| ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠵᠤ ᠪᠠᠶᠢᠨ᠎ᠠ᠃ | ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ | — ︽ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ︾ | | ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ᠄ | ᠥᠪᠡᠷᠮᠢᠴᠡ ᠣᠨᠴᠠᠯᠢᠭᠲᠤ᠂ ᠴᠢᠨᠠᠷᠯᠢᠭ ᠬᠡᠷᠡᠭᠯᠡᠭᠡᠨ ᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢ ᠪᠥᠲᠥᠭᠡᠨ | ᠪᠠᠶᠢᠭᠤᠯᠪᠠ | ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ᠂ | ᠤᠤᠯ ᠤᠨ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠤᠩ ᠳ᠋ᠧ ᠳᠡᠭᠡᠳᠦ ᠰᠤᠷᠭᠠᠭᠤᠯᠢ᠂ | ᠰᠤᠷᠭᠠᠨ ᠬᠦᠮᠤᠵᠢᠯ ᠤᠨ ᠶᠠᠮᠤᠨ ᠤ ᠵᠥᠪᠰᠢᠶᠡᠷᠡᠯ ᠢᠶᠠᠷ ᠪᠠᠶᠢᠭᠤᠯᠤᠭᠰᠠᠨ ᠪᠦᠬᠦᠯᠢ ᠡᠳᠦᠷ ᠤᠨ ᠳᠦᠷᠢᠮᠲᠦ ᠵᠢᠩᠬᠢᠨᠢ | ᠠᠩᠭᠢᠲᠤ ᠳᠡᠭᠡᠳᠦ ᠰᠤᠷᠭᠠᠭᠤᠯᠢ ᠪᠣᠯᠤᠨ᠎ᠠ᠃ ᠰᠤᠷᠭᠠᠭᠤᠯᠢ ᠨᠢ 2008 ᠣᠨ ᠠᠴᠠ ᠡᠬᠢᠯᠡᠨ ᠵᠢᠩᠬᠢᠨᠢ ᠠᠩᠭᠢ ᠶᠢᠨ | ᠰᠤᠷᠤᠭᠴᠢ ᠡᠯᠰᠡᠪᠡ︔ 2010 ᠣᠨ ᠳᠤ ᠭᠠᠳᠠᠭᠠᠳᠤ ᠶᠢᠨ ᠰᠤᠷᠤᠭᠴᠢ ᠶᠢᠨ ᠬᠥᠮᠦᠵᠢᠯ ᠢ ᠥᠷᠨᠢᠭᠦᠯᠬᠦ | ᠵᠦᠪᠰᠢᠶᠡᠷᠡᠯ ᠢ ᠣᠯᠪᠠ︔ 2016 ᠣᠨ ᠳᠤ ᠬᠤᠤᠰ ᠡᠷᠳᠡᠮ ᠤᠨ ᠴᠣᠯᠠ ᠶᠢᠨ ᠰᠤᠷᠭᠠᠨ ᠬᠥᠮᠦᠵᠢᠯ ᠢ | ᠡᠬᠢᠯᠡᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ | ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠤᠷᠰᠢᠯᠲᠠ ᠶᠢᠨ ᠰᠤᠷᠭᠠᠭᠤᠯᠢ ᠪᠠᠷ ᠲᠣᠭᠳᠠᠭᠠᠭᠳᠠᠪᠠ︔ 2017 | ᠣᠨ ᠳᠤ ︽ᠲᠤᠰᠬᠠᠶ ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠦ︾ ᠰᠣᠷᠣᠭᠴᠢ ᠡᠯᠰᠡᠬᠦ ᠬᠢᠷᠢ ᠬᠡᠮ ᠢ ᠤᠯᠪᠠ︔ | 2020 ᠣᠨ ᠤ 3 ᠰᠠᠷ᠎ᠠ ᠶᠢᠨ 18 ᠤ ᠡᠳᠦᠷ᠂ ᠰᠤᠷᠭᠠᠨ ᠬᠦᠮᠤᠵᠢᠯ ᠤᠨ ᠶᠠᠮᠤᠨ ᠤ ᠵᠥᠪᠰᠢᠶᠡᠷᠡᠯ ᠢᠶᠠᠷ | ᠠᠮᠵᠢᠯᠲᠠᠲᠠᠢ ᠪᠠᠷ ᠰᠢᠯᠵᠢᠭᠦᠯᠦᠨ ᠪᠠᠶᠢᠭᠤᠯᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠠᠩᠬᠠᠳᠠᠭᠴᠢ ᠲᠤᠰᠠᠭᠠᠷ ᠪᠠᠶᠢᠭᠤᠯᠤᠭᠰᠠᠨ ᠠᠷᠠᠳ ᠠᠴᠠ ᠡᠷᠭᠢᠯᠡᠭᠰᠡᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ | ᠪᠣᠯᠪᠠ᠃ ᠳᠡᠭᠡᠳᠦ ᠰᠤᠷᠭᠠᠭᠤᠯᠢ ᠳᠤ ᠣᠲᠣ ᠵᠢᠩᠬᠢᠨᠢ ᠠᠩᠭᠢ ᠶᠢᠨ ᠲᠤᠰᠬᠠᠶ ᠮᠡᠷᠭᠡᠵᠢᠯ 26᠂ ᠲᠤᠰᠬᠠᠶ | ᠮᠡᠷᠭᠡᠵᠢᠯ ᠤᠨ ᠠᠩᠭᠢ ᠶᠢᠨ ᠮᠡᠷᠭᠡᠵᠢᠯ 5᠂ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠰᠣᠷᠣᠭᠴᠢ | 1.3 ᠲᠦᠮᠡ ᠭᠠᠷᠤᠶ ᠪᠣᠶ᠃ | | | | | | ᠨᠢᠭᠡ᠂ ᠬᠠᠲᠠᠭᠤ ᠲᠣᠨᠤᠭ ᠤᠨ ᠲᠥᠬᠦᠭᠡᠷᠦᠮᠵᠢ ᠪᠦᠷᠢᠨ ᠲᠡᠭᠦᠯᠳᠡᠷ᠂ ᠰᠤᠷᠭᠠᠭᠤᠯᠢ ᠶᠢᠨ ᠬᠦᠷᠢᠶᠡᠨ ᠤ ᠣᠷᠴᠢᠨ | ᠲᠣᠭᠤᠷᠢᠨ ᠭᠤᠶᠤ ᠰᠠᠶᠢᠬᠠᠨ | 2008 ᠣᠨ ᠳᠤ᠂ ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠳᠡᠭᠡᠳᠦ ᠰᠤᠷᠭᠠᠭᠤᠯᠢ ᠨᠢ ︽ᠲᠤᠰᠠᠭᠠᠷ ᠳᠡᠭᠡᠳᠦ ᠰᠤᠷᠭᠠᠭᠤᠯᠢ ᠶᠢ ᠪᠠᠶᠢᠭᠤᠯᠬᠤ ᠪᠠ ᠬᠠᠮᠢᠶᠠᠷᠬᠤ ᠠᠷᠭ᠎ᠠ︾ ᠶᠢ | ᠦᠨᠳᠦᠰᠦᠯᠡᠨ ᠪᠡᠯᠡᠳᠬᠡᠨ ᠪᠠᠶᠢᠭᠤᠯᠬᠤ ᠠᠵᠢᠯ ᠢᠶᠠᠨ ᠳᠠᠭᠤᠰᠬᠠᠵᠤ᠂ ᠰᠤᠷᠭᠠᠨ ᠬᠦᠮᠤᠵᠢᠯ ᠤᠨ ᠶᠠᠮᠤᠨ ᠠᠴᠠ | ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠤᠰᠠᠭᠠᠷ ᠳᠡᠭᠡᠳᠦ ᠰᠤᠷᠭᠠᠭᠤᠯᠢ ᠪᠠᠷ ᠵᠦᠪᠰᠢᠶᠡᠷᠡᠵᠦ᠂ | ᠬᠥᠭᠵᠢᠯᠲᠡ ᠶᠢᠨ ᠬᠤᠷᠳᠦᠠ ᠤ ᠵᠡᠮ ᠳᠤ ᠪᠠᠨ ᠣᠷᠣᠭᠰᠠᠨ ᠪᠠᠶᠢᠨ᠎ᠠ᠃ ᠡᠭᠦᠨ ᠠᠴᠠ ᠡᠬᠢᠯᠡᠨ᠂ ᠳᠡᠭᠡᠳᠦ ᠰᠤᠷᠭᠠᠭᠤᠯᠢ | ᠨᠢ ᠰᠤᠷᠭᠠᠨ ᠬᠦᠮᠤᠵᠢᠯ ᠤᠨ ᠶᠠᠮᠤᠨ ᠠᠴᠠ ᠲᠣᠭᠲᠠᠭᠠᠭᠰᠠᠨ ︽ᠡᠩ ᠤᠨ ᠵᠢᠩᠬᠢᠨᠢ ᠠᠩᠭᠢᠲᠤ ᠰᠤᠷᠭᠠᠭᠤᠯᠢ ᠶᠢᠨ | ᠪᠠᠶᠢᠷᠢᠯᠠᠭᠤᠯᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠢ ᠴᠢᠩᠭ᠎ᠠ ᠵᠢᠷᠤᠮᠯᠠᠨ᠂ ᠰᠤᠷᠭᠠᠭᠤᠯᠢ ᠳᠤ ᠪᠠᠶᠢᠭ᠎ᠠ | ᠰᠣᠷᠣᠭᠴᠢ ᠶᠢᠨ ᠬᠡᠪᠴᠢᠶ᠎ᠡ ᠪᠠᠨ ᠦᠨᠳᠦᠰᠦᠯᠡᠨ ᠰᠤᠷᠭᠠᠭᠤᠯᠢ ᠡᠷᠭᠢᠯᠡᠬᠦ ᠨᠥᠬᠦᠴᠡᠯ ᠢᠶᠠᠨ ᠵᠢᠯ ᠳᠠᠷᠠᠭᠠᠯᠠᠨ | ᠲᠡᠭᠦᠯᠳᠡᠷᠵᠢᠭᠦᠯᠵᠦ᠂ ᠰᠤᠷᠭᠠᠭᠤᠯᠢ ᠶᠢᠨ ᠡᠵᠡᠯᠡᠬᠦ ᠭᠠᠵᠠᠷ᠂ ᠰᠤᠷᠭᠠᠭᠤᠯᠢ ᠶᠢᠨ ᠭᠡᠷ ᠪᠠᠷᠢᠯᠭ᠎ᠠ ᠶᠢᠨ ᠲᠠᠯᠠᠪᠠᠶ᠂ | ᠪᠠᠭᠰᠢ ᠶᠢᠨ ᠡᠩᠨᠡᠭᠡ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠬᠢᠭᠡᠳ ᠨᠣᠮ ᠪᠢᠴᠢᠭ ᠵᠡᠷᠭᠡ ᠰᠤᠷᠭᠠᠭᠤᠯᠢ ᠡᠷᠭᠢᠯᠡᠬᠦ | ᠭᠦᠢᠴᠡᠳᠭᠡᠯ ᠲᠤᠭ᠎ᠠ ᠶᠢ ᠴᠥᠮ ᠡᠩ ᠤᠨ ᠵᠢᠩᠬᠢᠨᠢ ᠠᠩᠭᠢᠲᠤ ᠰᠤᠷᠭᠠᠭᠤᠯᠢ ᠶᠢᠨ ᠪᠠᠶᠢᠷᠢᠯᠠᠭᠤᠯᠤᠯᠲᠠ ᠶᠢᠨ | ᠪᠠᠷᠢᠮᠵᠢᠶᠠᠨ ᠳᠤ ᠬᠦᠷᠭᠡᠭᠰᠡᠨ ᠪᠠᠶᠢᠨ᠎ᠠ᠃ ᠰᠤᠷᠭᠠᠭᠤᠯᠢ ᠳᠤ ᠤᠳᠤ 40 ᠲᠦᠮᠡᠨ ᠲᠡᠭᠰᠢ ᠳᠥᠷᠪᠡᠯᠵᠢᠨ ᠮᠧᠲᠷ | ᠰᠤᠷᠭᠠᠭᠤᠯᠢ ᠶᠢᠨ ᠭᠡᠷ ᠪᠠᠷᠢᠯᠭ᠎ᠠ ᠲᠠᠢ᠂ ᠵᠢᠭᠠᠨ ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ 6600 ᠭᠠᠷᠤᠢ | ᠲᠦᠮᠡᠨ ᠲᠥᠭᠦᠷᠢᠭ᠂ ᠨᠣᠮ ᠪᠢᠴᠢᠭ 130 ᠲᠦᠮᠡᠨ ᠳᠡᠪᠲᠡᠷ ᠪᠠᠶᠢᠵᠤ᠂ ᠵᠢᠭᠠᠨ ᠰᠤᠷᠭᠠᠯᠲᠠ ᠶᠢᠨ ᠲᠥᠬᠦᠭᠡᠷᠦᠮᠵᠢ | ᠪᠦᠷᠢᠨ ᠲᠡᠭᠦᠯᠳᠡᠷ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠭᠤᠶᠤ ᠰᠠᠶᠢᠬᠠᠨ ᠶᠤᠮ᠃ 2016 | ᠣᠨ ᠳᠤ ᠬᠦᠬᠡᠬᠤᠳᠠ ᠶᠢᠨ ᠴᠡᠴᠡᠷᠯᠢᠭᠵᠢᠭᠦᠯᠦᠯᠲᠡ ᠶᠢᠨ ᠳᠣᠪᠴᠢᠶᠠᠨ ᠠᠴᠠ ︽ᠬᠥᠬᠡᠬᠤᠲᠠ ᠶᠢᠨ ᠴᠡᠴᠡᠷᠯᠢᠭ | ᠮᠠᠶ᠋ᠢᠭᠲᠤ ᠨᠢᠭᠡᠴᠢ︾ ᠪᠠᠷ ᠦᠨᠡᠯᠡᠵᠦ᠂ 2020 ᠣᠨ ᠳᠤ ᠬᠥᠬᠡᠬᠤᠲᠠ ᠶᠢᠨ ᠨᠣᠭᠤᠭᠠᠷᠠᠭᠤᠯᠤᠯᠲᠠ ᠶᠢᠨ ᠵᠥᠪᠯᠡᠯ ᠠᠴᠠ | ︽ᠣᠷᠣᠨ ᠤ ᠲᠥᠪ ᠤᠨ ᠴᠡᠴᠡᠭᠲᠦ ᠰᠤᠷᠭᠠᠭᠤᠯᠢ ᠶᠢᠨ ᠬᠦᠷᠢᠶ᠎ᠡ︾ ᠪᠠᠷ ᠦᠨᠡᠯᠡᠪᠡ᠃ | | | | | | | ᠬᠤᠶᠠᠷ᠂ ᠬᠥᠭᠵᠢᠯᠲᠡ ᠲᠠᠢ ᠤᠶᠠᠯᠳᠤᠭᠤᠯᠤᠨ ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ ᠤᠨ | ᠪᠠᠶᠢᠭᠤᠯᠤᠯᠲᠠ ᠶᠢ ᠰᠠᠶᠢᠲᠤᠷ ᠠᠳᠬᠤᠵᠤ ᠬᠥᠭᠵᠢᠯᠲᠡ ᠶᠢ ᠠᠬᠢᠭᠤᠯᠪᠠ | ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ | ᠨᠢ ᠰᠤᠷᠭᠠᠭᠤᠯᠢ ᠡᠷᠬᠢᠯᠡᠬᠦ ᠦᠶ᠎ᠡ ︽ᠭᠤᠷᠪᠠᠨ ᠰᠠᠨᠠᠭ᠎ᠠ ᠠᠮᠤᠷ︾ ᠪᠠ ︽ᠭᠤᠷᠪᠠᠨ ᠡᠮᠦᠨ᠎ᠡ ᠡᠩᠨᠡᠭᠡ︾ ᠭᠡᠬᠦ ᠨᠠᠮ ᠤᠨ | ᠪᠠᠶᠢᠭᠤᠯᠤᠯᠲᠠ ᠶᠢᠨ ᠠᠵᠢᠯ ᠤᠨ ᠬᠠᠷᠠᠯᠲᠠ ᠶᠢ ᠳᠤᠷᠠᠳᠤᠨ ᠭᠠᠷᠭᠠᠭᠰᠠᠨ ᠶᠤᠮ᠃ ︽ᠭᠤᠷᠪᠠᠨ ᠰᠠᠨᠠᠭ᠎ᠠ ᠠᠮᠤᠷ︾᠄ ᠨᠠᠮ | ᠪᠣᠯᠤᠨ ᠵᠠᠰᠠᠭ ᠤᠨ ᠣᠷᠳᠣᠨ ᠢ ᠰᠠᠨᠠᠭ᠎ᠠ ᠠᠮᠤᠷ ᠪᠠᠶᠢᠯᠭᠠᠵᠤ᠂ ᠭᠡᠷ ᠤᠨ ᠠᠬᠠᠮᠠᠳ ᠪᠣᠯᠤᠨ ᠰᠤᠷᠤᠭᠴᠢᠳ ᠢ ᠰᠠᠨᠠᠭ᠎ᠠ | ᠠᠮᠤᠷ ᠪᠠᠶᠢᠯᠭᠠᠵᠤ᠂ ᠪᠠᠭᠰᠢ ᠠᠵᠢᠯᠳᠡᠠ ᠠᠵᠢᠯᠴᠢᠠ ᠢ ᠰᠠᠨᠠᠭ᠎ᠠ ᠠᠮᠤᠷ ᠪᠠᠶᠢᠯᠭᠠᠨ᠎ᠠ︔ ︽ᠭᠤᠷᠪᠠᠨ ᠡᠮᠦᠨ᠎ᠡ ᠡᠩᠨᠡᠭᠡ︾᠄ | ᠳᠡᠭᠡᠳᠦ ᠰᠤᠷᠭᠠᠭᠤᠯᠢ ᠶᠢᠨ ᠡᠯ᠎ᠡ ᠲᠦᠷᠦᠯ ᠤᠨ ᠠᠵᠢᠯ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ | ︵ᠰᠢᠯᠵᠢᠬᠦ ᠠᠴᠠ ᠡᠮᠦᠨᠡᠬᠢ ᠤᠤᠯ ᠤᠨ ᠲᠤᠰᠠᠭᠠᠷ ᠳᠡᠭᠡᠳᠦ ᠰᠤᠷᠭᠠᠭᠤᠯᠢ ᠶᠢᠨ ᠶᠡᠷᠦᠩᠬᠡᠢ ᠳᠡᠭᠡᠳᠦ ᠰᠤᠷᠭᠠᠭᠤᠯᠢ︶ ᠶᠢᠨ | ᠡᠯ᠎ᠡ ᠦᠨᠳᠦᠰᠦᠨ ᠱᠠᠲᠤᠨ ᠤ ᠨᠠᠮ ᠤᠨ ᠬᠤᠷᠢᠶ᠎ᠠ᠂ ᠪᠦᠬᠦ ᠣᠷᠣᠨ ᠤ ᠠᠷᠠᠳ ᠠᠴᠠ ᠡᠷᠬᠢᠯᠡᠭᠰᠡᠨ ᠳᠡᠭᠡᠳᠦ | ᠰᠤᠷᠭᠠᠭᠤᠯᠢ ᠶᠢᠨ ᠳᠣᠲᠤᠷ᠎ᠠ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ | ᠶᠢᠨ ᠨᠠᠮ ᠤᠨ ᠪᠠᠶᠢᠭᠤᠯᠤᠯᠲᠠ ᠶᠢᠨ ᠠᠵᠢᠯ ᠡᠮᠦᠨ᠎ᠡ ᠡᠩᠨᠡᠭᠡᠨ ᠳᠤ ᠣᠷᠣᠨ᠎ᠠ᠃ ᠬᠥᠭᠵᠢᠯᠲᠡ ᠶᠢᠨ ᠲᠣᠭᠤᠷᠢᠨ ᠳᠤ | ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠬᠥᠭᠵᠢᠯᠲᠡ ᠶᠢ | ᠠᠬᠢᠭᠤᠯᠤᠨ᠂ ᠰᠤᠷᠭᠠᠭᠤᠯᠢ ᠶᠢᠨ ᠡᠷᠡᠭᠦᠯ ᠪᠥᠭᠡᠳ ᠲᠦᠷᠭᠡᠨ ᠬᠥᠭᠵᠢᠯᠲᠡ ᠶᠢ ᠬᠦᠴᠦᠲᠡᠢ ᠠᠬᠢᠭᠤᠯᠵᠠᠢ᠃ | ᠰᠤᠷᠭᠠᠭᠤᠯᠢ ᠶᠢᠨ ᠨᠠᠮ ᠤᠨ ᠬᠤᠷᠢᠶ᠎ᠠ ᠪᠦᠬᠦ ᠣᠷᠣᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠦᠷᠦ ᠶᠢᠨ ᠠᠵᠢᠯ ᠤᠨ ᠬᠤᠷᠠᠯ ᠪᠠ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠳᠡᠭᠡᠷ᠎ᠡ ᠨᠡᠶᠢᠲᠡᠯᠢᠭ | ᠵᠢᠱᠢᠶ᠎ᠡ ᠪᠠᠷ ᠤᠯᠠᠨ ᠤᠳᠠᠭ᠎ᠠ ᠶᠠᠷᠢᠶ᠎ᠠ ᠲᠠᠯᠪᠢᠵᠠᠢ᠃ | | | | | | | ᠭᠤᠷᠪᠠ᠂ ᠳᠦᠷᠢᠮᠵᠢᠭᠰᠡᠨ ᠪᠥᠭᠡᠳ ᠥᠨᠳᠥᠷ ᠦᠷ᠎ᠡ ᠪᠦᠲᠦᠮᠵᠢᠲᠡᠶ ᠬᠠᠮᠢᠶᠠᠷᠤᠯᠲᠠ ᠶᠢᠨ ᠳᠣᠭᠲᠠᠯᠴᠠᠭ᠎ᠠ ᠶᠢ | ᠪᠠᠶᠢᠭᠤᠯᠪᠠ | ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ | ᠨᠢ ᠬᠡᠷᠡᠭ ᠮᠡᠳᠡᠭᠴᠢᠳ ᠤᠨ ᠵᠦᠪᠯᠡᠯ ᠤᠨ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠤᠨ | ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠴᠢᠬᠤᠯᠠ ᠶᠡᠭᠡ ᠤᠴᠢᠷ ᠶᠠᠪᠤᠳᠠᠯ ᠢ ᠬᠡᠷᠡᠭ ᠮᠡᠳᠡᠭᠴᠢᠳ ᠤᠨ | ᠵᠦᠪᠯᠡᠯ ᠠᠴᠠ ᠲᠣᠭᠲᠠᠭᠠᠵᠤ᠂ ᠡᠳᠦᠷ ᠲᠤᠳᠤᠮ ᠤᠨ ᠠᠵᠢᠯ ᠢ ᠰᠤᠷᠭᠠᠭᠤᠯᠢ ᠶᠢᠨ ᠵᠠᠬᠢᠷᠤᠯ ᠲᠦᠯᠬᠢᠨ ᠠᠬᠢᠭᠤᠯᠤᠨ᠎ᠠ᠃ | ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠨᠢ ᠭᠤᠣᠯᠳᠠᠭᠤ ᠤᠯᠤᠰ ᠲᠥᠷᠥ ᠶᠢᠨ ᠭᠤᠣᠯᠯᠠᠭᠴᠢ ᠪᠠ ᠪᠠᠲᠤᠯᠠᠵᠤ | ᠬᠢᠨᠠᠯᠲᠠ ᠲᠠᠯᠪᠢᠬᠤ ᠦᠢᠯᠡᠳᠦᠯ ᠢᠶᠠᠨ ᠪᠠᠳᠠᠷᠠᠭᠤᠯᠤᠨ᠎ᠠ᠃ ᠨᠠᠮ ᠤᠨ ᠬᠤᠷᠢᠶᠠᠨ ᠤ ᠱᠦᠵᠢ ᠶᠢ ᠳᠡᠭᠡᠳᠦ ᠱᠠᠲᠤᠨ ᠤ | ᠨᠠᠮ ᠤᠨ ᠵᠣᠬᠢᠶᠠᠨ ᠪᠠᠢᠭᠤᠯᠤᠯᠲᠠ ᠠᠴᠠ ᠲᠣᠮᠢᠯᠠᠵᠤ᠂ ᠲᠡᠷᠡ ᠨᠢ ᠬᠡᠷᠡᠭ ᠮᠡᠳᠡᠭᠴᠢᠳ ᠤᠨ ᠵᠦᠪᠯᠡᠯ ᠤᠨ ᠬᠡᠰᠢᠭᠦᠨ | ᠪᠣᠯᠬᠤ ᠮᠥᠷᠲᠡᠭᠡᠨ ᠪᠠᠰᠠ ᠳᠡᠳ᠋ ᠵᠠᠬᠢᠷᠤᠯ ᠤᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︔ ᠰᠤᠷᠭᠠᠭᠤᠯᠢ ᠶᠢᠨ | ᠵᠠᠬᠢᠷᠤᠯ ᠨᠢ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︔ ᠰᠤᠷᠭᠠᠭᠤᠯᠢ | ᠶᠢᠨ ᠨᠠᠮ ᠤᠨ ᠬᠤᠷᠢᠶ᠎ᠠ ᠨᠢ ᠳᠡᠭᠡᠳᠦ ᠰᠤᠷᠭᠠᠭᠤᠯᠢ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ ᠴᠢᠬᠤᠯᠠ | ᠬᠤᠷᠠᠯ ᠤᠨ ᠪᠦᠬᠦ ᠶᠠᠪᠤᠴᠠ ᠳᠤ ᠣᠷᠣᠯᠴᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠳᠡᠭᠡᠳᠦ | ᠰᠤᠷᠭᠠᠭᠤᠯᠢ ᠶᠢᠨ ᠭᠤᠣᠯ ᠠᠵᠢᠯ ᠢ ᠬᠠᠮᠲᠤ ᠪᠠᠷ ᠲᠥᠯᠥᠪᠵᠢᠭᠦᠯᠵᠦ᠂ ᠬᠠᠮᠲᠤ ᠪᠠᠷ ᠪᠠᠶᠢᠷᠢᠯᠠᠭᠤᠯᠵᠤ᠂ ᠬᠠᠮᠲᠤ ᠪᠠᠷ | ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠬᠦᠴᠦᠷᠬᠡᠭ ᠶᠡᠭᠡ ᠠᠵᠢᠯ ᠤᠨ ᠬᠠᠮ ᠬᠦᠴᠦᠨ ᠢ ᠪᠦᠷᠢᠯᠳᠦᠭᠦᠯᠵᠡᠢ᠃ | ᠰᠤᠷᠭᠠᠭᠤᠯᠢ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠰᠤᠷᠭᠠᠭᠤᠯᠢ ᠶᠢᠨ ᠳᠠᠷᠤᠭ᠎ᠠ ᠵᠧᠦ ᠢᠦᠢ ᠱᠦ | ︽ᠲᠦᠷᠢᠮ ᠢᠶᠠᠷ ᠳᠡᠭᠡᠳᠦ ᠰᠤᠷᠭᠠᠭᠤᠯᠢ ᠪᠠᠨ ᠬᠠᠮᠢᠶᠠᠷᠤᠨ᠎ᠠ︾ ᠭᠡᠵᠦ ᠳᠤᠷᠠᠳᠤᠭᠰᠠᠨ ᠪᠥᠭᠡᠳ ᠡᠭᠦᠨ ᠢ | ︽ᠰᠤᠷᠤᠭᠴᠢ ᠶᠢᠨ ᠭᠠᠷ ᠠᠪᠤᠯᠭ᠎ᠠ︾ ᠪᠠ ︽ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ | ᠰᠤᠷᠭᠠᠭᠤᠯᠢ ᠶᠢᠨ ᠲᠦᠷᠢᠮ ᠤᠨ ᠡᠮᠬᠢᠳᠬᠡᠯ︾ ᠳᠤ ᠪᠠᠨ ᠪᠢᠴᠢᠵᠦ ᠣᠷᠣᠭᠤᠯᠪᠠ᠃ ᠣᠯᠠᠨ ᠵᠢᠯ ᠤᠨ ᠰᠥᠪᠡᠭᠴᠢᠯᠡᠯᠲᠡ | ᠪᠠ ᠦᠢᠯᠡᠳᠦᠯᠭᠡ ᠪᠠᠷ ᠳᠡᠮᠵᠢᠨ᠂ ᠰᠤᠷᠭᠠᠭᠤᠯᠢ ᠶᠢᠨ ᠨᠢᠭᠡᠨ ᠢᠵᠢ ᠦᠨᠡᠨ ᠬᠦ ᠬᠡᠷᠡᠭᠵᠢᠭᠦᠯᠵᠦ ᠪᠣᠯᠬᠤᠶᠢᠴᠠ | ᠲᠦᠷᠢᠮ ᠤᠨ ᠰᠢᠰᠲ᠋ᠧᠮ ᠪᠠ ᠨᠢᠭᠡᠨ ᠰᠠᠯᠠᠭ᠎ᠠ ᠳᠥᠭᠦᠮ ᠳᠥᠲᠡ ᠥᠨᠳᠥᠷ ᠪᠦᠲᠦᠮᠵᠢᠲᠡᠶ ᠬᠠᠮᠢᠶᠠᠷᠤᠯᠲᠠ ᠶᠢᠨ | ᠪᠦᠯᠬᠦᠮ ᠨᠡᠶᠢᠲᠡ ᠶᠢ ᠠᠯᠬᠤᠮ ᠠᠯᠬᠤᠮ ᠢᠶᠠᠷ ᠪᠠᠶᠢᠭᠤᠯᠵᠤ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ | ᠢᠳᠡᠪᠬᠢᠯᠡᠨ ᠳᠠᠪᠰᠢᠵᠦ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠰᠤᠷᠭᠠᠭᠤᠯᠢ ᠶᠢᠨ ᠬᠦᠷᠢᠶ᠎ᠡ | ᠲᠣᠭᠲᠠᠭᠤᠨ ᠪᠥᠭᠡᠳ ᠡᠶ᠎ᠡ ᠵᠣᠬᠢᠴᠠᠯᠲᠠᠢ᠂ ᠥᠷᠨᠢᠭᠦᠨ ᠪᠠᠳᠠᠷᠠᠩᠭᠤᠶ ᠪᠠᠶᠢᠨ᠎ᠠ᠃ | | | | | | ᠲᠦᠷᠪᠡ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠠᠮᠢᠨ | ᠰᠤᠳᠠᠰᠤ ᠪᠣᠯᠭᠠᠪᠠ | ᠤᠢᠢᠷ᠎ᠠ ᠶᠢᠨ ᠵᠢᠯ᠂ ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠳᠡᠭᠡᠳᠦ ᠰᠤᠷᠭᠠᠭᠤᠯᠢ ᠨᠢ ᠰᠤᠷᠤᠭᠴᠢᠳ ᠪᠣᠯᠤᠨ ᠭᠡᠷ ᠤᠨ ᠠᠬᠠᠮᠠᠳ ᠲᠤ ︽ᠥᠪᠥᠷ ᠮᠣᠩᠭᠤᠯ ᠤᠨ | ᠬᠠᠮᠢᠶᠠᠷᠤᠯᠲᠠ ᠪᠠᠷ ᠬᠠᠮᠤᠭ ᠤᠨ ᠴᠢᠩᠭ᠎ᠠ ᠶᠡᠭᠡ ᠰᠤᠷᠭᠠᠭᠤᠯᠢ︾ ᠬᠡᠮᠡᠭᠳᠡᠪᠡ᠃ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠲᠠᠯ᠎ᠠ ᠪᠠᠷ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠠᠮᠢᠨ | ᠰᠤᠳᠠᠰᠤ ᠪᠠᠷ ᠦᠵᠡᠵᠦ᠂ ᠡᠳᠦᠷ ᠪᠦᠷᠢ ᠬᠢᠴᠢᠶᠡᠯ ᠣᠷᠣᠵᠤ ᠪᠠᠶᠢᠭ᠎ᠠ ᠪᠠᠶᠢᠳᠠᠯ ᠢ ᠪᠠᠶᠢᠴᠠᠭᠠᠬᠤ᠂ ᠭᠠᠷᠠᠭ ᠪᠦᠷᠢ | ᠵᠢᠭᠠᠨ ᠰᠤᠷᠭᠠᠯᠲᠠ ᠶᠢᠨ ᠠᠵᠢᠯ ᠤᠨ ᠬᠤᠷᠠᠯ ᠬᠢᠬᠦ᠂ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠵᠢᠭᠠᠨ | ᠰᠤᠷᠭᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠭᠠᠨ | ᠰᠤᠷᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠪᠠ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠶᠢᠨ ᠬᠠᠮᠲᠤ ᠡᠪᠯᠡᠯ ᠤᠨ ᠪᠠᠶᠢᠭᠤᠯᠤᠯᠲᠠ ᠶᠢᠨ ︽ᠲᠠᠪᠤᠨ ᠶᠡᠭᠡ ᠢᠨᠵᠧᠨᠧᠷᠢᠩ︾ ︵ᠬᠥᠮᠦᠨ | ᠰᠣᠶᠤᠯ ᠤᠨ ᠬᠡᠪ ᠪᠣᠯᠪᠠᠰᠤᠷᠠᠯ ᠤᠨ ᠥᠷᠭᠡᠳᠭᠡᠯ᠂ ᠭᠠᠷᠮᠠᠭᠠᠶ ᠬᠠᠮᠢᠶᠠᠷᠤᠯᠲᠠ ᠶᠢᠨ ᠪᠣᠯᠪᠠᠰᠤᠷᠠᠭᠤᠯᠤᠯ᠂ | ᠰᠤᠷᠭᠠᠭᠤᠯᠢ ᠶᠢᠨ ᠬᠦᠷᠢᠶᠡᠨ ᠤ ᠪᠣᠯᠪᠠᠰᠤᠨ ᠤ ᠪᠠᠶᠢᠭᠤᠯᠤᠯᠲᠠ᠂ ᠨᠡᠶᠢᠭᠡᠮ ᠤᠨ ᠠᠯᠪᠠᠨ ᠵᠢᠷᠤᠮ ᠤᠨ ᠠᠵᠢᠯ ᠪᠠ | ᠨᠡᠶᠢᠭᠡᠮ ᠤᠨ ᠦᠢᠯᠡᠳᠦᠯᠭᠡ︶ ᠪᠠᠷ ᠳᠠᠮᠵᠢᠭᠤᠯᠤᠨ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ | ᠳᠡᠭᠡᠭᠰᠢᠯᠡᠭᠦᠯᠪᠡ᠃ ᠰᠤᠷᠤᠭᠴᠢᠳ ᠤᠨ ᠬᠠᠮᠢᠶᠠᠷᠤᠯᠲᠠ ᠶᠢᠨ ᠲᠠᠯ᠎ᠠ ᠪᠠᠷ᠂ ᠰᠤᠷᠭᠠᠭᠤᠯᠢ ᠨᠢ ︽ᠳᠥᠷᠪᠡ ᠶᠢ | ᠪᠠᠶᠢᠴᠠᠭᠠᠬᠤ ᠲᠦᠷᠢᠮ︾ ︵ᠥᠷᠯᠥᠭᠡ ᠶᠢᠨ ᠲᠠᠮᠢᠷ᠂ ᠣᠷᠣᠶ ᠶᠢᠨ ᠳᠠᠪᠲᠠᠯᠭ᠎ᠠ᠂ ᠰᠥᠨᠢ ᠳᠤ ᠪᠠᠨ ᠬᠠᠷᠢᠬᠤ ᠥᠬᠡᠶ᠂ | ᠬᠥᠳᠡᠯᠮᠦᠷᠢ ᠶᠢᠨ ᠬᠥᠮᠦᠵᠢᠯ ᠢ ᠪᠠᠶᠢᠴᠠᠭᠠᠬᠤ︶ ᠢᠶᠠᠷ ᠳᠠᠮᠵᠢᠭᠤᠯᠤᠨ ᠰᠤᠷᠤᠭᠴᠢᠳ ᠤᠨ ᠡᠳᠦᠷ ᠲᠤᠲᠤᠮ ᠤᠨ | ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ︽ᠤᠯᠤᠰ ᠲᠥᠷᠥ ᠦᠵᠡᠯ ᠰᠠᠨᠠᠭᠠᠨ ᠤ ᠲᠠᠯ᠎ᠠ ᠪᠠᠷ ᠬᠡᠯᠪᠠᠶᠢᠬᠦ ᠥᠬᠡᠶ᠂ | ᠤᠰᠤ ᠴᠠᠬᠢᠯᠭᠠᠨ ᠳᠤᠯᠠᠭᠠᠯᠠᠭ᠎ᠠ ᠬᠤᠭᠤᠯᠠᠨ ᠭᠡᠷ ᠤᠨ ᠰᠠᠭᠤᠷᠢ ᠶᠢ ᠲᠠᠯᠪᠢᠬᠤ᠂ ᠰᠤᠷᠤᠭᠴᠢᠳ ᠤᠨ ᠪᠡᠶ᠎ᠡ ᠰᠡᠳᠬᠢᠯ | ᠪᠣᠯ ᠵᠠᠩᠭᠢᠯᠠᠭ᠎ᠠ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠮᠠᠭᠠᠯᠠᠯᠲᠠ ᠶᠢᠨ ᠬᠥᠪᠴᠢ ᠶᠢ ᠴᠢᠩᠭᠠᠯᠠᠬᠤ︾ ᠵᠡᠷᠭᠡ | ᠠᠮᠤᠷ ᠲᠦᠪᠰᠢᠨ ᠤ ᠠᠵᠢᠯ ᠢ ᠵᠢᠯᠣᠭᠤᠳᠬᠤ ᠦᠵᠡᠯ ᠰᠠᠨᠠᠭ᠎ᠠ ᠶᠢ ᠳᠤᠷᠠᠳᠤᠨ ᠭᠠᠷᠭᠠᠵᠤ᠂ ᠠᠷᠤ ᠲᠠᠯ᠎ᠠ ᠶᠢᠨ | ᠦᠢᠯᠡᠴᠢᠯᠡᠭᠡᠨ ᠤ ᠠᠵᠢᠯ ᠪᠠ ᠠᠮᠤᠷ ᠲᠦᠪᠰᠢᠨ ᠤ ᠪᠠᠲᠤᠯᠠᠭᠠᠨ ᠤ ᠠᠵᠢᠯ ᠢ ᠴᠢᠩᠭᠠᠳᠬᠠᠪᠠ᠃ | | | | | | ᠲᠠᠪᠤ᠂ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠰᠠᠶᠢᠨ ᠰᠠᠶᠢᠬᠠᠨ ᠮᠠᠭᠲᠠᠭᠠᠯ ᠰᠠᠶᠢᠰᠢᠶᠠᠯ ᠢ ᠤᠯᠪᠠ | ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ | ᠨᠢ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠬᠦ ᠪᠠᠷ ᠬᠠᠷᠠᠯᠲᠠ ᠪᠣᠯᠭᠠᠨ᠂ ᠨᠡᠶᠢᠭᠡᠮ ᠤᠨ ᠴᠢᠳᠠᠪᠤᠷᠢᠲᠠᠨ ᠤ | ᠬᠡᠷᠡᠭᠴᠡᠭᠡ ᠶᠢ ᠦᠨᠳᠦᠰᠦᠯᠡᠨ᠂ ᠴᠢᠳᠠᠪᠤᠷᠢᠲᠠᠨ ᠢ ᠬᠥᠮᠦᠵᠢᠭᠦᠯᠬᠦ ᠲᠥᠰᠦᠯ ᠳᠤ ᠤᠷᠢᠳ ᠬᠤᠵᠢᠳ ᠭᠤᠷᠪᠠ ᠤᠳᠠᠭ᠎ᠠ | ᠲᠤᠬᠢᠷᠠᠭᠤᠯᠤᠯᠳᠠ ᠬᠢᠵᠦ᠂ ᠬᠢᠴᠢᠶᠡᠯ ᠤᠨ ᠳᠣᠭᠲᠠᠯᠴᠠᠭᠠᠨ ᠤ ᠥᠭᠡᠷᠡᠴᠢᠯᠡᠯᠲᠡ ᠶᠢ ᠲᠠᠰᠤᠷᠠᠯᠳᠠ ᠦᠭᠡᠢ | ᠭᠦᠨᠵᠡᠭᠡᠶᠢᠷᠡᠭᠦᠯᠵᠦ᠂ ᠰᠤᠷᠤᠭᠴᠢᠳ ᠤᠨ ᠠᠵᠢᠯ ᠮᠡᠷᠭᠡᠵᠢᠯ ᠤᠨ ᠴᠢᠳᠠᠪᠤᠷᠢ ᠶᠢ ᠬᠥᠮᠦᠵᠢᠭᠦᠯᠬᠦ ᠶᠢ ᠴᠢᠩᠭᠠᠳᠬᠠᠵᠤ᠂ | ᠲᠡᠭᠦᠰᠬᠦ ᠰᠤᠷᠤᠭᠴᠢ ᠶᠢᠨ ᠠᠵᠢᠯ ᠤᠨ ᠪᠠᠶᠢᠷᠢ ᠳᠤ ᠪᠠᠨ ᠡᠭᠦᠷᠭᠡᠯᠡᠵᠦ ᠳᠡᠶᠢᠯᠬᠦᠶᠢᠴᠡ ᠴᠢᠳᠠᠪᠤᠷᠢ ᠪᠠ ᠠᠵᠢᠯ ᠤᠯᠬᠤ | ᠴᠢᠳᠠᠪᠤᠷᠢ ᠶᠢ ᠳᠡᠭᠡᠭᠰᠢᠯᠡᠭᠦᠯᠪᠡ᠃ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ | ᠪᠠᠶᠢᠭ᠎ᠠ ᠰᠣᠷᠣᠭᠴᠢ ᠶᠢᠨ ᠲᠤᠭ᠎ᠠ 13 ᠵᠢᠯ ᠳᠤ 13 ᠳᠠᠬᠢᠨ ᠨᠡᠮᠡᠭᠳᠡᠵᠦ᠂ ᠣᠳᠣᠬᠠᠨ ᠳᠤ ᠨᠡᠶᠢᠲᠡ 1.6 ᠲᠦᠮᠡᠨ | ᠵᠢᠩᠬᠢᠨᠢ ᠠᠩᠭᠢ ᠶᠢᠨ ᠲᠡᠭᠦᠰᠬᠦ ᠰᠤᠷᠤᠭᠴᠢ ᠶᠢ ᠬᠥᠮᠦᠵᠢᠭᠦᠯᠦᠨ ᠲᠡᠭᠦᠰᠭᠡᠵᠦ᠂ ᠬᠤᠭᠤᠴᠠᠭ᠎ᠠ ᠪᠦᠷᠢ ᠶᠢᠨ | ᠲᠡᠭᠦᠰᠦᠭᠰᠡᠨ ᠰᠤᠷᠤᠭᠴᠢ ᠶᠢᠨ ᠠᠵᠢᠯ ᠣᠯᠭᠤᠯᠲᠠ ᠶᠢᠨ ᠨᠤᠷᠮ᠎ᠠ ᠴᠥᠮ ᠨᠡᠯᠢᠶᠡᠳ ᠥᠨᠳᠥᠷ ᠬᠢᠷᠢ ᠲᠦᠪᠰᠢᠨ ᠢ | ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠡᠮᠦᠨ᠎ᠡ ᠡᠩᠨᠡᠭᠡᠨ ᠳᠤ | ᠣᠷᠣᠵᠤ᠂ ᠨᠡᠶᠢᠭᠡᠮ ᠤᠨ ᠰᠠᠶᠢᠨ ᠰᠠᠶᠢᠬᠠᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ | | | | | | ᠣᠶᠢᠷ᠎ᠠ ᠶᠢᠨ ᠵᠢᠯ᠂ ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠰᠤᠷᠭᠠᠭᠤᠯᠢ | ᠡᠷᠭᠢᠯᠡᠬᠦ ᠬᠢᠷᠢ ᠪᠦᠲᠦᠮᠵᠢ ᠨᠢ ᠡᠳᠦᠷ ᠢᠷᠡᠬᠦᠶ᠎ᠡ ᠲᠣᠪᠤᠶᠢᠮ᠎ᠠ ᠪᠣᠯᠵᠣ᠂ ᠨᠡᠷ᠎ᠡ ᠠᠯᠳᠠᠷᠰᠢᠵᠤ᠂ ᠤᠷᠢᠳ ᠬᠤᠵᠢᠳ | ︽ᠪᠥᠬᠦ ᠤᠯᠤᠰ ᠤᠨ ᠲᠡᠷᠢᠭᠦᠨ ᠤ ᠲᠤᠰᠠᠭᠠᠷ ᠳᠡᠭᠡᠳᠦ ᠰᠤᠷᠭᠠᠭᠤᠯᠢ︾᠂ ︽ᠳᠤᠮᠳᠠᠳᠤ ᠤᠯᠤᠰ ᠤᠨ ᠠᠷᠠᠳ ᠠᠴᠠ | ᠡᠷᠭᠢᠯᠡᠭᠰᠡᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠯᠢᠳᠡᠭ ᠳᠡᠭᠡᠳᠦ ᠰᠤᠷᠭᠠᠭᠤᠯᠢ︾᠂ ︽ᠥᠪᠡᠷᠲᠡᠭᠡᠨ | ᠵᠠᠰᠠᠬᠤ ᠣᠷᠣᠨ ᠤ ᠠᠮᠤᠷ ᠳᠣᠭᠲᠠᠭᠤᠨ ᠰᠤᠷᠭᠠᠭᠤᠯᠢ ᠶᠢᠨ ᠬᠦᠷᠢᠶ᠎ᠡ︾᠂ ︽ᠪᠥᠬᠦ ᠣᠷᠣᠨ ᠤ ᠰᠤᠷᠭᠠᠨ ᠬᠥᠮᠦᠵᠢᠯ ᠤᠨ | ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ︾᠂ ︽ᠬᠥᠬᠡᠬᠤᠲᠠ ᠶᠢᠨ ᠴᠡᠴᠡᠷᠯᠢᠭ ᠮᠠᠶ᠋ᠢᠭᠲᠤ ᠨᠢᠭᠡᠴᠢ︾ ︽ᠣᠷᠣᠨ ᠤ | ᠲᠥᠪ ᠤᠨ ᠴᠡᠴᠡᠭᠲᠦ ᠰᠤᠷᠭᠠᠭᠤᠯᠢ ᠶᠢᠨ ᠬᠦᠷᠢᠶ᠎ᠡ︾ ᠵᠡᠷᠭᠡ ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃ ᠳᠡᠭᠡᠳᠦ | ᠰᠤᠷᠭᠠᠭᠤᠯᠢ ᠶᠢᠨ ᠨᠠᠮ ᠤᠨ ᠬᠤᠷᠢᠶᠠᠨ ᠠᠴᠠ ᠤᠷᠢᠳ ᠬᠤᠵᠢᠳ ︽ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠲᠡᠷᠢᠭᠦᠨ ᠤ ᠨᠠᠮ ᠤᠨ ᠬᠤᠷᠢᠶ᠎ᠠ︾᠂ ︽ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ︾᠂ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ︿ᠵᠢᠷᠭᠤᠭᠠᠨ ᠰᠠᠶᠢᠨ﹀ | ᠤ ᠳᠠᠭᠤᠷᠢᠶᠠᠯ ᠦᠵᠡᠭᠦᠯᠬᠦ ᠴᠡᠭ︾ ᠵᠡᠷᠭᠡ ᠪᠠᠷ ᠦᠨᠡᠯᠡᠪᠡ᠃ | | | | | | ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ | ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠨᠢ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ︽ᠠᠮᠤᠷ ᠳᠣᠭᠲᠠᠭᠤᠨ | ᠰᠤᠷᠭᠠᠭᠤᠯᠢ ᠶᠢᠨ ᠬᠦᠷᠢᠶ᠎ᠡ᠂ ᠳᠦᠷᠢᠮᠵᠢᠭᠰᠡᠨ ᠬᠠᠮᠢᠶᠠᠷᠤᠯᠲᠠ᠂ ᠲᠣᠭᠲᠠᠭᠤᠨ ᠬᠥᠭᠵᠢᠯᠲᠡ᠂ ᠳᠡᠰ ᠳᠠᠪᠬᠤᠷᠭ᠎ᠠ ᠶᠢ | ᠳᠡᠭᠡᠭᠰᠢᠯᠡᠭᠦᠯᠬᠦ︾ ᠠᠵᠢᠯ ᠤᠨ ᠵᠢᠯᠣᠭᠤᠳᠬᠤ ᠦᠵᠡᠯ ᠰᠠᠨᠠᠭ᠎ᠠ ᠶᠢ ᠲᠣᠭᠲᠠᠭᠠᠭᠰᠠᠨ ᠪᠠᠶᠢᠨ᠎ᠠ᠃ ᠶᠣᠰᠣ ᠰᠤᠷᠲᠠᠬᠤᠨ ᠢ | ᠪᠤᠢ ᠪᠣᠯᠭᠠᠵᠤ ᠬᠥᠮᠦᠨ ᠢ ᠬᠥᠮᠦᠵᠢᠭᠦᠯᠬᠦ ᠪᠠᠷ ᠦᠨᠳᠦᠰᠦᠨ ᠡᠭᠦᠷᠭᠡ ᠪᠠᠨ ᠪᠣᠯᠭᠠᠬᠤ ᠶᠢ ᠪᠠᠷᠢᠮᠲᠠᠯᠠᠵᠤ᠂ ᠲᠦᠷᠢᠮ ᠤᠨ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠡᠪᠴᠢᠶ᠎ᠡ᠂ ᠴᠢᠨᠠᠷ ᠴᠢᠨᠰᠠᠭ᠎ᠠ᠂ ᠪᠦᠲᠦᠴᠡ᠂ ᠦᠷ᠎ᠡ ᠠᠰᠢᠭ ᠤᠨ | ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠵᠦ᠂ ᠰᠤᠷᠭᠠᠭᠤᠯᠢ ᠢᠶᠠᠨ ᠥᠪᠡᠷᠮᠢᠴᠡ ᠣᠨᠴᠠᠯᠢᠭᠲᠠᠢ᠂ ᠴᠢᠨᠠᠷᠯᠢᠭ | ᠬᠡᠷᠡᠭᠯᠡᠭᠡᠨ ᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠪᠣᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠵᠤ᠂ | ᠨᠡᠶᠢᠭᠡᠮ ᠳᠤ ᠨᠡᠩ ᠤᠯᠠᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ ᠥᠭᠭᠦᠨ᠎ᠡ᠃ | | | | | | | |