ᠰᠤᠷᠭᠠᠨ ᠬᠦᠮᠤᠵᠢᠯ ᠤᠨ ᠶᠠᠮᠤᠨ ᠠᠴᠠ ᠠᠯᠪᠠᠨ ᠪᠢᠴᠢᠭ ᠪᠠᠭᠤᠯᠭᠠᠵᠤ᠂ 5 ᠠᠷᠭ᠎ᠠ ᠬᠡᠮᠵᠢᠶ᠎ᠡ ᠠᠪᠴᠤ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ ᠵᠣᠯᠭᠠᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2021/4/28
     ᠣᠶᠢᠷ᠎ᠠ ᠳᠤ᠂ ᠰᠤᠷᠭᠠᠨ ᠬᠦᠮᠤᠵᠢᠯ ᠤᠨ ᠶᠠᠮᠤᠨ ︽ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ ᠵᠣᠯᠭᠠᠭᠤᠯᠬᠤ ᠶᠢ ᠶᠡᠭᠡ ᠪᠠᠷ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠬᠢᠯᠪᠠᠷᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠪᠡᠯᠡᠳᠬᠡᠯ ᠪᠠ ᠰᠤᠷᠭᠠᠭᠤᠯᠢ ᠳᠤ ᠣᠷᠣᠬᠤ ᠳᠤ ᠵᠣᠬᠢᠴᠠᠬᠤ ᠬᠥᠮᠦᠵᠢᠯ ᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠵᠣᠯᠭᠠᠭᠤᠯᠬᠤ ᠨᠠᠯᠠᠤᠴᠠ ᠶᠢ ᠪᠠᠭᠠᠰᠬᠠᠨ᠂ ᠬᠡᠤᠬᠡᠳ ᠢ ᠬᠠᠪᠰᠤᠷᠤᠨ ᠬᠡᠤᠬᠡᠳ ᠤᠨ ᠴᠡᠴᠡᠷᠯᠢᠭ ᠠᠴᠠ ᠪᠠᠭ᠎ᠠ ᠰᠤᠷᠭᠠᠭᠤᠯᠢ ᠲᠡᠶᠢᠰᠢ ᠤᠷᠤᠭᠰᠢᠲᠠᠶ ᠰᠢᠯᠵᠢᠭᠦᠯᠦᠨ᠎ᠡ᠃ ᠭᠤᠣᠯ ᠡᠭᠦᠷᠭᠡ ᠨᠢ ᠶᠠᠭᠤ ᠪᠣᠢ︖ ᠭᠤᠣᠯ ᠠᠷᠭ᠎ᠠ ᠬᠡᠮᠵᠢᠶ᠎ᠡ ᠨᠢ ᠶᠠᠭᠤ ᠪᠣᠢ︖ ᠪᠢᠳᠡ ᠬᠠᠮᠲᠤ ᠳᠤ ᠪᠠᠨ ᠦᠵᠡᠵᠡᠭᠡᠶ᠎ᠡ᠃

     ︽ᠵᠢᠯᠣᠭᠤᠳᠬᠤ ᠰᠠᠨᠠᠯ︾ ᠳᠤ ᠣᠷᠳᠣ ᠬᠤᠭᠤᠴᠠᠭᠠᠨ ᠤ ᠲᠤᠷᠰᠢ ᠣᠷᠣᠰᠢᠭᠰᠠᠭᠠᠷ ᠢᠷᠡᠭᠰᠡᠨ ᠬᠡᠤᠬᠡᠳ ᠤᠨ

ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠬᠥᠮᠦᠵᠢᠯ ᠢ ᠰᠠᠯᠭᠠᠬᠤ᠂ ᠵᠣᠯᠭᠠᠭᠤᠯᠬᠤ ᠤᠬᠠᠮᠰᠠᠷ ᠪᠠᠭᠤᠷᠠᠶ᠂ ᠮᠡᠳᠡᠯᠭᠡ ᠶᠢᠨ

ᠪᠡᠯᠡᠳᠬᠡᠯ ᠢ ᠬᠡᠲᠦ ᠴᠢᠬᠤᠯᠠᠴᠢᠯᠠᠬᠤ᠂ ᠵᠣᠯᠭᠠᠭᠤᠯᠬᠤ ᠲᠣᠭᠲᠠᠴᠠ ᠲᠡᠭᠦᠯᠳᠡᠷ ᠪᠤᠰᠤ ᠪᠠᠶᠢᠬᠤ ᠵᠡᠷᠭᠡ ᠠᠰᠠᠭᠤᠳᠠᠯ ᠳᠤ

ᠴᠢᠭᠯᠡᠭᠦᠯᠦᠨ᠂ ᠠᠯᠢ ᠣᠯᠠᠨ ᠬᠠᠨᠳᠤᠯᠭᠠᠲᠤ ᠴᠢᠨᠠᠷᠲᠠᠶ ᠴᠢᠬᠤᠯᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃

ᠡᠭᠦᠨ ᠳᠤ ᠭᠤᠣᠯᠳᠠᠭᠤ᠄ ᠤᠯᠤᠰ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠪᠠᠷᠢᠮᠵᠢᠶ᠎ᠠ

 ᠳᠤ ᠵᠠᠰᠠᠪᠤᠷᠢ ᠣᠷᠣᠭᠤᠯᠵᠤ᠂ ᠨᠢᠭᠡᠳᠦᠭᠡᠷ ᠣᠨ ᠤ ᠬᠢᠴᠢᠶᠡᠯ ᠳᠤ ᠲᠤᠬᠢᠷᠠᠭᠤᠯᠤᠯᠳᠠ ᠬᠢᠵᠦ᠂ ᠠᠭᠤᠯᠭ᠎ᠠ ᠶᠢᠨ

ᠱᠠᠳᠤ ᠶᠢ ᠵᠦᠢ ᠵᠣᠬᠢᠰᠲᠠᠶ ᠲᠣᠬᠢᠷᠠᠭᠤᠯᠵᠤ᠂ ᠵᠢᠭᠠᠬᠤ ᠠᠬᠢᠴᠠ ᠶᠢ ᠤᠳᠠᠭᠠᠰᠢᠷᠠᠭᠤᠯᠤᠨ᠎ᠠ᠃ ᠪᠠᠭ᠎ᠠ ᠰᠤᠷᠭᠠᠭᠤᠯᠢ ᠪᠠ

ᠬᠡᠦᠬᠡᠳ ᠤᠨ ᠴᠡᠴᠡᠷᠯᠢᠭ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠡᠤᠬᠡᠳ ᠤᠨ ᠴᠡᠴᠡᠷᠯᠢᠭ ᠠᠴᠠ ᠰᠤᠷᠭᠠᠭᠤᠯᠢ ᠳᠤ

ᠣᠷᠣᠬᠤ ᠪᠡᠯᠡᠳᠬᠡᠯ ᠪᠠ ᠪᠠᠭ᠎ᠠ ᠰᠤᠷᠭᠠᠭᠤᠯᠢ ᠳᠤ ᠣᠷᠣᠬᠤ ᠳᠤ ᠵᠣᠬᠢᠴᠠᠬᠤ  ᠬᠥᠮᠦᠵᠢᠯ ᠢ ᠬᠡᠷᠡᠭᠵᠢᠭᠦᠯᠬᠦ ᠪᠠᠷ

ᠳᠠᠮᠵᠢᠭᠤᠯᠤᠨ᠂ ᠬᠡᠤᠬᠡᠳ ᠤᠨ ᠴᠡᠴᠡᠷᠯᠢᠭ ᠠᠴᠠ ᠪᠠᠭ᠎ᠠ ᠰᠤᠷᠭᠠᠭᠤᠯᠢ ᠲᠡᠶᠢᠰᠢ ᠰᠢᠯᠵᠢᠬᠦ ᠱᠠᠲᠤ ᠶᠢ ᠪᠠᠶᠢᠭᠤᠯᠵᠤ᠂

ᠬᠡᠤᠬᠡᠳ ᠢ ᠬᠠᠪᠰᠤᠷᠤᠨ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠰᠢᠯᠵᠢᠯᠲᠡ ᠶᠢ ᠤᠷᠤᠭᠰᠢᠲᠠᠶ

ᠪᠡᠶᠡᠯᠡᠭᠦᠯᠦᠨ᠎ᠡ᠃ ᠵᠢᠭᠠᠬᠤ ᠶᠢ ᠰᠤᠳᠤᠯᠬᠤ ᠲᠦᠷᠢᠮ ᠢ ᠬᠠᠮᠲᠤᠷᠠᠨ ᠪᠠᠶᠢᠭᠤᠯᠬᠤ ᠪᠠᠷ ᠳᠠᠮᠵᠢᠭᠤᠯᠤᠨ᠂ ᠬᠠᠮᠲᠤ ᠪᠠᠷ

ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂

ᠰᠢᠨᠵᠢᠯᠡᠬᠦ ᠤᠬᠠᠭᠠᠨᠴᠢ ᠪᠠᠷ ᠤᠳᠤᠷᠢᠳᠤᠮᠵᠢ ᠪᠣᠯᠭᠠᠬᠤ ᠶᠢ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠰᠠᠶᠢᠨ

ᠰᠠᠶᠢᠬᠠᠨ ᠠᠮᠢ ᠠᠬᠤᠶ ᠶᠢ ᠪᠣᠶ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠵᠣᠯᠭᠠᠭᠤᠯᠬᠤ᠂ ᠪᠦᠲᠦᠮᠵᠢᠲᠡᠶ

ᠵᠣᠯᠭᠠᠭᠤᠯᠬᠤ ᠶᠢ ᠳᠥᠯᠭᠢᠨ ᠠᠬᠢᠭᠤᠯᠤᠨ᠎ᠠ᠃

     ︽ᠵᠢᠯᠣᠭᠤᠳᠬᠤ ᠰᠠᠨᠠᠯ︾ ᠳᠤ ᠴᠢᠬᠤᠯᠠᠴᠢᠯᠠᠭᠰᠠᠨ ᠨᠢ᠂ ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ

ᠵᠣᠯᠭᠠᠭᠤᠯᠬᠤ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠤᠨ᠎ᠠ᠂ ᠡᠯ᠎ᠡ ᠱᠠᠲᠤᠨ ᠤ ᠰᠤᠷᠭᠠᠨ

ᠬᠥᠮᠦᠵᠢᠯ ᠤᠨ ᠰᠠᠯᠠᠭ᠎ᠠ ᠮᠥᠴᠢᠷ ᠤᠨ ᠬᠢᠨ ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ

ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠣᠰ ᠭᠠᠵᠠᠷ ᠣᠷᠣᠨ ᠤ ᠪᠠᠨ

ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ ᠵᠣᠯᠭᠠᠭᠤᠯᠬᠤ ᠪᠣᠳᠠᠲᠠᠶ

ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ

ᠵᠣᠯᠭᠠᠭᠤᠯᠬᠤ ᠠᠵᠢᠯ ᠢ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠴᠢᠬᠤᠯᠠ

ᠠᠭᠤᠯᠭ᠎ᠠ ᠳᠤ ᠦᠨᠡᠨ ᠬᠦ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂

ᠠᠵᠢᠯ ᠤᠨ ᠲᠣᠭᠲᠠᠴᠠ ᠪᠠᠨ ᠪᠦᠷᠢᠳᠦᠭᠦᠯᠵᠦ᠂ ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ

ᠠᠵᠢᠯ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠡᠦᠬᠡᠳ ᠤᠨ ᠴᠡᠴᠡᠷᠯᠢᠭ ᠪᠠ

ᠪᠠᠭ᠎ᠠ ᠰᠤᠷᠭᠠᠭᠤᠯᠢ ᠶᠢᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ᠲᠤᠬᠠᠶᠢᠯᠠᠭᠰᠠᠨ ᠠᠵᠢᠯ ᠤᠨ

ᠵᠢᠯᠤᠭᠤᠳᠤᠯᠭ᠎ᠠ ᠪᠠᠨ ᠴᠢᠩᠭᠠᠳᠬᠠᠵᠤ᠂ ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ

ᠦᠢᠯᠡᠳᠦᠯᠭᠡ ᠳᠠᠬᠢ ᠪᠠᠭᠰᠢ ᠶᠢᠨ ᠲᠥᠭᠡᠷᠢᠭᠳᠡᠯ ᠪᠠ ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠬᠦ

ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠳᠤ ᠣᠷᠣᠬᠤ

ᠪᠡᠯᠡᠳᠬᠡᠯ ᠪᠠ ᠰᠤᠷᠭᠠᠭᠤᠯᠢ ᠳᠤ ᠣᠷᠣᠬᠤ ᠳᠤ ᠵᠣᠬᠢᠴᠠᠬᠤ ᠶᠢ ᠬᠡᠤᠬᠡᠳ ᠤᠨ ᠴᠡᠴᠡᠷᠯᠢᠭ ᠪᠠ ᠠᠯᠪᠠᠨ ᠵᠢᠷᠤᠮ ᠤᠨ

ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠨ ᠵᠢᠱᠢᠬᠦ ᠶᠢᠨ ᠴᠢᠬᠤᠯᠠ ᠠᠭᠤᠯᠭ᠎ᠠ ᠳᠤ ᠣᠷᠣᠭᠤᠯᠬᠤ

ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ

 ᠤᠨ ᠬᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠤᠰᠬᠠᠶ ᠮᠡᠷᠭᠡᠵᠢᠯ ᠤᠨ ᠡᠬᠢ ᠪᠠᠶᠠᠯᠢᠭ ᠢ

ᠡᠮᠬᠢᠯᠡᠨ ᠨᠡᠶᠢᠯᠡᠭᠦᠯᠵᠦ᠂ ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠰᠢᠨᠵᠢᠯᠡᠬᠦ

ᠤᠬᠠᠭᠠᠨ ᠤ ᠰᠣᠳᠤᠯᠭᠠᠨ ᠢ ᠴᠢᠩᠭᠠᠳᠬᠠᠬᠤ ᠬᠡᠷᠡᠭᠳᠡᠢ ᠭᠡᠵᠡᠢ᠃

     ︽ᠵᠢᠯᠣᠭᠤᠳᠬᠤ ᠰᠠᠨᠠᠯ︾ ᠳᠤ ᠱᠠᠭᠠᠷᠳᠠᠭᠰᠠᠨ ᠨᠢ᠂ ᠡᠯ᠎ᠡ ᠮᠤᠵᠢ ︵ᠣᠷᠣᠨ᠂ ᠬᠤᠲᠠ︶ ᠰᠢᠶᠠᠨ ︵ᠲᠣᠭᠤᠷᠢᠭ︶

 ᠢᠶᠠᠷ ᠨᠢᠭᠡᠴᠢ ᠪᠣᠯᠭᠠᠨ ᠨᠢᠭᠡ ᠪᠦᠯᠦᠭ ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ

ᠲᠤᠷᠰᠢᠯᠲᠠ ᠶᠢᠨ ᠲᠣᠭᠤᠷᠢᠭ ᠢ ᠪᠠᠶᠢᠭᠤᠯᠵᠤ᠂ ᠨᠢᠭᠡ ᠪᠦᠯᠦᠭ ᠲᠤᠷᠰᠢᠯᠲᠠ ᠶᠢᠨ ᠪᠠᠭ᠎ᠠ ᠰᠤᠷᠭᠠᠭᠤᠯᠢ ᠪᠠ ᠬᠡᠤᠬᠡᠳ ᠤᠨ

ᠴᠡᠴᠡᠷᠯᠢᠭ ᠢ ᠰᠣᠩᠭᠤᠨ ᠲᠣᠭᠲᠠᠭᠠᠵᠤ᠂ ᠤᠷᠢᠳ ᠢᠶᠠᠷ ᠲᠤᠷᠰᠢᠯᠲᠠ ᠬᠢᠵᠦ᠂ ᠱᠠᠲᠤ ᠬᠤᠪᠢᠶᠠᠨ ᠠᠬᠢᠭᠤᠯᠬᠤ ᠬᠡᠷᠡᠭᠲᠡᠶ᠃

2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠬᠡᠤᠬᠡᠳ ᠤᠨ ᠴᠡᠴᠡᠷᠯᠢᠭ ᠪᠠ ᠪᠠᠭ᠎ᠠ

ᠰᠤᠷᠭᠠᠭᠤᠯᠢ ᠶᠢ ᠵᠣᠯᠭᠠᠭᠤᠯᠬᠤ ᠲᠤᠷᠰᠢᠯᠲᠠ ᠶᠢ ᠡᠬᠢᠯᠡᠭᠦᠯᠵᠦ᠂ 2022 ᠣᠨ ᠤ ᠨᠠᠮᠤᠷ ᠤᠨ ᠤᠯᠠᠷᠢᠯ ᠤᠨ

ᠰᠤᠷᠤᠯᠭ᠎ᠠ ᠶᠢᠨ ᠬᠤᠭᠤᠴᠠᠭᠠᠨ ᠳᠤ ᠪᠥᠬᠦ ᠲᠠᠯ᠎ᠠ ᠪᠠᠷ ᠡᠬᠢᠯᠡᠭᠦᠯᠬᠦ ᠬᠡᠷᠡᠭᠲᠡᠢ ᠭᠡᠵᠡᠢ᠃

     ᠳᠠᠭᠠᠯᠳᠤᠭᠤᠯᠤᠯ ︽ᠬᠡᠤᠬᠡᠳ ᠤᠨ ᠴᠡᠴᠡᠷᠯᠢᠭ ᠲᠠᠬᠢ ᠰᠤᠷᠭᠠᠭᠤᠯᠢ ᠳᠤ ᠣᠷᠣᠬᠤ ᠪᠡᠯᠡᠳᠬᠡᠯ ᠪᠠ ᠬᠥᠮᠦᠵᠢᠯ ᠢ

ᠵᠢᠯᠣᠭᠤᠳᠬᠤ ᠭᠤᠤᠯᠳᠠᠯᠭ᠎ᠠ︾ ︵ᠳᠣᠷᠣᠭᠰᠢ ︽ᠰᠤᠷᠭᠠᠭᠤᠯᠢ ᠳᠤ ᠣᠷᠣᠬᠤ ᠪᠡᠯᠡᠳᠬᠡᠯ ᠢ ᠵᠢᠯᠣᠭᠤᠳᠬᠤ ᠭᠤᠤᠯᠳᠠᠯᠭ᠎ᠠ︾

ᠭᠡᠵᠦ ᠬᠢᠯᠪᠠᠷᠴᠢᠯᠠᠨ᠎ᠠ︶ ᠪᠠ ︽ᠪᠠᠭ᠎ᠠ ᠰᠤᠷᠭᠠᠭᠤᠯᠢ ᠳᠤ ᠣᠷᠣᠬᠤ ᠳᠤ ᠵᠣᠬᠢᠴᠠᠬᠤ ᠬᠥᠮᠦᠵᠢᠯ ᠢ ᠵᠢᠯᠣᠭᠤᠳᠬᠤ

ᠭᠤᠤᠯᠳᠠᠯᠭ᠎ᠠ︾ ︵ᠳᠣᠷᠣᠭᠰᠢ ︽ᠰᠤᠷᠭᠠᠭᠤᠯᠢ ᠳᠤ ᠣᠷᠣᠬᠤ ᠳᠤ ᠵᠣᠬᠢᠴᠠᠬᠤ ᠬᠥᠮᠦᠵᠢᠯ ᠢ ᠵᠢᠯᠣᠭᠤᠳᠬᠤ

ᠭᠤᠤᠯᠳᠠᠯᠭ᠎ᠠ︾ ᠭᠡᠵᠦ ᠬᠢᠯᠪᠠᠷᠴᠢᠯᠠᠨ᠎ᠠ︶ ᠨᠢ ᠬᠡᠤᠬᠡᠳ ᠤᠨ ᠴᠡᠴᠡᠷᠯᠢᠭ ᠤᠨ ᠰᠤᠷᠭᠠᠭᠤᠯᠢ ᠳᠤ ᠣᠷᠣᠬᠤ ᠪᠡᠯᠡᠳᠬᠡᠯ

ᠬᠥᠮᠦᠵᠢᠯ ᠪᠠ ᠪᠠᠭ᠎ᠠ ᠰᠤᠷᠭᠠᠭᠤᠯᠢ ᠳᠤ ᠣᠷᠣᠬᠤ ᠳᠤ ᠵᠣᠬᠢᠴᠠᠬᠤ ᠬᠥᠮᠦᠵᠢᠯ ᠳᠤ ᠲᠣᠰ ᠲᠣᠰ ᠪᠣᠳᠠᠲᠠᠶ᠂

ᠬᠡᠷᠡᠭᠵᠢᠭᠦᠯᠵᠦ ᠪᠣᠯᠬᠤᠶᠢᠴᠠ ᠵᠢᠯᠣᠭᠤᠳᠣᠯᠭ᠎ᠠ ᠶᠢ ᠳᠤᠷᠠᠳᠤᠭᠰᠠᠨ ᠪᠠᠶᠢᠨ᠎ᠠ᠃

     ︽ᠰᠤᠷᠭᠠᠭᠤᠯᠢ ᠳᠤ ᠣᠷᠣᠬᠤ ᠪᠡᠯᠡᠳᠬᠡᠯ ᠤᠨ ᠵᠢᠯᠣᠭᠤᠳᠬᠤ ᠭᠤᠣᠯᠳᠠᠯᠭ᠎ᠠ︾ ᠳᠤ ᠴᠢᠬᠤᠯᠠᠴᠢᠯᠠᠭᠰᠠᠨ ᠨᠢ᠂

ᠰᠤᠷᠭᠠᠭᠤᠯᠢ ᠳᠤ ᠣᠷᠣᠬᠤ ᠪᠡᠯᠡᠳᠬᠡᠯ ᠬᠥᠮᠦᠵᠢᠯ ᠪᠣᠯ ᠨᠢᠭᠡᠨ ᠠᠯᠬᠤᠮ ᠳᠠᠷᠠᠭ᠎ᠠ ᠲᠠᠢ ᠪᠠᠷ ᠤᠷᠤᠭᠰᠢᠯᠠᠬᠤ ᠶᠠᠪᠤᠴᠠ

ᠮᠥᠨ᠂ ᠬᠡᠤᠬᠡᠳ ᠤᠨ ᠴᠡᠴᠡᠷᠯᠢᠭ ᠤᠨ ᠭᠤᠷᠪᠠᠨ ᠵᠢᠯ ᠤᠨ ᠠᠰᠠᠷᠠᠨ ᠬᠥᠮᠦᠵᠢᠭᠦᠯᠬᠦ ᠠᠵᠢᠯ ᠤᠨ ᠪᠥᠬᠦ ᠶᠠᠪᠤᠴᠠ ᠳᠤ

ᠨᠡᠪᠴᠢᠭᠦᠯᠬᠦ ᠬᠡᠷᠡᠭᠲᠡᠶ᠂ ᠡᠭᠦᠨ ᠤ ᠬᠠᠮᠲᠤ ᠪᠠᠰᠠ ᠶᠡᠭᠡ ᠠᠩᠭᠢ ᠶᠢᠨ ᠬᠡᠤᠬᠡᠳ ᠤᠨ ᠪᠠᠭ᠎ᠠ ᠰᠤᠷᠭᠠᠭᠤᠯᠢ ᠳᠤ ᠣᠷᠣᠬᠤ

ᠭᠡᠵᠦ ᠪᠠᠶᠢᠭ᠎ᠠ ᠣᠨᠴᠠᠭᠠᠶ ᠬᠡᠷᠡᠭᠴᠡᠭᠡ ᠶᠢ ᠦᠨᠳᠦᠰᠦᠯᠡᠨ᠂ ᠨᠡᠶᠢᠭᠡᠮ ᠤᠨ ᠬᠠᠷᠢᠯᠴᠠᠭ᠎ᠠ᠂ ᠥᠪᠡᠷ ᠢ ᠪᠠᠨ

ᠲᠣᠬᠢᠷᠠᠭᠤᠯᠤᠨ ᠡᠵᠡᠮᠳᠡᠬᠦ᠂ ᠲᠦᠷᠢᠮ ᠤᠨ ᠤᠬᠠᠮᠰᠠᠷ᠂ ᠠᠩᠬᠠᠷᠤᠯ ᠲᠥᠪᠯᠡᠷᠡᠭᠦᠯᠬᠦ ᠶᠢ ᠪᠠᠷᠢᠮᠲᠠᠯᠠᠬᠤ ᠵᠡᠷᠭᠡ ᠪᠠᠭ᠎ᠠ

ᠰᠤᠷᠭᠠᠭᠤᠯᠢ ᠳᠤ ᠣᠷᠣᠬᠤ ᠳᠤ ᠱᠠᠭᠠᠷᠳᠠᠭᠳᠠᠬᠤ ᠵᠠᠩᠭᠢᠯᠠᠭ᠎ᠠ ᠶᠢᠨ ᠬᠡᠪ ᠪᠣᠯᠪᠠᠰᠤᠷᠠᠯ ᠤᠨ ᠲᠣᠭᠤᠷᠢᠨ ᠳᠤ

ᠬᠠᠨᠳᠤᠯᠭᠠᠲᠤ ᠴᠢᠨᠠᠷᠲᠠᠶ ᠰᠤᠷᠭᠠᠭᠤᠯᠢ ᠳᠤ ᠣᠷᠣᠬᠤ ᠪᠡᠯᠡᠳᠬᠡᠯ ᠬᠥᠮᠦᠵᠢᠯ ᠢ ᠬᠢᠬᠦ ᠬᠡᠷᠡᠭᠲᠡᠶ᠃ ᠰᠤᠷᠭᠠᠭᠤᠯᠢ ᠳᠤ

ᠣᠷᠣᠬᠤ ᠪᠡᠯᠡᠳᠬᠡᠯ ᠬᠥᠮᠦᠵᠢᠯ ᠳᠤ ᠪᠡᠶ᠎ᠡ ᠰᠡᠳᠬᠢᠯ ᠤᠨ ᠪᠡᠯᠡᠳᠬᠡᠯ᠂ ᠠᠮᠢᠳᠤᠷᠠᠯ ᠤᠨ ᠪᠡᠯᠡᠳᠬᠡᠯ᠂ ᠨᠡᠶᠢᠭᠡᠮ ᠤᠨ

ᠪᠡᠯᠡᠳᠬᠡᠯ ᠪᠠ ᠰᠤᠷᠤᠯᠴᠠᠯᠭ᠎ᠠ ᠶᠢᠨ ᠪᠡᠯᠡᠳᠬᠡᠯ ᠵᠡᠷᠭᠡ ᠲᠠᠯ᠎ᠠ ᠶᠢ ᠣᠷᠭᠠᠨᠢᠭ ᠢᠶᠠᠷ ᠤᠶᠠᠯᠳᠤᠭᠤᠯᠬᠤ ᠶᠢ

ᠴᠢᠬᠤᠯᠠᠴᠢᠯᠠᠵᠤ᠂ ᠠᠯᠢ ᠨᠢᠭᠡ ᠲᠠᠯ᠎ᠠ ᠪᠤᠶᠤ ᠬᠡᠳᠦᠨ ᠲᠠᠯ᠎ᠠ ᠶᠢᠨ ᠪᠡᠯᠡᠳᠬᠡᠯ ᠢ ᠥᠷᠥᠭᠡᠰᠦᠭᠡᠯ ᠢᠶᠠᠷ ᠬᠥᠭᠡᠭᠡᠴᠡᠯᠳᠦᠵᠦ

ᠪᠣᠯᠬᠤ ᠥᠬᠡᠶ᠂ ᠨᠠᠩ ᠴᠤ ᠪᠠᠭ᠎ᠠ ᠰᠤᠷᠭᠠᠭᠤᠯᠢ ᠶᠢᠨ ᠮᠡᠳᠡᠯᠭᠡ ᠪᠠ ᠮᠡᠷᠭᠡᠰᠢᠯ ᠢ ᠤᠷᠢᠳᠴᠢᠯᠠᠨ ᠰᠤᠷᠤᠯᠴᠠᠬᠤ ᠪᠠ

ᠴᠢᠩᠭᠠᠳᠬᠠᠬᠤ ᠪᠣᠯᠪᠠᠰᠤᠷᠠᠯ ᠢᠶᠠᠷ ᠪᠥᠬᠦ ᠲᠠᠯ᠎ᠠ ᠶᠢᠨ ᠪᠡᠯᠡᠳᠬᠡᠯ ᠢ ᠣᠷᠣᠯᠠᠭᠤᠯᠵᠤ ᠪᠣᠯᠬᠤ ᠥᠬᠡᠶ ᠭᠡᠵᠡᠢ᠃

     ︽ᠰᠤᠷᠭᠠᠭᠤᠯᠢ ᠳᠤ ᠣᠷᠣᠬᠤ ᠳᠤ ᠵᠣᠬᠢᠴᠠᠬᠤ ᠶᠢ ᠵᠢᠯᠣᠭᠤᠳᠬᠤ ᠭᠤᠤᠯᠳᠠᠯᠭ᠎ᠠ︾ ᠳᠤ᠂ ᠪᠠᠭ᠎ᠠ

ᠰᠤᠷᠭᠠᠭᠤᠯᠢ ᠨᠤᠭᠤᠳ ᠵᠣᠯᠭᠠᠭᠤᠯᠬᠤ ᠤᠬᠠᠮᠰᠠᠷ ᠢᠶᠠᠨ ᠴᠢᠩᠭᠠᠳᠬᠠᠵᠤ᠂ ᠰᠤᠷᠭᠠᠭᠤᠯᠢ ᠳᠤ ᠣᠷᠣᠬᠤ ᠳᠤ ᠵᠣᠬᠢᠴᠠᠬᠤ

ᠬᠥᠮᠦᠵᠢᠯ ᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠡᠭᠦᠷᠭᠡ ᠪᠣᠯᠭᠠᠵᠤ᠂ ᠨᠢᠭᠡᠳᠦᠭᠡᠷ ᠣᠨ ᠤ ᠰᠤᠷᠭᠠᠨ ᠬᠥᠮᠦᠵᠢᠯ

ᠵᠢᠭᠠᠨ ᠰᠤᠷᠭᠠᠯᠲᠠ ᠶᠢᠨ ᠲᠥᠯᠦᠪᠯᠡᠭᠡ ᠳᠤ ᠣᠷᠣᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠷᠭ᠎ᠠ

ᠮᠠᠶ᠋ᠢᠭ ᠢ ᠬᠡᠤᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠲᠠᠢ ᠵᠣᠯᠭᠠᠭᠤᠯᠬᠤ ᠬᠡᠷᠡᠭᠲᠡᠶ᠃ ᠪᠠᠭ᠎ᠠ

ᠰᠤᠷᠭᠠᠭᠤᠯᠢ ᠶᠢᠨ ᠨᠢᠭᠡᠳᠦᠭᠡᠷ ᠣᠨ ᠤ ᠳᠡᠭᠡᠷ᠎ᠡ ᠰᠤᠷᠤᠯᠭ᠎ᠠ ᠶᠢᠨ ᠬᠤᠭᠤᠴᠠᠭ᠎ᠠ ᠶᠢ ᠬᠡᠦᠬᠡᠳ ᠤᠨ ᠴᠡᠴᠡᠷᠯᠢᠭ ᠪᠠ

ᠪᠠᠭ᠎ᠠ ᠰᠤᠷᠭᠠᠭᠤᠯᠢ ᠶᠢ ᠵᠣᠯᠭᠠᠭᠤᠯᠬᠤ ᠳᠤ ᠵᠣᠬᠢᠴᠠᠬᠤ ᠬᠤᠭᠤᠴᠠᠭ᠎ᠠ ᠪᠣᠯᠭᠠᠵᠤ᠂ ᠬᠡᠤᠬᠡᠳ ᠤᠨ ᠴᠡᠴᠡᠷᠯᠢᠭ ᠯᠦᠭᠡ

ᠵᠣᠯᠭᠠᠯᠳᠤᠭᠰᠠᠨ ᠰᠤᠷᠭᠠᠭᠤᠯᠢ ᠳᠤ ᠣᠷᠣᠬᠤ ᠳᠤ ᠵᠣᠬᠢᠴᠠᠬᠤ ᠬᠥᠮᠦᠵᠢᠯ ᠢ ᠬᠢᠵᠦ᠂ ᠨᠢᠭᠡᠳᠦᠭᠡᠷ ᠣᠨ ᠤ

ᠬᠢᠴᠢᠶᠡᠯ ᠤᠨ ᠠᠭᠤᠯᠭ᠎ᠠ ᠶᠢ ᠵᠦᠶ ᠵᠣᠬᠢᠰᠲᠠᠶ ᠳᠣᠭᠢᠷᠠᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠷᠭ᠎ᠠ

ᠮᠠᠶ᠋ᠢᠭ ᠢ ᠥᠭᠡᠷᠡᠴᠢᠯᠡᠵᠦ᠂ ᠬᠡᠤᠬᠡᠳ ᠢᠶᠠᠷ ᠭᠤᠤᠯ ᠴᠣᠭᠴᠠ ᠪᠣᠯᠭᠠᠭᠰᠠᠨ ᠰᠦᠪᠡᠭᠴᠢᠯᠡᠯᠳᠦ ᠴᠢᠨᠠᠷ᠂ ᠪᠡᠶ᠎ᠡ ᠪᠠᠷ ᠢᠶᠠᠨ

ᠣᠶᠢᠯᠠᠭᠠᠬᠤ ᠮᠠᠶ᠋ᠢᠭ ᠤᠨ ᠰᠤᠷᠤᠯᠴᠠᠯᠭ᠎ᠠ ᠶᠢ ᠴᠢᠩᠭᠠᠷᠠᠭᠤᠯᠤᠨ᠂ ᠬᠡᠤᠬᠡᠳ ᠨᠢᠭᠡ ᠪᠦᠷᠢ ᠶᠢᠨ ᠦᠰᠦᠨ

ᠪᠣᠶᠢᠵᠢᠯᠲᠠ ᠳᠤ ᠵᠣᠬᠢᠴᠠᠬᠤ ᠱᠠᠲᠤ ᠶᠢ ᠪᠠᠶᠢᠭᠤᠯᠤᠨ ᠥᠭᠴᠦ᠂ ᠬᠡᠤᠬᠡᠳ ᠢ ᠬᠠᠪᠰᠤᠷᠤᠨ ᠲᠣᠭᠯᠠᠭᠠᠮ ᠢᠶᠠᠷ ᠭᠤᠤᠯ

ᠪᠣᠯᠭᠠᠵᠤ ᠪᠠᠶᠢᠭᠰᠠᠨ ᠠᠴᠠ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠᠷ ᠭᠤᠤᠯ ᠪᠣᠯᠭᠠᠬᠤ ᠲᠡᠶᠢᠰᠢ ᠠᠯᠬᠤᠮ

ᠠᠯᠬᠤᠮ ᠢᠶᠠᠷ ᠵᠣᠬᠢᠴᠠᠭᠤᠯᠬᠤ ᠬᠡᠷᠡᠭᠲᠡᠢ ᠭᠡᠵᠡᠢ᠃

     ᠪᠢᠳᠡ ᠬᠠᠮᠲᠤ ᠳᠤ ᠪᠠᠨ ︽ᠵᠢᠯᠣᠭᠤᠳᠬᠤ ᠰᠠᠨᠠᠯ︾ ᠤᠨ ᠪᠦᠬᠦ ᠠᠭᠤᠯᠭ᠎ᠠ ᠶᠢ ᠦᠵᠡᠵᠡᠭᠡᠶ᠎ᠡ

     ᠰᠤᠷᠭᠠᠨ ᠬᠦᠮᠤᠵᠢᠯ ᠤᠨ ᠶᠠᠮᠤᠨ ᠤ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠰᠢᠨᠵᠢᠯᠡᠬᠦ

     ᠤᠬᠠᠭᠠᠨᠴᠢ ᠪᠠᠷ ᠵᠣᠯᠭᠠᠭᠤᠯᠬᠤ ᠶᠢ ᠶᠡᠭᠡ ᠪᠠᠷ ᠠᠬᠢᠭᠤᠯᠬᠤ ᠲᠤᠬᠠᠶ ᠵᠢᠯᠣᠭᠤᠳᠬᠤ ᠰᠠᠨᠠᠯ

ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠰᠤᠷᠭᠠᠨ ᠬᠥᠮᠦᠵᠢᠯ ᠤᠨ ᠲᠢᠩᠬᠢᠮ

︵ᠰᠤᠷᠭᠠᠨ ᠬᠥᠮᠦᠵᠢᠯ ᠤᠨ ᠵᠥᠪᠯᠡᠯ︶᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ

ᠪᠢᠩᠲ᠋ᠤᠸᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ᠄

     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ

︽ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠬᠤ︾ ᠱᠠᠭᠠᠷᠳᠠᠯᠭ᠎ᠠ ᠶᠢ ᠭᠦᠨᠵᠡᠭᠡᠶ

ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ  ᠬᠤᠷᠢᠶᠠᠨ ᠤ ︽ᠰᠤᠷᠭᠠᠭᠤᠯᠢ ᠶᠢᠨ

ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠦᠷᠢᠮᠵᠢᠭᠦᠯᠦᠨ

ᠬᠥᠭᠵᠢᠭᠦᠯᠬᠦ ᠲᠤᠬᠠᠶ ᠰᠠᠨᠠᠯ ᠤᠳ︾ ᠪᠠ ︽ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠵᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ

ᠳᠡᠭᠡᠭᠰᠢᠯᠡᠭᠦᠯᠬᠦ ᠲᠤᠬᠠᠶ ᠰᠠᠨᠠᠯ︾ ᠢ ᠨᠠᠶᠢᠳᠠᠪᠤᠷᠢᠵᠢᠭᠤᠯᠵᠤ᠂ ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ

ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ ᠶᠢᠨ ᠲᠥᠯᠦᠭᠡ᠂ ᠡᠳᠦᠭᠡ ᠳᠣᠤᠷᠠᠬᠢ

ᠵᠢᠯᠣᠭᠤᠳᠬᠤ ᠰᠠᠨᠠᠯ ᠢ ᠳᠤᠷᠠᠳᠪᠠ᠃

    ᠨᠢᠭᠡ᠂ ᠶᠡᠷᠦᠩᠬᠡᠶ ᠱᠠᠭᠠᠷᠳᠠᠯᠭ᠎ᠠ

    ︵ᠨᠢᠭᠡ︶ ᠵᠢᠯᠣᠭᠤᠳᠬᠤ ᠦᠵᠡᠯ ᠰᠠᠨᠠᠭ᠎ᠠ

     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠪᠥᠬᠦᠢ ᠨᠡᠶᠢᠭᠡᠮ ᠵᠢᠷᠦᠮ

 ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠢ ᠪᠦᠬᠦ

ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ

ᠡᠭᠦᠷᠭᠡ ᠶᠢ ᠨᠠᠶᠢᠳᠠᠪᠤᠷᠢᠵᠢᠭᠤᠯᠵᠤ᠂ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠤ ᠪᠠ

ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠵᠤ᠂ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠰᠢᠨᠵᠢᠯᠡᠬᠦ

ᠤᠬᠠᠭᠠᠨᠴᠢ ᠪᠠᠷ ᠵᠣᠯᠭᠠᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠰᠤᠷᠭᠠᠨ

ᠬᠥᠮᠦᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠡᠦᠬᠡᠳ ᠤᠨ ᠶᠣᠰᠣ ᠰᠤᠷᠲᠠᠬᠤᠨ᠂

ᠤᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠬᠦ ᠪᠠ

ᠪᠡᠶ᠎ᠡ ᠰᠡᠳᠬᠢᠯ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠨ᠎ᠠ᠃

    ︵ᠬᠤᠶᠠᠷ︶ ᠦᠨᠳᠦᠰᠦᠨ ᠵᠠᠷᠴᠢᠮ

     ᠬᠡᠦᠬᠡᠳ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠎ᠠ᠃ ᠬᠡᠦᠬᠡᠳ ᠤᠨ ᠬᠥᠭᠵᠢᠯᠲᠡ ᠶᠢᠨ ᠦᠷᠭᠦᠯᠵᠢᠯᠡᠬᠦ

ᠴᠢᠨᠠᠷ ᠢ ᠠᠩᠬᠠᠷᠴᠤ᠂ ᠬᠡᠦᠬᠡᠳ ᠤᠨ ᠲᠥᠷᠦᠯᠬᠢ ᠴᠢᠳᠠᠪᠤᠷᠢ ᠪᠠ ᠬᠥᠭᠵᠢᠯᠲᠡ ᠶᠢᠨ ᠵᠦᠷᠢᠶ᠎ᠡ ᠶᠢ ᠬᠦᠨᠳᠦᠳᠬᠡᠨ᠎ᠡ︔

ᠬᠡᠦᠬᠡᠳ ᠤᠨ ᠬᠥᠭᠵᠢᠯᠲᠡ ᠶᠢᠨ ᠪᠦᠬᠦᠯᠢ ᠴᠣᠭᠴᠠᠲᠤ ᠴᠢᠨᠠᠷ ᠢ ᠠᠩᠬᠠᠷᠴᠤ᠂ ᠬᠡᠦᠬᠡᠳ ᠢ ᠬᠠᠪᠰᠤᠷᠤᠨ ᠪᠡᠶ᠎ᠡ

ᠰᠡᠳᠬᠢᠯ ᠤᠨ ᠪᠦᠬᠦ ᠲᠠᠯ᠎ᠠ ᠶᠢᠨ ᠪᠡᠯᠡᠳᠬᠡᠯ ᠪᠠ ᠵᠣᠬᠢᠴᠠᠯ ᠢ ᠰᠠᠶᠢᠲᠤᠷ ᠬᠢᠯᠭᠡᠨ᠎ᠡ︔ ᠬᠡᠦᠬᠡᠳ ᠤᠨ ᠬᠥᠭᠵᠢᠯᠲᠡ ᠶᠢᠨ

ᠦᠷᠭᠦᠯᠵᠢᠯᠡᠵᠦ ᠪᠣᠯᠬᠤᠶᠢᠴᠠ ᠴᠢᠨᠠᠷ ᠢ ᠠᠩᠬᠠᠷᠴᠤ᠂ ᠬᠡᠦᠬᠡᠳ ᠤᠨ ᠨᠠᠰᠤᠨ ᠲᠤᠷᠰᠢᠳᠠ ᠶᠢᠨ ᠬᠥᠭᠵᠢᠯᠲᠡ ᠳᠤ

ᠠᠰᠢᠭᠲᠠᠶ ᠳᠠᠳᠬᠠᠯ ᠪᠠ ᠴᠢᠳᠠᠪᠤᠷᠢ ᠶᠢ ᠬᠥᠮᠦᠵᠢᠭᠦᠯᠦᠨ᠎ᠡ᠃

     ᠬᠤᠣᠰ ᠴᠢᠭᠯᠡᠯ ᠢᠶᠠᠷ ᠵᠣᠯᠭᠠᠭᠤᠯᠬᠤ ᠶᠢ ᠪᠠᠷᠢᠮᠲᠠᠯᠠᠨ᠎ᠠ᠃ ᠵᠣᠯᠭᠠᠭᠤᠯᠬᠤ ᠦᠵᠡᠯ ᠤᠬᠠᠮᠰᠠᠷ ᠢ

ᠴᠢᠩᠭᠠᠷᠠᠭᠤᠯᠤᠨ᠂ ᠬᠡᠤᠬᠡᠳ ᠤᠨ ᠴᠡᠴᠡᠷᠯᠢᠭ  ᠪᠠ ᠪᠠᠭ᠎ᠠ ᠰᠤᠷᠭᠠᠭᠤᠯᠢ ᠬᠠᠮᠵᠢᠯᠴᠠᠨ ᠬᠠᠮᠲᠤᠷᠠᠵᠤ᠂ ᠰᠤᠷᠭᠠᠭᠤᠯᠢ ᠳᠤ

ᠣᠷᠣᠬᠤ ᠪᠡᠯᠡᠳᠬᠡᠯ ᠪᠠ ᠰᠤᠷᠭᠠᠭᠤᠯᠢ ᠳᠤ ᠣᠷᠣᠬᠤ ᠳᠤ ᠵᠣᠬᠢᠴᠠᠬᠤ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂

ᠬᠡᠤᠬᠡᠳ ᠤᠨ ᠤᠷᠤᠭᠰᠢᠲᠠᠶ ᠰᠢᠯᠵᠢᠯᠲᠡ ᠶᠢ ᠠᠬᠢᠭᠤᠯᠤᠨ᠎ᠠ᠃

     ᠰᠢᠰᠲ᠋ᠧᠮᠲᠡᠢ ᠪᠠᠷ ᠠᠬᠢᠭᠤᠯᠬᠤ ᠶᠢ ᠪᠠᠷᠢᠮᠲᠠᠯᠠᠨ᠎ᠠ᠃ ᠤᠯᠠᠨ ᠲᠠᠯ᠎ᠠ ᠶᠢᠨ ᠰᠤᠷᠭᠠᠨ ᠬᠥᠮᠦᠵᠢᠯ ᠤᠨ ᠡᠬᠢ

ᠪᠠᠶᠠᠯᠢᠭ ᠢ ᠨᠡᠶᠢᠳᠬᠡᠵᠦ᠂ ᠵᠠᠰᠠᠭ ᠵᠠᠬᠢᠷᠭ᠎ᠠ᠂ ᠰᠤᠷᠭᠠᠨ ᠬᠥᠮᠦᠵᠢᠯ ᠪᠠ ᠡᠷᠳᠡᠮ ᠰᠢᠨᠵᠢᠯᠡᠭᠡᠨ᠂ ᠬᠡᠦᠬᠡᠳ ᠤᠨ ᠴᠡᠴᠡᠷᠯᠢᠭ

ᠪᠠ ᠪᠠᠭ᠎ᠠ ᠰᠤᠷᠭᠠᠭᠤᠯᠢ ᠶᠢ ᠨᠢᠭᠡᠳᠦᠯᠲᠡᠢ ᠲᠥᠯᠥᠪᠵᠢᠭᠦᠯᠦᠨ ᠬᠤᠯᠪᠤᠵᠤ᠂ ᠭᠡᠷ ᠪᠥᠯᠢ᠂ ᠬᠡᠦᠬᠡᠳ ᠤᠨ ᠴᠡᠴᠡᠷᠯᠢᠭ ᠪᠠ

ᠰᠤᠷᠭᠠᠭᠤᠯᠢ ᠬᠠᠮᠲᠤ ᠪᠠᠷ ᠬᠥᠮᠦᠵᠢᠭᠦᠯᠵᠦ᠂ ᠬᠠᠮ ᠬᠦᠴᠦᠨ ᠢ ᠪᠦᠷᠢᠯᠳᠦᠭᠦᠯᠦᠨ᠎ᠡ᠃

     ᠳᠦᠷᠢᠮᠵᠢᠭᠰᠡᠨ ᠬᠠᠮᠢᠶᠠᠷᠤᠯᠲᠠ ᠶᠢ ᠪᠠᠷᠢᠮᠲᠠᠯᠠᠨ᠎ᠠ᠃ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢᠨ

ᠲᠣᠭᠲᠠᠴᠠ ᠶᠢ ᠪᠠᠶᠢᠭᠤᠯᠤᠨ᠂ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠭᠠᠳᠠᠨᠠᠬᠢ

ᠪᠣᠯᠪᠠᠰᠤᠷᠠᠭᠤᠯᠤᠯ ᠤᠨ ᠪᠠᠶᠢᠭᠤᠯᠤᠮᠵᠢ᠂ ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠬᠡᠤᠬᠡᠳ ᠤᠨ ᠪᠡᠶ᠎ᠡ

ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠤ ᠠᠴᠠ ᠵᠥᠷᠢᠴᠡᠭᠰᠡᠨ ᠠᠷᠭ᠎ᠠ ᠮᠠᠶ᠋ᠢᠭ ᠪᠠ ᠦᠢᠯᠡ ᠠᠵᠢᠯᠯᠠᠭ᠎ᠠ ᠶᠢ

ᠵᠠᠯᠠᠷᠠᠭᠤᠯᠬᠤ ᠪᠠ ᠬᠤᠪᠢᠷᠠᠭᠤᠯᠤᠨ᠎ᠠ᠃

    ︵ᠭᠤᠷᠪᠠ︶ ᠭᠤᠣᠯ ᠬᠠᠷᠠᠯᠲᠠ

     ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠪᠡᠯᠡᠳᠬᠡᠯ ᠪᠠ

ᠰᠤᠷᠭᠠᠭᠤᠯᠢ ᠳᠤ ᠣᠷᠣᠬᠤ ᠳᠤ ᠵᠣᠬᠢᠴᠠᠬᠤ ᠬᠥᠮᠦᠵᠢᠯ ᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂

ᠵᠣᠯᠭᠠᠭᠤᠯᠬᠤ ᠨᠠᠯᠠᠤᠴᠠ ᠶᠢ ᠪᠠᠭᠠᠰᠬᠠᠨ᠂ ᠬᠡᠤᠬᠡᠳ ᠢ ᠬᠠᠪᠰᠤᠷᠤᠨ ᠬᠡᠤᠬᠡᠳ ᠤᠨ ᠴᠡᠴᠡᠷᠯᠢᠭ ᠠᠴᠠ ᠪᠠᠭ᠎ᠠ

ᠰᠤᠷᠭᠠᠭᠤᠯᠢ ᠳᠤ ᠰᠢᠯᠵᠢᠬᠦ ᠶᠢ ᠤᠷᠤᠭᠰᠢᠲᠠᠶ ᠪᠡᠶᠡᠯᠡᠭᠦᠯᠦᠨ᠎ᠡ᠃ ᠬᠡᠤᠬᠡᠳ ᠤᠨ ᠴᠡᠴᠡᠷᠯᠢᠭ ᠪᠣᠯᠤᠨ ᠪᠠᠭ᠎ᠠ

ᠰᠤᠷᠭᠠᠭᠤᠯᠢ ᠶᠢᠨ ᠪᠠᠭᠰᠢ ᠵᠢᠴᠢ ᠬᠡᠷ ᠤᠨ ᠠᠬᠠᠮᠠᠳ ᠤᠨ ᠰᠤᠷᠭᠠᠨ ᠬᠥᠮᠦᠵᠢᠯ ᠤᠨ ᠦᠵᠡᠯᠲᠡ ᠬᠢᠭᠡᠳ ᠰᠤᠷᠭᠠᠨ

ᠬᠥᠮᠦᠵᠢᠯ ᠤᠨ ᠦᠢᠯᠡ ᠠᠵᠢᠯᠯᠠᠭ᠎ᠠ ᠶᠢ ᠢᠯᠡᠳᠲᠡ ᠬᠤᠪᠢᠷᠠᠭᠤᠯᠵᠤ᠂ ᠬᠡᠦᠬᠡᠳ ᠤᠨ ᠴᠡᠴᠡᠷᠯᠢᠭ ᠪᠠ ᠪᠠᠭ᠎ᠠ

ᠰᠤᠷᠭᠠᠭᠤᠯᠢ ᠶᠢ ᠬᠠᠮᠵᠢᠯᠴᠠᠭᠤᠯᠬᠤ ᠪᠦᠲᠦᠮᠵᠢᠲᠡᠶ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠵᠤ᠂ ᠰᠢᠨᠵᠢᠯᠡᠬᠦ

ᠤᠬᠠᠭᠠᠨᠴᠢ ᠪᠠᠷ ᠵᠣᠯᠭᠠᠭᠤᠯᠤᠭᠰᠠᠨ ᠰᠤᠷᠭᠠᠨ ᠬᠥᠮᠦᠵᠢᠯ ᠤᠨ ᠠᠮᠢ ᠠᠬᠤᠶ ᠶᠢ ᠦᠨᠳᠦᠰᠦᠨ ᠳᠤ ᠪᠠᠨ ᠪᠣᠶ    

ᠪᠣᠯᠭᠠᠨ᠎ᠠ᠃

     ᠬᠤᠶᠠᠷ᠂ ᠭᠤᠣᠯ ᠡᠭᠦᠷᠭᠡ

     ︵ᠨᠢᠭᠡ︶ ᠵᠣᠯᠭᠠᠭᠤᠯᠬᠤ ᠦᠵᠡᠯ ᠤᠬᠠᠮᠰᠠᠷ ᠢᠶᠠᠷ ᠪᠠᠭᠤᠷᠠᠶ᠂ ᠪᠠᠭ᠎ᠠ ᠰᠤᠷᠭᠠᠭᠤᠯᠢ ᠪᠣᠯᠤᠨ ᠬᠡᠤᠬᠡᠳ ᠤᠨ

ᠴᠡᠴᠡᠷᠯᠢᠭ ᠤᠨ ᠬᠥᠮᠦᠵᠢᠯ ᠢ ᠰᠠᠯᠭᠠᠭᠰᠠᠨ ᠪᠠᠶᠢᠳᠠᠯ ᠢ ᠬᠤᠪᠢᠷᠠᠭᠤᠯᠵᠤ᠂ ᠬᠡᠦᠬᠡᠳ ᠤᠨ ᠴᠡᠴᠡᠷᠯᠢᠭ ᠪᠠ ᠪᠠᠭ᠎ᠠ

ᠰᠤᠷᠭᠠᠭᠤᠯᠢ ᠬᠠᠮᠵᠢᠯᠴᠠᠨ ᠬᠠᠮᠲᠤᠷᠠᠬᠤ ᠲᠣᠭᠲᠠᠴᠠ ᠶᠢ ᠪᠠᠶᠢᠭᠤᠯᠤᠨ᠂ ᠬᠡᠤᠬᠡᠳ ᠤᠨ ᠴᠡᠴᠡᠷᠯᠢᠭ ᠠᠴᠠ ᠪᠠᠭ᠎ᠠ

ᠰᠤᠷᠭᠠᠭᠤᠯᠢ ᠲᠡᠶᠢᠰᠢ ᠰᠢᠯᠵᠢᠬᠦ ᠱᠠᠲᠤ ᠶᠢ ᠪᠠᠶᠢᠭᠤᠯᠤᠨ ᠥᠭᠴᠦ᠂ ᠬᠤᠤᠰ ᠴᠢᠭᠯᠡᠯ ᠢᠶᠠᠷ ᠵᠣᠯᠭᠠᠭᠤᠯᠬᠤ ᠶᠢ

ᠠᠬᠢᠭᠤᠯᠤᠨ᠎ᠠ᠃

     ︵ᠬᠤᠶᠠᠷ︶ ᠮᠡᠳᠡᠯᠭᠡ ᠶᠢᠨ ᠪᠡᠯᠡᠳᠬᠡᠯ ᠢ ᠬᠡᠲᠦ ᠴᠢᠬᠤᠯᠠᠴᠢᠯᠠᠬᠤ᠂ ᠪᠠᠷᠢᠮᠵᠢᠶ᠎ᠠ ᠠᠴᠠ ᠬᠡᠲᠦᠷᠡᠭᠦᠯᠦᠨ ᠵᠢᠭᠠᠬᠤ᠂

ᠤᠷᠢᠳᠴᠢᠯᠠᠨ ᠰᠤᠷᠤᠯᠴᠠᠬᠤ ᠪᠠᠶᠢᠳᠠᠯ ᠢ ᠬᠤᠪᠢᠷᠠᠭᠤᠯᠵᠤ᠂ ᠰᠤᠷᠭᠠᠭᠤᠯᠢ ᠪᠠ ᠰᠤᠷᠭᠠᠭᠤᠯᠢ ᠶᠢᠨ ᠭᠠᠳᠠᠨᠠᠬᠢ

ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠢᠯᠡ ᠠᠵᠢᠯᠯᠠᠭ᠎ᠠ ᠶᠢ

ᠳᠦᠷᠢᠮᠵᠢᠭᠦᠯᠦᠨ᠂ ᠰᠤᠷᠭᠠᠭᠤᠯᠢ ᠳᠤ ᠣᠷᠣᠬᠤ ᠪᠡᠯᠡᠳᠬᠡᠯ ᠪᠠ ᠰᠤᠷᠭᠠᠭᠤᠯᠢ ᠳᠤ ᠣᠷᠣᠬᠤ ᠳᠤ ᠵᠣᠬᠢᠴᠠᠬᠤ ᠬᠥᠮᠥᠵᠢᠯ

 ᠢ ᠵᠦᠶ ᠵᠣᠬᠢᠰᠲᠠᠶ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠵᠣᠯᠭᠠᠭᠤᠯᠬᠤ ᠶᠢ ᠰᠠᠶᠢᠲᠤᠷ ᠪᠡᠶᠡᠯᠡᠭᠦᠯᠦᠨ᠎ᠡ᠃

     ︵ᠭᠤᠷᠪᠠ︶ ᠵᠣᠯᠭᠠᠭᠤᠯᠬᠤ ᠲᠣᠭᠲᠠᠴᠠ ᠲᠡᠭᠦᠯᠳᠡᠷ ᠪᠤᠰᠤ ᠪᠠᠶᠢᠬᠤ ᠪᠠᠶᠢᠳᠠᠯ ᠢ ᠬᠤᠪᠢᠷᠠᠭᠤᠯᠵᠤ᠂ ᠵᠠᠰᠠᠭ

ᠵᠠᠬᠢᠷᠭᠠᠨ ᠢᠶᠠᠷ ᠠᠬᠢᠭᠤᠯᠬᠤ᠂ ᠰᠤᠷᠭᠠᠨ ᠬᠥᠮᠦᠵᠢᠯ ᠪᠠ ᠡᠷᠳᠡᠮ ᠰᠢᠨᠵᠢᠯᠡᠭᠡᠨ ᠢᠶᠠᠷ ᠳᠡᠮᠵᠢᠬᠦ᠂ ᠰᠤᠷᠭᠠᠨ

ᠬᠥᠮᠦᠵᠢᠯ ᠤᠨ ᠪᠠᠶᠢᠭᠤᠯᠤᠮᠵᠢ ᠪᠠ ᠬᠡᠷ ᠤᠨ ᠠᠬᠠᠮᠠᠳ ᠬᠠᠮᠲᠤ ᠪᠠᠷ ᠣᠷᠣᠯᠴᠠᠬᠤ ᠲᠣᠭᠲᠠᠴᠠ ᠶᠢ ᠪᠠᠶᠢᠭᠤᠯᠵᠤ᠂

ᠣᠯᠠᠨ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃

     ᠭᠤᠷᠪᠠ᠂ ᠭᠤᠣᠯ ᠠᠷᠭ᠎ᠠ ᠬᠡᠮᠵᠢᠶ᠎ᠡ

     ︵ᠨᠢᠭᠡ︶ ᠬᠡᠤᠬᠡᠳ ᠤᠨ ᠴᠡᠴᠡᠷᠯᠢᠭ ᠨᠢ ᠰᠤᠷᠭᠠᠭᠤᠯᠢ ᠳᠤ ᠣᠷᠣᠬᠤ ᠪᠡᠯᠡᠳᠬᠡᠯ ᠬᠥᠮᠦᠵᠢᠯ ᠢ ᠰᠠᠶᠢᠲᠤᠷ ᠬᠢᠬᠦ

ᠬᠡᠷᠡᠭᠲᠡᠢ᠃ ᠬᠡᠤᠬᠡᠳ ᠤᠨ ᠴᠡᠴᠡᠷᠯᠢᠭ ᠤᠳ ︽3 — 6 ᠨᠠᠰᠤᠨ ᠤ ᠬᠡᠤᠬᠡᠳ ᠤᠨ ᠰᠤᠷᠤᠯᠴᠠᠯᠭ᠎ᠠ ᠬᠢᠭᠡᠳ

ᠬᠥᠭᠵᠢᠯᠲᠡ ᠶᠢᠨ ᠵᠦᠭᠯᠡᠭᠦᠷ︾ ᠪᠣᠯᠤᠨ ︽ᠬᠡᠤᠬᠡᠳ ᠤᠨ ᠴᠡᠴᠡᠷᠯᠢᠭ ᠤᠨ ᠬᠥᠮᠦᠵᠢᠯ ᠢ ᠵᠢᠯᠣᠭᠤᠳᠬᠤ ᠬᠥᠲᠥᠯᠪᠦᠷᠢ︾

 ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠤᠬᠡᠳ ᠤᠨ ᠪᠡᠶ᠎ᠡ ᠰᠡᠳᠬᠢᠯ ᠤᠨ ᠪᠥᠬᠦ ᠲᠠᠯ᠎ᠠ ᠪᠠᠷ ᠡᠶ᠎ᠡ  

ᠵᠣᠬᠢᠴᠠᠯᠲᠠᠢ ᠬᠥᠭᠵᠢᠬᠦ ᠶᠢ ᠠᠬᠢᠭᠤᠯᠤᠨ᠂ ᠰᠤᠷᠭᠠᠭᠤᠯᠢ ᠳᠤ ᠣᠷᠣᠬᠤ ᠦᠨᠳᠦᠰᠦᠨ ᠬᠡᠪ ᠪᠣᠯᠪᠠᠰᠤᠷᠠᠯ ᠤᠨ

ᠪᠡᠯᠡᠳᠬᠡᠯ ᠢ ᠰᠠᠶᠢᠲᠤᠷ ᠬᠢᠵᠦ᠂ ᠨᠠᠰᠤᠨ ᠲᠤᠷᠰᠢᠳᠠ ᠶᠢᠨ ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ

ᠥᠭᠬᠦ ᠬᠡᠷᠡᠭᠲᠡᠢ᠃ ᠪᠠᠭᠰᠢ ᠨᠠᠷ ᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ ᠰᠢᠨᠵᠢᠯᠡᠬᠦ ᠤᠬᠠᠭᠠᠨᠴᠢ ᠪᠠᠷ

ᠵᠣᠯᠭᠠᠭᠤᠯᠬᠤ ᠣᠨᠣᠯᠵᠢᠬᠤᠨ ᠢ ᠪᠤᠢ ᠪᠣᠯᠭᠠᠵᠤ᠂ ᠶᠡᠭᠡ ᠠᠩᠬᠢ ᠶᠢᠨ ᠳᠣᠣᠷ᠎ᠠ ᠰᠤᠷᠤᠯᠭ᠎ᠠ ᠶᠢᠨ ᠬᠤᠭᠤᠴᠠᠭᠠᠨ ᠳᠤ

ᠬᠡᠦᠬᠡᠳ ᠢ ᠬᠠᠪᠰᠤᠷᠤᠨ ᠬᠠᠨᠳᠤᠯᠭᠠᠲᠠᠢ ᠪᠠᠷ ᠠᠮᠢᠳᠤᠷᠠᠯ᠂ ᠨᠡᠶᠢᠭᠡᠮ ᠪᠠ ᠰᠤᠷᠤᠯᠴᠠᠯᠭ᠎ᠠ ᠵᠡᠷᠭᠡ ᠶᠢᠨ ᠣᠯᠠᠨ

ᠲᠠᠯ᠎ᠠ ᠶᠢᠨ ᠪᠡᠯᠡᠳᠬᠡᠯ ᠢ ᠰᠠᠶᠢᠲᠤᠷ ᠬᠢᠵᠦ᠂ ᠪᠠᠭ᠎ᠠ ᠰᠤᠷᠭᠠᠭᠤᠯᠢ ᠶᠢᠨ ᠠᠮᠢᠳᠤᠷᠠᠯ ᠤᠨ ᠢᠳᠡᠪᠬᠢᠲᠡᠶ ᠬᠦᠰᠡᠯ ᠡᠷᠡᠮᠡᠯᠵᠡᠯ

ᠪᠠ ᠬᠦᠰᠡᠯ ᠵᠣᠷᠢᠯᠲᠠ ᠶᠢ ᠪᠤᠢ ᠪᠣᠯᠭᠠᠬᠤ ᠬᠡᠷᠡᠭᠲᠡᠢ᠃ ᠪᠠᠭ᠎ᠠ ᠰᠤᠷᠭᠠᠭᠤᠯᠢ ᠶᠢᠨ ᠣᠷᠴᠢᠨ ᠲᠣᠭᠤᠷᠢᠨ᠂ ᠰᠤᠷᠭᠠᠨ

ᠬᠥᠮᠦᠵᠢᠯ ᠤᠨ ᠠᠭᠤᠯᠭ᠎ᠠ ᠪᠠ ᠰᠤᠷᠭᠠᠨ ᠬᠥᠮᠦᠵᠢᠯ ᠤᠨ ᠠᠷᠭ᠎ᠠ ᠮᠠᠶ᠋ᠢᠭ ᠢ ᠬᠡᠦᠬᠡᠳ ᠤᠨ ᠴᠡᠴᠡᠷᠯᠢᠭ ᠲᠤ

ᠳᠥᠭᠦᠮ ᠢᠶᠠᠷ ᠰᠢᠯᠵᠢᠭᠦᠯᠦᠨ ᠠᠪᠴᠢᠷᠠᠬᠤ ᠪᠤᠷᠤᠭᠤ ᠠᠷᠭ᠎ᠠ ᠶᠢ ᠬᠤᠷᠢᠭᠯᠠᠬᠤ ᠪᠠ ᠵᠠᠯᠠᠷᠠᠭᠤᠯᠬᠤ ᠬᠡᠷᠡᠭᠲᠡᠢ᠃

     ︵ᠬᠤᠶᠠᠷ︶ ᠪᠠᠭ᠎ᠠ ᠰᠤᠷᠭᠠᠭᠤᠯᠢ ᠳᠤ ᠣᠷᠣᠬᠤ ᠳᠤ ᠳᠣᠭᠢᠷᠠᠬᠤ ᠬᠥᠮᠦᠵᠢᠯ ᠢ ᠬᠡᠷᠡᠭᠵᠢᠭᠦᠯᠬᠦ ᠬᠡᠷᠡᠭᠲᠡᠢ᠃

ᠪᠠᠭ᠎ᠠ ᠰᠤᠷᠭᠠᠭᠤᠯᠢ ᠨᠤᠭᠤᠳ ᠵᠣᠯᠭᠠᠭᠤᠯᠬᠤ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠰᠤᠷᠭᠠᠭᠤᠯᠢ ᠳᠤ

ᠣᠷᠣᠬᠤ ᠳᠤ ᠳᠣᠭᠢᠷᠠᠬᠤ ᠬᠥᠮᠦᠵᠢᠯ ᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠵᠢᠭᠠᠨ

ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠡᠭᠦᠷᠭᠡ ᠪᠣᠯᠭᠠᠵᠤ᠂ ᠨᠢᠭᠡᠳᠦᠭᠡᠷ ᠣᠨ ᠤ

ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠯᠦᠪᠯᠡᠭᠡ ᠳᠤ ᠣᠷᠣᠭᠤᠯᠵᠤ᠂ ᠰᠤᠷᠭᠠᠨ ᠬᠥᠮᠦᠵᠢᠯ ᠵᠢᠭᠠᠨ

ᠰᠤᠷᠭᠠᠯᠲᠠ ᠶᠢᠨ ᠠᠷᠭ᠎ᠠ ᠮᠠᠶ᠋ᠢᠭ ᠢ ᠬᠡᠤᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠯᠦᠭᠡ ᠵᠣᠯᠭᠠᠭᠤᠯᠬᠤ

ᠬᠡᠷᠡᠭᠲᠡᠢ᠃ ᠤᠯᠤᠰ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠪᠠᠷᠢᠮᠵᠢᠶ᠎ᠠ ᠳᠤ ᠵᠠᠰᠠᠪᠤᠷᠢ

ᠣᠷᠣᠭᠤᠯᠵᠤ᠂ ᠨᠢᠭᠡᠳᠦᠭᠡᠷ ᠣᠨ ᠤ ᠬᠢᠴᠢᠶᠡᠯ ᠳᠤ ᠲᠣᠬᠢᠷᠠᠭᠤᠯᠤᠯᠲᠠ ᠬᠢᠵᠦ᠂ ᠠᠭᠤᠯᠭ᠎ᠠ ᠶᠢᠨ ᠱᠠᠲᠤ ᠶᠢ ᠵᠦᠶ

ᠵᠣᠬᠢᠰᠲᠠᠶ ᠳᠣᠭᠢᠷᠠᠭᠤᠯᠤᠨ᠂ ᠵᠢᠭᠠᠬᠤ ᠠᠬᠢᠴᠠ ᠶᠢ ᠤᠳᠠᠭᠠᠰᠢᠷᠠᠭᠤᠯᠪᠠ᠃ ᠪᠠᠭ᠎ᠠ ᠰᠤᠷᠭᠠᠭᠤᠯᠢ ᠶᠢᠨ ᠨᠢᠭᠡᠳᠦᠭᠡᠷ

ᠣᠨ ᠤ ᠳᠡᠭᠡᠷ᠎ᠡ ᠰᠤᠷᠤᠯᠭ᠎ᠠ ᠶᠢᠨ ᠬᠤᠭᠤᠴᠠᠭ᠎ᠠ ᠶᠢ ᠰᠤᠷᠭᠠᠭᠤᠯᠢ ᠳᠤ ᠣᠷᠣᠬᠤ ᠳᠤ ᠵᠣᠬᠢᠴᠠᠬᠤ ᠬᠤᠭᠤᠴᠠᠭ᠎ᠠ

ᠪᠣᠯᠭᠠᠨ ᠲᠣᠬᠢᠷᠠᠭᠤᠯᠵᠤ᠂ ᠰᠤᠷᠭᠠᠭᠤᠯᠢ ᠳᠤ ᠣᠷᠣᠬᠤ ᠳᠤ ᠵᠣᠬᠢᠴᠠᠬᠤ ᠬᠥᠮᠦᠵᠢᠯ ᠢ ᠭᠤᠣᠯᠳᠠᠯᠭᠠᠲᠠᠢ ᠬᠡᠷᠡᠭᠵᠢᠭᠦᠯᠦᠨ᠂

ᠣᠷᠣᠨ ᠨᠤᠲᠤᠭ ᠤᠨ ᠬᠢᠴᠢᠶᠡᠯ᠂ ᠰᠤᠷᠭᠠᠭᠤᠯᠢ ᠶᠢᠨ ᠬᠢᠴᠢᠶᠡᠯ ᠪᠠ ᠶᠡᠷᠦᠩᠬᠡᠶᠢᠯᠡᠭᠰᠡᠨ ᠦᠢᠯᠡᠳᠦᠯᠭᠡ ᠶᠢᠨ

ᠠᠵᠢᠯᠯᠠᠭ᠎ᠠ ᠶᠢ ᠭᠤᠤᠯᠳᠠᠭᠤ ᠰᠤᠷᠭᠠᠭᠤᠯᠢ ᠳᠤ ᠣᠷᠣᠬᠤ ᠳᠤ ᠵᠣᠬᠢᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ

ᠥᠷᠨᠢᠭᠦᠯᠬᠦ ᠳᠤ ᠬᠡᠷᠡᠭᠯᠡᠵᠦ᠂ ᠬᠢᠴᠢᠶᠡᠯ ᠤᠨ ᠴᠠᠭ ᠤᠨ ᠲᠣᠬᠢᠷᠠᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠢ᠃

ᠨᠢᠭᠡᠳᠦᠭᠡᠷ ᠣᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠥᠭᠡᠷᠡᠴᠢᠯᠡᠵᠦ᠂ ᠤᠯᠤᠰ ᠤᠨ

ᠬᠢᠴᠢᠶᠡᠯ ᠳᠤ ᠭᠤᠣᠯᠳᠠᠭᠤ ᠲᠣᠭᠯᠠᠭᠠᠮᠴᠢᠯᠠᠬᠤ᠂ ᠠᠮᠢᠳᠤᠷᠠᠯᠴᠢᠯᠠᠬᠤ᠂ ᠶᠡᠷᠦᠩᠬᠡᠶᠢᠴᠢᠯᠡᠬᠦ ᠵᠡᠷᠭᠡ ᠠᠷᠭ᠎ᠠ ᠮᠠᠶ᠋ᠢᠭ ᠢ

ᠠᠪᠴᠤ᠂ ᠬᠡᠦᠬᠡᠳ ᠤᠨ ᠰᠦᠪᠡᠭᠴᠢᠯᠡᠯᠳᠦ ᠴᠢᠨᠠᠷ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠰᠤᠷᠤᠯᠴᠠᠯᠭ᠎ᠠ ᠶᠢ

ᠴᠢᠩᠭᠠᠳᠬᠠᠬᠤ ᠬᠡᠷᠡᠭᠲᠡᠢ᠃ ᠬᠡᠦᠬᠡᠳ ᠤᠨ ᠪᠡᠶ᠎ᠡ ᠰᠡᠳᠬᠢᠯ ᠤᠨ ᠣᠨᠴᠠᠯᠢᠭ ᠪᠠ ᠬᠦᠯᠢᠶᠡᠨ ᠠᠪᠬᠤ ᠴᠢᠳᠠᠪᠤᠷᠢ ᠶᠢ

ᠣᠮᠲᠣᠭᠠᠶᠢᠯᠠᠬᠤ ᠦᠵᠡᠭᠳᠡᠯ ᠢ ᠦᠨᠡᠨ ᠬᠦ ᠬᠤᠪᠢᠷᠠᠭᠤᠯᠵᠤ᠂ ᠪᠠᠷᠢᠮᠵᠢᠶ᠎ᠠ ᠠᠴᠠ ᠬᠡᠲᠦᠷᠡᠭᠦᠯᠦᠨ ᠵᠢᠭᠠᠬᠤ᠂ ᠠᠬᠢᠴᠠ ᠶᠢ

ᠰᠣᠬᠤᠷ ᠪᠠᠯᠠᠶ ᠪᠠᠷ ᠬᠥᠭᠡᠭᠡᠴᠡᠯᠳᠦᠬᠦ ᠪᠤᠷᠤᠭᠤ ᠠᠵᠢᠯᠯᠠᠭ᠎ᠠ ᠶᠢ ᠡᠷᠡᠰ ᠵᠠᠯᠠᠷᠠᠭᠤᠯᠬᠤ ᠬᠡᠷᠡᠭᠲᠡᠢ᠃

     ︵ᠭᠤᠷᠪᠠ︶ ᠬᠠᠮᠲᠤᠷᠠᠭᠰᠠᠨ ᠵᠢᠭᠠᠬᠤ ᠶᠢ ᠰᠤᠳᠤᠯᠬᠤ ᠲᠦᠷᠢᠮ ᠢ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ

ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠤᠨ ᠬᠢᠨ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ

ᠵᠣᠯᠭᠠᠭᠤᠯᠬᠤ ᠶᠢ ᠵᠢᠭᠠᠬᠤ ᠶᠢ ᠰᠤᠳᠤᠯᠬᠤ ᠠᠵᠢᠯ ᠤᠨ ᠴᠢᠬᠤᠯᠠ ᠠᠭᠤᠯᠭ᠎ᠠ ᠪᠠᠨ ᠪᠣᠯᠭᠠᠵᠤ᠂ ᠵᠢᠯ ᠤᠨ ᠵᠢᠭᠠᠬᠤ ᠶᠢ

ᠰᠤᠳᠤᠯᠬᠤ ᠲᠥᠯᠥᠪᠯᠡᠭᠡ ᠳᠤ ᠪᠠᠨ ᠣᠷᠣᠭᠤᠯᠵᠤ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠱᠠᠲᠤ

ᠬᠠᠷᠢᠯᠴᠠᠨ ᠨᠡᠪᠲᠡᠷᠡᠵᠦ᠂ ᠠᠭᠤᠯᠭ᠎ᠠ ᠨᠢ ᠠᠭᠤᠰᠤᠯᠴᠠᠭᠰᠠᠨ ᠬᠠᠮᠲᠤᠷᠠᠭᠰᠠᠨ ᠵᠢᠭᠠᠬᠤ ᠶᠢ ᠰᠤᠳᠤᠯᠬᠤ ᠲᠦᠷᠢᠮ ᠢ

ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠵᠢᠭᠠᠬᠤ ᠶᠢ ᠰᠤᠳᠤᠯᠬᠤ ᠠᠵᠢᠯᠲᠠᠳ ᠬᠡᠤᠬᠡᠳ ᠤᠨ ᠴᠡᠴᠡᠷᠯᠢᠭ ᠪᠠ ᠪᠠᠭ᠎ᠠ

ᠰᠤᠷᠭᠠᠭᠤᠯᠢ ᠳᠤ ᠭᠦᠨᠵᠡᠭᠡᠶᠢᠷᠡᠨ᠂ ᠦᠢᠯᠡᠳᠦᠯᠭᠡ ᠶᠢᠨ ᠬᠡᠷᠡᠭᠴᠡᠭᠡ ᠪᠠᠨ ᠦᠨᠳᠦᠰᠦᠯᠡᠨ ᠰᠤᠳᠤᠯᠭᠠᠨ ᠤ ᠲᠤᠰᠬᠠᠶ

ᠰᠡᠳᠦᠪ ᠢ ᠲᠣᠭᠲᠠᠭᠠᠵᠤ᠂ ᠣᠷᠣᠨ ᠪᠦᠰᠡ ᠶᠢᠨ ᠵᠢᠭᠠᠬᠤ ᠶᠢ ᠰᠤᠳᠤᠯᠬᠤ ᠪᠠ ᠬᠡᠦᠬᠡᠳ ᠤᠨ ᠴᠡᠴᠡᠷᠯᠢᠭ ︵ᠪᠠᠭ᠎ᠠ

ᠰᠤᠷᠭᠠᠭᠤᠯᠢ︶ ᠤᠨ ᠵᠢᠭᠠᠬᠤ ᠶᠢ ᠰᠤᠳᠤᠯᠬᠤ ᠠᠵᠢᠯᠯᠠᠭ᠎ᠠ ᠶᠢ ᠵᠢᠯᠣᠭᠤᠳᠴᠤ᠂ ᠰᠠᠶᠢᠨ ᠠᠷᠭ᠎ᠠ ᠪᠠ ᠰᠠᠶᠢᠨ

ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠬᠦ ᠬᠡᠷᠡᠭᠲᠡᠢ᠃ ᠰᠤᠷᠭᠠᠭᠤᠯᠢ ᠶᠢᠨ ᠲᠣᠭᠤᠷᠢᠭ ᠲᠠᠬᠢ ᠪᠠᠭ᠎ᠠ ᠰᠤᠷᠭᠠᠭᠤᠯᠢ ᠪᠠ

ᠬᠡᠤᠬᠡᠳ ᠤᠨ ᠴᠡᠴᠡᠷᠯᠢᠭ ᠤᠨ ᠰᠤᠷᠤᠯᠴᠠᠯᠭ᠎ᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠵᠣᠷᠢᠭᠵᠢᠭᠤᠯᠵᠤ᠂

ᠪᠠᠭᠰᠢ ᠶᠢᠨ ᠬᠡᠤᠬᠡᠳ ᠤᠨ ᠬᠥᠭᠵᠢᠯᠲᠡ᠂ ᠬᠢᠴᠢᠶᠡᠯ᠂ ᠵᠢᠭᠠᠨ ᠰᠤᠷᠭᠠᠯᠲᠠ᠂ ᠬᠠᠮᠢᠶᠠᠷᠤᠯᠲᠠ ᠵᠡᠷᠭᠡ ᠲᠠᠯ᠎ᠠ ᠶᠢᠨ

ᠰᠤᠳᠤᠯᠭᠠᠨ ᠪᠠ ᠰᠣᠯᠢᠯᠴᠠᠭ᠎ᠠ ᠶᠢ ᠴᠢᠩᠭᠠᠳᠬᠠᠵᠤ᠂ ᠰᠤᠷᠭᠠᠭᠤᠯᠢ ᠳᠤ ᠣᠷᠣᠬᠤ ᠪᠡᠯᠡᠳᠬᠡᠯ ᠪᠠ ᠰᠤᠷᠭᠠᠭᠤᠯᠢ ᠳᠤ

ᠣᠷᠣᠬᠤ ᠳᠤ ᠵᠣᠬᠢᠴᠠᠬᠤ ᠦᠢᠯᠡᠳᠦᠯᠭᠡ ᠶᠢᠨ ᠶᠠᠪᠤᠴᠠ ᠳᠠᠬᠢ ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤ ᠨᠢ

ᠰᠢᠢᠳᠪᠦᠷᠢᠯᠡᠬᠦ ᠬᠡᠷᠡᠭᠲᠡᠢ᠃

     ︵ᠳᠥᠷᠪᠡ︶ ᠬᠡᠷ ᠪᠥᠯᠢ᠂ ᠬᠡᠦᠬᠡᠳ ᠤᠨ ᠴᠡᠴᠡᠷᠯᠢᠭ ᠪᠠ ᠰᠤᠷᠭᠠᠭᠤᠯᠢ ᠬᠠᠮᠲᠤ ᠪᠠᠷ ᠬᠥᠮᠦᠵᠢᠭᠦᠯᠬᠦ

ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠨᠤᠭᠤᠳ ᠬᠡᠷ ᠤᠨ

ᠠᠬᠠᠮᠠᠳ ᠢ ᠴᠢᠬᠤᠯᠠ ᠬᠠᠮᠲᠤᠷᠠᠯᠴᠠᠭᠠᠨ ᠤ ᠬᠠᠨᠢ ᠪᠠᠨ ᠪᠣᠯᠭᠠᠵᠤ᠂ ᠬᠡᠷ ᠪᠥᠯᠢ᠂ ᠬᠡᠦᠬᠡᠳ ᠤᠨ ᠴᠡᠴᠡᠷᠯᠢᠭ ᠪᠠ

ᠰᠤᠷᠭᠠᠭᠤᠯᠢ ᠬᠠᠮᠵᠢᠨ ᠨᠡᠪᠲᠡᠷᠡᠯᠴᠡᠬᠦ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠬᠡᠷ ᠤᠨ ᠠᠬᠠᠮᠠᠳ ᠢ ᠬᠥᠲᠥᠯᠦᠨ

ᠵᠢᠯᠣᠭᠤᠳᠴᠤ ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠯᠤᠭ᠎ᠠ ᠢᠳᠡᠪᠬᠢᠲᠡᠶ ᠬᠠᠮᠵᠢᠯᠴᠠᠭᠤᠯᠵᠤ᠂

ᠵᠣᠯᠭᠠᠭᠤᠯᠬᠤ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃ ᠰᠤᠷᠭᠠᠭᠤᠯᠢ ᠳᠤ ᠣᠷᠣᠬᠤ ᠪᠡᠯᠡᠳᠬᠡᠯ ᠪᠠ

ᠰᠤᠷᠭᠠᠭᠤᠯᠢ ᠳᠤ ᠣᠷᠣᠬᠤ ᠳᠤ ᠵᠣᠬᠢᠴᠠᠬᠤ ᠲᠠᠯ᠎ᠠ ᠪᠠᠷ ᠬᠢ ᠭᠡᠷ ᠤᠨ ᠠᠬᠠᠮᠠᠳ ᠤᠨ ᠬᠦᠴᠢᠷᠳᠡᠯᠲᠡᠢ ᠠᠰᠠᠭᠤᠳᠠᠯ

ᠵᠢᠴᠢ ᠰᠠᠨᠠᠯ ᠪᠠ ᠰᠠᠨᠠᠭᠤᠯᠭ᠎ᠠ ᠶᠢ ᠴᠠᠭ ᠲᠤᠬᠠᠶ ᠳᠤ ᠨᠢ ᠣᠶᠢᠯᠠᠭᠠᠵᠤ᠂ ᠤᠯᠤᠰ ᠪᠣᠯᠤᠨ ᠣᠷᠣᠨ ᠨᠤᠲᠤᠭ ᠤᠨ

ᠬᠤᠯᠪᠤᠭᠳᠠᠬᠤ ᠲᠥᠷᠥ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠢᠳᠡᠪᠬᠢᠲᠡᠶ ᠪᠠᠷ ᠤᠬᠠᠭᠤᠯᠵᠤ᠂ ᠬᠡᠦᠬᠡᠳ ᠤᠨ

ᠴᠡᠴᠡᠷᠯᠢᠭ ᠪᠠ ᠪᠠᠭ᠎ᠠ ᠰᠤᠷᠭᠠᠭᠤᠯᠢ ᠶᠢ ᠬᠤᠣᠰ ᠴᠢᠭᠯᠡᠯ ᠢᠶᠠᠷ ᠵᠣᠯᠭᠠᠭᠤᠯᠬᠤ ᠰᠢᠨᠵᠢᠯᠡᠬᠦ ᠤᠬᠠᠭᠠᠨᠴᠢ ᠤᠨᠤᠯᠵᠢᠬᠤᠨ

ᠪᠣᠯᠤᠨ ᠠᠷᠭ᠎ᠠ ᠪᠠᠷᠢᠯ ᠢ ᠤᠬᠠᠭᠤᠯᠤᠨ ᠳᠡᠯᠭᠡᠨ ᠦᠵᠡᠭᠦᠯᠵᠦ᠂ ᠭᠡᠷ ᠤᠨ ᠠᠬᠠᠮᠠᠳ ᠢ ᠬᠠᠪᠰᠤᠷᠤᠨ ᠮᠡᠳᠡᠯᠭᠡ ᠶᠢᠨ

ᠪᠡᠯᠡᠳᠬᠡᠯ ᠢ ᠬᠡᠲᠦᠷᠬᠡᠶ ᠴᠢᠩᠭᠠᠷᠠᠭᠤᠯᠬᠤ᠂ ᠪᠠᠭ᠎ᠠ ᠰᠤᠷᠭᠠᠭᠤᠯᠢ ᠶᠢᠨ ᠬᠢᠴᠢᠶᠡᠯ ᠤᠨ ᠠᠭᠤᠯᠭ᠎ᠠ ᠶᠢ ᠤᠷᠢᠳᠴᠢᠯᠠᠨ

ᠰᠤᠷᠤᠯᠴᠠᠬᠤ ᠶᠢᠨ ᠬᠤᠣᠷ ᠬᠥᠨᠥᠭᠡᠯ ᠢ ᠲᠠᠨᠢᠭᠤᠯᠵᠤ᠂ ᠭᠡᠷ ᠤᠨ ᠠᠬᠠᠮᠠᠳ ᠤᠨ ᠳᠠᠷᠤᠯᠲᠠ ᠪᠣᠯᠤᠨ ᠵᠣᠪᠠᠨᠢᠯ ᠢ

ᠨᠠᠮᠳᠠᠭᠤᠯᠤᠨ᠂ ᠭᠡᠷ ᠤᠨ ᠬᠥᠮᠦᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠡᠦᠬᠡᠳ ᠤᠨ

ᠴᠡᠴᠡᠷᠯᠢᠭ ᠪᠣᠯᠤᠨ ᠪᠠᠭ᠎ᠠ ᠰᠤᠷᠭᠠᠭᠤᠯᠢ ᠲᠠᠢ ᠢᠳᠡᠪᠬᠢᠲᠡᠶ ᠪᠠᠷ ᠬᠠᠮᠵᠢᠯᠴᠠᠨ ᠵᠣᠯᠭᠠᠭᠤᠯᠬᠤ ᠶᠢ ᠰᠠᠶᠢᠲᠤᠷ ᠪᠡᠶᠡᠯᠡᠭᠦᠯᠬᠦ

ᠬᠡᠷᠡᠭᠲᠡᠢ᠃

     ︵ᠲᠠᠪᠤ︶ ᠶᠡᠷᠦᠩᠬᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠰᠤᠷᠭᠠᠨ

ᠬᠥᠮᠦᠵᠢᠯ ᠤᠨ ᠰᠠᠯᠠᠭ᠎ᠠ ᠮᠥᠴᠢᠷ ᠤᠨ ᠬᠢᠨ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ

ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ᠂ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠤᠷᠭᠠᠨ

ᠬᠥᠮᠦᠵᠢᠯ ᠤᠨ ᠵᠢᠮ᠎ᠡ ᠶᠣᠰᠣ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠰᠠᠬᠤ ᠡᠷᠴᠢᠮ ᠢᠶᠠᠨ ᠦᠷᠭᠦᠯᠵᠢᠯᠡᠨ

ᠴᠢᠩᠭᠠᠷᠠᠭᠤᠯᠵᠤ᠂ ᠳᠤᠰᠬᠠᠶᠢᠯᠠᠨ ᠵᠠᠰᠠᠬᠤ ᠬᠡᠷᠡᠭᠲᠡᠢ᠃ ᠤᠯᠤᠰ ᠤᠨ ᠬᠤᠯᠪᠤᠭᠳᠠᠬᠤ ᠲᠣᠭᠲᠠᠭᠠᠯ ᠢ

ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠰᠤᠷᠭᠠᠭᠤᠯᠢ ᠶᠢᠨ

ᠨᠠᠰᠤᠨ ᠠᠴᠠ ᠡᠮᠦᠨᠡᠬᠢ ᠬᠡᠤᠬᠡᠳ ᠲᠤ ᠲᠣᠭᠲᠠᠭᠠᠯ ᠠᠴᠠ ᠵᠥᠷᠢᠴᠡᠨ ᠪᠣᠯᠪᠠᠰᠤᠷᠠᠭᠤᠯᠤᠯ ᠬᠢᠵᠦ ᠪᠣᠯᠬᠤ ᠥᠬᠡᠶ᠃

ᠪᠠᠭ᠎ᠠ ᠰᠤᠷᠭᠠᠭᠤᠯᠢ ᠨᠤᠭᠤᠳ ᠰᠢᠯᠭᠠᠯᠲᠠ ᠬᠢᠬᠦ ᠥᠬᠡᠶ ᠪᠠᠷ ᠬᠡᠷ ᠤᠨ ᠣᠶᠢᠷᠠᠯᠴᠠᠭ᠎ᠠ ᠰᠤᠷᠭᠠᠭᠤᠯᠢ ᠳᠤ ᠣᠷᠣᠬᠤ ᠶᠢ

ᠴᠢᠩᠭ᠎ᠠ ᠬᠡᠷᠡᠭᠵᠢᠭᠦᠯᠵᠦ᠂ ᠡᠯ᠎ᠡ ᠲᠥᠷᠥᠯ ᠤᠨ ᠰᠢᠯᠭᠠᠯᠲᠠ᠂ ᠤᠷᠤᠯᠳᠤᠭᠠᠨ᠂ ᠪᠣᠯᠪᠠᠰᠤᠷᠠᠭᠤᠯᠤᠯ ᠤᠨ ᠬᠢᠷᠢ

ᠪᠦᠲᠦᠮᠵᠢ ᠪᠤᠶᠤ ᠦᠨᠡᠮᠯᠡᠯ ᠵᠡᠷᠭᠡ ᠪᠠᠷ ᠰᠣᠷᠣᠭᠴᠢ ᠡᠯᠰᠡᠬᠦ ᠦᠨᠳᠦᠰᠦᠯᠡᠯ ᠪᠣᠯᠭᠠᠬᠤ ᠶᠢ ᠴᠢᠩᠭ᠎ᠠ ᠴᠠᠭᠠᠵᠠᠯᠠᠵᠤ᠂

ᠬᠢᠴᠢᠶᠡᠯ ᠤᠨ ᠪᠠᠷᠢᠮᠵᠢᠶ᠎ᠠ ᠶᠢ ᠲᠡᠭ ᠠᠴᠠ ᠡᠬᠢᠯᠡᠵᠦ ᠵᠢᠭᠠᠬᠤ ᠶᠢ ᠪᠠᠷᠢᠮᠲᠠᠯᠠᠬᠤ ᠬᠡᠷᠡᠭᠲᠡᠢ᠃ ᠬᠡᠦᠬᠡᠳ ᠤᠨ

ᠴᠡᠴᠡᠷᠯᠢᠭ ᠠᠴᠠ ᠬᠡᠷᠡᠭᠴᠡᠭᠡ ᠶᠢ ᠬᠠᠩᠭᠠᠵᠤ ᠳᠡᠶᠢᠯᠬᠦ ᠭᠠᠵᠠᠷ ᠣᠷᠣᠨ ᠳᠤ ᠪᠠᠭ᠎ᠠ ᠰᠤᠷᠭᠠᠭᠤᠯᠢ ᠳᠤ ᠰᠤᠷᠭᠠᠭᠤᠯᠢ ᠶᠢᠨ

ᠨᠠᠰᠤᠨ ᠠᠴᠠ ᠡᠮᠦᠨᠡᠬᠢ ᠠᠩᠭᠢ ᠶᠢ ᠡᠷᠬᠢᠯᠡᠵᠦ ᠪᠣᠯᠬᠤ ᠦᠭᠡᠢ᠃ ᠬᠡᠤᠬᠡᠳ ᠤᠨ ᠴᠡᠴᠡᠷᠯᠢᠭ ᠲᠤ ᠪᠠᠭ᠎ᠠ

ᠰᠤᠷᠭᠠᠭᠤᠯᠢ ᠶᠢᠨ ᠬᠢᠴᠢᠶᠡᠯ ᠤᠨ ᠠᠭᠤᠯᠭ᠎ᠠ ᠶᠢ ᠤᠷᠢᠳᠴᠢᠯᠠᠨ ᠵᠢᠭᠠᠵᠤ ᠪᠣᠯᠬᠤ ᠥᠬᠡᠶ᠂ ᠤᠩᠰᠢᠵᠤ ᠪᠢᠴᠢᠬᠦ

ᠭᠡᠷ ᠤᠨ ᠳᠠᠭᠠᠭᠠᠯᠭᠠᠪᠤᠷᠢ ᠪᠠᠶᠢᠷᠢᠯᠠᠭᠤᠯᠵᠤ ᠪᠣᠯᠬᠤ ᠥᠬᠡᠶ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠠᠩᠭᠢ ᠢ

ᠲᠣᠬᠢᠷᠠᠭᠤᠯᠵᠤ ᠪᠣᠯᠬᠤ ᠥᠬᠡᠶ᠂ ᠬᠡᠤᠬᠡᠳ ᠤᠨ ᠴᠡᠴᠡᠷᠯᠢᠭ ᠲᠤ ᠶᠡᠭᠡ ᠠᠩᠭᠢ ᠶᠢᠨ ᠬᠡᠤᠬᠡᠳ ᠰᠢᠯᠵᠢᠵᠦ ᠪᠠᠶᠢᠭ᠎ᠠ

ᠪᠠᠶᠢᠳᠠᠯ ᠭᠠᠷᠪᠠᠯ᠂ ᠰᠢᠯᠲᠠᠭᠠᠨ ᠪᠠ ᠬᠠᠮᠢᠭᠠᠰᠢ ᠶᠠᠪᠤᠭᠰᠠᠨ ᠢ ᠴᠠᠭ ᠲᠤᠬᠠᠶ ᠳᠤ ᠨᠢ ᠣᠶᠢᠯᠠᠭᠠᠬᠤ ᠶᠢᠨ ᠬᠠᠮᠲᠤ

ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠰᠤᠷᠭᠠᠨ

ᠬᠥᠮᠦᠵᠢᠯ ᠤᠨ ᠰᠠᠯᠠᠭ᠎ᠠ ᠮᠥᠴᠢᠷ ᠤᠨ ᠬᠢᠨ ᠬᠤᠯᠪᠤᠭᠳᠠᠬᠤ ᠰᠦᠪᠡᠭᠴᠢ ᠶᠢᠨ ᠲᠣᠭᠤᠷᠢᠨ ᠳᠤ ᠰᠤᠷᠭᠠᠭᠤᠯᠢ ᠶᠢᠨ

ᠨᠠᠰᠤᠨ ᠠᠴᠠ ᠡᠮᠦᠨᠡᠬᠢ ᠬᠡᠤᠬᠡᠳ ᠢ ᠬᠦᠯᠢᠶᠡᠨ ᠠᠪᠴᠤ ᠲᠣᠭᠲᠠᠭᠠᠯ ᠠᠴᠠ ᠵᠥᠷᠢᠴᠡᠨ ᠪᠣᠯᠪᠠᠰᠤᠷᠠᠭᠤᠯᠤᠯ ᠬᠢᠭᠰᠡᠨ

ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ

ᠬᠠᠮᠲᠤ ᠬᠠᠷ᠎ᠠ ᠳᠠᠩᠰᠠᠨ ᠳᠤ  ᠵᠢᠭᠰᠠᠭᠠᠵᠤ᠂ ᠬᠠᠷ᠎ᠠ ᠳᠠᠩᠰᠠᠨ ᠤ ᠮᠡᠳᠡᠭᠡ ᠵᠠᠩᠭᠢ ᠶᠢ ᠪᠥᠬᠦ ᠤᠯᠤᠰ ᠤᠨ

ᠢᠲᠡᠭᠡᠮᠵᠢᠲᠦ ᠮᠡᠳᠡᠭᠡ ᠵᠠᠩᠭᠢ ᠶᠢ ᠬᠠᠮᠲᠤ ᠪᠠᠷ ᠬᠤᠪᠢᠶᠠᠯᠴᠠᠬᠤ ᠲᠠᠪᠴᠠᠩ ᠳᠤ ᠣᠷᠣᠭᠤᠯᠤᠨ᠂ ᠬᠤᠯᠪᠤᠭᠳᠠᠬᠤ

ᠲᠣᠭᠲᠠᠭᠠᠯ ᠶᠣᠰᠤ ᠪᠠᠷ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠬᠡᠷᠡᠭᠲᠡᠢ᠃ ᠰᠤᠷᠭᠠᠭᠤᠯᠢ ᠡᠷᠭᠢᠯᠡᠬᠦ ᠦᠢᠯᠡ

ᠠᠵᠢᠯᠯᠠᠭ᠎ᠠ ᠨᠢ ᠲᠣᠭᠲᠠᠭᠠᠯ ᠠᠴᠠ ᠬᠦᠨᠳᠦ ᠨᠣᠴᠢᠲᠠᠶ ᠵᠥᠷᠢᠴᠡᠭᠰᠡᠨ ᠬᠡᠤᠬᠡᠳ ᠤᠨ ᠴᠡᠴᠡᠷᠯᠢᠭ ᠪᠣᠯᠤᠨ ᠪᠠᠭ᠎ᠠ

ᠰᠤᠷᠭᠠᠭᠤᠯᠢ ᠶᠢᠨ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠳᠠᠷᠤᠭ᠎ᠠ ᠪᠣᠯᠤᠨ ᠬᠤᠯᠪᠤᠭᠳᠠᠬᠤ ᠪᠠᠭᠰᠢ ᠠᠴᠠ

ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃

     ᠳᠥᠷᠪᠡ᠂ ᠠᠬᠢᠴᠠ ᠶᠢᠨ ᠲᠣᠬᠢᠷᠠᠭᠤᠯᠤᠯᠲᠠ

      ︵ᠨᠢᠭᠡ︶ ᠨᠠᠷᠢᠨ ᠨᠢᠮᠪᠠᠢ ᠪᠠᠶᠢᠷᠢᠯᠠᠭᠤᠯᠵᠤ᠂ ᠳᠤᠷᠰᠢᠯᠲᠠ ᠶᠢᠨ ᠴᠡᠭ ᠤᠷᠢᠳ ᠢᠶᠠᠷ ᠬᠥᠳᠡᠯᠦᠨ᠎ᠡ᠃

ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠬᠡᠤᠬᠡᠳ ᠤᠨ

ᠴᠡᠴᠡᠷᠯᠢᠭ ᠤᠨ ᠰᠤᠷᠭᠠᠭᠤᠯᠢ ᠳᠤ ᠣᠷᠣᠬᠤ ᠪᠡᠯᠡᠳᠬᠡᠯ ᠪᠠ ᠪᠠᠭ᠎ᠠ ᠰᠤᠷᠭᠠᠭᠤᠯᠢ ᠳᠤ ᠣᠷᠣᠬᠤ ᠳᠤ ᠵᠣᠬᠢᠴᠠᠬᠤ

ᠬᠥᠮᠦᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ

ᠰᠢᠨᠵᠢᠯᠡᠬᠦ ᠤᠬᠠᠭᠠᠨᠴᠢ ᠪᠠᠷ ᠵᠣᠯᠭᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠠᠬᠢᠭᠤᠯᠬᠤ

ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠤᠷᠰᠢᠯᠲᠠ ᠶᠢᠨ ᠣᠷᠣᠨ ᠪᠠ ᠲᠤᠷᠰᠢᠯᠲᠠ ᠶᠢᠨ ᠴᠡᠭ ᠪᠣᠯᠬᠤ

ᠬᠡᠦᠬᠡᠳ ᠤᠨ ᠴᠡᠴᠡᠷᠯᠢᠭ ︵ᠪᠠᠭ᠎ᠠ ᠰᠤᠷᠭᠠᠭᠤᠯᠢ︶ ᠢ ᠰᠣᠩᠭᠤᠵᠤ᠂ ᠳᠤᠷᠰᠢᠯᠲᠠ ᠶᠢᠨ ᠣᠷᠣᠨ ᠠᠴᠠ ᠪᠣᠳᠠᠲᠠᠶ

ᠬᠡᠷᠡᠭᠵᠢᠭᠦᠯᠬᠦ ᠲᠥᠰᠦᠯ ᠢ ᠲᠣᠭᠲᠠᠭᠠᠵᠤ᠂ 2021 ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃

ᠣᠷᠣᠨ ᠨᠤᠲᠤᠭ ᠤᠨ ᠡᠯ᠎ᠡ ᠱᠠᠲᠤᠨ ᠤ ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠤᠨ ᠬᠢᠨ ᠬᠠᠮᠲᠤᠷᠠᠨ

ᠵᠢᠭᠠᠬᠤ ᠶᠢ ᠰᠤᠳᠤᠯᠬᠤ ᠲᠦᠷᠢᠮ ᠢ ᠪᠠᠶᠢᠭᠤᠯᠵᠤ᠂ ᠪᠠᠭᠰᠢ ᠶᠢᠨ ᠪᠣᠯᠪᠠᠰᠤᠷᠠᠭᠤᠯᠤᠯ ᠢ ᠤᠷᠢᠳ ᠢᠶᠠᠷ ᠵᠣᠬᠢᠶᠠᠨ

ᠪᠠᠶᠢᠭᠤᠯᠵᠤ ᠥᠷᠨᠢᠭᠦᠯᠦᠨ᠎ᠡ᠃ ᠲᠤᠷᠰᠢᠯᠲᠠ ᠶᠢᠨ ᠴᠡᠭ ᠪᠣᠯᠬᠤ ᠬᠡᠦᠬᠡᠳ ᠤᠨ ᠴᠡᠴᠡᠷᠯᠢᠭ ︵ᠪᠠᠭ᠎ᠠ ᠰᠤᠷᠭᠠᠭᠤᠯᠢ︶ ᠨᠢ

ᠭᠦᠨᠵᠡᠭᠡᠶ ᠬᠠᠮᠲᠤᠷᠠᠯᠴᠠᠬᠤ ᠲᠣᠭᠲᠠᠴᠠ ᠶᠢ ᠪᠠᠶᠢᠭᠤᠯᠵᠤ᠂ ᠲᠤᠷᠰᠢᠯᠲᠠ ᠶᠢᠨ ᠴᠡᠭ ᠪᠣᠯᠬᠤ ᠬᠡᠦᠬᠡᠳ ᠤᠨ

ᠴᠡᠴᠡᠷᠯᠢᠭ ᠨᠢ ᠰᠤᠷᠭᠠᠭᠤᠯᠢ ᠳᠤ ᠣᠷᠣᠬᠤ ᠪᠡᠯᠡᠳᠬᠡᠯ ᠠᠵᠢᠯᠯᠠᠭ᠎ᠠ ᠶᠢ ᠰᠦᠪᠡᠭᠴᠢᠯᠡᠨ ᠬᠡᠷᠡᠭᠵᠢᠭᠦᠯᠵᠦ᠂

ᠲᠤᠷᠰᠢᠯᠲᠠ ᠶᠢᠨ ᠴᠡᠭ ᠪᠣᠯᠬᠤ ᠪᠠᠭ᠎ᠠ ᠰᠤᠷᠭᠠᠭᠤᠯᠢ ᠨᠢ ᠰᠤᠷᠭᠠᠭᠤᠯᠢ ᠳᠤ ᠣᠷᠣᠬᠤ ᠳᠤ ᠵᠣᠬᠢᠴᠠᠬᠤ ᠠᠵᠢᠯᠯᠠᠭ᠎ᠠ ᠶᠢ

ᠵᠡᠷᠭᠡ ᠪᠠᠷ ᠰᠤᠳᠤᠯᠵᠤ᠂ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ

ᠬᠡᠷᠡᠭᠵᠢᠭᠦᠯᠦᠨ᠎ᠡ᠃

     ︵ᠬᠤᠶᠠᠷ︶ ᠲᠤᠷᠰᠢᠯᠭ᠎ᠠ ᠪᠠᠨ ᠳ᠋ᠦᠩᠨᠡᠵᠦ᠂ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠰᠤᠷᠭᠠᠭᠤᠯᠢ ᠳᠤ

ᠣᠷᠣᠬᠤ ᠪᠡᠯᠡᠳᠬᠡᠯ ᠪᠠ ᠰᠤᠷᠭᠠᠭᠤᠯᠢ ᠳᠤ ᠣᠷᠣᠬᠤ ᠳᠤ ᠵᠣᠬᠢᠴᠠᠬᠤ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ

ᠰᠤᠳᠤᠯᠤᠨ ᠵᠠᠳᠠᠯᠵᠤ᠂ ᠲᠤᠷᠰᠢᠯᠲᠠ ᠶᠢᠨ ᠴᠡᠭ ᠤᠨ ᠠᠵᠢᠯ ᠤᠨ ᠲᠤᠷᠰᠢᠯᠭ᠎ᠠ ᠶᠢ ᠡᠮᠬᠢᠯᠡᠨ ᠳ᠋ᠦᠩᠨᠡᠭᠰᠡᠨ ᠰᠠᠭᠤᠷᠢᠨ

ᠳᠡᠭᠡᠷ᠎ᠡ᠂ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠡᠯ᠎ᠡ ᠮᠤᠵᠢ

︵ᠣᠷᠣᠨ᠂ ᠬᠤᠲᠠ︶ ᠶᠢᠨ ᠬᠢᠨ ᠰᠤᠷᠭᠠᠭᠤᠯᠢ ᠳᠤ ᠣᠷᠣᠬᠤ ᠪᠡᠯᠡᠳᠬᠡᠯ ᠪᠠ ᠰᠤᠷᠭᠠᠭᠤᠯᠢ ᠳᠤ ᠣᠷᠣᠬᠤ ᠳᠤ ᠵᠣᠬᠢᠴᠠᠬᠤ

 ᠬᠥᠮᠦᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠬᠠᠮᠵᠢᠯᠴᠠᠭᠰᠠᠨ

ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠂ ᠬᠢᠴᠢᠶᠡᠯ᠂ ᠵᠢᠭᠠᠨ ᠰᠤᠷᠭᠠᠯᠲᠠ᠂ ᠬᠠᠮᠢᠶᠠᠷᠤᠯᠲᠠ ᠪᠠ

ᠵᠢᠭᠠᠬᠤ ᠶᠢ ᠰᠤᠳᠤᠯᠬᠤ ᠵᠡᠷᠭᠡ ᠲᠠᠯ᠎ᠠ ᠶᠢᠨ ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠨ᠎ᠠ᠃

     ︵ᠭᠤᠷᠪᠠ︶ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠣᠭᠲᠠᠴᠠ ᠶᠢ ᠪᠥᠷᠢᠨ ᠭᠦᠢᠴᠡᠳ ᠪᠣᠯᠭᠠᠨ᠎ᠠ᠃

ᠲᠤᠰ ᠭᠠᠵᠠᠷ ᠣᠷᠣᠨ ᠤ ᠪᠠᠨ ᠦᠢᠯᠡᠳᠦᠯᠭᠡ ᠶᠢᠨ ᠲᠤᠷᠰᠢᠯᠭ᠎ᠠ ᠶᠢᠨ ᠦᠷ᠎ᠡ ᠪᠦᠲᠦᠭᠡᠯ ᠢ ᠰᠢᠰᠲ᠋ᠧᠮᠲᠡᠢ ᠳ᠋ᠦᠩᠨᠡᠭᠰᠡᠨ

ᠰᠠᠭᠤᠷᠢᠨ ᠳᠡᠭᠡᠷ᠎ᠡ᠂ ᠣᠷᠣᠨ ᠨᠤᠲᠤᠭ ᠤᠨ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ

ᠮᠥᠴᠢᠷ ᠤᠨ ᠬᠢᠨ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠲᠥᠷᠥ ᠶᠢᠨ ᠪᠣᠳᠣᠯᠭ᠎ᠠ ᠶᠢᠨ

ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ ᠪᠥᠷᠢᠨ ᠭᠦᠢᠴᠡᠳ ᠪᠣᠯᠭᠠᠵᠤ᠂ ᠬᠡᠤᠬᠡᠳ ᠤᠨ

ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠭᠦᠨᠵᠡᠭᠡᠶ ᠬᠠᠮᠲᠤᠷᠠᠯᠴᠠᠭ᠎ᠠ ᠶᠢ ᠴᠢᠩᠭᠠᠳᠬᠠᠵᠤ᠂ ᠰᠤᠷᠭᠠᠭᠤᠯᠢ ᠳᠤ

ᠣᠷᠣᠬᠤ ᠪᠡᠯᠡᠳᠬᠡᠯ ᠪᠠ ᠰᠤᠷᠭᠠᠭᠤᠯᠢ ᠳᠤ ᠣᠷᠣᠬᠤ ᠳᠤ ᠵᠣᠬᠢᠴᠠᠬᠤ ᠬᠥᠮᠥᠵᠢᠯ ᠤᠨ ᠰᠢᠨᠵᠢᠯᠡᠬᠦ ᠤᠬᠠᠭᠠᠨᠴᠢ ᠴᠢᠨᠠᠷ

ᠪᠠ ᠬᠦᠴᠦᠨ ᠪᠦᠬᠦᠢ ᠴᠢᠨᠠᠷ᠂ ᠠᠰᠢᠭᠲᠤ ᠴᠢᠨᠠᠷ ᠶᠢ ᠳᠡᠭᠡᠭᠰᠢᠯᠡᠭᠦᠯᠵᠦ᠂ ᠬᠠᠮᠲᠤᠷᠠᠭᠰᠠᠨ ᠵᠢᠭᠠᠬᠤ ᠶᠢ ᠰᠤᠳᠤᠯᠬᠤ

ᠲᠦᠷᠢᠮ ᠢ ᠲᠡᠭᠦᠯᠳᠡᠷᠵᠢᠭᠦᠯᠦᠨ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠬᠡᠦᠬᠡᠳ ᠤᠨ

ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠪᠠᠭᠰᠢ ᠶᠢᠨ ᠦᠢᠯᠡᠳᠦᠯᠭᠡ ᠶᠢᠨ ᠶᠠᠪᠤᠴᠠ ᠳᠠᠬᠢ ᠲᠥᠭᠡᠷᠢᠭᠳᠡᠯ

ᠪᠠ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠵᠦ᠂ 2023 ᠣᠨ ᠤ ᠵᠢᠯ ᠤᠨ ᠡᠴᠦᠰ ᠠᠴᠠ

ᠡᠮᠦᠨ᠎ᠡ ᠪᠡᠶᠡᠯᠡᠭᠦᠯᠦᠨ᠎ᠡ᠃

     ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ

      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠡᠦᠬᠡᠳ ᠤᠨ

ᠴᠡᠴᠡᠷᠯᠢᠭ ᠪᠠ ᠪᠠᠭ᠎ᠠ ᠶᠢ ᠵᠣᠯᠭᠠᠭᠤᠯᠬᠤ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠤᠨ᠎ᠠ᠂ ᠡᠯ᠎ᠡ

ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠬᠡᠦᠬᠡᠳ ᠤᠨ ᠴᠡᠴᠡᠷᠯᠢᠭ ᠪᠠ ᠰᠤᠷᠭᠠᠭᠤᠯᠢ ᠶᠢ

ᠵᠣᠯᠭᠠᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠣᠰ ᠭᠠᠵᠠᠷ

ᠣᠷᠣᠨ ᠤ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ ᠵᠣᠯᠭᠠᠭᠤᠯᠬᠤ ᠪᠣᠳᠠᠲᠠᠶ

ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ

ᠵᠣᠯᠭᠠᠭᠤᠯᠬᠤ ᠠᠵᠢᠯ ᠢ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠴᠢᠬᠤᠯᠠ

ᠠᠭᠤᠯᠭ᠎ᠠ ᠳᠤ ᠪᠠᠨ ᠦᠨᠡᠨ ᠬᠦ ᠣᠷᠣᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂

ᠵᠠᠷᠤᠳᠠᠯ ᠤᠨ ᠳᠡᠮᠵᠢᠯᠭᠡ ᠶᠢ ᠬᠠᠩᠭᠠᠵᠤ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠠᠵᠢᠯ

 ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃

     ︵ᠬᠤᠶᠠᠷ︶ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠲᠤᠷᠰᠢᠯᠲᠠ ᠶᠢᠨ

ᠣᠷᠣᠨ ᠢ ᠪᠠᠶᠢᠭᠤᠯᠤᠨ᠎ᠠ᠃ ᠡᠯ᠎ᠡ ᠮᠤᠵᠢ ︵ᠣᠷᠣᠨ᠂ ᠬᠤᠲᠠ︶ ᠨᠢ ᠰᠢᠶᠠᠨ ︵ᠲᠣᠭᠤᠷᠢᠭ︶ ᠢᠶᠠᠷ ᠨᠢᠭᠡᠴᠢ ᠪᠣᠯᠭᠠᠨ ᠨᠢᠭᠡ

ᠪᠦᠯᠦᠭ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠲᠤᠷᠰᠢᠯᠲᠠ ᠶᠢᠨ ᠣᠷᠣᠨ ᠢ

ᠪᠠᠶᠢᠭᠤᠯᠵᠤ᠂ ᠨᠢᠭᠡ ᠪᠦᠯᠦᠭ ᠲᠤᠷᠰᠢᠯᠲᠠ ᠶᠢᠨ ᠴᠡᠭ ᠪᠣᠯᠬᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠢ

ᠰᠣᠩᠭᠤᠨ ᠲᠣᠭᠲᠠᠭᠠᠵᠤ᠂ ᠤᠷᠢᠳ ᠢᠶᠠᠷ ᠲᠤᠷᠰᠢᠯᠲᠠ ᠬᠢᠵᠦ᠂ ᠱᠠᠲᠤ ᠬᠤᠪᠢᠶᠠᠨ ᠠᠬᠢᠭᠤᠯᠬᠤ ᠬᠡᠷᠡᠭᠲᠡᠶ᠃

ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠮᠤᠵᠢ ᠶᠢᠨ

ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠵᠤ᠂ ᠬᠡᠦᠬᠡᠳ ᠤᠨ ᠬᠥᠭᠵᠢᠯᠲᠡ ᠶᠢᠨ ᠰᠤᠳᠤᠯᠭᠠᠨ ᠤ

ᠰᠠᠭᠤᠷᠢ ᠲᠠᠢ᠂ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠ ᠠᠯᠪᠠᠨ ᠵᠢᠷᠤᠮ ᠤᠨ

ᠰᠤᠷᠭᠠᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠭ᠎ᠠ ᠲᠠᠢ ᠲᠤᠰᠬᠠᠶ

ᠮᠡᠷᠭᠡᠵᠢᠯᠲᠡᠨ ᠢ ᠰᠣᠩᠭᠤᠵᠤ᠂ ᠰᠢᠶᠠᠨ ᠤ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ

ᠮᠥᠴᠢᠷ ᠢ ᠵᠢᠯᠣᠭᠤᠳᠤᠨ ᠪᠣᠳᠠᠲᠠᠶ ᠲᠤᠷᠰᠢᠯᠲᠠ ᠶᠢᠨ ᠲᠥᠰᠦᠯ ᠢ ᠰᠠᠶᠢᠲᠤᠷ ᠳᠣᠭᠲᠠᠭᠠᠵᠤ᠂ ᠳᠤᠷᠰᠢᠯᠲᠠ ᠶᠢᠨ ᠴᠡᠭ

ᠪᠣᠯᠬᠤ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠳᠤ ᠳᠤᠰᠬᠠᠢ ᠮᠡᠷᠭᠡᠵᠢᠯ ᠤᠨ ᠵᠢᠯᠣᠭᠤᠳᠤᠯᠭ᠎ᠠ ᠶᠢ

ᠬᠠᠩᠭᠠᠨ᠎ᠠ᠃

     ︵ᠭᠤᠷᠪᠠ︶ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠵᠠᠰᠠᠭ

ᠵᠠᠬᠢᠷᠭᠠᠨ ᠤ ᠰᠠᠯᠠᠭ᠎ᠠ ᠮᠥᠴᠢᠷ ᠤᠨ ᠬᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠤᠰᠬᠠᠶ

ᠮᠡᠷᠭᠡᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠤᠷᠭᠠᠨ ᠬᠥᠮᠦᠵᠢᠯ ᠤᠨ ᠵᠢᠭᠠᠬᠤ ᠦᠢᠯᠡᠳᠦᠯᠭᠡ᠂

ᠪᠠᠭᠰᠢ ᠶᠢᠨ ᠲᠤᠰᠬᠠᠶ ᠮᠡᠷᠭᠡᠵᠢᠯ ᠤᠨ ᠪᠤᠶᠢᠵᠢᠯᠲᠠ ᠶᠢ ᠠᠬᠢᠭᠤᠯᠬᠤ ᠵᠡᠷᠭᠡ ᠲᠠᠯ᠎ᠠ ᠪᠠᠷ ᠬᠢ ᠵᠢᠭᠠᠬᠤ ᠶᠢ ᠰᠤᠳᠤᠯᠬᠤ

ᠰᠠᠯᠠᠭ᠎ᠠ ᠮᠥᠴᠢᠷ ᠪᠣᠯᠤᠨ ᠲᠤᠰᠬᠠᠶ ᠮᠡᠷᠭᠡᠵᠢᠯᠲᠡᠳ ᠤᠨ ᠦᠢᠯᠡᠳᠦᠯ ᠢ ᠪᠠᠳᠠᠷᠠᠭᠤᠯᠵᠤ᠂ ᠬᠡᠦᠬᠡᠳ ᠤᠨ ᠴᠡᠴᠡᠷᠯᠢᠭ ᠪᠠ

ᠪᠠᠭ᠎ᠠ ᠰᠤᠷᠭᠠᠭᠤᠯᠢ ᠶᠢ ᠵᠣᠯᠭᠠᠭᠤᠯᠬᠤ ᠰᠢᠨᠵᠢᠯᠡᠬᠦ ᠤᠬᠠᠭᠠᠨ ᠤ ᠰᠣᠳᠤᠯᠭᠠᠨ ᠢ ᠴᠢᠩᠭᠠᠳᠬᠠᠬᠤ ᠬᠡᠷᠡᠭᠲᠡᠶ᠃

ᠰᠢᠨᠵᠢᠯᠡᠬᠦ ᠤᠬᠠᠭᠠᠨᠴᠢ ᠪᠠᠷ ᠦᠨᠡᠯᠡᠬᠦ ᠲᠣᠭᠲᠠᠴᠠ ᠶᠢ ᠪᠦᠷᠢᠳᠦᠭᠦᠯᠵᠦ᠂ ᠰᠤᠷᠭᠠᠭᠤᠯᠢ ᠳᠤ ᠣᠷᠣᠬᠤ ᠪᠡᠯᠡᠳᠬᠡᠯ ᠪᠠ

ᠰᠤᠷᠭᠠᠭᠤᠯᠢ ᠳᠤ ᠣᠷᠣᠬᠤ ᠳᠤ ᠵᠣᠬᠢᠴᠠᠬᠤ ᠶᠢ ᠬᠡᠤᠬᠡᠳ ᠤᠨ ᠴᠡᠴᠡᠷᠯᠢᠭ ᠪᠠ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠨ ᠵᠢᠱᠢᠬᠦ ᠴᠢᠬᠤᠯᠠ ᠠᠭᠤᠯᠭ᠎ᠠ ᠳᠤ ᠣᠷᠣᠭᠤᠯᠵᠤ᠂ ᠲᠣᠪᠤᠶᠢᠮ᠎ᠠ

ᠠᠮᠵᠢᠯᠲᠠ ᠪᠦᠲᠦᠮᠵᠢ ᠲᠠᠢ ᠰᠤᠷᠭᠠᠭᠤᠯᠢ ᠪᠠ ᠪᠠᠭᠰᠢ ᠶᠢ ᠬᠥᠬᠢᠭᠦᠯᠦᠨ ᠱᠠᠩᠨᠠᠬᠤ ᠶᠢᠨ ᠬᠠᠮᠲᠤ᠂ ᠰᠤᠷᠭᠠᠭᠤᠯᠢ ᠶᠢᠨ

ᠰᠢᠯᠢᠳᠡᠭ ᠢ ᠰᠢᠯᠭᠠᠷᠠᠭᠤᠯᠤᠨ ᠲᠡᠷᠢᠭᠦᠨ ᠢ ᠰᠢᠯᠭᠠᠷᠠᠭᠤᠯᠬᠤ ᠪᠠ ᠪᠠᠭᠰᠢ ᠶᠢᠨ ᠮᠡᠷᠭᠡᠵᠢᠯ ᠤᠨ ᠴᠣᠯᠠ ᠳᠡᠪᠰᠢᠭᠦᠯᠬᠦ ᠶᠢᠨ

ᠴᠢᠬᠤᠯᠠ ᠦᠨᠳᠦᠰᠦᠯᠡᠯ ᠪᠣᠯᠭᠠᠨ᠎ᠠ᠃

     ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ

ᠨᠡᠶᠢᠭᠡᠮ ᠤᠨ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠦᠨ᠂ ᠤᠯᠠᠨ ᠵᠦᠢᠯ ᠤᠨ ᠵᠠᠭᠤᠴᠢᠯᠠᠭᠤᠷ ᠢ ᠠᠰᠢᠭᠯᠠᠨ

ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ

ᠬᠢᠬᠦ ᠶᠢᠨ ᠴᠢᠬᠤᠯᠠ ᠠᠴᠢ ᠬᠤᠯᠪᠣᠭᠳᠠᠯ ᠪᠠ ᠪᠦᠲᠦᠮᠵᠢᠲᠡᠶ ᠠᠷᠭ᠎ᠠ ᠵᠠᠮ ᠢ ᠤᠬᠠᠭᠤᠯᠵᠤ᠂ ᠨᠡᠶᠢᠲᠡᠯᠢᠭ ᠭᠡᠷᠡᠭ ᠤᠨ

ᠵᠢᠱᠢᠶ᠎ᠡ ᠵᠢᠴᠢ ᠲᠤᠷᠰᠢᠯᠭ᠎ᠠ ᠪᠠ ᠠᠷᠭ᠎ᠠ ᠶᠢ ᠴᠠᠭ ᠲᠤᠬᠠᠶ ᠳᠤ ᠨᠢ ᠳ᠋ᠦᠩᠨᠡᠨ ᠳᠡᠯᠭᠡᠷᠡᠭᠦᠯᠵᠦ᠂ ᠰᠢᠨᠵᠢᠯᠡᠬᠦ ᠤᠬᠠᠭᠠᠨᠴᠢ

 ᠵᠢᠯᠣᠭᠤᠳᠤᠮᠵᠢ ᠶᠢ ᠪᠤᠢ ᠪᠣᠯᠭᠠᠨ᠂ ᠭᠡᠷ ᠤᠨ ᠠᠬᠠᠮᠠᠳ ᠢ ᠬᠥᠲᠥᠯᠥᠨ ᠵᠢᠯᠣᠭᠤᠳᠴᠤ ᠬᠡᠦᠬᠡᠳ ᠤᠨ ᠪᠡᠶ᠎ᠡ

ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ

ᠬᠤᠷᠢᠭᠯᠠᠵᠤ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠠᠵᠢᠯ ᠢ ᠳᠡᠮᠵᠢᠬᠦ ᠪᠠ

ᠣᠷᠣᠯᠴᠠᠭᠤᠯᠤᠨ᠂ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃

     ᠳᠠᠭᠠᠯᠳᠤᠭᠤᠯᠤᠯ᠄

    1. ᠬᠡᠤᠬᠡᠳ ᠤᠨ ᠴᠡᠴᠡᠷᠯᠢᠭ ᠲᠤ ᠣᠷᠣᠬᠤ ᠪᠡᠯᠡᠳᠬᠡᠯ ᠬᠥᠮᠦᠵᠢᠯ ᠢ ᠵᠢᠯᠣᠭᠤᠳᠬᠤ ᠭᠤᠤᠯᠳᠠᠯᠭ᠎ᠠ

    2. ᠪᠠᠭ᠎ᠠ ᠰᠤᠷᠭᠠᠭᠤᠯᠢ ᠳᠤ ᠣᠷᠣᠬᠤ ᠳᠤ ᠵᠣᠬᠢᠴᠠᠬᠤ ᠬᠥᠮᠦᠵᠢᠯ ᠢ ᠵᠢᠯᠣᠭᠤᠳᠬᠤ ᠭᠤᠣᠯᠳᠠᠯᠭ᠎ᠠ

                    ᠰᠤᠷᠭᠠᠨ ᠬᠦᠮᠤᠵᠢᠯ ᠤᠨ ᠶᠠᠮᠤᠨ

                    2021 ᠣᠨ ᠤ 3 ᠰᠠᠷ᠎ᠠ ᠶᠢᠨ 30

    ᠵᠡᠭᠦᠨ ᠳᠣᠣᠷ᠎ᠠ ᠥᠨᠴᠥᠭ ᠤᠨ ︽ᠤᠭ ᠵᠣᠬᠢᠶᠠᠯ ᠢ ᠤᠩᠰᠢᠬᠤ︾ ᠶᠢ ᠳᠣᠪᠴᠢᠳᠠᠵᠤ ᠳᠠᠭᠠᠯᠳᠤᠭᠤᠯᠤᠯ ᠢ

ᠦᠵᠡᠭᠡᠷᠡᠢ᠄

    1. ᠬᠡᠤᠬᠡᠳ ᠤᠨ ᠴᠡᠴᠡᠷᠯᠢᠭ ᠲᠤ ᠣᠷᠣᠬᠤ ᠪᠡᠯᠡᠳᠬᠡᠯ ᠬᠥᠮᠦᠵᠢᠯ ᠢ ᠵᠢᠯᠣᠭᠤᠳᠬᠤ ᠭᠤᠤᠯᠳᠠᠯᠭ᠎ᠠ

    2.  ᠪᠠᠭ᠎ᠠ ᠰᠤᠷᠭᠠᠭᠤᠯᠢ ᠳᠤ ᠣᠷᠣᠬᠤ ᠳᠤ ᠵᠣᠬᠢᠴᠠᠬᠤ ᠬᠥᠮᠦᠵᠢᠯ ᠢ ᠵᠢᠯᠣᠭᠤᠳᠬᠤ ᠭᠤᠣᠯᠳᠠᠯᠭ᠎ᠠ

   

                      ᠤᠭ ᠵᠣᠬᠢᠶᠠᠯ ᠢ ᠤᠩᠰᠢᠬᠤ              

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号