ᠪᠤᠭᠤᠲᠤ ᠶᠢᠨ ᠪᠤᠯᠤᠳ ᠲᠡᠮᠦᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ︽ᠳᠤᠮᠳᠠᠳᠤ ᠤᠯᠤᠰ ᠳᠤᠮᠳᠠᠳᠤ ᠤᠯᠠᠭᠠᠨ ᠨᠠᠷᠠᠨ ᠦᠨᠢᠲᠡ ᠮᠠᠨᠳᠤᠨ᠎ᠠ︾ ᠭᠡᠬᠦ ᠳᠠᠭᠤᠤ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/6/30
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠪᠤᠭᠤᠲᠤ ᠶᠢᠨ ᠪᠤᠯᠤᠳ ᠲᠡᠮᠦᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      —︽ᠳᠤᠮᠳᠠᠳᠤ ᠤᠯᠤᠰ ᠳᠤᠮᠳᠠᠳᠤ ᠤᠯᠤᠰ ᠡ᠂ ᠤᠯᠠᠭᠠᠨ ᠨᠠᠷᠠᠨ ᠥᠨᠢᠳᠡ ᠮᠠᠨᠳᠤᠨ᠎ᠠ︾       ᠪᠤᠭᠤᠲᠤ ᠶᠢᠨ ᠪᠣᠯᠣᠳ ᠲᠡᠮᠦᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠪᠤᠭᠤᠲᠤ ᠶᠢᠨ ᠪᠤᠯᠤᠳ ᠲᠡᠮᠤᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠥᠪᠥᠷ ᠮᠣᠩᠭᠤᠯ ᠤᠨ ᠪᠤᠯᠤᠳ ᠲᠡᠮᠤᠷ ᠤᠨ ᠴᠢᠬᠤᠯᠠ ᠪᠠᠯᠭᠠᠰᠤ᠂ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠤᠨ ᠪᠤᠯᠤᠳ ᠲᠡᠮᠤᠷ ᠤᠨ ᠬᠤᠳᠠ ᠪᠤᠭᠤᠲᠤ ᠳᠤ ᠪᠠᠶᠢᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ᠂ ᠤᠯᠤᠰ ᠤᠨ ᠰᠤᠷᠭᠠᠨ ᠬᠥᠮᠦᠵᠢᠯ ᠤᠨ ᠶᠠᠮᠤᠨ ᠳᠤ ᠳᠠᠩᠰᠠᠯᠠᠭᠤᠯᠤᠭᠰᠠᠨ ᠪᠦᠬᠦᠯᠢ ᠡᠳᠦᠷ ᠤᠨ ᠳᠦᠷᠢᠮᠲᠦ ᠠᠯᠪᠠᠨ ᠠᠴᠠ ᠡᠷᠬᠢᠯᠡᠭᠰᠡᠨ ᠡᠩ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠᠷ ᠭᠤᠣᠯ ᠴᠣᠭᠴᠠ ᠪᠠᠨ ᠪᠣᠯᠭᠠᠵᠤ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ᠂ ᠤᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ᠂ ᠮᠠᠰᠲ᠋ᠧᠷ ᠤᠨ ᠰᠣᠳᠤᠯᠤᠯ ᠪᠣᠯᠪᠠᠰᠤᠷᠠᠯ᠂ ᠤᠷᠤᠯᠳᠤᠭᠠᠨ ᠤ ᠲᠥᠪᠯᠡᠷᠡᠭᠦᠯᠦᠭᠰᠡᠨ ᠪᠣᠯᠪᠠᠰᠤᠷᠠᠯ᠂ ᠴᠢᠳᠠᠪᠤᠷᠢ ᠶᠢᠨ ᠦᠨᠡᠯᠡᠯᠲᠡ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠨᠠᠰᠤᠨ ᠲᠤᠷᠰᠢᠳᠠ ᠶᠢᠨ ᠰᠤᠷᠭᠠᠨ ᠬᠥᠮᠦᠵᠢᠯ ᠢ ᠨᠢᠭᠡ ᠴᠤᠬᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠰᠤᠷᠭᠠᠨ ᠬᠥᠮᠦᠵᠢᠯ ᠤᠨ ᠪᠠᠶᠢᠭᠤᠯᠤᠮᠵᠢ ᠪᠠᠶᠢᠵᠤ᠂ ︽ᠪᠤᠭᠤᠲᠤ ᠶᠢᠨ ᠪᠤᠯᠤᠳ ᠲᠡᠮᠤᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︾ ᠪᠤᠶᠤ ︽ᠥᠪᠥᠷ ᠮᠣᠩᠭᠤᠯ ᠤᠨ ᠲᠡᠮᠦᠷᠯᠢᠭ ᠬᠠᠶᠢᠯᠤᠭᠤᠯᠬᠤ ᠮᠠᠰᠲ᠋ᠧᠷ ᠤᠨ ᠳᠡᠭᠡᠳᠦ ᠰᠤᠷᠭᠠᠭᠤᠯᠢ︾ ᠭᠡᠳᠡᠭ᠃

     ᠪᠤᠭᠤᠲᠤ ᠶᠢᠨ ᠪᠤᠯᠤᠳ ᠲᠡᠮᠤᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠣᠲᠣ 2 . 3

ᠲᠦᠮᠡᠨ ᠲᠡᠭᠰᠢ ᠳᠥᠷᠪᠡᠯᠵᠢᠨ ᠮᠧᠲᠷ ᠤᠨ ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢᠨ ᠠᠰᠠᠷ᠂ ᠲᠦᠮᠡᠨ ᠲᠡᠭᠰᠢ

ᠳᠥᠷᠪᠡᠯᠵᠢᠨ ᠮᠧᠲᠷ ᠤᠨ ᠳᠠᠳᠤᠯᠭ᠎ᠠ ᠶᠢᠨ ᠲᠣᠮᠣ ᠠᠰᠠᠷ ᠪᠠ 3000 ᠭᠠᠷᠤᠶ ᠲᠡᠭᠰᠢ ᠳᠥᠷᠪᠡᠯᠵᠢᠨ ᠮᠧᠲᠷ ᠤᠨ

ᠳᠠᠳᠤᠯᠭ᠎ᠠ ᠶᠢᠨ ᠦᠢᠯᠡᠳᠪᠦᠷᠢ ᠲᠠᠢ ᠪᠠᠶᠢᠵᠤ᠂ ᠳᠠᠳᠤᠯᠭ᠎ᠠ ᠪᠣᠯᠪᠠᠰᠤᠷᠠᠯ᠂ ᠬᠢᠨᠠᠨ ᠲᠣᠭᠲᠠᠭᠠᠯᠲᠠ᠂ ᠰᠢᠯᠭᠠᠨ

ᠦᠨᠡᠯᠡᠯᠲᠡ ᠶᠢ ᠨᠢᠭᠡ ᠴᠣᠭᠴᠠᠵᠢᠭᠤᠯᠤᠭᠰᠠᠨ ᠳᠠᠳᠤᠯᠭ᠎ᠠ ᠪᠣᠯᠪᠠᠰᠤᠷᠠᠯ ᠤᠨ ᠵᠢᠭᠠᠨ ᠰᠤᠷᠭᠠᠯᠲᠠ ᠶᠢᠨ ᠲᠠᠪᠴᠠᠩ ᠢ

ᠪᠠᠶᠢᠭᠤᠯᠪᠠ᠃ ᠭᠧᠷᠮᠠᠨ ᠤ ᠰᠢᠮᠧᠨ᠋ᠰ ᠺᠣᠮᠫᠠᠨᠢ ᠲᠠᠢ ᠬᠠᠮᠲᠤᠷᠠᠨ ᠪᠤᠭᠤᠲᠤ ᠬᠤᠲᠠ ᠶᠢᠨ ᠠᠩᠬᠠᠳᠠᠭᠴᠢ ᠳᠡᠭᠡᠳᠦ

ᠮᠡᠷᠭᠡᠵᠢᠯ ᠤᠨ ᠠᠵᠤ  ᠦᠢᠯᠡᠳᠪᠦᠷᠢ ᠶᠢᠨ ᠡᠵᠡᠮᠰᠢᠯ ᠤᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂

3D ᠳᠠᠷᠤᠮᠠᠯᠯᠠᠯ ᠤᠨ ᠳᠠᠳᠤᠯᠭ᠎ᠠ ᠪᠣᠯᠪᠠᠰᠤᠷᠠᠭᠤᠯᠤᠯ ᠤᠨ ᠲᠠᠰᠤᠭ ᠪᠠ ᠠᠵᠤ  ᠦᠢᠯᠡᠳᠪᠦᠷᠢ ᠶᠢᠨ 4 . 0

ᠳᠠᠳᠤᠯᠭ᠎ᠠ ᠪᠣᠯᠪᠠᠰᠤᠷᠠᠭᠤᠯᠤᠯ ᠤᠨ ᠲᠠᠰᠤᠭ ᠤᠨ ᠪᠥᠲᠦᠭᠡᠨ ᠪᠠᠶᠢᠭᠤᠯᠤᠯᠲᠠ ᠶᠢ ᠪᠠᠶᠢᠭᠤᠯᠵᠤ᠂ ABB ︵ᠪᠤᠭᠤᠲᠤ︶

ᠠᠵᠤ ᠦᠢᠯᠡᠳᠪᠦᠷᠢ ᠶᠢᠨ ᠮᠠᠰᠢᠨ ᠬᠥᠮᠦᠨ ᠤ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠲᠥᠪ ᠢ

ᠪᠠᠶᠢᠭᠤᠯᠵᠤ᠂ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠭᠤᠯᠤᠯ ᠢ ᠦᠵᠦᠭᠦᠷᠯᠡᠭᠦᠯᠬᠦ ᠪᠠᠷ ᠳᠠᠶᠢᠴᠢᠯᠠᠪᠠ᠃

     ᠪᠤᠭᠤᠲᠤ ᠶᠢᠨ ᠪᠤᠯᠤᠳ ᠲᠡᠮᠤᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠵᠢᠭᠠᠨ

ᠰᠤᠷᠭᠠᠯᠲᠠ ᠶᠢᠨ 11 ᠰᠠᠯᠪᠤᠷᠢ ᠬᠡᠯᠲᠡᠰ ᠲᠠᠢ᠂ ᠲᠡᠮᠦᠷᠯᠢᠭ ᠪᠣᠯᠪᠠᠰᠤᠷᠠᠭᠤᠯᠬᠤ᠂ ᠮᠠᠰᠢᠨ ᠴᠠᠬᠢᠯᠭᠠᠨ᠂ ᠺᠣᠮᠫᠢᠦ᠋ᠲ᠋ᠧᠷ᠂

ᠰᠢᠨ᠎ᠡ ᠡᠨᠧᠷᠭᠢ ᠶᠢᠨ ᠮᠠᠰᠢᠨ ᠲᠡᠷᠭᠡ᠂ ᠠᠭᠠᠷ ᠤᠨ ᠠᠶᠠᠯᠠᠯ᠂ ᠬᠠᠮᠢᠶᠠᠷᠤᠯᠲᠠ᠂ ᠰᠤᠪᠢᠯᠠᠯᠲᠠ ᠵᠡᠷᠭᠡ  ᠲᠤᠭ ᠣᠷᠣᠨ ᠤ

ᠠᠵᠤ ᠦᠢᠯᠡᠰ ᠲᠠᠢ ᠨᠢᠭᠲᠠ ᠬᠤᠯᠪᠤᠭᠳᠠᠬᠤ ᠲᠤᠰᠬᠠᠶ ᠮᠡᠷᠭᠡᠵᠢᠯ ᠢ ᠪᠠᠭᠲᠠᠭᠠᠭᠰᠠᠨ ᠲᠤᠰᠬᠠᠶ ᠮᠡᠷᠭᠡᠵᠢᠯ 31 ᠪᠣᠢ᠃

ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠨᠠᠷᠠᠲᠤ ᠲᠤᠰᠬᠠᠶ ᠮᠡᠷᠭᠡᠵᠢᠯ 4︔ ᠰᠣᠳᠣᠨ ᠬᠢᠴᠢᠶᠡᠯ 12︔

ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠢᠳᠡᠭ ᠵᠢᠭᠠᠨ ᠰᠤᠷᠭᠠᠯᠲᠠ ᠶᠢᠨ ᠪᠦᠯᠬᠦᠮ 8︔ ᠳᠡᠭᠡᠳᠦ

ᠰᠤᠷᠭᠠᠭᠤᠯᠢ ᠶᠢᠨ ᠲᠠᠰ ᠤᠨ ᠰᠢᠯᠢᠳᠡᠭ ᠵᠢᠭᠠᠨ ᠰᠤᠷᠭᠠᠯᠲᠠ ᠶᠢᠨ ᠪᠦᠯᠬᠦᠮ 4︔ ᠥᠪᠡᠷᠲᠡᠭᠡᠨ ᠵᠠᠰᠠᠬᠤ ᠣᠷᠣᠨ ᠤ

ᠲᠠᠰ ᠤᠨ ᠵᠢᠭᠠᠨ ᠰᠤᠷᠭᠠᠯᠲᠠ ᠶᠢᠨ ᠨᠠᠷᠠᠲᠤ ᠪᠠᠭᠰᠢ 5 ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠷᠭᠠᠨ

ᠬᠥᠮᠦᠵᠢᠯ ᠤᠨ ᠲᠠᠪᠴᠠᠩ ᠤᠨ ᠰᠢᠨ᠎ᠡ ᠰᠣᠳᠣᠨ6︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ

18 ᠪᠣᠢ᠃ ᠳᠡᠭᠡᠳᠦ ᠰᠤᠷᠭᠠᠭᠤᠯᠢ ᠶᠢᠨ ᠤᠶᠤᠨᠲᠤ ᠪᠣᠯᠣᠳ ᠲᠡᠮᠦᠷ ᠤᠨ ᠲᠤᠰᠬᠠᠶ ᠮᠡᠷᠭᠡᠵᠢᠯ ᠨᠢ ᠥᠪᠡᠷᠲᠡᠭᠡᠨ

ᠵᠠᠰᠠᠬᠤ ᠣᠷᠣᠨ ᠤ ᠭᠤᠤᠯᠯᠠᠭᠴᠢ ᠲᠤᠰᠬᠠᠶ ᠮᠡᠷᠭᠡᠵᠢᠯ ᠢᠶᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ ᠤ

ᠲᠠᠰ ᠤᠨ ᠮᠡᠷᠭᠡᠵᠢᠯ ᠤᠨ ᠶᠡᠭᠡ ᠪᠠᠭᠰᠢ ᠶᠢᠨ ᠠᠵᠢᠯᠯᠠᠬᠤ ᠲᠠᠰᠤᠭ ᠲᠠᠢ᠃ ᠳᠡᠭᠡᠳᠦ ᠰᠤᠷᠭᠠᠭᠤᠯᠢ ᠶᠢᠨ

ᠰᠤᠪᠢᠯᠠᠯᠲᠠ ᠶᠢᠨ ᠲᠤᠰᠬᠠᠶ ᠮᠡᠷᠭᠡᠵᠢᠯ ᠪᠣᠯ ᠪᠤᠭᠤᠲᠤ ᠬᠤᠲᠠ ᠶᠢᠨ ᠬᠠᠮᠤᠭ ᠤᠨ ᠬᠦᠴᠦᠷᠬᠡᠭ ᠳᠡᠭᠡᠳᠦ ᠵᠡᠷᠭᠡ᠎ ᠶᠢᠨ

ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠪᠣᠯᠤᠨ᠎ᠠ᠃

     ᠪᠤᠭᠤᠲᠤ ᠶᠢᠨ ᠪᠤᠯᠤᠳ ᠲᠡᠮᠤᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠠᠵᠤ ᠦᠢᠯᠡᠰ ᠪᠠ

ᠰᠤᠷᠭᠠᠨ ᠬᠥᠮᠦᠵᠢᠯ ᠢ  ᠠᠭᠤᠰᠬᠠᠬᠤ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂

ᠲᠤᠰᠬᠠᠶ ᠮᠡᠷᠭᠡᠵᠢᠯ ᠤᠨ ᠪᠠᠶᠢᠭᠤᠯᠤᠯᠲᠠ ᠪᠠ ᠠᠵᠤ  ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠬᠤ᠂

ᠬᠢᠴᠢᠶᠡᠯ ᠤᠨ ᠠᠭᠤᠯᠭ᠎ᠠ ᠪᠠ ᠠᠵᠢᠯ ᠮᠡᠷᠭᠡᠵᠢᠯ ᠤᠨ ᠪᠠᠷᠢᠮᠵᠢᠶ᠎ᠠ ᠶᠢ ᠵᠣᠯᠭᠠᠭᠤᠯᠬᠤ᠂ ᠵᠢᠭᠠᠨ ᠰᠤᠷᠭᠠᠯᠲᠠ ᠶᠢᠨ

ᠶᠠᠪᠤᠴᠠ ᠪᠠ ᠦᠢᠯᠡᠳᠪᠦᠷᠢᠯᠡᠯ ᠤᠨ ᠶᠠᠪᠤᠴᠠ ᠶᠢ ᠵᠣᠯᠭᠠᠭᠤᠯᠬᠤ ᠶᠢ ᠠᠬᠢᠭᠤᠯᠵᠤ᠂ ᠬᠢᠷᠢ ᠲᠡᠩᠴᠡᠭᠰᠡᠨ ᠥᠨᠳᠥᠷ ᠬᠡᠪ

ᠪᠣᠯᠪᠠᠰᠤᠷᠠᠯ ᠲᠠᠢ ᠮᠡᠷᠭᠡᠵᠢᠯ ᠤᠨ ᠬᠡᠯᠪᠡᠷᠢᠲᠦ ᠴᠢᠳᠠᠪᠤᠷᠢᠲᠠᠨ ᠢ ᠴᠢᠷᠮᠠᠶᠢᠨ ᠬᠥᠮᠦᠵᠢᠭᠦᠯᠵᠦ᠂ ᠰᠤᠷᠤᠭᠴᠢᠳ ᠤᠨ

ᠲᠣᠭᠲᠠᠭᠤᠨ ᠢᠶᠠᠷ ᠠᠵᠢᠯ ᠤᠯᠬᠤ ᠳᠤ ᠪᠠᠲᠤᠯᠠᠭ᠎ᠠ ᠬᠠᠩᠭᠠᠪᠠ᠃

     ᠪᠤᠭᠤᠲᠤ ᠶᠢᠨ ᠪᠤᠯᠤᠳ ᠲᠡᠮᠤᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠪᠣᠯᠪᠠᠰᠤᠷᠠᠭᠤᠯᠤᠯ ᠤᠨ

ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠳᠠᠳᠤᠯᠭ᠎ᠠ

ᠪᠣᠯᠪᠠᠰᠤᠷᠠᠭᠤᠯᠤᠯ ᠤᠨ ᠲᠠᠪᠴᠠᠩ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠠᠵᠤ ᠠᠬᠤᠶᠢᠯᠠᠯ ᠵᠢᠴᠢ ᠲᠡᠭᠦᠰᠬᠦ

ᠣᠨ ᠤ ᠤᠶᠤᠲᠠᠳ ᠲᠤ ᠬᠠᠨᠳᠤᠭᠤᠯᠤᠨ ᠪᠣᠯᠪᠠᠰᠤᠷᠠᠭᠤᠯᠤᠯ ᠢ ᠥᠷᠨᠢᠭᠦᠯᠵᠦ᠂ ᠵᠢᠯ ᠤᠨ ᠪᠣᠯᠪᠠᠰᠤᠷᠠᠭᠤᠯᠤᠯ ᠤᠨ

ᠴᠢᠳᠠᠮᠵᠢ ᠶᠢ 12000 ᠬᠥᠮᠦᠨ ︵ᠤᠳᠠᠭ᠎ᠠ︶᠎ ᠶᠢ ᠳᠠᠪᠠᠭᠤᠯᠵᠤ᠂ 28 ᠠᠵᠢᠯ ᠲᠥᠷᠥᠯ ᠳᠤ ᠠᠵᠢᠯ ᠮᠡᠷᠭᠡᠵᠢᠯ ᠤᠨ

ᠴᠢᠳᠠᠪᠤᠷᠢ ᠶᠢᠨ ᠵᠡᠷᠭᠡ ᠳᠡᠰ ᠤᠨ ᠬᠢᠨᠠᠨ ᠲᠣᠭᠲᠠᠭᠠᠯᠲᠠ ᠬᠢᠵᠦ ᠪᠣᠯᠤᠨ᠎ᠠ᠃  ᠲᠤᠰ ᠰᠤᠷᠭᠠᠭᠤᠯᠢ ᠶᠢ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ

ᠪᠠᠲᠤᠯᠠᠭ᠎ᠠ ᠶᠢᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠴᠢᠳᠠᠪᠤᠷᠢ ᠶᠢᠨ

ᠤᠷᠤᠯᠳᠤᠭᠠᠨ ᠢ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠢᠶᠠᠷ ᠲᠣᠭᠲᠠᠭᠠᠵᠤ᠂ ᠪᠤᠭᠤᠲᠤ ᠬᠤᠲᠠ᠂

ᠥᠪᠡᠷᠲᠡᠭᠡᠨ ᠵᠠᠰᠠᠬᠤ ᠣᠷᠣᠨ᠂ ᠪᠥᠬᠦ ᠤᠯᠤᠰ ᠪᠠ ᠳᠡᠯᠡᠬᠡᠶ ᠶᠢᠨ ᠲᠠᠰ ᠤᠨ ᠠᠵᠢᠯ ᠮᠡᠷᠭᠡᠵᠢᠯ ᠤᠨ ᠤᠷ᠎ᠠ

ᠴᠢᠳᠠᠪᠤᠷᠢ ᠶᠢᠨ ᠤᠷᠤᠯᠳᠤᠭᠠᠨ ᠳᠤ  ᠪᠣᠯᠪᠠᠰᠤᠷᠠᠭᠤᠯᠤᠯ ᠤᠨ ᠦᠢᠯᠡᠴᠢᠯᠡᠭᠡ ᠬᠠᠩᠭᠠᠪᠠ᠃

     ᠪᠤᠭᠤᠲᠤ ᠶᠢᠨ ᠪᠤᠯᠤᠳ ᠲᠡᠮᠤᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ︽ᠬᠠᠷᠢᠴᠠᠬᠤᠢ

ᠴᠢᠳᠠᠪᠤᠷᠢ ᠣᠶᠤᠨ ᠤ ᠴᠢᠳᠠᠪᠤᠷᠢ ᠠᠴᠠ ᠴᠢᠬᠤᠯᠠ᠂ ᠤᠷ᠎ᠠ ᠴᠢᠳᠠᠪᠤᠷᠢ ᠮᠡᠳᠡᠯᠭᠡ᠎ ᠠᠴᠠ ᠴᠢᠬᠤᠯᠠ︾ ᠭᠡᠬᠦ

ᠣᠨᠣᠯᠵᠢᠬᠤᠨ ᠢ ᠪᠣᠶ ᠪᠣᠯᠭᠠᠵᠤ᠂ ︽ᠰᠡᠳᠬᠢᠯ ᠲᠠᠯᠪᠢᠨ ᠪᠠᠭᠰᠢᠯᠠᠵᠤ᠂ ᠮᠡᠷᠭᠡᠵᠢᠯ ᠰᠤᠷᠴᠤ ᠬᠥᠮᠦᠨ ᠪᠣᠯᠬᠤ︾

ᠰᠤᠷᠭᠠᠭᠤᠯᠢ ᠶᠢᠨ ᠰᠤᠷᠭᠠᠯ ᠢᠶᠠᠷ ᠰᠤᠷᠤᠭᠴᠢᠳ ᠤᠨ ︽ᠤᠷᠠᠨ ᠳᠠᠷᠬᠠᠨ ᠤ ᠵᠣᠷᠢᠭ ᠰᠠᠨᠠᠭ᠎ᠠ︾᠎ ᠶᠢ ᠢᠳᠡᠪᠬᠢᠲᠡᠶ

ᠬᠥᠮᠦᠵᠢᠭᠦᠯᠪᠡ᠃ ᠰᠤᠷᠭᠠᠭᠤᠯᠢ ᠨᠢ ᠲᠣᠪᠤᠶᠢᠮ᠎ᠠ ᠰᠤᠷᠭᠠᠭᠤᠯᠢ ᠡᠷᠭᠢᠯᠡᠬᠦ ᠣᠨᠴᠠᠯᠢᠭ ᠢᠶᠠᠷ ᠢᠶᠠᠨ ᠨᠡᠶᠢᠭᠡᠮ ᠨᠡᠶᠢᠲᠡ ᠳᠤ

ᠮᠡᠳᠡᠷᠡᠭᠳᠡᠵᠦ᠂ ᠲᠡᠭᠦᠰᠬᠦ ᠰᠤᠷᠤᠭᠴᠢᠳ ᠤᠨ ᠠᠵᠢᠯ ᠣᠯᠤᠭᠰᠠᠨ ᠨᠣᠷᠮ᠎ᠠ ᠣᠯᠠᠨ ᠵᠢᠯ ᠳᠠᠷᠠᠭᠠᠯᠠᠨ 96 %᠎ ᠠᠴᠠ

ᠳᠡᠭᠡᠭᠰᠢ ᠪᠠᠶᠢᠬᠤ ᠶᠢ ᠪᠠᠲᠤᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯᠢ ᠲᠥᠷᠥᠯ ᠤᠨ

ᠳᠡᠭᠡᠳᠦ ᠰᠤᠷᠭᠠᠭᠤᠯᠢ ᠶᠢᠨ ᠡᠮᠦᠨ᠎ᠡ ᠡᠩᠨᠡᠭᠡᠨ ᠳᠤ ᠣᠷᠣᠪᠠ᠃ ᠲᠡᠭᠦᠰᠬᠦ ᠰᠤᠷᠤᠭᠴᠢᠳ ︽ᠶᠡᠷᠦᠩᠬᠡᠶᠢᠯᠡᠭᠰᠡᠨ ᠬᠡᠪ  

ᠪᠣᠯᠪᠠᠰᠤᠷᠠᠯ ᠢᠶᠠᠷ ᠥᠨᠳᠥᠷ᠂ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠᠷ ᠰᠠᠶᠢᠨ᠂ ᠦᠢᠯᠡᠳᠦᠯᠭᠡ ᠶᠢᠨ

ᠴᠢᠳᠠᠪᠤᠷᠢ ᠪᠠᠷ ᠴᠢᠩᠭ᠎ᠠ᠂ ᠠᠵᠢᠯ ᠤᠨ ᠪᠠᠶᠢᠷᠢ ᠳᠤ ᠵᠣᠬᠢᠴᠠᠬᠤ ᠨᠢ ᠲᠦᠷᠭᠡᠨ︾ ᠣᠨᠴᠠᠯᠢᠭ ᠢᠶᠠᠷ ᠢᠶᠠᠨ ᠬᠥᠮᠦᠨ

ᠬᠡᠷᠡᠭᠯᠡᠬᠦ ᠨᠢᠭᠡᠴᠢ ᠶᠢᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号