ ᠨᠢᠭᠡ ᠴᠠᠭ ᠬᠥᠳᠡᠯᠮᠦᠷᠢ ᠶᠢᠨ ᠦᠢᠯᠡᠳᠦᠯᠭᠡ ᠶᠢᠨ ᠡᠳᠦᠷ︾ ᠢ | ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠰᠤᠷᠭᠠᠨ ᠬᠥᠮᠦᠵᠢᠯ ᠤᠨ ᠬᠠᠮᠵᠢᠯᠴᠠᠨ ᠬᠥᠮᠦᠨ ᠢ ᠬᠥᠮᠦᠵᠢᠭᠦᠯᠬᠦ | ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠤᠨ᠂ ᠰᠤᠷᠭᠠᠭᠤᠯᠢ ᠪᠠᠷ ᠭᠤᠤᠯ ᠤᠳᠤᠷᠢᠳᠤᠮᠵᠢ ᠪᠣᠯᠭᠠᠭᠰᠠᠨ᠂ ᠬᠡᠷ | ᠪᠦᠯᠢ ᠪᠠᠷ ᠰᠠᠭᠤᠷᠢ ᠪᠣᠯᠭᠠᠭᠰᠠᠨ᠂ ᠨᠡᠶᠢᠭᠡᠮ ᠠᠴᠠ ᠲᠤᠯᠭᠠᠭᠤᠷᠢᠯᠠᠭᠰᠠᠨ ︽ᠬᠥᠳᠡᠯᠮᠦᠷᠢ +︾ ᠵᠠᠭᠪᠤᠷ ᠢ ᠪᠠᠶᠢᠭᠤᠯᠵᠤ᠂ | ᠬᠡᠷ ᠪᠦᠯᠢ ᠶᠢᠨ ᠬᠥᠳᠡᠯᠮᠦᠷᠢ ᠶᠢᠨ ᠰᠤᠷᠭᠠᠨ ᠬᠥᠮᠦᠵᠢᠯ ᠤᠨ ᠡᠳᠦᠷ ᠲᠤᠲᠤᠮ ᠤᠨ ᠠᠵᠢᠯ᠂ ᠰᠤᠷᠭᠠᠭᠤᠯᠢ ᠶᠢᠨ | ᠬᠥᠳᠡᠯᠮᠦᠷᠢ ᠶᠢᠨ ᠰᠤᠷᠭᠠᠨ ᠬᠥᠮᠦᠵᠢᠯ ᠤᠨ ᠳᠦᠷᠢᠮᠵᠢᠭᠦᠯᠦᠯᠲᠡ᠂ ᠨᠡᠶᠢᠭᠡᠮ ᠤᠨ ᠬᠥᠳᠡᠯᠮᠦᠷᠢ ᠶᠢᠨ ᠰᠤᠷᠭᠠᠨ | ᠬᠥᠮᠦᠵᠢᠯ ᠤᠨ ᠣᠯᠠᠨ ᠶᠠᠩᠵᠤᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ | | |