| | ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠵᠤ ᠪᠠᠶᠢᠨ᠎ᠠ᠃ | ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | —︽ᠡᠬᠡ ᠤᠯᠤᠰ ᠢᠶᠠᠨ ᠵᠦᠩᠨᠡᠨ ᠢᠷᠥᠭᠡᠶ᠎ᠡ︾ | | | ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | | | ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠦᠪᠤᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠥᠪ ᠬᠥᠬᠡᠬᠤᠲᠠ ᠳᠤ ᠪᠠᠶᠢᠷᠢᠯᠠᠵᠤ᠂ ᠥᠪᠡᠷᠲᠡᠭᠡᠨ ᠵᠠᠰᠠᠬᠤ | ᠣᠷᠣᠨ ᠤ ᠴᠣᠷᠢ ᠶᠢᠨ ᠭᠠᠭᠴᠠ ᠲᠤᠰᠠᠭᠠᠷ ᠪᠠᠶᠢᠭᠤᠯᠤᠭᠰᠠᠨ ᠪᠠᠷᠢᠯᠭ᠎ᠠ ᠶᠢᠨ ᠲᠦᠷᠦᠯ ᠤᠨ ᠳᠡᠭᠡᠳᠦ ᠰᠤᠷᠭᠠᠭᠤᠯᠢ | ᠪᠣᠯᠤᠨ᠎ᠠ᠃ 1956 ᠣᠨ ᠳ᠋ᠤ᠋ᠪᠠᠶᠢᠭᠤᠯᠤᠭᠳᠠᠭᠰᠠᠨ ᠬᠤᠳᠠ ᠶᠢᠨ ᠪᠦᠳᠤᠭᠡᠨ ᠪᠠᠶᠢᠭᠤᠯᠤᠯᠳᠠ ᠶᠢᠨ ᠶᠠᠮᠤᠨ ᠤ | ᠬᠥᠬᠡᠬᠤᠲᠠ ᠶᠢᠨ ᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠰᠤᠷᠭᠠᠭᠤᠯᠢ ᠶᠤᠮ᠃ 1958 | ᠣᠨ ᠳᠤ᠂ ᠰᠤᠷᠭᠠᠭᠤᠯᠢ ᠨᠢ ᠵᠢᠩᠬᠢᠨᠢ ᠠᠩᠭᠢ ᠶᠢᠨ ᠰᠤᠷᠭᠠᠨ ᠬᠥᠮᠦᠵᠢᠯ ᠢ ᠲᠠᠰ ᠳᠡᠪᠰᠢᠭᠦᠯᠦᠨ ᠡᠷᠭᠢᠯᠡᠵᠦ᠂ ᠦᠪᠦᠷ | ᠮᠤᠩᠭᠤᠯ ᠤᠨ ᠪᠠᠷᠢᠯᠭ᠎ᠠ ᠶᠢᠨ ᠳᠡᠭᠡᠳᠦ ᠰᠤᠷᠭᠠᠭᠤᠯᠢ ᠭᠡᠵᠦ ᠨᠡᠷ᠎ᠡ ᠪᠠᠨ ᠬᠠᠯᠠᠪᠠ᠃ 1961 ᠣᠨ ᠳᠤ ᠳᠤᠮᠳᠠ | ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠪᠠᠶᠢᠭᠤᠯᠤᠮᠵᠢ ᠶᠢ ᠰᠡᠷᠭᠦᠭᠡᠵᠦ᠂ ᠦᠪᠦᠷ ᠮᠤᠩᠭᠤᠯ ᠤᠨ | ᠪᠠᠷᠢᠯᠭ᠎ᠠ ᠶᠢᠨ ᠰᠤᠷᠭᠠᠭᠤᠯᠢ ᠭᠡᠵᠦ ᠨᠡᠷ᠎ᠡ ᠪᠠᠨ ᠬᠠᠯᠠᠪᠠ᠃ 1979 ᠣᠨ ᠳᠤ ᠤᠤᠯ ᠤᠨ ᠤᠯᠤᠰ ᠤᠨ ᠰᠤᠷᠭᠠᠨ | ᠬᠥᠮᠦᠵᠢᠯ ᠤᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠥᠪᠰᠢᠶᠡᠷᠡᠯ ᠢᠶᠠᠷ ᠰᠤᠷᠭᠠᠭᠤᠯᠢ ᠳᠤ ᠠᠵᠤ ᠦᠢᠯᠡᠳᠪᠦᠷᠢ ᠬᠢᠭᠡᠳ ᠠᠷᠠᠳ ᠤᠨ ᠬᠡᠷᠡᠭᠯᠡᠭᠡᠨ ᠤ ᠪᠠᠷᠢᠯᠭ᠎ᠠ᠂ ᠪᠠᠷᠢᠯᠭ᠎ᠠ | ᠶᠢᠨ ᠤᠬᠠᠭᠠᠨ᠂ ᠳᠤᠯᠠᠭᠠᠯᠠᠭ᠎ᠠ᠂ ᠰᠠᠯᠬᠢ ᠨᠡᠪᠲᠡᠷᠡᠭᠦᠯᠬᠦ ᠪᠠ ᠪᠠᠷᠢᠯᠭ᠎ᠠ ᠶᠢᠨ ᠠᠵᠤ ᠠᠬᠤᠶᠢᠯᠠᠯ ᠤᠨ ᠬᠠᠮᠢᠶᠠᠷᠤᠯᠲᠠ | ᠵᠡᠷᠭᠡ ᠲᠤᠰᠬᠠᠶ ᠮᠡᠷᠭᠡᠵᠢᠯ ᠳᠤ ᠵᠢᠩᠬᠢᠨᠢ ᠠᠩᠭᠢ ᠶᠢᠨ ᠳᠡᠰ ᠤᠨ ᠰᠤᠷᠭᠠᠨ ᠬᠥᠮᠦᠵᠢᠯ ᠢ ᠡᠷᠭᠢᠯᠡᠵᠦ᠂ ᠵᠢᠩᠬᠢᠨᠢ | ᠠᠩᠭᠢ ᠶᠢᠨ ᠰᠤᠷᠤᠭᠴᠢ ᠶᠢ 6 ᠬᠤᠭᠤᠴᠠᠭ᠎ᠠ ᠬᠥᠮᠥᠵᠢᠭᠦᠯᠵᠦ ᠲᠡᠭᠦᠰᠭᠡᠪᠡ᠃ 1999 ᠣᠨ ᠤ 7 ᠰᠠᠷ᠎ᠠ ᠳᠤ᠂ | ᠰᠤᠷᠭᠠᠨ ᠬᠦᠮᠤᠵᠢᠯ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠥᠪᠰᠢᠶᠡᠷᠡᠯ ᠢᠶᠠᠷ ᠲᠤᠰᠠᠭᠠᠷ ᠡᠩ ᠤᠨ ᠳᠡᠭᠡᠳᠦ ᠰᠤᠷᠭᠠᠭᠤᠯᠢ ᠪᠣᠯᠵᠣ ᠳᠡᠪᠰᠢᠭᠡᠳ᠂ ᠬᠦᠬᠡᠬᠤᠳᠠ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠭᠡᠵᠦ ᠨᠡᠷ᠎ᠡ ᠪᠠᠨ ᠬᠠᠯᠠᠪᠠ᠃ 2002 ᠣᠨ ᠤ 3 ᠰᠠᠷ᠎ᠠ ᠳᠤ᠂ | ᠰᠤᠷᠭᠠᠭᠤᠯᠢ ᠶᠢᠨ ᠨᠡᠷ᠎ᠡ ᠶᠢ ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠭᠡᠵᠦ | ᠬᠠᠯᠠᠵᠤ᠂ ᠲᠤᠰ ᠵᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠦᠪᠦᠷ | ᠮᠤᠩᠭᠤᠯ ᠤᠨ ᠪᠠᠷᠢᠯᠭ᠎ᠠ ᠶᠢᠨ ᠠᠵᠢᠯ ᠤᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢ ᠲᠤᠰ ᠰᠤᠷᠭᠠᠭᠤᠯᠢ ᠲᠠᠢ | ᠨᠡᠶᠢᠯᠡᠭᠦᠯᠪᠡ᠃ | | | | | | ᠣᠶᠢᠷ᠎ᠠ ᠶᠢᠨ ᠵᠢᠯ᠂ ᠰᠤᠷᠭᠠᠭᠤᠯᠢ ᠨᠢ ᠰᠤᠷᠭᠠᠭᠤᠯᠢ ᠡᠷᠭᠢᠯᠡᠬᠦ ᠴᠢᠳᠠᠮᠵᠢ᠂ ᠵᠢᠭᠠᠨ ᠰᠤᠷᠭᠠᠯᠲᠠ ᠶᠢᠨ ᠴᠢᠨᠠᠷ | ᠴᠢᠨᠰᠠᠭ᠎ᠠ᠂ ᠬᠠᠮᠢᠶᠠᠷᠤᠯᠲᠠ ᠶᠢᠨ ᠬᠢᠷᠢ ᠲᠦᠪᠰᠢᠨ᠂ ᠲᠤᠰᠬᠠᠶ ᠮᠡᠷᠭᠡᠵᠢᠯ ᠤᠨ ᠪᠠᠶᠢᠭᠤᠯᠤᠯᠲᠠ᠂ ᠰᠣᠷᠣᠭᠴᠢ ᠡᠯᠰᠡᠵᠦ | ᠠᠵᠢᠯ ᠣᠯᠭᠤᠬᠤ᠂ ᠰᠣᠷᠣᠭᠴᠢ ᠶᠢᠨ ᠰᠤᠷᠭᠠᠨ ᠬᠥᠮᠦᠵᠢᠯ᠂ ᠨᠡᠶᠢᠭᠡᠮ ᠤᠨ ᠦᠢᠯᠡᠴᠢᠯᠡᠭᠡ ᠵᠡᠷᠭᠡ ᠲᠠᠯ᠎ᠠ ᠪᠠᠷ | ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠪᠡ᠃ 2005 ᠣᠨ ᠤ 11 ᠰᠠᠷ᠎ᠠ ᠳᠤ᠂ ᠰᠤᠷᠭᠠᠨ | ᠬᠦᠮᠤᠵᠢᠯ ᠤᠨ ᠶᠠᠮᠤᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ | ᠴᠢᠳᠠᠪᠤᠷᠢᠲᠠᠨ ᠢ ᠬᠥᠮᠦᠵᠢᠭᠦᠯᠬᠦ ᠠᠵᠢᠯ ᠤᠨ ᠬᠢᠷᠢ ᠲᠦᠪᠰᠢᠨ ᠤ ᠦᠨᠡᠯᠡᠯᠲᠡ ᠳᠤ ᠰᠢᠯᠢᠳᠡᠭ ᠢᠶᠠᠷ ᠦᠨᠡᠯᠡᠭᠳᠡᠪᠡ᠃ | 2007 ᠣᠨ ᠤ 8 ᠰᠠᠷ᠎ᠠ ᠳᠤ᠂ ᠰᠤᠷᠭᠠᠨ ᠬᠦᠮᠤᠵᠢᠯ ᠤᠨ ᠶᠠᠮᠤᠨ᠂ ᠡᠳ᠋ ᠤᠨ ᠵᠠᠰᠠᠭ ᠤᠨ | ᠶᠠᠮᠤᠨ ᠠᠴᠠ ᠠᠩᠬᠠᠳᠠᠭᠴᠢ ᠪᠦᠯᠦᠭ ᠤᠨ ︽ᠤᠯᠤᠰ ᠤᠨ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ︾ ᠪᠠᠷ ᠲᠣᠭᠲᠠᠭᠠᠪᠠ︔ 2011 ᠣᠨ ᠳᠤ ᠰᠤᠷᠭᠠᠨ ᠬᠦᠮᠤᠵᠢᠯ ᠤᠨ ᠶᠠᠮᠤᠨ ᠠᠴᠠ | ᠠᠩᠬᠠᠳᠠᠭᠴᠢ ᠪᠦᠯᠦᠭ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠳᠡᠭᠡᠳᠦ ᠵᠡᠷᠭᠡ ᠶᠢᠨ | ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠲᠤᠰᠠᠭᠠᠷ ᠰᠤᠷᠤᠭᠴᠢ ᠡᠯᠰᠡᠬᠦ ᠳᠤᠷᠰᠢᠯᠲᠠ ᠶᠢᠨ ᠰᠤᠷᠭᠠᠭᠤᠯᠢ ᠪᠠᠷ | ᠳᠣᠭᠲᠠᠭᠠᠪᠠ︔ 2016 ᠣᠨ ᠤ 5 ᠰᠠᠷ᠎ᠠ ᠳᠤ᠂ ᠰᠤᠷᠭᠠᠨ ᠬᠦᠮᠤᠵᠢᠯ ᠤᠨ ᠶᠠᠮᠤᠨ ᠠᠴᠠ ᠪᠥᠬᠦ ᠤᠯᠤᠰ ᠤᠨ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢ ᠣᠨᠣᠰᠢᠯᠠᠬᠤ ᠪᠠ | ᠰᠠᠶᠢᠵᠢᠷᠠᠭᠤᠯᠬᠤ ᠲᠤᠷᠰᠢᠯᠲᠠ ᠶᠢᠨ ᠳᠡᠭᠡᠳᠦ ᠰᠤᠷᠭᠠᠭᠤᠯᠢ ᠪᠠᠷ ᠳᠣᠭᠲᠠᠭᠠᠪᠠ︔ 2017 ᠣᠨ ᠤ 9 ᠰᠠᠷ᠎ᠠ ᠳᠤ᠂ | ᠰᠤᠷᠭᠠᠨ ᠬᠦᠮᠤᠵᠢᠯ ᠤᠨ ᠶᠠᠮᠤᠨ ᠠᠴᠠ ᠤᠯᠤᠰ ᠤᠨ ᠰᠢᠯᠢᠳᠡᠭ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠪᠠᠷ ᠲᠣᠭᠲᠠᠭᠠᠪᠠ︔ 2019 ᠣᠨ ᠤ 6 ᠰᠠᠷ᠎ᠠ ᠳᠤ᠂ ᠰᠤᠷᠭᠠᠨ ᠬᠦᠮᠤᠵᠢᠯ ᠤᠨ ᠶᠠᠮᠤᠨ ᠠᠴᠠ | ᠠᠩᠬᠠᠳᠠᠭᠴᠢ ᠪᠦᠯᠦᠭ ᠤᠨ 1+X ᠦᠨᠡᠮᠯᠡᠯ ᠤᠨ ᠲᠦᠷᠢᠮ ᠤᠨ ᠲᠤᠷᠰᠢᠯᠲᠠ ᠶᠢᠨ ᠳᠡᠭᠡᠳᠦ ᠰᠤᠷᠭᠠᠭᠤᠯᠢ ᠪᠠᠷ | ᠳᠣᠭᠲᠠᠭᠠᠪᠠ︔ 2019 ᠣᠨ ᠤ 12 ᠰᠠᠷ᠎ᠠ ᠳᠤ᠂ ᠰᠤᠷᠭᠠᠨ ᠬᠦᠮᠤᠵᠢᠯ ᠤᠨ ᠶᠠᠮᠤᠨ᠂ ᠡᠳ᠋ ᠤᠨ ᠵᠠᠰᠠᠭ ᠤᠨ | ᠶᠠᠮᠤᠨ ᠠᠴᠠ ᠤᠯᠤᠰ ᠤᠨ ︽ᠬᠤᠤᠰ ᠥᠨᠳᠥᠷ ᠲᠥᠯᠥᠪᠯᠡᠭᠡ︾ ᠶᠢᠨ ᠥᠨᠳᠥᠷ ᠬᠢᠷᠢ ᠲᠦᠪᠰᠢᠨ ᠪᠥᠬᠦᠶ ᠲᠤᠰᠬᠠᠶ | ᠮᠡᠷᠭᠡᠵᠢᠯ ᠤᠨ ᠴᠣᠭᠯᠠᠷᠠᠯ ᠢ ᠪᠥᠲᠥᠭᠡᠨ ᠪᠠᠶᠢᠭᠤᠯᠬᠤ ᠨᠢᠭᠡᠴᠢ ᠪᠠᠷ ᠲᠣᠭᠲᠠᠭᠠᠪᠠ᠃ ᠦᠪᠦᠷ ᠮᠤᠩᠭᠤᠯ ᠤᠨ | ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠪᠥᠬᠦ ᠤᠯᠤᠰ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢ ᠵᠢᠯᠣᠭᠤᠳᠬᠤ ᠵᠥᠪᠯᠡᠯ ᠤᠨ ᠬᠡᠰᠢᠭᠦᠨ ᠨᠢᠭᠡᠴᠢ᠂ ᠪᠥᠬᠦ ᠤᠯᠤᠰ ᠤᠨ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠢᠷᠣᠶ ᠮᠣᠳᠤᠨ ᠤ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠠᠵᠢᠯ ᠢ ᠵᠢᠯᠣᠭᠤᠳᠬᠤ ᠵᠥᠪᠯᠡᠯ ᠤᠨ ᠬᠤᠲᠠ ᠶᠢᠨ | ᠶᠠᠪᠤᠳᠠᠯ ᠤᠨ ᠦᠨᠳᠦᠰᠦᠨ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠶ | ᠵᠢᠯᠣᠭᠤᠳᠬᠤ ᠵᠥᠪᠯᠡᠯ ᠤᠨ ᠡᠷᠬᠢᠯᠡᠭᠴᠢ ᠭᠡᠰᠢᠭᠦᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠨᠡᠶᠢᠭᠡᠮᠯᠢᠭ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ | ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠤᠳᠤᠯᠭᠠᠨ ᠤ ᠨᠡᠶᠢᠭᠡᠮᠯᠢᠭ ᠤᠨ | ᠬᠡᠷᠡᠭ ᠡᠷᠬᠢᠯᠡᠭᠴᠢᠳ ᠤᠨ ᠳᠠᠷᠤᠭ᠎ᠠ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠬᠤᠷᠠᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠨᠢᠭᠡᠴᠢ | ᠶᠤᠮ᠃ | ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ ᠠᠴᠠ | ᠨᠠᠭᠠᠰᠢᠬᠢ 65 ᠵᠢᠯ ᠤᠨ ᠲᠤᠷᠰᠢ᠂ ᠰᠤᠷᠭᠠᠭᠤᠯᠢ ᠨᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠢ ᠪᠥᠬᠦ | ᠲᠠᠯ᠎ᠠ ᠪᠠᠷ ᠲᠤᠭᠤᠰᠢᠯᠠᠭᠤᠯᠵᠤ᠂ ︽ᠶᠣᠰᠣ ᠰᠤᠷᠲᠠᠬᠤᠨ ᠢ ᠪᠣᠶ ᠪᠣᠯᠭᠠᠨ ᠬᠥᠮᠦᠨ ᠢ ᠬᠥᠮᠦᠵᠢᠭᠦᠯᠬᠦ︾ ᠪᠠᠷ ᠦᠨᠳᠦᠰᠦᠨ | ᠡᠭᠦᠷᠭᠡ ᠪᠠᠨ ᠪᠣᠯᠭᠠᠵᠤ᠂ ︽ᠰᠤᠷᠤᠯᠭ᠎ᠠ ᠳᠤ ᠪᠠᠨ ᠴᠢᠷᠮᠠᠶᠢᠵᠤ᠂ ᠪᠠᠷᠢᠯᠭ᠎ᠠ ᠳᠤ ᠪᠠᠨ ᠴᠠᠭᠠᠷᠠᠬᠤ︾ ᠰᠤᠷᠭᠠᠭᠤᠯᠢ ᠶᠢᠨ | ᠰᠤᠷᠭᠠᠯ ᠤᠨ ᠵᠣᠷᠢᠭ ᠰᠠᠨᠠᠭ᠎ᠠ ᠶᠢ ᠪᠠᠷᠢᠮᠲᠠᠯᠠᠨ᠂ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠠ ᠵᠢᠩᠬᠢᠨᠢ ᠠᠩᠭᠢ ᠶᠢᠨ ᠠᠵᠢᠯ ᠮᠡᠷᠭᠡᠵᠢᠯ ᠤᠨ | ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢᠶᠠᠷ ᠭᠤᠤᠯ ᠴᠣᠭᠴᠠ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠤᠨ | ᠪᠣᠯᠪᠠᠰᠤᠷᠠᠭᠤᠯᠤᠯ ᠪᠠ ᠨᠠᠰᠤᠨ ᠳᠤ ᠬᠦᠷᠦᠭᠰᠡᠳ ᠤᠨ ᠬᠥᠮᠦᠵᠢᠯ ᠤᠨ ᠰᠤᠷᠭᠠᠭᠤᠯᠢ ᠡᠷᠭᠢᠯᠡᠬᠦ ᠪᠠᠶᠢᠷᠢ | ᠲᠣᠭᠲᠠᠭᠠᠯᠲᠠ ᠶᠢ ᠢᠳᠡᠪᠬᠢᠲᠡᠶ ᠥᠷᠨᠢᠭᠦᠯᠪᠡ᠃ ᠰᠤᠷᠭᠠᠭᠤᠯᠢ ᠳᠤ ᠣᠳᠣ ᠪᠠᠷᠢᠯᠭ᠎ᠠ ᠶᠢᠨ ᠢᠨᠵᠧᠨᠧᠷᠢᠩ ᠪᠠ ᠬᠡᠮᠵᠢᠨ | ᠵᠢᠷᠤᠬᠤ ᠳᠡᠭᠡᠳᠦ ᠰᠤᠷᠭᠠᠭᠤᠯᠢ᠂ ᠪᠠᠷᠢᠯᠭ᠎ᠠ ᠪᠠ ᠲᠥᠯᠥᠪᠵᠢᠭᠦᠯᠭᠡ ᠶᠢᠨ ᠳᠡᠭᠡᠳᠦ ᠰᠤᠷᠭᠠᠭᠤᠯᠢ ︵ᠠᠭᠤᠯᠠ ᠤᠰᠤ | ᠣᠭ᠍ᠶᠤ ᠨᠣᠭᠤᠭᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ︶᠂ ᠪᠠᠷᠢᠯᠭ᠎ᠠ ᠶᠢᠨ | ᠲᠥᠬᠦᠭᠡᠷᠦᠮᠵᠢ ᠪᠠ ᠠᠦ᠋ᠲ᠋ᠣᠴᠢᠯᠠᠯᠲᠠ ᠶᠢᠨ ᠳᠡᠭᠡᠳᠦ ᠰᠤᠷᠭᠠᠭᠤᠯᠢ᠂ ᠪᠠᠷᠢᠯᠭ᠎ᠠ ᠶᠢᠨ ᠢᠨᠵᠧᠨᠧᠷᠢᠩ ᠤᠨ | ᠬᠠᠮᠢᠶᠠᠷᠤᠯᠲᠠ ᠶᠢᠨ ᠳᠡᠭᠡᠳᠦ ᠰᠤᠷᠭᠠᠭᠤᠯᠢ᠂ ᠵᠠᠮ ᠬᠠᠷᠢᠯᠴᠠᠭ᠎ᠠ ᠪᠠ ᠬᠤᠲᠠ ᠶᠢᠨ ᠶᠠᠪᠤᠳᠠᠯ ᠤᠨ ᠦᠨᠳᠦᠰᠦᠨ | ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ᠂ ᠤᠷᠠᠨ | ᠮᠡᠷᠭᠡᠵᠢᠯ ᠤᠨ ᠵᠢᠷᠤᠭ ᠲᠥᠯᠥᠪᠯᠡᠭᠡ ᠶᠢᠨ ᠳᠡᠭᠡᠳᠦ ᠰᠤᠷᠭᠠᠭᠤᠯᠢ᠂ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ | ᠰᠤᠷᠭᠠᠭᠤᠯᠢ᠂ ᠮᠡᠳᠡᠭᠡ ᠵᠠᠩᠭᠢ ᠪᠠ ᠵᠠᠭᠤᠴᠢᠯᠠᠭᠤᠷ ᠤᠨ ᠳᠡᠭᠡᠳᠦ ᠰᠤᠷᠭᠠᠭᠤᠯᠢ᠂ ᠨᠡᠶᠢᠲᠡ ᠶᠢᠨ ᠬᠢᠴᠢᠶᠡᠯ ᠤᠨ | ᠬᠢᠴᠢᠶᠡᠯ ᠬᠥᠮᠦᠵᠢᠯ ᠤᠨ ᠬᠡᠯᠲᠡᠰ᠂ ᠮᠠᠷᠺᠰ ᠤᠨ ᠦᠵᠡᠯ ᠢ ᠵᠢᠭᠠᠬᠤ ᠪᠠ ᠰᠣᠳᠤᠯᠬᠤ ᠬᠡᠯᠲᠡᠰ᠂ ᠴᠡᠷᠢᠭ ᠪᠠ | ᠪᠡᠶ᠎ᠡ ᠶᠢᠨ ᠲᠠᠮᠢᠷ ᠤᠨ ᠬᠢᠴᠢᠶᠡᠯ ᠬᠥᠮᠦᠵᠢᠯ ᠤᠨ ᠬᠡᠯᠲᠡᠰ᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠳᠡᠭᠡᠳᠦ | ᠰᠤᠷᠭᠠᠭᠤᠯᠢ ᠵᠡᠷᠭᠡ 12 ᠵᠢᠭᠠᠨ ᠰᠤᠷᠭᠠᠯᠲᠠ ᠶᠢᠨ ᠨᠢᠭᠡᠴᠢ᠂ ᠮᠡᠳᠡᠭᠡ ᠵᠠᠩᠭᠢ ᠶᠢᠨ ᠰᠦᠯᠵᠢᠶᠡᠨ ᠤ ᠲᠥᠪ᠂ | ᠨᠣᠮ ᠤᠨ ᠰᠠᠩ ᠵᠡᠷᠭᠡ 2 ᠵᠢᠭᠠᠨ ᠰᠤᠷᠭᠠᠯᠲᠠ ᠶᠢ ᠬᠠᠪᠰᠤᠷᠤᠨ ᠵᠢᠯᠣᠭᠤᠳᠬᠤ ᠰᠠᠯᠠᠭ᠎ᠠ ᠮᠥᠴᠢᠷ ᠲᠠᠢ᠂ ᠨᠠᠮ | ᠵᠠᠰᠠᠭ ᠤᠨ ᠠᠯᠪᠡᠠ ᠭᠡᠷ᠂ ᠬᠢᠴᠢᠶᠡᠯ ᠬᠦᠮᠦᠵᠢᠯ ᠤᠨ ᠭᠠᠵᠡᠷ ᠵᠡᠷᠭᠡ 17 ᠬᠠᠮᠢᠶᠠᠷᠤᠯᠲᠠ ᠪᠠ ᠦᠢᠯᠡᠴᠢᠯᠡᠭᠡᠨ ᠤ ᠡᠷᠬᠡ | ᠲᠤᠰᠢᠶᠠᠯᠲᠤ ᠰᠠᠯᠠᠭ᠎ᠠ ᠮᠥᠴᠢᠷ ᠲᠠᠢ᠃ | | | | | | ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠣᠲᠣ ᠠᠮᠢ ᠠᠬᠤᠶ᠂ | ᠰᠢᠨᠬᠤᠸᠠ ᠬᠤᠶᠠᠷ ᠰᠤᠷᠭᠠᠭᠤᠯᠢ ᠶᠢᠨ ᠲᠣᠭᠤᠷᠢᠭ ᠲᠠᠢ᠂ ᠶᠡᠷᠦᠩᠬᠡᠶ ᠲᠠᠯᠠᠪᠠᠶ ᠨᠢ 1300 ᠮᠥ᠂ ᠭᠡᠷ ᠪᠠᠷᠢᠯᠭ᠎ᠠ ᠶᠢᠨ | ᠲᠠᠯᠠᠪᠠᠶ ᠨᠢ 35.7 ᠲᠦᠮᠡᠨ ᠲᠡᠭᠰᠢ ᠳᠥᠷᠪᠡᠯᠵᠢᠨ ᠮᠧᠲᠷ ᠪᠣᠢ᠃ 2020 ᠣᠨ ᠤ 9 ᠰᠠᠷ᠎ᠠ ᠪᠣᠯᠲᠠᠯ᠎ᠠ᠂ | ᠲᠣᠭᠲᠠᠮᠠᠯ ᠬᠥᠷᠦᠩᠭᠡ ᠶᠢᠨ ᠶᠡᠷᠦᠩᠬᠡᠢ ᠲᠤᠭ᠎ᠠ 10.17 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠵᠢᠭᠠᠨ | ᠰᠤᠷᠭᠠᠯᠲᠠ ᠡᠷᠳᠡᠮ ᠰᠢᠨᠵᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ ᠥᠷᠲᠡᠭ 1.85 ᠳ᠋ᠦᠩᠰᠢᠭᠤᠷ | ᠲᠥᠭᠦᠷᠢᠭ ᠲᠤ ᠬᠦᠷᠴᠡᠶ᠃ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠨᠣᠮ ᠪᠢᠴᠢᠭ 62.2 ᠲᠦᠮᠡᠨ ᠳᠡᠪᠲᠡᠷ ᠪᠣᠢ᠃ | ᠰᠤᠷᠭᠠᠭᠤᠯᠢ ᠶᠢᠨ ᠳᠣᠲᠣᠷᠠᠬᠢ ᠲᠤᠰᠬᠠᠶ ᠮᠡᠷᠭᠡᠵᠢᠯ ᠤᠨ ᠳᠠᠳᠤᠯᠭ᠎ᠠ ᠪᠣᠯᠪᠠᠰᠤᠷᠠᠯ ᠤᠨ ᠲᠠᠰᠤᠭ 94᠂ ᠦᠪᠦᠷ | ᠮᠤᠩᠭᠤᠯ ᠤᠨ ᠠᠵᠢᠯ ᠲᠥᠷᠥᠯ ᠤᠨ ᠨᠡᠭᠡᠭᠡᠯᠲᠡᠲᠦ ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠯ ᠤᠨ ᠰᠠᠭᠤᠷᠢᠨ᠂ | ᠦᠪᠦᠷ ᠮᠤᠩᠭᠤᠯ ᠤᠨ BIM ᠬᠡᠷᠡᠭᠯᠡᠭᠡᠨ ᠤ ᠪᠠ ᠰᠤᠳᠤᠯᠭᠠᠨ ᠤ ᠲᠥᠪ ᠵᠡᠷᠭᠡ ᠵᠠᠰᠠᠭ ᠠᠵᠢᠯ ᠲᠥᠷᠦᠯ ᠰᠤᠷᠭᠠᠭᠤᠯᠢ | ᠠᠵᠤ ᠠᠬᠤᠶᠢᠯᠠᠯ ᠲᠠᠢ ᠬᠠᠮᠲᠤ ᠪᠠᠷ 5 ᠦᠢᠯᠡᠳᠪᠦᠷᠢᠯᠡᠯ ᠤᠨ ᠴᠢᠨᠠᠷᠲᠠᠶ ᠳᠠᠳᠤᠯᠭ᠎ᠠ ᠪᠣᠯᠪᠠᠰᠤᠷᠠᠯ ᠤᠨ ᠰᠠᠭᠤᠷᠢᠨ ᠢ | ᠪᠠᠶᠢᠭᠤᠯᠵᠤ᠂ ᠠᠵᠢᠯ ᠲᠥᠷᠥᠯ ᠤᠨ ᠠᠵᠤ ᠠᠬᠤᠶᠢᠯᠠᠯ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠳᠣᠭᠲᠠᠪᠤᠷᠢᠲᠤ | ᠳᠠᠳᠤᠯᠭ᠎ᠠ ᠪᠣᠯᠪᠠᠰᠤᠷᠠᠯ ᠤᠨ ᠰᠠᠭᠤᠷᠢᠨ ᠪᠠ ᠠᠵᠢᠯ ᠤᠨ ᠪᠠᠶᠢᠷᠢ ᠣᠷᠣᠯᠠᠬᠤ ᠳᠠᠳᠤᠯᠭ᠎ᠠ ᠶᠢᠨ ᠰᠠᠭᠤᠷᠢᠨ 149 ᠶᠢ | ᠪᠠᠶᠢᠭᠤᠯᠵᠠᠶ᠃ ᠡᠳᠦᠭᠡ ᠤᠯᠤᠰ ᠤᠨ ᠳᠡᠰ ᠤᠨ ᠭᠤᠣᠯᠳᠠᠯᠭᠠᠲᠠᠢ ᠲᠤᠰᠬᠠᠶ ᠮᠡᠷᠭᠡᠵᠢᠯ 6᠂ ᠥᠪᠡᠷᠲᠡᠭᠡᠨ ᠵᠠᠰᠠᠬᠤ | ᠣᠷᠣᠨ ᠤ ᠲᠡᠰ ᠤᠨ ᠭᠤᠣᠯᠳᠠᠯᠭᠠᠲᠠᠢ ᠲᠤᠰᠬᠠᠶ ᠮᠡᠷᠭᠡᠵᠢᠯ 20᠂ ᠤᠯᠤᠰ ᠤᠨ ᠳᠡᠰ ᠤᠨ ᠰᠣᠳᠣᠨ ᠬᠢᠴᠢᠶᠡᠯ 2᠂ | ᠤᠯᠤᠰ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠰᠣᠳᠣᠨ ᠬᠢᠴᠢᠶᠡᠯ 2᠂ ᠥᠪᠡᠷᠲᠡᠭᠡᠨ ᠵᠠᠰᠠᠬᠤ ᠣᠷᠣᠨ ᠤ | ᠲᠡᠰ ᠤᠨ ᠰᠣᠳᠣᠨ ᠬᠢᠴᠢᠶᠡᠯ 29᠂ ᠰᠦᠯᠵᠢᠶᠡᠨ ᠤ ᠨᠡᠭᠡᠭᠡᠯᠲᠡᠲᠦ ᠰᠣᠳᠣᠨ ᠬᠢᠴᠢᠶᠡᠯ 7 ᠶᠢ ᠪᠠᠶᠢᠭᠤᠯᠪᠠ᠃ | ᠤᠯᠤᠰ ᠤᠨ ᠳᠡᠰ ᠤᠨ ᠵᠢᠭᠠᠨ ᠰᠤᠷᠭᠠᠯᠲᠠ ᠶᠢᠨ ᠪᠦᠯᠬᠦᠮ 1᠂ ᠤᠯᠤᠰ ᠤᠨ ᠳᠡᠰ ᠤᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠪᠦᠯᠬᠦᠮ 1᠂ ᠥᠪᠡᠷᠲᠡᠭᠡᠨ ᠵᠠᠰᠠᠬᠤ | ᠣᠷᠣᠨ ᠤ ᠲᠠᠰ ᠤᠨ ᠰᠢᠯᠢᠳᠡᠭ ᠵᠢᠭᠠᠨ ᠰᠤᠷᠭᠠᠯᠲᠠ ᠶᠢᠨ ᠪᠦᠯᠬᠦᠮ 15᠂ ᠪᠠᠷᠢᠯᠭ᠎ᠠ ᠶᠢᠨ ᠮᠡᠳᠡᠭᠡ ᠵᠠᠩᠭᠢ ᠶᠢᠨ ᠬᠡᠪ | ᠵᠠᠭᠪᠤᠷ ︵BIM︶ ᠵᠡᠷᠭᠡ 1+X ᠲᠤᠷᠰᠢᠯᠲᠠ ᠶᠢᠨ ᠲᠤᠰᠬᠠᠶ ᠮᠡᠷᠭᠡᠵᠢᠯ 18 ᠪᠣᠶ᠃ ᠣᠶᠢᠷ᠎ᠠ ᠶᠢᠨ ᠵᠢᠯ᠂ | ᠰᠤᠷᠭᠠᠭᠤᠯᠢ ᠶᠢᠨ 5 ᠵᠦᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠨᠢ ᠥᠪᠡᠷᠲᠡᠭᠡᠨ | ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ᠂ 5 ᠵᠦᠢᠯ ᠤᠨ | ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠵᠢᠭᠠᠨ | ᠰᠤᠷᠭᠠᠯᠲᠠ ᠶᠢᠨ ᠦᠷ᠎ᠡ ᠪᠦᠲᠦᠭᠡᠯ ᠤᠨ ᠬᠤᠶᠠᠳᠤᠭᠠᠷ ᠳᠡᠰ ᠤᠨ ᠱᠠᠩᠨᠠᠯ ᠢ ᠭᠦᠷᠲᠡᠵᠦ᠂ ᠥᠪᠡᠷᠲᠡᠭᠡᠨ ᠵᠠᠰᠠᠬᠤ | ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ | ᠭᠦᠷᠲᠡᠭᠰᠡᠨ ᠪᠥᠲᠦᠭᠡᠯ 3 ᠪᠣᠢ᠃ | ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ︽ᠴᠢᠳᠠᠪᠤᠷᠢᠲᠠᠨ ᠢᠶᠠᠷ | ᠰᠤᠷᠭᠠᠭᠤᠯᠢ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠪᠠᠭᠰᠢ ᠶᠢᠨ ᠡᠩᠨᠡᠭᠡ ᠪᠠ | ᠰᠢᠯᠢᠳᠡᠭ ᠵᠢᠭᠠᠨ ᠰᠤᠷᠭᠠᠯᠲᠠ ᠶᠢᠨ ᠪᠦᠯᠬᠦᠮ ᠤᠨ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠪᠠ᠃ ᠣᠲᠣ ᠪᠠᠭᠰᠢ | ᠠᠵᠢᠯᠳᠡᠠ ᠠᠵᠢᠯᠴᠢᠠ 595 ᠪᠠᠶᠢᠵᠤ᠂ ᠲᠤᠰᠬᠠᠶ ᠪᠠᠭᠰᠢ 485᠂ ᠳᠡᠳ᠋ ᠳᠡᠭᠡᠳᠦ ᠳᠡᠰ ᠠᠴᠠ ᠳᠡᠭᠡᠭᠰᠢᠬᠢ | ᠮᠡᠷᠭᠡᠵᠢᠯ ᠤᠨ ᠴᠤᠯᠠᠲᠠᠢ ᠪᠠᠭᠰᠢ 213 ︵ᠡᠭᠦᠨ ᠳᠤ ᠳᠡᠭᠡᠳᠦ ᠳᠡᠰ ᠤᠨ ᠮᠡᠷᠭᠡᠵᠢᠯ ᠤᠨ ᠴᠤᠯᠠᠲᠠᠢ ᠪᠠᠭᠰᠢ 56 ᠪᠣᠶ︶᠂ | ᠮᠠᠰᠲ᠋ᠧᠷ ᠠᠴᠠ ᠳᠡᠭᠡᠭᠰᠢᠬᠢ ᠡᠷᠳᠡᠮ ᠤᠨ ᠴᠤᠯᠠᠲᠠᠢ ᠪᠠᠭᠰᠢ 346 ᠪᠠᠶᠢᠵᠤ᠂ ᠨᠡᠯᠢᠶᠡᠳ ᠥᠨᠳᠥᠷ ᠣᠨᠣᠯ ᠤᠨ ᠬᠢᠷᠢ | ᠲᠦᠪᠰᠢᠨ ᠪᠠ ᠡᠯᠪᠡᠭ ᠪᠠᠶᠠᠯᠢᠭ ᠦᠢᠯᠡᠳᠦᠯᠭᠡ ᠤᠨ ᠲᠤᠷᠰᠢᠯᠭ᠎ᠠ ᠲᠠᠢ ︽ᠬᠤᠤᠰ ᠪᠠᠭᠰᠢ︾ ᠶᠢᠨ ᠬᠡᠪ ᠪᠣᠯᠪᠠᠰᠤᠷᠠᠯ ᠲᠠᠢ | ᠪᠠᠭᠰᠢ ᠶᠢᠨ ᠬᠠᠷᠢᠴᠠᠯ ᠵᠢᠯ ᠳᠠᠷᠠᠭᠠᠯᠠᠨ ᠳᠡᠭᠡᠭᠰᠢᠯᠡᠵᠦ ᠪᠠᠶᠢᠨ᠎ᠠ᠃ ᠣᠲᠣ ᠪᠥᠬᠦ ᠤᠯᠤᠰ ᠤᠨ ᠰᠢᠯᠢᠳᠡᠭ ᠰᠤᠷᠭᠠᠨ | ᠬᠥᠮᠦᠵᠢᠯ ᠤᠨ ᠠᠵᠢᠯᠲᠠᠨ 1᠂ ᠪᠥᠬᠦ ᠤᠯᠤᠰ ᠤᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠵᠢᠱᠢᠶᠡᠴᠢ ᠶᠢᠨ | ᠱᠠᠩᠨᠠᠯ ᠬᠦᠷᠲᠡᠭᠴᠢ 1᠂ ᠪᠥᠬᠦ ᠤᠯᠤᠰ ᠤᠨ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ | ᠣᠨᠣᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠭᠤᠤᠯᠯᠠᠭᠴᠢ 1᠂ ᠥᠪᠡᠷᠲᠡᠭᠡᠨ ᠵᠠᠰᠠᠬᠤ ᠣᠷᠣᠨ ᠤ ᠲᠣᠪᠤᠶᠢᠮ᠎ᠠ | ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ 1᠂ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ | ᠴᠢᠳᠠᠪᠤᠷᠢᠲᠠᠨ 2᠂ ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠨᠠᠷᠠᠲᠤ ᠪᠠᠭᠰᠢ 16᠂ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠠᠪᠴᠠᠩ ᠤᠨ ᠰᠢᠨ᠎ᠡ ᠰᠣᠳᠣᠨ 13 ᠪᠣᠶ᠃ ᠥᠪᠡᠷᠲᠡᠭᠡᠨ ᠵᠠᠰᠠᠬᠤ | ᠣᠷᠣᠨ ᠤ ᠪᠠᠭᠰᠢ ᠶᠢᠨ ᠮᠣᠷᠠᠯ ᠤᠨ ᠵᠢᠱᠢᠶᠡᠴᠢ᠂ ᠰᠢᠯᠢᠳᠡᠭ ᠪᠠᠭᠰᠢ ᠵᠡᠷᠭᠡ ᠢᠷᠠᠭᠤ ᠠᠯᠳᠠᠷ ᠤᠨ ᠴᠣᠯᠠ ᠶᠢ 26 | ᠬᠥᠮᠦᠨ ᠭᠥᠷᠳᠡᠪᠡ᠃ | | | | | | ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠣᠷᠣᠨ ᠪᠦᠰᠡ ᠶᠢᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠳᠡᠭᠡᠳᠦ ᠲᠠᠰ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠢᠳᠡᠪᠬᠢᠲᠡᠶ ᠪᠠᠷ ᠬᠠᠮᠲᠤᠷᠠᠨ ᠰᠤᠷᠭᠠᠭᠤᠯᠢ ᠡᠷᠭᠢᠯᠡᠬᠦ ᠬᠡᠯᠪᠡᠷᠢ ᠪᠠᠷ ᠳᠠᠮᠵᠢᠭᠤᠯᠤᠨ ᠠᠵᠢᠯ | ᠮᠡᠷᠭᠡᠵᠢᠯ ᠤᠨ ᠵᠢᠩᠬᠢᠨᠢ ᠠᠩᠭᠢ ᠶᠢᠨ ᠰᠤᠷᠭᠠᠨ ᠬᠥᠮᠦᠵᠢᠯ ᠢ ᠡᠷᠬᠢᠯᠡᠪᠡ᠃ ᠣᠳᠣᠬᠠᠨ ᠳᠤ᠂ ᠲᠤᠰ ᠲᠤᠰ ᠦᠪᠦᠷ | ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ᠂ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ᠂ ᠦᠪᠦᠷ | ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠬᠤᠩ ᠳ᠋ᠧ | ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠵᠡᠷᠭᠡ 5 ᠵᠢᠩᠬᠢᠨᠢ ᠠᠩᠭᠢᠲᠤ ᠳᠡᠭᠡᠳᠦ | ᠰᠤᠷᠭᠠᠭᠤᠯᠢ ᠲᠠᠢ ᠬᠠᠮᠲᠤᠷᠠᠨ ᠢᠯᠴᠢ ᠬᠠᠩᠭᠠᠬᠤ᠂ ᠰᠠᠯᠬᠢ ᠨᠡᠪᠲᠡᠷᠡᠭᠦᠯᠬᠦ ᠪᠠ ᠠᠭᠠᠷ ᠲᠣᠬᠢᠷᠠᠭᠤᠯᠤᠭᠤᠷ ᠤᠨ | ᠢᠨᠵᠧᠨᠧᠷᠢᠩ ᠤᠨ ᠮᠡᠷᠭᠡᠵᠢᠯ᠂ ᠪᠠᠷᠢᠯᠭ᠎ᠠ ᠶᠢᠨ ᠴᠢᠮᠡᠭᠯᠡᠯ ᠤᠨ ᠢᠨᠵᠧᠨᠧᠷᠢᠩ ᠤᠨ ᠮᠡᠷᠭᠡᠵᠢᠯ᠂ ᠪᠠᠷᠢᠯᠭ᠎ᠠ ᠶᠢᠨ ᠵᠢᠷᠤᠭ | ᠲᠥᠯᠥᠪᠯᠡᠭᠡ᠂ ᠪᠠᠷᠢᠯᠭ᠎ᠠ ᠶᠢᠨ ᠦᠨ᠎ᠡ᠂ ᠪᠠᠷᠢᠯᠭ᠎ᠠ ᠶᠢᠨ ᠢᠨᠵᠧᠨᠧᠷᠢᠩ ᠤᠨ ᠮᠡᠷᠭᠡᠵᠢᠯ᠂ ᠵᠠᠮ ᠬᠥᠭᠦᠷᠭᠡ ᠶᠢᠨ | ᠢᠨᠵᠧᠨᠧᠷᠢᠩ ᠤᠨ ᠮᠡᠷᠭᠡᠵᠢᠯ᠂ ᠨᠢᠬᠳᠡᠯᠡᠠ ᠪᠤᠳᠦᠬᠤ ᠤᠬᠠᠭᠠᠠ ᠵᠡᠷᠭᠡ 7 ᠬᠡᠷᠡᠭᠯᠡᠭᠡᠨ ᠤ ᠬᠡᠯᠪᠡᠷᠢ ᠶᠢᠨ ᠵᠢᠩᠬᠢᠨᠢ | ᠠᠩᠭᠢ ᠶᠢᠨ ᠲᠤᠰᠬᠠᠶ ᠮᠡᠷᠭᠡᠵᠢᠯ ᠢ ᠡᠷᠭᠢᠯᠡᠪᠡ᠃ | ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠦᠬᠦᠯᠢ ᠡᠳᠦᠷ ᠤᠨ | ᠳᠦᠷᠢᠮᠲᠦ ᠰᠣᠷᠣᠭᠴᠢ 9500 ᠭᠠᠷᠤᠶ ᠪᠠᠶᠢᠵᠤ᠂ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠰᠣᠷᠣᠭᠴᠢ 558 | ᠪᠣᠶ᠃ ᠣᠶᠢᠷ᠎ᠠ ᠶᠢᠨ ᠵᠢᠯ ᠤᠨ ᠲᠤᠷᠰᠢ᠂ ᠠᠩᠬ᠎ᠠ ᠤᠳᠠᠭ᠎ᠠ ᠰᠤᠷᠭᠠᠭᠤᠯᠢ ᠲᠡᠭᠦᠰᠦᠭᠰᠡᠨ ᠰᠤᠷᠤᠭᠴᠢ ᠶᠢᠨ ᠠᠵᠢᠯ | ᠣᠯᠭᠤᠯᠲᠠ ᠶᠢᠨ ᠨᠤᠷᠮ᠎ᠠ ᠨᠢ ᠳᠤᠮᠳᠠᠴᠢ ᠪᠠᠷ 95% ᠶᠢ ᠳᠠᠪᠠᠵᠤ᠂ ᠵᠢᠯ ᠤᠨ ᠮᠥᠷᠳᠡᠨ ᠳᠠᠭᠠᠭᠰᠠᠨ ᠠᠵᠢᠯ | ᠣᠯᠭᠤᠯᠲᠠ ᠶᠢᠨ ᠨᠤᠷᠮ᠎ᠠ ᠨᠢ 100% ᠳᠤ ᠬᠦᠷᠴᠦ᠂ ᠣᠯᠠᠨ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠶᠢᠨ ᠲᠡᠷᠢᠭᠦᠨ ᠳᠤ ᠣᠷᠣᠪᠠ᠃ ᠰᠤᠷᠭᠠᠭᠤᠯᠢ ᠳᠤ ᠪᠠᠶᠢᠭᠤᠯᠤᠭᠰᠠᠨ ᠦᠪᠦᠷ ᠮᠤᠩᠭᠤᠯ ᠤᠨ | ᠪᠠᠷᠢᠯᠭ᠎ᠠ ᠶᠢᠨ ᠠᠵᠢᠯᠳᠠᠨ ᠠᠵᠢᠯᠴᠢᠳ ᠤᠨ ᠪᠣᠯᠪᠠᠰᠤᠷᠠᠭᠤᠯᠤᠯ ᠤᠨ ᠲᠥᠪ ︵ᠪᠠᠷᠢᠯᠭ᠎ᠠ ᠶᠢᠨ ᠠᠵᠢᠯ ᠲᠥᠷᠥᠯ ᠤᠨ | ᠠᠵᠢᠯ ᠮᠡᠷᠭᠡᠵᠢᠯ ᠤᠨ ᠴᠢᠳᠠᠪᠤᠷᠢ ᠶᠢ ᠬᠢᠨᠠᠨ ᠲᠣᠭᠲᠠᠭᠠᠬᠤ ᠥᠷᠳᠡᠭᠡ︶ ᠨᠢ ᠵᠢᠯ ᠳᠤ ᠨᠡᠶᠢᠭᠡᠮ ᠪᠠ ᠠᠵᠢᠯ ᠲᠥᠷᠥᠯ ᠤᠨ | ᠪᠣᠯᠪᠠᠰᠤᠷᠠᠭᠤᠯᠤᠯ ᠬᠢᠭᠡᠳ ᠮᠡᠷᠭᠡᠵᠢᠯ ᠴᠢᠳᠠᠪᠤᠷᠢ ᠶᠢᠨ ᠬᠢᠨᠠᠨ ᠲᠣᠭᠲᠠᠭᠠᠯᠲᠠ ᠶᠢ ᠲᠦᠮᠡ ᠰᠢᠬᠠᠮ ᠬᠥᠮᠦᠨ ᠤᠳᠠᠭ᠎ᠠ | ᠬᠥᠯᠢᠶᠡᠨ ᠠᠪᠤᠭᠰᠠᠨ ᠪᠠᠶᠢᠨ᠎ᠠ᠃ ᠰᠤᠷᠭᠠᠭᠤᠯᠢ ᠨᠢ ︽ᠡᠭᠦᠳᠦᠯᠲᠡ ᠬᠤᠨᠳᠠᠭᠠᠲᠤ︾᠂ ︽ᠥᠷᠢᠰᠦᠯᠳᠦᠭᠡᠨᠲᠦ ᠬᠤᠨᠳᠠᠭᠠᠲᠤ︾ | ᠵᠡᠷᠭᠡ ᠤᠯᠤᠰ ᠤᠨ ᠳᠡᠰ ᠤᠨ ︽ᠦᠢᠯᠡᠰ ᠪᠣᠰᠬᠠᠵᠤ ᠰᠢᠨ᠎ᠡ ᠶᠢ ᠡᠭᠦᠳᠬᠦ︾ ᠤᠷᠤᠯᠳᠤᠭᠠᠨ ᠳᠤ 25 ᠵᠦᠢᠯ ᠤᠨ | ᠱᠠᠩᠨᠠᠯ ᠭᠥᠷᠳᠡᠪᠡ᠃ | | | | | | ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠨᠡᠭᠡᠭᠡᠯᠲᠡᠲᠦ | ᠰᠤᠷᠭᠠᠭᠤᠯᠢ ᠡᠷᠭᠢᠯᠡᠬᠦ ᠶᠢ ᠪᠠᠷᠢᠮᠲᠠᠯᠠᠵᠤ᠂ ᠠᠩᠭ᠍ᠯᠢ᠂ ᠠᠮᠧᠷᠢᠺᠠ᠂ ᠺᠠᠨᠠᠳᠠ᠂ ᠮᠠᠯᠠᠶᠢᠰᠢᠶ᠎ᠠ ᠵᠡᠷᠭᠡ ᠤᠯᠤᠰ ᠲᠠᠢ ᠬᠠᠮᠲᠤᠷᠠᠨ | ᠰᠤᠷᠭᠠᠭᠤᠯᠢ ᠡᠷᠭᠢᠯᠡᠬᠦ᠂ ᠲᠤᠰᠬᠠᠶ ᠮᠡᠷᠭᠡᠵᠢᠯ ᠢ ᠬᠠᠮᠲᠤ ᠪᠠᠷ ᠪᠠᠶᠢᠭᠤᠯᠬᠤ ᠪᠠ ᠬᠢᠴᠢᠶᠡᠯ ᠢ ᠣᠷᠣᠭᠤᠯᠤᠨ ᠠᠪᠴᠢᠷᠠᠬᠤ | ᠵᠡᠷᠭᠡ ᠠᠷᠭ᠎ᠠ ᠮᠠᠶ᠋ᠢᠭ ᠢᠶᠠᠷ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠥᠷᠨᠢᠭᠦᠯᠪᠡ᠃ | ᠣᠶᠢᠷ᠎ᠠ ᠶᠢᠨ ᠵᠢᠯ ᠳᠤ᠂ ᠰᠤᠷᠭᠠᠭᠤᠯᠢ ᠨᠢ ᠤᠷᠢᠳ ᠬᠤᠵᠢᠳ ᠪᠦᠬᠦ ᠤᠯᠤᠰ ᠤᠨ ᠡᠩ ᠤᠨ ᠳᠡᠭᠡᠳᠦ | ᠰᠤᠷᠭᠠᠭᠤᠯᠢ ᠶᠢᠨ ᠲᠡᠭᠦᠰᠬᠦ ᠰᠤᠷᠤᠭᠴᠢ ᠶᠢᠨ ᠠᠵᠢᠯ ᠣᠯᠭᠤᠯᠲᠠ ᠶᠢᠨ ᠠᠵᠢᠯ ᠤᠨ ᠲᠡᠷᠢᠭᠦᠨ ᠤ ᠬᠠᠮᠲᠤ᠂ | ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢ ᠶᠢᠨ ᠠᠵᠢᠯ | ᠣᠯᠭᠤᠯᠲᠠ ᠶᠢᠨ ᠠᠵᠢᠯ ᠤᠨ ᠲᠡᠷᠢᠭᠦᠨ ᠤ ᠬᠠᠮᠲᠤ᠂ ᠪᠦᠬᠦ ᠣᠷᠣᠨ ᠤ ᠳᠡᠭᠡᠳᠦ ᠰᠤᠷᠭᠠᠭᠤᠯᠢ ᠶᠢᠨ ᠲᠡᠷᠢᠭᠦᠨ ᠤ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ᠂ ᠪᠦᠬᠦ ᠣᠷᠣᠨ ᠤ ᠴᠡᠷᠢᠭ ᠡᠯᠰᠡᠬᠦ ᠠᠵᠢᠯ ᠤᠨ | ᠲᠡᠷᠢᠭᠦᠨ ᠤ ᠨᠢᠭᠡᠴᠢ᠂ ᠪᠦᠬᠦ ᠣᠷᠣᠨ ᠤ ᠳᠡᠭᠡᠳᠦ ᠰᠤᠷᠭᠠᠭᠤᠯᠢ ᠶᠢᠨ ᠲᠣᠭᠲᠠᠭᠤᠨ ᠢ ᠬᠠᠮᠠᠭᠠᠯᠠᠵᠤ ᠶᠡᠷᠦᠩᠬᠡᠶᠢᠯᠡᠨ | ᠵᠠᠰᠠᠬᠤ ᠠᠵᠢᠯ ᠤᠨ ᠲᠡᠷᠢᠭᠦᠨ ᠤ ᠨᠢᠭᠡᠴᠢ᠂ ᠪᠥᠬᠦ ᠣᠷᠣᠨ ᠤ ︽5.1 ᠬᠥᠳᠡᠯᠮᠦᠷᠢ ᠶᠢᠨ ᠵᠢᠱᠢᠶᠡᠴᠢ ᠶᠢᠨ ᠱᠠᠩᠨᠠᠯ︾᠂ | ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2018 ᠣᠨ ᠤ | ︽ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ︿ᠴᠡᠭ ᠲᠣᠭᠲᠠᠭᠠᠨ ᠬᠠᠪᠰᠤᠷᠤᠨ ᠲᠡᠳᠬᠦᠬᠦ﹀ ᠳᠤ | ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ︾ ᠂ ᠪᠥᠬᠦ ᠣᠷᠣᠨ ᠤ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ | ᠪᠠᠶᠢᠴᠠᠭᠠᠬᠤ ᠰᠢᠰᠲ᠋ᠧᠮ ᠤᠨ ᠲᠡᠷᠢᠭᠦᠨ ᠤ ᠬᠠᠮᠲᠤ ᠵᠡᠷᠭᠡ ᠢᠷᠠᠭᠤ ᠠᠯᠳᠠᠷ ᠤᠨ ᠴᠣᠯᠠ ᠢ ᠭᠦᠷᠲᠡᠵᠦ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠰᠤᠷᠭᠠᠭᠤᠯᠢ ᠶᠢᠨ ᠤᠳᠤᠷᠢᠳᠬᠤ ᠪᠠᠭ ᠢ | ᠥᠪᠡᠷᠲᠡᠭᠡᠨ ᠵᠠᠰᠠᠬᠤ ᠣᠷᠣᠨ ᠤ ᠲᠣᠪᠤᠶᠢᠮ᠎ᠠ ᠤᠳᠤᠷᠢᠳᠬᠤ ᠪᠠᠭ ᠢᠶᠠᠷ ᠣᠯᠠᠨ ᠤᠳᠠᠭ᠎ᠠ ᠦᠨᠡᠯᠡᠪᠡ᠃ | | | | | | | |