ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ︽ᠳᠤᠮᠳᠠᠳᠤ ᠤᠯᠤᠰ ᠢᠶᠠᠨ ᠬᠠᠶᠢᠷᠠᠯᠠᠨ᠎ᠠ︾ ᠭᠡᠬᠦ ᠳᠠᠭᠤᠤ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/6/2
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠦᠪᠦᠷ ᠮᠤᠩᠭᠤᠯ ᠲᠠᠷᠢᠶᠠᠯᠠᠩ ᠤᠨ ᠶᠡᠭᠡ ᠰᠤᠷᠭᠠᠭᠤᠯᠢ      —︽ᠳᠤᠮᠳᠠᠳᠤ ᠤᠯᠤᠰ ᠢᠶᠠᠨ ᠬᠠᠶᠢᠷᠠᠯᠠᠨ᠎ᠠ︾               ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ

     ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠪᠣᠯ ᠦᠪᠤᠷ ᠮᠤᠩᠭᠤᠯ ᠤᠨ ᠦᠪᠡᠷᠳᠡᠬᠡᠨ

ᠵᠠᠰᠠᠬᠤ ᠤᠷᠤᠨ ᠤ ᠭᠤᠣᠯᠳᠠᠯᠭᠠᠲᠠᠢ ᠶᠡᠭᠡ ᠰᠤᠭᠠᠭᠤᠯᠢ᠂ ᠲᠠᠷᠢᠶᠠᠯᠠᠩ ᠣᠶ ᠰᠢᠭᠤᠶ ᠪᠠᠷ ᠭᠤᠣᠯᠯᠠᠭᠤᠯᠵᠤ᠂ ᠲᠠᠯ᠎ᠠ

ᠨᠤᠲᠤᠭ ᠤᠨ ᠮᠠᠯ ᠠᠵᠤ ᠠᠬᠤᠶ ᠪᠠᠷ ᠭᠤᠣᠯᠳᠠᠯᠭᠠᠲᠠᠢ ᠰᠤᠷᠭᠠᠭᠤᠯᠢ ᠡᠷᠭᠢᠯᠡᠬᠦ ᠣᠨᠴᠠᠯᠢᠭ ᠢᠶᠠᠨ ᠪᠣᠯᠭᠠᠵᠤ᠂

ᠲᠠᠷᠢᠶᠠᠯᠠᠩ᠂ ᠠᠵᠤ ᠦᠢᠯᠡᠳᠪᠦᠷᠢ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠠᠵᠤ ᠠᠬᠤᠶ᠂ ᠬᠠᠮᠢᠶᠠᠷᠤᠯᠲᠠ᠂

ᠨᠡᠶᠢᠭᠡᠮ ᠤᠨ ᠰᠢᠨᠵᠢᠯᠡᠬᠦ ᠤᠬᠠᠭᠠᠨ᠂ ᠬᠠᠤᠯᠢ ᠴᠠᠭᠠᠵᠠ᠂ ᠤᠷᠠᠯᠢᠭ ᠵᠡᠷᠭᠡ 8 ᠰᠢᠨᠵᠢᠯᠡᠭᠡᠨ ᠤ ᠰᠠᠯᠠᠭ᠎ᠠ ᠲᠠᠢ ᠣᠯᠠᠨ

ᠰᠢᠨᠵᠢᠯᠡᠭᠡᠨ ᠤ ᠰᠠᠯᠠᠭᠠᠲᠤ ᠶᠡᠭᠡ ᠰᠤᠷᠭᠠᠭᠤᠯᠢ ᠮᠥᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ

ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠣᠶᠤᠲᠠᠨ᠂ ᠮᠠᠰᠲ᠋ᠧᠷ ᠵᠢᠴᠢ ᠳ᠋ᠣᠺᠲ᠋ᠣᠷ ᠬᠥᠮᠦᠵᠢᠭᠦᠯᠬᠦ ᠪᠦᠷᠢᠨ

ᠪᠦᠲᠦᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠣᠭᠲᠠᠯᠴᠠᠭ᠎ᠠ ᠲᠠᠢ᠂ ᠰᠤᠷᠭᠠᠭᠤᠯᠢ ᠳᠤ ᠪᠠᠶᠢᠭ᠎ᠠ ᠰᠣᠷᠣᠭᠴᠢ

3.5 ᠲᠦᠮᠡ ᠪᠣᠶ᠃ 2001 ᠣᠨ ᠳᠤ᠂ ᠤᠯᠤᠰ ᠤᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ︽ᠨᠢᠭᠡ

ᠮᠤᠵᠢ ᠨᠢᠭᠡ ᠰᠤᠷᠭᠠᠭᠤᠯᠢ︾᠎ ᠶᠢᠨ ᠭᠤᠣᠯᠳᠠᠯᠭᠠᠲᠠᠢ ᠳᠡᠮᠵᠢᠬᠦ ᠪᠥᠲᠥᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ

ᠪᠣᠯᠪᠠ᠃ 2012 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠤᠯᠤᠰ ᠤᠨ

ᠣᠶ ᠰᠢᠭᠤᠶ ᠬᠢᠭᠡᠳ ᠡᠪᠡᠰᠦ ᠪᠡᠯᠴᠢᠭᠡᠷ ᠤᠨ ᠳᠣᠪᠴᠢᠶᠠᠨ ᠤ ᠮᠤᠵᠢ ᠪᠠ ᠶᠠᠮᠤᠨ ᠬᠠᠮᠲᠤᠷᠠᠨ ᠪᠠᠶᠢᠭᠤᠯᠤᠭᠰᠠᠨ

ᠳᠡᠭᠡᠳᠦ ᠰᠤᠷᠭᠠᠭᠤᠯᠢ ᠪᠣᠯᠪᠠ᠃

     70 ᠰᠢᠬᠠᠮ ᠵᠢᠯ ᠤᠨ ᠲᠤᠷᠰᠢ᠂ ᠰᠤᠷᠭᠠᠭᠤᠯᠢ ᠨᠢ ︽ᠪᠥᠯᠬᠦᠮᠳᠡᠯ ᠲᠠᠢ᠂ ᠦᠨᠡᠨᠴᠢ ᠰᠢᠳᠤᠷᠭᠤ᠂ ᠡᠷᠳᠡᠮ

ᠮᠡᠳᠡᠯᠭᠡᠲᠡᠢ᠂ ᠰᠢᠨ᠎ᠡ ᠶᠢ ᠡᠭᠦᠳᠬᠦ︾ ᠰᠤᠷᠭᠠᠭᠤᠯᠢ ᠶᠢᠨ ᠰᠤᠷᠭᠠᠯ ᠢ ᠪᠦᠷᠢᠳᠦᠭᠦᠯᠵᠦ᠂ ︽ᠣᠷᠤᠨ ᠨᠤᠲᠤᠭ ᠤᠨ

ᠣᠨᠴᠠᠯᠢᠭ᠂ ᠦᠨᠳᠦᠰᠦᠲᠡᠨ ᠤ ᠣᠨᠴᠠᠯᠢᠭ᠂ ᠲᠤᠰᠬᠠᠶ ᠮᠡᠷᠭᠡᠵᠢᠯ ᠤᠨ ᠣᠨᠴᠠ ᠴᠢᠳᠠᠪᠤᠷᠢ ᠪᠠ ᠴᠠᠭ ᠦᠶ᠎ᠡ ᠶᠢᠨ

ᠣᠨᠴᠠᠯᠢᠭ︾ ᠪᠥᠬᠦᠶ ᠰᠤᠷᠭᠠᠭᠤᠯᠢ ᠡᠷᠭᠢᠯᠡᠬᠦ ᠤᠯᠠᠮᠵᠢᠯᠠᠯ ᠪᠠ ︽ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠬᠤ᠂

ᠶᠣᠰᠣ ᠰᠤᠷᠲᠠᠬᠤᠨ᠎ ᠤ ᠬᠥᠮᠦᠵᠢᠯ ᠢ ᠲᠡᠷᠢᠭᠦᠨ ᠳᠤ ᠲᠠᠯᠪᠢᠬᠤ᠂ ᠴᠢᠳᠠᠪᠤᠷᠢ ᠳᠤ ᠨᠢ ᠲᠣᠬᠢᠷᠠᠭᠤᠯᠤᠨ ᠵᠢᠭᠠᠬᠤ᠂ ᠪᠥᠬᠦ

ᠲᠠᠯ᠎ᠠ ᠪᠠᠷ ᠬᠥᠭᠵᠢᠭᠦᠯᠬᠦ︾ ᠰᠤᠷᠭᠠᠭᠤᠯᠢ ᠡᠷᠭᠢᠯᠡᠬᠦ ᠣᠨᠣᠯᠵᠢᠬᠤᠨ ᠢ ᠲᠡᠭᠦᠯᠳᠡᠷᠵᠢᠭᠦᠯᠵᠦ᠂ ︽ᠲᠡᠰᠪᠦᠷᠢ

ᠬᠠᠲᠠᠭᠤᠵᠢᠯᠲᠠᠶ ᠪᠠᠷ ᠲᠡᠮᠡᠴᠡᠬᠦ᠂ ᠪᠦᠯᠬᠦᠮᠳᠡᠨ ᠪᠣᠳᠠᠲᠠᠶ ᠶᠢ ᠡᠷᠬᠢᠮᠯᠡᠬᠦ᠂ ᠠᠵᠢᠯ ᠦᠢᠯᠡᠰ ᠢᠶᠠᠨ ᠳᠡᠭᠡᠳᠦᠯᠡᠨ

ᠤᠷᠤᠭᠰᠢᠯᠠᠨ ᠳᠠᠪᠰᠢᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ︾ ᠰᠢᠯᠢᠳᠡᠭ ᠰᠤᠷᠲᠠᠯ ᠢ ᠬᠤᠷᠠᠮᠳᠤᠭᠤᠯᠤᠭᠰᠠᠨ

ᠪᠠᠶᠢᠨ᠎ᠠ᠃ ᠰᠤᠷᠭᠠᠭᠤᠯᠢ ᠨᠢ ︽ᠨᠤᠲᠤᠭ ᠪᠡᠯᠴᠢᠭᠡᠷ ᠤᠨ ᠪᠠᠴᠢᠮ ᠬᠡᠷᠡᠭᠴᠡᠭᠡᠨ ᠤ ᠲᠤᠰᠬᠠᠶ ᠮᠡᠷᠭᠡᠵᠢᠯ ᠢ ᠡᠷᠭᠢᠯᠡᠵᠦ᠂

ᠬᠢᠯᠢ ᠬᠢᠵᠠᠭᠠᠷ ᠤᠨ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠵᠦ᠂ ᠦᠪᠦᠷ ᠮᠤᠩᠭᠤᠯ ᠤᠨ ᠮᠠᠯ ᠠᠵᠤ ᠠᠬᠤᠶ ᠶᠢ

ᠬᠥᠭᠵᠢᠭᠦᠯᠬᠦ︾ ᠰᠤᠷᠭᠠᠭᠤᠯᠢ ᠡᠷᠭᠢᠯᠡᠬᠦ ᠡᠭᠦᠷᠭᠡ ᠶᠢ ᠪᠠᠷᠢᠮᠲᠠᠯᠠᠵᠤ᠂ ᠨᠢᠭᠡ ᠪᠦᠯᠦᠭ ︽ᠪᠠᠭᠤᠵᠤ ᠳᠡᠶᠢᠯᠬᠦ᠂ ᠦᠯᠡᠳᠡᠵᠦ

ᠳᠡᠶᠢᠯᠬᠦ᠂ ᠬᠡᠷᠡᠭᠯᠡᠵᠦ ᠳᠡᠶᠢᠯᠬᠦ᠂ ᠰᠠᠶᠢᠨ ᠠᠵᠢᠯᠯᠠᠭᠰᠠᠨ︾ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠪᠠ

︽ᠲᠠᠷᠢᠶᠠᠯᠠᠩ ᠮᠠᠯ ᠠᠵᠤ ᠠᠬᠤᠶ ᠶᠢ ᠣᠶᠢᠯᠠᠭᠠᠵᠤ᠂ ᠬᠥᠳᠡᠭᠡ ᠳᠣᠰᠬᠤᠨ ᠢ ᠬᠠᠶᠢᠷᠠᠯᠠᠵᠤ᠂ ᠮᠠᠯᠴᠢᠨ ᠲᠠᠷᠢᠶᠠᠴᠢᠨ ᠢ

ᠬᠠᠶᠢᠷᠠᠯᠠᠬᠤ︾᠂ ︽ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾᠎ ᠤ

ᠪᠡᠯᠡᠦᠡᠭᠡᠯ ᠬᠦᠴᠦᠠ ᠢ ᠬᠥᠮᠦᠵᠢᠭᠦᠯᠦᠨ ᠪᠤᠶᠢᠵᠢᠭᠤᠯᠵᠤ᠂ ᠤᠯᠤᠰ ᠲᠤ ᠨᠡᠶᠢᠲᠡ 18 ᠲᠦᠮᠡ ᠭᠠᠷᠤᠶ ᠡᠯ᠎ᠡ

ᠲᠥᠷᠥᠯ ᠤᠨ ᠴᠢᠳᠠᠪᠤᠷᠢᠲᠠᠨ ᠢ ᠬᠥᠮᠥᠵᠢᠭᠦᠯᠦᠨ ᠥᠭᠴᠦ᠂ ᠲᠡᠭᠦᠰᠦᠭᠰᠡᠨ ᠰᠤᠷᠤᠭᠴᠢᠳ ᠪᠦᠬᠦ ᠤᠯᠤᠰ ᠤᠨ ᠡᠯ᠎ᠡ

ᠭᠠᠵᠠᠷ ᠲᠤ ᠲᠦᠭᠡᠵᠦ᠂ ᠥᠪᠡᠷᠲᠡᠭᠡᠨ ᠵᠠᠰᠠᠬᠤ ᠣᠷᠣᠨ ᠴᠠᠭᠠᠰᠢᠯᠠᠪᠠᠯ ᠪᠠᠷᠠᠭᠤᠨ ᠬᠡᠰᠡᠭ ᠤᠨ ᠭᠠᠵᠠᠷ ᠣᠷᠣᠨ ᠤ

ᠲᠠᠷᠢᠶᠠᠯᠠᠩ᠂ ᠮᠠᠯ ᠠᠵᠤ ᠠᠬᠤᠶ᠂ ᠣᠶ ᠰᠢᠭᠤᠶ᠂ ᠤᠰᠤ᠂ ᠡᠪᠡᠰᠦ ᠪᠡᠯᠴᠢᠭᠡᠷ᠂ ᠰᠦ᠂ ᠡᠯᠡᠰᠦ ᠵᠡᠷᠭᠡ ᠠᠵᠢᠯ

ᠲᠥᠷᠥᠯ ᠤᠨ ᠳᠠᠭᠠᠭᠤᠯᠤᠭᠴᠢ ᠪᠠ ᠮᠡᠷᠭᠡᠵᠢᠯ ᠤᠨ ᠭᠤᠣᠯᠯᠠᠭᠴᠢ ᠬᠦᠴᠦᠨ ᠪᠣᠯᠤᠭᠰᠠᠨ ᠪᠠᠶᠢᠨ᠎ᠠ᠃ ᠲᠤᠮᠳᠠᠳᠤ

ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠺᠠᠩ ᠯᠧ᠂ ᠵᠠᠩ ᠶᠦᠩ᠂ ᠥᠪᠡᠷᠲᠡᠭᠡᠨ ᠵᠠᠰᠠᠬᠤ

ᠣᠷᠣᠨ ᠤ ᠠᠯᠳᠠᠷᠲᠤ ᠠᠵᠤ ᠠᠬᠤᠶᠢᠯᠠᠯᠲᠠᠨ ᠫᠠᠨ ᠭᠠᠩ᠂ ᠸᠠᠩ ᠵᠣᠣ ᠮᠢᠩ ᠨᠡᠷ ᠪᠣᠯ ᠴᠥᠮ ᠰᠤᠷᠭᠠᠭᠤᠯᠢ ᠶᠢᠨ

ᠰᠢᠯᠢᠳᠡᠭ ᠰᠤᠷᠭᠠᠭᠤᠯᠢ ᠶᠢᠨ ᠨᠠᠶᠢᠵᠠ ᠶᠢᠨ ᠲᠥᠯᠦᠭᠡᠯᠡᠭᠴᠢ ᠪᠣᠯᠤᠨ᠎ᠠ᠃ ᠰᠤᠷᠭᠠᠭᠤᠯᠢ ᠠᠴᠠ ᠤᠷᠢᠳ ᠬᠤᠵᠢᠳ

︽12.14︾᠎ ᠤ ᠪᠠᠭᠠᠲᠤᠷᠯᠢᠭ ᠬᠠᠮᠲᠤ ᠨᠡᠶᠢᠲᠡ ᠪᠠ ᠬᠤᠤ ᠯᠦᠩ ᠪᠢᠶᠤᠤ᠂ ︽ᠬᠡᠷᠡᠯᠳᠦᠭᠦᠯᠦᠭᠴᠢ ᠡᠯᠴᠢ︾ ᠯᠢ ᠶᠢᠩ

ᠴᠣᠯᠭᠤᠷᠠᠨ ᠭᠠᠷᠤᠭᠰᠠᠨ ᠤ ᠬᠠᠮᠲᠤ ︽ᠪᠥᠬᠦ ᠣᠷᠣᠨ ᠤ ᠶᠣᠰᠣ ᠮᠣᠷᠠᠯ ᠤᠨ ᠵᠢᠱᠢᠶᠡᠴᠢ︾ ᠳ᠋ᠦ᠋ ᠸᠧᠶ᠂ ︽ᠳᠡᠭᠦᠦ ᠪᠠᠨ

ᠡᠭᠦᠷᠴᠦ ᠰᠤᠷᠤᠯᠴᠠᠭᠤᠯᠤᠭᠰᠠᠨ︾ ᠵᠤᠸᠠᠩ ᠬᠤᠩ ᠴᠢᠤᠸᠠᠨ᠂ ᠵᠤᠸᠠᠩ ᠾᠦᠢ ᠴᠢᠤᠸᠠᠨ᠂ ︽ᠤᠮᠠᠷᠠᠲᠤ ᠬᠢᠯᠢ ᠶᠢᠨ

ᠥᠯᠢᠭᠡᠷ ᠳᠠᠭᠤᠷᠢᠶᠠᠯ︾ ᠢᠦᠶ ᠬᠠᠶ ᠵᠢᠶᠦ᠋ᠨ᠂ ᠪᠥᠬᠦ ᠣᠷᠣᠨ ᠤ ︽ᠦᠨᠡᠨ ᠶᠣᠰᠣᠨ ᠤ ᠲᠥᠯᠥᠭᠡ ᠡᠷᠡᠯᠬᠡᠭᠯᠡᠨ

ᠲᠡᠮᠡᠴᠡᠭᠰᠡᠨ ᠲᠡᠷᠢᠭᠦᠨ ᠤ ᠬᠥᠮᠦᠰ︾ ᠵᠠᠩ ᠸᠧᠨ ᠪᠥᠸᠧ ᠵᠡᠷᠭᠡ  ᠠᠮᠢᠳᠤᠯᠢᠭ ᠨᠡᠶᠢᠲᠡᠯᠢᠭ ᠦᠢᠯᠡ ᠠᠵᠢᠯᠯᠠᠭ᠎ᠠ ᠨᠢ

ᠨᠢᠭᠡᠨᠲᠡ ᠴᠠᠭ ᠦᠶ᠎ᠡ ᠶᠢᠨ ᠬᠡᠷᠡᠭᠴᠡᠭᠡ ᠱᠠᠭᠠᠷᠳᠠᠯᠭ᠎ᠠ ᠶᠢ ᠢᠯᠡᠷᠡᠭᠦᠯᠬᠦ᠂ ᠨᠡᠶᠢᠭᠡᠮ ᠤᠨ ᠬᠡᠪ ᠰᠤᠷᠲᠠᠯ ᠢ ᠬᠥᠲᠥᠯᠦᠨ

ᠳᠠᠭᠠᠭᠤᠯᠬᠤ ︽ᠶᠣᠰᠣ ᠮᠣᠷᠠᠯ ᠤᠨ ᠭᠡᠷᠡᠯᠲᠦ ᠴᠠᠮᠬᠠᠭ︾ ᠪᠣᠯᠵᠣ᠂ ᠲᠠᠷᠢᠶᠠᠯᠠᠩ ᠤᠨ ᠶᠡᠭᠡ ᠰᠤᠷᠭᠠᠭᠤᠯᠢ ᠶᠢᠨ

ᠰᠤᠷᠤᠭᠴᠢᠳ ᠤᠨ ᠡᠷᠬᠢᠮ ᠳᠡᠭᠡᠳᠦ ᠣᠶᠤᠨ ᠰᠠᠨᠠᠭᠠᠨ ᠤ ᠠᠬᠤᠶ ᠪᠠᠶᠢᠳᠠᠯ ᠪᠠ ᠰᠤᠷᠭᠠᠭᠤᠯᠢ ᠡᠷᠬᠢᠯᠡᠬᠦ ᠡᠷᠬᠢᠮ

ᠳᠡᠭᠡᠳᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃

     ᠥᠨᠥᠳᠦᠷ ᠤᠨ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠨᠢ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠪᠥᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ

ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ

ᠦᠨᠳᠦᠰᠦᠨ ᠡᠭᠦᠷᠭᠡ ᠶᠢ ᠪᠠᠷᠢᠮᠲᠠᠯᠠᠵᠤ᠂ ︽ᠦᠨᠳᠦᠰᠦ ᠪᠠᠷ ᠦᠨᠳᠦᠰᠦ ᠪᠣᠯᠭᠠᠬᠤ︾᠎ ᠶᠢ ᠪᠠᠷᠢᠮᠲᠠᠯᠠᠵᠤ᠂ ︽ᠲᠦᠷᠪᠡᠨ

ᠪᠤᠴᠠᠵᠤ ᠢᠷᠡᠬᠦ︾᠎ ᠶᠢ ᠠᠬᠢᠭᠤᠯᠵᠤ᠂ ︽ᠰᠢᠨ᠎ᠡ ᠲᠠᠷᠢᠶᠠᠯᠠᠩ ᠤᠨ ᠤᠬᠠᠭᠠᠨ᠂ ᠰᠢᠨ᠎ᠡ ᠲᠧᠭᠨᠢᠭ ᠤᠨ ᠤᠬᠠᠭᠠᠨ᠂ ᠰᠢᠨ᠎ᠡ

ᠨᠡᠶᠢᠭᠡᠮ ᠤᠨ ᠰᠢᠨᠵᠢᠯᠡᠬᠦ ᠤᠬᠠᠭᠠᠨ︾᠎ ᠤ ᠪᠠᠶᠢᠭᠤᠯᠤᠯᠲᠠ ᠶᠢ ᠲᠠᠰᠤᠷᠠᠯᠳᠡ ᠦᠭᠡᠢ ᠠᠬᠢᠭᠤᠯᠵᠤ᠂ ᠰᠤᠷᠭᠠᠭᠤᠯᠢ ᠶᠢᠨ

︽131467︾ ᠪᠠᠶᠢᠯᠳᠤᠬᠤ ᠪᠤᠳᠤᠯᠭ᠎ᠠ ᠶᠢᠨ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂

ᠣᠨᠴᠠᠯᠢᠭ ᠢᠶᠠᠷ ᠢᠯᠡ ᠲᠣᠳᠣ ᠥᠨᠳᠥᠷ ᠲᠦᠪᠰᠢᠨ ᠪᠥᠬᠦᠢ ᠲᠠᠷᠢᠶᠠᠯᠠᠩ ᠤᠨ ᠶᠡᠭᠡ ᠰᠤᠷᠭᠠᠭᠤᠯᠢ ᠶᠢ

ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠤᠷᠤᠭᠰᠢᠯᠠᠵᠤ ᠪᠠᠶᠢᠨ᠎ᠠ᠃

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号