| | ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠵᠤ ᠪᠠᠶᠢᠨ᠎ᠠ᠃ | ᠦᠪᠦᠷ ᠮᠤᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | — ︽ᠪᠢ ᠳᠤᠮᠳᠠᠳᠤ ᠤᠯᠤᠰ ᠢᠶᠠᠨ ᠬᠠᠶᠢᠷᠠᠯᠠᠨ᠎ᠠ︾ | | ᠡᠷᠡᠯᠬᠡᠭᠯᠡᠨ ᠤᠷᠤᠭᠰᠢᠯᠠᠵᠤ ᠪᠠᠶᠢᠭ᠎ᠠ ᠦᠪᠦᠷ ᠮᠤᠩᠭᠤᠯ ᠤᠨ | ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | | | | | | ᠦᠪᠦᠷ ᠮᠤᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ᠤᠨᠲ᠋ᠡᠭᠡᠳᠦ ᠰᠤᠷᠭᠠᠭᠤᠯᠢ ᠪᠣᠯ ᠥᠪᠡᠷᠲᠡᠭᠡᠨ ᠵᠠᠰᠠᠬᠤ | ᠣᠷᠣᠨ ᠤ ᠲᠥᠪ ᠬᠥᠬᠡᠬᠤᠲᠠ ᠶᠢᠨ ᠶᠡᠭᠡ ᠰᠤᠷᠭᠠᠭᠤᠯᠢ ᠶᠢᠨ ᠲᠣᠭᠤᠷᠢᠭ ᠲᠤ ᠪᠠᠶᠢᠷᠢᠯᠠᠵᠤ᠂ 1984 ᠣᠨ ᠳᠤ | ᠡᠬᠢᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠰᠡᠨ᠂ ᠤᠯᠤᠰ ᠤᠨ ᠰᠤᠷᠭᠠᠨ ᠬᠥᠮᠦᠵᠢᠯ ᠤᠨ ᠶᠠᠮᠤᠨ ᠳᠤ ᠳᠠᠩᠰᠠᠯᠠᠭᠤᠯᠤᠭᠰᠠᠨ᠂ ᠤᠯᠤᠰ ᠤᠨ | ᠲᠥᠯᠦᠪᠯᠡᠭᠡ ᠪᠠᠷ ᠨᠢᠭᠡᠳᠦᠯᠲᠡᠢ ᠰᠤᠷᠤᠭᠴᠢ ᠡᠯᠰᠡᠭᠰᠡᠨ ᠪᠦᠬᠦᠯᠢ ᠡᠳᠦᠷ ᠤᠨ ᠳᠦᠷᠢᠮᠲᠦ ᠶᠡᠷᠦᠩᠬᠡᠶᠢᠯᠡᠭᠰᠡᠨ ᠡᠩ ᠤᠨ | ᠳᠡᠭᠡᠳᠦ ᠰᠤᠷᠭᠠᠭᠤᠯᠢ ᠪᠣᠯᠤᠨ᠎ᠠ᠃ ᠰᠤᠷᠭᠠᠭᠤᠯᠢ ᠨᠢ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ | ᠶᠣᠰᠣ ᠰᠤᠷᠲᠠᠬᠤᠨ ᠢ ᠪᠤᠢ ᠪᠣᠯᠭᠠᠨ ᠬᠥᠮᠦᠨ ᠢ ᠬᠥᠮᠦᠵᠢᠭᠦᠯᠬᠦ᠂ ᠪᠦᠬᠦ ᠲᠠᠯ᠎ᠠ ᠪᠠᠷ ᠬᠥᠭᠵᠢᠭᠦᠯᠬᠦ᠂ ᠬᠥᠮᠦᠨ ᠢ | ᠬᠥᠮᠦᠵᠢᠭᠦᠯᠵᠦ ᠤᠯᠤᠰ ᠲᠤ ᠪᠠᠨ ᠵᠢᠳᠬᠦᠭᠦᠯᠬᠦ︾ ᠰᠤᠷᠭᠠᠭᠤᠯᠢ ᠡᠷᠬᠢᠯᠡᠬᠦ ᠣᠨᠣᠯᠵᠢᠬᠤᠨ ᠢ ᠢᠮᠠᠭᠲᠠ ᠪᠠᠷᠢᠮᠲᠠᠯᠠᠵᠤ᠂ | ᠤᠷᠢᠳ ᠬᠤᠵᠢᠳ ᠰᠤᠷᠭᠠᠨ ᠬᠥᠮᠦᠵᠢᠯ ᠤᠨ ᠲᠢᠩᠬᠢᠮ ᠳᠤ ︽ᠰᠤᠷᠭᠠᠨ ᠬᠥᠮᠦᠵᠢᠯ ᠤᠨ ᠳᠠᠭᠤᠷᠢᠶᠠᠯ ᠦᠵᠡᠭᠦᠯᠬᠦ | ᠰᠤᠷᠭᠠᠭᠤᠯᠢ︾᠂ ︽ᠰᠤᠷᠭᠠᠭᠤᠯᠢ ᠡᠷᠬᠢᠯᠡᠭᠰᠡᠨ ᠰᠢᠯᠢᠳᠡᠭ ᠨᠢᠭᠡᠴᠢ︾᠂ ︽ᠬᠠᠤᠯᠢ ᠪᠠᠷ ᠰᠤᠷᠭᠠᠭᠤᠯᠢ ᠪᠠᠨ ᠵᠠᠰᠠᠬᠤ | ᠳᠠᠭᠤᠷᠢᠶᠠᠯ ᠦᠵᠡᠭᠦᠯᠬᠦ ᠰᠤᠷᠭᠠᠭᠤᠯᠢ︾᠂ ︽ᠠᠵᠢᠯ ᠣᠯᠭᠤᠯᠲᠠ ᠶᠢᠨ ᠳᠠᠭᠤᠷᠢᠶᠠᠯ ᠦᠵᠡᠭᠦᠯᠬᠦ 100 ᠬᠦᠴᠦᠷᠬᠡᠭ ᠤᠨ | ᠨᠢᠭᠡᠨ︾᠂ ︽ᠵᠠᠭᠤᠨ ᠰᠢᠯᠢᠳᠡᠭ ᠰᠤᠷᠤᠭᠴᠢ ᠶᠢᠨ ᠡᠭᠡ ᠰᠤᠷᠭᠠᠭᠤᠯᠢ︾ ᠵᠡᠷᠭᠡ ᠢᠷᠠᠭᠤ ᠠᠯᠳᠠᠷ ᠤᠨ ᠴᠣᠯᠠ ᠶᠢ | ᠭᠦᠷᠲᠡᠪᠡ᠃ ᠰᠤᠷᠭᠠᠭᠤᠯᠢ ᠶᠢᠨ ᠨᠠᠮ ᠤᠨ ᠵᠣᠬᠢᠶᠠᠨ ᠪᠠᠢᠭᠤᠯᠤᠯᠲᠠ ᠶᠢ 2011 ᠣᠨ ᠤ 7 ᠰᠠᠷ᠎ᠠ ᠪᠠ 2016 | ᠣᠨ ᠤ 7 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠭᠡᠳᠦ ᠰᠤᠷᠭᠠᠭᠤᠯᠢ ᠶᠢᠨ | ᠠᠵᠢᠯ ᠤᠨ ᠬᠤᠷᠢᠶᠠᠨ ᠠᠴᠠ ᠲᠣᠰ ᠲᠣᠰ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ︾ | ᠭᠡᠰᠡᠨ ᠬᠦᠨᠳᠦᠲᠦ ᠴᠣᠯᠠ ᠪᠠᠷ ᠴᠤᠯᠠᠯᠠᠪᠠ᠃ | | | | | | ᠦᠪᠦᠷ ᠮᠤᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠪᠠᠷᠤᠭ 521 ᠮᠥ | ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠶ ᠨᠢ 12 ᠲᠦᠮᠡᠨ ᠲᠡᠭᠰᠢ ᠳᠥᠷᠪᠡᠯᠵᠢᠨ ᠮᠧᠲᠷ᠂ ᠵᠢᠭᠠᠨ | ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ ᠥᠷᠲᠡᠭ ᠨᠢ 1600 ᠭᠠᠷᠤᠶ ᠲᠦᠮᠡᠨ ᠲᠥᠭᠦᠷᠢᠭ᠂ | ᠡᠯ᠎ᠡ ᠲᠥᠷᠥᠯ ᠤᠨ ᠨᠣᠮ ᠪᠢᠴᠢᠭ ᠮᠠᠲ᠋ᠧᠷᠢᠶᠠᠯ 23 ᠲᠦᠮᠡ ᠭᠠᠷᠤᠶ ᠳᠡᠪᠲᠡᠷ ᠪᠣᠢ︔ ᠰᠤᠷᠭᠠᠭᠤᠯᠢ ᠳᠤ | ᠪᠠᠷᠢᠮᠵᠢᠶᠠᠵᠢᠭᠤᠯᠤᠭᠰᠠᠨ ᠰᠤᠪᠢᠯᠠᠯᠲᠠ᠂ ᠨᠢᠭᠲᠠᠯᠠᠨ ᠪᠤᠳᠤᠭᠴᠢ ᠶᠢᠨ ᠳᠠᠳᠤᠯᠭ᠎ᠠ ᠪᠣᠯᠪᠠᠰᠤᠷᠠᠯ ᠤᠨ ᠲᠥᠪ᠂ ᠬᠢᠲᠠᠳ | ᠡᠮ ᠨᠠᠶᠢᠷᠠᠭᠤᠯᠬᠤ ᠳᠠᠳᠤᠯᠭ᠎ᠠ ᠪᠣᠯᠪᠠᠰᠤᠷᠠᠯ ᠤᠨ ᠲᠠᠰᠤᠭ᠂ ᠺᠣᠮᠫᠢᠦ᠋ᠲ᠋ᠧᠷ ᠤᠨ ᠲᠠᠰᠤᠭ ᠵᠡᠷᠭᠡ ᠶᠢ ᠪᠠᠶᠢᠭᠤᠯᠪᠠ︔ | ᠰᠤᠷᠭᠠᠭᠤᠯᠢ ᠳᠤ ᠦᠪᠦᠷ ᠮᠤᠩᠭᠤᠯ ᠤᠨ ᠤᠮᠠᠷᠠᠲᠤ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠬᠠᠷᠢᠶᠠᠲᠤ ᠡᠮᠨᠡᠯᠭᠡ ᠶᠢᠨ ᠬᠤᠷᠢᠶ᠎ᠠ᠂ ᠬᠥᠳᠡᠭᠡ ᠲᠣᠰᠬᠤᠨ ᠤ ᠡᠮ ᠡᠮᠨᠡᠯᠭᠡ ᠶᠢᠨ ᠰᠣᠨᠢᠨ ᠤ ᠬᠤᠷᠢᠶ᠎ᠠ᠂ ᠱᠧᠩ ᠪᠠᠩ | ᠵᠢᠯᠣᠭᠤᠴᠢ ᠶᠢᠨ ᠰᠤᠷᠭᠠᠭᠤᠯᠢ ᠲᠠᠢ᠃ ᠰᠤᠷᠭᠠᠭᠤᠯᠢ ᠨᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠠᠷᠠᠳ ᠤᠨ ᠡᠮᠨᠡᠯᠭᠡ ᠶᠢᠨ ᠬᠤᠷᠢᠶ᠎ᠠ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ | ᠬᠠᠷᠢᠶᠠᠲᠤ ᠡᠮᠨᠡᠯᠭᠡ ᠶᠢᠨ ᠬᠤᠷᠢᠶ᠎ᠠ᠂ ᠦᠪᠦᠷ ᠮᠤᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ | ᠵᠡᠷᠭᠡ 10 ᠭᠠᠷᠤᠶ ᠭᠤᠷᠪᠠᠳᠤᠭᠠᠷ ᠳᠡᠰ ᠤᠨ ᠬᠥᠬᠡ ᠳᠡᠰ ᠤᠨ ᠡᠮᠨᠡᠯᠭᠡ ᠶᠢᠨ ᠬᠤᠷᠢᠶ᠎ᠠ ᠲᠠᠢ ᠵᠢᠭᠠᠨ ᠰᠤᠷᠭᠠᠯᠲᠠ ᠶᠢᠨ | ᠬᠠᠷᠢᠴᠠᠭ᠎ᠠ ᠪᠠᠶᠢᠭᠤᠯᠤᠭᠰᠠᠨ ᠤ ᠬᠠᠮᠲᠤ 60 ᠭᠠᠷᠤᠶ ᠰᠤᠷᠭᠠᠭᠤᠯᠢ ᠶᠢᠨ ᠭᠠᠳᠠᠨᠠᠬᠢ ᠳᠠᠳᠤᠯᠭ᠎ᠠ ᠪᠣᠯᠪᠠᠰᠤᠷᠠᠯ ᠤᠨ | ᠰᠠᠭᠤᠷᠢᠨ ᠭᠠᠵᠠᠷ ᠪᠠᠶᠢᠭᠤᠯᠤᠭᠰᠠᠨ ᠪᠥᠭᠡᠳ ᠣᠷᠣᠨ ᠤ ᠳᠣᠲᠣᠷᠠᠬᠢ ᠬᠤᠯᠪᠤᠭᠳᠠᠬᠤ ᠵᠢᠩᠬᠢᠨᠢ ᠠᠩᠭᠢ ᠶᠢᠨ ᠳᠡᠭᠡᠳᠦ | ᠰᠤᠷᠭᠠᠭᠤᠯᠢ ᠲᠠᠢ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ ᠬᠠᠮᠲᠤᠷᠠᠯᠴᠠᠭᠠᠨ ᠤ | ᠬᠠᠷᠢᠴᠠᠭ᠎ᠠ ᠪᠠᠶᠢᠭᠤᠯᠤᠭᠰᠠᠨ ᠪᠠᠶᠢᠨ᠎ᠠ᠃ | | | | | | ᠦᠪᠦᠷ ᠮᠤᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠤᠪᠢᠯᠠᠯᠲᠠ ᠶᠢᠨ | ᠳᠡᠭᠡᠳᠦ ᠰᠤᠷᠭᠠᠭᠤᠯᠢ᠂ ᠠᠨᠠᠭᠠᠬᠤ ᠤᠬᠠᠭᠠᠨ ᠤ ᠰᠠᠯᠪᠤᠷᠢ᠂ ᠪᠠᠶᠢᠭᠠᠯᠢ ᠲᠧᠭᠨᠢᠭ ᠤᠨ ᠤᠬᠠᠭᠠᠨ ᠤ ᠰᠠᠯᠪᠤᠷᠢ᠂ ᠠᠵᠤ | ᠠᠬᠤᠶ ᠶᠢᠨ ᠬᠠᠮᠢᠶᠠᠷᠤᠯᠲᠠ ᠶᠢᠨ ᠰᠠᠯᠪᠤᠷᠢ᠂ ᠦᠷᠭᠦᠯᠵᠢᠯᠡᠯ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠪᠠ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠲᠥᠪ᠂ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠲᠥᠪ ᠲᠠᠢ | ᠪᠠᠶᠢᠵᠤ᠂ ᠬᠢᠲᠠᠳ ᠠᠨᠠᠭᠠᠬᠤ ᠤᠬᠠᠭᠠᠨ᠂ ᠵᠡᠭᠦᠤ ᠲᠥᠭᠡᠨᠡᠯᠭᠡ ᠢᠯᠢᠯᠲᠡ᠂ ᠰᠣᠪᠢᠯᠠᠯᠲᠠ᠂ ᠠᠮᠠᠨ ᠬᠥᠨᠳᠡᠶ ᠶᠢᠨ | ᠠᠨᠠᠭᠠᠬᠤ ᠤᠬᠠᠭᠠᠨ ᠤ ᠮᠡᠷᠭᠡᠵᠢᠯ᠂ ᠡᠷᠡᠭᠦᠯᠵᠢᠭᠦᠯᠬᠦ ᠡᠮᠴᠢᠯᠡᠭᠡᠨ ᠤ ᠮᠡᠷᠭᠡᠵᠢᠯ᠂ ᠨᠢᠭᠲᠠᠯᠠᠨ ᠪᠣᠳᠤᠭᠴᠢ᠂ ᠡᠮ ᠤᠨ | ᠵᠦᠢᠯ ᠤᠨ ᠡᠵᠡᠩᠨᠡᠯᠲᠡ ᠪᠠ ᠬᠠᠮᠢᠶᠠᠷᠤᠯᠲᠠ᠂ ᠳᠡᠭᠡᠳᠦ ᠬᠤᠷᠳᠤᠴᠠᠲᠤ ᠲᠡᠮᠦᠷ ᠵᠠᠮ ᠤᠨ ᠠᠶᠠᠨᠴᠢᠳ ᠤᠨ | ᠲᠡᠭᠡᠭᠡᠪᠦᠷᠢ ᠶᠢᠨ ᠶᠠᠪᠤᠳᠠᠯ ᠵᠡᠷᠭᠡ 28 ᠲᠤᠰᠬᠠᠶ ᠮᠡᠷᠭᠡᠵᠢᠯ ᠲᠠᠢ᠃ ᠡᠮᠨᠡᠯᠭᠡ᠂ ᠰᠤᠪᠢᠯᠠᠯᠲᠠ ᠶᠢᠨ ᠲᠤᠰᠬᠠᠶ | ᠮᠡᠷᠭᠡᠵᠢᠯ ᠢᠶᠠᠷ ᠣᠨᠴᠠᠯᠢᠭ ᠪᠣᠯᠭᠠᠭᠰᠠᠨ᠂ ᠪᠠᠶᠢᠭᠠᠯᠢ ᠲᠧᠭᠨᠢᠭ ᠤᠨ ᠤᠬᠠᠭᠠᠨ ᠤ ᠲᠥᠷᠥᠯ ᠪᠠ ᠠᠵᠤ ᠠᠬᠤᠶ ᠶᠢᠨ | ᠬᠠᠮᠢᠶᠠᠷᠤᠯᠲᠠ ᠶᠢᠨ ᠲᠥᠷᠥᠯ ᠤᠨ ᠲᠤᠰᠬᠠᠶ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠭᠰᠠᠨ ᠲᠤᠰᠬᠠᠶ ᠮᠡᠷᠭᠡᠵᠢᠯ ᠤᠨ | ᠴᠤᠭᠯᠠᠷᠠᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠪᠠᠷ ᠭᠤᠤᠯᠳᠠᠯᠭ᠎ᠠ | ᠪᠣᠯᠭᠠᠭᠰᠠᠨ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠵᠢᠴᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠶᠢ | ᠦᠨᠳᠦᠰᠦᠨ ᠠᠩᠭᠢ ᠶᠢᠨ ᠰᠤᠷᠭᠠᠨ ᠬᠥᠮᠦᠵᠢᠯ ᠲᠡᠶᠢᠰᠢ ᠦᠷᠭᠦᠯᠵᠢᠯᠡᠭᠦᠯᠬᠦ᠂ ᠦᠷᠭᠦᠯᠵᠢᠯᠡᠯ ᠰᠤᠷᠭᠠᠨ | ᠬᠥᠮᠥᠵᠢᠯ ᠢᠶᠠᠷ ᠨᠥᠬᠦᠪᠥᠷᠢ ᠪᠣᠯᠭᠠᠭᠰᠠᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠪᠠ᠃ ᠰᠣᠪᠢᠯᠠᠯᠲᠠ ᠶᠢᠨ | ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠨᠠᠷᠠᠲᠤ ᠲᠡᠮᠳᠡᠭᠲᠦ ᠶᠢᠨ ᠲᠤᠰᠬᠠᠶ ᠮᠡᠷᠭᠡᠵᠢᠯ ᠢᠶᠠᠷ ᠦᠨᠡᠯᠡᠭᠳᠡᠵᠦ᠂ | ᠰᠣᠪᠢᠯᠠᠯᠲᠠ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠨᠢ | ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢ ᠣᠯᠵᠤ᠂ ︽ᠰᠠᠭᠤᠷᠢ ᠰᠤᠪᠢᠯᠠᠯᠲᠠ︾᠂ ︽ᠳᠣᠲᠣᠷ ᠰᠠᠯᠠᠭᠠᠨ ᠤ | ᠰᠤᠪᠢᠯᠠᠯᠲᠠ ᠶᠢᠨ ᠰᠤᠳᠤᠯᠤᠯ︾᠂ ︽ᠰᠠᠭᠤᠷᠢ ᠨᠢᠭᠲᠠᠯᠠᠨ ᠪᠣᠳᠤᠬᠤ︾ ᠨᠢ ᠥᠪᠡᠷᠲᠡᠭᠡᠨ ᠵᠠᠰᠠᠬᠤ ᠣᠷᠣᠨ ᠤ ᠰᠣᠳᠣᠨ | ᠬᠢᠴᠢᠶᠡᠯ ᠢᠶᠠᠷ ᠦᠨᠡᠯᠡᠭᠳᠡᠪᠡ᠃ | | | | | | ᠦᠪᠦᠷ ᠮᠤᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠰᠤᠷᠭᠠᠭᠤᠯᠢ | ᠡᠷᠬᠢᠯᠡᠭᠰᠡᠡ 37 ᠵᠢᠯ ᠤᠨ ᠲᠤᠷᠰᠢ᠂ ︽ᠦᠢᠯᠡᠳᠪᠦᠷᠢᠯᠡᠯ ᠪᠣᠯᠤᠨ ᠰᠤᠷᠭᠠᠨ ᠬᠥᠮᠦᠵᠢᠯ ᠢ ᠠᠭᠤᠰᠬᠠᠬᠤ᠂ ᠰᠤᠷᠭᠠᠭᠤᠯᠢ | ᠪᠣᠯᠤᠨ ᠠᠵᠤ ᠠᠬᠤᠶᠢᠯᠠᠯ ᠬᠠᠮᠲᠤᠷᠠᠬᠤ᠂ ᠠᠵᠤ ᠦᠢᠯᠡᠳᠪᠦᠷᠢ ᠪᠣᠯᠤᠨ ᠰᠤᠷᠭᠠᠨ ᠬᠥᠮᠦᠵᠢᠯ ᠢ ᠤᠶᠠᠯᠳᠤᠭᠤᠯᠬᠤ᠂ | ᠮᠡᠳᠡᠯᠭᠡ ᠪᠣᠯᠤᠨ ᠦᠢᠯᠡ ᠠᠵᠢᠯᠯᠠᠭ᠎ᠠ ᠶᠢ ᠨᠢᠭᠡᠳᠬᠡᠬᠦ︾ ᠰᠤᠷᠭᠠᠭᠤᠯᠢ ᠡᠷᠬᠢᠯᠡᠬᠦ ᠬᠡᠪ ᠵᠠᠭᠪᠤᠷ ᠢ ᠪᠠᠷᠢᠮᠲᠠᠯᠠᠵᠤ᠂ | ︽ᠦᠢᠯᠡᠳᠪᠦᠷᠢᠯᠡᠬᠦ᠂ ᠰᠤᠷᠤᠯᠴᠠᠬᠤ᠂ ᠰᠤᠳᠤᠯᠬᠤ︾ ᠶᠢ ᠤᠶᠠᠯᠳᠤᠭᠤᠯᠬᠤ᠂ ᠣᠯᠠᠨ ᠡᠰᠢᠵᠢᠯᠲᠡ ᠢ ᠬᠥᠭᠵᠢᠭᠦᠯᠬᠦ | ᠰᠤᠷᠭᠠᠭᠤᠯᠢ ᠡᠷᠬᠢᠯᠡᠬᠦ ᠵᠠᠮ ᠢ ᠬᠠᠶᠢᠨ ᠰᠦᠪᠡᠭᠴᠢᠯᠡᠵᠦ ᠭᠠᠷᠭᠠᠪᠠ᠃ | | |