ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ︽ᠲᠥᠷᠥ ᠤᠯᠤᠰ︾ ᠭᠡᠬᠦ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/5/24
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ  ᠡᠷᠭᠦᠵᠦ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂  ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ          —︽ᠲᠥᠷᠥ ᠤᠯᠤᠰ︾            ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ

     ᠲᠠᠯ᠎ᠠ ᠨᠤᠲᠤᠭ ᠤᠨ ᠨᠡᠷᠡᠳᠦ ᠬᠤᠳᠠ᠂ ᠦᠵᠡᠰᠬᠦᠯᠡᠩᠲᠦ ᠰᠠᠶᠢᠬᠠᠨ ᠲᠦᠩᠯᠢᠶᠣᠤ ᠬᠤᠲᠠ ᠳᠤ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠭᠡᠷᠡᠯᠲᠦ ᠰᠤᠪᠤᠳ — ᠲᠦᠩᠯᠢᠶᠣᠤ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠪᠠᠶᠢᠷᠢᠯᠠᠳᠠᠭ᠃ ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠣᠳᠣᠬᠠᠨ ᠳᠤ ᠦᠪᠤᠷ

ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠯᠢᠭᠡᠷ ᠵᠢᠱᠢᠶ᠎ᠡ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠲᠦ ᠨᠢᠭᠡᠴᠢ᠂ ᠥᠪᠡᠷᠲᠡᠭᠡᠨ ᠵᠠᠰᠠᠬᠤ ᠣᠷᠣᠨ ᠤ

ᠪᠣᠯᠪᠠᠰᠤᠨ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠠᠮᠤᠷ ᠳᠣᠭᠲᠠᠭᠤᠨ ᠰᠤᠷᠭᠠᠭᠤᠯᠢ᠂ ᠳᠤᠮᠳᠠᠳᠤ

ᠤᠯᠤᠰ ᠤᠨ ᠰᠤᠷᠭᠠᠨ ᠬᠥᠮᠦᠵᠢᠯ ᠤᠨ  ᠬᠥᠭᠵᠢᠭᠦᠯᠦᠯᠲᠡ ᠶᠢᠨ ᠪᠠᠶᠢᠯᠳᠤᠬᠤ ᠪᠤᠳᠤᠯᠭ᠎ᠠ ᠶᠢᠨ ᠨᠡᠶᠢᠭᠡᠮᠯᠢᠭ ᠤᠨ

ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠬᠠᠬᠤ ᠲᠤᠰᠬᠠᠢ ᠮᠡᠷᠭᠡᠵᠢᠯ ᠤᠨ ᠵᠥᠪᠯᠡᠯ ᠤᠨ ᠪᠠᠶᠢᠩᠭᠤ ᠶᠢᠨ ᠬᠡᠷᠡᠭ

ᠡᠷᠬᠢᠯᠡᠬᠦ ᠨᠢᠭᠡᠴᠢ᠂ ᠪᠦᠬᠦ ᠤᠯᠤᠰ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ

ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠵᠠᠬᠢᠷᠤᠯ ᠤᠨ ᠬᠤᠯᠪᠤᠭᠠᠲᠤ ᠬᠤᠷᠠᠯ ᠤᠨ ᠪᠦᠷᠢᠯᠳᠦᠭᠦᠨ

ᠨᠢᠭᠡᠴᠢ ᠪᠣᠯᠣᠨ᠎ᠠ᠃

     ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠤᠷᠲᠤ ᠤᠳᠠᠭᠠᠨ ᠲᠡᠦᠬᠡ ᠲᠠᠢ᠂ ᠤᠯᠠ

ᠰᠠᠭᠤᠷᠢ ᠵᠤᠵᠠᠭᠠᠨ ᠳᠡᠭᠡᠳᠦ ᠰᠤᠷᠭᠠᠭᠤᠯᠢ ᠪᠣᠯᠤᠨ᠎ᠠ᠃ ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ

1951 ᠣᠨ ᠠᠴᠠ ᠡᠬᠢᠯᠡᠵᠦ ᠰᠤᠷᠭᠠᠭᠤᠯᠢ ᠡᠷᠬᠢᠯᠡᠭᠰᠡᠨ ᠲᠡᠦᠬᠡ ᠲᠠᠢ᠂ 2004 ᠣᠨ ᠳᠤ ᠤᠤᠯ ᠤᠨ ᠵᠢᠷᠢᠮ

ᠠᠶᠢᠮᠠᠭ ᠤᠨ ᠪᠠᠭᠰᠢ ᠶᠢᠨ ᠰᠤᠷᠭᠠᠭᠤᠯᠢ᠂ ᠵᠢᠷᠢᠮ ᠠᠶᠢᠮᠠᠭ ᠤᠨ ᠡᠷᠡᠭᠦᠯ ᠬᠠᠮᠠᠭᠠᠯᠠᠯ ᠤᠨ ᠰᠤᠷᠭᠠᠭᠤᠯᠢ᠂ ᠵᠢᠷᠢᠮ

ᠠᠶᠢᠮᠠᠭ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ᠂ ᠦᠪᠦᠷ ᠮᠤᠩᠭᠤᠯ ᠤᠨ ᠷᠠᠳᠢᠤ᠋ ᠲᠧᠯᠧᠰ ᠶᠡᠭᠡ

ᠰᠤᠷᠭᠠᠭᠤᠯᠢ ᠶᠢᠨ ᠲᠦᠩᠯᠢᠶᠣᠤ ᠳᠠᠬᠢ ᠬᠤᠪᠢᠶᠠᠷᠢ ᠰᠤᠷᠭᠠᠭᠤᠯᠢ ᠶᠢ ᠨᠡᠶᠢᠯᠡᠭᠦᠯᠦᠨ ᠪᠠᠶᠢᠭᠤᠯᠤᠭᠰᠠᠨ ᠠᠯᠪᠠᠨ ᠠᠴᠠ

ᠡᠷᠬᠢᠯᠡᠭᠰᠡᠨ ᠪᠦᠬᠦᠯᠢ ᠡᠳᠦᠷ ᠤᠨ ᠳᠦᠷᠢᠮᠲᠦ ᠶᠡᠷᠦᠩᠬᠡᠶᠢᠯᠡᠭᠰᠡᠨ ᠴᠢᠨᠠᠷᠲᠠᠢ ᠡᠩ ᠤᠨ ᠳᠡᠭᠡᠳᠦ ᠰᠤᠷᠭᠠᠭᠤᠯᠢ ᠪᠠᠶᠢᠵᠤ᠂

ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢᠶᠠᠷ ᠭᠤᠣᠯᠯᠠᠭᠤᠯᠵᠤ᠂ ᠳᠤᠮᠳᠠ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ᠂ ᠷᠠᠳᠢᠤ᠋ ᠲᠧᠯᠧᠰ ᠶᠡᠭᠡ ᠰᠤᠷᠭᠠᠭᠤᠯᠢ ᠶᠢᠨ ᠨᠡᠭᠡᠭᠡᠯᠲᠡᠲᠦ ᠰᠤᠷᠭᠠᠨ ᠬᠥᠮᠦᠵᠢᠯ

ᠪᠠ ᠨᠡᠶᠢᠭᠡᠮ ᠤᠨ ᠪᠣᠯᠪᠠᠰᠤᠷᠠᠭᠤᠯᠤᠯ ᠤᠨ ᠡᠭᠦᠷᠭᠡ ᠴᠢᠳᠠᠮᠵᠢ ᠶᠢ ᠬᠠᠪᠰᠤᠷᠭᠠᠭᠰᠠᠨ ᠪᠠᠶᠢᠨ᠎ᠠ᠃ ᠰᠤᠷᠭᠠᠭᠤᠯᠢ ᠶᠢᠨ

ᠪᠠᠭᠰᠢ ᠠᠵᠢᠯᠳᠡᠠ ᠠᠵᠢᠯᠴᠢᠠ 800 ᠭᠠᠷᠤᠶ ᠬᠥᠮᠦᠨ᠂ ᠡᠯ᠎ᠡ ᠭᠠᠵᠠᠷ ᠤᠨ ᠡᠯ᠎ᠡ ᠲᠥᠷᠥᠯ ᠤᠨ ᠮᠡᠷᠭᠡᠵᠢᠯ ᠳᠤ

ᠰᠤᠷᠤᠯᠴᠠᠭ᠎ᠠ ᠰᠤᠷᠤᠭᠴᠢ 1.5 ᠲᠦᠮᠡ ᠭᠠᠷᠤᠶ ᠪᠠᠶᠢᠵᠤ᠂ ᠡᠭᠦᠨ ᠤ ᠳᠣᠲᠣᠷ᠎ᠠ ᠪᠦᠬᠦᠯᠢ ᠡᠳᠦᠷ ᠤᠨ ᠳᠦᠷᠢᠮᠲᠦ

ᠰᠤᠷᠭᠠᠭᠤᠯᠢ ᠳᠤ ᠪᠠᠶᠢᠭ᠎ᠠ ᠰᠤᠷᠤᠭᠴᠢ 1 ᠲᠦᠮᠡ ᠭᠠᠷᠤᠶ ᠪᠠᠶᠢᠨ᠎ᠠ᠃ ᠳᠣᠤᠷ᠎ᠠ ᠪᠠᠨ 12 ᠵᠢᠭᠠᠨ ᠰᠤᠷᠭᠠᠯᠲᠠ ᠶᠢᠨ

ᠪᠠᠶᠢᠭᠤᠯᠤᠮᠵᠢ ᠪᠠ 2 ᠬᠠᠷᠢᠶᠠᠲᠤ ᠡᠮᠨᠡᠯᠭᠡ ᠶᠢᠨ ᠬᠤᠷᠢᠶ᠎ᠠ ᠪᠠᠶᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ᠂

ᠪᠠᠭᠰᠢ ᠶᠢᠨ ᠰᠤᠷᠭᠠᠨ ᠬᠥᠮᠦᠵᠢᠯ ᠵᠡᠷᠭᠡ 5 ᠶᠡᠭᠡ ᠲᠥᠷᠥᠯ ᠤᠨ 32 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ

ᠲᠤᠰᠬᠠᠶ ᠮᠡᠷᠭᠡᠵᠢᠯ ᠲᠠᠢ᠂ ᠤᠷᠢᠳ ᠬᠤᠵᠢᠳ ᠰᠤᠪᠢᠯᠠᠯᠲᠠ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ

ᠬᠥᠮᠦᠵᠢᠯ᠂ ᠡᠮ ᠤᠨ ᠤᠬᠠᠭᠠᠨ ᠵᠡᠷᠭᠡ 6 ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠢ ᠬᠠᠮᠲᠤᠷᠠᠨ ᠡᠷᠭᠢᠯᠡᠪᠡ᠃ ᠣᠲᠣ

ᠰᠤᠪᠢᠯᠠᠯᠲᠠ᠂ ᠡᠮ ᠤᠨ ᠤᠬᠠᠭᠠᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠨᠢᠭᠲᠠᠯᠠᠨ

ᠪᠣᠳᠤᠭᠴᠢ᠂ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠯᠲᠠ ᠬᠠᠮᠢᠶᠠᠷᠤᠯᠲᠠ ᠵᠡᠷᠭᠡ ᠥᠪᠡᠷᠲᠡᠭᠡᠨ ᠵᠠᠰᠠᠬᠤ

ᠣᠷᠣᠨ ᠤ ᠲᠠᠰ ᠤᠨ ᠨᠡᠷᠡᠲᠡᠢ ᠲᠤᠰᠬᠠᠶ ᠮᠡᠷᠭᠡᠵᠢᠯ 5 ᠪᠣᠢ︔ ᠰᠤᠪᠢᠯᠠᠯᠲᠠ᠂ ᠡᠮ ᠤᠨ ᠤᠬᠠᠭᠠᠨ ᠵᠡᠷᠭᠡ ᠥᠪᠡᠷᠲᠡᠭᠡᠨ

ᠵᠠᠰᠠᠬᠤ ᠣᠷᠣᠨ ᠤ ᠭᠤᠣᠯᠳᠠᠯᠭᠠᠲᠠᠢ ᠪᠥᠲᠥᠭᠡᠨ ᠪᠠᠶᠢᠭᠤᠯᠤᠯᠲᠠ ᠶᠢᠨ ᠲᠤᠰᠬᠠᠶ ᠮᠡᠷᠭᠡᠵᠢᠯ 2 ᠪᠣᠢ︔ ᠰᠤᠷᠭᠠᠨ

ᠬᠦᠮᠤᠵᠢᠯ ᠤᠨ ᠶᠠᠮᠤᠨ ᠠᠴᠠ ᠮᠠᠭᠠᠳᠯᠠᠨ ᠲᠣᠭᠲᠠᠭᠠᠭᠰᠠᠨ ︽ᠡᠭᠦᠳᠦᠯᠲᠡ ᠬᠥᠭᠵᠢᠯᠲᠡ ᠶᠢᠨ ᠠᠵᠢᠯᠯᠠᠭᠠᠨ ᠤ

ᠲᠥᠯᠥᠪᠯᠡᠭᠡ︾᠎ ᠶᠢᠨ ᠭᠤᠤᠯᠯᠠᠭᠴᠢ ᠲᠤᠰᠬᠠᠶ ᠮᠡᠷᠭᠡᠵᠢᠯ 2 ᠪᠣᠶ︔ ᠮᠣᠩᠭᠤᠯ ᠬᠢᠲᠠᠳ ᠬᠤᠤᠰ ᠬᠡᠯᠡᠨ ᠤ ︽ᠬᠤᠤᠰ

ᠬᠡᠯᠪᠡᠷᠢᠲᠦ ᠪᠠᠭᠰᠢ︾᠎ ᠶᠢᠨ ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ 1 ᠪᠣᠶ᠃ ᠤᠯᠤᠰ ᠤᠨ

ᠳᠡᠰ ᠤᠨ ᠰᠡᠳᠦᠪ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠳᠡᠮ ᠰᠢᠨᠵᠢᠯᠡᠭᠡᠨ ᠤ ᠲᠥᠰᠦᠯ 161᠎ ᠶᠢ

ᠳᠠᠭᠠᠭᠠᠵᠤ ᠭᠦᠢᠴᠡᠳᠭᠡᠪᠡ᠃

     ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠬᠥᠮᠦᠨ ᠢᠶᠠᠷ ᠦᠨᠳᠦᠰᠦ ᠪᠣᠯᠭᠠᠭᠰᠠᠨ᠂ ᠢᠯᠡ

ᠲᠣᠳᠣ ᠣᠨᠴᠠᠯᠢᠭᠲᠠᠢ ᠳᠡᠭᠡᠳᠦ ᠰᠤᠷᠭᠠᠭᠤᠯᠢ ᠪᠣᠯᠤᠨ᠎ᠠ᠃ ᠲᠤᠰ ᠰᠤᠷᠭᠠᠭᠤᠯᠢ ᠨᠢ ᠨᠢᠭᠡᠨᠲᠡ ︽ᠨᠢᠭᠡ ᠲᠠᠯ᠎ᠠ ᠪᠠᠷ

ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠠᠳᠬᠤᠵᠤ᠂ ᠨᠥᠭᠦᠭᠡ ᠲᠠᠯ᠎ᠠ ᠪᠠᠷ ᠠᠵᠢᠯ ᠮᠡᠷᠭᠡᠵᠢᠯ ᠤᠨ

ᠪᠣᠯᠪᠠᠰᠤᠷᠠᠭᠤᠯᠤᠯ ᠢ ᠠᠳᠬᠤᠬᠤ︾ ᠰᠤᠷᠭᠠᠭᠤᠯᠢ ᠡᠷᠭᠢᠯᠡᠬᠦ ᠣᠨᠴᠠᠯᠢᠭ ᠢ ᠪᠣᠶ ᠪᠣᠯᠭᠠᠪᠠ᠄ ︽ᠶᠣᠰᠣ ᠪᠠ ᠪᠣᠳᠠᠲᠠᠶ ᠶᠢ

ᠨᠢᠭᠡ ᠴᠤᠭᠴᠠᠵᠢᠭᠤᠯᠬᠤ︾ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠶᠡᠭᠡ ᠪᠠᠷ ᠬᠡᠷᠡᠭᠵᠢᠭᠦᠯᠪᠡ︔ ᠪᠥᠬᠦ

ᠣᠷᠣᠨ ᠤ ᠠᠳᠠᠯᠢ ᠲᠥᠷᠥᠯ ᠤᠨ ᠳᠡᠭᠡᠳᠦ ᠰᠤᠷᠭᠠᠭᠤᠯᠢ ᠶᠢᠨ ᠳᠣᠲᠤᠷ᠎ᠠ ᠰᠤᠷᠤᠯᠭ᠎ᠠ ᠶᠢᠨ ᠬᠤᠪᠢ ᠶᠢᠨ ᠲᠦᠷᠢᠮ ᠤᠨ

ᠬᠠᠮᠢᠶᠠᠷᠤᠯᠲᠠ ᠶᠢ ᠤᠷᠢᠳ ᠢᠶᠠᠷ  ᠬᠡᠷᠡᠭᠵᠢᠭᠦᠯᠪᠡ︔ ᠰᠤᠷᠤᠭᠴᠢᠳ ᠠᠴᠠ ᠦᠨᠡᠯᠡᠬᠦ ᠵᠢᠭᠠᠨ ᠰᠤᠷᠭᠠᠯᠲᠠ ᠶᠢᠨ

ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠪᠡ︔ ᠪᠡᠷᠢᠮᠵᠢᠶᠡᠵᠢᠭᠤᠯᠤᠭᠰᠠᠨ  ᠰᠢᠯᠭᠠᠯᠲᠠ ᠶᠢᠨ ᠲᠠᠯᠠᠪᠠᠶ 200 ᠰᠢᠬᠠᠮ᠂

ᠳᠡᠭᠡᠳᠦ ᠲᠠᠰ ᠤᠨ ᠣᠯᠠᠨ ᠵᠠᠭᠤᠴᠢᠳᠤ ᠲᠥᠬᠦᠭᠡᠷᠦᠮᠵᠢ 200 ᠭᠠᠷᠤᠶ ᠢᠵᠢ ᠪᠠᠶᠢᠵᠤ᠂ ᠰᠤᠷᠭᠠᠭᠤᠯᠢ ᠶᠢᠨ ᠳᠣᠲᠣᠨ᠎ᠠ

ᠭᠠᠳᠠᠨᠠᠬᠢ ᠪᠣᠳᠠᠲᠠᠶ ᠪᠣᠯᠪᠠᠰᠤᠷᠠᠯ ᠤᠨ ᠲᠠᠯᠠᠪᠠᠶ 300 ᠭᠠᠷᠤᠶ ᠪᠣᠢ᠃ ᠰᠤᠷᠭᠠᠭᠤᠯᠢ ᠶᠢᠨ ᠤᠯᠤᠰ ᠤᠨ ᠠᠵᠢᠯ

ᠮᠡᠷᠭᠡᠵᠢᠯ ᠤᠨ ᠴᠢᠳᠠᠪᠤᠷᠢ ᠶᠢ ᠬᠢᠨᠠᠨ ᠳᠣᠭᠲᠠᠭᠠᠬᠤ ᠭᠠᠵᠠᠷ ᠪᠣᠯ ᠲᠦᠩᠯᠢᠶᠣᠤ ᠬᠤᠲᠠ ᠶᠢᠨ ᠴᠢᠳᠠᠪᠤᠷᠢ ᠶᠢᠨ ᠵᠡᠷᠭᠡ

ᠳᠡᠰ ᠢ ᠲᠣᠭᠲᠠᠭᠠᠬᠤ ᠲᠤᠷᠰᠢᠯᠲᠠ ᠶᠢᠨ ᠴᠡᠭ ᠪᠠ ᠨᠡᠶᠢᠭᠡᠮ ᠤᠨ ᠪᠣᠯᠪᠠᠰᠤᠷᠠᠭᠤᠯᠤᠯ ᠢ ᠦᠨᠡᠯᠡᠬᠦ ᠵᠣᠬᠢᠶᠠᠨ ᠪᠠᠶᠢᠭᠤᠯᠬᠤ

ᠨᠢᠭᠡᠴᠢ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠦᠢᠯᠡᠰ ᠪᠤᠰᠬᠠᠵᠤ

ᠴᠢᠨᠡᠭᠡᠯᠢᠭᠵᠢᠭᠦᠯᠬᠦ ᠳᠠᠭᠠᠭᠤᠯᠤᠭᠴᠢ ᠶᠢᠨ ᠳᠣᠭᠲᠠᠭᠠᠭᠰᠠᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠤᠮ᠂

ᠥᠪᠡᠷᠲᠡᠭᠡᠨ ᠵᠠᠰᠠᠬᠤ ᠣᠷᠣᠨ ᠤ ᠭᠡᠷ ᠤᠨ ᠬᠥᠮᠦᠵᠢᠯ ᠳᠤ ᠦᠢᠯᠡᠴᠢᠯᠡᠵᠦ ᠵᠢᠯᠣᠭᠤᠳᠬᠤ ᠵᠡᠭᠦᠨ ᠬᠡᠰᠡᠭ ᠤᠨ ᠲᠥᠪ᠂

ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠶᠢᠨ ᠯᠢᠶᠠᠩ ᠵᠢᠶᠧ︾᠎ ᠶᠢᠨ ᠬᠤᠯᠪᠣᠭᠠᠨ ᠤ ᠪᠦᠷᠢᠯᠳᠦᠬᠦᠨ ᠨᠢᠭᠡᠴᠢ᠂

ᠥᠪᠥᠷ ᠮᠣᠩᠭᠤᠯ ᠤᠨ ᠵᠡᠭᠦᠨ ᠬᠡᠰᠡᠭ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠴᠢᠳᠠᠪᠤᠷᠢ᠂ ᠲᠦᠩᠯᠢᠶᠣᠤ

ᠬᠤᠲᠠ ᠶᠢᠨ ᠳᠠᠬᠢᠨ ᠠᠵᠢᠯ ᠣᠯᠤᠭᠰᠠᠳ᠂ ᠴᠡᠷᠢᠭ ᠠᠴᠠ ᠬᠠᠯᠠᠭᠳᠠᠭᠰᠠᠳ ᠪᠠ ᠮᠣᠩᠭᠤᠯ ᠬᠢᠲᠠᠳ ᠡᠮ ᠡᠮᠨᠡᠯᠭᠡ ᠶᠢᠨ

ᠠᠵᠤ ᠦᠢᠯᠡᠰ ᠵᠢᠴᠢ ᠣᠲᠣ ᠦᠶ᠎ᠡ ᠶᠢᠨ ᠬᠡᠷ ᠪᠦᠯᠢ ᠶᠢᠨ ᠦᠢᠯᠡᠴᠢᠯᠡᠭᠡᠨ ᠤ ᠦᠢᠯᠡᠰ ᠵᠡᠷᠭᠡ ᠣᠯᠠᠨ ᠵᠦᠢᠯ ᠤᠨ

ᠠᠵᠢᠯ ᠲᠥᠷᠥᠯ ᠤᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠠᠢ ᠪᠠᠶᠢᠵᠤ᠂ ᠡᠯ᠎ᠡ ᠱᠠᠲᠤᠨ ᠤ ᠡᠯ᠎ᠡ ᠲᠥᠷᠥᠯ ᠤᠨ

ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ᠂ ᠡᠮᠴᠢᠯᠡᠭᠡ ᠰᠤᠪᠢᠯᠠᠯᠲᠠ ᠡᠷᠡᠭᠦᠯᠵᠢᠯ᠂

︽1+X︾ ᠦᠨᠡᠮᠯᠡᠯ ᠤᠨ ᠲᠤᠷᠰᠢᠯᠲᠠ ᠶᠢᠨ ᠴᠡᠭ ᠵᠡᠷᠭᠡ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠵᠢᠴᠢ ᠭᠤᠷᠪᠠ᠂

ᠳᠥᠷᠪᠡ᠂ ᠲᠠᠪᠤᠳᠤᠭᠠᠷ ᠳᠡᠰ ᠤᠨ ᠴᠢᠳᠠᠪᠤᠷᠢ ᠶᠢᠨ ᠬᠢᠨᠠᠨ ᠲᠣᠭᠲᠠᠭᠠᠯᠲᠠ ᠶᠢ ᠳᠠᠭᠠᠭᠠᠨ ᠭᠦᠢᠴᠡᠳᠭᠡᠨ᠎ᠡ᠃ ᠭᠢᠷᠢᠨ ᠤ

ᠨᠢᠭᠡᠳᠦᠭᠡᠷ ᠮᠠᠰᠢᠨ ᠲᠡᠷᠭᠡᠨ ᠤ ᠦᠢᠯᠡᠳᠪᠦᠷᠢ ᠵᠡᠷᠭᠡ ᠤᠯᠠᠨ ᠨᠡᠷᠡᠳᠦ ᠠᠵᠤ ᠠᠬᠤᠶᠢᠯᠠᠯ ᠲᠠᠢ ᠬᠠᠮᠲᠤᠷᠠᠨ ᠡᠷᠬᠢᠯᠡᠭᠰᠡᠨ

︽ᠵᠠᠬᠢᠶᠠᠯᠠᠭ᠎ᠠ ᠶᠢᠨ ᠠᠩᠬᠢ︾᠎ ᠨᠢ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠯᠦᠭᠡ ᠵᠡᠷᠭᠡ ᠪᠠᠷ

ᠤᠷᠤᠭᠰᠢᠯᠠᠵᠤ᠂ ᠭᠠᠴᠠᠭ᠎ᠠ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ ᠳᠤ ᠬᠦᠴᠦ ᠨᠡᠮᠡᠷᠢᠯᠡᠵᠡᠢ᠃

     ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠭᠤᠶᠤ ᠰᠠᠶᠢᠬᠠᠨ ᠣᠷᠴᠢᠨ ᠲᠣᠭᠤᠷᠢᠨ᠂

ᠳᠡᠭᠡᠳᠦ ᠵᠡᠷᠭᠡ ᠶᠢᠨ ᠦᠢᠯᠡᠴᠢᠯᠡᠭᠡ ᠪᠥᠬᠦᠢ ᠳᠡᠭᠡᠳᠦ ᠰᠤᠷᠭᠠᠭᠤᠯᠢ ᠪᠣᠯᠤᠨ᠎ᠠ᠃ ᠰᠤᠷᠭᠠᠭᠤᠯᠢ ᠶᠢᠨ ᠡᠵᠡᠯᠡᠵᠦ ᠪᠠᠶᠢᠭ᠎ᠠ

ᠭᠠᠵᠠᠷ 803 ᠮᠥ᠂ ᠪᠠᠷᠢᠯᠭ᠎ᠠ ᠶᠢᠨ ᠲᠠᠯᠠᠪᠠᠶ 17 ᠲᠦᠮᠡᠨ ᠲᠡᠭᠰᠢ ᠳᠥᠷᠪᠡᠯᠵᠢᠨ ᠮᠧᠲᠷ᠂ ᠰᠤᠷᠭᠠᠭᠤᠯᠢ ᠶᠢᠨ

ᠳᠣᠲᠣᠨ᠎ᠠ ᠭᠠᠳᠠᠨᠠᠬᠢ ᠡᠯ᠎ᠡ ᠲᠥᠷᠥᠯ ᠤᠨ ᠲᠤᠷᠰᠢᠯᠲᠠ ᠶᠢᠨ ᠳᠠᠳᠤᠯᠭ᠎ᠠ ᠪᠣᠯᠪᠠᠰᠤᠷᠠᠯ ᠤᠨ ᠲᠠᠯᠠᠪᠤᠷ ᠪᠠ ᠪᠣᠳᠠᠲᠠᠢ

ᠪᠣᠯᠪᠠᠰᠤᠷᠠᠯ ᠤᠨ ᠰᠠᠭᠤᠷᠢᠨ ᠭᠠᠵᠠᠷ 305 ᠪᠤᠶ︔ ᠲᠣᠭᠲᠠᠮᠠᠯ ᠬᠥᠷᠦᠩᠭᠡ 6.49 ᠳ᠋ᠦᠩᠰᠢᠭᠤᠷ ᠲᠥᠭᠦᠷᠢᠭ ᠲᠤ

ᠬᠦᠷᠴᠦ᠂ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ ᠥᠷᠲᠡᠭ 1.5

ᠳ᠋ᠦᠩᠰᠢᠭᠤᠷ ᠲᠥᠭᠦᠷᠢᠭ᠂ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠨᠣᠮ ᠪᠢᠴᠢᠭ 65 ᠲᠦᠮᠡᠨ ᠳᠡᠪᠲᠡᠷ ᠪᠣᠶ︔

ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠥᠷᠭᠡᠨ ᠪᠦᠰᠡ ᠶᠢᠨ ᠶᠡᠷᠦᠩᠬᠡᠶ ᠬᠡᠮᠵᠢᠶ᠎ᠡ 6G᠎ ᠂

ᠰᠤᠷᠭᠠᠭᠤᠯᠢ ᠶᠢᠨ ᠬᠦᠷᠢᠶᠡᠨ ᠳᠤ ᠲᠥᠯᠦᠪᠦᠷᠢ ᠦᠭᠡᠢ Wi-Fi᠎ ᠶᠢ ᠨᠡᠶᠢᠳᠡᠮ ᠪᠦᠷᠬᠦᠭᠦᠯᠪᠡ᠃ ᠣᠶᠢᠷ᠎ᠠ ᠶᠢᠨ

ᠭᠤᠷᠪᠠᠨ ᠵᠢᠯ ᠳᠤ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠡᠷᠴᠢᠮ ᠢᠶᠠᠨ

ᠴᠢᠩᠭᠠᠷᠠᠭᠤᠯᠵᠤ᠂ ᠰᠤᠷᠭᠠᠭᠤᠯᠢ ᠶᠢᠨ ᠬᠠᠲᠠᠭᠤ ᠲᠣᠨᠤᠭ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠵᠢᠭᠠᠨ

ᠰᠤᠷᠭᠠᠯᠲᠠ ᠶᠢᠨ ᠳᠠᠳᠤᠯᠭ᠎ᠠ ᠪᠣᠯᠪᠠᠰᠤᠷᠠᠭᠤᠯᠤᠯ ᠤᠨ ᠨᠥᠬᠦᠴᠡᠯ ᠰᠢᠯᠢᠳᠡᠭ ᠰᠠᠶᠢᠨ᠂ ᠰᠣᠶᠣᠯ ᠪᠠ ᠪᠡᠶ᠎ᠡ ᠶᠢᠨ

ᠲᠠᠮᠢᠷ ᠤᠨ ᠲᠥᠬᠦᠭᠡᠷᠦᠮᠵᠢ ᠶᠢ ᠰᠢᠨᠡᠳᠭᠡᠵᠦ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠲᠠᠰᠤᠷᠠᠯᠲᠠ

ᠥᠬᠡᠶ ᠰᠢᠯᠢᠳᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠨᠠᠩ ᠢᠯᠡ ᠲᠣᠳᠣ ᠪᠣᠯᠵᠣ᠂

ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠶᠡᠭᠡ ᠪᠠᠷ ᠳᠡᠭᠡᠭᠰᠢᠯᠡᠨ᠂ ᠪᠠᠭᠰᠢ ᠰᠤᠷᠤᠭᠴᠢᠳ ᠤᠨ ᠠᠮᠤᠷ

ᠲᠦᠪᠰᠢᠨ ᠪᠠ ᠡᠮ ᠡᠮᠨᠡᠯᠭᠡ ᠡᠷᠡᠭᠦᠯ ᠬᠠᠮᠠᠭᠠᠯᠠᠯ ᠪᠠᠲᠤᠯᠠᠭ᠎ᠠ ᠲᠠᠢ ᠪᠣᠯᠵᠣ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ᠂

ᠠᠮᠤᠷ ᠳᠣᠭᠲᠠᠭᠤᠨ ᠰᠤᠷᠭᠠᠭᠤᠯᠢ ᠶᠢᠨ ᠬᠦᠷᠢᠶ᠎ᠡ᠂ ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ᠂

ᠴᠡᠴᠡᠷᠯᠢᠭᠲᠦ ᠰᠤᠷᠭᠠᠭᠤᠯᠢ ᠶᠢᠨ ᠬᠦᠷᠢᠶ᠎ᠡ᠂ ᠤᠶᠤᠨᠲᠤ ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ

ᠡᠯᠪᠡᠭ ᠪᠠᠶᠠᠯᠢᠭ ᠦᠷ᠎ᠡ  ᠪᠦᠲᠦᠮᠵᠢ ᠤᠯᠪᠠ᠃

     ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠠᠮᠵᠢᠯᠲᠠ ᠭᠠᠷᠭᠠᠬᠤ ᠪᠠᠷ ᠮᠡᠷᠡᠶᠢᠨ

ᠴᠢᠷᠮᠠᠶᠢᠵᠤ᠂ ᠡᠯᠪᠡᠭ ᠪᠠᠶᠠᠯᠢᠭ ᠦᠷ᠎ᠡ ᠪᠥᠲᠦᠮᠵᠢ ᠣᠯᠤᠭᠰᠠᠨ ᠳᠡᠭᠡᠳᠦ ᠰᠤᠷᠭᠠᠭᠤᠯᠢ ᠪᠣᠯᠤᠨ᠎ᠠ᠃ ᠰᠤᠷᠭᠠᠭᠤᠯᠢ ᠨᠢ

ᠤᠷᠢᠳ ᠬᠤᠵᠢᠳ ᠪᠦᠬᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ᠂

ᠪᠦᠬᠦ ᠤᠯᠤᠰ ᠤᠨ ︽3 · 8︾᠎ ᠤ ᠤᠯᠠᠭᠠᠨ ᠲᠤᠭᠴᠢ ᠬᠠᠮᠲᠤ ᠨᠡᠶᠢᠲᠡ᠂ ᠪᠦᠬᠦ ᠤᠯᠤᠰ ᠤᠨ ᠵᠢᠱᠢᠶᠡᠴᠢ ᠠᠵᠢᠯᠳᠠᠨ

ᠠᠵᠢᠯᠴᠢᠨ ᠤ ᠭᠡᠷ ᠣᠷᠣᠨ ᠵᠡᠷᠭᠡ ᠢᠷᠠᠭᠤ ᠠᠯᠳᠠᠷ ᠤᠨ ᠴᠣᠯᠠ ᠶᠢ ᠬᠦᠷᠳᠡᠵᠤ᠂ ᠥᠪᠡᠷᠲᠡᠭᠡᠨ ᠵᠠᠰᠠᠬᠤ ᠣᠷᠣᠨ ᠤ

ᠲᠠᠨᠢᠯᠴᠠᠭᠤᠯᠭ᠎ᠠ ᠪᠠᠷ ᠪᠦᠬᠦ ᠤᠯᠤᠰ ᠤᠨ ᠨᠠᠮ ᠤᠨ ᠪᠠᠶᠢᠭᠤᠯᠤᠯᠲᠠ ᠶᠢᠨ ᠦᠯᠢᠭᠡᠷ ᠵᠢᠱᠢᠶ᠎ᠡ ᠳᠡᠭᠡᠳᠦ ᠰᠤᠷᠭᠠᠭᠤᠯᠢ ᠪᠠᠷ

ᠦᠨᠡᠯᠡᠭᠳᠡᠵᠦ᠂ 2 ᠨᠠᠮ ᠤᠨ ᠶᠡᠷᠦᠩᠬᠡᠢ ᠡᠭᠦᠷ ᠨᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠨᠳᠦᠰᠦᠨ

ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠪᠠᠷ ᠦᠨᠡᠯᠡᠭᠳᠡᠵᠦ᠂ 1 ᠨᠠᠮ ᠤᠨ ᠡᠭᠦᠷ ᠪᠦᠬᠦ ᠤᠯᠤᠰ ᠤᠨ ᠨᠠᠮ ᠤᠨ

ᠪᠠᠶᠢᠭᠤᠯᠤᠯᠲᠠ ᠶᠢᠨ ᠦᠯᠢᠭᠡᠷ ᠵᠢᠱᠢᠶ᠎ᠡ ᠨᠠᠮ ᠤᠨ ᠡᠭᠦᠷ ᠢᠶᠠᠷ ᠰᠣᠩᠭᠤᠭᠳᠠᠵᠠᠢ᠃ ᠡᠯ᠎ᠡ ᠱᠠᠲᠤᠨ ᠤ ᠡᠯ᠎ᠡ

ᠲᠦᠷᠦᠯ ᠤᠨ ᠤᠷᠤᠯᠳᠤᠭᠠᠨ ᠳᠤ᠂ ᠪᠦᠬᠦ ᠤᠯᠤᠰ ᠤᠨ ᠰᠤᠪᠢᠯᠠᠯᠲᠠ ᠶᠢᠨ ᠤᠷ᠎ᠠ ᠮᠡᠷᠭᠡᠵᠢᠯ ᠤᠨ ᠤᠷᠤᠯᠳᠤᠭᠠᠨ ᠤ

ᠨᠢᠭᠡᠳᠦᠭᠡᠷ ᠳᠡᠰ ᠤᠨ ᠱᠠᠩᠨᠠᠯ᠂ ︽ᠢᠨᠲ᠋ᠧᠷ ᠰᠦᠯᠵᠢᠶ᠎ᠡ +︾ ᠤᠶᠤᠲᠠᠳ ᠤᠨ ᠰᠢᠨ᠎ᠡ ᠶᠢ ᠡᠭᠦᠳᠴᠦ ᠦᠢᠯᠡᠰ

ᠪᠤᠰᠬᠠᠬᠤ ᠤᠷᠤᠯᠳᠤᠭᠠᠨ ᠤ ᠪᠦᠬᠦ ᠤᠯᠤᠰ ᠤᠨ ᠭᠠᠤᠯᠢᠨ ᠮᠧᠲᠠᠯ ᠪᠣᠯᠤᠨ ᠦᠪᠦᠷ ᠮᠤᠩᠭᠤᠯ ᠤᠨ ᠠᠯᠳᠠᠨ ᠮᠧᠲᠠᠯ

ᠵᠡᠷᠭᠡ ᠤᠯᠠᠨ ᠵᠦᠢᠯ ᠤᠨ ᠢᠷᠠᠭᠤ ᠠᠯᠳᠠᠷ ᠢ ᠬᠦᠷᠳᠡᠵᠤ᠂ ︽ᠪᠦᠬᠦ ᠤᠯᠤᠰ ᠤᠨ ᠦᠵᠡᠯ ᠰᠠᠨᠠᠭ᠎ᠠ ᠤᠯᠤᠰ

ᠲᠦᠷᠦ ᠶᠢᠨ ᠤᠨᠤᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠭᠤᠣᠯᠯᠠᠭᠴᠢ ᠬᠦᠴᠦᠲᠡᠨ ᠤ ᠨᠢᠭᠡ︾ ᠹᠧᠩ ᠴᠢᠩ

ᠹᠠᠩ ᠪᠠᠭᠰᠢ᠂ ︽ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ᠂ ᠪᠦᠬᠦ ᠤᠯᠤᠰ ᠤᠨ ᠥᠭᠡᠳᠡᠯᠡᠨ  

ᠳᠠᠪᠰᠢᠭᠰᠠᠨ ᠰᠠᠶᠢᠨ ᠵᠠᠯᠠᠭᠤ︾ ᠰᠤᠷᠤᠭᠴᠢ ᠵᠧᠦ ᠶᠠᠨ ᠮᠧᠢ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ

ᠭᠠᠷᠴᠠᠢ᠃ ᠰᠤᠷᠭᠠᠭᠤᠯᠢ ᠲᠡᠭᠦᠰᠦᠭᠰᠡᠳ ᠦᠪᠦᠷ ᠮᠤᠩᠭᠤᠯ ᠳᠤ ᠲᠦᠭᠡᠵᠦ᠂ ᠵᠡᠭᠦᠨ ᠬᠤᠶᠢᠲᠤ ᠶᠢᠨ ᠭᠤᠷᠪᠠᠨ ᠮᠤᠵᠢ᠂

ᠪᠡᠭᠡᠵᠢᠩ ᠲᠢᠶᠠᠨᠵᠢᠨ ᠡᡁᠧᠪᠸᠢ ᠪᠣᠯᠤᠨ ᠶᠦᠨᠨᠠᠨ ᠭᠦᠢᠵᠧᠦ ᠵᠡᠷᠭᠡ ᠭᠠᠵᠠᠷ ᠢ ᠬᠠᠮᠤᠷᠴᠤ᠂ ᠲᠡᠭᠦᠰᠦᠭᠰᠡᠳ ᠤᠨ ᠠᠵᠢᠯ

ᠣᠯᠭᠤᠯᠲᠠ ᠶᠢᠨ ᠨᠤᠷᠮ᠎ᠠ ᠢᠮᠠᠭᠲᠠ 90%᠎ ᠠᠴᠠ ᠳᠡᠭᠡᠭᠰᠢ ᠪᠠᠶᠢᠬᠤ ᠶᠢ ᠪᠠᠲᠤᠯᠠᠭᠰᠠᠭᠠᠷ ᠢᠷᠡᠵᠠᠢ᠃

     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠲᠦᠩᠯᠢᠶᠣᠤ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ

ᠬᠥᠮᠦᠵᠢᠯ ᠢ ᠭᠤᠣᠯᠳᠠᠯᠭᠠᠲᠠᠢ ᠠᠵᠢᠯ ᠢ ᠠᠬᠢᠭᠤᠯᠬᠤ᠎ ᠲᠠᠢ ᠨᠢᠭᠲᠠ ᠤᠶᠠᠯᠳᠤᠭᠤᠯᠵᠤ᠂ ᠨᠠᠮ ᠤᠨ ᠲᠡᠦᠬᠡ ᠶᠢᠨ

ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ︽ᠪᠢ

ᠪᠠᠭᠰᠢ ᠰᠤᠷᠤᠭᠴᠢᠳ ᠲᠤ ᠪᠤᠳᠡᠳᠡᠢ ᠠᠵᠢᠯ ᠬᠢᠵᠦ ᠥᠭᠬᠦ︾᠎ ᠶᠢ ᠢᠳᠡᠪᠬᠢᠲᠡᠢ ᠦᠢᠯᠡᠳᠦᠯᠭᠡᠵᠢᠭᠦᠯᠵᠦ᠂ ︽ᠪᠣᠳᠠᠲᠠᠢ

ᠠᠵᠢᠯ ᠬᠢᠵᠦ ᠰᠢᠨ᠎ᠡ ᠪᠠᠶᠢᠳᠠᠯ ᠢ ᠡᠭᠦᠳᠬᠦ︾᠎ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠭᠰᠠᠨ ᠪᠠᠶᠢᠨ᠎ᠠ᠃ ᠪᠠᠶᠢᠴᠠᠭᠠᠨ

ᠰᠤᠳᠤᠯᠤᠯᠲᠠ ᠶᠢ ᠥᠷᠭᠡᠨ ᠢᠶᠠᠷ ᠥᠷᠨᠢᠭᠦᠯᠬᠦ ᠪᠠᠷ ᠳᠠᠮᠵᠢᠭᠤᠯᠤᠨ᠂ ᠭᠤᠮᠣᠳᠠᠯ ᠲᠣᠭᠠᠴᠢᠬᠤ ᠠᠷᠭ᠎ᠠ ᠵᠠᠮ ᠢ ᠰᠠᠭᠠᠳ

ᠦᠭᠡᠢ ᠨᠡᠪᠲᠡᠷᠡᠭᠦᠯᠵᠦ᠂ 51 ᠬᠤᠪᠢ ᠪᠤᠳᠡᠳᠡᠢ ᠠᠵᠢᠯ ᠬᠢᠵᠦ᠂ 34 ᠤᠳᠠᠭ᠎ᠠ ᠰᠠᠶᠢᠨ ᠳᠤᠷ᠎ᠠ ᠶᠢᠨ

ᠦᠢᠯᠡᠴᠢᠯᠡᠭᠡ ᠶᠢ ᠥᠷᠨᠢᠭᠦᠯᠵᠦ᠂ ᠬᠦᠴᠢᠷᠳᠡᠯ ᠲᠠᠢ ᠠᠵᠢᠯᠳᠠᠨ ᠠᠵᠢᠯᠴᠢᠨ ᠢ 7 ᠤᠳᠠᠭ᠎ᠠ ᠰᠤᠷᠪᠤᠯᠵᠢᠯᠠᠨ

ᠲᠣᠬᠤᠨᠢᠭᠤᠯᠪᠠ᠃ ᠨᠠᠮ ᠤᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂

ᠰᠤᠷᠭᠠᠭᠤᠯᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠲᠣᠭᠤᠷᠢᠨ ᠳᠤ ᠪᠦᠬᠦ

ᠣᠷᠣᠨ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤ ᠰᠠᠭᠤᠷᠢᠯᠠᠵᠤ᠂ ᠲᠤᠰ ᠵᠢᠯ ᠤᠨ

22 ᠵᠦᠢᠯ ᠤᠨ ᠭᠤᠣᠯᠳᠠᠯᠭᠠᠲᠠᠢ ᠡᠭᠦᠷᠭᠡ᠂ 11 ᠭᠤᠣᠯᠳᠠᠯᠭᠠᠲᠠᠢ ᠲᠥᠰᠦᠯ ᠢ ᠲᠣᠭᠲᠠᠭᠠᠵᠤ᠂ 27 ᠵᠦᠢᠯ ᠤᠨ

ᠠᠵᠢᠯ ᠤᠨ ᠭᠤᠣᠯᠳᠠᠯᠭ᠎ᠠ ᠶᠢ ᠲᠥᠯᠥᠪᠵᠢᠭᠦᠯᠵᠦ᠂ ᠰᠤᠷᠭᠠᠭᠤᠯᠢ ᠶᠢᠨ ᠴᠢᠨᠠᠷᠯᠢᠭ ᠬᠥᠭᠵᠢᠯᠲᠡ ᠰᠠᠶᠢᠨ ᠡᠬᠢᠯᠡᠯᠲᠡ ᠶᠢ

ᠪᠠᠲᠤᠯᠠᠪᠠ᠃

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号