| | ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠵᠤ ᠪᠠᠶᠢᠨ᠎ᠠ᠃ | ᠦᠪᠦᠷ ᠮᠤᠩᠭᠤᠯ ᠲᠠᠷᠢᠶᠠᠯᠠᠩ ᠤᠨ ᠶᠡᠭᠡ ᠰᠤᠷᠭᠠᠭᠤᠯᠢ | —︽ᠳᠤᠮᠳᠠᠳᠤ ᠤᠯᠤᠰ ᠢᠶᠠᠨ ᠬᠠᠶᠢᠷᠠᠯᠠᠨ᠎ᠠ︾ | | | ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ | | | | | | ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠪᠣᠯ ᠦᠪᠤᠷ ᠮᠤᠩᠭᠤᠯ ᠤᠨ ᠦᠪᠡᠷᠳᠡᠬᠡᠨ | ᠵᠠᠰᠠᠬᠤ ᠤᠷᠤᠨ ᠤ ᠭᠤᠣᠯᠳᠠᠯᠭᠠᠲᠠᠢ ᠶᠡᠭᠡ ᠰᠤᠭᠠᠭᠤᠯᠢ᠂ ᠲᠠᠷᠢᠶᠠᠯᠠᠩ ᠣᠶ ᠰᠢᠭᠤᠶ ᠪᠠᠷ ᠭᠤᠣᠯᠯᠠᠭᠤᠯᠵᠤ᠂ ᠲᠠᠯ᠎ᠠ | ᠨᠤᠲᠤᠭ ᠤᠨ ᠮᠠᠯ ᠠᠵᠤ ᠠᠬᠤᠶ ᠪᠠᠷ ᠭᠤᠣᠯᠳᠠᠯᠭᠠᠲᠠᠢ ᠰᠤᠷᠭᠠᠭᠤᠯᠢ ᠡᠷᠭᠢᠯᠡᠬᠦ ᠣᠨᠴᠠᠯᠢᠭ ᠢᠶᠠᠨ ᠪᠣᠯᠭᠠᠵᠤ᠂ | ᠲᠠᠷᠢᠶᠠᠯᠠᠩ᠂ ᠠᠵᠤ ᠦᠢᠯᠡᠳᠪᠦᠷᠢ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠠᠵᠤ ᠠᠬᠤᠶ᠂ ᠬᠠᠮᠢᠶᠠᠷᠤᠯᠲᠠ᠂ | ᠨᠡᠶᠢᠭᠡᠮ ᠤᠨ ᠰᠢᠨᠵᠢᠯᠡᠬᠦ ᠤᠬᠠᠭᠠᠨ᠂ ᠬᠠᠤᠯᠢ ᠴᠠᠭᠠᠵᠠ᠂ ᠤᠷᠠᠯᠢᠭ ᠵᠡᠷᠭᠡ 8 ᠰᠢᠨᠵᠢᠯᠡᠭᠡᠨ ᠤ ᠰᠠᠯᠠᠭ᠎ᠠ ᠲᠠᠢ ᠣᠯᠠᠨ | ᠰᠢᠨᠵᠢᠯᠡᠭᠡᠨ ᠤ ᠰᠠᠯᠠᠭᠠᠲᠤ ᠶᠡᠭᠡ ᠰᠤᠷᠭᠠᠭᠤᠯᠢ ᠮᠥᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ | ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠣᠶᠤᠲᠠᠨ᠂ ᠮᠠᠰᠲ᠋ᠧᠷ ᠵᠢᠴᠢ ᠳ᠋ᠣᠺᠲ᠋ᠣᠷ ᠬᠥᠮᠦᠵᠢᠭᠦᠯᠬᠦ ᠪᠦᠷᠢᠨ | ᠪᠦᠲᠦᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠣᠭᠲᠠᠯᠴᠠᠭ᠎ᠠ ᠲᠠᠢ᠂ ᠰᠤᠷᠭᠠᠭᠤᠯᠢ ᠳᠤ ᠪᠠᠶᠢᠭ᠎ᠠ ᠰᠣᠷᠣᠭᠴᠢ | 3.5 ᠲᠦᠮᠡ ᠪᠣᠶ᠃ 2001 ᠣᠨ ᠳᠤ᠂ ᠤᠯᠤᠰ ᠤᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ︽ᠨᠢᠭᠡ | ᠮᠤᠵᠢ ᠨᠢᠭᠡ ᠰᠤᠷᠭᠠᠭᠤᠯᠢ︾ ᠶᠢᠨ ᠭᠤᠣᠯᠳᠠᠯᠭᠠᠲᠠᠢ ᠳᠡᠮᠵᠢᠬᠦ ᠪᠥᠲᠥᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ | ᠪᠣᠯᠪᠠ᠃ 2012 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠤᠯᠤᠰ ᠤᠨ | ᠣᠶ ᠰᠢᠭᠤᠶ ᠬᠢᠭᠡᠳ ᠡᠪᠡᠰᠦ ᠪᠡᠯᠴᠢᠭᠡᠷ ᠤᠨ ᠳᠣᠪᠴᠢᠶᠠᠨ ᠤ ᠮᠤᠵᠢ ᠪᠠ ᠶᠠᠮᠤᠨ ᠬᠠᠮᠲᠤᠷᠠᠨ ᠪᠠᠶᠢᠭᠤᠯᠤᠭᠰᠠᠨ | ᠳᠡᠭᠡᠳᠦ ᠰᠤᠷᠭᠠᠭᠤᠯᠢ ᠪᠣᠯᠪᠠ᠃ | | | | | | | | | | | | | | | 70 ᠰᠢᠬᠠᠮ ᠵᠢᠯ ᠤᠨ ᠲᠤᠷᠰᠢ᠂ ᠰᠤᠷᠭᠠᠭᠤᠯᠢ ᠨᠢ ︽ᠪᠥᠯᠬᠦᠮᠳᠡᠯ ᠲᠠᠢ᠂ ᠦᠨᠡᠨᠴᠢ ᠰᠢᠳᠤᠷᠭᠤ᠂ ᠡᠷᠳᠡᠮ | ᠮᠡᠳᠡᠯᠭᠡᠲᠡᠢ᠂ ᠰᠢᠨ᠎ᠡ ᠶᠢ ᠡᠭᠦᠳᠬᠦ︾ ᠰᠤᠷᠭᠠᠭᠤᠯᠢ ᠶᠢᠨ ᠰᠤᠷᠭᠠᠯ ᠢ ᠪᠦᠷᠢᠳᠦᠭᠦᠯᠵᠦ᠂ ︽ᠣᠷᠤᠨ ᠨᠤᠲᠤᠭ ᠤᠨ | ᠣᠨᠴᠠᠯᠢᠭ᠂ ᠦᠨᠳᠦᠰᠦᠲᠡᠨ ᠤ ᠣᠨᠴᠠᠯᠢᠭ᠂ ᠲᠤᠰᠬᠠᠶ ᠮᠡᠷᠭᠡᠵᠢᠯ ᠤᠨ ᠣᠨᠴᠠ ᠴᠢᠳᠠᠪᠤᠷᠢ ᠪᠠ ᠴᠠᠭ ᠦᠶ᠎ᠡ ᠶᠢᠨ | ᠣᠨᠴᠠᠯᠢᠭ︾ ᠪᠥᠬᠦᠶ ᠰᠤᠷᠭᠠᠭᠤᠯᠢ ᠡᠷᠭᠢᠯᠡᠬᠦ ᠤᠯᠠᠮᠵᠢᠯᠠᠯ ᠪᠠ ︽ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠬᠤ᠂ | ᠶᠣᠰᠣ ᠰᠤᠷᠲᠠᠬᠤᠨ ᠤ ᠬᠥᠮᠦᠵᠢᠯ ᠢ ᠲᠡᠷᠢᠭᠦᠨ ᠳᠤ ᠲᠠᠯᠪᠢᠬᠤ᠂ ᠴᠢᠳᠠᠪᠤᠷᠢ ᠳᠤ ᠨᠢ ᠲᠣᠬᠢᠷᠠᠭᠤᠯᠤᠨ ᠵᠢᠭᠠᠬᠤ᠂ ᠪᠥᠬᠦ | ᠲᠠᠯ᠎ᠠ ᠪᠠᠷ ᠬᠥᠭᠵᠢᠭᠦᠯᠬᠦ︾ ᠰᠤᠷᠭᠠᠭᠤᠯᠢ ᠡᠷᠭᠢᠯᠡᠬᠦ ᠣᠨᠣᠯᠵᠢᠬᠤᠨ ᠢ ᠲᠡᠭᠦᠯᠳᠡᠷᠵᠢᠭᠦᠯᠵᠦ᠂ ︽ᠲᠡᠰᠪᠦᠷᠢ | ᠬᠠᠲᠠᠭᠤᠵᠢᠯᠲᠠᠶ ᠪᠠᠷ ᠲᠡᠮᠡᠴᠡᠬᠦ᠂ ᠪᠦᠯᠬᠦᠮᠳᠡᠨ ᠪᠣᠳᠠᠲᠠᠶ ᠶᠢ ᠡᠷᠬᠢᠮᠯᠡᠬᠦ᠂ ᠠᠵᠢᠯ ᠦᠢᠯᠡᠰ ᠢᠶᠠᠨ ᠳᠡᠭᠡᠳᠦᠯᠡᠨ | ᠤᠷᠤᠭᠰᠢᠯᠠᠨ ᠳᠠᠪᠰᠢᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ︾ ᠰᠢᠯᠢᠳᠡᠭ ᠰᠤᠷᠲᠠᠯ ᠢ ᠬᠤᠷᠠᠮᠳᠤᠭᠤᠯᠤᠭᠰᠠᠨ | ᠪᠠᠶᠢᠨ᠎ᠠ᠃ ᠰᠤᠷᠭᠠᠭᠤᠯᠢ ᠨᠢ ︽ᠨᠤᠲᠤᠭ ᠪᠡᠯᠴᠢᠭᠡᠷ ᠤᠨ ᠪᠠᠴᠢᠮ ᠬᠡᠷᠡᠭᠴᠡᠭᠡᠨ ᠤ ᠲᠤᠰᠬᠠᠶ ᠮᠡᠷᠭᠡᠵᠢᠯ ᠢ ᠡᠷᠭᠢᠯᠡᠵᠦ᠂ | ᠬᠢᠯᠢ ᠬᠢᠵᠠᠭᠠᠷ ᠤᠨ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠵᠦ᠂ ᠦᠪᠦᠷ ᠮᠤᠩᠭᠤᠯ ᠤᠨ ᠮᠠᠯ ᠠᠵᠤ ᠠᠬᠤᠶ ᠶᠢ | ᠬᠥᠭᠵᠢᠭᠦᠯᠬᠦ︾ ᠰᠤᠷᠭᠠᠭᠤᠯᠢ ᠡᠷᠭᠢᠯᠡᠬᠦ ᠡᠭᠦᠷᠭᠡ ᠶᠢ ᠪᠠᠷᠢᠮᠲᠠᠯᠠᠵᠤ᠂ ᠨᠢᠭᠡ ᠪᠦᠯᠦᠭ ︽ᠪᠠᠭᠤᠵᠤ ᠳᠡᠶᠢᠯᠬᠦ᠂ ᠦᠯᠡᠳᠡᠵᠦ | ᠳᠡᠶᠢᠯᠬᠦ᠂ ᠬᠡᠷᠡᠭᠯᠡᠵᠦ ᠳᠡᠶᠢᠯᠬᠦ᠂ ᠰᠠᠶᠢᠨ ᠠᠵᠢᠯᠯᠠᠭᠰᠠᠨ︾ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠪᠠ | ︽ᠲᠠᠷᠢᠶᠠᠯᠠᠩ ᠮᠠᠯ ᠠᠵᠤ ᠠᠬᠤᠶ ᠶᠢ ᠣᠶᠢᠯᠠᠭᠠᠵᠤ᠂ ᠬᠥᠳᠡᠭᠡ ᠳᠣᠰᠬᠤᠨ ᠢ ᠬᠠᠶᠢᠷᠠᠯᠠᠵᠤ᠂ ᠮᠠᠯᠴᠢᠨ ᠲᠠᠷᠢᠶᠠᠴᠢᠨ ᠢ | ᠬᠠᠶᠢᠷᠠᠯᠠᠬᠤ︾᠂ ︽ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ | ᠪᠡᠯᠡᠦᠡᠭᠡᠯ ᠬᠦᠴᠦᠠ ᠢ ᠬᠥᠮᠦᠵᠢᠭᠦᠯᠦᠨ ᠪᠤᠶᠢᠵᠢᠭᠤᠯᠵᠤ᠂ ᠤᠯᠤᠰ ᠲᠤ ᠨᠡᠶᠢᠲᠡ 18 ᠲᠦᠮᠡ ᠭᠠᠷᠤᠶ ᠡᠯ᠎ᠡ | ᠲᠥᠷᠥᠯ ᠤᠨ ᠴᠢᠳᠠᠪᠤᠷᠢᠲᠠᠨ ᠢ ᠬᠥᠮᠥᠵᠢᠭᠦᠯᠦᠨ ᠥᠭᠴᠦ᠂ ᠲᠡᠭᠦᠰᠦᠭᠰᠡᠨ ᠰᠤᠷᠤᠭᠴᠢᠳ ᠪᠦᠬᠦ ᠤᠯᠤᠰ ᠤᠨ ᠡᠯ᠎ᠡ | ᠭᠠᠵᠠᠷ ᠲᠤ ᠲᠦᠭᠡᠵᠦ᠂ ᠥᠪᠡᠷᠲᠡᠭᠡᠨ ᠵᠠᠰᠠᠬᠤ ᠣᠷᠣᠨ ᠴᠠᠭᠠᠰᠢᠯᠠᠪᠠᠯ ᠪᠠᠷᠠᠭᠤᠨ ᠬᠡᠰᠡᠭ ᠤᠨ ᠭᠠᠵᠠᠷ ᠣᠷᠣᠨ ᠤ | ᠲᠠᠷᠢᠶᠠᠯᠠᠩ᠂ ᠮᠠᠯ ᠠᠵᠤ ᠠᠬᠤᠶ᠂ ᠣᠶ ᠰᠢᠭᠤᠶ᠂ ᠤᠰᠤ᠂ ᠡᠪᠡᠰᠦ ᠪᠡᠯᠴᠢᠭᠡᠷ᠂ ᠰᠦ᠂ ᠡᠯᠡᠰᠦ ᠵᠡᠷᠭᠡ ᠠᠵᠢᠯ | ᠲᠥᠷᠥᠯ ᠤᠨ ᠳᠠᠭᠠᠭᠤᠯᠤᠭᠴᠢ ᠪᠠ ᠮᠡᠷᠭᠡᠵᠢᠯ ᠤᠨ ᠭᠤᠣᠯᠯᠠᠭᠴᠢ ᠬᠦᠴᠦᠨ ᠪᠣᠯᠤᠭᠰᠠᠨ ᠪᠠᠶᠢᠨ᠎ᠠ᠃ ᠲᠤᠮᠳᠠᠳᠤ | ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠺᠠᠩ ᠯᠧ᠂ ᠵᠠᠩ ᠶᠦᠩ᠂ ᠥᠪᠡᠷᠲᠡᠭᠡᠨ ᠵᠠᠰᠠᠬᠤ | ᠣᠷᠣᠨ ᠤ ᠠᠯᠳᠠᠷᠲᠤ ᠠᠵᠤ ᠠᠬᠤᠶᠢᠯᠠᠯᠲᠠᠨ ᠫᠠᠨ ᠭᠠᠩ᠂ ᠸᠠᠩ ᠵᠣᠣ ᠮᠢᠩ ᠨᠡᠷ ᠪᠣᠯ ᠴᠥᠮ ᠰᠤᠷᠭᠠᠭᠤᠯᠢ ᠶᠢᠨ | ᠰᠢᠯᠢᠳᠡᠭ ᠰᠤᠷᠭᠠᠭᠤᠯᠢ ᠶᠢᠨ ᠨᠠᠶᠢᠵᠠ ᠶᠢᠨ ᠲᠥᠯᠦᠭᠡᠯᠡᠭᠴᠢ ᠪᠣᠯᠤᠨ᠎ᠠ᠃ ᠰᠤᠷᠭᠠᠭᠤᠯᠢ ᠠᠴᠠ ᠤᠷᠢᠳ ᠬᠤᠵᠢᠳ | ︽12.14︾ ᠤ ᠪᠠᠭᠠᠲᠤᠷᠯᠢᠭ ᠬᠠᠮᠲᠤ ᠨᠡᠶᠢᠲᠡ ᠪᠠ ᠬᠤᠤ ᠯᠦᠩ ᠪᠢᠶᠤᠤ᠂ ︽ᠬᠡᠷᠡᠯᠳᠦᠭᠦᠯᠦᠭᠴᠢ ᠡᠯᠴᠢ︾ ᠯᠢ ᠶᠢᠩ | ᠴᠣᠯᠭᠤᠷᠠᠨ ᠭᠠᠷᠤᠭᠰᠠᠨ ᠤ ᠬᠠᠮᠲᠤ ︽ᠪᠥᠬᠦ ᠣᠷᠣᠨ ᠤ ᠶᠣᠰᠣ ᠮᠣᠷᠠᠯ ᠤᠨ ᠵᠢᠱᠢᠶᠡᠴᠢ︾ ᠳ᠋ᠦ᠋ ᠸᠧᠶ᠂ ︽ᠳᠡᠭᠦᠦ ᠪᠠᠨ | ᠡᠭᠦᠷᠴᠦ ᠰᠤᠷᠤᠯᠴᠠᠭᠤᠯᠤᠭᠰᠠᠨ︾ ᠵᠤᠸᠠᠩ ᠬᠤᠩ ᠴᠢᠤᠸᠠᠨ᠂ ᠵᠤᠸᠠᠩ ᠾᠦᠢ ᠴᠢᠤᠸᠠᠨ᠂ ︽ᠤᠮᠠᠷᠠᠲᠤ ᠬᠢᠯᠢ ᠶᠢᠨ | ᠥᠯᠢᠭᠡᠷ ᠳᠠᠭᠤᠷᠢᠶᠠᠯ︾ ᠢᠦᠶ ᠬᠠᠶ ᠵᠢᠶᠦ᠋ᠨ᠂ ᠪᠥᠬᠦ ᠣᠷᠣᠨ ᠤ ︽ᠦᠨᠡᠨ ᠶᠣᠰᠣᠨ ᠤ ᠲᠥᠯᠥᠭᠡ ᠡᠷᠡᠯᠬᠡᠭᠯᠡᠨ | ᠲᠡᠮᠡᠴᠡᠭᠰᠡᠨ ᠲᠡᠷᠢᠭᠦᠨ ᠤ ᠬᠥᠮᠦᠰ︾ ᠵᠠᠩ ᠸᠧᠨ ᠪᠥᠸᠧ ᠵᠡᠷᠭᠡ ᠠᠮᠢᠳᠤᠯᠢᠭ ᠨᠡᠶᠢᠲᠡᠯᠢᠭ ᠦᠢᠯᠡ ᠠᠵᠢᠯᠯᠠᠭ᠎ᠠ ᠨᠢ | ᠨᠢᠭᠡᠨᠲᠡ ᠴᠠᠭ ᠦᠶ᠎ᠡ ᠶᠢᠨ ᠬᠡᠷᠡᠭᠴᠡᠭᠡ ᠱᠠᠭᠠᠷᠳᠠᠯᠭ᠎ᠠ ᠶᠢ ᠢᠯᠡᠷᠡᠭᠦᠯᠬᠦ᠂ ᠨᠡᠶᠢᠭᠡᠮ ᠤᠨ ᠬᠡᠪ ᠰᠤᠷᠲᠠᠯ ᠢ ᠬᠥᠲᠥᠯᠦᠨ | ᠳᠠᠭᠠᠭᠤᠯᠬᠤ ︽ᠶᠣᠰᠣ ᠮᠣᠷᠠᠯ ᠤᠨ ᠭᠡᠷᠡᠯᠲᠦ ᠴᠠᠮᠬᠠᠭ︾ ᠪᠣᠯᠵᠣ᠂ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠰᠤᠷᠤᠭᠴᠢᠳ ᠤᠨ ᠡᠷᠬᠢᠮ ᠳᠡᠭᠡᠳᠦ ᠣᠶᠤᠨ ᠰᠠᠨᠠᠭᠠᠨ ᠤ ᠠᠬᠤᠶ ᠪᠠᠶᠢᠳᠠᠯ ᠪᠠ ᠰᠤᠷᠭᠠᠭᠤᠯᠢ ᠡᠷᠬᠢᠯᠡᠬᠦ ᠡᠷᠬᠢᠮ | ᠳᠡᠭᠡᠳᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃ | | | | | | | | | ᠥᠨᠥᠳᠦᠷ ᠤᠨ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠨᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠪᠥᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ | ᠦᠨᠳᠦᠰᠦᠨ ᠡᠭᠦᠷᠭᠡ ᠶᠢ ᠪᠠᠷᠢᠮᠲᠠᠯᠠᠵᠤ᠂ ︽ᠦᠨᠳᠦᠰᠦ ᠪᠠᠷ ᠦᠨᠳᠦᠰᠦ ᠪᠣᠯᠭᠠᠬᠤ︾ ᠶᠢ ᠪᠠᠷᠢᠮᠲᠠᠯᠠᠵᠤ᠂ ︽ᠲᠦᠷᠪᠡᠨ | ᠪᠤᠴᠠᠵᠤ ᠢᠷᠡᠬᠦ︾ ᠶᠢ ᠠᠬᠢᠭᠤᠯᠵᠤ᠂ ︽ᠰᠢᠨ᠎ᠡ ᠲᠠᠷᠢᠶᠠᠯᠠᠩ ᠤᠨ ᠤᠬᠠᠭᠠᠨ᠂ ᠰᠢᠨ᠎ᠡ ᠲᠧᠭᠨᠢᠭ ᠤᠨ ᠤᠬᠠᠭᠠᠨ᠂ ᠰᠢᠨ᠎ᠡ | ᠨᠡᠶᠢᠭᠡᠮ ᠤᠨ ᠰᠢᠨᠵᠢᠯᠡᠬᠦ ᠤᠬᠠᠭᠠᠨ︾ ᠤ ᠪᠠᠶᠢᠭᠤᠯᠤᠯᠲᠠ ᠶᠢ ᠲᠠᠰᠤᠷᠠᠯᠳᠡ ᠦᠭᠡᠢ ᠠᠬᠢᠭᠤᠯᠵᠤ᠂ ᠰᠤᠷᠭᠠᠭᠤᠯᠢ ᠶᠢᠨ | ︽131467︾ ᠪᠠᠶᠢᠯᠳᠤᠬᠤ ᠪᠤᠳᠤᠯᠭ᠎ᠠ ᠶᠢᠨ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ | ᠣᠨᠴᠠᠯᠢᠭ ᠢᠶᠠᠷ ᠢᠯᠡ ᠲᠣᠳᠣ ᠥᠨᠳᠥᠷ ᠲᠦᠪᠰᠢᠨ ᠪᠥᠬᠦᠢ ᠲᠠᠷᠢᠶᠠᠯᠠᠩ ᠤᠨ ᠶᠡᠭᠡ ᠰᠤᠷᠭᠠᠭᠤᠯᠢ ᠶᠢ | ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠤᠷᠤᠭᠰᠢᠯᠠᠵᠤ ᠪᠠᠶᠢᠨ᠎ᠠ᠃ | | | | | | | | | | | | | | |