| | ᠶᠠᠩ ᠯᠤ᠋ | | | ᠨᠢᠳᠤᠨᠤᠨ ᠪᠤᠯ ᠠᠷᠪᠠᠨ ᠵᠢᠯ ᠤᠨ ᠲᠤᠷᠰᠢᠬᠢ ᠲᠡᠭᠡᠳᠤ ᠰᠤᠷᠭᠠᠭᠤᠯᠢ ᠳᠤ ᠰᠢᠯᠭᠠᠭᠤᠯᠤᠭᠰᠠᠳ ᠤᠨ ᠭᠦᠮᠦᠨ ᠤ | ᠲᠤᠭ᠎ᠠ ᠠᠩᠬ᠎ᠠ ᠤᠳᠠᠭ᠎ᠠ ᠮᠢᠩᠭᠠᠨ ᠲᠦᠮᠡ ᠶᠢ ᠲᠠᠪᠠᠭᠰᠠᠨ ᠵᠢᠯ ᠪᠤᠯᠤᠨ᠎ᠠ᠃ ᠮᠢᠩᠭᠠᠨ ᠲᠦᠮᠠᠨ | ᠰᠢᠯᠭᠠᠭᠤᠯᠤᠭᠰᠠᠳ ᠤᠨ ᠲᠤᠳᠤᠷ᠎ᠠ ᠨᠠᠯᠢᠶᠠᠳ ᠲᠤᠭᠠᠨ ᠤ ᠰᠤᠷᠤᠭᠴᠢ ᠲᠡᠭᠡᠳᠤ ᠵᠡᠷᠭᠡ ᠶᠢᠨ ᠠᠵᠢᠯ ᠮᠠᠷᠭᠡᠵᠢᠯ ᠤᠨ | ᠰᠤᠷᠭᠠᠨ ᠭᠦᠮᠦᠵᠢᠯ ᠭᠦᠷᠳᠠᠭᠦ ᠪᠤᠯᠤᠨ᠎ᠠ᠃ | ᠭᠡᠪᠴᠢᠶ᠎ᠠ ᠠᠴᠠ ᠨᠢ ᠦᠵᠠᠪᠠᠯ ᠲᠤᠮᠳᠠᠳᠤ ᠤᠯᠤᠰ ᠪᠤᠯ ᠲᠡᠯᠡᠭᠡᠢ ᠳᠡᠭᠡᠷᠡᠬᠢ ᠬᠠᠮᠤᠭ ᠤᠨ ᠶᠡᠭᠡ ᠠᠵᠢᠯ | ᠮᠠᠷᠭᠡᠵᠢᠯ ᠤᠨ ᠰᠤᠷᠭᠠᠨ ᠭᠦᠮᠦᠵᠢᠯ ᠤᠨ ᠰᠢᠰᠲ᠋ᠧᠮ ᠲᠠᠢ ᠤᠯᠤᠰ ᠪᠤᠯᠤᠨ᠎ᠠ᠃ ᠠᠵᠢᠯ ᠮᠠᠷᠭᠡᠵᠢᠯ ᠤᠨ ᠰᠤᠷᠭᠠᠨ | ᠭᠦᠮᠦᠵᠢᠯ ᠪᠤᠯ ᠨᠡᠶᠢᠭᠡᠮ ᠳᠤ ᠡᠭᠦᠳᠦᠨ ᠪᠦᠳᠦᠭᠡᠭᠦ ᠦᠷᠳᠡᠭ ᠪᠦᠭᠦᠢ ᠲᠡᠭᠡᠳᠤ ᠭᠡᠪ ᠪᠤᠯᠪᠠᠰᠤᠷᠠᠯ ᠲᠠᠢ | ᠭᠦᠳᠠᠯᠮᠤᠷᠢᠴᠢᠨ ᠪᠠ ᠲᠤᠰᠬᠠᠢ ᠮᠠᠷᠭᠡᠵᠢᠯ ᠤᠨ ᠴᠢᠳᠠᠪᠤᠷᠢᠳᠠᠨ ᠢ ᠰᠢᠭᠤᠳ ᠭᠦᠮᠦᠵᠢᠭᠦᠯᠭᠦ ᠰᠤᠷᠭᠠᠨ ᠭᠦᠮᠦᠵᠢᠯ | ᠪᠤᠯᠤᠨ᠎ᠠ᠃ ᠠᠵᠢᠯ ᠮᠠᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠲᠤᠮᠳᠠ ᠪᠠᠭ᠎ᠠ ᠠᠵᠤ | ᠠᠬᠤᠢᠢᠯᠠᠯ ᠤᠨ ᠲᠦᠪᠯᠠᠷᠠᠨ ᠭᠦᠭᠵᠢᠭᠦ ᠳᠤ ᠲᠤᠯᠭᠠᠭᠤᠷᠢ ᠭᠦᠴᠦᠨ ᠪᠤᠯᠵᠤ ᠤᠷᠤᠨ ᠪᠦᠰᠠ ᠶᠢᠨ ᠠᠵᠢᠯ ᠦᠢᠯᠠᠰ ᠢ | ᠲᠤᠮᠳᠠ ᠲᠡᠭᠡᠳᠤ ᠲᠠᠰ ᠤᠨ ᠠᠵᠢᠯ ᠦᠢᠯᠠᠰ ᠵᠦᠭ ᠠᠬᠢᠭᠤᠯᠬᠤ ᠠᠮᠢᠳᠤ ᠭᠦᠴᠦᠨ ᠴᠡᠷᠢᠭ ᠪᠤᠯᠤᠨ᠎ᠠ᠃ | ᠠᠵᠢᠯ ᠮᠠᠷᠭᠡᠵᠢᠯ ᠤᠨ ᠰᠤᠷᠭᠠᠨ ᠭᠦᠮᠦᠵᠢᠯ ᠤᠨ ᠴᠢᠬᠤᠯᠠ ᠴᠢᠨᠠᠷ ᠢ ᠦᠭᠡᠶᠢᠰᠭᠡᠭᠦ ᠭᠦᠮᠦᠨ ᠪᠠᠷᠤᠬ ᠪᠠᠶᠢᠬᠤ | ᠦᠭᠡᠢ ᠪᠤᠯᠪᠠᠴᠤ ᠪᠤᠳᠠᠳᠤ ᠠᠮᠢᠳᠤᠷᠠᠯ ᠲᠤᠮᠳᠠ ᠭᠦᠮᠦᠰ ᠠᠵᠢᠯ ᠮᠠᠷᠭᠡᠵᠢᠯ ᠤᠨ ᠰᠤᠷᠭᠠᠨ ᠭᠦᠮᠦᠵᠢᠯ ᠳᠤ ᠭᠡᠯᠪᠠᠶᠢᠭᠦᠤ | ᠦᠵᠠᠯᠳᠠ ᠲᠠᠢ ᠪᠠᠶᠢᠳᠠᠬ᠃ ᠦᠢᠯᠠᠳᠪᠤᠷᠢᠯᠠᠯ ᠵᠢᠭᠠᠨ ᠰᠤᠷᠭᠠᠯᠳᠠ ᠤᠶᠠᠯᠳᠤᠵᠤ ᠴᠢᠳᠠᠬᠤ ᠦᠭᠡᠢ᠂ ᠠᠵᠢᠯ ᠤᠯᠬᠤ | ᠨᠤᠷᠮ᠎ᠠ ᠨᠢ ᠲᠤᠤᠷ᠎ᠠ ᠪᠠᠶᠢᠳᠠᠬ ᠵᠡᠷᠭᠡ ᠨᠢ ᠠᠵᠢᠯ ᠮᠠᠷᠭᠡᠵᠢᠯ ᠤᠨ ᠰᠤᠷᠭᠠᠨ ᠭᠦᠮᠦᠵᠢᠯ ᠤᠨ ᠭᠦᠭᠵᠢᠯᠳᠠ ᠶᠢ | ᠨᠦᠯᠦᠭᠡᠯᠡᠭᠰᠡᠭᠡᠷ ᠪᠠᠶᠢᠭ᠎ᠠ ᠭᠦᠴᠢᠷ ᠠᠰᠠᠭᠤᠳᠠᠯ ᠤᠳ ᠪᠤᠯᠤᠨ᠎ᠠ᠃ ᠡᠳᠡᠭᠡᠷ ᠠᠰᠠᠭᠤᠳᠠᠯ ᠢ ᠢᠯᠠᠨ ᠲᠠᠪᠠᠶ᠎ᠠ ᠭᠡᠪᠡᠯ | ᠴᠢᠳᠠᠪᠤᠷᠢᠳᠠᠨ ᠭᠦᠮᠦᠵᠢᠭᠦᠯᠭᠦ ᠤᠯᠠᠮᠵᠢᠯᠠᠯᠳᠤ ᠭᠡᠯᠪᠠᠷᠢ ᠶᠢ ᠦᠨᠳᠤᠰᠤᠨ ᠠᠴᠠ ᠨᠢ ᠡᠪᠳᠠᠭᠦ ᠭᠡᠷᠡᠭᠳᠠᠢ᠃ | ᠨᠢᠭᠡ᠂ ᠠᠵᠢᠯ ᠮᠠᠷᠭᠡᠵᠢᠯ ᠤᠨ ᠰᠤᠷᠭᠠᠭᠤᠯᠢ ᠳᠤ ᠤᠷᠤᠭᠠᠳ ᠶᠠᠭᠤ ᠰᠤᠷᠬᠤ ᠪᠤᠢ | ᠴᠢᠳᠠᠪᠤᠷᠢ ᠬᠢᠭᠡᠳ ᠰᠤᠷᠤᠯᠭ᠎ᠠ ᠶᠢᠨ ᠨᠠᠮᠳᠠᠷ᠂ ᠡᠭᠦᠳᠠ ᠡᠷᠦᠭᠡ ᠭᠢᠭᠡᠳ ᠠᠵᠠ ᠵᠠᠪᠰᠢᠶᠠᠨ ᠴᠤᠬᠤᠮ ᠠᠯᠢ | ᠨᠢᠭᠡ ᠨᠢ ᠨᠢᠭᠡ ᠭᠦᠮᠦᠨ ᠤ ᠢᠷᠡᠭᠡᠳᠤᠢ ᠶᠢᠨ ᠠᠵᠢᠯ ᠦᠢᠯᠠᠰ ᠤᠨ ᠭᠦᠭᠵᠢᠯᠳᠠ ᠶᠢ ᠰᠢᠢᠳᠪᠤᠷᠢᠯᠠᠵᠤ ᠪᠠᠶᠢᠳᠠᠬ ᠪᠤᠢ︖ | ᠭᠤᠸᠠᠩᠳᠦ᠋ᠩ ᠮᠤᠵᠢ ᠶᠢᠨ ᠮᠸᠢ ᠵᠸᠤ ᠶᠢᠨ ᠶᠠᠳᠠᠭᠤ ᠠᠶᠢᠯ ᠤᠨ ᠭᠦᠤ ᠢᠤᠢ ᠺᠦᠨ ᠵᠠᠩ ᠳᠤ ᠠᠪᠴᠤ ᠭᠡᠯᠡᠪᠡᠯ | ᠶᠡᠭᠡ ᠰᠤᠷᠭᠠᠭᠤᠯᠢ ᠳᠤ ᠤᠷᠤᠭᠰᠠᠨ ᠨᠢ ᠳᠠᠷᠤᠢ ᠠᠵᠠ ᠵᠢᠷᠭᠠᠯ ᠪᠤᠯᠤᠨ᠎ᠠ᠃ ᠲᠠᠷᠠ ᠭᠤᠸᠠᠩᠳᠦ᠋ᠩ ᠤᠨ ᠪᠢ ᠭᠦᠢ | ᠶᠤᠸᠠᠨ ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠲᠡᠭᠦᠰᠦᠭᠡᠳ ᠬᠤᠶᠠᠷ ᠵᠢᠯ ᠪᠤᠯᠤᠭᠰᠠᠨ ᠤ ᠳᠠᠷᠠᠭ᠎ᠠ | ᠺᠤᠮᠫᠠᠨᠢ ᠳᠤ ᠪᠠᠨ ᠨᠢᠭᠡᠨᠳᠠ ᠤᠷᠤᠨ ᠪᠦᠰᠠ ᠶᠢᠨ ᠲᠠᠭᠠᠭᠠᠮᠠᠯ ᠪᠤᠯᠴᠢᠬᠠᠭᠰᠠᠨ ᠶᠤᠮ᠃ | ᠦᠡᠭᠭᠡᠷᠡᠭᠰᠡᠨ ᠳᠤ ᠡᠪᠦᠭᠡ ᠶᠢᠨ ᠦᠴᠦᠭᠡᠨ ᠲᠠᠳᠤᠢ ᠲᠡᠳᠭᠦᠪᠤᠷᠢ ᠶᠢᠨ ᠮᠦᠡᠭᠭᠦ ᠪᠠᠷ ᠲᠠᠪᠤᠨ ᠠᠮᠠ ᠭᠦᠮᠦᠨ | ᠠᠮᠢᠳᠤᠷᠠᠵᠤ ᠪᠠᠶᠢᠭᠰᠠᠨ ᠢ ᠪᠤᠳᠤᠪᠠᠯ ᠤᠳᠤ ᠲᠠᠷᠠ ᠲᠦᠮᠡ ᠢᠯᠠᠭᠦᠦ ᠲᠦᠭᠦᠷᠢᠭ ᠤᠨ ᠴᠠᠯᠢᠩ ᠤᠯᠳᠠᠬ | ᠪᠤᠯᠤᠭᠰᠠᠨ ᠢᠶᠠᠷ ᠨᠢᠭᠡᠨᠳᠠ ᠦᠡᠭᠭᠡᠷᠡᠭᠰᠡᠨ ᠤ ᠲᠠᠷᠠ ᠭᠦ ᠶᠠᠳᠠᠭᠤ ᠵᠦᠳᠡᠭᠦᠦ ᠲᠠᠷᠢᠶᠠᠴᠢᠨ ᠠᠶᠢᠯ ᠤᠨ ᠭᠡᠤᠭᠡᠳ ᠪᠢᠰᠢ | ᠪᠤᠯᠵᠠᠢ᠃ ᠲᠡᠭᠡᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠭᠤᠯᠢ ᠲᠡᠭᠦᠰᠦᠭᠰᠡᠨ ᠤ ᠲᠠᠷᠠᠭᠠᠬᠢ ᠬᠤᠶᠠᠷᠬᠠᠨ | ᠵᠢᠯ ᠤᠨ ᠲᠤᠳᠤᠷ᠎ᠠ ᠢᠤᠢ ᠺᠦᠨ ᠵᠠᠩ ᠤᠨ ᠤᠷᠤᠯᠭ᠎ᠠ ᠨᠢᠭᠡᠨᠳᠠ ᠮᠠᠰᠢ ᠤᠯᠠᠨ ᠦᠨᠳᠤᠰᠤᠨ ᠠᠩᠬᠢ ᠶᠢᠨ | ᠲᠡᠭᠦᠰᠦᠭᠰᠡᠨ ᠰᠤᠷᠤᠭᠴᠢᠳ ᠠᠴᠠ ᠬᠤᠯᠠ ᠦᠨᠳᠤᠷ ᠪᠤᠯᠵᠠᠢ᠃ ᠡᠶᠢᠮᠦ ᠵᠢᠱᠢᠶ᠎ᠠ ᠤᠯᠠᠨ ᠪᠢᠰᠢ ᠶᠤᠮ᠃ ᠭᠡᠷᠡᠭ | ᠳᠡᠭᠡᠷ᠎ᠡ ᠪᠠᠨ ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠲᠡᠭᠦᠰᠦᠭᠰᠡᠨ ᠤᠯᠠᠩᠬᠢ ᠰᠤᠷᠤᠭᠴᠢ ᠪᠠᠰᠠ ᠯᠠ | ᠰᠠᠷ᠎ᠠ ᠶᠢᠨ ᠴᠡᠯᠢᠩ ᠬᠤᠶᠠᠷ ᠭᠤᠷᠪᠠᠨ ᠮᠢᠩᠭᠠᠨ ᠲᠦᠭᠦᠷᠢᠭ ᠤᠯᠬᠤ ᠲᠤᠤᠷ᠎ᠠ ᠲᠠᠰ ᠤᠨ ᠮᠠᠷᠭᠡᠵᠢᠯ ᠤᠨ ᠪᠠᠶᠢᠷᠢᠨ | ᠳᠡᠭᠡᠷ᠎ᠡ ᠲᠠᠯᠴᠢᠯᠠᠵᠤ ᠪᠠᠶᠢᠭ᠎ᠠ ᠪᠢᠯᠡ᠃ | ᠤᠷᠴᠢᠮ ᠤᠨ ᠵᠢᠯ ᠤᠳ ᠠᠴᠠ ᠠᠵᠢᠯ ᠮᠠᠷᠭᠡᠵᠢᠯ ᠤᠨ ᠰᠤᠷᠭᠠᠨ ᠭᠦᠮᠦᠵᠢᠯ ᠢ ᠶᠡᠭᠡᠪᠠᠷ ᠭᠦᠨᠳᠤᠳᠭᠡᠵᠦ ᠪᠠᠶᠢᠭ᠎ᠠ | ᠪᠤᠯᠪᠠᠴᠤ ᠠᠵᠢᠯ ᠮᠠᠷᠭᠡᠵᠢᠯ ᠤᠨ ᠰᠤᠷᠭᠠᠭᠤᠯᠢ ᠨᠢ ᠢᠯᠠᠷᠭᠡᠶᠢᠶᠠ ᠭᠦᠮᠦᠰ ᠤᠨ ᠲᠠᠷᠢᠭᠦᠨ ᠰᠤᠩᠭᠤᠯᠳᠠ ᠪᠤᠯᠵᠤ | ᠴᠢᠳᠠᠭᠠᠳᠤᠢ ᠪᠠᠶᠢᠨ᠎ᠠ᠃ ᠠᠵᠢᠯ ᠮᠠᠷᠭᠡᠵᠢᠯ ᠤᠨ ᠰᠤᠷᠭᠠᠭᠤᠯᠢ ᠳᠤ ᠤᠷᠤᠭᠠᠳ ᠵᠢᠩᠬᠢᠨᠢ ᠴᠢᠳᠠᠪᠤᠷᠢ ᠰᠤᠷᠴᠤ ᠲᠠᠶᠢᠯᠭᠦ | ᠦᠭᠡᠢ ᠭᠡᠳᠡᠭ ᠨᠢ ᠮᠠᠰᠢ ᠤᠯᠠᠨ ᠭᠡᠷ ᠤᠨ ᠠᠬᠠᠮᠠᠳ ᠤᠨ ᠰᠠᠨᠠᠭᠠᠰᠢᠷᠠᠯ ᠪᠤᠯᠵᠤ ᠪᠠᠶᠢᠨ᠎ᠠ᠃ ᠡᠶᠢᠮᠦᠷᠭᠦᠦ | ᠰᠠᠨᠠᠭᠠᠰᠢᠷᠠᠯ ᠨᠢ ᠵᠤᠬᠢᠬᠤ ᠭᠡᠮᠵᠢᠶᠡᠨ ᠳᠤ ᠲᠡᠭᠡᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠭᠤᠯᠢ ᠶᠢᠨ | ᠭᠦᠭᠵᠢᠯᠳᠠ ᠳᠤ ᠬᠢ ᠭᠦᠴᠢᠷᠳᠠᠯ ᠢ ᠲᠤᠰᠬᠠᠵᠤ ᠪᠠᠶᠢᠨ᠎ᠠ᠃ ᠲᠤᠮᠳᠠᠳᠤ ᠵᠡᠷᠭᠡ ᠶᠢᠨ ᠠᠵᠢᠯ ᠮᠠᠷᠭᠡᠵᠢᠯ ᠤᠨ | ᠰᠤᠷᠭᠠᠭᠤᠯᠢ ᠲᠠᠢ ᠵᠦᠷᠢᠶ᠎ᠠ ᠭᠠᠷᠭᠠᠬᠤ ᠶᠢᠨ ᠲᠦᠯᠦᠭᠡ ᠴᠦᠭᠡᠨ ᠪᠤᠰᠤ ᠲᠠᠭᠡᠳᠤ ᠵᠡᠷᠭᠡ ᠶᠢᠨ ᠠᠵᠢᠯ ᠮᠠᠷᠭᠡᠵᠢᠯ ᠤᠨ | ᠰᠤᠷᠭᠠᠭᠤᠯᠢ ᠭᠤᠤᠯᠳᠠᠯᠭ᠎ᠠ ᠪᠠᠨ ︽ᠦᠨᠳᠤᠰᠤᠨ ᠠᠩᠬᠢ ᠳᠤ ᠤᠷᠤᠭᠤᠯᠬᠤ︾ ᠪᠤᠶᠤ ᠰᠤᠷᠤᠭᠴᠢ ᠶᠢᠨ ᠤᠨᠤᠯ ᠤᠨ | ᠰᠤᠷᠤᠯᠴᠠᠯᠭ᠎ᠠ ᠳᠤ ᠲᠠᠯᠪᠢᠵᠤ᠂ ᠬᠠᠷᠢᠨ ︽ᠠᠵᠢᠯ ᠮᠠᠷᠭᠡᠵᠢᠯ︾ ᠭᠡᠳᠡᠭ ᠢ ᠤᠮᠳᠤᠭᠠᠢᠢᠯᠠᠭᠰᠠᠨ ᠠᠴᠠ ᠨᠡᠶᠢᠭᠡᠮ ᠳᠤ | ᠵᠤᠬᠢᠴᠠᠬᠤ ᠲᠠᠭᠡᠳᠤ ᠮᠡᠷᠭᠡᠵᠢᠯ ᠴᠢᠳᠠᠪᠤᠷᠢᠳᠠᠢ ᠠᠵᠢᠯ ᠮᠠᠷᠭᠡᠵᠢᠯ ᠤᠨ ᠰᠤᠷᠤᠭᠴᠢ ᠶᠢ ᠭᠦᠮᠦᠵᠢᠭᠦᠯᠵᠦ ᠴᠢᠳᠠᠬᠤ ᠦᠭᠡᠢ | ᠪᠤᠯᠵᠠᠢ᠃ | ᠤᠷᠴᠢᠮ ᠤᠨ ᠡᠳᠦᠷ ᠰᠤᠷᠭᠠᠨ ᠭᠦᠮᠦᠵᠢᠯ ᠤᠨ ᠶᠠᠮᠤᠨ ᠤ ᠠᠵᠢᠯ ᠮᠠᠷᠭᠡᠵᠢᠯ ᠤᠨ ᠰᠤᠷᠭᠠᠨ ᠭᠦᠮᠦᠵᠢᠯ ᠬᠢᠭᠡᠳ | ᠲᠤᠮᠤᠴᠤᠤᠯ ᠤᠨ ᠰᠤᠷᠭᠠᠨ ᠭᠦᠮᠦᠵᠢᠯ ᠤᠨ ᠵᠤᠷᠭᠠᠨ ᠤ ᠳᠠᠷᠤᠭ᠎ᠠ ᠸᠠᠩ ᠵᠢᠢ ᠫᠢᠩ᠄ ︽ᠠᠵᠢᠯ ᠮᠠᠷᠭᠡᠵᠢᠯ ᠤᠨ | ᠰᠤᠷᠭᠠᠨ ᠭᠦᠮᠦᠵᠢᠯ ᠦᠭᠡᠷᠡᠴᠢᠯᠠᠯᠳᠠ ᠶᠢᠨ ᠵᠠᠮ ᠢᠶᠠᠷ ᠶᠠᠪᠤᠬᠤ ᠠᠴᠠ ᠪᠢᠰᠢ ᠰᠤᠷᠤᠯᠭ᠎ᠠ ᠶᠢᠨ ᠨᠠᠮᠳᠠᠷ ᠲᠡᠭᠡᠭᠰᠢᠯᠡᠭᠦᠯᠭᠦ | ᠵᠠᠮ ᠢᠶᠠᠷ ᠶᠠᠪᠤᠬᠤ ᠪᠢᠰᠢ︾ ᠭᠡᠵᠦ ᠲᠤᠷᠠᠳᠪᠠ᠃ ᠮᠠᠨ ᠤ ᠤᠯᠤᠰ ᠤᠨ ᠠᠵᠢᠯ ᠮᠠᠷᠭᠡᠵᠢᠯ ᠤᠨ ᠰᠤᠷᠭᠠᠨ ᠭᠦᠮᠦᠵᠢᠯ | ᠦᠨᠦᠳᠤᠷ ᠪᠤᠯᠳᠠᠯ᠎ᠠ ᠭᠦᠭᠵᠢᠭᠦ ᠳᠤ ᠪᠠᠨ ᠵᠠᠷᠢᠮ ᠰᠤᠷᠭᠠᠭᠤᠯᠢ ᠨᠢ ᠢᠯᠠ ᠲᠤᠳᠤ ᠵᠡᠷᠭᠡ ᠲᠠᠰ ᠢᠶᠠᠨ ᠲᠡᠭᠡᠭᠰᠢᠯᠠᠭᠦᠯᠭᠦ | ᠪᠤᠶᠤ ᠰᠤᠷᠤᠯᠭ᠎ᠠ ᠶᠢᠨ ᠨᠠᠮᠳᠠᠷ ᠲᠡᠭᠡᠭᠰᠢᠯᠡᠭᠦᠯᠭᠦ ᠵᠤᠷᠢᠯᠳᠠ ᠲᠠᠢ ᠪᠠᠶᠢᠨ᠎ᠠ᠃ ᠭᠡᠷᠪᠡ ᠴᠠᠭ ᠲᠤᠬᠠᠢ ᠳᠤ ᠨᠢ ᠭᠦᠳᠤᠯᠵᠤ | ᠵᠠᠯᠠᠷᠠᠭᠤᠯᠬᠤ ᠦᠭᠡᠢ ᠪᠤᠯ ᠡᠩ ᠤᠨ ᠲᠡᠭᠡᠳᠤ ᠰᠤᠷᠭᠠᠭᠤᠯᠢ ᠲᠠᠢ ᠢᠵᠢᠯᠢᠰᠢᠭᠦ ᠵᠠᠮ ᠳᠤ ᠤᠷᠤᠬᠤ ᠠᠶᠤᠯᠳᠠᠢ ᠭᠡᠵᠦ | ᠸᠠᠩ ᠵᠢᠢ ᠫᠢᠩ ᠦᠵᠠᠵᠤ ᠪᠠᠶᠢᠨ᠎ᠠ᠃ | ᠲᠤᠮᠳᠠᠳᠤ ᠤᠯᠤᠰ ᠤᠨ ᠠᠵᠢᠯ ᠮᠠᠷᠭᠡᠵᠢᠯ ᠤᠨ ᠰᠤᠷᠭᠠᠨ ᠭᠦᠮᠦᠵᠢᠯ ᠢ ᠭᠦᠮᠦᠰ ᠤᠨ ᠪᠠᠭ᠋ᠠᠷᠬᠠᠯ ᠳᠤ | ᠭᠦᠷᠭᠡᠭᠦ ᠳᠤ ᠬᠠᠭᠤᠴᠢᠨ ᠵᠠᠮ ᠢᠶᠠᠷ ᠢᠶᠠᠨ ᠶᠠᠪᠤᠵᠤ ᠪᠤᠯᠬᠤ ᠦᠭᠡᠢ ᠡᠷᠭᠡᠪᠰᠢ ᠦᠭᠡᠷᠡᠴᠢᠯᠠᠯᠳᠠ ᠶᠢᠨ ᠵᠠᠮ ᠢᠶᠠᠷ ᠶᠠᠪᠤᠬᠤ | ᠭᠡᠷᠡᠭᠳᠠᠢ᠃ ᠠᠵᠢᠯ ᠮᠠᠷᠭᠡᠵᠢᠯ ᠤᠨ ᠰᠤᠷᠭᠠᠭᠤᠯᠢ ᠶᠢᠨ ᠬᠠᠮᠤᠭ ᠲᠦᠷᠦᠭᠦᠦ ᠬᠢᠭᠦ ᠠᠵᠢᠯ ᠪᠤᠯ ᠬᠢᠴᠢᠶᠡᠯ ᠭᠦᠮᠦᠵᠢᠯ ᠤᠨ | ᠦᠨ᠎ᠠ ᠦᠷᠳᠡᠭ ᠢ ᠲᠡᠭᠡᠭᠰᠢᠯᠡᠭᠦᠯᠵᠤ᠂ ᠲᠤᠰᠬᠠᠢ ᠮᠠᠷᠭᠡᠵᠢᠯ ᠤᠨ ᠪᠠᠶᠢᠷᠢᠯᠠᠭᠤᠯᠤᠯᠳᠠ᠂ ᠬᠢᠴᠢᠶᠡᠯ ᠭᠦᠮᠦᠵᠢᠯ ᠤᠨ | ᠢᠵᠢ ᠪᠦᠷᠢᠳᠤᠭᠦᠯᠭᠦ ᠲᠠᠯ᠎ᠠ ᠪᠠᠷ ᠦᠢᠯᠠᠳᠤᠯᠭᠡ ᠲᠠᠢ ᠨᠢᠭᠳᠠ ᠤᠶᠠᠯᠳᠤᠭᠤᠯᠬᠤ ᠭᠡᠷᠡᠭᠳᠠᠢ᠃ ᠭᠦᠮᠦᠨ ᠳᠤ ᠮᠠᠷᠭᠡᠵᠢᠯ | ᠡᠵᠡᠮᠰᠢᠭᠦᠯᠵᠤ ᠴᠢᠳᠠᠬᠤ ᠦᠭᠡᠢ ᠠᠵᠢᠯ ᠮᠠᠷᠭᠡᠵᠢᠯ ᠤᠨ ᠰᠤᠷᠭᠠᠨ ᠭᠦᠮᠦᠵᠢᠯ ᠨᠢ ᠨᠠᠶᠢᠭᠡᠮ ᠤᠨ ᠭᠦᠨᠳᠤᠳᠭᠡᠯ ᠢ | ᠤᠯᠬᠤ ᠳᠤ ᠪᠡᠷᠭᠡ ᠶᠤᠮ᠃ | ᠵᠢᠱᠢᠶᠡᠯᠡᠪᠡᠯ᠂ ᠵᠤᠴᠢᠳ ᠤᠨ ᠪᠠᠭᠤᠳᠠᠯ ᠤᠨ ᠬᠠᠮᠢᠶᠠᠷᠤᠯᠳᠠ ᠶᠢᠨ ᠲᠤᠰᠬᠠᠢ ᠮᠠᠷᠭᠡᠵᠢᠯ ᠳᠤ ᠲᠤᠮᠳᠠᠳᠤ | ᠵᠡᠷᠭᠡ ᠶᠢᠨ ᠠᠵᠢᠯ ᠮᠠᠷᠭᠡᠵᠢᠯ ᠤᠨ ᠰᠤᠷᠭᠠᠨ ᠭᠦᠮᠦᠵᠢᠯ ᠭᠡᠷᠪᠡ ᠦᠢᠯᠠᠴᠢᠯᠡᠭᠴᠢ ᠶᠢᠨ ᠠᠵᠢᠯ ᠤᠨ ᠪᠠᠶᠢᠷᠢ ᠶᠢ | ᠡᠭᠦᠷᠭᠡᠯᠡᠵᠦ ᠲᠠᠶᠢᠯᠭᠦ ᠴᠢᠳᠠᠪᠤᠷᠢᠳᠠᠨ ᠢ ᠭᠦᠮᠦᠵᠢᠭᠦᠯᠵᠦ ᠴᠢᠳᠠᠬᠤ ᠳᠤ ᠭᠦᠷᠪᠡᠯ ᠲᠡᠭᠡᠳᠤ ᠵᠡᠷᠭᠡ ᠶᠢᠨ ᠠᠵᠢᠯ | ᠮᠠᠷᠭᠡᠵᠢᠯ ᠤᠨ ᠰᠤᠷᠭᠠᠭᠤᠯᠢ ᠪᠤᠶᠤ ᠦᠨᠳᠤᠰᠤᠨ ᠠᠩᠬᠢ ᠶᠢᠨ ᠲᠡᠭᠡᠳᠤ ᠰᠤᠷᠭᠠᠭᠤᠯᠢ ᠶᠢᠨ ᠭᠦᠮᠦᠵᠢᠭᠦᠯᠵᠦ | ᠭᠠᠷᠭᠠᠭᠰᠠᠨ ᠰᠤᠷᠤᠭᠴᠢ ᠨᠢ ᠶᠠᠭᠤᠨ ᠳᠤ ᠦᠢᠯᠠᠴᠢᠯᠡᠭᠴᠢ ᠶᠢᠨ ᠠᠵᠢᠯ ᠤᠨ ᠪᠠᠶᠢᠷᠢ ᠠᠴᠠ ᠡᠬᠢᠯᠠᠵᠤ ᠠᠵᠢᠯ ᠤᠯᠬᠤ | ᠪᠤᠢ︖ ᠭᠡᠵᠦ ᠭᠤᠸᠠᠩᠳᠦ᠋ᠩ ᠤᠨ ᠪᠢ ᠭᠦᠢ ᠶᠤᠸᠠᠨ ᠠᠵᠢᠯ ᠮᠠᠷᠭᠡᠵᠢᠯ ᠤᠨ ᠲᠠᠭᠡᠳᠤ ᠰᠤᠷᠭᠠᠭᠤᠯᠢ ᠶᠢᠨ ᠵᠠᠬᠢᠷᠤᠯ | ᠯᠢᠤ ᠬᠤᠢ ᠵᠢᠶᠠᠨ ᠲᠤᠷᠠᠳᠤᠭᠰᠠᠨ ᠪᠠᠶᠢᠨ᠎ᠠ᠃ ᠤᠳᠤ ᠲᠤᠮᠳᠠᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠭᠤᠯᠢ ᠪᠠ | ᠲᠡᠭᠡᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠭᠤᠯᠢ ᠲᠤᠰᠬᠠᠢ ᠮᠠᠷᠭᠡᠵᠢᠯ ᠤᠨ ᠲᠠᠯ᠎ᠠ ᠪᠠᠷ ᠲᠠᠪᠬᠤᠴᠠᠵᠤ | ᠢᠵᠢᠯᠢᠰᠢᠵᠤ ᠪᠠᠶᠢᠭ᠎ᠠ ᠦᠵᠡᠭᠳᠡᠯ ᠲᠦᠢᠯ ᠤᠨ ᠭᠦᠨᠳᠤ ᠨᠤᠴᠢᠳᠠᠢ ᠤᠷᠤᠰᠢᠵᠤ ᠪᠠᠶᠢᠨ᠎ᠠ᠃ ᠲᠤᠰᠬᠠᠢ ᠮᠠᠷᠭᠡᠵᠢᠯ ᠤᠨ | ᠨᠠᠷᠠ ᠨᠢ ᠠᠳᠠᠯᠢ ᠪᠠᠷ ᠪᠠᠷᠠᠬᠤ ᠦᠭᠡᠢ ᠲᠤᠰᠬᠠᠢ ᠮᠠᠷᠭᠡᠵᠢᠯ ᠤᠨ ᠬᠢᠴᠢᠶᠡᠯ ᠤᠨ ᠰᠢᠰᠲ᠋ᠧᠮ ᠨᠢ ᠴᠦ ᠠᠳᠠᠯᠢ ᠪᠠᠶᠢᠵᠤ | ᠵᠢᠭᠠᠬᠤ ᠠᠭᠤᠯᠭ᠎ᠠ ᠨᠢ ᠴᠦ ᠶᠡᠭᠡ ᠭᠡᠮᠵᠢᠶ᠎ᠡ ᠪᠠᠷ ᠲᠠᠪᠬᠤᠴᠠᠵᠤ ᠪᠠᠶᠢᠨ᠎ᠠ᠃ | ᠠᠳᠠᠯᠢ ᠪᠤᠰᠤ ᠲᠠᠪᠬᠤᠷᠭᠠᠨ ᠤ ᠲᠡᠭᠡᠳᠤ ᠰᠤᠷᠭᠠᠭᠤᠯᠢ ᠨᠤᠭᠤᠳ ᠴᠢᠳᠠᠪᠤᠷᠢᠳᠠᠨ ᠢ ᠭᠦᠮᠦᠵᠢᠭᠦᠯᠭᠦ ᠲᠠᠯ᠎ᠠ ᠪᠠᠷ | ᠴᠦ ᠵᠠᠪᠠᠯ ᠠᠳᠠᠯᠢ ᠪᠤᠰᠤ ᠲᠤᠭᠳᠠᠴᠠ ᠲᠠᠢ ᠪᠠᠶᠢᠪᠠᠯ ᠵᠤᠬᠢᠨ᠎ᠠ᠃ ᠪᠢ ᠭᠦᠢ ᠶᠤᠸᠠᠨ ᠠᠵᠢᠯ ᠮᠠᠷᠭᠡᠵᠢᠯ ᠤᠨ ᠲᠠᠬᠡᠳᠤ | ᠰᠤᠷᠭᠠᠭᠤᠯᠢ ᠰᠤᠷᠭᠠᠭᠤᠯᠢ ᠡᠷᠬᠢᠯᠡᠭᠦ ᠳᠤ ᠪᠠᠨ ᠠᠵᠤ ᠠᠬᠤᠢ ᠶᠢᠨ ᠶᠡᠭᠡ ᠤᠷᠤᠰᠬᠠᠯ ᠳᠤ ᠬᠢ ᠬᠤᠸᠠᠩ ᠫᠦ᠋ | ᠴᠡᠷᠢᠭ ᠤᠨ ᠰᠤᠷᠭᠠᠭᠤᠯᠢ ᠪᠠᠷ ᠵᠢᠱᠢᠶ᠎ᠠ ᠪᠤᠯᠭᠠᠵᠤ ︽ᠴᠡᠷᠢᠭ︾ ᠭᠦᠮᠦᠵᠢᠭᠦᠯᠭᠦ ᠦᠭᠡᠢ ᠬᠠᠷᠢᠨ ᠦᠨᠳᠤᠰᠤᠨ | ᠱᠠᠳᠤᠨ ᠤ ᠡᠮᠦᠨ᠎ᠠ ᠹᠷᠤᠨᠲ ᠲᠤ ᠬᠢ ᠬᠠᠮᠢᠶᠠᠷᠤᠯᠳᠠ ᠶᠢᠨ ᠺᠠᠳ᠋ᠷ ᠪᠠ ᠮᠡᠷᠭᠡᠵᠢᠯ ᠤᠨ ᠭᠤᠤᠯᠯᠠᠭᠴᠢ ᠭᠦᠴᠦᠨ ᠢ | ᠭᠦᠮᠦᠵᠢᠭᠦᠯᠦᠨ᠎ᠠ ᠭᠡᠵᠦ ᠲᠤᠭᠳᠠᠭᠠᠵᠠᠢ᠃ | ᠪᠦᠭᠦ ᠤᠯᠤᠰ ᠤᠨ ᠭᠡᠪᠴᠢᠶᠡᠨ ᠳᠤ ᠡᠨᠡ ᠰᠤᠷᠭᠠᠭᠤᠯᠢ ᠪᠤᠯ ᠲᠤᠭᠳᠠᠴᠠ ᠪᠠᠨ ᠵᠤᠷᠢᠭᠳᠠᠢ ᠲᠤᠭᠳᠠᠭᠠᠭᠰᠠᠨ | ᠠᠩᠬᠠᠨ ᠤ ᠰᠤᠷᠭᠠᠭᠤᠯᠢ ᠪᠤᠯᠤᠨ᠎ᠠ᠃ ︽ᠲᠦᠮᠠᠨ ᠰᠤᠷᠭᠠᠭᠤᠯᠢ ᠶᠢᠨ ᠲᠦᠷᠰᠦ ᠨᠢ ᠨᠢᠭᠡ᠂ ᠮᠢᠩᠭᠠᠨ ᠰᠤᠷᠭᠠᠭᠤᠯᠢ ᠶᠢᠨ | ᠮᠠᠶ᠋ᠢᠬ ᠨᠢ ᠨᠢᠭᠡ ᠪᠤᠯᠬᠤ︾ ᠪᠠ ᠴᠢᠳᠠᠪᠤᠷᠢᠳᠠᠨ ᠤ ᠭᠠᠷᠭᠠᠯᠳᠠ ᠨᠢ ᠠᠵᠤ ᠠᠬᠤᠢᠢᠯᠠᠯ ᠤᠨ ᠪᠤᠳᠠᠳᠤ ᠱᠠᠭᠠᠷᠳᠠᠯᠭ᠎ᠠ ᠠᠴᠠ | ᠰᠠᠯᠤᠩᠬᠢᠷᠠᠬᠤ ᠵᠡᠷᠭᠡ ᠠᠰᠠᠭᠤᠳᠠᠯ ᠢ ᠰᠢᠢᠳᠪᠤᠷᠢᠯᠡᠭᠦ ᠶᠢᠨ ᠲᠦᠯᠦᠭᠡ ᠯᠢᠤ ᠬᠤᠢ ᠵᠢᠶᠠᠨ ᠬᠢᠴᠢᠶᠡᠯ ᠭᠦᠮᠦᠵᠢᠯ ᠤᠨ | ᠦᠭᠡᠷᠡᠴᠢᠯᠠᠯᠳᠠ ᠶᠢ ᠵᠤᠷᠢᠭᠳᠠᠢ ᠬᠢᠵᠤ ᠰᠤᠷᠭᠠᠭᠤᠯᠢ ᠶᠢᠨ ᠬᠤᠶᠠᠷ ᠵᠢᠯ ᠬᠠᠭᠠᠰ ᠤᠨ ᠬᠢᠴᠢᠶᠡᠯ ᠪᠠ ᠪᠤᠳᠠᠳᠤ | ᠤᠷᠤᠯᠳᠤᠯᠭ᠎ᠠ ᠶᠢ ᠨᠢᠭᠡ ᠵᠢᠯ ᠬᠠᠭᠠᠰ ᠪᠤᠯᠭᠠᠵᠤ ᠬᠠᠮᠤᠭ ᠤᠨ ᠤᠬᠢ ᠰᠢᠯᠢᠳᠡᠭ ᠵᠦᠢᠯ ᠢ ᠨᠢ ᠦᠯᠠᠳᠠᠭᠡᠵᠡᠢ᠃ | ᠦᠭᠡᠷᠡᠴᠢᠯᠠᠯᠳᠠ ᠶᠢᠨ ᠲᠤᠮᠳᠠ ᠲᠠᠳᠠ ᠶᠡᠭᠡ ᠭᠡᠮᠵᠢᠶᠡᠨ ᠤ ᠬᠢᠴᠢᠶᠡᠯ ᠤᠨ ᠠᠭᠤᠯᠭ᠎ᠠ ᠨᠢ ᠰᠤᠷᠤᠭᠴᠢ ᠶᠢᠨ | ᠢᠷᠡᠭᠡᠳᠤᠢ ᠶᠢᠨ ᠲᠤᠰᠬᠠᠢ ᠮᠠᠷᠭᠡᠵᠢᠯ ᠳᠤ ᠨᠢ ᠶᠠᠮᠠᠷ ᠴᠦ ᠭᠡᠷᠡᠭ ᠦᠭᠡᠢ ᠵᠦᠢᠯ ᠪᠤᠯᠬᠤ ᠶᠢ ᠮᠠᠳᠡᠭᠡᠳ ᠯᠢᠤ ᠬᠤᠢ | ᠵᠢᠶᠠᠨ ᠰᠤᠷᠤᠭᠴᠢ ᠶᠢᠨ ᠭᠤᠷᠪᠠᠨ ᠵᠢᠯ ᠰᠤᠷᠬᠤ ᠪᠤᠢ ᠪᠦᠭᠦᠢ ᠬᠢᠴᠢᠶᠡᠯ ᠪᠠ ᠠᠵᠢᠯᠯᠠᠭ᠎ᠠ ᠶᠢ ᠭᠤᠤᠯᠯᠠᠭᠴᠢ | ᠴᠢᠳᠠᠪᠤᠷᠢᠳᠠᠨ ᠢ ᠱᠠᠭᠠᠷᠳᠠᠬᠤ ᠭᠡᠪ ᠴᠢᠨᠠᠷ ᠤᠨ ᠮᠠᠳᠠᠯᠭᠡ ᠪᠠ ᠴᠢᠳᠠᠪᠤᠷᠢ ᠳᠡᠭᠡᠷ᠎ᠡ ᠲᠦᠪᠯᠠᠷᠠᠭᠦᠯᠵᠠᠢ᠃ ᠠᠵᠢᠯ | ᠮᠠᠷᠭᠡᠵᠢᠯ ᠤᠨ ᠰᠤᠷᠭᠠᠭᠤᠯᠢ ᠶᠢᠨ ᠶᠠᠭᠤᠨ ᠤ ᠡᠮᠦᠨ᠎ᠠ ᠬᠢᠭᠦ ᠵᠦᠢᠯ ᠪᠤᠯ ᠬᠢᠴᠢᠶᠡᠯ ᠭᠦᠮᠦᠵᠢᠯ ᠤᠨ ᠦᠷᠳᠡᠭ ᠢ | ᠲᠡᠭᠡᠭᠰᠢᠯᠡᠭᠦᠯᠵᠦ᠂ ᠲᠤᠰᠬᠠᠢ ᠮᠠᠷᠭᠡᠵᠢᠯ ᠤᠨ ᠪᠠᠶᠢᠷᠢᠯᠠᠭᠤᠯᠤᠯᠳᠠ᠂ ᠬᠢᠴᠢᠶᠡᠯ ᠭᠦᠮᠦᠵᠢᠯ ᠤᠨ ᠢᠵᠢ ᠪᠦᠷᠢᠳᠤᠭᠦᠯᠭᠦ | ᠲᠠᠯ᠎ᠠ ᠬᠢᠭᠡᠳ ᠦᠢᠯᠠᠳᠤᠯᠭᠡ ᠶᠢ ᠭᠦᠨᠵᠡᠭᠡᠢ ᠤᠶᠠᠯᠳᠤᠭᠤᠯᠬᠤ ᠶᠠᠪᠤᠳᠠᠯ ᠪᠤᠯᠤᠨ᠎ᠠ᠃ | ᠪᠢ ᠭᠦᠢ ᠶᠤᠸᠠᠨ ᠰᠤᠷᠭᠠᠭᠤᠯᠢ ᠭᠤᠷᠪᠠᠨ ᠱᠠᠳᠤ ᠪᠠᠷ ᠵᠤᠬᠢᠶᠠᠨ ᠪᠠᠶᠢᠭᠤᠯᠤᠨ ᠭᠦᠮᠦᠵᠢᠭᠦᠯᠭᠦ ᠭᠡᠯᠪᠠᠷᠢ ᠶᠢ | ᠭᠡᠷᠡᠭᠵᠢᠭᠦᠯᠵᠠᠢ᠃ ᠨᠢᠭᠡᠳᠤᠭᠡᠷ ᠵᠢᠯ ᠳᠤ ᠲᠤᠰᠬᠠᠢ ᠮᠠᠷᠭᠡᠵᠢᠯ ᠤᠨ ᠤᠨᠤᠯ ᠬᠢᠭᠡᠳ ᠮᠠᠳᠠᠯᠭᠡ ᠶᠢ ᠰᠤᠷᠤᠯᠴᠠᠨ᠎ᠠ᠃ | ᠬᠤᠶᠠᠳᠤᠭᠠᠷ ᠵᠢᠯ ᠳᠤ ᠭᠤᠤᠯᠳᠠᠭᠤ ᠦᠢᠯᠠᠳᠤᠯᠭᠡ ᠶᠢᠨ ᠴᠢᠳᠠᠪᠤᠷᠢ ᠶᠢᠨ ᠭᠦᠮᠦᠵᠢᠯ ᠬᠢᠵᠤ᠂ ᠭᠤᠷᠪᠠᠳᠤᠭᠠᠷ ᠵᠢᠯ ᠳᠤ | ᠠᠵᠤ ᠠᠬᠤᠢᠢᠯᠠᠯ ᠤᠨ ᠦᠢᠯᠠᠳᠤᠯᠭᠡ ᠶᠢᠨ ᠰᠤᠷᠤᠯᠴᠠᠯᠭ᠎ᠠ ᠳᠤ ᠪᠠᠨ ᠪᠠᠯᠡᠳᠭᠡᠯ ᠬᠢᠨ᠎ᠠ᠃ ᠲᠦᠰᠦᠪ ᠤᠨ ᠲᠤᠮᠳᠠ ᠪᠠᠨ | ᠤᠨᠤᠯ ᠬᠢᠭᠡᠳ ᠦᠢᠯᠠᠳᠤᠯᠭᠡ ᠶᠢ ᠭᠦᠢᠴᠡᠳ ᠤᠶᠠᠯᠳᠤᠭᠤᠯᠵᠤ᠂ ᠲᠡᠭᠦᠰᠦᠭᠰᠡᠨ ᠤ ᠲᠠᠷᠠᠭᠠᠬᠢ ᠠᠵᠢᠯ ᠲᠠᠢ ᠪᠠᠨ | ᠠᠪᠴᠠᠯᠳᠤᠭᠤᠯᠵᠤ᠂ ᠲᠡᠭᠦᠰᠦᠮᠡᠭᠴᠡ ᠳᠠᠷᠤᠢ ᠠᠵᠢᠯ ᠤᠯᠬᠤ ᠶᠢ ᠪᠠᠶᠠᠯᠠᠭᠦᠯᠵᠠᠢ᠃ | ᠬᠤᠶᠠᠷ᠂ ᠦᠢᠯᠠᠳᠪᠤᠷᠢᠯᠠᠯ ᠵᠢᠭᠠᠨ ᠰᠤᠷᠭᠠᠯᠳᠠ ᠶᠢ ᠠᠭᠤᠰᠤᠯᠴᠠᠭᠤᠯᠬᠤ ᠨᠢ ᠬᠤᠭᠤᠰᠤᠨ ᠦᠭᠡ ᠪᠢᠰᠢ ᠶᠤᠮ | ᠠᠵᠢᠯ ᠮᠠᠷᠭᠡᠵᠢᠯ ᠤᠨ ᠰᠤᠷᠭᠠᠨ ᠭᠦᠮᠦᠵᠢᠯ ᠢ ᠲᠤᠷᠠᠳᠬᠤ ᠳᠤ ᠭᠧᠷᠮᠨᠨ ᠤᠯᠤᠰ ᠢ ᠲᠤᠷᠠᠳᠬᠤ ᠦᠭᠡᠢ | ᠪᠠᠶᠢᠬᠤ ᠶᠢᠨ ᠠᠷᠭ᠎ᠠ ᠦᠭᠡᠢ ᠶᠤᠮ᠃ ᠭᠧᠷᠮᠠᠨ ᠤ ᠬᠤᠤᠰ ᠡᠰᠢᠳᠤ ᠠᠵᠢᠯ ᠮᠠᠷᠭᠡᠵᠢᠯ ᠤᠨ ᠰᠤᠷᠭᠠᠨ ᠭᠦᠮᠦᠵᠢᠯ ᠪᠤᠯ | ᠤᠳᠤ ᠦᠶ᠎ᠠ ᠶᠢᠨ ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ ︽ᠪᠡᠯᠭᠡ ᠲᠠᠮᠳᠡᠭ︾ ᠪᠠ ︽ᠱᠤᠰᠢᠭ᠎ᠠ︾ | ᠪᠤᠯᠤᠨ᠎ᠠ᠃ ᠲᠠᠷᠠ ᠪᠤᠯ ᠠᠵᠤ ᠠᠬᠤᠢᠢᠯᠠᠯ ᠤᠨ ᠪᠤᠯᠪᠠᠰᠤᠷᠠᠯ ᠪᠠ ᠦᠢᠯᠠᠳᠤᠯᠭᠡ ᠪᠠᠷ ᠭᠤᠤᠯ ᠪᠤᠯᠭᠠᠭᠰᠠᠨ ᠰᠤᠷᠭᠠᠨ | ᠭᠦᠮᠦᠵᠢᠭᠦᠯᠭᠦ ᠭᠡᠯᠪᠠᠷᠢ ᠶᠤᠮ᠃ ᠭᠧᠷᠮᠠᠨ ᠤ ᠤᠤᠯ ᠤᠨ ᠶᠡᠷᠦᠩᠭᠡᠶᠢᠯᠡᠭᠴᠢ ᠡᠾᠧᠽᠦ᠋ᠲ ︽ᠠᠵᠤ ᠠᠬᠤᠢ ᠶᠢᠨ | ᠦᠷᠢᠰᠤᠯᠳᠤᠭᠡᠨ ᠢ ᠪᠠᠳᠤᠯᠠᠬᠤ ᠶᠢᠨ ᠲᠦᠯᠦᠭᠡ ᠭᠧᠷᠮᠠᠨ ᠤ ᠱᠠᠭᠠᠷᠳᠠᠵᠤ ᠪᠠᠶᠢᠭ᠎ᠠ ᠨᠢ ᠨᠡᠩ ᠤᠯᠠᠨ ᠳ᠋ᠤᠺᠲ᠋ᠤᠷ ᠪᠢᠰᠢ | ᠬᠠᠷᠢᠨ ᠨᠡᠩ ᠤᠯᠠᠨ ᠲᠧᠭᠨᠢᠭᠴᠢ ᠪᠤᠯᠤᠨ᠎ᠠ︾ ᠭᠡᠵᠦ ᠭᠡᠯᠡᠵᠦ ᠦᠡᠭᠭᠡᠷᠡᠭᠰᠡᠨ ᠶᠤᠮ᠃ | ᠬᠤᠤᠰ ᠡᠰᠢᠳᠤ ᠠᠵᠢᠯ ᠮᠠᠷᠭᠡᠵᠢᠯ ᠤᠨ ᠰᠤᠷᠭᠠᠨ ᠭᠦᠮᠦᠵᠢᠯ ᠤᠨ ᠲᠦᠷᠪᠡᠨ ᠤ ᠭᠤᠷᠪᠠ ᠶᠢ ᠨᠢ ᠠᠵᠤ | ᠠᠬᠤᠢᠢᠯᠠᠯ ᠪᠡᠶᠡᠯᠡᠭᠦᠯᠳᠡᠭ᠃ ᠭᠧᠷᠮᠠᠨ ᠭᠦᠮᠦᠰ ᠤᠨ ᠨᠢᠳᠤᠨ ᠳᠤ ᠬᠤᠤᠰ ᠡᠰᠢᠳᠤ ᠠᠵᠢᠯ ᠮᠠᠷᠭᠡᠵᠢᠯ ᠤᠨ ᠰᠤᠷᠭᠠᠨ | ᠭᠦᠮᠦᠵᠢᠯ ᠨᠢ ᠭᠡᠪ ᠴᠢᠨᠠᠷ ᠢᠶᠠᠷ ᠲᠤᠤᠷ᠎ᠠ ᠰᠤᠷᠤᠭᠴᠢ ᠶᠢ ᠠᠪᠤᠷᠠᠬᠤ ᠨᠢᠭᠡ ᠵᠦᠢᠯ ᠤᠨ ᠭᠡᠯᠪᠠᠷᠢ ᠪᠢᠰᠢ ᠬᠠᠷᠢᠨ | ᠭᠧᠷᠮᠠᠨ ᠤ ᠦᠢᠯᠠᠳᠪᠤᠷᠢᠯᠠᠯ ᠢ ᠲᠤᠯᠭᠠᠭᠤᠷᠢᠯᠠᠬᠤ ︽ᠠᠵᠤ ᠦᠢᠯᠠᠳᠪᠤᠷᠢᠯᠡᠯ ᠤᠨ ᠲᠧᠭᠨᠢᠭᠴᠢ︾ ᠶᠢ ᠭᠦᠮᠦᠵᠢᠭᠦᠯᠭᠦ | ᠶᠠᠪᠤᠳᠠᠯ ᠪᠤᠯᠤᠨ᠎ᠠ᠃ ᠭᠡᠳᠤᠨ ᠵᠢᠯ ᠤᠨ ᠡᠮᠦᠨ᠎ᠠ ᠯᠢᠤ ᠬᠤᠢ ᠵᠢᠶᠠᠨ ᠭᠧᠷᠮᠠᠨ ᠤ ᠠᠵᠢᠯ ᠮᠠᠷᠭᠡᠵᠢᠯ ᠤᠨ ᠰᠤᠷᠭᠠᠨ | ᠭᠦᠮᠦᠵᠢᠯ ᠢ ᠪᠠᠶᠢᠴᠠᠭᠠᠬᠤ ᠦᠶ᠎ᠠ ᠳᠤ ᠡᠷᠳᠠᠮ ᠰᠢᠨᠵᠢᠯᠡᠭᠡᠨ ᠤ ᠭᠡᠯᠪᠠᠷᠢᠳᠤ ᠲᠡᠭᠡᠳᠤ ᠲᠤᠮᠳᠠᠳᠤ ᠴᠦ ᠲᠠᠷᠠ ᠡᠰᠡᠭᠦᠯ᠎ᠡ | ᠠᠵᠢᠯ ᠤᠨ ᠰᠤᠷᠭᠠᠨ ᠭᠦᠮᠦᠵᠢᠯ ᠤᠨ ᠭᠡᠯᠪᠠᠷᠢᠳᠤ ᠮᠠᠷᠭᠡᠵᠢᠯ ᠤᠨ ᠰᠤᠷᠭᠠᠭᠤᠯᠢ ᠴᠦ ᠲᠠᠷᠠ ᠪᠦᠷ ᠠᠳᠠᠯᠢ ᠪᠤᠰᠤ | ᠲᠠᠪᠬᠤᠷᠭᠠᠨ ᠤ ᠭᠦᠮᠤᠰ ᠤᠨ ᠰᠤᠷᠭᠠᠨ ᠭᠦᠮᠦᠵᠢᠯ ᠳᠠᠬᠢ ᠰᠤᠩᠭᠤᠯᠳᠠ ᠶᠢ ᠬᠢᠯᠭᠡᠭᠦ ᠶᠢᠨ ᠬᠠᠮᠳᠤ ᠭᠧᠷᠮᠠᠨ ᠤ ᠠᠵᠤ | ᠠᠬᠤᠢᠢᠯᠠᠯ ᠤᠨ ᠵᠠᠬ᠎ᠠ ᠵᠠᠭᠡᠯᠢ ᠳᠠᠬᠢ ᠬᠤᠷᠴᠠ ᠰᠢᠷᠦᠭᠦᠨ ᠦᠷᠢᠰᠤᠯᠳᠤᠭᠡᠨ ᠤ ᠱᠠᠭᠠᠷᠳᠠᠯᠭ᠎ᠠ ᠶᠢ ᠬᠠᠨᠭ᠍ᠭᠠᠭᠰᠠᠨ | ᠪᠠᠶᠢᠳᠠᠬ ᠢ ᠮᠠᠳᠠᠵᠠᠢ᠃ | ᠲᠤᠮᠳᠠᠳᠤ ᠤᠯᠤᠰ ᠲᠤ ᠠᠪᠴᠤ ᠦᠵᠡᠭᠰᠡᠨ ᠴᠦ ᠠᠳᠠᠯᠢᠬᠠᠨ ᠶᠤᠮ᠃ ᠠᠳᠠᠯᠢ ᠪᠤᠰᠤ ᠲᠦᠷᠦᠯ ᠤᠨ | ᠴᠢᠳᠠᠪᠤᠷᠢᠳᠠᠨ ᠬᠠᠷᠢᠯᠴᠠᠨ ᠨᠦᠭᠦᠪᠤᠷᠢᠯᠠᠵᠤ ᠠᠯᠢ ᠨᠢ ᠴᠦ ᠲᠤᠳᠠᠭᠳᠠᠵᠤ ᠪᠤᠯᠬᠤ ᠦᠭᠡᠢ ᠶᠤᠮ᠃ ᠠᠵᠢᠯ | ᠮᠡᠷᠭᠡᠵᠢᠯ ᠤᠨ ᠰᠤᠷᠭᠠᠨ ᠭᠦᠮᠦᠵᠢᠯ ᠤᠨ ᠭᠦᠭᠵᠢᠯᠳᠠ ᠶᠢᠨ ᠭᠡᠪᠴᠢᠶ᠎ᠠ ᠠᠴᠠ ᠦᠵᠠᠪᠠᠯ ᠤᠳᠤᠬᠠᠨ ᠳᠤ ᠳᠡᠭᠡᠳᠤ | ᠵᠡᠷᠭᠡ ᠶᠢᠨ ᠠᠵᠢᠯ ᠮᠠᠷᠭᠡᠵᠢᠯ ᠤᠨ ᠰᠤᠷᠭᠠᠨ ᠭᠦᠮᠦᠵᠢᠯ ᠨᠢᠭᠡᠨᠳᠠ ᠲᠡᠭᠡᠳᠤ ᠵᠡᠷᠭᠡ ᠶᠢᠨ ᠰᠤᠷᠭᠠᠨ ᠭᠦᠮᠦᠵᠢᠯ ᠤᠨ | ᠬᠠᠭᠠᠰ ᠪᠠᠶᠢᠷᠢ ᠶᠢ ᠡᠵᠡᠯᠡᠵᠡᠢ᠃ ᠠᠵᠢᠯ ᠮᠠᠷᠭᠡᠵᠢᠯ ᠤᠨ ᠰᠤᠷᠭᠠᠨ ᠭᠦᠮᠦᠵᠢᠯ ᠨᠢ ᠤᠳᠤ ᠦᠶ᠎ᠠ ᠶᠢᠨ ᠤᠯᠤᠰ | ᠠᠷᠠᠳ ᠤᠨ ᠰᠤᠷᠭᠠᠨ ᠭᠦᠮᠦᠵᠢᠯ ᠤᠨ ᠰᠢᠰᠲ᠋ᠧᠮ ᠤᠨ ᠴᠢᠬᠤᠯᠠ ᠪᠦᠷᠢᠯᠳᠤᠭᠦᠨ ᠭᠡᠰᠡᠭ ᠪᠤᠯᠤᠭᠰᠠᠨ ᠤ ᠬᠤᠪᠢ ᠳᠤ | ᠰᠢᠨᠵᠢᠯᠠᠭᠦ ᠤᠬᠠᠭᠠᠨ ᠰᠤᠷᠭᠠᠨ ᠭᠦᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠭᠡᠷᠡᠭᠵᠢᠭᠦᠯᠭᠦ ᠳᠤ ᠤᠨᠴᠠᠭᠠᠢ ᠪᠠᠶᠢᠷᠢ ᠰᠠᠭᠤᠷᠢ ᠲᠠᠢ ᠶᠤᠮ᠃ | ᠭᠡᠷᠡᠭ ᠳᠡᠭᠡᠷ᠎ᠠ ᠪᠠᠨ ᠲᠤᠮᠳᠠᠳᠤ ᠤᠯᠤᠰ ᠬᠤᠷᠢ ᠭᠠᠷᠤᠢ ᠵᠢᠯ ᠤᠨ ᠡᠮᠦᠨ᠎ᠠ ᠦᠢᠯᠠᠳᠪᠤᠷᠢᠯᠡᠯ ᠬᠢᠴᠢᠶᠡᠯ | ᠭᠦᠮᠦᠵᠢᠯ ᠢ ᠠᠭᠤᠰᠤᠯᠴᠠᠭᠤᠯᠬᠤ ᠰᠤᠷᠭᠠᠭᠤᠯᠢ ᠡᠷᠬᠢᠯᠡᠭᠦ ᠭᠡᠯᠪᠠᠷᠢ ᠶᠢ ᠭᠡᠷᠡᠭᠵᠢᠭᠦᠯᠵᠦ ᠭᠧᠷᠮᠠᠨ ᠤ ᠠᠵᠢᠯ | ᠮᠠᠷᠭᠡᠵᠢᠯ ᠤᠨ ᠰᠤᠷᠭᠠᠨ ᠭᠦᠮᠦᠵᠢᠯ ᠤᠨ ᠰᠢᠰᠲ᠋ᠧᠮ ᠢ ᠰᠤᠷᠤᠯᠴᠠᠭᠰᠠᠨ ᠪᠤᠯᠪᠠᠴᠤ ᠠᠮᠵᠢᠯᠳᠠ ᠤᠯᠵᠤ ᠴᠢᠳᠠᠭ᠎ᠠ ᠦᠭᠡᠢ᠃ | ᠠᠵᠤ ᠠᠬᠤᠢᠢᠯᠠᠯ ᠨᠢ ᠬᠠᠮᠵᠢᠯᠴᠠᠬᠤ ᠰᠤᠷᠭᠠᠭᠤᠯᠢ ᠠᠴᠠ ᠡᠯᠪᠡᠭ ᠪᠠᠶᠠᠯᠢᠬ ᠭᠦᠳᠠᠯᠮᠤᠷᠢ ᠶᠢᠨ ᠡᠬᠢ ᠪᠠᠶᠠᠯᠢᠬ ᠢ | ᠤᠯᠬᠤ ᠭᠦᠰᠠᠯ ᠲᠠᠢ ᠪᠠᠶᠢᠭᠰᠠᠨ ᠴᠦ ᠰᠤᠷᠤᠭᠴᠢ ᠶᠢᠨ ᠲᠤᠷᠰᠢᠯᠭ᠎ᠠ ᠨᠢ ᠬᠢᠵᠠᠭᠠᠷᠳᠠᠢ ᠪᠠᠶᠢᠵᠤ ᠠᠵᠤ ᠠᠬᠤᠢᠢᠯᠠᠯ ᠳᠤ | ᠬᠠᠨᠭ᠍ᠭᠠᠬᠤ ᠮᠠᠷᠭᠡᠵᠢᠯ ᠤᠨ ᠲᠡᠮᠵᠢᠯᠭᠡ ᠨᠢ ᠴᠦ ᠬᠢᠵᠠᠭᠠᠷᠳᠠᠢ ᠪᠠᠶᠢᠵᠠᠢ᠃ ᠡᠭᠦᠨ ᠤ ᠬᠠᠮᠳᠤ ᠰᠤᠷᠭᠠᠭᠤᠯᠢ ᠨᠢ ᠪᠠᠰᠠ | ᠠᠵᠤ ᠠᠬᠤᠢᠢᠯᠠᠯ ᠤᠨ ᠨᠡᠩ ᠶᠡᠭᠡ ᠪᠠᠯᠠ ᠤᠷᠤᠭᠤᠯᠬᠤ ᠪᠠ ᠬᠤᠯᠪᠤᠭᠳᠠᠯ ᠪᠦᠭᠦᠢ ᠲᠤᠰᠬᠠᠢ ᠮᠠᠷᠭᠡᠵᠢᠯ ᠤᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠵᠤ ᠠᠵᠤ ᠠᠬᠤᠢᠢᠯᠠᠯ ᠠᠴᠠ ᠨᠡᠩ ᠶᠡᠭᠡ ᠡᠬᠢ ᠪᠠᠶᠠᠯᠢᠬ ᠤᠯᠬᠤ ᠶᠢ ᠭᠦᠰᠡᠭᠰᠡᠨ | ᠪᠤᠯᠪᠠᠴᠤ ᠠᠵᠤ ᠠᠬᠤᠢᠢᠯᠠᠯ ᠳᠤ ᠠᠪᠴᠤ ᠭᠡᠯᠡᠪᠡᠯ ᠵᠤᠬᠢᠴᠠᠭᠤᠯᠬᠤ ᠦᠷᠳᠡᠭ ᠨᠢ ᠴᠦ ᠲᠤᠩ ᠦᠨᠳᠤᠷ ᠪᠤᠯᠵᠠᠢ᠃ | ᠡᠨᠡ ᠪᠤᠯ ᠬᠤᠶᠠᠷ ᠲᠠᠯ᠎ᠠ ᠶᠢᠨ ᠵᠦᠷᠢᠴᠡᠯ ᠪᠤᠯᠤᠨ᠎ᠠ᠃ ᠭᠡᠳᠦ᠋ᠢᠪᠠᠷ ᠲᠡᠭᠡᠳᠤ ᠵᠡᠷᠭᠡ ᠶᠢᠨ ᠠᠵᠢᠯ ᠮᠠᠷᠭᠡᠵᠢᠯ ᠤᠨ | ᠰᠤᠷᠭᠠᠭᠤᠯᠢ ᠨᠤᠭᠤᠳ ᠪᠦᠷ ᠰᠤᠷᠭᠠᠭᠤᠯᠢ ᠬᠢᠭᠡᠳ ᠠᠵᠤ ᠠᠬᠤᠢᠢᠯᠠᠯ ᠤᠨ ᠬᠠᠮᠳᠤᠷᠠᠯᠴᠠᠭ᠎ᠠ ᠶᠢ ᠤᠷᠢᠶᠠᠯᠠᠵᠤ ᠪᠠᠶᠢᠭ᠎ᠠ | ᠪᠤᠯᠪᠠᠴᠤ ᠦᠢᠯᠠᠳᠤᠯᠭᠡ ᠶᠢᠨ ᠭᠤᠤᠯ ᠲᠤᠭᠯᠠᠭᠴᠢ ᠪᠤᠯᠬᠤ ᠠᠵᠤ ᠠᠬᠤᠢᠢᠯᠠᠯ ᠨᠢ ᠬᠠᠷᠢᠨ ᠡᠨᠡ ᠠᠰᠠᠭᠤᠳᠠᠯ ᠳᠤ | ᠨᠠᠵᠠᠭᠠᠢ ᠤᠪᠤᠷ ᠲᠠᠢ ᠪᠠᠶᠢᠨ᠎ᠠ᠃ | ᠭᠡᠪᠡᠴᠤ ᠭᠤᠸᠠᠩᠳᠦ᠋ᠩ ᠤᠨ ᠪᠢ ᠭᠦᠢ ᠶᠤᠸᠠᠨ ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠶᠢ ᠪᠤᠰᠤᠳ | ᠰᠤᠷᠭᠠᠭᠤᠯᠢ ᠲᠠᠢ ᠬᠠᠷᠢᠴᠠᠭᠤᠯᠪᠠᠯ ᠬᠠᠮᠤᠭ ᠤᠨ ᠶᠡᠭᠡ ᠲᠠᠪᠠᠭᠤᠯᠢᠬ ᠲᠠᠯ᠎ᠠ ᠨᠢ ᠭᠡᠪᠡᠯ ᠪᠢ ᠭᠦᠢ ᠶᠤᠸᠠᠨ | ᠪᠦᠯᠦᠭᠯᠡᠯ ᠤᠨ ᠡᠯ᠎ᠠ ᠺᠤᠮᠫᠠᠨᠢ ᠨᠢ ᠪᠦᠷ ᠪᠢ ᠭᠦᠢ ᠶᠤᠸᠠᠨ ᠪᠦᠯᠦᠭᠯᠡᠯ ᠳᠤ ᠬᠠᠷᠢᠶᠠᠯᠠᠭᠳᠠᠬᠤ ᠪᠤᠯᠬᠤᠷ | ᠦᠢᠯᠠᠳᠪᠤᠷᠢᠯᠡᠯ ᠤᠨ ᠡᠷᠭᠡ ᠶᠢᠨ ᠬᠠᠷᠢᠴᠠᠭ᠎ᠠ ᠨᠢ ᠨᠢᠭᠡᠳᠤᠯᠳᠠᠢ᠂ ᠰᠤᠷᠭᠠᠭᠤᠯᠢ ᠬᠢᠭᠡᠳ ᠺᠤᠮᠫᠠᠨᠢ ᠨᠢ ᠵᠤᠷᠢᠯᠳᠠ | ᠨᠢᠭᠡᠳᠤᠯᠳᠠᠢ ᠬᠠᠮᠳᠤ ᠶᠢᠨ ᠴᠤᠭᠴᠠ ᠪᠤᠯᠤᠭᠰᠠᠨ ᠪᠠᠶᠢᠨ᠎ᠠ᠃ ᠪᠠᠰᠠ ᠨᠢᠭᠡ ᠴᠢᠬᠤᠯᠠ ᠵᠦᠢᠯ ᠭᠡᠪᠡᠯ ᠭᠡᠷᠡᠭ | ᠮᠡᠳᠡᠭᠴᠢ ᠶᠢᠨ ᠳᠠᠷᠤᠭ᠎ᠠ ᠨᠢ ᠪᠦᠭᠦ ᠪᠦᠯᠦᠭᠯᠡᠯ ᠤᠨ ᠡᠬᠢ ᠪᠠᠶᠠᠯᠢᠬ ᠢ ᠡᠵᠡᠮᠰᠢᠵᠤ ᠴᠢᠳᠠᠬᠤ ᠳᠤ ᠤᠷᠤᠰᠢᠨ᠎ᠠ᠃ | ᠴᠢᠩᠭ᠎ᠠ ᠭᠦᠴᠤᠳᠠᠢ ᠡᠷᠭᠡ ᠮᠠᠳᠡᠯ ᠤᠨ ᠲᠤᠭᠳᠠᠯᠴᠠᠭ᠎ᠠ ᠲᠤᠤᠷ᠎ᠠ ᠪᠦᠭᠦ᠋ᠢᠯᠡ ᠪᠦᠯᠦᠭᠯᠡᠯ ᠤᠨ ᠡᠬᠢ ᠪᠠᠶᠠᠯᠢᠬ ᠢ | ᠪᠦᠷ ᠲᠠᠶᠢᠴᠢᠯᠠᠵᠤ ᠴᠢᠳᠠᠭᠰᠠᠨ ᠪᠠᠶᠢᠨ᠎ᠠ᠃ ᠵᠢᠱᠢᠶᠡᠯᠡᠪᠡᠯ᠂ ᠰᠤᠷᠤᠭᠴᠢ ᠨᠢ ᠰᠤᠷᠭᠠᠨ ᠭᠦᠮᠦᠵᠢᠯ ᠤᠨ ᠶᠠᠮᠤᠨ ᠠᠴᠠ | ᠡᠷᠬᠢᠯᠡᠭᠰᠡᠨ ᠪᠦᠭᠦ ᠤᠯᠤᠰ ᠤᠨ ᠠᠵᠢᠯ ᠮᠠᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠳᠤ ᠤᠷᠤᠯᠴᠠᠨ᠎ᠠ᠃ | ᠪᠠᠭᠰᠢ ᠶᠢᠨ ᠭᠦᠴᠦᠨ ᠨᠢ ᠭᠦᠷᠤᠯᠴᠠᠭᠦ ᠦᠭᠡᠢ ᠪᠤᠯ ᠵᠤᠬᠢᠴᠠᠭᠤᠯᠬᠤ ᠪᠠᠷ ᠲᠠᠮᠵᠢᠨ ᠠᠵᠤ ᠠᠬᠤᠢᠢᠯᠠᠯ ᠤᠨ ᠲᠡᠭᠡᠳᠤ | ᠲᠠᠰ ᠤᠨ ᠬᠠᠷᠢᠭᠤᠴᠠᠯᠭᠠᠳᠠᠨ ᠢ ᠵᠢᠯᠤᠭᠤᠳᠬᠤ ᠡᠩᠨᠡᠭᠡ ᠳᠤ ᠤᠷᠤᠯᠴᠠᠭᠤᠯᠤᠨ᠎ᠠ᠃ ᠬᠢᠴᠢᠶᠡᠯ ᠭᠦᠮᠦᠵᠢᠯ | ᠦᠢᠯᠡᠳᠤᠯᠭᠡ ᠶᠢᠨ ᠲᠠᠯ᠎ᠠ ᠪᠠᠷ ᠴᠦ ᠡᠶᠢᠮᠦ ᠪᠠᠶᠢᠳᠠᠬ᠃ ᠶᠡᠭᠡ ᠰᠤᠷᠭᠠᠭᠤᠯᠢ ᠶᠢᠨ ᠭᠤᠷᠪᠠᠳᠤᠭᠠᠷ ᠤᠨ ᠤ ᠱᠠᠳᠤᠨ ᠳᠤ | ᠰᠤᠷᠤᠭᠴᠢᠳ ᠲᠤ ᠲᠤᠰᠬᠠᠢ ᠮᠠᠷᠭᠡᠵᠢᠯ᠂ ᠦᠢᠯᠠᠳᠤᠯᠭᠡ ᠶᠢᠨ ᠪᠠᠭᠰᠢ ᠲᠤᠬᠢᠷᠠᠭᠤᠯᠵᠤ ︽ᠤᠨᠤᠪᠴᠢᠳᠠᠢ ᠠᠵᠢᠯ ᠤᠨ | ᠪᠠᠶᠢᠷᠢ ᠳᠤ ᠭᠠᠷᠭᠠᠵᠤ᠂ ᠤᠨᠤᠪᠴᠢᠳᠠᠢ ᠲᠤᠰᠢᠶᠠᠯ ᠡᠭᠦᠷᠭᠡᠯᠡᠭᠦ︾ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠠᠴᠠ | ᠦᠢᠯᠠᠳᠪᠤᠷᠢᠯᠡᠯ ᠬᠢᠴᠢᠶᠡᠯ ᠭᠦᠮᠦᠵᠢᠯ ᠢ ᠠᠭᠤᠰᠤᠯᠴᠠᠭᠤᠯᠬᠤ ᠶᠢᠨ ᠵᠠᠩᠬᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠠᠶᠢᠨ᠎ᠠ | ᠭᠡᠳᠡᠭ ᠢ ᠮᠠᠳᠠᠵᠤ ᠪᠤᠯᠤᠨ᠎ᠠ᠃ | ᠤᠳᠤᠬᠠᠨ ᠳᠤ ᠲᠤᠮᠳᠠᠳᠤ ᠤᠯᠤᠰ ᠤᠨ ᠦᠢᠯᠡᠳᠭᠦ ᠦᠢᠯᠠᠰ᠂ ᠠᠵᠤ ᠦᠢᠯᠡᠳᠪᠤᠷᠢᠯᠡᠯ ᠤᠨ 4.0 ᠤᠨ ᠴᠠᠬ | ᠦᠶ᠎ᠠ ᠳᠤ ᠰᠢᠯᠵᠢᠵᠤ ᠪᠠᠶᠢᠨ᠎ᠠ᠃ ᠪᠢ ᠭᠦᠢ ᠶᠤᠸᠠᠨ ᠪᠦᠯᠦᠭᠯᠡᠯ ᠴᠦ 2018 ᠤᠨ ᠤ 7 ᠳ᠋ᠤᠭᠠᠷ ᠰᠠᠷ᠎ᠠ ᠳᠤ | ᠵᠢᠩᠬᠢᠨᠢ ᠪᠠᠷ ᠮᠠᠰᠢᠨ ᠭᠦᠮᠦᠨ ᠦᠢᠯᠠᠳᠭᠦ ᠵᠦᠭ ᠰᠢᠯᠵᠢᠭᠰᠡᠨ ᠪᠠᠶᠢᠨ᠎ᠠ᠃ ᠡᠨᠡ ᠵᠢᠯ ᠪᠢ ᠭᠦᠢ ᠶᠤᠸᠠᠨ ᠠᠵᠢᠯ | ᠮᠠᠷᠭᠡᠵᠢᠯ ᠤᠨ ᠲᠡᠭᠡᠳᠤ ᠰᠤᠷᠭᠠᠭᠤᠯᠢ ᠨᠢ ᠤᠯᠤᠰ ᠬᠢᠭᠡᠳ ᠪᠦᠯᠦᠭᠯᠡᠯ ᠤᠨ ᠢᠶᠠᠨ ᠠᠵᠤ ᠠᠬᠤᠢᠢᠯᠠᠯ ᠤᠨ | ᠪᠦᠳᠦᠴᠡ ᠶᠢᠨ ᠲᠠᠭᠡᠭᠰᠢᠯᠠᠯᠳᠠ ᠶᠢᠨ ᠱᠠᠭᠠᠷᠳᠠᠯᠭ᠎ᠠ ᠶᠢ ᠲᠠᠭᠠᠵᠤ ᠤᠳᠤᠬᠠᠨ ᠤ ᠪᠠᠶᠢᠭ᠎ᠠ ᠪᠠᠷᠢᠯᠭ᠎ᠠ᠂ ᠬᠠᠮᠢᠶᠠᠷᠤᠯᠳᠠ᠂ | ᠰᠤᠷᠭᠠᠨ ᠭᠦᠮᠦᠵᠢᠯ ᠵᠡᠷᠭᠡ ᠲᠠᠪᠠᠭᠤᠯᠢᠬ ᠲᠤᠰᠬᠠᠢ ᠮᠠᠷᠭᠡᠵᠢᠯ ᠤᠨ ᠰᠠᠭᠤᠷᠢᠨ ᠳᠡᠭᠡᠷ᠎ᠡ ᠤᠶᠤᠨᠴᠢ ᠡᠵᠡᠮᠰᠢᠯ ᠤᠨ | ᠮᠠᠷᠭᠡᠵᠢᠯ ︵ᠮᠠᠰᠢᠨ ᠭᠦᠮᠦᠨ ᠤ ᠮᠠᠷᠭᠡᠵᠢᠯ ᠭᠡᠷᠡᠭᠯᠠᠯᠳᠠ︶ ᠤᠨ ᠲᠤᠰᠬᠠᠢ ᠮᠠᠷᠭᠡᠵᠢᠯ ᠢ ᠨᠡᠮᠡᠵᠤ ᠭᠠᠷᠭᠠᠵᠠᠢ᠃ ᠡᠨᠡ ᠨᠢ | ᠲᠡᠭᠦᠰᠭᠦ ᠰᠤᠷᠤᠭᠴᠢᠳ ᠲᠤ ᠨᠡᠩ ᠤᠯᠠᠨ ᠰᠤᠩᠭᠤᠯᠳᠠ ᠬᠢᠭᠡᠳ ᠪᠤᠯᠤᠯᠴᠠᠭ᠎ᠠ ᠶᠢ ᠡᠭᠦᠳᠦᠨ ᠦᠭᠭᠦᠭᠰᠡᠨ ᠪᠠᠶᠢᠨ᠎ᠠ᠃ | ᠭᠤᠷᠪᠠ᠂ ᠠᠵᠢᠯ ᠮᠠᠷᠭᠡᠵᠢᠯ ᠤᠨ ᠭᠦᠮᠦᠵᠢᠯ ᠪᠤᠯ ᠮᠦᠨ ᠴᠦ ᠴᠢᠳᠠᠪᠤᠷᠢᠳᠠᠨ ᠪᠤᠯᠬᠤ ᠵᠠᠮ ᠶᠤᠮ | ᠨᠢᠭᠡᠨ ᠠᠵᠤ ᠠᠬᠤᠢᠢᠯᠠᠯ ᠳᠤ ᠠᠪᠴᠤ ᠭᠡᠯᠡᠪᠡᠯ ᠠᠵᠢᠯ ᠮᠠᠷᠭᠡᠵᠢᠯ ᠤᠨ ᠰᠤᠷᠭᠠᠨ ᠭᠦᠮᠦᠵᠢᠯ ᠢ ᠬᠢᠭᠦ ᠨᠢ | ᠲᠦᠢᠯ ᠤᠨ ᠠᠵᠠ ᠲᠠᠢ ᠶᠠᠪᠤᠳᠠᠯ ᠪᠤᠯᠬᠤ ᠶᠤᠮ᠃ ᠲᠠᠷᠠ ᠨᠢ ᠠᠵᠤ ᠠᠬᠤᠢᠢᠯᠠᠯ ᠤᠨ ᠬᠠᠷᠢᠭᠤᠴᠠᠯᠭ᠎ᠠ ᠪᠠ | ᠨᠠᠶᠢᠭᠡᠮ ᠤᠨ ᠦᠷᠳᠡᠭ ᠢ ᠪᠦᠷ ᠠᠭᠤᠰᠬᠠᠨ ᠢᠯᠠᠷᠠᠭᠦᠯᠵᠦ ᠴᠢᠳᠠᠬᠤ ᠶᠤᠮ᠃ ᠭᠤᠸᠠᠩᠳᠦ᠋ᠩ ᠤᠨ ᠪᠢ ᠭᠦᠢ ᠶᠤᠸᠠᠨ | ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠨᠢ ᠶᠠᠳᠠᠭᠤ ᠭᠦᠴᠢᠷᠳᠠᠢ ᠭᠡᠷ ᠪᠦᠯᠢ ᠶᠢᠨ ᠰᠤᠷᠤᠭᠴᠢᠳ ᠢ ᠵᠠᠷᠤᠳᠠᠯ | ᠬᠤᠷᠢᠶᠠᠬᠤ ᠦᠭᠡᠢ ᠪᠠᠷ ᠰᠤᠷᠤᠯᠴᠠᠭᠤᠯᠵᠤ ᠪᠠᠶᠢᠨ᠎ᠠ᠃ ᠰᠤᠷᠭᠠᠨ ᠭᠦᠮᠦᠵᠢᠯ ᠢᠶᠠᠷ ᠶᠠᠳᠠᠭᠤ ᠶᠢ ᠲᠡᠳᠭᠦᠭᠦ ᠪᠤᠯ ᠦᠶ᠎ᠠ | ᠤᠯᠠᠷᠢᠭᠰᠠᠨ ᠶᠠᠳᠠᠭᠤ ᠶᠢ ᠦᠭᠡᠶᠢᠰᠭᠡᠭᠦ ᠴᠢᠬᠤᠯᠠ ᠠᠷᠭ᠎ᠠ ᠵᠠᠮ ᠪᠤᠯᠤᠨ᠎ᠠ᠃ ᠡᠨᠡ ᠨᠢ ᠶᠠᠳᠠᠭᠤ ᠭᠦᠴᠢᠷᠳᠠᠢ | ᠰᠤᠷᠤᠭᠴᠢᠳ ᠤᠨ ᠰᠤᠷᠤᠯᠭ᠎ᠠ ᠪᠠᠨ ᠢᠯᠭᠤᠮ ᠪᠠᠶᠠᠯᠠᠭᠦᠯᠭᠦ ᠶᠢ ᠲᠤᠰᠠᠯᠠᠬᠤ ᠪᠠᠷ ᠪᠠᠷᠠᠬᠤ ᠦᠭᠡᠢ ᠨᠡᠩ ᠴᠢᠬᠤᠯᠠ ᠨᠢ | ᠰᠤᠷᠤᠭᠴᠢᠳ ᠢ ᠦᠨᠳᠤᠷ ᠴᠠᠯᠢᠩ ᠲᠠᠢ ᠠᠵᠢᠯ ᠢ ᠡᠭᠦᠷᠭᠡᠯᠡᠵᠦ ᠴᠢᠳᠠᠬᠤ ᠴᠢᠳᠠᠪᠤᠷᠢᠳᠠᠨ ᠪᠤᠯᠭᠠᠨ ᠭᠦᠮᠦᠵᠢᠭᠦᠯᠭᠦ | ᠪᠤᠯᠤᠨ᠎ᠠ᠃ ᠦᠢᠯᠠᠳᠪᠤᠷᠢᠯᠡᠯ ᠬᠢᠴᠢᠶᠡᠯ ᠭᠦᠮᠦᠵᠢᠯ ᠢ ᠠᠭᠤᠰᠬᠠᠬᠤ ᠪᠠᠷ ᠲᠠᠮᠵᠢᠭᠤᠯᠤᠨ ᠰᠤᠷᠤᠭᠴᠢᠳ ᠲᠤ ᠲᠦᠮᠡᠨ | ᠲᠦᠭᠦᠷᠢᠭ ᠤᠨ ᠰᠠᠷ᠎ᠠ ᠶᠢᠨ ᠴᠠᠯᠢᠩ ᠤᠯᠵᠤ ᠴᠢᠳᠠᠬᠤ ᠠᠵᠢᠯ ᠤᠨ ᠪᠠᠶᠢᠷᠢ ᠶᠢ ᠡᠬᠦᠷᠬᠡᠯᠡᠵᠦ ᠴᠢᠳᠠᠬᠤ ᠭᠡᠪ ᠴᠢᠨᠠᠷ᠂ | ᠮᠠᠷᠭᠡᠵᠢᠯ ᠬᠢᠭᠡᠳ ᠴᠢᠳᠠᠪᠤᠷᠢ ᠶᠢ ᠡᠵᠡᠮᠰᠢᠭᠦᠯᠭᠦ ᠨᠢ ᠰᠠᠶᠢᠨ ᠠᠵᠢᠯ ᠮᠠᠷᠭᠡᠵᠢᠯ ᠤᠨ ᠰᠤᠷᠭᠠᠨ ᠭᠦᠮᠦᠵᠢᠯ ᠭᠦᠷᠳᠡᠭᠰᠡᠨ | ᠭᠦᠮᠦᠨ ᠰᠠᠶᠢᠨ ᠠᠵᠢᠯ ᠢ ᠤᠯᠵᠤ ᠰᠠᠶᠢᠬᠠᠨ ᠠᠮᠢᠳᠤᠷᠠᠯ ᠢ ᠡᠳ᠋ᠯᠡᠵᠦ ᠴᠢᠳᠠᠨ᠎ᠠ ᠭᠡᠳᠡᠭ ᠢ ᠨᠠᠶᠢᠭᠡᠮ ᠳᠤ ᠮᠠᠳᠠᠭᠦᠯᠵᠤ | ᠴᠢᠳᠠᠨ᠎ᠠ᠃ | 2019 ᠤᠨ ᠤ 3 ᠳ᠋ᠤᠭᠠᠷ ᠰᠠᠷ᠎ᠠ ᠶᠢᠨ 5 ᠤ ᠡᠳᠦᠷ ᠯᠢ ᠺᠧ ᠴᠢᠶᠠᠩ ᠶᠡᠷᠦᠩᠭᠡᠢ ᠰᠠᠶᠢᠳ ᠵᠠᠰᠠᠭ ᠤᠨ | ᠤᠷᠳᠤᠨ ᠤ ᠮᠠᠳᠠᠭᠦᠯᠤᠯᠳᠠ ᠳᠤ ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠶᠢᠨ ᠰᠢᠯᠭᠠᠯᠳᠠ ᠬᠢᠵᠤ ᠰᠤᠷᠤᠬᠴᠢ | ᠡᠯᠰᠡᠭᠦ ᠠᠷᠭ᠎ᠠ ᠶᠢ ᠦᠭᠡᠷᠡᠴᠢᠯᠠᠡ ᠰᠠᠶᠢᠵᠢᠷᠠᠭᠤᠯᠵᠤ ᠨᠡᠩ ᠤᠯᠠᠨ ᠲᠡᠭᠡᠳᠤ ᠲᠤᠮᠳᠠᠳᠤ ᠲᠡᠭᠦᠰᠦᠭᠰᠡᠨ ᠰᠤᠷᠤᠭᠴᠢ ᠪᠠ | ᠴᠡᠷᠢᠭ ᠠᠴᠠ ᠬᠠᠯᠠᠭᠳᠠᠭᠰᠠᠳ᠂ ᠠᠵᠢᠯ ᠢᠶᠠᠨ ᠠᠯᠳᠠᠭᠰᠠᠨ ᠠᠵᠢᠯᠳᠠᠨ᠂ ᠲᠠᠷᠢᠶᠠᠴᠢᠨ ᠠᠵᠢᠯᠴᠢᠨ ᠵᠡᠷᠭᠡ ᠭᠦᠮᠦᠰ ᠤᠨ | ᠨᠡᠷ᠎ᠠ ᠮᠠᠳᠠᠭᠦᠯᠦᠨ ᠰᠢᠯᠭᠠᠬᠤ ᠶᠢ ᠵᠤᠷᠢᠬᠵᠢᠭᠤᠯᠵᠤ ᠡᠨᠡ ᠵᠢᠯ 100 ᠲᠦᠮᠠᠨ ᠭᠦᠮᠦᠨ ᠪᠤᠯᠭᠠᠵᠤ᠂ ᠦᠷᠭᠡᠳᠭᠡᠨ | ᠡᠯᠰᠡᠨ᠎ᠠ ᠭᠡᠵᠦ ᠲᠤᠳᠤᠷᠬᠠᠢ ᠲᠤᠷᠠᠳᠴᠠᠢ᠃ ᠡᠨᠡ ᠤᠳᠠᠭᠠᠨ ᠤ ᠵᠠᠰᠠᠭ ᠤᠨ ᠤᠷᠳᠤᠨ ᠤ ᠮᠠᠳᠠᠭᠦᠯᠤᠯᠳᠠ ᠳᠤ ᠪᠠᠰᠠ ︽ | ᠠᠵᠤ ᠠᠬᠤᠢᠢᠯᠠᠯ ᠪᠠ ᠨᠠᠶᠢᠭᠡᠮ ᠤᠨ ᠭᠦᠴᠦᠨ ᠤ ᠠᠵᠢᠯ ᠮᠠᠷᠭᠡᠵᠢᠯ ᠤᠨ ᠰᠤᠷᠭᠠᠨ ᠬᠦᠮᠦᠵᠢᠯ ᠡᠷᠬᠢᠯᠡᠭᠦ ᠶᠢ | ᠵᠤᠷᠢᠬᠵᠢᠭᠤᠯᠤᠨ ᠲᠠᠮᠵᠢᠨ᠎ᠠ︾ ᠭᠡᠵᠦ ᠲᠤᠰᠬᠠᠢᠢᠯᠠᠨ ᠲᠤᠷᠠᠳᠴᠠᠢ᠃ | ᠠᠵᠢᠯ ᠮᠠᠷᠭᠡᠵᠢᠯ ᠤᠨ ᠰᠤᠷᠤᠭᠴᠢ ᠶᠢ ᠶᠡᠭᠡ ᠭᠡᠮᠵᠢᠶ᠎ᠡ ᠪᠠᠷ ᠦᠷᠭᠡᠳᠭᠡᠨ ᠡᠯᠰᠠᠭᠦ ᠪᠤᠯᠤᠭᠰᠠᠨ ᠶᠠᠪᠤᠳᠠᠯ ᠨᠢ | ᠤᠯᠤᠰ ᠠᠴᠠ ᠠᠵᠢᠯ ᠮᠠᠷᠭᠡᠵᠢᠯ ᠤᠨ ᠰᠤᠷᠭᠠᠨ ᠭᠦᠮᠦᠵᠢᠯ ᠢ ᠭᠦᠨᠳᠤᠳᠭᠡᠵᠦ ᠪᠠᠶᠢᠭ᠎ᠠ ᠤᠪᠤᠷ ᠢ ᠬᠠᠷᠠᠭᠤᠯᠵᠤ ᠪᠠᠶᠢᠨ᠎ᠠ᠃ | ᠡᠨᠡ ᠨᠢ ᠤᠳᠤ ᠦᠶ᠎ᠠ ᠶᠢᠨ ᠠᠵᠢᠯ ᠮᠠᠷᠭᠡᠵᠢᠯ ᠤᠨ ᠰᠤᠷᠭᠠᠨ ᠭᠦᠮᠦᠵᠢᠯ ᠢ ᠲᠦᠷᠭᠡᠳᠭᠡᠨ ᠭᠦᠭᠵᠢᠭᠦᠯᠭᠦ ᠵᠤᠷᠢᠭ | ᠰᠠᠨᠠᠭ᠎ᠠ ᠲᠠᠢ ᠨᠠᠶᠢᠴᠠᠵᠤ ᠪᠠᠶᠢᠭ᠎ᠠ ᠮᠦᠷᠳᠡᠭᠡᠨ ᠮᠦᠨ ᠴᠦ ᠮᠠᠨ ᠤ ᠤᠯᠤᠰ ᠤᠨ ᠠᠵᠤ ᠠᠬᠤᠢ ᠶᠢᠨ ᠰᠢᠯᠵᠢᠯᠳᠠ᠂ | ᠠᠵᠤ ᠠᠬᠤᠢᠢᠯᠠᠯ ᠤᠨ ᠲᠡᠭᠡᠭᠰᠢᠯᠠᠯᠳᠠ ᠲᠠᠢ ᠲᠤᠬᠢᠷᠠᠭᠰᠠᠨ ᠲᠡᠭᠡᠳᠤ ᠲᠠᠰ ᠤᠨ ᠴᠢᠳᠠᠪᠤᠷᠢᠳᠠᠨ ᠲᠤᠳᠠᠭᠳᠠᠵᠤ ᠪᠠᠶᠢᠭ᠎ᠠ | ᠪᠠᠶᠢᠳᠠᠯ ᠢ ᠰᠢᠢᠳᠪᠤᠷᠢᠯᠡᠭᠦ ᠪᠠᠶᠢᠯᠳᠤᠬᠤ ᠪᠤᠳᠤᠯᠭ᠎ᠠ ᠶᠢᠨ ᠠᠵᠢᠯᠯᠠᠭ᠎ᠠ ᠮᠦᠨ᠃ ᠮᠦᠨ ᠴᠦ ᠴᠠᠭ ᠦᠶ᠎ᠠ ᠶᠢᠨ | ᠱᠠᠭᠠᠷᠳᠠᠯᠭ᠎ᠠ ᠳᠤ ᠲᠤᠬᠢᠷᠠᠭᠰᠠᠨ ᠠᠵᠢᠯ ᠮᠠᠷᠭᠡᠵᠢᠯ ᠤᠨ ᠴᠢᠳᠠᠪᠤᠷᠢᠳᠠᠨ ᠤ ᠬᠠᠮᠤᠭ ᠤᠨ ᠰᠠᠶᠢᠨ ᠭᠦᠮᠦᠵᠢᠯ ᠭᠦᠷᠳᠠᠭᠦ | ᠠᠵᠠ ᠵᠠᠪᠰᠢᠶᠠᠨ ᠪᠤᠯᠤᠨ᠎ᠠ᠃ | ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠶᠢᠨ ᠦᠷᠭᠡᠨ ᠭᠡᠪᠴᠢᠶ᠎ᠠ ᠪᠠᠷ ᠰᠤᠷᠤᠭᠴᠢ ᠡᠯᠰᠠᠭᠦ ᠲᠤᠮᠳᠠ ᠶᠠᠰᠤ | ᠴᠢᠨᠠᠷ ᠢ ᠬᠡᠷᠬᠢᠨ ᠪᠠᠳᠤᠯᠠᠬᠤ ᠠᠰᠠᠭᠤᠳᠠᠯ ᠳᠤ ᠪᠢ ᠭᠦᠢ ᠶᠤᠸᠠᠨ ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠶᠢᠨ | ᠭᠦᠭᠵᠢᠯᠳᠠ ᠶᠢᠨ ᠵᠠᠮ ᠨᠢ ︽ᠦᠢᠯᠠᠳᠪᠤᠷᠢᠯᠡᠯ᠂ ᠬᠢᠴᠢᠶᠡᠯ ᠭᠦᠮᠦᠵᠢᠯ ᠢ ᠠᠭᠤᠰᠤᠯᠴᠠᠭᠤᠯᠬᠤ︾ ᠦᠭᠡᠷᠡᠴᠢᠯᠠᠯᠳᠠ ᠶᠢᠨ | ᠲᠤᠷᠰᠢᠯᠭ᠎ᠠ ᠶᠢ ᠬᠠᠨᠭ᠍ᠭᠠᠭᠰᠠᠨ ᠪᠠᠶᠢᠨ᠎ᠠ᠃ ᠨᠠᠶᠢᠭᠡᠮ ᠤᠨ ᠦᠷᠳᠡᠭ ᠬᠢᠭᠡᠳ ᠠᠵᠢᠯ ᠮᠠᠷᠭᠡᠵᠢᠯ ᠤᠨ ᠰᠤᠷᠭᠠᠨ | ᠭᠦᠮᠦᠵᠢᠯ ᠤᠨ ᠤᠶᠠᠯᠳᠤᠯ ᠨᠢ ᠡᠷᠭᠡ ᠮᠠᠳᠠᠯ ᠤᠨ ᠠᠵᠢᠯᠯᠠᠭ᠎ᠠ ᠶᠢᠨ ᠲᠤᠭᠳᠠᠯᠴᠠᠭ᠎ᠠ ᠶᠢᠨ ᠡᠭᠦᠳᠤᠯᠳᠠ ᠲᠤᠤᠷ᠎ᠠ ᠰᠠᠶᠢᠨ | ᠰᠠᠶᠢᠬᠠᠨ ᠤᠷᠴᠢᠯ ᠪᠠ ᠬᠠᠮᠳᠤ ᠶᠢᠨ ᠠᠮᠵᠢᠯᠳᠠ ᠳᠤ ᠭᠦᠷᠴᠤ ᠴᠢᠳᠠᠨ᠎ᠠ᠃ ᠡᠨᠡ ᠪᠤᠯ ᠳᠠᠷᠤᠢ ᠴᠠᠭ ᠦᠶ᠎ᠠ ᠶᠢᠨ | ᠱᠠᠭᠠᠷᠳᠠᠬᠤ ᠰᠤᠷᠭᠠᠨ ᠭᠦᠮᠦᠵᠢᠯ ᠪᠤᠯᠤᠨ᠎ᠠ᠃ ᠲᠠᠷᠠ ᠨᠢ ᠭᠦᠮᠦᠰ ᠲᠤ ᠠᠵᠢᠯ ᠮᠠᠷᠭᠡᠵᠢᠯ ᠤᠨ ᠰᠤᠷᠭᠠᠨ ᠭᠦᠮᠦᠵᠢᠯ | ᠴᠦ ᠭᠡᠷᠡᠯ ᠰᠠᠴᠤᠷᠠᠩᠭᠤᠢ ᠢᠷᠡᠭᠡᠳᠤᠢ ᠲᠠᠢ ᠴᠢᠳᠠᠪᠤᠷᠢᠳᠠᠨ ᠪᠤᠯᠬᠤ ᠵᠠᠮ ᠪᠤᠯᠤᠨ᠎ᠠ ᠭᠡᠳᠡᠭ ᠢ ᠲᠠᠨᠢᠭᠤᠯᠬᠤ ᠶᠤᠮ᠃ | | | ︵︽ᠪᠠᠭᠰᠢ ᠶᠢᠨ ᠬᠤᠷᠸ᠎ᠠ︾ ᠰᠡᠳᠭᠦᠯ ᠤᠨ 2019 ᠤᠨ ᠤ 10 ᠳ᠋ᠤᠭᠠᠷ | ᠬᠤᠭᠤᠴᠠᠭ᠎ᠠ ᠠᠴᠠ ᠰᠠᠶᠢᠨᠪᠤᠶᠠᠨ ᠤᠷᠴᠢᠭᠤᠯᠤᠨ ᠪᠠᠭᠤᠯᠭᠠᠪᠠ︶ | 2020 ᠣᠨ ᠤ 8 ᠳ᠋ᠤᠭᠠᠷ ᠬᠤᠭᠤᠴᠠᠭ᠎ᠠ | | |