ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ︽ᠬᠦᠰᠡᠯ ᠵᠡᠭᠦᠳᠦ ᠳᠤ ᠪᠠᠨ ᠲᠡᠮᠡᠦᠯᠦᠨᠡᠮ︾ ᠭᠡᠬᠦ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/6/23
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      —︽ᠬᠦᠰᠡᠯ ᠵᠡᠭᠦᠳᠦ ᠳᠤ ᠪᠠᠨ ᠲᠡᠮᠡᠦᠯᠦᠨᠡᠮ︾      ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ      ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠪᠴᠢ ᠲᠠᠨᠢᠯᠴᠠᠭᠤᠯᠭ᠎ᠠ      ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠦᠵᠡᠰᠬᠦᠯᠡᠩᠲᠦ ᠰᠠᠶᠢᠬᠠᠨ ᠬᠥᠬᠡᠬᠤᠲᠠ ᠶᠢᠨ ᠳᠠᠯᠠᠨ ᠬᠠᠷ᠎ᠠ ᠠᠭᠤᠯᠠ ᠶᠢᠨ ᠬᠤᠷᠮᠣᠶ ᠳᠤ ᠪᠠᠶᠢᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠰᠢᠭᠤᠳ ᠬᠠᠷᠢᠶᠠᠯᠠᠭᠳᠠᠬᠤ ᠢᠯᠡ ᠲᠣᠳᠣ ᠬᠢᠮᠢ ᠶᠢᠨ ᠠᠵᠤ ᠦᠢᠯᠡᠳᠪᠦᠷᠢ ᠪᠠ ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠥᠷᠥᠯ ᠤᠨ ᠣᠨᠴᠠᠯᠢᠭ ᠵᠢᠴᠢ ᠮᠡᠷᠭᠡᠵᠢᠯ ᠢᠶᠠᠷ ᠳᠠᠪᠠᠭᠤᠯᠢᠭ ᠤᠯᠤᠰ ᠠᠴᠠ ᠡᠷᠭᠢᠯᠡᠭᠰᠡᠨ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ᠎ᠠ᠃ ᠲᠣᠰ ᠰᠤᠷᠭᠠᠭᠤᠯᠢ ᠨᠢ 1978 ᠣᠨ ᠳᠤ ᠪᠠᠶᠢᠭᠤᠯᠤᠭᠳᠠᠭᠰᠠᠨ ᠥᠪᠥᠷ ᠮᠣᠩᠭᠤᠯ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠰᠤᠷᠭᠠᠭᠤᠯᠢ ᠪᠠ 1979 ᠣᠨ ᠳᠤ ᠪᠠᠶᠢᠭᠤᠯᠤᠭᠳᠠᠭᠰᠠᠨ ᠥᠪᠥᠷ ᠮᠣᠩᠭᠤᠯ ᠤᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠰᠤᠷᠭᠠᠭᠤᠯᠢ ᠶᠢ 2003 ᠣᠨ ᠳᠤ ᠨᠡᠶᠢᠯᠡᠭᠦᠯᠦᠭᠡᠳ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠭᠠᠨ ᠪᠠᠶᠢᠭᠤᠯᠤᠭᠰᠠᠨ ᠶᠤᠮ᠃

     ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ

ᠡᠷᠭᠢᠯᠡᠬᠦ ᠴᠢᠭᠯᠡᠯ ᠢ ᠪᠠᠲᠤᠳᠬᠠᠨ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ

ᠡᠭᠦᠷᠭᠡ ᠶᠢ ᠨᠠᠶᠢᠳᠠᠪᠤᠷᠢᠵᠢᠭᠤᠯᠵᠤ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ

ᠦᠢᠯᠡᠰ ᠲᠤ ᠦᠨᠳᠦᠰᠦᠯᠡᠨ ᠲᠤᠰᠬᠠᠶ ᠮᠡᠷᠭᠡᠵᠢᠯ ᠢ ᠪᠠᠶᠢᠭᠤᠯᠵᠤ᠂ ᠣᠷᠣᠨ ᠨᠤᠲᠤᠭ ᠲᠤ ᠰᠠᠭᠤᠷᠢᠯᠠᠵᠤ᠂ ᠪᠥᠬᠦ

ᠤᠯᠤᠰ ᠲᠤ ᠬᠠᠨᠳᠤᠭᠤᠯᠤᠨ᠂ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠢᠶᠠᠷ ᠭᠤᠣᠯᠯᠠᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠪ ᠢᠶᠠᠷ

ᠦᠯᠡᠳᠡᠭᠡᠵᠦ᠂ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠰᠤᠷᠭᠠᠨ ᠬᠥᠮᠦᠵᠢᠯ ᠢ ᠲᠡᠭᠦᠯᠳᠡᠷᠵᠢᠭᠦᠯᠦᠨ

ᠳᠡᠭᠡᠭᠰᠢᠯᠡᠭᠦᠯᠵᠦ᠂ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠨᠡᠶᠢᠭᠡᠮ ᠤᠨ ᠪᠣᠯᠪᠠᠰᠤᠷᠠᠭᠤᠯᠤᠯ ᠢ ᠵᠡᠷᠭᠡ ᠪᠠᠷ

ᠴᠢᠬᠤᠯᠠᠴᠢᠯᠠᠭᠰᠠᠨ ᠣᠯᠠᠨ ᠲᠠᠰ ᠳᠠᠪᠬᠤᠷᠭᠠᠲᠤ᠂ ᠣᠯᠠᠨ ᠬᠡᠯᠪᠡᠷᠢᠲᠦ ᠰᠤᠷᠭᠠᠭᠤᠯᠢ ᠡᠷᠭᠢᠯᠡᠬᠦ

ᠪᠠᠶᠢᠷᠢᠰᠢᠯᠠᠭᠤᠯᠤᠯᠲᠠ ᠶᠢ ᠪᠠᠶᠢᠭᠤᠯᠪᠠ᠃

     ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

ᠠᠭᠤᠯᠤᠭᠳᠠᠬᠤᠨ ᠤ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠠᠵᠤ ᠦᠢᠯᠡᠰ ᠪᠠ ᠰᠤᠷᠭᠠᠨ

ᠬᠥᠮᠦᠵᠢᠯ ᠤᠨ ᠠᠭᠤᠰᠤᠯᠴᠠᠭ᠎ᠠ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂

ᠪᠠᠶᠢᠭᠤᠯᠤᠯ ᠤᠨ ᠰᠢᠨ᠎ᠡ ᠶᠢ ᠡᠭᠦᠳᠬᠦ ᠶᠢ ᠢᠳᠡᠪᠬᠢᠲᠡᠶ ᠠᠬᠢᠭᠤᠯᠵᠤ᠂ ᠠᠵᠢᠯ ᠣᠯᠭᠤᠯᠲᠠ ᠪᠠᠷ ᠤᠳᠤᠷᠢᠳᠤᠮᠵᠢ

ᠪᠣᠯᠭᠠᠵᠤ᠂ ᠬᠡᠪ ᠪᠣᠯᠪᠠᠰᠤᠷᠠᠯ ᠤᠨ ᠰᠤᠷᠭᠠᠨ ᠬᠥᠮᠦᠵᠢᠯ ᠢᠶᠠᠷ ᠬᠠᠷᠠᠯᠲᠠ ᠪᠠᠨ ᠪᠣᠯᠭᠠᠵᠤ᠂ ᠴᠢᠳᠠᠪᠤᠷᠢ ᠶᠢ

ᠬᠥᠮᠦᠵᠢᠭᠦᠯᠬᠦ ᠪᠠᠷ ᠵᠣᠷᠢᠯᠲᠠ ᠪᠠᠨ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ

ᠬᠥᠭᠵᠢᠯᠲᠡ ᠳᠤ ᠥᠨᠳᠥᠷ ᠬᠡᠪ  ᠪᠣᠯᠪᠠᠰᠤᠷᠠᠯ ᠪᠥᠬᠦᠶ ᠮᠡᠷᠭᠡᠵᠢᠯ ᠴᠢᠳᠠᠪᠤᠷᠢ ᠬᠤᠣᠰᠯᠠᠭᠰᠠᠨ ᠴᠢᠳᠠᠪᠤᠷᠢᠲᠠᠨ ᠢ

ᠬᠥᠮᠥᠵᠢᠭᠦᠯᠬᠦ ᠢᠯᠡ ᠲᠣᠳᠣ ᠰᠤᠷᠭᠠᠭᠤᠯᠢ ᠡᠷᠭᠢᠯᠡᠬᠦ ᠣᠨᠴᠠᠯᠢᠭ ᠢ ᠪᠣᠶ ᠪᠣᠯᠭᠠᠪᠠ᠃

     ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

ᠢᠮᠠᠭᠲᠠ ︽ᠶᠣᠰᠣ ᠮᠣᠷᠠᠯ ᠢ ᠡᠷᠬᠢᠮᠯᠡᠨ ᠡᠷᠳᠡᠮ ᠮᠡᠳᠡᠯᠭᠡ ᠶᠢ ᠲᠦᠭᠡᠮᠡᠯᠵᠢᠭᠦᠯᠵᠦ᠂ ᠬᠦᠴᠦᠷᠬᠡᠭᠵᠢᠬᠦ ᠪᠠᠷ ᠬᠦᠴᠦᠯᠡᠨ

ᠴᠢᠷᠮᠠᠶᠢᠬᠤ︾ ᠰᠤᠷᠭᠠᠭᠤᠯᠢ ᠶᠢᠨ ᠰᠤᠷᠭᠠᠯ᠎ ᠢ ᠵᠢᠷᠤᠮᠯᠠᠨ᠂ ᠴᠢᠨᠠᠷ ᠢᠶᠠᠷ ᠲᠡᠷᠢᠭᠦᠨ ᠵᠡᠷᠭᠡ ᠶᠢᠨ ᠣᠨᠴᠠᠯᠢᠭ ᠢᠶᠠᠷ ᠢᠯᠡ

ᠲᠣᠳᠣ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠪᠥᠲᠥᠭᠡᠨ ᠪᠠᠶᠢᠭᠤᠯᠬᠤ ᠰᠤᠷᠭᠠᠭᠤᠯᠢ ᠡᠷᠭᠢᠯᠡᠬᠦ

ᠬᠠᠷᠠᠯᠲᠠ ᠶᠢᠨ ᠲᠣᠭᠤᠷᠢᠨ ᠳᠤ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ᠂

ᠨᠡᠶᠢᠭᠡᠮ ᠤᠨ ᠦᠢᠯᠡᠴᠢᠯᠡᠭᠡ᠂ ᠰᠣᠶᠣᠯ ᠤᠨ ᠤᠯᠠᠮᠵᠢᠯᠠᠯ᠂ ᠣᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ

ᠵᠡᠷᠭᠡ ᠡᠯ᠎ᠡ ᠬᠦᠷᠢᠶᠡᠨ ᠳᠤ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠣᠷᠳᠣ

ᠬᠤᠭᠤᠴᠠᠭᠠᠨ ᠤ ᠪᠥᠲᠥᠭᠡᠨ ᠪᠠᠶᠢᠭᠤᠯᠤᠯᠲᠠ᠂ ᠬᠥᠭᠵᠢᠯᠲᠡ ᠪᠠᠷ ᠳᠡᠮᠵᠢᠨ᠂ ᠨᠡᠶᠢᠲᠡ 7 ᠲᠦᠮᠡ ᠭᠠᠷᠤᠶ ᠮᠡᠷᠭᠡᠵᠢᠯ

ᠴᠢᠳᠠᠪᠤᠷᠢ ᠬᠤᠣᠰᠯᠠᠭᠰᠠᠨ ᠴᠢᠳᠠᠪᠤᠷᠢᠲᠠᠨ ᠢ ᠬᠥᠮᠦᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ

ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃

     ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ

ᠤᠯᠤᠰ ᠤᠨ ᠭᠤᠣᠯᠯᠠᠭᠴᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠤᠰ ᠤᠨ ᠬᠤᠣᠰ ᠥᠨᠳᠥᠷ

ᠲᠥᠯᠥᠪᠯᠡᠭᠡᠨ ᠤ ᠪᠥᠲᠦᠭᠡᠨ ᠪᠠᠶᠢᠭᠤᠯᠤᠯᠲᠠ ᠶᠢᠨ ᠨᠢᠭᠡᠴᠢ᠂ ᠰᠤᠷᠭᠠᠨ ᠬᠥᠮᠦᠵᠢᠯ ᠤᠨ ᠶᠠᠮᠤᠨ ᠤ ᠳᠣᠲᠣᠭᠠᠳᠤ ᠶᠢᠨ

ᠴᠢᠨᠠᠷ ᠴᠢᠨᠰᠠᠭ᠎ᠠ ᠶᠢ ᠣᠨᠣᠰᠢᠯᠠᠬᠤ ᠪᠠ ᠰᠠᠶᠢᠵᠢᠷᠠᠭᠤᠯᠬᠤ ᠠᠵᠢᠯ ᠤᠨ ᠲᠤᠷᠰᠢᠯᠲᠠ ᠶᠢᠨ ᠨᠢᠭᠡᠴᠢ᠂ ᠰᠤᠷᠭᠠᠨ

ᠬᠥᠮᠦᠵᠢᠯ ᠤᠨ ᠶᠠᠮᠤᠨ ᠤ ᠣᠳᠣ ᠦᠶ᠎ᠡ ᠶᠢᠨ ᠱᠠᠪᠢᠯᠠᠬᠤ ᠳᠦᠷᠢᠮᠲᠦ ᠲᠤᠷᠰᠢᠯᠲᠠ ᠶᠢᠨ ᠰᠤᠷᠭᠠᠭᠤᠯᠢ᠂ ᠥᠪᠡᠷᠲᠡᠭᠡᠨ

ᠵᠠᠰᠠᠬᠤ ᠣᠷᠣᠨ ᠤ ᠴᠢᠨᠠᠷᠯᠢᠭ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠣᠯᠤᠨ᠎ᠠ᠂ ᠤᠷᠢᠳ

ᠬᠤᠵᠢᠳ ᠪᠦᠬᠦ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠡᠷᠢᠭᠦᠨ ᠤ ᠨᠢᠭᠡᠴᠢ᠂ ᠪᠥᠬᠦ

ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠶᠢ ᠵᠢᠯᠣᠭᠤᠳᠬᠤ ᠲᠡᠷᠢᠭᠦᠨ ᠤ

ᠨᠢᠭᠡᠴᠢ᠂ ᠪᠦᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠣᠨᠴᠠᠯᠢᠭᠲᠤ

ᠰᠤᠷᠭᠠᠭᠤᠯᠢ᠂ ᠪᠦᠬᠦ ᠤᠯᠤᠰ ᠤᠨ ᠬᠠᠮᠤᠭ ᠤᠨ ᠬᠦᠷᠢᠶᠡᠯᠡᠯ ᠲᠠᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂

ᠪᠦᠬᠦ ᠣᠷᠣᠨ ᠤ ᠬᠠᠤᠯᠢ ᠪᠠᠷ ᠰᠤᠷᠭᠠᠭᠤᠯᠢ ᠶᠢ ᠵᠠᠰᠠᠬᠤ ᠳᠠᠭᠤᠷᠢᠶᠠᠯ ᠦᠵᠡᠭᠦᠯᠬᠦ ᠰᠤᠷᠭᠠᠭᠤᠯᠢ᠂ ᠥᠪᠡᠷᠲᠡᠭᠡᠨ

ᠵᠠᠰᠠᠬᠤ ᠣᠷᠣᠨ ᠤ ᠪᠣᠯᠪᠠᠰᠤᠨ ᠰᠤᠷᠭᠠᠭᠤᠯᠢ ᠶᠢᠨ ᠬᠦᠷᠢᠶ᠎ᠡ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ

ᠨᠢᠭᠡᠴᠢ ᠶᠢᠨ ᠵᠢᠱᠢᠶᠡᠴᠢ᠂ ᠥᠪᠡᠷᠲᠡᠭᠡᠨ ᠵᠠᠰᠠᠬᠤ ᠣᠷᠣᠨ ᠤ ︽5.1︾᠎ ᠤ ᠬᠥᠳᠡᠯᠮᠦᠷᠢ ᠶᠢᠨ ᠱᠠᠩᠨᠠᠯ᠂ ᠥᠪᠡᠷᠲᠡᠭᠡᠨ

ᠵᠠᠰᠠᠬᠤ ᠣᠷᠣᠨ ᠤ ᠠᠵᠢᠯ ᠣᠯᠭᠤᠯᠲᠠ ᠪᠠ ᠪᠣᠯᠪᠠᠰᠤᠷᠠᠭᠤᠯᠤᠯ ᠤᠨ ᠲᠡᠷᠢᠭᠦᠨ ᠤ ᠳᠡᠭᠡᠳᠦ ᠰᠤᠷᠭᠠᠭᠤᠯᠢ᠂ ᠪᠦᠬᠦ

ᠣᠷᠣᠨ ᠤ ᠳᠡᠳᠬᠦᠨ ᠲᠤᠰᠠᠯᠠᠬᠤ ᠠᠵᠢᠯ ᠤᠨ ᠲᠡᠷᠢᠭᠦᠨ ᠤ ᠬᠠᠮᠲᠤ ᠨᠡᠶᠢᠲᠡ᠂ ᠪᠦᠬᠦ ᠣᠷᠣᠨ ᠤ ᠰᠡᠳᠬᠢᠴᠡ ᠶᠢᠨ

ᠡᠷᠡᠭᠦᠯ ᠮᠡᠨᠳᠦ ᠶᠢᠨ ᠬᠥᠮᠦᠵᠢᠯ ᠤᠨ ᠲᠡᠷᠢᠭᠦᠨ ᠤ ᠬᠠᠮᠲᠤ ᠨᠡᠶᠢᠲᠡ᠂ ᠪᠦᠬᠦ ᠣᠷᠣᠨ ᠤ ᠳᠡᠭᠡᠳᠦ ᠰᠤᠷᠭᠠᠭᠤᠯᠢ ᠶᠢᠨ

ᠴᠡᠷᠢᠭ ᠡᠯᠰᠡᠬᠦ ᠠᠵᠢᠯ ᠤᠨ ᠲᠡᠷᠢᠭᠦᠨ ᠤ ᠬᠠᠮᠲᠤ ᠨᠡᠶᠢᠲᠡ᠂ ᠪᠦᠬᠦ ᠣᠷᠣᠨ ᠤ ᠰᠤᠷᠤᠭᠴᠢᠳ ᠤᠨ ᠠᠵᠢᠯ ᠤᠨ

ᠲᠡᠷᠢᠭᠦᠨ ᠤ ᠨᠢᠭᠡᠴᠢ ᠵᠡᠷᠭᠡ ᠢᠷᠠᠭᠤ ᠠᠯᠳᠠᠷ ᠤᠨ ᠴᠣᠯᠠ ᠶᠢ ᠭᠦᠷᠲᠡᠪᠡ᠃

     ᠰᠤᠷᠭᠠᠭᠤᠯᠢ ᠡᠷᠬᠢᠯᠡᠬᠦ ᠨᠥᠬᠦᠴᠡᠯ

     ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ

ᠡᠵᠡᠯᠡᠵᠦ ᠪᠠᠶᠢᠭ᠎ᠠ ᠭᠠᠵᠠᠷ ᠨᠢ 827 ᠮᠦ᠂ ᠭᠡᠷ ᠪᠠᠷᠢᠯᠭ᠎ᠠ ᠶᠢᠨ ᠲᠠᠯᠠᠪᠠᠶ ᠨᠢ 30 . 8 ᠲᠥᠮᠡᠨ ᠺᠣᠸᠠᠲ ᠮᠧᠲᠷ᠂

ᠲᠣᠭᠲᠠᠮᠠᠯ ᠬᠥᠷᠥᠩᠭᠡ ᠶᠢᠨ ᠶᠡᠷᠦᠩᠬᠡᠶ ᠥᠷᠲᠡᠭ ᠨᠢ 9 . 98 ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ

ᠵᠢᠭᠠᠨ ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ ᠥᠷᠲᠡᠭ ᠨᠢ 2 . 72 ᠳ᠋ᠦᠩᠰᠢᠭᠤᠷ  

ᠲᠥᠭᠦᠷᠢᠭ᠂ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠨᠣᠮ ᠪᠢᠴᠢᠭ 63 . 1 ᠲᠦᠮᠡᠨ ᠳᠡᠪᠲᠡᠷ᠂ ᠡᠯᠧᠺᠲᠷᠣᠨ

ᠨᠣᠮ ᠪᠢᠴᠢᠭ 30 ᠲᠦᠮᠡᠨ ᠳᠡᠪᠲᠡᠷ ᠪᠤᠶ︔ ᠲᠣᠭᠠᠴᠢᠯᠠᠭᠰᠠᠨ ᠰᠤᠷᠭᠠᠭᠤᠯᠢ ᠶᠢᠨ ᠬᠦᠷᠢᠶᠡᠨ ᠤ ᠰᠠᠭᠤᠷᠢ

ᠲᠥᠬᠦᠭᠡᠷᠦᠮᠵᠢ ᠲᠡᠭᠦᠯᠳᠡᠷᠵᠢᠵᠦ᠂ ᠰᠤᠷᠭᠠᠭᠤᠯᠢ ᠳᠤ ᠣᠳᠣ ᠪᠠᠶᠢᠭ᠎ᠠ ᠰᠣᠷᠣᠭᠴᠢ 11078᠂ ᠡᠯ᠎ᠡ ᠲᠥᠷᠥᠯ ᠤᠨ

ᠰᠤᠷᠭᠠᠭᠤᠯᠢ ᠡᠷᠭᠢᠯᠡᠬᠦ ᠨᠥᠬᠦᠴᠡᠯ ᠨᠢ ᠴᠥᠮ ᠰᠤᠷᠭᠠᠨ ᠬᠥᠮᠦᠵᠢᠯ ᠤᠨ ᠶᠠᠮᠤᠨ ᠤ ᠲᠣᠭᠲᠠᠭᠠᠭᠰᠠᠨ ᠰᠤᠷᠭᠠᠭᠤᠯᠢ

ᠡᠷᠭᠢᠯᠡᠬᠦ ᠪᠠᠷᠢᠮᠵᠢᠶ᠎ᠠ ᠳᠤ ᠬᠥᠷᠪᠡ᠃

     ᠪᠠᠭᠰᠢ ᠶᠢᠨ ᠡᠩᠨᠡᠭᠡ

     ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ

ᠳᠡᠭᠡᠳᠦ ᠲᠡᠰ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠪᠠ᠃ ᠣᠳᠣ ᠪᠠᠭᠰᠢ

ᠠᠵᠢᠯᠲᠠᠨ ᠠᠵᠢᠯᠴᠢᠨ 563᠂ ᠡᠭᠦᠨ ᠳᠤ ᠲᠤᠰᠬᠠᠶ ᠪᠠᠭᠰᠢ 367᠂ ᠰᠤᠷᠭᠠᠭᠤᠯᠢ ᠶᠢᠨ ᠬᠢᠴᠢᠶᠡᠯ ᠬᠠᠪᠰᠤᠷᠭᠠᠭᠰᠠᠨ

ᠪᠠᠭᠰᠢ 71᠂ ᠳᠡᠳ᠋ ᠳᠡᠭᠡᠳᠦ ᠳᠡᠰ ᠠᠴᠠ ᠳᠡᠭᠡᠭᠰᠢᠬᠢ ᠮᠡᠷᠭᠡᠵᠢᠯ ᠤᠨ ᠴᠤᠯᠠᠲᠠᠢ ᠪᠠᠭᠰᠢ 192 ᠪᠠᠶᠢᠵᠤ᠂ 38 . 6

%᠎ ᠶᠢ ᠡᠵᠡᠯᠡᠵᠦ ᠪᠣᠶ︔ ᠫᠷᠤᠹᠧᠰᠰᠤᠷ 32 ᠪᠠᠶᠢᠵᠤ᠂ 7 . 3 %᠎ ᠶᠢ ᠡᠵᠡᠯᠡᠵᠦ ᠪᠣᠶ︔ ᠮᠠᠰᠲ᠋ᠧᠷ ᠠᠴᠠ ᠳᠡᠭᠡᠭᠰᠢ

ᠡᠷᠳᠡᠮ ᠤᠨ ᠴᠤᠯᠠᠲᠠᠢ ᠲᠤᠰᠬᠠᠶ ᠪᠠᠭᠰᠢ 212 ᠪᠠᠶᠢᠵᠤ᠂ 57 . 7 %᠎ ᠶᠢ ᠡᠵᠡᠯᠡᠵᠦ ᠪᠣᠶ︔ ᠡᠭᠦᠨ ᠳᠤ ᠳ᠋ᠣᠺᠲ᠋ᠣᠷ

12 ᠪᠠᠶᠢᠵᠤ᠂ 3 . 3 %᠎ ᠶᠢ ᠡᠵᠡᠯᠡᠵᠦ ᠪᠣᠶ︔ ᠬᠤᠤᠰ ᠪᠠᠭᠰᠢ ᠶᠢᠨ ᠬᠡᠪ  ᠪᠣᠯᠪᠠᠰᠤᠷᠠᠯ ᠲᠠᠢ ᠪᠠᠭᠰᠢ 237

ᠪᠠᠶᠢᠵᠤ᠂ 59 . 3 %᠎ ᠶᠢ ᠡᠵᠡᠯᠡᠵᠦ ᠪᠣᠶ᠃ ᠪᠥᠬᠦ ᠤᠯᠤᠰ ᠤᠨ ︽ᠲᠦᠮᠡᠨ ᠬᠥᠮᠦᠨ ᠤ ᠲᠥᠯᠥᠪᠯᠡᠭᠡ︾᠎ ᠶᠢᠨ ᠵᠢᠭᠠᠨ

ᠰᠤᠷᠭᠠᠯᠲᠠ ᠶᠢᠨ ᠨᠠᠷᠠᠲᠤ ᠪᠠᠭᠰᠢ 1᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠣᠨᠴᠠ

ᠨᠡᠮᠡᠭᠦᠷᠢ ᠶᠢ ᠬᠦᠷᠲᠡᠭᠴᠢ ᠲᠤᠰᠬᠠᠶ ᠮᠡᠷᠭᠡᠵᠢᠯᠲᠡᠨ 1᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠠᠰ ᠤᠨ

ᠬᠥᠳᠡᠯᠮᠦᠷᠢ ᠶᠢᠨ ᠵᠢᠱᠢᠶᠡᠴᠢ 2᠂ ︽5.1︾᠎ ᠤ ᠬᠥᠳᠡᠯᠮᠦᠷᠢ ᠶᠢᠨ ᠵᠢᠱᠢᠶᠡᠴᠢ ᠶᠢᠨ ᠱᠠᠩᠨᠠᠯ ᠬᠦᠷᠲᠡᠭᠴᠢ 1᠂

ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠠᠨ ᠰᠤᠷᠭᠠᠯᠲᠠ ᠶᠢᠨ ᠨᠠᠷᠠᠲᠤ ᠪᠠᠭᠰᠢ 14᠂ ᠥᠪᠡᠷᠲᠡᠭᠡᠨ ᠵᠠᠰᠠᠬᠤ

ᠣᠷᠣᠨ ᠤ ᠲᠠᠰ ᠤᠨ ᠰᠢᠯᠢᠳᠡᠭ ᠪᠠᠭᠰᠢ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠷᠭᠠᠨ ᠬᠥᠮᠦᠵᠢᠯ ᠤᠨ

ᠲᠠᠪᠴᠠᠩ ᠤᠨ ᠰᠢᠨ᠎ᠡ ᠪᠠᠭᠰᠢ 12 ᠪᠣᠶ᠃ ᠪᠥᠬᠦ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ

ᠦᠢᠯᠡᠳᠪᠦᠷᠢ ᠶᠢᠨ ᠠᠵᠢᠯ ᠲᠥᠷᠥᠯ᠎ ᠤᠨ ᠵᠢᠭᠠᠨ ᠰᠤᠷᠭᠠᠯᠲᠠ ᠶᠢᠨ ᠨᠠᠷᠠᠲᠤ ᠪᠠᠭᠰᠢ 3 ᠪᠣᠢ᠃ ᠥᠪᠡᠷᠲᠡᠭᠡᠨ ᠵᠠᠰᠠᠬᠤ

ᠣᠷᠣᠨ ᠤ ᠲᠠᠰ ᠤᠨ ᠲᠤᠰᠬᠠᠶ ᠮᠡᠷᠭᠡᠵᠢᠯ ᠤᠨ ᠵᠢᠭᠠᠨ ᠰᠤᠷᠭᠠᠯᠲᠠ ᠶᠢᠨ ᠪᠦᠯᠬᠦᠮ ᠨᠡᠶᠢᠲᠡ 14 ᠪᠣᠶ᠃

     ᠲᠤᠰᠬᠠᠶ ᠮᠡᠷᠭᠡᠵᠢᠯ ᠤᠨ ᠪᠠᠶᠢᠭᠤᠯᠤᠯᠲᠠ

     ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

ᠭᠤᠣᠯᠯᠠᠭᠴᠢ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠷ ᠳᠠᠶᠢᠴᠢᠯᠠᠬᠤ ᠶᠢ ᠪᠠᠷᠢᠮᠲᠠᠯᠠᠵᠤ᠂ ᠲᠤᠰᠬᠠᠶ ᠮᠡᠷᠭᠡᠵᠢᠯ ᠤᠨ

ᠬᠠᠮᠵᠢᠯᠴᠠᠨ ᠬᠥᠭᠵᠢᠬᠦ ᠶᠢ ᠲᠤᠯᠭᠠᠭᠤᠷᠢᠯᠠᠪᠠ᠃ ᠰᠣᠷᠣᠭᠴᠢ ᠡᠯᠰᠡᠬᠦ ᠲᠤᠰᠬᠠᠶ ᠮᠡᠷᠭᠡᠵᠢᠯ 44᠎ ᠶᠢ ᠨᠡᠭᠡᠭᠡᠵᠦ᠂

︽ᠨᠡᠭᠦᠷᠡᠰᠦ ᠪᠣᠯᠪᠠᠰᠤᠷᠠᠭᠤᠯᠬᠤ ᠪᠠ ᠠᠰᠢᠭᠯᠠᠬᠤ ᠪᠠᠷ ᠭᠤᠣᠯᠯᠠᠭᠴᠢ ᠲᠤᠰᠬᠠᠶ ᠮᠡᠷᠭᠡᠵᠢᠯ ᠪᠣᠯᠭᠠᠭᠰᠠᠨ ᠬᠢᠮᠢ ᠶᠢᠨ ᠠᠵᠤ

ᠦᠢᠯᠡᠳᠪᠦᠷᠢ ᠶᠢᠨ ᠣᠨᠴᠠᠯᠢᠭᠲᠤ ᠲᠤᠰᠬᠠᠶ ᠮᠡᠷᠭᠡᠵᠢᠯ ᠤᠨ ᠴᠤᠭᠯᠠᠷᠠᠯ︾᠂ ︽ᠬᠢᠮᠢ ᠶᠢᠨ ᠠᠵᠤ ᠦᠢᠯᠡᠳᠪᠦᠷᠢ ᠶᠢᠨ

ᠲᠣᠨᠤᠭ ᠲᠥᠬᠦᠭᠡᠷᠦᠮᠵᠢ ᠶᠢᠨ ᠮᠡᠷᠭᠡᠵᠢᠯ ᠢᠶᠠᠷ ᠭᠤᠣᠯᠯᠠᠭᠴᠢ ᠲᠤᠰᠬᠠᠶ ᠮᠡᠷᠭᠡᠵᠢᠯ ᠪᠣᠯᠭᠠᠭᠰᠠᠨ ᠮᠠᠰᠢᠨ ᠴᠠᠬᠢᠯᠭᠠᠨ ᠤ

ᠣᠨᠴᠠᠯᠢᠭᠲᠤ ᠲᠤᠰᠬᠠᠶ ᠮᠡᠷᠭᠡᠵᠢᠯ ᠤᠨ ᠴᠤᠭᠯᠠᠷᠠᠯ︾᠂ ︽ᠢᠳᠡᠭᠡᠨ ᠤ ᠰᠢᠮ᠎ᠡ ᠲᠡᠵᠢᠭᠡᠯ ᠬᠢᠭᠡᠳ ᠪᠠᠶᠢᠴᠠᠭᠠᠯᠲᠠ ᠪᠠᠷ

ᠭᠤᠣᠯᠯᠠᠭᠴᠢ ᠲᠤᠰᠬᠠᠶ ᠮᠡᠷᠭᠡᠵᠢᠯ ᠪᠣᠯᠭᠠᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ

ᠣᠨᠴᠠᠯᠢᠭᠲᠤ ᠲᠤᠰᠬᠠᠶ ᠮᠡᠷᠭᠡᠵᠢᠯ ᠤᠨ ᠴᠤᠭᠯᠠᠷᠠᠯ︾ ᠵᠡᠷᠭᠡ 3 ᠣᠨᠴᠠᠯᠢᠭᠲᠤ ᠲᠤᠰᠬᠠᠶ ᠮᠡᠷᠭᠡᠵᠢᠯ ᠤᠨ ᠴᠤᠭᠯᠠᠷᠠᠯ ᠢ

ᠪᠠᠶᠢᠭᠤᠯᠵᠤ᠂ ᠤᠯᠤᠰ ᠤᠨ ᠲᠠᠰ ᠤᠨ ᠭᠤᠣᠯᠳᠠᠯᠭᠠᠲᠠᠢ ᠲᠤᠰᠬᠠᠶ ᠮᠡᠷᠭᠡᠵᠢᠯ 6᠂ ᠰᠤᠷᠭᠠᠨ ᠬᠥᠮᠦᠵᠢᠯ ᠤᠨ ᠶᠠᠮᠤᠨ ᠤ

ᠰᠢᠨ᠎ᠡ ᠶᠢ ᠡᠭᠦᠳᠬᠦ ᠠᠵᠢᠯᠯᠠᠭᠠᠨ ᠤ ᠲᠥᠯᠥᠪᠯᠡᠭᠡ ᠶᠢᠨ ᠭᠤᠤᠯᠯᠠᠭᠴᠢ ᠲᠤᠰᠬᠠᠶ ᠮᠡᠷᠭᠡᠵᠢᠯ 4᠂ ᠥᠪᠡᠷᠲᠡᠭᠡᠨ ᠵᠠᠰᠠᠬᠤ

ᠣᠷᠣᠨ᠎ ᠤ ᠲᠠᠰ ᠤᠨ ᠭᠤᠣᠯᠳᠠᠯᠭᠠᠲᠠᠢ ᠲᠤᠰᠬᠠᠶ ᠮᠡᠷᠭᠡᠵᠢᠯ 4᠂ ᠥᠪᠡᠷᠲᠡᠭᠡᠨ ᠵᠠᠰᠠᠬᠤ ᠣᠷᠣᠨ ᠤ ᠲᠠᠰ ᠤᠨ ᠨᠠᠷᠠᠲᠤ

ᠲᠤᠰᠬᠠᠶ ᠮᠡᠷᠭᠡᠵᠢᠯ 14᠂ ᠰᠤᠷᠭᠠᠨ ᠬᠥᠮᠦᠵᠢᠯ ᠤᠨ ᠶᠠᠮᠤᠨ ᠤ ᠣᠲᠣ ᠦᠶ᠎ᠡ ᠶᠢᠨ ᠱᠠᠪᠢᠯᠠᠬᠤ ᠳᠦᠷᠢᠮᠲᠦ

ᠲᠤᠷᠰᠢᠯᠲᠠ ᠶᠢᠨ ᠲᠤᠰᠬᠠᠶ ᠮᠡᠷᠭᠡᠵᠢᠯ 5᠂ ︽1 + X︾ ᠳᠤᠷᠰᠢᠯᠲᠠ ᠶᠢᠨ ᠴᠡᠭ ᠤᠨ ᠳᠤᠰᠬᠠᠢ ᠮᠡᠷᠭᠡᠵᠢᠯ 8 ᠪᠣᠢ᠃

ᠰᠤᠷᠭᠠᠭᠤᠯᠢ ᠳᠤ ᠤᠯᠤᠰ ᠤᠨ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠭᠡᠬᠦ ᠬᠤᠶᠠᠷ ᠣᠨᠴᠠᠭᠠᠶ

ᠠᠵᠢᠯ ᠲᠥᠷᠦᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠥᠷᠲᠡᠭᠡ ᠲᠠᠢ

ᠪᠠᠶᠢᠵᠤ᠂ 26 ᠠᠵᠢᠯ ᠲᠥᠷᠥᠯ ᠤᠨ ᠳᠤᠮᠳᠠ᠂ ᠳᠡᠭᠡᠳᠦ ᠵᠡᠷᠭᠡ ᠶᠢᠨ ᠠᠵᠢᠯᠴᠢᠨ ᠤ ᠤᠷ᠎ᠠ ᠴᠢᠳᠠᠪᠤᠷᠢ ᠶᠢᠨ

ᠪᠣᠯᠪᠠᠰᠤᠷᠠᠭᠤᠯᠤᠯ ᠪᠠ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠬᠢᠨᠠᠨ ᠲᠣᠭᠲᠠᠭᠠᠯᠲᠠ ᠶᠢᠨ ᠠᠵᠢᠯ ᠢ

ᠥᠷᠨᠢᠭᠦᠯᠵᠦ ᠪᠣᠯᠤᠨ᠎ᠠ᠃

     ᠴᠢᠳᠠᠪᠤᠷᠢᠲᠠᠨ ᠢ ᠬᠥᠮᠦᠵᠢᠭᠦᠯᠬᠦ

     ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭᠠᠲᠠᠢ ᠬᠥᠭᠵᠢᠭᠦᠯᠬᠦ ᠠᠵᠤ

ᠦᠢᠯᠡᠰ ᠤᠨ ᠥᠨᠳᠥᠷ ᠬᠡᠪ ᠪᠣᠯᠪᠠᠰᠤᠷᠠᠯ ᠪᠦᠬᠦᠢ ᠮᠡᠷᠭᠡᠵᠢᠯ  ᠎ ᠤᠨ ᠮᠠᠶ᠋ᠢᠭᠲᠤ ᠴᠢᠳᠠᠪᠤᠷᠢᠲᠠᠨ ᠤ ᠬᠡᠷᠡᠭᠴᠡᠭᠡ ᠲᠤ

ᠢᠳᠡᠪᠬᠢᠲᠡᠢ ᠵᠣᠬᠢᠴᠠᠵᠤ᠂ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠤᠳᠤ ᠦᠶ᠎ᠡ ᠶᠢᠨ ᠨᠡᠭᠦᠷᠡᠰᠦ

ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ

ᠴᠢᠬᠤᠯᠠ ᠠᠵᠠ ᠲᠣᠬᠢᠶᠠᠯ ᠢ ᠴᠢᠩᠭ᠎ᠠ ᠠᠳᠬᠤᠵᠤ᠂ ᠠᠵᠢᠯ ᠮᠡᠷᠭᠡᠵᠢᠯ᠎ ᠤᠨ ᠰᠤᠷᠭᠠᠨ ᠬᠥᠮᠦᠵᠢᠯ ᠤᠨ

ᠤᠨᠤᠯᠵᠢᠬᠤᠨ ᠢᠶᠠᠨ ᠰᠢᠨᠡᠳᠬᠡᠨ᠂ ᠠᠭᠤᠯᠤᠭᠳᠠᠬᠤᠨ ᠤ ᠪᠠᠶᠢᠭᠤᠯᠤᠯᠲᠠ ᠶᠢ ᠴᠢᠩᠭᠠᠷᠠᠭᠤᠯᠵᠤ᠂ ᠴᠢᠳᠠᠪᠤᠷᠢᠲᠠᠨ ᠢ

ᠬᠥᠮᠦᠵᠢᠭᠦᠯᠬᠦ ᠬᠡᠪ ᠵᠠᠭᠪᠤᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠢᠯᠡᠳᠪᠦᠷᠢᠯᠡᠯ ᠪᠠ ᠵᠢᠭᠠᠨ

ᠰᠤᠷᠭᠠᠯᠲᠠ ᠶᠢᠨ ᠭᠦᠨᠵᠡᠭᠡᠢ ᠠᠭᠤᠰᠤᠯᠴᠠᠭ᠎ᠠ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠮᠢ

᠎ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠠᠵᠤ ᠠᠬᠤᠶᠢᠯᠠᠯ ᠤᠨ ᠥᠨᠳᠥᠷ ᠬᠡᠪ ᠪᠣᠯᠪᠠᠰᠤᠷᠠᠯ ᠪᠦᠬᠦᠢ

ᠮᠡᠷᠭᠡᠵᠢᠯ ᠤᠨ ᠮᠠᠶ᠋ᠢᠭᠲᠤ ᠴᠢᠳᠠᠪᠤᠷᠢᠲᠠᠨ ᠢ ᠬᠥᠮᠦᠵᠢᠭᠦᠯᠬᠦ ᠪᠠ ᠨᠡᠶᠢᠭᠡᠮ ᠤᠨ ᠪᠣᠯᠪᠠᠰᠤᠷᠠᠭᠤᠯᠤᠯ ᠤᠨ ᠰᠠᠭᠤᠷᠢᠨ

ᠭᠠᠵᠠᠷ ᠪᠣᠯᠤᠭᠰᠠᠨ ᠪᠠᠶᠢᠨ᠎ᠠ᠃ ᠣᠶᠢᠷ᠎ᠠ ᠶᠢᠨ ᠲᠠᠪᠤᠨ ᠵᠢᠯ ᠳᠤ᠂ ᠰᠤᠷᠤᠭᠴᠢᠳ ᠤᠯᠤᠰ ᠤᠨ ᠲᠠᠰ ᠤᠨ ᠡᠯ᠎ᠡ

ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠱᠠᠩᠨᠠᠯ 14᠎ ᠶᠢ ᠭᠦᠷᠲᠡᠵᠦ᠂

ᠡᠭᠦᠨ ᠳᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠱᠠᠩᠨᠠᠯ 10᠂ ᠤᠶᠤᠲᠠᠳ ᠤᠨ

ᠰᠢᠨ᠎ᠡ ᠶᠢ ᠡᠭᠦᠳᠴᠦ ᠦᠢᠯᠡᠰ ᠪᠣᠰᠬᠠᠬᠤ ᠤᠷᠤᠯᠳᠤᠭᠠᠨ ᠤ ᠱᠠᠩᠨᠠᠯ 4᠎ ᠶᠢ ᠭᠦᠷᠲᠡᠪᠡ︔ ᠮᠣᠵᠢ ᠪᠠ ᠶᠠᠮᠤᠨ ᠤ

ᠲᠡᠰ ᠤᠨ ᠡᠯ᠎ᠡ ᠲᠥᠷᠥᠯ ᠤᠨ ᠤᠷᠤᠯᠳᠤᠭᠠᠨ ᠤ ᠱᠠᠩᠨᠠᠯ 190 ᠭᠠᠷᠤᠶ ᠶᠢ ᠭᠦᠷᠲᠡᠪᠡ᠃ ᠮᠡᠷᠭᠡᠵᠢᠯ ᠤᠨ

ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃

     ᠰᠤᠷᠤᠭᠴᠢ ᠡᠯᠰᠡᠵᠦ ᠠᠵᠢᠯ ᠣᠯᠭᠤᠬᠤ

     ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

ᠵᠢᠩᠬᠢᠨᠢ ᠠᠩᠭᠢ ᠶᠢᠨ ᠲᠡᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠢᠳᠡᠪᠬᠢᠲᠡᠢ ᠰᠦᠪᠡᠭᠴᠢᠯᠡᠨ

ᠬᠥᠭᠵᠢᠭᠦᠯᠵᠦ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠵᠤ᠂

ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠴᠢᠳᠠᠪᠤᠷᠢ ᠶᠢ ᠴᠢᠩᠭᠠᠳᠬᠠᠪᠠ᠃ ᠤᠷᠢᠳ ᠬᠤᠵᠢᠳ ᠥᠪᠥᠷ ᠮᠣᠩᠭᠤᠯ ᠤᠨ ᠠᠵᠤ  ᠦᠢᠯᠡᠳᠪᠦᠷᠢ ᠶᠢᠨ ᠶᠡᠭᠡ

ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ

ᠶᠡᠭᠡ ᠰᠤᠷᠭᠠᠭᠤᠯᠢ ᠲᠠᠢ ᠬᠠᠮᠲᠤᠷᠠᠨ ᠲᠤᠰᠬᠠᠶ ᠮᠡᠷᠭᠡᠵᠢᠯ ᠤᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠤᠨ

ᠰᠤᠷᠭᠠᠨ ᠬᠥᠮᠦᠵᠢᠯ ᠢ ᠡᠷᠭᠢᠯᠡᠵᠦ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠣᠷᠳᠣᠰ ᠤᠨ

ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠠᠵᠢᠯ ᠮᠡᠷᠭᠡᠵᠢᠯ ᠤᠨ ᠵᠢᠩᠬᠢᠨᠢ ᠠᠩᠭᠢ ᠶᠢ

ᠡᠷᠭᠢᠯᠡᠪᠡ᠃ ᠰᠣᠷᠣᠭᠴᠢ ᠡᠯᠰᠡᠬᠦ ᠬᠡᠪᠴᠢᠶ᠎ᠡ ᠲᠣᠭᠲᠠᠭᠤᠨ ᠪᠠᠶᠢᠵᠤ᠂ ᠵᠢᠯ ᠳᠤ ᠳᠤᠮᠳᠠᠴᠢ ᠪᠠᠷ 3300 ᠣᠷᠴᠢᠮ

ᠰᠣᠷᠣᠭᠴᠢ ᠡᠯᠰᠡᠵᠦ᠂ ᠰᠣᠷᠣᠭᠴᠢ ᠶᠢᠨ ᠢᠷᠡᠯᠲᠡ ᠶᠢᠨ ᠴᠢᠨᠠᠷ ᠴᠢᠨᠰᠠᠭ᠎ᠠ ᠲᠣᠭᠲᠠᠭᠤᠨ ᠢᠶᠠᠷ ᠳᠡᠭᠡᠭᠰᠢᠯᠡᠪᠡ᠃

     ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ

ᠪᠠᠶᠢᠷᠢ ᠲᠣᠭᠲᠠᠭᠠᠯᠲᠠ ᠪᠠ ᠰᠤᠷᠤᠭᠴᠢᠳ ᠤᠨ ᠠᠵᠢᠯ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ

ᠱᠠᠭᠠᠷᠳᠠᠯᠭ᠎ᠠ ᠲᠠᠢ ᠤᠶᠠᠯᠳᠤᠭᠤᠯᠤᠨ᠂ ︽ᠳᠣᠲᠣᠭᠠᠳᠤ᠎ ᠳᠤ ᠪᠠᠨ ᠦᠢᠯᠡᠴᠢᠯᠡᠬᠦ᠂ ᠭᠠᠳᠠᠭᠰᠢ ᠪᠠᠨ ᠬᠠᠮᠲᠤᠷᠠᠯᠴᠠᠬᠤ᠂

ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ︾ ᠵᠠᠷᠴᠢᠮ ᠢᠶᠠᠷ ᠲᠡᠭᠦᠰᠬᠦ ᠰᠤᠷᠤᠭᠴᠢᠳ ᠲᠤ ᠠᠵᠢᠯ

ᠣᠯᠭᠤᠬᠤ ᠵᠠᠬ᠎ᠠ ᠳᠡᠯᠭᠡᠭᠦᠷ ᠢ ᠲᠠᠰᠤᠷᠠᠯᠲᠠ ᠥᠬᠡᠶ ᠥᠷᠭᠡᠳᠬᠡᠪᠡ᠃ ᠣᠯᠠᠨ ᠵᠢᠯ ᠤᠨ ᠲᠤᠷᠰᠢ᠂ ᠲᠡᠭᠦᠰᠬᠦ

ᠰᠤᠷᠤᠭᠴᠢᠳ ᠤᠨ ᠠᠵᠢᠯ ᠤᠯᠬᠤ ᠵᠠᠬ᠎ᠠ ᠳᠡᠯᠭᠡᠭᠦᠷ ᠤᠨ ᠲᠤᠭ᠎ᠠ ᠲᠠᠰᠤᠷᠠᠯᠲᠠ ᠥᠬᠡᠶ ᠨᠡᠮᠡᠭᠳᠡᠵᠦ᠂ ᠥᠪᠡᠷᠲᠡᠭᠡᠨ

ᠵᠠᠰᠠᠬᠤ ᠣᠷᠣᠨ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠵᠡᠷᠭᠡ ᠪᠥᠬᠦ

ᠤᠯᠤᠰ ᠤᠨ 7 ᠣᠷᠣᠨ ᠪᠦᠰᠡ ᠶᠢᠨ 29 ᠮᠤᠵᠢ ᠬᠤᠲᠠ ᠶᠢ ᠬᠠᠮᠤᠷᠴᠤ᠂ ᠣᠷᠣᠨ ᠤ ᠳᠣᠲᠣᠷ᠎ᠠ ᠭᠠᠳᠠᠨᠠᠬᠢ 700

ᠭᠠᠷᠤᠶ ᠬᠥᠮᠦᠨ ᠬᠡᠷᠡᠭᠯᠡᠬᠦ ᠨᠢᠭᠡᠴᠢ ᠲᠠᠢ ᠴᠢᠳᠠᠪᠤᠷᠢᠲᠠᠨ ᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠵᠦ᠂

200 ᠭᠠᠷᠤᠶ ᠬᠥᠮᠦᠨ ᠬᠡᠷᠡᠭᠯᠡᠬᠦ ᠨᠢᠭᠡᠴᠢ ᠲᠠᠢ ᠣᠷᠳᠣ ᠬᠤᠭᠤᠴᠠᠭᠠᠨ ᠤ ᠲᠣᠭᠲᠠᠭᠤᠨ ᠬᠠᠮᠲᠤᠷᠠᠯᠴᠠᠭᠠᠨ ᠤ

ᠬᠡᠯᠡᠯᠴᠡᠭᠡᠷ ᠲᠣᠭᠲᠠᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠭᠡᠯᠡᠯᠴᠡᠭᠡᠷ ᠤᠨ ᠬᠤᠷᠠᠯ ᠢ

13 ᠤᠳᠠᠭ᠎ᠠ ᠠᠮᠵᠢᠯᠲᠠᠲᠠᠢ ᠡᠷᠭᠢᠯᠡᠪᠡ᠃ ᠲᠡᠭᠦᠰᠬᠦ ᠰᠤᠷᠤᠭᠴᠢᠳ ᠤᠨ ᠠᠩᠬᠠᠨ ᠤ ᠠᠵᠢᠯ ᠣᠯᠭᠤᠯᠲᠠ ᠶᠢᠨ ᠨᠣᠷᠮ᠎ᠠ

95 %᠎ ᠠᠴᠠ ᠳᠡᠭᠡᠭᠰᠢ ᠶᠢ ᠪᠠᠲᠤᠯᠠᠪᠠ︔ ᠵᠢᠯ ᠤᠨ ᠡᠴᠦᠰ ᠤᠨ ᠠᠵᠢᠯ ᠣᠯᠭᠤᠯᠲᠠ ᠶᠢᠨ ᠨᠣᠷᠮ᠎ᠠ ᠶᠢ          

96 %᠎ ᠠᠴᠠ ᠳᠡᠭᠡᠭᠰᠢ ᠪᠠᠶᠢᠯᠭᠠᠬᠤ ᠶᠢ ᠪᠠᠲᠤᠯᠠᠪᠠ᠃

     ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ

     ᠣᠯᠠᠨ ᠵᠢᠯ ᠤᠨ ᠲᠤᠷᠰᠢ᠂ ᠰᠤᠷᠭᠠᠭᠤᠯᠢ ᠪᠠ ᠠᠵᠤ ᠠᠬᠤᠶᠢᠯᠠᠯ ᠬᠠᠮᠵᠢᠯᠴᠠᠨ ᠮᠡᠷᠭᠡᠵᠢᠯ ᠴᠢᠳᠠᠪᠤᠷᠢ

ᠬᠤᠣᠰᠯᠠᠭᠰᠠᠨ ᠴᠢᠳᠠᠪᠤᠷᠢᠲᠠᠨ ᠢ ᠬᠠᠮᠲᠤ ᠪᠠᠷ ᠬᠥᠮᠦᠵᠢᠭᠦᠯᠪᠡ᠃ 2011 ᠣᠨ᠎ ᠳᠤ ᠰᠤᠷᠭᠠᠭᠤᠯᠢ ᠨᠢ ᠲᠦᠷᠦᠭᠦᠯᠡᠨ

ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠪᠦᠯᠦᠭᠯᠡᠯ ᠢ ᠪᠠᠶᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ ᠪᠠᠷ ᠭᠤᠤᠯ ᠱᠤᠭᠤᠮ ᠪᠣᠯᠭᠠᠵᠤ᠂

ᠡᠬᠢ ᠪᠠᠶᠠᠯᠢᠭ ᠢ ᠬᠠᠮᠲᠤ ᠪᠠᠷ ᠬᠡᠷᠡᠭᠯᠡᠬᠦ᠂ ᠴᠢᠳᠠᠪᠤᠷᠢᠲᠠᠨ ᠢ ᠬᠠᠮᠲᠤ ᠪᠠᠷ ᠬᠥᠮᠦᠵᠢᠭᠦᠯᠬᠦ᠂ ᠦᠷ᠎ᠡ ᠪᠦᠲᠦᠭᠡᠯ ᠢ

ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃ ᠤᠷᠢᠳ ᠬᠤᠵᠢᠳ ᠥᠪᠥᠷ ᠮᠣᠩᠭᠤᠯ ᠤᠨ TCL ᠬᠡᠷᠡᠯ ᠴᠠᠬᠢᠯᠭᠠᠨ ᠤ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠥᠩ ᠬᠤᠸᠠᠨ ᠭᠤᠸᠠᠩ

ᠹᠦ᠋ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠶᠤᠸᠠᠨ ᠱᠧᠩ ᠬᠡᠷᠡᠯ ᠴᠠᠬᠢᠯᠭᠠᠨ ᠤ ᠬᠢᠵᠠᠭᠠᠷᠲᠤ

ᠬᠠᠷᠢᠭᠤᠴᠠᠯᠭᠠᠲᠤ ᠺᠣᠮᠫᠠᠨᠢ ᠵᠡᠷᠭᠡ ᠵᠠᠭᠤ ᠭᠠᠷᠤᠶ ᠠᠵᠤ ᠠᠬᠤᠶᠢᠯᠠᠯ ᠲᠠᠢ ᠬᠠᠮᠲᠤ ᠪᠠᠷ 114 ᠰᠤᠷᠭᠠᠭᠤᠯᠢ ᠶᠢᠨ

ᠭᠠᠳᠠᠨᠠᠬᠢ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠪᠠ︔ ᠱᠧᠨ ᠬᠤᠸᠠ ᠨᠢᠩ ᠨᠡᠭᠦᠷᠡᠰᠦᠨ ᠤ

ᠪᠦᠯᠦᠭᠯᠡᠯ᠂ ᠥᠪᠥᠷ ᠮᠣᠩᠭᠤᠯ ᠤᠨ ᠾᠦᠢ ᠨᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ

ᠺᠣᠮᠫᠠᠨᠢ᠂ ᠵᠦᠩ ᠬᠠᠩ ᠰᠢᠨ ᠪᠥᠸᠧ ᠿᠦᠨ ᠬᠢᠵᠠᠭᠠᠷᠲᠤ ᠺᠣᠮᠫᠠᠨᠢ ᠵᠡᠷᠭᠡ ᠣᠷᠣᠨ ᠤ ᠳᠣᠲᠣᠨ᠎ᠠ ᠭᠠᠳᠠᠨᠠᠬᠢ 179

ᠠᠵᠤ ᠠᠬᠤᠶᠢᠯᠠᠯ ᠲᠠᠢ ᠤᠯᠠᠨ ᠬᠡᠯᠪᠡᠷᠢ ᠶᠢᠨ ︽ᠵᠠᠬᠢᠶᠠᠯᠠᠭ᠎ᠠ ᠪᠠᠷ ᠬᠥᠮᠦᠵᠢᠭᠦᠯᠬᠦ︾ ᠠᠵᠢᠯᠯᠠᠭ᠎ᠠ ᠶᠢ ᠥᠷᠨᠢᠭᠦᠯᠵᠦ᠂

ᠵᠦᠩ ᠬᠠᠢ ᠶᠢᠦ ᠲᠢᠶᠠᠨ ᠶᠧ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ

ᠢ ᠲᠠᠢ ᠨᠡᠭᠦᠷᠡᠰᠦ ᠪᠠᠷ ᠲᠤᠰᠤ ᠦᠢᠯᠡᠳᠬᠦ ᠬᠢᠵᠠᠭᠠᠷᠲᠤ ᠺᠣᠮᠫᠠᠨᠢ ᠵᠡᠷᠭᠡ 200 ᠭᠠᠷᠤᠢ ᠠᠵᠤ ᠠᠬᠤᠶᠢᠯᠠᠯ ᠲᠠᠢ

︽ᠠᠵᠤ ᠦᠢᠯᠡᠳᠪᠦᠷᠢ ᠪᠠ ᠰᠤᠷᠭᠠᠭᠤᠯᠢ ᠤᠶᠠᠯᠳᠤᠭᠰᠠᠨ︾ ᠴᠢᠳᠠᠪᠤᠷᠢᠲᠠᠨ ᠢ ᠬᠥᠮᠦᠵᠢᠭᠦᠯᠵᠦ᠂ ᠰᠤᠷᠭᠠᠭᠤᠯᠢ ᠪᠠ

ᠠᠵᠤ ᠠᠬᠤᠶᠢᠯᠠᠯ ᠬᠠᠮᠲᠤ ᠪᠠᠷ ︽ᠨᠡᠷᠡᠳᠤ ᠠᠩᠬᠢ︾᠂ ︽ᠭᠠᠷᠮᠠᠭᠠᠢ ᠤᠷᠠᠨ ᠳᠠᠷᠬᠠᠨ ᠤ ᠠᠩᠬᠢ︾᠎ ᠶᠢ ᠪᠠᠶᠢᠭᠤᠯᠵᠤ᠂

ᠰᠤᠷᠭᠠᠭᠤᠯᠢ ᠪᠠ ᠠᠵᠤ ᠠᠬᠤᠶᠢᠯᠠᠯ ᠤᠨ ᠰᠣᠶᠣᠯ ᠬᠠᠮᠵᠢᠯᠴᠠᠨ ᠬᠥᠮᠦᠨ ᠢ ᠬᠥᠮᠦᠵᠢᠭᠦᠯᠬᠦ ᠶᠢ ᠪᠡᠶᠡᠯᠡᠭᠦᠯᠵᠦ᠂ ᠨᠢᠭᠡ

ᠪᠦᠯᠦᠭ ᠠᠵᠤ ᠠᠬᠤᠶᠢᠯᠠᠯ ᠤᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠬᠤᠣᠰᠯᠠᠭᠰᠠᠨ

ᠴᠢᠳᠠᠪᠤᠷᠢᠲᠠᠨ ᠢ ᠬᠥᠮᠦᠵᠢᠭᠦᠯᠪᠡ᠃

     ᠰᠢᠨ᠎ᠡ ᠶᠢ ᠡᠭᠦᠳᠦᠨ ᠦᠢᠯᠡᠰ ᠪᠦᠲᠦᠭᠡᠬᠦ

     ᠤᠯᠤᠰ ᠤᠨ ︽ᠣᠯᠠᠨ ᠲᠦᠮᠡᠨ ᠦᠢᠯᠡᠰ ᠪᠥᠲᠦᠭᠡᠵᠦ᠂ ᠣᠯᠠᠨ ᠲᠥᠮᠡᠨ ᠰᠢᠨ᠎ᠡ ᠶᠢ ᠡᠭᠦᠳᠬᠦ︾

ᠤᠷᠢᠶᠠᠯᠠᠭ᠎ᠠ ᠶᠢ ᠴᠤᠤᠷᠢᠶᠠᠳᠤᠨ ᠳᠠᠭᠠᠬᠤ ᠶᠢᠨ ᠲᠥᠯᠦᠭᠡ᠂ ᠰᠤᠷᠭᠠᠭᠤᠯᠢ ᠠᠴᠠ ᠰᠢᠨ᠎ᠡ ᠶᠢ ᠡᠭᠦᠳᠦᠨ ᠦᠢᠯᠡᠰ

ᠪᠣᠰᠬᠠᠬᠤ ᠰᠤᠷᠭᠠᠨ ᠬᠥᠮᠦᠵᠢᠯ ᠤᠨ ᠠᠵᠢᠯ ᠢ ᠢᠳᠡᠪᠬᠢᠲᠡᠶ ᠥᠷᠨᠢᠭᠦᠯᠵᠦ᠂ ᠰᠢᠨ᠎ᠡ ᠶᠢ ᠡᠭᠦᠳᠦᠨ ᠦᠢᠯᠡᠰ ᠪᠣᠰᠬᠠᠬᠤ

ᠰᠤᠷᠭᠠᠨ ᠬᠥᠮᠦᠵᠢᠯ ᠤᠨ ᠬᠤᠯᠪᠤᠭᠳᠠᠬᠤ ᠠᠭᠤᠯᠭ᠎ᠠ ᠶᠢ ᠨᠡᠮᠡᠵᠦ ᠳᠣᠭᠢᠷᠠᠭᠤᠯᠤᠨ᠂ ᠠᠵᠢᠯ ᠤᠨ ᠲᠣᠭᠲᠠᠴᠠ ᠪᠠ

ᠰᠢᠨ᠎ᠡ ᠶᠢ ᠡᠭᠦᠳᠦᠨ ᠦᠢᠯᠡᠰ ᠪᠣᠰᠬᠠᠬᠤ ᠬᠢᠴᠢᠶᠡᠯ ᠵᠢᠴᠢ ᠵᠢᠭᠠᠨ ᠰᠤᠷᠭᠠᠯᠲᠠ ᠶᠢᠨ ᠳᠣᠭᠲᠠᠯᠴᠠᠭ᠎ᠠ ᠶᠢ ᠪᠠᠶᠢᠭᠤᠯᠤᠨ

ᠪᠦᠷᠢᠳᠦᠭᠦᠯᠪᠡ᠃ ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ

ᠡᠯ᠎ᠡ ᠲᠥᠷᠥᠯ ᠤᠨ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ 19᠂ ᠬᠤᠶᠠᠳᠤᠭᠠᠷ ᠳᠡᠰ ᠤᠨ ᠱᠠᠩᠨᠠᠯ 19᠂

ᠭᠤᠷᠪᠠᠳᠤᠭᠠᠷ ᠳᠡᠰ ᠤᠨ ᠱᠠᠩᠨᠠᠯ 64᠎ ᠶᠢ ᠭᠥᠷᠳᠡᠪᠡ᠃ ᠳᠤᠮᠳᠠᠳᠤ ᠤᠯᠤᠰ ᠤᠨ ︽ᠢᠨᠲ᠋ᠧᠷ ᠰᠦᠯᠵᠢᠶ᠎ᠡ +︾

ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠤᠷᠤᠯᠳᠤᠭᠠᠨ ᠳᠤ ᠤᠯᠤᠰ ᠤᠨ ᠲᠠᠰ᠎ ᠤᠨ ᠭᠠᠤᠯᠢᠨ

ᠮᠧᠲᠠᠯ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠯᠲᠠᠨ ᠮᠧᠲᠠᠯ 2᠂ ᠮᠥᠩᠭᠦᠨ ᠮᠧᠲᠠᠯ 2᠂ ᠭᠠᠤᠯᠢᠨ

ᠮᠧᠲᠠᠯ 7᠂ ᠰᠢᠯᠢᠳᠡᠭ ᠱᠠᠩᠨᠠᠯ 4᠎ ᠶᠢ ᠭᠥᠷᠳᠡᠪᠡ᠃

     ᠡᠷᠳᠡᠮ ᠰᠢᠨᠵᠢᠯᠡᠭᠡᠨ ᠪᠠ ᠨᠡᠶᠢᠭᠡᠮ ᠤᠨ ᠦᠢᠯᠡᠴᠢᠯᠡᠭᠡ

     ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ᠂ ᠰᠤᠷᠭᠠᠭᠤᠯᠢ ᠪᠠ ᠠᠵᠤ ᠠᠬᠤᠶᠢᠯᠠᠯ ᠤᠨ

ᠬᠠᠮᠲᠤᠷᠠᠯᠴᠠᠭᠠᠨ ᠤ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠡᠷᠳᠡᠮ ᠰᠢᠨᠵᠢᠯᠡᠭᠡᠨ ᠪᠠ ᠨᠡᠶᠢᠭᠡᠮ ᠤᠨ ᠦᠢᠯᠡᠴᠢᠯᠡᠭᠡᠨ ᠤ

ᠴᠢᠳᠠᠮᠵᠢ ᠪᠠᠨ ᠦᠷᠭᠦᠯᠵᠢᠯᠡᠨ ᠳᠡᠭᠡᠭᠰᠢᠯᠡᠭᠦᠯᠪᠡ᠃ ᠣᠶᠢᠷ᠎ᠠ ᠶᠢᠨ ᠲᠠᠪᠤᠨ ᠵᠢᠯ ᠳᠤ᠂ ᠰᠤᠷᠭᠠᠭᠤᠯᠢ ᠶᠢᠨ ᠪᠠᠭᠰᠢ ᠨᠠᠷ

ᠤᠯᠤᠰ ᠤᠨ ᠲᠠᠰ ᠤᠨ ᠲᠥᠰᠦᠯ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠳᠡᠮ ᠰᠢᠨᠵᠢᠯᠡᠭᠡᠨ ᠤ ᠲᠥᠰᠦᠯ

ᠪᠠ ᠰᠡᠳᠦᠪ 107᠎ ᠶᠢ ᠡᠭᠦᠷᠭᠡᠯᠡᠵᠦ᠂ ᠬᠡᠷᠡᠭᠯᠡᠭᠡᠨ ᠤ ᠰᠢᠨ᠎ᠡ ᠬᠡᠯᠪᠡᠷᠢᠲᠦ ᠲᠤᠰᠬᠠᠶ ᠠᠰᠢᠭ 97᠎ ᠶᠢ ᠭᠤᠶᠤᠴᠢᠯᠠᠪᠠ᠃

ᠨᠠᠷᠠᠲᠤ ᠪᠠᠭᠰᠢ ᠶᠢᠨ ᠠᠵᠢᠯᠯᠠᠬᠤ ᠭᠠᠵᠠᠷ 2᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ

ᠬᠠᠮᠵᠢᠯᠴᠠᠨ ᠰᠢᠨ᠎ᠡ ᠶᠢ ᠡᠭᠦᠳᠬᠦ ᠲᠥᠪ ᠤᠨ  ᠲᠥᠰᠦᠯ 1᠂ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠭᠦᠨᠵᠡᠭᠡᠶ ᠠᠭᠤᠰᠬᠠᠬᠤ

ᠳᠠᠳᠤᠯᠭ᠎ᠠ ᠪᠣᠯᠪᠠᠰᠤᠷᠠᠯ ᠤᠨ ᠲᠠᠪᠴᠠᠩ ᠤᠨ ᠲᠥᠰᠦᠯ 1᠂ ᠠᠵᠤ ᠠᠬᠤᠶᠢᠯᠠᠯ ᠤᠨ ᠮᠡᠷᠭᠡᠵᠢᠯ ᠤᠨ ᠦᠢᠯᠡᠴᠢᠯᠡᠭᠡ 20

ᠭᠠᠷᠤᠶ ᠵᠦᠢᠯ ᠳᠤ ᠬᠦᠷᠴᠦ᠂ ᠠᠵᠤ ᠠᠬᠤᠶᠢᠯᠠᠯ ᠤᠨ ᠤᠷ᠎ᠠ ᠴᠢᠳᠠᠪᠤᠷᠢᠲᠠᠨ ᠳᠤ ᠠᠵᠢᠯ ᠮᠡᠷᠭᠡᠵᠢᠯ ᠤᠨ ᠤᠷ᠎ᠠ

ᠴᠢᠳᠠᠪᠤᠷᠢ ᠶᠢᠨ ᠪᠣᠯᠪᠠᠰᠤᠷᠠᠭᠤᠯᠤᠯ ᠪᠠ ᠠᠵᠢᠯ ᠮᠡᠷᠭᠡᠵᠢᠯ ᠤᠨ ᠬᠢᠷᠢ ᠬᠡᠮ ᠤᠨ ᠬᠢᠨᠠᠨ ᠲᠣᠭᠲᠠᠭᠠᠯᠲᠠ ᠶᠢᠨ

ᠦᠢᠯᠡᠴᠢᠯᠡᠭᠡ 2 . 3 ᠲᠦᠮᠡ ᠭᠠᠷᠤᠶ ᠬᠥᠮᠦᠨ ᠡᠳᠦᠷ ᠬᠠᠩᠭᠠᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠢᠯ

ᠲᠥᠷᠥᠯ ᠤᠨ ᠣᠨᠴᠠ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ

ᠥᠷᠲᠡᠭᠡ ᠨᠢ ᠤᠯᠤᠰ᠎ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠠᠵᠢᠯ ᠮᠡᠷᠭᠡᠵᠢᠯ ᠤᠨ ᠤᠷ᠎ᠠ

ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠵᠢᠯᠣᠭᠤᠳᠬᠤ ᠲᠥᠪ ᠲᠤ ᠲᠡᠷᠢᠭᠦᠨ᠎ ᠤ ᠬᠢᠨᠠᠨ ᠲᠣᠭᠲᠠᠭᠠᠯᠲᠠ ᠶᠢᠨ

ᠥᠷᠲᠡᠭᠡ ᠪᠠᠷ ᠵᠠᠯᠭᠠᠭ᠎ᠠ ᠪᠠᠷ 2 ᠤᠳᠠᠭ᠎ᠠ ᠦᠨᠡᠯᠡᠭᠳᠡᠵᠦ᠂ ᠣᠷᠣᠨ ᠪᠦᠰᠡ ᠶᠢᠨ ᠠᠵᠤ ᠦᠢᠯᠡᠰ ᠤᠨ ᠬᠥᠭᠵᠢᠯᠲᠡ ᠶᠢ

ᠳᠠᠶᠢᠴᠢᠯᠠᠨ ᠢᠯᠡᠳᠲᠡ ᠦᠷ᠎ᠡ ᠪᠦᠲᠦᠮᠵᠢ ᠤᠯᠪᠠ᠃

     ᠣᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ

     ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

ᠨᠡᠭᠡᠭᠡᠯᠲᠡᠲᠦ ᠰᠤᠷᠭᠠᠭᠤᠯᠢ ᠡᠷᠬᠢᠯᠡᠬᠦ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠤᠯᠤᠰᠴᠢᠯᠠᠬᠰᠠᠨ ᠵᠠᠬ᠎ᠠ

ᠳᠡᠯᠭᠡᠭᠦᠷ ᠢ ᠢᠳᠡᠪᠬᠢᠲᠡᠢ ᠨᠡᠭᠡᠭᠡᠵᠦ᠂ ᠤᠷᠢᠳ ᠬᠤᠵᠢᠳ ᠮᠣᠩᠭᠤᠯ ᠤᠯᠤᠰ ᠤᠨ ᠤᠯᠠᠭᠠᠨᠪᠠᠭᠠᠲᠤᠷ ᠶᠡᠭᠡ

ᠰᠤᠷᠭᠠᠭᠤᠯᠢ᠂ ᠮᠣᠩᠭᠤᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠂

ᠮᠠᠯᠠᠶᠢᠰᠢᠶ᠎ᠠ ᠶᠢᠨ ᠴᠧᠩ ᠭᠥᠩ ᠯᠢ ᠳ᠋ᠠᠢ ᠶᠡᠭᠡ ᠰᠤᠷᠭᠠᠭᠤᠯᠢ᠂ ᠮᠠᠯᠠᠶᠢᠰᠢᠶ᠎ᠠ ᠶᠡᠭᠡ ᠰᠤᠷᠭᠠᠭᠤᠯᠢ ᠵᠡᠷᠭᠡ ᠲᠠᠢ

ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭᠠᠨ ᠤ ᠬᠡᠯᠡᠯᠴᠡᠭᠡᠷ ᠤᠨ ᠲᠥᠰᠦᠪ ᠢ ᠳᠣᠭᠲᠠᠭᠠᠵᠤ᠂ ᠪᠠᠭᠰᠢ ᠨᠠᠷ

ᠠᠶᠢᠯᠴᠢᠯᠠᠬᠤ᠂ ᠰᠤᠷᠤᠭᠴᠢᠳ ᠢ ᠲᠣᠮᠢᠯᠠᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠵᠡᠷᠭᠡ ᠬᠠᠮᠲᠤᠷᠠᠯᠴᠠᠭ᠎ᠠ ᠶᠢ

ᠭᠦᠨᠵᠡᠭᠡᠢ ᠥᠷᠨᠢᠭᠦᠯᠪᠡ᠃ ᠠᠮᠧᠷᠢᠺᠠ᠂ ᠭᠧᠷᠮᠠᠨ᠂ ᠠᠩᠭ᠍ᠯᠢ᠂ ᠠᠦ᠋ᠰᠲᠷᠠᠯᠢᠶ᠎ᠠ᠂ ᠮᠠᠯᠠᠶᠢᠰᠢᠶ᠎ᠠ ᠵᠡᠷᠭᠡ ᠤᠯᠤᠰ ᠯᠤᠭ᠎ᠠ

ᠰᠣᠯᠢᠯᠴᠠᠭ᠎ᠠ ᠪᠠ ᠬᠠᠮᠲᠤᠷᠠᠯᠴᠠᠭ᠎ᠠ ᠬᠢᠬᠦ ᠶᠢ ᠢᠳᠡᠪᠬᠢᠲᠡᠢ ᠠᠬᠢᠭᠤᠯᠵᠤ᠂ ᠪᠠᠭᠰᠢ ᠶᠢᠨ ᠰᠤᠷᠭᠠᠨ ᠬᠥᠮᠦᠵᠢᠯ ᠤᠨ

ᠣᠨᠣᠯᠵᠢᠬᠤᠨ ᠢ ᠬᠤᠪᠢᠷᠠᠭᠤᠯᠵᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠰᠤᠷᠤᠭᠴᠢᠳ ᠤᠨ ᠠᠵᠢᠯ ᠤᠯᠬᠤ ᠪᠠ

ᠰᠤᠳᠤᠯᠤᠨ ᠰᠤᠷᠤᠯᠴᠠᠬᠤ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠪᠣᠳᠠᠲᠤ ᠬᠦᠴᠦᠨ ᠢ ᠳᠡᠭᠡᠭᠰᠢᠯᠡᠭᠦᠯᠬᠦ ᠳᠤ

ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠪᠡ᠃ ᠣᠶᠢᠷ᠎ᠠ ᠶᠢᠨ ᠭᠤᠷᠪᠠᠨ ᠵᠢᠯ ᠳᠤ ᠮᠣᠩᠭᠤᠯ ᠤᠯᠤᠰ ᠲᠤ 73

ᠪᠠᠭᠰᠢ ᠰᠣᠷᠣᠭᠴᠢ ᠬᠥᠮᠦᠵᠢᠭᠦᠯᠦᠨ ᠥᠭᠴᠦ᠂ 10 ᠬᠥᠮᠦᠨ ᠠᠮᠧᠷᠢᠺᠠ᠂ ᠭᠧᠷᠮᠠᠨ᠂ ᠮᠣᠩᠭᠤᠯ ᠤᠯᠤᠰ ᠲᠤ

ᠬᠦᠷᠴᠦ ᠪᠣᠯᠪᠠᠰᠤᠷᠠᠯ ᠳᠤ ᠣᠷᠣᠯᠴᠠᠵᠤ᠂  ᠠᠶᠢᠯᠴᠢᠯᠠᠪᠠ᠃

     ᠰᠢᠨ᠎ᠡ ᠴᠠᠭ ᠦᠶ᠎ᠡ᠂ ᠰᠢᠨ᠎ᠡ ᠵᠠᠭᠤᠨ ᠵᠢᠯ ᠳᠤ᠂ ᠰᠤᠷᠭᠠᠭᠤᠯᠢ ᠨᠢ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠪᠦᠬᠦ

ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂

ᠳᠡᠭᠡᠳᠦ ᠰᠤᠷᠭᠠᠭᠤᠯᠢ ᠶᠢᠨ ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠨᠠᠮ ᠤᠨ

ᠲᠥᠯᠥᠭᠡᠯᠡᠭᠴᠢᠳ ᠤᠨ ᠬᠤᠷᠠᠯ ᠠᠴᠠ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠤ ᠪᠠᠷ

ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠭᠤᠯᠤᠭᠳᠠᠬᠤᠨ ᠤ ᠪᠠᠶᠢᠭᠤᠯᠤᠯᠲᠠ ᠶᠢ ᠠᠬᠢᠭᠤᠯᠵᠤ᠂

ᠳᠡᠭᠡᠳᠦ ᠰᠤᠷᠭᠠᠭᠤᠯᠢ ᠶᠢᠨ ᠳᠣᠲᠣᠭᠠᠳᠤ ᠶᠢᠨ ᠴᠢᠨᠠᠷ ᠴᠢᠨᠰᠠᠭ᠎ᠠ ᠶᠢ ᠪᠠᠲᠤᠯᠠᠬᠤ ᠳᠣᠭᠲᠠᠯᠴᠠᠭ᠎ᠠ ᠶᠢ ᠲᠠᠰᠤᠷᠠᠯᠲᠠ

ᠦᠭᠡᠢ ᠰᠢᠯᠢᠳᠡᠭᠵᠢᠭᠦᠯᠵᠦ᠂ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠲᠠᠰᠤᠷᠠᠯᠲᠠ ᠥᠬᠡᠶ

ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠮᠡᠳᠡᠭᠡ ᠵᠠᠩᠭᠢᠴᠢᠯᠠᠯᠲᠠ ᠶᠢᠨ

ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠰᠤᠷᠭᠠᠭᠤᠯᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠵᠤ᠂

ᠰᠤᠷᠭᠠᠭᠤᠯᠢ ᠪᠠᠨ ᠢᠯᠡ ᠲᠣᠳᠣ ᠣᠨᠴᠠᠯᠢᠭᠲᠤ᠂ ᠠᠷᠠᠳ ᠲᠦᠮᠡᠨ ᠳᠤ ᠳᠠᠭᠠᠰᠢᠶᠠᠭᠳᠠᠭᠰᠠᠨ᠂ ᠪᠠᠭᠰᠢ ᠰᠤᠷᠤᠭᠴᠢ

ᠵᠣᠯ ᠵᠢᠷᠭᠠᠯᠲᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ᠂ ᠳᠡᠯᠡᠬᠡᠶ ᠪᠠ ᠤᠯᠤᠰ ᠤᠨ ᠳᠣᠲᠣᠭᠠᠳᠤ ᠳᠤ

ᠵᠣᠬᠢᠬᠤ ᠨᠥᠯᠥᠭᠡᠯᠡᠬᠦ ᠬᠦᠴᠦᠨ ᠲᠠᠢ ᠳᠤᠮᠳᠠᠳᠤ ᠤᠯᠤᠰ ᠤᠨ ᠣᠨᠴᠠᠯᠢᠭ ᠪᠥᠬᠦᠢ ᠥᠨᠳᠥᠷ ᠬᠢᠷᠢ ᠲᠦᠪᠰᠢᠨᠲᠡᠢ

ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠭᠠᠬᠤ ᠪᠠᠷ ᠴᠢᠷᠮᠠᠶᠢᠨ᠎ᠠ᠃    

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号