| | ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠵᠤ ᠪᠠᠶᠢᠨ᠎ᠠ᠃ | ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | — ︽ᠨᠤᠲᠤᠭ ᠤᠨ ᠳᠠᠭᠤᠤ ᠪᠠᠨ ᠨᠠᠮ ᠳᠤ ᠪᠠᠨ ᠡᠷᠭᠦᠶ᠎ᠡ︾ | | | ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | | | | | | ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ | 2003 ᠣᠨ ᠤ 5 ᠰᠠᠷ᠎ᠠ ᠳᠤ ᠪᠠᠶᠢᠭᠤᠯᠤᠭᠳᠠᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠣᠷᠳᠣᠨ ᠠᠴᠠ ᠡᠷᠬᠢᠯᠡᠭᠰᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠳᠤ ᠰᠢᠭᠤᠳ ᠬᠠᠷᠢᠶᠠᠯᠠᠭᠳᠠᠬᠤ ᠪᠦᠬᠦᠯᠢ ᠡᠳᠦᠷ ᠤᠨ ᠳᠦᠷᠢᠮᠲᠦ ᠠᠯᠪᠠᠨ ᠠᠴᠠ ᠡᠷᠬᠢᠯᠡᠭᠰᠡᠨ ᠡᠩ ᠤᠨ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ᠎ᠠ᠂ 2018 ᠣᠨ ᠳᠤ ᠥᠪᠡᠷᠲᠡᠭᠡᠨ | ᠵᠠᠰᠠᠬᠤ ᠣᠷᠣᠨ ᠤ ᠠᠩᠬᠠᠳᠠᠭᠴᠢ ᠪᠦᠯᠦᠭ ᠤᠨ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠪᠠᠷ ᠵᠥᠪᠰᠢᠶᠡᠷᠡᠭᠳᠡᠵᠦ᠂ 2019 ᠣᠨ ᠳᠤ ᠤᠯᠤᠰ ᠤᠨ ᠰᠢᠯᠢᠳᠡᠭ ᠲᠤᠰᠬᠠᠢ ᠮᠡᠷᠭᠡᠵᠢᠯ ᠤᠨ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠰᠤᠷᠭᠠᠨ ᠬᠦᠮᠤᠵᠢᠯ ᠤᠨ ᠶᠠᠮᠤᠨ ᠤ | ᠠᠩᠬᠠᠳᠠᠭᠴᠢ ᠪᠥᠯᠦᠭ ᠤᠨ ᠤᠳᠤ ᠦᠶ᠎ᠡ ᠶᠢᠨ ᠱᠠᠪᠢᠯᠠᠬᠤ ᠳᠦᠷᠢᠮᠲᠦ ᠲᠤᠷᠰᠢᠯᠲᠠ ᠶᠢᠨ ᠴᠡᠭ ᠤᠨ ᠳᠡᠭᠡᠳᠦ | ᠰᠤᠷᠭᠠᠭᠤᠯᠢ ᠪᠠᠷ ᠵᠥᠪᠰᠢᠶᠡᠷᠡᠭᠳᠡᠵᠡᠢ᠃ ᠰᠤᠷᠭᠠᠭᠤᠯᠢ ᠨᠢ ᠤᠤᠯ ᠤᠨ ᠦᠪᠦᠷ ᠮᠤᠩᠭᠤᠯ ᠤᠨ ᠬᠤᠳᠠᠯᠳᠤᠭᠠᠨ ᠤ | ᠰᠤᠷᠭᠠᠭᠤᠯᠢ ︵1952 ᠣᠨ ᠳᠤ ᠪᠠᠶᠢᠭᠤᠯᠤᠭᠳᠠᠪᠠ︶᠂ ᠤᠤᠯ ᠤᠨ ᠦᠪᠦᠷ ᠮᠤᠩᠭᠤᠯ ᠤᠨ ᠠᠮᠤ ᠪᠤᠳᠠᠭᠠᠨ ᠤ | ᠰᠤᠷᠭᠠᠭᠤᠯᠢ ︵1956 ᠣᠨ ᠳᠤ ᠪᠠᠶᠢᠭᠤᠯᠤᠭᠳᠠᠪᠠ︶ ᠪᠣᠯᠤᠨ ᠤᠤᠯ ᠤᠨ ᠦᠪᠦᠷ ᠮᠤᠩᠭᠤᠯ ᠤᠨ ᠠᠵᠤ | ᠦᠢᠯᠡᠳᠪᠦᠷᠢ ᠶᠢᠨ ᠤᠷᠠᠯᠠᠯ ᠤᠨ ᠵᠢᠷᠤᠭ ᠲᠥᠯᠥᠪᠯᠡᠭᠡᠨ ᠤ ᠰᠤᠷᠭᠠᠭᠤᠯᠢ ︵1955 ᠣᠨ ᠳᠤ ᠪᠠᠶᠢᠭᠤᠯᠤᠭᠳᠠᠪᠠ︶ ᠶᠢ | ᠤᠷᠢᠳ ᠬᠤᠵᠢᠳ ᠨᠡᠶᠢᠯᠡᠭᠦᠯᠦᠨ ᠪᠠᠶᠢᠭᠤᠯᠵᠤ᠂ ᠤᠢᠢᠷ᠎ᠠ ᠶᠢᠨ 70 ᠵᠢᠯ ᠤᠨ ᠲᠤᠷᠰᠢ᠂ ᠨᠡᠶᠢᠲᠡ 7 ᠲᠦᠮᠡ ᠭᠠᠷᠤᠢ | ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠴᠢᠳᠠᠪᠤᠷᠢᠲᠠᠢ ᠴᠢᠳᠠᠪᠤᠷᠢᠲᠠᠨ ᠢ ᠬᠥᠮᠦᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠬᠦᠴᠦᠲᠡᠢ | ᠲᠤᠯᠭᠠᠭᠤᠷᠢᠯᠠᠯ ᠶᠢ ᠬᠠᠩᠭᠠᠵᠠᠢ᠃ | | | | | | ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ | ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠲᠣᠭᠤᠷᠢᠭ ᠲᠤ ᠪᠠᠶᠢᠷᠢᠯᠠᠵᠤ᠂ 916 ᠮᠥ ᠭᠠᠵᠠᠷ ᠡᠵᠡᠯᠡᠵᠦ᠂ ᠭᠡᠷ ᠪᠠᠷᠢᠯᠭ᠎ᠠ ᠶᠢᠨ ᠲᠠᠯᠠᠪᠠᠶ ᠨᠢ 19 | ᠲᠦᠮᠡᠨ ᠲᠡᠭᠰᠢ ᠳᠥᠷᠪᠡᠯᠵᠢᠨ ᠮᠧᠲᠷ ᠪᠣᠢ᠃ ᠰᠤᠷᠭᠠᠭᠤᠯᠢ ᠶᠢᠨ ᠤᠯᠠᠨ ᠵᠠᠭᠤᠴᠢᠯᠠᠭᠤᠷ ᠤᠨ ᠬᠢᠴᠢᠶᠡᠯ ᠤᠨ ᠭᠡᠷ ᠤᠨ | ᠲᠠᠯᠠᠪᠠᠢ 3.45 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠯ ᠤᠨ ᠭᠡᠷ ᠤᠨ | ᠲᠠᠯᠠᠪᠠᠢ 3.54 ᠲᠦᠮᠡᠨ ᠲᠡᠭᠰᠢ ᠳᠥᠷᠪᠡᠯᠵᠢᠨ ᠮᠧᠲᠷ᠂ ᠰᠤᠷᠤᠭᠴᠢ ᠨᠢᠭᠡ ᠪᠦᠷᠢ ᠳᠤ ᠳᠤᠮᠳᠠᠴᠢ ᠪᠠᠷ ᠨᠣᠭᠳᠠᠬᠤ | ᠵᠢᠭᠠᠨ ᠰᠤᠷᠭᠠᠯᠲᠠ ᠳᠤ ᠬᠡᠷᠡᠭᠯᠡᠬᠦ ᠬᠢᠴᠢᠶᠡᠯ ᠤᠨ ᠭᠡᠷ ᠤᠨ ᠲᠠᠯᠠᠪᠠᠢ᠂ ᠰᠤᠷᠤᠭᠴᠢ ᠨᠢᠭᠡ ᠪᠦᠷᠢ ᠳᠤ ᠳᠤᠮᠳᠠᠴᠢ ᠪᠠᠷ | ᠨᠣᠭᠳᠠᠬᠤ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠠᠵᠢᠯ ᠤᠨ ᠪᠠᠶᠢᠷᠢ ᠶᠢᠨ ᠲᠤᠭ᠎ᠠ᠂ ᠰᠤᠷᠭᠠᠭᠤᠯᠢ ᠶᠢᠨ | ᠬᠦᠷᠢᠶᠡᠨ ᠤ ᠰᠦᠯᠵᠢᠶᠡᠨ ᠤ ᠭᠤᠣᠯ ᠪᠣᠯᠬᠤ ᠬᠠᠮᠤᠭ ᠤᠨ ᠶᠡᠭᠡ ᠥᠷᠭᠡᠨ ᠪᠦᠰᠡ ᠵᠡᠷᠭᠡ ᠨᠢ ᠴᠥᠮ ᠤᠯᠤᠰ ᠤᠨ | ᠪᠠᠷᠢᠮᠵᠢᠶ᠎ᠠ ᠳᠤ ᠬᠥᠷᠥᠭᠰᠡᠨ ᠪᠤᠶᠤ ᠲᠡᠭᠦᠨ ᠠᠴᠠ ᠳᠠᠪᠠᠭᠰᠠᠨ ᠪᠠᠶᠢᠨ᠎ᠠ᠃ ᠰᠤᠷᠭᠠᠭᠤᠯᠢ ᠳᠤ ᠣᠳᠣ ᠪᠠᠭᠰᠢ ᠠᠵᠢᠯᠳᠡᠠ | ᠠᠵᠢᠯᠴᠢᠠ 605 ᠪᠠᠶᠢᠵᠤ᠂ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠰᠤᠷᠤᠭᠴᠢ 9200 | ᠭᠠᠷᠤᠶ ᠪᠠᠶᠢᠨ᠎ᠠ᠃ | | | | | | ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ | ᠪᠠᠶᠢᠭᠤᠯᠤᠭᠳᠠᠭᠰᠠᠨ ᠠᠴᠠ ᠨᠠᠭᠠᠰᠢ᠂ ︽ᠰᠢᠷᠭᠠᠭᠤ ᠰᠤᠷᠤᠯᠴᠠᠬᠤ᠂ ᠨᠠᠷᠢᠨ ᠨᠢᠮᠪᠠᠶ᠂ ᠦᠨᠡᠨᠴᠢ ᠢᠲᠡᠭᠡᠮᠵᠢᠲᠡᠶ᠂ | ᠰᠢᠨ᠎ᠡ ᠶᠢ ᠡᠭᠦᠳᠬᠦ︾ ᠰᠤᠷᠭᠠᠭᠤᠯᠢ ᠶᠢᠨ ᠰᠤᠷᠭᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠵᠠᠬ᠎ᠠ | ᠳᠡᠯᠭᠡᠭᠦᠷ ᠲᠤ ᠬᠠᠨᠳᠤᠭᠤᠯᠤᠭᠰᠠᠨ᠂ ᠬᠥᠭᠵᠢᠯᠲᠡ ᠳᠤ ᠦᠢᠯᠡᠴᠢᠯᠡᠭᠰᠡᠨ᠂ ᠠᠵᠢᠯ ᠣᠯᠭᠤᠯᠲᠠ ᠶᠢ ᠠᠬᠢᠭᠤᠯᠬᠤ | ᠰᠤᠷᠭᠠᠭᠤᠯᠢ ᠡᠷᠬᠢᠯᠡᠬᠦ ᠴᠢᠭᠯᠡᠯ ᠪᠣᠯᠤᠨ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠬᠠᠭᠰᠠᠨ᠂ ᠰᠤᠷᠭᠠᠭᠤᠯᠢ | ᠠᠵᠤ ᠠᠬᠤᠶᠢᠯᠠᠯ ᠬᠠᠮᠲᠤᠷᠠᠭᠰᠠᠨ ᠰᠤᠷᠭᠠᠭᠤᠯᠢ ᠡᠷᠬᠢᠯᠡᠬᠦ ᠬᠡᠪ ᠵᠠᠭᠪᠤᠷ ᠢ ᠪᠠᠷᠢᠮᠲᠠᠯᠠᠵᠤ᠂ ᠮᠡᠳᠡᠬᠦᠶ ᠬᠢᠬᠦᠶ ᠶᠢ | ᠨᠢᠭᠡᠳᠬᠡᠬᠦ᠂ ᠠᠵᠢᠯᠯᠠᠵᠤ ᠰᠤᠷᠤᠯᠴᠠᠬᠤ ᠶᠢ ᠤᠶᠠᠯᠳᠤᠭᠤᠯᠬᠤ ᠶᠢ ᠶᠡᠭᠡ ᠪᠠᠷ ᠠᠬᠢᠭᠤᠯᠵᠤ᠂ 2010 ᠣᠨ ᠳᠤ | ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ — | ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ ᠢ | ᠵᠣᠬᠢᠶᠠᠨ ᠪᠠᠶᠢᠭᠤᠯᠵᠤ᠂ ᠣᠲᠣ 122 ᠬᠡᠷᠡᠭ ᠡᠷᠭᠢᠯᠡᠬᠦ ᠨᠢᠭᠡᠴᠢ ᠲᠠᠢ ᠪᠣᠯᠵᠤ᠂ ᠵᠠᠰᠠᠭ ᠤᠨ ᠣᠷᠳᠣᠨ᠂ ᠠᠵᠢᠯ | ᠲᠥᠷᠥᠯ᠂ ᠠᠵᠤ ᠠᠬᠤᠶᠢᠯᠠᠯ᠂ ᠰᠤᠷᠭᠠᠭᠤᠯᠢ ᠰᠠᠶᠢᠲᠤᠷ ᠬᠠᠮᠲᠤᠷᠠᠨ ᠬᠥᠮᠦᠨ ᠢ ᠬᠥᠮᠦᠵᠢᠭᠦᠯᠬᠦ ᠰᠠᠶᠢᠨ ᠰᠠᠶᠢᠬᠠᠨ | ᠪᠠᠶᠢᠳᠠᠯ ᠢ ᠦᠨᠳᠦᠰᠦᠨ ᠳᠤ ᠪᠠᠨ ᠪᠣᠶ ᠪᠣᠯᠭᠠᠪᠠ᠃ | | | | | | ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ | ᠵᠢᠩᠬᠢᠨᠢ ᠠᠩᠭᠢ ᠳᠤ ᠨᠡᠪᠲᠡᠷᠡᠭᠰᠡᠨ ᠴᠢᠳᠠᠪᠤᠷᠢᠲᠠᠨ ᠬᠥᠮᠦᠵᠢᠭᠦᠯᠬᠦ ᠵᠦᠷᠢᠯᠢᠭ ᠬᠥᠭᠦᠷᠭᠡ ᠶᠢ ᠢᠳᠡᠪᠬᠢᠲᠡᠶ ᠪᠠᠶᠢᠭᠤᠯᠪᠠ᠃ | ᠲᠣᠭᠲᠠᠪᠤᠷᠢᠲᠠᠶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠣᠷᠣᠭᠴᠢ ᠶᠢᠨ | ᠢᠷᠡᠯᠲᠡ ᠲᠠᠢ ᠪᠥᠭᠡᠳ ᠵᠣᠬᠢᠬᠤ ᠬᠡᠮᠵᠢᠶᠡᠨ ᠳᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠤᠷᠭᠠᠭᠤᠯᠢ ᠳᠤ ᠪᠠᠶᠢᠭ᠎ᠠ ᠰᠣᠷᠣᠭᠴᠢ ᠶᠢ ᠡᠯᠰᠡᠨ᠎ᠡ᠃ 2014 ᠣᠨ ᠠᠴᠠ ᠨᠠᠭᠠᠰᠢ᠂ ᠦᠪᠦᠷ ᠮᠤᠩᠭᠤᠯ ᠤᠨ ᠡᠳ᠋ ᠤᠨ | ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠲᠠᠢ ᠬᠤᠯᠪᠤᠭᠠᠯᠠᠨ ᠡᠷᠭᠢᠯᠡᠭᠰᠡᠨ ᠠᠵᠢᠯ ᠮᠡᠷᠭᠡᠵᠢᠯ ᠤᠨ ᠵᠢᠩᠬᠢᠨᠢ | ᠠᠩᠭᠢ ᠶᠢᠨ ᠰᠤᠷᠭᠠᠨ ᠬᠥᠮᠦᠵᠢᠯ ᠨᠢ 677 ᠰᠤᠷᠤᠭᠴᠢ ᠬᠥᠮᠦᠵᠢᠭᠦᠯᠵᠡᠶ᠃ ᠦᠪᠦᠷ ᠮᠤᠩᠭᠤᠯ ᠤᠨ ᠡᠳ᠋ ᠤᠨ ᠵᠠᠰᠠᠭ | ᠠᠵᠤ ᠠᠬᠤᠶ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠦᠪᠦᠷ | ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠬᠦᠬᠡᠬᠤᠳᠠ ᠦᠨᠳᠤᠰᠤᠲᠠᠨ ᠤ ᠳᠡᠭᠡᠳᠦ ᠰᠤᠷᠭᠠᠭᠤᠯᠢ᠂ | ᠪᠣᠷᠣᠲᠣᠬᠤᠶ ᠳᠡᠭᠡᠳᠦ ᠰᠤᠷᠭᠠᠭᠤᠯᠢ᠂ ᠵᠢᠨᠢᠩ ᠪᠠᠭᠰᠢ ᠶᠢᠨ ᠳᠡᠭᠡᠳᠦ ᠰᠤᠷᠭᠠᠭᠤᠯᠢ᠂ ᠦᠪᠦᠷ ᠮᠤᠩᠭᠤᠯ ᠤᠨ ᠬᠤᠩ ᠳ᠋ᠧ | ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠵᠡᠷᠭᠡ ᠵᠢᠩᠬᠢᠨᠢ ᠠᠩᠭᠢᠲᠤ ᠳᠡᠭᠡᠳᠦ | ᠰᠤᠷᠭᠠᠭᠤᠯᠢ ᠯᠤᠭ᠎ᠠ ᠲᠤᠰᠬᠠᠶ ᠮᠡᠷᠭᠡᠵᠢᠯ ᠠᠴᠠ ᠵᠢᠩᠬᠢᠨᠢ ᠠᠩᠬᠢ ᠳᠤ ᠳᠡᠪᠰᠢᠬᠦ ᠰᠤᠷᠭᠠᠨ ᠬᠥᠮᠦᠵᠢᠯ ᠤᠨ | ᠬᠤᠷᠰᠢᠯᠴᠠᠭ᠎ᠠ ᠶᠢ ᠨᠢᠭᠲᠠ ᠥᠷᠨᠢᠭᠦᠯᠪᠡ᠃ | | | | | | ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ | ᠬᠤᠳᠠᠯᠳᠤᠭ᠎ᠠ ᠠᠷᠠᠯᠵᠢᠶᠠᠨ ᠤ ᠭᠦᠢᠯᠭᠡᠭᠡ᠂ ᠡᠳ᠋ ᠤᠨ ᠶᠠᠪᠤᠳᠠᠯ ᠮᠥᠩᠭᠦᠨ ᠭᠦᠢᠯᠭᠡᠭᠡ᠂ ᠵᠤᠭᠠᠴᠠᠯ ᠤᠨ ᠬᠠᠮᠢᠶᠠᠷᠤᠯᠲᠠ᠂ | ᠮᠡᠳᠡᠭᠡ ᠵᠠᠩᠭᠢ ᠶᠢᠨ ᠮᠡᠷᠭᠡᠵᠢᠯ᠂ ᠢᠳᠡᠭᠡᠨ ᠤᠮᠳᠠᠭᠠᠨ᠂ ᠤᠷᠠᠯᠠᠯ ᠤᠨ ᠵᠢᠷᠤᠭ ᠲᠥᠯᠥᠪᠯᠡᠭᠡ ᠵᠡᠷᠭᠡ 6 ᠶᠡᠭᠡ | ᠲᠤᠰᠬᠠᠢ ᠮᠡᠷᠭᠡᠵᠢᠯ ᠤᠨ ᠪᠦᠯᠦᠭᠯᠡᠯ ᠢ ᠪᠠᠶᠢᠭᠤᠯᠵᠤ᠂ ᠬᠤᠳᠠᠯᠳᠤᠭᠠᠨ ᠤ ᠰᠢᠨᠵᠢᠯᠡᠭᠡᠨ ᠤ ᠰᠠᠯᠠᠭᠠᠨ ᠤ ᠲᠤᠰᠬᠠᠶ | ᠮᠡᠷᠭᠡᠵᠢᠯ ᠢᠶᠠᠷ ᠭᠤᠤᠯ ᠴᠣᠭᠴᠠ ᠪᠣᠯᠭᠠᠭᠰᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠪᠣᠯᠪᠠᠰᠤᠷᠠᠭᠤᠯᠬᠤ ᠲᠥᠷᠥᠯ ᠤᠨ ᠲᠤᠰᠬᠠᠶ ᠮᠡᠷᠭᠡᠵᠢᠯ ᠪᠠ ᠤᠷᠠᠯᠠᠯ ᠤᠨ ᠵᠢᠷᠤᠭ ᠲᠥᠯᠦᠪᠯᠡᠭᠡᠨ ᠤ ᠲᠥᠷᠥᠯ ᠤᠨ | ᠲᠤᠰᠬᠠᠶ ᠮᠡᠷᠭᠡᠵᠢᠯ ᠢᠶᠠᠷ ᠬᠤᠣᠰ ᠵᠢᠭᠦᠷ ᠪᠣᠯᠭᠠᠭᠰᠠᠨ ᠲᠤᠰᠬᠠᠶ ᠮᠡᠷᠭᠡᠵᠢᠯ ᠤᠨ ᠪᠦᠲᠦᠴᠡ ᠶᠢ ᠪᠦᠷᠢᠯᠳᠦᠭᠦᠯᠵᠦ᠂ | ᠣᠲᠣ 43 ᠲᠤᠰᠬᠠᠶ ᠮᠡᠷᠭᠡᠵᠢᠯ ᠢ ᠪᠠᠶᠢᠭᠤᠯᠵᠤ᠂ ᠡᠭᠦᠨ ᠳᠤ ᠤᠯᠤᠰ ᠤᠨ ᠳᠡᠰ ᠤᠨ ᠭᠤᠤᠯᠯᠠᠭᠴᠢ ᠲᠤᠰᠬᠠᠶ ᠮᠡᠷᠭᠡᠵᠢᠯ | 4᠂ ᠤᠯᠤᠰ ᠤᠨ 1+X ᠦᠨᠡᠮᠯᠡᠯ ᠤᠨ ᠲᠤᠷᠰᠢᠯᠲᠠ ᠶᠢᠨ ᠲᠤᠰᠬᠠᠶ ᠮᠡᠷᠭᠡᠵᠢᠯ 11᠂ ᠰᠤᠷᠭᠠᠨ ᠬᠦᠮᠤᠵᠢᠯ ᠤᠨ | ᠶᠠᠮᠤᠨ ᠤ ᠣᠲᠣ ᠦᠶ᠎ᠡ ᠶᠢᠨ ᠱᠠᠪᠢᠯᠠᠬᠤ ᠳᠦᠷᠢᠮᠲᠦ ᠲᠤᠷᠰᠢᠯᠲᠠ ᠶᠢᠨ ᠲᠤᠰᠬᠠᠶ ᠮᠡᠷᠭᠡᠵᠢᠯ 4᠂ ᠣᠯᠠᠨ ᠤᠯᠤᠰ ᠤᠨ | ᠬᠠᠮᠲᠤᠷᠠᠨ ᠰᠤᠷᠭᠠᠭᠤᠯᠢ ᠡᠷᠬᠢᠯᠡᠬᠦ ᠲᠤᠰᠬᠠᠶ ᠮᠡᠷᠭᠡᠵᠢᠯ 1 ᠪᠣᠶ᠃ ᠣᠶᠢᠷ᠎ᠠ ᠶᠢᠨ 3 ᠵᠢᠯ ᠳᠤ ᠰᠢᠨ᠎ᠡ | ᠰᠤᠷᠤᠭᠴᠢᠳ ᠤᠨ ᠨᠡᠷ᠎ᠡ ᠮᠡᠳᠡᠭᠦᠯᠦᠭᠰᠡᠨ ᠨᠣᠷᠮ᠎ᠠ᠂ ᠲᠡᠭᠦᠰᠦᠭᠰᠡᠨ ᠰᠤᠷᠤᠭᠴᠢᠳ ᠤᠨ ᠬᠠᠨᠤᠮᠵᠢ ᠶᠢᠨ ᠬᠡᠮᠵᠢᠶ᠎ᠡ᠂ | ᠬᠥᠮᠦᠨ ᠬᠡᠷᠡᠭᠯᠡᠬᠦ ᠨᠢᠭᠡᠴᠢ ᠶᠢᠨ ᠬᠠᠨᠤᠮᠵᠢ ᠶᠢᠨ ᠬᠡᠮᠵᠢᠶ᠎ᠡ ᠴᠥᠮ 90% ᠶᠢ ᠳᠠᠪᠠᠭᠰᠠᠨ ᠪᠠᠶᠢᠨ᠎ᠠ᠃ | | | | | | ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ | 2007 ᠣᠨ ᠠᠴᠠ ᠡᠬᠢᠯᠡᠨ᠂ ᠤᠷᠢᠳ ᠬᠤᠵᠢᠳ ᠠᠩᠭ᠍ᠯᠢ ᠶᠢᠨ ᠰᠠᠨᠳ᠋ᠯᠠᠨᠲ ᠬᠤᠲᠠ ᠶᠢᠨ ᠳᠡᠭᠡᠳᠦ ᠰᠤᠷᠭᠠᠭᠤᠯᠢ | ᠪᠣᠯᠤᠨ ᠠᠩᠭ᠍ᠯᠢ ᠶᠢᠨ ᠡᠮᠦᠨᠡᠲᠦ ᠤᠰᠤᠺᠰ ᠳᠡᠭᠡᠳᠦ ᠰᠤᠷᠭᠠᠭᠤᠯᠢ ᠲᠠᠢ ᠳᠤᠮᠳᠠᠳᠤ ᠭᠠᠳᠠᠭᠠᠳᠤ ᠬᠤᠷᠰᠢᠨ ᠰᠤᠷᠭᠠᠭᠤᠯᠢ | ᠡᠷᠬᠢᠯᠡᠬᠦ ᠲᠥᠰᠦᠯ ᠢ ᠬᠡᠷᠡᠭᠵᠢᠭᠦᠯᠵᠦ᠂ ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠲᠡᠭᠦᠰᠦᠭᠰᠡᠨ ᠦᠨᠡᠮᠯᠡᠯ ᠲᠠᠢ ᠪᠥᠭᠡᠳ ᠠᠩᠭ᠍ᠯᠢ ᠶᠢᠨ ᠬᠤᠷᠰᠢᠭᠰᠠᠨ ᠳᠡᠭᠡᠳᠦ ᠰᠤᠷᠭᠠᠭᠤᠯᠢ | ᠲᠡᠭᠦᠰᠦᠭᠰᠡᠨ ᠦᠨᠡᠮᠯᠡᠯ ᠲᠠᠢ ᠲᠡᠭᠦᠰᠦᠭᠰᠡᠨ ᠰᠤᠷᠤᠭᠴᠢ 1353 ᠶᠢ ᠬᠥᠮᠦᠵᠢᠭᠦᠯᠵᠡᠶ᠃ | | | | | | 2019 ᠣᠨ ᠳᠤ᠂ ᠰᠤᠷᠭᠠᠭᠤᠯᠢ ᠨᠢ ᠭᠤᠷᠪᠠᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ | ᠬᠤᠷᠠᠯ ᠢ ᠬᠢᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠶᠡᠷᠦᠩᠬᠡᠶ ᠰᠡᠳᠬᠢᠮᠵᠢ ᠪᠣᠯᠤᠨ | ᠬᠥᠭᠵᠢᠯᠲᠡ ᠶᠢᠨ ᠬᠠᠷᠠᠯᠲᠠ ᠪᠠᠨ ᠲᠣᠳᠣᠷᠬᠠᠶᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ | ᠤᠯᠦᠰ ᠤᠨ ᠤᠡᠴᠡᠯᠢᠬ ᠪᠥᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠨᠠᠮ ᠤᠨ ᠰᠤᠷᠭᠠᠨ | ᠬᠥᠮᠦᠵᠢᠯ ᠤᠨ ᠴᠢᠭᠯᠡᠯᠲᠡ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠤᠢ ᠪᠣᠯᠭᠠᠨ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠳᠤ ᠠᠩᠬᠠᠷᠤᠯ ᠢᠶᠠᠨ ᠬᠠᠨᠳᠤᠭᠤᠯᠤᠨ᠂ ᠤᠯᠤᠰ ᠪᠣᠯᠤᠨ ᠥᠪᠡᠷᠲᠡᠭᠡᠨ ᠵᠠᠰᠠᠬᠤ | ᠣᠷᠣᠨ ᠤ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ | ᠭᠦᠨᠵᠡᠭᠡᠶ ᠨᠠᠶᠢᠳᠠᠪᠤᠷᠢᠵᠢᠭᠤᠯᠵᠤ᠂ ᠬᠡᠪᠴᠢᠶ᠎ᠡ ᠲᠣᠬᠢᠷᠠᠮᠵᠢᠲᠠᠶ᠂ ᠪᠦᠲᠦᠴᠡ ᠶᠢ ᠰᠢᠯᠢᠳᠡᠭᠵᠢᠭᠦᠯᠬᠦ᠂ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ᠂ ᠣᠨᠴᠠᠯᠢᠭ ᠢ ᠲᠤᠪᠤᠶᠢᠯᠭᠠᠬᠤ ᠶᠡᠷᠦᠩᠬᠡᠶ ᠰᠡᠳᠬᠢᠮᠵᠢ ᠪᠠᠷ ᠰᠤᠷᠤᠯᠭ᠎ᠠ ᠶᠢᠨ ᠨᠠᠮᠲᠠᠷ ᠤᠨ | ᠰᠤᠷᠭᠠᠨ ᠬᠥᠮᠦᠵᠢᠯ ᠬᠢᠭᠡᠳ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠡᠷᠭᠡ ᠳᠤ ᠨᠢ ᠴᠢᠬᠤᠯᠠᠴᠢᠯᠠᠬᠤ ᠶᠢ | ᠪᠠᠷᠢᠮᠲᠠᠯᠠᠨ᠂ ᠥᠨᠳᠥᠷ ᠬᠡᠪ ᠪᠣᠯᠪᠠᠰᠤᠷᠠᠯ ᠪᠥᠬᠦᠢ ᠮᠡᠷᠭᠡᠵᠢᠯ ᠴᠢᠳᠠᠪᠤᠷᠢᠲᠠᠢ ᠨᠡᠩ ᠤᠯᠠᠨ ᠴᠢᠳᠠᠪᠤᠷᠢᠲᠠᠨ ᠢ | ᠬᠦᠴᠦᠯᠡᠨ ᠬᠥᠮᠦᠵᠢᠭᠦᠯᠵᠦ᠂ ᠰᠤᠷᠭᠠᠭᠤᠯᠢ ᠪᠠᠨ ᠤᠯᠤᠰ ᠤᠨ ᠳᠣᠲᠣᠭᠠᠳᠤ ᠶᠢᠨ ᠲᠡᠷᠢᠭᠦᠨ ᠤ ᠬᠤᠳᠠᠯᠳᠤᠭᠠᠨ ᠤ | ᠰᠢᠨᠵᠢᠯᠡᠭᠡᠨ ᠤ ᠰᠠᠯᠠᠭᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠭᠠᠨ ᠪᠠᠶᠢᠭᠤᠯᠬᠤ ᠪᠠᠷ | ᠴᠢᠷᠮᠠᠶᠢᠵᠤ ᠪᠠᠶᠢᠨ᠎ᠠ᠃ | | | | | | |