︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠮᠠᠨ ᠤ ᠣᠷᠣᠨ ᠰᠤᠷᠭᠠᠨ ᠬᠥᠮᠦᠵᠢᠯ ᠤᠨ ᠬᠦᠷᠢᠶᠡᠨ ᠳᠤ ᠶᠠᠮᠠᠷ ᠶᠠᠮᠠᠷ ᠴᠢᠬᠤᠯᠠ ᠶᠡᠭᠡ ᠢᠨᠵᠧᠨᠧᠷᠢᠩ ᠤᠨ ᠲᠥᠰᠦᠯ ᠤᠨ ᠬᠡᠷᠡᠭᠵᠢᠭᠦᠯᠦᠯᠲᠡ ᠶᠢ ᠠᠬᠢᠭᠤᠯᠬᠤ ᠪᠣᠶ︖
ᠨᠡᠶᠢᠲᠡᠯᠡᠭᠰᠡᠨ ᠴᠠᠭ᠄
2021/11/29
     ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠮᠠᠨ ᠤ ᠣᠷᠣᠨ ᠰᠤᠷᠭᠠᠨ ᠬᠥᠮᠦᠵᠢᠯ ᠤᠨ ᠬᠦᠷᠢᠶᠡᠨ ᠳᠤ ᠶᠠᠮᠠᠷ ᠶᠠᠮᠠᠷ ᠴᠢᠬᠤᠯᠠ ᠶᠡᠭᠡ ᠢᠨᠵᠧᠨᠧᠷᠢᠩ ᠤᠨ ᠲᠥᠰᠦᠯ ᠤᠨ ᠬᠡᠷᠡᠭᠵᠢᠭᠦᠯᠦᠯᠲᠡ ᠶᠢ ᠠᠬᠢᠭᠤᠯᠬᠤ ᠪᠣᠶ︖ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠠᠩ ᠰᠢ ᠷᠦᠩ᠄      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠳᠤ ᠲᠣᠭᠲᠠᠭᠠᠭᠰᠠᠨ ᠬᠠᠷᠠᠯᠲᠠ ᠪᠠ ᠡᠭᠦᠷᠭᠡ ᠵᠢᠴᠢ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠶᠡᠭᠡ ᠶᠠᠪᠤᠳᠠᠯ ᠴᠢᠬᠤᠯᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ 15 ᠴᠢᠬᠤᠯᠠ ᠶᠡᠭᠡ ᠢᠨᠵᠧᠨᠧᠷᠢᠩ ᠤᠨ ᠲᠥᠰᠦᠯ ᠢ ᠲᠥᠯᠥᠪᠵᠢᠭᠦᠯᠪᠡ᠃      ᠨᠢᠭᠡ ᠳᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠲᠠᠯ᠎ᠠ ᠪᠠᠷ᠂ 4 ᠢᠨᠵᠧᠨᠧᠷᠢᠩ ᠪᠠ ᠲᠥᠰᠦᠯ ᠢ ᠬᠡᠷᠡᠭᠵᠢᠭᠦᠯᠦᠨ᠎ᠡ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠪᠠ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢ ᠢᠵᠢᠯ ᠴᠢᠭᠯᠡᠯ ᠢᠵᠢᠯ ᠠᠯᠬᠤᠮ ᠢᠶᠠᠷ ᠯᠠᠪᠳᠠᠭᠤᠨ ᠪᠠᠲᠤᠲᠠᠶ ᠠᠬᠢᠭᠤᠯᠵᠤ᠂ ᠬᠠᠮᠵᠢᠯᠴᠠᠬᠤ ᠦᠢᠯᠡᠳᠦᠯ ᠢ ᠪᠦᠷᠢᠯᠳᠦᠭᠦᠯᠦᠨ᠂ ᠬᠥᠮᠦᠨ ᠢ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠦᠭᠡ᠂ ︽ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠲᠥᠰᠦᠯ︾᠎ ᠢ ᠬᠡᠷᠡᠭᠵᠢᠭᠦᠯᠦᠨ᠎ᠡ᠃ ᠶᠣᠰᠣ ᠰᠤᠷᠲᠠᠬᠤᠨ ᠢᠶᠠᠷ ᠦᠨᠳᠦᠰᠦ ᠪᠣᠯᠭᠠᠵᠤ᠂ ᠰᠤᠷᠭᠠᠨ ᠬᠥᠮᠦᠵᠢᠯ ᠢᠶᠠᠷ ᠦᠨᠳᠦᠰᠦ ᠬᠠᠳᠬᠤᠵᠤ᠂ ᠰᠣᠶᠣᠯ ᠢ ᠡᠷᠬᠢᠮᠯᠡᠨ ᠦᠨᠳᠦᠰᠦ ᠶᠢ ᠪᠠᠲᠤᠳᠬᠠᠵᠤ᠂ ᠦᠢᠯᠡᠳᠦᠯᠭᠡ ᠪᠠᠷ ᠦᠨᠳᠦᠰᠦ ᠶᠢ ᠪᠠᠬᠢᠵᠢᠭᠦᠯᠬᠦ ᠵᠡᠷᠭᠡ 4 ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠠᠴᠠ ᠭᠠᠷᠳᠠᠵᠤ᠂ ︽ᠰᠦᠭ ᠢ ᠱᠤᠭᠤᠵᠤ ᠬᠥᠮᠦᠨ ᠢ ᠬᠥᠮᠥᠵᠢᠭᠦᠯᠬᠦ ᠢᠨᠵᠧᠨᠧᠷᠢᠩ︾᠎ ᠢ ᠬᠡᠷᠡᠭᠵᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ ᠭᠤᠸ᠎ᠠ ᠰᠠᠶᠢᠬᠠᠨ ᠤ ᠬᠥᠮᠦᠵᠢᠯ ᠢ ᠳᠡᠭᠡᠭᠰᠢᠯᠡᠭᠦᠯᠬᠦ ᠪᠠ ︽ᠲᠤᠯᠤᠭᠠᠨ ᠨᠢᠭᠡ︾᠎ ᠪᠠᠷ ᠠᠭᠤᠯᠭ᠎ᠠ ᠪᠠᠨ ᠪᠣᠯᠭᠠᠵᠤ᠂ ︽ᠰᠤᠷᠤᠭᠴᠢ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠲᠥᠰᠦᠯ︾᠎ ᠢ ᠬᠡᠷᠡᠭᠵᠢᠭᠦᠯᠦᠨ᠎ᠡ᠃ ᠬᠡᠦᠬᠡᠳ ᠵᠠᠯᠠᠭᠤ ᠪᠠᠭᠠᠴᠤᠳ ᠤᠨ ᠣᠶᠢᠷ᠎ᠠ ᠬᠠᠷᠠᠭᠠᠨ ᠤ ᠨᠣᠷᠮ᠎ᠠ ᠶᠢ ᠵᠢᠯ ᠪᠦᠷᠢ ᠳᠤᠮᠳᠠᠴᠢ ᠪᠠᠷ 0 . 5 %᠎ ᠠᠴᠠ ᠳᠡᠭᠡᠭᠰᠢ ᠪᠠᠷ ᠪᠠᠭᠤᠷᠠᠭᠤᠯᠬᠤ ᠪᠠᠷ ᠬᠠᠷᠠᠯᠲᠠ ᠪᠣᠯᠭᠠᠵᠤ᠂ ︽ᠬᠡᠦᠬᠡᠳ ᠪᠠᠭᠠᠴᠤᠳ ᠰᠤᠷᠤᠭᠴᠢᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠲᠥᠰᠦᠯ︾᠎ ᠢ ᠬᠡᠷᠡᠭᠵᠢᠭᠦᠯᠦᠨ᠎ᠡ᠃      ᠬᠤᠶᠠᠷ ᠲᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠠᠯ᠎ᠠ ᠪᠠᠷ᠂ 10 ᠢᠨᠵᠧᠨᠧᠷᠢᠩ ᠪᠠ ᠲᠥᠰᠦᠯ ᠢ ᠬᠡᠷᠡᠭᠵᠢᠭᠦᠯᠦᠨ᠎ᠡ᠃ ︽ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭᠠᠨ ᠤ ᠲᠥᠯᠦᠪᠯᠡᠭᠡᠨ ᠤ ᠲᠥᠰᠦᠯ︾᠎ ᠳᠤ ᠳᠥᠷᠪᠡᠳᠦᠭᠡᠷ ᠬᠤᠭᠤᠴᠠᠭᠠᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠪᠠᠷ ᠰᠠᠭᠤᠷᠢ ᠪᠣᠯᠭᠠᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠪᠠᠬᠢᠵᠢᠭᠦᠯᠦᠨ ᠨᠡᠶᠢᠳᠡᠮ ᠳᠤ ᠨᠢ ᠠᠰᠢᠭ ᠬᠦᠷᠲᠡᠭᠡᠬᠦ ᠶᠢ ᠲᠦᠯᠬᠢᠨ ᠠᠬᠢᠭᠤᠯᠤᠨ᠎ᠠ᠃ ︽ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠲᠡᠩᠴᠡᠭᠦᠷᠢᠲᠡᠶ ᠬᠥᠭᠵᠢᠭᠦᠯᠬᠦ ᠢᠨᠵᠧᠨᠧᠷᠢᠩ︾᠎ ᠢ ᠬᠡᠷᠡᠭᠵᠢᠭᠦᠯᠵᠦ᠂ 2025 ᠣᠨ ᠪᠣᠯᠬᠤ ᠳᠤ 20 % ᠣᠷᠴᠢᠮ ᠤᠨ ᠬᠤᠰᠢᠭᠤ ᠰᠢᠶᠠᠨ ︵ᠬᠤᠲᠠ᠂ ᠲᠣᠭᠤᠷᠢᠭ︶᠎ ᠢ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠯᠲᠡ ᠶᠢᠨ ᠰᠢᠯᠭᠠᠨ ᠠᠪᠤᠯᠲᠠ ᠶᠢ ᠥᠩᠭᠡᠷᠡᠭᠦᠯᠬᠦ ᠶᠢ ᠦᠨᠡᠨ ᠬᠦ ᠪᠠᠲᠤᠯᠠᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ︾ ᠪᠣᠯᠤᠨ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠤᠣᠯᠳᠠᠯᠭᠠᠲᠠᠢ ᠲᠥᠰᠦᠯ︾᠎ ᠢ ᠬᠡᠷᠡᠭᠵᠢᠭᠦᠯᠬᠦ ᠪᠠᠷ ᠳᠠᠮᠵᠢᠨ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠳᠤ ︽︿ᠬᠤᠤᠰ ᠲᠡᠷᠢᠭᠦᠨ﹀᠎ ᠤ ᠪᠠᠶᠢᠭᠤᠯᠤᠯᠲᠠ ᠪᠠ ᠰᠢᠨᠵᠢᠯᠡᠭᠡᠨ ᠤ ᠰᠠᠯᠠᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠢᠨᠵᠧᠨᠧᠷᠢᠩ︾᠂ ︽ᠦᠨᠳᠦᠰᠦᠨ ᠠᠩᠭᠢ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠰᠢᠨ᠎ᠡ ᠶᠢ ᠡᠭᠦᠳᠬᠦ ᠲᠥᠰᠦᠯ︾᠂ ︽ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ︾᠂ ︽ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠰᠦᠯ︾᠂ ︽ᠠᠵᠢᠯ ᠣᠯᠭᠤᠬᠤ ᠲᠤᠰᠬᠠᠶ ᠠᠵᠢᠯᠯᠠᠭᠠᠨ ᠤ ᠲᠥᠰᠦᠯ︾ ᠵᠡᠷᠭᠡ ᠶᠢ ᠬᠡᠷᠡᠭᠵᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ᠂ ᠰᠢᠨ᠎ᠡ ᠶᠢ ᠡᠭᠦᠳᠦᠨ ᠦᠢᠯᠡᠰ ᠪᠣᠰᠬᠠᠬᠤ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠠᠰᠤᠨ ᠲᠤᠷᠰᠢᠳᠠ ᠶᠢᠨ ᠰᠤᠷᠭᠠᠨ ᠬᠥᠮᠦᠵᠢᠯ ᠤᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠵᠡᠷᠭᠡ ᠲᠠᠪᠤᠨ ᠱᠠᠲᠤᠨ ᠤ ᠨᠠᠰᠤᠨ ᠲᠤᠷᠰᠢᠳᠠ ᠶᠢᠨ ᠰᠤᠷᠭᠠᠨ ᠬᠥᠮᠦᠵᠢᠯ ᠤᠨ ᠳᠣᠭᠲᠠᠯᠴᠠᠭ᠎ᠠ ᠎ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠤᠷᠢᠳ ᠢᠶᠠᠷ ᠳᠤᠷᠰᠢᠬᠤ᠂ ᠪᠠᠶᠢᠭᠤᠯᠬᠤ ᠱᠠᠩᠨᠠᠬᠤ ᠶᠢ ᠤᠶᠠᠯᠳᠤᠭᠤᠯᠬᠤ᠂ ᠲᠥᠰᠦᠯ ᠢ ᠠᠬᠢᠭᠤᠯᠬᠤ᠂ ᠰᠢᠯᠭᠠᠨ ᠠᠪᠴᠤ ᠨᠡᠷᠡᠶᠢᠳᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ ︽ᠨᠠᠰᠤᠨ ᠲᠤᠷᠰᠢᠳᠠ ᠶᠢᠨ ᠰᠤᠷᠭᠠᠨ ᠬᠥᠮᠦᠵᠢᠯ ᠤᠨ ᠲᠥᠰᠦᠯ︾᠎ ᠢ ᠬᠡᠷᠡᠭᠵᠢᠭᠦᠯᠦᠨ᠎ᠡ᠃      ᠭᠤᠷᠪᠠ ᠳᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ᠂ ᠪᠠᠭᠰᠢ ᠶᠢᠨ ᠰᠤᠷᠭᠠᠭᠤᠯᠢ ᠶᠢᠨ ᠰᠣᠷᠣᠭᠴᠢ ᠬᠥᠮᠦᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ᠂ ᠠᠵᠢᠯ ᠳᠤ ᠪᠠᠶᠢᠭ᠎ᠠ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠂ ᠪᠠᠭᠰᠢ ᠶᠢᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠨᠠᠷᠠᠲᠤ ᠪᠠᠭᠰᠢ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠬᠡᠪ  ᠪᠣᠯᠪᠠᠰᠤᠷᠠᠯ ᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠵᠡᠷᠭᠡ 5 ᠬᠤᠪᠢᠶᠠᠷᠢ  ᠲᠥᠰᠦᠯ ᠢᠶᠠᠷ ᠳᠠᠮᠵᠢᠭᠤᠯᠤᠨ᠂ ︽ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠥᠰᠦᠯ︾᠎ ᠢ ᠬᠡᠷᠡᠭᠵᠢᠭᠦᠯᠵᠦ᠂ ᠪᠠᠭᠰᠢ ᠶᠢᠨ ᠮᠣᠷᠠᠯ  ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠠᠭᠰᠢ ᠶᠢᠨ ᠬᠥᠮᠦᠵᠢᠯ ᠪᠣᠯᠪᠠᠰᠤᠷᠠᠭᠤᠯᠤᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠥᠨᠳᠥᠷ ᠬᠡᠪ ᠪᠣᠯᠪᠠᠰᠤᠷᠠᠯ ᠪᠥᠬᠦᠶ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号