| | ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠵᠦ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ᠃ | ︽5·4︾ ᠤ ᠵᠠᠯᠠᠭᠤᠴᠤᠳ ᠤᠨ ᠪᠠᠶᠠᠷ ᠤᠨ ᠲᠠᠰᠢᠷᠠᠮ ᠢᠶᠠᠷ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠪᠠᠭᠰᠢ | ᠰᠤᠷᠤᠭᠴᠢᠳ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠬᠡᠯᠪᠡᠷᠢ ᠪᠠᠷ ᠲᠤᠮᠳᠠᠳᠤ ᠤᠯᠤᠰ ᠤᠨ ᠡᠪ | ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ᠂ ᠦᠨᠳᠦᠰᠦᠲᠡᠨ ᠨᠦᠭᠦᠳ ᠤᠨ | ᠵᠠᠯᠠᠭᠤᠴᠤᠳ ᠤᠨ ᠬᠤᠪᠢᠰᠬᠠᠯᠲᠤ ᠤᠳᠤᠮᠰᠢᠯ ᠢ ᠤᠯᠠᠮᠵᠢᠯᠠᠨ ᠪᠠᠳᠠᠷᠠᠭᠤᠯᠬᠤ᠂ ᠤᠬ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠨᠠᠮ ᠢᠶᠠᠨ ᠡᠭᠦᠷᠢᠳᠡ ᠲᠠᠭᠠᠬᠤ ᠬᠠᠯᠠᠭᠤᠨ ᠰᠡᠳᠬᠢᠯᠭᠡ ᠶᠢ ᠭᠦᠨᠵᠡᠭᠡᠢ | ᠢᠯᠡᠳᠬᠡᠵᠡᠢ᠃ | | | ᠦᠪᠦᠷ ᠮᠤᠩᠭᠤᠯ ᠤᠨ ᠶᠡᠭᠡ ᠰᠤᠷᠭᠠᠭᠤᠯᠢ | | | | | | ᠦᠪᠦᠷ ᠮᠤᠩᠭᠤᠯ ᠤᠨ ᠶᠡᠭᠡ ᠰᠤᠷᠭᠠᠭᠤᠯᠢ ᠪᠣᠯ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠲᠥᠪ᠂ ᠲᠡᠤᠬᠡ ᠰᠣᠶᠣᠯ ᠤᠨ ᠨᠠᠷᠠᠲᠤ ᠬᠤᠲᠠ ᠬᠥᠬᠡᠬᠤᠲᠠ ᠳᠤ ᠪᠠᠶᠢᠷᠢᠯᠠᠵᠤ᠂ ᠪᠡᠭᠡᠵᠢᠩ ᠠᠴᠠ 400 ᠭᠠᠷᠤᠶ | ᠺᠢᠯᠣᠮᠧᠲᠷ ᠵᠠᠶᠢᠲᠠᠶ ᠶᠤᠮ᠂ ᠦᠪᠦᠷ ᠮᠤᠩᠭᠤᠯ ᠤᠨ ᠶᠡᠭᠡ ᠰᠤᠷᠭᠠᠭᠤᠯᠢ ᠪᠣᠯ ᠪᠦᠭᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠨᠠᠮ ᠪᠠ ᠤᠯᠤᠰ ᠠᠴᠠ ᠴᠥᠭᠡᠨ ᠲᠣᠭᠠᠲᠤ ᠦᠨᠳᠦᠰᠦᠲᠡᠨ ᠤ | ᠭᠠᠵᠠᠷ ᠣᠷᠣᠨ ᠳᠤ ᠪᠠᠶᠢᠭᠤᠯᠤᠭᠰᠠᠨ ᠠᠩᠬᠠᠳᠠᠭᠴᠢ ᠶᠡᠷᠦᠩᠬᠡᠶᠢᠯᠡᠭᠰᠡᠨ ᠶᠡᠭᠡ ᠰᠤᠷᠭᠠᠭᠤᠯᠢ ᠪᠣᠯᠤᠨ᠎ᠠ᠃ ᠲᠤᠰ | ᠰᠤᠷᠭᠠᠭᠤᠯᠢ ᠶᠢ 1957 ᠣᠨ ᠳᠤ ᠥᠨᠳᠦᠷ ᠲᠦᠪᠰᠢᠨ ᠢᠶᠠᠷ ᠪᠠᠶᠢᠭᠤᠯᠵᠤ᠂ ᠲᠤᠬᠠᠶ ᠶᠢᠨ ᠦᠶ᠎ᠡ ᠳᠤ ᠲᠥᠷᠦ ᠶᠢᠨ | ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠶᠢᠭᠰᠠᠨ | ᠤᠯᠠᠭᠠᠨᠬᠦᠦ ᠠᠩᠬᠠᠳᠠᠭᠴᠢ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠡᠭᠦᠷᠭᠡᠯᠡᠵᠦ᠂ ᠤᠤᠯ ᠤᠨ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠶᠠᠮᠤᠨ ᠤ ᠶᠡᠷᠦᠩᠬᠡᠶᠢᠯᠡᠭᠰᠡᠨ ᠶᠡᠭᠡ ᠰᠤᠷᠭᠠᠭᠤᠯᠢ ᠶᠢᠨ ᠵᠤᠷᠭᠠᠨ ᠤ ᠳᠡᠳ᠋ | ᠳᠠᠷᠤᠭ᠎ᠠ ᠢᠦᠢ ᠪᠸᠢ ᠴᠧᠨ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠵᠦ᠂ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠬᠡᠯᠲᠡᠰ ᠤᠨ ᠭᠡᠰᠢᠭᠦᠨ᠂ ᠠᠯᠳᠠᠷᠲᠤ ᠠᠮᠢᠳᠤ ᠪᠣᠳᠠᠰ ᠤᠨ | ᠤᠬᠠᠭᠠᠨᠲᠠᠨ᠂ ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠳᠡᠰ ᠤᠨ ᠫᠷᠣᠹᠧᠰᠰᠤᠷ᠂ ᠶᠧᠯᠦ ᠶᠡᠭᠡ ᠰᠤᠷᠭᠠᠭᠤᠯᠢ | ᠶᠢᠨ ᠳ᠋ᠣᠺᠲ᠋ᠣᠷ ᠯᠢ ᠵᠢᠶ ᠳ᠋ᠦᠩ ᠠᠪᠤᠭᠠᠶ ᠰᠤᠷᠭᠠᠭᠤᠯᠢ ᠳᠤ ᠢᠷᠡᠵᠦ ᠪᠠᠭᠰᠢᠯᠠᠭᠰᠠᠨ ᠪᠥᠭᠡᠳ ᠡᠷᠳᠡᠮ ᠰᠢᠨᠵᠢᠯᠡᠭᠡᠨ ᠢ | ᠬᠠᠮᠢᠶᠠᠷᠬᠤ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠪᠡ᠃ ᠨᠠᠮ ᠪᠠ ᠵᠠᠰᠠᠭ ᠤᠨ ᠣᠷᠳᠣᠨ ᠠᠴᠠ ᠪᠡᠭᠡᠵᠢᠩ ᠶᠡᠭᠡ | ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ ᠠᠷᠪᠠᠨ ᠬᠡᠳᠦᠨ ᠠᠯᠳᠠᠷᠲᠤ ᠳᠡᠭᠡᠳᠦ ᠰᠤᠷᠭᠠᠭᠤᠯᠢ ᠠᠴᠠ ᠨᠢᠭᠡ | ᠪᠦᠯᠦᠭ ᠠᠯᠳᠠᠷᠲᠤ ᠰᠢᠨᠵᠢᠯᠡᠭᠡᠨ ᠤ ᠰᠠᠯᠠᠭᠠᠨ ᠤ ᠲᠠᠭᠠᠭᠤᠯᠤᠬᠴᠢ ᠪᠠ ᠡᠷᠳᠡᠮ ᠰᠢᠨᠵᠢᠯᠡᠭᠡᠨ ᠤ ᠭᠤᠣᠯᠯᠠᠭᠴᠢ | ᠬᠦᠴᠦᠨ ᠢ ᠰᠣᠩᠭᠤᠨ ᠲᠣᠮᠢᠯᠠᠵᠤ᠂ ᠰᠤᠷᠭᠠᠭᠤᠯᠢ ᠪᠠᠶᠢᠭᠤᠯᠤᠭᠳᠠᠭᠰᠠᠨ ᠡᠬᠢᠨ ᠤ ᠦᠶ᠎ᠡ ᠳᠤ ᠥᠨᠳᠦᠷ ᠵᠡᠷᠭᠡ ᠶᠢᠨ | ᠪᠠᠭᠰᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠨᠡᠷᠡᠲᠦ ᠰᠤᠷᠭᠠᠭᠤᠯᠢ ᠶᠢᠨ ᠥᠨᠢ ᠤᠳᠠᠭᠠᠨ ᠤ ᠰᠤᠷᠭᠠᠭᠤᠯᠢ ᠪᠠᠨ | ᠵᠠᠰᠠᠬᠤ ᠤᠯᠠᠮᠵᠢᠯᠠᠯ ᠪᠠ ᠡᠷᠬᠢᠮ ᠳᠡᠭᠡᠳᠦ ᠶᠡᠭᠡ ᠰᠤᠷᠭᠠᠭᠤᠯᠢ ᠶᠢᠨ ᠵᠣᠷᠢᠭ ᠰᠠᠨᠠᠭ᠎ᠠ ᠶᠢ ᠣᠷᠣᠭᠤᠯᠵᠤ᠂ | ᠰᠤᠷᠭᠠᠭᠤᠯᠢ ᠶᠢᠨ ᠬᠤᠶᠢᠰᠢᠳᠠ ᠶᠢᠨ ᠬᠥᠭᠵᠢᠯᠲᠡ ᠳᠤ ᠰᠤᠷᠭᠠᠭᠤᠯᠢ ᠡᠷᠬᠢᠯᠡᠬᠦ ᠪᠠᠲᠤ ᠪᠠᠬᠢ ᠰᠠᠭᠤᠷᠢ ᠶᠢ ᠲᠠᠯᠪᠢᠭᠰᠠᠨ | ᠪᠠ ᠰᠢᠯᠢᠳᠡᠭ ᠰᠠᠶᠢᠨ ᠰᠤᠷᠤᠯᠴᠠᠬᠤ ᠰᠤᠷᠲᠠᠯ ᠰᠤᠷᠭᠠᠭᠤᠯᠢ ᠶᠢᠨ ᠰᠤᠷᠲᠠᠯ ᠢ ᠪᠣᠢ ᠪᠣᠯᠭᠠᠭᠰᠠᠨ ᠪᠠᠶᠢᠨ᠎ᠠ᠃ | | | | | | ᠦᠪᠦᠷ ᠮᠤᠩᠭᠤᠯ ᠤᠨ ᠶᠡᠭᠡ ᠰᠤᠷᠭᠠᠭᠤᠯᠢ 1962 ᠣᠨ ᠠᠴᠠ ᠡᠬᠢᠯᠡᠨ ᠰᠣᠳᠤᠯᠬᠤ ᠰᠤᠷᠤᠭᠴᠢ ᠡᠯᠰᠡᠵᠦ᠂ | 1978 ᠣᠨ ᠳᠤ ᠪᠦᠬᠦ ᠤᠯᠤᠰ ᠤᠨ ᠭᠤᠣᠯᠳᠠᠯᠭᠠᠲᠠᠢ ᠶᠡᠭᠡ ᠰᠤᠷᠭᠠᠭᠤᠯᠢ ᠪᠠᠷ ᠲᠣᠭᠳᠠᠭᠠᠭᠳᠠᠵᠤ᠂ 1984 | ᠣᠨ ᠳᠤ ᠳ᠋ᠣᠺᠲ᠋ᠣᠷ ᠴᠣᠯᠠ ᠣᠯᠭᠤᠬᠤ ᠡᠷᠬᠡ ᠶᠢ ᠣᠯᠵᠤ᠂ 1997 ᠣᠨ ᠳᠤ ᠤᠯᠤᠰ ᠤᠨ ︽211 ᠢᠨᠵᠧᠨᠧᠷᠢᠩ︾ | ᠤᠨ ᠭᠤᠣᠯᠳᠠᠯᠭᠠᠲᠠᠢ ᠪᠦᠲᠦᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠪᠠᠷ ᠵᠥᠪᠰᠢᠶᠡᠷᠡᠭᠳᠡᠵᠦ᠂ 2004 | ᠣᠨ ᠳᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠪᠣᠯᠤᠨ | ᠰᠤᠷᠭᠠᠨ ᠬᠦᠮᠤᠵᠢᠯ ᠤᠨ ᠶᠠᠮᠤᠨ ᠤ ︽ᠮᠤᠵᠢ ᠪᠠ ᠶᠠᠮᠤᠨ ᠬᠠᠮᠲᠤᠷᠠᠨ ᠪᠠᠶᠢᠭᠤᠯᠤᠭᠰᠠᠨ︾ ᠶᠡᠭᠡ ᠰᠤᠷᠭᠠᠭᠤᠯᠢ ᠪᠣᠯᠵᠤ᠂ | 2012 ᠣᠨ ᠳᠤ ᠤᠯᠤᠰ ᠤᠨ ︽ᠳᠤᠮᠳᠠ ᠪᠠᠷᠠᠭᠤᠨ ᠣᠷᠣᠨ ᠤ ᠳᠡᠭᠡᠳᠦ ᠰᠤᠷᠭᠠᠭᠤᠯᠢ ᠶᠢᠨ ᠶᠡᠷᠦᠩᠬᠡᠶᠢᠯᠡᠭᠰᠡᠨ | ᠪᠣᠳᠠᠲᠤ ᠬᠦᠴᠦᠨ ᠢ ᠳᠡᠭᠡᠭᠰᠢᠯᠡᠭᠦᠯᠬᠦ ᠲᠥᠯᠥᠪᠯᠡᠭᠡ︾ ᠶᠢᠨ ᠳᠡᠭᠡᠳᠦ ᠰᠤᠷᠭᠠᠭᠤᠯᠢ ︵︽ᠨᠢᠭᠡ ᠮᠤᠵᠢ ᠨᠢᠭᠡ | ᠰᠤᠷᠭᠠᠭᠤᠯᠢ︾︶ ᠪᠠᠷ ᠰᠣᠩᠭᠤᠭᠳᠠᠵᠤ᠂ 2016 ᠣᠨ ᠳᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠳᠡᠭᠡᠳᠦ ᠰᠤᠷᠭᠠᠭᠤᠯᠢ ᠪᠣᠯᠵᠣ᠂ | 2017 ᠣᠨ ᠳᠤ ᠤᠯᠤᠰ ᠤᠨ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭᠠᠨ ᠤ ᠪᠥᠲᠥᠭᠡᠨ ᠪᠠᠶᠢᠭᠤᠯᠤᠯᠲᠠ ᠶᠢᠨ | ᠳᠡᠭᠡᠳᠦ ᠰᠤᠷᠭᠠᠭᠤᠯᠢ ᠪᠠᠷ ᠰᠣᠩᠭᠤᠭᠳᠠᠵᠤ᠂ 2018 ᠣᠨ ᠳᠤ ᠰᠤᠷᠭᠠᠨ ᠬᠦᠮᠤᠵᠢᠯ ᠤᠨ ᠶᠠᠮᠤᠨ ᠪᠠ ᠦᠪᠤᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ | ᠪᠠᠶᠢᠭᠤᠯᠤᠭᠰᠠᠨ ᠳᠡᠭᠡᠳᠦ ᠰᠤᠷᠭᠠᠭᠤᠯᠢ ᠪᠣᠯᠪᠠ᠃ | | | | | | 2019 ᠣᠨ ᠤ 7 ᠰᠠᠷ᠎ᠠ ᠶᠢᠨ 16 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠦᠪᠦᠷ ᠮᠤᠩᠭᠤᠯ ᠤᠨ | ᠶᠡᠭᠡ ᠰᠤᠷᠭᠠᠭᠤᠯᠢ ᠳᠤ ᠠᠵᠢᠯ ᠪᠠᠶᠢᠴᠠᠭᠠᠬᠤ ᠶᠢᠨ ᠬᠠᠮᠲᠤ ᠪᠠᠭᠰᠢ ᠰᠤᠷᠤᠭᠴᠢᠳ ᠢ ᠪᠣᠯᠭᠤᠭᠠᠨ ᠦᠵᠡᠵᠦ᠂ ᠦᠪᠦᠷ | ᠮᠤᠩᠭᠤᠯ ᠤᠨ ᠶᠡᠭᠡ ᠰᠤᠷᠭᠠᠭᠤᠯᠢ ᠶᠢ ᠠᠮᠢᠳᠤᠯᠢᠭ ᠢᠶᠠᠷ ᠰᠤᠷᠭᠠᠭᠤᠯᠢ ᠡᠷᠬᠢᠯᠡᠵᠦ᠂ ᠥᠷᠢᠰᠥᠯᠳᠦᠭᠡᠨ ᠢᠶᠠᠷ ᠳᠠᠮᠵᠢᠨ | ᠬᠥᠭᠵᠢᠵᠦ᠂ ᠢᠯᠡ ᠲᠣᠳᠣ ᠣᠨᠴᠠᠯᠢᠭᠲᠠᠢ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠭᠠᠬᠤ ᠬᠡᠷᠡᠭᠲᠡᠶ ᠭᠡᠵᠦ | ᠨᠠᠶᠢᠳᠠᠪᠠ︔ ᠮᠣᠩᠭᠤᠯ ᠬᠡᠯᠡᠨ ᠤ ᠡᠷᠲᠡᠨ ᠤ ᠨᠣᠮ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ ᠶᠢ | ᠴᠢᠩᠭᠠᠳᠬᠠᠵᠤ᠂ ᠡᠭᠦᠨ ᠳᠤ ᠠᠭᠤᠯᠤᠭᠳᠠᠵᠤ ᠪᠠᠶᠢᠭ᠎ᠠ ᠦᠨᠳᠤᠰᠤᠲᠠᠨ ᠤ ᠪᠦᠯᠭᠦᠮᠳᠡᠯ ᠳᠠᠪᠰᠢᠯᠲᠠ ᠶᠢᠨ ᠦᠵᠡᠯ | ᠰᠠᠨᠠᠭᠠᠨ ᠤ ᠠᠭᠤᠯᠤᠭᠳᠠᠬᠤᠨ ᠢ ᠢᠯᠡᠷᠡᠭᠦᠯᠦᠨ ᠪᠠᠳᠠᠷᠠᠭᠤᠯᠵᠤ᠂ ᠡᠯ᠎ᠡ ᠦᠨᠳᠦᠰᠦᠲᠡᠨ ᠤ ᠠᠷᠠᠳ ᠲᠦᠮᠡᠨ ᠬᠠᠮᠲᠤ | ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠵᠣᠷᠢᠭᠵᠢᠭᠤᠯᠪᠠ︔ ᠰᠤᠷᠤᠭᠴᠢᠳ ᠢ ᠠᠯᠤᠰ | ᠬᠡᠳᠤ ᠶᠢᠨ ᠵᠣᠷᠢᠯᠲᠠ ᠲᠠᠢ᠂ ᠯᠠᠪᠳᠠᠭᠤᠨ ᠪᠠᠲᠤᠲᠠᠢ ᠪᠠᠶᠢᠵᠤ᠂ ᠮᠡᠳᠡᠯᠭᠡ ᠶᠢ ᠰᠠᠶᠢᠲᠤᠷ ᠰᠤᠷᠴᠤ᠂ ᠰᠠᠭᠤᠷᠢ ᠪᠠᠨ | ᠰᠠᠶᠢᠲᠤᠷ ᠲᠠᠯᠪᠢᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠳᠤ ᠥᠪᠡᠷ ᠤᠨ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠭᠡᠷᠡᠢ ᠭᠡᠵᠦ | ᠵᠣᠷᠢᠭᠵᠢᠭᠤᠯᠤᠨ᠂ ᠨᠠᠮ ᠪᠣᠯᠤᠨ ᠤᠯᠤᠰ ᠠᠴᠠ ᠦᠪᠦᠷ ᠮᠤᠩᠭᠤᠯ ᠤᠨ ᠶᠡᠭᠡ ᠰᠤᠷᠭᠠᠭᠤᠯᠢ ᠶᠢ ᠳᠣᠲᠣᠨᠣ ᠪᠠᠷ | ᠬᠠᠯᠠᠮᠵᠢᠯᠠᠵᠤ ᠪᠠᠶᠢᠨ᠎ᠠ ᠭᠡᠪᠡ᠃ | | | | | | ᠦᠪᠦᠷ ᠮᠤᠩᠭᠤᠯ ᠤᠨ ᠶᠡᠭᠡ ᠰᠤᠷᠭᠠᠭᠤᠯᠢ ᠨᠢ ᠰᠤᠷᠭᠠᠭᠤᠯᠢ ᠶᠢᠨ ᠶᠡᠷᠦᠩᠬᠡᠶ ᠵᠠᠬᠢᠷᠭ᠎ᠠ᠂ ᠵᠠᠮ ᠬᠠᠷᠢᠯᠴᠠᠭᠠᠨ ᠤ | ᠳᠡᠭᠡᠳᠦ ᠰᠤᠷᠭᠠᠭᠤᠯᠢ ᠪᠠ ᠮᠠᠨᠵᠤᠤᠷ ᠳᠡᠭᠡᠳᠦ ᠰᠤᠷᠭᠠᠭᠤᠯᠢ ᠪᠠᠷ ᠪᠦᠷᠢᠯᠳᠦᠵᠦ᠂ ᠡᠭᠦᠨ ᠠᠴᠠ ᠭᠠᠳᠠᠨ᠎ᠠ ᠪᠠᠰᠠ ᠨᠢᠭᠡ | ᠰᠢᠨ᠎ᠡ ᠲᠣᠭᠲᠠᠴᠠ ᠰᠢᠨ᠎ᠡ ᠬᠡᠯᠪᠡᠷᠢ ᠶᠢᠨ ᠲᠤᠰᠠᠭᠠᠷ ᠬᠤᠶᠠᠳᠤᠭᠠᠷ ᠳᠡᠰ ᠤᠨ ᠳᠡᠭᠡᠳᠦ ᠰᠤᠷᠭᠠᠭᠤᠯᠢ — ᠦᠢᠯᠡᠰ | ᠴᠣᠭᠴᠠᠯᠠᠬᠤ ᠳᠡᠭᠡᠳᠦ ᠰᠤᠷᠭᠠᠭᠤᠯᠢ ᠪᠣᠶ᠃ ᠰᠤᠷᠭᠠᠭᠤᠯᠢ ᠶᠢᠨ ᠵᠠᠬᠢᠷᠭ᠎ᠠ ᠳᠤ 21 ᠳᠡᠭᠡᠳᠦ ᠰᠤᠷᠭᠠᠭᠤᠯᠢ ᠲᠠᠢ᠃ ᠪᠥᠬᠦ | ᠰᠤᠷᠭᠠᠭᠤᠯᠢ ᠶᠢᠨ ᠡᠵᠡᠯᠡᠬᠦ ᠲᠠᠯᠠᠪᠠᠶ ᠨᠢ 3801.5 ᠮᠥ᠂ ᠪᠠᠷᠢᠯᠭ᠎ᠠ ᠶᠢᠨ ᠲᠠᠯᠠᠪᠠᠶ ᠨᠢ 88.42 ᠲᠦᠮᠡᠨ ᠲᠡᠭᠰᠢ | ᠳᠥᠷᠪᠡᠯᠵᠢᠨ ᠮᠧᠲᠷ᠂ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ | ᠥᠷᠲᠡᠭ 11.38 ᠳ᠋ᠦᠩᠰᠢᠭᠤᠷ ᠲᠥᠭᠦᠷᠢᠭ ᠲᠤ ᠬᠦᠷᠴᠡᠶ᠃ ᠡᠭᠦᠨ ᠳᠤ᠂ ᠰᠤᠷᠭᠠᠭᠤᠯᠢ ᠶᠢᠨ ᠶᠡᠷᠦᠩᠬᠡᠶ ᠵᠠᠬᠢᠷᠭᠠᠨ | ᠤ ᠡᠵᠡᠯᠡᠬᠦ ᠲᠠᠯᠠᠪᠠᠶ ᠨᠢ 1851.51 ᠮᠥ᠂ ᠪᠠᠷᠢᠯᠭ᠎ᠠ ᠶᠢᠨ ᠲᠠᠯᠠᠪᠠᠶ ᠨᠢ 73.89 ᠲᠦᠮᠡᠨ ᠲᠡᠭᠰᠢ ᠳᠥᠷᠪᠡᠯᠵᠢᠨ | ᠮᠧᠲᠷ᠂ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ ᠥᠷᠲᠡᠭ ᠨᠢ 10. | 83 ᠳ᠋ᠦᠩᠰᠢᠭᠤᠷ ᠲᠥᠭᠦᠷᠢᠭ ᠲᠤ ᠬᠦᠷᠴᠡᠶ᠃ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ | 351.04 ᠲᠦᠮᠡᠨ ᠳᠡᠪᠲᠡᠷ ᠪᠣᠢ᠃ | | | | | | ᠪᠦᠬᠦ ᠰᠤᠷᠭᠠᠭᠤᠯᠢ ᠳᠤ ᠣᠷᠣᠨ ᠲᠣᠭᠠᠨ ᠳᠤ ᠪᠠᠶᠢᠭ᠎ᠠ ᠪᠠᠭᠰᠢ ᠠᠵᠢᠯᠳᠡᠠ ᠠᠵᠢᠯᠴᠢᠠ 1973 ᠬᠥᠮᠦᠨ ᠪᠤᠢ᠃ | ᠡᠭᠦᠨ ᠳᠤ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ ᠠᠵᠢᠯᠲᠠᠨ 1293 ᠬᠥᠮᠦᠨ᠂ ᠫᠷᠣᠹᠧᠰᠰᠤᠷ 261 | ᠬᠥᠮᠦᠨ᠂ ᠳᠡᠳ᠋ ᠫᠷᠣᠹᠧᠰᠰᠤᠷ 449 ᠬᠥᠮᠦᠨ ᠪᠣᠶ︔ ᠰᠤᠷᠭᠠᠭᠤᠯᠢ ᠶᠢᠨ ᠶᠡᠷᠦᠩᠬᠡᠶ ᠵᠠᠬᠢᠷᠭ᠎ᠠ ᠳᠤ ᠵᠢᠭᠠᠨ ᠰᠤᠷᠭᠠᠯᠲᠠ | ᠡᠷᠳᠡᠮ ᠰᠢᠨᠵᠢᠯᠡᠭᠡᠨ ᠤ ᠠᠵᠢᠯᠲᠠᠨ 1121 ᠬᠥᠮᠦᠨ ᠪᠠᠶᠢᠵᠤ᠂ ᠳ᠋ᠣᠺᠲ᠋ᠣᠷ ᠴᠣᠯᠠ ᠲᠠᠢ ᠨᠢ 75% ᠶᠢ ᠡᠵᠡᠯᠡᠵᠦ᠂ | ᠫᠷᠣᠹᠧᠰᠰᠤᠷ 253 ᠬᠥᠮᠦᠨ᠂ ᠳᠡᠳ᠋ ᠫᠷᠣᠹᠧᠰᠰᠤᠷ 384 ᠬᠥᠮᠦᠨ ᠪᠣᠶ᠃ ᠪᠥᠬᠦ ᠰᠤᠷᠭᠠᠭᠤᠯᠢ ᠶᠢᠨ ᠡᠯ᠎ᠡ ᠳᠡᠭᠡᠳᠦ | ᠰᠤᠷᠭᠠᠭᠤᠯᠢ ᠳᠤ 27502 ᠰᠣᠷᠣᠭᠴᠢ ᠪᠣᠶ᠃ ᠡᠭᠦᠨ ᠳᠤ᠂ ᠵᠢᠩᠬᠢᠨᠢ ᠠᠩᠭᠢ ᠶᠢᠨ ᠰᠣᠷᠣᠭᠴᠢ 15884᠂ | ᠰᠤᠳᠤᠯᠬᠤ ᠰᠣᠷᠣᠭᠴᠢ 6888᠂ ᠰᠤᠷᠭᠠᠭᠤᠯᠢ ᠶᠢᠨ ᠵᠠᠬᠢᠷᠭᠠᠨ ᠤ ᠵᠢᠩᠬᠢᠨᠢ ᠠᠩᠭᠢ ᠶᠢᠨ ᠰᠣᠷᠣᠭᠴᠢ 13791᠂ | ᠰᠤᠳᠤᠯᠬᠤ ᠰᠣᠷᠣᠭᠴᠢ 6619 ᠪᠠᠶᠢᠵᠤ᠂ ᠳᠤᠮᠳᠠᠳᠤ ᠤᠯᠤᠰ ᠲᠤ ᠢᠷᠡᠵᠦ ᠰᠤᠷᠤᠯᠴᠠᠬᠤ ᠰᠤᠷᠤᠭᠴᠢᠳ ᠢ ᠵᠢᠯ ᠳᠤ | ᠭᠥᠯᠢᠶᠡᠨ ᠠᠪᠤᠭᠰᠠᠨ ᠰᠤᠷᠤᠭᠴᠢ ᠶᠢᠨ ᠲᠤᠭ᠎ᠠ 800 ᠰᠢᠬᠠᠮ ᠪᠠᠶᠢᠨ᠎ᠠ᠃ ᠰᠤᠷᠭᠠᠭᠤᠯᠢ ᠳᠤ ᠪᠠᠶᠢᠭ᠎ᠠ | ᠰᠤᠷᠤᠭᠴᠢᠳ ᠤᠨ ᠳᠣᠲᠣᠷ᠎ᠠ ᠮᠣᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠡᠸᠡᠩᠬᠢ ᠦᠨᠳᠦᠰᠦᠲᠡᠨ᠂ | ᠣᠷᠴᠤᠨ ᠦᠨᠳᠦᠰᠦᠲᠡᠨ ᠵᠡᠷᠭᠡ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ 30% ᠣᠷᠴᠢᠮ ᠢ ᠡᠵᠡᠯᠡᠵᠦ | ᠪᠠᠶᠢᠨ᠎ᠠ᠃ | | | | | | ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠨᠢ ᠭᠦᠨ ᠤᠬᠠᠭᠠᠨ᠂ ᠠᠵᠤ | ᠠᠬᠤᠶ ᠶᠢᠨ ᠤᠬᠠᠭᠠᠨ᠂ ᠬᠠᠤᠯᠢ ᠶᠢᠨ ᠤᠬᠠᠭᠠᠨ᠂ ᠤᠳᠬ᠎ᠠ ᠵᠣᠬᠢᠶᠠᠯ᠂ ᠲᠡᠤᠬᠡ ᠶᠢᠨ ᠤᠬᠠᠭᠠᠨ᠂ ᠪᠠᠶᠢᠭᠠᠯᠢ ᠶᠢᠨ | ᠤᠬᠠᠭᠠᠨ᠂ ᠲᠧᠭᠨᠢᠭ ᠤᠨ ᠤᠬᠠᠭᠠᠨ᠂ ᠲᠠᠷᠢᠶᠠᠯᠠᠩ ᠤᠨ ᠤᠬᠠᠭᠠᠨ᠂ ᠬᠠᠮᠢᠶᠠᠷᠤᠯᠲᠠ ᠶᠢᠨ ᠤᠬᠠᠭᠠᠨ᠂ ᠤᠷᠠᠯᠢᠭ ᠤᠨ | ᠤᠬᠠᠭᠠᠨ ᠵᠡᠷᠭᠡ 11 ᠶᠡᠭᠡ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢ ᠬᠠᠮᠤᠷᠴᠤ᠂ ᠳᠤᠮᠳᠠᠳᠤ ᠤᠯᠤᠰ ᠤᠨ | ᠴᠥᠭᠡᠨ ᠲᠣᠭᠠᠲᠤ ᠦᠨᠳᠦᠰᠦᠲᠡᠨ ᠤ ᠬᠡᠯᠡ ᠤᠳᠬ᠎ᠠ ᠵᠣᠬᠢᠶᠠᠯ᠂ ᠠᠮᠢᠲᠠᠨ ᠤ ᠤᠬᠠᠭᠠᠨ ᠵᠡᠷᠭᠡ ᠤᠯᠤᠰ ᠤᠨ 2 | ᠭᠤᠣᠯᠳᠠᠯᠭᠠᠲᠠᠢ ᠰᠢᠨᠵᠢᠯᠡᠭᠡᠨ ᠤ ᠰᠠᠯᠠᠭ᠎ᠠ᠂ ᠠᠮᠢ ᠠᠬᠤᠶ ᠶᠢᠨ ᠤᠬᠠᠭᠠᠨ ᠵᠡᠷᠭᠡ ᠤᠯᠤᠰ ᠤᠨ 1 ᠭᠤᠤᠯᠳᠠᠯᠭ᠎ᠠ | ᠪᠣᠯᠭᠠᠨ ᠬᠥᠮᠦᠵᠢᠭᠦᠯᠬᠦ ᠰᠢᠨᠵᠢᠯᠡᠭᠡᠨ ᠤ ᠰᠠᠯᠠᠭ᠎ᠠ ᠲᠠᠢ᠃ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠪᠣᠯᠬᠤ | ᠰᠢᠨᠵᠢᠯᠡᠭᠡᠨ ᠤ ᠰᠠᠯᠠᠭ᠎ᠠ 18᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠬᠥᠮᠦᠵᠢᠭᠦᠯᠬᠦ ᠰᠢᠨᠵᠢᠯᠡᠭᠡᠨ ᠤ | ᠰᠠᠯᠠᠭ᠎ᠠ 8 ᠪᠣᠶ᠃ ᠳ᠋ᠣᠺᠲ᠋ᠣᠷ ᠴᠣᠯᠠᠯᠠᠬᠤ ᠡᠷᠬᠡᠲᠦ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭ᠎ᠠ 12᠂ ᠳ᠋ᠣᠺᠲ᠋ᠣᠷ | ᠴᠣᠯᠠᠯᠠᠬᠤ ᠡᠷᠬᠡᠲᠦ ᠬᠤᠶᠠᠳᠤᠭᠠᠷ ᠳᠡᠰ ᠤᠨ ᠰᠢᠨᠵᠢᠯᠡᠭᠡᠨ ᠤ ᠰᠠᠯᠠᠭ᠎ᠠ 1 ᠪᠣᠢ᠂ ᠮᠠᠰᠲ᠋ᠧᠷ ᠴᠣᠯᠠᠯᠠᠬᠤ ᠡᠷᠬᠡᠲᠦ | ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭ᠎ᠠ 23᠂ ᠮᠠᠰᠲ᠋ᠧᠷ ᠴᠣᠯᠠᠯᠠᠬᠤ ᠡᠷᠬᠡᠲᠦ ᠬᠤᠶᠠᠳᠤᠭᠠᠷ ᠳᠡᠰ ᠤᠨ | ᠰᠢᠨᠵᠢᠯᠡᠭᠡᠨ ᠤ ᠰᠠᠯᠠᠭ᠎ᠠ 2᠂ ᠳᠤᠰᠬᠠᠢ ᠮᠡᠷᠭᠡᠵᠢᠯ ᠤᠨ ᠮᠠᠰᠲ᠋ᠧᠷ ᠴᠣᠯᠠᠯᠠᠬᠤ ᠡᠷᠬᠡᠲᠦ ᠲᠥᠷᠥᠯ ᠵᠦᠢᠯ ︵ᠡᠭᠦᠨ ᠳᠤ | ᠢᠨᠵᠧᠨᠧᠷᠢᠩ ᠤᠨ ᠮᠠᠰᠲ᠋ᠧᠷ ᠲᠤ 7 ᠢᠨᠵᠧᠨᠧᠷᠢᠩ ᠤᠨ ᠬᠦᠷᠢᠶ᠎ᠡ ᠶᠢ ᠪᠠᠭᠲᠠᠭᠠᠨ᠎ᠠ︶ 15 ᠪᠠᠶᠢᠵᠤ᠂ ᠠᠬᠠᠯᠠᠭᠴᠢ | ᠳ᠋ᠣᠺᠲ᠋ᠤᠷ ᠤᠨ ᠡᠷᠳᠡᠮ ᠰᠢᠨᠵᠢᠯᠡᠭᠡᠨ ᠤ ᠰᠤᠳᠤᠯᠭᠠᠨ ᠤ ᠥᠷᠲᠡᠭᠡ 8 ᠪᠣᠶ᠃ ᠵᠢᠩᠬᠢᠨᠢ ᠠᠩᠭᠢ ᠶᠢᠨ ᠲᠤᠰᠬᠠᠶ | ᠮᠡᠷᠭᠡᠵᠢᠯ 94᠂ ᠮᠣᠩᠭᠤᠯ ᠬᠡᠯᠡ ᠤᠳᠬ᠎ᠠ ᠵᠣᠬᠢᠶᠠᠯ᠂ ᠠᠮᠢᠳᠤ ᠪᠣᠳᠠᠰ ᠤᠨ ᠤᠬᠠᠭᠠᠨ᠂ ᠠᠮᠢ ᠨᠠᠰᠤᠨ ᠤ ᠰᠢᠨᠵᠢᠯᠡᠬᠦ | ᠤᠬᠠᠭᠠᠨ ᠪᠠ ᠮᠡᠷᠭᠡᠵᠢᠯ᠂ ᠲᠣᠭᠠᠨ ᠤ ᠤᠬᠠᠭᠠᠨ ᠵᠡᠷᠭᠡ ᠤᠯᠤᠰ ᠤᠨ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ | ᠭᠠᠵᠠᠷ 4᠂ ᠤᠯᠤᠰ ᠤᠨ ᠤᠶᠤᠲᠠᠳ ᠤᠨ ᠰᠣᠶᠣᠯ ᠤᠨ ᠬᠡᠪ ᠪᠣᠯᠪᠠᠰᠤᠷᠠᠯ ᠤᠨ ᠰᠠᠭᠤᠷᠢᠨ ᠭᠠᠵᠠᠷ 1 ᠪᠣᠶ᠃ | ᠰᠤᠷᠭᠠᠭᠤᠯᠢ ᠳᠤ ᠮᠤᠵᠢ ᠪᠠ ᠶᠠᠮᠤᠨ ᠤ ᠬᠠᠮᠲᠤ ᠪᠠᠷ ᠪᠠᠶᠢᠭᠤᠯᠤᠭᠰᠠᠨ ᠨᠤᠲᠤᠭ ᠪᠡᠯᠴᠢᠭᠡᠷ ᠤᠨ ᠲᠡᠵᠢᠭᠡᠪᠦᠷᠢ ᠶᠢᠨ | ᠦᠷᠡᠵᠢᠯ ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠤᠶᠢᠵᠢᠭᠤᠯᠬᠤ ᠤᠯᠤᠰ ᠤᠨ ᠭᠤᠣᠯᠳᠠᠯᠭᠠᠲᠠᠢ | ᠲᠤᠷᠰᠢᠯᠲᠠ ᠶᠢᠨ ᠲᠠᠰᠤᠭ 1 ᠪᠣᠶ᠂ ᠮᠣᠩᠭᠤᠯ ᠬᠡᠯᠡᠨ ᠤ ᠣᠶᠤᠨᠴᠢ ᠮᠡᠳᠡᠭᠡ ᠵᠠᠩᠭᠢ ᠶᠢ ᠰᠢᠢᠳᠪᠦᠷᠢᠯᠡᠬᠦ ᠮᠡᠷᠭᠡᠵᠢᠯ ᠤᠨ | ᠤᠯᠤᠰ ᠪᠠ ᠣᠷᠣᠨ ᠨᠤᠲᠤᠭ ᠤᠨ ᠬᠠᠮᠲᠤᠷᠠᠭᠰᠠᠨ ᠢᠨᠵᠧᠨᠧᠷᠢᠩ ᠤᠨ ᠰᠤᠳᠤᠯᠭᠠᠨ ᠤ ᠲᠥᠪ 1 ᠪᠣᠶ᠂ ᠡᠭᠦᠨ ᠠᠴᠠ | ᠭᠠᠳᠠᠨ᠎ᠠ ᠮᠣᠩᠭᠤᠯ ᠰᠤᠳᠤᠯᠤᠯ᠂ ᠦᠨᠳᠤᠰᠤᠲᠠᠨ ᠤ ᠰᠤᠳᠤᠯᠤᠯ᠂ ᠠᠮᠢᠳᠤ ᠪᠣᠳᠠᠰ ᠤᠨ ᠰᠤᠳᠤᠯᠤᠯ᠂ ᠠᠮᠢ | ᠠᠬᠤᠶ ᠶᠢᠨ ᠰᠤᠳᠤᠯᠤᠯ᠂ ᠬᠢᠮᠢ ᠵᠡᠷᠭᠡ ᠬᠦᠷᠢᠶᠡᠨ ᠳᠤ ᠰᠤᠷᠭᠠᠨ ᠬᠦᠮᠤᠵᠢᠯ ᠤᠨ ᠶᠠᠮᠤᠨ ᠤ ᠬᠥᠮᠦᠨ ᠰᠣᠶᠣᠯ | ᠨᠡᠶᠢᠭᠡᠮ ᠤᠨ ᠰᠢᠨᠵᠢᠯᠡᠬᠦ ᠤᠬᠠᠭᠠᠨ ᠤ ᠭᠤᠣᠯᠳᠠᠯᠭᠠᠲᠠᠢ ᠰᠤᠳᠤᠯᠭᠠᠨ ᠤ ᠰᠠᠭᠤᠷᠢᠨ ᠭᠠᠵᠠᠷ᠂ ᠰᠤᠷᠭᠠᠨ ᠬᠦᠮᠤᠵᠢᠯ ᠤᠨ | ᠶᠠᠮᠤᠨ ᠤ ᠭᠤᠣᠯᠳᠠᠯᠭᠠᠲᠠᠢ ᠲᠤᠷᠰᠢᠯᠲᠠ ᠶᠢᠨ ᠲᠠᠰᠤᠭ᠂ ᠰᠤᠷᠭᠠᠨ ᠬᠦᠮᠤᠵᠢᠯ ᠤᠨ ᠶᠠᠮᠤᠨ ᠤ ᠢᠨᠵᠧᠨᠧᠷᠢᠩ ᠤᠨ | ᠰᠤᠳᠤᠯᠭᠠᠨ ᠤ ᠲᠥᠪ ᠵᠡᠷᠭᠡ ᠶᠠᠮᠤᠨ ᠤ ᠲᠠᠰ ᠤᠨ ᠭᠤᠣᠯᠳᠠᠯᠭᠠᠲᠠᠢ ᠰᠤᠳᠤᠯᠭᠠᠨ ᠤ ᠲᠠᠪᠴᠠᠩ 12 ᠪᠣᠶ︔ ᠦᠪᠤᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠭᠤᠣᠯ ᠪᠣᠯᠬᠤ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ | ᠮᠡᠷᠭᠡᠵᠢᠯ ᠤᠨ ᠰᠤᠳᠤᠯᠭᠠᠨ ᠤ ᠲᠥᠪ᠂ ᠬᠥᠮᠦᠨ ᠰᠣᠶᠤᠯ ᠨᠡᠶᠢᠭᠡᠮ ᠤᠨ ᠰᠢᠨᠵᠢᠯᠡᠬᠦ ᠤᠬᠠᠭᠠᠨ ᠤ ᠭᠤᠣᠯ ᠪᠣᠯᠬᠤ | ᠰᠤᠳᠤᠯᠭᠠᠨ ᠤ ᠰᠠᠭᠤᠷᠢᠨ ᠭᠠᠵᠠᠷ ᠵᠡᠷᠭᠡ 42 ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ 32᠂ | ᠬᠥᠮᠦᠨ ᠰᠣᠶᠣᠯ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ 10︶ ᠪᠣᠶ᠃ ᠤᠯᠤᠰ ︵ᠬᠢᠯᠢ︶ ᠤᠨ ᠭᠠᠳᠠᠨᠠᠬᠢ | 105 ᠳᠡᠭᠡᠳᠦ ᠰᠤᠷᠭᠠᠭᠤᠯᠢ ᠪᠠ ᠡᠷᠳᠡᠮ ᠰᠢᠨᠵᠢᠯᠡᠭᠡᠨ ᠤ ᠪᠠᠶᠢᠭᠤᠯᠤᠮᠵᠢ ᠲᠠᠢ ᠰᠣᠯᠢᠯᠴᠠᠭ᠎ᠠ ᠪᠠ ᠬᠠᠮᠲᠤᠷᠠᠯᠴᠠᠭᠠᠨ ᠤ | ᠬᠠᠷᠢᠴᠠᠭ᠎ᠠ ᠪᠠᠶᠢᠭᠤᠯᠪᠠ᠃ | | | | | | ︽ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠬᠦ︾ ᠪᠣᠯ ᠦᠪᠦᠷ ᠮᠤᠩᠭᠤᠯ ᠤᠨ ᠶᠡᠭᠡ ᠰᠤᠷᠭᠠᠭᠤᠯᠢ 1957 | ᠣᠨ ᠳᠤ ᠪᠠᠶᠢᠭᠤᠯᠤᠭᠳᠠᠭᠰᠠᠨ ᠠᠴᠠ ᠨᠠᠭᠠᠰᠢ ᠢᠮᠠᠭᠲᠠ ᠪᠠᠷᠢᠮᠲᠠᠯᠠᠭᠰᠠᠭᠠᠷ ᠢᠷᠡᠭᠰᠡᠨ ᠢᠷᠠᠭᠤ ᠠᠯᠳᠠᠷᠲᠤ ᠤᠯᠠᠮᠵᠢᠯᠠᠯ | ᠪᠣᠯᠤᠨ᠎ᠠ᠂ ᠮᠥᠨ ᠴᠦ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠪᠠᠭᠰᠢ ᠰᠤᠷᠤᠬᠴᠢ ᠠᠵᠢᠯᠳᠠᠨ ᠠᠵᠢᠯᠴᠢᠨ ᠤ | ᠤᠶᠤᠨ ᠰᠠᠨᠠᠭᠠᠨ ᠤ ᠳᠦᠷᠰᠦ ᠪᠠᠶᠢᠳᠠᠯ ᠤᠨ ᠦᠨᠡᠨ ᠪᠣᠳᠠᠲᠠᠢ ᠵᠢᠷᠤᠭᠯᠠᠯ ᠪᠣᠯᠤᠨ᠎ᠠ᠂ ᠨᠡᠩ ᠴᠤ ᠦᠶ᠎ᠡ ᠦᠶ᠎ᠡ ᠶᠢᠨ | ᠥᠪᠥᠷ ᠮᠣᠩᠭᠤᠯ ᠶᠢᠨ ᠶᠡᠭᠡ ᠰᠤᠷᠭᠠᠭᠤᠯᠢ ᠶᠢᠨ ᠬᠢᠨ ᠳᠤ ᠬᠠᠨᠳᠤᠭᠤᠯᠤᠭᠰᠠᠨ ᠳᠣᠲᠣᠭᠠᠳᠤ ᠬᠥᠭᠡᠭᠡᠴᠡᠯᠳᠦᠯ ᠪᠠ | ᠠᠵᠢᠯᠯᠠᠭᠠᠨ ᠤ ᠵᠦᠭᠯᠡᠭᠦᠷ ᠪᠣᠯᠤᠨ᠎ᠠ᠃ ᠰᠤᠷᠭᠠᠭᠤᠯᠢ ᠨᠢ ᠠᠩᠬᠠᠳᠠᠭᠴᠢ ᠰᠤᠷᠭᠠᠭᠤᠯᠢ ᠶᠢᠨ ᠵᠠᠬᠢᠷᠤᠯ ᠤᠯᠠᠭᠠᠨᠬᠦᠦ ᠶᠢᠨ | ᠳᠤᠷᠠᠳᠤᠭᠰᠠᠨ ︽ᠳᠠᠪᠬᠤᠷ ᠡᠭᠦᠷᠭᠡ︾ ᠭᠡᠬᠦ ᠰᠤᠷᠭᠠᠭᠤᠯᠢ ᠡᠷᠬᠢᠯᠡᠬᠦ ᠦᠨᠳᠦᠰᠦᠨ ᠴᠢᠭᠯᠡᠯᠲᠡ ᠶᠢ ᠵᠢᠷᠤᠮᠯᠠᠪᠠ᠄ ᠴᠢᠨᠠᠷ | ᠴᠢᠨᠰᠠᠭ᠎ᠠ ᠪᠣᠯᠤᠨ ᠬᠢᠷᠢ ᠲᠦᠪᠰᠢᠨ ᠢ ᠴᠢᠬᠤᠯᠠᠴᠢᠯᠠᠵᠤ᠂ ᠪᠦᠬᠦ ᠤᠯᠤᠰ ᠤᠨ ᠵᠣᠬᠢᠬᠤ ᠥᠨᠳᠥᠷ ᠲᠦᠪᠰᠢᠨ ᠳᠤ | ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠡᠭᠡᠳᠦ ᠰᠤᠷᠭᠠᠭᠤᠯᠢ ᠪᠣᠯᠬᠤ ᠪᠠᠷ ᠪᠠᠷᠠᠬᠤ ᠦᠭᠡᠢ ᠪᠠᠰᠠ | ᠦᠪᠦᠷ ᠮᠤᠩᠭᠤᠯ ᠤᠨ ᠰᠣᠶᠣᠯ ᠢ ᠴᠡᠴᠡᠭᠯᠡᠭᠦᠯᠦᠨ ᠬᠥᠭᠵᠢᠭᠦᠯᠬᠦ᠂ ᠴᠥᠭᠡᠨ ᠲᠣᠭᠠᠲᠤ ᠦᠨᠳᠦᠰᠦᠲᠡᠨ ᠤ | ᠰᠡᠬᠡᠭᠡᠲᠡᠨ ᠢ ᠬᠥᠮᠦᠵᠢᠭᠦᠯᠬᠦ ᠡᠭᠦᠷᠭᠡ ᠶᠢ ᠡᠭᠦᠷᠭᠡᠯᠡᠪᠡ᠃ ︽ᠤᠮᠠᠷᠠᠲᠤ ᠬᠢᠯᠢ ᠳᠤ ᠰᠠᠭᠤᠷᠢᠯᠠᠵᠤ᠂ ᠪᠥᠬᠦ ᠤᠯᠤᠰ ᠲᠤ | ᠬᠠᠨᠳᠤᠨ᠂ ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠵᠤ᠂ ᠣᠨᠴᠠᠯᠢᠭ ᠢᠶᠠᠷ ᠰᠤᠷᠭᠠᠭᠤᠯᠢ ᠪᠠᠨ | ᠬᠦᠴᠦᠷᠬᠡᠭᠵᠢᠭᠦᠯᠬᠦ︾ ᠰᠤᠷᠭᠠᠭᠤᠯᠢ ᠡᠷᠭᠢᠯᠡᠬᠦ ᠣᠨᠣᠯᠵᠢᠬᠤᠨ ᠢ ᠪᠠᠷᠢᠮᠲᠠᠯᠠᠨ᠂ ︽ᠵᠢᠩᠬᠢᠨᠢ ᠮᠡᠳᠡᠯᠭᠡ ᠶᠢ ᠡᠷᠬᠢᠮᠯᠡᠨ᠂ | ᠭᠠᠷᠮᠠᠭᠠᠶ ᠪᠦᠲᠦᠭᠡᠯ ᠢ ᠬᠥᠭᠡᠭᠡᠴᠡᠯᠳᠦᠬᠦ︾ ᠳᠣᠲᠣᠭᠠᠳᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠢᠯᠢ | ᠬᠢᠵᠠᠭᠠᠷ ᠲᠤ ᠦᠨᠳᠦᠰᠦᠯᠡᠨ᠂ ᠪᠥᠬᠦ ᠤᠯᠤᠰ ᠲᠤ ᠬᠠᠨᠳᠤᠭᠤᠯᠤᠨ᠂ ᠴᠠᠭᠠᠰᠢᠯᠠᠨ ᠳᠡᠯᠡᠬᠡᠢ ᠶᠢ ᠪᠠᠷᠠᠯᠠᠵᠤ᠂ ︽ᠬᠤᠤᠰ | ᠲᠡᠷᠢᠭᠦᠨ︾ ᠤ ᠪᠠᠶᠢᠭᠤᠯᠤᠯᠲᠠ ᠪᠠ ︽ᠶᠠᠮᠤᠨ ᠪᠠ ᠣᠷᠣᠨ ᠬᠠᠮᠲᠤᠷᠠᠨ ᠪᠠᠶᠢᠭᠤᠯᠬᠤ︾ ᠠᠵᠢᠯ ᠢ ᠲᠦᠷᠭᠡᠳᠬᠡᠨ | ᠠᠬᠢᠭᠤᠯᠵᠤ᠂ ᠢᠯᠡ ᠲᠣᠳᠣ ᠣᠨᠴᠠᠯᠢᠭᠲᠤ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠶᠢ ᠴᠢᠷᠮᠠᠶᠢᠨ ᠰᠠᠶᠢᠲᠤᠷ | ᠡᠷᠭᠢᠯᠡᠵᠦ᠂ ᠤᠯᠤᠰ ᠪᠠ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠶᠡᠭᠡ ᠬᠤᠪᠢ | ᠨᠡᠮᠡᠷᠢ ᠦᠵᠡᠭᠦᠯᠵᠤ ᠪᠠᠶᠢᠨ᠎ᠠ᠃ | | | | | | | | |