| | ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠵᠤ ᠪᠠᠶᠢᠨ᠎ᠠ᠃ | ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | — ︽ᠲᠠᠯ᠎ᠠ ᠨᠤᠲᠤᠭ ᠠᠴᠠ ᠪᠡᠭᠡᠵᠢᠩ ᠢᠶᠠᠨ ᠪᠠᠷᠠᠯᠠᠨ᠎ᠠ︾ | | | ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | | | ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ 1974 | ᠣᠨ ᠳᠤ ᠪᠠᠶᠢᠭᠤᠯᠤᠭᠳᠠᠵᠤ᠂ ︽ᠶᠣᠰᠣ ᠰᠤᠷᠲᠠᠬᠤᠨ ᠤ ᠬᠥᠮᠦᠵᠢᠯ ᠢ ᠲᠡᠷᠢᠭᠦᠨ ᠳᠤ ᠲᠠᠯᠪᠢᠬᠤ᠂ ᠮᠡᠷᠭᠡᠵᠢᠯ | ᠴᠢᠳᠠᠪᠤᠷᠢ ᠪᠠᠷ ᠭᠤᠣᠯᠯᠠᠬᠤ᠂ ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠬᠤ︾ ᠰᠤᠷᠭᠠᠭᠤᠯᠢ ᠡᠷᠬᠢᠯᠡᠬᠦ | ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠥᠨᠳᠥᠷ ᠬᠡᠪ ᠪᠣᠯᠪᠠᠰᠤᠷᠠᠯ ᠲᠠᠢ ᠣᠳᠣ ᠦᠶ᠎ᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠬᠤᠯᠠᠴᠢᠯᠠᠵᠤ᠂ ︽ᠡᠬᠡ ᠤᠯᠤᠰ ᠤᠨ ᠤᠮᠠᠷᠠᠲᠤ ᠬᠢᠯᠢ ᠶᠢᠨ | ᠵᠠᠮ ᠬᠠᠷᠢᠯᠴᠠᠭᠠᠨ ᠤ ᠴᠢᠳᠠᠪᠤᠷᠢᠲᠠᠨ ᠤ ᠥᠯᠥᠭᠡᠶ︾ ᠭᠡᠰᠡᠨ ᠰᠠᠶᠢᠬᠠᠨ ᠠᠯᠳᠠᠷᠲᠠᠶ ᠶᠤᠮ᠃ ᠪᠦᠬᠦ ᠤᠯᠤᠰ ᠤᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠲᠡᠷᠢᠭᠦᠨ ᠤ ᠨᠢᠭᠡᠴᠢ᠂ ᠤᠯᠤᠰ ᠤᠨ ᠮᠡᠷᠭᠡᠵᠢᠯ ᠤᠨ ᠴᠢᠳᠠᠪᠤᠷᠢᠲᠠᠨ ᠢ | ᠬᠥᠮᠦᠵᠢᠭᠦᠯᠬᠦ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ᠂ ᠪᠦᠬᠦ ᠤᠯᠤᠰ ᠤᠨ ᠵᠠᠮ ᠬᠠᠷᠢᠯᠴᠠᠭᠠᠨ ᠤ | ᠲᠥᠷᠥᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠠᠭᠤᠷᠢᠶᠠᠯ ᠦᠵᠡᠭᠦᠯᠬᠦ ᠳᠡᠭᠡᠳᠦ ᠰᠤᠷᠭᠠᠭᠤᠯᠢ᠂ ᠪᠥᠬᠦ | ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠷᠥᠯ ᠤᠨ ᠳᠠᠭᠤᠷᠢᠶᠠᠯ ᠦᠵᠡᠭᠦᠯᠬᠦ ᠲᠤᠰᠬᠠᠶ ᠮᠡᠷᠭᠡᠵᠢᠯ ᠤᠨ ᠴᠡᠭ᠂ | ᠠᠩᠬᠠᠳᠠᠭᠴᠢ ᠪᠦᠯᠦᠭ ᠤᠨ ᠳᠤᠮᠳᠠᠳᠤ ᠭᠧᠷᠮᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠠᠮᠲᠤᠷᠠᠯᠴᠠᠭᠠᠨ ᠤ ᠲᠥᠰᠦᠯ ᠤᠨ ᠳᠡᠭᠡᠳᠦ ᠰᠤᠷᠭᠠᠭᠤᠯᠢ᠂ ᠪᠥᠸᠧ ᠱᠢ ᠰᠤᠷᠭᠠᠭᠤᠯᠢ ᠪᠠ ᠠᠵᠤ ᠠᠬᠤᠶᠢᠯᠠᠯ ᠤᠨ | ᠬᠠᠮᠲᠤᠷᠠᠯᠴᠠᠭᠠᠨ ᠤ ᠲᠥᠰᠦᠯ ᠤᠨ ᠳᠡᠭᠡᠳᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ | ᠪᠦᠯᠦᠭ ᠤᠨ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ᠎ᠠ᠃ | | | | | | | | | ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠶᠡᠷᠦᠩᠬᠡᠢ | ᠵᠠᠬᠢᠷᠭᠠᠨ ᠤ ᠡᠵᠡᠯᠡᠵᠦ ᠪᠠᠶᠢᠭ᠎ᠠ ᠶᠡᠷᠦᠩᠬᠡᠢ ᠲᠠᠯᠠᠪᠠᠢ 400 ᠭᠠᠷᠤᠢ ᠮᠦ᠂ ᠶᠡᠷᠦᠩᠬᠡᠢ ᠳᠠᠳᠤᠯᠭ᠎ᠠ ᠪᠣᠯᠪᠠᠰᠤᠷᠠᠯ ᠤᠨ | ᠰᠠᠭᠤᠷᠢᠨ 3400 ᠭᠠᠷᠤᠢ ᠮᠦ ᠡᠵᠡᠯᠡᠵᠦ ᠪᠣᠢ᠃ ᠣᠲᠣ ᠠᠵᠢᠯ ᠮᠡᠷᠭᠡᠵᠢᠯ ᠤᠨ ᠵᠢᠩᠬᠢᠨᠢ ᠠᠩᠭᠢ᠂ ᠳᠡᠭᠡᠳᠦ | ᠵᠡᠷᠭᠡ ᠶᠢᠨ ᠠᠵᠢᠯ ᠮᠡᠷᠭᠡᠵᠢᠯ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠡᠬᠢᠯᠡᠬᠦ ᠲᠠᠪᠤᠨ ᠵᠢᠯ ᠤᠨ ᠳᠡᠭᠡᠳᠦ | ᠵᠡᠷᠭᠡ ᠶᠢᠨ ᠠᠵᠢᠯ ᠮᠡᠷᠭᠡᠵᠢᠯ᠂ ᠮᠡᠷᠭᠡᠵᠢᠯ ᠤᠨ ᠠᠵᠢᠯᠴᠢᠨ ᠵᠡᠷᠭᠡ ᠡᠯ᠎ᠡ ᠲᠥᠷᠥᠯ ᠤᠨ ᠬᠥᠮᠦᠵᠢᠭᠦᠯᠬᠦ ᠱᠠᠲᠤᠨ ᠤ | ᠰᠤᠷᠭᠠᠭᠤᠯᠢ ᠳᠤ ᠪᠠᠶᠢᠭ᠎ᠠ ᠰᠣᠷᠣᠭᠴᠢ 11000 ᠭᠠᠷᠤᠶ ᠪᠠᠶᠢᠵᠤ᠂ ᠪᠥᠬᠦ ᠤᠯᠤᠰ ᠤᠨ ᠤᠶᠤᠲᠠᠳ ᠤᠨ ᠮᠠᠰᠢᠨ | ᠬᠥᠮᠦᠨ ᠤ ᠶᠡᠭᠡ ᠤᠷᠤᠯᠳᠤᠭᠠᠨ᠂ ᠪᠥᠬᠦ ᠤᠯᠤᠰ ᠤᠨ ᠬᠤᠲᠠ ᠶᠢᠨ ᠲᠡᠮᠦᠷ ᠵᠠᠮ ᠵᠠᠮ ᠬᠠᠷᠢᠯᠴᠠᠭᠠᠨ ᠤ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠶᠤᠲᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ | ᠰᠤᠷᠭᠠᠭᠤᠯᠢ ᠶᠢᠨ ︽ᠬᠤᠪᠢᠰᠬᠠᠯᠲᠤ ᠰᠣᠩᠭᠤᠳᠠᠭ ᠵᠣᠬᠢᠶᠠᠯ ᠢᠶᠠᠨ ᠤᠶᠠᠩᠭᠠᠯᠠᠨᠠᠮ︾ ᠭᠡᠬᠦ ᠤᠩᠰᠢᠯᠭ᠎ᠠ ᠶᠢᠨ | ᠤᠷᠤᠯᠳᠤᠭᠠᠨ ᠵᠡᠷᠭᠡ ᠡᠯ᠎ᠡ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠵᠢᠴᠢ ᠰᠣᠶᠣᠯ ᠪᠡᠶ᠎ᠡ ᠶᠢᠨ | ᠲᠠᠮᠢᠷ ᠤᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠤᠯᠪᠠ᠃ ᠣᠲᠣ ᠲᠤᠰᠬᠠᠶ ᠪᠠ ᠲᠤᠰᠢᠶᠠᠯ | ᠬᠠᠪᠰᠤᠷᠭᠠᠭᠰᠠᠨ ᠪᠠᠭᠰᠢ 627 ᠪᠠᠶᠢᠵᠤ᠂ ︽ᠬᠤᠤᠰ ᠬᠡᠯᠪᠡᠷᠢᠲᠦ ᠪᠠᠭᠰᠢ︾ 54 % ᠶᠢ ᠡᠵᠡᠯᠡᠨ᠂ ᠪᠥᠬᠦ | ᠤᠯᠤᠰ ᠤᠨ ᠮᠡᠷᠭᠡᠵᠢᠯ ᠤᠨ ᠴᠢᠳᠠᠪᠤᠷᠢᠲᠠᠨ 1᠂ ᠪᠥᠬᠦ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ | ᠮᠡᠷᠭᠡᠵᠢᠯ ᠤᠨ ᠨᠠᠷᠠᠲᠤ ᠪᠠᠭᠰᠢ 1᠂ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ 2᠂ | ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠢᠳᠠᠪᠤᠷᠢᠲᠠᠨ 3᠂ ᠥᠪᠡᠷᠲᠡᠭᠡᠨ ᠵᠠᠰᠠᠬᠤ ᠣᠷᠣᠨ ᠤ ᠵᠢᠭᠠᠨ | ᠰᠤᠷᠭᠠᠯᠲᠠ ᠶᠢᠨ ᠨᠠᠷᠠᠲᠤ ᠪᠠᠭᠰᠢ 7᠂ ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠪᠦᠯᠬᠦᠮ 7 ᠶᠢ | ᠬᠥᠮᠦᠵᠢᠭᠦᠯᠵᠦ᠂ ᠮᠡᠷᠭᠡᠵᠢᠯ ᠤᠨ ᠶᠡᠭᠡ ᠪᠠᠭᠰᠢ ᠶᠢᠨ ᠠᠵᠢᠯᠯᠠᠬᠤ ᠲᠠᠰᠤᠭ 3 ᠶᠢ ᠪᠠᠶᠢᠭᠤᠯᠪᠠ᠃ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ 40 ᠭᠠᠷᠤᠶ ᠵᠢᠯ ᠭᠦᠨᠵᠡᠭᠡᠶ ᠥᠷᠨᠢᠭᠦᠯᠵᠦ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠦᠢᠯᠡᠳᠪᠦᠷᠢᠯᠡᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠶᠡᠭᠡ | ᠬᠡᠮᠵᠢᠶᠡᠨ ᠤ ᠲᠤᠰᠬᠠᠶ ᠮᠡᠷᠭᠡᠵᠢᠯᠲᠡᠨ ᠢ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠤ ᠳᠡᠮᠵᠢᠯᠭᠡ ᠪᠠ ᠣᠶᠤᠨ ᠤ ᠪᠠᠲᠤᠯᠠᠭ᠎ᠠ ᠶᠢ ᠬᠠᠩᠭᠠᠪᠠ᠃ | | | | | | | | | ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠪᠠ᠃ ᠰᠤᠷᠭᠠᠭᠤᠯᠢ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠢ | ᠱᠤᠭᠤᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ + | ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ + ᠪᠥᠬᠦ ᠠᠵᠢᠯᠲᠠᠨ ᠬᠥᠮᠦᠨ ᠢ ᠬᠥᠮᠥᠵᠢᠭᠦᠯᠬᠦ᠂ ᠪᠥᠬᠦ ᠶᠠᠪᠤᠴᠠ ᠳᠤ | ᠬᠥᠮᠦᠨ ᠢ ᠬᠥᠮᠥᠵᠢᠭᠦᠯᠬᠦ᠂ ᠪᠥᠬᠦ ᠲᠠᠯ᠎ᠠ ᠪᠠᠷ ᠬᠥᠮᠦᠨ ᠢ ᠬᠥᠮᠦᠵᠢᠭᠦᠯᠬᠦ︾ ᠳᠣᠭᠲᠠᠯᠴᠠᠭ᠎ᠠ ᠶᠢ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠦᠵᠡᠯ ᠰᠠᠨᠠᠭ᠎ᠠ ᠤᠯᠤᠰ ᠲᠥᠷᠥ ᠶᠢᠨ ᠨᠠᠷᠠᠲᠤ ᠪᠠᠭᠰᠢ ᠶᠢᠨ ᠠᠵᠢᠯᠯᠠᠬᠤ ᠭᠠᠵᠠᠷ᠂ | ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ | ᠳᠠᠭᠤᠷᠢᠶᠠᠯ ᠦᠵᠡᠭᠦᠯᠬᠦ ᠲᠥᠪ ᠢ ᠪᠠᠶᠢᠭᠤᠯᠵᠤ᠂ ᠰᠣᠶᠣᠯ ᠢᠶᠠᠷ ᠬᠥᠮᠦᠨ ᠢ ᠬᠥᠮᠦᠵᠢᠭᠦᠯᠬᠦ ᠰᠢᠨ᠎ᠡ ᠥᠨᠳᠦᠷᠯᠢᠭ | ᠭᠠᠵᠠᠷ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠪᠠᠭᠰᠢ ᠰᠤᠷᠤᠭᠴᠢ ᠶᠢ ᠬᠥᠲᠥᠯᠥᠨ ᠵᠢᠯᠣᠭᠤᠳᠴᠤ | ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢ ᠵᠤᠵᠠᠭᠠᠳᠬᠠᠵᠤ᠂ ︽ᠳᠤᠮᠳᠠᠳᠤ ᠤᠯᠤᠰ ᠤᠨ ᠳᠡᠪᠢᠰᠭᠡᠷ ᠥᠩᠭᠡ︾ ᠶᠢ | ᠰᠠᠶᠢᠲᠤᠷ ᠱᠤᠭᠤᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠰᠤᠷᠭᠠᠭᠤᠯᠢ ᠶᠢᠨ | ᠬᠦᠷᠢᠶᠡᠨ ᠳᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠪᠠ᠃ | ᠠᠵᠤ ᠦᠢᠯᠡᠰ ᠲᠤ ᠠᠩᠬᠠᠷᠤᠯ ᠢᠶᠠᠨ ᠬᠠᠨᠳᠤᠭᠤᠯᠵᠤ᠂ ᠣᠨᠴᠠᠯᠢᠭᠲᠤ ᠲᠤᠰᠬᠠᠶ ᠮᠡᠷᠭᠡᠵᠢᠯ ᠤᠨ ᠲᠡᠮᠳᠡᠭᠲᠦ ᠶᠢᠨ | ᠳᠠᠪᠠᠭᠤᠯᠢᠭ ᠢ ᠢᠯᠡᠷᠡᠭᠦᠯᠪᠡ᠃ ᠰᠤᠷᠭᠠᠭᠤᠯᠢ ᠨᠢ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠠᠶᠢᠯᠳᠤᠬᠤ | ᠪᠣᠳᠣᠯᠭ᠎ᠠ ᠲᠠᠢ ᠵᠣᠯᠭᠠᠭᠤᠯᠵᠤ᠂ ︽ᠲᠣᠮᠣ ᠵᠠᠮ ᠬᠠᠷᠢᠯᠴᠠᠭ᠎ᠠ᠂ ᠰᠢᠨ᠎ᠡ ᠵᠠᠮ ᠬᠠᠷᠢᠯᠴᠠᠭ᠎ᠠ︾ ᠶᠢᠨ ᠣᠨᠣᠯᠵᠢᠬᠤᠨ ᠤ | ᠲᠣᠭᠤᠷᠢᠨ ᠳᠤ ᠮᠠᠰᠢᠨ ᠲᠡᠷᠭᠡ᠂ ᠵᠠᠮ ᠤᠨ ᠬᠥᠭᠦᠷᠭᠡ᠂ ᠪᠠᠷᠢᠯᠭ᠎ᠠ᠂ ᠴᠠᠬᠢᠯᠭᠠᠨ᠂ ᠪᠠᠷᠠᠭᠠᠨ ᠤ ᠭᠦᠢᠯᠭᠡᠭᠡ᠂ ᠲᠡᠮᠦᠷ | ᠵᠠᠮ ᠤᠨ ᠵᠠᠮ ᠬᠠᠷᠢᠯᠴᠠᠭ᠎ᠠ᠂ ᠠᠭᠠᠷ ᠤᠨ ᠲᠡᠭᠡᠭᠡᠪᠦᠷᠢ ᠵᠡᠷᠭᠡ 7 ᠲᠣᠮᠣ ᠣᠨᠴᠠᠯᠢᠭᠲᠤ ᠲᠤᠰᠬᠠᠶ ᠮᠡᠷᠭᠡᠵᠢᠯ ᠤᠨ | ᠴᠤᠭᠯᠠᠷᠠᠯ 40 ᠲᠤᠰᠬᠠᠶ ᠮᠡᠷᠭᠡᠵᠢᠯ ᠢ ᠪᠠᠶᠢᠭᠤᠯᠵᠤ᠂ ᠡᠭᠦᠨ ᠳᠤ ᠪᠥᠬᠦ ᠤᠯᠤᠰ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠳᠠᠭᠤᠷᠢᠶᠠᠯ ᠦᠵᠡᠭᠦᠯᠬᠦ ᠲᠤᠰᠬᠠᠶ ᠮᠡᠷᠭᠡᠵᠢᠯ 1᠂ ᠥᠪᠡᠷᠲᠡᠭᠡᠨ ᠵᠠᠰᠠᠬᠤ ᠣᠷᠣᠨ ᠤ | ᠭᠤᠣᠯᠳᠠᠯᠭᠠᠲᠠᠢ ᠪᠥᠲᠥᠭᠡᠨ ᠪᠠᠶᠢᠭᠤᠯᠬᠤ ᠲᠤᠰᠬᠠᠶ ᠮᠡᠷᠭᠡᠵᠢᠯ 2᠂ ᠥᠪᠡᠷᠲᠡᠭᠡᠨ ᠵᠠᠰᠠᠬᠤ ᠣᠷᠣᠨ ᠤ ᠨᠠᠷᠠᠲᠤ | ᠲᠡᠮᠳᠡᠭᠲᠦ ᠶᠢᠨ ᠲᠤᠰᠬᠠᠶ ᠮᠡᠷᠭᠡᠵᠢᠯ 4᠂ ᠥᠪᠡᠷᠲᠡᠭᠡᠨ ᠵᠠᠰᠠᠬᠤ ᠣᠷᠣᠨ ᠤ ᠰᠣᠳᠣᠨ ᠬᠢᠴᠢᠶᠡᠯ 6 ᠪᠠᠶᠢᠵᠤ᠂ | ᠵᠣᠬᠢᠴᠠᠩᠭᠤᠶ ᠪᠠᠷ ᠬᠥᠭᠵᠢᠭᠰᠡᠨ ᠣᠲᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠰᠬᠠᠶ | ᠮᠡᠷᠭᠡᠵᠢᠯ ᠤᠨ ᠳᠣᠭᠲᠠᠯᠴᠠᠭ᠎ᠠ ᠶᠢ ᠦᠨᠳᠦᠰᠦᠨ ᠳᠤ ᠪᠠᠨ ᠪᠦᠷᠢᠳᠦᠭᠦᠯᠪᠡ᠃ | | | | | | | | | ᠬᠠᠮᠵᠢᠯᠴᠠᠨ ᠬᠥᠮᠦᠨ ᠢ ᠬᠥᠮᠦᠵᠢᠭᠦᠯᠵᠦ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠬᠠᠵᠤ | ᠰᠢᠨ᠎ᠡ ᠶᠢ ᠡᠭᠦᠳᠦᠨ ᠬᠥᠭᠵᠢᠬᠦ ᠶᠢ ᠬᠥᠲᠥᠯᠥᠨ ᠳᠠᠭᠠᠭᠤᠯᠪᠠ᠃ ᠰᠤᠷᠭᠠᠭᠤᠯᠢ ᠨᠢ ᠠᠵᠢᠯ ᠣᠯᠭᠤᠯᠲᠠ ᠶᠢᠨ | ᠬᠡᠷᠡᠭᠴᠡᠭᠡ ᠪᠠᠷ ᠤᠳᠤᠷᠢᠳᠤᠮᠵᠢ ᠪᠣᠯᠭᠠᠭᠰᠠᠨ᠂ ᠠᠵᠢᠯ ᠲᠥᠷᠥᠯ ᠳᠤ ᠭᠦᠨᠵᠡᠭᠡᠶ ᠵᠢᠯᠣᠭᠤᠳᠤᠭᠰᠠᠨ᠂ ᠦᠢᠯᠡᠳᠪᠦᠷᠢᠯᠡᠯ | ᠵᠢᠭᠠᠨ ᠰᠤᠷᠭᠠᠯᠲᠠ ᠭᠦᠨᠵᠡᠭᠡᠶ ᠠᠭᠤᠰᠤᠭᠰᠠᠨ ᠰᠤᠷᠭᠠᠭᠤᠯᠢ ᠪᠠ ᠠᠵᠤ ᠠᠬᠤᠶᠢᠯᠠᠯ ᠨᠢᠭᠲᠠᠷᠬᠠᠰᠠᠨ ᠬᠡᠯᠪᠡᠷᠢᠲᠦ | ᠬᠠᠮᠲᠤᠷᠠᠨ ᠰᠤᠷᠭᠠᠭᠤᠯᠢ ᠡᠷᠭᠢᠯᠡᠬᠦ ᠲᠣᠭᠲᠠᠴᠠ ᠶᠢ ᠢᠳᠡᠪᠬᠢᠲᠡᠶ ᠪᠠᠶᠢᠭᠤᠯᠪᠠ᠃ ᠳᠤᠮᠳᠠᠳᠤ ᠭᠧᠷᠮᠠᠨ ᠤ ᠮᠠᠰᠢᠨ | ᠲᠡᠷᠭᠡᠨ ᠤ ᠮᠠᠰᠢᠨ ᠴᠠᠬᠢᠯᠭᠠᠨ ᠤ ᠲᠥᠰᠦᠯ ᠤᠨ ᠠᠩᠭᠢ᠂ ᠪᠥᠸᠧ ᠱᠢ ᠢᠨᠵᠧᠨᠧᠷ ᠤᠨ ᠠᠩᠭᠢ᠂ ᠨᠢᠭᠡᠳᠦᠭᠡᠷ ᠮᠠᠰᠢᠨ | ᠲᠡᠷᠭᠡᠨ ᠤ ᠪᠥᠯᠦᠭᠯᠡᠯ ᠤᠨ ᠳ᠋ᠠ ᠵᠦᠩ ᠢᠨᠵᠧᠨᠧᠷ ᠤᠨ ᠠᠩᠭᠢ᠂ ᠵᠢᠩ ᠳ᠋ᠦᠩ ᠪᠠᠷᠠᠭᠠᠨ ᠤ ᠭᠦᠢᠯᠭᠡᠭᠡᠨ ᠤ ᠠᠩᠭᠢ᠂ | ᠰᠢᠶᠠᠨ ᠾᠧᠩ ᠣᠯᠠᠨ ᠤᠯᠤᠰ ᠤᠨ ᠠᠩᠭᠢ ᠵᠡᠷᠭᠡ ᠵᠠᠬᠢᠶᠠᠯᠠᠭ᠎ᠠ ᠶᠢᠨ ᠬᠡᠯᠪᠡᠷᠢᠲᠦ ᠲᠥᠰᠦᠯ ᠤᠨ ᠠᠩᠭᠢ ᠶᠢ | ᠵᠠᠯᠭᠠᠭ᠎ᠠ ᠪᠠᠷ ᠵᠣᠬᠢᠶᠠᠨ ᠪᠠᠶᠢᠭᠤᠯᠪᠠ︔ ᠠᠵᠤ ᠠᠬᠤᠶᠢᠯᠠᠯ ᠲᠠᠢ ᠬᠠᠮᠲᠤᠷᠠᠨ ᠲᠡᠮᠦᠷ ᠵᠠᠮ ᠤᠨ ᠵᠠᠮ ᠬᠠᠷᠢᠯᠴᠠᠭᠠᠨ ᠤ | ᠠᠵᠤ ᠦᠢᠯᠡᠰ ᠤᠨ ᠳᠡᠭᠡᠳᠦ ᠰᠤᠷᠭᠠᠭᠤᠯᠢ᠂ ᠠᠷᠠᠳ ᠤᠨ ᠠᠭᠠᠷ ᠤᠨ ᠲᠡᠭᠡᠭᠡᠪᠦᠷᠢ ᠶᠢᠨ ᠣᠨᠴᠠ ᠲᠥᠷᠥᠯ ᠤᠨ ᠲᠡᠷᠭᠡ | ᠪᠣᠯᠪᠠᠰᠤᠷᠠᠭᠤᠯᠬᠤ ᠳᠡᠭᠡᠳᠦ ᠰᠤᠷᠭᠠᠭᠤᠯᠢ᠂ ᠵᠢᠯᠣᠭᠤᠴᠢ ᠥᠬᠡᠶ ᠨᠢᠰᠬᠡᠯ ᠤᠨ ᠳᠡᠭᠡᠳᠦ ᠰᠤᠷᠭᠠᠭᠤᠯᠢ᠂ ᠣᠩᠭᠤᠴᠠᠴᠢᠨ | ᠪᠣᠯᠪᠠᠰᠤᠷᠠᠭᠤᠯᠬᠤ ᠰᠠᠭᠤᠷᠢᠨ ᠭᠠᠵᠠᠷ᠂ ᠠᠭᠠᠷ ᠤᠨ ᠠᠶᠠᠯᠠᠯ ᠤᠨ ᠲᠥᠰᠦᠯ ᠤᠨ ᠬᠡᠯᠲᠡᠰ ᠵᠡᠷᠭᠡ ᠰᠤᠷᠭᠠᠭᠤᠯᠢ ᠪᠠ | ᠠᠵᠤ ᠠᠬᠤᠶᠢᠯᠠᠯ ᠤᠨ ᠬᠠᠮᠲᠤᠷᠠᠯᠴᠠᠭᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠲᠤᠰᠬᠠᠶ | ᠮᠡᠷᠭᠡᠵᠢᠯ ᠵᠢᠴᠢ ᠬᠢᠴᠢᠶᠡᠯ ᠤᠨ ᠡᠬᠢ ᠪᠠᠶᠠᠯᠢᠭ ᠢ ᠬᠠᠮᠲᠤ ᠪᠠᠷ ᠨᠡᠭᠡᠭᠡᠨ ᠬᠥᠭᠵᠢᠭᠦᠯᠵᠦ᠂ ᠳᠠᠳᠤᠯᠭ᠎ᠠ ᠪᠣᠯᠪᠠᠰᠤᠷᠠᠯ ᠤᠨ | ᠰᠠᠭᠤᠷᠢᠨ ᠭᠠᠵᠠᠷ ᠢ ᠪᠠᠶᠢᠭᠤᠯᠤᠨ᠂ ︽ᠬᠤᠤᠰ ᠪᠠᠭᠰᠢ︾ ᠶᠢᠨ ᠬᠡᠯᠪᠡᠷᠢᠲᠦ ᠪᠠᠭᠰᠢ ᠶᠢᠨ ᠡᠩᠨᠡᠭᠡ ᠶᠢ ᠬᠥᠮᠥᠵᠢᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠨᠢᠭᠡ ᠴᠣᠭᠴᠠᠵᠢᠭᠤᠯᠤᠨ | ᠬᠥᠮᠦᠨ ᠢ ᠬᠥᠮᠦᠵᠢᠭᠦᠯᠬᠦ ᠣᠳᠣ ᠦᠶ᠎ᠡ ᠶᠢᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠲᠠᠪᠴᠠᠩ ᠢ ᠪᠠᠶᠢᠭᠤᠯᠵᠤ᠂ ᠲᠡᠭᠦᠰᠬᠦ ᠰᠤᠷᠤᠭᠴᠢᠳ ᠤᠨ ᠨᠠᠩ ᠴᠢᠨᠠᠷᠯᠢᠭ ᠨᠠᠩ ᠭᠦᠢᠴᠡᠳ ᠠᠵᠢᠯ ᠣᠯᠭᠤᠯᠲᠠ ᠶᠢ | ᠪᠦᠲᠦᠮᠵᠢᠲᠡᠶ ᠠᠬᠢᠭᠤᠯᠵᠤ᠂ ᠣᠶᠢᠷ᠎ᠠ ᠶᠢᠨ ᠵᠢᠯ ᠳᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ | ᠨᠣᠷᠮ᠎ᠠ ᠢᠮᠠᠭᠲᠠ 95 % ᠠᠴᠠ ᠳᠡᠭᠡᠭᠰᠢ ᠪᠠᠶᠢᠬᠤ ᠶᠢ ᠪᠠᠲᠤᠯᠠᠵᠤ᠂ ᠲᠡᠭᠦᠰᠬᠦ ᠰᠤᠷᠤᠭᠴᠢᠳ ᠤᠨ ᠬᠠᠨᠤᠮᠵᠢ ᠶᠢᠨ | ᠬᠡᠮᠵᠢᠶ᠎ᠡ ᠪᠠ ᠬᠥᠮᠦᠨ ᠬᠡᠷᠡᠭᠯᠡᠬᠦ ᠨᠢᠭᠡᠴᠢ ᠶᠢᠨ ᠬᠠᠨᠤᠮᠵᠢ ᠶᠢᠨ ᠬᠡᠮᠵᠢᠶ᠎ᠡ ᠢᠮᠠᠭᠲᠠ 97 % ᠠᠴᠠ ᠳᠡᠭᠡᠭᠰᠢ | ᠪᠠᠶᠢᠬᠤ ᠶᠢ ᠪᠠᠲᠤᠯᠠᠵᠤ᠂ ᠳᠡᠰ ᠳᠠᠪᠬᠤᠷᠭ᠎ᠠ ᠥᠨᠳᠥᠷ᠂ ᠠᠩᠬᠠᠨ ᠤ ᠴᠠᠯᠢᠩ ᠥᠨᠳᠥᠷ᠂ ᠠᠵᠢᠯ ᠲᠥᠷᠥᠯ ᠢᠶᠠᠷ | ᠨᠢᠭᠡᠳᠬᠦ ᠨᠣᠷᠮ᠎ᠠ ᠥᠨᠳᠥᠷ᠂ ᠲᠣᠭᠲᠠᠭᠤᠨ ᠤ ᠨᠣᠷᠮ᠎ᠠ ᠥᠨᠳᠥᠷ ᠰᠠᠶᠢᠨ ᠪᠠᠶᠢᠳᠠᠯ ᠢᠯᠡᠷᠡᠵᠦ᠂ ᠠᠩᠬᠠᠳᠠᠭᠴᠢ | ᠪᠦᠯᠦᠭ ᠤᠨ ᠲᠤᠷᠰᠢᠯᠲᠠ ᠶᠢᠨ ᠴᠡᠭ ᠤᠨ ᠳᠡᠭᠡᠳᠦ ᠰᠤᠷᠭᠠᠭᠤᠯᠢ ᠪᠠ ᠥᠪᠡᠷᠲᠡᠭᠡᠨ ᠵᠠᠰᠠᠬᠤ ᠣᠷᠣᠨ ᠤ | ᠲᠤᠷᠰᠢᠯᠲᠠ ᠶᠢᠨ ᠴᠡᠭ ᠤᠨ ᠳᠠᠭᠠᠭᠤᠯᠤᠭᠴᠢ ᠨᠢᠭᠡᠴᠢ ᠪᠣᠯᠤᠭᠰᠠᠨ ᠤ ᠬᠤᠪᠢ ᠳᠤ᠂ ᠳᠡᠭᠡᠳᠦ ᠰᠤᠷᠭᠠᠭᠤᠯᠢ ᠨᠢ 1 + | X ᠦᠨᠡᠮᠯᠡᠯ ᠤᠨ ᠲᠤᠷᠰᠢᠯᠲᠠ ᠶᠢᠨ ᠴᠡᠭ ᠤᠨ ᠠᠵᠢᠯ ᠢ ᠶᠡᠭᠡ ᠪᠠᠷ ᠠᠬᠢᠭᠤᠯᠵᠤ᠂ ᠨᠢᠭᠡᠨᠲᠡ 13 ᠲᠤᠰᠬᠠᠶ | ᠮᠡᠷᠭᠡᠵᠢᠯ ᠳᠤ ᠬᠠᠨᠳᠤᠭᠤᠯᠤᠨ 3 ᠪᠦᠯᠦᠭ 11 X ᠦᠨᠡᠮᠯᠡᠯ ᠤᠨ ᠰᠢᠯᠭᠠᠨ ᠦᠨᠡᠯᠡᠯᠲᠡ ᠶᠢ ᠥᠷᠨᠢᠭᠦᠯᠵᠦ᠂ | ︽ᠬᠢᠴᠢᠶᠡᠯ ᠪᠠ ᠠᠵᠢᠯ ᠤᠨ ᠪᠠᠶᠢᠷᠢ ᠶᠢᠨ ᠦᠨᠡᠮᠯᠡᠯ ᠤᠨ ᠠᠭᠤᠰᠤᠯᠴᠠᠭ᠎ᠠ︾ ᠶᠢ ᠭᠦᠨᠵᠡᠭᠡᠶᠢᠷᠡᠭᠦᠯᠵᠦ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠦᠨᠡᠮᠯᠡᠯ ᠤᠨ ᠪᠠᠷᠢᠮᠵᠢᠶ᠎ᠠ ᠪᠠ ᠠᠭᠤᠯᠭ᠎ᠠ ᠶᠢ ᠴᠢᠳᠠᠪᠤᠷᠢᠲᠠᠨ ᠢ | ᠬᠥᠮᠦᠵᠢᠭᠦᠯᠬᠦ ᠲᠥᠰᠦᠯ ᠳᠤ ᠠᠭᠤᠰᠬᠠᠵᠤ᠂ ᠬᠠᠮ ᠬᠡᠯᠪᠡᠷᠢᠲᠦ ᠴᠢᠳᠠᠪᠤᠷᠢᠲᠠᠨ ᠢ ᠬᠥᠮᠦᠵᠢᠭᠦᠯᠬᠦ ᠪᠠ ᠦᠨᠡᠯᠡᠬᠦ ᠬᠡᠪ | ᠵᠠᠭᠪᠤᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ | ᠭᠤᠯᠳᠤ ᠪᠠᠷ ᠨᠡᠪᠲᠡᠷᠡᠭᠦᠯᠵᠦ᠂ ᠤᠷ᠎ᠠ ᠮᠡᠷᠭᠡᠵᠢᠯ ᠤᠨ ᠴᠢᠳᠠᠪᠤᠷᠢᠲᠠᠨ ᠤ ᠦᠰᠦᠨ ᠪᠤᠶᠢᠵᠢᠬᠤ ᠵᠠᠮ ᠢ | ᠨᠡᠪᠲᠡᠷᠡᠭᠦᠯᠪᠡ᠃ ᠰᠤᠷᠭᠠᠭᠤᠯᠢ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠤᠯᠪᠣᠭ᠎ᠠ ᠶᠢ ᠲᠦᠷᠦᠭᠦᠯᠡᠨ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ | ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠣᠳᠣ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠱᠠᠭᠠᠷᠳᠠᠯᠭ᠎ᠠ ᠶᠣᠰᠤ ᠪᠠᠷ ᠳᠤᠮᠳᠠ ᠵᠡᠷᠭᠡ ᠶᠢᠨ ᠠᠵᠢᠯ | ᠮᠡᠷᠭᠡᠵᠢᠯ ᠬᠢᠭᠡᠳ ᠳᠡᠭᠡᠳᠦ ᠵᠡᠷᠭᠡ ᠶᠢᠨ ᠠᠵᠢᠯ ᠮᠡᠷᠭᠡᠵᠢᠯ ᠢ ᠨᠡᠪᠲᠡᠷᠡᠭᠦᠯᠦᠭᠰᠡᠨ᠂ ᠳᠡᠭᠡᠳᠦ ᠵᠡᠷᠭᠡ ᠶᠢᠨ ᠠᠵᠢᠯ | ᠮᠡᠷᠭᠡᠵᠢᠯ ᠬᠢᠭᠡᠳ ᠵᠢᠩᠬᠢᠨᠢ ᠠᠩᠭᠢ ᠶᠢ ᠵᠣᠯᠭᠠᠭᠤᠯᠤᠭᠰᠠᠨ ᠴᠢᠳᠠᠪᠤᠷᠢᠲᠠᠨ ᠢ ᠬᠥᠮᠦᠵᠢᠭᠦᠯᠬᠦ ︽ᠵᠦᠷᠢᠯᠢᠭ ᠬᠥᠭᠦᠷᠭᠡ︾ | ᠶᠢ ᠢᠳᠡᠪᠬᠢᠲᠡᠶ ᠪᠠᠷ ᠪᠠᠶᠢᠭᠤᠯᠪᠠ᠃ ᠤᠯᠠᠭᠠᠨᠬᠠᠳᠠ ᠬᠤᠲᠠ ᠶᠢᠨ 11 ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠲᠠᠢ ᠬᠠᠮᠲᠤᠷᠠᠨ 14 ᠲᠤᠰᠬᠠᠶ ᠮᠡᠷᠭᠡᠵᠢᠯ ᠨᠢ ᠳᠤᠮᠳᠠ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠬᠠᠮᠲᠤᠷᠠᠨ ᠰᠤᠷᠭᠠᠭᠤᠯᠢ ᠡᠷᠭᠢᠯᠡᠬᠦ ᠶᠢ ᠥᠷᠨᠢᠭᠦᠯᠪᠡ︔ ᠥᠪᠥᠷ ᠮᠣᠩᠭᠤᠯ ᠤᠨ | ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ ᠵᠡᠷᠭᠡ ᠵᠢᠩᠬᠢᠨᠢ ᠠᠩᠭᠢᠲᠤ | ᠳᠡᠭᠡᠳᠦ ᠰᠤᠷᠭᠠᠭᠤᠯᠢ ᠲᠠᠢ ᠬᠠᠮᠲᠤᠷᠠᠨ ᠵᠢᠩᠬᠢᠨᠢ ᠠᠩᠭᠢ ᠶᠢᠨ ᠲᠠᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ | ᠥᠷᠨᠢᠭᠦᠯᠪᠡ︔ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠵᠢᠨᠢᠩ ᠤᠨ ᠪᠠᠭᠰᠢ ᠶᠢᠨ ᠳᠡᠭᠡᠳᠦ | ᠰᠤᠷᠭᠠᠭᠤᠯᠢ᠂ ᠥᠪᠥᠷ ᠮᠣᠩᠭᠤᠯ ᠤᠨ ᠬᠤᠩ ᠳ᠋ᠧ ᠨᠡᠶᠢᠭᠡᠮ ᠤᠨ ᠰᠢᠨᠵᠢᠯᠡᠬᠦ ᠤᠬᠠᠭᠠᠨ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠳᠡᠭᠡᠳᠦ ᠰᠤᠷᠭᠠᠭᠤᠯᠢ ᠲᠠᠢ ᠬᠠᠮᠲᠤᠷᠠᠨ ᠪᠦᠬᠦᠯᠢ ᠡᠳᠦᠷ ᠤᠨ ᠳᠦᠷᠢᠮᠲᠦ ᠲᠤᠰᠬᠠᠶ ᠮᠡᠷᠭᠡᠵᠢᠯ ᠠᠴᠠ | ᠵᠢᠩᠬᠢᠨᠢ ᠠᠩᠭᠢ ᠳᠤ ᠳᠡᠪᠰᠢᠬᠦ ᠰᠤᠷᠭᠠᠨ ᠬᠥᠮᠦᠵᠢᠯ ᠢ ᠥᠷᠨᠢᠭᠦᠯᠪᠡ︔ ᠪᠡᠭᠡᠵᠢᠩ ᠤᠨ ᠵᠠᠮ ᠬᠠᠷᠢᠯᠴᠠᠭᠠᠨ ᠤ ᠶᠡᠭᠡ | ᠰᠤᠷᠭᠠᠭᠤᠯᠢ ᠲᠠᠢ ᠬᠠᠮᠲᠤᠷᠠᠨ ᠪᠦᠬᠦᠯᠢ ᠡᠳᠦᠷ ᠤᠨ ᠪᠤᠰᠤ ᠳᠦᠷᠢᠮᠲᠦ ᠵᠢᠩᠬᠢᠨᠢ ᠠᠩᠭᠢ ᠶᠢᠨ ᠰᠤᠷᠭᠠᠨ ᠬᠥᠮᠦᠵᠢᠯ ᠢ | ᠥᠷᠨᠢᠭᠦᠯᠵᠦ᠂ ᠨᠠᠩ ᠣᠯᠠᠨ ᠰᠤᠷᠤᠭᠴᠢ ᠳᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ | ᠡᠳ᠋ᠯᠡᠬᠦ ᠲᠣᠬᠢᠶᠠᠯ ᠢ ᠣᠯᠭᠤᠪᠠ᠃ | | | | | | | | | | | | ᠬᠥᠨᠳᠡᠯᠡᠨ ᠢᠶᠠᠷ ᠠᠭᠤᠰᠤᠨ ᠨᠡᠪᠲᠡᠷᠡᠵᠦ᠂ ᠪᠦᠬᠦ ᠠᠷᠠᠳ ᠤᠨ ᠨᠠᠰᠤᠨ ᠲᠤᠷᠰᠢᠳᠠ ᠶᠢᠨ ᠰᠤᠷᠤᠯᠴᠠᠯᠭ᠎ᠠ ᠶᠢ | ᠠᠬᠢᠭᠤᠯᠬᠤ ᠳᠤ ᠬᠦᠴᠦᠨ ᠨᠡᠮᠡᠷᠢᠯᠡᠪᠡ᠃ ᠳᠡᠭᠡᠳᠦ ᠰᠤᠷᠭᠠᠭᠤᠯᠢ ᠨᠢ ᠨᠡᠶᠢᠭᠡᠮ ᠤᠨ ᠦᠢᠯᠡᠴᠢᠯᠡᠭᠡᠨ ᠤ ᠴᠢᠳᠠᠮᠵᠢ ᠪᠠᠨ | ᠲᠠᠰᠤᠷᠠᠯᠳᠠ ᠥᠭᠡᠢ ᠳᠡᠭᠡᠭᠰᠢᠯᠡᠭᠦᠯᠵᠦ᠂ ᠠᠵᠢᠯ ᠲᠥᠷᠥᠯ ᠬᠢᠭᠡᠳ ᠣᠷᠣᠨ ᠪᠥᠰᠡ ᠶᠢᠨ ᠳᠣᠲᠣᠷᠠᠬᠢ ᠲᠠᠭᠠᠭᠤᠯᠤᠭᠴᠢ | ᠠᠵᠤ ᠠᠬᠤᠶᠢᠯᠠᠯ ᠯᠤᠭ᠎ᠠ ᠨᠧᠢ ᠾᠧ ᠣᠩᠭᠤᠴᠠᠴᠢᠨ ᠤ ᠪᠣᠯᠪᠠᠰᠤᠷᠠᠭᠤᠯᠤᠯ ᠤᠨ ᠲᠥᠪ᠂ ᠭᠠᠯ ᠢ ᠰᠡᠷᠭᠡᠶᠢᠯᠡᠵᠦ | ᠠᠶᠤᠯ ᠠᠴᠠ ᠬᠠᠮᠠᠭᠠᠯᠠᠬᠤ ᠪᠣᠯᠪᠠᠰᠤᠷᠠᠭᠤᠯᠤᠯ ᠤᠨ ᠰᠠᠭᠤᠷᠢᠨ᠂ ᠪᠠᠷᠢᠯᠭ᠎ᠠ ᠶᠢᠨ ᠠᠵᠢᠯᠴᠢᠨ ᠤ ᠠᠵᠢᠯ ᠤᠨ ᠪᠠᠶᠢᠷᠢ ᠶᠢᠨ | ᠪᠣᠯᠪᠠᠰᠤᠷᠠᠭᠤᠯᠤᠯ ᠤᠨ ᠰᠠᠭᠤᠷᠢᠨ᠂ ᠲᠦᠷᠭᠡᠨ ᠬᠦᠷᠭᠡᠬᠦ ᠦᠢᠯᠡᠰ ᠤᠨ ᠪᠣᠯᠪᠠᠰᠤᠷᠠᠭᠤᠯᠤᠯ ᠤᠨ ᠲᠥᠪ ᠵᠡᠷᠭᠡ 7 | ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠠᠮᠲᠤᠷᠠᠨ ᠪᠠᠶᠢᠭᠤᠯᠵᠤ᠂ ᠨᠡᠶᠢᠭᠡᠮ ᠳᠤ | ᠬᠠᠨᠳᠤᠭᠤᠯᠤᠨ 16 ᠲᠥᠷᠥᠯ ᠤᠨ ᠠᠵᠢᠯ ᠮᠡᠷᠭᠡᠵᠢᠯ ᠳᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠢᠨᠠᠨ | ᠲᠣᠭᠲᠠᠭᠠᠯᠲᠠ ᠬᠢᠪᠡ᠃ ᠪᠥᠲᠦᠭᠡᠨ ᠪᠠᠶᠢᠭᠤᠯᠤᠯᠲᠠ ᠶᠢᠨ ᠡᠵᠡᠯᠡᠵᠦ ᠪᠠᠶᠢᠭ᠎ᠠ ᠭᠠᠵᠠᠷ 3400 ᠭᠠᠷᠤᠶ ᠮᠦ ᠪᠠᠶᠢᠵᠤ᠂ | ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠬᠠᠮᠤᠭ ᠤᠨ ᠶᠡᠭᠡ ᠵᠠᠮ ᠬᠠᠷᠢᠯᠴᠠᠭᠠᠨ ᠤ | ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠣᠯᠪᠠ᠃ ᠳᠡᠭᠡᠳᠦ ᠰᠤᠷᠭᠠᠭᠤᠯᠢ ᠨᠢ ᠵᠢᠯ | ᠪᠦᠷᠢ ᠳᠤᠮᠳᠠᠴᠢ ᠪᠠᠷ ᠡᠯ᠎ᠡ ᠲᠥᠷᠥᠯ ᠤᠨ ᠪᠣᠯᠪᠠᠰᠤᠷᠠᠭᠤᠯᠤᠯ ᠢ 12000 ᠭᠠᠷᠤᠶ ᠬᠥᠮᠦᠨ ᠤᠳᠠᠭ᠎ᠠ ᠥᠷᠨᠢᠭᠦᠯᠵᠦ᠂ | ᠪᠦᠬᠦ ᠲᠠᠯ᠎ᠠ ᠪᠠᠷ ᠦᠢᠯᠡᠴᠢᠯᠡᠬᠦ᠂ ᠣᠯᠠᠨ ᠡᠰᠢᠵᠢᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ | ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠴᠢᠬᠤᠯᠠ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ | | | | | | | |