| | ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠵᠤ ᠪᠠᠶᠢᠨ᠎ᠠ᠃ | ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ | — ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ | | | | | | | ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ | 1959 ᠣᠨ ᠳᠤ ᠪᠠᠶᠢᠭᠤᠯᠤᠭᠳᠠᠵᠤ᠂ ᠤᠤᠯ ᠳᠤ ᠪᠠᠨ ᠤᠯᠠᠭᠠᠨᠴᠠᠪ ᠠᠶᠢᠮᠠᠭ ᠤᠨ ᠡᠷᠡᠭᠦᠯ ᠬᠠᠮᠠᠭᠠᠯᠠᠯ ᠤᠨ | ᠰᠤᠷᠭᠠᠭᠤᠯᠢ ᠭᠡᠵᠦ ᠨᠡᠷᠡᠶᠢᠳᠴᠦ᠂ 2009 ᠣᠨ ᠳᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ | ᠪᠣᠯᠵᠠᠢ᠃ ᠰᠤᠷᠭᠠᠭᠤᠯᠢ ᠨᠢ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠲᠤ | ᠪᠠᠶᠢᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷᠢ ᠶᠢᠨ ᠭᠠᠭᠴᠠ ᠠᠯᠪᠠᠨ ᠠᠴᠠ | ᠡᠷᠭᠢᠯᠡᠭᠰᠡᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠣᠯᠤᠨ᠎ᠠ᠃ | ᠰᠤᠷᠭᠠᠭᠤᠯᠢ ᠶᠢᠨ ᠶᠡᠷᠦᠩᠬᠡᠢ ᠵᠠᠬᠢᠷᠭ᠎ᠠ᠂ ᠬᠠᠷᠢᠶᠠᠲᠤ ᠡᠮᠨᠡᠯᠭᠡ ᠶᠢᠨ ᠬᠤᠷᠢᠶ᠎ᠠ ᠭᠡᠬᠦ ᠬᠤᠶᠠᠷ ᠬᠡᠰᠡᠭ ᠢᠶᠠᠷ | ᠪᠦᠷᠢᠯᠳᠦᠵᠦ᠂ ᠡᠩ ᠤᠨ ᠲᠤᠰᠬᠠᠢ ᠮᠡᠷᠭᠡᠵᠢᠯ ᠤᠨ ᠰᠤᠷᠭᠠᠨ ᠬᠥᠮᠦᠵᠢᠯ ᠢᠶᠠᠷ ᠭᠤᠣᠯᠯᠠᠭᠤᠯᠵᠤ᠂ ᠲᠠᠪᠤᠨ ᠵᠢᠯ ᠤᠨ | ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ | ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠥᠷᠭᠡᠳᠬᠡᠨ ᠡᠯᠰᠡᠭᠰᠡᠨ ᠰᠤᠷᠭᠠᠨ ᠬᠥᠮᠦᠵᠢᠯ ᠪᠠ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠢᠶᠠᠷ ᠬᠠᠪᠰᠤᠷᠤᠮᠵᠢ ᠪᠣᠯᠭᠠᠵᠤ᠂ ᠠᠵᠢᠯ ᠮᠡᠷᠭᠡᠵᠢᠯ ᠤᠨ ᠪᠣᠯᠪᠠᠰᠤᠷᠠᠯ ᠢ | ᠬᠠᠮᠲᠤ ᠳᠤ ᠨᠢ ᠬᠠᠷᠠᠭᠠᠯᠵᠠᠵᠤ᠂ ᠤᠯᠠᠨ ᠲᠤᠰᠬᠠᠢ ᠮᠡᠷᠭᠡᠵᠢᠯ᠂ ᠤᠯᠠᠨ ᠲᠡᠰ ᠳᠠᠪᠬᠤᠷᠭ᠎ᠠ᠂ ᠤᠯᠠᠨ ᠡᠰᠢᠴᠢᠯᠡᠭᠰᠡᠨ | ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠪᠣᠯᠤᠨ᠎ᠠ᠃ | | | | | | ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ | ᠪᠠᠶᠢᠭᠤᠯᠤᠭᠳᠠᠭᠰᠠᠨ 60 ᠭᠠᠷᠤᠶ ᠵᠢᠯ ᠳᠤ᠂ ᠰᠤᠷᠭᠠᠭᠤᠯᠢ ᠶᠢᠨ ᠶᠡᠷᠦᠩᠬᠡᠶ ᠲᠠᠯᠠᠪᠠᠶ 35 ᠲᠦᠮᠡᠨ ᠲᠡᠭᠰᠢ | ᠳᠥᠷᠪᠡᠯᠵᠢᠨ ᠮᠧᠲᠷ ᠲᠤ ᠬᠦᠷᠴᠦ᠂ ᠰᠤᠷᠭᠠᠭᠤᠯᠢ ᠳᠤ ᠣᠲᠣ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ | ᠪᠠᠶᠢᠭ᠎ᠠ ᠰᠣᠷᠣᠭᠴᠢ 6500᠂ ᠲᠤᠰᠬᠠᠶ ᠪᠠᠭᠰᠢ 280᠂ ᠳᠡᠭᠡᠳᠦ ᠳᠡᠰ ᠤᠨ ᠮᠡᠷᠭᠡᠵᠢᠯ ᠤᠨ ᠴᠤᠯᠠᠲᠠᠢ ᠪᠠᠭᠰᠢ | 120᠂ ᠬᠤᠤᠰ ᠮᠡᠷᠭᠡᠵᠢᠯ ᠤᠨ ᠪᠠᠭᠰᠢ 75᠂ ᠮᠠᠰᠲ᠋ᠧᠷ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠭᠰᠢ 97 | ᠪᠣᠶ᠃ ᠪᠠᠭᠰᠢ ᠶᠢᠨ ᠡᠩᠨᠡᠭᠡᠨ ᠳᠤ ᠪᠥᠬᠦ ᠤᠯᠤᠰ ᠤᠨ ᠰᠢᠯᠭᠠᠷᠠᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠪᠥᠬᠦ | ᠤᠯᠤᠰ ᠤᠨ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠡᠷᠡᠭᠦᠯ ᠮᠡᠨᠳᠦ ᠪᠠ ᠨᠡᠶᠢᠭᠡᠮ ᠤᠨ | ᠬᠠᠷᠠᠭᠠᠯᠵᠠᠨ ᠠᠰᠠᠷᠠᠬᠤ ᠲᠥᠰᠦᠯ︾ ᠤᠨ ᠬᠢᠨᠠᠭᠴᠢ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠵᠢᠭᠠᠨ | ᠰᠤᠷᠭᠠᠯᠲᠠ ᠶᠢᠨ ᠨᠠᠷᠠᠲᠤ ᠪᠠᠭᠰᠢ᠂ ᠵᠢᠭᠠᠨ ᠰᠤᠷᠭᠠᠯᠲᠠ ᠶᠢᠨ ᠪᠦᠯᠬᠦᠮ ᠨᠡᠶᠢᠲᠡ᠂ ᠲᠤᠰᠬᠠᠶ ᠮᠡᠷᠭᠡᠵᠢᠯ ᠤᠨ | ᠳᠠᠭᠠᠭᠤᠯᠤᠭᠴᠢ ᠵᠡᠷᠭᠡ ᠪᠣᠶ᠃ | | | | | | ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠨᠢ | ᠠᠰᠠᠷᠠᠨ ᠰᠤᠪᠢᠯᠠᠬᠤ᠂ ᠡᠬᠡ ᠪᠠᠷᠢᠬᠤ᠂ ᠡᠮᠴᠢᠯᠡᠭᠡᠨ ᠤ ᠠᠨᠠᠭᠠᠬᠤ ᠤᠬᠠᠭᠠᠨ᠂ ᠠᠨᠠᠭᠠᠬᠤ ᠤᠬᠠᠭᠠᠨ ᠤ ᠰᠡᠭᠦᠳᠡᠷᠯᠡᠬᠦ | ᠮᠡᠷᠭᠡᠵᠢᠯ᠂ ᠬᠠᠷᠠᠭᠠᠨ ᠰᠡᠷᠡᠯ ᠤᠨ ᠬᠡᠷᠡᠯ ᠤᠨ ᠮᠡᠷᠭᠡᠵᠢᠯ᠂ ᠬᠢᠲᠠᠳ ᠠᠨᠠᠭᠠᠬᠤ ᠤᠬᠠᠭᠠᠨ᠂ ᠮᠣᠩᠭᠤᠯ ᠠᠨᠠᠭᠠᠬᠤ | ᠤᠬᠠᠭᠠᠨ᠂ ᠡᠷᠡᠭᠦᠯᠵᠢᠭᠦᠯᠬᠦ ᠡᠮᠴᠢᠯᠡᠭᠡᠨ ᠤ ᠮᠡᠷᠭᠡᠵᠢᠯ᠂ ᠡᠮ ᠤᠨ ᠤᠬᠠᠭᠠᠨ᠂ ᠠᠨᠠᠭᠠᠬᠤ ᠤᠬᠠᠭᠠᠨ ᠤ ᠰᠢᠯᠭᠠᠨ | ᠪᠠᠶᠢᠴᠠᠭᠠᠬᠤ ᠮᠡᠷᠭᠡᠵᠢᠯ᠂ ᠡᠮ ᠤᠨ ᠵᠦᠢᠯ ᠤᠨ ᠡᠵᠡᠩᠨᠡᠯᠲᠡ ᠪᠠ ᠬᠠᠮᠢᠶᠠᠷᠤᠯᠲᠠ ᠵᠡᠷᠭᠡ 11 ᠲᠤᠰᠬᠠᠶ ᠮᠡᠷᠭᠡᠵᠢᠯ ᠢ | ᠨᠡᠭᠡᠭᠡᠭᠰᠡᠨ ᠪᠠᠶᠢᠨ᠎ᠠ᠃ ᠰᠤᠪᠢᠯᠠᠬᠤ ᠲᠤᠰᠬᠠᠶ ᠮᠡᠷᠭᠡᠵᠢᠯ ᠪᠣᠯ ᠰᠤᠷᠭᠠᠭᠤᠯᠢ ᠶᠢᠨ ᠭᠤᠣᠯᠳᠠᠯᠭᠠᠲᠠᠢ ᠲᠤᠰᠬᠠᠶ ᠮᠡᠷᠭᠡᠵᠢᠯ᠂ | ᠡᠷᠡᠭᠦᠯᠵᠢᠭᠦᠯᠬᠦ ᠡᠮᠴᠢᠯᠡᠭᠡᠨ ᠤ ᠮᠡᠷᠭᠡᠵᠢᠯ ᠤᠨ ᠲᠤᠰᠬᠠᠶ ᠮᠡᠷᠭᠡᠵᠢᠯ ᠪᠣᠯ ᠥᠪᠡᠷᠲᠡᠭᠡᠨ ᠵᠠᠰᠠᠬᠤ ᠣᠷᠣᠨ ᠤ | ᠭᠤᠤᠯᠯᠠᠭᠴᠢ ᠲᠤᠰᠬᠠᠶ ᠮᠡᠷᠭᠡᠵᠢᠯ᠂ ᠮᠣᠩᠭᠤᠯ ᠡᠮᠨᠡᠯᠭᠡ ᠶᠢᠨ ᠲᠤᠰᠬᠠᠶ ᠮᠡᠷᠭᠡᠵᠢᠯ ᠪᠣᠯ ᠣᠨᠴᠠᠯᠢᠭᠲᠤ ᠲᠤᠰᠬᠠᠶ | ᠮᠡᠷᠭᠡᠵᠢᠯ ᠪᠣᠯᠤᠨ᠎ᠠ᠃ ︽ᠡᠬᠡ ᠨᠢᠯᠬᠠᠰ ᠤᠨ ᠰᠤᠪᠢᠯᠠᠯᠲᠠ︾᠂ ︽ᠨᠠᠰᠤᠲᠠᠶᠢᠴᠤᠳ ᠢ ᠬᠠᠷᠠᠭᠠᠯᠵᠠᠨ ᠠᠰᠠᠷᠠᠬᠤ︾ ᠪᠠ | ︽ᠬᠥᠳᠡᠯᠭᠡᠭᠡᠨ ᠪᠠ ᠰᠢᠮ᠎ᠡ ᠲᠡᠵᠢᠭᠡᠯ ᠤᠨ ᠵᠥᠪᠯᠡᠯᠭᠡ ᠪᠠ ᠵᠢᠯᠣᠭᠤᠳᠬᠤ ᠤᠷ᠎ᠠ ᠴᠢᠳᠠᠪᠤᠷᠢ︾ ᠨᠢ ᠰᠤᠷᠭᠠᠨ | ᠬᠥᠮᠦᠵᠢᠯ ᠤᠨ ᠶᠠᠮᠤᠨ ᠤ ︽1 + x︾ ᠠᠵᠢᠯ ᠮᠡᠷᠭᠡᠵᠢᠯ ᠤᠨ ᠴᠢᠳᠠᠪᠤᠷᠢ ᠶᠢᠨ ᠳᠡᠰ ᠤᠨ ᠰᠢᠯᠭᠠᠯᠲᠠ ᠶᠢᠨ ᠰᠠᠭᠤᠷᠢᠨ᠂ | ᠰᠤᠷᠭᠠᠭᠤᠯᠢ ᠨᠢ ᠤᠯᠠᠭᠠᠨᠴᠠᠪ ᠬᠤᠲᠠ ᠶᠢᠨ ᠤᠯᠤᠰ ᠤᠨ ᠠᠵᠢᠯ ᠡᠷᠭᠢᠯᠡᠬᠦ ᠡᠮᠴᠢ ᠶᠢᠨ ᠦᠢᠯᠡᠳᠦᠯᠭᠡ ᠶᠢᠨ ᠴᠢᠳᠠᠪᠤᠷᠢ | ᠶᠢ ᠬᠢᠨᠠᠨ ᠰᠢᠯᠭᠠᠬᠤ ᠰᠠᠭᠤᠷᠢᠨ᠂ ᠤᠯᠠᠭᠠᠨᠴᠠᠪ ᠬᠤᠲᠠ ᠶᠢᠨ ᠠᠵᠢᠯ ᠲᠥᠷᠥᠯ ᠤᠨ ᠠᠵᠢᠯ ᠮᠡᠷᠭᠡᠵᠢᠯ ᠤᠨ | ᠴᠢᠳᠠᠪᠤᠷᠢ ᠶᠢᠨ ᠤᠷᠤᠯᠳᠤᠭᠠᠨ ᠤ ᠰᠠᠭᠤᠷᠢᠨ ᠭᠠᠵᠠᠷ ᠪᠣᠯᠤᠨ᠎ᠠ᠃ | | | | | | ᠬᠠᠷᠢᠶᠠᠲᠤ ᠡᠮᠨᠡᠯᠭᠡ ᠶᠢᠨ ᠬᠤᠷᠢᠶ᠎ᠠ ᠪᠣᠯ ᠡᠮᠴᠢᠯᠡᠭᠡ᠂ ᠵᠢᠭᠠᠨ ᠰᠤᠷᠭᠠᠯᠲᠠ ᠶᠢ ᠨᠢᠭᠡ ᠴᠣᠭᠴᠠᠵᠢᠭᠤᠯᠤᠭᠰᠠᠨ | ᠬᠤᠶᠠᠳᠤᠭᠠᠷ ᠳᠡᠰ ᠤᠨ ᠬᠥᠬᠡ ᠲᠡᠰ ᠤᠨ ᠡᠮᠨᠡᠯᠭᠡ ᠶᠢᠨ ᠬᠤᠷᠢᠶ᠎ᠠ᠂ ᠡᠮᠨᠡᠯᠭᠡ ᠶᠢᠨ ᠬᠤᠷᠢᠶᠠᠨ ᠤ ᠡᠵᠡᠯᠡᠬᠦ ᠲᠠᠯᠠᠪᠠᠶ ᠨᠢ | 2 . 7 ᠲᠦᠮᠡᠨ ᠲᠡᠭᠰᠢ ᠳᠥᠷᠪᠡᠯᠵᠢᠨ ᠮᠧᠲᠷ᠂ ᠭᠡᠷ ᠪᠠᠷᠢᠯᠭ᠎ᠠ ᠶᠢᠨ ᠲᠠᠯᠠᠪᠠᠶ ᠨᠢ 1 . 28 ᠲᠦᠮᠡᠨ ᠲᠡᠭᠰᠢ | ᠳᠥᠷᠪᠡᠯᠵᠢᠨ ᠮᠧᠲᠷ᠂ ᠡᠪᠡᠳᠴᠢᠲᠡᠨ ᠤ ᠣᠷᠣ 200 ᠪᠣᠢ᠃ ᠤᠳᠤ ᠠᠵᠢᠯᠳᠠᠨ ᠠᠵᠢᠯᠴᠢᠨ 237 ᠪᠠᠶᠢᠵᠤ᠂ | ᠡᠭᠦᠨ ᠳᠤ ᠳᠡᠳ᠋ ᠳᠡᠭᠡᠳᠦ ᠳᠡᠰ ᠤᠨ ᠮᠡᠷᠭᠡᠵᠢᠯ ᠤᠨ ᠴᠣᠯᠠ ᠠᠴᠠ ᠳᠡᠭᠡᠭᠰᠢᠬᠢ ᠮᠡᠷᠭᠡᠵᠢᠯ ᠤᠨ ᠴᠤᠯᠠᠲᠠᠢ ᠪᠠᠭᠰᠢ 50 | ᠪᠤᠢ᠃ ᠡᠮᠨᠡᠯᠭᠡ ᠶᠢᠨ ᠬᠤᠷᠢᠶᠠᠨ ᠳᠤ ᠶᠠᠰᠤᠨ ᠤ ᠰᠠᠯᠠᠭ᠎ᠠ᠂ ᠬᠠᠯᠠᠭᠠᠭᠰᠠᠨ ᠰᠢᠷᠬ᠎ᠠ᠂ ᠳᠣᠲᠣᠷ ᠰᠠᠯᠠᠭ᠎ᠠ᠂ ᠡᠬᠡ ᠪᠠᠷᠢᠬᠤ᠂ | ᠡᠩ ᠤᠨ ᠭᠠᠳᠠᠷ ᠰᠠᠯᠠᠭ᠎ᠠ᠂ ᠲᠠᠪᠤᠨ ᠡᠷᠬᠡᠲᠡᠨ ᠤ ᠰᠠᠯᠠᠭ᠎ᠠ ᠵᠡᠷᠭᠡ 23 ᠡᠮᠴᠢᠯᠡᠭᠡ᠂ ᠡᠮᠴᠢᠯᠡᠭᠡᠨ ᠤ ᠮᠡᠷᠭᠡᠵᠢᠯ ᠤᠨ | ᠰᠠᠯᠠᠭ᠎ᠠ ᠲᠠᠰᠤᠭ ᠢ ᠲᠣᠬᠢᠷᠠᠭᠤᠯᠵᠤ᠂ ᠡᠭᠦᠨ ᠳᠤ ᠶᠠᠰᠤᠨ ᠤ ᠰᠠᠯᠠᠭ᠎ᠠ᠂ ᠬᠠᠯᠠᠭᠠᠭᠰᠠᠨ ᠰᠢᠷᠬ᠎ᠠ᠂ ᠡᠮᠡᠭᠲᠡᠶ ᠶᠢᠨ | ᠰᠠᠯᠠᠭ᠎ᠠ ᠨᠢ ᠪᠦᠬᠦ ᠬᠤᠲᠠ ᠳᠤ ᠨᠡᠷ᠎ᠡ ᠠᠯᠳᠠᠷᠰᠢᠭᠰᠠᠨ ᠪᠠᠶᠢᠨ᠎ᠠ᠃ | | | | | | ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠨᠢ | ᠨᠡᠭᠡᠭᠡᠯᠲᠡᠲᠦ ᠰᠤᠷᠭᠠᠭᠤᠯᠢ ᠡᠷᠭᠢᠯᠡᠬᠦ᠂ ᠡᠮᠴᠢᠯᠡᠭᠡ ᠪᠠ ᠰᠤᠷᠭᠠᠨ ᠬᠥᠮᠦᠵᠢᠯ ᠢ ᠠᠭᠤᠰᠠᠬᠬᠤ᠂ ᠰᠤᠷᠭᠠᠭᠤᠯᠢ ᠪᠠ ᠠᠵᠤ | ᠠᠬᠤᠶᠢᠯᠠᠯ ᠬᠠᠮᠲᠤᠷᠠᠬᠤ᠂ ᠵᠣᠬᠢᠴᠠᠭᠤᠯᠤᠨ ᠬᠥᠮᠦᠨ ᠢ ᠬᠥᠮᠦᠵᠢᠭᠦᠯᠬᠦ ᠰᠤᠷᠭᠠᠭᠤᠯᠢ ᠡᠷᠭᠢᠯᠡᠬᠦ ᠣᠨᠣᠯᠵᠢᠬᠤᠨ ᠢ | ᠢᠮᠠᠭᠲᠠ ᠪᠠᠷᠢᠮᠲᠠᠯᠠᠵᠤ᠂ ᠤᠯᠠᠭᠠᠨ ᠭᠤᠸᠠᠵᠢᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠠᠴᠠ | ᠰᠤᠷᠭᠠᠭᠤᠯᠢ ᠳᠤ ᠪᠣᠯᠪᠠᠰᠤᠷᠠᠭᠤᠯᠤᠯ ᠬᠢᠬᠦ᠂ ᠠᠵᠢᠯ ᠣᠯᠭᠤᠯᠲᠠ ᠶᠢ ᠠᠬᠢᠭᠤᠯᠬᠤ᠂ ᠬᠡᠷ ᠤᠨ ᠶᠠᠪᠤᠳᠠᠯ ᠡᠷᠭᠢᠯᠡᠬᠦ ᠶᠢ | ᠨᠠᠶᠢᠳᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠳᠡᠰ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ | ᠭᠠᠵᠠᠷ ᠪᠣᠯᠤᠨ᠎ᠠ᠃ ᠪᠡᠭᠡᠵᠢᠩ᠂ ᠲᠢᠶᠠᠨᠵᠢᠨ᠂ ᠬᠥᠬᠡᠬᠤᠲᠠ ᠵᠡᠷᠭᠡ ᠣᠷᠣᠨ ᠤ ᠳᠣᠲᠣᠷ᠎ᠠ ᠭᠠᠳᠠᠨᠠᠬᠢ 30 ᠭᠠᠷᠤᠶ | ᠠᠵᠢᠯ ᠲᠥᠷᠥᠯ ᠤᠨ ᠡᠮᠨᠡᠯᠭᠡ ᠶᠢᠨ ᠬᠤᠷᠢᠶ᠎ᠠ ᠯᠤᠭ᠎ᠠ ᠤᠷᠲᠤ ᠬᠤᠭᠤᠴᠠᠭᠠᠨ ᠤ ᠲᠣᠭᠲᠠᠭᠤᠨ ᠬᠤᠷᠰᠢᠶᠠᠯᠠᠬᠤ | ᠬᠠᠷᠢᠴᠠᠭ᠎ᠠ ᠶᠢ ᠪᠠᠶᠢᠭᠤᠯᠪᠠ᠃ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠬᠠᠷᠢᠶᠠᠲᠤ ᠡᠷᠡᠭᠦᠯ | ᠬᠠᠮᠠᠭᠠᠯᠠᠯ ᠤᠨ ᠰᠤᠷᠭᠠᠭᠤᠯᠢ ᠯᠤᠭ᠎ᠠ ᠠᠨᠠᠭᠠᠬᠤ ᠤᠬᠠᠭᠠᠨ ᠤ ᠰᠡᠭᠦᠳᠡᠷᠯᠡᠬᠦ ᠮᠡᠷᠭᠡᠵᠢᠯ ᠤᠨ ᠬᠠᠮᠲᠤᠷᠠᠨ ᠰᠤᠷᠭᠠᠭᠤᠯᠢ | ᠡᠷᠭᠢᠯᠡᠬᠦ ᠶᠢ ᠥᠷᠨᠢᠭᠦᠯᠵᠦ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠥᠪᠥᠷ | ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂ | ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠰᠤᠷᠭᠠᠭᠤᠯᠢ ᠯᠤᠭ᠎ᠠ ᠬᠠᠮᠲᠤᠷᠠᠨ | ᠠᠵᠢᠯᠯᠠᠵᠤ᠂ 11 ᠲᠤᠰᠬᠠᠶ ᠮᠡᠷᠭᠡᠵᠢᠯ ᠠᠴᠠ ᠲᠡᠭᠦᠰᠦᠭᠰᠡᠳ ᠨᠥᠬᠦᠴᠡᠯ ᠳᠤ ᠨᠡᠶᠢᠴᠡᠪᠡᠯ ᠴᠥᠮ ᠲᠤᠰᠬᠠᠶ | ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠦ ᠰᠢᠯᠭᠠᠯᠲᠠ ᠳᠤ ᠣᠷᠣᠯᠴᠠᠵᠤ᠂ ᠬᠢᠷᠢ ᠲᠡᠩᠴᠡᠪᠡᠯ ᠬᠤᠷᠰᠢᠶᠠᠯᠠᠭᠰᠠᠨ | ᠳᠡᠭᠡᠳᠦ ᠰᠤᠷᠭᠠᠭᠤᠯᠢ ᠳᠤ ᠳᠡᠪᠰᠢᠭᠦᠯᠦᠨ ᠵᠢᠩᠬᠢᠨᠢ ᠠᠩᠭᠢ ᠳᠤ ᠰᠤᠷᠤᠯᠴᠠᠭᠤᠯᠤᠨ᠎ᠠ᠃ ᠣᠶᠢᠷ᠎ᠠ ᠶᠢᠨ ᠭᠤᠷᠪᠠᠨ | ᠵᠢᠯ ᠳᠤ ᠲᠡᠭᠦᠰᠦᠭᠰᠡᠳ ᠤᠨ ᠨᠢᠭᠡ ᠯᠡ ᠤᠳᠠᠭᠠᠨ ᠤ ᠠᠵᠢᠯ ᠣᠯᠭᠤᠯᠲᠠ ᠶᠢᠨ ᠨᠣᠷᠮ᠎ᠠ 85 % ᠶᠢ ᠳᠠᠪᠠᠪᠠ᠃ | | | | | | ᠢᠷᠡᠭᠡᠳᠦᠢ ᠳᠤ ᠬᠠᠨᠳᠤᠵᠤ᠂ ᠰᠤᠷᠭᠠᠭᠤᠯᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ | ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠪᠡ᠃ ︽ᠵᠣᠷᠢᠭ | ᠰᠢᠭᠤᠳᠬᠤ᠂ ᠨᠠᠷᠢᠯᠢᠭ ᠡᠮᠨᠡᠬᠦ᠂ ᠶᠣᠰᠣ ᠰᠤᠷᠲᠠᠬᠤᠨ ᠢ ᠬᠥᠮᠥᠵᠢᠭᠦᠯᠬᠦ᠂ ᠰᠢᠨ᠎ᠡ ᠶᠢ ᠡᠭᠦᠳᠬᠦ︾ ᠰᠤᠷᠭᠠᠭᠤᠯᠢ ᠶᠢᠨ | ᠰᠤᠷᠭᠠᠯ ᠢ ᠦᠷᠭᠦᠯᠵᠢᠯᠡᠨ ᠪᠠᠳᠠᠷᠠᠭᠤᠯᠵᠤ᠂ ︽ᠬᠠᠷᠠᠮᠰᠠᠯ ᠥᠬᠡᠶ ᠰᠣᠩᠭᠤᠯᠲᠠ᠂ ᠴᠥᠬᠦᠷᠡᠰᠢ ᠥᠬᠡᠶ ᠴᠢᠷᠮᠠᠶᠢᠯᠲᠠ︾ ᠭᠡᠬᠦ | ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠡᠭᠦᠳᠡ ᠪᠠᠨ ᠨᠡᠭᠡᠭᠡᠵᠦ | ᠰᠤᠷᠭᠠᠭᠤᠯᠢ ᠡᠷᠭᠢᠯᠡᠬᠦ᠂ ᠠᠭᠤᠯᠤᠭᠳᠠᠬᠤᠨ ᠤ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠴᠢᠳᠠᠪᠤᠷᠢᠲᠠᠨ ᠢᠶᠠᠷ | ᠰᠤᠷᠭᠠᠭᠤᠯᠢ ᠪᠠᠨ ᠬᠦᠴᠦᠷᠬᠡᠭᠵᠢᠭᠦᠯᠬᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠢᠶᠠᠷ | ᠰᠤᠷᠭᠠᠭᠤᠯᠢ ᠪᠠᠨ ᠮᠠᠨᠳᠤᠭᠤᠯᠬᠤ ᠢᠨᠵᠧᠨᠧᠷᠢᠩ ᠢ ᠭᠦᠨᠵᠡᠭᠡᠶ ᠠᠬᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ | ᠲᠤᠰᠬᠠᠶ ᠮᠡᠷᠭᠡᠵᠢᠯ ᠤᠨ ᠠᠭᠤᠯᠤᠭᠳᠠᠬᠤᠨ ᠤ ᠪᠠᠶᠢᠭᠤᠯᠤᠯᠲᠠ ᠪᠠ ᠳᠣᠲᠣᠭᠠᠳᠤ ᠶᠢᠨ ᠬᠠᠮᠢᠶᠠᠷᠤᠯᠲᠠ ᠶᠢ | ᠳᠡᠭᠡᠭᠰᠢᠯᠡᠭᠦᠯᠬᠦ ᠶᠢ ᠶᠡᠭᠡ ᠪᠠᠷ ᠴᠢᠩᠭᠠᠳᠬᠠᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠡᠮ | ᠡᠮᠨᠡᠯᠭᠡ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶ ᠥᠷᠨᠢᠭᠦᠯᠵᠦ᠂ ᠣᠷᠣᠨ ᠨᠤᠲᠤᠭ ᠤᠨ ᠠᠵᠤ ᠠᠬᠤᠶ | ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠦᠢᠯᠡᠴᠢᠯᠡᠪᠡ᠃ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠮᠡᠬᠡᠶᠢᠯᠡᠨ | ᠤᠷᠤᠭᠰᠢᠯᠠᠵᠤ᠂ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ | ᠰᠤᠷᠭᠠᠭᠤᠯᠢ ᠶᠢᠨ ᠬᠥᠭᠵᠢᠯᠲᠡ ᠪᠠ ᠪᠥᠲᠥᠭᠡᠨ ᠪᠠᠶᠢᠭᠤᠯᠤᠯᠲᠠ ᠶᠢᠨ ᠰᠢᠨ᠎ᠡ ᠬᠡᠷᠡᠯ ᠰᠠᠴᠤᠷᠠᠩᠭᠤᠶ ᠠᠮᠵᠢᠯᠲᠠ ᠶᠢ | ᠴᠢᠷᠮᠠᠶᠢᠨ ᠡᠭᠦᠳᠴᠦ ᠪᠠᠶᠢᠨ᠎ᠠ᠃ | | | | | | | |