| | ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠪᠠ᠃ | ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | —︽ᠬᠤᠨᠳᠠᠭ᠎ᠠ ᠪᠠᠨ ᠡᠷᠭᠦᠵᠡᠭᠡᠶ᠎ᠡ᠂ ᠠᠨᠳᠠ ᠨᠠᠷ ᠮᠢᠨᠢ︾ | | | ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | | | ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 2003 ᠣᠨ ᠤ 5 ᠰᠠᠷ᠎ᠠ ᠳᠤ | ᠪᠠᠶᠢᠭᠤᠯᠤᠭᠳᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠵᠦ᠂ | ᠰᠤᠷᠭᠠᠨ ᠬᠦᠮᠤᠵᠢᠯ ᠤᠨ ᠶᠠᠮᠤᠨ ᠳᠤ ᠳᠠᠩᠰᠠᠯᠠᠭᠤᠯᠤᠭᠰᠠᠨ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ᠎ᠠ᠂ ᠰᠢᠯᠢ ᠶᠢᠨ ᠭᠤᠤᠯ ᠠᠶᠢᠮᠠᠭ ᠤᠨ 9 ᠳᠡᠭᠡᠳᠦ ᠪᠠ | ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠳᠡᠭᠡᠳᠦ ᠰᠤᠷᠭᠠᠭᠤᠯᠢ ᠪᠠᠷ ᠪᠦᠷᠢᠯᠳᠦᠭᠰᠡᠨ ᠶᠤᠮ᠃ ᠠᠷᠪᠠ ᠭᠠᠷᠤᠶ | ᠵᠢᠯ ᠤᠨ ᠬᠥᠭᠵᠢᠯᠲᠡ ᠪᠠᠷ ᠳᠡᠮᠵᠢᠨ᠂ ᠰᠤᠷᠭᠠᠭᠤᠯᠢ ᠡᠷᠭᠢᠯᠡᠬᠦ ᠣᠨᠴᠠᠯᠢᠭ ᠢᠶᠠᠷ ᠢᠯᠡ ᠲᠣᠳᠣ᠂ ᠲᠤᠰᠬᠠᠶ | ᠮᠡᠷᠭᠡᠵᠢᠯ ᠤᠨ ᠪᠦᠲᠦᠴᠡ ᠪᠠ ᠣᠷᠣᠨ ᠪᠦᠰᠡ ᠶᠢᠨ ᠠᠵᠤ ᠠᠬᠤᠶ ᠶᠢᠨ ᠤᠶᠠᠯᠳᠤᠯ ᠨᠢᠭᠲᠠ᠂ ᠶᠣᠰᠣ ᠰᠤᠷᠲᠠᠬᠤᠨ ᠢ | ᠪᠣᠶ ᠪᠣᠯᠭᠠᠵᠤ ᠬᠥᠮᠦᠨ ᠢ ᠬᠥᠮᠦᠵᠢᠭᠦᠯᠬᠦ ᠵᠣᠷᠢᠯᠲᠠ ᠲᠣᠪᠤᠶᠢᠮ᠎ᠠ᠂ ᠦᠢᠯᠡᠴᠢᠯᠡᠭᠡᠨ ᠤ ᠴᠢᠳᠠᠪᠤᠷᠢ ᠪᠠᠷ ᠴᠢᠩᠭ᠎ᠠ | ᠶᠡᠷᠦᠩᠬᠡᠶᠢᠯᠡᠭᠰᠡᠨ ᠴᠢᠨᠠᠷᠲᠠᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠭᠰᠠᠨ ᠪᠠᠶᠢᠨ᠎ᠠ᠃ | ᠲᠦᠷᠤ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠰᠦᠨ ᠴᠦᠨ ᠯᠠᠨ᠂ ᠤᠤᠯ ᠤᠨ ᠳᠡᠳ᠋ ᠶᠡᠷᠦᠩᠬᠡᠢ | ᠰᠠᠶᠢᠳ ᠯᠢᠦ ᠶᠠᠨ ᠳ᠋ᠦᠩ ᠰᠤᠷᠭᠠᠭᠤᠯᠢ ᠳᠤ ᠢᠷᠡᠵᠤ᠂ ᠰᠤᠷᠭᠠᠭᠤᠯᠢ ᠡᠷᠬᠢᠯᠡᠵᠦ ᠪᠠᠶᠢᠭ᠎ᠠ ᠠᠵᠢᠯ ᠵᠢᠴᠢ ᠠᠮᠵᠢᠯᠲᠠ | ᠪᠦᠲᠦᠮᠵᠢ ᠶᠢ ᠨᠤᠲᠠᠯᠠᠵᠠᠢ᠃ | | | | | | ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠵᠡᠯᠡᠵᠦ ᠪᠠᠶᠢᠭ᠎ᠠ ᠭᠠᠵᠠᠷ 2000 | ᠮᠥ᠂ ᠪᠠᠷᠢᠯᠭ᠎ᠠ ᠶᠢᠨ ᠲᠠᠯᠠᠪᠠᠶ ᠨᠢ 44.36 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ᠃ ᠠᠨᠠᠭᠠᠬᠤ | ᠤᠬᠠᠭᠠᠨ ᠤ ᠰᠠᠯᠪᠤᠷᠢ᠂ ᠲᠠᠯ᠎ᠠ ᠨᠤᠲᠤᠭ ᠤᠨ ᠠᠮᠢ ᠠᠬᠤᠶ ᠬᠢᠭᠡᠳ ᠮᠠᠯ ᠠᠵᠤ ᠠᠬᠤᠶ ᠮᠠᠯ ᠡᠮᠨᠡᠯᠭᠡ ᠶᠢᠨ ᠰᠠᠯᠪᠤᠷᠢ᠂ | ᠮᠣᠩᠭᠤᠯ ᠬᠡᠯᠡ ᠰᠣᠶᠣᠯ ᠬᠢᠭᠡᠳ ᠤᠷᠠᠯᠢᠭ ᠤᠨ ᠰᠠᠯᠪᠤᠷᠢ ᠵᠡᠷᠭᠡ 17 ᠵᠢᠭᠠᠨ ᠰᠤᠷᠭᠠᠯᠲᠠ ᠶᠢᠨ ᠨᠢᠭᠡᠴᠢ ᠲᠠᠢ | ᠪᠠᠶᠢᠵᠤ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ ᠵᠡᠷᠭᠡ | ᠳᠡᠭᠡᠳᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ︵ᠮᠣᠩᠭᠤᠯ᠂ | ᠬᠢᠲᠠᠳ︶᠂ ᠮᠣᠩᠭᠤᠯ ᠠᠨᠠᠭᠠᠬᠤ ᠤᠬᠠᠭᠠᠨ᠂ ᠰᠤᠪᠢᠯᠠᠯᠲᠠ᠂ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ︵ᠬᠥᠯ | ᠪᠥᠮᠪᠦᠭᠡ︶ ᠵᠡᠷᠭᠡ 8 ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠢ ᠨᠡᠭᠡᠭᠡᠵᠡᠶ︔ ᠰᠤᠪᠢᠯᠠᠯᠲᠠ᠂ | ᠴᠠᠬᠢᠯᠭᠠᠨ ᠤ ᠦᠢᠯᠡᠳᠪᠦᠷᠢ ᠶᠢᠨ ᠢᠯᠴᠢ ᠶᠢᠨ ᠡᠨᠧᠷᠭᠢ ᠶᠢᠨ ᠬᠥᠳᠡᠯᠭᠡᠭᠦᠷ ᠬᠦᠴᠦᠨ ᠤ ᠲᠥᠬᠦᠭᠡᠷᠦᠮᠵᠢ᠂ ᠮᠠᠯ ᠠᠵᠤ | ᠠᠬᠤᠶ ᠮᠠᠯ ᠡᠮᠨᠡᠯᠭᠡ᠂ ᠨᠡᠪᠲᠡᠷᠡᠭᠦᠯᠦᠭᠴᠢ ᠪᠠ ᠬᠥᠲᠥᠯᠥᠭᠴᠢ ︵ᠮᠣᠩᠭᠤᠯ ᠬᠡᠯᠡ︶ ᠵᠡᠷᠭᠡ 52 ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠵᠢᠴᠢ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠢᠯᠴᠢ ᠶᠢᠨ | ᠬᠦᠴᠦᠨ ᠤ ᠲᠥᠬᠦᠭᠡᠷᠦᠮᠵᠢ ᠶᠢ ᠠᠵᠢᠯᠯᠠᠭᠤᠯᠬᠤ ᠪᠠ ᠪᠠᠶᠢᠴᠠᠭᠠᠨ ᠵᠠᠰᠠᠬᠤ᠂ ᠬᠥᠳᠡᠭᠡ ᠲᠣᠰᠬᠤᠨ ᠤ ᠠᠨᠠᠭᠠᠬᠤ | ᠤᠬᠠᠭᠠᠨ᠂ ᠬᠥᠯ ᠪᠥᠮᠪᠦᠭᠡ ᠵᠡᠷᠭᠡ 35 ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠲᠠᠢ᠃ | ᠰᠤᠷᠭᠠᠭᠤᠯᠢ ᠨᠢ 21 ᠣᠯᠠᠨ ᠴᠢᠳᠠᠮᠵᠢᠳᠣ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠ 13 | ᠦᠢᠯᠡᠳᠪᠦᠷᠢᠯᠡᠯ ᠤᠨ ᠴᠢᠨᠠᠷᠲᠠᠶ ᠳᠠᠳᠤᠯᠭ᠎ᠠ ᠪᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠳᠠᠳᠤᠯᠭ᠎ᠠ | ᠪᠣᠯᠪᠠᠰᠤᠷᠠᠯ᠂ ᠨᠣᠮ ᠪᠢᠴᠢᠭ ᠮᠠᠲ᠋ᠧᠷᠢᠶᠠᠯ ᠵᠡᠷᠭᠡ ᠨᠥᠬᠦᠴᠡᠯ ᠨᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠬᠡᠷᠡᠭᠴᠡᠭᠡ ᠶᠢ ᠬᠠᠩᠭᠠᠵᠤ ᠳᠡᠶᠢᠯᠦᠨ᠎ᠡ᠃ ᠣᠳᠣᠬᠠᠨ ᠳᠤ ᠲᠤᠰᠬᠠᠶ ᠪᠠ ᠲᠤᠰᠢᠶᠠᠯ ᠬᠠᠪᠰᠤᠷᠭᠠᠭᠰᠠᠨ ᠪᠠᠭᠰᠢ 935᠂ | ᠬᠤᠤᠰ ᠬᠡᠯᠪᠡᠷᠢᠲᠦ ᠪᠠᠭᠰᠢ ᠶᠢᠨ ᠬᠡᠪ ᠪᠣᠯᠪᠠᠰᠤᠷᠠᠯ ᠲᠠᠢ ᠪᠠᠭᠰᠢ 454᠂ ᠪᠦᠬᠦᠯᠢ ᠡᠳᠦᠷ ᠤᠨ ᠳᠦᠷᠢᠮᠲᠦ | ᠰᠤᠷᠭᠠᠭᠤᠯᠢ ᠳᠤ ᠪᠠᠶᠢᠭ᠎ᠠ ᠰᠣᠷᠣᠭᠴᠢ 15963᠂ ᠭᠠᠳᠠᠭᠠᠳᠤ ᠶᠢᠨ ᠰᠣᠷᠣᠭᠴᠢ 126 ᠪᠠᠶᠢᠵᠤ᠂ ᠵᠢᠯ ᠪᠦᠷᠢ | ᠳᠤᠮᠳᠠᠴᠢ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠬᠢᠨᠠᠨ ᠲᠣᠭᠲᠠᠭᠠᠯᠲᠠ ᠶᠢ 5 | ᠲᠦᠮᠡ ᠭᠠᠷᠤᠶ ᠬᠥᠮᠦᠨ ᠤᠳᠠᠭ᠎ᠠ ᠶᠢ ᠪᠡᠶᠡᠯᠡᠭᠦᠯᠵᠡᠶ᠃ | | | | | | | | | | | | | | | ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠪᠥᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠠᠵᠢᠯ ᠤᠨ | ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠡᠶᠢᠭᠡᠮ ᠵᠢᠷᠤᠮ ᠤᠨ | ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ︽ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ | ᠲᠥᠯᠥᠭᠡ ᠴᠢᠳᠠᠪᠤᠷᠢᠲᠠᠨ ᠢ ᠬᠥᠮᠦᠵᠢᠭᠦᠯᠬᠦ︾ ᠲᠠᠷᠬᠠᠨ ᠡᠭᠦᠷᠭᠡ ᠶᠢ ᠦᠨᠡᠨ ᠬᠦ ᠡᠭᠦᠷᠭᠡᠯᠡᠵᠦ᠂ ᠠᠷᠠᠳ ᠲᠦᠮᠡᠨ ᠳᠤ | ᠲᠠᠭᠠᠰᠢᠶᠠᠭᠳᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠦᠴᠦᠯᠡᠨ ᠰᠠᠶᠢᠲᠤᠷ ᠡᠷᠬᠢᠯᠡᠪᠡ᠃ ᠤᠢᠢᠷ᠎ᠠ ᠶᠢᠨ | ᠵᠢᠯ᠂ ᠰᠤᠷᠭᠠᠭᠤᠯᠢ ᠨᠢ ᠤᠷᠢᠳ ᠬᠤᠵᠢᠳ ︽ᠪᠦᠬᠦ ᠤᠯᠤᠰ ᠤᠨ ᠦᠨᠳᠤᠰᠤᠲᠠᠨ ᠤ ᠪᠦᠯᠭᠦᠮᠳᠡᠯ ᠲᠠᠪᠰᠢᠯᠳᠠ ᠶᠢ | ᠡᠭᠦᠳᠦᠨ ᠪᠠᠶᠢᠭᠤᠯᠤᠭᠰᠠᠨ ᠳᠠᠭᠤᠷᠢᠶᠠᠯ ᠦᠵᠡᠭᠦᠯᠬᠦ ᠨᠢᠭᠡᠴᠢ︾᠂ ᠪᠦᠬᠦ ᠤᠯᠤᠰ ᠤᠨ ︽ᠲᠠᠪᠤᠳᠤᠭᠠᠷ ᠬᠤᠭᠤᠴᠠᠭᠠᠨ ᠤ | ᠬᠤᠸᠠᠩ ᠶᠠᠨ ᠫᠸᠢ ᠶᠢᠨ ᠰᠢᠯᠢᠳᠡᠭ ᠰᠤᠷᠭᠠᠭᠤᠯᠢ ᠶᠢᠨ ᠱᠠᠩᠨᠠᠯ︾᠂ ︽ᠪᠦᠬᠦ ᠤᠯᠤᠰ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢᠨ ᠰᠢᠨ᠎ᠡ ᠶᠢ ᠡᠭᠦᠳᠴᠦ ᠳᠠᠭᠤᠷᠢᠶᠠᠯ ᠦᠵᠡᠭᠦᠯᠬᠦ ᠳᠡᠭᠡᠳᠦ ᠰᠤᠷᠭᠠᠭᠤᠯᠢ︾ ᠵᠡᠷᠭᠡ ᠢᠷᠠᠭᠤ | ᠠᠯᠳᠠᠷ ᠤᠨ ᠴᠣᠯᠠ ᠶᠢ ᠬᠦᠷᠳᠡᠪᠡ︔ 2014 ᠣᠨ ᠳᠤ ︽ᠪᠦᠬᠦ ᠤᠯᠤᠰ ᠤᠨ ᠲᠡᠭᠦᠰᠬᠦ ᠰᠤᠷᠤᠭᠴᠢ ᠶᠢᠨ ᠠᠵᠢᠯ | ᠣᠯᠭᠤᠯᠲᠠ ᠶᠢᠨ 50 ᠬᠦᠴᠦᠷᠬᠡᠭ ᠳᠡᠭᠡᠳᠦ ᠰᠤᠷᠭᠠᠭᠤᠯᠢ︾ ᠪᠠᠷ ᠦᠨᠡᠯᠡᠭᠳᠡᠪᠡ︔ 2017 — 2019 ᠣᠨ ᠳᠤ | ᠭᠤᠷᠪᠠᠨ ᠵᠢᠯ ᠳᠠᠷᠠᠭᠠᠯᠠᠨ ︽ᠪᠥᠬᠦ ᠤᠯᠤᠰ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠳᠡᠯᠡᠬᠡᠶ ᠶᠢ ᠨᠥᠯᠦᠭᠡᠯᠡᠭᠰᠡᠨ 50 ᠬᠦᠴᠦᠷᠬᠡᠭ︾ ᠢᠶᠠᠷ ᠦᠨᠡᠯᠡᠭᠳᠡᠪᠡ︔ 2019 ᠣᠨ ᠳᠤ ︽ᠪᠥᠬᠦ ᠤᠯᠤᠰ ᠤᠨ | ᠰᠢᠨ᠎ᠡ ᠶᠢ ᠡᠭᠦᠳᠴᠦ ᠦᠢᠯᠡᠰ ᠪᠣᠰᠬᠠᠬᠤ ᠨᠡᠶᠢᠲᠡᠯᠢᠭ ᠳᠤᠷᠰᠢᠯᠭᠠᠲᠤ ᠳᠡᠭᠡᠳᠦ ᠰᠤᠷᠭᠠᠭᠤᠯᠢ︾᠂ ᠪᠥᠬᠦ ᠤᠯᠤᠰ ᠤᠨ | ︽ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠯᠪᠠᠨ ᠤ ᠸᠢᠴᠠᠲ ᠤᠨ ᠲᠠᠪᠢᠨ ᠬᠦᠴᠦᠷᠬᠡᠭ︾ ᠢᠶᠠᠷ | ᠦᠨᠡᠯᠡᠭᠳᠡᠵᠦ᠂ ᠰᠤᠷᠭᠠᠨ ᠬᠦᠮᠤᠵᠢᠯ ᠤᠨ ᠶᠠᠮᠤᠨ ᠤ ᠨᠠᠰᠤᠲᠠᠶᠢᠴᠤᠳ ᠢ ᠠᠰᠠᠷᠠᠬᠤ᠂ ᠮᠠᠰᠢᠨ ᠲᠡᠷᠭᠡ ᠰᠡᠯᠪᠢᠨ | ᠵᠠᠰᠠᠬᠤ᠂ Web ᠤᠨ ᠡᠮᠦᠨ᠎ᠡ ᠦᠵᠦᠭᠦᠷ ᠵᠡᠷᠭᠡ ᠠᠷᠪᠠᠨ ᠨᠢᠭᠡᠨ 1+X ᠲᠤᠷᠰᠢᠯᠲᠠ ᠶᠢᠨ ᠴᠡᠭ ᠢ ᠭᠥᠷᠳᠡᠪᠡ︔ | ︽ᠪᠥᠬᠦ ᠤᠯᠤᠰ ᠤᠨ ᠴᠢᠨᠠᠷᠯᠢᠭ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︾ ᠶᠢ ᠪᠥᠲᠥᠭᠡᠨ | ᠪᠠᠶᠢᠭᠤᠯᠤᠭᠰᠠᠨ ᠨᠢᠭᠡᠴᠢ᠂ ᠠᠩᠬᠠᠳᠠᠭᠴᠢ ᠪᠦᠯᠦᠭ ᠤᠨ ︽ᠥᠪᠡᠷᠲᠡᠭᠡᠨ ᠵᠠᠰᠠᠬᠤ ᠣᠷᠣᠨ ᠤ ᠳᠠᠭᠤᠷᠢᠶᠠᠯ ᠦᠵᠡᠭᠦᠯᠬᠦ | ᠴᠢᠨᠠᠷᠲᠠᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︾ ᠪᠠ ᠥᠪᠡᠷᠲᠡᠭᠡᠨ ᠵᠠᠰᠠᠬᠤ ᠣᠷᠣᠨ ᠤ ︽ᠲᠠᠯ᠎ᠠ | ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠤᠨ ︽ᠳᠡᠭᠡᠳᠦ ᠳᠡᠰ ᠤᠨ ᠴᠢᠳᠠᠪᠤᠷᠢᠲᠠᠨ ᠤ ᠰᠠᠭᠤᠷᠢᠨ ᠭᠠᠵᠠᠷ︾ | ᠪᠣᠯᠤᠨ᠎ᠠ᠃ | | | | | | | | | | | | | | | | | |