| | ᠵᠦᠪᠯᠡᠯᠲᠦ ᠬᠤᠯᠪᠣᠭᠠᠲᠦ ᠣᠯᠣᠰ ᠵᠠᠳᠠᠷᠠᠭᠰᠠᠨ ᠤ ᠲᠠᠷᠠᠭ᠎ᠠ᠂ ᠨᠡᠶᠢᠭᠡᠮ ᠤᠨ ᠣᠯᠣᠰ ᠲᠦᠷᠦ ᠠᠵᠦ ᠠᠬᠤᠢ ᠶᠢᠨ | ᠪᠠᠶᠢᠭᠤᠯᠣᠯ ᠢ ᠣᠷᠴᠢᠨ ᠲᠣᠭᠤᠷᠢᠨ ᠳᠤ ᠵᠣᠬᠢᠴᠠᠭᠤᠯᠬᠤ ᠶᠢᠨ ᠲᠦᠯᠦᠭᠡ᠂ ᠲᠡᠭᠡᠳᠦ ᠵᠡᠷᠭᠡ ᠶᠢᠨ ᠰᠣᠷᠭᠠᠨ | ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠳᠤ ᠣᠷᠣᠰ ᠤᠨ ᠬᠢᠨ ᠴᠠᠭ ᠦᠶ᠎ᠡ ᠶᠢᠨ ᠬᠦᠭᠵᠢᠯᠲᠡ ᠲᠠᠢ | ᠵᠣᠬᠢᠴᠠᠯᠳᠣᠭᠰᠠᠨ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠪᠠᠳᠣᠯᠠᠭ᠎ᠠ ᠶᠢᠨ | ᠰᠢᠰᠲ᠋ᠧᠮ ᠢ ᠪᠠᠶᠢᠭᠤᠯᠬᠤ ᠶᠢ ᠲᠣᠯᠭᠠᠮ ᠱᠠᠭᠠᠷᠳᠠᠪᠠ᠃ ᠡᠶᠢᠮᠦ ᠠᠴᠠ ᠰᠢᠨ᠎ᠡ ᠪᠠᠶᠢᠭᠤᠯᠣᠯ ᠤᠨ ᠣᠷᠴᠢᠨ ᠨᠦᠭᠦᠴᠡᠯ | ᠲᠣᠣᠷ᠎ᠠ᠂ ᠣᠷᠣᠰ ᠨᠢᠭᠡ ᠲᠠᠯ᠎ᠠ ᠪᠠᠷ ᠣᠣᠯ ᠤᠨ ᠵᠦᠪᠯᠡᠯᠲᠦ ᠬᠤᠯᠪᠣᠭᠠᠲᠦ ᠣᠯᠣᠰ ᠠᠴᠠ ᠲᠡᠭᠡᠳᠦ ᠰᠣᠷᠭᠠᠭᠤᠯᠢ ᠶᠢᠨ | ᠲᠣᠳᠣᠭᠠᠲᠦ ᠶᠢᠨ ᠴᠢᠨᠠᠷ ᠴᠢᠨᠰᠠᠭ᠎ᠠ ᠶᠢᠨ ᠪᠠᠲᠣᠯᠠᠭ᠎ᠠ ᠶᠢ ᠴᠢᠬᠤᠯᠠᠴᠢᠯᠠᠬᠤ ᠣᠯᠠᠮᠵᠢᠯᠠᠯ ᠢ ᠵᠠᠯᠭᠠᠮᠵᠢᠯᠠᠵᠣ᠂ ᠨᠦᠭᠦᠭᠡ | ᠲᠠᠯ᠎ᠠ ᠪᠠᠷ ᠵᠠᠬ᠎ᠠ ᠲᠡᠯᠭᠡᠭᠦᠷ ᠤᠨ ᠰᠢᠨ᠎ᠡ ᠣᠷᠴᠢᠨ ᠲᠣᠭᠤᠷᠢᠨ ᠳᠤ ᠰᠠᠭᠤᠷᠢᠯᠠᠵᠦ᠂ ᠬᠤᠯᠪᠣᠭᠠᠨ ᠤ ᠵᠠᠰᠠᠭ ᠤᠨ | ᠣᠷᠳᠣᠨ ᠤ ᠲᠡᠭᠡᠳᠦ ᠵᠡᠷᠭᠡ ᠶᠢᠨ ᠰᠣᠷᠭᠠᠨ ᠬᠦᠮᠦᠵᠢᠯ ᠳᠤ ᠦᠵᠡᠭᠦᠯᠬᠦ ᠬᠤᠷᠸ᠎ᠠ ᠲᠣᠬᠢᠷᠠᠭᠤᠯᠭ᠎ᠠ ᠶᠢᠨ ᠦᠢᠯᠡᠳᠦᠯ ᠢ | ᠭᠦᠢᠴᠠᠳ ᠪᠠᠳᠠᠷᠠᠭᠤᠯᠣᠨ᠂ ︽ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠣᠯᠣᠰ ᠤᠨ ᠰᠣᠷᠭᠠᠨ ᠬᠦᠮᠦᠵᠢᠯ ᠤᠨ | ᠪᠠᠷᠢᠮᠵᠢᠶ᠎ᠡ︾ ᠶᠢ ᠲᠣᠭᠲᠠᠭᠠᠵᠦ᠂ ᠲᠡᠭᠡᠳᠦ ᠰᠣᠷᠭᠠᠭᠤᠯᠢ ᠶᠢᠨ ᠶᠡᠷᠦᠩᠬᠡᠶᠢᠯᠡᠭᠰᠡᠨ ᠦᠨᠡᠯᠡᠨ ᠵᠢᠱᠢᠬᠦ ᠰᠢᠨ᠎ᠡ ᠵᠠᠭᠪᠣᠷ ᠢ | ᠬᠡᠷᠡᠭᠵᠢᠭᠦᠯᠦᠨ᠂ ᠲᠡᠭᠡᠳᠦ ᠰᠣᠷᠭᠠᠭᠤᠯᠢ ᠶᠢᠨ ᠨᠡᠷᠡᠰ ᠤᠨ ᠵᠢᠭᠰᠠᠭᠠᠯᠲᠠ ᠶᠢ ᠲᠦᠷᠢᠮᠵᠢᠭᠦᠯᠬᠦ ᠵᠡᠷᠭᠡ ᠠᠷᠭ᠎ᠠ | ᠬᠡᠮᠵᠢᠶ᠎ᠡ ᠪᠠᠷ ᠲᠠᠮᠵᠢᠭᠤᠯᠣᠨ᠂ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠭᠠᠳᠠᠭᠠᠳᠦ | ᠪᠠᠲᠣᠯᠠᠭ᠎ᠠ ᠶᠢᠨ ᠲᠣᠭᠲᠠᠴᠠ ᠶᠢ ᠲᠠᠰᠣᠷᠠᠯᠲᠠ ᠦᠭᠡᠢ ᠲᠡᠭᠦᠯᠳᠡᠷᠵᠢᠭᠦᠯᠪᠡ᠃ | ᠨᠢᠭᠡ᠂ ᠣᠷᠣᠰ ᠤᠨ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ | ᠴᠢᠨᠰᠠᠭ᠎ᠠ ᠶᠢᠨ ᠭᠠᠳᠠᠭᠠᠳᠦ ᠪᠠᠲᠣᠯᠠᠭ᠎ᠠ ᠶᠢᠨ ᠰᠢᠰᠲ᠋ᠧᠮ | ᠣᠷᠣᠰ ᠤᠨ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ | ᠰᠢᠰᠲ᠋ᠧᠮ ᠪᠣᠯ ᠬᠤᠯᠪᠣᠭᠠᠨ ᠤ ᠵᠠᠰᠠᠭ ᠤᠨ ᠣᠷᠳᠣᠨ ᠤ ᠲᠡᠭᠡᠳᠦ ᠰᠣᠷᠭᠠᠭᠤᠯᠢ ᠶᠢᠨ ᠭᠠᠳᠠᠭᠠᠲᠦ ᠴᠢᠨᠠᠷ ᠤᠨ | ᠪᠠᠲᠣᠯᠠᠭ᠎ᠠ ᠪᠠ ᠲᠡᠭᠡᠳᠦ ᠰᠣᠷᠭᠠᠭᠤᠯᠢ ᠶᠢᠨ ᠲᠣᠳᠣᠭᠠᠳᠣ ᠴᠢᠨᠠᠷ ᠤᠨ ᠪᠠᠳᠣᠯᠠᠭ᠎ᠠ ᠪᠠᠷ ᠪᠦᠷᠢᠯᠳᠦᠵᠡᠢ᠃ ᠡᠭᠦᠨ ᠳᠤ | ᠬᠤᠯᠪᠣᠭᠠᠨ ᠤ ᠵᠠᠰᠠᠭ ᠤᠨ ᠣᠷᠳᠣᠨ ᠤ ᠲᠡᠭᠡᠳᠦ ᠰᠣᠷᠭᠠᠭᠤᠯᠢ ᠳᠤ ᠦᠵᠡᠭᠦᠯᠬᠦ ᠭᠠᠳᠠᠭᠠᠳᠦ ᠴᠢᠨᠠᠷ ᠴᠢᠨᠰᠠᠭ᠎ᠠ ᠶᠢᠨ | ᠪᠠᠲᠣᠯᠠᠭ᠎ᠠ ᠨᠢ ᠭᠤᠣᠯᠳᠠᠭᠤ ᠬᠤᠯᠪᠣᠭᠠᠨ ᠤ ᠵᠠᠰᠠᠭ ᠤᠨ ᠣᠷᠳᠣᠨ ᠠᠴᠠ ︽ᠲᠡᠭᠡᠳᠦ ᠵᠡᠷᠭᠡ ᠶᠢᠨ ᠰᠣᠷᠭᠠᠨ | ᠬᠦᠮᠦᠵᠢᠯ ᠤᠨ ᠣᠯᠣᠰ ᠤᠨ ᠰᠣᠷᠭᠠᠨ ᠬᠦᠮᠦᠵᠢᠯ ᠤᠨ ᠪᠠᠷᠢᠮᠵᠢᠶ᠎ᠡ︾ ᠲᠣᠭᠲᠠᠭᠠᠬᠤ ᠪᠠᠷ ᠲᠠᠮᠵᠢᠭᠤᠯᠣᠨ᠂ ᠲᠡᠭᠡᠳᠦ | ᠰᠣᠷᠭᠠᠭᠤᠯᠢ ᠶᠢᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠶᠢ ᠬᠡᠷᠡᠭᠵᠢᠭᠦᠯᠦᠨ᠂ ᠲᠡᠭᠡᠳᠦ ᠰᠣᠷᠭᠠᠭᠤᠯᠢ ᠶᠢᠨ ᠨᠡᠷᠡᠰ ᠤᠨ | ᠵᠢᠭᠰᠠᠭᠠᠯᠲᠠ ᠶᠢ ᠲᠦᠷᠢᠮᠵᠢᠭᠦᠯᠵᠦ᠂ ᠲᠡᠭᠡᠳᠦ ᠰᠣᠷᠭᠠᠭᠤᠯᠢ ᠶᠢᠨ ᠬᠦᠭᠵᠢᠯᠲᠡ ᠶᠢᠨ ᠬᠢᠨᠠᠨ ᠡᠵᠡᠮᠳᠡᠬᠦ ᠰᠢᠰᠲ᠋ᠧᠮ ᠢ | ᠪᠠᠶᠢᠭᠤᠯᠬᠤ ᠵᠡᠷᠭᠡ ᠪᠠᠷ ᠪᠡᠶᠡᠯᠡᠭᠦᠯᠦᠨ᠎ᠡ᠃ | ᠭᠠᠳᠠᠭᠠᠳᠦ ᠴᠢᠨᠠᠷ ᠴᠢᠨᠰᠠᠭ᠎ᠠ ᠶᠢᠨ ᠪᠠᠲᠣᠯᠠᠭ᠎ᠠ ᠪᠣᠯ ᠣᠷᠣᠰ ᠤᠨ ᠲᠡᠭᠡᠳᠦ ᠵᠡᠷᠭᠡ ᠶᠢᠨ ᠰᠣᠷᠭᠠᠨ | ᠬᠦᠮᠦᠵᠢᠯ ᠤᠨ ᠴᠢᠨᠠᠷ ᠴᠢᠨᠰᠠᠭ᠎ᠠ ᠶᠢᠨ ᠪᠠᠲᠦᠯᠠᠭ᠎ᠠ ᠶᠢᠨ ᠰᠢᠰᠲ᠋ᠧᠮ ᠤᠨ ᠪᠠᠶᠢᠭᠤᠯᠣᠯᠲᠠ ᠶᠢᠨ ᠴᠦᠮ᠎ᠡ ᠪᠣᠯᠣᠨ᠎ᠠ᠂ | ᠮᠦᠨ ᠴᠣ᠋ ᠣᠶᠢᠷ᠎ᠠ ᠶᠢᠨ ᠵᠢᠯ ᠤᠨ ᠲᠣᠷᠰᠢ ᠣᠷᠣᠰ ᠤᠨ ᠬᠤᠯᠪᠣᠭᠠᠨ ᠤ ᠵᠠᠰᠠᠭ ᠤᠨ ᠣᠷᠳᠣᠨ ᠤ ᠲᠡᠭᠡᠳᠦ ᠵᠡᠷᠭᠡ ᠶᠢᠨ | ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠪᠠᠳᠣᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢᠨ ᠭᠤᠣᠯᠳᠠᠯᠭ᠎ᠠ | ᠮᠦᠨ᠃ | 1. ︽ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠣᠯᠣᠰ ᠤᠨ ᠰᠣᠷᠭᠠᠨ ᠬᠦᠮᠦᠵᠢᠯ ᠤᠨ ᠪᠠᠷᠢᠮᠵᠢᠶ᠎ᠡ︾ ᠶᠢ | ᠲᠣᠭᠲᠠᠭᠠᠭᠰᠠᠨ | 20 ᠳ᠋ᠣᠭᠠᠷ ᠵᠠᠭᠤᠨ ᠤ ᠶᠡᠷᠡᠭᠡᠳ ᠣᠨ ᠤ ᠡᠬᠢᠨ ᠤ ᠦᠶ᠎ᠡ ᠳᠤ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ | ᠬᠡᠪᠴᠢᠶ᠎ᠡ ᠶᠢ ᠦᠷᠭᠡᠳᠭᠡᠬᠦ ᠪᠠ ᠰᠣᠷᠭᠠᠨ ᠬᠦᠮᠦᠵᠢᠯ ᠢ ᠬᠤᠪᠢᠷᠠᠭᠤᠯᠬᠤ ᠦᠭᠡᠷᠡᠴᠢᠯᠡᠯᠲᠡ ᠶᠢᠨ ᠲᠠᠰᠣᠷᠠᠯᠲᠠ ᠦᠭᠡᠢ | ᠭᠦᠨᠵᠡᠭᠡᠶᠢᠷᠡᠬᠦ ᠠᠴᠠ ᠪᠣᠯᠵᠦ᠂ ᠣᠷᠣᠰ ᠤᠨ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ | ᠪᠠᠭᠤᠷᠠᠬᠤ ᠠᠰᠠᠭᠤᠳᠠᠯ ᠡᠳᠦᠷ ᠢᠷᠡᠬᠦᠶ᠎ᠡ ᠲᠣᠪᠤᠶᠢᠮ᠎ᠠ ᠪᠣᠯᠵᠦ᠂ ᠣᠶᠣᠳᠠᠳ ᠢ ᠬᠦᠮᠦᠵᠢᠭᠦᠯᠬᠦ ᠴᠢᠨᠠᠷ ᠴᠢᠨᠰᠠᠭ᠎ᠠ ᠪᠠ | ᠬᠢᠷᠢ ᠲᠦᠪᠰᠢᠨ ᠨᠢ ᠨᠡᠶᠢᠭᠡᠮ ᠤᠨ ᠡᠯ᠎ᠠ ᠡᠲᠡᠭᠡᠳ ᠤᠨ ᠬᠢᠨ ᠤ ᠵᠢᠮᠡᠯᠡᠯ ᠢ ᠣᠯᠣᠭᠰᠠᠨ ᠪᠠᠶᠢᠨ᠎ᠠ᠃ ᠲᠡᠭᠡᠭᠡᠳ ᠲᠡᠭᠡᠳᠦ | ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠶᠢᠨ ᠲᠦᠯᠦᠭᠡ 1994 ᠣᠨ ᠤ 8 | ᠰᠠᠷ᠎ᠠ ᠳᠤ ᠣᠷᠣᠰ ᠤᠨ ᠬᠤᠯᠪᠣᠭᠠᠨ ᠤ ᠵᠠᠰᠠᠭ ᠤᠨ ᠣᠷᠳᠣᠨ ᠠᠴᠠ ︽ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ | ᠣᠯᠣᠰ ᠤᠨ ᠰᠣᠷᠭᠠᠨ ᠬᠦᠮᠦᠵᠢᠯ ᠤᠨ ᠪᠠᠷᠢᠮᠵᠢᠶ᠎ᠡ︾ ᠶᠢ ᠨᠠᠶᠢᠲᠠᠯᠠᠵᠦ᠂ ︽ᠲᠡᠭᠡᠳᠦ ᠵᠡᠷᠭᠡ ᠶᠢᠨ ᠰᠣᠷᠭᠠᠨ | ᠬᠦᠮᠦᠵᠢᠯ ᠤᠨ ᠴᠢᠨᠠᠷ ᠴᠢᠨᠰᠠᠭ᠎ᠠ ᠶᠢᠨ ᠬᠠᠮᠢᠶᠠᠷᠦᠯᠲᠠ ᠳᠤ ᠬᠠᠣᠯᠢ ᠴᠠᠭᠠᠵᠠ ᠶᠢᠨ ᠦᠨᠳᠦᠰᠦᠯᠡᠯ ᠬᠠᠩᠭᠠᠵᠦ᠂ | ᠲᠡᠭᠦᠨ ᠢ ᠪᠠᠶᠢᠪᠠᠰᠦ ᠵᠣᠬᠢᠬᠤ ᠬᠢᠷᠢ ᠲᠦᠪᠰᠢᠨ ᠲᠡᠭᠡᠷ᠎ᠡ ᠪᠠᠶᠢᠯᠭᠠᠵᠦ᠂ ᠪᠦᠬᠦ ᠣᠷᠣᠰ ᠤᠨ ᠬᠡᠪᠴᠢᠶᠡᠨ ᠳᠤ | ᠨᠢᠭᠡᠳᠦᠯᠲᠡᠢ ᠰᠣᠷᠭᠠᠨ ᠬᠦᠮᠦᠵᠢᠯ ᠤᠨ ᠣᠷᠣᠨ ᠵᠠᠢ ᠶᠢ ᠪᠠᠲᠣᠯᠠᠬᠤ ᠪᠠ ᠪᠠᠬᠢᠵᠢᠭᠦᠯᠬᠦ ᠳᠤ ᠨᠦᠭᠦᠴᠡᠯ ᠪᠦᠷᠢᠯᠳᠦᠭᠦᠯᠦᠨ᠂ | ᠡᠭᠦᠨ ᠤ ᠣᠯᠠᠮ ᠠᠴᠠ ᠣᠶᠣᠲᠠᠳ ᠤᠨ ᠰᠣᠷᠣᠯᠴᠠᠬᠤ ᠬᠤᠭᠤᠴᠠᠭᠠᠨ ᠳᠤ ᠬᠢ ᠬᠡᠳᠦ ᠬᠡᠮᠵᠢᠶᠡᠨ ᠤ ᠬᠦᠳᠡᠯᠦᠩᠭᠦᠢ | ᠴᠢᠨᠠᠷ ᠪᠠ ᠲᠡᠭᠦᠰᠬᠦ ᠰᠣᠷᠣᠭᠴᠢᠳ ᠤᠨ ᠬᠦᠳᠡᠯᠮᠦᠷᠢ ᠶᠢᠨ ᠵᠠᠬ᠎ᠠ ᠲᠡᠯᠭᠡᠭᠦᠷ ᠲᠤ ᠬᠢ ᠬᠦᠳᠡᠯᠦᠩᠭᠦᠢ ᠴᠢᠨᠠᠷ ᠢ | ᠪᠠᠳᠣᠯᠠᠬᠤ︾ ᠶᠢ ᠵᠤᠷᠢᠪᠠ᠃ ᠲᠣᠰ ᠪᠠᠷᠢᠮᠵᠢᠶ᠎ᠡ ᠨᠢ ᠣᠯᠣᠰ ᠤᠨ ᠡᠯ᠎ᠡ ᠴᠢᠭᠯᠡᠯ ᠪᠠ ᠲᠣᠰᠬᠠᠢ ᠮᠡᠷᠭᠡᠵᠢᠯ ᠤᠨ ᠲᠡᠭᠦᠰᠬᠦ | ᠰᠣᠷᠣᠭᠴᠢᠳ ᠢ ᠬᠦᠮᠦᠵᠢᠭᠦᠯᠬᠦ ᠠᠭᠤᠯᠭ᠎ᠠ ᠪᠠ ᠬᠢᠷᠢ ᠲᠦᠪᠰᠢᠨ ᠤ ᠬᠠᠮᠤᠭ ᠤᠨ ᠲᠣᠣᠷ᠎ᠠ ᠱᠠᠭᠠᠷᠳᠠᠯᠭ᠎ᠠ ᠶᠢ | ᠲᠣᠰᠬᠠᠵᠦ᠂ ᠬᠤᠯᠪᠣᠭᠠᠨ ᠤ ᠵᠠᠰᠠᠭ ᠤᠨ ᠣᠷᠳᠣᠨ ᠤ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ | ᠴᠢᠨᠰᠠᠭ᠎ᠠ ᠶᠢᠨ ᠭᠠᠳᠠᠭᠠᠳᠦ ᠪᠠᠲᠣᠯᠠᠭ᠎ᠠ ᠪᠣᠯᠵᠠᠢ᠃ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠲᠡᠯᠡᠬᠡᠶᠢᠵᠢᠯᠲᠡ ᠪᠠ | ᠲᠡᠯᠡᠬᠡᠶᠢᠵᠢᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠶᠢᠨ ᠲᠦᠯᠦᠭᠡ ᠣᠷᠣᠰ ᠠᠴᠠ 2000 ᠣᠨ ᠪᠠ 2007 | ᠣᠨ ᠳᠤ ︽ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠣᠯᠣᠰ ᠤᠨ ᠰᠣᠷᠭᠠᠨ ᠬᠦᠮᠦᠵᠢᠯ ᠤᠨ ᠪᠠᠷᠢᠮᠵᠢᠶ᠎ᠡ︾ ᠶᠢ | ᠲᠠᠬᠢᠨ ᠵᠠᠰᠠᠨ ᠲᠣᠭᠲᠠᠭᠠᠵᠦ᠂ ᠣᠯᠠᠨ ᠣᠯᠣᠰ ᠤᠨ ᠰᠣᠷᠭᠠᠨ ᠬᠦᠮᠦᠵᠢᠯ ᠤᠨ ᠦᠢᠯᠡᠴᠢᠯᠡᠭᠡᠨ ᠤ ᠵᠠᠬ᠎ᠠ | ᠲᠡᠯᠭᠡᠭᠦᠷ ᠲᠤ ᠬᠢ ᠤᠷᠤᠰ ᠤᠨ ᠳᠡᠭᠡᠳᠤ ᠵᠡᠷᠭᠡ ᠶᠢᠨ ᠰᠤᠷᠭᠠᠨ ᠭᠦᠮᠦᠵᠢᠯ ᠤᠨ ᠦᠷᠢᠰᠦᠯᠳᠦᠬᠦ ᠬᠦᠴᠦᠨ ᠢ | ᠲᠡᠭᠡᠭᠰᠢᠯᠡᠭᠦᠯᠵᠦ᠂ ᠣᠷᠣᠰ ᠤᠨ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ ᠪᠠ | ᠰᠢᠯᠭᠠᠨ ᠪᠠᠶᠢᠴᠠᠭᠠᠬᠤ ᠳᠤ ᠬᠠᠣᠯᠢ ᠴᠠᠭᠠᠵᠠ ᠶᠢᠨ ᠦᠨᠳᠦᠰᠦᠯᠡᠯ ᠬᠠᠩᠭᠠᠪᠠ᠃ | 2. ᠲᠡᠭᠡᠳᠦ ᠰᠣᠷᠭᠠᠭᠤᠯᠢ ᠶᠢᠨ ᠶᠡᠷᠦᠩᠬᠡᠶᠢᠯᠡᠭᠰᠡᠨ ᠦᠨᠡᠯᠡᠯᠲᠡ ᠶᠢ ᠬᠡᠷᠡᠭᠵᠢᠭᠦᠯᠦᠭᠰᠡᠨ | ᠴᠢᠨᠠᠷ ᠴᠢᠬᠰᠠᠭᠠ ᠶᠢ ᠦᠨᠡᠯᠡᠬᠦ ᠪᠣᠯ ᠣᠷᠣᠰ ᠤᠨ ᠬᠤᠯᠪᠣᠭᠠᠨ ᠤ ᠵᠠᠰᠠᠭ ᠤᠨ ᠣᠷᠳᠣᠨ ᠠᠴᠠ ᠲᠡᠭᠡᠳᠦ | ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠬᠠᠮᠢᠶᠠᠷᠬᠤ ᠴᠢᠬᠤᠯᠠ ᠠᠷᠭ᠎ᠠ ᠪᠠᠷᠢᠯ ᠪᠣᠯᠣᠨ᠎ᠠ᠃ ᠲᠡᠭᠡᠳᠦ | ᠰᠣᠷᠭᠠᠭᠤᠯᠢ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠶᠢᠨ ᠲᠦᠯᠦᠭᠡ ᠣᠷᠣᠰ ᠤᠨ | ᠰᠣᠷᠭᠠᠨ ᠬᠦᠮᠦᠵᠢᠯ ᠤᠨ ᠶᠠᠮᠣᠨ 1999 ᠣᠨ ᠠᠴᠠ ᠡᠬᠢᠯᠡᠨ ᠲᠡᠭᠡᠳᠦ ᠰᠣᠷᠭᠠᠭᠤᠯᠢ ᠶᠢᠨ ᠶᠡᠷᠦᠩᠬᠡᠶᠢᠯᠡᠭᠰᠡᠨ | ᠦᠨᠡᠯᠡᠯᠲᠡ ᠶᠢᠨ ᠵᠠᠭᠪᠣᠷ ᠢ ᠬᠡᠷᠡᠭᠵᠢᠭᠦᠯᠪᠠ᠂ ᠲᠣᠬᠠᠶᠢᠯᠠᠪᠠᠯ ᠰᠣᠷᠭᠠᠨ ᠬᠦᠮᠦᠵᠢᠯ ᠤᠨ ᠶᠠᠮᠣᠨ ᠪᠣᠢ ᠪᠦᠬᠦᠢ ᠲᠡᠭᠡᠳᠦ | ᠰᠣᠷᠭᠠᠭᠤᠯᠢ ᠳᠤ ᠵᠦᠪᠰᠢᠶᠡᠷᠡᠬᠦ᠂ ᠰᠢᠯᠭᠠᠨ ᠲᠣᠭᠲᠠᠭᠠᠬᠤ ᠪᠠ ᠣᠯᠣᠰ ᠤᠨ ᠬᠢᠨᠠᠨ ᠲᠣᠭᠲᠠᠭᠠᠯᠲᠠ ᠶᠢ | ᠬᠡᠷᠡᠭᠵᠢᠭᠦᠯᠦᠨ᠎ᠡ᠃ ᠡᠭᠦᠨ ᠳᠤ ᠵᠦᠪᠰᠢᠶᠡᠷᠡᠬᠦ ᠭᠡᠳᠡᠭ ᠨᠢ ᠰᠣᠷᠭᠠᠨ ᠬᠦᠮᠦᠵᠢᠯ ᠤᠨ ᠶᠠᠮᠣᠨ ᠤ ᠵᠦᠪᠰᠢᠶᠡᠷᠡᠯ ᠢᠶᠠᠷ | ᠬᠢᠨᠠᠨ ᠲᠣᠭᠲᠠᠭᠠᠬᠤ ᠺᠣᠮᠢᠰ ᠤᠨ ᠲᠡᠭᠡᠳᠦ ᠰᠣᠷᠭᠠᠭᠤᠯᠢ ᠠᠴᠠ ᠬᠠᠩᠭᠠᠭᠰᠠᠨ ᠰᠣᠷᠭᠠᠨ ᠬᠦᠮᠦᠵᠢᠯ ᠤᠨ ᠨᠦᠭᠦᠴᠡᠯ | ᠬᠢᠭᠡᠳ ᠣᠯᠣᠰ ᠪᠠ ᠣᠷᠣᠨ ᠨᠣᠲᠤᠭ ᠤᠨ ︽ᠦᠨᠳᠦᠰᠦᠨ ᠪᠦᠳᠦᠭᠡᠨ ᠪᠠᠶᠢᠭᠤᠯᠣᠯᠲᠠ ᠶᠢᠨ ᠪᠠᠷᠢᠮᠵᠢᠶ᠎ᠡ ᠪᠠ ᠬᠠᠣᠯᠢ | ᠲᠣᠭᠲᠠᠭᠠᠯ᠂ ᠡᠷᠡᠭᠦᠯ ᠬᠠᠮᠠᠭᠠᠯᠠᠯ ᠤᠨ ᠪᠠᠷᠢᠮᠵᠢᠶ᠎ᠡ᠂ ᠪᠠᠭᠰᠢ ᠰᠣᠷᠣᠭᠴᠢᠳ ᠤᠨ ᠡᠷᠡᠭᠦᠯᠵᠢᠯ᠂ ᠵᠢᠭᠠᠨ ᠰᠣᠷᠭᠠᠯᠲᠠ ᠶᠢᠨ | ᠲᠠᠯᠠᠪᠣᠷ ᠬᠢᠭᠡᠳ ᠲᠦᠭᠦᠭᠡᠷᠦᠮᠵᠢ᠂ ᠪᠠᠭᠰᠢ ᠶᠢᠨ ᠬᠢᠷᠢ ᠭᠡᠮ ᠬᠢᠭᠡᠳ ᠠᠵᠢᠯᠲᠠᠨ ᠤ ᠣᠷᠣᠨ ᠲᠤᠭ᠎ᠠ︾ ᠶᠢᠨ | ᠱᠠᠭᠠᠷᠳᠠᠯᠭ᠎ᠠ ᠲᠠᠢ ᠨᠠᠶᠢᠴᠡᠭᠰᠠᠨ ᠬᠡᠮᠵᠢᠶ᠎ᠡ ᠶᠢ ᠵᠢᠭᠠᠵᠦ ᠪᠣᠢ︔ ᠬᠢᠨᠠᠨ ᠲᠣᠭᠲᠠᠭᠠᠬᠤ ᠪᠣᠯ ᠣᠯᠣᠰ ᠤᠨ ᠬᠢᠨᠠᠨ | ᠵᠢᠯᠦᠭᠤᠳᠬᠤ ᠵᠣᠷᠭᠠᠨ ᠠᠴᠠ ᠲᠡᠭᠡᠳᠦ ᠰᠣᠷᠭᠠᠭᠤᠯᠢ ᠲᠡᠭᠦᠰᠦᠭᠰᠡᠳ ᠢ ᠬᠦᠮᠦᠵᠢᠭᠦᠯᠬᠦ ᠴᠢᠨᠠᠷ ᠴᠢᠨᠰᠠᠭ᠎ᠠ᠂ | ᠬᠦᠮᠦᠵᠢᠭᠦᠯᠬᠦ ᠬᠢᠷᠢ ᠲᠦᠪᠰᠢᠨ᠂ ᠬᠦᠮᠦᠵᠢᠭᠦᠯᠬᠦ ᠠᠭᠤᠯᠭ᠎ᠠ ᠨᠢ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ | ᠣᠯᠣᠰ ᠤᠨ ᠰᠣᠷᠭᠠᠨ ᠬᠦᠮᠦᠵᠢᠯ ᠤᠨ ᠪᠠᠷᠢᠮᠵᠢᠶ᠎ᠡ ᠳᠤ ᠲᠣᠬᠢᠷᠠᠬᠤ ᠬᠡᠮᠵᠢᠶ᠎ᠡ ᠶᠢ ᠨᠣᠲᠠᠯᠠᠨ᠎ᠠ᠃ ᠡᠨᠡ ᠨᠢ ᠲᠡᠭᠡᠳᠦ | ᠰᠣᠷᠭᠠᠭᠤᠯᠢ ᠶᠢᠨ ᠣᠯᠣᠰ ᠤᠨ ᠬᠢᠨᠠᠨ ᠲᠣᠭᠲᠠᠭᠠᠬᠤ ᠶᠠᠪᠣᠴᠠ ᠳᠤ ᠣᠷᠣᠬᠤ ᠴᠢᠬᠤᠯᠠ ᠨᠦᠭᠦᠴᠡᠯ ᠪᠣᠯᠣᠨ᠎ᠠ︔ | ᠣᠯᠣᠰ ᠤᠨ ᠬᠢᠨᠠᠨ ᠲᠣᠭᠲᠠᠭᠠᠯᠲᠠ ᠪᠣᠯ ᠬᠢᠨᠠᠨ ᠲᠣᠭᠲᠠᠭᠠᠬᠤ ᠵᠦᠪᠯᠡᠯ ᠠᠴᠠ ᠬᠠᠣᠯᠢ ᠶᠣᠰᠣᠭᠠᠷ ᠠᠳᠠᠯᠢ ᠪᠣᠰᠣ | ᠲᠦᠷᠦᠯ ᠵᠦᠢᠯ ᠪᠠ ᠠᠩᠭᠢᠯᠠᠯ ᠤᠨ ᠲᠡᠭᠡᠳᠦ ᠰᠣᠷᠭᠠᠭᠤᠯᠢ ᠶᠢᠨ ᠣᠯᠣᠰ ᠤᠨ ᠪᠠᠶᠢᠷᠢ ᠰᠠᠭᠤᠷᠢ ᠶᠢ ᠨᠣᠲᠠᠯᠠᠵᠦ᠂ ᠬᠢᠨᠠᠨ | ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ ᠲᠡᠭᠡᠳᠦ ᠰᠣᠷᠭᠠᠭᠤᠯᠢ ᠳᠤ ᠵᠣᠬᠢᠬᠤ ᠬᠡᠮᠵᠢᠶᠡᠨ ᠤ ᠡᠷᠬᠡ ᠮᠡᠳᠡᠯ | ᠣᠯᠭᠤᠨ᠎ᠠ᠃ ᠲᠡᠭᠡᠳᠦ ᠰᠣᠷᠭᠠᠭᠤᠯᠢ ᠶᠢᠨ ᠶᠡᠷᠦᠩᠬᠡᠶᠢᠯᠡᠭᠰᠡᠨ ᠦᠨᠡᠯᠡᠯᠲᠡ ᠳᠤ᠂ ᠲᠡᠭᠡᠳᠦ ᠰᠣᠷᠭᠠᠭᠤᠯᠢ ᠨᠢ | ᠵᠦᠪᠰᠢᠶᠡᠷᠡᠯ ᠢ ᠪᠠᠳᠣᠯᠠᠪᠠᠯ ᠰᠠᠶ᠋ᠢ ᠰᠣᠷᠭᠠᠭᠤᠯᠢ ᠡᠷᠬᠢᠯᠡᠬᠦ ᠵᠦᠪᠰᠢᠶᠡᠷᠡᠯ ᠢ ᠣᠯᠬᠤ ᠶᠢᠨ ᠬᠠᠮᠲᠦ ᠰᠢᠯᠭᠠᠨ | ᠲᠣᠭᠲᠠᠭᠠᠬᠤ ᠶᠠᠪᠣᠴᠠ ᠳᠤ ᠣᠷᠣᠵᠦ ᠴᠢᠳᠠᠨ᠎ᠠ︔ ᠬᠡᠷᠪᠡ ᠲᠡᠭᠡᠳᠦ ᠰᠣᠷᠭᠠᠭᠤᠯᠢ ᠰᠢᠯᠭᠠᠨ ᠲᠣᠭᠲᠠᠭᠠᠯᠲᠠ ᠬᠢᠭᠰᠡᠨ | ᠦᠭᠡᠢ ᠪᠣᠯ ᠣᠯᠣᠰ ᠤᠨ ᠰᠢᠯᠭᠠᠨ ᠲᠣᠭᠲᠠᠭᠠᠯᠲᠠ ᠶᠢᠨ ᠶᠠᠪᠣᠴᠠ ᠳᠤ ᠣᠷᠣᠵᠦ ᠲᠡᠶᠢᠯᠬᠦ ᠦᠭᠡᠢ︔ ᠲᠡᠭᠡᠳᠦ | ᠰᠣᠷᠭᠠᠭᠤᠯᠢ ᠵᠦᠪᠬᠡᠨ ᠣᠯᠣᠰ ᠤᠨ ᠬᠢᠨᠠᠨ ᠲᠣᠭᠳᠠᠭᠠᠯᠲᠠ ᠶᠢ ᠦᠩᠭᠡᠷᠡᠭᠡᠪᠡᠯ ᠰᠠᠶ᠋ᠢ ᠲᠡᠭᠦᠰᠬᠦ ᠰᠣᠷᠣᠭᠴᠢᠳ ᠲᠤ | ᠣᠯᠣᠰ ᠠᠴᠠ ᠮᠡᠳᠡᠷᠡᠭᠰᠡᠨ ᠲᠡᠭᠦᠰᠬᠦ ᠦᠨᠡᠮᠯᠡᠯ ᠢ ᠣᠯᠭᠤᠬᠤ ᠡᠷᠬᠡ ᠲᠠᠢ ᠮᠦᠷᠲᠡᠬᠡᠨ ᠡᠳ᠋ ᠤᠨ ᠵᠠᠰᠠᠭ ᠠᠴᠠ ᠮᠦᠩᠭᠦ | ᠭᠠᠷᠭᠠᠬᠤ ᠪᠠ ᠪᠣᠰᠣᠳ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠦᠷᠲᠡᠨ᠎ᠡ᠃ ᠡᠶᠢᠮᠦᠷᠬᠦᠦ ᠦᠨᠡᠯᠡᠨ ᠵᠢᠱᠢᠭᠰᠡᠨ | ᠦᠷ᠎ᠡ ᠳ᠋ᠦᠩ ᠢ ᠦᠨᠳᠦᠰᠦᠯᠡᠨ ᠨᠣᠲᠠᠯᠠᠭᠰᠠᠨ ᠳᠡᠭᠡᠳᠦ ᠰᠣᠷᠭᠠᠭᠤᠯᠢ ᠶᠢᠨ ᠪᠠᠶᠢᠷᠢ ᠰᠠᠭᠤᠷᠢ ᠶᠢᠨ ᠴᠢᠨᠠᠷ | ᠴᠢᠨᠰᠠᠭ᠎ᠠ ᠶᠢ ᠦᠨᠡᠯᠡᠨ ᠵᠢᠱᠢᠭᠰᠡᠨ ᠬᠡᠪ ᠵᠠᠭᠪᠣᠷ ᠨᠢ ᠣᠯᠠᠩᠭᠢ ᠣᠯᠣᠰ ᠲᠤ ᠣᠳᠣᠬᠠᠨ ᠳᠤ ᠵᠢᠱᠢᠶ᠎ᠡ ᠦᠭᠡᠢ᠂ | ᠣᠷᠣᠰ ᠤᠨ ᠳᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠭᠠᠳᠠᠭᠠᠳᠦ ᠴᠢᠨᠠᠷ ᠴᠢᠨᠰᠠᠭ᠎ᠠ ᠶᠢ ᠪᠠᠲᠣᠯᠠᠬᠤ | ᠲᠣᠭᠲᠠᠴᠠ ᠶᠢᠨ ᠨᠢᠭᠡ ᠶᠡᠭᠡ ᠣᠨᠴᠠᠯᠢᠭ ᠪᠣᠯᠵᠠᠢ᠃ | 3. ᠲᠡᠭᠡᠳᠦ ᠰᠣᠷᠭᠠᠭᠤᠯᠢ ᠶᠢᠨ ᠨᠡᠷᠡᠰ ᠤᠨ ᠵᠢᠭᠰᠠᠭᠠᠯᠲᠠ ᠶᠢ ᠲᠦᠷᠢᠮᠵᠢᠭᠦᠯᠦᠭᠰᠡᠨ | ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠪᠠᠲᠣᠯᠠᠬᠤ ᠶᠢᠨ ᠲᠦᠯᠦᠭᠡ ᠣᠷᠣᠰ ᠤᠨ | ᠰᠣᠷᠭᠠᠨ ᠬᠦᠮᠦᠵᠢᠯ ᠤᠨ ᠶᠠᠮᠣᠨ ᠦᠨᠡᠯᠡᠨ ᠵᠢᠱᠢᠬᠦ ᠠᠷᠭ᠎ᠠ ᠪᠠᠷ ᠲᠡᠭᠡᠳᠦ ᠰᠣᠷᠭᠠᠭᠤᠯᠢ ᠶᠢ ᠬᠠᠮᠢᠶᠠᠷᠬᠤ ᠪᠠᠷ ᠪᠠᠷᠠᠬᠤ | ᠦᠭᠡᠢ ᠪᠠᠰᠠ ᠲᠡᠭᠡᠳᠦ ᠰᠣᠷᠭᠠᠭᠤᠯᠢ ᠶᠢᠨ ᠨᠡᠷᠡᠰ ᠤᠨ ᠵᠢᠭᠰᠠᠭᠠᠯᠲᠠ ᠶᠢ ᠲᠦᠷᠢᠮᠵᠢᠭᠦᠯᠬᠦ ᠠᠷᠭ᠎ᠠ ᠮᠠᠶ᠋ᠢᠭ ᠢᠶᠠᠷ | ᠲᠠᠮᠵᠢᠭᠤᠯᠣᠨ ᠲᠡᠭᠡᠳᠦ ᠰᠣᠷᠭᠠᠭᠤᠯᠢ ᠶᠢᠨ ᠲᠣᠰ ᠪᠡᠶ᠎ᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ | ᠲᠡᠭᠡᠭᠰᠢᠯᠡᠭᠦᠯᠬᠦ ᠶᠢ ᠵᠣᠷᠢᠬᠵᠢᠭᠤᠯᠣᠨ᠎ᠠ᠃ ᠲᠡᠭᠡᠳᠦ ᠰᠣᠷᠭᠠᠭᠤᠯᠢ ᠶᠢᠨ ᠨᠡᠷᠡᠰ ᠤᠨ ᠵᠢᠭᠰᠠᠭᠠᠯᠲᠠ ᠭᠡᠳᠡᠭ ᠨᠢ ᠵᠣᠬᠢᠬᠤ | ᠦᠨᠡᠯᠡᠯᠲᠡ ᠶᠢᠨ ᠭᠦᠢᠴᠡᠳᠭᠡᠯ ᠲᠤᠭ᠎ᠠ ᠶᠢᠨ ᠰᠢᠰᠲ᠋ᠧᠮ ᠶᠣᠰᠣᠭᠠᠷ ᠲᠡᠭᠡᠳᠦ ᠰᠣᠷᠭᠠᠭᠤᠯᠢ ᠳᠤ ᠬᠤᠪᠢ ᠲᠣᠭᠲᠠᠭᠠᠵᠦ᠂ | ᠬᠤᠪᠢ ᠶᠢᠨ ᠭᠡᠮᠵᠢᠶ᠎ᠡ ᠪᠠᠷ ᠲᠡᠭᠡᠳᠦ ᠰᠣᠷᠭᠠᠭᠤᠯᠢ ᠳᠤ ᠨᠡᠷᠡᠰ ᠤᠨ ᠵᠢᠭᠰᠠᠭᠠᠯᠲᠠ ᠬᠢᠬᠦ ᠶᠢ ᠵᠢᠭᠠᠵᠦ ᠪᠠᠶᠢᠨ᠎ᠠ᠃ | 1990 ᠣᠨ ᠠᠴᠠ ᠡᠬᠢᠯᠡᠨ᠂ ᠣᠷᠣᠰ ᠤᠨ ᠰᠣᠷᠭᠠᠨ ᠬᠦᠮᠦᠵᠢᠯ ᠤᠨ ᠶᠠᠮᠣᠨ ᠠᠴᠠ ᠳᠡᠭᠡᠳᠦ ᠰᠣᠷᠭᠠᠭᠤᠯᠢ ᠶᠢᠨ | ᠨᠡᠷᠡᠰ ᠤᠨ ᠵᠢᠭᠰᠠᠭᠠᠯᠲᠠ ᠶᠢᠨ ᠠᠷᠭ᠎ᠠ ᠶᠢ ᠡᠬᠢᠯᠡᠨ ᠰᠣᠳᠣᠯᠣᠨ ᠦᠢᠯᠡᠳᠴᠦ᠂ 2000 ᠣᠨ ᠠᠴᠠ ᠡᠬᠢᠯᠡᠨ | ᠬᠡᠷᠡᠭᠵᠢᠭᠦᠯᠪᠡ᠃ ᠪᠣᠲᠠᠲᠠᠢ ᠪᠠᠷ ᠬᠡᠯᠡᠪᠡᠯ᠂ ᠣᠷᠣᠰ ᠤᠨ ᠰᠣᠷᠭᠠᠨ ᠬᠦᠮᠦᠵᠢᠯ ᠤᠨ ᠶᠠᠮᠣᠨ ᠠᠴᠠ ᠵᠣᠬᠢᠶᠠᠨ | ᠪᠠᠶᠢᠭᠤᠯᠣᠭᠰᠠᠨ ᠳᠡᠭᠡᠳᠦ ᠰᠣᠷᠭᠠᠭᠤᠯᠢ ᠶᠢᠨ ᠨᠡᠷᠡᠰ ᠤᠨ ᠵᠢᠭᠰᠠᠭᠠᠯᠲᠠ ᠶᠢᠨ ᠦᠨᠡᠯᠡᠬᠦ ᠭᠦᠢᠴᠡᠳᠭᠡᠯ ᠲᠤᠭ᠎ᠠ ᠶᠢᠨ | ᠰᠢᠰᠲ᠋ᠧᠮ ᠨᠢ ᠭᠤᠣᠯᠳᠠᠭᠤ ᠲᠠᠯᠳᠠ ᠬᠦᠴᠦᠨ ᠪᠠ ᠢᠳᠡᠪᠬᠢᠵᠢᠯ ᠬᠤᠶᠠᠷ ᠲᠠᠯ᠎ᠠ ᠶᠢ ᠪᠠᠭᠲᠠᠭᠠᠨ᠎ᠠ᠂ ᠡᠭᠦᠨ ᠳᠤ ᠲᠠᠯᠳᠠ | ᠬᠦᠴᠦᠨ ᠤ ᠭᠦᠢᠴᠡᠳᠭᠡᠯ ᠲᠣᠭᠠᠨ ᠳᠤ ᠣᠶᠣᠨ ᠴᠢᠳᠠᠪᠦᠷᠢ ᠶᠢᠨ ᠲᠠᠯᠳᠠ ᠬᠦᠴᠦᠨ ︵ᠪᠠᠭᠰᠢ ᠶᠢᠨ ᠪᠦᠲᠦᠴᠡ ᠪᠠ | ᠬᠢᠷᠢ ᠬᠡᠮᠵᠢᠶ᠎ᠡ︶᠂ ᠪᠣᠳᠠᠰ ᠤᠨ ᠮᠡᠳᠡᠭᠡ ᠵᠠᠩᠭᠢ ᠶᠢᠨ ᠰᠠᠭᠤᠷᠢ ︵ᠵᠢᠭᠠᠨ ᠰᠣᠷᠭᠠᠯᠲᠠ ᠶᠢᠨ ᠲᠣᠷᠰᠢᠯᠲᠠ ᠶᠢᠨ ᠰᠠᠭᠤᠷᠢᠨ | ᠭᠠᠵᠠᠷ᠂ ᠵᠢᠭᠠᠨ ᠰᠣᠷᠭᠠᠯᠲᠠ ᠶᠢᠨ ᠬᠡᠮᠵᠢᠭᠦᠷᠯᠢᠭ ᠤᠨ ᠪᠠᠲᠣᠯᠠᠭ᠎ᠠ᠂ ᠨᠣᠮ ᠪᠢᠴᠢᠭ ᠤᠨ ᠡᠬᠢ ᠪᠠᠶᠠᠯᠢᠭ ᠵᠡᠷᠭᠡ︶ ᠬᠢᠭᠡᠳ | ᠨᠡᠶᠢᠭᠡᠮ ᠤᠨ ᠰᠣᠶᠣᠯ ᠤᠨ ᠰᠠᠭᠤᠷᠢ ︵ᠪᠠᠶᠢᠷᠢ ᠶᠢᠨ ᠨᠦᠭᠦᠴᠡᠯ᠂ ᠢᠳᠡᠭᠡᠨ ᠣᠮᠳᠠᠭᠠᠨ ᠤ ᠪᠠᠲᠣᠯᠠᠭ᠎ᠠ᠂ ᠲᠠᠮᠢᠷ ᠤᠨ | ᠲᠠᠯᠠᠪᠣᠷ ᠤᠨ ᠲᠦᠭᠦᠭᠡᠷᠦᠮᠵᠢ ᠵᠡᠷᠭᠡ︶ ᠶᠢ ᠪᠠᠭᠲᠠᠭᠠᠨ᠎ᠠ︔ ᠢᠳᠡᠪᠬᠢᠵᠢᠯ ᠤᠨ ᠭᠦᠢᠴᠡᠳᠭᠡᠯ ᠲᠤᠭ᠎ᠠ ᠨᠢ | ᠴᠢᠳᠠᠪᠦᠷᠢᠲᠠᠨ ᠢ ᠬᠦᠮᠦᠵᠢᠭᠦᠯᠬᠦ ᠴᠢᠨᠠᠷ ᠴᠢᠨᠰᠠᠭ᠎ᠠ ︵ᠦᠨᠳᠦᠰᠦᠨ ᠠᠩᠭᠢ ᠠᠴᠠ ᠲᠡᠭᠦᠰᠦᠭᠰᠡᠨ ᠰᠣᠷᠣᠭᠴᠢ ᠪᠠ | ᠠᠰᠫᠢᠷᠠᠨᠲ ᠬᠦᠮᠦᠵᠢᠭᠦᠯᠬᠦ ᠴᠢᠨᠠᠷ ᠴᠢᠨᠰᠠᠭ᠎ᠠ᠂ ᠲᠡᠭᠡᠳᠦ ᠮᠡᠷᠭᠡᠵᠢᠯ ᠤᠨ ᠬᠢᠷᠢ ᠲᠦᠪᠰᠢᠨ ᠲᠠᠢ ᠴᠢᠳᠠᠪᠦᠷᠢᠲᠡᠨ | ᠬᠦᠮᠦᠵᠢᠭᠦᠯᠬᠦ ᠴᠢᠨᠠᠷ ᠴᠢᠨᠰᠠᠭ᠎ᠠ︶᠂ ᠡᠷᠳᠡᠮ ᠰᠢᠨᠵᠢᠯᠡᠭᠡᠨ ᠤ ᠦᠷ᠎ᠡ ᠪᠦᠳᠦᠭᠡᠯ ᠤᠨ ᠬᠡᠷᠡᠴᠢᠯᠡᠯ ᠪᠠ ᠬᠡᠷᠡᠭᠯᠡᠯᠲᠡ | ᠵᠡᠷᠭᠡ ᠶᠢ ᠪᠠᠭᠳᠠᠭᠠᠨ᠎ᠠ᠃ ᠲᠡᠭᠡᠷᠡᠬᠢ ᠲᠣᠷᠠᠳᠣᠭᠰᠠᠨ ᠣᠷᠣᠰ ᠤᠨ ᠰᠣᠷᠭᠠᠨ ᠬᠦᠮᠦᠵᠢᠯ ᠤᠨ ᠶᠠᠮᠣᠨ ᠤ ᠲᠣᠭᠳᠠᠭᠠᠭᠰᠠᠨ | ᠲᠡᠭᠡᠳᠦ ᠰᠣᠷᠭᠠᠭᠤᠯᠢ ᠶᠢᠨ ᠨᠡᠷᠡᠰ ᠤᠨ ᠭᠦᠢᠴᠡᠳᠭᠡᠯ ᠲᠣᠭᠠᠨ ᠤ ᠰᠢᠰᠲ᠋ᠧᠮ ᠠᠴᠠ ᠮᠡᠳᠡᠵᠦ ᠪᠣᠯᠬᠤ ᠨᠢ ᠰᠣᠷᠭᠠᠨ | ᠬᠦᠮᠦᠵᠢᠯ ᠤᠨ ᠶᠠᠮᠣᠨ ᠤ ᠵᠣᠬᠢᠶᠠᠨ ᠪᠠᠶᠢᠭᠤᠯᠣᠭᠰᠠᠨ ᠲᠡᠭᠡᠳᠦ ᠰᠣᠷᠭᠠᠭᠤᠯᠢ ᠶᠢᠨ ᠨᠡᠷᠡᠰ ᠤᠨ ᠵᠢᠭᠰᠠᠭᠠᠯᠲᠠ ᠨᠢ | ᠪᠣᠰᠣᠳᠴᠢ᠂ ᠪᠦᠬᠦ ᠲᠠᠯ᠎ᠠ ᠶᠢᠨ ᠪᠠᠶᠢᠵᠦ᠂ ᠠᠭᠤᠯᠭ᠎ᠠ ᠨᠢ ᠲᠡᠭᠡᠳᠦ ᠰᠣᠷᠭᠠᠭᠤᠯᠢ ᠶᠢᠨ ᠪᠠᠭᠰᠢ ᠶᠢᠨ ᠬᠢᠷᠢ ᠲᠦᠪᠰᠢᠨ᠂ | ᠪᠣᠳᠠᠰ ᠤᠨ ᠨᠦᠭᠦᠴᠡᠯ ᠪᠠ ᠰᠣᠷᠣᠭᠴᠢ ᠶᠢ ᠬᠦᠮᠦᠵᠢᠭᠦᠯᠬᠦ ᠴᠢᠨᠠᠷ ᠴᠢᠨᠰᠠᠭ᠎ᠠ ᠵᠡᠷᠭᠡ ᠣᠯᠠᠨ ᠲᠠᠯ᠎ᠠ ᠳᠤ | ᠬᠤᠯᠪᠣᠭᠳᠠᠨ᠎ᠠ᠃ | 4. ᠲᠡᠭᠡᠳᠦ ᠰᠣᠷᠭᠠᠭᠤᠯᠢ ᠶᠢᠨ ᠬᠦᠭᠵᠢᠯᠲᠡ ᠶᠢᠨ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠣᠭᠰᠠᠨ | ᠲᠡᠭᠡᠳᠦ ᠰᠣᠷᠭᠠᠭᠤᠯᠢ ᠶᠢᠨ ᠬᠦᠭᠵᠢᠯᠲᠡ ᠶᠢᠨ ᠣᠳᠣᠬᠢ ᠪᠠᠶᠢᠳᠠᠯ ᠬᠢᠭᠡᠳ ᠣᠷᠣᠰᠢᠵᠦ ᠪᠠᠶᠢᠭ᠎ᠠ ᠠᠰᠠᠭᠤᠳᠠᠯ ᠢ | ᠪᠦᠬᠦ ᠲᠠᠯ᠎ᠠ ᠪᠠᠷ ᠣᠶᠢᠯᠠᠭᠠᠬᠤ ᠶᠢᠨ ᠲᠦᠯᠦᠭᠡ ᠲᠡᠭᠡᠳᠦ ᠰᠣᠷᠭᠠᠭᠤᠯᠢ ᠶᠢᠨ ᠴᠢᠨᠠᠷ ᠴᠢᠨᠰᠠᠭ᠎ᠠ ᠶᠢ ᠣᠯᠠᠮ ᠨᠢᠭᠡ | ᠠᠯᠬᠤᠮ ᠲᠡᠭᠡᠭᠰᠢᠯᠡᠭᠦᠯᠵᠦ᠂ ᠣᠷᠣᠰ ᠠᠴᠠ ᠲᠡᠭᠡᠳᠦ ᠰᠣᠷᠭᠠᠭᠤᠯᠢ ᠶᠢᠨ ᠬᠦᠭᠵᠢᠯᠲᠡ ᠶᠢᠨ ᠬᠢᠨᠠᠨ ᠡᠵᠡᠮᠳᠡᠬᠦ | ᠰᠢᠰᠲ᠋ᠧᠮ ᠢ ᠪᠠᠶᠢᠭᠤᠯᠵᠦ᠂ ᠲᠣᠰ ᠰᠢᠰᠲ᠋ᠧᠮ ᠳᠤ ᠬᠤᠯᠪᠣᠭᠠᠳᠦ ᠣᠯᠣᠰ᠂ ᠣᠷᠣᠨ ᠨᠤᠳᠤᠬ ᠪᠠ ᠲᠡᠭᠡᠳᠦ | ᠰᠣᠷᠭᠠᠭᠤᠯᠢ ᠶᠢᠨ ᠬᠠᠮᠢᠶᠠᠷᠦᠯᠲᠠ ᠶᠢᠨ ᠬᠢᠷᠢ ᠬᠡᠮᠵᠢᠶ᠎ᠡ ᠶᠢ ᠪᠠᠭᠲᠠᠭᠠᠵᠦ᠂ ᠴᠦᠮ ᠲᠡᠭᠡᠳᠦ ᠰᠣᠷᠭᠠᠭᠤᠯᠢ ᠪᠠᠷ | ᠰᠣᠶᠣᠯ ᠤᠨ ᠬᠢᠨᠠᠨ ᠡᠵᠡᠮᠳᠡᠬᠦ ᠲᠦᠪ ᠪᠣᠯᠭᠠᠵᠦ ᠪᠣᠢ᠂ ᠣᠷᠣᠰ ᠤᠨ ᠬᠤᠯᠪᠣᠭᠠᠨ ᠤ ᠰᠣᠷᠭᠠᠨ ᠬᠦᠮᠦᠵᠢᠯ ᠤᠨ ᠴᠢᠨᠠᠷ | ᠴᠢᠨᠰᠠᠭ᠎ᠠ ᠶᠢ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠵᠦ᠂ ᠡᠭᠦᠨ ᠤ ᠣᠯᠠᠮ ᠠᠴᠠ ᠣᠷᠣᠰ ᠤᠨ ᠰᠣᠷᠭᠠᠨ | ᠬᠦᠮᠦᠵᠢᠯ ᠤᠨ ᠰᠢᠰᠲ᠋ᠧᠮ ᠤᠨ ᠠᠮᠢ ᠠᠬᠤᠢ᠂ ᠠᠵᠦ ᠠᠬᠤᠢ ᠪᠠ ᠨᠡᠶᠢᠭᠡᠮ ᠤᠨ ᠦᠷ᠎ᠡ ᠠᠰᠢᠭ ᠢ ᠲᠡᠭᠡᠭᠰᠢᠯᠡᠭᠦᠯᠦᠨ᠎ᠡ᠃ | ᠡᠨᠡ ᠨᠢ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠬᠦᠭᠵᠢᠯᠲᠡ ᠶᠢᠨ ᠪᠠᠶᠢᠳᠠᠯ ᠢ ᠠᠵᠢᠭᠯᠠᠬᠤ᠂ ᠵᠠᠳᠠᠯᠬᠤ᠂ | ᠣᠨᠣᠰᠢᠯᠠᠬᠤ ᠪᠠ ᠲᠦᠰᠦᠭᠡᠯᠡᠬᠦ ᠲᠦᠷᠢᠮ ᠤᠨ ᠪᠠᠲᠣᠯᠠᠭ᠎ᠠ ᠶᠢᠨ ᠠᠷᠭ᠎ᠠ ᠭᠡᠮᠵᠢᠶ᠎ᠡ ᠪᠣᠯᠣᠭᠰᠠᠨ ᠤ ᠬᠤᠪᠢ ᠳᠤ᠂ | ᠣᠷᠣᠰ ᠠᠴᠠ ᠲᠡᠭᠡᠳᠦ ᠰᠣᠷᠭᠠᠭᠤᠯᠢ ᠶᠢᠨ ᠬᠦᠭᠵᠢᠯᠲᠡ ᠶᠢᠨ ᠬᠢᠨᠠᠨ ᠡᠵᠡᠮᠳᠡᠬᠦ ᠰᠢᠰᠲ᠋ᠧᠮᠵᠢ ᠶᠢ ᠪᠠᠶᠢᠭᠤᠯᠬᠤ ᠶᠢᠨ | ᠵᠣᠷᠢᠯᠭ᠎ᠠ ᠪᠣᠯ ᠴᠢᠨᠠᠷ ᠴᠢᠨᠰᠠᠭ᠎ᠠ ᠶᠢᠨ ᠲᠦᠯᠦᠪᠵᠢᠭᠦᠯᠭᠡ ᠶᠢᠨ ᠬᠠᠷᠠᠭᠠᠰᠦ ᠨᠢ ᠲᠡᠭᠡᠳᠦ ᠰᠣᠷᠭᠠᠭᠤᠯᠢ ᠶᠢᠨ | ᠬᠦᠭᠵᠢᠯᠲᠡ ᠶᠢᠨ ᠣᠳᠣᠬᠢ ᠪᠠᠶᠢᠳᠠᠯ ᠪᠣᠯᠣᠨ ᠬᠠᠨᠳᠣᠰᠢ ᠶᠢ ᠦᠨᠡᠯᠡᠨ ᠵᠢᠱᠢᠵᠦ᠂ ᠲᠡᠭᠡᠳᠦ ᠵᠡᠷᠭᠡ ᠶᠢᠨ ᠰᠣᠷᠭᠠᠨ | ᠬᠦᠮᠦᠵᠢᠯ ᠤᠨ ᠴᠢᠨᠠᠷ ᠴᠢᠨᠰᠠᠭ᠎ᠠ ᠶᠢᠨ ᠬᠠᠮᠢᠶᠠᠷᠦᠯᠲᠠ ᠶᠢᠨ ᠪᠠᠶᠢᠷᠢ ᠲᠣᠭᠲᠠᠭᠠᠯᠲᠠ ᠶᠢ ᠴᠢᠩᠭᠠᠳᠬᠠᠬᠤ ᠶᠢᠨ ᠲᠦᠯᠦᠭᠡ | ᠶᠣᠮ᠃ ᠶᠡᠷᠦᠩᠬᠡᠢ ᠳᠤ ᠨᠢ ᠠᠪᠴᠦ ᠬᠡᠯᠡᠪᠡᠯ᠂ ᠣᠷᠣᠰ ᠤᠨ ᠲᠡᠭᠡᠳᠦ ᠰᠣᠷᠭᠠᠭᠤᠯᠢ ᠶᠢᠨ ᠬᠦᠭᠵᠢᠯᠲᠡ ᠶᠢᠨ ᠬᠢᠨᠠᠨ | ᠡᠵᠡᠮᠳᠡᠬᠦ ᠭᠦᠢᠴᠡᠳᠭᠡᠯ ᠲᠣᠭᠠᠨ ᠳᠤ ᠭᠤᠣᠯᠳᠠᠭᠤ ᠲᠣᠰᠬᠠᠢ ᠮᠡᠷᠭᠡᠵᠢᠯᠲᠡᠨ ︵ᠣᠷᠣᠰ ᠤᠨ ᠦᠨᠳᠦᠰᠦᠨ ᠠᠩᠭᠢ ᠶᠢᠨ | ᠰᠣᠷᠣᠭᠴᠢ ᠲᠡᠭᠦᠰᠦᠭᠰᠡᠨ ᠤ ᠲᠠᠷᠠᠭ᠎ᠠ ︽ᠲᠣᠰᠬᠠᠢ ᠮᠡᠷᠭᠡᠵᠢᠯᠲᠡᠨ︾ ᠰᠣᠷᠣᠯᠭ᠎ᠠ ᠲᠡᠭᠦᠰᠦᠭᠰᠡᠨ ᠦᠨᠡᠮᠯᠡᠯ ᠣᠯᠬᠤ︶ ᠢ | ᠬᠦᠮᠦᠵᠢᠭᠦᠯᠬᠦ ᠴᠢᠨᠠᠷ ᠴᠢᠨᠰᠠᠭ᠎ᠠ᠂ ᠵᠢᠭᠠᠨ ᠰᠣᠷᠭᠠᠯᠲᠠ ᠶᠢᠨ ᠪᠣᠳᠠᠰ ᠤᠨ ᠰᠠᠭᠤᠷᠢ ᠪᠠᠲᠣᠯᠠᠭ᠎ᠠ᠂ ᠫᠷᠦᠹᠧᠰᠰᠦᠷ ᠤᠨ | ᠬᠢᠷᠢ ᠲᠦᠪᠰᠢᠨ᠂ ᠨᠡᠶᠢᠭᠡᠮ ᠤᠨ ᠳᠡᠭᠡᠳᠦ ᠰᠣᠷᠭᠠᠭᠤᠯᠢ ᠲᠡᠭᠦᠰᠦᠭᠰᠡᠳ ᠤᠨ ᠬᠡᠷᠡᠭᠴᠡᠭᠡ ᠱᠠᠭᠠᠷᠳᠠᠯᠭ᠎ᠠ ᠵᠡᠷᠭᠡ | ᠪᠠᠭᠲᠠᠨ᠎ᠠ᠃ | ᠬᠤᠶᠠᠷ᠂ ᠣᠷᠣᠰ ᠤᠨ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ | ᠲᠣᠳᠣᠭᠠᠳᠦ ᠶᠢᠨ ᠴᠢᠨᠠᠷ ᠴᠢᠨᠰᠠᠭ᠎ᠠ ᠶᠢ ᠪᠠᠲᠣᠯᠠᠬᠤ ᠠᠷᠭ᠎ᠠ ᠪᠣᠳᠣᠯᠭ᠎ᠠ | ᠣᠷᠣᠰ ᠲᠤ ᠳᠡᠭᠡᠳᠦ ᠵᠡᠷᠭᠡ ᠶᠢᠨ ᠰᠣᠷᠭᠠᠭᠤᠯᠢ ᠶᠢᠨ ᠲᠣᠳᠣᠭᠠᠳᠦ ᠶᠢᠨ ᠴᠢᠨᠠᠷ ᠴᠢᠨᠰᠠᠭ᠎ᠠ ᠶᠢᠨ ᠪᠠᠲᠣᠯᠠᠭ᠎ᠠ ᠨᠢ | ᠭᠤᠣᠯᠳᠠᠭᠤ ᠳᠡᠭᠡᠳᠦ ᠰᠣᠷᠭᠠᠭᠤᠯᠢ ᠨᠤᠭᠤᠳ ᠲᠣᠳᠣᠭᠠᠳᠦ ᠶᠢᠨ ᠴᠢᠨᠠᠷ ᠴᠢᠨᠰᠠᠭ᠎ᠠ ᠶᠢᠨ ᠪᠠᠲᠣᠯᠠᠭ᠎ᠠ ᠪᠠ | ᠬᠠᠮᠢᠶᠠᠷᠦᠯᠲᠠ ᠶᠢᠨ ᠰᠢᠰᠲ᠋ᠧᠮ ᠢ ᠪᠠᠶᠢᠭᠤᠯᠬᠤ᠂ ᠵᠢᠭᠠᠨ ᠰᠣᠷᠭᠠᠯᠲᠠ ᠶᠢᠨ ᠴᠢᠨᠠᠷ ᠴᠢᠨᠰᠠᠭ᠎ᠠ ᠶᠢ ᠴᠢᠩᠭᠠᠳᠬᠠᠬᠤ ᠪᠠ | ᠰᠣᠷᠣᠭᠴᠢᠳ ᠤᠨ ᠰᠣᠷᠣᠯᠭ᠎ᠠ ᠶᠢᠨ ᠬᠢᠷᠢ ᠪᠦᠲᠦᠮᠵᠢ ᠶᠢ ᠦᠨᠡᠯᠡᠬᠦ ᠵᠡᠷᠭᠡ ᠠᠷᠭ᠎ᠠ ᠬᠡᠮᠵᠢᠶ᠎ᠡ ᠶᠢ ᠪᠠᠭᠳᠠᠭᠠᠪᠠ᠃ ᠳᠡᠭᠡᠳᠦ | ᠰᠣᠷᠭᠠᠭᠤᠯᠢ ᠶᠢᠨ ᠳᠣᠳᠣᠭᠠᠳᠦ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠪᠠᠲᠣᠯᠠᠭ᠎ᠠ ᠶᠢ ᠭᠤᠣᠯᠴᠢᠯᠠᠬᠤ | ᠪᠣᠯ ᠣᠷᠣᠰ ᠤᠨ ᠳᠡᠭᠡᠳᠦ ᠰᠣᠷᠭᠠᠭᠤᠯᠢ ᠶᠢᠨ ᠣᠣᠯ ᠤᠨ ᠣᠯᠠᠮᠵᠢᠯᠠᠯᠲᠦ ᠠᠷᠭ᠎ᠠ ᠪᠣᠯᠣᠨ᠎ᠠ᠃ ᠰᠢᠨ᠎ᠡ ᠴᠠᠭ ᠦᠶ᠎ᠡ ᠶᠢᠨ | ᠣᠷᠣᠰ ᠤᠨ ᠳᠡᠭᠡᠳᠦ ᠰᠣᠷᠭᠠᠭᠤᠯᠢ ᠶᠢᠨ ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ ᠰᠢᠰᠲ᠋ᠧᠮ ᠨᠢᠭᠡᠨᠲᠡ ᠳᠦᠷᠢᠮᠵᠢᠭᠰᠡᠨ | ᠪᠦᠳᠦᠴᠡ ᠪᠣᠯᠵᠦ᠂ ᠡᠯ᠎ᠡ ᠳᠡᠭᠡᠳᠦ ᠰᠣᠷᠭᠠᠭᠤᠯᠢ ᠴᠦᠮ ᠲᠣᠳᠣᠭᠠᠳᠦ ᠶᠢᠨ ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ | ᠰᠢᠰᠲ᠋ᠧᠮ ᠪᠠ ᠬᠠᠮᠢᠶᠠᠷᠦᠯᠲᠠ ᠶᠢᠨ ᠰᠢᠰᠲ᠋ᠧᠮ ᠢ ᠪᠠᠶᠢᠭᠤᠯᠬᠤ ᠪᠠᠷ ᠴᠢᠷᠮᠠᠶᠢᠬᠤ ᠶᠢᠨ ᠬᠠᠮᠲᠦ ᠵᠢᠭᠠᠨ ᠰᠣᠷᠭᠠᠯᠲᠠ ᠶᠢᠨ | ᠴᠢᠨᠠᠷ ᠴᠢᠨᠰᠠᠭ᠎ᠠ ᠬᠢᠭᠡᠳ ᠰᠣᠷᠣᠭᠴᠢᠳ ᠤᠨ ᠰᠣᠷᠣᠯᠭ᠎ᠠ ᠶᠢᠨ ᠬᠢᠷᠢ ᠪᠦᠲᠦᠮᠵᠢ ᠶᠢᠨ ᠦᠨᠡᠯᠡᠯᠲᠡ ᠶᠢ | ᠴᠢᠩᠭᠠᠳᠬᠠᠪᠠ᠃ | 1. ᠳᠡᠭᠡᠳᠦ ᠰᠣᠷᠭᠠᠭᠤᠯᠢ ᠶᠢᠨ ᠲᠣᠳᠣᠭᠠᠳᠦ ᠶᠢᠨ ᠴᠢᠨᠠᠷ ᠴᠢᠨᠰᠠᠭ᠎ᠠ ᠶᠢᠨ ᠪᠠᠳᠣᠯᠠᠭ᠎ᠠ ᠶᠢᠨ ᠰᠢᠰᠲ᠋ᠧᠮ ᠢ | ᠡᠭᠦᠳᠦᠨ ᠪᠠᠶᠢᠭᠤᠯᠣᠭᠰᠠᠨ | ᠣᠷᠣᠰ ᠤᠨ ᠳᠡᠭᠡᠳᠦ ᠰᠣᠷᠭᠠᠭᠤᠯᠢ ᠶᠢᠨ ᠳᠣᠲᠣᠭᠠᠳᠣ ᠶᠢᠨ ᠴᠢᠨᠠᠷ ᠴᠢᠨᠰᠠᠭ᠎ᠠ ᠶᠢ ᠪᠠᠲᠣᠯᠠᠬᠤ ᠰᠢᠰᠲ᠋ᠧᠮ ᠳᠤ | ᠠᠪᠴᠦ ᠬᠡᠯᠡᠪᠡᠯ᠂ ᠨᠢᠭᠡ ᠲᠠᠯ᠎ᠠ ᠪᠠᠷ ᠲᠡᠷᠡ ᠨᠢ ᠳᠡᠭᠡᠳᠦ ᠰᠣᠷᠭᠠᠭᠤᠯᠢ ᠶᠢᠨ ᠰᠣᠷᠭᠠᠨ ᠬᠦᠮᠦᠵᠢᠯ ᠤᠨ ᠠᠵᠢᠯᠯᠠᠭ᠎ᠠ | ᠡᠷᠬᠡᠪᠰᠢ ᠣᠯᠣᠰ ᠤᠨ ᠰᠣᠷᠭᠠᠨ ᠬᠦᠮᠦᠵᠢᠯ ᠤᠨ ᠪᠠᠷᠢᠮᠵᠢᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ | ᠳᠡᠭᠡᠳᠦ ᠰᠣᠷᠭᠠᠭᠤᠯᠢ ᠶᠢ ᠵᠦᠪᠰᠢᠶᠡᠷᠡᠬᠦ᠂ ᠰᠢᠯᠭᠠᠨ ᠲᠣᠭᠲᠠᠭᠠᠬᠤ ᠪᠠ ᠣᠯᠣᠰ ᠤᠨ ᠬᠢᠨᠠᠨ ᠲᠣᠭᠲᠠᠭᠠᠬᠤ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠨᠦᠭᠦᠭᠡ ᠲᠠᠯ᠎ᠠ ᠪᠠᠷ ᠳᠡᠭᠡᠳᠦ ᠰᠣᠷᠭᠠᠭᠤᠯᠢ ᠶᠢᠨ | ᠬᠦᠳᠡᠯᠭᠡᠭᠡᠨ ᠨᠢ ᠬᠦᠳᠡᠯᠮᠦᠷᠢ ᠬᠦᠴᠦᠨ ᠤ ᠵᠠᠬ᠎ᠠ ᠲᠡᠯᠭᠡᠭᠦᠷ ᠤᠨ ᠬᠡᠷᠡᠭᠴᠡᠭᠡᠨ ᠳᠤ ᠨᠡᠶᠢᠴᠡᠭᠰᠡᠨ ᠪᠠᠶᠢᠬᠤ ᠬᠡᠷᠡᠭᠲᠡᠢ᠃ | ᠣᠳᠣᠬᠠᠨ ᠳᠤ ᠣᠷᠣᠰ ᠤᠨ ᠳᠡᠭᠡᠳᠦ ᠰᠣᠷᠭᠠᠭᠤᠯᠢ ᠶᠢᠨ ᠳᠣᠳᠣᠭᠠᠳᠣ ᠶᠢᠨ ᠴᠢᠨᠠᠷ ᠴᠢᠨᠰᠠᠭ᠎ᠠ ᠶᠢᠨ ᠪᠠᠳᠣᠯᠠᠭ᠎ᠠ ᠶᠢᠨ | ᠰᠢᠰᠲ᠋ᠧᠮ ᠨᠢ ᠭᠤᠣᠯᠳᠠᠭᠤ ᠴᠢᠨᠠᠷ ᠴᠢᠨᠰᠠᠭ᠎ᠠ ᠶᠢᠨ ᠲᠦᠯᠦᠪᠵᠢᠭᠦᠯᠭᠡ᠂ ᠴᠢᠨᠠᠷ ᠴᠢᠨᠰᠠᠭ᠎ᠠ ᠶᠢᠨ ᠪᠠᠳᠣᠯᠠᠭ᠎ᠠ᠂ ᠴᠢᠨᠠᠷ | ᠴᠢᠨᠰᠠᠭ᠎ᠠ ᠶᠢᠨ ᠬᠠᠮᠢᠶᠠᠷᠦᠯᠲᠠ ᠪᠠ ᠴᠢᠨᠠᠷ ᠴᠢᠨᠰᠠᠭ᠎ᠠ ᠶᠢᠨ ᠲᠡᠭᠡᠭᠰᠢᠯᠡᠯᠲᠡ ᠵᠡᠷᠭᠡ ᠪᠠᠷ ᠪᠦᠷᠢᠯᠳᠦᠵᠡᠢ᠃ | 2. ᠳᠡᠭᠡᠳᠦ ᠰᠣᠷᠭᠠᠭᠤᠯᠢ ᠶᠢᠨ ᠳᠣᠳᠣᠭᠠᠳᠦ ᠶᠢᠨ ᠴᠢᠨᠠᠷ ᠴᠢᠨᠰᠠᠭ᠎ᠠ ᠶᠢᠨ ᠬᠠᠮᠢᠶᠠᠷᠦᠯᠲᠠ ᠶᠢᠨ ᠰᠢᠰᠲ᠋ᠧᠮ ᠢ | ᠪᠦᠷᠢᠨᠰᠢᠭᠦᠯᠦᠭᠰᠡᠨ | ᠣᠷᠣᠰ ᠤᠨ ᠰᠣᠷᠭᠠᠨ ᠬᠦᠮᠦᠵᠢᠯ ᠤᠨ ᠶᠠᠮᠣᠨ 2000 ᠣᠨ ᠠᠴᠠ ᠡᠬᠢᠯᠡᠨ ︽ᠳᠡᠭᠡᠳᠦ ᠰᠣᠷᠭᠠᠭᠤᠯᠢ ᠶᠢᠨ | ᠳᠣᠳᠣᠭᠠᠳᠦ ᠶᠢᠨ ᠲᠣᠰᠬᠠᠢ ᠮᠡᠷᠭᠡᠵᠢᠯᠲᠡᠨ ᠬᠦᠮᠦᠵᠢᠭᠦᠯᠬᠦ ᠴᠢᠨᠠᠷ ᠴᠢᠨᠰᠠᠭ᠎ᠠ ᠶᠢᠨ ᠪᠠᠳᠣᠯᠠᠭ᠎ᠠ ᠶᠢᠨ ᠰᠢᠰᠲ᠋ᠧᠮᠵᠢ︾ ᠶᠢᠨ | ᠣᠷᠣᠯᠳᠣᠭᠠᠨ ᠢ ᠦᠷᠨᠢᠭᠦᠯᠵᠦ᠂ ᠡᠭᠦᠨ ᠢᠶᠠᠷ ᠳᠡᠭᠡᠳᠦ ᠰᠣᠷᠭᠠᠭᠤᠯᠢ ᠶᠢ ᠦᠪᠡᠷ ᠤᠨ ᠳᠣᠳᠣᠭᠠᠳᠣ ᠶᠢᠨ ᠴᠢᠨᠠᠷ | ᠴᠢᠨᠰᠠᠭ᠎ᠠ ᠶᠢᠨ ᠬᠠᠮᠢᠶᠠᠷᠦᠯᠲᠠ ᠶᠢᠨ ᠰᠢᠰᠲ᠋ᠧᠮ ᠢ ᠪᠠᠶᠢᠭᠤᠯᠵᠦ ᠲᠡᠭᠦᠯᠳᠡᠷᠵᠢᠭᠦᠯᠬᠦ ᠶᠢ ᠠᠬᠢᠭᠤᠯᠪᠠ᠃ ᠣᠷᠣᠰ ᠤᠨ | ᠦᠨᠳᠦᠰᠦᠲᠡᠨ ᠤ ᠠᠷᠠᠯᠵᠢᠶᠠᠨ ᠤ ᠳᠡᠭᠡᠳᠦ ᠰᠣᠷᠭᠠᠭᠤᠯᠢ ᠪᠠᠷ ᠵᠢᠱᠢᠶᠡᠯᠡᠪᠡᠯ᠂ ᠲᠣᠰ ᠰᠣᠷᠭᠠᠭᠤᠯᠢ ᠨᠢ ᠰᠣᠷᠭᠠᠨ | ᠬᠦᠮᠦᠵᠢᠯ ᠤᠨ ᠴᠢᠨᠠᠷ ᠴᠢᠨᠰᠠᠭ᠎ᠠ ᠪᠠᠷ ᠭᠤᠣᠯ ᠪᠣᠯᠭᠠᠵᠦ᠂ ᠨᠡᠯᠢᠶᠡᠳ ᠪᠦᠷᠢᠨ ᠲᠡᠭᠦᠯᠳᠡᠷ ᠳᠡᠭᠡᠳᠦ ᠰᠣᠷᠭᠠᠭᠤᠯᠢ ᠶᠢᠨ | ᠳᠣᠳᠣᠭᠠᠳᠣ ᠶᠢᠨ ᠴᠢᠨᠠᠷ ᠴᠢᠨᠰᠠᠭ᠎ᠠ ᠶᠢᠨ ᠬᠠᠮᠢᠶᠠᠷᠦᠯᠲᠠ ᠶᠢᠨ ᠰᠢᠰᠲ᠋ᠧᠮ ᠢ ᠪᠠᠶᠢᠭᠤᠯᠪᠠ᠃ ᠲᠡᠭᠦᠨ ᠤ ᠪᠦᠲᠦᠴᠡ ᠳᠤ | ᠭᠤᠣᠯᠳᠠᠭᠤ ᠭᠤᠷᠪᠠᠨ ᠰᠢᠰᠲ᠋ᠧᠮ ᠪᠠᠭᠲᠠᠨ᠎ᠠ᠄ ᠨᠢᠭᠡ ᠳᠤ᠂ ᠬᠤᠪᠢᠶᠠᠷᠢ ᠰᠢᠰᠲ᠋ᠧᠮ ᠢ ᠬᠢᠨᠠᠨ ᠬᠡᠮᠵᠢᠵᠦ ᠲᠦᠷᠢᠮᠵᠢᠭᠦᠯᠬᠦ︔ | ᠬᠤᠶᠠᠷ ᠲᠤ᠂ ᠰᠣᠷᠭᠠᠨ ᠬᠦᠮᠦᠵᠢᠯ ᠤᠨ ᠶᠠᠪᠣᠴᠠ ᠶᠢ ᠵᠣᠬᠢᠶᠠᠨ ᠪᠠᠶᠢᠭᠤᠯᠬᠤ ᠪᠠ ᠰᠣᠷᠭᠠᠨ ᠬᠦᠮᠦᠵᠢᠯ ᠤᠨ | ᠦᠢᠯᠡᠴᠢᠯᠡᠭᠡ ᠬᠠᠩᠭᠠᠬᠤ︔ ᠭᠤᠷᠪᠠ ᠳᠤ᠂ ᠰᠣᠷᠭᠠᠨ ᠬᠦᠮᠦᠵᠢᠯ ᠤᠨ ᠶᠠᠪᠣᠴᠠ ᠶᠢᠨ ᠲᠦᠯᠦᠪᠵᠢᠭᠦᠯᠭᠡ ᠬᠢᠭᠡᠳ ᠴᠢᠨᠠᠷ | ᠴᠢᠨᠰᠠᠭ᠎ᠠ ᠶᠢᠨ ᠬᠠᠮᠢᠶᠠᠷᠦᠯᠲᠠ ᠶᠢᠨ ᠬᠤᠪᠢᠶᠠᠷᠢ ᠰᠢᠰᠲ᠋ᠧᠮ ᠪᠣᠯᠣᠨ᠎ᠠ᠃ ᠴᠢᠨᠠᠷ ᠴᠢᠨᠰᠠᠭ᠎ᠠ ᠶᠢᠨ ᠬᠠᠮᠢᠶᠠᠷᠦᠯᠲᠠ ᠶᠢᠨ | ᠬᠤᠪᠢᠶᠠᠷᠢ ᠰᠢᠰᠲ᠋ᠧᠮ ᠳᠤ ᠲᠦᠰᠢᠭᠯᠡᠨ᠂ ᠣᠷᠣᠰ ᠤᠨ ᠦᠨᠳᠦᠰᠦᠲᠡᠨ ᠤ ᠠᠷᠠᠯᠵᠢᠶᠠᠨ ᠤ ᠳᠡᠭᠡᠳᠦ ᠰᠣᠷᠭᠠᠭᠤᠯᠢ ᠴᠢᠨᠠᠷ | ᠴᠢᠨᠰᠠᠭ᠎ᠠ ᠶᠢᠨ ᠬᠠᠮᠢᠶᠠᠷᠦᠯᠲᠠ ᠪᠠ ᠴᠢᠨᠠᠷ ᠴᠢᠨᠰᠠᠭ᠎ᠠ ᠶᠢᠨ ᠲᠦᠯᠦᠪᠵᠢᠭᠦᠯᠭᠡ ᠶᠢ ᠣᠶᠠᠯᠳᠣᠭᠤᠯᠣᠭᠰᠠᠨ | ᠬᠠᠮᠢᠶᠠᠷᠦᠯᠲᠠ ᠶᠢᠨ ᠠᠷᠭ᠎ᠠ ᠪᠣᠳᠣᠯᠭ᠎ᠠ ᠶᠢ ᠲᠣᠭᠲᠠᠭᠠᠭᠰᠠᠨ ᠪᠦᠭᠡᠳ ︽ᠰᠣᠷᠭᠠᠨ ᠬᠦᠮᠦᠵᠢᠯ ᠤᠨ ᠴᠢᠨᠠᠷ | ᠴᠢᠨᠰᠠᠭ᠎ᠠ ᠶᠢᠨ ᠬᠠᠮᠢᠶᠠᠷᠦᠯᠲᠠ ᠶᠢᠨ ᠪᠠᠶᠢᠯᠳᠦᠬᠤ ᠪᠣᠳᠣᠯᠭ᠎ᠠ ᠪᠠ ᠬᠠᠷᠠᠯᠲᠠ ᠶᠢ ᠲᠣᠭᠲᠠᠭᠠᠵᠦ᠂ ᠠᠵᠢᠯᠳᠡᠨ ᠤ ᠲᠠᠯᠳᠠ | ᠬᠦᠴᠦᠨ ᠤ ᠴᠢᠨᠠᠷ ᠴᠢᠨᠰᠠᠭ᠎ᠠ᠂ ᠰᠣᠷᠭᠠᠨ ᠬᠦᠮᠦᠵᠢᠯ ᠤᠨ ᠠᠭᠤᠯᠭ᠎ᠠ ᠶᠢᠨ ᠴᠢᠨᠠᠷ ᠴᠢᠨᠰᠠᠭ᠎ᠠ᠂ ᠰᠣᠷᠭᠠᠨ | ᠬᠦᠮᠦᠵᠢᠯ ᠤᠨ ᠶᠠᠪᠣᠴᠠ ᠶᠢᠨ ᠰᠣᠷᠠᠭ ᠵᠠᠩᠭᠢ ᠶᠢᠨ ᠠᠷᠭ᠎ᠠ ᠶᠢᠨ ᠪᠠᠳᠣᠯᠠᠭ᠎ᠠ᠂ ᠴᠢᠨᠠᠷ ᠴᠢᠨᠰᠠᠭ᠎ᠠ ᠶᠢᠨ ᠦᠨᠡᠯᠡᠯᠲᠡ︾ | ᠪᠠᠷ ᠲᠠᠮᠵᠢᠭᠤᠯᠣᠨ ᠰᠣᠷᠭᠠᠨ ᠬᠦᠮᠦᠵᠢᠯ ᠵᠢᠭᠠᠨ ᠰᠣᠷᠭᠠᠯᠲᠠ ᠶᠢᠨ ᠠᠵᠢᠯᠯᠠᠭ᠎ᠠ ᠬᠠᠩᠭᠠᠬᠤ᠂ ᠴᠠᠭ ᠲᠣᠬᠠᠢ ᠳᠤ ᠨᠢ | ᠬᠠᠷᠢᠭᠤ ᠲᠣᠰᠬᠠᠬᠤ ᠮᠡᠳᠡᠭᠡ ᠵᠠᠩᠭᠢ ᠵᠡᠷᠭᠡ ᠠᠷᠭ᠎ᠠ ᠬᠡᠮᠵᠢᠶ᠎ᠡ ᠶᠢ ᠬᠡᠷᠡᠭᠯᠡᠨ᠂ ᠲᠡᠭᠦᠨ ᠤ ᠴᠢᠨᠠᠷ ᠴᠢᠨᠰᠠᠭ᠎ᠠ ᠶᠢᠨ | ᠬᠠᠮᠢᠶᠠᠷᠦᠯᠲᠠ ᠶᠢ ᠴᠢᠨᠠᠷ ᠴᠢᠨᠰᠠᠭ᠎ᠠ ᠶᠢᠨ ᠪᠠᠳᠣᠯᠠᠭ᠎ᠠ ᠶᠢᠨ ᠡᠩ ᠤᠨ ᠲᠦᠷᠢᠮ ᠤᠨ ᠬᠡᠯᠪᠡᠷᠢ ᠪᠣᠯᠭᠠᠪᠠ᠃ ᠡᠭᠦᠨ ᠠᠴᠠ | ᠦᠵᠡᠪᠡᠯ᠂ ᠣᠷᠣᠰ ᠤᠨ ᠳᠡᠭᠡᠳᠦ ᠰᠣᠷᠭᠠᠭᠤᠯᠢ ᠶᠢᠨ ᠳᠣᠳᠣᠭᠠᠳᠦ ᠶᠢᠨ ᠴᠢᠨᠠᠷ ᠴᠢᠨᠰᠠᠭ᠎ᠠ ᠶᠢᠨ ᠬᠠᠮᠢᠶᠠᠷᠦᠯᠲᠠ ᠶᠢᠨ | ᠰᠢᠰᠲ᠋ᠧᠮ ᠨᠢ ᠴᠢᠳᠠᠪᠦᠷᠢᠲᠡᠨ ᠢ ᠬᠦᠮᠦᠵᠢᠭᠦᠯᠬᠦ ᠬᠠᠷᠠᠯᠲᠠ᠂ ᠰᠣᠷᠭᠠᠨ ᠬᠦᠮᠦᠵᠢᠯ ᠵᠢᠭᠠᠨ ᠰᠣᠷᠭᠠᠯᠲᠠ ᠶᠢᠨ | ᠶᠠᠪᠣᠴᠠ ᠠᠴᠠ ᠰᠣᠷᠭᠠᠨ ᠬᠦᠮᠦᠵᠢᠯ ᠤᠨ ᠦᠷ᠎ᠡ ᠳ᠋ᠦᠩ ᠬᠦᠷᠲᠡᠯᠡᠬᠢ ᠪᠦᠬᠦ ᠲᠠᠯ᠎ᠠ ᠶᠢᠨ ᠴᠢᠨᠠᠷ ᠴᠢᠨᠰᠠᠭ᠎ᠠ ᠶᠢᠨ ᠬᠢᠨᠠᠨ | ᠬᠡᠮᠵᠢᠯᠲᠡ ᠶᠢ ᠴᠢᠬᠤᠯᠠᠴᠢᠯᠠᠨ ᠦᠷᠨᠢᠭᠦᠯᠵᠦ᠂ ᠳᠡᠭᠡᠳᠦ ᠰᠣᠷᠭᠠᠭᠤᠯᠢ ᠶᠢᠨ ᠰᠣᠷᠭᠠᠨ ᠬᠦᠮᠦᠵᠢᠯ ᠵᠢᠭᠠᠨ | ᠰᠣᠷᠭᠠᠯᠲᠠ ᠶᠢᠨ ᠠᠵᠢᠯᠯᠠᠭ᠎ᠠ ᠨᠢ ᠣᠷᠣᠰ ᠤᠨ ᠨᠡᠶᠢᠭᠡᠮ ᠪᠠ ᠣᠯᠣᠰ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ | ᠬᠡᠷᠡᠭᠲᠡᠢ᠃ | 3. ᠵᠢᠭᠠᠨ ᠰᠣᠷᠭᠠᠯᠲᠠ ᠶᠢᠨ ᠴᠢᠨᠠᠷ ᠴᠢᠨᠰᠠᠭ᠎ᠠ ᠬᠢᠭᠡᠳ ᠰᠣᠷᠣᠭᠴᠢ ᠶᠢᠨ ᠰᠣᠷᠣᠯᠭ᠎ᠠ ᠶᠢᠨ ᠬᠢᠷᠢ | ᠪᠦᠳᠦᠮᠵᠢ ᠶᠢᠨ ᠦᠨᠡᠯᠡᠯᠲᠡ ᠶᠢ ᠴᠢᠩᠭᠠᠷᠠᠭᠤᠯᠤᠭᠰᠠᠨ | ᠳᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠶᠢᠨ ᠵᠠᠩᠭᠢᠯᠠᠭ᠎ᠠ ᠨᠢ | ᠭᠤᠣᠯᠳᠠᠭᠤ ᠳᠡᠭᠡᠳᠦ ᠰᠣᠷᠭᠠᠭᠤᠯᠢ ᠶᠢᠨ ᠳᠣᠳᠣᠭᠠᠳᠦ ᠶᠢᠨ ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ ᠠᠵᠢᠯᠯᠠᠭ᠎ᠠ ᠶᠢ | ᠦᠷᠨᠢᠭᠦᠯᠬᠦ ᠳᠤ ᠪᠣᠢ᠂ ᠲᠡᠷᠡ ᠨᠢ ᠳᠡᠭᠡᠳᠦ ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠴᠢᠨᠠᠷ ᠴᠢᠨᠰᠠᠭ᠎ᠠ᠂ | ᠰᠣᠷᠣᠭᠴᠢ ᠶᠢᠨ ᠰᠣᠷᠣᠯᠭ᠎ᠠ ᠶᠢᠨ ᠬᠢᠷᠢ ᠪᠦᠳᠦᠮᠵᠢ ᠵᠡᠷᠭᠡ ᠲᠠᠢ ᠨᠢᠭᠲᠠ ᠬᠤᠯᠪᠣᠭᠳᠠᠵᠤ ᠪᠠᠶᠢᠳᠠᠭ᠃ ᠣᠷᠣᠰ ᠤᠨ | ᠳᠡᠭᠡᠳᠦ ᠰᠣᠷᠭᠠᠭᠤᠯᠢ ᠲᠡᠭᠦᠰᠬᠦ ᠰᠣᠷᠣᠭᠴᠢᠳ ᠢ ᠬᠦᠮᠦᠵᠢᠭᠦᠯᠬᠦ ᠴᠢᠨᠠᠷ ᠴᠢᠨᠰᠠᠭ᠎ᠠ ᠶᠢ ᠠᠩᠬᠠᠷᠬᠤ ᠪᠠᠷ ᠪᠠᠷᠠᠬᠤ ᠦᠭᠡᠢ᠂ | ᠵᠢᠭᠠᠨ ᠰᠣᠷᠭᠠᠯᠲᠠ ᠶᠢᠨ ᠴᠢᠨᠠᠷ ᠴᠢᠨᠰᠠᠭ᠎ᠠ ᠶᠢᠨ ᠪᠠᠲᠣᠯᠠᠭ᠎ᠠ ᠶᠢ ᠨᠡᠩ ᠢᠯᠡᠭᠦᠦ ᠠᠩᠬᠠᠷᠣᠨ᠎ᠠ᠃ ᠣᠷᠣᠰ ᠤᠨ | ᠦᠨᠳᠦᠰᠦᠲᠡᠨ ᠤ ᠠᠷᠠᠯᠵᠢᠶᠠᠨ ᠤ ᠳᠡᠭᠡᠳᠦ ᠰᠣᠷᠭᠠᠭᠤᠯᠢ ᠪᠠᠷ ᠵᠢᠱᠢᠶᠡᠯᠡᠪᠡᠯ᠂ ᠲᠣᠰ ᠰᠣᠷᠭᠠᠭᠤᠯᠢ ᠨᠢ ᠵᠢᠭᠠᠨ | ᠰᠣᠷᠭᠠᠯᠲᠠ ᠶᠢᠨ ᠴᠢᠨᠠᠷ ᠴᠢᠨᠰᠠᠭ᠎ᠠ ᠶᠢ ᠬᠡᠮᠵᠢᠬᠦ ᠭᠦᠢᠴᠡᠳᠭᠡᠯ ᠲᠣᠭᠠᠨ ᠳᠤ ᠭᠤᠣᠯᠳᠠᠭᠤ ᠵᠢᠭᠠᠨ ᠰᠣᠷᠭᠠᠬᠤ | ᠶᠠᠪᠣᠴᠠ ᠶᠢᠨ ᠲᠠᠯᠳᠠ ᠬᠦᠴᠦᠨ ᠪᠠ ᠵᠢᠭᠠᠨ ᠰᠣᠷᠭᠠᠬᠤ ᠶᠠᠪᠣᠴᠠ ᠳᠤ ᠣᠷᠣᠯᠴᠠᠭᠰᠠᠳ ᠤᠨ ᠢᠳᠡᠪᠬᠢᠵᠢᠯ ᠭᠡᠬᠦ | ᠬᠤᠶᠠᠷ ᠲᠠᠯ᠎ᠠ ᠶᠢ ᠪᠠᠭᠲᠠᠭᠠᠳᠠᠭ᠃ ᠡᠭᠦᠨ ᠳᠤ ᠵᠢᠭᠠᠨ ᠰᠣᠷᠭᠠᠬᠤ ᠶᠠᠪᠣᠴᠠ ᠶᠢᠨ ᠲᠠᠯᠳᠠ ᠬᠦᠴᠦᠨ ᠤ ᠭᠦᠢᠴᠡᠳᠭᠡᠯ | ᠲᠣᠭᠠᠨ ᠳᠤ ᠪᠠᠭᠰᠢ ᠶᠢᠨ ᠲᠠᠯᠳᠠ ᠬᠦᠴᠦᠨ᠂ ᠰᠣᠷᠣᠭᠴᠢᠳ ᠤᠨ ᠳᠠᠯᠳᠠ ᠬᠦᠴᠦᠨ᠂ ᠮᠡᠳᠡᠭᠡ ᠵᠠᠩᠭᠢ ᠶᠢᠨ | ᠠᠷᠭ᠎ᠠ ᠶᠢᠨ ᠳᠠᠯᠳᠠ ᠬᠦᠴᠦᠨ᠂ ᠵᠠᠷᠣᠳᠠᠯ ᠤᠨ ᠪᠠᠶᠢᠳᠠᠯ ᠵᠡᠷᠭᠡ ᠪᠠᠭᠲᠠᠨ᠎ᠠ︔ ᠵᠢᠭᠠᠨ ᠰᠣᠷᠭᠠᠯᠲᠠ ᠶᠢᠨ ᠶᠠᠪᠣᠴᠠ ᠳᠤ | ᠣᠷᠣᠯᠴᠠᠭᠴᠢ ᠶᠢᠨ ᠢᠳᠡᠪᠬᠢᠵᠢᠯ ᠤᠨ ᠭᠦᠢᠴᠡᠳᠭᠡᠯ ᠲᠣᠭᠠᠨ ᠳᠤ ᠴᠢᠨᠠᠷ ᠴᠢᠨᠰᠠᠭ᠎ᠠ ᠶᠢᠨ ᠬᠠᠮᠢᠶᠠᠷᠦᠯᠲᠠ ᠶᠢᠨ | ᠪᠠᠶᠢᠭᠤᠯᠣᠮᠵᠢ ᠶᠢᠨ ᠢᠳᠡᠪᠬᠢᠵᠢᠯ᠂ ᠪᠠᠭᠰᠢ ᠶᠢᠨ ᠢᠳᠡᠪᠬᠢᠵᠢᠯ᠂ ᠰᠣᠷᠣᠭᠴᠢ ᠶᠢᠨ ᠢᠳᠡᠪᠬᠢᠵᠢᠯ ᠪᠠᠭᠲᠠᠨ᠎ᠠ᠃ | ᠭᠤᠷᠪᠠ᠂ ᠣᠷᠣᠰ ᠤᠨ ᠳᠡᠭᠡᠳᠦ ᠵᠡᠷᠭᠡ ᠶᠢᠨ ᠰᠣᠷᠭᠠᠨ ᠬᠦᠮᠦᠵᠢᠯ ᠤᠨ | ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ ᠰᠢᠰᠲ᠋ᠧᠮ ᠤᠨ ᠣᠨᠴᠠᠯᠢᠭ | ᠣᠷᠣᠰ ᠤᠨ ᠳᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ | ᠰᠢᠰᠲ᠋ᠧᠮ ᠤᠨ ᠣᠨᠴᠠᠯᠢᠭ ᠨᠢ ᠬᠤᠯᠪᠣᠭᠠᠨ ᠤ ᠵᠠᠰᠠᠭ ᠤᠨ ᠣᠷᠳᠣᠨ ᠢᠶᠠᠷ ᠣᠳᠣᠷᠢᠳᠣᠮᠵᠢ ᠪᠣᠯᠭᠠᠵᠦ᠂ ︽ᠳᠡᠭᠡᠳᠦ | ᠵᠡᠷᠭᠡ ᠶᠢᠨ ᠰᠣᠷᠭᠠᠨ ᠬᠦᠮᠦᠵᠢᠯ ᠤᠨ ᠣᠯᠣᠰ ᠤᠨ ᠰᠣᠷᠭᠠᠨ ᠬᠦᠮᠦᠵᠢᠯ ᠤᠨ ᠪᠠᠷᠢᠮᠵᠢᠶ᠎ᠡ︾ ᠪᠠᠷ ᠲᠦᠰᠢᠭ ᠪᠠ | ᠬᠠᠣᠯᠢ ᠶᠢᠨ ᠦᠨᠳᠦᠰᠦ ᠪᠠᠷᠢᠮᠲᠠ ᠪᠣᠯᠭᠠᠨ᠂ ᠭᠠᠳᠠᠭᠠᠳᠦ ᠴᠢᠨᠠᠷ ᠴᠢᠨᠨᠰᠠᠭᠠ ᠪᠠ ᠳᠣᠳᠣᠭᠠᠳᠦ ᠴᠢᠨᠠᠷ ᠴᠢᠨᠰᠠᠭ᠎ᠠ ᠶᠢᠨ | ᠪᠠᠳᠣᠯᠠᠭ᠎ᠠ ᠶᠢ ᠵᠡᠷᠭᠡ ᠪᠠᠷ ᠴᠢᠬᠤᠯᠠᠴᠢᠯᠠᠵᠦ᠂ ᠵᠠᠬ᠎ᠠ ᠳᠡᠯᠭᠡᠭᠦᠷ᠂ ᠦᠨᠳᠦᠷ ᠪᠦᠲᠦᠮᠵᠢᠲᠡᠢ ᠪᠠ ᠵᠠᠰᠠᠭ ᠤᠨ | ᠣᠷᠳᠣᠨ ᠤ ᠬᠠᠮᠲᠣᠷᠠᠨ ᠬᠦᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠵᠦ᠂ ᠳᠡᠭᠡᠳᠦ ᠰᠣᠷᠭᠠᠭᠤᠯᠢ ᠶᠢᠨ | ᠶᠡᠷᠦᠩᠬᠡᠶᠢᠯᠡᠭᠰᠡᠨ ᠦᠨᠡᠯᠡᠯᠲᠡ ᠶᠢᠨ ᠣᠨᠴᠠᠯᠢᠭ ᠢ ᠲᠣᠪᠤᠶᠢᠯᠭᠠᠨ᠎ᠠ᠃ | 1. ᠵᠠᠰᠠᠭ ᠤᠨ ᠣᠷᠳᠣᠨ ᠢᠶᠠᠷ ᠭᠤᠣᠯᠯᠠᠭᠤᠯᠵᠦ᠂ ᠬᠠᠣᠯᠢ ᠲᠦᠷᠢᠮᠵᠢᠭᠦᠯᠬᠦ ᠪᠠ ᠪᠠᠷᠢᠮᠵᠢᠶᠠᠵᠢᠭᠤᠯᠬᠤ | ᠣᠷᠣᠰ ᠤᠨ ᠳᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ | ᠠᠵᠢᠯᠯᠠᠭᠠᠨ ᠤ ᠪᠦᠬᠦ᠋ᠢᠯᠡ ᠶᠠᠪᠣᠴᠠ ᠨᠢ ᠪᠦᠷ ᠬᠤᠯᠪᠣᠭᠠᠨ ᠤ ᠵᠠᠰᠠᠭ ᠤᠨ ᠣᠷᠳᠣᠨ ᠤ ᠭᠤᠣᠯᠯᠠᠬᠤ ᠦᠢᠯᠡᠳᠦᠯ ᠢ | ᠢᠯᠡᠷᠡᠭᠦᠯᠵᠡᠢ᠃ ᠲᠠᠷᠦᠢ ᠬᠠᠣᠯᠢ ᠴᠠᠭᠠᠵᠠ ᠶᠢᠨ ᠪᠢᠴᠢᠭ ᠨᠡᠶᠢᠲᠡᠯᠡᠬᠦ ᠠᠷᠭ᠎ᠠ ᠮᠠᠶ᠋ᠢᠭ ᠢᠶᠠᠷ ᠬᠤᠷᠸ᠎ᠠ ᠲᠣᠬᠢᠷᠠᠭᠤᠯᠭ᠎ᠠ | ᠡᠵᠡᠮᠳᠡᠯ ᠬᠢᠵᠦ᠂ ᠨᠢᠭᠡᠨᠲᠡ ᠨᠢᠭᠡ ᠵᠦᠢᠯ ᠤᠨ ᠬᠠᠣᠯᠢ ᠲᠦᠷᠢᠮᠵᠢᠭᠦᠯᠬᠦ ᠪᠠ ᠪᠠᠷᠢᠮᠵᠢᠶᠠᠵᠢᠭᠤᠯᠬᠤ ᠠᠵᠢᠯᠯᠠᠭ᠎ᠠ ᠪᠣᠯᠵᠦ | ᠬᠦᠭᠵᠢᠨ᠂ ᠲᠡᠭᠦᠨ ᠤ ᠳᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠪᠠᠳᠣᠯᠠᠭ᠎ᠠ ᠶᠢᠨ | ᠪᠠᠷᠢᠮᠵᠢᠶ᠎ᠠ ᠶᠢ ︽ᠣᠷᠣᠰ ᠤᠨ ᠳᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠣᠯᠣᠰ ᠤᠨ ᠰᠣᠷᠭᠠᠨ ᠬᠦᠮᠦᠵᠢᠯ ᠤᠨ | ᠪᠠᠷᠢᠮᠵᠢᠶ᠎ᠡ︾ ︽ᠣᠷᠣᠰ ᠤᠨ ᠬᠤᠯᠪᠣᠭᠠᠨ ᠤ ᠰᠣᠷᠭᠠᠨ ᠬᠦᠮᠦᠵᠢᠯ ᠤᠨ ᠬᠠᠣᠯᠢ︾ ︽ᠣᠷᠣᠰ ᠤᠨ ᠬᠤᠯᠪᠣᠭᠠᠨ ᠤ | ᠳᠡᠭᠡᠳᠦ ᠵᠡᠷᠭᠡ ᠶᠢᠨ ᠶᠡᠭᠡ ᠰᠣᠷᠭᠠᠭᠤᠯᠢ ᠶᠢᠨ ᠲᠠᠷᠠᠭᠠᠬᠢ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠬᠠᠣᠯᠢ︾ | ᠵᠡᠷᠭᠡ ᠠᠯᠢ ᠣᠯᠠᠨ ᠬᠠᠣᠯᠢ ᠲᠣᠭᠲᠠᠭᠠᠯ ᠤᠨ ᠪᠢᠴᠢᠭ ᠮᠠᠲ᠋ᠧᠷᠢᠶᠠᠯ ᠳᠤ ᠨᠢᠭᠡᠨᠲᠡ ᠲᠣᠲᠣᠷᠬᠠᠢ ᠲᠣᠭᠲᠠᠭᠠᠯ ᠭᠠᠷᠭᠠᠪᠠ᠃ | ᠲᠡᠭᠦᠨ ᠤ ᠪᠠᠲᠦ ᠪᠠᠬᠢ ᠬᠠᠣᠯᠢ ᠴᠠᠭᠠᠵᠠ ᠶᠢᠨ ᠰᠠᠭᠤᠷᠢ ᠨᠢ ᠣᠷᠣᠰ ᠤᠨ ᠳᠡᠭᠡᠳᠦ ᠵᠡᠷᠭᠡ ᠶᠢᠨ ᠰᠣᠷᠭᠠᠨ | ᠬᠦᠮᠦᠵᠢᠯ ᠤᠨ ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ ᠰᠢᠰᠲ᠋ᠧᠮ ᠤᠨ ᠬᠦᠭᠵᠢᠯᠲᠡ ᠳᠤ ᠬᠦᠴᠦᠲᠡᠢ ᠲᠦᠰᠢᠭ | ᠲᠣᠯᠭᠠᠭᠤᠷᠢ ᠬᠠᠩᠭᠠᠵᠦ᠂ ᠳᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ | ᠰᠢᠰᠲ᠋ᠧᠮ ᠤᠨ ᠠᠵᠢᠯᠯᠠᠭ᠎ᠠ ᠶᠢ ᠨᠡᠩ ᠲᠦᠷᠢᠮᠵᠢᠭᠰᠡᠨ ᠪᠠ ᠡᠷᠬᠡ ᠰᠦᠷᠲᠦ ᠴᠢᠨᠠᠷᠲᠠᠢ ᠲᠦᠷᠢᠮ ᠤᠨ ᠣᠷᠴᠢᠨ | ᠲᠣᠭᠤᠷᠢᠨ ᠳᠤ ᠣᠷᠣᠭᠤᠯᠵᠠᠢ᠃ | 2. ᠳᠣᠲᠣᠭᠠᠳᠣ ᠭᠠᠳᠠᠭᠠᠳᠦ ᠶᠢᠨ ᠴᠢᠨᠠᠷ ᠴᠢᠨᠰᠠᠭ᠎ᠠ ᠶᠢ ᠬᠠᠮᠲᠦ ᠳᠤ ᠨᠢ ᠬᠠᠷᠠᠭᠠᠯᠵᠠᠭᠰᠠᠨ | ᠵᠦᠪᠯᠡᠯᠲᠦ ᠬᠤᠯᠪᠣᠭᠠᠳᠦ ᠣᠯᠣᠰ ᠵᠠᠳᠠᠷᠠᠭᠰᠠᠨ ᠤ ᠲᠠᠷᠠᠭ᠎ᠠ᠂ ᠳᠡᠭᠡᠳᠦ ᠵᠡᠷᠭᠡ ᠶᠢᠨ ᠰᠣᠷᠭᠠᠨ ᠬᠦᠮᠦᠵᠢᠯ ᠤᠨ | ᠴᠢᠨᠠᠷ ᠴᠢᠨᠰᠠᠭ᠎ᠠ ᠶᠢᠨ ᠲᠣᠭᠲᠠᠭᠤᠨ ᠢᠶᠠᠷ ᠲᠡᠭᠡᠭᠰᠢᠯᠡᠬᠦ ᠶᠢ ᠦᠨᠡᠨ ᠬᠦ ᠪᠠᠳᠣᠯᠠᠬᠤ ᠶᠢᠨ ᠲᠦᠯᠦᠭᠡ ᠣᠷᠣᠰ ᠠᠴᠠ | ᠳᠡᠭᠡᠳᠦ ᠰᠣᠷᠭᠠᠭᠤᠯᠢ ᠶᠢᠨ ᠳᠣᠲᠣᠭᠠᠳᠦ ᠴᠢᠨᠠᠷ ᠴᠢᠨᠰᠠᠭ᠎ᠠ ᠶᠢᠨ ᠪᠠᠲᠣᠯᠠᠭ᠎ᠠ ᠶᠢ ᠴᠢᠬᠤᠯᠠᠴᠢᠯᠠᠭᠰᠠᠨ ᠤ ᠰᠠᠭᠤᠷᠢᠨ | ᠲᠡᠭᠡᠷ᠎ᠡ᠂ ᠢᠯᠠᠩᠭᠤᠶ᠎ᠠ ᠳᠡᠭᠡᠳᠦ ᠰᠣᠷᠭᠠᠭᠤᠯᠢ ᠶᠢᠨ ᠭᠠᠳᠠᠭᠠᠳᠦ ᠴᠢᠨᠠᠷ ᠴᠢᠨᠰᠠᠭ᠎ᠠ ᠶᠢᠨ ᠪᠠᠲᠣᠯᠠᠭ᠎ᠠ ᠶᠢ | ᠴᠢᠬᠤᠯᠠᠴᠢᠯᠠᠬᠤ ᠶᠢᠨ ᠬᠠᠮᠲᠦ ᠳᠡᠭᠡᠳᠦ ᠰᠣᠷᠭᠠᠭᠤᠯᠢ ᠶᠢᠨ ᠶᠡᠷᠦᠩᠬᠡᠶᠢᠯᠡᠭᠰᠡᠨ ᠦᠨᠡᠯᠡᠨ ᠵᠢᠱᠢᠬᠦ ᠰᠢᠨ᠎ᠡ ᠵᠠᠭᠪᠣᠷ ᠢ | ᠲᠣᠷᠰᠢᠨ ᠬᠡᠷᠡᠭᠵᠢᠭᠦᠯᠵᠦ᠂ ᠳᠡᠭᠡᠳᠦ ᠰᠣᠷᠭᠠᠭᠤᠯᠢ ᠶᠢᠨ ᠬᠦᠭᠵᠢᠯᠲᠡ ᠶᠢᠨ ᠬᠢᠨᠡᠨ ᠡᠵᠡᠮᠳᠡᠬᠦ ᠰᠢᠰᠲ᠋ᠧᠮ ᠢ ᠪᠠᠶᠢᠭᠤᠯᠵᠦ᠂ | ᠳᠡᠭᠡᠳᠦ ᠰᠣᠷᠭᠠᠭᠤᠯᠢ ᠶᠢᠨ ᠨᠡᠷᠡᠰ ᠤᠨ ᠵᠢᠭᠰᠠᠭᠠᠯᠲᠠ ᠶᠢ ᠲᠦᠷᠢᠮᠵᠢᠭᠦᠯᠵᠡᠢ᠃ ᠡᠶᠢᠮᠦᠷᠬᠦᠦ ᠳᠡᠭᠡᠳᠦ | ᠰᠣᠷᠭᠠᠭᠤᠯᠢ ᠶᠢᠨ ᠳᠣᠳᠣᠭᠠᠳᠦ ᠭᠠᠳᠠᠭᠠᠳᠦ ᠴᠢᠨᠠᠷ ᠴᠢᠨᠰᠠᠭ᠎ᠠ ᠶᠢ ᠬᠠᠮᠳᠣ ᠳᠤ ᠨᠢ ᠬᠠᠷᠠᠭᠠᠯᠵᠠᠬᠤ ᠪᠠᠲᠣᠯᠠᠭ᠎ᠠ ᠶᠢᠨ | ᠲᠣᠭᠲᠠᠴᠠ ᠨᠢ ᠣᠳᠣᠬᠠᠨ ᠤ ᠨᠡᠶᠢᠭᠡᠮ ᠤᠨ ᠬᠦᠭᠵᠢᠯᠲᠡ᠂ ᠣᠷᠣᠰ ᠤᠨ ᠳᠡᠭᠡᠳᠦ ᠵᠡᠷᠭᠡ ᠶᠢᠨ ᠰᠣᠷᠭᠠᠨ ᠬᠦᠮᠦᠵᠢᠯ ᠤᠨ | ᠴᠢᠨᠠᠷ ᠴᠢᠨᠰᠠᠭ᠎ᠠ ᠶᠢᠨ ᠬᠡᠷᠡᠭᠴᠡᠭᠡ ᠳᠤ ᠨᠡᠩ ᠢᠯᠡᠭᠦᠦ ᠨᠡᠶᠢᠴᠡᠵᠦ᠂ ᠣᠷᠣᠰ ᠤᠨ ᠳᠡᠭᠡᠳᠦ ᠵᠡᠷᠭᠡ ᠶᠢᠨ ᠰᠣᠷᠭᠠᠨ | ᠬᠦᠮᠦᠵᠢᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠲᠡᠭᠡᠭᠰᠢᠯᠡᠭᠦᠯᠬᠦ ᠳᠤ ᠴᠢᠬᠤᠯᠠ ᠪᠠᠲᠣᠯᠠᠭ᠎ᠠ ᠶᠢᠨ ᠦᠢᠯᠡᠳᠦᠯ ᠢ | ᠦᠵᠡᠭᠦᠯᠵᠤ ᠪᠠᠶᠢᠳᠠᠬ ᠰᠠᠨ᠃ | 3. ᠵᠠᠰᠠᠭ ᠤᠨ ᠣᠷᠳᠣᠨ᠂ ᠵᠠᠬ᠎ᠠ ᠳᠡᠯᠭᠡᠭᠦᠷ ᠬᠢᠭᠡᠳ ᠳᠡᠭᠡᠳᠦ ᠰᠣᠷᠭᠠᠭᠤᠯᠢ ᠶᠢᠨ ᠬᠠᠮᠲᠣᠷᠠᠨ ᠬᠦᠳᠡᠯᠦᠯᠴᠡᠬᠦ | ᠦᠢᠯᠡᠳᠦᠯ ᠢ ᠭᠦᠢᠴᠡᠳ ᠪᠠᠳᠠᠷᠠᠭᠤᠯᠣᠭᠰᠠᠨ | ᠳᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠪᠠᠲᠣᠯᠠᠬᠤ ᠠᠵᠢᠯᠯᠠᠭ᠎ᠠ ᠲᠣᠮᠳᠠ᠂ | ᠣᠷᠣᠰ ᠠᠴᠠ ᠵᠠᠰᠠᠭ ᠤᠨ ᠣᠷᠳᠣᠨ᠂ ᠳᠡᠭᠡᠳᠦ ᠰᠣᠷᠭᠠᠭᠤᠯᠢ ᠬᠢᠭᠡᠳ ᠵᠠᠬ᠎ᠠ ᠳᠡᠯᠭᠡᠭᠦᠷ ᠤᠨ ᠬᠤᠭᠤᠷᠣᠨᠳᠣᠬᠢ | ᠬᠠᠮᠵᠢᠯᠴᠠᠬᠤ ᠦᠢᠯᠡᠳᠦᠯ ᠢ ᠮᠠᠰᠢ ᠴᠢᠬᠤᠯᠠᠴᠢᠯᠠᠳᠠᠭ᠃ | 4. ᠳᠡᠭᠡᠳᠦ ᠰᠣᠷᠭᠠᠭᠤᠯᠢ ᠶᠢᠨ ᠶᠡᠷᠦᠩᠬᠡᠶᠢᠯᠡᠭᠰᠡᠨ ᠦᠨᠡᠯᠡᠯᠲᠡ ᠶᠢᠨ ᠣᠨᠴᠠᠯᠢᠭ ᠢ ᠳᠣᠪᠤᠶᠢᠯᠭᠠᠭᠰᠠᠨ | ᠣᠷᠣᠰ ᠤᠨ ᠳᠡᠭᠡᠳᠦ ᠰᠣᠷᠭᠠᠭᠤᠯᠢ ᠶᠢᠨ ᠶᠡᠷᠦᠩᠬᠡᠶᠢᠯᠡᠨ ᠦᠨᠡᠯᠡᠬᠦ ᠶᠠᠪᠣᠴᠠ ᠠᠴᠠ ᠮᠡᠳᠡᠵᠦ ᠪᠣᠯᠬᠤ ᠨᠢ ᠡᠨᠡ | ᠪᠣᠯ ᠨᠢᠭᠡ ᠵᠦᠢᠯ ᠤᠨ ᠴᠢᠨᠠᠷ ᠴᠢᠨᠰᠠᠭ᠎ᠠ ᠶᠢᠨ ᠦᠨᠡᠯᠡᠯᠲᠡ ᠪᠠ ᠴᠢᠨᠠᠷ ᠴᠢᠨᠰᠠᠭ᠎ᠠ ᠶᠢᠨ ᠭᠡᠷᠡᠴᠢᠯᠡᠯ ᠤᠨ ᠲᠣᠭᠲᠠᠴᠠ ᠶᠢ | ᠣᠶᠠᠯᠳᠣᠭᠤᠯᠣᠭᠰᠠᠨ ᠰᠢᠨ᠎ᠡ ᠬᠡᠯᠪᠡᠷᠢ ᠶᠢᠨ ᠦᠨᠡᠯᠡᠯᠲᠡ ᠶᠢᠨ ᠵᠠᠭᠪᠣᠷ ᠮᠦᠨ᠃ ᠬᠤᠯᠪᠣᠭᠠᠨ ᠤ ᠵᠠᠰᠠᠭ ᠤᠨ | ᠣᠷᠳᠣᠨ ᠠᠴᠠ ᠳᠡᠭᠡᠳᠦ ᠰᠣᠷᠭᠠᠭᠤᠯᠢ ᠶᠢᠨ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠳᠡᠭᠡᠳᠦ | ᠰᠣᠷᠭᠠᠭᠤᠯᠢ ᠳᠤ ᠠᠵᠢᠯ ᠤᠨ ᠠᠮᠵᠢᠯᠲᠡ ᠪᠦᠳᠦᠮᠵᠢ ᠪᠠᠷ ᠵᠠᠷᠣᠳᠠᠯ ᠣᠯᠭᠤᠬᠤ ᠶᠢ ᠬᠡᠷᠡᠭᠵᠢᠭᠦᠯᠵᠦ᠂ ᠳᠡᠭᠡᠳᠦ | ᠰᠣᠷᠭᠠᠭᠤᠯᠢ ᠶᠢᠨ ᠣᠯᠣᠰ ᠤᠨ ᠪᠠᠶᠢᠷᠢ ᠰᠠᠭᠤᠷᠢ ︵ᠲᠦᠷᠦᠯ ᠢᠯᠭᠠᠯ ᠪᠠ ᠲᠦᠷᠦᠯ ᠬᠡᠯᠪᠡᠷᠢ︶ ᠶᠢ ᠣᠯᠠᠮ ᠨᠢᠭᠡ | ᠠᠯᠬᠤᠮ ᠨᠣᠲᠠᠯᠠᠨ᠎ᠠ᠃ ᠲᠣᠰ ᠦᠨᠡᠯᠡᠨ ᠵᠢᠱᠢᠬᠦ ᠵᠠᠭᠪᠣᠷ ᠨᠢ ᠣᠷᠣᠰ ᠤᠨ ᠠᠯᠢᠪᠠ ᠣᠯᠣᠰ ᠤᠨ ᠪᠣᠯᠣᠨ ᠣᠯᠣᠰ ᠤᠨ | ᠪᠣᠰᠣ ᠳᠡᠭᠡᠳᠦ ᠰᠣᠷᠭᠠᠭᠤᠯᠢ ᠶᠢᠨ ᠬᠤᠭᠤᠷᠣᠨᠳᠣᠬᠢ ᠦᠷᠢᠰᠦᠯᠳᠦᠭᠡᠨ ᠢ ᠣᠷᠮᠠᠰᠢᠭᠤᠯᠵᠦ᠂ ᠣᠷᠣᠰ ᠤᠨ ᠳᠡᠭᠡᠳᠦ | ᠰᠣᠷᠭᠠᠭᠤᠯᠢ ᠶᠢᠨ ᠪᠦᠬᠦᠯᠢ ᠴᠣᠭᠴᠠ ᠶᠢᠨ ᠪᠣᠳᠠᠳᠦ ᠬᠦᠴᠦᠨ ᠢ ᠳᠡᠭᠡᠭᠰᠢᠯᠡᠭᠦᠯᠬᠦ ᠳᠤ ᠠᠰᠢᠭᠲᠠᠢ ᠪᠤᠯᠵᠠᠢ᠃ | | ︽ᠲᠣᠮᠳᠠᠳᠦ ᠣᠯᠣᠰ ᠤᠨ ᠳᠡᠭᠡᠳᠦ ᠵᠡᠷᠭᠡ ᠶᠢᠨ ᠰᠣᠷᠭᠠᠨ ᠬᠦᠮᠦᠵᠢᠯ︾ ᠰᠡᠳᠭᠦᠯ ᠤᠨ | 2016 ᠣᠨ ᠤ 10 ᠳ᠋ᠣᠭᠠᠷ ᠬᠤᠭᠤᠴᠠᠭ᠎ᠠ ᠠᠴᠠ ᠬᠠᠰᠭᠡᠷᠡᠯ ᠪᠠᠭᠤᠯᠭᠠᠨ ᠣᠷᠴᠢᠭᠤᠯᠪᠠ | ᠬᠠᠶ᠋ᠢᠬ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠳᠡᠭᠡᠳᠦ ᠰᠣᠷᠭᠠᠭᠤᠯᠢ | ᠳᠣᠮᠳᠠᠳᠦ ᠵᠡᠷᠭᠡ ᠶᠢᠨ ᠲᠣᠰᠬᠠᠢ ᠮᠡᠷᠭᠡᠵᠢᠯ ᠤᠨ ᠰᠣᠷᠭᠠᠭᠤᠯᠢ ᠶᠢᠨ ᠮᠣᠩᠭᠤᠯ | ᠵᠢᠭᠠᠬᠤ ᠮᠠᠲ᠋ᠧᠷᠢᠶᠡᠯ ᠨᠠᠶᠢᠷᠠᠭᠤᠯᠵᠦ ᠬᠢᠨᠠᠬᠤ ᠺᠣᠮᠢᠰ ᠤᠨ ᠠᠯᠪᠠᠨ ᠭᠡᠷ | ︵ᠠᠯᠳᠠᠨᠰᠦ᠋ᠭᠡ ᠨᠠᠶᠢᠷᠠᠭᠤᠯᠪᠠ︶ | 2020 ᠣᠨ ᠤ 5 ᠳ᠋ᠤᠭᠠᠷ ᠬᠤᠭᠤᠴᠠᠭ᠎ᠠ | | |