ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠵᠤ ᠪᠠᠶᠢᠨ᠎ᠠ᠃ | ᠥᠪᠥᠷ ᠮᠣᠩᠭᠤᠯ ᠤᠨ ᠰᠢᠨᠵᠢᠯᠡᠬᠦ ᠤᠬᠠᠭᠠᠨᠲ᠋ᠧᠭᠨᠢᠭ ᠮᠡᠷᠭᠡᠵᠢᠯ ᠤᠨ ᠶᠡᠭᠡ ᠰᠤᠷᠭᠠᠭᠤᠯᠢ | — ︽ᠲᠠᠯ᠎ᠠ ᠨᠤᠲᠤᠭ ᠤᠨ ᠥᠷᠯᠥᠭᠡ ᠶᠢᠨ ᠤᠶᠠᠩᠭ᠎ᠠ︾ | | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ | ᠰᠤᠷᠭᠠᠭᠤᠯᠢ ᠶᠢᠨ ᠲᠣᠪᠴᠢ ᠲᠠᠨᠢᠯᠴᠠᠭᠤᠯᠭ᠎ᠠ | | ᠳᠡᠭᠡᠷ᠎ᠡ ᠵᠠᠭᠤᠨ ᠤ ᠲᠠᠪᠢᠭᠠᠳ ᠣᠨ ᠤ ᠳᠤᠮᠳᠠᠴᠢ ᠪᠠᠷ᠂ ᠭᠤᠪᠢ ᠴᠦᠯ ᠳᠤ ᠲᠤᠮᠤ ᠬᠡᠯᠪᠡᠷᠢ ᠶᠢᠨ ᠪᠤᠯᠤᠳ | ᠲᠡᠮᠦᠷ ᠤᠨ ᠠᠵᠤ ᠠᠬᠤᠶᠢᠯᠠᠯ ᠪᠠᠶᠢᠭᠤᠯᠬᠤ ᠨᠢ ᠮᠡᠷᠭᠡᠵᠢᠯ ᠤᠨ ᠲᠤᠷᠰᠢᠯᠭ᠎ᠠ ᠲᠦᠢᠯ ᠤᠨ ᠳᠤᠲᠠᠮᠠᠭ ᠪᠠᠶᠢᠭᠰᠠᠨ | ᠠᠩᠬᠠᠳᠠᠭᠴᠢ ᠪᠦᠯᠦᠭ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ ᠪᠦᠲᠦᠭᠡᠡ ᠪᠠᠶᠢᠭᠤᠯᠤᠭᠴᠢᠳ ᠲᠤ | ᠠᠪᠴᠤ ᠬᠡᠯᠡᠪᠡᠯ ᠬᠢᠵᠠᠭᠠᠯᠠᠰᠢ ᠦᠭᠡᠢ ᠬᠦᠴᠢᠷ ᠪᠡᠷᠬᠡᠰᠢᠶᠡᠯ ᠲᠠᠢ ᠪᠠᠶᠢᠵᠤ᠂ ᠤᠯᠤᠰ ᠤᠨ ᠬᠦᠴᠦᠨ ᠶᠠᠳᠠᠭᠤ ᠪᠠᠭᠤᠷᠠᠢ᠂ | ᠪᠦᠲᠦᠭᠡᠡ ᠪᠠᠶᠢᠭᠤᠯᠤᠯᠲᠠ ᠶᠢᠨ ᠡᠳ᠋ ᠪᠣᠳᠠᠰ ᠳᠤᠲᠠᠮᠠᠭ ᠪᠠᠶᠢᠭᠰᠠᠨ ᠰᠢᠨ᠎ᠡ ᠳᠤᠮᠳᠠᠳᠤ ᠤᠯᠤᠰ ᠲᠤ ᠠᠪᠴᠤ ᠬᠡᠯᠡᠪᠡᠯ᠂ | ᠤᠷᠢᠳ ᠡᠮᠦᠨ᠎ᠡ ᠭᠠᠷᠤᠭ᠎ᠠ ᠦᠭᠡᠢ ᠬᠦᠴᠢᠷᠳᠡᠵᠦ ᠪᠠᠶᠢᠭᠰᠠᠨ ᠶᠤᠮ᠃ ᠶᠡᠭᠡ ᠬᠡᠮᠵᠢᠶᠡᠨ ᠤ ᠪᠦᠲᠦᠭᠡᠨ | ᠪᠠᠶᠢᠭᠤᠯᠤᠯᠲᠠ ᠶᠢᠨ ᠠᠵᠢᠯᠲᠠᠨ ᠡᠬᠡ ᠤᠯᠤᠰ ᠤᠨ ᠳᠥᠷᠪᠡᠨ ᠵᠦᠭ ᠨᠠᠢᠮᠠᠨ ᠵᠣᠪᠬᠢᠰ ᠠᠴᠠ ᠪᠤᠭᠤᠲᠤ ᠳᠤ ᠢᠷᠡᠬᠦ ᠶᠢ | ᠳᠠᠭᠠᠯᠳᠤᠨ᠂ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠤᠨ ᠴᠢᠳᠠᠪᠤᠷᠢᠲᠠᠨ ᠤ ᠳᠣᠲᠠᠭᠳᠠᠯ ᠨᠢ ᠲᠣᠪᠤᠶᠢᠮ᠎ᠠ | ᠠᠰᠠᠭᠤᠳᠠᠯ ᠪᠣᠯᠵᠠᠶ᠃ ᠤᠯᠤᠰ ᠤᠨ ᠨᠡᠶᠢᠭᠡᠮ ᠵᠢᠷᠤᠮᠲᠤ ᠪᠦᠳᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ | ᠵᠣᠬᠢᠴᠠᠭᠤᠯᠵᠤ᠂ ᠪᠤᠭᠤᠲᠤ ᠶᠢᠨ ᠪᠤᠯᠤᠳ ᠲᠡᠮᠦᠷ ᠤᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠲᠠ ᠶᠢᠨ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ 1956 ᠣᠨ ᠳᠤ ᠤᠤᠯ ᠤᠨ | ᠲᠡᠮᠦᠷᠯᠢᠭ ᠤᠨ ᠠᠵᠤ ᠦᠢᠯᠡᠳᠪᠦᠷᠢ ᠶᠢᠨ ᠶᠠᠮᠤᠨ ᠠᠴᠠ ᠪᠤᠭᠤᠲᠤ ᠳᠤ ︽ᠪᠤᠭᠤᠲᠤ ᠶᠢᠨ ᠪᠤᠯᠤᠳ ᠲᠡᠮᠦᠷ ᠤᠨ ᠠᠵᠤ | ᠦᠢᠯᠡᠳᠪᠦᠷᠢ ᠶᠢᠨ ᠰᠤᠷᠭᠠᠭᠤᠯᠢ︾ ᠪᠣᠯᠤᠨ ︽ᠪᠤᠭᠤᠲᠤ ᠶᠢᠨ ᠪᠠᠷᠢᠯᠭ᠎ᠠ ᠶᠢᠨ ᠢᠨᠵᠧᠨᠧᠷᠢᠩ ᠤᠨ ᠰᠤᠷᠭᠠᠭᠤᠯᠢ︾ ᠶᠢ | ᠪᠠᠶᠢᠭᠤᠯᠪᠠ᠃ 1958 ᠣᠨ ᠳᠤ᠂ ᠬᠤᠶᠠᠷ ᠰᠤᠷᠭᠠᠭᠤᠯᠢ ᠶᠢ ᠨᠡᠶᠢᠯᠡᠭᠦᠯᠦᠨ ᠪᠤᠭᠤᠲᠤ ᠶᠢᠨ ᠠᠵᠤ ᠦᠢᠯᠡᠳᠪᠦᠷᠢ ᠶᠢᠨ | ᠳᠡᠭᠡᠳᠦ ᠰᠤᠷᠭᠠᠭᠤᠯᠢ ᠶᠢ ᠪᠠᠶᠢᠭᠤᠯᠵᠤ᠂ 1960 ᠣᠨ ᠳᠤ ᠨᠡᠷ᠎ᠡ ᠪᠠᠨ ᠪᠤᠭᠤᠲᠤ ᠶᠢᠨ ᠪᠤᠯᠤᠳ ᠲᠡᠮᠦᠷ ᠤᠨ ᠳᠡᠭᠡᠳᠦ | ᠰᠤᠷᠭᠠᠭᠤᠯᠢ ᠭᠡᠵᠦ ᠬᠠᠯᠠᠪᠠ᠃ 1998 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠬᠤᠪᠢᠶᠠᠷᠢᠯᠠᠨ ᠥᠭᠴᠦ ᠬᠠᠮᠢᠶᠠᠷᠤᠭᠤᠯᠵᠤ᠂ ᠲᠥᠪ ᠪᠠ ᠣᠷᠣᠨ ᠨᠤᠲᠤᠭ ᠬᠠᠮᠲᠤ ᠪᠠᠷ ᠪᠠᠶᠢᠭᠤᠯᠬᠤ ᠶᠢ | ᠬᠡᠷᠡᠭᠵᠢᠭᠦᠯᠪᠡ᠃ 2000 ᠣᠨ ᠳᠤ ᠥᠪᠥᠷ ᠮᠣᠩᠭᠤᠯ ᠤᠨ ᠨᠡᠭᠦᠷᠡᠰᠦᠨ ᠤ ᠠᠵᠤ ᠦᠢᠯᠡᠳᠪᠦᠷᠢ ᠶᠢᠨ | ᠰᠤᠷᠭᠠᠭᠤᠯᠢ ᠶᠢ ᠨᠡᠶᠢᠯᠡᠭᠦᠯᠪᠡ᠃ 2003 ᠣᠨ ᠳᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠡᠭᠡ ᠰᠤᠷᠭᠠᠭᠤᠯᠢ ᠭᠡᠵᠦ ᠨᠡᠷ᠎ᠡ ᠪᠠᠨ ᠬᠠᠯᠠᠪᠠ᠃ | | | | | | | | | 65 ᠵᠢᠯ ᠤᠨ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠪᠠᠷ ᠳᠠᠮᠵᠢᠨ᠂ ᠥᠪᠥᠷ ᠮᠣᠩᠭᠤᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠨᠢ ᠤᠳᠤ ᠨᠢᠭᠡᠨᠲᠡ ᠲᠡᠮᠦᠷᠯᠢᠭ ᠪᠣᠯᠪᠠᠰᠤᠷᠠᠭᠤᠯᠬᠤ᠂ | ᠠᠭᠤᠷᠬᠠᠢ ᠶᠢᠨ ᠦᠢᠯᠡᠰ᠂ ᠨᠡᠭᠦᠷᠡᠰᠦ᠂ ᠬᠤᠪᠣᠷ ᠰᠢᠷᠣᠢ ᠪᠠᠷ ᠣᠨᠴᠠᠯᠢᠭ ᠪᠣᠯᠭᠠᠵᠤ᠂ ᠠᠵᠤ ᠦᠢᠯᠡᠳᠪᠦᠷᠢ ᠪᠠᠷ | ᠭᠤᠣᠯ ᠪᠣᠯᠭᠠᠵᠤ᠂ ᠲᠧᠭᠨᠢᠭ ᠮᠡᠷᠭᠡᠵᠢᠯ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠨᠡᠶᠢᠭᠡᠮ ᠤᠨ ᠰᠢᠨᠵᠢᠯᠡᠬᠦ ᠤᠬᠠᠭᠠᠨ᠂ | ᠬᠠᠮᠢᠶᠠᠷᠤᠯᠲᠠ᠂ ᠠᠵᠤ ᠠᠬᠤᠢ᠂ ᠬᠠᠤᠯᠢ ᠴᠠᠭᠠᠵᠠ᠂ ᠤᠷᠠᠯᠢᠭ᠂ ᠰᠤᠷᠭᠠᠨ ᠬᠥᠮᠦᠵᠢᠯ ᠵᠡᠷᠭᠡ ᠰᠢᠨᠵᠢᠯᠡᠭᠡᠨ ᠤ | ᠰᠠᠯᠠᠭ᠎ᠠ ᠶᠢ ᠵᠣᠬᠢᠴᠠᠩᠭᠤᠢ ᠬᠥᠭᠵᠢᠭᠦᠯᠵᠦ᠂ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ᠂ ᠵᠢᠩᠬᠢᠨᠢ | ᠠᠩᠬᠢ ᠶᠢᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ | ᠦᠷᠭᠦᠯᠵᠢᠯᠡᠭᠰᠡᠨ ᠰᠤᠷᠭᠠᠨ ᠬᠥᠮᠦᠵᠢᠯ᠂ ᠭᠠᠳᠠᠭᠠᠳᠤ ᠳᠤ ᠰᠤᠷᠤᠯᠴᠠᠬᠤ ᠰᠤᠷᠤᠭᠴᠢ ᠶᠢᠨ ᠰᠤᠷᠭᠠᠨ ᠬᠥᠮᠦᠵᠢᠯ ᠢ | ᠨᠢᠭᠡ ᠴᠤᠭᠴᠠᠵᠢᠭᠤᠯᠤᠭᠰᠠᠨ ᠤᠯᠠᠨ ᠰᠢᠨᠵᠢᠯᠡᠭᠡᠨ ᠤ ᠰᠠᠯᠠᠭ᠎ᠠ ᠲᠠᠢ ᠶᠡᠭᠡ ᠰᠤᠷᠭᠠᠭᠤᠯᠢ ᠪᠣᠯᠵᠠᠢ᠃ 1986 ᠣᠨ ᠳᠤ | ᠠᠰᠫᠢᠷᠠᠨᠲ ᠤᠨ ᠰᠤᠳᠤᠯᠬᠤ ᠰᠣᠷᠣᠭᠴᠢ ᠶᠢ ᠬᠠᠮᠲᠤᠷᠠᠨ ᠬᠥᠮᠦᠵᠢᠭᠦᠯᠵᠦ᠂ 1991 ᠣᠨ ᠳᠤ ᠠᠰᠫᠢᠷᠠᠨᠲ ᠤᠨ | ᠡᠷᠳᠡᠮ ᠤᠨ ᠴᠣᠯᠠ ᠶᠢᠨ ᠡᠷᠬᠡ ᠣᠯᠭᠤᠬᠤ ᠨᠢᠭᠡᠴᠢ ᠪᠣᠯᠵᠣ᠂ 2013 ᠣᠨ ᠳᠤ ᠳ᠋ᠣᠺᠲ᠋ᠣᠷᠠᠨᠲ ᠤᠨ ᠡᠷᠳᠡᠮ ᠤᠨ | ᠴᠣᠯᠠ ᠶᠢᠨ ᠡᠷᠬᠡ ᠣᠯᠭᠤᠬᠤ ᠨᠢᠭᠡᠴᠢ ᠪᠣᠯᠵᠣ᠂ 2016 ᠣᠨ ᠳᠤ ᠰᠤᠷᠭᠠᠨ ᠬᠥᠮᠦᠵᠢᠯ ᠤᠨ ᠶᠠᠮᠤᠨ ᠤ ᠵᠢᠩᠬᠢᠨᠢ | ᠠᠩᠭᠢ ᠶᠢᠨ ᠵᠢᠭᠠᠨ ᠰᠤᠷᠭᠠᠯᠲᠠ ᠶᠢᠨ ᠠᠵᠢᠯ ᠤᠨ ᠬᠢᠨᠠᠨ ᠪᠠᠶᠢᠴᠠᠭᠠᠯᠲᠠ ᠦᠨᠡᠯᠡᠨ ᠵᠢᠱᠢᠯᠲᠡ ᠳᠤ ᠠᠮᠵᠢᠯᠲᠠᠲᠠᠢ | ᠪᠠᠲᠤᠯᠠᠭᠳᠠᠵᠤ᠂ 2017 ᠣᠨ ᠳᠤ ᠰᠤᠷᠭᠠᠨ ᠬᠥᠮᠦᠵᠢᠯ ᠤᠨ ᠶᠠᠮᠤᠨ ᠤ ᠵᠦᠪᠰᠢᠶᠡᠷᠡᠯ ᠢᠶᠠᠷ ᠠᠰᠫᠢᠷᠠᠨᠲ ᠤᠨ | ᠰᠤᠳᠤᠯᠬᠤ ᠰᠣᠷᠣᠭᠴᠢ ᠲᠠᠨᠢᠯᠴᠠᠭᠤᠯᠬᠤ ᠬᠢᠷᠢ ᠬᠡᠮ ᠢ ᠰᠢᠨ᠎ᠡ ᠪᠠᠷ ᠨᠡᠮᠡᠭᠰᠡᠨ ᠰᠤᠷᠭᠠᠭᠤᠯᠢ ᠪᠣᠯᠪᠠ᠃ | | | | | | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠤ ᠣᠲᠣ | ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭᠠᠨ ᠤ ᠳ᠋ᠣᠺᠲ᠋ᠣᠷ ᠴᠣᠯᠠᠯᠠᠬᠤ ᠡᠷᠬᠡᠲᠦ ᠴᠡᠭ 4᠂ ᠨᠢᠭᠡᠳᠦᠭᠡᠷ ᠳᠡᠰ ᠤᠨ | ᠰᠢᠨᠵᠢᠯᠡᠭᠡᠨ ᠤ ᠰᠠᠯᠠᠭᠠᠨ ᠤ ᠮᠠᠰᠲ᠋ᠧᠷ ᠴᠣᠯᠠᠯᠠᠬᠤ ᠡᠷᠬᠡᠲᠦ ᠴᠡᠭ 18᠂ ᠬᠤᠶᠠᠳᠤᠭᠠᠷ ᠳᠡᠰ ᠤᠨ ᠰᠢᠨᠵᠢᠯᠡᠭᠡᠨ ᠤ | ᠰᠠᠯᠠᠭᠠᠨ ᠤ ᠮᠠᠰᠲ᠋ᠧᠷ ᠴᠣᠯᠠᠯᠠᠬᠤ ᠡᠷᠬᠡᠲᠦ ᠴᠡᠭ 1᠂ ᠲᠤᠰᠬᠠᠶ ᠮᠡᠷᠭᠡᠵᠢᠯ ᠤᠨ ᠮᠠᠰᠲ᠋ᠧᠷ ᠤᠨ ᠲᠥᠷᠥᠯ 10 ᠪᠣᠶ᠃ | ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠤᠨᠴᠠᠯᠢᠭᠳᠤ ᠰᠢᠨᠵᠢᠯᠡᠭᠡᠨ ᠤ ᠰᠠᠯᠠᠭ᠎ᠠ 2᠂ ᠥᠪᠡᠷᠲᠡᠭᠡᠨ ᠵᠠᠰᠠᠬᠤ | ᠣᠷᠣᠨ ᠤ ︽ᠬᠤᠤᠰ ᠲᠡᠷᠢᠭᠦᠨ︾ ᠤ ᠰᠢᠨᠵᠢᠯᠡᠭᠡᠨ ᠤ ᠰᠠᠯᠠᠭ᠎ᠠ 2᠂ ᠥᠪᠡᠷᠲᠡᠭᠡᠨ ᠵᠠᠰᠠᠬᠤ ᠣᠷᠣᠨ ᠤ | ᠭᠤᠣᠯᠳᠠᠯᠭᠠᠲᠠᠢ ᠰᠢᠨᠵᠢᠯᠡᠭᠡᠨ ᠤ ᠰᠠᠯᠠᠭ᠎ᠠ 7᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ ᠬᠥᠮᠦᠵᠢᠭᠦᠯᠬᠦ | ᠰᠢᠨᠵᠢᠯᠡᠭᠡᠨ ᠤ ᠰᠠᠯᠠᠭ᠎ᠠ 2 ᠪᠣᠶ᠃ ᠣᠲᠣ ᠪᠠᠶᠢᠭ᠎ᠠ ᠵᠢᠩᠬᠢᠨᠢ ᠠᠩᠭᠢ ᠶᠢᠨ ᠲᠤᠰᠬᠠᠶ ᠮᠡᠷᠭᠡᠵᠢᠯ 72᠂ 6 ᠲᠤᠰᠬᠠᠶ | ᠮᠡᠷᠭᠡᠵᠢᠯ ᠨᠢ ᠤᠯᠤᠰ ᠤᠨ ᠲᠠᠰ ᠤᠨ ᠲᠡᠷᠢᠭᠦᠨ ᠲᠠᠰ ᠤᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠴᠡᠭ ᠢᠶᠠᠷ | ᠵᠥᠪᠰᠢᠶᠡᠷᠡᠭᠳᠡᠵᠦ᠂ 9 ᠲᠤᠰᠬᠠᠶ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠲᠠᠰ ᠤᠨ | ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠴᠡᠭ ᠢᠶᠠᠷ ᠵᠥᠪᠰᠢᠶᠡᠷᠡᠭᠳᠡᠵᠦ᠂ 9 ᠲᠤᠰᠬᠠᠶ ᠮᠡᠷᠭᠡᠵᠢᠯ ᠨᠢ | ᠢᠨᠵᠧᠨᠧᠷᠢᠩ ᠤᠨ ᠰᠤᠷᠭᠠᠨ ᠬᠥᠮᠦᠵᠢᠯ ᠤᠨ ᠭᠡᠷᠡᠴᠢᠯᠡᠯ ︵ᠦᠨᠡᠯᠡᠨ ᠵᠢᠱᠢᠯᠲᠡ︶ ᠢ ᠥᠩᠭᠡᠷᠡᠭᠡᠵᠡᠶ᠃ ᠣᠲᠣ ᠤᠯᠤᠰ ᠤᠨ | ᠣᠨᠴᠠᠯᠢᠭᠲᠤ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠴᠡᠭ 4᠂ ᠰᠤᠷᠭᠠᠨ ᠬᠥᠮᠦᠵᠢᠯ ᠤᠨ ᠶᠠᠮᠤᠨ ᠤ ᠲᠤᠰᠬᠠᠶ | ᠮᠡᠷᠭᠡᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠰᠬᠠᠶ ᠮᠡᠷᠭᠡᠵᠢᠯ 1᠂ ᠰᠤᠷᠭᠠᠨ | ᠬᠥᠮᠦᠵᠢᠯ ᠤᠨ ᠶᠠᠮᠤᠨ ᠤ ᠭᠠᠷᠮᠠᠭᠠᠶ ᠢᠨᠵᠧᠨᠧᠷ ᠤᠨ ᠰᠤᠷᠭᠠᠨ ᠬᠥᠮᠦᠵᠢᠯ ᠤᠨ ᠬᠥᠮᠦᠵᠢᠭᠦᠯᠬᠦ ᠲᠥᠯᠥᠪᠯᠡᠭᠡ ᠶᠢᠨ | ᠲᠤᠰᠬᠠᠶ ᠮᠡᠷᠭᠡᠵᠢᠯ 3᠂ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢᠨ ᠲᠤᠰᠬᠠᠶ ᠮᠡᠷᠭᠡᠵᠢᠯ 1᠂ ᠥᠪᠡᠷᠲᠡᠭᠡᠨ ᠵᠠᠰᠠᠬᠤ ᠣᠷᠣᠨ ᠤ ᠨᠠᠷᠠᠲᠤ ᠲᠤᠰᠬᠠᠶ | ᠮᠡᠷᠭᠡᠵᠢᠯ 22᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ ᠪᠥᠲᠥᠭᠡᠨ ᠪᠠᠶᠢᠭᠤᠯᠤᠯᠲᠠ ᠶᠢᠨ ᠲᠤᠰᠬᠠᠶ | ᠮᠡᠷᠭᠡᠵᠢᠯ 4᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠤᠷᠰᠢᠯᠲᠠ ᠶᠢᠨ ᠲᠤᠰᠬᠠᠶ ᠮᠡᠷᠭᠡᠵᠢᠯ 5 ᠪᠣᠶ᠃ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠤ ᠲᠤᠰᠬᠠᠶ | ᠪᠠᠭᠰᠢ 1423᠂ ᠰᠤᠷᠭᠠᠭᠤᠯᠢ ᠶᠢᠨ ᠭᠠᠳᠠᠨᠠᠬᠢ ᠲᠤᠰᠢᠶᠠᠯ ᠬᠠᠪᠰᠤᠷᠭᠠᠭᠰᠠᠨ ᠪᠠᠭᠰᠢ 220 ᠪᠣᠶ᠃ ᠮᠠᠰᠲ᠋ᠧᠷ ᠤᠨ | ᠰᠤᠷᠤᠯᠭ᠎ᠠ ᠶᠢᠨ ᠨᠠᠮᠲᠠᠷ ᠲᠠᠢ ᠪᠠᠭᠰᠢ 1281 ᠪᠠᠶᠢᠵᠤ᠂ ᠲᠤᠰᠬᠠᠶ ᠪᠠᠭᠰᠢ ᠶᠢᠨ 90 % ᠶᠢ ᠡᠵᠡᠯᠡᠵᠦ ᠪᠣᠶ᠃ | ᠰᠤᠷᠭᠠᠭᠤᠯᠢ ᠳᠤ ᠪᠥᠬᠦ ᠤᠯᠤᠰ ᠤᠨ ᠰᠢᠯᠢᠳᠡᠭ ᠪᠠᠭᠰᠢ 1᠂ ᠪᠥᠬᠦ ᠤᠯᠤᠰ ᠤᠨ ᠪᠠᠭᠰᠢ ᠶᠢᠨ ᠮᠣᠷᠠᠯ ᠤᠨ ᠵᠢᠱᠢᠶᠡᠴᠢ | 1᠂ ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢ ᠵᠢᠯᠣᠭᠤᠳᠬᠤ | ᠵᠥᠪᠯᠡᠯ ᠤᠨ ᠭᠡᠰᠢᠭᠦᠨ 2᠂ ᠪᠥᠬᠦ ᠤᠯᠤᠰ ᠤᠨ ᠲᠡᠮᠦᠷᠯᠢᠭ ᠪᠣᠯᠪᠠᠰᠤᠷᠠᠭᠤᠯᠬᠤ ᠰᠤᠷᠭᠠᠨ ᠬᠥᠮᠦᠵᠢᠯ ᠤᠨ | ᠰᠢᠰᠲ᠋ᠧᠮ ᠤᠨ ᠣᠨ ᠤ ᠰᠢᠯᠭᠠᠷᠠᠭᠴᠢ ᠶᠢᠨ ᠱᠠᠩᠨᠠᠯ 5᠂ ᠪᠤᠭᠤᠲᠤ ᠶᠢᠨ ᠪᠣᠯᠤᠳ ᠲᠡᠮᠦᠷ ᠰᠤᠷᠭᠠᠨ ᠬᠥᠮᠦᠵᠢᠯ ᠤᠨ | ᠰᠠᠭᠤᠷᠢ ᠮᠥᠩᠭᠦᠨ ᠤ ᠰᠢᠯᠢᠳᠡᠭ ᠪᠠᠭᠰᠢ ᠶᠢᠨ ᠱᠠᠩᠨᠠᠯ 9᠂ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠰᠠᠨ | ᠴᠢᠳᠠᠪᠤᠷᠢᠲᠠᠨ ᠤ ᠱᠠᠩᠨᠠᠯ 5 ᠪᠣᠶ︔ ᠥᠪᠡᠷᠲᠡᠭᠡᠨ ᠵᠠᠰᠠᠬᠤ ᠣᠷᠣᠨ ᠤ ᠰᠢᠯᠢᠳᠡᠭ ᠪᠠᠭᠰᠢ 5᠂ ᠰᠢᠯᠢᠳᠡᠭ ᠰᠤᠷᠭᠠᠨ | ᠬᠥᠮᠦᠵᠢᠯ ᠤᠨ ᠠᠵᠢᠯᠲᠠᠨ 1᠂ ᠰᠢᠯᠢᠳᠡᠭ ᠶᠣᠰᠣ ᠰᠤᠷᠲᠠᠬᠤᠨ ᠤ ᠬᠥᠮᠦᠵᠢᠯ ᠤᠨ ᠠᠵᠢᠯᠲᠠᠨ 3 ᠪᠣᠢ︔ ᠥᠪᠡᠷᠲᠡᠭᠡᠨ | ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠨᠠᠷᠠᠲᠤ ᠪᠠᠭᠰᠢ 13᠂ ᠰᠢᠨ᠎ᠡ ᠰᠣᠳᠣᠨ 9᠂ ᠥᠪᠡᠷᠲᠡᠭᠡᠨ ᠵᠠᠰᠠᠬᠤ | ᠣᠷᠣᠨ ᠤ ᠵᠢᠭᠠᠨ ᠰᠤᠷᠭᠠᠯᠲᠠ ᠶᠢᠨ ᠪᠦᠯᠬᠦᠮ 16 ᠪᠣᠶ︔ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ | ᠴᠢᠳᠠᠪᠤᠷᠢᠲᠠᠨ︾ ᠤ ᠢᠨᠵᠧᠨᠧᠷᠢᠩ ᠤᠨ ᠵᠢᠱᠢᠭᠳᠡᠭᠴᠢ 42 ᠪᠣᠢ︔ ᠥᠪᠡᠷᠲᠡᠭᠡᠨ ᠵᠠᠰᠠᠬᠤ ᠣᠷᠣᠨ ᠤ ᠵᠠᠯᠠᠭᠤ | ᠪᠠᠭᠰᠢ ᠶᠢᠨ ᠵᠢᠭᠠᠬᠤ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠭᠦᠷᠲᠡᠭᠴᠢ 3᠂ | ᠬᠤᠶᠠᠳᠤᠭᠠᠷ ᠳᠡᠰ ᠤᠨ ᠱᠠᠩᠨᠠᠯ ᠭᠦᠷᠲᠡᠭᠴᠢ 4᠂ ᠭᠤᠷᠪᠠᠳᠤᠭᠠᠷ ᠳᠡᠰ ᠤᠨ ᠱᠠᠩᠨᠠᠯ ᠭᠦᠷᠲᠡᠭᠴᠢ 3 ᠪᠣᠢ᠃ | ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ ᠨᠡᠷ᠎ᠡ | 1︔ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠪᠠ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠮᠡᠷᠭᠡᠵᠢᠯ | ᠴᠢᠳᠠᠪᠤᠷᠢ ᠶᠢᠨ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ ᠭᠦᠷᠲᠡᠭᠴᠢ 1 ᠪᠣᠢ᠃ | | | | | | | | | 2013-2020 ᠣᠨ ᠳᠤ᠂ ᠰᠤᠷᠭᠠᠭᠤᠯᠢ ᠨᠢ ᠰᠤᠷᠭᠠᠨ ᠬᠥᠮᠦᠵᠢᠯ ᠤᠨ ᠶᠠᠮᠤᠨ ᠪᠠ ᠮᠤᠵᠢ ᠶᠠᠮᠤᠨ | ᠬᠠᠮᠲᠤᠷᠠᠨ ᠪᠠᠶᠢᠭᠤᠯᠤᠭᠰᠠᠨ ᠬᠠᠮᠵᠢᠯᠴᠠᠨ ᠰᠢᠨ᠎ᠡ ᠶᠢ ᠡᠭᠦᠳᠬᠦ ᠲᠥᠪ 1᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠢᠨᠵᠧᠨᠧᠷᠢᠩ ᠤᠨ ᠰᠤᠳᠤᠯᠭᠠᠨ ᠤ ᠲᠥᠪ 1᠂ ᠰᠤᠷᠭᠠᠨ ᠬᠥᠮᠦᠵᠢᠯ ᠤᠨ ᠶᠠᠮᠤᠨ ᠤ | ᠭᠤᠣᠯᠳᠠᠯᠭᠠᠲᠠᠢ ᠲᠤᠷᠰᠢᠯᠲᠠ ᠶᠢᠨ ᠲᠠᠰᠤᠭ 1᠂ ᠥᠪᠡᠷᠲᠡᠭᠡᠨ ᠵᠠᠰᠠᠬᠤ ᠣᠷᠣᠨ ᠤ ᠬᠠᠮᠵᠢᠯᠴᠠᠨ ᠰᠢᠨ᠎ᠡ ᠶᠢ ᠡᠭᠦᠳᠬᠦ | ᠲᠥᠪ 1᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ ᠲᠤᠷᠰᠢᠯᠲᠠ ᠶᠢᠨ ᠲᠠᠰᠤᠭ 10᠂ ᠳᠡᠭᠡᠳᠦ | ᠰᠤᠷᠭᠠᠭᠤᠯᠢ ᠶᠢᠨ ᠭᠤᠣᠯᠳᠠᠯᠭᠠᠲᠠᠢ ᠲᠤᠷᠰᠢᠯᠲᠠ ᠶᠢᠨ ᠲᠠᠰᠤᠭ 1᠂ ᠥᠪᠡᠷᠲᠡᠭᠡᠨ ᠵᠠᠰᠠᠬᠤ ᠣᠷᠣᠨ ᠤ | ᠢᠨᠵᠧᠨᠧᠷᠢᠩ ᠤᠨ ᠰᠤᠳᠤᠯᠭᠠᠨ ᠤ ᠲᠥᠪ 3᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠮᠡᠷᠭᠡᠵᠢᠯ ᠤᠨ | ᠰᠤᠳᠤᠯᠭᠠᠨ ᠤ ᠲᠥᠪ 5᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠲᠤᠷᠰᠢᠯᠲᠠ ᠶᠢᠨ ᠲᠠᠰᠤᠭ 2᠂ | ᠥᠪᠡᠷᠲᠡᠭᠡᠨ ᠵᠠᠰᠠᠬᠤ ᠣᠷᠣᠨ ᠤ ᠠᠺᠠᠳᠧᠮᠢᠴᠢ ᠶᠢᠨ ᠠᠵᠢᠯᠯᠠᠬᠤ ᠥᠷᠲᠡᠭᠡ 3᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ 1᠂ ᠥᠪᠡᠷᠲᠡᠭᠡᠨ ᠵᠠᠰᠠᠬᠤ ᠣᠷᠣᠨ ᠤ | ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ 1᠂ ᠥᠪᠡᠷᠲᠡᠭᠡᠨ ᠵᠠᠰᠠᠬᠤ | ᠣᠷᠣᠨ ᠤ ᠳᠡᠭᠡᠳᠦ ᠰᠤᠷᠭᠠᠭᠤᠯᠢ ᠶᠢᠨ ᠬᠥᠮᠦᠨ ᠰᠣᠶᠤᠯ ᠨᠡᠶᠢᠭᠡᠮ ᠤᠨ ᠰᠢᠨᠵᠢᠯᠡᠬᠦ ᠤᠬᠠᠭᠠᠨ ᠤ ᠭᠤᠣᠯᠳᠠᠯᠭᠠᠲᠠᠢ | ᠰᠤᠳᠤᠯᠭᠠᠨ ᠤ ᠰᠠᠭᠤᠷᠢᠨ 1᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ | ᠤᠯᠤᠰ ᠲᠥᠷᠥ ᠶᠢᠨ ᠠᠵᠢᠯ ᠤᠨ ᠨᠠᠷᠠᠲᠤ ᠪᠠᠭᠰᠢ ᠶᠢᠨ ᠠᠵᠢᠯᠯᠠᠬᠤ ᠭᠠᠵᠠᠷ 3᠂ ᠥᠪᠡᠷᠲᠡᠭᠡᠨ ᠵᠠᠰᠠᠬᠤ ᠣᠷᠣᠨ ᠤ | ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ 1 ︵ᠪᠥᠬᠦ ᠣᠷᠣᠨ ᠤ ᠳᠡᠭᠡᠳᠦ ᠰᠤᠷᠭᠠᠭᠤᠯᠢ ᠵᠥᠪᠬᠡᠨ | 2 ᠪᠣᠶ︶᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠪᠣᠯᠪᠠᠰᠤᠷᠠᠭᠤᠯᠤᠯ ᠤᠨ ᠰᠠᠭᠤᠷᠢᠨ 1 ︵ᠪᠥᠬᠦ ᠣᠷᠣᠨ ᠤ ᠳᠡᠭᠡᠳᠦ ᠰᠤᠷᠭᠠᠭᠤᠯᠢ ᠵᠥᠪᠬᠡᠨ 3 ᠪᠣᠶ︶᠂ ᠮᠤᠵᠢ ᠪᠠ | ᠶᠠᠮᠤᠨ ᠤ ᠲᠠᠰ ᠵᠢᠴᠢ ᠲᠡᠭᠦᠨ ᠠᠴᠠ ᠳᠡᠭᠡᠭᠰᠢᠬᠢ ᠡᠷᠳᠡᠮ ᠰᠢᠨᠵᠢᠯᠡᠭᠡᠨ ᠤ ᠲᠠᠪᠴᠠᠩ 56 ᠶᠢ ᠰᠢᠨ᠎ᠡ ᠪᠠᠷ ᠨᠡᠮᠡᠵᠦ | ᠪᠠᠶᠢᠭᠤᠯᠪᠠ᠃ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠨᠢ 7 ᠵᠢᠯ ᠤᠨ | ᠲᠤᠷᠰᠢ᠂ ᠡᠷᠳᠡᠮ ᠰᠢᠨᠵᠢᠯᠡᠭᠡᠨ ᠤ ᠲᠥᠰᠦᠯ ᠤᠨ ᠰᠡᠳᠦᠪ ᠳᠣᠭᠲᠠᠭᠠᠭᠰᠠᠨ ᠶᠡᠷᠦᠩᠬᠡᠶ ᠲᠤᠭ᠎ᠠ 3290᠂ ᠡᠭᠦᠨ ᠳᠤ | ᠤᠯᠤᠰ ᠤᠨ ᠲᠠᠰ ᠤᠨ ᠲᠥᠰᠦᠯ 281᠂ ᠮᠤᠵᠢ ᠪᠠ ᠶᠠᠮᠤᠨ ᠤ ᠲᠠᠰ ᠤᠨ ᠲᠥᠰᠦᠯ 1272᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢᠨ ᠨᠠᠶᠢᠳᠠᠭᠰᠠᠨ ᠲᠥᠰᠦᠯ 957 ᠪᠠᠶᠢᠵᠤ᠂ ᠡᠷᠳᠡᠮ ᠰᠢᠨᠵᠢᠯᠡᠭᠡᠨ ᠤ ᠶᠡᠷᠦᠩᠬᠡᠶ | ᠵᠠᠷᠤᠳᠠᠯ 3 . 6 ᠳ᠋ᠦᠩᠰᠢᠭᠤᠷ ᠭᠠᠷᠤᠶ ᠲᠥᠭᠦᠷᠢᠭ ᠲᠤ ᠬᠦᠷᠪᠡ᠃ ᠨᠢᠭᠡᠳᠦᠭᠡᠷ ᠪᠠᠶᠢᠭᠤᠯᠭ᠎ᠠ ᠶᠢᠨ ᠬᠤᠪᠢ ᠪᠠᠷ | ᠥᠨᠳᠥᠷ ᠬᠢᠷᠢ ᠲᠦᠪᠰᠢᠨ ᠪᠥᠬᠦᠶ ᠥᠭᠦᠯᠡᠯ 4485 ᠨᠡᠶᠢᠲᠡᠯᠡᠵᠦ᠂ ᠡᠷᠳᠡᠮ ᠰᠢᠨᠵᠢᠯᠡᠭᠡᠨ ᠤ ᠲᠤᠰᠬᠠᠶ ᠪᠦᠲᠦᠭᠡᠯ | 177 ᠬᠡᠪᠯᠡᠭᠦᠯᠵᠦ᠂ ᠲᠤᠰᠬᠠᠶ ᠠᠰᠢᠭ ᠤᠨ ᠡᠷᠬᠡ ᠣᠯᠤᠭᠰᠠᠨ ᠲᠤᠭ᠎ᠠ 1224 ᠪᠣᠢ᠃ ᠥᠪᠥᠷ ᠮᠣᠩᠭᠤᠯ ᠤᠨ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠨᠢᠭᠡᠳᠦᠭᠡᠷ ᠳᠡᠰ ᠤᠨ ᠱᠠᠩᠨᠠᠯ 3᠂ ᠬᠤᠶᠠᠳᠤᠭᠠᠷ ᠳᠡᠰ ᠤᠨ ᠱᠠᠩᠨᠠᠯ 4᠂ | ᠭᠤᠷᠪᠠᠳᠤᠭᠠᠷ ᠳᠡᠰ ᠤᠨ ᠱᠠᠩᠨᠠᠯ 3 ᠪᠣᠢ︔ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠪᠰᠢᠯᠲᠠ ᠶᠢᠨ ᠨᠢᠭᠡᠳᠦᠭᠡᠷ ᠳᠡᠰ ᠤᠨ ᠱᠠᠩᠨᠠᠯ 8᠂ ᠬᠤᠶᠠᠳᠤᠭᠠᠷ ᠳᠡᠰ ᠤᠨ ᠱᠠᠩᠨᠠᠯ 8᠂ ᠭᠤᠷᠪᠠᠳᠤᠭᠠᠷ ᠳᠡᠰ ᠤᠨ | ᠱᠠᠩᠨᠠᠯ 11 ᠪᠣᠢ︔ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠢᠳᠡᠭ ᠦᠷ᠎ᠡ ᠪᠦᠲᠦᠭᠡᠯ ᠤᠨ ᠵᠠᠰᠠᠭ ᠤᠨ ᠣᠷᠳᠣᠨ ᠤ ᠱᠠᠩᠨᠠᠯ 29 ︵ᠡᠭᠦᠨ ᠳᠤ ᠨᠢᠭᠡᠳᠦᠭᠡᠷ ᠳᠡᠰ ᠤᠨ ᠱᠠᠩᠨᠠᠯ | 1᠂ ᠬᠤᠶᠠᠳᠤᠭᠠᠷ ᠳᠡᠰ ᠤᠨ ᠱᠠᠩᠨᠠᠯ 11᠂ ᠭᠤᠷᠪᠠᠳᠤᠭᠠᠷ ᠳᠡᠰ ᠤᠨ ᠱᠠᠩᠨᠠᠯ 17︶ ᠪᠣᠶ᠃ ᠪᠤᠭᠤᠲᠤ ᠬᠤᠲᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ 9 ︵ᠡᠭᠦᠨ ᠳᠤ ᠨᠢᠭᠡᠳᠦᠭᠡᠷ ᠳᠡᠰ ᠤᠨ | ᠱᠠᠩᠨᠠᠯ 2᠂ ᠬᠤᠶᠠᠳᠤᠭᠠᠷ ᠳᠡᠰ ᠤᠨ ᠱᠠᠩᠨᠠᠯ 3᠂ ᠭᠤᠷᠪᠠᠳᠤᠭᠠᠷ ᠳᠡᠰ ᠤᠨ ᠱᠠᠩᠨᠠᠯ 4︶ ᠭᠥᠷᠳᠡᠪᠡ︔ ᠭᠦᠨ | ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠵᠠᠰᠠᠭ ᠤᠨ ᠣᠷᠳᠣᠨ ᠤ ᠱᠠᠩᠨᠠᠯ | 82 ︵ᠡᠭᠦᠨ ᠳᠤ ᠨᠢᠭᠡᠳᠦᠭᠡᠷ ᠳᠡᠰ ᠤᠨ ᠱᠠᠩᠨᠠᠯ 7᠂ ᠬᠤᠶᠠᠳᠤᠭᠠᠷ ᠳᠡᠰ ᠤᠨ ᠱᠠᠩᠨᠠᠯ 31᠂ ᠭᠤᠷᠪᠠᠳᠤᠭᠠᠷ | ᠳᠡᠰ ᠤᠨ ᠱᠠᠩᠨᠠᠯ 44︶ ᠢ ᠭᠦᠷᠲᠡᠪᠡ᠃ | | | | | | | | | ᠣᠶᠢᠷ᠎ᠠ ᠶᠢᠨ ᠵᠢᠯ᠂ ᠰᠤᠷᠭᠠᠭᠤᠯᠢ ᠨᠢ ᠤᠯᠤᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠰ ᠪᠡᠶ᠎ᠡ ᠶᠢᠨ ᠣᠨᠴᠠᠯᠢᠭ | ᠪᠥᠬᠦᠶ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠬᠡᠪ ᠵᠠᠭᠪᠤᠷ ᠢ ᠢᠳᠡᠪᠬᠢᠲᠡᠶ ᠰᠦᠪᠡᠭᠴᠢᠯᠡᠪᠡ᠃ | ᠰᠤᠷᠭᠠᠭᠤᠯᠢ ᠶᠢᠨ ᠤᠶᠤᠲᠠᠳ ᠣᠶᠢᠷ᠎ᠠ ᠶᠢᠨ ᠭᠤᠷᠪᠠᠨ ᠵᠢᠯ ︵2017-2019 ᠣᠨ︶ ᠳᠤ ᠮᠤᠵᠢ ᠶᠢᠨ ᠲᠠᠰ ᠠᠴᠠ | ᠳᠡᠭᠡᠭᠰᠢᠬᠢ ᠤᠶᠤᠲᠠᠳ ᠤᠨ ᠬᠢᠴᠢᠶᠡᠯ ᠤᠨ ᠭᠠᠳᠠᠨᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠤᠯᠳᠤᠭᠠᠨ ᠤ | ᠱᠠᠩᠨᠠᠯ ᠢ 1273 ᠭᠦᠷᠲᠡᠵᠦ᠂ ᠡᠭᠦᠨ ᠳᠤ ᠤᠯᠤᠰ ᠤᠨ ᠲᠠᠰ ᠤᠨ ᠱᠠᠩᠨᠠᠯ ᠢ 393 ᠭᠥᠷᠳᠡᠪᠡ᠃ ᠤᠶᠤᠲᠠᠳ ᠤᠨ | ᠦᠢᠯᠡᠰ ᠪᠣᠰᠬᠠᠬᠤ ᠨᠡᠪᠴᠢᠭᠦᠯᠬᠦ ᠰᠠᠭᠤᠷᠢᠨ ᠭᠠᠵᠠᠷ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠠᠴᠠ | ︽ᠤᠯᠤᠰ ᠤᠨ ᠲᠡᠰ ᠤᠨ ᠣᠯᠠᠨ ᠢᠶᠠᠷ ᠢᠶᠠᠨ ᠡᠭᠦᠳᠬᠦ ᠭᠠᠵᠠᠷ︾ ᠭᠡᠵᠦ᠂ ᠡᠪᠯᠡᠯ ᠤᠨ ᠲᠥᠪ ᠬᠤᠷᠢᠶ᠎ᠠ ᠠᠴᠠ ︽ᠪᠦᠬᠦ | ᠤᠯᠤᠰ ᠤᠨ ᠤᠶᠤᠲᠠᠳ ᠤᠨ ᠦᠢᠯᠡᠰ ᠪᠣᠰᠬᠠᠬᠤ ᠳᠠᠭᠤᠷᠢᠶᠠᠯ ᠦᠵᠡᠭᠦᠯᠬᠦ ᠬᠦᠷᠢᠶᠡᠯᠡᠩ︾ ᠭᠡᠵᠦ ᠴᠤᠯᠠᠯᠠᠪᠠ᠃ | 2021 ᠣᠨ ᠤ 3 ᠰᠠᠷ᠎ᠠ ᠳᠤ᠂ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠨᠡᠶᠢᠭᠡᠮᠯᠢᠭ ᠠᠴᠠ 2020 ᠣᠨ ᠤ ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠤᠶᠤᠲᠠᠳ ᠤᠨ | ᠤᠷᠤᠯᠳᠤᠭᠠᠨ ᠤ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠰᠤᠷᠭᠠᠭᠤᠯᠢ ᠨᠢ ︽2016-2020 ᠣᠨ ᠤ ᠪᠥᠬᠦ | ᠤᠯᠤᠰ ᠤᠨ ᠣᠷᠣᠨ ᠨᠤᠲᠤᠭ ᠤᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠤᠶᠤᠲᠠᠳ ᠤᠨ ᠤᠷᠤᠯᠳᠤᠭᠠᠨ ᠤ | ᠨᠡᠷᠡᠰ ᠤᠨ ᠵᠢᠭᠰᠠᠭᠠᠯᠲᠠ Top 100︾ ᠳᠤ 59 ᠳᠤ ᠣᠷᠣᠵᠤ᠂ ︽2016-2020 ᠣᠨ ᠤ ᠪᠥᠬᠦ ᠤᠯᠤᠰ ᠤᠨ | ᠡᠩ ᠤᠨ ᠳᠡᠭᠡᠳᠦ ᠰᠤᠷᠭᠠᠭᠤᠯᠢ ᠶᠢᠨ ᠤᠶᠤᠲᠠᠳ ᠤᠨ ᠤᠷᠤᠯᠳᠤᠭᠠᠨ ᠤ ᠨᠡᠷᠡᠰ ᠤᠨ ᠵᠢᠭᠰᠠᠭᠠᠯᠲᠠ Top 300︾ | ᠳᠤ 114 ᠳᠤ ᠣᠷᠣᠵᠤ᠂ ︽ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠤᠶᠤᠲᠠᠳ ᠤᠨ | ᠤᠷᠤᠯᠳᠤᠭᠠᠨ ᠤ ᠨᠡᠷᠡᠰ ᠤᠨ ᠵᠢᠭᠰᠠᠭᠠᠯᠲᠠ ᠶᠢᠨ ᠲᠠᠪᠤᠨ ᠡᠭᠡᠯᠵᠢ ᠶᠢᠨ ᠶᠡᠷᠦᠩᠬᠡᠶ ᠨᠡᠷᠡᠰ ᠤᠨ ᠵᠢᠭᠰᠠᠭᠠᠯᠲᠠ Top | 300︾ ᠳᠤ 143 ᠳᠤ ᠣᠷᠣᠵᠤ᠂ ᠳᠡᠭᠡᠷᠡᠬᠢ ᠭᠤᠷᠪᠠᠨ ᠵᠦᠢᠯ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ | ᠰᠤᠷᠭᠠᠭᠤᠯᠢ ᠳᠤ ᠲᠡᠷᠢᠭᠦᠯᠡᠬᠦ ᠶᠢᠨ ᠬᠠᠮᠲᠤ ᠵᠠᠯᠭᠠᠭ᠎ᠠ ᠪᠠᠷ ᠬᠤᠶᠠᠷ ᠵᠢᠯ ᠪᠥᠬᠦ ᠤᠯᠤᠰ ᠤᠨ ᠭᠠᠵᠠᠷ ᠣᠷᠣᠨ ᠤ | ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠵᠠᠭᠤᠨ ᠬᠦᠴᠦᠷᠬᠡᠭ ᠳᠡᠭᠡᠳᠦ ᠰᠤᠷᠭᠠᠭᠤᠯᠢ ᠳᠤ ᠵᠢᠭᠰᠠᠭᠠᠭᠳᠠᠪᠠ᠃ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ | ᠤᠶᠤᠲᠠᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠨᠢ ᠪᠦᠬᠦ ᠤᠯᠤᠰ ᠤᠨ ᠳᠡᠭᠡᠳᠦ ᠰᠤᠷᠭᠠᠭᠤᠯᠢ ᠶᠢᠨ ᠡᠮᠦᠨ᠎ᠡ | ᠡᠩᠨᠡᠭᠡᠨ ᠳᠤ ᠣᠷᠣᠪᠠ᠃ 2020 ᠣᠨ ᠪᠣᠯᠲᠠᠯ᠎ᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠡᠭᠡ ᠰᠤᠷᠭᠠᠭᠤᠯᠢ ᠶᠢᠨ ᠥᠨᠳᠥᠷ ᠬᠢᠷᠢ ᠲᠦᠪᠰᠢᠨ ᠪᠥᠬᠦᠶ ᠪᠡᠶ᠎ᠡ ᠶᠢᠨ ᠲᠠᠮᠢᠷ ᠤᠨ ᠠᠩᠭᠢ | ᠤᠯᠤᠰ ᠤᠨ ᠳᠣᠲᠣᠭᠠᠳᠤ ᠭᠠᠳᠠᠭᠠᠳᠤ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠥᠪᠡᠷᠲᠡᠭᠡᠨ ᠵᠠᠰᠠᠬᠤ | ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠱᠠᠩᠨᠠᠯ 534 ᠣᠯᠵᠠᠶ᠂ ᠡᠭᠦᠨ ᠳᠤ ᠣᠯᠠᠨ ᠤᠯᠤᠰ ᠤᠨ | ᠪᠡᠶ᠎ᠡ ᠶᠢᠨ ᠲᠠᠮᠢᠷ ᠤᠨ ᠤᠷᠤᠯᠳᠤᠭᠠᠨ ᠤ ᠠᠯᠲᠠᠨ ᠮᠧᠳᠠᠯ 10᠂ ᠤᠯᠤᠰ ᠤᠨ ᠲᠠᠰ ᠤᠨ ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠯᠲᠠᠨ ᠮᠧᠳᠠᠯ 35᠂ ᠮᠤᠵᠢ ᠶᠢᠨ ᠲᠠᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠯᠲᠠᠨ | ᠮᠧᠳᠠᠯ 224 ᠪᠣᠶ᠃ ᠰᠤᠷᠭᠠᠭᠤᠯᠢ ᠶᠢᠨ ᠰᠢᠷᠣᠶ ᠮᠣᠳᠣᠨ ᠤ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ | ᠰᠣᠷᠣᠭᠴᠢ ᠶᠠᠩ ᠵᠢᠶᠠ ᠢᠦᠶ 2017 ᠣᠨ ᠤ ᠯᠤᠨᠳᠤᠨ ᠤ ᠳᠡᠯᠡᠬᠡᠶ ᠶᠢᠨ ᠬᠦᠨᠳᠦ ᠬᠥᠩᠭᠡᠨ ᠲᠠᠮᠢᠷ ᠤᠨ ᠮᠠᠩᠯᠠᠶ | ᠰᠢᠯᠭᠠᠷᠠᠭᠤᠯᠬᠤ ᠤᠷᠤᠯᠳᠤᠭᠠᠨ ᠪᠠ 2018 ᠣᠨ ᠤ ᠵᠠᠺᠠᠷᠲ᠋ᠠ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ | ᠴᠤᠭᠯᠠᠭᠠᠨ ᠳᠡᠭᠡᠷ᠎ᠡ ᠴᠥᠮ ᠡᠮᠡᠭᠲᠡᠶ ᠶᠢᠨ 20 ᠺᠢᠯᠣᠮᠧᠲᠷ ᠤᠨ ᠠᠯᠬᠤᠭ᠎ᠠ ᠤᠷᠤᠯᠳᠤᠭᠠᠨ ᠳᠤ ᠮᠠᠩᠯᠠᠶᠢᠯᠠᠵᠤ᠂ | ᠤᠯᠤᠰ ᠣᠷᠣᠨ ᠲᠤ ᠪᠠᠨ ᠢᠷᠠᠭᠤ ᠠᠯᠳᠠᠷ ᠢ ᠠᠪᠴᠢᠷᠠᠵᠤ ᠥᠭᠭᠦᠭᠰᠡᠨ ᠪᠠᠶᠢᠨ᠎ᠠ᠃ | | | | | | | | | ᠰᠢᠨ᠎ᠡ ᠲᠡᠦᠬᠡ ᠶᠢᠨ ᠭᠠᠷᠤᠭ᠎ᠠ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠶᠡᠭᠡ ᠰᠤᠷᠭᠠᠭᠤᠯᠢ ᠨᠢ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠬᠦ ᠴᠢᠭᠯᠡᠯ ᠢ ᠪᠠᠷᠢᠮᠲᠠᠯᠠᠨ᠂ ᠨᠠᠮ ᠤᠨ ᠰᠤᠷᠭᠠᠨ | ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ | ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠨ᠂ ᠵᠠᠯᠠᠭᠤ ᠨᠢᠭᠡ ᠦᠶ᠎ᠡ ᠶᠢᠨ ᠬᠢᠨ ᠢ ᠬᠥᠲᠥᠯᠥᠨ ᠵᠢᠯᠣᠭᠤᠳᠴᠤ | ᠬᠤᠪᠢᠰᠬᠠᠯᠲᠤ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠨ᠂ ᠣᠶᠤᠨ ᠰᠠᠨᠠᠭᠠᠨ ᠤ | ᠠᠮᠢᠨ ᠰᠤᠳᠠᠰᠤ ᠶᠢ ᠦᠷᠭᠦᠯᠵᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠶᠣᠰᠣ ᠰᠤᠷᠲᠠᠬᠤᠨ ᠢ | ᠪᠣᠢ ᠪᠣᠯᠭᠠᠵᠤ ᠬᠥᠮᠦᠨ ᠢ ᠬᠥᠮᠦᠵᠢᠭᠦᠯᠬᠦ ᠲᠠᠢ ᠤᠶᠠᠯᠳᠤᠭᠤᠯᠤᠨ᠂ ᠥᠭᠡᠷᠡᠴᠢᠯᠡᠯᠲᠡ ᠶᠢᠨ ᠪᠣᠭᠤᠮᠲᠠ | ᠰᠢᠪᠲᠤᠯᠤᠯᠲᠠ ᠶᠢ ᠰᠤᠷᠭᠠᠭᠤᠯᠢ ᠶᠢᠨ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠵᠤ᠂ ︽ᠠᠷᠠᠳ ᠲᠦᠮᠡᠨ ᠳᠤ | ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠬᠦ︾ ᠰᠢᠨ᠎ᠡ ᠠᠶᠠᠨ᠂ ᠰᠢᠯᠢᠳᠡᠭ | ᠠᠮᠵᠢᠯᠲᠠ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠤᠭᠲᠤᠵᠤ ᠪᠠᠶᠢᠨ᠎ᠠ︕ | | | |