| | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠹᠦᠵᠢᠶᠠᠨ ᠳᠤ ᠰᠢᠨᠵᠢᠯᠡᠨ | ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠥ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠥ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ᠂ ᠥᠭᠡᠷᠡᠴᠢᠯᠡᠯᠲᠡ ᠨᠡᠭᠡᠭᠡᠯᠲᠡ ᠶᠢ ᠥᠷᠭᠡᠳᠬᠡᠵᠥ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠥ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠤᠨ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠵᠥ᠂ ᠣᠳᠣᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠲᠠᠯ᠎ᠠ ᠪᠠᠷ ᠨᠡᠩ ᠶᠡᠭᠡ ᠳᠠᠪᠰᠢᠯᠲᠠ ᠲᠠᠢ ᠪᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ | ᠭᠠᠷᠭᠠᠨ᠂ ᠲᠠᠶᠢᠸᠠᠨ ᠬᠤᠭᠤᠯᠠᠢ ᠶᠢᠨ ᠬᠤᠶᠠᠷ ᠬᠦᠪᠡᠭᠡᠨ ᠤ ᠠᠭᠤᠰᠤᠯᠴᠠᠨ ᠬᠥᠭᠵᠢᠭᠦ ᠰᠢᠨ᠎ᠡ ᠵᠠᠮ ᠢ ᠬᠠᠶᠢᠨ | ᠰᠦᠪᠡᠭᠴᠢᠯᠡᠬᠦ ᠲᠠᠯ᠎ᠠ ᠪᠠᠷ ᠨᠡᠩ ᠶᠡᠭᠡ ᠠᠯᠬᠤᠮ ᠢ ᠠᠯᠬᠤᠵᠥ᠂ ᠴᠢᠨᠠᠷ ᠰᠠᠶᠢᠲᠠᠶ ᠠᠮᠢᠳᠤᠷᠠᠯ ᠢ ᠴᠣᠭᠴᠠᠯᠠᠬᠤ ᠲᠠᠯ᠎ᠠ ᠪᠠᠷ | ᠨᠠᠩ ᠶᠡᠭᠡ ᠰᠢᠪᠲᠤᠯᠤᠯᠲᠠ ᠭᠠᠷᠭᠠᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠹᠦᠵᠢᠶᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ ᠬᠡᠵᠥ ᠴᠢᠬᠤᠯᠠᠴᠢᠯᠠᠪᠠ᠃ | | | | | | 3 ᠰᠠᠷ᠎ᠠ ᠶᠢᠨ 22 ᠠᠴᠠ 25 ᠤ ᠡᠳᠤᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ | ᠹᠦᠵᠢᠶᠠᠨ ᠳᠤ ᠰᠢᠨᠵᠢᠯᠠᠨ ᠪᠠᠶᠢᠴᠠᠭᠠᠪᠠ᠃ ᠡᠨᠡ ᠪᠤᠯ 22 ᠤᠨ ᠦᠳᠡ ᠶᠢᠨ ᠬᠤᠶᠢᠨ᠎ᠠ᠂ ᠰᠢ ᠶᠢᠨ ᠫᠢᠩ ᠨᠠᠨᠫᠢᠩ ᠤᠨ | ᠡᠤ ᠢ ᠱᠠᠨ ᠬᠤᠳᠠ ᠶᠢᠨ ᠰᠢᠩ ᠼᠦᠨ ᠪᠠᠯᠭᠠᠰᠤᠨ ᠤ ᠶᠠᠨ ᠽᠢ ᠺᠧ ᠠᠮᠢ ᠠᠬᠤᠢ ᠶᠢᠨ ᠴᠠᠢ ᠶᠢᠨ ᠬᠦᠷᠢᠶᠠᠯᠠᠩ ᠳᠤ᠂ | ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠳᠤᠮᠢᠯᠠᠬᠴᠢ᠂ ᠴᠠᠢ ᠶᠢᠨ ᠳᠠᠷᠢᠶᠠᠴᠢᠨ ᠲᠠᠢ ᠳᠤᠳᠤᠨᠤ ᠪᠠᠷ | ᠰᠤᠯᠢᠯᠴᠠᠵᠥ᠂ ᠳᠤᠬᠠᠢ ᠶᠢᠨ ᠭᠠᠵᠠᠷ ᠤᠨ ᠴᠠᠢ ᠶᠢᠨ ᠠᠵᠥ ᠦᠢᠯᠡᠰ ᠤᠨ ᠬᠦᠭᠵᠢᠯᠳᠡ ᠶᠢᠨ ᠪᠠᠶᠢᠳᠠᠯ ᠢ ᠦᠢᠯᠠᠭᠠᠵᠥ | ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠬᠦᠳᠡᠷᠯᠡᠪᠡ | ᠬᠠᠪᠤᠷ ᠤᠨ ᠳᠤᠮᠳᠠ ᠰᠠᠷ᠎ᠠ ᠪᠠᠷ᠂ ᠹᠦᠵᠢᠶᠠᠨ ᠤ ᠡᠬᠡ ᠭᠠᠵᠠᠷ ᠲᠤ ᠠᠮᠢ ᠠᠮᠢᠵᠢᠷᠠᠯ ᠢᠶᠠᠷ ᠪᠢᠯᠬᠠᠨ᠎ᠠ᠃ 3 | ᠰᠠᠷ᠎ᠠ ᠶᠢᠨ 22 ᠠᠴᠠ 25 ᠤ ᠡᠳᠦᠷ ᠪᠣᠯᠲᠠᠯ᠎ᠠ᠂ ᠰᠢ ᠶᠢᠨ ᠫᠢᠩ ᠹᠦᠵᠢᠶᠠᠨ ᠮᠤᠵᠢ ᠶᠢᠨ ᠨᠠᠮ ᠤᠨ ᠬᠤᠷᠢᠶᠠᠨ ᠤ | ᠱᠦᠵᠢ ᠶᠢᠨ ᠯᠢ᠂ ᠮᠤᠵᠢ ᠶᠢᠨ ᠳᠠᠷᠤᠭ᠎ᠠ ᠸᠠᠩ ᠨᠢᠩ ᠤᠨ ᠪᠠᠷ᠎ᠠ ᠪᠣᠯᠣᠯᠭ᠎ᠠ ᠲᠠᠢ ᠪᠠᠷ ᠤᠷᠢᠳ ᠬᠤᠵᠢᠳ ᠨᠠᠨᠫᠢᠩ᠂ | ᠰᠠᠨᠮᠢᠩ᠂ ᠹᠦᠵᠧᠦ ᠵᠡᠷᠭᠡ ᠭᠠᠵᠠᠷ ᠲᠤ ᠬᠦᠷᠴᠦ᠂ ᠤᠯᠤᠰ ᠤᠨ ᠴᠡᠴᠡᠷᠯᠢᠭ᠂ ᠠᠮᠢ ᠠᠬᠤᠶ ᠶᠢᠨ ᠴᠠᠶ ᠶᠢᠨ | ᠬᠦᠷᠢᠶᠡᠯᠡᠩ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠡᠮᠨᠡᠯᠭᠡ ᠶᠢᠨ ᠬᠤᠷᠢᠶ᠎ᠠ᠂ | ᠬᠥᠳᠡᠭᠡ ᠲᠣᠰᠬᠤᠨ᠂ ᠠᠵᠤ ᠠᠬᠤᠶᠢᠯᠠᠯ᠂ ᠰᠤᠷᠭᠠᠭᠤᠯᠢ ᠵᠡᠷᠭᠡ ᠭᠠᠵᠠᠷ ᠲᠤ ᠭᠦᠨᠵᠡᠭᠡᠶᠢᠷᠡᠨ᠂ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠳᠡ ᠲᠠᠢ | ᠪᠠᠶᠢᠬᠤ ᠶᠢ ᠠᠬᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠵᠡᠷᠭᠡ ᠶᠢᠨ ᠲᠤᠬᠠᠶ ᠪᠠᠶᠢᠴᠠᠭᠠᠨ | ᠰᠤᠳᠤᠯᠤᠯᠲᠠ ᠬᠢᠪᠠ᠃ | ᠦ᠋ ᠢ ᠱᠠᠨ ᠤ ᠤᠯᠤᠰ ᠤᠨ ᠴᠡᠴᠡᠷᠯᠢᠭ ᠪᠣᠯ ᠤᠯᠤᠰ ᠤᠨ ᠴᠡᠴᠡᠷᠯᠢᠭ ᠤᠨ ᠪᠠᠶᠢᠭᠤᠯᠤᠮᠵᠢ ᠶᠢᠨ ᠲᠦᠷᠦᠭᠦᠦ | ᠪᠦᠯᠦᠭ ᠤᠨ ᠲᠤᠷᠰᠢᠯᠲᠠ ᠶᠢᠨ ᠴᠡᠭ ᠤᠨ ᠨᠢᠭᠡ ᠪᠣᠯᠤᠨ᠎ᠠ᠃ 22 ᠤᠨ ᠦᠳᠡ ᠶᠢᠨ ᠬᠤᠶᠢᠨ᠎ᠠ᠂ ᠰᠢ ᠶᠢᠨ ᠫᠢᠩ | ᠴᠡᠴᠡᠷᠯᠢᠭ ᠤᠨ ᠤᠶᠤᠨᠴᠢ ᠬᠠᠮᠢᠶᠠᠷᠤᠯᠲᠠ ᠶᠢᠨ ᠲᠥᠪ ᠲᠤ ᠬᠦᠷᠴᠦ᠂ ᠤᠶᠤᠨᠴᠢ ᠬᠠᠮᠢᠶᠠᠷᠤᠯᠲᠠ ᠶᠢᠨ ᠲᠠᠪᠴᠠᠩ ᠤᠨ | ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠪᠡ᠃ ᠲᠣᠰ ᠲᠥᠪ ᠨᠢ ᠤᠶᠤᠨᠳᠤ ᠮᠡᠷᠭᠡᠵᠢᠯ ᠢ ᠶᠡᠷᠦᠩᠬᠡᠶᠢᠯᠡᠨ | ᠠᠰᠢᠡᠡᠯᠠᠵᠤ᠂ ᠴᠡᠴᠡᠷᠯᠢᠭ ᠤᠨ ︽ᠲᠩᠷᠢ ᠭᠠᠵᠠᠷ ᠣᠭᠲᠠᠷᠭᠤᠶ︾ ᠶᠢ ᠪᠥᠬᠦ ᠬᠠᠷᠠᠭᠠᠰᠤ ᠠᠴᠠ᠂ ᠪᠦᠬᠦᠯᠢ ᠡᠳᠦᠷ ᠢᠶᠠᠷ | ᠬᠢᠨᠠᠨ ᠡᠵᠡᠮᠳᠡᠵᠦ ᠬᠠᠮᠢᠶᠠᠷᠬᠤ ᠶᠢ ᠪᠡᠶᠡᠯᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠵᠠᠢ᠃ ᠰᠢ ᠶᠢᠨ ᠫᠢᠩ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠹᠦᠵᠢᠶᠠᠨ ᠳᠤ ᠠᠵᠢᠯᠯᠠᠵᠥ ᠪᠠᠶᠢᠬᠰᠠᠨ ᠬᠤᠭᠤᠴᠠᠭᠠᠨ ᠳᠠᠭᠠᠨ ᠳᠠᠷᠤᠢ ᠴᠠᠩ ᠲᠢᠩ ᠤᠨ ᠬᠦᠷᠦᠰᠦ | ᠰᠢᠷᠣᠢ ᠶᠢᠨ ᠢᠳᠡᠭᠳᠡᠯ ᠢ ᠵᠠᠰᠠᠬᠤ᠂ ᠮᠦ ᠯᠠᠨ ᠰᠢ ᠶᠢᠨ ᠦᠢᠡᠷ ᠢ ᠰᠡᠷᠭᠡᠶᠢᠯᠡᠬᠦ ᠢᠨᠵᠧᠨᠧᠷᠢᠩ ᠵᠡᠷᠭᠡ ᠴᠢᠬᠤᠯᠠ ᠶᠡᠭᠡ | ᠠᠮᠢ ᠠᠬᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠢ ᠠᠬᠢᠭᠤᠯᠤᠭᠰᠠᠨ ᠪᠥᠭᠡᠳ 2000 ᠣᠨ ᠳᠤ ᠹᠦᠵᠢᠶᠠᠨ ᠳᠤ | ᠪᠦᠬᠦ ᠤᠯᠤᠰ ᠲᠤ ᠡᠩ ᠲᠡᠷᠢᠭᠦᠨ ᠳᠤ ᠠᠮᠢ ᠠᠬᠤᠢ ᠶᠢᠨ ᠮᠤᠵᠢ ᠶᠢᠨ ᠪᠦᠳᠦᠭᠡᠨ ᠪᠠᠶᠢᠭᠤᠯᠤᠯᠲᠠ ᠶᠢ | ᠰᠦᠪᠡᠭᠴᠢᠯᠡᠬᠦ ᠶᠢ ᠠᠬᠢᠭᠤᠯᠤᠬᠰᠠᠨ ᠶᠤᠮ᠃ ᠤᠷᠳᠤ ᠬᠤᠭᠤᠴᠠᠭᠠᠨ ᠤ ᠴᠢᠷᠮᠠᠶᠢᠯᠭ᠎ᠠ ᠪᠠᠷ ᠳᠠᠮᠵᠢᠨ᠂ ᠹᠦᠵᠢᠶᠠᠨ ᠤ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠢᠳᠡᠪᠬᠢᠲᠡᠢ ᠦᠷ᠎ᠡ ᠪᠦᠲᠦᠮᠵᠢ ᠤᠯᠪᠠ᠃ ᠰᠢ ᠶᠢᠨ ᠫᠢᠩ᠂ | ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ | ᠰᠢᠰᠲ᠋ᠧᠮ ᠢ ᠪᠠᠶᠢᠭᠤᠯᠬᠤ ᠶᠢᠨ ᠵᠣᠷᠢᠯᠭ᠎ᠠ ᠪᠣᠯ ᠳᠠᠷᠤᠢ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠪᠣᠯ ᠠᠮᠢ ᠨᠠᠰᠤᠨ ᠤ ᠬᠠᠮᠲᠤ ᠴᠣᠭᠴᠠ ᠪᠣᠯᠬᠤ ᠣᠶᠢᠯᠠᠭᠠᠭᠳᠠᠬᠤᠨ ᠶᠤᠰᠤᠭᠠᠷ᠂ | ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠤᠤᠯ ᠲᠦᠷᠢ ᠳᠦᠷᠬᠦ ᠪᠣᠯᠤᠨ ᠪᠦᠷᠢᠨ ᠪᠦᠲᠦᠨ ᠴᠢᠨᠠᠷ ᠢ | ᠪᠠᠲᠤᠯᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠶᠢᠨ ᠲᠥᠯᠥᠭᠡ ᠶᠤᠮ᠃ ᠠᠮᠢ | ᠠᠬᠤᠢ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠮᠠᠭᠠᠯᠠᠬᠤ ᠪᠠ ᠬᠥᠭᠵᠢᠭᠦᠯᠬᠦ ᠶᠢ | ᠨᠢᠭᠡᠳᠦᠯᠲᠡᠢ ᠲᠥᠯᠥᠪᠵᠢᠭᠦᠯᠦᠨ᠂ ᠠᠮᠢ ᠠᠬᠤᠢ ᠶᠢᠨ ᠨᠡᠭᠦᠳᠡᠯ ᠠᠷᠠᠳ ᠢ ᠡᠮᠬᠢ ᠵᠢᠷᠤᠮ ᠲᠠᠢ ᠪᠠᠷ ᠨᠡᠭᠦᠯᠭᠡᠨ | ᠰᠢᠯᠵᠢᠭᠦᠯᠵᠦ᠂ ᠠᠮᠢ ᠠᠬᠤᠢ ᠶᠢᠨ ᠵᠢᠭᠤᠯᠴᠢᠯᠠᠯ ᠢ ᠵᠣᠬᠢᠰᠲᠠᠢ ᠬᠥᠭᠵᠢᠭᠦᠯᠤᠨ᠂ ᠠᠮᠢ ᠠᠬᠤᠢ ᠶᠢᠨ ᠬᠠᠮᠠᠭᠠᠯᠠᠯᠲᠠ᠂ | ᠪᠣᠬᠢᠷᠲᠤᠯ ᠦᠭᠡᠢ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠨᠢᠭᠡᠳᠭᠡᠬᠦ ᠶᠢ ᠪᠡᠶᠡᠯᠡᠭᠦᠯᠬᠦ | ᠬᠡᠷᠡᠭᠲᠡᠢ ᠬᠡᠵᠥ ᠵᠢᠭᠠᠵᠥ ᠭᠠᠷᠭᠠᠪᠠ᠃ | ᠡᠤ ᠢ ᠱᠠᠨ ᠠᠭᠤᠯᠠ ᠪᠣᠯ ᠡᠤ ᠯᠦᠩ ᠴᠠᠢ᠂ ᠬᠠᠷ᠎ᠠ ᠴᠠᠢ ᠶᠢᠨ ᠭᠤᠯᠤᠮᠳᠠ ᠤᠷᠤᠨ ᠪᠤᠯᠤᠨ᠎ᠠ᠃ ᠰᠢ ᠶᠢᠨ | ᠫᠢᠩ ᠰᠢᠩ ᠼᠦᠨ ᠪᠠᠯᠭᠠᠰᠤ ᠶᠢᠨ ᠶᠠᠨ ᠽᠢ ᠺᠧ ᠠᠮᠢ ᠠᠬᠤᠢ ᠶᠢᠨ ᠴᠠᠢ ᠶᠢᠨ ᠬᠦᠷᠢᠶᠡᠯᠡᠩ ᠳᠤ ᠬᠦᠷᠴᠦ᠂ | ᠬᠠᠪᠤᠷ ᠤᠨ ᠴᠠᠢ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠴᠠᠢ ᠶᠢᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠴᠠᠢ ᠶᠢᠨ ᠰᠣᠶᠣᠯ᠂ ᠴᠠᠢ ᠶᠢᠨ ᠠᠵᠤ | ᠦᠢᠯᠡᠰ᠂ ᠴᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠨᠡ ᠬᠦ ᠶᠡᠭᠡ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ᠪᠣᠬᠢᠷᠲᠤᠯ ᠦᠭᠡᠢ ᠬᠥᠭᠵᠢᠯᠲᠡ ᠶᠢᠨ ᠴᠢᠭᠯᠡᠯ ᠢ ᠪᠠᠷᠢᠮᠲᠠᠯᠠᠨ᠂ ᠲᠦᠷᠦᠯ | ᠲᠡᠮᠳᠡᠭ ᠤᠨ ᠤᠬᠠᠮᠰᠠᠷ ᠢᠶᠠᠨ ᠴᠢᠩᠭᠠᠳᠬᠠᠵᠤ᠂ ᠡᠵᠡᠩᠨᠡᠯᠳᠠ ᠪᠣᠷᠣᠯᠠᠭᠤᠯᠭ᠎ᠠ ᠭᠦᠢᠯᠭᠡᠭᠡ ᠶᠢᠨ ᠣᠷᠴᠢᠨ ᠢ | ᠰᠢᠯᠢᠳᠡᠭᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠠᠵᠤ ᠦᠢᠯᠡᠰ ᠤᠨ ᠰᠠᠭᠤᠷᠢ ᠶᠢ | ᠪᠠᠳᠤᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠴᠢ ᠶᠢᠨ ᠲᠦᠷᠢᠮ ᠢ | ᠭᠦᠨᠵᠡᠭᠡᠢ ᠠᠬᠢᠭᠤᠯᠵᠤ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠴᠢ | ᠥᠭᠦᠯᠡᠯ ᠢᠶᠠᠨ ᠬᠥᠳᠡᠭᠡ ᠤᠴᠢᠵᠤ ᠪᠢᠴᠢᠭᠦ ᠳᠤ ᠬᠦᠷᠭᠡᠬᠦ ᠬᠡᠷᠡᠭᠲᠡᠢ ᠬᠡᠵᠥ ᠴᠢᠬᠤᠯᠠᠴᠢᠯᠠᠪᠠ᠃ | ᠴᠠᠢ ᠶᠢᠨ ᠬᠦᠷᠢᠶᠡᠯᠡᠩ ᠠᠴᠠ ᠰᠠᠯᠤᠭᠠᠳ᠂ ᠰᠢ ᠶᠢᠨ ᠫᠢᠩ ᠬᠤᠯᠤᠰᠤᠨ ᠰᠠᠯ ᠳᠤ ᠰᠠᠭᠤᠵᠤ ᠵᠢᠦ ᠴᠢᠥᠢ | ᠰᠢ ᠶᠢ ᠲᠠᠭᠠᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠪᠣᠯᠤᠨ ᠪᠠᠶᠢᠭᠠᠯᠢ ᠶᠢᠨ ᠦᠩᠭᠡ | ᠦᠵᠡᠮᠵᠢ ᠶᠢ ᠪᠠᠶᠢᠴᠠᠭᠠᠨ ᠰᠤᠨᠢᠷᠬᠠᠪᠠ᠃ ᠵᠢᠦ ᠴᠢᠦᠢ ᠰᠢ ᠶᠢᠨ ᠬᠥᠪᠡᠭᠡᠨ ᠳᠠᠬᠢ ᠵᠦ ᠰᠢ ᠶᠤᠸᠠᠨ ᠳᠤ᠂ ᠰᠢ ᠶᠢᠨ | ᠫᠢᠩ ᠵᠦ ᠰᠢ ᠶᠢᠨ ᠨᠠᠮᠲᠠᠷ ᠵᠢᠴᠢ ᠶᠣᠰᠣ ᠵᠦᠢ ᠶᠢᠨ ᠰᠤᠳᠤᠯᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠣᠨᠳᠣᠣᠰᠢᠭᠤᠯᠬᠤ᠂ ᠪᠦᠲᠦᠭᠡᠯᠴᠢ ᠪᠠᠷ | ᠬᠥᠭᠵᠢᠭᠦᠯᠬᠦ ᠶᠢ ᠠᠬᠢᠭᠤᠯᠵᠤ᠂ ᠴᠠᠭ ᠦᠶ᠎ᠡ ᠶᠢᠨ ᠵᠣᠷᠢᠭ ᠰᠠᠨᠠᠭ᠎ᠠ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠮᠠᠷᠺᠰ ᠤᠨ ᠦᠵᠡᠯ ᠢ ᠪᠠᠷᠢᠮᠲᠠᠯᠠᠬᠤ ᠶᠢ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ | ᠬᠡᠵᠥ ᠵᠢᠭᠠᠵᠥ ᠭᠠᠷᠭᠠᠪᠠ᠃ | | | | | | 3 ᠰᠠᠷ᠎ᠠ ᠶᠢᠨ 22 ᠠᠴᠠ 25 ᠤ ᠡᠳᠤᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ | ᠹᠦᠵᠢᠶᠠᠨ ᠳᠤ ᠰᠢᠨᠵᠢᠯᠠᠨ ᠪᠠᠶᠢᠴᠠᠭᠠᠪᠠ᠃ ᠡᠨᠡ ᠪᠤᠯ 23 ᠤ ᠦᠳᠡ ᠶᠢᠨ ᠡᠮᠤᠨ᠎ᠡ᠂ ᠰᠢ ᠶᠢᠨ ᠫᠢᠩ ᠰᠠᠨᠮᠢᠩ | ᠬᠤᠳᠠ ᠶᠢᠨ ᠱᠠ ᠰᠢᠶᠠᠨ ᠤ ᠶᠡᠷᠦᠩᠬᠡᠢ ᠡᠮᠨᠡᠯᠬᠡ ᠶᠢᠨ ᠬᠤᠷᠢᠶᠠᠨ ᠤ ᠡᠮᠨᠡᠯᠬᠡ ᠳᠤ ᠰᠠᠭᠤᠬᠤ ᠠᠰᠠᠷ ᠤᠨ ᠨᠢᠬᠡᠳᠤᠬᠡᠷ | ᠳᠠᠪᠬᠤᠷᠯᠢᠭ ᠤᠨ ᠶᠡᠭᠡ ᠳᠢᠩᠬᠢᠮ ᠳᠤ᠂ ᠡᠮᠴᠢ ᠰᠤᠪᠢᠯᠠᠬᠴᠢ᠂ ᠡᠪᠡᠳᠴᠢᠳᠠᠨ ᠲᠠᠢ ᠳᠤᠳᠤᠨᠤ ᠪᠠᠷ ᠶᠠᠷᠢᠯᠴᠠᠵᠥ | ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠸᠠᠩ ᠶᠧ ᠰᠡᠬᠦᠳᠡᠷᠯᠡᠪᠡ | ᠤᠢᠢᠷ᠎ᠠ ᠶᠢᠨ ᠵᠢᠯ ᠤᠳ ᠲᠤ᠂ ᠰᠠᠨᠮᠢᠩ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠨᠢ ᠡᠮ ᠤᠨ ᠵᠦᠢᠯᠡᠰ ᠤᠨ ᠮᠠᠲ᠋ᠧᠷᠢᠶᠠᠯ ᠤᠨ ᠬᠤᠷᠣᠭᠳᠠᠯ ᠢ ᠵᠠᠰᠠᠬᠤ ᠥᠭᠡᠷᠡᠴᠢᠯᠡᠯᠲᠡ ᠪᠠᠷ | ᠰᠢᠪᠲᠤᠯᠤᠯᠲᠠ ᠪᠣᠯᠭᠠᠵᠤ᠂ ᠡᠮ ᠡᠮᠨᠡᠯᠭᠡ᠂ ᠡᠮᠴᠢᠯᠡᠭᠡᠨ ᠤ ᠳᠠᠭᠠᠳᠬᠠᠯ᠂ ᠡᠮᠴᠢᠯᠡᠭᠡᠨ ᠤ ᠥᠭᠡᠷᠡᠴᠢᠯᠡᠯᠲᠡ ᠬᠤᠯᠪᠣᠭᠠᠯᠠᠨ | ᠬᠥᠳᠡᠯᠦᠯᠴᠡᠬᠦ ᠶᠢ ᠪᠠᠷᠢᠮᠲᠠᠯᠠᠵᠤ᠂ ᠪᠦᠬᠦ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠦᠭᠡᠷᠡᠴᠢᠯᠡᠯᠳᠡ ᠳᠤ ᠡᠷᠬᠢᠮ ᠨᠠᠨᠳᠢᠨ ᠲᠤᠷᠰᠢᠯᠭ᠎ᠠ ᠰᠦᠪᠡᠭᠴᠢᠯᠡᠵᠦ ᠥᠭᠴᠡᠢ᠃ 2016 ᠣᠨ ᠤ 2 ᠰᠠᠷ᠎ᠠ ᠳᠤ᠂ | ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠠᠨᠮᠢᠩ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠥᠭᠡᠷᠡᠴᠢᠯᠡᠯᠲᠡ ᠶᠢᠨ ᠲᠤᠷᠰᠢᠯᠭ᠎ᠠ ᠪᠠᠨ ᠳ᠋ᠦᠩᠨᠡᠨ ᠳᠡᠯᠭᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ 23 ᠤ ᠦᠳᠡ ᠶᠢᠨ | ᠡᠮᠦᠨ᠎ᠡ᠂ ᠰᠢ ᠶᠢᠨ ᠫᠢᠩ ᠰᠠᠨᠮᠢᠩ ᠬᠤᠳᠠ ᠶᠢᠨ ᠱᠠ ᠰᠢᠶᠠᠨ ᠤ ᠶᠡᠷᠦᠩᠬᠡᠢ ᠡᠮᠨᠡᠯᠭᠡ ᠶᠢᠨ ᠬᠤᠷᠢᠶ᠎ᠠ ᠳᠤ ᠬᠦᠷᠴᠦ᠂ | ᠡᠮᠨᠡᠯᠭᠡ ᠳᠤ ᠰᠠᠭᠤᠬᠤ ᠠᠰᠠᠷ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠡᠮᠴᠢ | ᠰᠤᠪᠢᠯᠠᠭᠴᠢ᠂ ᠡᠪᠡᠳᠴᠢᠲᠡᠨ ᠠᠴᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠠᠷᠠᠳ ᠲᠤ ᠠᠰᠢᠭ ᠬᠦᠷᠲᠡᠭᠡᠭᠰᠡᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠠᠷᠠᠳ ᠲᠦᠮᠡᠨ ᠡᠷᠡᠭᠦᠯ ᠮᠡᠨᠳᠦ | ᠪᠠᠶᠢᠬᠤ ᠪᠣᠯ ᠨᠡᠶᠢᠭᠡᠮ ᠵᠢᠷᠦᠮᠳᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠳᠠ ᠶᠢᠨ ᠴᠢᠬᠤᠯᠠ ᠪᠡᠯᠭᠡ ᠲᠡᠮᠳᠡᠭ | ᠮᠥᠨ᠃ ᠰᠠᠨᠮᠢᠩ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠨᠢ ᠠᠷᠠᠳ | ᠲᠦᠮᠡᠨ ᠢ ᠳᠡᠭᠡᠳᠦᠯᠡᠬᠦ᠂ ᠵᠣᠷᠢᠭᠲᠠᠶ ᠪᠠᠷ ᠲᠦᠷᠦᠭᠦᠯᠡᠨ ᠬᠢᠬᠦ ᠵᠤᠷᠢᠭ ᠰᠠᠨᠠᠭ᠎ᠠ ᠶᠢ ᠢᠯᠡᠷᠡᠭᠦᠯᠵᠦ᠂ ᠲᠤᠷᠰᠢᠯᠭ᠎ᠠ ᠶᠢ ᠨᠢ | ᠡᠯ᠎ᠡ ᠭᠠᠵᠠᠷ ᠤᠨ ᠬᠢᠨ ᠤᠷᠤᠨ ᠨᠤᠳᠤᠭ ᠤᠨ ᠪᠠᠶᠢᠳᠠᠯ ᠳᠠᠭᠠᠨ ᠲᠣᠬᠢᠷᠠᠭᠤᠯᠤᠨ ᠲᠤᠯᠢᠯᠠᠵᠤ ᠪᠤᠯᠤᠨ᠎ᠠ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ | ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠲᠡᠩᠴᠡᠭᠦᠷᠢᠲᠡᠢ ᠪᠠᠶᠢᠷᠢᠰᠢᠭᠤᠯᠤᠨ᠂ ᠦᠨᠳᠦᠰᠦᠨ ᠱᠠᠲᠤᠨ ᠤ ᠰᠠᠭᠤᠷᠢ | ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠶᠢᠬᠤ ᠳᠤ | ᠨᠠᠶᠢᠳᠠᠪᠤᠷᠢᠲᠠᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠹᠦᠵᠢᠶᠠᠨ ᠮᠤᠵᠢ ᠶᠢᠨ ᠬᠢᠨ ᠰᠢ ᠶᠢᠨ ᠫᠢᠩ ᠤᠨ ᠨᠢᠩᠳᠧ ᠳᠤ ᠠᠵᠢᠯᠯᠠᠵᠤ ᠪᠠᠶᠢᠬᠤ ᠳᠠᠭᠠᠨ ᠳᠤᠷᠠᠳᠤᠭᠰᠠᠨ | ᠳᠤᠷᠤᠢ ᠪᠠᠭᠤᠷᠠᠢ ᠪᠤᠯ ᠤᠷᠢᠳ ᠢᠶᠠᠷ ᠬᠦᠴᠦᠯᠡᠬᠦ᠂ ᠲᠤᠰᠤᠯ ᠤᠰᠤ ᠪᠠᠷ ᠴᠢᠯᠠᠭᠤ ᠶᠢ ᠴᠤᠭᠤᠯᠬᠤ ᠵᠣᠷᠢᠭ ᠰᠠᠨᠠᠭ᠎ᠠ ᠶᠢ | ᠪᠠᠳᠠᠷᠠᠭᠤᠯᠤᠨ᠂ ᠶᠠᠳᠠᠭᠤ ᠠᠴᠠ ᠠᠩᠭᠢᠵᠢᠷᠠᠬᠤ ᠠᠵᠢᠯ ᠢ ᠬᠦᠴᠦᠯᠡᠨ ᠠᠳᠬᠤᠵᠠᠢ᠃ 30 ᠭᠠᠷᠤᠢ ᠵᠢᠯ ᠤᠨ | ᠴᠢᠷᠮᠠᠶᠢᠯᠭ᠎ᠠ ᠪᠠᠷ ᠳᠠᠮᠵᠢᠨ᠂ ᠹᠦᠵᠢᠶᠠᠨ ᠪᠦᠬᠦ ᠮᠤᠵᠢ ᠪᠠᠷ ᠢᠶᠠᠨ ᠪᠦᠬᠦ ᠤᠯᠤᠰ ᠲᠠᠢ ᠵᠡᠷᠭᠡ ᠪᠠᠷ ᠲᠦᠢᠯ ᠤᠨ ᠶᠠᠳᠠᠭᠤ | ᠬᠦᠴᠢᠷᠳᠡᠯ ᠢ ᠲᠦᠢᠯᠪᠤᠷᠢᠲᠠᠢ ᠠᠷᠢᠯᠭᠠᠪᠠ᠃ 23 ᠤ ᠦᠳᠡ ᠶᠢᠨ ᠬᠤᠶᠢᠨ᠎ᠠ᠂ ᠰᠢ ᠶᠢᠨ ᠫᠢᠩ ᠬᠤᠪᠢᠰᠬᠠᠯ ᠤᠨ | ᠡᠷᠲᠡ ᠴᠢᠯᠥᠭᠡᠯᠡᠭᠳᠡᠭᠰᠡᠨ ᠣᠷᠣᠨ ᠪᠤᠯᠬᠤ ᠱᠠ ᠰᠢᠶᠠᠨ ᠤ ᠰᠢᠶᠠ ᠮᠤᠤ ᠪᠠᠯᠭᠠᠰᠤᠨ ᠤ ᠢᠦᠢ ᠪᠠᠩ ᠲᠣᠰᠬᠤᠨ ᠳᠤ | ᠬᠦᠷᠴᠦ᠂ ᠰᠤᠯᠠ ᠢᠳᠡᠭᠡᠨ ᠤ ᠬᠤᠳᠠᠯᠳᠤᠭ᠎ᠠ ᠶᠢᠨ ᠵᠠᠬ᠎ᠠ ᠳᠤ᠂ ᠣᠨᠴᠠ ᠭᠠᠷᠤᠯᠲᠠ ᠶᠢᠨ ᠳᠡᠯᠭᠡᠭᠦᠷ ᠲᠤ᠂ | ᠲᠣᠰᠬᠤᠨ ᠤ ᠠᠷᠠᠳ ᠤᠨ ᠡᠭᠦᠳᠡᠨ ᠡᠮᠦᠨ᠎ᠠ᠂ ᠨᠤᠲᠤᠭ ᠤᠨ ᠠᠬ᠎ᠠ ᠳᠡᠭᠦᠦ ᠨᠡᠷ ᠲᠠᠢ ᠳᠣᠲᠣᠨᠣ ᠪᠠᠷ ᠶᠠᠷᠢᠯᠴᠠᠵᠤ᠂ | ᠱᠠ ᠰᠢᠶᠠᠨ ᠤ ᠰᠤᠯᠠ ᠢᠳᠡᠭᠡᠨ ᠤ ᠵᠦᠢᠯ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠢᠷᠡᠭᠡᠳᠦᠢ ᠶᠢᠨ | ᠬᠠᠨᠳᠤᠰᠢ ᠶᠢ ᠨᠠᠷᠢᠨ ᠣᠶᠢᠯᠠᠭᠠᠪᠠ᠃ ᠰᠢ ᠶᠢᠨ ᠫᠢᠩ᠂ ᠱᠠ ᠰᠢᠶᠠᠨ ᠤ ᠬᠥᠮᠦᠰ ᠭᠠᠳᠠᠭᠰᠢ ᠪᠠᠨ ᠤᠯᠠᠨ ᠭᠠᠵᠠᠷ ᠢᠶᠠᠷ | ᠶᠠᠪᠤᠵᠤ᠂ ᠱᠠ ᠰᠢᠶᠠᠨ ᠤ ᠰᠤᠯᠠ ᠢᠳᠡᠭᠡᠨ ᠢ ᠠᠷᠠᠳ ᠢ ᠪᠠᠶᠠᠵᠢᠭᠤᠯᠬᠤ ᠤᠨᠴᠠᠯᠢᠬᠳᠤ ᠠᠵᠤ ᠦᠢᠯᠡᠰ ᠪᠣᠯᠭᠠᠪᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠤᠷᠤᠨ ᠨᠤᠳᠤᠭ ᠤᠨ ᠪᠠᠶᠢᠳᠠᠯ ᠳᠠᠭᠠᠨ ᠲᠤᠬᠢᠷᠠᠭᠤᠯᠤᠨ | ᠠᠷᠠᠳ ᠢ ᠪᠠᠶᠠᠵᠢᠭᠤᠯᠬᠤ ᠠᠵᠤ ᠦᠢᠯᠡᠰ ᠢ ᠰᠤᠩᠭᠤᠬᠤ ᠪᠣᠯ ᠵᠠᠩᠭᠢᠯᠠᠭ᠎ᠠ ᠪᠣᠯᠤᠨ᠎ᠠ᠃ ᠠᠵᠠ ᠲᠣᠬᠢᠶᠠᠯ ᠢ ᠡᠵᠡᠮᠳᠡᠨ᠂ | ᠬᠠᠷᠠᠭ᠎ᠠ ᠪᠠᠨ ᠥᠷᠭᠡᠳᠬᠡᠨ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠵᠤ᠂ ᠦᠷᠭᠦᠯᠵᠢᠯᠡᠨ ᠬᠠᠶᠢᠨ | ᠰᠦᠪᠡᠭᠴᠢᠯᠡᠵᠦ ᠰᠢᠨ᠎ᠡ ᠶᠢ ᠡᠭᠦᠳᠴᠦ᠂ ᠰᠠᠶᠢᠨ ᠰᠠᠶᠢᠬᠠᠨ ᠠᠮᠢᠳᠤᠷᠠᠯ ᠢ ᠴᠤᠭᠴᠠᠯᠠᠬᠤ ᠰᠢᠨ᠎ᠡ ᠠᠶᠠᠨ ᠳᠡᠭᠡᠷ᠎ᠠ | ᠲᠠᠬᠢᠨᠳᠠ ᠭᠠᠪᠰᠢᠭᠠᠢᠢᠯᠠᠨ ᠤᠷᠤᠭᠰᠢᠯᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ ᠹᠦᠵᠢᠶᠠᠨ ᠳᠤ ᠠᠵᠢᠯᠯᠠᠵᠤ ᠪᠠᠶᠢᠬᠤ ᠳᠠᠭᠠᠨ ᠬᠠᠮᠲᠤ ᠶᠢᠨ ᠤᠢ ᠰᠢᠭᠤᠢ ᠶᠢᠨ ᠡᠷᠬᠡ ᠶᠢᠨ | ᠲᠦᠷᠢᠮ ᠤᠨ ᠥᠭᠡᠷᠡᠴᠢᠯᠡᠯᠲᠡ ᠶᠢ ᠠᠬᠢᠭᠤᠯᠤᠨ ᠥᠷᠨᠢᠭᠦᠯᠵᠦ᠂ ︽ᠠᠭᠤᠯᠠ ᠶᠢ ᠡᠷᠦᠬᠡ ᠳᠤ ᠬᠤᠪᠢᠶᠠᠨ᠂ ᠤᠢ | ᠮᠤᠳᠤ ᠶᠢ ᠠᠷᠠᠳ ᠲᠤ ᠲᠡᠭᠰᠢᠯᠡᠨ ᠬᠤᠪᠢᠶᠠᠬᠤ︾ ᠠᠵᠢᠯ ᠢ ᠲᠤᠷᠰᠢᠨ ᠬᠡᠷᠡᠭᠵᠢᠭᠦᠯᠵᠦ᠂ ︽ᠠᠭᠤᠯᠨ ᠤ ᠡᠷᠬᠡ ᠶᠢ | ᠲᠣᠭᠲᠠᠭᠠᠬᠤ᠂ ᠮᠣᠳᠣᠨ ᠤ ᠦᠨᠳᠦᠰᠦ ᠶᠢ ᠪᠠᠬᠢᠵᠢᠭᠦᠯᠬᠦ᠂ ᠬᠥᠮᠦᠨ ᠤ ᠰᠡᠳᠬᠢᠯ ᠢ ᠲᠣᠭᠲᠠᠪᠤᠷᠢᠵᠢᠭᠤᠯᠬᠤ︾ ᠶᠢ | ᠪᠡᠶᠡᠯᠡᠭᠦᠯᠪᠡ᠃ ᠱᠠ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠲᠤ᠂ | ᠰᠢ ᠶᠢᠨ ᠫᠢᠩ ᠬᠠᠮᠲᠤ ᠶᠢᠨ ᠣᠶ ᠰᠢᠭᠤᠶ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠲᠠᠨᠢᠯᠴᠠᠭᠤᠯᠭ᠎ᠠ ᠶᠢ | ᠰᠣᠨᠣᠰᠴᠤ᠂ ᠤᠴᠢᠷ ᠶᠠᠪᠤᠳᠠᠯ ᠭᠦᠢᠴᠡᠳᠭᠡᠵᠤ ᠪᠠᠶᠢᠭ᠎ᠠ ᠣᠯᠠᠨ ᠲᠦᠮᠡᠨ ᠪᠣᠯᠤᠨ ᠠᠵᠢᠯᠲᠠᠨ ᠠᠴᠠ ᠬᠠᠮᠲᠤ ᠶᠢᠨ ᠣᠶ | ᠰᠢᠭᠤᠶ ᠶᠢᠨ ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠠᠷᠠᠯᠵᠢᠶᠠᠯᠠᠬᠤ᠂ ᠥᠯᠥ ᠬᠥᠳᠡᠯᠬᠦ | ᠬᠥᠷᠥᠩᠭᠡ ᠶᠢ ᠳᠡᠩᠰᠡᠯᠡᠨ ᠲᠡᠮᠳᠡᠭᠯᠡᠬᠦ ᠵᠡᠷᠭᠡ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠰᠠᠨᠮᠢᠩ ᠤᠨ ᠬᠠᠮᠲᠤ ᠶᠢᠨ | ᠤᠢ ᠰᠢᠭᠤᠢ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠰᠦᠪᠡᠭᠴᠢᠯᠡᠯᠳᠡ ᠲᠦᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠂ ᠵᠥᠪ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠤᠯᠠᠨ ᠲᠦᠮᠡᠨ ᠤ ᠡᠭᠦᠳᠦᠨ | ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ | ᠰᠢᠨ᠎ᠡ ᠶᠢ ᠡᠭᠦᠳᠬᠦ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠠᠮᠢ ᠠᠬᠤᠢ ᠶᠢᠨ ᠪᠦᠲᠦᠭᠡᠭᠳᠡᠭᠦᠨ ᠤ | ᠦᠷᠳᠡᠭ ᠢ ᠪᠡᠶᠡᠯᠡᠭᠦᠯᠬᠦ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠰᠢᠨ᠎ᠡ ᠰᠢᠪᠲᠤᠯᠤᠯᠲᠠ ᠭᠠᠷᠭᠠᠬᠤ ᠪᠠᠷ | ᠴᠢᠷᠮᠠᠶᠢᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ 24 ᠤ ᠡᠳᠦᠷ ᠹᠦᠵᠧᠦ ᠳᠤ ᠰᠢᠨᠵᠢᠯᠡᠨ ᠪᠠᠶᠢᠴᠠᠭᠠᠪᠠ᠃ ᠹᠦᠵᠧᠦ ᠳᠤ ᠠᠵᠢᠯᠯᠠᠵᠤ ᠪᠠᠶᠢᠭᠰᠠᠨ | ᠬᠤᠭᠤᠴᠠᠭᠠᠨ ᠳᠠᠭᠠᠨ ᠰᠢ ᠶᠢᠨ ᠫᠢᠩ ᠹᠦᠵᠧᠦ ᠬᠤᠲᠠ ᠶᠢᠨ ︽3820︾ ᠢᠨᠵᠧᠨᠧᠷᠢᠩ ᠢ ᠤᠳᠤᠷᠢᠳᠤᠨ | ᠬᠡᠷᠡᠭᠵᠢᠭᠦᠯᠵᠦ᠂ ᠡᠷᠢᠨ ᠵᠠᠭᠤᠨ ᠢ ᠰᠤᠨᠳᠠᠯᠠᠭᠰᠠᠨ ᠹᠦᠵᠧᠦ ᠶᠢᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠠᠤᠭ᠎ᠠ ᠲᠥᠰᠦᠪ ᠢ ᠵᠢᠷᠤᠭᠯᠠᠪᠠ᠃ ᠹᠦᠱᠠᠨ ᠲᠡᠭᠦᠷᠭᠡ ᠶᠢᠨ ᠴᠡᠴᠡᠷᠯᠢᠭ ᠲᠤ᠂ ᠰᠢ ᠶᠢᠨ ᠫᠢᠩ | ᠴᠠᠬᠢᠯᠭᠠᠨ ᠲᠡᠷᠭᠡ ᠪᠠᠷ ᠲᠡᠭᠦᠷᠭᠡ ᠶᠢᠨ ᠹᠦ᠋ ᠳ᠋ᠤᠤ ᠵᠠᠮ ᠤᠨ ᠦᠩᠭᠡ ᠦᠵᠡᠮᠵᠢ ᠶᠢ ᠤᠢᠢᠯᠠᠭᠠᠨ ᠰᠤᠨᠢᠷᠬᠠᠪᠠ᠂ ᠲᠡᠷᠡ | ᠦᠵᠡᠮᠵᠢ ᠰᠤᠨᠢᠷᠬᠠᠬᠤ ᠲᠠᠶᠢᠰᠠᠨ ᠳᠤ ᠭᠠᠷᠴᠤ᠂ ᠹᠦᠵᠧᠦ ᠶᠢᠨ ᠰᠢᠨ᠎ᠡ ᠳᠦᠷᠰᠦ ᠪᠠᠶᠢᠳᠠᠯ ᠢ ᠪᠠᠷᠠᠯᠠᠵᠤ᠂ ᠬᠤᠳᠠ ᠶᠢᠨ | ᠠᠮᠢ ᠠᠬᠤᠢ ᠶᠢᠨ ᠴᠡᠴᠡᠷᠯᠢᠭ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ᠂ ᠬᠤᠳᠠ ᠶᠢᠨ ᠤᠰᠤᠨ ᠤ | ᠰᠢᠰᠲ᠋ᠧᠮ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠶᠡᠷᠦᠩᠬᠡᠶ ᠱᠦᠵᠢ | ᠢᠷᠡᠭᠰᠡᠨ ᠢ ᠦᠵᠡᠭᠡᠳ ᠬᠤᠲᠠ ᠶᠢᠨ ᠠᠷᠠᠳ ᠤᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠤᠴᠢᠪᠠ᠃ | ᠰᠢ ᠶᠢᠨ ᠫᠢᠩ᠂ ᠨᠢᠭᠡ ᠬᠤᠳᠠ ᠶᠢ ᠰᠠᠶᠢᠲᠤᠷ ᠪᠦᠳᠦᠭᠡᠨ ᠪᠠᠶᠢᠭᠤᠯᠵᠤ ᠰᠠᠶᠢᠲᠤᠷ ᠬᠠᠮᠢᠶᠠᠷᠬᠤ ᠳᠤ ᠬᠤᠯᠢᠰᠢᠨ ᠢᠳᠡᠭᠡᠨ᠂ | ᠣᠷᠣᠰᠢᠨ ᠠᠮᠢᠳᠤᠷᠠᠬᠤ ᠣᠷᠴᠢᠨ ᠨᠦᠬᠦᠴᠡᠯ᠂ ᠬᠤᠳᠠ ᠶᠢᠨ ᠣᠷᠣᠨ ᠵᠠᠢ ᠵᠡᠷᠭᠡ ᠠᠵᠢᠯ ᠢ ᠴᠢᠬᠤᠯᠠ ᠪᠠᠶᠢᠷᠢᠨ ᠳᠤ | ᠲᠠᠯᠪᠢᠵᠤ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠹᠦᠵᠧᠦ ᠪᠣᠯ ᠪᠤᠶᠠᠨ ᠲᠠᠢ ᠭᠠᠵᠠᠷ ᠶᠤᠮ᠂ ᠠᠮᠢ | ᠠᠬᠤᠢ ᠶᠢᠨ ᠨᠥᠬᠦᠴᠡᠯ ᠦᠪᠡᠷᠮᠢᠴᠡ ᠰᠠᠶᠢᠨ᠂ ᠡᠨᠡ ᠬᠦ ᠲᠠᠯᠠᠢ ᠶᠢᠨ ᠬᠥᠪᠡᠭᠡᠨ ᠤ ᠬᠤᠳᠠ᠂ ᠠᠭᠤᠯᠠ ᠤᠰᠤᠨ ᠤ | ᠬᠤᠳᠠ ᠶᠢ ᠦᠷᠭᠦᠯᠵᠢᠯᠡᠨ ᠨᠡᠩ ᠰᠠᠶᠢᠨ ᠰᠠᠶᠢᠬᠠᠨ ᠪᠣᠯᠭᠠᠨ ᠪᠦᠳᠦᠭᠡᠨ ᠪᠠᠶᠢᠭᠤᠯᠵᠤ᠂ ᠠᠷᠠᠳ ᠤᠯᠠᠨ ᠳᠤ ᠨᠡᠩ | ᠰᠠᠶᠢᠨ ᠪᠤᠶᠠᠨ ᠦᠢᠯᠡᠳᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠹᠦᠵᠧᠦ ᠶᠢᠨ ᠭᠤᠷᠪᠠᠨ ᠵᠡᠭᠡᠯᠢ ᠳᠣᠯᠣᠭᠠᠨ ᠭᠤᠳᠤᠮᠵᠢ ᠶᠢᠨ ᠲᠡᠦᠬᠡ ᠰᠣᠶᠣᠯ ᠤᠨ ᠲᠣᠭᠤᠷᠢᠭ ᠨᠢ ᠲᠠᠩ | ᠤᠯᠤᠰ ᠰᠦᠩ ᠤᠯᠤᠰ ᠤᠨ ᠦᠶ᠎ᠠ ᠶᠢᠨ ᠵᠡᠭᠡᠯᠢ ᠭᠤᠳᠤᠮᠵᠢ ᠶᠢᠨ ᠪᠠᠶᠢᠷᠢᠰᠢᠯ ᠪᠠ ᠮᠢᠩ ᠤᠯᠤᠰ ᠴᠢᠩ ᠤᠯᠤᠰ ᠤᠨ | ᠦᠶ᠎ᠠ ᠶᠢᠨ ᠠᠯᠢ ᠤᠯᠠᠨ ᠡᠷᠲᠡᠨ ᠤ ᠪᠠᠷᠢᠯᠭ᠎ᠠ ᠶᠢᠨ ᠦᠯᠡᠳᠡᠭᠳᠡᠯ ᠪᠠᠶᠢᠨ᠎ᠠ᠃ ᠠᠯᠢ ᠡᠷᠲᠡ 1991 ᠣᠨ ᠳᠤ᠂ | ᠰᠢ ᠶᠢᠨ ᠫᠢᠩ ᠹᠦᠵᠧᠦ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠠᠭᠠᠨ ᠳᠠᠷᠤᠢ ᠲᠡᠦᠬᠡ ᠶᠢᠨ ᠳᠤᠷᠠᠰᠬᠠᠯᠲᠤ | ᠵᠦᠢᠯᠡᠰ ᠤᠨ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠵᠤ᠂ ᠹᠦᠵᠧᠦ ᠶᠢᠨ ᠲᠡᠦᠬᠡ | ᠰᠣᠶᠣᠯ ᠤᠨ ᠨᠡᠷᠡᠳᠤ ᠬᠤᠳᠠ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠲᠦᠷᠢᠮ ᠪᠣᠯᠤᠨ ᠬᠠᠮᠠᠭᠠᠯᠠᠯᠲᠠ ᠶᠢᠨ | ᠲᠥᠯᠥᠪᠵᠢᠭᠦᠯᠭᠡ ᠶᠢ ᠲᠣᠭᠲᠠᠭᠠᠬᠤ ᠶᠢ ᠠᠬᠢᠭᠤᠯᠵᠤ᠂ ᠬᠤᠳᠠ ᠶᠢᠨ ᠲᠡᠦᠬᠡ ᠰᠣᠶᠣᠯ ᠢ ᠤᠯᠠᠮᠵᠢᠯᠠᠨ ᠬᠠᠮᠠᠭᠠᠯᠠᠬᠤ | ᠠᠵᠢᠯ ᠢ ᠬᠦᠴᠦᠲᠡᠢ ᠠᠬᠢᠭᠤᠯᠪᠠ᠃ ᠰᠢ ᠶᠢᠨ ᠫᠢᠩ ᠹᠦᠵᠧᠦ ᠶᠢᠨ ᠡᠷᠳᠡᠨ ᠤ ᠤᠷᠤᠨ ᠰᠠᠭᠤᠴᠠ ᠪᠣᠯᠤᠨ ᠭᠤᠷᠪᠠᠨ | ᠵᠡᠭᠡᠯᠢ ᠳᠤᠯᠤᠭᠠᠨ ᠭᠤᠳᠤᠮᠵᠢ ᠶᠢ ᠬᠠᠮᠠᠭᠠᠯᠠᠨ ᠰᠡᠷᠭᠦᠭᠡᠵᠤ ᠪᠠᠶᠢᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠴᠤ᠂ ᠶᠠᠪᠠᠭᠠᠨ ᠢᠶᠠᠷ ᠨᠠᠨ ᠾᠧᠤ ᠵᠡᠭᠡᠯᠢ᠂ ᠯᠠᠩ ᠭᠤᠸᠠᠨ ᠭᠤᠳᠤᠮᠵᠢ ᠶᠢ ᠪᠠᠶᠢᠴᠠᠭᠠᠨ ᠦᠵᠡᠵᠦ᠂ ᠶᠠᠨ | ᠹᠦ᠋ ᠶᠢᠨ ᠬᠠᠭᠤᠴᠢᠨ ᠰᠠᠭᠤᠴᠠ ᠪᠠᠷ ᠲᠣᠭᠤᠷᠢᠨ ᠦᠵᠡᠵᠦ᠂ ᠵᠢᠭᠤᠯᠴᠢᠯᠠᠭᠰᠠᠳ ᠪᠣᠯᠤᠨ ᠬᠤᠳᠠ ᠶᠢᠨ ᠠᠷᠠᠳ ᠵᠦᠭ | ᠪᠠᠶᠢᠨ ᠪᠠᠶᠢᠨ ᠭᠠᠷ ᠳᠠᠯᠠᠯᠤᠨ ᠮᠡᠨᠳᠦᠴᠢᠯᠡᠵᠤ ᠪᠠᠶᠢᠯ᠎ᠠ᠃ ᠰᠢ ᠶᠢᠨ ᠫᠢᠩ᠂ ᠤᠯᠠᠮᠵᠢᠯᠠᠯᠲᠤ ᠵᠡᠭᠡᠯᠢ ᠭᠤᠳᠤᠮᠵᠢ ᠶᠢ | ᠰᠠᠶᠢᠲᠤᠷ ᠬᠠᠮᠠᠭᠠᠯᠠᠵᠤ᠂ ᠡᠷᠲᠡᠨ ᠤ ᠪᠠᠷᠢᠯᠭ᠎ᠠ ᠶᠢ ᠰᠠᠶᠢᠲᠤᠷ ᠬᠠᠮᠠᠭᠠᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠢ | ᠰᠠᠶᠢᠲᠤᠷ ᠬᠠᠮᠠᠭᠠᠯᠠᠬᠤ ᠨᠢ ᠳᠠᠷᠤᠢ ᠬᠤᠳᠠ ᠶᠢᠨ ᠲᠡᠦᠬᠡ ᠪᠠ ᠰᠣᠶᠣᠯ ᠤᠨ ᠤᠯᠠᠮᠵᠢᠯᠠᠯ ᠢ ᠬᠠᠳᠠᠭᠠᠯᠠᠭᠰᠠᠨ ᠶᠠᠪᠤᠳᠠᠯ | ᠪᠣᠯᠤᠨ᠎ᠠ᠃ ᠡᠷᠲᠡᠨ ᠤ ᠪᠠᠷᠢᠯᠭ᠎ᠠ᠂ ᠡᠷᠳᠡᠨ ᠤ ᠤᠷᠤᠨ ᠰᠠᠭᠤᠴᠠ᠂ ᠡᠷᠳᠡᠨ ᠤ ᠵᠡᠭᠡᠯᠢ ᠲᠣᠭᠤᠷᠢᠭ ᠢ ᠨᠠᠨᠳᠢᠩᠨᠠᠨ | ᠬᠠᠶᠢᠷᠠᠯᠠᠬᠤ ᠬᠦᠨᠳᠦᠳᠭᠡᠬᠦ ᠰᠡᠳᠬᠢᠯ ᠡᠪᠤᠷᠯᠡᠬᠦ ᠬᠡᠷᠡᠭᠳᠠᠢ ᠭᠡᠵᠤ ᠴᠢᠬᠤᠯᠠᠴᠢᠯᠠᠵᠠᠢ᠃ | ᠹᠦᠵᠢᠶᠠᠨ ᠤ ᠹᠦ᠋ ᠭᠤᠸᠠᠩ ᠬᠢᠵᠠᠭᠠᠷᠲᠤ ᠺᠣᠮᠫᠠᠨᠢ ᠪᠣᠯ ᠭᠡᠷᠡᠯ ᠤᠨ ᠤᠬᠠᠭᠠᠨ ᠤ ᠳᠤᠷᠠᠨ ᠦᠢᠯᠡᠳᠪᠤᠷᠢᠯᠡᠬᠦ | ᠴᠢᠬᠤᠯᠠ ᠬᠤᠳᠠᠯᠳᠤᠭᠠᠴᠢᠨ ᠪᠤᠯᠤᠨ᠎ᠠ᠃ ᠰᠢ ᠶᠢᠨ ᠫᠢᠩ ᠺᠣᠮᠫᠠᠨᠢ ᠶᠢᠨ ᠦᠵᠡᠭᠦᠯᠭᠡ ᠶᠢᠨ ᠲᠢᠩᠬᠢᠮ ᠳᠤ ᠣᠷᠣᠵᠤ᠂ | ᠦᠢᠯᠡᠳᠬᠦᠨ ᠤ ᠳᠡᠯᠭᠡᠨ ᠦᠵᠡᠭᠦᠯᠭᠡ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ | ᠡᠭᠦᠳᠦᠯᠳᠡ ᠪᠠ ᠦᠢᠯᠡᠳᠪᠦᠷᠢᠯᠡᠯ ᠪᠣᠷᠣᠯᠠᠭᠤᠯᠭ᠎ᠠ ᠶᠢᠨ ᠪᠠᠶᠢᠳᠠᠯ ᠢ ᠯᠠᠪᠯᠠᠨ ᠠᠰᠠᠭᠤᠪᠠ᠃ ᠬᠡᠲᠦ ᠨᠠᠷᠢᠯᠢᠭ | ᠦᠢᠯᠡᠳᠪᠦᠷᠢ ᠶᠢᠨ ᠲᠠᠰᠤᠭ ᠲᠤ᠂ ᠠᠵᠤ ᠠᠬᠤᠶᠢᠯᠠᠯ ᠤᠨ ᠠᠵᠢᠯᠲᠠᠨ ᠶᠡᠷᠦᠩᠬᠡᠶ ᠱᠦᠵᠢ ᠳᠤ ᠦᠢᠯᠡᠳᠬᠦᠨ | ᠦᠢᠯᠡᠳᠪᠦᠷᠢᠯᠡᠬᠦ ᠤᠷ᠎ᠠ ᠮᠡᠷᠭᠡᠰᠢᠯ ᠢᠶᠠᠨ ᠬᠠᠷᠠᠭᠤᠯᠪᠠ᠃ ᠰᠢ ᠶᠢᠨ ᠫᠢᠩ᠂ ᠮᠠᠨ ᠤ ᠤᠯᠤᠰ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠥᠭᠵᠢᠯᠲᠡ ᠶᠢᠨ ᠡᠮᠦᠨ᠎ᠡ ᠡᠩᠨᠡᠭᠡᠨ ᠳᠤ ᠣᠷᠣᠬᠤ ᠳᠤ ᠰᠢᠨ᠎ᠡ ᠶᠢ ᠡᠭᠦᠳᠬᠦ ᠳᠤ ᠲᠦᠰᠢᠭᠯᠡᠬᠦ | ᠬᠡᠷᠡᠭᠳᠠᠢ᠂ ᠪᠤᠰᠤᠳ ᠤᠨ ᠬᠤᠶᠢᠨ᠎ᠠ ᠠᠴᠠ ᠲᠠᠭᠠᠵᠤ ᠭᠦᠶᠦᠭᠡᠳ ᠵᠦᠭ ᠭᠠᠷᠬᠤ ᠦᠭᠡᠢ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠭᠦ ᠠᠯᠬᠤᠭ᠎ᠠ ᠪᠠᠨ ᠡᠷᠬᠡᠪᠰᠢ ᠲᠦᠷᠭᠡᠳᠬᠡᠬᠦ | ᠬᠡᠷᠡᠭᠲᠡᠢ᠃ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠠᠬᠢ ᠰᠢᠨ᠎ᠡ ᠶᠢ ᠡᠭᠦᠳᠬᠦ ᠶᠢᠨ | ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠶᠢ ᠤᠯᠤᠰ ᠤᠨ ᠪᠤᠳᠤᠯᠭ᠎ᠠ ᠪᠣᠯᠭᠠᠵᠤ᠂ | ᠰᠢᠨ᠎ᠡ ᠶᠢ ᠡᠭᠦᠳᠬᠦ ᠶᠢ ᠢᠳᠡᠪᠬᠢᠲᠡᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠰᠢᠨ᠎ᠡ ᠶᠢ ᠡᠭᠦᠳᠬᠦ ᠳᠤ ︽ᠪᠡᠶ᠎ᠡ ᠶᠢᠨ | ᠭᠠᠷᠤᠯ︾ ᠢ ᠦᠵᠡᠬᠦ ᠦᠭᠡᠢ᠂ ᠬᠡᠨ ᠤᠯᠤᠰ ᠣᠷᠣᠨ ᠳᠤ ᠬᠤᠪᠢ ᠨᠡᠮᠡᠷᠢ ᠦᠵᠡᠭᠦᠯᠵᠤ ᠳᠡᠶᠢᠯᠪᠡᠯ ᠲᠡᠭᠦᠨ ᠢ ᠳᠡᠮᠵᠢᠬᠦ | ᠬᠡᠷᠡᠭᠳᠠᠢ ᠭᠡᠵᠤ ᠴᠢᠬᠤᠯᠠᠴᠢᠯᠠᠪᠠ᠃ | 25 ᠤ ᠦᠳᠡ ᠶᠢᠨ ᠡᠮᠦᠨ᠎ᠡ᠂ ᠰᠢ ᠶᠢᠨ ᠫᠢᠩ ᠮᠢᠨᠵᠢᠶᠠᠩ ᠳᠡᠭᠡᠳᠦ ᠰᠤᠷᠭᠠᠭᠤᠯᠢ ᠳᠤ ᠬᠦᠷᠴᠤ ᠰᠢᠨᠵᠢᠯᠡᠨ | ᠪᠠᠶᠢᠴᠠᠭᠠᠪᠠ᠃ ᠮᠢᠨᠵᠢᠶᠠᠩ ᠳᠡᠭᠡᠳᠦ ᠰᠤᠷᠭᠠᠭᠤᠯᠢ ᠪᠤᠯ ᠤᠤᠯ ᠤᠨ ᠹᠦᠵᠧᠦ ᠶᠢᠨ ᠪᠠᠭᠰᠢ ᠶᠢᠨ ᠳᠡᠭᠡᠳᠦ ᠵᠡᠷᠭᠡ ᠶᠢᠨ | ᠲᠤᠰᠬᠠᠶ ᠮᠡᠷᠭᠡᠵᠢᠯ ᠤᠨ ᠰᠤᠷᠭᠠᠭᠤᠯᠢ ᠪᠠ ᠮᠢᠨᠵᠢᠶᠠᠩ ᠠᠵᠢᠯ ᠮᠡᠷᠭᠡᠵᠢᠯ ᠤᠨ ᠶᠡᠭᠡ ᠰᠤᠷᠭᠠᠭᠤᠯᠢ ᠪᠤᠯᠤᠨ᠎ᠠ᠃ | ᠹᠦᠵᠧᠦ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠠᠭᠠᠨ᠂ ᠰᠢ ᠶᠢᠨ ᠫᠢᠩ ᠮᠢᠨᠵᠢᠶᠠᠩ ᠤᠨ ᠠᠵᠢᠯ ᠮᠡᠷᠭᠡᠵᠢᠯ ᠤᠨ | ᠶᠡᠭᠡ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ 6 ᠵᠢᠯ ᠬᠠᠪᠰᠤᠷᠭᠠᠨ ᠬᠠᠷᠢᠭᠤᠴᠠᠵᠤ᠂ ᠲᠡᠭᠦᠨ ᠤ ᠳᠤᠷᠠᠳᠤᠭᠰᠠᠨ | ︽ᠬᠠᠮᠤᠭ ᠤᠨ ᠶᠡᠭᠡ ᠶᠢ ᠬᠦᠭᠡᠭᠡᠴᠡᠯᠳᠦᠬᠦ ᠦᠭᠡᠢ᠂ ᠭᠡᠪᠡᠴᠤ ᠬᠠᠮᠤᠭ ᠤᠨ ᠰᠢᠯᠢᠳᠡᠭ ᠢ ᠬᠥᠭᠡᠭᠡᠴᠡᠯᠳᠦᠨ᠎ᠡ᠂ ᠨᠡᠶᠢᠭᠡᠮ ᠤᠨ | ᠬᠡᠷᠡᠭᠴᠡᠭᠡ ᠳᠤ ᠵᠣᠬᠢᠴᠠᠬᠤ ᠶᠢ ᠬᠦᠭᠡᠭᠡᠴᠡᠯᠳᠦᠨ᠎ᠠ︾ ᠭᠡᠬᠦ ᠰᠤᠷᠭᠠᠭᠤᠯᠢ ᠡᠷᠬᠢᠯᠡᠬᠦ ᠤᠢᠢᠯᠠᠭᠠᠭᠳᠠᠬᠤᠨ ᠨᠢ ᠠᠯᠤᠰ | ᠬᠡᠳᠦ ᠶᠢᠨ ᠨᠥᠯᠥᠭᠡ ᠭᠠᠷᠤᠭᠰᠠᠨ ᠪᠠᠶᠢᠨ᠎ᠠ᠃ 2018 ᠣᠨ ᠤ 10 ᠰᠠᠷ᠎ᠠ ᠳᠤ᠂ ᠰᠢ ᠶᠢᠨ ᠫᠢᠩ ᠮᠢᠨᠵᠢᠶᠠᠩ | ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ 60 ᠵᠢᠯ ᠤᠨ ᠤᠢ ᠳᠤ ᠪᠠᠶᠠᠷ ᠤᠨ ᠵᠠᠬᠢᠳᠠᠯ ᠢᠯᠡᠭᠡᠪᠡ᠃ ᠮᠢᠨᠵᠢᠶᠠᠩ | ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠲᠡᠦᠬᠡ ᠪᠠ ᠬᠡᠷᠡᠭᠯᠡᠭᠡᠨ ᠤ ᠮᠠᠶ᠋ᠢᠭ ᠤᠨ ᠰᠤᠷᠭᠠᠭᠤᠯᠢ ᠡᠷᠬᠢᠯᠡᠭᠰᠡᠨ | ᠦᠷ᠎ᠡ ᠪᠦᠲᠦᠭᠡᠯ ᠤᠨ ᠦᠵᠡᠭᠦᠯᠭᠡ ᠶᠢᠨ ᠲᠢᠩᠬᠢᠮ ᠳᠤ᠂ ᠰᠢ ᠶᠢᠨ ᠫᠢᠩ ᠳᠡᠭᠡᠳᠦ ᠰᠤᠷᠭᠠᠭᠤᠯᠢ ᠶᠢᠨ ᠬᠡᠷᠡᠭᠯᠡᠭᠡᠨ ᠤ | ᠮᠠᠶ᠋ᠢᠭ ᠤᠨ ᠰᠤᠷᠭᠠᠭᠤᠯᠢ ᠡᠷᠬᠢᠯᠡᠬᠦ ᠶᠢ ᠪᠠᠷᠢᠮᠲᠠᠯᠠᠵᠦ᠂ ᠦᠢᠯᠡᠳᠪᠦᠷᠢᠯᠡᠯ ᠬᠢᠴᠢᠶᠡᠯ ᠬᠦᠮᠦᠵᠢᠯ ᠤᠨ ᠠᠭᠤᠰᠤᠯᠴᠠᠯ ᠢ | ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠨᠤᠲᠠᠯᠠᠪᠠ᠃ ᠰᠢ ᠶᠢᠨ ᠫᠢᠩ᠂ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠦᠨᠳᠦᠰᠦᠨ ᠡᠭᠦᠷᠭᠡ ᠪᠣᠯᠭᠠᠵᠤ᠂ ᠬᠡᠷᠡᠭᠯᠡᠭᠡᠨ ᠤ ᠮᠡᠷᠭᠡᠵᠢᠯ ᠤᠨ | ᠬᠡᠯᠪᠡᠷᠢ ᠶᠢᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠨᠡᠶᠢᠭᠡᠮ ᠤᠨ ᠬᠡᠷᠡᠭᠴᠡᠭᠡ ᠳᠤ ᠵᠣᠬᠢᠴᠠᠭᠤᠯᠤᠨ | ᠲᠤᠰᠬᠠᠢ ᠮᠡᠷᠭᠡᠵᠢᠯ ᠲᠤᠬᠢᠷᠠᠭᠤᠯᠤᠨ᠂ ᠰᠠᠭᠤᠷᠢ ᠶᠢ ᠰᠠᠶᠢᠲᠤᠷ ᠲᠠᠯᠪᠢᠵᠤ᠂ ᠶᠣᠰᠣ ᠰᠤᠷᠲᠠᠬᠤᠨ ᠤᠶᠤᠨ ᠤᠬᠠᠭᠠᠨ | ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠰᠤᠷᠭᠠᠭᠤᠯᠢ ᠶᠢᠨ ᠬᠦᠷᠢᠶᠡᠨ ᠤ ᠠᠭᠤᠳᠠᠮ ᠲᠠᠯᠠᠪᠠᠢ ᠳᠤ ᠪᠠᠭᠰᠢ ᠰᠤᠷᠤᠭᠴᠢᠳ ︽ᠶᠡᠷᠦᠩᠬᠡᠢ ᠱᠦᠵᠢ ᠰᠠᠶᠢᠨ | ᠦᠦ︖︾᠂ ︽ᠰᠢ ᠶᠢᠨ ᠫᠢᠩ ᠵᠠᠬᠢᠷᠤᠯ ᠰᠠᠶᠢᠨ ᠦᠦ︖︾ ᠭᠡᠵᠦ ᠦᠨᠲᠦᠷ ᠲᠠᠭᠤᠨ ᠢᠶᠠᠷ ᠬᠠᠰᠬᠢᠷᠴᠤ᠂ ᠰᠢ ᠶᠢᠨ ᠫᠢᠩ | ᠤᠯᠠᠨ ᠤ ᠵᠦᠭ ᠭᠠᠷ ᠳᠠᠯᠠᠯᠤᠨ ᠮᠡᠨᠳᠦᠴᠢᠯᠡᠪᠡ᠃ ᠰᠢ ᠶᠢᠨ ᠫᠢᠩ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ | ᠬᠠᠷᠢᠭᠤᠴᠠᠯᠭ᠎ᠠ ᠵᠠᠯᠠᠭᠤ ᠨᠢᠭᠡ ᠦᠶ᠎ᠡ ᠶᠢᠨ ᠬᠢᠨ ᠤ ᠮᠦᠷᠦᠨ ᠳᠤ ᠪᠤᠢ᠃ ᠲᠠ ᠨᠠᠷ ᠠᠯᠤᠰ ᠬᠡᠲᠦ ᠶᠢᠨ ᠬᠦᠰᠡᠯᠡᠩ | ᠡᠪᠤᠷᠯᠡᠵᠦ᠂ ᠠᠭᠤᠤ ᠶᠡᠭᠡ ᠡᠬᠡ ᠤᠯᠤᠰ ᠢᠶᠠᠨ ᠬᠠᠶᠢᠷᠠᠯᠠᠵᠤ᠂ ᠴᠠᠭ ᠦᠶ᠎ᠡ ᠶᠢᠨ ᠬᠠᠷᠢᠭᠤᠴᠠᠯᠭ᠎ᠠ ᠪᠠᠨ ᠡᠭᠦᠷᠭᠡᠯᠡᠠ᠂ | ᠵᠣᠷᠢᠭᠲᠠᠶ ᠪᠠᠷ ᠡᠷᠡᠮᠡᠬᠡᠶᠢᠯᠡᠨ ᠲᠡᠮᠡᠴᠡᠵᠦ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠵᠠᠩ | ᠮᠣᠷᠠᠯ ᠬᠡᠪ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠨᠡᠶᠢᠭᠡᠮ ᠳᠤ ᠬᠡᠷᠡᠭᠴᠡᠭᠡ ᠲᠠᠢ ᠬᠥᠮᠦᠨ᠂ ᠶᠣᠰᠣ | ᠰᠤᠷᠲᠠᠬᠤᠨ ᠡᠷᠬᠢᠮ ᠳᠡᠭᠡᠳᠦ ᠬᠥᠮᠦᠨ ᠪᠤᠯᠬᠤ ᠪᠠᠷ ᠴᠢᠷᠮᠠᠶᠢᠵᠦ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠭᠤᠤ ᠶᠡᠭᠡ ᠦᠢᠯᠡᠰ ᠲᠤ ᠢᠳᠡᠪᠬᠢᠲᠡᠶ ᠣᠷᠣᠯᠴᠠᠬᠤ ᠶᠢ ᠬᠦᠰᠡᠵᠦ | ᠪᠠᠶᠢᠨ᠎ᠠ ᠭᠡᠵᠦ ᠴᠢᠬᠤᠯᠠᠴᠢᠯᠠᠪᠠ᠃ | ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠹᠦᠵᠢᠶᠠᠨ ᠮᠤᠵᠢ ᠶᠢᠨ ᠨᠠᠮ ᠤᠨ ᠬᠤᠷᠢᠶ᠎ᠠ ᠪᠣᠯᠤᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠹᠦᠵᠢᠶᠠᠨ ᠤ ᠡᠯ᠎ᠡ | ᠵᠦᠢᠯ ᠤᠨ ᠠᠵᠢᠯ ᠤᠨ ᠣᠯᠤᠭᠰᠠᠨ ᠠᠮᠵᠢᠯᠲᠠ ᠶᠢ ᠨᠤᠲᠠᠯᠠᠵᠤ᠂ ᠹᠦᠵᠢᠶᠠᠨ ᠤ ᠬᠢᠨ ᠴᠢᠨᠠᠷ ᠰᠠᠶᠢᠲᠠᠢ ᠬᠥᠭᠵᠢᠯᠲᠡ ᠶᠢ | ᠪᠦᠬᠦ ᠲᠠᠯ᠎ᠠ ᠪᠠᠷ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ ᠶᠢ ᠬᠦᠰᠡᠪᠡ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠩ ᠲᠡᠷᠢᠭᠦᠨ ᠳᠤ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ | ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠳᠣᠲᠣᠭᠠᠳᠤ | ᠨᠢᠭᠡᠳᠦᠯ ᠮᠦᠨ᠂ ᠴᠢᠨᠠᠷ ᠰᠠᠶᠢᠲᠠᠢ ᠬᠥᠭᠵᠢᠯᠲᠡ ᠪᠣᠯ ᠳᠠᠷᠤᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠢᠯᠡᠷᠡᠭᠦᠯᠦᠭᠰᠡᠨ ᠬᠥᠭᠵᠢᠯᠲᠡ ᠪᠣᠯᠤᠨ᠎ᠠ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠴᠣᠭᠴᠠᠯᠠᠬᠤ ᠳᠤ ᠦᠢᠯᠡᠴᠢᠯᠡᠬᠦ ᠪᠠ ᠠᠭᠤᠰᠤᠯᠴᠠᠬᠤ ᠶᠠᠪᠤᠴᠠ ᠳᠠᠬᠢ ᠪᠠᠶᠢᠷᠢ ᠲᠣᠭᠲᠠᠭᠠᠯᠲᠠ ᠪᠠᠨ ᠵᠦᠪ | ᠤᠯᠵᠤ᠂ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠲᠤᠭ᠎ᠠ ᠪᠠᠷᠢᠮᠳᠠ ᠶᠢᠨ ᠠᠵᠤ | ᠦᠢᠯᠡᠰᠵᠢᠯᠲᠡ᠂ ᠠᠵᠤ ᠦᠢᠯᠡᠰ ᠤᠨ ᠲᠣᠭᠠᠴᠢᠯᠠᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠰᠢᠨ᠎ᠡ ᠶᠢ | ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠠᠮᠢ ᠠᠬᠤᠢ ᠣᠷᠴᠢᠨ ᠲᠣᠭᠤᠷᠢᠨ ᠢ | ᠰᠢᠯᠢᠳᠡᠭᠵᠢᠭᠦᠯᠤᠨ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠴᠢᠯᠥᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠢ ᠰᠠᠶᠢᠲᠤᠷ ᠡᠷᠬᠢᠯᠡᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ | ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃ ᠨᠡᠪᠲᠡᠷᠡᠯᠴᠡᠭᠡ ᠪᠠᠷ | ᠠᠭᠤᠰᠤᠯᠴᠠᠯ ᠢ ᠠᠬᠢᠭᠤᠯᠬᠤ᠂ ᠬᠠᠷᠠᠭᠠᠯᠵᠠᠯ ᠢᠶᠠᠷ ᠠᠭᠤᠰᠤᠯᠴᠠᠯ ᠢ ᠠᠬᠢᠭᠤᠯᠬᠤ᠂ ᠬᠠᠶᠢᠷ᠎ᠠ ᠰᠡᠳᠬᠢᠯᠭᠡ ᠪᠠᠷ | ᠠᠭᠤᠰᠤᠯᠴᠠᠯ ᠢ ᠠᠬᠢᠭᠤᠯᠬᠤ ᠶᠢ ᠳᠣᠪᠤᠶᠢᠯᠭᠠᠨ᠂ ᠲᠠᠶᠢᠸᠠᠨ ᠬᠤᠭᠤᠯᠠᠶ ᠶᠢᠨ ᠬᠤᠶᠠᠷ ᠬᠥᠪᠡᠭᠡᠨ ᠤ ᠠᠭᠤᠰᠤᠯᠴᠠᠨ | ᠬᠥᠭᠵᠢᠬᠦ ᠰᠢᠨ᠎ᠡ ᠵᠠᠮ ᠢ ᠵᠣᠷᠢᠭᠲᠠᠶ ᠪᠠᠷ ᠬᠠᠶᠢᠨ ᠰᠦᠪᠡᠭᠴᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ ᠠᠬᠢᠭᠤᠯᠵᠤ᠂ | ᠬᠥᠳᠡᠭᠡ ᠠᠵᠤ ᠠᠬᠤᠢ ᠶᠢᠨ ᠡᠬᠢ ᠪᠠᠶᠠᠯᠢᠭ ᠤᠨ ᠤᠯᠠᠨ ᠶᠠᠩᠵᠤᠲᠤ ᠴᠢᠨᠠᠷ ᠪᠣᠯᠤᠨ ᠠᠭᠤᠷ ᠠᠮᠢᠰᠬᠤᠯ | ᠲᠣᠬᠢᠷᠠᠮᠵᠢᠲᠠᠢ ᠳᠠᠪᠠᠭᠤᠯᠢᠭ ᠲᠤ ᠰᠠᠭᠤᠷᠢᠯᠠᠨ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠬᠤ | ᠬᠡᠷᠡᠭᠲᠡᠢ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠪᠠᠷ ᠭᠠᠷᠳᠠᠴᠠ | ᠪᠣᠯᠭᠠᠨ᠂ ᠬᠥᠳᠡᠭᠡ ᠲᠣᠰᠬᠤᠨ ᠤ ᠬᠦᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ ᠨᠦᠬᠦᠴᠡᠯ ᠢ | ᠰᠠᠶᠢᠵᠢᠷᠠᠭᠤᠯᠵᠤ᠂ ᠣᠷᠣᠰᠢᠨ ᠠᠮᠢᠳᠤᠷᠠᠬᠤ ᠳᠤ ᠳᠤᠬᠢᠯᠢᠭ ᠦᠢᠯᠡᠰ ᠪᠤᠰᠬᠠᠬᠤ ᠳᠤ ᠲᠣᠬᠢᠷᠠᠮᠵᠢᠲᠠᠶ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠬᠡᠷᠡᠭᠲᠡᠶ᠃ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ | ᠣᠷᠣᠨ ᠰᠣᠪᠢᠶᠠᠳ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠤᠪᠢᠰᠬᠠᠯ ᠤᠨ | ᠡᠷᠲᠡ ᠴᠢᠯᠥᠭᠡᠯᠡᠭᠳᠡᠭᠰᠡᠨ ᠣᠷᠣᠨ ᠰᠣᠪᠢᠶᠠᠳ ᠣᠷᠣᠨ ᠤ ᠤᠨᠴᠠᠯᠢᠬᠳᠤ ᠠᠵᠤ ᠦᠢᠯᠡᠰ ᠤᠨ ᠳᠡᠰ ᠳᠡᠪᠰᠢᠯᠳᠡ᠂ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ | ᠵᠡᠷᠭᠡ ᠶᠢ ᠬᠦᠴᠦᠯᠡᠨ ᠳᠡᠮᠵᠢᠬᠦ ᠬᠡᠷᠡᠭᠲᠡᠢ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠠ ᠶᠢ ᠤᠷᠬᠢᠯ | ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠮᠢ ᠠᠬᠤᠢ ᠶᠢᠨ ᠮᠤᠵᠢ ᠶᠢ ᠪᠦᠳᠦᠭᠡᠨ | ᠪᠠᠶᠢᠭᠤᠯᠬᠤ ᠪᠠᠶᠢᠷᠢᠰᠢᠭᠤᠯᠤᠯᠲᠠ ᠳᠤ ᠣᠷᠣᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ | ᠣᠳᠣᠬᠢᠴᠢᠯᠠᠯᠲᠠ ᠶᠢ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠠᠷᠭ᠎ᠠ ᠵᠠᠮ ᠢ ᠥᠷᠭᠡᠳᠬᠡᠨ᠂ ᠶᠡᠭᠡ ᠳᠡᠭᠡᠳᠦ | ᠰᠤᠷᠭᠠᠭᠤᠯᠢ ᠶᠢᠨ ᠲᠡᠭᠦᠰᠬᠦ ᠣᠶᠤᠲᠠᠨ᠂ ᠬᠥᠯᠥᠰᠥᠨ ᠲᠠᠷᠢᠶᠠᠴᠢᠨ᠂ ᠴᠡᠷᠢᠭ ᠠᠴᠠ ᠬᠠᠯᠠᠭᠳᠠᠭᠰᠠᠳ ᠵᠡᠷᠭᠡ | ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ | ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠪᠠᠶᠢᠬᠤ ᠵᠠᠷᠴᠢᠮ ᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ | ᠬᠡᠷᠡᠭᠲᠡᠢ᠃ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠤᠷᠢᠳ ᠢᠶᠠᠷ ᠬᠥᠭᠵᠢᠭᠦᠯᠬᠦ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠯᠲᠡ | ᠬᠠᠮᠠᠭᠠᠯᠠᠯᠲᠠ ᠶᠢᠨ ᠲᠤᠤᠷ ᠢ ᠪᠠᠬᠢᠵᠢᠭᠦᠯᠦᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠠᠵᠢᠯ ᠢ ᠢᠮᠠᠭᠲᠠ ᠬᠢᠨᠠᠭᠤᠷ ᠪᠣᠯᠭᠤᠮᠵᠢᠲᠠᠶ | ᠰᠠᠶᠢᠲᠤᠷ ᠬᠢᠬᠦ ᠬᠡᠷᠡᠭᠲᠡᠶ᠃ ᠬᠦᠨᠳᠦ ᠤᠨᠴᠠ ᠶᠡᠭᠡ ᠠᠶᠤᠯᠭᠦᠶ ᠦᠢᠯᠡᠳᠪᠦᠷᠢᠯᠡᠯ ᠤᠨ ᠬᠡᠷᠡᠭ ᠡᠭᠦᠰᠬᠦ ᠶᠢ | ᠪᠦᠲᠦᠮᠵᠢᠲᠡᠶ ᠬᠤᠷᠢᠠᠠᠯᠠᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ | ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠰᠢ ᠶᠢᠨ ᠫᠢᠩ᠂ ᠹᠦᠵᠢᠶᠠᠨ ᠪᠣᠯ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠪᠣᠯᠤᠨ᠎ᠠ᠂ ᠨᠠᠮ ᠤᠨ | ᠲᠡᠦᠬᠡ ᠶᠢᠨ ᠬᠡᠷᠡᠭ ᠶᠠᠪᠤᠳᠠᠯ ᠤᠯᠠᠨ᠂ ᠬᠤᠪᠢᠰᠬᠠᠯ ᠤᠨ ᠡᠬᠢ ᠪᠠᠶᠠᠯᠢᠭ ᠤᠯᠠᠨ᠂ ᠬᠤᠪᠢᠰᠬᠠᠯ ᠤᠨ ᠤᠷᠢᠳᠤᠰ ᠤᠯᠠᠨ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠥᠪᠡᠷᠮᠢᠴᠡ ᠳᠠᠪᠠᠭᠤᠯᠢᠭ ᠲᠠᠢ ᠶᠤᠮ᠃ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠲᠡᠦᠬᠡ ᠶᠢ ᠰᠤᠷᠤᠯᠴᠠᠨ ᠶᠣᠰᠣ ᠤᠴᠢᠷ ᠢ ᠮᠡᠳᠡᠬᠦ ᠬᠡᠷᠡᠭᠳᠠᠢ᠂ | ᠶᠤᠰᠤ ᠤᠴᠢᠷ ᠢ ᠮᠡᠳᠡᠬᠦ ᠪᠣᠯ ᠢᠲᠡᠭᠡᠯ ᠢ ᠨᠡᠮᠡᠭᠳᠡᠭᠦᠯᠬᠦ᠂ ᠶᠣᠰᠣ ᠰᠤᠷᠲᠠᠬᠤᠨ ᠢ ᠡᠷᠬᠢᠮᠯᠡᠬᠦ᠂ ᠬᠦᠴᠦᠯᠡᠨ | ᠭᠦᠢᠴᠡᠳᠭᠡᠬᠦ ᠶᠢᠨ ᠤᠷᠢᠲᠠᠯ ᠮᠥᠨ᠃ ᠨᠠᠮ ᠤᠨ ᠬᠡᠷᠡᠯ ᠰᠠᠴᠤᠷᠠᠩᠭᠤᠢ ᠠᠮᠵᠢᠯᠲᠠ᠂ ᠪᠡᠷᠬᠡ ᠬᠠᠲᠠᠭᠤᠵᠢᠯᠲᠠᠢ | ᠥᠩᠭᠡᠷᠡᠯᠲᠡ᠂ ᠲᠡᠦᠬᠡᠨ ᠲᠤᠷᠰᠢᠯᠭ᠎ᠠ᠂ ᠰᠢᠯᠢᠳᠡᠭ ᠤᠯᠠᠮᠵᠢᠯᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ | ᠶᠠᠭᠠᠬᠢᠭᠠᠳ ᠴᠢᠳᠠᠬᠤ᠂ ᠮᠠᠷᠺᠰ ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠶᠠᠭᠠᠬᠢᠭᠠᠳ ᠰᠠᠶᠢᠨ ᠪᠠᠶᠢᠬᠤ ᠵᠡᠷᠭᠡ ᠶᠣᠰᠣ ᠤᠴᠢᠷ ᠢ ᠭᠦᠨᠵᠡᠭᠡᠢ ᠤᠬᠠᠪᠤᠷᠢᠯᠠᠨ᠂ ᠲᠡᠭᠦᠨ ᠤ ᠳᠣᠲᠣᠷᠠᠬᠢ | ᠲᠡᠦᠬᠡ ᠶᠢᠨ ᠯᠣᠭᠢᠭ᠂ ᠤᠨᠤᠯ ᠤᠨ ᠯᠣᠭᠢᠭ᠂ ᠦᠢᠯᠡᠳᠦᠯᠭᠡ ᠶᠢᠨ ᠯᠣᠭᠢᠭ ᠢ ᠲᠣᠳᠣᠷᠬᠠᠢ ᠣᠶᠢᠯᠠᠭᠠᠬᠤ ᠬᠡᠷᠡᠭᠲᠡᠢ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠲᠡᠦᠬᠡ ᠶᠢᠨ ᠵᠠᠶᠢᠯᠠᠰᠢ ᠦᠭᠡᠢ | ᠴᠢᠨᠠᠷ ᠢ ᠭᠦᠨᠵᠡᠭᠡᠢ ᠤᠬᠠᠪᠤᠷᠢᠯᠠᠨ᠂ ᠨᠠᠮ ᠤᠨ ᠤᠳᠤᠷᠢᠳᠤᠯᠭ᠎ᠠ ᠶᠢᠨ ᠲᠤᠬᠠᠢ ᠢᠲᠡᠭᠡᠯ ᠢᠶᠠᠨ ᠪᠠᠲᠤᠳᠬᠠᠬᠤ ᠬᠡᠷᠡᠭᠲᠡᠢ᠃ | ᠮᠠᠷᠺᠰ ᠤᠨ ᠦᠵᠡᠯ ᠵᠢᠴᠢ ᠲᠡᠭᠦᠨ ᠤ ᠳᠤᠮᠳᠠᠳᠤ ᠤᠯᠤᠰᠴᠢᠯᠠᠭᠰᠠᠨ ᠰᠢᠨ᠎ᠡ ᠶᠢ ᠡᠭᠦᠳᠦᠭᠰᠡᠨ ᠤᠨᠤᠯ ᠤᠨ ᠦᠨᠡᠨ | ᠶᠣᠰᠣᠴᠢ ᠴᠢᠨᠠᠷ ᠢ ᠭᠦᠨᠵᠡᠭᠡᠢ ᠤᠬᠠᠪᠤᠷᠢᠯᠠᠨ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠤᠬᠠᠮᠰᠠᠷ ᠠᠴᠠ ᠪᠠᠨ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠷᠡᠰ ᠪᠠᠲᠤ ᠴᠢᠨᠠᠷ ᠢᠶᠠᠨ ᠴᠢᠩᠭᠠᠳᠬᠠᠬᠤ ᠬᠡᠷᠡᠭᠲᠡᠢ᠃ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠵᠥᠪ ᠣᠨᠣᠪᠴᠢᠲᠤ ᠴᠢᠨᠠᠷ ᠢ ᠭᠦᠨᠵᠡᠭᠡᠢ ᠤᠬᠠᠪᠤᠷᠢᠯᠠᠨ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠭᠡᠬᠦ ᠡᠨᠡ ᠬᠦ ᠴᠤᠷ ᠤᠨ ᠭᠠᠭᠴᠠ ᠵᠥᠪ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠶ᠃ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ | ᠶᠡᠷᠦᠩᠬᠡᠶᠢᠯᠡᠭᠰᠡᠨ ᠦᠢᠯᠡᠳᠦᠯ ᠴᠢᠳᠠᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠤᠨ᠂ ᠰᠠᠶᠢᠨ ᠰᠠᠶᠢᠬᠠᠨ ᠤᠯᠤᠰ | ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | | |