ᠠᠯᠲᠠᠨᠴᠢᠮᠡᠭ | | | ︽ᠬᠦᠮᠦᠠ ᠰᠠᠷᠮᠠᠭᠴᠢᠠ ᠠᠴᠠ ᠬᠤᠪᠢᠷᠠᠵᠦ ᠢᠷᠡᠬᠦ ᠳᠤ ᠬᠦᠳᠡᠯᠮᠤᠷᠢ ᠴᠢᠬᠤᠯᠠ ᠦᠢᠯᠡᠳᠦᠯ ᠦᠵᠡᠬᠦᠯᠵᠡᠢ︾ | ᠭᠡᠳᠡᠭ᠃ ᠡᠨᠡ ᠪᠤᠯ ᠭᠦᠮᠦᠨ ᠲᠦᠷᠤᠯᠬᠢᠳᠠᠨ ᠤ ᠡᠭᠦᠰᠦᠯ ᠤᠨ ᠲᠤᠬᠠᠢ ᠬᠠᠮᠤᠭ ᠤᠨ ᠵᠦᠪ ᠤᠨᠤᠪᠴᠢᠳᠠᠢ ᠲᠠᠶᠢᠯᠪᠤᠷᠢ | ᠪᠤᠯᠤᠨ᠎ᠠ᠃ ᠭᠡᠷᠡᠭ ᠳᠡᠭᠡᠷ᠎ᠡ ᠪᠠᠨ ᠬᠦᠮᠦᠠ ᠲᠦᠷᠦᠯᠬᠢᠳᠡᠡ ᠤᠷᠤᠰᠢᠠ ᠲᠤᠭᠳᠠᠨᠢᠵᠦ᠂ ᠬᠥᠭᠵᠢᠡ ᠪᠤᠵᠠᠭᠠᠢᠢᠷᠠᠵᠦ | ᠦᠨᠦᠳᠦᠷ ᠲᠤ ᠲᠤᠯᠳᠠᠯ᠎ᠠ ᠬᠦᠳᠡᠯᠮᠤᠷᠢ ᠠᠴᠠ ᠰᠠᠯᠵᠦ ᠴᠢᠳᠠᠭ᠎ᠠ ᠦᠭᠡᠢ᠃ ᠨᠠᠶᠢᠭᠡᠮ ᠤᠨ ᠭᠦᠭᠵᠢᠯ ᠤᠨ ᠵᠤᠬᠢᠬᠤ | ᠱᠠᠳᠤᠨ ᠳᠤ ᠬᠦᠳᠡᠯᠮᠤᠷᠢ ᠨᠢ ᠤᠶᠤᠠ ᠤ ᠬᠦᠳᠡᠯᠮᠤᠷᠢ ᠪᠤᠯᠤᠨ ᠪᠡᠶ᠎ᠡ ᠶᠢᠨ ᠬᠦᠳᠡᠯᠮᠤᠷᠢ ᠭᠡᠭᠦ ᠬᠤᠶᠠᠷ ᠲᠦᠷᠦᠯ ᠳᠤ | ᠬᠤᠪᠢᠶᠠᠭᠳᠠᠭᠰᠠᠨ ᠪᠠᠶᠢᠳᠠᠭ᠃ ᠣᠳᠣᠬᠠᠨ ᠨᠠᠶᠢᠭᠡᠮ ᠲᠠᠶᠠᠭᠠᠷ ᠲᠤ ᠤᠶᠤᠠ ᠤ ᠬᠦᠳᠡᠯᠮᠤᠷᠢ ᠶᠢ ᠴᠢᠬᠤᠯᠠᠴᠢᠯᠠᠭᠠᠳ | ᠪᠡᠶ᠎ᠡ ᠶᠢᠨ ᠬᠦᠳᠡᠯᠮᠤᠷᠢ ᠶᠢ ᠭᠦᠡᠭᠭᠡᠪᠴᠢᠯᠠᠭᠦ ᠭᠡᠯᠪᠠᠷᠢᠯ ᠨᠡᠶᠢᠳᠡᠮ ᠤᠷᠤᠰᠢᠵᠦ᠂ ᠪᠡᠶ᠎ᠡ ᠶᠢᠨ ᠬᠦᠳᠡᠯᠮᠤᠷᠢᠴᠢᠳ ᠢ | ᠲᠤᠤᠷᠠᠰᠢᠶᠠᠬᠤ ᠪᠤᠶᠤ ᠬᠦᠳᠡᠯᠮᠤᠷᠢᠯᠡᠬᠦ ᠠᠴᠠ ᠬᠠᠯᠠᠰᠢᠷᠠᠬᠤ ᠬᠦᠮᠦᠨ ᠶᠠᠪᠤᠬᠤ ᠲᠤᠳᠤᠮ ᠤᠯᠠᠰᠢᠷᠠᠵᠤ ᠪᠠᠶᠢᠨ᠎ᠠ᠃ | ᠲᠤᠬᠠᠢᠢᠯᠠᠪᠠᠯ᠂ ᠤᠯᠠᠩᠬᠢ ᠭᠡᠷ ᠤᠨ ᠠᠬᠠᠮᠠᠳ ᠦᠷ᠎ᠡ ᠭᠡᠤᠭᠡᠳ ᠢᠶᠠᠨ ᠬᠦᠳᠡᠭᠡ ᠪᠤᠶᠤ ᠲᠠᠷᠢᠶᠠᠯᠠᠬᠤ ᠮᠠᠯᠵᠢᠬᠤ | ᠠᠮᠢᠳᠤᠷᠠᠯ ᠢ ᠬᠢᠯᠭᠡᠭᠦ ᠲᠤᠷ᠎ᠠ ᠦᠭᠡᠢ ᠪᠠᠶᠢᠵᠦ᠂ ᠬᠤᠳᠠ ᠤᠷᠤᠭᠤᠯᠵᠦ ᠠᠯᠪᠠᠠ ᠰᠢᠷᠡᠭᠡ ᠲᠦᠰᠢᠬᠦᠯᠬᠦ ᠬᠦᠭᠡᠭᠡᠴᠡᠯᠳᠦᠯ | ᠤᠯᠠᠮ ᠢᠶᠠᠷ ᠶᠡᠭᠡᠰᠴᠦ ᠪᠠᠶᠢᠨ᠎ᠠ᠃ ᠭᠡᠳᠡᠯ᠎ᠡ ᠶᠠᠮᠠᠷᠪᠠ ᠨᠡᠶᠢᠭᠡᠮ ᠤᠨ ᠬᠦᠭᠵᠢᠯᠳᠠ ᠰᠢᠨᠡᠴᠢᠯᠡᠯᠳᠡ ᠨᠢ ᠬᠦᠮᠦᠰ ᠤᠨ | ᠪᠡᠶ᠎ᠡ ᠶᠢᠨ ᠬᠦᠳᠡᠯᠮᠤᠷᠢ ᠶᠢ ᠬᠦᠩᠭᠡᠷᠠᠭᠦᠯᠵᠦ ᠴᠢᠳᠠᠭᠰᠠᠠ ᠠᠴᠠ ᠪᠢᠰᠢ᠂ ᠪᠡᠶ᠎ᠡ ᠶᠢᠨ ᠬᠦᠳᠡᠯᠮᠤᠷᠢ ᠠᠴᠠ ᠰᠠᠯᠭᠠᠵᠦ | ᠴᠢᠳᠠᠭ᠎ᠠ ᠦᠭᠡᠢ᠃ ᠰᠢ ᠶᠢᠨ ᠫᠢᠩ ᠨᠦᠭᠦᠷ ᠪᠦᠬᠦ ᠤᠯᠤᠰ ᠤᠨ ᠰᠤᠷᠭᠠᠨ ᠬᠥᠮᠦᠵᠢᠯ ᠤᠨ ᠬᠤᠷᠠᠯ ᠲᠡᠭᠡᠷ᠎ᠠ | ︽ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠭᠵᠢᠯᠳᠡ ᠶᠢᠨ ᠵᠠᠮ ᠢ | ᠪᠠᠷᠢᠮᠳᠠᠯᠠᠵᠦ ᠶᠣᠰᠤ ᠰᠤᠷᠳᠠᠬᠤᠨ᠂ ᠣᠶᠤᠨ ᠤᠬᠠᠭᠠᠨ᠂ ᠪᠡᠶ᠎ᠠ ᠮᠠᠬᠠᠪᠤᠳ᠂ ᠭᠤᠸ᠎ᠠ ᠰᠠᠶᠢᠬᠠᠨ᠂ ᠬᠥᠳᠡᠯᠮᠦᠷᠢ ᠪᠦᠬᠦ | ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ | ᠭᠡᠷᠡᠭᠳᠡᠢ︾ ᠭᠡᠵᠦ ᠬᠥᠳᠡᠯᠮᠦᠷᠢ ᠶᠢᠨ ᠬᠥᠮᠦᠵᠢᠯ ᠢ ᠴᠢᠬᠤᠯᠠᠴᠢᠯᠠᠭᠰᠠᠨ ᠪᠠᠶᠢᠨ᠎ᠠ᠃ ᠪᠠᠭ᠎ᠠ ᠰᠤᠷᠭᠠᠭᠤᠯᠢ ᠶᠢᠨ ︽ᠶᠣᠰᠤ | ᠮᠤᠷᠠᠯ ᠬᠢᠭᠡᠳ ᠠᠮᠢᠳᠤᠷᠠᠯ ᠤᠨ ᠬᠢᠴᠢᠶᠡᠯ ᠤᠨ ᠪᠠᠷᠢᠮᠵᠢᠶ᠎ᠠ︾ ᠳᠤ ︽ᠠᠷᠠᠳ ᠢᠷᠭᠡᠳ ᠤᠨ ᠰᠢᠯᠢᠳᠡᠭ ᠰᠠᠶᠢᠨ ᠶᠤᠰᠤ | ᠮᠤᠷᠠᠯ ᠤᠨ ᠬᠡᠪ ᠴᠢᠨᠠᠷ ᠪᠠ ᠵᠤᠷᠢᠭᠳᠠᠢ ᠪᠠᠷ ᠬᠠᠶᠢᠨ ᠰᠤᠳᠤᠯᠤᠨ᠂ ᠰᠢᠨ᠎ᠠ ᠶᠢ ᠡᠭᠦᠳᠭᠦ ᠵᠤᠷᠢᠭ ᠰᠠᠨᠠᠭ᠎ᠠ ᠶᠢ | ᠪᠦᠷᠢᠯᠳᠤᠭᠦᠯᠭᠦ︾ ᠱᠠᠭᠠᠷᠳᠠᠯᠭ᠎ᠠ ᠶᠢ ᠲᠠᠯᠪᠢᠵᠡᠢ᠃ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠲᠤᠳᠤᠮ ᠤᠨ | ᠦᠢᠯᠡ ᠠᠵᠢᠯᠯᠠᠭᠠᠨ ᠤ ᠲᠦᠷᠢᠮᠵᠢᠯ ᠳᠤ ︽ᠥᠪᠡᠷ ᠤᠨ ᠬᠢᠵᠦ ᠴᠢᠳᠠᠬᠤ ᠠᠵᠢᠯ ᠢᠶᠠᠨ ᠥᠪᠡᠷ ᠢᠶᠠᠨ ᠬᠢᠵᠦ᠂ ᠭᠡᠷ | ᠣᠷᠤᠨ᠂ ᠬᠤᠪᠴᠠᠰᠤ ᠬᠤᠨᠠᠷ ᠢᠶᠠᠨ ᠥᠪᠡᠷ ᠢᠶᠠᠨ ᠲᠢᠭᠯᠡᠵᠦ ᠰᠤᠷᠬᠤ ᠪᠥᠭᠡᠳ ᠠᠶᠠᠭ᠎ᠠ ᠰᠢᠨᠠᠭ᠎ᠠ ᠤᠭᠢᠶᠠᠬᠤ ᠵᠡᠷᠭᠡ | ᠭᠡᠷ ᠤᠨ ᠬᠥᠳᠡᠯᠮᠦᠷᠢ ᠳᠤ ᠣᠷᠤᠯᠴᠠᠬᠤ ᠭᠡᠷᠡᠭᠳᠡᠢ︾ ᠭᠡᠵᠦ ᠲᠤᠭᠳᠠᠭᠠᠭᠰᠠᠨ ᠪᠠᠶᠢᠳᠠᠭ᠃ ︽ᠠᠵᠢᠯ ᠬᠢᠵᠦ ᠬᠦᠮᠦᠨ | ᠪᠤᠯᠳᠠᠭ᠂ ᠠᠷᠦ ᠲᠠᠪᠠᠵᠦ ᠬᠦᠯᠦᠭ ᠪᠤᠯᠳᠠᠭ︾ ᠭᠡᠳᠡᠭᠴᠢᠯᠠᠨ ᠭᠡᠦᠭᠡᠳ ᠢ ᠪᠠᠭ᠎ᠠ ᠠᠴᠠ ᠨᠢ ᠠᠵᠢᠯ ᠬᠦᠳᠡᠯᠮᠦᠷᠢ ᠳᠤ | ᠰᠤᠷᠭᠠᠬᠤ ᠨᠢ ᠦᠭᠡᠯᠡᠢ ᠪᠤᠯᠵᠦ ᠠᠵᠢᠯ ᠦᠢᠯᠡᠰ ᠪᠤᠰᠬᠠᠵᠦ᠂ ᠠᠵᠦ ᠲᠦᠷᠦᠨ ᠠᠮᠢᠳᠤᠷᠠᠬᠤ ᠰᠠᠶᠢᠨ ᠰᠠᠶᠢᠬᠠᠨ | ᠲᠠᠳᠬᠠᠯ ᠪᠤᠯᠪᠠᠰᠤᠷᠠᠯ ᠤᠨ ᠰᠠᠭᠤᠷᠢ ᠶᠢ ᠲᠠᠯᠪᠢᠵᠦ ᠦᠭᠬᠦ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃ | ᠨᠢᠭᠡ᠂ ᠭᠡᠦᠭᠡᠳ ᠢ ᠬᠦᠳᠡᠯᠮᠦᠷᠢ ᠳᠤ ᠰᠤᠷᠭᠠᠬᠤ ᠶᠢᠨ ᠴᠢᠬᠤᠯᠠ ᠴᠢᠨᠠᠷ | ᠭᠡᠤᠭᠡᠳ ᠤᠨ ᠠᠮᠢᠳᠤᠷᠠᠯ ᠤᠨ ᠲᠤᠷᠰᠢᠯᠭ᠎ᠠ ᠪᠤᠯ ᠰᠢᠯᠢᠳᠡᠭ ᠰᠠᠶᠢᠨ ᠶᠤᠰᠤ ᠮᠤᠷᠠᠯ ᠤᠨ ᠪᠦᠷᠢᠯᠳᠦᠯ ᠪᠠ | ᠨᠡᠶᠢᠭᠡᠮᠴᠢ ᠴᠢᠨᠠᠷ ᠤᠨ ᠬᠢᠨᠢ ᠬᠦᠭᠵᠢᠯᠳᠠ ᠶᠢᠨ ᠰᠠᠭᠤᠷᠢ ᠮᠦᠠ᠃ ᠬᠦᠳᠡᠯᠮᠤᠷᠢ ᠠᠴᠠ ᠬᠦᠮᠦᠰ ᠤᠨ ᠪᠡᠶ᠎ᠠ ᠪᠠᠨ | ᠲᠠᠭᠠᠭᠠᠬᠤ ᠴᠢᠳᠠᠪᠤᠷᠢ᠂ ᠦᠪᠡᠷ ᠪᠤᠰᠤᠳ ᠲᠤ ᠬᠠᠷᠢᠭᠤᠴᠠᠬᠤ ᠬᠠᠷᠢᠭᠤᠴᠠᠯᠭᠠᠳᠦ ᠰᠡᠳᠬᠢᠯ᠂ ᠵᠦᠪ | ᠠᠮᠢᠳᠤᠷᠠᠬᠤᠢ ᠶᠢᠨ ᠦᠵᠡᠯᠳᠡ᠂ ᠡᠷᠬᠢᠮ ᠲᠡᠭᠡᠳᠦ ᠦᠵᠡᠯ ᠰᠤᠷᠳᠠᠯ᠂ ᠡᠷᠡᠬᠦᠯ ᠴᠢᠬᠢᠷᠠᠭ ᠬᠦᠮᠦᠨ ᠮᠦᠰᠦ ᠪᠦᠷᠢᠯᠳᠦᠠ | ᠲᠤᠭᠳᠠᠳᠠᠭ᠃ | 1. ᠭᠡᠦᠭᠡᠳ ᠢ ᠬᠦᠳᠡᠯᠮᠦᠷᠢ ᠳᠤ ᠰᠤᠷᠭᠠᠬᠤ ᠨᠢ ᠪᠡᠶ᠎ᠠ ᠪᠠᠨ ᠲᠠᠭᠠᠭᠠᠵᠦ ᠰᠤᠷᠬᠤ ᠳᠤ ᠰᠠᠭᠤᠷᠢ ᠪᠤᠯᠳᠠᠭ᠃ | ᠨᠢᠭᠡ ᠭᠡᠦᠭᠡᠳ ᠤᠨ ᠪᠡᠶ᠎ᠡ ᠪᠠᠨ ᠲᠠᠭᠠᠭᠠᠬᠤ ᠴᠢᠳᠠᠪᠤᠷᠢᠳᠠᠢ ᠡᠰᠡᠬᠦ ᠶᠢ ᠲᠡᠬᠦᠨ ᠤ ᠠᠵᠢᠯ ᠬᠦᠳᠡᠯᠮᠦᠷᠢ ᠶᠢ ᠬᠢᠷᠢ ᠵᠡᠷᠭᠡ | ᠬᠢᠵᠦ ᠴᠢᠳᠠᠭᠰᠠᠨ ᠢᠶᠠᠷ ᠨᠢ ᠦᠨᠡᠯᠡᠳᠡᠭ ᠪᠠᠶᠢᠨ᠎ᠠ᠃ ᠵᠢᠱᠢᠶᠡᠯᠡᠪᠡᠯ᠄ ᠭᠠᠵᠠᠷ ᠢᠶᠠᠨ ᠰᠠᠶᠢᠬᠠᠨ ᠵᠦᠯᠬᠦᠴᠢᠭᠡᠳᠡᠭ ᠭᠡᠦᠭᠡᠳ | ᠤᠷᠤ ᠪᠠᠨ ᠰᠠᠶᠢᠬᠠᠨ ᠲᠢᠭᠯᠡᠵᠦ ᠴᠢᠳᠠᠳᠠᠭ᠂ ᠲᠠᠰᠬᠠᠯ ᠢᠶᠠᠨ ᠠᠯᠳᠠᠯ ᠦᠭᠡᠢ ᠪᠡᠶᠡᠯᠡᠬᠦᠯᠴᠢᠭᠡᠳᠡᠭ ᠭᠡᠦᠭᠡᠳ | ᠪᠤᠰᠤᠳ ᠤᠨ ᠭᠡᠯᠡᠭᠰᠡᠨ ᠦᠭᠡ ᠶᠢ ᠠᠮᠠᠷᠬᠠᠨ ᠤᠢᠢᠯᠠᠭᠠᠭᠠᠳ ᠬᠦᠯᠢᠶᠡᠨ ᠠᠪᠴᠢᠬᠠᠳᠠᠭ ᠪᠡᠶ᠎ᠠ ᠪᠠᠨ ᠡᠵᠡᠮᠳᠡᠵᠦ | ᠴᠢᠳᠠᠭᠰᠠᠨ ᠭᠡᠦᠭᠡᠳ ᠪᠠᠶᠢᠳᠠᠭ᠃ ᠬᠦᠳᠡᠯᠮᠦᠷᠢ ᠠᠴᠠ ᠭᠡᠦᠭᠡᠳ ᠤᠴᠢᠷ ᠶᠠᠪᠤᠳᠠᠯ ᠢ ᠰᠢᠢᠳᠪᠦᠷᠢᠯᠡᠬᠦ ᠡᠪ ᠲᠡᠮ ᠢ | ᠤᠯᠵᠦ ᠦᠪᠡᠷ ᠪᠤᠰᠤᠳ ᠤᠨ ᠬᠠᠷᠢᠴᠠᠭ᠎ᠠ ᠪᠠᠨ ᠡᠪᠯᠢᠭ ᠵᠤᠬᠢᠴᠠᠭᠤᠯᠬᠤ ᠵᠡᠷᠭᠡ ᠴᠢᠳᠠᠪᠤᠷᠢ ᠶᠢ ᠠᠶᠠᠨᠳᠠᠭᠠᠨ ᠣᠯᠵᠤ | ᠪᠣᠯᠳᠠᠭ ᠪᠠᠶᠢᠨ᠎ᠠ᠃ | 2. ᠭᠡᠦᠭᠡᠳ ᠢ ᠬᠦᠳᠡᠯᠮᠦᠷᠢ ᠳᠤ ᠰᠤᠷᠭᠠᠬᠤ ᠨᠢ ᠦᠪᠡᠷ ᠪᠤᠰᠤᠳ ᠲᠤ ᠬᠠᠷᠢᠭᠤᠴᠠᠬᠤ ᠤᠬᠠᠮᠰᠠᠷᠳᠤ | ᠰᠡᠳᠬᠢᠯᠭᠡ ᠶᠢ ᠪᠤᠢ ᠪᠤᠯᠭᠠᠳᠠᠭ᠃ ᠦᠪᠡᠷ ᠤᠨ ᠬᠦᠳᠡᠯᠮᠤᠷᠢ ᠶᠢᠨ ᠦᠷ᠎ᠡ ᠪᠦᠳᠦᠭᠡᠯ ᠢᠶᠠᠨ ᠦᠪᠡᠷ ᠢᠶᠠᠨ ᠯᠠ | ᠬᠠᠮᠤᠭ ᠠᠴᠠ ᠨᠠᠨᠳᠢᠩᠨᠠᠳᠠᠬ ᠪᠤᠯᠬᠤᠷ ᠭᠡᠤᠭᠡᠳ ᠢ ᠬᠦᠳᠡᠯᠮᠤᠷᠢᠯᠡᠬᠦᠯᠵᠦ᠂ ᠬᠦᠳᠡᠯᠮᠤᠷᠢ ᠶᠢᠨ ᠦᠷ᠎ᠡ ᠪᠦᠳᠦᠭᠡᠯ ᠢ ᠨᠢ | ᠬᠠᠷᠠᠭᠤᠯᠵᠦ᠂ ᠬᠦᠳᠡᠯᠮᠤᠷᠢᠯᠡᠬᠦ ᠶᠢᠨ ᠴᠢᠬᠤᠯᠠ ᠴᠢᠨᠠᠷ ᠢ ᠮᠡᠳᠡᠷᠡᠬᠦᠯᠬᠦ ᠭᠡᠷᠡᠭᠳᠡᠢ᠃ ᠦᠪᠡᠷ ᠤᠨ ᠢᠶᠠᠨ ᠬᠦᠳᠡᠯᠮᠤᠷᠢ ᠶᠢᠨ | ᠦᠷ᠎ᠡ ᠪᠦᠳᠦᠭᠡᠯ ᠢ ᠬᠠᠶᠢᠷᠠᠯᠠᠵᠦ ᠴᠢᠳᠠᠪᠠᠯ᠂ ᠦᠷᠦᠭᠡᠯ ᠤᠨ ᠬᠦᠳᠡᠯᠮᠤᠷᠢ ᠶᠢ ᠣᠢᠢᠯᠠᠭᠠᠵᠦ᠂ ᠬᠦᠳᠡᠯᠮᠤᠷᠢ ᠶᠢ | ᠬᠠᠶᠢᠷᠠᠯᠠᠬᠤ ᠤᠬᠠᠮᠰᠠᠷ ᠬᠦᠮᠦᠵᠢᠭᠳᠡᠵᠦ᠂ ᠡᠭᠦᠨ ᠤ ᠤᠯᠠᠮ ᠠᠴᠠ ᠠᠶᠠᠠᠳᠠᠭᠠᠠ ᠬᠠᠷᠢᠭᠤᠴᠠᠯᠭᠠᠳᠦ ᠰᠡᠳᠬᠢᠯᠭᠡ | ᠬᠦᠮᠦᠵᠢᠭᠳᠡᠵᠦ ᠴᠢᠳᠠᠳᠠᠭ᠃ ᠵᠢᠱᠢᠶᠡᠯᠡᠪᠡᠯ᠄ ᠠᠩᠬᠢ ᠶᠢᠨ ᠵᠢᠵᠢᠬᠦᠷ ᠢᠶᠠᠨ ᠰᠠᠶᠢᠳᠤᠷ ᠬᠢᠵᠦ ᠴᠢᠨᠠᠷ ᠢ ᠪᠠᠳᠤᠯᠠᠵᠦ | ᠴᠢᠳᠠᠭᠰᠠᠨ ᠭᠡᠦᠭᠡᠳ ᠪᠤᠰᠤᠳ ᠤᠨ ᠵᠢᠵᠢᠬᠦᠷ ᠢ ᠴᠦ ᠬᠦᠡᠳᠦᠳᠭᠡᠵᠦ ᠬᠤᠬ ᠨᠤᠪᠰᠢ ᠶᠢ ᠡᠷᠦᠢ ᠬᠤᠷᠤᠢ ᠦᠭᠡᠢ | ᠬᠠᠶᠠᠬᠤ ᠦᠭᠡᠢ ᠪᠠᠶᠢᠵᠤ᠂ ᠠᠩᠬᠢ ᠶᠢᠨ ᠠᠷᠢᠭᠤᠨ ᠴᠡᠪᠡᠷ ᠢᠶᠠᠨ ᠪᠠᠳᠤᠯᠠᠬᠤ ᠬᠠᠷᠢᠭᠤᠴᠠᠯᠭᠠᠳᠦ ᠰᠡᠳᠬᠢᠯᠭᠡ | ᠬᠦᠮᠦᠵᠢᠭᠳᠡᠳᠡᠭ ᠪᠠᠶᠢᠨ᠎ᠠ᠃ | 3. ᠭᠡᠦᠭᠡᠳ ᠢ ᠬᠦᠳᠡᠯᠮᠦᠷᠢ ᠳᠤ ᠰᠤᠷᠭᠠᠬᠤ ᠨᠢ ᠰᠠᠶᠢᠨ ᠰᠠᠶᠢᠬᠠᠨ ᠠᠮᠢᠳᠤᠷᠠᠵᠦ ᠰᠤᠷᠤᠯᠴᠠᠬᠤ ᠵᠠᠩ | ᠲᠠᠳᠬᠠᠯ ᠤᠨ ᠪᠦᠷᠢᠯᠳᠦᠨ ᠲᠤᠭᠳᠠᠬᠤ ᠳᠤ ᠰᠠᠭᠤᠷᠢ ᠲᠠᠯᠪᠢᠵᠦ ᠦᠭᠳᠡᠭ᠃ ᠬᠦᠮᠦᠨ ᠤ ᠠᠮᠢᠳᠤᠷᠠᠯ ᠬᠦᠳᠡᠯᠮᠦᠷᠢ | ᠲᠡᠭᠡᠷ᠎ᠠ ᠲᠤᠭᠳᠠᠳᠠᠭ᠃ ᠭᠡᠦᠭᠡᠳ ᠢ ᠡᠳᠦᠷ ᠪᠦᠷᠢ ᠤᠷᠤ ᠪᠠᠨ ᠬᠤᠷᠢᠶᠠᠬᠤ ᠠᠵᠢᠯ ᠢ ᠬᠢᠯᠭᠡᠬᠦ ᠪᠠᠷ ᠵᠢᠱᠢᠪᠡᠯ᠂ ᠡᠳᠦᠷ | ᠪᠦᠷᠢ ᠡᠨᠡ ᠭᠦ ᠠᠵᠢᠯ ᠤᠨ ᠢᠶᠠᠨ ᠦᠷ᠎ᠠ ᠪᠦᠳᠦᠮᠵᠢ ᠶᠢ ᠪᠠᠳᠤᠯᠠᠵᠦ ᠲᠠᠬᠢᠨ ᠲᠠᠪᠳᠠᠬᠤ ᠠᠴᠠ ᠡᠬᠦᠷᠭᠡ ᠪᠠᠨ ᠮᠡᠳᠡᠷᠡᠵᠦ᠂ | ᠭᠡᠦᠭᠡᠳ ᠲᠤ ᠬᠦᠯᠢᠴᠡᠩᠬᠦᠢ ᠲᠠᠭᠠᠭᠠᠮᠠᠭᠠᠢ᠂ ᠬᠦᠴᠢᠷ ᠢ ᠢᠯᠠᠨ ᠲᠠᠪᠠᠭ᠋ᠤ ᠤᠬᠠᠮᠰᠠᠷ ᠠᠶᠠᠨᠳᠠᠭᠠᠨ ᠪᠦᠷᠢᠯᠳᠦᠳᠡᠭ | ᠤᠴᠢᠷ ᠠᠴᠠ ᠬᠦᠳᠡᠯᠮᠦᠷᠢ ᠪᠠᠷ ᠠᠮᠢᠳᠤᠷᠠᠯ ᠢᠶᠠᠨ ᠴᠤᠭᠴᠠᠯᠠᠬᠤ᠂ ᠪᠡᠶ᠎ᠠ ᠪᠠᠨ ᠲᠠᠭᠠᠭᠠᠵᠦ ᠠᠮᠢᠳᠤᠷᠠᠬᠤ ᠵᠡᠷᠭᠡ | ᠠᠮᠢᠳᠤᠷᠠᠬᠤᠢ ᠶᠢᠨ ᠵᠦᠪ ᠦᠵᠡᠯᠳᠡ ᠪᠦᠷᠢᠯᠳᠦᠨ ᠲᠤᠭᠳᠠᠳᠠᠭ ᠪᠠᠶᠢᠨ᠎ᠠ᠃ | 4. ᠭᠡᠦᠭᠡᠳ ᠢ ᠬᠦᠳᠡᠯᠮᠦᠷᠢ ᠳᠤ ᠰᠤᠷᠭᠠᠬᠤ ᠨᠢ ᠡᠷᠡᠬᠦᠯ ᠴᠢᠬᠢᠷᠠᠭ ᠢᠶᠠᠷ ᠦᠰᠦᠨ ᠪᠤᠶᠢᠵᠢᠬᠤ ᠳᠤ ᠠᠰᠢᠭᠳᠠᠢ᠃ | ᠬᠦᠮᠦᠨ ᠤ ᠠᠮᠢᠳᠤᠷᠠᠯ ᠤᠨ ᠬᠠᠮᠤᠭ ᠤᠨ ᠡᠷᠬᠢᠮ ᠨᠢ ᠪᠡᠶ᠎ᠠ ᠰᠡᠳᠬᠢᠴᠠ ᠶᠢᠨ ᠡᠷᠡᠬᠦᠯ ᠴᠢᠬᠢᠷᠠᠭ ᠤᠨ ᠠᠰᠠᠭᠤᠳᠠᠯ | ᠪᠤᠯᠤᠨ᠎ᠠ᠃ ᠬᠤᠷᠢᠨ ᠵᠢᠯ ᠤᠨ ᠡᠮᠦᠨ᠎ᠠ ᠭᠡᠦᠭᠡᠳ ᠭᠠᠳᠠᠨ᠎ᠠ ᠲᠤᠭᠯᠠᠭᠠᠳ ᠭᠡᠷ ᠲᠤ ᠪᠠᠨ ᠲᠤᠭᠳᠠᠬᠤ ᠦᠭᠡᠢ ᠠᠪᠤ | ᠡᠵᠢ ᠶᠢᠨ ᠰᠡᠳᠬᠢᠯ ᠤᠨ ᠵᠤᠪᠠᠯᠠᠩ ᠪᠤᠯᠳᠠᠭ ᠪᠠᠶᠢᠭᠰᠠᠨ ᠪᠤᠯ ᠦᠨᠦ ᠪᠤᠯᠬᠤ ᠳᠤ ᠭᠡᠦᠭᠡᠳ ᠭᠡᠷ ᠲᠤ ᠪᠠᠨ ᠰᠠᠭᠤᠭᠠᠳ | ᠲᠧᠯᠸᠢᠰ᠂ ᠭᠠᠷ ᠤᠳᠠᠰᠦ ᠲᠠᠢ ᠠᠪᠤᠯᠴᠠᠭᠠᠳ ᠭᠠᠳᠠᠨ᠎ᠠ ᠭᠠᠷᠬᠤ ᠦᠭᠡᠢ ᠠᠪᠤ ᠡᠵᠢ ᠪᠠᠨ ᠵᠤᠪᠠᠭᠠᠳᠠᠭ ᠪᠤᠯᠵᠡᠢ᠃ ᠡᠨᠡ | ᠪᠤᠯ ᠠᠪᠤ ᠡᠵᠢ ᠪᠤᠯᠤᠭᠰᠠᠳ ᠤᠨ ᠭᠡᠦᠭᠡᠳ ᠤᠨ ᠡᠷᠡᠬᠦᠯ ᠴᠢᠬᠢᠷᠠᠭ ᠤᠨ ᠲᠦᠯᠦᠭᠡᠨ ᠤ ᠰᠠᠨᠠᠭᠠᠰᠢᠷᠠᠯ ᠪᠤᠯᠤᠨ᠎ᠠ᠃ | ︽ᠪᠡᠶ᠎ᠠ ᠪᠠᠶᠢᠪᠠᠯ ᠪᠡᠭᠡᠵᠢᠩ︾ ᠭᠡᠳᠡᠭ ᠢᠶᠠᠷ ᠡᠷᠡᠬᠦᠯ ᠴᠢᠬᠢᠷᠠᠭ ᠪᠡᠶ᠎ᠠ ᠰᠡᠳᠬᠢᠴᠡ ᠲᠠᠢ ᠪᠠᠶᠢᠪᠠᠯ ᠪᠠᠶᠠᠯᠡᠬᠦᠯᠵᠤ ᠴᠢᠳᠠᠰᠢ | ᠦᠭᠡᠢ ᠦᠢᠯᠡ ᠭᠡᠵᠦ ᠦᠭᠡᠢ ᠶᠤᠮ᠃ ᠡᠶᠢᠮᠦ ᠠᠴᠠ ᠭᠡᠦᠭᠡᠳ ᠢ ᠬᠦᠳᠡᠯᠮᠦᠷᠢ ᠳᠤ ᠰᠤᠷᠭᠠᠬᠤ ᠨᠢ ᠪᠡᠶ᠎ᠠ | ᠮᠠᠬᠠᠪᠤᠳ ᠢ ᠨᠢ ᠴᠢᠭᠢᠷᠠᠭᠵᠢᠭᠤᠯᠤᠨ᠂ ᠦᠵᠡᠯ ᠰᠡᠳᠬᠢᠴᠡ ᠶᠢ ᠨᠢ ᠲᠠᠪᠳᠠᠭᠤᠯᠳᠠᠭ ᠤᠴᠢᠷ ᠠᠴᠠ ᠬᠦᠳᠡᠯᠮᠦᠷᠢ ᠨᠢ | ᠭᠡᠦᠭᠡᠳ ᠲᠤ ᠤᠯᠭᠤᠬᠤ ᠬᠠᠮᠤᠭ ᠤᠨ ᠰᠠᠶᠢᠨ ᠡᠷᠡᠭᠦᠯ ᠴᠢᠭᠢᠷᠠᠭ ᠤᠨ ᠬᠦᠴᠦᠨ ᠵᠦᠢᠯ ᠪᠣᠯᠳᠠᠭ᠃ | 5. ᠭᠡᠦᠭᠡᠳ ᠢ ᠬᠦᠳᠡᠯᠮᠦᠷᠢ ᠳᠤ ᠰᠤᠷᠭᠠᠬᠤ ᠨᠢ ᠡᠷᠬᠢᠮ ᠲᠡᠭᠡᠳᠦ ᠦᠵᠡᠯ ᠰᠡᠳᠬᠢᠯᠭᠡ ᠲᠠᠢ ᠪᠤᠯᠤᠨ | ᠬᠦᠮᠦᠵᠢᠭᠳᠡᠬᠦ ᠳᠤ ᠴᠢᠬᠤᠯᠠ ᠨᠦᠯᠦᠭᠡ ᠦᠵᠡᠬᠦᠯᠳᠡᠭ᠃ ︽ᠬᠠᠯᠠ ᠦᠵᠡᠵᠦ ᠬᠠᠯᠠᠭᠤᠨ ᠴᠢᠯᠠᠭᠤ ᠲᠤᠯᠢᠶᠠᠭᠰᠠᠨ︾ | ᠬᠦᠮᠦᠨ ᠰᠠᠶ᠋ᠢ ᠪᠤᠰᠤᠳ ᠤᠨ ᠵᠤᠪᠠᠯᠠᠩ ᠵᠦᠳᠡᠬᠦᠷᠢ ᠶᠢ ᠤᠢᠢᠯᠠᠭᠠᠵᠦ᠂ ᠦᠷᠦ ᠡᠪᠡᠳᠴᠦ ᠬᠠᠶᠢᠷᠠᠯᠠᠬᠤ᠂ ᠲᠤᠰᠠᠯᠠᠵᠦ | ᠲᠡᠮᠵᠢᠬᠦ ᠨᠢ ᠠᠷᠪᠢᠨ ᠪᠠᠶᠢᠳᠠᠭ᠃ ᠡᠬᠦᠨ ᠢ ᠬᠦᠳᠡᠯᠮᠦᠷᠢ ᠠᠴᠠ ᠤᠯᠭᠤᠭᠰᠠᠨ ᠵᠦᠪ ᠠᠮᠢᠳᠤᠷᠠᠬᠤᠢ ᠶᠢᠨ ᠦᠵᠡᠯᠳᠡ᠂ | ᠡᠷᠬᠢᠮ ᠲᠡᠭᠡᠳᠦ ᠬᠦᠮᠦᠨ ᠮᠦᠰᠦᠴᠢ ᠴᠢᠨᠠᠷ ᠮᠥᠨ ᠬᠡᠮᠡᠨ ᠦᠵᠡᠵᠦ ᠪᠤᠯᠤᠨ᠎ᠠ᠃ ᠡᠶᠢᠮᠦ ᠠᠴᠠ ᠭᠡᠦᠭᠡᠳ ᠢ | ᠪᠠᠭ᠎ᠠ ᠠᠴᠠ ᠨᠢ ᠬᠦᠳᠡᠯᠮᠦᠷᠢ ᠳᠤ ᠰᠤᠷᠭᠠᠬᠤ ᠨᠢ ᠵᠦᠪ ᠶᠢᠷᠳᠢᠨᠴᠦ ᠶᠢᠨ ᠦᠵᠡᠯᠳᠡ ᠲᠠᠢ ᠪᠣᠯᠤᠨ ᠬᠥᠮᠦᠵᠢᠭᠳᠡᠬᠦ ᠳᠤ | ᠭᠦᠨᠵᠡᠭᠡᠢ ᠨᠦᠯᠦᠭᠡ ᠦᠵᠡᠬᠦᠯᠳᠡᠭ ᠪᠠᠶᠢᠨ᠎ᠠ᠃ ᠵᠢᠱᠢᠶᠡᠯᠡᠪᠡᠯ᠄ ᠭᠡᠦᠭᠡᠳ ᠢ ᠬᠦᠳᠡᠭᠡ ᠠᠪᠠᠴᠢᠵᠦ ᠮᠠᠯ ᠠᠷᠠᠴᠢᠯᠠᠬᠤ | ᠬᠦᠳᠡᠯᠮᠦᠷᠢ ᠳᠤ ᠤᠷᠤᠯᠴᠠᠭᠤᠯᠪᠠᠯ ᠭᠡᠦᠭᠡᠳ ᠭᠦᠳᠠᠯᠮᠤᠷᠢ ᠶᠢᠨ ᠭᠦᠨᠳᠤ ᠪᠡᠷᠭᠡ ᠶᠢ ᠮᠠᠳᠠᠭᠦ᠂ ᠲᠦᠯ ᠮᠠᠯ ᠲᠡᠵᠢᠭᠡᠬᠦ | ᠦᠢᠯᠡ ᠠᠴᠠ ᠠᠮᠢᠳᠠᠨ ᠢ ᠬᠠᠶᠢᠷᠠᠯᠠᠬᠤ ᠁ ᠮᠡᠳᠦ ᠮᠤᠩᠭᠤᠯ ᠤᠨ ᠰᠢᠯᠢᠳᠡᠭ ᠵᠠᠩ ᠲᠠᠳᠬᠠᠯ᠂ ᠡᠷᠬᠢᠮ ᠲᠡᠭᠡᠳᠦ | ᠦᠵᠡᠯ ᠰᠤᠷᠳᠠᠯ ᠢ ᠤᠢᠢᠯᠠᠭᠠᠵᠦ ᠴᠢᠳᠠᠬᠤ ᠶᠤᠮ᠃ | 6. ᠭᠡᠦᠭᠡᠳ ᠢ ᠬᠦᠳᠡᠯᠮᠦᠷᠢ ᠳᠤ ᠰᠤᠷᠭᠠᠬᠤ ᠨᠢ ᠠᠴᠢᠯᠠᠯ ᠡᠯᠪᠡᠷᠢᠯ ᠲᠠᠢ ᠬᠦᠮᠦᠨ ᠪᠤᠯᠭᠠᠨ ᠬᠦᠮᠦᠵᠢᠬᠦᠯᠬᠦ ᠳᠤ | ᠰᠠᠭᠤᠷᠢ ᠲᠠᠯᠪᠢᠵᠦ ᠦᠭᠳᠡᠭ᠃ ᠠᠮᠢᠳᠤᠷᠠᠯ ᠤᠨ ᠠᠯᠢᠪᠠ ᠪᠠᠶᠠᠷ ᠴᠡᠩᠭᠡᠯ ᠨᠢ ᠪᠦᠷ ᠰᠢᠷᠭᠠᠭᠤ ᠬᠦᠳᠡᠯᠮᠦᠷᠢ ᠳᠤ | ᠰᠠᠭᠤᠷᠢᠯᠠᠵᠦ ᠪᠠᠶᠢᠳᠠᠭ᠃ ᠭᠡᠦᠭᠡᠳ ᠬᠦᠳᠡᠯᠮᠦᠷᠢ ᠳᠤ ᠤᠷᠤᠯᠴᠠᠬᠤ ᠦᠶᠡᠰ ᠬᠦᠳᠡᠯᠮᠦᠷᠢᠯᠡᠵᠦ ᠪᠠᠶᠢᠭ᠎ᠠ ᠬᠦᠮᠦᠰ ᠤᠨ | ᠵᠢᠳᠬᠦᠯ ᠢ ᠤᠯᠵᠦ ᠬᠠᠷᠠᠳᠠᠭ᠃ ᠦᠪᠡᠷ ᠢᠶᠠᠨ ᠬᠦᠳᠡᠯᠮᠦᠷᠢᠯᠡᠬᠦ ᠦᠶᠡᠰ ᠰᠠᠶ᠋ᠢ ᠪᠤᠰᠤᠳ ᠤᠨ ᠵᠢᠳᠬᠦᠯ ᠢ ᠮᠡᠳᠡᠷᠡᠵᠦ | ᠴᠢᠳᠠᠳᠠᠭ ᠪᠤᠯᠬᠤᠷ ᠬᠦᠳᠡᠯᠮᠦᠷᠢ ᠶᠢᠨ ᠬᠦᠴᠢᠷ ᠪᠠ ᠬᠦᠳᠡᠯᠮᠦᠷᠢ ᠶᠢᠨ ᠦᠷ᠎ᠡ ᠪᠦᠳᠦᠭᠡᠯ ᠢ ᠬᠠᠶᠢᠷᠠᠯᠠᠬᠤ ᠶᠢ ᠮᠡᠳᠡᠷᠡᠵᠦ᠂ | ᠦᠪᠡᠷ ᠪᠤᠰᠤᠳ ᠤᠨ ᠬᠦᠳᠡᠯᠮᠦᠷᠢ ᠶᠢ ᠬᠠᠶᠢᠷᠠᠯᠠᠬᠤ ᠠᠴᠠ ᠪᠤᠰᠤᠳ ᠢ ᠬᠦᠡᠳᠦᠳᠭᠡᠨ ᠪᠢᠰᠢᠷᠡᠬᠦ᠂ ᠪᠠᠶᠠᠷᠯᠠᠨ ᠲᠠᠯᠠᠷᠬᠠᠬᠤ | ᠵᠡᠷᠭᠡ ᠦᠵᠡᠯ ᠰᠡᠳᠬᠢᠯᠭᠡ ᠪᠦᠷᠢᠯᠳᠦᠨ ᠲᠤᠭᠳᠠᠵᠦ ᠠᠪᠤ ᠡᠵᠢ ᠪᠠᠨ ᠬᠦᠡᠳᠦᠯᠡᠬᠦ᠂ ᠠᠬᠠᠰ ᠵᠠᠬᠠᠰ ᠢᠶᠠᠨ | ᠠᠴᠢᠯᠠᠬᠤ ᠶᠢ ᠪᠦᠷᠢᠨ ᠤᠬᠠᠮᠰᠠᠷᠠᠵᠦ᠂ ᠠᠴᠢᠯᠠᠯ ᠵᠢᠷᠤᠮ ᠲᠠᠢ ᠬᠦᠮᠦᠨ ᠪᠤᠯᠤᠨ ᠬᠦᠮᠦᠵᠢᠭᠳᠡᠬᠦ ᠳᠤ ᠴᠢᠬᠤᠯᠠ | ᠦᠢᠯᠡᠳᠦᠯ ᠦᠵᠡᠬᠦᠯᠳᠡᠭ᠃ | ᠬᠤᠶᠠᠷ᠂ ᠭᠡᠤᠭᠡᠳ ᠢ ᠠᠵᠢᠯ ᠬᠦᠳᠡᠯᠮᠦᠷᠢ ᠳᠤ ᠲᠠᠭᠠᠭᠤᠯᠤᠨ ᠤᠷᠤᠯᠴᠠᠭᠤᠯᠵᠦ ᠠᠵᠢᠯᠴᠢ ᠬᠦᠳᠡᠯᠮᠦᠷᠢᠴᠢ ᠵᠠᠩ | ᠲᠠᠳᠬᠠᠯ ᠲᠠᠢ ᠪᠤᠯᠭᠠᠨ ᠬᠦᠮᠦᠵᠢᠬᠦᠯᠬᠦ | 1. ︽ᠬᠦᠳᠡᠯᠮᠤᠷᠢ ᠪᠤᠯ ᠦᠩᠭᠡ ᠭᠡᠷᠡᠯᠳᠡᠢ︾ ᠬᠡᠬᠦ ᠬᠦᠮᠦᠵᠢᠯ ᠢ ᠦᠢᠯᠡᠳᠦᠯᠭᠡ ᠪᠠᠷ ᠲᠠᠮᠵᠢᠭᠤᠯᠤᠠ | ᠭᠡᠤᠭᠡᠳ ᠲᠤ ᠲᠠᠨᠢᠭᠤᠯᠬᠤ ᠭᠡᠷᠡᠭᠳᠡᠢ᠃ ᠪᠢᠳᠠᠨ ᠪᠠᠭ᠎ᠠ ᠪᠠᠶᠢᠬᠤ ᠳᠤ ᠬᠤᠨᠢ ᠬᠠᠷᠢᠭᠤᠯᠤᠭᠠᠳ ᠢᠷᠡᠬᠦ ᠳᠤ ᠬᠦᠮᠦᠨ | ᠪᠦᠬᠦᠨ ︽ᠬᠤᠨᠢ ᠲᠤᠭᠳᠠᠪᠠ ᠤᠤ︖︾ ᠭᠡᠵᠦ ᠮᠡᠡᠳᠦᠴᠢᠯᠡᠳᠡᠭ ᠪᠦᠭᠡᠳ ᠴᠠᠢ ᠬᠤᠭᠤᠯᠠ ᠵᠠᠰᠠᠨ ᠬᠦᠡᠳᠦᠯᠡᠵᠦ | ᠬᠥᠳᠡᠯᠮᠦᠷᠢ ᠬᠦᠡᠳᠦᠳᠡᠢ ᠭᠡᠳᠡᠭ ᠢ ᠤᠬᠠᠭᠠᠷᠠᠭᠤᠯᠳᠠᠭ᠃ ᠡᠶᠢᠮᠦ ᠠᠴᠠ ᠪᠢᠳᠡ ᠠᠮᠢᠳᠤᠷᠠᠯ ᠲᠤᠮᠳᠠ ᠪᠠᠨ ᠭᠡᠦᠭᠡᠳ ᠤᠨ | ᠬᠢᠵᠦ ᠪᠠᠶᠢᠭ᠎ᠠ ᠵᠦᠢᠯ ᠳᠤ ᠰᠠᠨᠠᠭ᠎ᠠ ᠲᠠᠯᠪᠢᠵᠦ ᠭᠡᠦᠭᠡᠳ ᠤᠨ ᠬᠦᠳᠡᠯᠮᠦᠷᠢᠯᠡᠭᠦ ᠶᠢ ᠵᠤᠷᠢᠬᠵᠢᠭᠤᠯᠬᠤ ᠭᠡᠷᠡᠭᠳᠠᠢ᠃ | ᠵᠢᠱᠢᠶᠡᠯᠡᠪᠡᠯ᠄ ᠭᠡᠦᠭᠡᠳ ᠤᠬᠠᠮᠰᠠᠷ ᠠᠴᠠ ᠪᠠᠨ ᠠᠶᠠᠭ᠎ᠠ ᠰᠠᠪᠬ᠎ᠠ᠂ ᠤᠢᠢᠮᠤᠰᠤ ᠱᠠᠬᠠᠢ ᠪᠠᠨ ᠤᠬᠢᠶᠠᠭᠰᠠᠨ ᠪᠠᠶᠢᠪᠠᠯ | ︽ᠪᠡᠶ᠎ᠠ ᠪᠠᠨ ᠲᠠᠭᠠᠭᠠᠳᠠᠭ ᠰᠠᠶᠢᠨ ᠭᠡᠦᠭᠡᠳ ᠪᠠᠶᠢᠨ᠎ᠠ︾᠂ ︽ᠮᠢᠨᠦ ᠬᠦᠦ ᠲᠤᠮᠤᠭᠠᠵᠢᠵᠡᠢ︾ ᠭᠡᠬᠦ ᠮᠡᠳᠦ ᠪᠠᠷ ᠮᠠᠭᠳᠠᠨ | ᠤᠷᠮᠠᠰᠢᠭᠤᠯᠵᠦ ᠪᠠᠶᠢᠬᠤ ᠭᠡᠷᠡᠭᠳᠡᠢ᠃ | 2. ᠭᠡᠤᠭᠡᠳ ᠲᠤ ᠪᠡᠶ᠎ᠡ ᠶᠢᠨ ᠬᠦᠳᠡᠯᠮᠤᠷᠢ ᠳᠤ ᠤᠷᠤᠯᠴᠠᠬᠤ ᠤᠷᠤᠠ ᠵᠠᠢ ᠶᠢ ᠤᠯᠭᠤᠵᠦ ᠭᠡᠤᠭᠡᠳ ᠤᠨ | ᠪᠡᠶ᠎ᠡ ᠪᠠᠨ ᠲᠠᠭᠠᠭᠠᠬᠤ ᠴᠢᠳᠠᠪᠤᠷᠢ ᠶᠢ ᠬᠦᠮᠦᠵᠢᠭᠦᠯᠭᠦ ᠭᠡᠷᠡᠭᠳᠡᠢ᠃ ᠬᠦᠳᠡᠯᠮᠤᠷᠢ ᠳᠤ ᠤᠷᠤᠯᠴᠠᠮᠠᠠᠵᠢᠠ ᠰᠠᠶ᠋ᠢ ᠪᠡᠶ᠎ᠡ ᠪᠠᠨ | ᠲᠠᠭᠠᠭᠠᠬᠤ ᠤᠬᠠᠮᠰᠠᠷ ᠪᠦᠷᠢᠯᠳᠦᠵᠤ ᠴᠢᠳᠠᠳᠠᠭ᠃ ᠡᠶᠢᠮᠦ ᠠᠴᠠ ᠰᠤᠷᠭᠠᠭᠤᠯᠢ ᠪᠠ ᠭᠡᠷ ᠪᠦᠯᠢ ᠨᠢ ᠭᠡᠤᠭᠡᠳ ᠲᠤ | ᠪᠡᠶ᠎ᠡ ᠶᠢᠨ ᠬᠦᠳᠡᠯᠮᠤᠷᠢ ᠳᠤ ᠤᠷᠤᠯᠴᠠᠬᠤ ᠤᠷᠤᠠ ᠵᠠᠢ ᠶᠢ ᠪᠦᠷᠢᠠ ᠤᠯᠭᠤᠵᠦ ᠦᠪᠡᠷ ᠤᠨ ᠬᠢᠨᠢ ᠬᠢᠵᠤ ᠴᠢᠳᠠᠬᠤ | ᠠᠵᠢᠯ ᠢ ᠬᠢᠯᠭᠡᠵᠦ ᠰᠤᠷᠭᠠᠨ᠎ᠠ᠃ ᠵᠢᠱᠢᠶᠡᠯᠡᠪᠡᠯ᠂ ᠠᠩᠬᠢ ᠳᠤ ᠪᠠᠨ ᠵᠢᠵᠢᠬᠦᠷ ᠢᠶᠠᠨ ᠪᠡᠶ᠎ᠡ ᠪᠠᠨ ᠲᠠᠭᠠᠭᠠᠵᠦ ᠬᠢᠬᠦ᠂ | ᠴᠡᠴᠡᠭ ᠬᠤᠸᠠᠷ ᠢᠶᠠᠨ ᠠᠷᠠᠴᠢᠯᠠᠬᠤ᠂ ᠭᠡᠷ ᠲᠤ ᠪᠠᠨ ᠬᠤᠪᠴᠠᠰᠦ ᠬᠤᠨᠠᠷ ᠢᠶᠠᠨ ᠦᠪᠡᠷ ᠢᠶᠠᠨ ᠡᠮᠦᠰᠬᠦ᠂ ᠦᠰᠦ | ᠭᠡᠵᠢᠭᠡ ᠪᠠᠨ ᠦᠪᠡᠷ ᠢᠶᠠᠨ ᠤᠬᠢᠶᠠᠬᠤ᠂ ᠤᠢᠢᠮᠤᠰᠤ ᠱᠠᠬᠠᠢ᠂ ᠬᠤᠪᠴᠠᠰᠤ ᠬᠤᠨᠠᠷ ᠢᠶᠠᠨ ᠦᠪᠡᠷ ᠢᠶᠠᠨ ᠤᠬᠢᠶᠠᠬᠤ ᠨᠢ | ᠠᠶᠠᠨᠳᠠᠭᠠᠨ ᠪᠡᠶ᠎ᠡ ᠪᠠᠨ ᠲᠠᠭᠠᠭᠠᠵᠦ ᠬᠥᠳᠡᠯᠮᠦᠷᠢᠯᠡᠬᠦ ᠴᠢᠳᠠᠪᠤᠷᠢ ᠶᠢ ᠪᠦᠷᠢᠯᠳᠦᠭᠦᠯᠵᠦ ᠪᠠᠶᠢᠳᠠᠭ ᠤᠴᠢᠷᠳᠠᠢ᠃ | 3. ᠰᠤᠷᠭᠠᠭᠤᠯᠢ ᠠᠴᠠ ᠬᠦᠳᠡᠯᠮᠤᠷᠢ ᠦᠢᠯᠡᠳᠦᠯᠭᠡ ᠶᠢᠨ ᠬᠢᠴᠢᠶᠡᠯ ᠢ ᠲᠦᠭᠡᠮᠡᠯᠵᠢᠬᠦᠯᠵᠦ ᠰᠤᠷᠤᠭᠴᠢᠳ ᠤᠨ | ᠬᠦᠳᠡᠯᠮᠤᠷᠢ ᠳᠤ ᠤᠷᠤᠯᠴᠠᠬᠤ ᠶᠢ ᠰᠤᠷᠭᠠᠠ ᠬᠦᠮᠦᠵᠢᠯ ᠤᠨ ᠨᠢᠭᠡᠡ ᠬᠦᠭᠦᠷᠭᠡ ᠪᠤᠯᠭᠠᠠ ᠲᠤᠭᠤᠰᠢᠯᠠᠭᠤᠯᠬᠤ ᠭᠡᠷᠡᠭᠳᠡᠢ᠃ | ᠤᠯᠤᠰ ᠤᠨ ᠰᠤᠷᠭᠠᠠ ᠬᠦᠮᠦᠵᠢᠯ ᠤᠨ ᠱᠠᠭᠠᠷᠳᠠᠯᠭ᠎ᠠ ᠳᠤ ᠠᠩᠬᠢ ᠪᠦᠷᠢ ᠳᠤ ᠬᠦᠳᠡᠯᠮᠤᠷᠢ ᠪᠠ ᠮᠡᠷᠭᠡᠰᠢᠯ ᠤᠨ | ᠬᠢᠴᠢᠶᠡᠯ ᠢ ᠲᠤᠬᠢᠷᠠᠭᠤᠯᠬᠤ ᠭᠡᠷᠡᠭᠳᠡᠢ ᠭᠡᠵᠦ ᠱᠠᠭᠠᠷᠳᠠᠵᠦ ᠪᠠᠶᠢᠳᠠᠭ᠃ ᠡᠨᠡ ᠨᠢ ᠤᠳᠤ ᠶᠢᠨ ᠭᠡᠤᠭᠡᠳ ᠤᠨ ᠠᠵᠢᠯ | ᠬᠦᠳᠡᠯᠮᠤᠷᠢ ᠳᠤ ᠤᠷᠤᠯᠴᠠᠬᠤ ᠤᠷᠴᠢᠠ ᠢᠪᠴᠤᠳᠠᠭᠰᠠᠠ ᠪᠠᠶᠢᠳᠠᠯ ᠳᠤ ᠵᠣᠬᠢᠴᠠᠭᠤᠯᠵᠦ ᠬᠦᠳᠡᠯᠮᠤᠷᠢ ᠶᠢᠨ ᠬᠢᠴᠢᠶᠡᠯ ᠢ | ᠰᠠᠭᠤᠷᠢ ᠬᠢᠴᠢᠶᠡᠯ ᠤᠨ ᠨᠢᠭᠡ ᠪᠤᠯᠭᠠᠠ ᠲᠤᠭᠳᠠᠭᠠᠭᠰᠠᠠ ᠤᠴᠢᠷ ᠪᠠᠶᠢᠨ᠎ᠠ᠃ ᠡᠬᠦᠠ ᠠᠴᠠ ᠪᠢᠳᠠ ᠠᠵᠢᠯ | ᠬᠦᠳᠡᠯᠮᠤᠷᠢ ᠳᠤ ᠤᠷᠤᠯᠴᠠᠬᠤ ᠶᠢ ᠰᠤᠷᠭᠠᠠ ᠬᠦᠮᠦᠵᠢᠯ ᠤᠨ ᠴᠢᠬᠤᠯᠠ ᠨᠢᠭᠡᠡ ᠠᠭᠤᠯᠭ᠎ᠠ ᠪᠤᠯᠭᠠᠠ ᠨᠡᠪᠴᠢᠬᠦᠯᠬᠦ ᠨᠢ | ᠠᠯᠤᠰ ᠤᠨ ᠬᠠᠷᠠᠯᠳᠠ ᠲᠠᠢ᠂ ᠦᠷ᠎ᠡ ᠪᠦᠳᠦᠮᠵᠢᠳᠦ ᠰᠤᠷᠭᠠᠠ ᠬᠦᠮᠦᠵᠢᠯ ᠭᠡᠳᠡᠭ ᠢ ᠮᠡᠳᠡᠵᠦ ᠪᠤᠯᠤᠨ᠎ᠠ᠃ | ᠭᠤᠷᠪᠠ᠂ ᠭᠡᠤᠭᠡᠳ ᠢ ᠬᠦᠳᠡᠯᠮᠦᠷᠢ ᠳᠤ ᠰᠤᠷᠭᠠᠬᠤ ᠳᠤ ᠠᠩᠬᠠᠷᠤᠭᠤᠰᠢᠳᠠᠢ ᠵᠠᠷᠢᠮ ᠠᠰᠠᠭᠤᠳᠠᠯ | 1. ᠰᠤᠷᠭᠠᠭᠤᠯᠢ ᠶᠢᠨ ᠵᠢᠭᠠᠨ ᠰᠤᠷᠭᠠᠯᠳᠠ ᠳᠤ ︽ᠬᠦᠳᠡᠯᠮᠤᠷᠢ ᠪᠤᠯ ᠦᠡᠭᠭᠡ ᠭᠡᠷᠡᠯᠳᠡᠢ᠂ ᠬᠦᠮᠦᠠ | ᠲᠦᠷᠦᠯᠬᠢᠳᠠᠠ ᠤ ᠠᠮᠢᠳᠤᠷᠠᠯ ᠬᠦᠳᠡᠯᠮᠤᠷᠢ ᠠᠴᠠ ᠰᠠᠯᠵᠦ ᠴᠢᠳᠠᠬᠤ ᠦᠭᠡᠢ︾ ᠭᠡᠵᠦ ᠬᠦᠳᠡᠯᠮᠦᠷᠢ ᠶᠢᠨ ᠴᠢᠬᠤᠯᠠ | ᠴᠢᠨᠠᠷ ᠢ ᠦᠨᠡᠯᠡᠳᠡᠭ ᠪᠤᠯᠪᠠᠴᠦ ᠵᠠᠷᠢᠮ ᠦᠶᠠᠰ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠡᠨᠡ ᠭᠦ | ᠬᠦᠮᠦᠵᠢᠯ ᠢᠶᠠᠨ ᠭᠡᠳᠡᠷᠭᠦ ᠨᠢᠴᠤᠭᠠᠬᠤ ᠨᠢ ᠴᠦ ᠪᠠᠶᠢᠳᠠᠭ᠃ ᠵᠢᠱᠢᠶᠡᠯᠡᠪᠡᠯ᠂ ᠠᠩᠬᠢ ᠳᠤ ᠪᠠᠨ ᠲᠠᠰᠬᠠᠯ ᠪᠡᠶᠡᠯᠡᠬᠦᠯᠳᠡᠭ | ᠦᠭᠡᠢ ᠭᠡᠤᠭᠡᠳ ᠢᠶᠠᠷ ᠵᠢᠵᠢᠬᠦᠷ ᠬᠢᠯᠭᠡᠳᠡᠭ᠃ ︽ᠨᠤᠮ ᠰᠤᠷᠬᠤ ᠦᠭᠡᠢ ᠪᠤᠯ ᠵᠡᠭᠡᠯᠢ ᠱᠦᠬᠦᠷᠳᠡᠳᠡᠭ ᠠᠵᠢᠯᠴᠢᠠ ᠪᠤᠶᠤ | ᠠᠰᠠᠷ ᠪᠠᠷᠢᠳᠠᠭ ᠰᠢᠪᠠᠷᠴᠢᠠ ᠪᠤᠯᠤᠨ᠎ᠠ︾ ᠭᠡᠵᠦ ᠵᠠᠩᠨᠠᠳᠠᠭ᠃ ᠡᠳᠡᠭᠡᠷ ᠨᠢ ᠭᠡᠤᠭᠡᠳ ᠲᠤ ᠪᠡᠶ᠎ᠡ ᠶᠢᠨ ᠬᠦᠳᠡᠯᠮᠤᠷᠢ | ᠬᠢᠭᠰᠡᠳ ᠨᠢ ᠬᠠᠮᠤᠭ ᠤᠨ ︽ᠦᠭᠡᠳᠡ ᠦᠭᠡᠢ ᠬᠦᠮᠦᠠ︾ ᠭᠡᠰᠡᠨ ᠲᠦᠷᠦᠭᠳᠡᠯ ᠢ ᠤᠯᠭᠤᠳᠠᠭ ᠪᠠᠶᠢᠨ᠎ᠠ᠃ ᠡᠶᠢᠮᠦ ᠠᠴᠠ | ᠬᠦᠳᠡᠯᠮᠤᠷᠢ ᠶᠢᠨ ᠲᠤᠬᠠᠢ ᠦᠵᠡᠯᠳᠡ ᠶᠢ ᠦᠡᠳᠦᠰᠦᠠ ᠠᠴᠠ ᠨᠢ ᠬᠤᠪᠢᠷᠠᠭᠤᠯᠬᠤ ᠴᠢᠬᠤᠯᠠ ᠲᠠᠢ ᠪᠠᠶᠢᠨ᠎ᠠ᠃ | 2. ᠤᠳᠤ ᠶᠢᠨ ᠨᠡᠶᠢᠭᠡᠮ ᠲᠡᠭᠡᠷ᠎ᠠ ᠬᠦᠳᠡᠯᠮᠦᠷᠢᠯᠡᠬᠦ ᠦᠭᠡᠢ ᠪᠠᠷ ᠨᠦᠬᠦᠪᠦᠷᠢ ᠮᠦᠩᠬᠦ ᠤᠯᠬᠤ᠂ ᠮᠦᠷᠦᠢ ᠲᠠᠢ | ᠲᠤᠭᠯᠠᠭᠠᠮ ᠲᠤᠭᠯᠠᠵᠦ ᠪᠠᠶᠢᠭ᠎ᠠ ᠬᠦᠮᠦᠰ ᠤᠨ ᠨᠠᠵᠠᠭᠠᠢ ᠰᠤᠷᠳᠠᠯ ᠨᠢ ᠭᠡᠦᠭᠡᠳ ᠲᠤ ᠬᠦᠳᠡᠯᠮᠦᠷᠢ ᠶᠢᠨ ᠴᠢᠬᠤᠯᠠ | ᠴᠢᠨᠠᠷ ᠤᠨ ᠲᠤᠬᠠᠢ ᠪᠤᠷᠤᠭᠤ ᠤᠢᠢᠯᠠᠭᠠᠯᠳᠠ ᠶᠢ ᠦᠭᠳᠡᠭ᠃ ᠵᠢᠱᠢᠶᠡᠯᠡᠪᠡᠯ᠂ ᠶᠡᠭᠡ ᠪᠠᠷ ᠮᠦᠷᠦᠢ ᠲᠠᠢ ᠲᠤᠭᠯᠠᠭᠠᠮ | ᠲᠤᠭᠯᠠᠵᠦ ᠴᠡᠩᠭᠡᠯᠳᠦᠬᠦ ᠬᠦᠮᠦᠰ᠂ ᠤᠯᠤᠰ ᠤᠨ ᠨᠦᠬᠦᠪᠦᠷᠢ ᠮᠦᠩᠬᠦ ᠬᠠᠷᠠᠵᠦ ᠬᠦᠳᠡᠯᠮᠦᠷᠢᠯᠡᠬᠦ ᠦᠭᠡᠢ ᠪᠡᠯᠡᠨ | ᠪᠤᠳᠠᠭ᠎ᠠ ᠢᠳᠡᠵᠦ ᠪᠠᠶᠢᠭ᠎ᠠ ᠬᠦᠮᠦᠰ ᠤᠨ ᠭᠡᠷ ᠪᠦᠯᠢ ᠳᠤ ᠦᠰᠦᠭᠰᠡᠨ ᠭᠡᠦᠭᠡᠳ ᠬᠦᠳᠡᠯᠮᠦᠷᠢ ᠶᠢᠨ ᠴᠢᠬᠤᠯᠠ ᠴᠢᠨᠠᠷ ᠢ | ᠤᠢᠢᠯᠠᠭᠠᠵᠦ ᠴᠢᠳᠠᠬᠤ ᠦᠭᠡᠢ ᠶᠤᠮ᠃ | 3. ᠭᠡᠦᠭᠡᠳ ᠤᠨ ᠠᠮᠢᠳᠤᠷᠠᠯ ᠢ ᠲᠡᠩᠳᠡᠬᠦᠦ ᠡᠯᠪᠡᠭ ᠲᠡᠯᠪᠡᠭ ᠪᠠᠶᠢᠯᠭᠠᠬᠤ ᠭᠡᠦᠭᠡᠳ ᠢ ᠤᠶᠤᠨ ᠰᠠᠨᠠᠭᠠᠨ ᠤ | ᠬᠤᠭᠤᠰᠤᠷᠠᠯ ᠳᠤ ᠤᠴᠠᠷᠠᠭᠤᠯᠵᠦ᠂ ᠬᠦᠰᠡᠯᠡᠩ ᠮᠦᠷᠦᠭᠡᠳᠦᠯ ᠦᠭᠡᠢ᠂ ᠡᠳᠡᠭᠡᠳ ᠵᠦᠷᠢᠬᠦᠦ ᠵᠠᠩ ᠲᠠᠢ ᠭᠡᠦᠭᠡᠳ | ᠪᠣᠯᠤᠨ ᠬᠦᠮᠦᠵᠢᠭᠳᠡᠬᠦ ᠳᠤ ᠭᠦᠷᠭᠡᠵᠦ ᠮᠠᠳᠠᠨ᠎ᠠ᠃ ᠵᠢᠱᠢᠶᠡᠯᠡᠪᠡᠯ᠂ ᠤᠳᠤ ᠶᠢᠨ ᠭᠡᠤᠭᠡᠳ ᠤᠨ ᠢᠳᠡᠵᠦ ᠤᠤᠭᠤᠬᠤ᠂ | ᠡᠮᠦᠰᠴᠦ ᠵᠡᠬᠦᠬᠦ᠂ ᠡᠳ᠋ᠯᠡᠵᠦ ᠭᠡᠷᠡᠭᠯᠡᠬᠦ ᠠᠴᠠ ᠡᠬᠢᠯᠡᠭᠡᠳ ᠲᠤᠳᠠᠭᠳᠠᠬᠤ ᠵᠦᠢᠯ ᠦᠭᠡᠢ ᠪᠤᠯᠵᠤ᠂ ᠭᠡᠳᠦᠠ ᠮᠢᠩᠭᠠᠠ | ᠲᠦᠬᠦᠷᠢᠭ ᠤᠨ ᠪᠡᠨ᠎ᠡ ᠲᠠᠢ ᠭᠠᠷ ᠤᠳᠠᠰᠦ ᠪᠠᠨ ᠭᠠᠵᠢᠵᠦ ᠪᠠᠶᠢᠨ᠎ᠠ ᠭᠡᠳ ᠣᠴᠠᠭᠠᠷᠯᠠᠳᠠᠭ ᠭᠡᠤᠭᠡᠳ ᠵᠠᠬ᠎ᠠ ᠠᠴᠠ | ᠤᠯᠠᠨ᠃ | ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠦᠳᠡᠯᠮᠤᠷᠢ ᠶᠢᠨ ᠬᠦᠮᠦᠵᠢᠯ ᠢ ᠴᠢᠬᠤᠯᠠᠴᠢᠯᠠᠠ ᠬᠦᠷᠳᠡᠭᠡᠬᠦ ᠪᠤᠯ | ᠵᠢᠭᠠᠠ ᠰᠤᠷᠭᠠᠯᠳᠠ ᠶᠢᠨ ᠬᠠᠷᠠᠯᠳᠠ ᠶᠢᠨ ᠴᠢᠬᠤᠯᠠ ᠨᠢᠭᠡᠡ ᠵᠠᠩᠭᠢᠯᠠᠭ᠎ᠠ ᠪᠠᠶᠢᠪᠠᠯ ᠵᠣᠬᠢᠨ᠎ᠠ᠃ ᠰᠤᠷᠭᠠᠠ ᠬᠦᠮᠦᠵᠢᠯ ᠤᠨ | ᠦᠷ᠎ᠡ ᠪᠦᠳᠦᠮᠵᠢ ᠶᠢ ᠲᠡᠭᠡᠭᠰᠢᠯᠡᠬᠦᠯᠵᠦ ᠪᠦᠬᠦ ᠠᠷᠠᠳ ᠤᠨ ᠭᠡᠪ ᠴᠢᠨᠠᠷ ᠢ ᠲᠡᠭᠡᠭᠰᠢᠯᠡᠬᠦᠯᠦᠶ᠎ᠠ ᠭᠡᠪᠡᠯ ᠪᠢᠳᠠ ᠭᠡᠦᠭᠡᠳ ᠢ | ᠬᠦᠳᠡᠯᠮᠤᠷᠢ ᠳᠤ ᠰᠤᠷᠭᠠᠵᠦ᠂ ᠦᠪᠡᠷ ᠪᠤᠰᠤᠳ ᠢ ᠬᠠᠶᠢᠷᠠᠯᠠᠬᠤ ᠤᠬᠠᠮᠰᠠᠷ ᠲᠠᠢ᠂ ᠪᠡᠶ᠎ᠡ ᠪᠠᠨ ᠲᠠᠭᠠᠭᠠᠬᠤ ᠲᠠᠳᠬᠠᠯ ᠲᠠᠢ᠂ | ᠬᠠᠷᠢᠭᠤᠴᠠᠬᠤ ᠤᠪᠤᠷ ᠲᠠᠢ ᠭᠡᠤᠭᠡᠳ ᠢ ᠬᠦᠮᠦᠵᠢᠬᠦᠯᠬᠦ ᠭᠡᠷᠡᠭᠳᠠᠢ᠃ ᠡᠭᠦᠨ ᠳᠤ ᠭᠡᠷ ᠪᠦᠯᠢ᠂ ᠰᠤᠷᠭᠠᠭᠤᠯᠢ᠂ | ᠨᠠᠶᠢᠭᠡᠮ ᠤᠨ ᠭᠤᠷᠮᠤᠰᠤᠨ ᠬᠠᠪᠰᠤᠷᠤᠯᠴᠠᠭ᠎ᠠ ᠪᠠᠶᠢᠮᠠᠨᠵᠢᠨ ᠰᠠᠶ᠋ᠢ ᠨᠢᠭᠡᠨ ᠦᠨᠠᠨ ᠰᠡᠳᠬᠢᠯ ᠠᠴᠠ ᠪᠠᠨ ᠭᠦᠳᠠᠯᠮᠤᠷᠢ ᠳᠤ | ᠲᠤᠷ᠎ᠠ ᠪᠠᠬ᠎ᠠ ᠲᠠᠢ ᠭᠡᠤᠭᠡᠳ ᠢ ᠭᠦᠮᠦᠵᠢᠭᠦᠯᠵᠦ ᠴᠢᠳᠠᠨ᠎ᠠ᠃ | | | ᠬᠠᠶ᠋ᠢᠬ᠄ ᠠᠯᠠᠱᠠ ᠪᠠᠷᠠᠭᠤᠠ ᠬᠤᠰᠢᠭᠤᠠ ᠤ ᠰᠢᠭᠤᠳ | ᠬᠠᠷᠢᠶᠠᠳᠦ ᠮᠤᠩᠭᠤᠯ ᠪᠠᠭ᠎ᠠ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | 2020 ᠣᠨ ᠤ 6 ᠳ᠋ᠤᠭᠠᠷ ᠬᠤᠭᠤᠴᠠᠭ᠎ᠠ | | |