| ᠰᠤᠷᠤᠬᠴᠢ A | ᠨᠠᠶᠢᠷᠠᠭᠤᠯᠤᠭᠴᠢ ᠡ᠂ ᠪᠢ ᠤᠳᠠᠯ ᠦᠭᠡᠢ ᠲᠡᠭᠦᠰᠦᠨ᠎ᠡ ᠭᠡᠵᠦ ᠪᠠᠶᠢᠨ᠎ᠠ᠂ ᠠᠵᠢᠯ ᠤᠯᠬᠤ ᠲᠤᠬᠠᠢ ᠵᠣᠪᠠᠨᠢᠵᠤ | ᠪᠠᠶᠢᠬᠤ ᠪᠣᠯᠬᠤᠷ ᠶᠠᠭᠠᠬᠢᠪᠠᠯ ᠲᠠᠭᠠᠷᠠᠬᠤ ᠪᠤᠢ︖ | ᠨᠠᠶᠢᠷᠠᠭᠤᠯᠤᠭᠴᠢ ᠶᠢᠨ ᠬᠠᠷᠢᠭᠤᠯᠲᠠ | ᠪᠢᠲᠡᠭᠡᠶ ᠵᠣᠪᠠᠭᠠᠷᠠᠢ︕ ᠣᠷᠣᠨ ᠤ ᠲᠥᠪ ᠤᠨ ︽ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ᠂ ᠠᠵᠢᠯ | ᠣᠯᠭᠤᠯᠲᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠪᠡᠶᠡᠯᠡᠭᠦᠯᠵᠦ᠂ ᠳᠡᠭᠡᠳᠦ ᠰᠤᠷᠭᠠᠭᠤᠯᠢ | ᠲᠡᠭᠦᠰᠬᠦ ᠰᠤᠷᠤᠭᠴᠢ ᠶᠢᠨ ᠠᠵᠢᠯ ᠣᠯᠭᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ︽ᠠᠷᠪᠠᠨ ᠲᠦᠮᠡᠨ | ᠣᠶᠤᠲᠠᠨ ᠢ ᠬᠥᠬᠡᠬᠤᠲᠠ ᠳᠤ ᠦᠯᠡᠳᠡᠭᠡᠬᠦ ᠲᠥᠯᠥᠪᠯᠡᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠯ᠎ᠡ | ᠲᠥᠷᠥᠯ ᠤᠨ ᠬᠥᠮᠦᠨ ᠬᠡᠷᠡᠭᠯᠡᠬᠦ ᠨᠢᠭᠡᠴᠢ ᠶᠢᠨ ᠤᠷᠢᠬᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ | ᠣᠷᠣᠨ ᠤ ᠲᠥᠪ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠦᠴᠦᠲᠡᠶ ᠠᠬᠢᠭᠤᠯᠬᠤ ᠶᠢᠨ ᠲᠥᠯᠦᠭᠡ᠂ ᠮᠠᠨ ᠤ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠲᠠᠢ ᠬᠠᠮᠲᠤᠷᠠᠨ 2021 ᠣᠨ ᠤ ︽ᠬᠥᠬᠡᠬᠤᠲᠠ ᠳᠤ ᠠᠵᠢᠯ ᠣᠯᠵᠤ᠂ ᠢᠷᠡᠭᠡᠳᠦᠶ ᠪᠠᠨ ᠴᠣᠭᠴᠠᠯᠠᠶ᠎ᠠ︾ | ᠭᠡᠬᠦ ᠣᠷᠣᠨ ᠪᠠ ᠬᠤᠲᠠ ᠬᠤᠯᠪᠣᠭᠠᠯᠠᠨ ᠬᠥᠳᠡᠯᠦᠯᠴᠡᠭᠰᠡᠨ ᠳᠡᠭᠡᠳᠦ ᠰᠤᠷᠭᠠᠭᠤᠯᠢ ᠲᠡᠭᠦᠰᠬᠦ ᠰᠤᠷᠤᠭᠴᠢ ᠶᠢᠨ | ᠰᠤᠷᠭᠠᠭᠤᠯᠢ ᠶᠢᠨ ᠬᠦᠷᠢᠶᠡᠨ ᠳᠤ ᠤᠷᠢᠬᠤ ᠠᠵᠢᠯᠯᠠᠭ᠎ᠠ ᠶᠢ ᠬᠠᠮᠲᠤ ᠪᠠᠷ ᠥᠷᠨᠢᠭᠦᠯᠵᠦ᠂ ᠣᠯᠠᠨ ᠲᠥᠷᠥᠯ ᠤᠨ | ᠰᠢᠯᠢᠳᠡᠭ ᠠᠵᠢᠯ ᠤᠨ ᠪᠠᠶᠢᠷᠢ ᠠᠴᠠ ᠳᠤᠷᠠᠲᠠᠢ ᠪᠠᠨ ᠰᠣᠩᠭᠤᠵᠤ ᠪᠣᠯᠤᠨ᠎ᠠ︕ | | | ᠰᠤᠷᠤᠭᠴᠢ B | ᠡᠨᠡ ᠤᠳᠠᠭᠠᠨ ᠤ ᠠᠵᠢᠯ ᠣᠯᠭᠤᠯᠲᠠ ᠶᠢᠨ ᠤᠷᠢᠬᠤ ᠴᠤᠭᠯᠠᠭᠠᠨ ᠢ ᠶᠠᠮᠠᠷ ᠬᠡᠯᠪᠡᠷᠢ ᠪᠠᠷ ᠥᠷᠨᠢᠭᠦᠯᠬᠦ | ᠪᠣᠢ︖ | ᠨᠠᠶᠢᠷᠠᠭᠤᠯᠤᠭᠴᠢ ᠶᠢᠨ ᠬᠠᠷᠢᠭᠤᠯᠲᠠ | ᠡᠨᠡ ᠤᠳᠠᠭᠠᠨ ᠤ ᠤᠷᠢᠬᠤ ᠴᠤᠭᠯᠠᠭᠠᠨ ᠢ ᠰᠦᠯᠵᠢᠶᠡᠨ ᠤ ᠪᠠ ᠰᠦᠯᠵᠢᠶᠡᠨ ᠭᠠᠳᠠᠨᠠᠬᠢ ᠬᠡᠯᠪᠡᠷᠢ ᠪᠠᠷ ᠵᠡᠷᠭᠡ | ᠳᠤ ᠨᠢ ᠶᠠᠪᠤᠭᠳᠠᠭᠤᠯᠤᠨ᠎ᠠ᠃ ᠰᠤᠷᠭᠠᠨ ᠬᠥᠮᠦᠵᠢᠯ ᠤᠨ ᠲᠢᠩᠬᠢᠮ ᠤᠨ ︽ᠤᠮᠠᠷᠠᠲᠤ ᠶᠢᠨ ᠠᠵᠢᠯ ᠣᠯᠭᠤᠯᠲᠠ ᠶᠢᠨ | ᠰᠦᠯᠵᠢᠶ᠎ᠡ︾ ᠶᠢ ᠠᠰᠢᠭᠯᠠᠨ ᠬᠥᠬᠡᠬᠤᠲᠠ ᠳᠤ ᠤᠷᠢᠬᠤ ᠲᠤᠰᠬᠠᠶ ᠣᠷᠣᠨ ᠢ ᠡᠷᠬᠢᠯᠡᠵᠦ᠂ ᠰᠦᠯᠵᠢᠶ᠎ᠡ ᠪᠠᠷ ᠤᠷᠢᠬᠤ | ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠬᠥᠮᠦᠨ ᠬᠡᠷᠡᠭᠯᠡᠬᠦ ᠨᠢᠭᠡᠴᠢ ᠶᠢ ᠵᠣᠬᠢᠶᠠᠨ ᠪᠠᠶᠢᠭᠤᠯᠤᠨ ᠰᠢᠭᠤᠳ | ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠤ ᠳᠠᠭᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠡᠭᠦᠨ ᠤ ᠬᠠᠮᠲᠤ | ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠥᠬᠡᠬᠤᠲᠠ ᠳᠤ ᠰᠠᠭᠤᠭ᠎ᠠ | ᠳᠡᠭᠡᠳᠦ ᠰᠤᠷᠭᠠᠭᠤᠯᠢ ᠶᠢᠨ ᠲᠤᠰᠬᠠᠶ ᠤᠷᠢᠬᠤ ᠴᠤᠭᠯᠠᠭᠠᠨ ᠲᠠᠢ ᠬᠤᠯᠪᠤᠭᠠᠯᠠᠨ ᠵᠡᠷᠭᠡ ᠳᠤ ᠨᠢ ᠪᠤᠶᠤ ᠳᠤᠰᠠᠭᠠᠷ | ᠦᠪᠦᠷ ᠮᠤᠩᠭᠤᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠦᠪᠦᠷ | ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ᠂ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ᠂ ᠦᠪᠦᠷ ᠮᠤᠩᠭᠤᠯ | ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠦᠪᠦᠷ ᠮᠤᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠦᠪᠦᠷ ᠮᠤᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ᠂ ᠦᠪᠦᠷ ᠮᠤᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠬᠦᠬᠡᠬᠤᠳᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠰᠤᠷᠭᠠᠭᠤᠯᠢ ᠳᠤ 10 | ᠳᠤᠰᠬᠠᠢ ᠤᠷᠢᠬᠤ ᠲᠠᠯᠠᠪᠠᠢ ᠶᠢ ᠲᠣᠬᠢᠷᠠᠭᠤᠯᠬᠤ ᠪᠠᠷ ᠪᠠᠶᠢᠨ᠎ᠠ᠃ | | | ᠰᠤᠷᠤᠬᠴᠢ C | ᠡᠨᠡ ᠤᠳᠠᠭᠠᠨ ᠤ ᠤᠷᠢᠬᠤ ᠠᠵᠢᠯ ᠬᠡᠳᠦᠶ ᠤᠳᠠᠭᠠᠨ ᠦᠷᠭᠦᠯᠵᠢᠯᠡᠬᠦ ᠪᠤᠶ︖ | ᠨᠠᠶᠢᠷᠠᠭᠤᠯᠤᠭᠴᠢ ᠶᠢᠨ ᠬᠠᠷᠢᠭᠤᠯᠲᠠ | ᠠᠵᠢᠯᠯᠠᠭᠠᠨ ᠤ ᠴᠠᠭ ᠨᠢ 2021 ᠣᠨ ᠤ 4 ᠰᠠᠷ᠎ᠠ ᠶᠢᠨ 18 ᠤ ᠡᠳᠦᠷ ᠠᠴᠠ ᠡᠬᠢᠯᠡᠨ 6 ᠰᠠᠷ᠎ᠠ ᠶᠢᠨ | ᠰᠡᠭᠦᠯᠴᠢ ᠪᠣᠯᠲᠠᠯ᠎ᠠ ᠦᠷᠭᠦᠯᠵᠢᠯᠡᠵᠦ᠂ ᠳᠡᠭᠡᠳᠦ ᠰᠤᠷᠭᠠᠭᠤᠯᠢ ᠲᠡᠭᠦᠰᠬᠦ ᠰᠤᠷᠤᠭᠴᠢ ᠶᠢ ᠰᠢᠭᠤᠳ ᠨᠡᠪᠲᠡᠷᠡᠭᠦᠯᠭᠡ ᠪᠠᠷ | ᠠᠵᠢᠯ ᠤᠨ ᠪᠠᠶᠢᠷᠢ ᠳᠤ ᠳᠠᠭᠠᠭᠤᠯᠬᠤ ᠠᠵᠢᠯᠯᠠᠭ᠎ᠠ 4 ᠰᠠᠷ᠎ᠠ ᠶᠢᠨ 18 ᠤ ᠡᠳᠦᠷ ᠤᠨ 09᠄ 00 ᠴᠠᠭ ᠲᠤ | ᠵᠢᠩᠬᠢᠨᠢ ᠪᠠᠷ ᠡᠬᠢᠯᠡᠨ᠎ᠡ᠂ ᠲᠠᠨ ᠤ ᠰᠢᠯᠢᠳᠡᠭ ᠲᠣᠪᠴᠢ ᠨᠠᠮᠲᠠᠷ ᠢ ᠬᠦᠯᠢᠶᠡᠵᠦ ᠪᠠᠶᠢᠨ᠎ᠠ︕ | | | ᠰᠤᠷᠤᠭᠴᠢ D | ᠡᠨᠡ ᠤᠳᠠᠭᠠᠨ ᠤ ᠤᠷᠢᠬᠤ ᠴᠤᠭᠯᠠᠭᠠᠨ ᠳᠤ ︽ᠣᠨᠴᠠᠭᠠᠶ︾ ᠲᠠᠯ᠎ᠠ ᠪᠠᠶᠢᠨ᠎ᠠ ᠤᠤ︖ | ᠨᠠᠶᠢᠷᠠᠭᠤᠯᠤᠭᠴᠢ ᠶᠢᠨ ᠬᠠᠷᠢᠭᠤᠯᠲᠠ | ᠶᠠᠷᠢᠶᠠᠨ ᠦᠭᠡᠢ ᠪᠠᠶᠢᠨ᠎ᠠ︕ ᠡᠯ᠎ᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠵᠦ ᠠᠵᠢᠯ ᠣᠯᠭᠤᠬᠤ | ᠭᠠᠵᠠᠷ ᠤᠨ ᠬᠠᠷᠢᠭᠤᠴᠠᠯᠭᠠᠲᠠᠨ ᠠᠵᠢᠯ ᠣᠯᠭᠤᠬᠤ ᠲᠤᠰᠠᠯᠠᠭᠴᠢ ᠶᠢᠨ ᠲᠤᠰᠢᠶᠠᠯ ᠢ ᠡᠭᠦᠷᠭᠡᠯᠡᠵᠦ᠂ ᠰᠤᠷᠤᠭᠴᠢᠳ ᠲᠤ | ᠬᠠᠮᠤᠭ ᠤᠨ ᠶᠡᠭᠡ ᠡᠷᠴᠢᠮ ᠢᠶᠠᠷ ᠠᠵᠢᠯ ᠣᠯᠭᠤᠯᠲᠠ ᠶᠢᠨ ᠠᠰᠠᠷᠠᠮᠵᠢ ᠶᠢ ᠭᠦᠷᠲᠡᠭᠡᠵᠦ᠂ ᠴᠢᠨᠠᠷᠯᠢᠭ ᠠᠵᠤ | ᠠᠬᠤᠶᠢᠯᠠᠯ ᠤᠨ HR ᠠᠵᠢᠯ ᠤᠨ ᠪᠠᠶᠢᠷᠢ ᠳᠤ ᠲᠠᠨᠢᠯᠴᠠᠭᠤᠯᠬᠤ ᠲᠤᠰᠢᠶᠠᠯᠲᠠᠨ ᠠᠴᠠ ᠴᠢᠨᠠᠷᠯᠢᠭ ᠠᠵᠢᠯ ᠤᠨ ᠪᠠᠶᠢᠷᠢ | ᠶᠢ ᠲᠠᠨᠢᠯᠴᠠᠭᠤᠯᠤᠨ᠎ᠠ᠃ ᠡᠯ᠎ᠡ ᠳᠡᠭᠡᠳᠦ ᠰᠤᠷᠭᠠᠭᠤᠯᠢ ᠲᠡᠭᠦᠰᠬᠦ ᠰᠤᠷᠤᠭᠴᠢ ᠶᠢᠨ ᠲᠤᠰᠬᠠᠶ ᠮᠡᠷᠭᠡᠵᠢᠯ ᠤᠨ ᠣᠨᠴᠠᠯᠢᠭ | ᠲᠤ ᠴᠢᠭᠯᠡᠭᠦᠯᠦᠨ᠂ ᠬᠥᠮᠦᠨ ᠬᠡᠷᠡᠭᠯᠡᠬᠦ ᠨᠢᠭᠡᠴᠢ ᠶᠢᠨ ᠤᠷᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠵᠤ᠂ ᠤᠷᠢᠬᠤ ᠴᠤᠭᠯᠠᠭᠠᠨ ᠪᠣᠯᠭᠠᠨ ᠳᠤ ᠨᠠᠭᠠᠳᠤ ᠵᠠᠬ᠎ᠠ ᠳᠤ ᠪᠠᠨ 100 ᠤᠷᠢᠨ ᠬᠡᠷᠡᠭᠯᠡᠬᠦ ᠨᠢᠭᠡᠴᠢ ᠶᠢ | ᠣᠷᠣᠭᠤᠯᠤᠨ ᠬᠠᠨᠳᠤᠯᠭᠠᠲᠠᠢ ᠪᠠᠷ ᠲᠣᠬᠢᠷᠠᠭᠤᠯᠵᠤ᠂ ᠰᠢᠯᠢᠳᠡᠭ ᠠᠵᠢᠯ ᠲᠠᠨ ᠤ ᠰᠣᠩᠭᠤᠬᠤ ᠶᠢ ᠬᠦᠯᠢᠶᠡᠵᠦ ᠪᠠᠶᠢᠨ᠎ᠠ︕ | | | | | | | | ᠲᠡᠭᠦᠰᠬᠡᠯ ᠤᠨ ᠦᠭᠡ | ᠲᠤᠰ ᠤᠳᠠᠭᠠᠨ ᠤ ︽ᠬᠥᠬᠡᠬᠤᠲᠠ ᠳᠤ ᠠᠵᠢᠯ ᠣᠯᠵᠤ᠂ ᠢᠷᠡᠭᠡᠳᠦᠶ ᠪᠠᠨ ᠴᠣᠭᠴᠠᠯᠠᠶ᠎ᠠ︾ ᠭᠡᠬᠦ ᠤᠷᠢᠬᠤ | ᠠᠵᠢᠯᠯᠠᠭ᠎ᠠ ᠨᠢ ᠣᠷᠣᠨ ᠤ ᠲᠥᠪ ᠤᠨ ᠳᠡᠭᠡᠳᠦ ᠰᠤᠷᠭᠠᠭᠤᠯᠢ ᠲᠡᠭᠦᠰᠬᠦ ᠴᠢᠳᠠᠪᠤᠷᠢᠲᠠᠨ ᠤ ᠴᠤᠭᠯᠠᠷᠠᠯ ᠤᠨ | ᠳᠠᠪᠠᠭᠤᠯᠢᠭ ᠢ ᠭᠦᠢᠴᠡᠳ ᠠᠰᠢᠭᠯᠠᠵᠤ᠂ ᠬᠥᠬᠡᠬᠤᠲᠠ ᠶᠢᠨ ᠠᠵᠤ ᠦᠢᠯᠡᠰ ᠤᠨ ᠬᠥᠭᠵᠢᠯᠲᠡ ᠪᠠ ᠬᠥᠮᠦᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠳᠤ ᠳᠡᠭᠡᠳᠦ | ᠰᠤᠷᠭᠠᠭᠤᠯᠢ ᠲᠡᠭᠦᠰᠬᠦ ᠰᠤᠷᠤᠭᠴᠢ ᠶᠢᠨ ᠰᠤᠷᠭᠠᠭᠤᠯᠢ ᠶᠢᠨ ᠬᠦᠷᠢᠶᠡᠨ ᠤ ᠤᠷᠢᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠡᠯ᠎ᠡ ᠬᠥᠮᠦᠨ ᠬᠡᠷᠡᠭᠯᠡᠬᠦ ᠨᠢᠭᠡᠴᠢ ᠪᠠ ᠳᠡᠭᠡᠳᠦ ᠰᠤᠷᠭᠠᠭᠤᠯᠢ ᠲᠡᠭᠦᠰᠬᠦ ᠰᠤᠷᠤᠭᠴᠢ ᠶᠢᠨ | ᠬᠠᠩᠭᠠᠯᠭ᠎ᠠ ᠪᠠ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠲᠠᠪᠴᠠᠩ ᠢ ᠪᠠᠶᠢᠭᠤᠯᠤᠨ ᠥᠭᠴᠦ᠂ ᠨᠠᠩ | ᠣᠯᠠᠨ ᠳᠡᠭᠡᠳᠦ ᠰᠤᠷᠭᠠᠭᠤᠯᠢ ᠲᠡᠭᠦᠰᠬᠦ ᠰᠤᠷᠤᠭᠴᠢ ᠬᠥᠬᠡᠬᠤᠲᠠ ᠳᠤ ᠦᠯᠡᠳᠡᠵᠦ ᠠᠵᠢᠯ ᠣᠯᠵᠤ ᠦᠢᠯᠡᠰ | ᠪᠣᠰᠬᠠᠬᠤ ᠶᠢ ᠠᠬᠢᠭᠤᠯᠤᠨ᠎ᠠ᠃ | | |