ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠳᠠᠭᠤᠤ︾ ᠬᠠᠩᠭᠢᠨᠠᠨᠠᠮ
ᠨᠡᠶᠢᠲᠡᠯᠡᠭᠰᠡᠨ ᠴᠠᠭ᠄
2021/7/1
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      —︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠳᠠᠭᠤᠤ︾       ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠥᠪᠥᠷ ᠮᠣᠩᠭᠤᠯ ᠤᠨ ᠴᠠᠭᠳᠠᠭ᠎ᠠ ᠶᠢᠨ ᠪᠣᠯᠪᠠᠰᠤᠷᠠᠯ ᠤᠨ ᠶᠡᠷᠦᠩᠬᠡᠶ ᠠᠩᠭᠢ︶᠎ ᠨᠢ ᠤᠮᠠᠷᠠᠲᠤ ᠬᠢᠯᠢ ᠶᠢᠨ ᠳᠣᠲᠣᠭᠠᠳᠤ ᠶᠢ ᠬᠠᠮᠠᠭᠠᠯᠠᠭᠴᠢᠳ ᠤᠨ ᠥᠯᠥᠭᠡᠶ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠴᠣᠷᠢ ᠶᠢᠨ ᠭᠠᠭᠴᠠ ᠳᠣᠲᠣᠭᠠᠳᠤ ᠶᠢ ᠬᠠᠮᠠᠭᠠᠯᠠᠬᠤ ᠤᠯᠤᠰ ᠲᠥᠷᠥ ᠬᠠᠤᠯᠢ ᠴᠠᠭᠠᠵᠠ ᠶᠢᠨ ᠲᠥᠷᠥᠯ ᠤᠨ ᠳᠡᠭᠡᠳᠦ ᠰᠤᠷᠭᠠᠭᠤᠯᠢ ᠪᠣᠯᠤᠨ᠎ᠠ᠂ ᠳᠣᠲᠣᠭᠠᠳᠤ ᠶᠢ ᠬᠠᠮᠠᠭᠠᠯᠠᠬᠤ ᠴᠤᠪᠤᠷᠠᠯ ᠳᠤ ᠵᠢᠭᠰᠠᠭᠠᠭᠳᠠᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠣᠳᠠᠲᠤ ᠬᠡᠷᠡᠭᠯᠡᠭᠡᠨ ᠤ ᠬᠡᠯᠪᠡᠷᠢᠲᠦ ᠴᠢᠳᠠᠪᠤᠷᠢᠲᠠᠨ ᠤ ᠬᠥᠮᠥᠵᠢᠭᠦᠯᠦᠯ᠂ ᠲᠤᠰᠢᠶᠠᠯ ᠳᠤ ᠪᠠᠶᠢᠭ᠎ᠠ ᠠᠷᠠᠳ ᠤᠨ ᠴᠠᠭᠳᠠᠭᠠᠨ ᠤ ᠪᠣᠯᠪᠠᠰᠤᠷᠠᠭᠤᠯᠤᠯ᠂ ᠳᠣᠲᠣᠭᠠᠳᠤ ᠶᠢ  ᠬᠠᠮᠠᠭᠠᠯᠠᠬᠤ ᠣᠨᠣᠯ ᠤᠨ ᠰᠤᠳᠤᠯᠭᠠᠨ ᠪᠠ ᠴᠢᠬᠤᠯᠠ ᠶᠡᠭᠡ ᠠᠮᠤᠷ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠡᠭᠦᠷᠭᠡ ᠴᠢᠳᠠᠮᠵᠢ ᠶᠢ ᠡᠭᠦᠷᠭᠡᠯᠡᠵᠦ ᠪᠠᠶᠢᠨ᠎ᠠ᠃ ᠰᠤᠷᠭᠠᠭᠤᠯᠢ ᠶᠢᠨ  ᠪᠠᠭᠰᠢ ᠠᠵᠢᠯᠲᠠᠨ ᠠᠵᠢᠯᠴᠢᠨ᠂ ᠡᠳ᠋ ᠤᠨ ᠵᠠᠰᠠᠭ᠂ ᠪᠣᠳᠠᠰ ᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠬᠠᠮᠢᠶᠠᠷᠴᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠲᠤᠬᠠᠶᠢᠯᠠᠭᠰᠠᠨ ᠠᠵᠢᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠠᠮᠢᠶᠠᠷᠤᠨ᠎ᠠ᠃

     ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ 1948 ᠣᠨ ᠳᠤ

ᠪᠠᠶᠢᠭᠤᠯᠤᠭᠳᠠᠪᠠ᠃ ᠰᠤᠷᠭᠠᠭᠤᠯᠢ ᠪᠠᠶᠢᠭᠤᠯᠤᠭᠳᠠᠭᠰᠠᠨ ᠠᠴᠠ ᠨᠠᠭᠠᠰᠢᠬᠢ 73 ᠵᠢᠯ ᠤᠨ ᠲᠤᠷᠰᠢ᠂ ᠢᠮᠠᠭᠲᠠ

ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ︽ᠤᠯᠤᠰ ᠲᠥᠷᠥ ᠪᠠᠷ ᠴᠠᠭᠳᠠᠭ᠎ᠠ ᠬᠥᠮᠥᠵᠢᠭᠦᠯᠬᠦ᠂ ᠤᠯᠤᠰ ᠲᠥᠷᠥ ᠪᠠᠷ

ᠰᠤᠷᠭᠠᠭᠤᠯᠢ ᠪᠠᠶᠢᠭᠤᠯᠬᠤ︾ ᠴᠢᠭᠯᠡᠯᠲᠡ ᠶᠢ ᠪᠠᠷᠢᠮᠲᠠᠯᠠᠵᠤ᠂ ︽ᠦᠨᠡᠨᠴᠢ ᠰᠢᠳᠤᠷᠭᠤ᠂ ᠰᠢᠷᠭᠠᠭᠤ ᠬᠠᠲᠠᠭᠤᠵᠢᠯᠲᠠᠶ᠂

ᠪᠥᠯᠬᠦᠮᠳᠡᠯᠲᠡᠢ᠂ ᠬᠤᠪᠢ ᠨᠡᠮᠡᠷᠢ ᠦᠵᠡᠭᠦᠯᠬᠦ︾ ᠰᠤᠷᠭᠠᠭᠤᠯᠢ ᠶᠢᠨ ᠰᠤᠷᠭᠠᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂

ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠡᠷᠡᠰ

ᠨᠠᠶᠢᠳᠠᠪᠤᠷᠢᠵᠢᠭᠤᠯᠵᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠴᠢᠳᠠᠮᠵᠢ ᠶᠢ ᠭᠦᠢᠴᠡᠳ

ᠪᠠᠳᠠᠷᠠᠭᠤᠯᠵᠤ᠂ ᠳᠣᠲᠣᠭᠠᠳᠤ ᠶᠢ ᠬᠠᠮᠠᠭᠠᠯᠠᠬᠤ ᠰᠤᠷᠤᠯᠭ᠎ᠠ ᠶᠢᠨ ᠨᠠᠮᠲᠠᠷ ᠤᠨ ᠬᠥᠮᠦᠵᠢᠯ ᠪᠠ ᠠᠵᠢᠯ ᠤᠨ ᠪᠠᠶᠢᠷᠢ ᠳᠤ

ᠪᠠᠶᠢᠭ᠎ᠠ ᠠᠷᠠᠳ ᠤᠨ ᠴᠠᠭᠳᠠᠭᠠᠨ᠎ ᠤ ᠪᠣᠯᠪᠠᠰᠤᠷᠠᠭᠤᠯᠤᠯ ᠢᠶᠠᠷ ᠬᠥᠳᠡᠯᠭᠡᠭᠦᠷ ᠪᠣᠯᠭᠠᠬᠤ ᠶᠢ ᠬᠡᠷᠡᠭᠵᠢᠭᠦᠯᠵᠦ᠂ ︽ᠵᠢᠭᠠᠬᠤ᠂

ᠰᠤᠷᠬᠤ᠂ ᠪᠣᠯᠪᠠᠰᠤᠷᠠᠬᠤ᠂ ᠤᠷᠤᠭᠰᠢᠯᠠᠬᠤ︾᠎ ᠶᠢ ᠨᠢᠭᠡ ᠴᠣᠭᠴᠠᠵᠢᠭᠤᠯᠤᠭᠰᠠᠨ ᠬᠥᠮᠦᠵᠢᠭᠦᠯᠬᠦ ᠬᠡᠪ ᠵᠠᠭᠪᠤᠷ ᠢ

ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ

ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠣᠷᠣᠰ᠂ ᠮᠣᠩᠭᠤᠯ ᠤᠯᠤᠰ ᠯᠤᠭ᠎ᠠ ᠣᠯᠠᠨ ᠤᠯᠤᠰ ᠤᠨ ᠴᠠᠭᠳᠠᠭᠠᠨ

᠎ ᠤ ᠶᠠᠪᠤᠳᠠᠯ ᠤᠨ ᠵᠢᠭᠠᠨ ᠰᠤᠷᠭᠠᠯᠲᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠪᠡ᠃ ᠤᠯᠠᠨ ᠵᠢᠯ ᠤᠨ

ᠲᠤᠷᠰᠢ᠂ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠹᠷᠣᠨᠲ ᠲᠤ 8 ᠲᠦᠮᠡ

ᠭᠠᠷᠤᠢ ᠴᠢᠳᠠᠪᠤᠷᠢᠲᠠᠨ ᠢ ᠬᠥᠮᠦᠵᠢᠭᠦᠯᠦᠨ ᠪᠣᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ

ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠳᠤ ᠴᠢᠳᠠᠪᠤᠷᠢᠲᠠᠨ ᠤ ᠪᠠᠲᠤᠯᠠᠭ᠎ᠠ ᠪᠠ ᠤᠶᠤᠨ ᠤ ᠲᠤᠯᠭᠠᠭᠤᠷᠢᠯᠠᠯ ᠢ

ᠬᠠᠩᠭᠠᠪᠠ᠃

     ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠳᠡᠳ᠋ ᠲᠢᠩᠬᠢᠮ ᠤᠨ

ᠲᠠᠰ ᠤᠨ ᠪᠠᠶᠢᠭᠤᠯᠤᠮᠵᠢ ᠪᠣᠯᠤᠨ᠎ᠠ᠂ ᠳᠣᠲᠣᠭᠠᠳᠤ ᠳᠤ ᠪᠠᠨ ᠵᠢᠩᠬᠢᠨᠢ ᠭᠠᠵᠠᠷ ᠤᠨ ᠲᠠᠰ ᠤᠨ ᠪᠠᠶᠢᠭᠤᠯᠤᠮᠵᠢ 17

ᠪᠠᠶᠢᠵᠤ᠂ ᠡᠭᠦᠨ ᠳᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ 6 ︵ᠤᠯᠤᠰ ᠲᠥᠷᠥ ᠶᠢᠨ ᠬᠡᠯᠲᠡᠰ᠂

ᠠᠯᠪᠠᠨ ᠬᠡᠷ᠂ ᠬᠢᠴᠢᠶᠡᠯ ᠬᠥᠮᠦᠵᠢᠯ ᠤᠨ ᠭᠠᠵᠠᠷ᠂ ᠠᠷᠤ ᠲᠠᠯ᠎ᠠ ᠶᠢᠨ  ᠦᠢᠯᠡᠴᠢᠯᠡᠭᠡᠨ ᠤ ᠭᠠᠵᠠᠷ᠂ ᠨᠠᠰᠤᠨ ᠳᠤ

ᠬᠦᠷᠦᠭᠰᠡᠳ ᠤᠨ ᠰᠤᠷᠭᠠᠨ ᠬᠥᠮᠥᠵᠢᠯ ᠤᠨ ᠭᠠᠵᠠᠷ᠂ ᠰᠣᠷᠣᠭᠴᠢ ᠶᠢᠨ ᠠᠵᠢᠯ ᠤᠨ ᠭᠠᠵᠠᠷ︶ ᠪᠣᠢ᠂ ᠵᠢᠭᠠᠨ ᠰᠤᠷᠭᠠᠯᠲᠠ

ᠪᠠ ᠵᠢᠭᠠᠨ ᠰᠤᠷᠭᠠᠯᠲᠠ ᠶᠢ ᠲᠤᠰᠠᠯᠠᠬᠤ ᠪᠠᠶᠢᠭᠤᠯᠤᠮᠵᠢ 11 ︵ᠲᠠᠩᠨᠠᠬᠤ ᠰᠠᠯᠪᠤᠷᠢ᠂ ᠠᠮᠤᠷ ᠢ ᠬᠠᠮᠠᠭᠠᠯᠠᠬᠤ ᠰᠠᠯᠪᠤᠷᠢ᠂

ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ᠂ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ᠂

ᠬᠠᠤᠯᠢ ᠴᠠᠭᠠᠵᠠ ᠶᠢᠨ ᠰᠠᠯᠪᠤᠷᠢ᠂ ᠭᠢᠨᠳᠠᠨ ᠤ ᠬᠠᠮᠢᠶᠠᠷᠤᠯᠲᠠ ᠶᠢᠨ ᠰᠠᠯᠪᠤᠷᠢ᠂ ᠮᠣᠩᠭᠤᠯ ᠢᠶᠠᠷ ᠬᠢᠴᠢᠶᠡᠯᠯᠡᠬᠦ ᠵᠢᠭᠠᠨ

ᠰᠤᠷᠭᠠᠯᠲᠠ ᠶᠢᠨ ᠬᠡᠯᠲᠡᠰ᠂ ᠤᠯᠤᠰ ᠲᠥᠷᠥ ᠶᠢᠨ ᠣᠨᠣᠯ ᠤᠨ ᠵᠢᠭᠠᠨ ᠰᠤᠷᠭᠠᠯᠲᠠ ᠶᠢᠨ ᠬᠡᠯᠲᠡᠰ᠂ ᠴᠠᠭᠳᠠᠭᠠᠨ ᠤ

ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠬᠡᠯᠲᠡᠰ᠂ ᠴᠠᠭᠳᠠᠭᠠᠨ ᠤ ᠪᠣᠯᠪᠠᠰᠤᠷᠠᠯ ᠤᠨ ᠭᠠᠵᠠᠷ᠂ ᠨᠣᠮ ᠤᠨ ᠰᠠᠩ︶

ᠪᠠᠶᠢᠵᠤ᠂ 2400 ᠭᠠᠷᠤᠶ ᠰᠣᠷᠣᠭᠴᠢ ᠪᠣᠢ᠃ ᠰᠤᠷᠭᠠᠭᠤᠯᠢ ᠨᠢ ᠣᠲᠣ ᠡᠷᠡᠭᠦᠦ ᠶᠢᠨ ᠬᠡᠷᠡᠭ ᠤᠨ ᠲᠠᠩᠨᠠᠯᠲᠠ᠂

ᠠᠮᠤᠷ ᠢ ᠬᠠᠮᠠᠭᠠᠯᠠᠬᠤ ᠬᠠᠮᠢᠶᠠᠷᠤᠯᠲᠠ᠂ ᠵᠠᠮ ᠬᠠᠷᠢᠯᠴᠠᠭᠠᠨ ᠤ ᠬᠠᠮᠢᠶᠠᠷᠤᠯᠲᠠ᠂ ᠤᠯᠤᠰ ᠤᠨ ᠳᠣᠲᠣᠭᠠᠳᠤ ᠶᠢᠨ ᠠᠮᠤᠷ

ᠲᠦᠪᠰᠢᠨ ᠤ ᠬᠠᠮᠠᠭᠠᠯᠠᠯᠲᠠ᠂ ᠮᠡᠳᠡᠭᠡ ᠵᠠᠩᠭᠢ ᠰᠦᠯᠵᠢᠶᠡᠨ ᠤ ᠠᠮᠤᠷ ᠲᠦᠪᠰᠢᠨ ᠤ ᠬᠢᠨᠠᠨ ᠪᠠᠶᠢᠴᠠᠭᠠᠯᠲᠠ᠂ ᠣᠨᠴᠠ

ᠴᠠᠭᠳᠠᠭ᠎ᠠ᠂ ᠴᠠᠭᠳᠠᠭᠤᠯ ᠨᠣᠬᠠᠶ ᠶᠢᠨ ᠮᠡᠷᠭᠡᠵᠢᠯ ᠵᠡᠷᠭᠡ 7 ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ᠂ ᠬᠠᠤᠯᠢ

ᠴᠠᠭᠠᠵᠠ ᠶᠢᠨ ᠬᠡᠷᠡᠭ ᠶᠠᠪᠤᠳᠠᠯ᠂ ᠬᠠᠤᠯᠢ ᠴᠠᠭᠠᠵᠠ ᠶᠢᠨ ᠨᠠᠷᠢᠨ ᠪᠢᠴᠢᠭᠡᠴᠢ᠂ ᠨᠡᠶᠢᠭᠡᠮ ᠲᠣᠭᠤᠷᠢᠭ ᠤᠨ ᠬᠠᠮᠢᠶᠠᠷᠤᠯᠲᠠ

ᠵᠡᠷᠭᠡ 3 ᠳᠣᠲᠣᠭᠠᠳᠤ ᠶᠢ ᠬᠠᠮᠠᠭᠠᠯᠠᠬᠤ ᠪᠤᠰᠤ ᠲᠤᠰᠬᠠᠶ ᠮᠡᠷᠭᠡᠵᠢᠯ ᠪᠣᠢ᠃ ᠡᠷᠡᠭᠦᠦ ᠶᠢᠨ ᠬᠡᠷᠡᠭ ᠤᠨ ᠲᠠᠩᠨᠠᠯᠲᠠ᠂

ᠠᠮᠤᠷ ᠢ ᠬᠠᠮᠠᠭᠠᠯᠠᠬᠤ ᠬᠠᠮᠢᠶᠠᠷᠤᠯᠲᠠ ᠭᠡᠬᠦ ᠲᠤᠰᠬᠠᠶ ᠮᠡᠷᠭᠡᠵᠢᠯ ᠨᠢ ᠪᠠᠰᠠ ᠮᠣᠩᠭᠤᠯ ᠬᠢᠲᠠᠳ ᠬᠡᠯᠡ ᠪᠠᠷ ᠬᠢᠴᠢᠶᠡᠯᠯᠡᠬᠦ

ᠠᠩᠭᠢ ᠶᠢ ᠵᠡᠷᠭᠡ ᠪᠠᠷ ᠨᠡᠭᠡᠭᠡᠪᠡ᠃

     ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠥᠨᠳᠥᠷ ᠬᠡᠪ

ᠪᠣᠯᠪᠠᠰᠤᠷᠠᠯ ᠲᠠᠢ᠂ ᠥᠨᠳᠥᠷ ᠬᠢᠷᠢ ᠲᠦᠪᠰᠢᠨ ᠲᠠᠢ᠂ ᠵᠢᠭᠠᠨ ᠰᠤᠷᠭᠠᠯᠲᠠ ᠪᠠ ᠦᠢᠯᠡᠳᠦᠯᠭᠡ ᠶᠢᠨ ᠲᠤᠷᠰᠢᠯᠭ᠎ᠠ ᠪᠠᠷ

ᠪᠠᠶᠠᠯᠢᠭ ᠪᠠᠭᠰᠢ ᠶᠢᠨ ᠡᠩᠨᠡᠭᠡ ᠲᠠᠢ᠃ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠪᠦᠷᠢᠨ᠂

ᠰᠤᠷᠤᠯᠭ᠎ᠠ᠂ ᠠᠮᠢᠳᠤᠷᠠᠯ ᠤᠨ ᠪᠡᠯᠡᠳᠬᠡᠮᠵᠢ ᠪᠦᠷᠢᠨ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠭᠤᠶᠣ

ᠰᠠᠶᠢᠬᠠᠨ ᠪᠠᠶᠢᠵᠤ᠂ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠪᠡ᠃ ᠰᠤᠷᠭᠠᠭᠤᠯᠢ ᠨᠢ

ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠲᠤᠰᠬᠠᠶ ᠴᠢᠳᠠᠪᠤᠷᠢᠲᠠᠨ ᠢ ᠬᠥᠮᠦᠵᠢᠭᠦᠯᠬᠦ ᠭᠤᠣᠯ ᠵᠢᠭᠰᠠᠭᠠᠯ ᠤᠨ

ᠭᠠᠵᠠᠷ ᠪᠠᠶᠢᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠪᠠ ᠦᠵᠡᠯ ᠤᠬᠠᠮᠰᠠᠷ ᠤᠨ ᠬᠡᠯᠪᠡᠷᠢ ᠶᠢᠨ

ᠠᠵᠢᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠳᠣᠲᠣᠭᠠᠳᠤ ᠶᠢ ᠬᠠᠮᠠᠭᠠᠯᠠᠬᠤ ᠪᠣᠳᠠᠲᠠᠢ ᠠᠵᠢᠯ ᠤᠨ

ᠴᠢᠳᠠᠪᠤᠷᠢᠲᠠᠨ ᠤ ᠬᠡᠷᠡᠭᠴᠡᠭᠡ ᠳᠤ ᠬᠠᠨᠳᠤᠭᠤᠯᠬᠤ ᠶᠢ ᠪᠠᠷᠢᠮᠲᠠᠯᠠᠵᠤ᠂ ᠴᠠᠭᠳᠠᠭᠠᠨ ᠤ ᠤᠯᠤᠰ ᠲᠥᠷᠥ ᠶᠢᠨ

ᠪᠣᠯᠪᠠᠰᠤᠷᠠᠯ ᠢᠶᠠᠷ ᠰᠤᠷᠤᠭᠴᠢᠳ ᠢ ᠬᠥᠮᠥᠵᠢᠭᠦᠯᠵᠦ᠂ ᠴᠠᠭᠳᠠᠭᠠᠨ ᠤ ᠠᠵᠢᠯ ᠤᠨ ᠳᠦᠷᠢᠮ ᠢᠶᠠᠷ ᠰᠤᠷᠤᠭᠴᠢ ᠶᠢ

ᠰᠤᠭᠤᠵᠤ᠂ ᠴᠠᠭᠳᠠᠭᠠᠨ ᠤ ᠪᠣᠳᠠᠲᠤ ᠠᠵᠢᠯ ᠤᠨ ᠮᠡᠷᠭᠡᠵᠢᠯ ᠢᠶᠠᠷ ᠰᠤᠷᠤᠭᠴᠢ ᠶᠢ ᠪᠣᠯᠪᠠᠰᠤᠷᠠᠭᠤᠯᠵᠤ᠂ ᠴᠠᠭᠳᠠᠭᠠᠨ ᠤ

ᠰᠣᠶᠣᠯ ᠤᠨ ᠠᠭᠤᠷ ᠠᠮᠢᠰᠬᠤᠯ ᠢᠶᠠᠷ ᠰᠤᠷᠤᠭᠴᠢᠳ ᠢ ᠨᠥᠯᠦᠭᠡᠯᠡᠵᠦ᠂ ᠴᠠᠭᠳᠠᠭᠠᠨ ᠤ ᠲᠤᠬᠠᠶᠢᠯᠠᠭᠰᠠᠨ ᠠᠵᠢᠯ ᠤᠨ

ᠣᠨᠴᠠᠯᠢᠭ ᠢᠶᠠᠷ ᠢᠯᠡ ᠲᠣᠳᠣ ᠴᠠᠭᠳᠠᠭᠠᠨ ᠤ ᠶᠠᠪᠤᠳᠠᠯ  ᠎ ᠤᠨ ᠬᠥᠮᠦᠨ ᠢ ᠬᠥᠮᠦᠵᠢᠭᠦᠯᠬᠦ ᠬᠡᠪ ᠵᠠᠭᠪᠤᠷ ᠢ

ᠪᠦᠷᠢᠯᠳᠦᠭᠦᠯᠵᠦ᠂ ᠤᠯᠤᠰ ᠲᠥᠷᠥ ᠶᠢᠨ ᠵᠣᠭᠰᠣᠯᠲᠠ ᠪᠠᠲᠤ᠂ ᠦᠨᠡᠨᠴᠢ ᠨᠠᠶᠢᠳᠠᠪᠤᠷᠢᠲᠠᠶ᠂ ᠴᠢᠩᠭ᠎ᠠ ᠲᠣᠳᠣᠷᠬᠠᠶ

ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤᠴᠢ ᠴᠢᠨᠠᠷ ᠲᠠᠢ᠂ ᠰᠢᠯᠢᠳᠡᠭ ᠰᠠᠶᠢᠨ ᠠᠵᠢᠯ ᠤᠨ ᠮᠣᠷᠠᠯ ᠲᠠᠢ᠂ ᠮᠠᠨ ᠤ

ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠦᠯᠭ᠎ᠠ ᠶᠢ ᠰᠠᠶᠢᠨ

ᠮᠡᠳᠡᠵᠦ᠂ ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ ᠤᠨ ᠦᠨᠳᠦᠰᠦᠨ ᠣᠨᠣᠯ ᠪᠠ ᠤᠷ᠎ᠠ ᠴᠢᠳᠠᠪᠤᠷᠢ ᠶᠢ

ᠡᠵᠡᠮᠰᠢᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠬᠠᠤᠯᠢ ᠶᠢ ᠬᠡᠷᠡᠭᠵᠢᠭᠦᠯᠬᠦ ᠡᠭᠦᠷᠭᠡ ᠶᠢ ᠭᠦᠢᠴᠡᠳᠭᠡᠬᠦ

ᠠᠵᠢᠯ ᠤᠨ ᠪᠠᠶᠢᠷᠢ ᠳᠤ ᠬᠠᠨᠳᠤᠭᠤᠯᠤᠭᠰᠠᠨ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠴᠢᠳᠠᠪᠤᠷᠢ ᠶᠢᠨ  ᠬᠡᠯᠪᠡᠷᠢᠲᠦ

ᠳᠣᠲᠣᠭᠠᠳᠤ ᠶᠢ ᠬᠠᠮᠠᠭᠠᠯᠠᠬᠤ ᠴᠢᠳᠠᠪᠤᠷᠢᠲᠠᠨ ᠢ ᠬᠦᠴᠦᠯᠡᠨ ᠬᠥᠮᠥᠵᠢᠭᠦᠯᠪᠡ᠃

     ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠎ ᠨᠢ ᠲᠥᠪ ᠤᠨ ᠣᠷᠣᠨ

ᠲᠣᠭᠠᠨ ᠤ ᠠᠯᠪᠠᠨ ᠭᠡᠷ ᠵᠡᠷᠭᠡ ᠶᠠᠮᠤᠨ ᠵᠥᠪᠯᠡᠯ ᠤᠨ ︽ᠳᠣᠲᠣᠭᠠᠳᠤ ᠶᠢ ᠬᠠᠮᠠᠭᠠᠯᠠᠬᠤ ᠳᠡᠭᠡᠳᠦ ᠰᠤᠷᠭᠠᠭᠤᠯᠢ ᠶᠢᠨ

ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠡᠯᠰᠡᠨ ᠬᠥᠮᠦᠵᠢᠭᠦᠯᠬᠦ ᠳᠦᠷᠢᠮ ᠤᠨ

ᠥᠭᠡᠷᠡᠴᠢᠯᠡᠯᠲᠡ ᠶᠢᠨ ᠲᠤᠬᠠᠶ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ

ᠬᠠᠮᠠᠭᠠᠯᠠᠬᠤ ᠪᠠᠶᠢᠭᠤᠯᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠲᠤᠰᠠᠭᠠᠷ ᠡᠯᠰᠡᠨ ᠬᠡᠷᠡᠭᠯᠡᠬᠦ ᠠᠵᠢᠯ ᠤᠨ

ᠲᠦᠷ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ

ᠬᠠᠮᠠᠭᠠᠯᠠᠬᠤ ᠪᠠᠶᠢᠭᠤᠯᠭ᠎ᠠ ᠶᠢᠨ ᠳᠣᠲᠣᠭᠠᠳᠤ᠎ ᠶᠢ ᠬᠠᠮᠠᠭᠠᠯᠠᠬᠤ ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢᠳ ᠢ

ᠰᠢᠯᠭᠠᠵᠤ ᠡᠯᠰᠡᠨ ᠬᠡᠷᠡᠭᠯᠡᠬᠦ ᠠᠵᠢᠯ ᠤᠨ ᠬᠡᠷᠡᠭᠵᠢᠭᠦᠯᠬᠦ ᠲᠥᠰᠦᠯ︾᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠳᠡᠭᠡᠳᠦ

ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠢᠳᠡᠪᠬᠢᠲᠡᠶ  ᠠᠬᠢᠭᠤᠯᠪᠠ ︵ᠠᠵᠢᠯ ᠣᠯᠭᠤᠬᠤ

ᠠᠵᠢᠯ ᠤᠨ ᠪᠠᠶᠢᠷᠢ ᠨᠢ ᠴᠥᠮ ᠤᠯᠤᠰ ᠤᠨ ᠠᠯᠪᠠᠲᠠᠨ ᠤ ᠠᠵᠢᠯ ᠤᠨ ᠪᠠᠶᠢᠷᠢ᠂ ᠲᠤᠬᠠᠶᠢᠯᠠᠪᠠᠯ ᠳᠣᠲᠣᠭᠠᠳᠤ ᠶᠢ

ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠵᠢᠩᠬᠢᠨᠢ ᠴᠠᠭᠳᠠᠭᠠᠨ ᠤ ᠣᠷᠣᠨ ᠲᠤᠭ᠎ᠠ ᠪᠣᠯᠤᠨ᠎ᠠ︶᠃ 2018 ᠣᠨ ᠳᠤ

ᠲᠡᠭᠦᠰᠦᠭᠰᠡᠨ 432 ᠰᠤᠷᠤᠭᠴᠢ ᠶᠢᠨ 408 ᠰᠤᠷᠤᠭᠴᠢ ᠠᠵᠢᠯ ᠣᠯᠵᠤ᠂ ᠠᠵᠢᠯ ᠣᠯᠤᠭᠰᠠᠨ ᠨᠤᠷᠮ᠎ᠠ          

94 . 4 %᠎ ᠳᠤ ᠬᠦᠷᠪᠡ︔ 2019 ᠣᠨ ᠳᠤ ᠲᠡᠭᠦᠰᠦᠭᠰᠡᠨ 438 ᠰᠤᠷᠤᠭᠴᠢ ᠶᠢᠨ 424 ᠰᠤᠷᠤᠭᠴᠢ ᠠᠵᠢᠯ

ᠣᠯᠵᠤ᠂ ᠠᠵᠢᠯ ᠣᠯᠤᠭᠰᠠᠨ ᠨᠣᠷᠮ᠎ᠠ 96 . 8 %᠎ ᠳᠤ ᠬᠥᠷᠪᠡ︔ 2020 ᠣᠨ ᠳᠤ ᠲᠡᠭᠦᠰᠦᠭᠰᠡᠨ 458

ᠰᠤᠷᠤᠭᠴᠢ ᠶᠢᠨ 430 ᠰᠤᠷᠤᠭᠴᠢ ᠠᠵᠢᠯ ᠣᠯᠵᠤ᠂ ᠠᠵᠢᠯ ᠣᠯᠤᠭᠰᠠᠨ ᠨᠣᠷᠮ᠎ᠠ 93 . 88 %᠎ ᠳᠤ ᠬᠥᠷᠪᠡ᠃

ᠣᠶᠢᠷ᠎ᠠ ᠶᠢᠨ ᠭᠤᠷᠪᠠᠨ ᠵᠢᠯ ᠳᠤ ᠰᠤᠷᠭᠠᠭᠤᠯᠢ ᠲᠡᠭᠦᠰᠦᠭᠰᠡᠨ ᠰᠣᠷᠣᠭᠴᠢ 1328 ᠪᠠᠶᠢᠵᠤ᠂ 1262 ᠬᠥᠮᠦᠨ

ᠠᠵᠢᠯ ᠣᠯᠵᠤ᠂ ᠠᠵᠢᠯ ᠣᠯᠤᠭᠰᠠᠨ ᠨᠣᠷᠮ᠎ᠠ 95 . 03 %᠎ ᠳᠤ ᠬᠦᠷᠴᠡᠶ᠃

     ᠡᠨᠡ ᠵᠢᠯ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ 1000

ᠰᠤᠷᠤᠭᠴᠢ ᠡᠯᠰᠡᠬᠦ ᠪᠠᠷ ᠲᠥᠯᠥᠪᠯᠡᠵᠦ ᠪᠣᠶ᠂ ᠡᠭᠦᠨ ᠳᠤ ᠳᠣᠲᠣᠭᠠᠳᠤ᠎ ᠶᠢ ᠬᠠᠮᠠᠭᠠᠯᠠᠬᠤ ᠲᠤᠰᠬᠠᠶ ᠮᠡᠷᠭᠡᠵᠢᠯ 850

ᠰᠤᠷᠤᠭᠴᠢ᠂ ᠳᠣᠲᠣᠭᠠᠳᠤ ᠶᠢ ᠬᠠᠮᠠᠭᠠᠯᠠᠬᠤ ᠪᠤᠰᠤ ᠲᠤᠰᠬᠠᠶ ᠮᠡᠷᠭᠡᠵᠢᠯ 150 ᠰᠤᠷᠤᠭᠴᠢ ᠡᠯᠰᠡᠨ᠎ᠡ᠃

ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ ᠨᠢ ᠡᠷᠡᠭᠲᠡᠶ ᠰᠣᠷᠣᠭᠴᠢ 730᠂ ᠡᠮᠡᠭᠲᠡᠶ ᠰᠣᠷᠣᠭᠴᠢ 120᠎ ᠶᠢ

ᠡᠯᠰᠡᠨ᠎ᠡ᠃ ᠰᠤᠷᠭᠠᠭᠤᠯᠢ ᠨᠢ 2021 ᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ

ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ᠂ ᠪᠡᠶ᠎ᠡ ᠶᠢᠨ ᠪᠠᠶᠢᠴᠠᠭᠠᠯᠲᠠ ᠪᠠ ᠠᠮᠠᠨ ᠰᠢᠯᠭᠠᠯᠲᠠ ᠪᠠᠷ

ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ

ᠡᠯᠰᠡᠨ᠎ᠡ᠃

     ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠎ ᠶᠢᠨ ᠪᠠᠭᠰᠢ

ᠰᠤᠷᠤᠭᠴᠢᠳ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠪᠠᠨ ᠬᠦᠨᠳᠦ ᠶᠡᠭᠡ ᠭᠡᠨᠡᠳᠲᠡ ᠶᠢᠨ ᠬᠡᠷᠡᠭ ᠢ

ᠰᠢᠢᠳᠪᠦᠷᠢᠯᠡᠬᠦ᠂ ᠠᠶᠤᠯ ᠭᠠᠮᠰᠢᠭ ᠠᠴᠠ ᠠᠪᠤᠷᠠᠬᠤ ᠵᠢᠴᠢ ᠴᠢᠬᠤᠯᠠ ᠶᠡᠭᠡ ᠠᠵᠢᠯᠯᠠᠭᠠᠨ ᠤ ᠠᠮᠤᠷ ᠲᠦᠪᠰᠢᠨ ᠢ

ᠬᠠᠮᠠᠭᠠᠯᠠᠬᠤ ᠡᠭᠦᠷᠭᠡ ᠳᠤ ᠢᠳᠡᠪᠬᠢᠲᠡᠶ ᠣᠷᠣᠯᠴᠠᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ

ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠨᠢᠭᠡᠨ ᠰᠠᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ

ᠬᠦᠴᠦᠨ ᠪᠣᠯᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠮᠤᠷ ᠲᠣᠭᠲᠠᠭᠤᠨ ᠪᠠᠶᠢᠬᠤ᠂ ᠬᠠᠤᠯᠢ ᠠᠴᠠ

ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠦᠷᠳᠡᠭᠦᠯᠬᠦ ᠪᠠ ᠴᠣᠬᠢᠯᠲᠠ ᠥᠭᠬᠦ ᠳᠤ ᠢᠳᠡᠪᠬᠢᠲᠡᠶ ᠦᠢᠯᠡᠳᠦᠯ

ᠦᠵᠡᠭᠦᠯᠪᠡ᠃ ᠣᠶᠢᠷ᠎ᠠ ᠶᠢᠨ ᠵᠢᠯ᠂ ᠰᠤᠷᠭᠠᠭᠤᠯᠢ ᠶᠢᠨ ᠪᠠᠭᠰᠢ ᠰᠤᠷᠤᠭᠴᠢᠳ ᠪᠥᠬᠦ ᠤᠯᠤᠰ ᠤᠨ ᠴᠥᠭᠡᠨ ᠲᠣᠭᠠᠲᠤ

ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ᠂ ᠳᠤᠮᠳᠠᠳᠤ ᠮᠣᠩᠭᠤᠯ ᠤᠨ ᠣᠯᠠᠨ ᠤᠯᠤᠰ ᠤᠨ

ᠦᠵᠡᠰᠬᠦᠯᠡᠩ ᠤᠨ ᠴᠤᠭᠯᠠᠭᠠᠨ᠂ ᠳᠡᠯᠡᠬᠡᠶ ᠶᠢᠨ ᠡᠯᠡᠰᠦᠷᠬᠡᠭᠵᠢᠯ ᠢ ᠵᠠᠰᠠᠬᠤ ᠶᠡᠭᠡ ᠬᠤᠷᠠᠯ᠂ ᠥᠪᠡᠷᠲᠡᠭᠡᠨ ᠵᠠᠰᠠᠬᠤ

ᠣᠷᠣᠨ ᠪᠠᠶᠢᠭᠤᠯᠤᠭᠳᠠᠭᠰᠠᠨ ᠳᠠᠯᠠᠨ ᠵᠢᠯ ᠤᠨ ᠣᠶ ᠶᠢᠨ ᠶᠡᠭᠡ ᠪᠠᠶᠠᠷ ᠵᠡᠷᠭᠡ ᠴᠢᠬᠤᠯᠠ ᠶᠡᠭᠡ ᠠᠵᠢᠯᠯᠠᠭᠠᠨ ᠤ ᠠᠮᠤᠷ ᠢ

ᠬᠠᠮᠠᠭᠠᠯᠠᠬᠤ ᠡᠭᠦᠷᠭᠡ ᠶᠢ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ

ᠲᠢᠩᠬᠢᠮ ᠤᠨ ᠭᠦᠢᠴᠡᠳ ᠨᠤᠲᠠᠯᠠᠯᠲᠠ ᠪᠠ ᠰᠠᠶᠢᠨ ᠦᠨᠡᠯᠡᠯᠲᠡ ᠶᠢ ᠤᠯᠪᠠ᠃

      ᠬᠦᠴᠢᠷ ᠪᠡᠷᠬᠡ ᠶᠢ ᠳᠡᠪᠴᠢᠨ ᠰᠢᠷᠠᠭᠠᠭᠤ ᠬᠠᠲᠠᠭᠤᠵᠢᠯᠲᠠᠢ ᠴᠢᠷᠮᠠᠶᠢᠪᠠᠯ ᠢᠯᠠᠯᠲᠠ ᠣᠯᠵᠤ ᠴᠢᠳᠠᠨ᠎ᠠ᠃

2021 ᠣᠨ ᠳᠤ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ

ᠵᠢᠩᠬᠢᠨᠢ ᠠᠩᠭᠢ ᠳᠤ ᠳᠡᠪᠰᠢᠬᠦ ᠶᠠᠪᠤᠳᠠᠯ ᠢ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾

᠎ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠰᠤᠷᠭᠠᠭᠤᠯᠢ ᠨᠢ ᠭᠤᠷᠪᠠ ᠠᠴᠠ ᠲᠠᠪᠤᠨ ᠵᠢᠯ ᠤᠨ

ᠬᠤᠭᠤᠴᠠᠭᠠᠨ ᠳᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠪᠠᠷᠢᠮᠵᠢᠶ᠎ᠠ ᠳᠤ

ᠬᠦᠷᠭᠡᠬᠦ ᠪᠠᠷ ᠴᠢᠷᠮᠠᠶᠢᠵᠤ ᠪᠠᠶᠢᠨ᠎ᠠ᠃ 2021 ᠣᠨ ᠪᠣᠯ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂

ᠨᠠᠮ ᠤᠨ ᠬᠡᠷᠡᠯ ᠰᠠᠴᠤᠷᠠᠩᠭᠤᠶ ᠲᠡᠦᠬᠡ ᠶᠢ ᠰᠤᠷᠤᠯᠴᠠᠬᠤ ᠳᠤ ᠬᠤᠪᠢᠰᠬᠠᠯᠲᠤ ᠤᠳᠤᠮᠰᠢᠯ ᠨᠢ ᠣᠶᠤᠨ ᠤᠬᠠᠭᠠᠨ ᠢ

ᠰᠡᠩᠬᠡᠷᠡᠭᠦᠯᠵᠦ᠂ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ᠤ ᠢᠲᠡᠭᠡᠯ ᠪᠢᠰᠢᠷᠡᠯ ᠢᠲᠡᠭᠡᠯ ᠵᠣᠷᠢᠭ ᠢ ᠨᠠᠩ ᠪᠠᠲᠤᠳᠬᠠᠵᠤ᠂

ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠢ ᠨᠠᠩ ᠭᠥᠭᠵᠢᠭᠡᠪᠡ᠃ ᠲᠡᠦᠬᠡ ᠶᠢᠨ ᠰᠢᠨ᠎ᠡ ᠭᠠᠷᠤᠭ᠎ᠠ ᠳᠤ

ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠶᠡᠷᠦᠩᠬᠡᠶ ᠱᠦᠵᠢ ᠰᠢ ᠶᠢᠨ

ᠫᠢᠩ ᠤᠨ ︽ᠨᠠᠮ ᠳᠤ ᠪᠠᠨ ᠦᠨᠡᠨᠴᠢ ᠰᠢᠳᠤᠷᠭᠤ ᠪᠠᠶᠢᠵᠤ᠂ ᠠᠷᠠᠳ ᠲᠦᠮᠡᠨ ᠳᠤ ᠦᠢᠯᠡᠴᠢᠯᠡᠵᠦ᠂ ᠲᠥᠪ ᠭᠤᠣᠯᠴᠢ

᠎ ᠪᠠᠷ ᠬᠠᠤᠯᠢ ᠶᠢ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠴᠢᠩᠳᠠᠯᠠᠬᠤ︾ ᠶᠡᠷᠦᠩᠬᠡᠶ ᠱᠠᠭᠠᠷᠳᠠᠯᠭ᠎ᠠ ᠪᠠᠷ ᠯᠠᠪᠳᠠᠭᠤᠨ

ᠪᠠᠲᠤᠲᠠᠢ ᠠᠵᠢᠯᠯᠠᠵᠤ᠂ ᠦᠷ᠎ᠡ ᠪᠥᠲᠦᠮᠵᠢ ᠭᠠᠷᠭᠠᠬᠤ ᠰᠤᠷᠲᠠᠯ ᠢᠶᠠᠷ ᠡᠷᠡᠰ ᠪᠠᠲᠤ ᠪᠠᠷ ᠤᠷᠤᠭᠰᠢᠯᠠᠵᠤ᠂ ᠵᠣᠷᠢᠭᠲᠠᠶ

ᠬᠠᠷᠢᠭᠤᠴᠠᠯᠭ᠎ᠠ ᠡᠭᠦᠷᠭᠡᠯᠡᠬᠦ ᠪᠣᠳᠠᠲᠠᠶ ᠠᠵᠢᠯᠯᠠᠬᠤ ᠵᠣᠷᠢᠭ ᠰᠠᠨᠠᠭ᠎ᠠ᠂ ᠳᠡᠭᠡᠳᠦ ᠬᠡᠮᠵᠢᠶᠡᠨ ᠤ ᠤᠯᠤᠰ ᠲᠥᠷᠥ ᠶᠢᠨ

ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ︽ᠨᠠᠮ ᠤᠨ ᠲᠥᠯᠥᠭᠡ ᠬᠥᠮᠦᠨ ᠢ ᠬᠥᠮᠥᠵᠢᠭᠦᠯᠵᠦ᠂

ᠤᠯᠤᠰ ᠤᠨ ᠲᠥᠯᠦᠭᠡ ᠴᠢᠳᠠᠪᠤᠷᠢᠲᠠᠨ ᠢ ᠬᠥᠮᠥᠵᠢᠭᠦᠯᠵᠦ᠂ ᠴᠠᠭᠳᠠᠭᠠᠨ ᠤ ᠰᠦᠭ ᠢ ᠱᠤᠭᠤᠬᠤ︾ ᠤᠭ ᠰᠠᠨᠠᠭ᠎ᠠ

ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠰᠤᠷᠭᠠᠨ ᠬᠥᠮᠦᠵᠢᠯ ᠵᠢᠭᠠᠨ

ᠰᠤᠷᠭᠠᠯᠲᠠ ᠪᠠᠷ ᠲᠥᠪᠯᠡᠭᠦᠯᠦᠨ ᠠᠵᠢᠯᠯᠠᠵᠤ᠂ ︽ᠰᠤᠷᠭᠠᠭᠤᠯᠢ ᠶᠢ ᠬᠦᠴᠦᠷᠬᠡᠭᠵᠢᠭᠦᠯᠵᠦ ᠪᠠᠶᠢᠷᠢ ᠳᠡᠪᠰᠢᠭᠦᠯᠬᠦ︾

ᠢᠨᠵᠧᠨᠧᠷᠢᠩ ᠢᠶᠠᠷ ᠬᠥᠳᠡᠯᠭᠡᠭᠦᠷ ᠪᠣᠯᠭᠠᠵᠤ᠂ ᠡᠯ᠎ᠡ ᠲᠥᠷᠥᠯ ᠤᠨ ᠠᠵᠢᠯ ᠤᠨ ᠡᠷᠡᠭᠦᠯ ᠢᠶᠠᠷ ᠬᠥᠭᠵᠢᠬᠦ ᠶᠢ ᠪᠦᠬᠦ

ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ

ᠬᠠᠮᠠᠭᠠᠯᠠᠬᠤ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠡᠩ ᠰᠢᠨ᠎ᠡ

ᠳᠦᠷᠢ ᠳᠥᠷᠬᠦ ᠪᠣᠯᠤᠨ ᠨᠡᠩ ᠰᠢᠯᠢᠳᠡᠭ ᠠᠮᠵᠢᠯᠲᠠ ᠪᠠᠷ ᠳᠤᠮᠳᠠᠳᠤ ᠤᠯᠤᠰ ᠤᠨ ᠡᠪ ᠬᠠᠮᠲᠤ ᠨᠠᠮ

ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ ᠪᠠᠶᠢᠨ᠎ᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号