ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︽ᠡᠬᠡ ᠤᠯᠤᠰ ᠢᠶᠠᠨ ᠵᠦᠩᠨᠡᠨ ᠢᠷᠥᠭᠡᠶ᠎ᠡ︾ ᠭᠡᠬᠦ ᠳᠠᠭᠤᠤ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/5/31
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ  ᠳᠡᠭᠡᠳᠦ ᠰᠤᠷᠭᠠᠭᠤᠯᠢ       —︽ᠡᠬᠡ ᠤᠯᠤᠰ ᠢᠶᠠᠨ ᠵᠦᠩᠨᠡᠨ ᠢᠷᠥᠭᠡᠶ᠎ᠡ︾       ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠥᠪ ᠬᠥᠬᠡᠬᠤᠲᠠ ᠳᠤ ᠪᠠᠶᠢᠷᠢᠯᠠᠵᠤ᠂ ᠥᠪᠡᠷᠲᠡᠭᠡᠨ ᠵᠠᠰᠠᠬᠤ ᠣᠷᠣᠨ ᠤ ᠴᠣᠷᠢ ᠶᠢᠨ ᠭᠠᠭᠴᠠ ᠲᠤᠰᠠᠭᠠᠷ ᠪᠠᠶᠢᠭᠤᠯᠤᠭᠰᠠᠨ ᠪᠠᠷᠢᠯᠭ᠎ᠠ ᠶᠢᠨ ᠲᠦᠷᠦᠯ ᠤᠨ ᠳᠡᠭᠡᠳᠦ ᠰᠤᠷᠭᠠᠭᠤᠯᠢ ᠪᠣᠯᠤᠨ᠎ᠠ᠃ 1956 ᠣᠨ ᠳ᠋ᠤ᠋‌‍ᠪᠠᠶᠢᠭᠤᠯᠤᠭᠳᠠᠭᠰᠠᠨ ᠬᠤᠳᠠ ᠶᠢᠨ ᠪᠦᠳᠤᠭᠡᠨ ᠪᠠᠶᠢᠭᠤᠯᠤᠯᠳᠠ ᠶᠢᠨ ᠶᠠᠮᠤᠨ ᠤ ᠬᠥᠬᠡᠬᠤᠲᠠ ᠶᠢᠨ ᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠰᠤᠷᠭᠠᠭᠤᠯᠢ ᠶᠤᠮ᠃ 1958 ᠣᠨ ᠳᠤ᠂ ᠰᠤᠷᠭᠠᠭᠤᠯᠢ ᠨᠢ ᠵᠢᠩᠬᠢᠨᠢ ᠠᠩᠭᠢ ᠶᠢᠨ ᠰᠤᠷᠭᠠᠨ ᠬᠥᠮᠦᠵᠢᠯ ᠢ ᠲᠠᠰ ᠳᠡᠪᠰᠢᠭᠦᠯᠦᠨ ᠡᠷᠭᠢᠯᠡᠵᠦ᠂ ᠦᠪᠦᠷ ᠮᠤᠩᠭᠤᠯ ᠤᠨ ᠪᠠᠷᠢᠯᠭ᠎ᠠ ᠶᠢᠨ ᠳᠡᠭᠡᠳᠦ ᠰᠤᠷᠭᠠᠭᠤᠯᠢ ᠭᠡᠵᠦ ᠨᠡᠷ᠎ᠡ ᠪᠠᠨ ᠬᠠᠯᠠᠪᠠ᠃ 1961 ᠣᠨ ᠳᠤ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠪᠠᠶᠢᠭᠤᠯᠤᠮᠵᠢ ᠶᠢ ᠰᠡᠷᠭᠦᠭᠡᠵᠦ᠂ ᠦᠪᠦᠷ ᠮᠤᠩᠭᠤᠯ ᠤᠨ ᠪᠠᠷᠢᠯᠭ᠎ᠠ ᠶᠢᠨ ᠰᠤᠷᠭᠠᠭᠤᠯᠢ ᠭᠡᠵᠦ ᠨᠡᠷ᠎ᠡ ᠪᠠᠨ ᠬᠠᠯᠠᠪᠠ᠃ 1979 ᠣᠨ ᠳᠤ ᠤᠤᠯ ᠤᠨ ᠤᠯᠤᠰ ᠤᠨ ᠰᠤᠷᠭᠠᠨ ᠬᠥᠮᠦᠵᠢᠯ ᠤᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠰᠤᠷᠭᠠᠭᠤᠯᠢ ᠳᠤ ᠠᠵᠤ ᠦᠢᠯᠡᠳᠪᠦᠷᠢ ᠬᠢᠭᠡᠳ ᠠᠷᠠᠳ ᠤᠨ ᠬᠡᠷᠡᠭᠯᠡᠭᠡᠨ ᠤ ᠪᠠᠷᠢᠯᠭ᠎ᠠ᠂ ᠪᠠᠷᠢᠯᠭ᠎ᠠ ᠎ ᠶᠢᠨ ᠤᠬᠠᠭᠠᠨ᠂ ᠳᠤᠯᠠᠭᠠᠯᠠᠭ᠎ᠠ᠂ ᠰᠠᠯᠬᠢ ᠨᠡᠪᠲᠡᠷᠡᠭᠦᠯᠬᠦ ᠪᠠ ᠪᠠᠷᠢᠯᠭ᠎ᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠵᠡᠷᠭᠡ ᠲᠤᠰᠬᠠᠶ ᠮᠡᠷᠭᠡᠵᠢᠯ ᠳᠤ ᠵᠢᠩᠬᠢᠨᠢ ᠠᠩᠭᠢ ᠶᠢᠨ ᠳᠡᠰ ᠤᠨ ᠰᠤᠷᠭᠠᠨ ᠬᠥᠮᠦᠵᠢᠯ ᠢ ᠡᠷᠭᠢᠯᠡᠵᠦ᠂ ᠵᠢᠩᠬᠢᠨᠢ ᠠᠩᠭᠢ ᠶᠢᠨ ᠰᠤᠷᠤᠭᠴᠢ ᠶᠢ 6 ᠬᠤᠭᠤᠴᠠᠭ᠎ᠠ ᠬᠥᠮᠥᠵᠢᠭᠦᠯᠵᠦ ᠲᠡᠭᠦᠰᠭᠡᠪᠡ᠃ 1999 ᠣᠨ ᠤ 7 ᠰᠠᠷ᠎ᠠ ᠳᠤ᠂ ᠰᠤᠷᠭᠠᠨ ᠬᠦᠮᠤᠵᠢᠯ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠲᠤᠰᠠᠭᠠᠷ ᠡᠩ ᠤᠨ ᠳᠡᠭᠡᠳᠦ ᠰᠤᠷᠭᠠᠭᠤᠯᠢ ᠪᠣᠯᠵᠣ ᠳᠡᠪᠰᠢᠭᠡᠳ᠂ ᠬᠦᠬᠡᠬᠤᠳᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠭᠡᠵᠦ ᠨᠡᠷ᠎ᠡ ᠪᠠᠨ ᠬᠠᠯᠠᠪᠠ᠃ 2002 ᠣᠨ ᠤ 3 ᠰᠠᠷ᠎ᠠ ᠳᠤ᠂ ᠰᠤᠷᠭᠠᠭᠤᠯᠢ ᠶᠢᠨ ᠨᠡᠷ᠎ᠡ ᠶᠢ ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠭᠡᠵᠦ ᠬᠠᠯᠠᠵᠤ᠂ ᠲᠤᠰ ᠵᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠤᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢ ᠲᠤᠰ ᠰᠤᠷᠭᠠᠭᠤᠯᠢ ᠲᠠᠢ ᠨᠡᠶᠢᠯᠡᠭᠦᠯᠪᠡ᠃

     ᠣᠶᠢᠷ᠎ᠠ ᠶᠢᠨ ᠵᠢᠯ᠂ ᠰᠤᠷᠭᠠᠭᠤᠯᠢ ᠨᠢ ᠰᠤᠷᠭᠠᠭᠤᠯᠢ ᠡᠷᠭᠢᠯᠡᠬᠦ ᠴᠢᠳᠠᠮᠵᠢ᠂ ᠵᠢᠭᠠᠨ ᠰᠤᠷᠭᠠᠯᠲᠠ ᠶᠢᠨ ᠴᠢᠨᠠᠷ

ᠴᠢᠨᠰᠠᠭ᠎ᠠ᠂ ᠬᠠᠮᠢᠶᠠᠷᠤᠯᠲᠠ ᠶᠢᠨ ᠬᠢᠷᠢ ᠲᠦᠪᠰᠢᠨ᠂ ᠲᠤᠰᠬᠠᠶ ᠮᠡᠷᠭᠡᠵᠢᠯ ᠤᠨ ᠪᠠᠶᠢᠭᠤᠯᠤᠯᠲᠠ᠂ ᠰᠣᠷᠣᠭᠴᠢ ᠡᠯᠰᠡᠵᠦ

ᠠᠵᠢᠯ ᠣᠯᠭᠤᠬᠤ᠂ ᠰᠣᠷᠣᠭᠴᠢ ᠶᠢᠨ ᠰᠤᠷᠭᠠᠨ ᠬᠥᠮᠦᠵᠢᠯ᠂ ᠨᠡᠶᠢᠭᠡᠮ ᠤᠨ ᠦᠢᠯᠡᠴᠢᠯᠡᠭᠡ ᠵᠡᠷᠭᠡ ᠲᠠᠯ᠎ᠠ ᠪᠠᠷ

ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠪᠡ᠃ 2005 ᠣᠨ ᠤ 11 ᠰᠠᠷ᠎ᠠ ᠳᠤ᠂ ᠰᠤᠷᠭᠠᠨ

ᠬᠦᠮᠤᠵᠢᠯ ᠤᠨ ᠶᠠᠮᠤᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ

ᠴᠢᠳᠠᠪᠤᠷᠢᠲᠠᠨ ᠢ ᠬᠥᠮᠦᠵᠢᠭᠦᠯᠬᠦ ᠠᠵᠢᠯ ᠤᠨ ᠬᠢᠷᠢ ᠲᠦᠪᠰᠢᠨ ᠤ ᠦᠨᠡᠯᠡᠯᠲᠡ ᠳᠤ ᠰᠢᠯᠢᠳᠡᠭ ᠢᠶᠠᠷ ᠦᠨᠡᠯᠡᠭᠳᠡᠪᠡ᠃

2007 ᠣᠨ ᠤ 8 ᠰᠠᠷ᠎ᠠ ᠳᠤ᠂ ᠰᠤᠷᠭᠠᠨ ᠬᠦᠮᠤᠵᠢᠯ ᠤᠨ ᠶᠠᠮᠤᠨ᠂ ᠡᠳ᠋ ᠤᠨ ᠵᠠᠰᠠᠭ ᠤᠨ

ᠶᠠᠮᠤᠨ ᠠᠴᠠ ᠠᠩᠬᠠᠳᠠᠭᠴᠢ ᠪᠦᠯᠦᠭ ᠤᠨ ︽ᠤᠯᠤᠰ ᠤᠨ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ︾᠎ ᠪᠠᠷ ᠲᠣᠭᠲᠠᠭᠠᠪᠠ︔ 2011 ᠣᠨ ᠳᠤ ᠰᠤᠷᠭᠠᠨ ᠬᠦᠮᠤᠵᠢᠯ ᠤᠨ ᠶᠠᠮᠤᠨ ᠠᠴᠠ

ᠠᠩᠬᠠᠳᠠᠭᠴᠢ ᠪᠦᠯᠦᠭ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠳᠡᠭᠡᠳᠦ ᠵᠡᠷᠭᠡ ᠶᠢᠨ

ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠲᠤᠰᠠᠭᠠᠷ ᠰᠤᠷᠤᠭᠴᠢ ᠡᠯᠰᠡᠬᠦ ᠳᠤᠷᠰᠢᠯᠲᠠ ᠶᠢᠨ ᠰᠤᠷᠭᠠᠭᠤᠯᠢ ᠪᠠᠷ

ᠳᠣᠭᠲᠠᠭᠠᠪᠠ︔ 2016 ᠣᠨ ᠤ 5 ᠰᠠᠷ᠎ᠠ ᠳᠤ᠂ ᠰᠤᠷᠭᠠᠨ ᠬᠦᠮᠤᠵᠢᠯ ᠤᠨ ᠶᠠᠮᠤᠨ ᠠᠴᠠ ᠪᠥᠬᠦ ᠤᠯᠤᠰ ᠤᠨ

ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢ ᠣᠨᠣᠰᠢᠯᠠᠬᠤ ᠪᠠ

ᠰᠠᠶᠢᠵᠢᠷᠠᠭᠤᠯᠬᠤ ᠲᠤᠷᠰᠢᠯᠲᠠ ᠶᠢᠨ ᠳᠡᠭᠡᠳᠦ ᠰᠤᠷᠭᠠᠭᠤᠯᠢ ᠪᠠᠷ ᠳᠣᠭᠲᠠᠭᠠᠪᠠ︔ 2017 ᠣᠨ ᠤ 9 ᠰᠠᠷ᠎ᠠ ᠳᠤ᠂

ᠰᠤᠷᠭᠠᠨ ᠬᠦᠮᠤᠵᠢᠯ ᠤᠨ ᠶᠠᠮᠤᠨ ᠠᠴᠠ ᠤᠯᠤᠰ ᠤᠨ ᠰᠢᠯᠢᠳᠡᠭ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠪᠠᠷ ᠲᠣᠭᠲᠠᠭᠠᠪᠠ︔ 2019 ᠣᠨ ᠤ 6 ᠰᠠᠷ᠎ᠠ ᠳᠤ᠂ ᠰᠤᠷᠭᠠᠨ ᠬᠦᠮᠤᠵᠢᠯ ᠤᠨ ᠶᠠᠮᠤᠨ ᠠᠴᠠ

ᠠᠩᠬᠠᠳᠠᠭᠴᠢ ᠪᠦᠯᠦᠭ ᠤᠨ 1+X ᠦᠨᠡᠮᠯᠡᠯ ᠤᠨ ᠲᠦᠷᠢᠮ ᠤᠨ ᠲᠤᠷᠰᠢᠯᠲᠠ ᠶᠢᠨ ᠳᠡᠭᠡᠳᠦ ᠰᠤᠷᠭᠠᠭᠤᠯᠢ ᠪᠠᠷ

ᠳᠣᠭᠲᠠᠭᠠᠪᠠ︔ 2019 ᠣᠨ ᠤ 12 ᠰᠠᠷ᠎ᠠ ᠳᠤ᠂ ᠰᠤᠷᠭᠠᠨ ᠬᠦᠮᠤᠵᠢᠯ ᠤᠨ ᠶᠠᠮᠤᠨ᠂ ᠡᠳ᠋ ᠤᠨ ᠵᠠᠰᠠᠭ ᠤᠨ

ᠶᠠᠮᠤᠨ ᠠᠴᠠ ᠤᠯᠤᠰ ᠤᠨ ︽ᠬᠤᠤᠰ ᠥᠨᠳᠥᠷ ᠲᠥᠯᠥᠪᠯᠡᠭᠡ︾᠎ ᠶᠢᠨ ᠥᠨᠳᠥᠷ ᠬᠢᠷᠢ ᠲᠦᠪᠰᠢᠨ ᠪᠥᠬᠦᠶ ᠲᠤᠰᠬᠠᠶ

ᠮᠡᠷᠭᠡᠵᠢᠯ ᠤᠨ ᠴᠣᠭᠯᠠᠷᠠᠯ ᠢ ᠪᠥᠲᠥᠭᠡᠨ ᠪᠠᠶᠢᠭᠤᠯᠬᠤ ᠨᠢᠭᠡᠴᠢ ᠪᠠᠷ ᠲᠣᠭᠲᠠᠭᠠᠪᠠ᠃ ᠦᠪᠦᠷ ᠮᠤᠩᠭᠤᠯ ᠤᠨ

ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠪᠥᠬᠦ ᠤᠯᠤᠰ ᠤᠨ ᠣᠷᠣᠨ ᠰᠠᠭᠤᠴᠠ ᠪᠠ ᠬᠤᠲᠠ

ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ

ᠰᠤᠷᠭᠠᠯᠲᠠ ᠶᠢ ᠵᠢᠯᠣᠭᠤᠳᠬᠤ ᠵᠥᠪᠯᠡᠯ ᠤᠨ ᠬᠡᠰᠢᠭᠦᠨ ᠨᠢᠭᠡᠴᠢ᠂ ᠪᠥᠬᠦ ᠤᠯᠤᠰ ᠤᠨ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠢᠷᠣᠶ ᠮᠣᠳᠤᠨ ᠤ

ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠠᠵᠢᠯ ᠢ ᠵᠢᠯᠣᠭᠤᠳᠬᠤ ᠵᠥᠪᠯᠡᠯ ᠤᠨ ᠬᠤᠲᠠ ᠶᠢᠨ

ᠶᠠᠪᠤᠳᠠᠯ ᠤᠨ ᠦᠨᠳᠦᠰᠦᠨ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠶ

ᠵᠢᠯᠣᠭᠤᠳᠬᠤ ᠵᠥᠪᠯᠡᠯ ᠤᠨ ᠡᠷᠬᠢᠯᠡᠭᠴᠢ ᠭᠡᠰᠢᠭᠦᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ

ᠰᠤᠷᠭᠠᠨ ᠬᠥᠮᠦᠵᠢᠯ ᠤᠨ ᠨᠡᠶᠢᠭᠡᠮᠯᠢᠭ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ

ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠤᠳᠤᠯᠭᠠᠨ ᠤ ᠨᠡᠶᠢᠭᠡᠮᠯᠢᠭ ᠤᠨ

ᠬᠡᠷᠡᠭ ᠡᠷᠬᠢᠯᠡᠭᠴᠢᠳ ᠤᠨ ᠳᠠᠷᠤᠭ᠎ᠠ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ

ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠬᠤᠷᠠᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠨᠢᠭᠡᠴᠢ

ᠶᠤᠮ᠃

     ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ ᠠᠴᠠ

ᠨᠠᠭᠠᠰᠢᠬᠢ 65 ᠵᠢᠯ ᠤᠨ ᠲᠤᠷᠰᠢ᠂ ᠰᠤᠷᠭᠠᠭᠤᠯᠢ ᠨᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠢ ᠪᠥᠬᠦ

ᠲᠠᠯ᠎ᠠ ᠪᠠᠷ ᠲᠤᠭᠤᠰᠢᠯᠠᠭᠤᠯᠵᠤ᠂ ︽ᠶᠣᠰᠣ ᠰᠤᠷᠲᠠᠬᠤᠨ ᠢ ᠪᠣᠶ ᠪᠣᠯᠭᠠᠨ ᠬᠥᠮᠦᠨ ᠢ ᠬᠥᠮᠦᠵᠢᠭᠦᠯᠬᠦ︾᠎ ᠪᠠᠷ ᠦᠨᠳᠦᠰᠦᠨ

ᠡᠭᠦᠷᠭᠡ ᠪᠠᠨ ᠪᠣᠯᠭᠠᠵᠤ᠂ ︽ᠰᠤᠷᠤᠯᠭ᠎ᠠ ᠳᠤ ᠪᠠᠨ ᠴᠢᠷᠮᠠᠶᠢᠵᠤ᠂ ᠪᠠᠷᠢᠯᠭ᠎ᠠ ᠳᠤ ᠪᠠᠨ ᠴᠠᠭᠠᠷᠠᠬᠤ︾ ᠰᠤᠷᠭᠠᠭᠤᠯᠢ ᠶᠢᠨ

ᠰᠤᠷᠭᠠᠯ ᠤᠨ ᠵᠣᠷᠢᠭ ᠰᠠᠨᠠᠭ᠎ᠠ ᠶᠢ ᠪᠠᠷᠢᠮᠲᠠᠯᠠᠨ᠂ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠠ ᠵᠢᠩᠬᠢᠨᠢ ᠠᠩᠭᠢ ᠶᠢᠨ ᠠᠵᠢᠯ ᠮᠡᠷᠭᠡᠵᠢᠯ ᠤᠨ

ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢᠶᠠᠷ ᠭᠤᠤᠯ ᠴᠣᠭᠴᠠ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠤᠨ

ᠪᠣᠯᠪᠠᠰᠤᠷᠠᠭᠤᠯᠤᠯ ᠪᠠ ᠨᠠᠰᠤᠨ ᠳᠤ ᠬᠦᠷᠦᠭᠰᠡᠳ ᠤᠨ ᠬᠥᠮᠦᠵᠢᠯ ᠤᠨ ᠰᠤᠷᠭᠠᠭᠤᠯᠢ ᠡᠷᠭᠢᠯᠡᠬᠦ ᠪᠠᠶᠢᠷᠢ

ᠲᠣᠭᠲᠠᠭᠠᠯᠲᠠ ᠶᠢ ᠢᠳᠡᠪᠬᠢᠲᠡᠶ ᠥᠷᠨᠢᠭᠦᠯᠪᠡ᠃ ᠰᠤᠷᠭᠠᠭᠤᠯᠢ ᠳᠤ ᠣᠳᠣ ᠪᠠᠷᠢᠯᠭ᠎ᠠ ᠶᠢᠨ ᠢᠨᠵᠧᠨᠧᠷᠢᠩ ᠪᠠ ᠬᠡᠮᠵᠢᠨ

ᠵᠢᠷᠤᠬᠤ ᠳᠡᠭᠡᠳᠦ ᠰᠤᠷᠭᠠᠭᠤᠯᠢ᠂ ᠪᠠᠷᠢᠯᠭ᠎ᠠ ᠪᠠ ᠲᠥᠯᠥᠪᠵᠢᠭᠦᠯᠭᠡ ᠶᠢᠨ ᠳᠡᠭᠡᠳᠦ ᠰᠤᠷᠭᠠᠭᠤᠯᠢ ︵ᠠᠭᠤᠯᠠ ᠤᠰᠤ

ᠣᠭ᠍ᠶᠤ ᠨᠣᠭᠤᠭᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ︶᠂ ᠪᠠᠷᠢᠯᠭ᠎ᠠ ᠶᠢᠨ

ᠲᠥᠬᠦᠭᠡᠷᠦᠮᠵᠢ ᠪᠠ ᠠᠦ᠋ᠲ᠋ᠣᠴᠢᠯᠠᠯᠲᠠ ᠶᠢᠨ ᠳᠡᠭᠡᠳᠦ ᠰᠤᠷᠭᠠᠭᠤᠯᠢ᠂ ᠪᠠᠷᠢᠯᠭ᠎ᠠ ᠶᠢᠨ ᠢᠨᠵᠧᠨᠧᠷᠢᠩ ᠤᠨ

ᠬᠠᠮᠢᠶᠠᠷᠤᠯᠲᠠ ᠶᠢᠨ ᠳᠡᠭᠡᠳᠦ ᠰᠤᠷᠭᠠᠭᠤᠯᠢ᠂ ᠵᠠᠮ ᠬᠠᠷᠢᠯᠴᠠᠭ᠎ᠠ ᠪᠠ ᠬᠤᠲᠠ ᠶᠢᠨ ᠶᠠᠪᠤᠳᠠᠯ ᠤᠨ ᠦᠨᠳᠦᠰᠦᠨ

ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ᠂ ᠤᠷᠠᠨ

ᠮᠡᠷᠭᠡᠵᠢᠯ ᠤᠨ ᠵᠢᠷᠤᠭ ᠲᠥᠯᠥᠪᠯᠡᠭᠡ ᠶᠢᠨ ᠳᠡᠭᠡᠳᠦ ᠰᠤᠷᠭᠠᠭᠤᠯᠢ᠂ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ

ᠰᠤᠷᠭᠠᠭᠤᠯᠢ᠂ ᠮᠡᠳᠡᠭᠡ ᠵᠠᠩᠭᠢ ᠪᠠ ᠵᠠᠭᠤᠴᠢᠯᠠᠭᠤᠷ ᠤᠨ ᠳᠡᠭᠡᠳᠦ ᠰᠤᠷᠭᠠᠭᠤᠯᠢ᠂ ᠨᠡᠶᠢᠲᠡ ᠶᠢᠨ ᠬᠢᠴᠢᠶᠡᠯ ᠤᠨ

ᠬᠢᠴᠢᠶᠡᠯ ᠬᠥᠮᠦᠵᠢᠯ ᠤᠨ ᠬᠡᠯᠲᠡᠰ᠂ ᠮᠠᠷᠺᠰ ᠤᠨ ᠦᠵᠡᠯ ᠢ ᠵᠢᠭᠠᠬᠤ ᠪᠠ  ᠰᠣᠳᠤᠯᠬᠤ ᠬᠡᠯᠲᠡᠰ᠂ ᠴᠡᠷᠢᠭ ᠪᠠ

ᠪᠡᠶ᠎ᠡ ᠶᠢᠨ ᠲᠠᠮᠢᠷ ᠤᠨ ᠬᠢᠴᠢᠶᠡᠯ ᠬᠥᠮᠦᠵᠢᠯ ᠤᠨ ᠬᠡᠯᠲᠡᠰ᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠳᠡᠭᠡᠳᠦ

ᠰᠤᠷᠭᠠᠭᠤᠯᠢ ᠵᠡᠷᠭᠡ 12 ᠵᠢᠭᠠᠨ ᠰᠤᠷᠭᠠᠯᠲᠠ ᠶᠢᠨ ᠨᠢᠭᠡᠴᠢ᠂ ᠮᠡᠳᠡᠭᠡ ᠵᠠᠩᠭᠢ ᠶᠢᠨ ᠰᠦᠯᠵᠢᠶᠡᠨ ᠤ ᠲᠥᠪ᠂

ᠨᠣᠮ ᠤᠨ ᠰᠠᠩ ᠵᠡᠷᠭᠡ 2 ᠵᠢᠭᠠᠨ ᠰᠤᠷᠭᠠᠯᠲᠠ ᠶᠢ ᠬᠠᠪᠰᠤᠷᠤᠨ ᠵᠢᠯᠣᠭᠤᠳᠬᠤ ᠰᠠᠯᠠᠭ᠎ᠠ ᠮᠥᠴᠢᠷ ᠲᠠᠢ᠂ ᠨᠠᠮ

ᠵᠠᠰᠠᠭ ᠤᠨ ᠠᠯᠪᠡᠠ ᠭᠡᠷ᠂ ᠬᠢᠴᠢᠶᠡᠯ ᠬᠦᠮᠦᠵᠢᠯ ᠤᠨ ᠭᠠᠵᠡᠷ ᠵᠡᠷᠭᠡ 17 ᠬᠠᠮᠢᠶᠠᠷᠤᠯᠲᠠ ᠪᠠ ᠦᠢᠯᠡᠴᠢᠯᠡᠭᠡᠨ ᠤ ᠡᠷᠬᠡ

ᠲᠤᠰᠢᠶᠠᠯᠲᠤ ᠰᠠᠯᠠᠭ᠎ᠠ ᠮᠥᠴᠢᠷ ᠲᠠᠢ᠃

     ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠣᠲᠣ ᠠᠮᠢ ᠠᠬᠤᠶ᠂

ᠰᠢᠨᠬᠤᠸᠠ ᠬᠤᠶᠠᠷ ᠰᠤᠷᠭᠠᠭᠤᠯᠢ ᠶᠢᠨ ᠲᠣᠭᠤᠷᠢᠭ ᠲᠠᠢ᠂ ᠶᠡᠷᠦᠩᠬᠡᠶ ᠲᠠᠯᠠᠪᠠᠶ ᠨᠢ 1300 ᠮᠥ᠂ ᠭᠡᠷ ᠪᠠᠷᠢᠯᠭ᠎ᠠ ᠶᠢᠨ

ᠲᠠᠯᠠᠪᠠᠶ ᠨᠢ 35.7 ᠲᠦᠮᠡᠨ ᠲᠡᠭᠰᠢ ᠳᠥᠷᠪᠡᠯᠵᠢᠨ ᠮᠧᠲᠷ ᠪᠣᠢ᠃ 2020 ᠣᠨ ᠤ 9 ᠰᠠᠷ᠎ᠠ ᠪᠣᠯᠲᠠᠯ᠎ᠠ᠂

ᠲᠣᠭᠲᠠᠮᠠᠯ ᠬᠥᠷᠦᠩᠭᠡ ᠶᠢᠨ ᠶᠡᠷᠦᠩᠬᠡᠢ ᠲᠤᠭ᠎ᠠ 10.17 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠵᠢᠭᠠᠨ

ᠰᠤᠷᠭᠠᠯᠲᠠ ᠡᠷᠳᠡᠮ ᠰᠢᠨᠵᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ ᠥᠷᠲᠡᠭ 1.85 ᠳ᠋ᠦᠩᠰᠢᠭᠤᠷ

ᠲᠥᠭᠦᠷᠢᠭ ᠲᠤ ᠬᠦᠷᠴᠡᠶ᠃ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠨᠣᠮ ᠪᠢᠴᠢᠭ 62.2 ᠲᠦᠮᠡᠨ ᠳᠡᠪᠲᠡᠷ ᠪᠣᠢ᠃

ᠰᠤᠷᠭᠠᠭᠤᠯᠢ ᠶᠢᠨ ᠳᠣᠲᠣᠷᠠᠬᠢ ᠲᠤᠰᠬᠠᠶ ᠮᠡᠷᠭᠡᠵᠢᠯ ᠤᠨ ᠳᠠᠳᠤᠯᠭ᠎ᠠ ᠪᠣᠯᠪᠠᠰᠤᠷᠠᠯ ᠤᠨ ᠲᠠᠰᠤᠭ 94᠂ ᠦᠪᠦᠷ

ᠮᠤᠩᠭᠤᠯ ᠤᠨ ᠠᠵᠢᠯ ᠲᠥᠷᠥᠯ ᠤᠨ ᠨᠡᠭᠡᠭᠡᠯᠲᠡᠲᠦ ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠯ ᠤᠨ ᠰᠠᠭᠤᠷᠢᠨ᠂

ᠦᠪᠦᠷ ᠮᠤᠩᠭᠤᠯ ᠤᠨ BIM ᠬᠡᠷᠡᠭᠯᠡᠭᠡᠨ ᠤ ᠪᠠ ᠰᠤᠳᠤᠯᠭᠠᠨ ᠤ ᠲᠥᠪ ᠵᠡᠷᠭᠡ ᠵᠠᠰᠠᠭ ᠠᠵᠢᠯ ᠲᠥᠷᠦᠯ ᠰᠤᠷᠭᠠᠭᠤᠯᠢ

ᠠᠵᠤ ᠠᠬᠤᠶᠢᠯᠠᠯ ᠲᠠᠢ ᠬᠠᠮᠲᠤ ᠪᠠᠷ 5 ᠦᠢᠯᠡᠳᠪᠦᠷᠢᠯᠡᠯ ᠤᠨ ᠴᠢᠨᠠᠷᠲᠠᠶ ᠳᠠᠳᠤᠯᠭ᠎ᠠ ᠪᠣᠯᠪᠠᠰᠤᠷᠠᠯ ᠤᠨ ᠰᠠᠭᠤᠷᠢᠨ ᠢ

ᠪᠠᠶᠢᠭᠤᠯᠵᠤ᠂ ᠠᠵᠢᠯ ᠲᠥᠷᠥᠯ ᠤᠨ ᠠᠵᠤ ᠠᠬᠤᠶᠢᠯᠠᠯ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠳᠣᠭᠲᠠᠪᠤᠷᠢᠲᠤ

ᠳᠠᠳᠤᠯᠭ᠎ᠠ ᠪᠣᠯᠪᠠᠰᠤᠷᠠᠯ ᠤᠨ ᠰᠠᠭᠤᠷᠢᠨ ᠪᠠ ᠠᠵᠢᠯ ᠤᠨ ᠪᠠᠶᠢᠷᠢ ᠣᠷᠣᠯᠠᠬᠤ ᠳᠠᠳᠤᠯᠭ᠎ᠠ ᠶᠢᠨ ᠰᠠᠭᠤᠷᠢᠨ 149᠎ ᠶᠢ

ᠪᠠᠶᠢᠭᠤᠯᠵᠠᠶ᠃ ᠡᠳᠦᠭᠡ ᠤᠯᠤᠰ ᠤᠨ ᠳᠡᠰ ᠤᠨ ᠭᠤᠣᠯᠳᠠᠯᠭᠠᠲᠠᠢ ᠲᠤᠰᠬᠠᠶ ᠮᠡᠷᠭᠡᠵᠢᠯ 6᠂ ᠥᠪᠡᠷᠲᠡᠭᠡᠨ ᠵᠠᠰᠠᠬᠤ

ᠣᠷᠣᠨ ᠤ ᠲᠡᠰ ᠤᠨ  ᠭᠤᠣᠯᠳᠠᠯᠭᠠᠲᠠᠢ ᠲᠤᠰᠬᠠᠶ ᠮᠡᠷᠭᠡᠵᠢᠯ 20᠂ ᠤᠯᠤᠰ ᠤᠨ ᠳᠡᠰ ᠤᠨ ᠰᠣᠳᠣᠨ ᠬᠢᠴᠢᠶᠡᠯ 2᠂

ᠤᠯᠤᠰ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠰᠣᠳᠣᠨ ᠬᠢᠴᠢᠶᠡᠯ 2᠂ ᠥᠪᠡᠷᠲᠡᠭᠡᠨ ᠵᠠᠰᠠᠬᠤ ᠣᠷᠣᠨ ᠤ

ᠲᠡᠰ ᠤᠨ ᠰᠣᠳᠣᠨ ᠬᠢᠴᠢᠶᠡᠯ 29᠂ ᠰᠦᠯᠵᠢᠶᠡᠨ ᠤ ᠨᠡᠭᠡᠭᠡᠯᠲᠡᠲᠦ ᠰᠣᠳᠣᠨ ᠬᠢᠴᠢᠶᠡᠯ 7᠎ ᠶᠢ ᠪᠠᠶᠢᠭᠤᠯᠪᠠ᠃

ᠤᠯᠤᠰ ᠤᠨ ᠳᠡᠰ ᠤᠨ ᠵᠢᠭᠠᠨ ᠰᠤᠷᠭᠠᠯᠲᠠ ᠶᠢᠨ ᠪᠦᠯᠬᠦᠮ 1᠂ ᠤᠯᠤᠰ ᠤᠨ ᠳᠡᠰ ᠤᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠪᠦᠯᠬᠦᠮ 1᠂ ᠥᠪᠡᠷᠲᠡᠭᠡᠨ ᠵᠠᠰᠠᠬᠤ

ᠣᠷᠣᠨ ᠤ ᠲᠠᠰ ᠤᠨ ᠰᠢᠯᠢᠳᠡᠭ ᠵᠢᠭᠠᠨ ᠰᠤᠷᠭᠠᠯᠲᠠ ᠶᠢᠨ ᠪᠦᠯᠬᠦᠮ 15᠂ ᠪᠠᠷᠢᠯᠭ᠎ᠠ ᠶᠢᠨ ᠮᠡᠳᠡᠭᠡ ᠵᠠᠩᠭᠢ ᠶᠢᠨ ᠬᠡᠪ

ᠵᠠᠭᠪᠤᠷ ︵BIM︶ ᠵᠡᠷᠭᠡ 1+X ᠲᠤᠷᠰᠢᠯᠲᠠ ᠶᠢᠨ ᠲᠤᠰᠬᠠᠶ ᠮᠡᠷᠭᠡᠵᠢᠯ 18 ᠪᠣᠶ᠃ ᠣᠶᠢᠷ᠎ᠠ ᠶᠢᠨ ᠵᠢᠯ᠂

ᠰᠤᠷᠭᠠᠭᠤᠯᠢ ᠶᠢᠨ 5 ᠵᠦᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠨᠢ ᠥᠪᠡᠷᠲᠡᠭᠡᠨ

ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ᠂ 5 ᠵᠦᠢᠯ ᠤᠨ

ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠵᠢᠭᠠᠨ

ᠰᠤᠷᠭᠠᠯᠲᠠ ᠶᠢᠨ ᠦᠷ᠎ᠡ ᠪᠦᠲᠦᠭᠡᠯ ᠤᠨ ᠬᠤᠶᠠᠳᠤᠭᠠᠷ ᠳᠡᠰ ᠤᠨ ᠱᠠᠩᠨᠠᠯ ᠢ ᠭᠦᠷᠲᠡᠵᠦ᠂ ᠥᠪᠡᠷᠲᠡᠭᠡᠨ ᠵᠠᠰᠠᠬᠤ

ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ

ᠭᠦᠷᠲᠡᠭᠰᠡᠨ ᠪᠥᠲᠦᠭᠡᠯ 3 ᠪᠣᠢ᠃

     ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ︽ᠴᠢᠳᠠᠪᠤᠷᠢᠲᠠᠨ ᠢᠶᠠᠷ

ᠰᠤᠷᠭᠠᠭᠤᠯᠢ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠪᠠᠭᠰᠢ ᠶᠢᠨ ᠡᠩᠨᠡᠭᠡ ᠪᠠ

ᠰᠢᠯᠢᠳᠡᠭ ᠵᠢᠭᠠᠨ ᠰᠤᠷᠭᠠᠯᠲᠠ ᠶᠢᠨ ᠪᠦᠯᠬᠦᠮ ᠤᠨ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠪᠠ᠃ ᠣᠲᠣ ᠪᠠᠭᠰᠢ

ᠠᠵᠢᠯᠳᠡᠠ ᠠᠵᠢᠯᠴᠢᠠ 595 ᠪᠠᠶᠢᠵᠤ᠂ ᠲᠤᠰᠬᠠᠶ ᠪᠠᠭᠰᠢ 485᠂ ᠳᠡᠳ᠋ ᠳᠡᠭᠡᠳᠦ ᠳᠡᠰ ᠠᠴᠠ ᠳᠡᠭᠡᠭᠰᠢᠬᠢ

ᠮᠡᠷᠭᠡᠵᠢᠯ ᠤᠨ ᠴᠤᠯᠠᠲᠠᠢ ᠪᠠᠭᠰᠢ 213 ︵ᠡᠭᠦᠨ ᠳᠤ ᠳᠡᠭᠡᠳᠦ ᠳᠡᠰ ᠤᠨ ᠮᠡᠷᠭᠡᠵᠢᠯ ᠤᠨ ᠴᠤᠯᠠᠲᠠᠢ ᠪᠠᠭᠰᠢ 56 ᠪᠣᠶ︶᠂

ᠮᠠᠰᠲ᠋ᠧᠷ ᠠᠴᠠ ᠳᠡᠭᠡᠭᠰᠢᠬᠢ ᠡᠷᠳᠡᠮ ᠤᠨ ᠴᠤᠯᠠᠲᠠᠢ ᠪᠠᠭᠰᠢ 346 ᠪᠠᠶᠢᠵᠤ᠂ ᠨᠡᠯᠢᠶᠡᠳ ᠥᠨᠳᠥᠷ ᠣᠨᠣᠯ ᠤᠨ ᠬᠢᠷᠢ

ᠲᠦᠪᠰᠢᠨ ᠪᠠ ᠡᠯᠪᠡᠭ ᠪᠠᠶᠠᠯᠢᠭ ᠦᠢᠯᠡᠳᠦᠯᠭᠡ ᠤᠨ ᠲᠤᠷᠰᠢᠯᠭ᠎ᠠ ᠲᠠᠢ ︽ᠬᠤᠤᠰ ᠪᠠᠭᠰᠢ︾᠎ ᠶᠢᠨ ᠬᠡᠪ ᠪᠣᠯᠪᠠᠰᠤᠷᠠᠯ ᠲᠠᠢ

ᠪᠠᠭᠰᠢ ᠶᠢᠨ ᠬᠠᠷᠢᠴᠠᠯ ᠵᠢᠯ ᠳᠠᠷᠠᠭᠠᠯᠠᠨ ᠳᠡᠭᠡᠭᠰᠢᠯᠡᠵᠦ ᠪᠠᠶᠢᠨ᠎ᠠ᠃ ᠣᠲᠣ ᠪᠥᠬᠦ ᠤᠯᠤᠰ ᠤᠨ ᠰᠢᠯᠢᠳᠡᠭ ᠰᠤᠷᠭᠠᠨ

ᠬᠥᠮᠦᠵᠢᠯ ᠤᠨ ᠠᠵᠢᠯᠲᠠᠨ 1᠂ ᠪᠥᠬᠦ ᠤᠯᠤᠰ ᠤᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠵᠢᠱᠢᠶᠡᠴᠢ ᠶᠢᠨ

ᠱᠠᠩᠨᠠᠯ ᠬᠦᠷᠲᠡᠭᠴᠢ 1᠂ ᠪᠥᠬᠦ ᠤᠯᠤᠰ ᠤᠨ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ

ᠣᠨᠣᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠭᠤᠤᠯᠯᠠᠭᠴᠢ 1᠂ ᠥᠪᠡᠷᠲᠡᠭᠡᠨ ᠵᠠᠰᠠᠬᠤ ᠣᠷᠣᠨ ᠤ ᠲᠣᠪᠤᠶᠢᠮ᠎ᠠ

ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ 1᠂ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ

ᠴᠢᠳᠠᠪᠤᠷᠢᠲᠠᠨ 2᠂ ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠨᠠᠷᠠᠲᠤ ᠪᠠᠭᠰᠢ 16᠂ ᠥᠪᠡᠷᠲᠡᠭᠡᠨ

ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠠᠪᠴᠠᠩ ᠤᠨ ᠰᠢᠨ᠎ᠡ ᠰᠣᠳᠣᠨ 13 ᠪᠣᠶ᠃ ᠥᠪᠡᠷᠲᠡᠭᠡᠨ ᠵᠠᠰᠠᠬᠤ

ᠣᠷᠣᠨ ᠤ ᠪᠠᠭᠰᠢ ᠶᠢᠨ ᠮᠣᠷᠠᠯ ᠤᠨ ᠵᠢᠱᠢᠶᠡᠴᠢ᠂ ᠰᠢᠯᠢᠳᠡᠭ ᠪᠠᠭᠰᠢ ᠵᠡᠷᠭᠡ  ᠢᠷᠠᠭᠤ ᠠᠯᠳᠠᠷ ᠤᠨ ᠴᠣᠯᠠ ᠶᠢ 26

ᠬᠥᠮᠦᠨ ᠭᠥᠷᠳᠡᠪᠡ᠃

     ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠣᠷᠣᠨ ᠪᠦᠰᠡ ᠶᠢᠨ

ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠳᠡᠭᠡᠳᠦ ᠲᠠᠰ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ

ᠦᠨᠳᠦᠰᠦᠯᠡᠨ᠂ ᠢᠳᠡᠪᠬᠢᠲᠡᠶ ᠪᠠᠷ ᠬᠠᠮᠲᠤᠷᠠᠨ ᠰᠤᠷᠭᠠᠭᠤᠯᠢ ᠡᠷᠭᠢᠯᠡᠬᠦ ᠬᠡᠯᠪᠡᠷᠢ ᠪᠠᠷ ᠳᠠᠮᠵᠢᠭᠤᠯᠤᠨ ᠠᠵᠢᠯ

ᠮᠡᠷᠭᠡᠵᠢᠯ ᠤᠨ ᠵᠢᠩᠬᠢᠨᠢ ᠠᠩᠭᠢ ᠶᠢᠨ ᠰᠤᠷᠭᠠᠨ ᠬᠥᠮᠦᠵᠢᠯ ᠢ ᠡᠷᠬᠢᠯᠡᠪᠡ᠃ ᠣᠳᠣᠬᠠᠨ ᠳᠤ᠂ ᠲᠤᠰ ᠲᠤᠰ ᠦᠪᠦᠷ

ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ

ᠰᠤᠷᠭᠠᠭᠤᠯᠢ᠂ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ᠂ ᠦᠪᠦᠷ

ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠬᠤᠩ ᠳ᠋ᠧ

ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠵᠡᠷᠭᠡ 5 ᠵᠢᠩᠬᠢᠨᠢ ᠠᠩᠭᠢᠲᠤ ᠳᠡᠭᠡᠳᠦ

ᠰᠤᠷᠭᠠᠭᠤᠯᠢ ᠲᠠᠢ ᠬᠠᠮᠲᠤᠷᠠᠨ ᠢᠯᠴᠢ ᠬᠠᠩᠭᠠᠬᠤ᠂ ᠰᠠᠯᠬᠢ ᠨᠡᠪᠲᠡᠷᠡᠭᠦᠯᠬᠦ ᠪᠠ ᠠᠭᠠᠷ  ᠲᠣᠬᠢᠷᠠᠭᠤᠯᠤᠭᠤᠷ ᠤᠨ

ᠢᠨᠵᠧᠨᠧᠷᠢᠩ ᠤᠨ ᠮᠡᠷᠭᠡᠵᠢᠯ᠂ ᠪᠠᠷᠢᠯᠭ᠎ᠠ ᠶᠢᠨ ᠴᠢᠮᠡᠭᠯᠡᠯ ᠤᠨ ᠢᠨᠵᠧᠨᠧᠷᠢᠩ ᠤᠨ ᠮᠡᠷᠭᠡᠵᠢᠯ᠂ ᠪᠠᠷᠢᠯᠭ᠎ᠠ ᠶᠢᠨ ᠵᠢᠷᠤᠭ

ᠲᠥᠯᠥᠪᠯᠡᠭᠡ᠂ ᠪᠠᠷᠢᠯᠭ᠎ᠠ ᠶᠢᠨ ᠦᠨ᠎ᠡ᠂ ᠪᠠᠷᠢᠯᠭ᠎ᠠ ᠶᠢᠨ ᠢᠨᠵᠧᠨᠧᠷᠢᠩ ᠤᠨ ᠮᠡᠷᠭᠡᠵᠢᠯ᠂ ᠵᠠᠮ ᠬᠥᠭᠦᠷᠭᠡ ᠶᠢᠨ

ᠢᠨᠵᠧᠨᠧᠷᠢᠩ ᠤᠨ ᠮᠡᠷᠭᠡᠵᠢᠯ᠂ ᠨᠢᠬᠳᠡᠯᠡᠠ ᠪᠤᠳᠦᠬᠤ ᠤᠬᠠᠭᠠᠠ ᠵᠡᠷᠭᠡ 7 ᠬᠡᠷᠡᠭᠯᠡᠭᠡᠨ ᠤ ᠬᠡᠯᠪᠡᠷᠢ ᠶᠢᠨ ᠵᠢᠩᠬᠢᠨᠢ

ᠠᠩᠭᠢ ᠶᠢᠨ ᠲᠤᠰᠬᠠᠶ ᠮᠡᠷᠭᠡᠵᠢᠯ ᠢ ᠡᠷᠭᠢᠯᠡᠪᠡ᠃

     ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠦᠬᠦᠯᠢ ᠡᠳᠦᠷ ᠤᠨ

ᠳᠦᠷᠢᠮᠲᠦ ᠰᠣᠷᠣᠭᠴᠢ 9500 ᠭᠠᠷᠤᠶ ᠪᠠᠶᠢᠵᠤ᠂ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠰᠣᠷᠣᠭᠴᠢ 558

ᠪᠣᠶ᠃ ᠣᠶᠢᠷ᠎ᠠ ᠶᠢᠨ ᠵᠢᠯ ᠤᠨ ᠲᠤᠷᠰᠢ᠂ ᠠᠩᠬ᠎ᠠ ᠤᠳᠠᠭ᠎ᠠ ᠰᠤᠷᠭᠠᠭᠤᠯᠢ ᠲᠡᠭᠦᠰᠦᠭᠰᠡᠨ ᠰᠤᠷᠤᠭᠴᠢ ᠶᠢᠨ ᠠᠵᠢᠯ

ᠣᠯᠭᠤᠯᠲᠠ ᠶᠢᠨ ᠨᠤᠷᠮ᠎ᠠ ᠨᠢ ᠳᠤᠮᠳᠠᠴᠢ ᠪᠠᠷ 95%᠎ ᠶᠢ ᠳᠠᠪᠠᠵᠤ᠂ ᠵᠢᠯ ᠤᠨ ᠮᠥᠷᠳᠡᠨ ᠳᠠᠭᠠᠭᠰᠠᠨ ᠠᠵᠢᠯ

ᠣᠯᠭᠤᠯᠲᠠ ᠶᠢᠨ ᠨᠤᠷᠮ᠎ᠠ ᠨᠢ 100%᠎ ᠳᠤ ᠬᠦᠷᠴᠦ᠂ ᠣᠯᠠᠨ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ

ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ

ᠰᠤᠷᠭᠠᠭᠤᠯᠢ ᠶᠢᠨ ᠲᠡᠷᠢᠭᠦᠨ ᠳᠤ ᠣᠷᠣᠪᠠ᠃ ᠰᠤᠷᠭᠠᠭᠤᠯᠢ ᠳᠤ ᠪᠠᠶᠢᠭᠤᠯᠤᠭᠰᠠᠨ ᠦᠪᠦᠷ ᠮᠤᠩᠭᠤᠯ ᠤᠨ

ᠪᠠᠷᠢᠯᠭ᠎ᠠ ᠶᠢᠨ ᠠᠵᠢᠯᠳᠠᠨ ᠠᠵᠢᠯᠴᠢᠳ ᠤᠨ  ᠪᠣᠯᠪᠠᠰᠤᠷᠠᠭᠤᠯᠤᠯ ᠤᠨ ᠲᠥᠪ ︵ᠪᠠᠷᠢᠯᠭ᠎ᠠ ᠶᠢᠨ ᠠᠵᠢᠯ ᠲᠥᠷᠥᠯ ᠤᠨ

ᠠᠵᠢᠯ ᠮᠡᠷᠭᠡᠵᠢᠯ ᠤᠨ ᠴᠢᠳᠠᠪᠤᠷᠢ ᠶᠢ ᠬᠢᠨᠠᠨ ᠲᠣᠭᠲᠠᠭᠠᠬᠤ ᠥᠷᠳᠡᠭᠡ︶᠎ ᠨᠢ ᠵᠢᠯ ᠳᠤ ᠨᠡᠶᠢᠭᠡᠮ ᠪᠠ ᠠᠵᠢᠯ ᠲᠥᠷᠥᠯ ᠤᠨ

ᠪᠣᠯᠪᠠᠰᠤᠷᠠᠭᠤᠯᠤᠯ ᠬᠢᠭᠡᠳ ᠮᠡᠷᠭᠡᠵᠢᠯ ᠴᠢᠳᠠᠪᠤᠷᠢ ᠶᠢᠨ ᠬᠢᠨᠠᠨ ᠲᠣᠭᠲᠠᠭᠠᠯᠲᠠ ᠶᠢ ᠲᠦᠮᠡ ᠰᠢᠬᠠᠮ ᠬᠥᠮᠦᠨ ᠤᠳᠠᠭ᠎ᠠ

ᠬᠥᠯᠢᠶᠡᠨ ᠠᠪᠤᠭᠰᠠᠨ ᠪᠠᠶᠢᠨ᠎ᠠ᠃ ᠰᠤᠷᠭᠠᠭᠤᠯᠢ ᠨᠢ ︽ᠡᠭᠦᠳᠦᠯᠲᠡ ᠬᠤᠨᠳᠠᠭᠠᠲᠤ︾᠂ ︽ᠥᠷᠢᠰᠦᠯᠳᠦᠭᠡᠨᠲᠦ ᠬᠤᠨᠳᠠᠭᠠᠲᠤ︾

ᠵᠡᠷᠭᠡ ᠤᠯᠤᠰ ᠤᠨ ᠳᠡᠰ ᠤᠨ ︽ᠦᠢᠯᠡᠰ ᠪᠣᠰᠬᠠᠵᠤ ᠰᠢᠨ᠎ᠡ ᠶᠢ ᠡᠭᠦᠳᠬᠦ︾ ᠤᠷᠤᠯᠳᠤᠭᠠᠨ ᠳᠤ 25 ᠵᠦᠢᠯ ᠤᠨ

ᠱᠠᠩᠨᠠᠯ ᠭᠥᠷᠳᠡᠪᠡ᠃

     ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠨᠡᠭᠡᠭᠡᠯᠲᠡᠲᠦ

ᠰᠤᠷᠭᠠᠭᠤᠯᠢ ᠡᠷᠭᠢᠯᠡᠬᠦ ᠶᠢ ᠪᠠᠷᠢᠮᠲᠠᠯᠠᠵᠤ᠂ ᠠᠩᠭ᠍ᠯᠢ᠂ ᠠᠮᠧᠷᠢᠺᠠ᠂ ᠺᠠᠨᠠᠳᠠ᠂ ᠮᠠᠯᠠᠶᠢᠰᠢᠶ᠎ᠠ ᠵᠡᠷᠭᠡ ᠤᠯᠤᠰ ᠲᠠᠢ ᠬᠠᠮᠲᠤᠷᠠᠨ

ᠰᠤᠷᠭᠠᠭᠤᠯᠢ ᠡᠷᠭᠢᠯᠡᠬᠦ᠂ ᠲᠤᠰᠬᠠᠶ ᠮᠡᠷᠭᠡᠵᠢᠯ ᠢ ᠬᠠᠮᠲᠤ ᠪᠠᠷ ᠪᠠᠶᠢᠭᠤᠯᠬᠤ ᠪᠠ ᠬᠢᠴᠢᠶᠡᠯ ᠢ ᠣᠷᠣᠭᠤᠯᠤᠨ ᠠᠪᠴᠢᠷᠠᠬᠤ

ᠵᠡᠷᠭᠡ ᠠᠷᠭ᠎ᠠ ᠮᠠᠶ᠋ᠢᠭ ᠢᠶᠠᠷ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠥᠷᠨᠢᠭᠦᠯᠪᠡ᠃

     ᠣᠶᠢᠷ᠎ᠠ ᠶᠢᠨ ᠵᠢᠯ ᠳᠤ᠂ ᠰᠤᠷᠭᠠᠭᠤᠯᠢ ᠨᠢ ᠤᠷᠢᠳ ᠬᠤᠵᠢᠳ ᠪᠦᠬᠦ ᠤᠯᠤᠰ ᠤᠨ ᠡᠩ ᠤᠨ ᠳᠡᠭᠡᠳᠦ

ᠰᠤᠷᠭᠠᠭᠤᠯᠢ ᠶᠢᠨ ᠲᠡᠭᠦᠰᠬᠦ ᠰᠤᠷᠤᠭᠴᠢ ᠶᠢᠨ ᠠᠵᠢᠯ ᠣᠯᠭᠤᠯᠲᠠ ᠶᠢᠨ ᠠᠵᠢᠯ ᠤᠨ ᠲᠡᠷᠢᠭᠦᠨ ᠤ ᠬᠠᠮᠲᠤ᠂

ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢ ᠶᠢᠨ ᠠᠵᠢᠯ

ᠣᠯᠭᠤᠯᠲᠠ ᠶᠢᠨ ᠠᠵᠢᠯ ᠤᠨ ᠲᠡᠷᠢᠭᠦᠨ ᠤ ᠬᠠᠮᠲᠤ᠂ ᠪᠦᠬᠦ ᠣᠷᠣᠨ ᠤ ᠳᠡᠭᠡᠳᠦ ᠰᠤᠷᠭᠠᠭᠤᠯᠢ ᠶᠢᠨ ᠲᠡᠷᠢᠭᠦᠨ ᠤ

ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ᠂ ᠪᠦᠬᠦ ᠣᠷᠣᠨ ᠤ ᠴᠡᠷᠢᠭ ᠡᠯᠰᠡᠬᠦ ᠠᠵᠢᠯ ᠤᠨ

ᠲᠡᠷᠢᠭᠦᠨ ᠤ ᠨᠢᠭᠡᠴᠢ᠂ ᠪᠦᠬᠦ ᠣᠷᠣᠨ ᠤ ᠳᠡᠭᠡᠳᠦ ᠰᠤᠷᠭᠠᠭᠤᠯᠢ ᠶᠢᠨ ᠲᠣᠭᠲᠠᠭᠤᠨ ᠢ ᠬᠠᠮᠠᠭᠠᠯᠠᠵᠤ ᠶᠡᠷᠦᠩᠬᠡᠶᠢᠯᠡᠨ

ᠵᠠᠰᠠᠬᠤ ᠠᠵᠢᠯ ᠤᠨ ᠲᠡᠷᠢᠭᠦᠨ ᠤ ᠨᠢᠭᠡᠴᠢ᠂ ᠪᠥᠬᠦ ᠣᠷᠣᠨ ᠤ ︽5.1 ᠬᠥᠳᠡᠯᠮᠦᠷᠢ ᠶᠢᠨ ᠵᠢᠱᠢᠶᠡᠴᠢ ᠶᠢᠨ ᠱᠠᠩᠨᠠᠯ︾᠂

ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2018 ᠣᠨ ᠤ

︽ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ︿ᠴᠡᠭ ᠲᠣᠭᠲᠠᠭᠠᠨ ᠬᠠᠪᠰᠤᠷᠤᠨ ᠲᠡᠳᠬᠦᠬᠦ﹀᠎ ᠳᠤ

ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ︾᠎ ᠂ ᠪᠥᠬᠦ ᠣᠷᠣᠨ ᠤ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ

ᠪᠠᠶᠢᠴᠠᠭᠠᠬᠤ ᠰᠢᠰᠲ᠋ᠧᠮ ᠤᠨ ᠲᠡᠷᠢᠭᠦᠨ ᠤ ᠬᠠᠮᠲᠤ ᠵᠡᠷᠭᠡ ᠢᠷᠠᠭᠤ ᠠᠯᠳᠠᠷ ᠤᠨ ᠴᠣᠯᠠ ᠢ ᠭᠦᠷᠲᠡᠵᠦ᠂ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠰᠤᠷᠭᠠᠭᠤᠯᠢ ᠶᠢᠨ ᠤᠳᠤᠷᠢᠳᠬᠤ ᠪᠠᠭ ᠢ

ᠥᠪᠡᠷᠲᠡᠭᠡᠨ ᠵᠠᠰᠠᠬᠤ ᠣᠷᠣᠨ ᠤ ᠲᠣᠪᠤᠶᠢᠮ᠎ᠠ ᠤᠳᠤᠷᠢᠳᠬᠤ ᠪᠠᠭ ᠢᠶᠠᠷ ᠣᠯᠠᠨ ᠤᠳᠠᠭ᠎ᠠ ᠦᠨᠡᠯᠡᠪᠡ᠃

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号