| | ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠵᠤ ᠪᠠᠶᠢᠨ᠎ᠠ᠃ | ᠵᠢᠨᠢᠩ ᠪᠠᠭᠰᠢ ᠶᠢᠨ ᠳᠡᠭᠡᠳᠦ ᠰᠤᠷᠭᠠᠭᠤᠯᠢ | — ︽ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠮᠢᠨᠤ ᠥᠯᠦᠭᠡᠢ︾ | | | | ᠵᠢᠨᠢᠩ ᠪᠠᠭᠰᠢ ᠶᠢᠨ ᠳᠡᠭᠡᠳᠦ ᠰᠤᠷᠭᠠᠭᠤᠯᠢ | | | ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠨᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠤᠯᠠᠭᠠᠨᠴᠠᠪ ᠬᠤᠳᠠ ᠳᠤ ᠪᠠᠶᠢᠷᠢᠯᠠᠨ᠎ᠠ᠃ ᠤᠯᠠᠭᠠᠨᠴᠠᠪ ᠬᠤᠲᠠ ᠪᠣᠯ ᠪᠡᠭᠡᠵᠢᠩ ᠲᠢᠶᠠᠨᠵᠢᠨ ᠾᠧᠪᠧᠢ᠂ ᠪᠦᠸᠧᠬᠠᠶ | ᠲᠠᠩᠭᠢᠰ ᠢ ᠲᠣᠭᠤᠷᠢᠭᠰᠠᠨ᠂ ᠬᠥᠬᠡᠬᠤᠲᠠ ᠪᠤᠭᠤᠲᠤ ᠢᠨᠴᠤᠸᠠᠨ ᠢᠦᠶᠢᠯᠢᠨ ᠭᠤᠷᠪᠠᠨ ᠶᠡᠭᠡ ᠠᠵᠤ ᠠᠬᠤᠶ ᠶᠢᠨ | ᠲᠣᠭᠤᠷᠢᠭ ᠤᠨ ᠠᠭᠤᠯᠵᠠᠷ ᠬᠡᠰᠡᠭ ᠲᠤ ᠪᠠᠶᠢᠷᠢᠯᠠᠵᠤ᠂ ᠠᠽᠢᠶ᠎ᠠ ᠧᠦ᠋ᠷᠣᠫᠠ ᠶᠢᠨ ᠠᠵᠤ ᠠᠬᠤᠶ ᠶᠢᠨ ᠪᠦᠰᠡ ᠶᠢᠨ | ᠵᠠᠩᠭᠢᠯᠠᠭ᠎ᠠ ᠶᠢᠨ ᠬᠤᠲᠠ᠂ ︽ᠳᠤᠮᠳᠠᠳᠤ ᠤᠯᠤᠰ ᠤᠨ ᠲᠥᠮᠥᠰᠥᠨ ᠤ ᠲᠥᠪ᠂ ᠰᠠᠯᠬᠢᠨ ᠬᠦᠴᠦᠨ ᠤ ᠴᠠᠬᠢᠯᠭᠠᠨ ᠤ | ᠲᠥᠪ᠂ ᠲᠠᠯ᠎ᠠ ᠨᠤᠲᠤᠭ ᠤᠨ ᠠᠷᠠᠰᠤᠨ ᠤ ᠲᠥᠪ᠂ ᠱᠧᠨ ᠵᠧᠦ ᠬᠦᠷᠢᠶᠡᠯᠡᠩ᠂ ᠳᠤᠮᠳᠠᠳᠤ ᠤᠯᠤᠰ ᠤᠨ ᠲᠠᠯ᠎ᠠ | ᠨᠤᠲᠤᠭ ᠤᠨ ᠵᠤᠰᠠᠯᠠᠩ ᠤᠨ ᠲᠥᠪ︾ ᠵᠡᠷᠭᠡ ᠰᠠᠶᠢᠬᠠᠨ ᠠᠯᠳᠠᠷᠲᠠᠶ ᠶᠤᠮ᠃ | ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠨᠢ ᠥᠨᠢ ᠤᠳᠠᠭᠠᠨ ᠲᠡᠦᠬᠡ ᠲᠠᠢ᠂ ᠭᠦᠨ ᠵᠤᠵᠠᠭᠠᠨ | ᠰᠣᠶᠣᠯ ᠤᠨ ᠬᠤᠷᠠᠮᠳᠤᠯ ᠲᠠᠢ᠃ 1931 ᠣᠨ ᠳᠤ᠂ ᠤᠤᠯ ᠤᠨ ᠰᠦᠢᠶᠤᠸᠠᠨ ᠮᠤᠵᠢ ᠵᠢᠨᠢᠩ ᠳᠤ ᠰᠦᠢᠶᠤᠸᠠᠨ ᠤ | ᠮᠤᠵᠢ ᠶᠢᠨ ᠬᠤᠶᠠᠳᠤᠭᠠᠷ ᠪᠠᠭᠰᠢ ᠶᠢᠨ ᠰᠤᠷᠭᠠᠭᠤᠯᠢ ᠶᠢ ᠡᠭᠦᠰᠭᠡᠨ ᠪᠠᠶᠢᠭᠤᠯᠵᠤ᠂ ᠤᠯᠠᠭᠠᠨᠴᠠᠪ ᠤᠨ ᠣᠷᠴᠢᠨ ᠤᠳᠤ | ᠦᠶ᠎ᠡ ᠶᠢᠨ ᠪᠠᠭᠰᠢ ᠶᠢᠨ ᠰᠤᠷᠭᠠᠨ ᠬᠥᠮᠦᠵᠢᠯ ᠤᠨ ᠠᠩᠬᠠᠨ ᠤ ᠵᠠᠮ ᠢ ᠨᠡᠭᠡᠭᠡᠵᠡᠢ᠃ 1958 ᠣᠨ ᠳᠤ᠂ | ᠲᠦᠷᠤ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ ᠤᠯᠠᠭᠠᠨᠴᠠᠪ ᠠᠶᠢᠮᠠᠭ ᠤᠨ ᠪᠠᠭᠰᠢ ᠶᠢᠨ ᠲᠤᠰᠬᠠᠢ | ᠮᠡᠷᠭᠡᠵᠢᠯ ᠤᠨ ᠰᠤᠷᠭᠠᠭᠤᠯᠢ ᠶᠢ ᠪᠠᠶᠢᠭᠤᠯᠪᠠ᠃ 1976 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠤᠯᠠᠭᠠᠨᠴᠠᠪ ᠠᠶᠢᠮᠠᠭ ᠤᠨ ᠪᠠᠭᠰᠢ ᠶᠢᠨ ᠰᠤᠷᠭᠠᠭᠤᠯᠢ ᠶᠢ ᠰᠡᠷᠭᠦᠭᠡᠬᠦ ᠶᠢ ᠵᠦᠪᠰᠢᠶᠡᠷᠡᠪᠡ᠃ | 1977 ᠣᠨ ᠳᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢ ᠰᠡᠷᠭᠦᠭᠡᠭᠰᠡᠨ ᠤ ᠳᠠᠷᠠᠭ᠎ᠠ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠠᠩᠭᠢ ᠶᠢ ᠡᠬᠢᠯᠡᠨ | ᠡᠯᠰᠡᠪᠡ᠃ 1978 ᠣᠨ ᠳᠤ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠠᠩᠭᠢᠲᠤ ᠲᠤᠰᠠᠭᠠᠷ ᠰᠤᠷᠭᠠᠭᠤᠯᠢ | ᠡᠷᠭᠢᠯᠡᠪᠡ᠃ 1985 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠤᠯᠠᠭᠠᠨᠴᠠᠪ ᠤᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠠᠩᠭᠢ ᠶᠢᠨ ᠰᠠᠭᠤᠷᠢᠨ ᠳᠡᠭᠡᠷ᠎ᠡ | ᠤᠯᠠᠭᠠᠨᠴᠠᠪ ᠤᠨ ᠪᠠᠭᠰᠢ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠶᠢ ᠵᠥᠪᠰᠢᠶᠡᠷᠡᠪᠡ᠃ 1995 | ᠣᠨ ᠳᠤ᠂ ᠵᠢᠨᠢᠩ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠭᠡᠵᠦ ᠨᠡᠷ᠎ᠡ ᠪᠠᠨ | ᠬᠠᠯᠠᠪᠠ᠃ 2000 ᠣᠨ ᠳᠤ᠂ ᠤᠯᠠᠭᠠᠨᠴᠠᠪ ᠠᠶᠢᠮᠠᠭ ᠤᠨ ᠪᠠᠭᠰᠢ ᠶᠢᠨ ᠰᠤᠷᠭᠠᠭᠤᠯᠢ ᠪᠣᠯᠤᠨ ᠤᠯᠠᠭᠠᠨᠴᠠᠪ | ᠠᠶᠢᠮᠠᠭ ᠤᠨ ᠮᠣᠩᠭᠤᠯ ᠦᠨᠳᠦᠰᠦᠲᠡᠨ ᠤ ᠪᠠᠭᠰᠢ ᠶᠢᠨ ᠰᠤᠷᠭᠠᠭᠤᠯᠢ ᠶᠢ ᠵᠢᠨᠢᠩ ᠪᠠᠭᠰᠢ ᠶᠢᠨ ᠳᠡᠭᠡᠳᠦ ᠵᠡᠷᠭᠡ ᠶᠢᠨ | ᠲᠤᠰᠬᠠᠢ ᠮᠡᠷᠭᠡᠵᠢᠯ ᠤᠨ ᠰᠤᠷᠭᠠᠭᠤᠯᠢ ᠲᠠᠢ ᠨᠡᠶᠢᠯᠡᠭᠦᠯᠪᠡ᠃ 2009 ᠣᠨ ᠳᠤ᠂ ᠰᠤᠷᠭᠠᠨ ᠬᠦᠮᠤᠵᠢᠯ ᠤᠨ ᠶᠠᠮᠤᠨ | ᠠᠴᠠ ᠵᠢᠨᠢᠩ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠠᠭᠤᠷᠢᠨ ᠳᠡᠭᠡᠷ᠎ᠡ | ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠪᠠᠶᠢᠭᠤᠯᠬᠤ ᠶᠢ ᠵᠥᠪᠰᠢᠶᠡᠷᠡᠪᠡ᠃ 2013 ᠣᠨ ᠳᠤ ᠰᠤᠷᠭᠠᠭᠤᠯᠢ ᠨᠢ | ᠣᠶᠤᠲᠠᠨ ᠤ ᠡᠷᠳᠡᠮ ᠤᠨ ᠴᠣᠯᠠ ᠣᠯᠭᠤᠬᠤ ᠡᠷᠬᠡ ᠲᠠᠢ ᠪᠣᠯᠪᠠ᠃ 2017 ᠣᠨ ᠳᠤ᠂ ᠰᠤᠷᠭᠠᠭᠤᠯᠢ ᠨᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠢᠩᠬᠢᠨᠢ ᠪᠠᠷ ᠪᠥᠬᠦ ᠣᠷᠣᠨ ᠤ ᠪᠥᠬᠦ | ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠤᠷᠰᠢᠯᠲᠠ ᠶᠢᠨ ᠰᠤᠷᠭᠠᠭᠤᠯᠢ ᠳᠤ ᠣᠷᠣᠪᠠ᠃ | | | | (ᠬᠤ᠋ ᠱᠠᠨ ᠰᠤᠷᠭᠠᠭᠤᠯᠢ ᠶᠢᠨ ᠲᠣᠭᠤᠷᠢᠭ︶ | | | | | | ︵ᠴᠢᠤᠸᠠᠨ ᠱᠠᠨ ᠰᠤᠤᠷᠭᠠᠭᠤᠯᠢ ᠶᠢᠨ ᠲᠣᠭᠤᠷᠢᠭ︶ | | | | ︵ᠪᠠᠢ ᠬᠠᠢ ᠰᠤᠷᠭᠠᠭᠤᠯᠢ ᠶᠢᠨ ᠲᠣᠭᠤᠷᠢᠭ︶ | | | ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠨᠢ ᠣᠲᠣ ᠭᠤᠷᠪᠠᠨ ᠰᠤᠷᠭᠠᠭᠤᠯᠢ ᠶᠢᠨ ᠲᠣᠭᠤᠷᠢᠭ ᠲᠠᠢ᠂ | ᠶᠡᠷᠦᠩᠬᠡᠶ ᠲᠠᠯᠠᠪᠠᠶ ᠨᠢ 120.23 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶ ᠭᠡᠷ ᠪᠠᠷᠢᠯᠭ᠎ᠠ ᠶᠢᠨ | ᠲᠠᠯᠠᠪᠠᠶ ᠨᠢ 37.65 ᠲᠦᠮᠡᠨ ᠲᠡᠭᠰᠢ ᠳᠥᠷᠪᠡᠯᠵᠢᠨ ᠮᠧᠲᠷ ᠪᠣᠢ᠃ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ | ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ ᠦᠷᠳᠡᠭ 1.78 ᠳ᠋ᠦᠩᠰᠢᠭᠤᠷ ᠲᠥᠭᠦᠷᠢᠭ ᠲᠤ ᠬᠦᠷᠴᠡᠶ᠃ ᠨᠣᠮ ᠤᠨ | ᠰᠠᠩ ᠤᠨ ᠨᠣᠮ ᠪᠢᠴᠢᠭ 139.37 ᠲᠦᠮᠡᠨ ᠳᠡᠪᠲᠡᠷ᠂ ᠡᠯᠧᠺᠲᠷᠣᠨ ᠨᠣᠮ 100.6 ᠲᠦᠮᠡᠨ ᠳᠡᠪᠲᠡᠷ ᠪᠣᠢ᠃ | ᠬᠠᠷᠢᠶᠠᠲᠤ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠠᠢ᠃ | ᠣᠳᠣ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠰᠣᠷᠣᠭᠴᠢ 11200᠂ ᠡᠭᠦᠨ ᠳᠤ ᠵᠢᠩᠬᠢᠨᠢ | ᠠᠩᠭᠢ ᠶᠢᠨ ᠰᠣᠷᠣᠭᠴᠢ 9106᠂ ᠴᠥᠭᠡᠨ ᠲᠣᠭᠠᠲᠤ ᠦᠨᠳᠦᠰᠦᠲᠡᠨ ᠤ ᠰᠣᠷᠣᠭᠴᠢ 2120 ᠪᠣᠶ᠃ ᠠᠵᠢᠯ ᠤᠨ | ᠪᠠᠶᠢᠷᠢ ᠳᠤ ᠪᠠᠶᠢᠭ᠎ᠠ ᠪᠠᠭᠰᠢ ᠠᠵᠢᠯᠳᠡᠠ ᠠᠵᠢᠯᠴᠢᠠ 876᠂ ᠡᠭᠦᠨ ᠳᠤ ᠳᠡᠭᠡᠳᠦ ᠳᠡᠰ ᠤᠨ ᠮᠡᠷᠭᠡᠵᠢᠯ ᠤᠨ | ᠴᠤᠯᠠᠲᠠᠢ ᠪᠠᠭᠰᠢ 333᠂ ᠮᠠᠰᠲ᠋ᠧᠷ ᠪᠠ ᠳ᠋ᠣᠺᠲ᠋ᠣᠷ ᠤᠨ ᠡᠷᠳᠡᠮ ᠤᠨ ᠴᠤᠯᠠᠲᠠᠢ ᠪᠠᠭᠰᠢ 447 ᠪᠣᠢ᠃ | ᠥᠪᠡᠷᠲᠡᠭᠡᠨ ᠵᠠᠰᠠᠬᠤ ᠣᠷᠣᠨ ᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠲᠤᠰᠬᠠᠶ | ᠮᠡᠷᠭᠡᠵᠢᠯᠲᠡᠨ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠠᠨ ᠰᠤᠷᠭᠠᠯᠲᠠ ᠶᠢᠨ ᠨᠠᠷᠠᠲᠤ ᠪᠠᠭᠰᠢ 7᠂ ᠲᠠᠯ᠎ᠠ | ᠨᠤᠲᠤᠭ ᠤᠨ ᠴᠢᠳᠠᠪᠤᠷᠢᠲᠠᠨ 2᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠭᠤᠨ ᠤ 321 ᠴᠢᠳᠠᠪᠤᠷᠢᠲᠠᠨ ᠤ | ᠢᠨᠵᠧᠨᠧᠷᠢᠩ︾ ᠤᠨ ᠵᠢᠱᠢᠭᠳᠡᠭᠴᠢ 2᠂ ᠰᠢᠨ᠎ᠡ ᠶᠢ ᠡᠭᠦᠳᠦᠭᠰᠡᠨ ᠵᠠᠯᠠᠭᠤ ᠴᠢᠳᠠᠪᠤᠷᠢᠲᠠᠨ 1᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ 4᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠷᠭᠠᠨ | ᠬᠥᠮᠦᠵᠢᠯ ᠤᠨ ᠲᠠᠪᠴᠠᠩ ᠤᠨ ᠰᠢᠨ᠎ᠡ ᠰᠣᠳᠣᠨ 5 ᠪᠣᠢ᠃ | | | | | | ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠨᠢ ᠬᠤᠶᠠᠳᠤᠭᠠᠷ ᠳᠡᠰ ᠤᠨ ᠳᠡᠭᠡᠳᠦ ᠰᠤᠷᠭᠠᠭᠤᠯᠢ 17 ᠶᠢ | ᠪᠠᠶᠢᠭᠤᠯᠵᠤ᠂ ᠵᠢᠩᠬᠢᠨᠢ ᠠᠩᠭᠢ ᠶᠢᠨ ᠲᠤᠰᠬᠠᠶ ᠮᠡᠷᠭᠡᠵᠢᠯ 37 ᠶᠢ ᠨᠡᠭᠡᠭᠡᠵᠦ᠂ ᠣᠲᠣ ᠥᠪᠡᠷᠲᠡᠭᠡᠨ ᠵᠠᠰᠠᠬᠤ | ᠣᠷᠣᠨ ᠤ ᠲᠠᠰ ᠤᠨ ᠨᠠᠷᠠᠲᠤ ᠲᠡᠮᠳᠡᠭᠲᠦ ᠶᠢᠨ ᠲᠤᠰᠬᠠᠶ ᠮᠡᠷᠭᠡᠵᠢᠯ 11᠂ ᠥᠪᠡᠷᠲᠡᠭᠡᠨ ᠵᠠᠰᠠᠬᠤ ᠣᠷᠣᠨ ᠤ ᠲᠠᠰ ᠤᠨ | ᠲᠡᠷᠢᠭᠦᠨ ᠲᠠᠰ ᠤᠨ ᠲᠤᠰᠬᠠᠶ ᠮᠡᠷᠭᠡᠵᠢᠯ 5᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠳᠣᠨ ᠬᠢᠴᠢᠶᠡᠯ 15᠂ | ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠠᠨ ᠰᠤᠷᠭᠠᠯᠲᠠ ᠶᠢᠨ ᠪᠦᠯᠬᠦᠮ 7᠂ ᠥᠪᠡᠷᠲᠡᠭᠡᠨ ᠵᠠᠰᠠᠬᠤ ᠣᠷᠣᠨ ᠤ | ᠲᠠᠰ ᠤᠨ ᠰᠦᠯᠵᠢᠶᠡᠨ ᠤ ᠨᠡᠭᠡᠭᠡᠯᠲᠡᠲᠦ ᠬᠢᠴᠢᠶᠡᠯ 10᠂ ᠤᠯᠤᠰ ᠤᠨ ᠳᠡᠰ ᠤᠨ ᠰᠦᠯᠵᠢᠶᠡᠨ ᠤ ᠪᠠ | ᠰᠦᠯᠵᠢᠶᠡᠨ ᠠᠴᠠ ᠭᠠᠳᠠᠭᠤᠷᠬᠢ ᠬᠤᠯᠢᠮᠠᠭ ᠮᠠᠶ᠋ᠢᠭ ᠤᠨ ᠲᠡᠷᠢᠭᠦᠨ ᠲᠠᠰ ᠤᠨ ᠬᠢᠴᠢᠶᠡᠯ 1 ᠪᠣᠶ᠃ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠭᠤᠣᠯᠳᠠᠯᠭᠠᠲᠠᠢ ᠲᠤᠷᠰᠢᠯᠲᠠ ᠶᠢᠨ ᠲᠠᠰᠤᠭ ᠢ | ᠪᠤᠶᠢᠵᠢᠭᠤᠯᠬᠤ ᠲᠥᠰᠦᠯ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭᠠᠲᠠᠢ ᠲᠤᠷᠰᠢᠯᠲᠠ ᠶᠢᠨ | ᠲᠠᠰᠤᠭ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠮᠵᠢᠯᠴᠠᠨ ᠰᠢᠨ᠎ᠡ ᠶᠢ ᠡᠭᠦᠳᠬᠦ ᠲᠥᠪ ᠤᠨ ᠭᠤᠤᠯ | ᠪᠦᠷᠢᠯᠳᠦᠬᠦᠨ ᠨᠢᠭᠡᠴᠢ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ | ᠳᠠᠭᠤᠷᠢᠶᠠᠯ ᠦᠵᠡᠭᠦᠯᠬᠦ ᠲᠥᠪ 2᠂ ᠭᠠᠵᠠᠷ ᠣᠷᠣᠨ ᠤ ᠠᠳᠠᠯᠢ ᠲᠠᠰ ᠤᠨ ᠬᠠᠮᠵᠢᠯᠴᠠᠨ ᠰᠢᠨ᠎ᠡ ᠶᠢ ᠡᠭᠦᠳᠬᠦ ᠲᠥᠪ | 1᠂ ᠰᠤᠷᠭᠠᠭᠤᠯᠢ ᠶᠢᠨ ᠲᠠᠰ ᠤᠨ ᠡᠷᠳᠡᠮ ᠰᠢᠨᠵᠢᠯᠡᠭᠡᠨ ᠤ ᠬᠦᠷᠢᠶᠡᠯᠡᠩ 23᠂ ᠰᠤᠷᠭᠠᠭᠤᠯᠢ ᠶᠢᠨ ᠲᠠᠰ ᠤᠨ | ᠭᠤᠣᠯᠳᠠᠯᠭᠠᠲᠠᠢ ᠲᠤᠷᠰᠢᠯᠲᠠ ᠶᠢᠨ ᠲᠠᠰᠤᠭ 2᠂ ᠰᠤᠷᠭᠠᠭᠤᠯᠢ ᠶᠢᠨ ᠲᠠᠰ ᠤᠨ ᠬᠥᠮᠦᠨ ᠨᠡᠶᠢᠭᠡᠮ ᠤᠨ ᠰᠢᠨᠵᠢᠯᠡᠬᠦ | ᠤᠬᠠᠭᠠᠨ ᠤ ᠰᠠᠭᠤᠷᠢᠨ 2᠂ ᠰᠤᠷᠭᠠᠭᠤᠯᠢ ᠶᠢᠨ ᠲᠠᠰ ᠤᠨ ᠬᠠᠮᠵᠢᠯᠴᠠᠨ ᠰᠢᠨ᠎ᠡ ᠶᠢ ᠡᠭᠦᠳᠬᠦ ᠲᠥᠪ 2 ᠪᠠᠶᠢᠵᠤ᠂ | ᠲᠣᠭᠤᠷᠢᠭ᠂ ᠭᠠᠵᠠᠷ ᠣᠷᠣᠨ᠂ ᠰᠤᠷᠭᠠᠭᠤᠯᠢ ᠶᠢᠨ ᠣᠯᠠᠨ ᠲᠡᠰᠲᠦ ᠡᠷᠳᠡᠮ ᠰᠢᠨᠵᠢᠯᠡᠭᠡᠨ ᠤ ᠰᠢᠨ᠎ᠡ ᠶᠢ ᠡᠭᠦᠳᠬᠦ | ᠳᠣᠭᠲᠠᠯᠴᠠᠭ᠎ᠠ ᠶᠢ ᠠᠩᠬ᠎ᠠ ᠠᠯᠬᠤᠮ ᠪᠦᠷᠢᠳᠦᠭᠦᠯᠪᠡ᠃ | | | | | | 2009 ᠣᠨ ᠠᠴᠠ ᠨᠠᠭᠠᠰᠢ᠂ ᠰᠤᠷᠭᠠᠭᠤᠯᠢ ᠶᠢᠨ ᠪᠠᠭᠰᠢ ᠨᠠᠷ ᠤᠨ ᠡᠭᠦᠷᠭᠡᠯᠡᠭᠰᠡᠨ ᠡᠷᠳᠡᠮ ᠰᠢᠨᠵᠢᠯᠡᠭᠡᠨ ᠤ | ᠲᠥᠰᠦᠯ 1054᠂ ᠡᠭᠦᠨ ᠳᠤ ᠤᠯᠤᠰ ᠤᠨ ᠳᠡᠰ ᠤᠨ ᠳᠥᠰᠦᠯ 10᠂ ᠮᠤᠵᠢ ᠪᠠ ᠶᠠᠮᠤᠨ ᠤ ᠲᠡᠰ ᠤᠨ ᠳᠥᠰᠦᠯ | 493 ᠪᠤᠢ︔ 3337 ᠬᠤᠪᠢ ᠡᠷᠳᠡᠮ ᠰᠢᠨᠵᠢᠯᠡᠭᠡᠨ ᠤ ᠥᠭᠦᠯᠡᠯ ᠨᠡᠶᠢᠲᠡᠯᠡᠭᠦᠯᠪᠡ︔ 453 ᠲᠤᠰᠬᠠᠶ ᠵᠣᠬᠢᠶᠠᠯ | ᠬᠡᠪᠯᠡᠭᠦᠯᠪᠡ︔ 102 ᠲᠤᠰᠬᠠᠶ ᠠᠰᠢᠭ ᠤᠨ ᠡᠷᠬᠡ ᠶᠢ ᠨᠢ ᠵᠥᠪᠰᠢᠶᠡᠷᠡᠪᠡ︔ ᠥᠪᠡᠷᠲᠡᠭᠡᠨ ᠵᠠᠰᠠᠬᠤ ᠣᠷᠣᠨ ᠤ ᠭᠦᠨ | ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠰᠠᠭ ᠤᠨ ᠣᠷᠳᠣᠨ ᠤ ᠨᠢᠭᠡᠳᠦᠭᠡᠷ ᠳᠡᠰ ᠤᠨ ᠱᠠᠩᠨᠠᠯ 1᠂ | ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 8 ᠶᠢ ᠬᠦᠷᠳᠡᠪᠡ︔ ᠥᠪᠡᠷᠲᠡᠭᠡᠨ ᠵᠠᠰᠠᠬᠤ | ᠣᠷᠣᠨ ᠤ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠱᠠᠩᠨᠠᠯ ᠤᠨ ᠨᠢᠭᠡᠳᠦᠭᠡᠷ ᠳᠡᠰ ᠤᠨ ᠱᠠᠩᠨᠠᠯ 2᠂ | ᠬᠤᠶᠠᠳᠤᠭᠠᠷ ᠳᠡᠰ ᠤᠨ ᠱᠠᠩᠨᠠᠯ 3 ᠶᠢ ᠭᠥᠷᠳᠡᠪᠡ︔ ᠤᠯᠠᠭᠠᠨᠴᠠᠪ ᠬᠤᠲᠠ ᠶᠢᠨ ᠠᠩᠬᠠᠳᠤᠭᠠᠷ ᠬᠤᠭᠤᠴᠠᠭᠠᠨ ᠤ | ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠵᠠᠰᠠᠭ ᠤᠨ ᠣᠷᠳᠣᠨ ᠤ | ᠨᠢᠭᠡᠳᠦᠭᠡᠷ ᠳᠡᠰ ᠤᠨ ᠱᠠᠩᠨᠠᠯ 2᠂ ᠬᠤᠶᠠᠳᠤᠭᠠᠷ ᠳᠡᠰ ᠤᠨ ᠱᠠᠩᠨᠠᠯ 6᠂ ᠭᠤᠷᠪᠠᠳᠤᠭᠠᠷ ᠳᠡᠰ ᠤᠨ ᠱᠠᠩᠨᠠᠯ 13 ᠶᠢ | ᠭᠥᠷᠳᠡᠪᠡ᠃ ︽ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ︾ ᠢ 2015 | ᠣᠨ ᠳᠤ ᠤᠯᠤᠰ ᠤᠨ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠶᠡᠷᠦᠩᠬᠡᠢ ᠳᠣᠪᠴᠢᠶᠠᠨ ᠠᠴᠠ ᠠᠩᠬᠠᠳᠠᠭᠴᠢ | ᠪᠦᠯᠦᠭ ᠤᠨ A ᠲᠦᠷᠦᠯ ᠤᠨ ᠡᠷᠳᠡᠮ ᠰᠢᠨᠵᠢᠯᠡᠭᠡᠨ ᠤ ᠰᠡᠳᠬᠦᠯ ᠢᠶᠠᠷ ᠦᠨᠡᠯᠡᠵᠦ᠂ 2016 ᠣᠨ ᠳᠤ ᠠᠩᠬᠠᠳᠤᠭᠠᠷ | ᠬᠤᠭᠤᠴᠠᠭᠠᠨ ᠤ ᠦᠪᠦᠷ ᠮᠤᠩᠭᠤᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠰᠡᠳᠬᠦᠯ ᠤᠨ ᠬᠡᠪᠯᠡᠯ ᠤᠨ | ᠴᠢᠨᠠᠷ ᠴᠢᠨᠰᠠᠭᠠᠨ ᠤ ᠰᠢᠯᠢᠳᠡᠭ ᠱᠠᠩᠨᠠᠯ ᠢ ᠭᠦᠷᠲᠡᠪᠡ᠃ | | | | | | ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠨᠢ ᠰᠤᠷᠭᠠᠭᠤᠯᠢ ᠪᠠᠶᠢᠭᠤᠯᠤᠭᠳᠠᠭᠰᠠᠨ 60 ᠭᠠᠷᠤᠶ ᠵᠢᠯ ᠤᠨ | ᠲᠤᠷᠰᠢ᠂ ᠬᠢᠯᠢ ᠬᠢᠵᠠᠭᠠᠷ ᠤᠨ ᠦᠨᠳᠤᠰᠤᠲᠠᠨ ᠤ ᠭᠠᠵᠠᠷ ᠤᠷᠤᠨ ᠳᠤ ᠰᠠᠭᠤᠷᠢᠯᠠᠵᠤ᠂ ︽ᠦᠨᠡᠨ ᠢ ᠪᠠᠷᠢᠮᠲᠠᠯᠠᠨ | ᠰᠢᠨ᠎ᠡ ᠶᠢ ᠡᠭᠦᠳᠴᠦ᠂ ᠪᠤᠰᠤᠳ ᠲᠤ ᠳᠠᠭᠤᠷᠢᠶᠠᠯ ᠦᠵᠡᠭᠦᠯᠬᠦ︾ ᠰᠤᠷᠭᠠᠭᠤᠯᠢ ᠶᠢᠨ ᠰᠤᠷᠭᠠᠯ ᠢ ᠦᠢᠯᠡᠳᠦᠯᠭᠡᠵᠢᠭᠦᠯᠵᠦ᠂ | ᠬᠢᠯᠢ ᠬᠢᠵᠠᠭᠠᠷ ᠣᠷᠣᠨ ᠤ ᠦᠨᠳᠤᠰᠤᠲᠠᠨ ᠤ ᠭᠠᠵᠠᠷ ᠤᠷᠤᠨ ᠤ ᠰᠠᠭᠤᠷᠢ ᠰᠤᠷᠭᠠᠨ ᠬᠥᠮᠦᠵᠢᠯ᠂ ᠦᠨᠳᠦᠰᠦᠲᠡᠨ ᠤ | ᠰᠤᠷᠭᠠᠨ ᠬᠥᠮᠦᠵᠢᠯ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠪᠣᠯᠤᠨ ᠨᠡᠶᠢᠭᠡᠮ ᠤᠨ ᠬᠥᠭᠵᠢᠯᠲᠡ ᠳᠤ | ᠢᠮᠠᠭᠲᠠ ᠭᠤᠶᠢᠪᠢᠰᠢ ᠦᠭᠡᠶ ᠦᠢᠯᠡᠴᠢᠯᠡᠵᠦ᠂ ︽ᠪᠠᠭᠤᠵᠤ ᠳᠡᠶᠢᠯᠬᠦ᠂ ᠦᠯᠡᠳᠡᠵᠦ ᠳᠡᠶᠢᠯᠬᠦ᠂ ᠬᠡᠷᠡᠭᠯᠡᠵᠦ ᠳᠡᠶᠢᠯᠬᠦ᠂ | ᠰᠠᠶᠢᠨ ᠠᠵᠢᠯᠯᠠᠭᠰᠠᠨ︾ 70000 ᠭᠠᠷᠤᠶ ᠡᠯ᠎ᠡ ᠲᠥᠷᠥᠯ ᠤᠨ ᠴᠢᠳᠠᠪᠤᠷᠢᠲᠠᠨ ᠢ ᠬᠥᠮᠦᠵᠢᠭᠦᠯᠵᠦ᠂ ᠤᠯᠤᠰ᠂ | ᠥᠪᠡᠷᠲᠡᠭᠡᠨ ᠵᠠᠰᠠᠬᠤ ᠣᠷᠣᠨ ᠣᠨᠴᠠᠭᠠᠶᠢᠯᠠᠨ ᠤᠯᠠᠭᠠᠨᠴᠠᠪ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ᠂ | ᠦᠨᠳᠤᠰᠤᠲᠠᠨ ᠤ ᠪᠦᠯᠭᠦᠮᠳᠡᠯ ᠳᠠᠪᠰᠢᠯᠲᠠ ᠪᠠ ᠬᠢᠯᠢ ᠬᠢᠵᠠᠭᠠᠷ ᠤᠨ ᠡᠶ᠎ᠡ ᠵᠣᠬᠢᠴᠠᠯ ᠪᠠ ᠠᠮᠤᠷ ᠲᠣᠭᠲᠠᠭᠤᠨ ᠳᠤ | ᠴᠢᠬᠤᠯᠠ ᠬᠤᠪᠢ ᠨᠡᠮᠡᠷᠢ ᠦᠵᠡᠭᠦᠯᠵᠦ᠂ ᠤᠯᠠᠭᠠᠨᠴᠠᠪ ᠤᠨ ᠰᠠᠭᠤᠷᠢ ᠰᠤᠷᠭᠠᠨ ᠬᠥᠮᠦᠵᠢᠯ᠂ ᠦᠨᠳᠦᠰᠦᠲᠡᠨ ᠤ | ᠰᠤᠷᠭᠠᠨ ᠬᠥᠮᠦᠵᠢᠯ ᠤᠨ ᠥᠯᠥᠭᠡᠶ ᠪᠠ ᠬᠤᠲᠠ ᠶᠢᠨ ᠣᠶᠤᠨ ᠤ ᠲᠥᠪ ᠬᠡᠮᠡᠭᠳᠡᠪᠡ᠃ | | | | | | ᠯᠢᠦ ᠶᠦᠨ ᠱᠠᠨ ᠨᠥᠬᠦᠷ ᠡᠬᠡ ᠰᠤᠷᠭᠠᠭᠤᠯᠢ ᠳᠤ ᠪᠠᠨ ︽ᠰᠢᠷᠭᠠᠭᠤ ᠪᠣᠶᠢᠵᠢᠭᠤᠯᠤᠭᠰᠠᠨ ᠰᠢᠯᠢᠳᠡᠭ | ᠰᠤᠷᠤᠭᠴᠢ ᠳᠡᠯᠡᠬᠡᠢ ᠳ᠋ᠠᠬᠢᠨ ᠳᠤ ᠲᠥᠭᠡᠵᠦ᠂ ᠰᠤᠷᠭᠠᠵᠤ ᠬᠥᠮᠥᠵᠢᠭᠦᠯᠦᠭᠰᠡᠨ ᠡᠷᠳᠡᠮᠲᠡᠨ ᠴᠢᠳᠠᠪᠤᠷᠢᠲᠠᠨ ᠲᠠᠯ᠎ᠠ | ᠨᠤᠲᠤᠭ ᠢ ᠳᠦᠭᠦᠷᠭᠡᠪᠡ︾ ᠭᠡᠰᠡᠨ ᠪᠢᠴᠢᠭᠡᠰᠦ ᠪᠢᠴᠢᠵᠦ ᠥᠭᠴᠡᠶ᠃ | | | | | | | |