ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠠᠴᠠ ︽ᠤᠯᠠᠭᠠᠨ ᠲᠤᠭ ᠨᠠᠮᠢᠷᠠᠨ᠎ᠠ︾ ᠭᠡᠬᠦ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/6/11
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ       — ︽ᠤᠯᠠᠭᠠᠨ ᠲᠤᠭ ᠨᠠᠮᠢᠷᠠᠨ᠎ᠠ︾      ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ      ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠣᠯ 1951 ᠣᠨ ᠳᠤ ᠪᠠᠶᠢᠭᠤᠯᠤᠭᠳᠠᠭᠰᠠᠨ ᠰᠦᠢᠶᠤᠸᠠᠨ ᠮᠤᠵᠢ ᠶᠢᠨ ᠳᠡᠭᠡᠳᠦ ᠵᠡᠷᠭᠡ ᠶᠢᠨ ᠠᠵᠤ ᠦᠢᠯᠡᠳᠪᠦᠷᠢ ᠶᠢᠨ ᠰᠤᠷᠭᠠᠭᠤᠯᠢ ᠶᠢᠨ ᠰᠠᠭᠤᠷᠢᠨ ᠳᠡᠭᠡᠷ᠎ᠡ ᠪᠠᠶᠢᠭᠤᠯᠤᠭᠳᠠᠭᠰᠠᠨ ᠶᠤᠮ᠃ 1958 ᠣᠨ ᠳᠤ ᠴᠢᠩᠬᠤᠸᠠ ᠶᠡᠭᠡ ᠰᠤᠷᠭᠠᠭᠤᠯᠢ ᠵᠡᠷᠭᠡ ᠶᠢᠨ ᠳᠡᠮᠵᠢᠯᠭᠡ ᠪᠠᠷ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢ ᠪᠠᠶᠢᠭᠤᠯᠵᠤ᠂ ᠮᠧᠬᠠᠨᠢᠭ ᠤᠨ ᠠᠵᠤ ᠦᠢᠯᠡᠳᠪᠦᠷᠢ ᠶᠢᠨ ᠶᠠᠮᠤᠨ᠂ ᠲᠠᠷᠢᠶᠠᠯᠠᠩ ᠤᠨ ᠮᠧᠬᠠᠨᠢᠭ ᠤᠨ ᠶᠠᠮᠤᠨ ᠳᠤ ᠬᠠᠷᠢᠶᠠᠯᠠᠭᠳᠠᠵᠤ᠂ 1983 ᠣᠨ ᠳᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠬᠤᠪᠢᠶᠠᠷᠢᠯᠠᠨ ᠥᠭᠴᠦ᠂ 1993 ᠣᠨ ᠳᠤ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠭᠡᠵᠦ ᠨᠡᠷ᠎ᠡ ᠪᠠᠨ ᠬᠠᠯᠠᠪᠠ᠃ ᠣᠳᠣᠬᠠᠨ ᠳᠤ ᠰᠤᠷᠭᠠᠭᠤᠯᠢ ᠨᠢ ᠰᠢᠨ᠎ᠡ ᠬᠤᠲᠠ ᠰᠤᠷᠭᠠᠭᠤᠯᠢ ᠶᠢᠨ ᠲᠣᠭᠤᠷᠢᠭ᠂ ᠵᠢᠨᠴᠤᠸᠠᠨ ᠰᠤᠷᠭᠠᠭᠤᠯᠢ ᠶᠢᠨ ᠲᠣᠭᠤᠷᠢᠭ᠂ ᠵᠡᠭᠦᠨᠭᠠᠷ ᠰᠤᠷᠭᠠᠭᠤᠯᠢ ᠶᠢᠨ ᠲᠣᠭᠤᠷᠢᠭ ᠲᠠᠢ᠂ ᠡᠵᠡᠯᠡᠵᠦ ᠪᠠᠶᠢᠭ᠎ᠠ ᠲᠠᠯᠠᠪᠠᠢ 3228 ᠮᠥ᠂ ᠭᠡᠷ ᠪᠠᠷᠢᠯᠭ᠎ᠠ ᠶᠢᠨ ᠲᠠᠯᠠᠪᠠᠢ 87.53 ᠲᠦᠮᠡᠨ ᠲᠡᠭᠰᠢ ᠳᠥᠷᠪᠡᠯᠵᠢᠨ ᠮᠧᠲᠷ᠂ ᠵᠢᠭᠠᠨ ᠰᠤᠷᠭᠠᠯᠲᠠ᠂ ᠡᠷᠳᠡᠮ ᠰᠢᠨᠵᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ ᠥᠷᠲᠡᠭ ᠨᠢ 7.56 ᠳ᠋ᠦᠩᠰᠢᠭᠤᠷ ᠲᠥᠭᠦᠷᠢᠭ ᠲᠤ ᠬᠦᠷᠴᠡᠶ᠃              

                  ᠰᠢᠨ᠎ᠡ ᠬᠤᠲᠠ ᠰᠤᠷᠭᠠᠭᠤᠯᠢ ᠶᠢᠨ ᠲᠣᠭᠤᠷᠢᠭ

                  ᠵᠢᠨᠴᠤᠸᠠᠨ ᠰᠤᠷᠭᠠᠭᠤᠯᠢ ᠶᠢᠨ ᠲᠣᠭᠤᠷᠢᠭ

                  ᠵᠡᠭᠦᠨᠭᠠᠷ ᠰᠤᠷᠭᠠᠭᠤᠯᠢ ᠶᠢᠨ ᠲᠣᠭᠤᠷᠢᠭ

     70 ᠵᠢᠯ ᠤᠨ ᠬᠥᠭᠵᠢᠯᠲᠡ ᠪᠠᠷ ᠳᠡᠮᠵᠢᠨ᠂ ᠰᠤᠷᠭᠠᠭᠤᠯᠢ ᠶᠢ ᠨᠢᠭᠡᠨᠲᠡ ᠠᠵᠤ ᠦᠢᠯᠡᠳᠪᠦᠷᠢ ᠪᠠᠷ

ᠭᠤᠣᠣᠯᠯᠠᠭᠤᠯᠤᠭᠰᠠᠨ᠂ ᠠᠵᠤ  ᠦᠢᠯᠡᠳᠪᠦᠷᠢ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠨᠡᠶᠢᠭᠡᠮ ᠤᠨ ᠰᠢᠨᠵᠢᠯᠡᠬᠦ

ᠤᠬᠠᠭᠠᠨ᠂ ᠠᠵᠤ ᠠᠬᠤᠶ᠂ ᠬᠠᠮᠢᠶᠠᠷᠤᠯᠲᠠ᠂ ᠬᠠᠤᠯᠢ ᠴᠠᠭᠠᠵᠠ᠂ ᠤᠷᠠᠯᠢᠭ ᠢ ᠤᠶᠠᠯᠳᠤᠭᠤᠯᠤᠭᠰᠠᠨ᠂ ᠳ᠋ᠣᠺᠲ᠋ᠣᠷ᠂

ᠮᠠᠰᠲ᠋ᠧᠷ᠂ ᠵᠢᠩᠬᠢᠨᠢ ᠠᠩᠭᠢ ᠶᠢᠨ ᠪᠦᠷᠢᠨ ᠪᠦᠲᠦᠨ ᠴᠢᠳᠠᠪᠤᠷᠢᠲᠠᠨ ᠢ ᠬᠥᠮᠦᠵᠢᠭᠦᠯᠬᠦ ᠳᠣᠭᠲᠠᠯᠴᠠᠭᠠᠨ ᠤ ᠣᠨᠴᠠᠯᠢᠭ

ᠢᠯᠡ ᠲᠣᠳᠣ ᠣᠯᠠᠨ ᠰᠢᠨᠵᠢᠯᠡᠭᠡᠨ ᠤ ᠰᠠᠯᠠᠭ᠎ᠠ ᠲᠠᠢ ᠶᠡᠭᠡ ᠰᠤᠷᠭᠠᠭᠤᠯᠢ ᠪᠣᠯᠭᠠᠨ ᠪᠥᠲᠥᠭᠡᠨ ᠪᠠᠶᠢᠭᠤᠯᠤᠭᠰᠠᠨ

ᠪᠠᠶᠢᠨ᠎ᠠ᠃ ᠣᠲᠣ  ᠵᠢᠭᠠᠨ ᠰᠤᠷᠭᠠᠯᠲᠠ ᠶᠢᠨ ᠨᠢᠭᠡᠴᠢ 21᠂ ᠰᠤᠳᠤᠯᠭᠠᠨ ᠤ ᠬᠦᠷᠢᠶᠡᠯᠡᠩ ︵ᠭᠠᠵᠠᠷ᠂ ᠲᠥᠪ︶ 52

ᠪᠣᠢ᠃ ᠳ᠋ᠣᠺᠲ᠋ᠣᠷ ᠴᠣᠯᠠᠯᠠᠬᠤ ᠡᠷᠬᠡᠲᠦ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭ᠎ᠠ 3᠂ ᠳ᠋ᠣᠺᠲ᠋ᠣᠷ ᠴᠣᠯᠠᠯᠠᠬᠤ

ᠡᠷᠬᠡᠲᠦ ᠬᠤᠶᠠᠳᠤᠭᠠᠷ ᠳᠡᠰ ᠤᠨ ᠰᠢᠨᠵᠢᠯᠡᠭᠡᠨ ᠤ ᠰᠠᠯᠠᠭ᠎ᠠ ︵ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭᠠᠨ ᠤ

ᠪᠥᠷᠬᠦᠬᠦ ᠴᠡᠭ ᠢ ᠪᠠᠭᠲᠠᠭᠠᠬᠤ ᠥᠬᠡᠶ︶ 1 ᠪᠣᠶ︔ ᠮᠠᠰᠲ᠋ᠧᠷ ᠤᠨ ᠡᠷᠳᠡᠮ ᠤᠨ ᠴᠣᠯᠠ ᠶᠢᠨ ᠡᠷᠬᠡ ᠣᠯᠭᠤᠭᠰᠠᠨ

ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭ᠎ᠠ 20᠂ ᠮᠠᠰᠲ᠋ᠧᠷ ᠤᠨ ᠡᠷᠳᠡᠮ ᠤᠨ ᠴᠣᠯᠠ ᠶᠢᠨ ᠬᠤᠶᠠᠳᠤᠭᠠᠷ ᠳᠡᠰ ᠤᠨ

ᠰᠢᠨᠵᠢᠯᠡᠭᠡᠨ ᠤ ᠰᠠᠯᠠᠭ᠎ᠠ ︵ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭᠠᠨ ᠤ ᠪᠥᠷᠬᠦᠬᠦ ᠴᠡᠭ ᠢ ᠪᠠᠭᠲᠠᠭᠠᠬᠤ ᠥᠬᠡᠶ︶

9 ᠪᠠᠶᠢᠵᠤ᠂ ᠮᠠᠰᠲ᠋ᠧᠷ ᠤᠨ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠡᠷᠬᠡ ᠣᠯᠭᠤᠭᠰᠠᠨ ᠲᠥᠷᠥᠯ 14 ᠪᠣᠶ᠃

ᠥᠪᠡᠷᠲᠡᠭᠡᠨ ᠵᠠᠰᠠᠬᠤ ᠣᠷᠣᠨ ᠤ ︽ᠬᠤᠤᠰ ᠲᠡᠷᠢᠭᠦᠨ︾ ᠤ ᠲᠥᠰᠦᠯ ᠤᠨ ᠪᠥᠲᠥᠭᠡᠨ ᠪᠠᠶᠢᠭᠤᠯᠤᠯᠲᠠ ᠶᠢᠨ

ᠰᠢᠨᠵᠢᠯᠡᠭᠡᠨ ᠤ ᠰᠠᠯᠠᠭ᠎ᠠ 2 ᠪᠣᠶ︔ ᠠᠬᠠᠯᠠᠭᠴᠢ ᠳ᠋ᠣᠺᠲ᠋ᠤᠷ ᠤᠨ ᠡᠷᠳᠡᠮ ᠰᠢᠨᠵᠢᠯᠡᠭᠡᠨ ᠤ ᠰᠢᠯᠵᠢᠮᠡᠯ ᠥᠷᠲᠡᠭᠡ 2 ᠪᠣᠶ᠃

ᠣᠲᠣ ᠵᠢᠩᠬᠢᠨᠢ ᠠᠩᠭᠢ ᠶᠢᠨ ᠲᠤᠰᠬᠠᠶ ᠮᠡᠷᠭᠡᠵᠢᠯ 77᠂ 37 ᠲᠤᠰᠬᠠᠶ ᠮᠡᠷᠭᠡᠵᠢᠯ ᠤᠨ ᠲᠥᠷᠥᠯ ᠳᠤ ᠬᠤᠯᠪᠣᠭᠳᠠᠨ᠂

ᠵᠢᠩᠬᠢᠨᠢ ᠠᠩᠭᠢ ᠶᠢᠨ ᠰᠢᠯᠢᠳᠡᠭ ᠰᠣᠷᠣᠭᠴᠢ ᠶᠢ ᠰᠢᠯᠭᠠᠬᠤ ᠦᠭᠡᠢ ᠪᠠᠷ ᠮᠠᠰᠲ᠋ᠧᠷ ᠰᠤᠷᠤᠯᠴᠠᠭᠤᠯᠬᠤ ᠬᠢᠷᠢ ᠬᠡᠮ ᠲᠠᠢ᠃

ᠲᠣᠰ ᠰᠤᠷᠭᠠᠭᠤᠯᠢ ᠳᠤ ᠣᠲᠣ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ 23600

ᠭᠠᠷᠤᠶ᠂  ᠳ᠋ᠣᠺᠲ᠋ᠣᠷᠠᠨᠲ᠂ ᠠᠰᠫᠢᠷᠠᠨᠲ 4900 ᠭᠠᠷᠤᠶ ᠪᠣᠶ᠃

     ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠣᠲᠣ ᠤᠯᠤᠰ᠂ ᠶᠠᠮᠤᠨ

ᠵᠥᠪᠯᠡᠯ ᠤᠨ ᠲᠠᠰ ᠤᠨ ᠡᠷᠳᠡᠮ ᠰᠢᠨᠵᠢᠯᠡᠭᠡᠨ ᠤ ᠲᠠᠪᠴᠠᠩ 3᠂ ᠥᠪᠡᠷᠲᠡᠭᠡᠨ ᠵᠠᠰᠠᠬᠤ ᠣᠷᠣᠨ ᠤ ᠲᠠᠰ ᠤᠨ

ᠭᠤᠣᠯᠳᠠᠯᠭᠠᠲᠠᠢ ᠲᠤᠷᠰᠢᠯᠲᠠ ᠶᠢᠨ ᠲᠠᠰᠤᠭ 19᠂ ᠥᠪᠡᠷᠲᠡᠭᠡᠨ ᠵᠠᠰᠠᠬᠤ ᠣᠷᠣᠨ ᠤ ᠲᠠᠰ ᠤᠨ ᠢᠨᠵᠧᠨᠧᠷᠢᠩ

︵ᠮᠡᠷᠭᠡᠵᠢᠯ︶ ᠤᠨ ᠰᠤᠳᠤᠯᠭᠠᠨ ᠤ ᠲᠥᠪ 14᠂ ᠪᠤᠰᠤᠳ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠭᠠᠨ ᠤ

ᠲᠥᠪ᠂ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠵᠡᠷᠭᠡ ᠡᠷᠳᠡᠮ ᠰᠢᠨᠵᠢᠯᠡᠭᠡᠨ ᠤ ᠲᠠᠪᠴᠠᠩ 20᠂ ᠠᠺᠠᠳᠧᠮᠢᠴᠢ

ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ 1᠂ ᠠᠬᠠᠯᠠᠭᠴᠢ ᠳ᠋ᠣᠺᠲ᠋ᠤᠷ ᠤᠨ ᠡᠷᠳᠡᠮ ᠰᠢᠨᠵᠢᠯᠡᠭᠡᠨ ᠤ ᠥᠷᠲᠡᠭᠡ

2᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ

ᠪᠦᠯᠬᠦᠮ 32 ᠪᠣᠶ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠭᠠᠰᠢ᠂ ᠤᠷᠢᠳ

ᠬᠤᠵᠢᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠮᠤ ᠲᠥᠰᠦᠯ᠂ ᠤᠯᠤᠰ ᠤᠨ ᠪᠠᠶᠢᠭᠠᠯᠢ

︵ᠨᠡᠶᠢᠭᠡᠮ︶ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠲᠥᠰᠦᠯ᠂ ᠥᠪᠡᠷᠲᠡᠭᠡᠨ ᠵᠠᠰᠠᠬᠤ ᠣᠷᠣᠨ ᠤ ᠲᠣᠮᠤ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠶ ᠲᠥᠰᠦᠯ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ

ᠵᠢᠴᠢ ᠲᠡᠭᠦᠨ ᠠᠴᠠ ᠳᠡᠭᠡᠭᠰᠢᠬᠢ ᠡᠷᠳᠡᠮ ᠰᠢᠨᠵᠢᠯᠡᠭᠡᠨ ᠤ ᠲᠥᠰᠦᠯ ᠢ 1100 ᠭᠠᠷᠤᠶ ᠳᠠᠭᠠᠭᠠᠨ ᠠᠪᠴᠤ᠂

ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ 1᠂

ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ 25᠂

ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ

ᠰᠢᠯᠢᠳᠡᠭ ᠦᠷ᠎ᠡ ᠪᠦᠲᠦᠭᠡᠯ ᠤᠨ ᠵᠠᠰᠠᠭ ᠤᠨ ᠣᠷᠳᠣᠨ ᠤ ᠱᠠᠩᠨᠠᠯ 35 ᠶᠢ ᠭᠥᠷᠳᠡᠵᠦ᠂ SCI᠂ EI᠂ CPCI᠂

CSSCI ᠵᠡᠷᠭᠡ  ᠬᠠᠶᠢᠯᠲᠠ ᠶᠢᠨ ᠰᠢᠰᠲ᠋ᠧᠮ ᠳᠤ 3000 ᠭᠠᠷᠤᠶ ᠥᠭᠦᠯᠡᠯ ᠢ ᠣᠷᠣᠭᠤᠯᠤᠭᠰᠠᠨ ᠪᠠᠶᠢᠨ᠎ᠠ᠃

ᠣᠳᠣ ᠤᠯᠤᠰ ᠤᠨ ᠮᠡᠷᠭᠡᠵᠢᠯ ᠢ ᠰᠢᠯᠵᠢᠭᠦᠯᠬᠦ ᠵᠠᠭᠤᠴᠢᠯᠠᠭᠴᠢ ᠶᠢ ᠬᠥᠮᠦᠵᠢᠭᠦᠯᠬᠦ ᠰᠠᠭᠤᠷᠢᠨ ᠭᠠᠵᠠᠷ 1 ᠪᠠᠶᠢᠵᠤ᠂

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ 1100 ᠭᠠᠷᠤᠶ ᠲᠦᠮᠡᠨ ᠲᠥᠭᠦᠷᠢᠭ

ᠰᠢᠯᠵᠢᠭᠦᠯᠦᠨ ᠬᠤᠪᠢᠷᠠᠭᠤᠯᠬᠤ ᠶᠢ ᠪᠡᠶᠡᠯᠡᠭᠦᠯᠪᠡ᠃

   

     ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠣᠲᠣ ᠪᠠᠭᠰᠢ ᠠᠵᠢᠯᠳᠡᠠ

ᠠᠵᠢᠯᠴᠢᠠ 2068᠂ ᠲᠤᠰᠬᠠᠶ  ᠪᠠᠭᠰᠢ 1449 ᠪᠣᠶ᠂ ᠡᠭᠦᠨ ᠳᠤ ᠫᠷᠣᠹᠧᠰᠰᠤᠷ 205᠂ ᠳᠡᠳ᠋ ᠫᠷᠣᠹᠧᠰᠰᠤᠷ

500᠂ ᠳ᠋ᠣᠺᠲ᠋ᠤᠷᠠᠨᠲ ᠤᠨ ᠵᠢᠯᠣᠭᠤᠳᠣᠭᠴᠢ ᠪᠠᠭᠰᠢ 80᠂ ᠠᠰᠫᠢᠷᠠᠨᠲ ᠤᠨ ᠵᠢᠯᠣᠭᠤᠳᠣᠭᠴᠢ ᠪᠠᠭᠰᠢ 639 ᠪᠣᠶ᠃

ᠲᠤᠰᠬᠠᠶ ᠪᠠᠭᠰᠢ ᠶᠢᠨ ᠳᠣᠲᠤᠷ᠎ᠠ 90.82% ᠨᠢ ᠳ᠋ᠣᠺᠲ᠋ᠣᠷ᠂ ᠮᠠᠰᠲ᠋ᠧᠷ ᠴᠣᠯᠠ ᠬᠠᠮᠠᠭᠠᠯᠠᠪᠠ᠃ ᠪᠠᠭᠰᠢ ᠶᠢᠨ

ᠳᠣᠲᠣᠷ᠎ᠠ ᠠᠴᠠ 3 ᠪᠠᠭᠰᠢ ︽ᠤᠯᠤᠰ ᠤᠨ ᠵᠠᠭᠤ ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ︾ ᠳᠤ

ᠰᠣᠩᠭᠤᠭᠳᠠᠨ ᠣᠷᠣᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠣᠨᠴᠠ ᠨᠡᠮᠡᠭᠦᠷᠢ ᠶᠢ

ᠭᠥᠷᠳᠡᠭᠰᠡᠨ ᠪᠤᠶᠤ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ

ᠢᠳᠡᠷ ᠵᠠᠯᠠᠭᠤ ᠲᠤᠰᠬᠠᠶ ᠮᠡᠷᠭᠡᠵᠢᠯᠲᠡᠨ︾ ᠤ ᠴᠣᠯᠠ ᠶᠢ 83 ᠬᠥᠮᠦᠨ ᠤᠳᠠᠭ᠎ᠠ ᠭᠥᠷᠳᠡᠵᠦ᠂ ︽ᠦᠪᠦᠷ ᠮᠤᠩᠭᠤᠯ ᠤᠨ

ᠰᠢᠯᠭᠠᠷᠠᠭᠰᠠᠨ ᠴᠢᠳᠠᠪᠤᠷᠢᠲᠠᠨ ᠤ ᠱᠠᠩᠨᠠᠯ︾ ᠢ 12 ᠪᠠᠭᠰᠢ ᠭᠥᠷᠳᠡᠵᠦ᠂ ᠰᠤᠷᠭᠠᠨ ᠬᠦᠮᠤᠵᠢᠯ ᠤᠨ ᠶᠠᠮᠤᠨ ᠤ ︽ᠰᠢᠨ᠎ᠡ

ᠵᠠᠭᠤᠨ ᠤ ᠰᠢᠯᠢᠳᠡᠭ ᠴᠢᠳᠠᠪᠤᠷᠢᠲᠠᠨ ᠢ ᠳᠡᠮᠵᠢᠬᠦ ᠲᠥᠯᠥᠪᠯᠡᠭᠡ︾ ᠳᠤ 12 ᠪᠠᠭᠰᠢ ᠰᠣᠩᠭᠤᠭᠳᠠᠨ ᠣᠷᠣᠵᠤ᠂

ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠳᠤ 89 ᠪᠠᠭᠰᠢ

ᠰᠣᠩᠭᠤᠭᠳᠠᠵᠤ᠂ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠤᠨ

ᠰᠢᠨ᠎ᠡ ᠶᠢ ᠡᠭᠦᠳᠴᠦ ᠦᠢᠯᠡᠰ ᠪᠣᠰᠬᠠᠬᠤ ᠵᠠᠯᠠᠭᠤ ᠴᠢᠳᠠᠪᠤᠷᠢᠲᠠᠨ ᠤ ᠨᠢᠭᠡᠳᠦᠭᠡᠷ᠂ ᠬᠤᠶᠠᠳᠤᠭᠠᠷ ᠳᠠᠪᠬᠤᠷᠭ᠎ᠠ ᠳᠤ

19 ᠪᠠᠭᠰᠢ ᠰᠣᠩᠭᠤᠭᠳᠠᠨ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠭᠤᠨ ᠤ 321 ᠴᠢᠳᠠᠪᠤᠷᠢᠲᠠᠨ ᠤ

ᠢᠨᠵᠧᠨᠧᠷᠢᠩ︾ ᠤᠨ ᠨᠢᠭᠡᠳᠦᠭᠡᠷ᠂ ᠬᠤᠶᠠᠳᠤᠭᠠᠷ ᠳᠠᠪᠬᠤᠷᠭ᠎ᠠ ᠳᠤ 15 ᠪᠠᠭᠰᠢ ᠰᠣᠩᠭᠤᠭᠳᠠᠨ᠂ ᠥᠪᠡᠷᠲᠡᠭᠡᠨ ᠵᠠᠰᠠᠬᠤ

ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠦᠵᠢᠭᠦᠯᠬᠦ ︽111 ᠢᠨᠵᠧᠨᠧᠷᠢᠩ︾

 ᠤᠨ ᠨᠢᠭᠡᠳᠦᠭᠡᠷ᠂ ᠬᠤᠶᠠᠳᠤᠭᠠᠷ ᠳᠠᠪᠬᠤᠷᠭ᠎ᠠ ᠳᠤ 11 ᠪᠠᠭᠰᠢ ᠰᠣᠩᠭᠤᠭᠳᠠᠨ᠂ ᠥᠪᠡᠷᠲᠡᠭᠡᠨ ᠵᠠᠰᠠᠬᠤ ᠣᠷᠣᠨ ᠤ

︽ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ

ᠲᠥᠯᠥᠪᠯᠡᠭᠡ︾ ᠳᠤ 24 ᠪᠠᠭᠰᠢ ᠰᠣᠩᠭᠤᠭᠳᠠᠨ ᠣᠷᠣᠪᠠ᠃ ᠰᠤᠷᠭᠠᠭᠤᠯᠢ ᠠᠴᠠ ᠪᠠᠰᠠ ᠨᠢᠭᠡ ᠪᠦᠯᠦᠭ ᠤᠯᠤᠰ ᠤᠨ

ᠳᠣᠲᠣᠭᠠᠳᠤ ᠭᠠᠳᠠᠭᠠᠳᠤ ᠶᠢᠨ ᠨᠡᠷᠡᠲᠦ ᠡᠷᠳᠡᠮᠲᠡᠨ ᠢ ᠤᠷᠢᠵᠤ ᠲᠤᠰᠢᠶᠠᠯ ᠬᠠᠪᠰᠤᠷᠭᠠᠭᠰᠠᠨ ᠫᠷᠤᠹᠧᠰᠰᠤᠷ ᠢᠶᠠᠷ

ᠲᠣᠮᠢᠯᠠᠪᠠ᠃ 1 ᠳᠡᠭᠡᠳᠦ ᠰᠤᠷᠭᠠᠭᠤᠯᠢ ︽ᠪᠥᠬᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ

ᠬᠠᠮᠲᠤ︾ ᠶᠢᠨ ᠢᠷᠠᠭᠤ ᠠᠯᠳᠠᠷ ᠤᠨ ᠴᠣᠯᠠ ᠶᠢ ᠢᠷᠠᠭᠤ ᠠᠯᠳᠠᠷᠲᠠᠶ ᠭᠥᠷᠳᠡᠪᠡ᠃

     ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠣᠳᠣ ᠤᠯᠤᠰ ᠤᠨ ᠳᠡᠰ ᠤᠨ

ᠲᠡᠷᠢᠭᠦᠨ ᠳᠡᠰ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠴᠡᠭ 14᠂

ᠰᠤᠷᠭᠠᠨ ᠬᠦᠮᠤᠵᠢᠯ ᠤᠨ ᠶᠠᠮᠤᠨ ᠤ ᠤᠨᠴᠠᠯᠢᠭᠳᠤ ᠲᠤᠰᠬᠠᠶ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠴᠡᠭ 5

ᠪᠤᠶ᠃ ᠰᠤᠷᠭᠠᠨ ᠬᠦᠮᠤᠵᠢᠯ ᠤᠨ ᠶᠠᠮᠤᠨ ᠤ ᠰᠢᠯᠭᠠᠷᠠᠭᠰᠠᠨ ᠢᠨᠵᠧᠨᠧᠷ ᠢ ᠬᠥᠮᠦᠵᠢᠭᠦᠯᠬᠦ ᠲᠥᠯᠥᠪᠯᠡᠭᠡ ᠶᠢᠨ

ᠲᠤᠷᠰᠢᠯᠲᠠ ᠶᠢᠨ ᠲᠤᠰᠬᠠᠶ ᠮᠡᠷᠭᠡᠵᠢᠯ 4᠂ ᠤᠯᠤᠰ ᠤᠨ ᠳᠡᠰ ᠤᠨ ᠰᠤᠷᠭᠠᠭᠤᠯᠢ ᠶᠢᠨ ᠭᠠᠳᠠᠨᠠᠬᠢ ᠤᠶᠤᠲᠠᠳ ᠤᠨ

ᠢᠨᠵᠧᠨᠧᠷᠢᠩ ᠤᠨ ᠦᠢᠯᠡᠳᠦᠯᠭᠡ ᠶᠢᠨ ᠰᠠᠭᠤᠷᠢᠨ 1 ᠪᠠᠶᠢᠵᠤ᠂ ᠤᠯᠤᠰ ᠤᠨ ᠳᠡᠰ ᠤᠨ ᠲᠤᠷᠰᠢᠯᠲᠠ ᠶᠢᠨ ᠵᠢᠭᠠᠨ

ᠰᠤᠷᠭᠠᠯᠲᠠ ᠶᠢᠨ ᠳᠠᠭᠤᠷᠢᠶᠠᠯ ᠦᠵᠡᠭᠦᠯᠬᠦ ᠲᠥᠪ 1᠂ ᠤᠯᠤᠰ ᠤᠨ ᠳᠡᠰ ᠤᠨ ᠲᠤᠰᠬᠠᠶ ᠮᠡᠷᠭᠡᠵᠢᠯ ᠤᠨ

ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠰᠬᠠᠶ ᠮᠡᠷᠭᠡᠵᠢᠯ 1᠂ ᠤᠯᠤᠰ ᠤᠨ ᠳᠡᠰ ᠤᠨ

ᠰᠦᠯᠵᠢᠶᠡᠨ ᠭᠠᠳᠠᠨᠠᠬᠢ ᠨᠢᠭᠡᠳᠦᠭᠡᠷ ᠳᠡᠰ ᠤᠨ ᠵᠢᠩᠬᠢᠨᠢ ᠠᠩᠭᠢ ᠶᠢᠨ ᠬᠢᠴᠢᠶᠡᠯ 1᠂ ᠤᠯᠤᠰ ᠤᠨ ᠳᠡᠰ ᠤᠨ

ᠰᠦᠯᠵᠢᠶᠡᠨ ᠤ ᠪᠠ ᠰᠦᠯᠵᠢᠶᠡᠨ ᠭᠠᠳᠠᠨᠠᠬᠢ ᠬᠤᠯᠢᠮᠠᠭ ᠮᠠᠶ᠋ᠢᠭ ᠤᠨ ᠲᠡᠷᠢᠭᠦᠨ ᠳᠡᠰ ᠤᠨ ᠵᠢᠩᠬᠢᠨᠢ ᠠᠩᠭᠢ ᠶᠢᠨ

ᠬᠢᠴᠢᠶᠡᠯ 2᠂ ᠪᠦᠬᠦ ᠤᠯᠤᠰ ᠤᠨ ᠳᠡᠭᠡᠳᠦ ᠰᠤᠷᠭᠠᠭᠤᠯᠢ ᠶᠢᠨ ᠬᠤᠸᠠᠩ ᠳ᠋ᠠ ᠨᠢᠶᠠᠨ ᠮᠠᠶ᠋ᠢᠭ ᠤᠨ ᠪᠠᠭᠰᠢ ᠶᠢᠨ

ᠪᠦᠯᠬᠦᠮ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠲᠠᠰ ᠤᠨ ᠵᠢᠩᠬᠢᠨᠢ ᠠᠩᠭᠢ ᠶᠢᠨ ᠲᠤᠰᠬᠠᠶ

ᠮᠡᠷᠭᠡᠵᠢᠯ ᠤᠨ ᠪᠥᠲᠥᠭᠡᠨ ᠪᠠᠶᠢᠭᠤᠯᠤᠯᠲᠠ ᠶᠢᠨ ᠴᠡᠭ 7᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠶ

ᠮᠡᠷᠭᠡᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠰᠬᠠᠶ ᠮᠡᠷᠭᠡᠵᠢᠯ 1᠂ ᠥᠪᠡᠷᠲᠡᠭᠡᠨ

ᠵᠠᠰᠠᠬᠤ ᠣᠷᠣᠨ ᠤ ᠲᠠᠰ ᠤᠨ ᠭᠤᠣᠯᠳᠠᠯᠭᠠᠲᠠᠢ ᠪᠥᠲᠥᠭᠡᠨ ᠪᠠᠶᠢᠭᠤᠯᠤᠯᠲᠠ ᠶᠢᠨ ᠲᠤᠰᠬᠠᠶ ᠮᠡᠷᠭᠡᠵᠢᠯ 4᠂

ᠥᠪᠡᠷᠲᠡᠭᠡᠨ ᠵᠠᠰᠠᠬᠤ ᠣᠷᠣᠨ ᠤ ᠲᠠᠰ ᠤᠨ ᠨᠠᠷᠠᠲᠤ ᠲᠡᠮᠳᠡᠭᠲᠦ ᠲᠤᠰᠬᠠᠶ ᠮᠡᠷᠭᠡᠵᠢᠯ 25᠂ ᠥᠪᠡᠷᠲᠡᠭᠡᠨ ᠵᠠᠰᠠᠬᠤ

ᠣᠷᠣᠨ ᠤ ᠲᠠᠰ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠳᠠᠭᠤᠷᠢᠶᠠᠯ ᠦᠵᠡᠭᠦᠯᠬᠦ ᠲᠥᠪ 8᠂ ᠥᠪᠡᠷᠲᠡᠭᠡᠨ

ᠵᠠᠰᠠᠬᠤ ᠣᠷᠣᠨ ᠤ ᠲᠠᠰ ᠤᠨ ᠵᠢᠭᠠᠨ ᠰᠤᠷᠭᠠᠯᠲᠠ ᠶᠢᠨ ᠪᠦᠯᠬᠦᠮ 20᠂ ᠥᠪᠡᠷᠲᠡᠭᠡᠨ ᠵᠠᠰᠠᠬᠤ ᠣᠷᠣᠨ ᠤ ᠲᠠᠰ ᠤᠨ

ᠵᠢᠭᠠᠨ ᠰᠤᠷᠭᠠᠯᠲᠠ ᠶᠢᠨ ᠨᠠᠷᠠᠲᠤ ᠪᠠᠭᠰᠢ 19᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠠᠪᠴᠠᠩ ᠤᠨ ᠰᠢᠨ᠎ᠡ ᠰᠣᠳᠣᠨ 12 ᠪᠣᠶ᠃

   

     70 ᠵᠢᠯ ᠤᠨ ᠲᠤᠷᠰᠢ᠂ ᠰᠤᠷᠭᠠᠭᠤᠯᠢ ᠠᠴᠠ 18 ᠲᠦᠮᠡ ᠭᠠᠷᠤᠢ ᠰᠢᠯᠢᠳᠡᠭ ᠴᠢᠳᠠᠪᠤᠷᠢᠲᠠᠨ ᠢ

ᠬᠥᠮᠦᠵᠢᠭᠦᠯᠪᠡ᠂ ᠳᠡᠳᠡ ᠡᠬᠡ ᠣᠷᠣᠨ ᠤ ᠡᠮᠦᠨ᠎ᠡ ᠤᠮᠠᠷ᠎ᠠ᠂ ᠡᠯ᠎ᠡ ᠠᠵᠢᠯ ᠲᠦᠷᠦᠯ ᠳᠤ ᠠᠵᠢᠯᠯᠠᠵᠤ᠂ ᠮᠠᠰᠢ ᠤᠯᠠᠨ

ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠲᠠᠭᠠᠭᠤᠯᠤᠬᠴᠢ ᠪᠠ ᠮᠡᠷᠭᠡᠵᠢᠯ ᠤᠨ ᠭᠤᠣᠯᠯᠠᠭᠴᠢ ᠬᠦᠴᠦᠨ

ᠪᠤᠯᠵᠤ᠂ ᠳᠡᠭᠡᠳᠦ ᠰᠤᠷᠭᠠᠭᠤᠯᠢ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠤᠰᠬᠠᠢ

ᠮᠡᠷᠭᠡᠵᠢᠯᠲᠡᠨ ᠡᠷᠳᠡᠮᠲᠡᠨ᠂ ᠨᠠᠮ ᠪᠠ ᠵᠠᠰᠠᠭ ᠤᠨ ᠣᠷᠳᠣᠨ ᠤ ᠴᠢᠬᠤᠯᠠ ᠤᠳᠤᠷᠢᠳᠬᠤ ᠺᠠᠳ᠋ᠷ ᠪᠣᠯᠵᠠᠢ᠃ ᠰᠢᠨ᠎ᠡ

ᠲᠡᠦᠬᠡ ᠶᠢᠨ ᠭᠠᠷᠤᠭ᠎ᠠ ᠳᠡᠭᠡᠷ᠎ᠡ᠂ ᠰᠤᠷᠭᠠᠭᠤᠯᠢ ᠶᠢᠨ ᠬᠢᠨ ︽ᠶᠡᠭᠡ ᠡᠷᠳᠡᠮ ᠢᠶᠠᠷ ᠥᠪᠡᠷ ᠢ ᠢᠶᠠᠨ ᠴᠢᠮᠡᠵᠦ᠂ ᠡᠷᠬᠢᠮ

ᠳᠡᠭᠡᠳᠦ ᠵᠣᠷᠢᠭ ᠡᠷᠬᠢᠮ ᠨᠠᠨᠳᠢᠨ ᠰᠤᠷᠲᠠᠯ ᠲᠠᠢ ᠪᠣᠯᠬᠤ︾ ᠰᠤᠷᠭᠠᠭᠤᠯᠢ ᠶᠢᠨ ᠰᠤᠷᠭᠠᠯ ᠢ ᠵᠠᠯᠭᠠᠮᠵᠢᠯᠠᠵᠤ᠂

︽ᠪᠣᠳᠠᠲᠠᠢ ᠶᠢ ᠡᠷᠬᠢᠮᠯᠡᠨ ᠬᠡᠷᠡᠭᠵᠢᠭᠦᠯᠬᠦ︾ ᠰᠤᠷᠭᠠᠭᠤᠯᠢ ᠶᠢᠨ ᠰᠤᠷᠲᠠᠯ ᠢ ᠪᠠᠳᠠᠷᠠᠭᠤᠯᠵᠤ᠂ ᠰᠢᠨ᠎ᠡ ᠶᠢ ᠡᠭᠦᠳᠬᠦ᠂

ᠣᠨᠴᠠᠯᠢᠭᠲᠤ᠂ ᠠᠭᠤᠯᠤᠭᠳᠠᠬᠤᠨᠲᠤ᠂ ᠣᠷᠣᠨ ᠪᠦᠰᠡᠲᠦ᠂ ᠨᠡᠭᠡᠭᠡᠯᠲᠡᠲᠦ ᠬᠥᠭᠵᠢᠯᠲᠡ ᠶᠢᠨ ᠣᠨᠣᠯᠵᠢᠬᠤᠨ ᠢ

ᠪᠠᠷᠢᠮᠲᠠᠯᠠᠵᠤ᠂ ᠡᠬᠡ ᠤᠯᠤᠰ ᠤᠨ ᠤᠮᠠᠷᠠᠲᠤ ᠬᠢᠯᠢ ᠳᠤ ᠦᠨᠳᠦᠰᠦᠯᠡᠵᠦ᠂ ᠨᠠᠮ ᠤᠨ ᠲᠥᠯᠦᠭᠡ ᠬᠥᠮᠦᠨ ᠢ

ᠬᠥᠮᠦᠵᠢᠭᠦᠯᠬᠦ᠂ ᠤᠯᠤᠰ ᠤᠨ ᠲᠥᠯᠦᠭᠡ ᠴᠢᠳᠠᠪᠤᠷᠢᠲᠠᠨ ᠢ ᠬᠥᠮᠦᠵᠢᠭᠦᠯᠬᠦ ᠶᠢ ᠪᠠᠷᠢᠮᠲᠠᠯᠠᠵᠤ᠂ ᠨᠠᠮ ᠢ ᠰᠡᠳᠬᠢᠯ ᠠᠮᠤᠷ

ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠶᠡᠭᠡ ᠰᠤᠷᠭᠠᠭᠤᠯᠢ ᠢ ᠰᠠᠶᠢᠲᠤᠷ ᠡᠷᠬᠢᠯᠡᠬᠦ ᠪᠠᠷ ᠴᠢᠷᠮᠠᠶᠢᠵᠤ

ᠪᠠᠶᠢᠨ᠎ᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号