| | ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠵᠤ ᠪᠠᠶᠢᠨ᠎ᠠ᠃ | ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | — ︽ᠴᠠᠭ ᠦᠶ᠎ᠡ ᠶᠢᠨ ᠳᠣᠬᠢᠶ᠎ᠠ︾ | | ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | | | ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ 2008 ᠣᠨ ᠳᠤ ᠦᠪᠤᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠵᠦᠪᠰᠢᠶᠡᠷᠡᠭᠦᠯᠵᠦ᠂ | ᠰᠤᠷᠭᠠᠨ ᠬᠦᠮᠤᠵᠢᠯ ᠤᠨ ᠶᠠᠮᠤᠨ ᠳᠤ ᠳᠠᠩᠰᠠᠯᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠴᠣᠷᠢ ᠶᠢᠨ ᠭᠠᠭᠴᠠ | ᠲᠤᠰᠠᠭᠠᠷ ᠪᠠᠶᠢᠭᠤᠯᠤᠭᠰᠠᠨ ᠳᠡᠮᠤᠷ ᠵᠠᠮ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠵᠤ᠂ | 1956 ᠣᠨ ᠳᠤ ᠪᠠᠶᠢᠭᠤᠯᠤᠭᠳᠠᠭᠰᠠᠨ ᠤᠯᠤᠰ ᠤᠨ ᠳᠡᠰ ᠤᠨ ᠭᠤᠣᠯᠳᠠᠯᠭᠠᠲᠠᠢ ᠳᠤᠮᠳᠠ ᠵᠡᠷᠭᠡ ᠶᠢᠨ ᠲᠤᠰᠬᠠᠶ | ᠮᠡᠷᠭᠡᠵᠢᠯ ᠤᠨ ᠰᠤᠷᠭᠠᠭᠤᠯᠢ ᠶᠢᠨ ᠪᠤᠭᠤᠲᠤ ᠳᠠᠬᠢ ᠳᠡᠮᠤᠷ ᠵᠠᠮ ᠤᠨ ᠪᠠᠷᠢᠯᠭ᠎ᠠ ᠶᠢᠨ ᠰᠤᠷᠭᠠᠭᠤᠯᠢ ᠶᠢᠨ ᠰᠠᠭᠤᠷᠢᠨ ᠳᠤ | ᠪᠠᠶᠢᠭᠤᠯᠤᠭᠳᠠᠭᠰᠠᠨ ᠶᠤᠮ᠃ | | | | | | 2013 ᠣᠨ ᠳᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠴᠢᠳᠠᠪᠤᠷᠢᠲᠠᠨ ᠢ | ᠬᠥᠮᠦᠵᠢᠭᠦᠯᠬᠦ ᠠᠵᠢᠯ ᠤᠨ ᠦᠨᠡᠯᠡᠨ ᠵᠢᠱᠢᠯᠲᠡ ᠶᠢᠨ ᠠᠩᠬᠠᠨ ᠤ ᠨᠤᠭᠤᠯᠤᠭ᠎ᠠ ᠶᠢ ᠥᠩᠭᠡᠷᠡᠭᠡᠨ᠂ 2019 ᠣᠨ ᠳᠤ | ᠥᠪᠡᠷᠲᠡᠭᠡᠨ ᠵᠠᠰᠠᠬᠤ ᠣᠷᠣᠨ ᠤ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ | ᠪᠣᠯᠵᠤ᠂ ᠰᠤᠷᠭᠠᠨ ᠬᠦᠮᠤᠵᠢᠯ ᠤᠨ ᠶᠠᠮᠤᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ | ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ ᠠᠵᠢᠯ ᠤᠨ ᠬᠢᠷᠢ | ᠲᠦᠪᠰᠢᠨ ᠤ ᠦᠨᠡᠯᠡᠯᠲᠡ ᠳᠤ ᠰᠢᠯᠢᠳᠡᠭ ᠢ ᠣᠯᠣᠭᠰᠠᠨ ᠰᠤᠷᠭᠠᠭᠤᠯᠢ ᠪᠣᠯᠤᠨ᠎ᠠ᠃ 2020 ᠣᠨ ᠳᠤ ᠥᠪᠡᠷᠲᠡᠭᠡᠨ | ᠵᠠᠰᠠᠬᠤ ᠣᠷᠣᠨ ᠤ ︽ᠪᠥᠬᠦ ᠠᠵᠢᠯᠲᠠᠨ ᠬᠥᠮᠦᠨ ᠢ ᠬᠥᠮᠥᠵᠢᠭᠦᠯᠬᠦ᠂ ᠪᠥᠬᠦ ᠲᠠᠯ᠎ᠠ ᠪᠠᠷ ᠬᠥᠮᠦᠨ ᠢ ᠬᠥᠮᠥᠵᠢᠭᠦᠯᠬᠦ᠂ ᠪᠥᠬᠦ | ᠶᠠᠪᠤᠴᠠ ᠳᠤ ᠬᠥᠮᠦᠨ ᠢ ᠬᠥᠮᠦᠵᠢᠭᠦᠯᠬᠦ︾ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠰᠤᠷᠭᠠᠭᠤᠯᠢ | ᠪᠣᠯᠪᠠ᠃ ᠰᠤᠷᠭᠠᠭᠤᠯᠢ ᠨᠢ ᠤᠯᠠᠨ ᠤᠳᠠᠭ᠎ᠠ ︽ᠪᠦᠬᠦ ᠣᠷᠣᠨ ᠤ ᠰᠤᠷᠤᠭᠴᠢᠳ ᠤᠨ ᠠᠵᠢᠯ ᠤᠨ ᠲᠡᠷᠢᠭᠦᠨ ᠤ ᠬᠠᠮᠲᠤ | ᠨᠡᠶᠢᠲᠡ︾᠂ ︽ᠪᠦᠬᠦ ᠣᠷᠣᠨ ᠤ 5 · 4 ᠤ ᠤᠯᠠᠭᠠᠨ ᠲᠤᠭᠴᠢ ᠡᠪᠯᠡᠯ ᠤᠨ ᠡᠭᠦᠷ︾᠂ ︽ᠵᠠᠯᠠᠭᠤ ᠰᠠᠶᠢᠨ | ᠳᠤᠷᠠᠴᠤᠳ ᠤᠨ ᠲᠡᠷᠢᠭᠦᠨ ᠤ ᠬᠠᠮᠲᠤ ᠨᠡᠶᠢᠲᠡ︾ ᠪᠠᠷ ᠦᠨᠡᠯᠡᠭᠳᠡᠪᠡ︔ ᠥᠪᠡᠷᠲᠡᠭᠡᠨ ᠵᠠᠰᠠᠬᠤ ᠣᠷᠣᠨ ᠤ ᠳᠡᠭᠡᠳᠦ | ᠳᠡᠰ ᠤᠨ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ᠂ ᠪᠤᠭᠤᠲᠤ ᠬᠤᠲᠠ ᠶᠢᠨ ᠲᠡᠮᠦᠷ ᠵᠠᠮ ᠤᠨ ᠳᠡᠭᠡᠳᠦ ᠳᠡᠰ ᠤᠨ | ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠤ ᠴᠣᠯᠠ ᠶᠢ ᠭᠥᠷᠳᠡᠪᠡ᠃ | | | | | | ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ︽ᠶᠣᠰᠣ ᠰᠤᠷᠲᠠᠬᠤᠨ ᠢ | ᠪᠤᠶ ᠪᠣᠯᠭᠠᠵᠤ ᠬᠥᠮᠦᠨ ᠢ ᠬᠥᠮᠦᠵᠢᠭᠦᠯᠬᠦ︾ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ︽ᠮᠣᠷᠠᠯ ᠪᠠ ᠮᠡᠷᠭᠡᠵᠢᠯ ᠢ ᠵᠡᠷᠭᠡ ᠪᠠᠷ ᠰᠤᠷᠴᠤ᠂ ᠠᠵᠢᠯᠯᠠᠵᠤ ᠰᠤᠷᠤᠯᠴᠠᠬᠤ ᠶᠢ ᠤᠶᠠᠯᠳᠤᠭᠤᠯᠬᠤ︾ ᠬᠥᠮᠦᠨ ᠢ | ᠬᠥᠮᠦᠵᠢᠭᠦᠯᠬᠦ ᠲᠣᠭᠲᠠᠴᠠ ᠶᠢ ᠲᠠᠰᠤᠷᠠᠯᠲᠠ ᠦᠭᠡᠶ ᠲᠡᠭᠦᠯᠳᠡᠷᠵᠢᠭᠦᠯᠵᠦ᠂ ︽ᠲᠡᠮᠦᠷ ᠵᠠᠮ ᠳᠤ ᠦᠢᠯᠡᠴᠢᠯᠡᠬᠦ᠂ | ᠨᠡᠶᠢᠭᠡᠮ ᠳᠤ ᠦᠢᠯᠡᠴᠢᠯᠡᠬᠦ︾ ᠰᠤᠷᠭᠠᠭᠤᠯᠢ ᠡᠷᠬᠢᠯᠡᠬᠦ ᠵᠣᠷᠢᠯᠲᠠ ᠶᠢ ᠪᠠᠷᠢᠮᠲᠠᠯᠠᠵᠤ᠂ ︽ᠲᠡᠮᠦᠷ ᠵᠠᠮ ᠤᠨ ᠠᠵᠢᠯ | ᠲᠥᠷᠥᠯ ᠳᠤ ᠰᠠᠭᠤᠷᠢᠯᠠᠵᠤ᠂ ᠲᠤᠰᠬᠠᠶ ᠮᠡᠷᠭᠡᠵᠢᠯ ᠢ ᠨᠡᠭᠡᠭᠡᠨ ᠡᠷᠭᠢᠯᠡᠬᠦ ᠳᠤ ᠲᠡᠮᠦᠷ ᠵᠠᠮ ᠤᠨ ᠬᠥᠭᠵᠢᠯᠲᠡ ᠶᠢ ᠰᠠᠯᠤᠯ | ᠥᠬᠡᠶ ᠳᠠᠭᠠᠵᠤ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠨ ᠲᠡᠮᠦᠷ ᠵᠠᠮ ᠤᠨ ᠠᠵᠤ ᠠᠬᠤᠶᠢᠯᠠᠯ ᠳᠤ | ᠲᠦᠰᠢᠭᠯᠡᠨ᠂ ᠦᠢᠯᠡᠳᠦᠯᠭᠡ ᠶᠢᠨ ᠵᠢᠭᠠᠨ ᠰᠤᠷᠭᠠᠯᠲᠠ ᠪᠠᠷ ᠰᠤᠷᠤᠭᠴᠢᠳ ᠤᠨ ᠲᠡᠮᠦᠷ ᠵᠠᠮ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠢ ᠲᠡᠮᠦᠷ ᠵᠠᠮ ᠤᠨ ᠰᠣᠶᠣᠯ ᠳᠤ ᠠᠭᠤᠰᠬᠠᠨ᠂ | ᠲᠡᠭᠦᠰᠦᠭᠰᠡᠨ ᠰᠤᠷᠤᠭᠴᠢᠳ ᠢ ᠲᠡᠮᠦᠷ ᠵᠠᠮ ᠤᠨ ᠦᠢᠯᠡᠰ ᠲᠤ ᠬᠤᠪᠢ ᠨᠡᠮᠡᠷᠢ ᠦᠵᠡᠭᠦᠯᠬᠦ︾ ᠢᠯᠡ ᠲᠣᠳᠣ | ᠰᠤᠷᠭᠠᠭᠤᠯᠢ ᠡᠷᠭᠢᠯᠡᠬᠦ ᠣᠨᠴᠠᠯᠢᠭ ᠢ ᠪᠦᠷᠢᠳᠦᠭᠦᠯᠵᠦ᠂ ︽ᠵᠠᠬᠢᠶᠠᠯᠠᠭ᠎ᠠ ᠶᠢᠨ ᠮᠠᠶ᠋ᠢᠭᠲᠤ︾ ᠬᠥᠮᠦᠵᠢᠭᠦᠯᠦᠯ ᠢ | ᠬᠡᠷᠡᠭᠵᠢᠭᠦᠯᠦᠨ᠂ ᠴᠢᠳᠠᠪᠤᠷᠢᠲᠠᠨ ᠢ ᠬᠥᠮᠦᠵᠢᠭᠦᠯᠬᠦ ᠬᠡᠪ ᠵᠠᠭᠪᠤᠷ ᠢ ᠰᠢᠯᠢᠳᠡᠭᠵᠢᠭᠦᠯᠵᠦ᠂ ᠰᠤᠷᠤᠭᠴᠢᠳ ᠤᠨ | ᠦᠢᠯᠡᠳᠦᠯᠭᠡ ᠶᠢᠨ ᠤᠷ᠎ᠠ ᠴᠢᠳᠠᠪᠤᠷᠢ ᠪᠠ ᠠᠵᠢᠯ ᠤᠯᠬᠤ ᠥᠷᠢᠰᠥᠯᠳᠦᠬᠦ ᠬᠦᠴᠦᠨ ᠢ ᠴᠢᠬᠤᠯᠠᠴᠢᠯᠠᠨ ᠬᠥᠮᠦᠵᠢᠭᠦᠯᠵᠦ᠂ | ᠥᠷᠭᠡᠨ ᠤᠯᠠᠨ ᠲᠡᠭᠦᠰᠬᠦ ᠰᠤᠷᠤᠭᠴᠢ ᠶᠢᠨ ᠠᠵᠢᠯ ᠤᠯᠬᠤ᠂ ᠠᠵᠢᠯ ᠰᠣᠩᠭᠤᠬᠤ᠂ ᠦᠢᠯᠡᠰ ᠪᠣᠰᠬᠠᠬᠤ ᠪᠠ | ᠰᠣᠳᠤᠯᠵᠤ ᠰᠤᠷᠤᠯᠴᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ | | | | | | | | | | | | ᠴᠠᠬᠢᠯᠭᠠᠨ ᠬᠦᠴᠦᠨ ᠤ ᠪᠤᠬ᠎ᠠ ᠲᠡᠷᠭᠡ ᠶᠢ ᠳᠠᠭᠤᠷᠢᠶᠠᠨ ᠵᠢᠯᠣᠭᠤᠳᠬᠤ ᠳᠠᠳᠤᠯᠭ᠎ᠠ ᠪᠣᠯᠪᠠᠰᠤᠷᠠᠯ ᠤᠨ ᠳᠠᠰᠤᠭ | | | | ᠬᠦᠷᠦᠯᠴᠡᠬᠦ ᠲᠣᠣᠷ ᠤᠨ ᠪᠣᠳᠠᠲᠤ ᠪᠣᠯᠪᠠᠰᠤᠷᠠᠯ | | | | ᠲᠡᠮᠦᠷ ᠵᠠᠮ ᠤᠨ ᠢᠨᠵᠧᠨᠧᠷᠢᠩ ᠤᠨ ᠠᠵᠢᠯ ᠤᠨ ᠵᠢᠭᠠᠨ ᠰᠤᠷᠭᠠᠯᠲᠠ | | | ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠲᠡᠮᠦᠷ ᠵᠠᠮ ᠤᠨ ᠠᠵᠢᠯ | ᠲᠥᠷᠥᠯ ᠳᠤ ᠲᠦᠰᠢᠭᠯᠡᠨ ᠰᠤᠷᠭᠠᠭᠤᠯᠢ ᠡᠷᠭᠢᠯᠡᠵᠦ᠂ ᠲᠡᠮᠦᠷ ᠵᠠᠮ ᠤᠨ ᠣᠨᠴᠠᠯᠢᠭᠲᠤ ᠬᠥᠮᠦᠨ ᠢ ᠬᠥᠮᠦᠵᠢᠭᠦᠯᠬᠦ ᠶᠢ | ᠳᠣᠪᠤᠶᠢᠯᠭᠠᠵᠤ᠂ ᠲᠡᠮᠦᠷ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠲᠡᠭᠡᠭᠡᠪᠦᠷᠢ ᠶᠢᠨ ᠬᠠᠮᠢᠶᠠᠷᠤᠯᠲᠠ | ᠪᠠ ᠠᠶᠠᠨᠴᠢᠳ ᠪᠠ ᠪᠠᠷᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠠᠵᠤ ᠦᠢᠯᠡᠰ ᠤᠨ ᠬᠡᠯᠬᠢᠶᠡᠨ ᠤ ᠵᠠᠩᠭᠢᠯᠠᠭ᠎ᠠ ᠶᠢᠨ | ᠠᠵᠢᠯ ᠤᠨ ᠪᠠᠶᠢᠷᠢ ᠶᠢ ᠬᠠᠮᠤᠷᠤᠭᠰᠠᠨ ᠲᠡᠮᠦᠷ ᠵᠠᠮ ᠤᠨ ᠲᠡᠭᠡᠭᠡᠪᠦᠷᠢ ᠶᠢᠨ ᠲᠥᠷᠥᠯ ᠤᠨ ᠲᠤᠰᠬᠠᠶ ᠮᠡᠷᠭᠡᠵᠢᠯ ᠤᠨ | ᠴᠤᠭᠯᠠᠷᠠᠯ ᠢᠶᠠᠷ ᠭᠤᠣᠯ ᠴᠣᠭᠴᠠ ᠪᠣᠯᠭᠠᠬᠤ ᠶᠢᠨ ᠬᠠᠮᠲᠤ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ | ᠬᠡᠷᠡᠭᠴᠡᠭᠡ ᠶᠢ ᠬᠠᠮᠲᠤ ᠳᠤ ᠨᠢ ᠬᠠᠷᠠᠭᠠᠯᠵᠠᠵᠤ᠂ ᠬᠤᠳᠠ ᠶᠢᠨ ᠲᠡᠮᠦᠷ ᠵᠠᠮ ᠤᠨ ᠵᠠᠮ ᠬᠠᠷᠢᠯᠴᠠᠭ᠎ᠠ᠂ ᠮᠣᠳᠣ | ᠰᠢᠷᠣᠶ ᠶᠢᠨ ᠪᠠᠷᠢᠯᠭ᠎ᠠ᠂ ᠲᠤᠨᠤᠭ ᠲᠥᠬᠦᠭᠡᠷᠦᠮᠵᠢ ᠦᠢᠯᠡᠳᠬᠦ᠂ ᠡᠯᠧᠺᠲᠷᠣᠨ ᠪᠠ ᠮᠡᠳᠡᠭᠡ ᠵᠠᠩᠭᠢ᠂ ᠡᠳ᠋ ᠤᠨ ᠵᠠᠰᠠᠭ | ᠠᠵᠤ ᠠᠬᠤᠶ ᠬᠤᠳᠠᠯᠳᠤᠭ᠎ᠠ ᠠᠷᠠᠯᠵᠢᠶ᠎ᠠ᠂ ᠡᠬᠢ ᠪᠠᠶᠠᠯᠢᠭ ᠣᠷᠴᠢᠨ ᠠᠬᠤᠶ ᠪᠣᠯᠤᠨ ᠠᠮᠤᠷ ᠲᠦᠪᠰᠢᠨ ᠪᠠ ᠤᠯᠠᠨ | ᠨᠡᠶᠢᠲᠡ ᠶᠢᠨ ᠬᠠᠮᠢᠶᠠᠷᠤᠯᠲᠠ ᠪᠣᠯᠤᠨ ᠦᠢᠯᠡᠴᠢᠯᠡᠭᠡ ᠵᠡᠷᠭᠡ 7 ᠶᠡᠭᠡ ᠲᠦᠷᠦᠯ ᠤᠨ 33 ᠲᠤᠰᠬᠠᠶ ᠮᠡᠷᠭᠡᠵᠢᠯ ᠢ | ᠪᠠᠶᠢᠭᠤᠯᠵᠤ᠂ ᠳᠡᠭᠡᠳᠦ ᠰᠤᠷᠭᠠᠭᠤᠯᠢ ᠶᠢᠨ ᠲᠡᠰ ᠤᠨ ᠤᠨᠴᠠᠯᠢᠭᠳᠤ ᠲᠡᠮᠳᠡᠭᠲᠦ ᠲᠤᠰᠬᠠᠶ ᠮᠡᠷᠭᠡᠵᠢᠯ 11 ᠪᠠ ᠰᠣᠳᠣᠨ | ᠬᠢᠴᠢᠶᠡᠯ 24 ᠶᠢ ᠡᠭᠦᠳᠴᠡᠶ᠃ ᠣᠲᠣ ᠪᠥᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠥᠷᠥᠯ ᠤᠨ ᠳᠠᠭᠤᠷᠢᠶᠠᠯ ᠦᠵᠡᠭᠦᠯᠬᠦ ᠲᠤᠰᠬᠠᠶ ᠮᠡᠷᠭᠡᠵᠢᠯ ᠤᠨ ᠴᠡᠭ 1᠂ ᠪᠥᠬᠦ | ᠤᠯᠤᠰ ᠤᠨ ᠭᠤᠤᠯᠯᠠᠭᠴᠢ ᠲᠤᠰᠬᠠᠶ ᠮᠡᠷᠭᠡᠵᠢᠯ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠳᠠᠭᠤᠷᠢᠶᠠᠯ | ᠦᠵᠡᠭᠦᠯᠬᠦ ᠲᠤᠰᠬᠠᠶ ᠮᠡᠷᠭᠡᠵᠢᠯ 3᠂ 2 ᠲᠤᠰᠬᠠᠶ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ | ᠲᠤᠰᠬᠠᠶ ᠮᠡᠷᠭᠡᠵᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ ᠶᠢᠨ ᠲᠥᠰᠦᠯ ᠢ ᠰᠡᠳᠦᠪ | ᠳᠣᠭᠲᠠᠭᠠᠨ ᠪᠠᠶᠢᠭᠤᠯᠬᠤ ᠵᠦᠪᠰᠢᠶᠡᠷᠡᠯ ᠢ ᠣᠯᠪᠠ᠃ | | | | ᠭᠠᠯᠲᠤ ᠲᠡᠷᠭᠡ ᠶᠢ ᠵᠢᠯᠣᠭᠤᠳᠬᠤ ᠪᠣᠳᠠᠲᠤ ᠪᠣᠯᠪᠠᠰᠤᠷᠠᠯ ᠤᠨ ᠲᠥᠪ | | | ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠣᠲᠣ ᠳᠡᠳ᠋ ᠳᠡᠭᠡᠳᠦ | ᠳᠡᠰ ᠤᠨ ᠮᠡᠷᠭᠡᠵᠢᠯ ᠤᠨ ᠴᠣᠯᠠ ᠠᠴᠠ ᠳᠡᠭᠡᠭᠰᠢᠬᠢ ᠴᠤᠯᠠᠲᠠᠢ ᠪᠠᠭᠰᠢ 122᠂ ᠮᠠᠰᠲ᠋ᠧᠷ ᠠᠴᠠ ᠳᠡᠭᠡᠭᠰᠢᠬᠢ | ᠡᠷᠳᠡᠮ ᠤᠨ ᠴᠤᠯᠠᠲᠠᠢ ᠪᠠᠭᠰᠢ 169᠂ ᠬᠤᠤᠰ ᠪᠠᠭᠰᠢ ᠶᠢᠨ ᠬᠡᠪ ᠪᠣᠯᠪᠠᠰᠤᠷᠠᠯ ᠲᠠᠢ ᠪᠠᠭᠰᠢ 292 ᠪᠣᠶ᠃ ᠠᠵᠢᠯ | ᠲᠥᠷᠥᠯ ᠤᠨ ᠨᠠᠷᠠᠲᠤ ᠪᠠᠭᠰᠢ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠢᠳᠡᠭ ᠵᠢᠭᠠᠨ ᠰᠤᠷᠭᠠᠯᠲᠠ ᠶᠢᠨ | ᠪᠦᠯᠬᠦᠮ 6᠂ ᠵᠢᠭᠠᠨ ᠰᠤᠷᠭᠠᠯᠲᠠ ᠶᠢᠨ ᠨᠠᠷᠠᠲᠤ ᠪᠠᠭᠰᠢ 7᠂ ᠵᠢᠭᠠᠨ ᠰᠤᠷᠭᠠᠯᠲᠠ ᠶᠢᠨ ᠲᠠᠪᠴᠠᠩ ᠤᠨ ᠰᠢᠨ᠎ᠡ | ᠰᠣᠳᠣᠨ 7᠂ ᠪᠤᠭᠤᠲᠤ ᠬᠤᠲᠠ ᠶᠢᠨ ᠵᠢᠭᠠᠨ ᠰᠤᠷᠭᠠᠯᠲᠠ ᠶᠢᠨ ᠨᠠᠷᠠᠲᠤ ᠪᠠᠭᠰᠢ 2᠂ ᠵᠢᠭᠠᠨ ᠰᠤᠷᠭᠠᠯᠲᠠ ᠶᠢᠨ | ᠴᠢᠳᠠᠪᠤᠷᠢᠲᠠᠨ 11 ᠪᠣᠶ︔ ᠤᠯᠤᠰ ᠤᠨ ᠲᠡᠮᠦᠷ ᠵᠠᠮ ᠤᠨ ᠪᠦᠯᠦᠭᠯᠡᠯ ᠤᠨ ︽ᠪᠥᠬᠦ ᠵᠠᠮ ᠤᠨ ᠮᠡᠷᠭᠡᠵᠢᠯ ᠤᠨ | ᠴᠢᠳᠠᠪᠤᠷᠢᠲᠠᠨ︾ 1᠂ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ 1᠂ ᠪᠤᠭᠤᠲᠤ | ᠬᠤᠲᠠ ᠶᠢᠨ ︽ᠪᠤᠭᠤᠲᠤ ᠬᠤᠲᠠ ᠴᠢᠳᠠᠪᠤᠷᠢᠲᠠᠨ︾ 2᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠯᠢᠳᠡᠭ | ᠠᠵᠢᠯᠲᠠᠨ1 ᠪᠣᠢ᠃ | | | | ᠴᠠᠬᠢᠯᠭᠠᠨ ᠮᠡᠷᠭᠡᠵᠢᠯ ᠤᠨ ᠲᠥᠪᠯᠡᠷᠡᠭᠭᠦᠢ ᠪᠣᠳᠠᠲᠤ ᠪᠣᠯᠪᠠᠰᠤᠷᠠᠯ | | | ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ 65 ᠲᠦᠮᠡ ᠭᠠᠷᠤᠶ | ᠲᠡᠭᠰᠢ ᠳᠥᠷᠪᠡᠯᠵᠢᠨ ᠮᠧᠲᠷ ᠲᠠᠯᠠᠪᠠᠶ ᠲᠠᠢ᠂ ᠭᠡᠷ ᠪᠠᠷᠢᠯᠭ᠎ᠠ ᠶᠢᠨ ᠲᠠᠯᠠᠪᠠᠶ 32 ᠲᠦᠮᠡ ᠭᠠᠷᠤᠶ ᠲᠡᠭᠰᠢ ᠳᠥᠷᠪᠡᠯᠵᠢᠨ | ᠮᠧᠲᠷ᠂ ᠨᠣᠮ ᠤᠨ ᠰᠠᠩ ᠳᠤ 49.2 ᠲᠦᠮᠡᠨ ᠳᠡᠪᠲᠡᠷ ᠨᠣᠮ ᠬᠠᠳᠠᠭᠠᠯᠠᠵᠤ᠂ ᠰᠤᠷᠭᠠᠭᠤᠯᠢ ᠶᠢᠨ ᠳᠣᠲᠣᠭᠠᠳᠤ ᠶᠢᠨ | ᠦᠢᠯᠡᠳᠦᠯᠭᠡ ᠶᠢᠨ ᠰᠠᠭᠤᠷᠢᠨ ᠢ ᠨᠢᠭᠡᠨᠲᠡ 90 ᠶᠢ ᠪᠠᠶᠢᠭᠤᠯᠵᠤ᠂ ᠭᠡᠷ ᠪᠠᠷᠢᠯᠭ᠎ᠠ ᠶᠢᠨ ᠲᠠᠯᠠᠪᠠᠶ ᠨᠢ ᠪᠠᠷᠤᠭ 2.01 | ᠲᠦᠮᠡᠨ ᠲᠡᠭᠰᠢ ᠳᠥᠷᠪᠡᠯᠵᠢᠨ ᠮᠧᠲᠷ᠂ ᠵᠢᠭᠠᠨ ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ | ᠥᠷᠲᠡᠭ ᠨᠢ 7123.58 ᠲᠦᠮᠡᠨ ᠲᠥᠭᠦᠷᠢᠭ᠂ ᠦᠢᠯᠡᠳᠦᠯᠭᠡ ᠶᠢᠨ ᠰᠠᠭᠤᠷᠢᠨ ᠭᠠᠵᠠᠷ ᠤᠨ ᠲᠥᠬᠦᠭᠡᠷᠦᠮᠵᠢ | 5473 ᠰᠠᠭᠤᠷᠢ ︵ᠢᠵᠢ︶ ᠪᠠᠶᠢᠨ᠎ᠠ᠃ | ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠤᠯᠤᠰ᠂ ᠥᠪᠡᠷᠲᠡᠭᠡᠨ ᠵᠠᠰᠠᠬᠤ | ᠣᠷᠣᠨ ᠵᠢᠴᠢ ᠪᠤᠭᠤᠲᠤ ᠬᠤᠲᠠ ᠶᠢᠨ ᠬᠥᠮᠦᠨ ᠰᠣᠶᠤᠯ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ | ᠰᠤᠳᠤᠯᠭᠠᠨ ᠤ ᠲᠥᠰᠦᠯ 69᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠰᠦᠯ 11 ᠶᠢ ᠪᠡᠶᠡᠯᠡᠭᠦᠯᠵᠦ᠂ | ᠬᠡᠷᠡᠭᠯᠡᠭᠡᠨ ᠤ ᠰᠢᠨ᠎ᠡ ᠬᠡᠯᠪᠡᠷᠢᠲᠦ ᠮᠡᠷᠭᠡᠵᠢᠯ ᠤᠨ ᠲᠤᠰᠬᠠᠶ ᠠᠰᠢᠭ ᠤᠨ ᠡᠷᠬᠡ 40 ᠭᠠᠷᠤᠶ ᠣᠯᠤᠭᠰᠠᠨ ᠪᠠᠶᠢᠨ᠎ᠠ᠃ | ︽ᠴᠠᠭ ᠪᠠ ᠣᠷᠣᠨ ᠵᠠᠶ ᠶᠢᠨ ᠲᠤᠭ᠎ᠠ ᠪᠠᠷᠢᠮᠲᠠ ᠳᠤ ᠰᠠᠭᠤᠷᠢᠯᠠᠭᠰᠠᠨ ᠲᠡᠮᠦᠷ ᠵᠠᠮ ᠤᠨ ᠭᠤᠷᠪᠠᠨ ᠬᠡᠮᠵᠢᠯᠳᠦ | ᠲᠤᠬᠠᠶᠢᠯᠠᠭᠰᠠᠨ ᠠᠵᠢᠯ ᠤᠨ ᠰᠠᠭᠤᠷᠢ ᠲᠠᠪᠴᠠᠩ︾ ᠪᠠ ︽5G ᠳᠤ ᠰᠠᠭᠤᠷᠢᠯᠠᠭᠰᠠᠨ ᠢᠳᠡᠪᠬᠢ ᠬᠠᠷᠠᠭᠠᠨ ᠤ | AR/VR ᠦᠢᠯᠡᠳᠦᠯᠴᠡᠬᠦ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠰᠢᠰᠲ᠋ᠧᠮ︾ ᠨᠢ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ︽ᠵᠠᠩᠭᠢᠯᠠᠭ᠎ᠠ ᠶᠢᠨ ᠮᠡᠷᠭᠡᠵᠢᠯ ᠤᠨ | ᠪᠣᠭᠤᠮᠲᠠ ᠰᠢᠪᠲᠤᠯᠬᠤ ᠲᠥᠯᠦᠪᠯᠡᠭᠡᠨ ᠤ ᠲᠥᠰᠦᠯ︾ ᠢᠶᠠᠷ ᠵᠥᠪᠰᠢᠶᠡᠷᠡᠭᠳᠡᠵᠦ᠂ ᠰᠤᠷᠭᠠᠭᠤᠯᠢ ᠶᠢᠨ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠨ ᠳᠠᠬᠢ ᠰᠢᠨ᠎ᠡ ᠰᠢᠪᠲᠤᠯᠤᠯᠲᠠ ᠪᠣᠯᠤᠭᠰᠠᠨ ᠪᠠᠶᠢᠨ᠎ᠠ᠃ | | | | ᠪᠤᠬ᠎ᠠ ᠲᠡᠷᠭᠡᠨ ᠤ ᠴᠠᠬᠢᠯᠭᠠᠨ ᠮᠡᠷᠭᠡᠵᠢᠯ ᠤᠨ ᠪᠣᠳᠠᠲᠤ ᠪᠣᠯᠪᠠᠰᠤᠷᠠᠯ ᠤᠨ ᠬᠢᠴᠢᠶᠡᠯ | | | ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠤᠯᠠᠨ ᠤᠯᠤᠰ ᠤᠨ | ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ ᠤᠷᠢᠳ ᠬᠤᠵᠢᠳ ᠯᠠᠤᠰ᠂ ᠮᠣᠩᠭᠤᠯ᠂ | ᠤᠷᠤᠰ᠂ ᠫᠡᠺᠢᠰᠲ᠋ᠡᠠ ᠵᠡᠷᠭᠡ ᠤᠯᠤᠰ ᠤᠨ ᠬᠤᠯᠪᠤᠭᠳᠠᠬᠤ ᠳᠡᠭᠡᠳᠦ ᠰᠤᠷᠭᠠᠭᠤᠯᠢ ᠲᠠᠢ ᠲᠤᠰᠬᠠᠢ ᠮᠡᠷᠭᠡᠵᠢᠯ ᠤᠨ | ᠪᠠᠶᠢᠭᠤᠯᠤᠯᠲᠠ᠂ ᠪᠠᠭᠰᠢ ᠶᠢᠨ ᠪᠣᠯᠪᠠᠰᠤᠷᠠᠭᠤᠯᠤᠯ᠂ ᠴᠢᠳᠠᠪᠤᠷᠢᠲᠠᠨ ᠢ ᠬᠥᠮᠦᠵᠢᠭᠦᠯᠬᠦ᠂ ᠡᠷᠳᠡᠮ ᠰᠢᠨᠵᠢᠯᠡᠭᠡᠨ ᠤ | ᠰᠣᠯᠢᠯᠴᠠᠭ᠎ᠠ ᠵᠡᠷᠭᠡ ᠲᠠᠯ᠎ᠠ ᠪᠠᠷ ᠬᠠᠮᠲᠤᠷᠠᠯᠴᠠᠬᠤ ᠬᠠᠮᠲᠤ ᠶᠢᠨ ᠲᠠᠨᠢᠯᠲᠠ ᠲᠠᠢ ᠪᠣᠯᠪᠠ︔ ᠪᠡᠭᠡᠵᠢᠩ ᠤᠨ ᠵᠠᠮ | ᠬᠠᠷᠢᠯᠴᠠᠭᠠᠨ ᠤ ᠶᠡᠭᠡ ᠰᠤᠷᠭᠠᠭᠤᠯᠢ ᠲᠠᠢ ᠬᠠᠮᠲᠤᠷᠠᠨ ᠭᠠᠳᠠᠭᠠᠳᠤ ᠶᠢᠨ ᠰᠤᠷᠤᠭᠴᠢᠳ ᠳᠠᠳᠤᠯᠭ᠎ᠠ ᠬᠢᠬᠦ ᠪᠠ ᠲᠤᠰᠬᠠᠶ | ᠮᠡᠷᠭᠡᠵᠢᠯ ᠤᠨ ᠪᠣᠯᠪᠠᠰᠤᠷᠠᠯ ᠬᠢᠬᠦ ᠶᠢ ᠥᠷᠨᠢᠭᠦᠯᠪᠡ︔ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠵᠢᠩᠬᠢᠨᠢ | ᠠᠩᠭᠢᠲᠤ ᠳᠡᠭᠡᠳᠦ ᠰᠤᠷᠭᠠᠭᠤᠯᠢ ᠲᠠᠢ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ | ᠬᠠᠮᠲᠤᠷᠠᠯᠴᠠᠭᠠᠨ ᠤ ᠬᠡᠯᠡᠯᠴᠡᠭᠡᠷ ᠢ ᠲᠣᠭᠲᠠᠵᠤ᠂ ᠪᠠᠷᠠᠭᠤᠨ ᠡᠮᠦᠨᠡᠲᠦ ᠶᠢᠨ ᠵᠠᠮ ᠬᠠᠷᠢᠯᠴᠠᠭᠠᠨ ᠤ ᠶᠡᠭᠡ | ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠵᠦ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ | ᠳᠡᠪᠰᠢᠬᠦ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠭᠰᠡᠨ ᠰᠤᠷᠭᠠᠨ ᠬᠥᠮᠥᠵᠢᠯ ᠢ ᠥᠷᠨᠢᠭᠦᠯᠵᠦ᠂ ᠴᠢᠳᠠᠪᠤᠷᠢᠲᠠᠨ ᠢ | ᠬᠥᠮᠦᠵᠢᠭᠦᠯᠬᠦ ᠠᠷᠭ᠎ᠠ ᠵᠠᠮ ᠢ ᠨᠡᠪᠲᠡᠷᠡᠭᠦᠯᠪᠡ︔ ᠦᠶ ᠣᠯᠠᠨ ᠲᠡᠮᠦᠷ ᠵᠠᠮ ᠤᠨ ᠠᠵᠤ ᠠᠬᠤᠶᠢᠯᠠᠯ ᠲᠠᠢ ᠰᠤᠷᠭᠠᠭᠤᠯᠢ | ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠪᠠᠶᠢᠭᠤᠯᠵᠤ᠂ ᠵᠠᠬᠢᠶᠠᠯᠠᠭ᠎ᠠ ᠪᠠᠷ ᠬᠥᠮᠦᠵᠢᠭᠦᠯᠬᠦ᠂ ᠣᠲᠣ ᠦᠶ᠎ᠡ ᠶᠢᠨ | ᠱᠠᠪᠢᠯᠠᠬᠤ ᠲᠦᠷᠢᠮ᠂ ᠠᠵᠢᠯᠯᠠᠵᠤ ᠰᠤᠷᠤᠯᠴᠠᠬᠤ ᠶᠢ ᠰᠣᠯᠢᠯᠴᠠᠬᠤ ᠵᠡᠷᠭᠡ ᠰᠤᠷᠭᠠᠭᠤᠯᠢ ᠪᠠ ᠠᠵᠤ ᠠᠬᠤᠶᠢᠯᠠᠯ ᠤᠨ | ︽ᠬᠤᠤᠰ ᠭᠤᠤᠯ ᠴᠣᠭᠴᠠ︾ ᠶᠢᠨ ᠣᠨᠴᠠᠯᠢᠭ ᠢ ᠢᠯᠡᠷᠡᠭᠦᠯᠦᠭᠰᠡᠨ ᠬᠠᠮᠵᠢᠯᠴᠠᠨ ᠬᠥᠮᠦᠵᠢᠭᠦᠯᠬᠦ ᠬᠡᠪ ᠵᠠᠭᠪᠤᠷ ᠢ | ᠢᠳᠡᠪᠬᠢᠲᠡᠶ ᠬᠠᠶᠢᠨ ᠰᠦᠪᠡᠭᠴᠢᠯᠡᠪᠡ᠃ | | | | ᠪᠤᠬ᠎ᠠ ᠲᠡᠷᠭᠡ ᠵᠢᠯᠣᠭᠤᠳᠬᠤ ᠬᠢᠴᠢᠶᠡᠯ | | | | ᠲᠡᠮᠦᠷ ᠵᠠᠮ ᠤᠨ ᠨᠠᠷᠢᠯᠢᠭ ᠬᠡᠮᠵᠢᠯᠲᠡ ᠶᠢᠨ ᠪᠣᠯᠪᠠᠰᠤᠷᠠᠯ ᠤᠨ ᠬᠢᠴᠢᠶᠡᠯ | | | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠰᠤᠷᠭᠠᠭᠤᠯᠢ ᠨᠢ | ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ | ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠰᠡᠳᠦᠪ ᠳᠣᠭᠲᠠᠭᠠᠭᠰᠠᠨ ᠰᠣᠳᠣᠨ ᠲᠥᠰᠦᠯ 4᠂ ᠪᠤᠭᠤᠲᠤ | ᠬᠤᠲᠠ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠨᠠᠷᠠᠲᠤ ᠪᠠᠭᠰᠢ ᠶᠢᠨ ᠠᠵᠢᠯᠯᠠᠬᠤ ᠭᠠᠵᠠᠷ 1᠂ | 16 ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠭᠤᠷᠢᠨ ᠭᠠᠵᠠᠷ ᠲᠠᠢ ᠪᠣᠯᠪᠠ᠃ ᠬᠠᠪᠰᠤᠷᠤᠨ ᠵᠢᠯᠣᠭᠤᠳᠤᠭᠴᠢ ᠪᠣᠯᠤᠨ | ᠰᠤᠷᠤᠭᠴᠢᠳ ᠡᠯ᠎ᠡ ᠱᠠᠲᠤᠨ ᠤ ᠲᠡᠷᠢᠭᠦᠨ ᠤ ᠬᠥᠬᠢᠭᠦᠯᠦᠯ ᠵᠢᠴᠢ ᠤᠷᠤᠯᠳᠤᠭᠠᠨ ᠤ ᠱᠠᠩᠨᠠᠯ ᠢ 5000 ᠭᠠᠷᠤᠶ | ᠬᠥᠮᠦᠨ ᠤᠳᠠᠭ᠎ᠠ ᠭᠥᠷᠳᠡᠪᠡ᠃ ᠰᠤᠷᠭᠠᠭᠤᠯᠢ ᠨᠢ ᠤᠷᠢᠳ ᠬᠤᠵᠢᠳ ︽ᠪᠤᠭᠤᠲᠤ ᠬᠤᠲᠠ ᠶᠢᠨ ᠰᠢᠯᠢᠳᠡᠭ ᠵᠠᠯᠠᠭᠤ | ᠰᠠᠶᠢᠨ ᠳᠤᠷᠠᠴᠤᠳ ᠤᠨ ᠵᠣᠬᠢᠶᠠᠨ ᠪᠠᠶᠢᠭᠤᠯᠤᠯᠲᠠ︾᠂ ︽ᠪᠥᠬᠦ ᠣᠷᠣᠨ ᠤ ᠰᠢᠨ᠎ᠡ ᠳᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠯᠢᠳᠡᠭ ᠵᠠᠯᠠᠭᠤᠴᠤᠳ ᠤᠨ ᠰᠠᠶᠢᠨ | ᠳᠤᠷᠠᠴᠤᠳ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ︾᠂ ︽ᠪᠥᠬᠦ ᠣᠷᠣᠨ ᠤ ᠵᠣᠨ ᠤ ᠠᠮᠠᠷᠠᠯᠲᠠ ᠶᠢᠨ | ᠬᠤᠭᠤᠴᠠᠭᠠᠨ ᠤ ︿ᠭᠤᠷᠪᠠ ᠶᠢ ᠬᠥᠳᠡᠭᠡ ᠪᠠᠭᠤᠯᠭᠠᠬᠤ﹀ ᠨᠡᠶᠢᠭᠡᠮ ᠤᠨ ᠦᠢᠯᠡᠳᠦᠯᠭᠡ ᠶᠢᠨ ᠰᠢᠯᠢᠳᠡᠭ ᠦᠢᠯᠡᠴᠢᠯᠡᠭᠡᠨ ᠤ | ᠪᠦᠯᠬᠦᠮ︾ ᠢᠶᠠᠷ ᠦᠨᠡᠯᠡᠭᠳᠡᠵᠦ᠂ ᠭᠤᠷᠪᠠᠨ ᠵᠢᠯ ᠳᠠᠷᠠᠭᠠᠯᠠᠨ ᠪᠤᠭᠤᠲᠤ ᠬᠤᠲᠠ ᠳᠤ ︽ᠦᠨ᠎ᠡ ᠲᠥᠯᠥᠪᠦᠷᠢ ᠥᠬᠡᠶ ᠪᠠᠷ | ᠴᠢᠰᠤ ᠬᠠᠨᠳᠢᠪᠯᠠᠭᠰᠠᠨ ᠲᠡᠷᠢᠭᠦᠨ ᠤ ᠨᠢᠭᠡᠴᠢ︾ ᠪᠠᠷ ᠦᠨᠡᠯᠡᠭᠳᠡᠪᠡ᠃ | ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠳᠤᠮᠳᠠᠳᠤ ᠤᠯᠤᠰ ᠤᠨ | ᠲᠡᠮᠦᠷ ᠵᠠᠮ ᠤᠨ ᠶᠡᠷᠦᠩᠬᠡᠶ ᠺᠣᠮᠫᠠᠨᠢ ᠶᠢᠨ ᠬᠠᠷᠢᠶᠠᠨ ᠳᠠᠬᠢ 18 ᠲᠡᠮᠦᠷ ᠵᠠᠮ ᠤᠨ ᠳᠣᠪᠴᠢᠶᠠᠨ ᠤ ᠪᠦᠯᠦᠭᠯᠡᠯ ᠤᠨ | ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠬᠤᠪᠢ ᠣᠷᠣᠭᠤᠯᠤᠭᠰᠠᠨ ᠬᠢᠵᠠᠭᠠᠷᠲᠦ ᠺᠤᠮᠫᠠᠨᠢ | ︵ᠳᠤᠮᠳᠠᠳᠤ ᠤᠯᠤᠰ ᠤᠨ ᠲᠡᠮᠦᠷ ᠵᠠᠮ ᠤᠨ ᠨᠢᠭᠡᠳᠦᠭᠡᠷ ᠲᠣᠪᠴᠢᠶ᠎ᠠ᠂ ᠳᠥᠷᠪᠡᠳᠦᠭᠡᠷ ᠲᠣᠪᠴᠢᠶ᠎ᠠ᠂ ᠵᠢᠷᠭᠤᠳᠤᠭᠠᠷ | ᠲᠣᠪᠴᠢᠶ᠎ᠠ᠂ ᠳᠣᠯᠣᠳᠤᠭᠠᠷ ᠲᠣᠪᠴᠢᠶ᠎ᠠ᠂ ᠴᠠᠬᠢᠯᠭᠠᠨᠵᠢᠭᠤᠯᠤᠯᠲᠠ ᠶᠢᠨ ᠲᠣᠪᠴᠢᠶ᠎ᠠ︶᠂ ᠳᠤᠮᠳᠠᠳᠤ ᠤᠯᠤᠰ ᠤᠨ | ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠤᠪᠢ ᠣᠷᠣᠭᠤᠯᠤᠭᠰᠠᠨ ᠬᠢᠵᠠᠭᠠᠷᠲᠦ ᠺᠤᠮᠫᠠᠨᠢ ︵ᠳᠤᠮᠳᠠᠳᠤ | ᠤᠯᠤᠰ ᠤᠨ ᠲᠡᠮᠦᠷ ᠵᠠᠮ ᠤᠨ ᠠᠷᠪᠠᠨ ᠨᠢᠭᠡᠳᠦᠭᠡᠷ ᠲᠣᠪᠴᠢᠶ᠎ᠠ᠂ ᠠᠷᠪᠠᠨ ᠬᠤᠶᠠᠳᠤᠭᠠᠷ ᠳᠣᠪᠴᠢᠶ᠎ᠠ᠂ ᠠᠷᠪᠠᠨ | ᠵᠢᠷᠭᠤᠳᠤᠭᠠᠷ ᠳᠣᠪᠴᠢᠶ᠎ᠠ᠂ ᠬᠤᠷᠢᠨ ᠨᠢᠭᠡᠳᠦᠭᠡᠷ ᠳᠣᠪᠴᠢᠶ᠎ᠠ︶᠂ ᠤᠯᠤᠰ ᠤᠨ ᠡᠨᠧᠷᠭᠢ ᠶᠢᠨ ᠰᠤᠷᠪᠤᠯᠵᠢ ᠶᠢᠨ ᠪᠡᠯᠡ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠵᠦᠨ ᠨᠧᠩ᠂ ᠱᠧᠨ ᠱᠥᠸᠧ᠂ | ᠱᠥᠸᠧ ᠬᠤᠸᠠᠩ᠂ ᠪᠦᠦ ᠱᠧᠨ︶ ᠲᠡᠮᠦᠷ ᠵᠠᠮ ᠤᠨ ᠺᠣᠮᠫᠠᠨᠢ᠂ ᠬᠤᠸᠠᠢ ᠾᠧ ᠡᠨᠧᠷᠭᠢ ᠶᠢᠨ ︵ᠪᠦᠯᠦᠭᠯᠡᠯ︶ ᠬᠤᠪᠢ | ᠣᠷᠤᠭᠤᠯᠤᠭᠰᠠᠨ ᠺᠣᠮᠫᠠᠨᠢ᠂ ᠨᠢᠩᠰᠢᠶᠠ ᠶᠢᠨ ᠨᠢᠩ ᠳ᠋ᠦᠩ ᠲᠡᠮᠦᠷ ᠵᠠᠮ ᠤᠨ ᠬᠢᠵᠠᠭᠠᠷᠲᠤ ᠺᠣᠮᠫᠠᠨᠢ᠂ ᠦᠪᠦᠷ | ᠮᠤᠩᠭᠤᠯ ᠶᠢᠨ ᠳ᠋ᠦᠩ ᠦ᠋ ᠲᠡᠮᠦᠷ ᠵᠠᠮ ᠤᠨ ᠺᠣᠮᠫᠠᠨᠢ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠬᠤᠪᠢ | ᠣᠷᠤᠭᠤᠯᠤᠭᠰᠠᠨ ᠺᠣᠮᠫᠠᠨᠢ᠂ ᠪᠠᠶᠠᠨᠬᠤᠸᠠ ᠲᠡᠮᠦᠷ ᠵᠠᠮ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠬᠥᠩᠭᠡᠨ | ᠴᠠᠭᠠᠨ ᠤ ᠪᠦᠯᠦᠭᠯᠡᠯ ᠤᠨ ᠪᠠᠷᠠᠭᠠᠨ ᠤ ᠭᠦᠢᠯᠭᠡᠭᠡᠨ ᠤ ᠺᠣᠮᠫᠠᠨᠢ᠂ ᠱᠠᠨᠰᠢ ᠶᠢᠨ ᠨᠡᠭᠦᠷᠡᠰᠦᠨ ᠤ ᠪᠦᠯᠦᠭᠯᠡᠯ ᠤᠨ ᠲᠡᠮᠦᠷ | ᠵᠠᠮ ᠤᠨ ᠪᠠᠷᠠᠭᠠᠨ ᠤ ᠭᠦᠢᠯᠭᠡᠭᠡᠨ ᠤ ᠺᠣᠮᠫᠠᠨᠢ ᠪᠣᠯᠤᠨ ᠬᠦᠬᠡᠬᠤᠳᠠ᠂ ᠱᠧᠨᠵᠧᠨ᠂ ᠴᠧᠩᠳᠦ᠋᠂ ᠭᠤᠸᠠᠩᠵᠧᠦ᠂ ᠰᠢ | ᠠᠨ᠂ ᠬᠠᠩᠵᠧᠦ ᠵᠡᠷᠭᠡ ᠣᠯᠠᠨ ᠬᠤᠲᠠ ᠶᠢᠨ ᠲᠡᠮᠦᠷ ᠵᠠᠮ ᠤᠨ ᠡᠵᠡᠩᠨᠡᠯᠲᠡ ᠶᠢᠨ ᠺᠣᠮᠫᠠᠨᠢ᠂ ᠵᠢᠴᠢ ᠦᠪᠤᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠣᠲᠣᠭᠠᠳᠤ ᠭᠠᠳᠠᠭᠠᠳᠤ ᠶᠢᠨ ᠬᠡᠰᠡᠭ ᠲᠤᠮᠤ ᠳᠤᠮᠳᠠ ᠬᠡᠯᠪᠡᠷᠢ ᠶᠢᠨ | ᠠᠵᠤ ᠠᠬᠤᠶᠢᠯᠠᠯ ᠲᠠᠢ ᠤᠷᠳᠤ ᠬᠤᠭᠤᠴᠠᠭᠠᠨ ᠤ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠲᠡᠭᠦᠰᠬᠦ | ᠰᠤᠷᠤᠭᠴᠢ ᠳᠤ ᠶᠡᠭᠡ ᠬᠡᠮᠵᠢᠶᠡᠨ ᠤ ᠴᠢᠨᠠᠷᠯᠢᠭ ᠠᠵᠢᠯ ᠤᠨ ᠪᠠᠶᠢᠷᠢ ᠶᠢ ᠬᠠᠩᠭᠠᠵᠤ᠂ ᠲᠡᠭᠦᠰᠬᠦ ᠰᠤᠷᠤᠭᠴᠢ ᠶᠢᠨ | ᠬᠠᠩᠭᠠᠯᠭ᠎ᠠ ᠨᠢ ᠬᠡᠷᠡᠭᠯᠡᠭᠡ ᠳᠤ ᠬᠦᠷᠬᠦ ᠦᠭᠡᠢ ᠪᠣᠯᠵᠠᠢ᠃ ᠣᠶᠢᠷ᠎ᠠ ᠶᠢᠨ ᠵᠢᠯ ᠳᠤ᠂ ᠲᠡᠭᠦᠰᠬᠦ ᠰᠣᠷᠣᠭᠴᠢ ᠶᠢᠨ | ᠠᠵᠢᠯ ᠢ ᠨᠠᠶᠢᠳᠠᠪᠤᠷᠢᠵᠢᠭᠤᠯᠤᠭᠰᠠᠨ ᠨᠣᠷᠮ᠎ᠠ 90% ᠶᠢ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ | ᠰᠤᠷᠭᠠᠭᠤᠯᠢ ᠶᠢᠨ ᠡᠮᠦᠨ᠎ᠡ ᠡᠩᠨᠡᠭᠡᠨ ᠳᠤ ᠣᠷᠣᠵᠤ᠂ ︽ᠠᠵᠢᠯ ᠣᠯᠭᠤᠯᠲᠠ ᠶᠢᠨ ᠥᠷᠢᠰᠦᠯᠳᠦᠬᠦ ᠬᠦᠴᠦᠨ ᠴᠢᠩᠭ᠎ᠠ᠂ | ᠠᠵᠢᠯ ᠲᠥᠷᠥᠯ ᠤᠨ ᠰᠢᠰᠲ᠋ᠧᠮ ᠢᠶᠠᠷ ᠢᠶᠠᠨ ᠠᠵᠢᠯ ᠣᠯᠭᠤᠯᠲᠠ ᠶᠢᠨ ᠨᠤᠷᠮ᠎ᠠ ᠥᠨᠳᠥᠷ᠂ ᠦᠨᠳᠦᠰᠦᠨ ᠴᠠᠯᠢᠩ ᠤᠨ | ᠪᠠᠷᠢᠮᠵᠢᠶ᠎ᠠ ᠥᠨᠳᠥᠷ︾ ᠪᠠᠶᠢᠬᠤ ᠰᠠᠶᠢᠨ ᠰᠠᠶᠢᠬᠠᠨ ᠪᠠᠶᠢᠳᠠᠯ ᠢᠯᠡᠷᠡᠭᠰᠡᠨ ᠪᠠᠶᠢᠨ᠎ᠠ᠃ | | | | | ᠬᠥᠬᠡᠬᠤᠲᠠ ᠶᠢᠨ ᠲᠡᠮᠦᠷ ᠵᠠᠮ ᠤᠨ ᠳᠣᠪᠴᠢᠶᠠᠨ ᠤ ᠠᠵᠢᠯ ᠣᠯᠭᠤᠯᠲᠠ ᠶᠢᠨ ᠰᠠᠭᠤᠳᠠᠯ ᠤᠨ ᠬᠤᠷᠠᠯ | | | | ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ | ᠰᠠᠭᠤᠳᠠᠯ ᠤᠨ ᠬᠤᠷᠠᠯ | | |