| | ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠵᠤ ᠪᠠᠶᠢᠨ᠎ᠠ᠃ | ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ | — ︽ᠤᠯᠠᠭᠠᠨ ᠲᠤᠭ ᠨᠠᠮᠢᠷᠠᠨ᠎ᠠ︾ | | | ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ | | | ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠣᠯ 1951 ᠣᠨ ᠳᠤ | ᠪᠠᠶᠢᠭᠤᠯᠤᠭᠳᠠᠭᠰᠠᠨ ᠰᠦᠢᠶᠤᠸᠠᠨ ᠮᠤᠵᠢ ᠶᠢᠨ ᠳᠡᠭᠡᠳᠦ ᠵᠡᠷᠭᠡ ᠶᠢᠨ ᠠᠵᠤ ᠦᠢᠯᠡᠳᠪᠦᠷᠢ ᠶᠢᠨ ᠰᠤᠷᠭᠠᠭᠤᠯᠢ ᠶᠢᠨ | ᠰᠠᠭᠤᠷᠢᠨ ᠳᠡᠭᠡᠷ᠎ᠡ ᠪᠠᠶᠢᠭᠤᠯᠤᠭᠳᠠᠭᠰᠠᠨ ᠶᠤᠮ᠃ 1958 ᠣᠨ ᠳᠤ ᠴᠢᠩᠬᠤᠸᠠ ᠶᠡᠭᠡ ᠰᠤᠷᠭᠠᠭᠤᠯᠢ ᠵᠡᠷᠭᠡ ᠶᠢᠨ | ᠳᠡᠮᠵᠢᠯᠭᠡ ᠪᠠᠷ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢ ᠪᠠᠶᠢᠭᠤᠯᠵᠤ᠂ | ᠮᠧᠬᠠᠨᠢᠭ ᠤᠨ ᠠᠵᠤ ᠦᠢᠯᠡᠳᠪᠦᠷᠢ ᠶᠢᠨ ᠶᠠᠮᠤᠨ᠂ ᠲᠠᠷᠢᠶᠠᠯᠠᠩ ᠤᠨ ᠮᠧᠬᠠᠨᠢᠭ ᠤᠨ ᠶᠠᠮᠤᠨ ᠳᠤ ᠬᠠᠷᠢᠶᠠᠯᠠᠭᠳᠠᠵᠤ᠂ | 1983 ᠣᠨ ᠳᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠬᠤᠪᠢᠶᠠᠷᠢᠯᠠᠨ ᠥᠭᠴᠦ᠂ 1993 | ᠣᠨ ᠳᠤ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠭᠡᠵᠦ ᠨᠡᠷ᠎ᠡ ᠪᠠᠨ ᠬᠠᠯᠠᠪᠠ᠃ | ᠣᠳᠣᠬᠠᠨ ᠳᠤ ᠰᠤᠷᠭᠠᠭᠤᠯᠢ ᠨᠢ ᠰᠢᠨ᠎ᠡ ᠬᠤᠲᠠ ᠰᠤᠷᠭᠠᠭᠤᠯᠢ ᠶᠢᠨ ᠲᠣᠭᠤᠷᠢᠭ᠂ ᠵᠢᠨᠴᠤᠸᠠᠨ ᠰᠤᠷᠭᠠᠭᠤᠯᠢ ᠶᠢᠨ | ᠲᠣᠭᠤᠷᠢᠭ᠂ ᠵᠡᠭᠦᠨᠭᠠᠷ ᠰᠤᠷᠭᠠᠭᠤᠯᠢ ᠶᠢᠨ ᠲᠣᠭᠤᠷᠢᠭ ᠲᠠᠢ᠂ ᠡᠵᠡᠯᠡᠵᠦ ᠪᠠᠶᠢᠭ᠎ᠠ ᠲᠠᠯᠠᠪᠠᠢ 3228 ᠮᠥ᠂ ᠭᠡᠷ | ᠪᠠᠷᠢᠯᠭ᠎ᠠ ᠶᠢᠨ ᠲᠠᠯᠠᠪᠠᠢ 87.53 ᠲᠦᠮᠡᠨ ᠲᠡᠭᠰᠢ ᠳᠥᠷᠪᠡᠯᠵᠢᠨ ᠮᠧᠲᠷ᠂ ᠵᠢᠭᠠᠨ ᠰᠤᠷᠭᠠᠯᠲᠠ᠂ ᠡᠷᠳᠡᠮ | ᠰᠢᠨᠵᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ ᠥᠷᠲᠡᠭ ᠨᠢ 7.56 ᠳ᠋ᠦᠩᠰᠢᠭᠤᠷ ᠲᠥᠭᠦᠷᠢᠭ ᠲᠤ | ᠬᠦᠷᠴᠡᠶ᠃ | | | | | ᠰᠢᠨ᠎ᠡ ᠬᠤᠲᠠ ᠰᠤᠷᠭᠠᠭᠤᠯᠢ ᠶᠢᠨ ᠲᠣᠭᠤᠷᠢᠭ | | | | ᠵᠢᠨᠴᠤᠸᠠᠨ ᠰᠤᠷᠭᠠᠭᠤᠯᠢ ᠶᠢᠨ ᠲᠣᠭᠤᠷᠢᠭ | | | | ᠵᠡᠭᠦᠨᠭᠠᠷ ᠰᠤᠷᠭᠠᠭᠤᠯᠢ ᠶᠢᠨ ᠲᠣᠭᠤᠷᠢᠭ | | | | 70 ᠵᠢᠯ ᠤᠨ ᠬᠥᠭᠵᠢᠯᠲᠡ ᠪᠠᠷ ᠳᠡᠮᠵᠢᠨ᠂ ᠰᠤᠷᠭᠠᠭᠤᠯᠢ ᠶᠢ ᠨᠢᠭᠡᠨᠲᠡ ᠠᠵᠤ ᠦᠢᠯᠡᠳᠪᠦᠷᠢ ᠪᠠᠷ | ᠭᠤᠣᠣᠯᠯᠠᠭᠤᠯᠤᠭᠰᠠᠨ᠂ ᠠᠵᠤ ᠦᠢᠯᠡᠳᠪᠦᠷᠢ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠨᠡᠶᠢᠭᠡᠮ ᠤᠨ ᠰᠢᠨᠵᠢᠯᠡᠬᠦ | ᠤᠬᠠᠭᠠᠨ᠂ ᠠᠵᠤ ᠠᠬᠤᠶ᠂ ᠬᠠᠮᠢᠶᠠᠷᠤᠯᠲᠠ᠂ ᠬᠠᠤᠯᠢ ᠴᠠᠭᠠᠵᠠ᠂ ᠤᠷᠠᠯᠢᠭ ᠢ ᠤᠶᠠᠯᠳᠤᠭᠤᠯᠤᠭᠰᠠᠨ᠂ ᠳ᠋ᠣᠺᠲ᠋ᠣᠷ᠂ | ᠮᠠᠰᠲ᠋ᠧᠷ᠂ ᠵᠢᠩᠬᠢᠨᠢ ᠠᠩᠭᠢ ᠶᠢᠨ ᠪᠦᠷᠢᠨ ᠪᠦᠲᠦᠨ ᠴᠢᠳᠠᠪᠤᠷᠢᠲᠠᠨ ᠢ ᠬᠥᠮᠦᠵᠢᠭᠦᠯᠬᠦ ᠳᠣᠭᠲᠠᠯᠴᠠᠭᠠᠨ ᠤ ᠣᠨᠴᠠᠯᠢᠭ | ᠢᠯᠡ ᠲᠣᠳᠣ ᠣᠯᠠᠨ ᠰᠢᠨᠵᠢᠯᠡᠭᠡᠨ ᠤ ᠰᠠᠯᠠᠭ᠎ᠠ ᠲᠠᠢ ᠶᠡᠭᠡ ᠰᠤᠷᠭᠠᠭᠤᠯᠢ ᠪᠣᠯᠭᠠᠨ ᠪᠥᠲᠥᠭᠡᠨ ᠪᠠᠶᠢᠭᠤᠯᠤᠭᠰᠠᠨ | ᠪᠠᠶᠢᠨ᠎ᠠ᠃ ᠣᠲᠣ ᠵᠢᠭᠠᠨ ᠰᠤᠷᠭᠠᠯᠲᠠ ᠶᠢᠨ ᠨᠢᠭᠡᠴᠢ 21᠂ ᠰᠤᠳᠤᠯᠭᠠᠨ ᠤ ᠬᠦᠷᠢᠶᠡᠯᠡᠩ ︵ᠭᠠᠵᠠᠷ᠂ ᠲᠥᠪ︶ 52 | ᠪᠣᠢ᠃ ᠳ᠋ᠣᠺᠲ᠋ᠣᠷ ᠴᠣᠯᠠᠯᠠᠬᠤ ᠡᠷᠬᠡᠲᠦ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭ᠎ᠠ 3᠂ ᠳ᠋ᠣᠺᠲ᠋ᠣᠷ ᠴᠣᠯᠠᠯᠠᠬᠤ | ᠡᠷᠬᠡᠲᠦ ᠬᠤᠶᠠᠳᠤᠭᠠᠷ ᠳᠡᠰ ᠤᠨ ᠰᠢᠨᠵᠢᠯᠡᠭᠡᠨ ᠤ ᠰᠠᠯᠠᠭ᠎ᠠ ︵ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭᠠᠨ ᠤ | ᠪᠥᠷᠬᠦᠬᠦ ᠴᠡᠭ ᠢ ᠪᠠᠭᠲᠠᠭᠠᠬᠤ ᠥᠬᠡᠶ︶ 1 ᠪᠣᠶ︔ ᠮᠠᠰᠲ᠋ᠧᠷ ᠤᠨ ᠡᠷᠳᠡᠮ ᠤᠨ ᠴᠣᠯᠠ ᠶᠢᠨ ᠡᠷᠬᠡ ᠣᠯᠭᠤᠭᠰᠠᠨ | ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭ᠎ᠠ 20᠂ ᠮᠠᠰᠲ᠋ᠧᠷ ᠤᠨ ᠡᠷᠳᠡᠮ ᠤᠨ ᠴᠣᠯᠠ ᠶᠢᠨ ᠬᠤᠶᠠᠳᠤᠭᠠᠷ ᠳᠡᠰ ᠤᠨ | ᠰᠢᠨᠵᠢᠯᠡᠭᠡᠨ ᠤ ᠰᠠᠯᠠᠭ᠎ᠠ ︵ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭᠠᠨ ᠤ ᠪᠥᠷᠬᠦᠬᠦ ᠴᠡᠭ ᠢ ᠪᠠᠭᠲᠠᠭᠠᠬᠤ ᠥᠬᠡᠶ︶ | 9 ᠪᠠᠶᠢᠵᠤ᠂ ᠮᠠᠰᠲ᠋ᠧᠷ ᠤᠨ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠡᠷᠬᠡ ᠣᠯᠭᠤᠭᠰᠠᠨ ᠲᠥᠷᠥᠯ 14 ᠪᠣᠶ᠃ | ᠥᠪᠡᠷᠲᠡᠭᠡᠨ ᠵᠠᠰᠠᠬᠤ ᠣᠷᠣᠨ ᠤ ︽ᠬᠤᠤᠰ ᠲᠡᠷᠢᠭᠦᠨ︾ ᠤ ᠲᠥᠰᠦᠯ ᠤᠨ ᠪᠥᠲᠥᠭᠡᠨ ᠪᠠᠶᠢᠭᠤᠯᠤᠯᠲᠠ ᠶᠢᠨ | ᠰᠢᠨᠵᠢᠯᠡᠭᠡᠨ ᠤ ᠰᠠᠯᠠᠭ᠎ᠠ 2 ᠪᠣᠶ︔ ᠠᠬᠠᠯᠠᠭᠴᠢ ᠳ᠋ᠣᠺᠲ᠋ᠤᠷ ᠤᠨ ᠡᠷᠳᠡᠮ ᠰᠢᠨᠵᠢᠯᠡᠭᠡᠨ ᠤ ᠰᠢᠯᠵᠢᠮᠡᠯ ᠥᠷᠲᠡᠭᠡ 2 ᠪᠣᠶ᠃ | ᠣᠲᠣ ᠵᠢᠩᠬᠢᠨᠢ ᠠᠩᠭᠢ ᠶᠢᠨ ᠲᠤᠰᠬᠠᠶ ᠮᠡᠷᠭᠡᠵᠢᠯ 77᠂ 37 ᠲᠤᠰᠬᠠᠶ ᠮᠡᠷᠭᠡᠵᠢᠯ ᠤᠨ ᠲᠥᠷᠥᠯ ᠳᠤ ᠬᠤᠯᠪᠣᠭᠳᠠᠨ᠂ | ᠵᠢᠩᠬᠢᠨᠢ ᠠᠩᠭᠢ ᠶᠢᠨ ᠰᠢᠯᠢᠳᠡᠭ ᠰᠣᠷᠣᠭᠴᠢ ᠶᠢ ᠰᠢᠯᠭᠠᠬᠤ ᠦᠭᠡᠢ ᠪᠠᠷ ᠮᠠᠰᠲ᠋ᠧᠷ ᠰᠤᠷᠤᠯᠴᠠᠭᠤᠯᠬᠤ ᠬᠢᠷᠢ ᠬᠡᠮ ᠲᠠᠢ᠃ | ᠲᠣᠰ ᠰᠤᠷᠭᠠᠭᠤᠯᠢ ᠳᠤ ᠣᠲᠣ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ 23600 | ᠭᠠᠷᠤᠶ᠂ ᠳ᠋ᠣᠺᠲ᠋ᠣᠷᠠᠨᠲ᠂ ᠠᠰᠫᠢᠷᠠᠨᠲ 4900 ᠭᠠᠷᠤᠶ ᠪᠣᠶ᠃ | ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠣᠲᠣ ᠤᠯᠤᠰ᠂ ᠶᠠᠮᠤᠨ | ᠵᠥᠪᠯᠡᠯ ᠤᠨ ᠲᠠᠰ ᠤᠨ ᠡᠷᠳᠡᠮ ᠰᠢᠨᠵᠢᠯᠡᠭᠡᠨ ᠤ ᠲᠠᠪᠴᠠᠩ 3᠂ ᠥᠪᠡᠷᠲᠡᠭᠡᠨ ᠵᠠᠰᠠᠬᠤ ᠣᠷᠣᠨ ᠤ ᠲᠠᠰ ᠤᠨ | ᠭᠤᠣᠯᠳᠠᠯᠭᠠᠲᠠᠢ ᠲᠤᠷᠰᠢᠯᠲᠠ ᠶᠢᠨ ᠲᠠᠰᠤᠭ 19᠂ ᠥᠪᠡᠷᠲᠡᠭᠡᠨ ᠵᠠᠰᠠᠬᠤ ᠣᠷᠣᠨ ᠤ ᠲᠠᠰ ᠤᠨ ᠢᠨᠵᠧᠨᠧᠷᠢᠩ | ︵ᠮᠡᠷᠭᠡᠵᠢᠯ︶ ᠤᠨ ᠰᠤᠳᠤᠯᠭᠠᠨ ᠤ ᠲᠥᠪ 14᠂ ᠪᠤᠰᠤᠳ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠭᠠᠨ ᠤ | ᠲᠥᠪ᠂ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠵᠡᠷᠭᠡ ᠡᠷᠳᠡᠮ ᠰᠢᠨᠵᠢᠯᠡᠭᠡᠨ ᠤ ᠲᠠᠪᠴᠠᠩ 20᠂ ᠠᠺᠠᠳᠧᠮᠢᠴᠢ | ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ 1᠂ ᠠᠬᠠᠯᠠᠭᠴᠢ ᠳ᠋ᠣᠺᠲ᠋ᠤᠷ ᠤᠨ ᠡᠷᠳᠡᠮ ᠰᠢᠨᠵᠢᠯᠡᠭᠡᠨ ᠤ ᠥᠷᠲᠡᠭᠡ | 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠦᠯᠬᠦᠮ 32 ᠪᠣᠶ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠭᠠᠰᠢ᠂ ᠤᠷᠢᠳ | ᠬᠤᠵᠢᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠮᠤ ᠲᠥᠰᠦᠯ᠂ ᠤᠯᠤᠰ ᠤᠨ ᠪᠠᠶᠢᠭᠠᠯᠢ | ︵ᠨᠡᠶᠢᠭᠡᠮ︶ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠲᠥᠰᠦᠯ᠂ ᠥᠪᠡᠷᠲᠡᠭᠡᠨ ᠵᠠᠰᠠᠬᠤ ᠣᠷᠣᠨ ᠤ ᠲᠣᠮᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠶ ᠲᠥᠰᠦᠯ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ | ᠵᠢᠴᠢ ᠲᠡᠭᠦᠨ ᠠᠴᠠ ᠳᠡᠭᠡᠭᠰᠢᠬᠢ ᠡᠷᠳᠡᠮ ᠰᠢᠨᠵᠢᠯᠡᠭᠡᠨ ᠤ ᠲᠥᠰᠦᠯ ᠢ 1100 ᠭᠠᠷᠤᠶ ᠳᠠᠭᠠᠭᠠᠨ ᠠᠪᠴᠤ᠂ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ 1᠂ | ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ 25᠂ | ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠢᠳᠡᠭ ᠦᠷ᠎ᠡ ᠪᠦᠲᠦᠭᠡᠯ ᠤᠨ ᠵᠠᠰᠠᠭ ᠤᠨ ᠣᠷᠳᠣᠨ ᠤ ᠱᠠᠩᠨᠠᠯ 35 ᠶᠢ ᠭᠥᠷᠳᠡᠵᠦ᠂ SCI᠂ EI᠂ CPCI᠂ | CSSCI ᠵᠡᠷᠭᠡ ᠬᠠᠶᠢᠯᠲᠠ ᠶᠢᠨ ᠰᠢᠰᠲ᠋ᠧᠮ ᠳᠤ 3000 ᠭᠠᠷᠤᠶ ᠥᠭᠦᠯᠡᠯ ᠢ ᠣᠷᠣᠭᠤᠯᠤᠭᠰᠠᠨ ᠪᠠᠶᠢᠨ᠎ᠠ᠃ | ᠣᠳᠣ ᠤᠯᠤᠰ ᠤᠨ ᠮᠡᠷᠭᠡᠵᠢᠯ ᠢ ᠰᠢᠯᠵᠢᠭᠦᠯᠬᠦ ᠵᠠᠭᠤᠴᠢᠯᠠᠭᠴᠢ ᠶᠢ ᠬᠥᠮᠦᠵᠢᠭᠦᠯᠬᠦ ᠰᠠᠭᠤᠷᠢᠨ ᠭᠠᠵᠠᠷ 1 ᠪᠠᠶᠢᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ 1100 ᠭᠠᠷᠤᠶ ᠲᠦᠮᠡᠨ ᠲᠥᠭᠦᠷᠢᠭ | ᠰᠢᠯᠵᠢᠭᠦᠯᠦᠨ ᠬᠤᠪᠢᠷᠠᠭᠤᠯᠬᠤ ᠶᠢ ᠪᠡᠶᠡᠯᠡᠭᠦᠯᠪᠡ᠃ | | | | | | | | | | | | | ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠣᠲᠣ ᠪᠠᠭᠰᠢ ᠠᠵᠢᠯᠳᠡᠠ | ᠠᠵᠢᠯᠴᠢᠠ 2068᠂ ᠲᠤᠰᠬᠠᠶ ᠪᠠᠭᠰᠢ 1449 ᠪᠣᠶ᠂ ᠡᠭᠦᠨ ᠳᠤ ᠫᠷᠣᠹᠧᠰᠰᠤᠷ 205᠂ ᠳᠡᠳ᠋ ᠫᠷᠣᠹᠧᠰᠰᠤᠷ | 500᠂ ᠳ᠋ᠣᠺᠲ᠋ᠤᠷᠠᠨᠲ ᠤᠨ ᠵᠢᠯᠣᠭᠤᠳᠣᠭᠴᠢ ᠪᠠᠭᠰᠢ 80᠂ ᠠᠰᠫᠢᠷᠠᠨᠲ ᠤᠨ ᠵᠢᠯᠣᠭᠤᠳᠣᠭᠴᠢ ᠪᠠᠭᠰᠢ 639 ᠪᠣᠶ᠃ | ᠲᠤᠰᠬᠠᠶ ᠪᠠᠭᠰᠢ ᠶᠢᠨ ᠳᠣᠲᠤᠷ᠎ᠠ 90.82% ᠨᠢ ᠳ᠋ᠣᠺᠲ᠋ᠣᠷ᠂ ᠮᠠᠰᠲ᠋ᠧᠷ ᠴᠣᠯᠠ ᠬᠠᠮᠠᠭᠠᠯᠠᠪᠠ᠃ ᠪᠠᠭᠰᠢ ᠶᠢᠨ | ᠳᠣᠲᠣᠷ᠎ᠠ ᠠᠴᠠ 3 ᠪᠠᠭᠰᠢ ︽ᠤᠯᠤᠰ ᠤᠨ ᠵᠠᠭᠤ ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ︾ ᠳᠤ | ᠰᠣᠩᠭᠤᠭᠳᠠᠨ ᠣᠷᠣᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠣᠨᠴᠠ ᠨᠡᠮᠡᠭᠦᠷᠢ ᠶᠢ | ᠭᠥᠷᠳᠡᠭᠰᠡᠨ ᠪᠤᠶᠤ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ | ᠢᠳᠡᠷ ᠵᠠᠯᠠᠭᠤ ᠲᠤᠰᠬᠠᠶ ᠮᠡᠷᠭᠡᠵᠢᠯᠲᠡᠨ︾ ᠤ ᠴᠣᠯᠠ ᠶᠢ 83 ᠬᠥᠮᠦᠨ ᠤᠳᠠᠭ᠎ᠠ ᠭᠥᠷᠳᠡᠵᠦ᠂ ︽ᠦᠪᠦᠷ ᠮᠤᠩᠭᠤᠯ ᠤᠨ | ᠰᠢᠯᠭᠠᠷᠠᠭᠰᠠᠨ ᠴᠢᠳᠠᠪᠤᠷᠢᠲᠠᠨ ᠤ ᠱᠠᠩᠨᠠᠯ︾ ᠢ 12 ᠪᠠᠭᠰᠢ ᠭᠥᠷᠳᠡᠵᠦ᠂ ᠰᠤᠷᠭᠠᠨ ᠬᠦᠮᠤᠵᠢᠯ ᠤᠨ ᠶᠠᠮᠤᠨ ᠤ ︽ᠰᠢᠨ᠎ᠡ | ᠵᠠᠭᠤᠨ ᠤ ᠰᠢᠯᠢᠳᠡᠭ ᠴᠢᠳᠠᠪᠤᠷᠢᠲᠠᠨ ᠢ ᠳᠡᠮᠵᠢᠬᠦ ᠲᠥᠯᠥᠪᠯᠡᠭᠡ︾ ᠳᠤ 12 ᠪᠠᠭᠰᠢ ᠰᠣᠩᠭᠤᠭᠳᠠᠨ ᠣᠷᠣᠵᠤ᠂ | ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠳᠤ 89 ᠪᠠᠭᠰᠢ | ᠰᠣᠩᠭᠤᠭᠳᠠᠵᠤ᠂ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠤᠨ | ᠰᠢᠨ᠎ᠡ ᠶᠢ ᠡᠭᠦᠳᠴᠦ ᠦᠢᠯᠡᠰ ᠪᠣᠰᠬᠠᠬᠤ ᠵᠠᠯᠠᠭᠤ ᠴᠢᠳᠠᠪᠤᠷᠢᠲᠠᠨ ᠤ ᠨᠢᠭᠡᠳᠦᠭᠡᠷ᠂ ᠬᠤᠶᠠᠳᠤᠭᠠᠷ ᠳᠠᠪᠬᠤᠷᠭ᠎ᠠ ᠳᠤ | 19 ᠪᠠᠭᠰᠢ ᠰᠣᠩᠭᠤᠭᠳᠠᠨ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠭᠤᠨ ᠤ 321 ᠴᠢᠳᠠᠪᠤᠷᠢᠲᠠᠨ ᠤ | ᠢᠨᠵᠧᠨᠧᠷᠢᠩ︾ ᠤᠨ ᠨᠢᠭᠡᠳᠦᠭᠡᠷ᠂ ᠬᠤᠶᠠᠳᠤᠭᠠᠷ ᠳᠠᠪᠬᠤᠷᠭ᠎ᠠ ᠳᠤ 15 ᠪᠠᠭᠰᠢ ᠰᠣᠩᠭᠤᠭᠳᠠᠨ᠂ ᠥᠪᠡᠷᠲᠡᠭᠡᠨ ᠵᠠᠰᠠᠬᠤ | ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠦᠵᠢᠭᠦᠯᠬᠦ ︽111 ᠢᠨᠵᠧᠨᠧᠷᠢᠩ︾ | ᠤᠨ ᠨᠢᠭᠡᠳᠦᠭᠡᠷ᠂ ᠬᠤᠶᠠᠳᠤᠭᠠᠷ ᠳᠠᠪᠬᠤᠷᠭ᠎ᠠ ᠳᠤ 11 ᠪᠠᠭᠰᠢ ᠰᠣᠩᠭᠤᠭᠳᠠᠨ᠂ ᠥᠪᠡᠷᠲᠡᠭᠡᠨ ᠵᠠᠰᠠᠬᠤ ᠣᠷᠣᠨ ᠤ | ︽ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ | ᠲᠥᠯᠥᠪᠯᠡᠭᠡ︾ ᠳᠤ 24 ᠪᠠᠭᠰᠢ ᠰᠣᠩᠭᠤᠭᠳᠠᠨ ᠣᠷᠣᠪᠠ᠃ ᠰᠤᠷᠭᠠᠭᠤᠯᠢ ᠠᠴᠠ ᠪᠠᠰᠠ ᠨᠢᠭᠡ ᠪᠦᠯᠦᠭ ᠤᠯᠤᠰ ᠤᠨ | ᠳᠣᠲᠣᠭᠠᠳᠤ ᠭᠠᠳᠠᠭᠠᠳᠤ ᠶᠢᠨ ᠨᠡᠷᠡᠲᠦ ᠡᠷᠳᠡᠮᠲᠡᠨ ᠢ ᠤᠷᠢᠵᠤ ᠲᠤᠰᠢᠶᠠᠯ ᠬᠠᠪᠰᠤᠷᠭᠠᠭᠰᠠᠨ ᠫᠷᠤᠹᠧᠰᠰᠤᠷ ᠢᠶᠠᠷ | ᠲᠣᠮᠢᠯᠠᠪᠠ᠃ 1 ᠳᠡᠭᠡᠳᠦ ᠰᠤᠷᠭᠠᠭᠤᠯᠢ ︽ᠪᠥᠬᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ | ᠬᠠᠮᠲᠤ︾ ᠶᠢᠨ ᠢᠷᠠᠭᠤ ᠠᠯᠳᠠᠷ ᠤᠨ ᠴᠣᠯᠠ ᠶᠢ ᠢᠷᠠᠭᠤ ᠠᠯᠳᠠᠷᠲᠠᠶ ᠭᠥᠷᠳᠡᠪᠡ᠃ | ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠣᠳᠣ ᠤᠯᠤᠰ ᠤᠨ ᠳᠡᠰ ᠤᠨ | ᠲᠡᠷᠢᠭᠦᠨ ᠳᠡᠰ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠴᠡᠭ 14᠂ | ᠰᠤᠷᠭᠠᠨ ᠬᠦᠮᠤᠵᠢᠯ ᠤᠨ ᠶᠠᠮᠤᠨ ᠤ ᠤᠨᠴᠠᠯᠢᠭᠳᠤ ᠲᠤᠰᠬᠠᠶ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠴᠡᠭ 5 | ᠪᠤᠶ᠃ ᠰᠤᠷᠭᠠᠨ ᠬᠦᠮᠤᠵᠢᠯ ᠤᠨ ᠶᠠᠮᠤᠨ ᠤ ᠰᠢᠯᠭᠠᠷᠠᠭᠰᠠᠨ ᠢᠨᠵᠧᠨᠧᠷ ᠢ ᠬᠥᠮᠦᠵᠢᠭᠦᠯᠬᠦ ᠲᠥᠯᠥᠪᠯᠡᠭᠡ ᠶᠢᠨ | ᠲᠤᠷᠰᠢᠯᠲᠠ ᠶᠢᠨ ᠲᠤᠰᠬᠠᠶ ᠮᠡᠷᠭᠡᠵᠢᠯ 4᠂ ᠤᠯᠤᠰ ᠤᠨ ᠳᠡᠰ ᠤᠨ ᠰᠤᠷᠭᠠᠭᠤᠯᠢ ᠶᠢᠨ ᠭᠠᠳᠠᠨᠠᠬᠢ ᠤᠶᠤᠲᠠᠳ ᠤᠨ | ᠢᠨᠵᠧᠨᠧᠷᠢᠩ ᠤᠨ ᠦᠢᠯᠡᠳᠦᠯᠭᠡ ᠶᠢᠨ ᠰᠠᠭᠤᠷᠢᠨ 1 ᠪᠠᠶᠢᠵᠤ᠂ ᠤᠯᠤᠰ ᠤᠨ ᠳᠡᠰ ᠤᠨ ᠲᠤᠷᠰᠢᠯᠲᠠ ᠶᠢᠨ ᠵᠢᠭᠠᠨ | ᠰᠤᠷᠭᠠᠯᠲᠠ ᠶᠢᠨ ᠳᠠᠭᠤᠷᠢᠶᠠᠯ ᠦᠵᠡᠭᠦᠯᠬᠦ ᠲᠥᠪ 1᠂ ᠤᠯᠤᠰ ᠤᠨ ᠳᠡᠰ ᠤᠨ ᠲᠤᠰᠬᠠᠶ ᠮᠡᠷᠭᠡᠵᠢᠯ ᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠰᠬᠠᠶ ᠮᠡᠷᠭᠡᠵᠢᠯ 1᠂ ᠤᠯᠤᠰ ᠤᠨ ᠳᠡᠰ ᠤᠨ | ᠰᠦᠯᠵᠢᠶᠡᠨ ᠭᠠᠳᠠᠨᠠᠬᠢ ᠨᠢᠭᠡᠳᠦᠭᠡᠷ ᠳᠡᠰ ᠤᠨ ᠵᠢᠩᠬᠢᠨᠢ ᠠᠩᠭᠢ ᠶᠢᠨ ᠬᠢᠴᠢᠶᠡᠯ 1᠂ ᠤᠯᠤᠰ ᠤᠨ ᠳᠡᠰ ᠤᠨ | ᠰᠦᠯᠵᠢᠶᠡᠨ ᠤ ᠪᠠ ᠰᠦᠯᠵᠢᠶᠡᠨ ᠭᠠᠳᠠᠨᠠᠬᠢ ᠬᠤᠯᠢᠮᠠᠭ ᠮᠠᠶ᠋ᠢᠭ ᠤᠨ ᠲᠡᠷᠢᠭᠦᠨ ᠳᠡᠰ ᠤᠨ ᠵᠢᠩᠬᠢᠨᠢ ᠠᠩᠭᠢ ᠶᠢᠨ | ᠬᠢᠴᠢᠶᠡᠯ 2᠂ ᠪᠦᠬᠦ ᠤᠯᠤᠰ ᠤᠨ ᠳᠡᠭᠡᠳᠦ ᠰᠤᠷᠭᠠᠭᠤᠯᠢ ᠶᠢᠨ ᠬᠤᠸᠠᠩ ᠳ᠋ᠠ ᠨᠢᠶᠠᠨ ᠮᠠᠶ᠋ᠢᠭ ᠤᠨ ᠪᠠᠭᠰᠢ ᠶᠢᠨ | ᠪᠦᠯᠬᠦᠮ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠲᠠᠰ ᠤᠨ ᠵᠢᠩᠬᠢᠨᠢ ᠠᠩᠭᠢ ᠶᠢᠨ ᠲᠤᠰᠬᠠᠶ | ᠮᠡᠷᠭᠡᠵᠢᠯ ᠤᠨ ᠪᠥᠲᠥᠭᠡᠨ ᠪᠠᠶᠢᠭᠤᠯᠤᠯᠲᠠ ᠶᠢᠨ ᠴᠡᠭ 7᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠶ | ᠮᠡᠷᠭᠡᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠰᠬᠠᠶ ᠮᠡᠷᠭᠡᠵᠢᠯ 1᠂ ᠥᠪᠡᠷᠲᠡᠭᠡᠨ | ᠵᠠᠰᠠᠬᠤ ᠣᠷᠣᠨ ᠤ ᠲᠠᠰ ᠤᠨ ᠭᠤᠣᠯᠳᠠᠯᠭᠠᠲᠠᠢ ᠪᠥᠲᠥᠭᠡᠨ ᠪᠠᠶᠢᠭᠤᠯᠤᠯᠲᠠ ᠶᠢᠨ ᠲᠤᠰᠬᠠᠶ ᠮᠡᠷᠭᠡᠵᠢᠯ 4᠂ | ᠥᠪᠡᠷᠲᠡᠭᠡᠨ ᠵᠠᠰᠠᠬᠤ ᠣᠷᠣᠨ ᠤ ᠲᠠᠰ ᠤᠨ ᠨᠠᠷᠠᠲᠤ ᠲᠡᠮᠳᠡᠭᠲᠦ ᠲᠤᠰᠬᠠᠶ ᠮᠡᠷᠭᠡᠵᠢᠯ 25᠂ ᠥᠪᠡᠷᠲᠡᠭᠡᠨ ᠵᠠᠰᠠᠬᠤ | ᠣᠷᠣᠨ ᠤ ᠲᠠᠰ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠳᠠᠭᠤᠷᠢᠶᠠᠯ ᠦᠵᠡᠭᠦᠯᠬᠦ ᠲᠥᠪ 8᠂ ᠥᠪᠡᠷᠲᠡᠭᠡᠨ | ᠵᠠᠰᠠᠬᠤ ᠣᠷᠣᠨ ᠤ ᠲᠠᠰ ᠤᠨ ᠵᠢᠭᠠᠨ ᠰᠤᠷᠭᠠᠯᠲᠠ ᠶᠢᠨ ᠪᠦᠯᠬᠦᠮ 20᠂ ᠥᠪᠡᠷᠲᠡᠭᠡᠨ ᠵᠠᠰᠠᠬᠤ ᠣᠷᠣᠨ ᠤ ᠲᠠᠰ ᠤᠨ | ᠵᠢᠭᠠᠨ ᠰᠤᠷᠭᠠᠯᠲᠠ ᠶᠢᠨ ᠨᠠᠷᠠᠲᠤ ᠪᠠᠭᠰᠢ 19᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠠᠪᠴᠠᠩ ᠤᠨ ᠰᠢᠨ᠎ᠡ ᠰᠣᠳᠣᠨ 12 ᠪᠣᠶ᠃ | | | | | | | | | | 70 ᠵᠢᠯ ᠤᠨ ᠲᠤᠷᠰᠢ᠂ ᠰᠤᠷᠭᠠᠭᠤᠯᠢ ᠠᠴᠠ 18 ᠲᠦᠮᠡ ᠭᠠᠷᠤᠢ ᠰᠢᠯᠢᠳᠡᠭ ᠴᠢᠳᠠᠪᠤᠷᠢᠲᠠᠨ ᠢ | ᠬᠥᠮᠦᠵᠢᠭᠦᠯᠪᠡ᠂ ᠳᠡᠳᠡ ᠡᠬᠡ ᠣᠷᠣᠨ ᠤ ᠡᠮᠦᠨ᠎ᠡ ᠤᠮᠠᠷ᠎ᠠ᠂ ᠡᠯ᠎ᠡ ᠠᠵᠢᠯ ᠲᠦᠷᠦᠯ ᠳᠤ ᠠᠵᠢᠯᠯᠠᠵᠤ᠂ ᠮᠠᠰᠢ ᠤᠯᠠᠨ | ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠲᠠᠭᠠᠭᠤᠯᠤᠬᠴᠢ ᠪᠠ ᠮᠡᠷᠭᠡᠵᠢᠯ ᠤᠨ ᠭᠤᠣᠯᠯᠠᠭᠴᠢ ᠬᠦᠴᠦᠨ | ᠪᠤᠯᠵᠤ᠂ ᠳᠡᠭᠡᠳᠦ ᠰᠤᠷᠭᠠᠭᠤᠯᠢ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠤᠰᠬᠠᠢ | ᠮᠡᠷᠭᠡᠵᠢᠯᠲᠡᠨ ᠡᠷᠳᠡᠮᠲᠡᠨ᠂ ᠨᠠᠮ ᠪᠠ ᠵᠠᠰᠠᠭ ᠤᠨ ᠣᠷᠳᠣᠨ ᠤ ᠴᠢᠬᠤᠯᠠ ᠤᠳᠤᠷᠢᠳᠬᠤ ᠺᠠᠳ᠋ᠷ ᠪᠣᠯᠵᠠᠢ᠃ ᠰᠢᠨ᠎ᠡ | ᠲᠡᠦᠬᠡ ᠶᠢᠨ ᠭᠠᠷᠤᠭ᠎ᠠ ᠳᠡᠭᠡᠷ᠎ᠡ᠂ ᠰᠤᠷᠭᠠᠭᠤᠯᠢ ᠶᠢᠨ ᠬᠢᠨ ︽ᠶᠡᠭᠡ ᠡᠷᠳᠡᠮ ᠢᠶᠠᠷ ᠥᠪᠡᠷ ᠢ ᠢᠶᠠᠨ ᠴᠢᠮᠡᠵᠦ᠂ ᠡᠷᠬᠢᠮ | ᠳᠡᠭᠡᠳᠦ ᠵᠣᠷᠢᠭ ᠡᠷᠬᠢᠮ ᠨᠠᠨᠳᠢᠨ ᠰᠤᠷᠲᠠᠯ ᠲᠠᠢ ᠪᠣᠯᠬᠤ︾ ᠰᠤᠷᠭᠠᠭᠤᠯᠢ ᠶᠢᠨ ᠰᠤᠷᠭᠠᠯ ᠢ ᠵᠠᠯᠭᠠᠮᠵᠢᠯᠠᠵᠤ᠂ | ︽ᠪᠣᠳᠠᠲᠠᠢ ᠶᠢ ᠡᠷᠬᠢᠮᠯᠡᠨ ᠬᠡᠷᠡᠭᠵᠢᠭᠦᠯᠬᠦ︾ ᠰᠤᠷᠭᠠᠭᠤᠯᠢ ᠶᠢᠨ ᠰᠤᠷᠲᠠᠯ ᠢ ᠪᠠᠳᠠᠷᠠᠭᠤᠯᠵᠤ᠂ ᠰᠢᠨ᠎ᠡ ᠶᠢ ᠡᠭᠦᠳᠬᠦ᠂ | ᠣᠨᠴᠠᠯᠢᠭᠲᠤ᠂ ᠠᠭᠤᠯᠤᠭᠳᠠᠬᠤᠨᠲᠤ᠂ ᠣᠷᠣᠨ ᠪᠦᠰᠡᠲᠦ᠂ ᠨᠡᠭᠡᠭᠡᠯᠲᠡᠲᠦ ᠬᠥᠭᠵᠢᠯᠲᠡ ᠶᠢᠨ ᠣᠨᠣᠯᠵᠢᠬᠤᠨ ᠢ | ᠪᠠᠷᠢᠮᠲᠠᠯᠠᠵᠤ᠂ ᠡᠬᠡ ᠤᠯᠤᠰ ᠤᠨ ᠤᠮᠠᠷᠠᠲᠤ ᠬᠢᠯᠢ ᠳᠤ ᠦᠨᠳᠦᠰᠦᠯᠡᠵᠦ᠂ ᠨᠠᠮ ᠤᠨ ᠲᠥᠯᠦᠭᠡ ᠬᠥᠮᠦᠨ ᠢ | ᠬᠥᠮᠦᠵᠢᠭᠦᠯᠬᠦ᠂ ᠤᠯᠤᠰ ᠤᠨ ᠲᠥᠯᠦᠭᠡ ᠴᠢᠳᠠᠪᠤᠷᠢᠲᠠᠨ ᠢ ᠬᠥᠮᠦᠵᠢᠭᠦᠯᠬᠦ ᠶᠢ ᠪᠠᠷᠢᠮᠲᠠᠯᠠᠵᠤ᠂ ᠨᠠᠮ ᠢ ᠰᠡᠳᠬᠢᠯ ᠠᠮᠤᠷ | ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠶᠡᠭᠡ ᠰᠤᠷᠭᠠᠭᠤᠯᠢ ᠢ ᠰᠠᠶᠢᠲᠤᠷ ᠡᠷᠬᠢᠯᠡᠬᠦ ᠪᠠᠷ ᠴᠢᠷᠮᠠᠶᠢᠵᠤ | ᠪᠠᠶᠢᠨ᠎ᠠ᠃ | | | | | | | | | | | | | | | | |