| | ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ | ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ | ᠠᠪᠬᠤ ᠬᠠᠷᠢᠴᠠᠯ ᠢ ᠨᠡᠮᠡᠭᠳᠡᠭᠦᠯᠬᠦ ᠵᠡᠷᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠠᠶᠢᠷᠢᠯᠠᠭᠤᠯᠵᠤ ᠠᠵᠤ | ᠠᠬᠤᠶᠢᠯᠠᠯ ᠤᠨ ᠰᠢᠨ᠎ᠡ ᠶᠢ ᠡᠭᠦᠳᠴᠦ ᠠᠵᠤ ᠦᠢᠯᠡᠰ ᠤᠨ ᠳᠡᠰ ᠳᠡᠪᠰᠢᠭᠦᠯᠬᠦ ᠶᠢ ᠠᠬᠢᠭᠤᠯᠬᠤ ᠶᠢ ᠨᠢ | ᠤᠷᠮᠠᠰᠢᠭᠤᠯᠪᠠ | ᠨᠡᠶᠢᠳᠡᠮ ᠠᠰᠢᠭ ᠬᠦᠷᠲᠡᠬᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠪᠠᠨ | ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠲᠥᠷᠥ ᠶᠢᠨ ᠪᠣᠳᠣᠯᠭ᠎ᠠ ᠪᠠ ᠢᠲᠡᠭᠡᠮᠵᠢᠲᠦ ᠵᠢᠭᠡᠯᠡᠯᠭᠡ ᠶᠢᠨ | ᠳᠡᠮᠵᠢᠯᠭᠡ ᠶᠢᠨ ᠲᠥᠯᠥᠪᠯᠡᠭᠡ ᠶᠢ ᠵᠢᠯ ᠤᠨ ᠡᠴᠦᠰ ᠪᠣᠯᠲᠠᠯ᠎ᠠ ᠤᠯᠠᠮ ᠨᠢᠭᠡ ᠠᠯᠬᠤᠮ ᠤᠷᠲᠤᠳᠬᠠᠬᠤ ᠪᠠᠷ ᠲᠣᠭᠲᠠᠪᠠ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ ᠶᠢ ᠪᠠᠲᠤᠯᠠᠪᠠ | | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 24 ᠤ | ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠢᠯᠡᠳᠬᠦ | ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ | ᠨᠡᠮᠡᠭᠳᠡᠭᠦᠯᠬᠦ ᠵᠡᠷᠭᠡ ᠲᠦᠷᠦ ᠶᠢᠨ ᠪᠤᠳᠤᠯᠭ᠎ᠠ ᠬᠡᠷᠡᠭᠵᠢᠭᠦᠯᠬᠦ ᠶᠢ ᠪᠠᠶᠢᠷᠢᠯᠠᠭᠤᠯᠵᠤ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠶᠢ ᠨᠢ ᠵᠣᠷᠢᠭᠵᠢᠭᠤᠯᠵᠤ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠪᠠᠷ ᠪᠣᠯᠪᠠ︔ ᠨᠡᠶᠢᠳᠡᠮ | ᠠᠰᠢᠭ ᠬᠦᠷᠲᠡᠬᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠦ ᠮᠥᠩᠭᠦ ᠪᠠᠨ ᠪᠤᠴᠠᠭᠠᠬᠤ | ᠬᠤᠭᠤᠴᠠᠭ᠎ᠠ ᠶᠢ ᠤᠷᠲᠤᠳᠬᠠᠬᠤ ᠲᠥᠷᠥ ᠶᠢᠨ ᠪᠣᠳᠣᠯᠭ᠎ᠠ ᠪᠣᠯᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ | ᠲᠥᠯᠥᠪᠯᠡᠭᠡ ᠶᠢ ᠵᠢᠯ ᠤᠨ ᠡᠴᠦᠰ ᠪᠣᠯᠲᠠᠯ᠎ᠠ ᠤᠷᠲᠤᠳᠬᠠᠬᠤ ᠪᠠᠷ ᠲᠣᠭᠲᠠᠪᠠ︔ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ ︵ᠵᠠᠰᠠᠪᠤᠷᠢ ᠣᠷᠣᠭᠤᠯᠤᠭᠰᠠᠨ | ᠲᠥᠰᠦᠯ︶︾ ᠶᠢ ᠪᠠᠲᠤᠯᠠᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠣᠰᠣᠭᠠᠷ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠨᠢ | ᠨᠡᠩ ᠰᠠᠶᠢᠨ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠬᠦ᠂ ᠡᠷᠬᠡ ᠲᠡᠭᠰᠢ ᠨᠡᠶᠢᠳᠡᠮ ᠠᠰᠢᠭ ᠬᠦᠷᠲᠡᠬᠦ ᠤᠷᠮᠠᠰᠢᠭᠤᠯᠤᠯ ᠤᠨ | ᠲᠦᠷᠦ ᠶᠢᠨ ᠪᠤᠳᠤᠯᠭ᠎ᠠ ᠶᠢ ᠨᠡᠩ ᠢᠯᠡᠭᠦᠦ ᠬᠡᠷᠡᠭᠯᠡᠵᠦ᠂ ᠠᠵᠤ ᠠᠬᠤᠶᠢᠯᠠᠯ ᠪᠣᠯᠤᠨ ᠪᠦᠬᠦ ᠨᠡᠶᠢᠭᠡᠮ ᠤᠨ ᠰᠤᠳᠤᠯᠭᠠᠨ ᠤ | ᠣᠷᠣᠭᠤᠯᠤᠯᠲᠠ ᠶᠢ ᠨᠡᠮᠡᠭᠳᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠵᠤ᠂ | ᠠᠵᠤ ᠠᠬᠤᠢ ᠶᠢᠨ ᠪᠦᠲᠦᠴᠡ ᠶᠢᠨ ᠰᠢᠯᠢᠳᠡᠭᠵᠢᠯᠲᠡ ᠶᠢ ᠠᠬᠢᠭᠤᠯᠬᠤ ᠬᠡᠷᠡᠭᠲᠡᠢ᠃ ᠣᠶᠢᠷ᠎ᠠ ᠶᠢᠨ ᠵᠢᠯ ᠤᠳ ᠲᠤ᠂ | ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢᠨ ᠡᠷᠴᠢᠮ ᠲᠠᠰᠤᠷᠠᠯᠲᠠ ᠥᠬᠡᠶ ᠴᠢᠩᠭᠠᠷᠠᠵᠤ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠶᠢ ᠬᠦᠴᠦᠲᠡᠶ ᠠᠬᠢᠭᠤᠯᠤᠭᠰᠠᠨ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠠᠬᠢ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠬᠦ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠷᠠᠯ ᠠᠴᠠ ᠲᠣᠭᠲᠠᠭᠠᠭᠰᠠᠨ ᠨᠢ᠂ ᠨᠢᠭᠡ ᠳᠤ᠂ ᠡᠨᠡ ᠵᠢᠯ ᠤᠨ 1 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠨ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ | ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ 75% ᠪᠠᠶᠢᠭᠰᠠᠨ ᠠᠴᠠ 100% ᠪᠣᠯᠭᠠᠨ ᠳᠡᠭᠡᠭᠰᠢᠯᠡᠭᠦᠯᠦᠨ᠎ᠡ᠂ | ᠡᠨᠡ ᠨᠢ ᠠᠵᠤ ᠠᠬᠤᠶᠢᠯᠠᠯ 100 ᠲᠦᠮᠡᠨ ᠲᠥᠭᠦᠷᠢᠭ ᠤᠨ ᠰᠤᠳᠤᠯᠭᠠᠨ ᠤ ᠵᠠᠷᠤᠳᠠᠯ ᠣᠷᠣᠭᠤᠯᠬᠤ ᠪᠦᠷᠢ ᠭᠠᠶᠢᠯᠢ | ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠠᠴᠠ 200 ᠲᠦᠮᠡᠨ ᠲᠥᠭᠦᠷᠢᠭ ᠰᠠᠭᠤᠯᠭᠠᠨ | ᠠᠪᠤᠭᠰᠠᠨ ᠲᠠᠢ ᠲᠡᠩᠴᠡᠨ᠎ᠡ᠃ ᠡᠨᠡ ᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠪᠡᠯ᠂ ᠵᠢᠱᠢᠯᠲᠡ ᠪᠠᠷ ᠨᠢᠳᠤᠨᠤᠨ ᠤ | ᠭᠠᠶᠢᠯᠢ ᠶᠢ ᠬᠥᠩᠭᠡᠯᠡᠭᠰᠡᠨ ᠬᠡᠮᠵᠢᠶ᠎ᠡ 3600 ᠳ᠋ᠦᠩᠰᠢᠭᠤᠷ ᠲᠥᠭᠦᠷᠢᠭ ᠢ ᠳᠠᠪᠠᠭᠰᠠᠨ ᠰᠠᠭᠤᠷᠢᠨ ᠳᠡᠭᠡᠷ᠎ᠡ᠂ ᠡᠨᠡ ᠵᠢᠯ | ᠠᠵᠤ ᠠᠬᠤᠶᠢᠯᠠᠯ ᠳᠤ ᠲᠠᠬᠢᠭᠠᠳ 800 ᠳ᠋ᠦᠩᠰᠢᠭᠤᠷ ᠲᠥᠭᠦᠷᠢᠭ ᠤᠨ ᠭᠠᠶᠢᠯᠢ ᠶᠢ ᠰᠢᠨ᠎ᠡ ᠪᠠᠷ ᠬᠠᠰᠤᠵᠤ ᠥᠭᠬᠦ | ᠪᠣᠯᠤᠨ᠎ᠠ᠃ ᠡᠨᠡ ᠬᠦ ᠲᠦᠷᠢᠮ ᠤᠨ ᠴᠢᠨᠠᠷᠲᠠᠶ ᠲᠣᠬᠢᠷᠠᠭᠤᠯᠤᠯᠲᠠ ᠪᠣᠯ ᠡᠨᠡ ᠵᠢᠯ ᠤᠨ ᠪᠦᠲᠦᠴᠡ ᠶᠢᠨ ᠴᠢᠨᠠᠷᠲᠠᠶ ᠪᠠᠷ | ᠭᠠᠶᠢᠯᠢ ᠬᠥᠩᠭᠡᠯᠡᠬᠦ ᠠᠵᠢᠯ ᠤᠨ ᠳᠤᠮᠳᠠᠬᠢ ᠡᠷᠴᠢᠮ ᠢᠶᠠᠷ ᠬᠠᠮᠤᠭ ᠤᠨ ᠶᠡᠭᠡ ᠲᠥᠷᠥ ᠶᠢᠨ ᠪᠣᠳᠣᠯᠭ᠎ᠠ ᠪᠣᠯᠤᠨ᠎ᠠ᠃ | ᠬᠤᠶᠠᠷ ᠲᠤ᠂ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠢᠯᠭᠠᠷᠠᠭᠤᠯᠤᠨ ᠲᠤᠰᠢᠶᠠᠬᠤ ᠲᠣᠭᠠᠴᠠᠭ᠎ᠠ ᠬᠢᠬᠦ ᠠᠷᠭ᠎ᠠ | ᠮᠠᠶ᠋ᠢᠭ ᠲᠤ ᠥᠭᠡᠷᠡᠴᠢᠯᠡᠯᠲᠡ ᠬᠢᠵᠦ᠂ ᠠᠵᠤ ᠠᠬᠤᠶᠢᠯᠠᠯ ᠥᠪᠡᠰᠦᠪᠡᠨ ᠡᠵᠡᠨ ᠮᠡᠳᠡᠵᠦ ᠬᠠᠭᠠᠰ ᠵᠢᠯ ᠢᠶᠠᠷ ᠨᠡᠮᠡᠨ | ᠪᠤᠳᠤᠵᠤ ᠰᠠᠭᠤᠯᠭᠠᠨ ᠠᠪᠬᠤ ᠬᠠᠷᠠᠭᠠᠯᠵᠠᠯ ᠭᠥᠷᠳᠡᠬᠦ ᠶᠢ ᠨᠢ ᠵᠥᠪᠰᠢᠶᠡᠷᠡᠵᠦ᠂ ᠳᠡᠭᠡᠷ᠎ᠡ ᠬᠠᠭᠠᠰ ᠵᠢᠯ ᠤᠨ | ᠰᠤᠳᠤᠯᠭᠠᠨ ᠤ ᠵᠠᠷᠤᠳᠠᠯ ᠢ ᠳᠠᠷᠠᠭ᠎ᠠ ᠵᠢᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠵᠤ | ᠢᠯᠭᠠᠷᠠᠭᠤᠯᠤᠨ ᠲᠤᠰᠢᠶᠠᠬᠤ ᠦᠶ᠎ᠡ ᠳᠤ ᠰᠠᠭᠤᠯᠭᠠᠨ ᠠᠪᠴᠤ ᠪᠠᠶᠢᠭᠰᠠᠨ ᠢ ᠲᠤᠬᠠᠶ ᠶᠢᠨ ᠵᠢᠯ ᠤᠨ 10 ᠰᠠᠷ᠎ᠠ ᠳᠤ | ᠤᠷᠢᠳᠴᠢᠯᠠᠨ ᠲᠤᠰᠢᠶᠠᠬᠤ ᠦᠶ᠎ᠡ ᠳᠤ ᠳᠠᠷᠤᠶ ᠰᠠᠭᠤᠯᠭᠠᠨ ᠠᠪᠴᠤ᠂ ᠠᠵᠤ ᠠᠬᠤᠶᠢᠯᠠᠯ ᠳᠤ ᠡᠷᠲᠡᠬᠡᠨ ᠠᠰᠢᠭ | ᠬᠦᠷᠲᠡᠭᠡᠨ᠎ᠡ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠦᠢᠯᠡᠴᠢᠯᠡᠭᠡᠨ ᠤ ᠠᠵᠤ | ᠠᠬᠤᠶᠢᠯᠠᠯ᠂ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ | ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢ ᠰᠤᠳᠤᠯᠬᠤ ᠬᠡᠷᠡᠭᠲᠡᠶ ᠭᠡᠵᠡᠢ᠃ ᠬᠤᠷᠠᠯ ᠠᠴᠠ | ᠱᠠᠭᠠᠷᠳᠠᠬᠤ ᠳᠤ ᠪᠠᠨ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠨᠢᠯᠴᠠᠭᠤᠯᠬᠤ ᠲᠠᠶᠢᠯᠪᠤᠷᠢᠯᠠᠬᠤ ᠶᠢ ᠴᠢᠩᠭᠠᠳᠬᠠᠵᠤ᠂ | ᠭᠠᠶᠢᠯᠢ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠬᠢᠨᠠᠨ ᠬᠠᠷᠭᠤᠭᠤᠯᠬᠤ ᠶᠠᠪᠤᠴᠠ ᠶᠢ ᠳᠥᠭᠦᠮᠴᠢᠯᠡᠵᠦ᠂ | ᠠᠵᠤ ᠠᠬᠤᠶᠢᠯᠠᠯ ᠤᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠲᠡᠬᠦ ᠳᠤ ᠲᠦᠬᠦᠮ ᠦᠵᠡᠭᠦᠯᠬᠦ ᠬᠡᠮᠵᠢᠶ᠎ᠡ ᠶᠢ | ᠳᠡᠭᠡᠭᠰᠢᠯᠡᠭᠦᠯᠵᠦ᠂ ᠰᠠᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠨᠢᠳᠤᠨᠤᠨ ᠠᠴᠠ ᠨᠠᠭᠠᠰᠢ ᠬᠡᠷᠡᠭᠵᠢᠭᠦᠯᠦᠭᠰᠡᠨ ᠵᠢᠵᠢᠭ ᠪᠢᠴᠢᠯ ᠠᠵᠤ | ᠠᠬᠤᠶᠢᠯᠠᠯ ᠢ ᠳᠡᠮᠵᠢᠬᠦ ᠵᠣᠭᠤᠰᠣᠨ ᠤ ᠲᠦᠷᠦ ᠶᠢᠨ ᠪᠤᠳᠤᠯᠭ᠎ᠠ ᠳᠤ ᠰᠢᠭᠤᠳ ᠬᠦᠷᠬᠦ ᠬᠤᠶᠠᠷ ᠵᠦᠢᠯ ᠤᠨ ᠪᠠᠭᠠᠵᠢ᠂ | ᠲᠤᠬᠠᠶᠢᠯᠠᠪᠠᠯ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠳᠤ ᠨᠡᠶᠢᠳᠡᠮ ᠬᠠᠷᠠᠭᠠᠯᠵᠠᠯ ᠬᠦᠷᠲᠡᠬᠦ ᠵᠢᠵᠢᠭ | ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠦ ᠮᠥᠩᠭᠦ ᠪᠠᠨ ᠪᠤᠴᠠᠭᠠᠬᠤ ᠬᠤᠭᠤᠴᠠᠭ᠎ᠠ ᠶᠢ ᠤᠷᠲᠤᠳᠬᠠᠬᠤ | ᠭᠠᠷᠳᠠᠮ ᠭᠦᠢᠴᠡᠳᠬᠡᠬᠦ ᠶᠢ ᠨᠢ ᠤᠷᠮᠠᠰᠢᠭᠤᠯᠤᠨ ᠵᠣᠷᠢᠭᠵᠢᠭᠤᠯᠵᠤ᠂ ᠲᠡᠭᠦᠨ ᠳᠤ ᠵᠢᠵᠢᠭ ᠪᠢᠴᠢᠯ ᠢᠲᠡᠭᠡᠮᠵᠢᠲᠦ | ᠵᠢᠭᠡᠯᠡᠯᠭᠡ ᠲᠠᠯᠪᠢᠬᠤ ᠳᠤ ᠬᠠᠷᠠᠭᠠᠯᠵᠠᠯᠲᠤ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠵᠢᠵᠢᠭ ᠪᠢᠴᠢᠯ ᠠᠵᠤ | ᠠᠬᠤᠶᠢᠯᠠᠯ ᠢ ᠬᠠᠪᠰᠤᠷᠤᠨ ᠬᠦᠴᠢᠷ ᠪᠣᠭᠤᠮᠲᠠ ᠶᠢ ᠲᠤᠭᠤᠯᠬᠤ᠂ ᠠᠵᠢᠯ ᠣᠯᠭᠤᠯᠲᠠ ᠶᠢ ᠪᠠᠲᠤᠯᠠᠬᠤ ᠠᠷᠠᠳ ᠤᠨ | ᠠᠮᠢᠳᠤᠷᠠᠯ ᠢ ᠪᠠᠲᠤᠯᠠᠬᠤ᠂ ᠠᠵᠤ ᠠᠬᠤᠶ ᠶᠢᠨ ᠦᠨᠳᠦᠰᠦᠨ ᠦᠨ᠎ᠡ ᠶᠢ ᠲᠣᠭᠲᠠᠪᠤᠷᠢᠵᠢᠭᠤᠯᠬᠤ ᠳᠤ ᠴᠢᠬᠤᠯᠠ | ᠦᠢᠯᠡᠳᠦᠯ ᠦᠵᠡᠭᠦᠯᠦᠭᠰᠡᠨ ᠪᠠᠶᠢᠨ᠎ᠠ ᠭᠡᠵᠡᠢ᠃ ᠵᠢᠵᠢᠭ ᠪᠢᠴᠢᠯ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ | ᠳᠡᠮᠵᠢᠯᠭᠡ ᠦᠵᠡᠭᠦᠯᠬᠦ ᠡᠷᠴᠢᠮ ᠢᠶᠠᠨ ᠰᠤᠯᠠᠷᠠᠭᠤᠯᠬᠤ ᠦᠭᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠵᠢᠵᠢᠭ | ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠨᠠᠩ ᠲᠥᠬᠦᠮ ᠦᠵᠡᠭᠦᠯᠵᠦ᠂ ᠶᠡᠷᠦᠩᠬᠡᠶᠢᠯᠡᠭᠰᠡᠨ ᠪᠠᠯᠠ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠦᠨᠡᠨ | ᠬᠦ ᠪᠠᠲᠤᠯᠠᠬᠤ ᠶᠢᠨ ᠲᠥᠯᠥᠭᠡ᠂ ᠬᠤᠷᠠᠯ ᠠᠴᠠ ᠲᠣᠭᠲᠠᠭᠠᠭᠰᠠᠨ ᠨᠢ᠂ ᠡᠮᠦᠨ᠎ᠡ ᠬᠤᠭᠤᠴᠠᠭᠠᠨ ᠳᠤ ᠵᠣᠭᠤᠰᠣᠨ ᠤ | ᠲᠥᠷᠥ ᠶᠢᠨ ᠪᠣᠳᠣᠯᠭ᠎ᠠ ᠳᠤ ᠰᠢᠭᠤᠳ ᠬᠥᠷᠬᠦ ᠬᠤᠶᠠᠷ ᠵᠦᠢᠯ ᠤᠨ ᠪᠠᠭᠠᠵᠢ ᠶᠢ ᠡᠨᠡ ᠵᠢᠯ ᠤᠨ ᠨᠢᠭᠡᠳᠦᠭᠡᠷ ᠤᠯᠠᠷᠢᠯ | ᠪᠣᠯᠲᠠᠯ᠎ᠠ ᠦᠷᠭᠦᠯᠵᠢᠯᠡᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠡᠷᠡᠭᠵᠢᠭᠦᠯᠬᠦ ᠬᠤᠭᠤᠴᠠᠭ᠎ᠠ ᠶᠢ ᠡᠨᠡ ᠵᠢᠯ ᠤᠨ | ᠡᠴᠦᠰ ᠪᠣᠯᠲᠠᠯ᠎ᠠ ᠤᠯᠠᠮ ᠨᠢᠭᠡ ᠠᠯᠬᠤᠮ ᠤᠷᠲᠤᠳᠬᠠᠵᠤ᠂ ᠵᠢᠵᠢᠭ ᠪᠢᠴᠢᠯ ᠠᠵᠤ ᠠᠬᠤᠶᠢᠯᠠᠯ ᠢ ᠳᠠᠬᠢᠨ ᠨᠢᠭᠡ | ᠤᠳᠠᠭ᠎ᠠ ᠬᠠᠪᠰᠤᠷᠤᠨ ᠲᠡᠳᠬᠦᠵᠦ᠂ ᠲᠡᠳᠡᠨ ᠤ ᠲᠣᠭᠲᠠᠭᠤᠨ ᠠᠵᠢᠯ ᠣᠯᠭᠤᠯᠲᠠ ᠶᠢᠨ ᠳᠤᠮᠳᠠᠬᠢ ᠴᠢᠬᠤᠯᠠ | ᠦᠢᠯᠡᠳᠦᠯ ᠢ ᠨᠢ ᠨᠠᠩ ᠰᠠᠶᠢᠨ ᠪᠠᠳᠠᠷᠠᠭᠤᠯᠬᠤ ᠬᠡᠷᠡᠭᠲᠡᠢ᠃ ᠨᠢᠭᠡ ᠳᠤ᠂ 2021 ᠣᠨ ᠤ ᠵᠢᠯ ᠤᠨ ᠡᠴᠦᠰ ᠠᠴᠠ | ᠡᠮᠦᠨ᠎ᠡ ᠬᠤᠭᠤᠴᠠᠭ᠎ᠠ ᠨᠢ ᠲᠤᠯᠤᠭᠰᠠᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ ᠳᠤ᠂ ᠠᠵᠤ ᠠᠬᠤᠶᠢᠯᠠᠯ ᠪᠠ ᠪᠠᠩᠬᠢ ᠡᠵᠡᠨ ᠮᠡᠳᠡᠵᠦ ᠵᠥᠪᠳᠡᠯᠴᠡᠵᠦ ᠪᠠᠶᠢᠭᠠᠳ ᠡᠬᠡ ᠮᠥᠩᠭᠦ ᠶᠢ ᠪᠤᠴᠠᠭᠠᠬᠤ | ᠬᠤᠭᠤᠴᠠᠭ᠎ᠠ ᠶᠢ ᠨᠢ ᠤᠷᠲᠤᠳᠬᠠᠬᠤ ᠶᠢᠨ ᠬᠠᠮᠲᠤ ᠵᠢᠭᠡᠯᠡᠯᠭᠡ ᠶᠢᠨ ᠡᠬᠡ ᠮᠥᠩᠭᠦ ᠪᠠᠨ ᠪᠤᠴᠠᠭᠠᠬᠤ ᠬᠤᠭᠤᠴᠠᠭ᠎ᠠ ᠶᠢ | ᠤᠷᠲᠤᠳᠬᠠᠬᠤ ᠭᠠᠷᠳᠠᠮ ᠭᠦᠢᠴᠡᠳᠬᠡᠬᠦ ᠣᠷᠣᠨ ᠨᠤᠲᠤᠭ ᠤᠨ ᠬᠠᠤᠯᠢ ᠶᠢᠨ ᠡᠷᠬᠡᠲᠡᠨ ᠢ ᠪᠠᠩᠬᠢ ᠠᠴᠠ ᠦᠷᠭᠦᠯᠵᠢᠯᠡᠨ | ᠲᠣᠭᠲᠠᠭᠠᠯ ᠶᠣᠰᠣᠭᠠᠷ ᠤᠷᠮᠠᠰᠢᠭᠤᠯᠵᠤ᠂ ᠵᠢᠭᠡᠯᠡᠯᠭᠡ ᠶᠢᠨ ᠡᠬᠡ ᠮᠥᠩᠭᠦ ᠶᠢᠨ 1% ᠪᠠᠷ ᠤᠷᠮᠠᠰᠢᠭᠤᠯᠬᠤ ᠬᠠᠷᠢᠴᠠᠯ | ᠪᠣᠯᠭᠠᠬᠤ ᠬᠡᠷᠡᠭᠲᠡᠢ᠃ ᠬᠤᠶᠠᠷ ᠲᠤ᠂ ᠨᠥᠬᠦᠴᠡᠯ ᠳᠤ ᠨᠡᠶᠢᠴᠡᠬᠦ ᠣᠷᠣᠨ ᠨᠤᠲᠤᠭ ᠤᠨ ᠬᠠᠤᠯᠢ ᠶᠢᠨ ᠡᠷᠬᠡᠲᠡᠨ ᠳᠤ | ᠪᠠᠩᠬᠢ ᠠᠴᠠ ᠵᠢᠵᠢᠭ ᠪᠢᠴᠢᠯ ᠢᠲᠡᠭᠡᠮᠵᠢ ᠶᠢᠨ ᠵᠢᠭᠡᠯᠡᠯᠭᠡ ᠲᠠᠯᠪᠢᠬᠤ ᠳᠤ ᠪᠠᠨ᠂ ᠦᠷᠭᠦᠯᠵᠢᠯᠡᠨ ᠡᠬᠡ ᠮᠥᠩᠭᠦ ᠶᠢᠨ | 40% ᠪᠠᠷ ᠬᠠᠷᠠᠭᠠᠯᠵᠠᠯ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠡᠭᠦᠨ ᠤ ᠵᠡᠷᠭᠡᠴᠡᠭᠡᠪᠡᠷ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠦᠵᠡᠭᠦᠯᠬᠦ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ | ᠨᠡᠮᠡᠭᠳᠡᠭᠦᠯᠬᠦ ᠶᠢ ᠰᠤᠳᠤᠯᠬᠤ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ ᠤᠳᠤᠷᠢᠳᠤᠮᠵᠢ ᠶᠢ | ᠲᠤᠪᠤᠶᠢᠯᠭᠠᠵᠤ᠂ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠨᠠᠮᠳᠠᠭᠤᠯᠬᠤ ᠪᠠ ᠠᠵᠢᠯ | ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃ ᠬᠤᠷᠠᠯ ᠠᠴᠠ ︽ᠪᠦᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ ︵ᠵᠠᠰᠠᠪᠤᠷᠢ ᠣᠷᠣᠭᠤᠯᠤᠭᠰᠠᠨ | ᠲᠥᠰᠦᠯ︶︾ ᠶᠢ ᠪᠠᠲᠤᠯᠠᠵᠤ᠂ ᠦᠢᠯᠡᠳᠪᠦᠷᠢᠯᠡᠬᠦ ᠪᠠ ᠵᠢᠭᠠᠨ ᠰᠤᠷᠭᠠᠬᠤ ᠶᠢ ᠠᠭᠤᠰᠤᠯᠴᠠᠭᠤᠯᠬᠤ ᠪᠠ ᠰᠤᠷᠭᠠᠭᠤᠯᠢ | ᠠᠵᠤ ᠠᠬᠤᠶᠢᠯᠠᠯ ᠬᠠᠮᠲᠤᠷᠠᠯᠴᠠᠬᠤ᠂ ᠨᠡᠶᠢᠭᠡᠮ ᠤᠨ ᠬᠦᠴᠦᠨ ᠠᠴᠠ ᠠᠵᠢᠯ ᠮᠡᠷᠭᠡᠵᠢᠯ ᠤᠨ ᠰᠤᠷᠭᠠᠭᠤᠯᠢ | ᠡᠷᠬᠢᠯᠡᠬᠦ ᠶᠢ ᠨᠢ ᠳᠡᠮᠵᠢᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠤᠨ | ᠰᠤᠷᠤᠯᠭ᠎ᠠ ᠶᠢᠨ ᠦᠷ᠎ᠡ ᠪᠦᠲᠦᠭᠡᠯ ᠢ ᠠᠭᠤᠰᠤᠯᠴᠠᠭᠤᠯᠤᠨ ᠬᠠᠷᠢᠯᠴᠠᠨ ᠮᠡᠳᠡᠷᠡᠬᠦ ᠶᠢ ᠠᠬᠢᠭᠤᠯᠬᠤ ᠵᠡᠷᠭᠡ ᠲᠠᠯ᠎ᠠ ᠪᠠᠷ | ᠲᠣᠭᠲᠠᠭᠠᠯ ᠭᠠᠷᠭᠠᠵᠠᠢ᠃ ᠬᠤᠷᠠᠯ ᠠᠴᠠ ᠲᠥᠰᠦᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠲᠣᠭᠲᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |