| | ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠵᠤ ᠪᠠᠶᠢᠨ᠎ᠠ᠃ | ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | —︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠳᠠᠭᠤᠤ︾ | | | | ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | | | ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠥᠪᠥᠷ ᠮᠣᠩᠭᠤᠯ ᠤᠨ | ᠴᠠᠭᠳᠠᠭ᠎ᠠ ᠶᠢᠨ ᠪᠣᠯᠪᠠᠰᠤᠷᠠᠯ ᠤᠨ ᠶᠡᠷᠦᠩᠬᠡᠶ ᠠᠩᠭᠢ︶ ᠨᠢ ᠤᠮᠠᠷᠠᠲᠤ ᠬᠢᠯᠢ ᠶᠢᠨ ᠳᠣᠲᠣᠭᠠᠳᠤ ᠶᠢ | ᠬᠠᠮᠠᠭᠠᠯᠠᠭᠴᠢᠳ ᠤᠨ ᠥᠯᠥᠭᠡᠶ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠴᠣᠷᠢ ᠶᠢᠨ ᠭᠠᠭᠴᠠ | ᠳᠣᠲᠣᠭᠠᠳᠤ ᠶᠢ ᠬᠠᠮᠠᠭᠠᠯᠠᠬᠤ ᠤᠯᠤᠰ ᠲᠥᠷᠥ ᠬᠠᠤᠯᠢ ᠴᠠᠭᠠᠵᠠ ᠶᠢᠨ ᠲᠥᠷᠥᠯ ᠤᠨ ᠳᠡᠭᠡᠳᠦ ᠰᠤᠷᠭᠠᠭᠤᠯᠢ ᠪᠣᠯᠤᠨ᠎ᠠ᠂ | ᠳᠣᠲᠣᠭᠠᠳᠤ ᠶᠢ ᠬᠠᠮᠠᠭᠠᠯᠠᠬᠤ ᠴᠤᠪᠤᠷᠠᠯ ᠳᠤ ᠵᠢᠭᠰᠠᠭᠠᠭᠳᠠᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠣᠳᠠᠲᠤ ᠬᠡᠷᠡᠭᠯᠡᠭᠡᠨ ᠤ ᠬᠡᠯᠪᠡᠷᠢᠲᠦ ᠴᠢᠳᠠᠪᠤᠷᠢᠲᠠᠨ ᠤ ᠬᠥᠮᠥᠵᠢᠭᠦᠯᠦᠯ᠂ ᠲᠤᠰᠢᠶᠠᠯ ᠳᠤ ᠪᠠᠶᠢᠭ᠎ᠠ ᠠᠷᠠᠳ ᠤᠨ | ᠴᠠᠭᠳᠠᠭᠠᠨ ᠤ ᠪᠣᠯᠪᠠᠰᠤᠷᠠᠭᠤᠯᠤᠯ᠂ ᠳᠣᠲᠣᠭᠠᠳᠤ ᠶᠢ ᠬᠠᠮᠠᠭᠠᠯᠠᠬᠤ ᠣᠨᠣᠯ ᠤᠨ ᠰᠤᠳᠤᠯᠭᠠᠨ ᠪᠠ ᠴᠢᠬᠤᠯᠠ ᠶᠡᠭᠡ | ᠠᠮᠤᠷ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠡᠭᠦᠷᠭᠡ | ᠴᠢᠳᠠᠮᠵᠢ ᠶᠢ ᠡᠭᠦᠷᠭᠡᠯᠡᠵᠦ ᠪᠠᠶᠢᠨ᠎ᠠ᠃ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ᠂ ᠡᠳ᠋ ᠤᠨ ᠵᠠᠰᠠᠭ᠂ | ᠪᠣᠳᠠᠰ ᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠬᠠᠮᠢᠶᠠᠷᠴᠤ᠂ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠲᠤᠬᠠᠶᠢᠯᠠᠭᠰᠠᠨ ᠠᠵᠢᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠠᠴᠠ ᠬᠠᠮᠢᠶᠠᠷᠤᠨ᠎ᠠ᠃ | | | | | | ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ 1948 ᠣᠨ ᠳᠤ | ᠪᠠᠶᠢᠭᠤᠯᠤᠭᠳᠠᠪᠠ᠃ ᠰᠤᠷᠭᠠᠭᠤᠯᠢ ᠪᠠᠶᠢᠭᠤᠯᠤᠭᠳᠠᠭᠰᠠᠨ ᠠᠴᠠ ᠨᠠᠭᠠᠰᠢᠬᠢ 73 ᠵᠢᠯ ᠤᠨ ᠲᠤᠷᠰᠢ᠂ ᠢᠮᠠᠭᠲᠠ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ︽ᠤᠯᠤᠰ ᠲᠥᠷᠥ ᠪᠠᠷ ᠴᠠᠭᠳᠠᠭ᠎ᠠ ᠬᠥᠮᠥᠵᠢᠭᠦᠯᠬᠦ᠂ ᠤᠯᠤᠰ ᠲᠥᠷᠥ ᠪᠠᠷ | ᠰᠤᠷᠭᠠᠭᠤᠯᠢ ᠪᠠᠶᠢᠭᠤᠯᠬᠤ︾ ᠴᠢᠭᠯᠡᠯᠲᠡ ᠶᠢ ᠪᠠᠷᠢᠮᠲᠠᠯᠠᠵᠤ᠂ ︽ᠦᠨᠡᠨᠴᠢ ᠰᠢᠳᠤᠷᠭᠤ᠂ ᠰᠢᠷᠭᠠᠭᠤ ᠬᠠᠲᠠᠭᠤᠵᠢᠯᠲᠠᠶ᠂ | ᠪᠥᠯᠬᠦᠮᠳᠡᠯᠲᠡᠢ᠂ ᠬᠤᠪᠢ ᠨᠡᠮᠡᠷᠢ ᠦᠵᠡᠭᠦᠯᠬᠦ︾ ᠰᠤᠷᠭᠠᠭᠤᠯᠢ ᠶᠢᠨ ᠰᠤᠷᠭᠠᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ | ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠡᠷᠡᠰ | ᠨᠠᠶᠢᠳᠠᠪᠤᠷᠢᠵᠢᠭᠤᠯᠵᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠴᠢᠳᠠᠮᠵᠢ ᠶᠢ ᠭᠦᠢᠴᠡᠳ | ᠪᠠᠳᠠᠷᠠᠭᠤᠯᠵᠤ᠂ ᠳᠣᠲᠣᠭᠠᠳᠤ ᠶᠢ ᠬᠠᠮᠠᠭᠠᠯᠠᠬᠤ ᠰᠤᠷᠤᠯᠭ᠎ᠠ ᠶᠢᠨ ᠨᠠᠮᠲᠠᠷ ᠤᠨ ᠬᠥᠮᠦᠵᠢᠯ ᠪᠠ ᠠᠵᠢᠯ ᠤᠨ ᠪᠠᠶᠢᠷᠢ ᠳᠤ | ᠪᠠᠶᠢᠭ᠎ᠠ ᠠᠷᠠᠳ ᠤᠨ ᠴᠠᠭᠳᠠᠭᠠᠨ ᠤ ᠪᠣᠯᠪᠠᠰᠤᠷᠠᠭᠤᠯᠤᠯ ᠢᠶᠠᠷ ᠬᠥᠳᠡᠯᠭᠡᠭᠦᠷ ᠪᠣᠯᠭᠠᠬᠤ ᠶᠢ ᠬᠡᠷᠡᠭᠵᠢᠭᠦᠯᠵᠦ᠂ ︽ᠵᠢᠭᠠᠬᠤ᠂ | ᠰᠤᠷᠬᠤ᠂ ᠪᠣᠯᠪᠠᠰᠤᠷᠠᠬᠤ᠂ ᠤᠷᠤᠭᠰᠢᠯᠠᠬᠤ︾ ᠶᠢ ᠨᠢᠭᠡ ᠴᠣᠭᠴᠠᠵᠢᠭᠤᠯᠤᠭᠰᠠᠨ ᠬᠥᠮᠦᠵᠢᠭᠦᠯᠬᠦ ᠬᠡᠪ ᠵᠠᠭᠪᠤᠷ ᠢ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ | ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠣᠷᠣᠰ᠂ ᠮᠣᠩᠭᠤᠯ ᠤᠯᠤᠰ ᠯᠤᠭ᠎ᠠ ᠣᠯᠠᠨ ᠤᠯᠤᠰ ᠤᠨ ᠴᠠᠭᠳᠠᠭᠠᠨ | ᠤ ᠶᠠᠪᠤᠳᠠᠯ ᠤᠨ ᠵᠢᠭᠠᠨ ᠰᠤᠷᠭᠠᠯᠲᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠪᠡ᠃ ᠤᠯᠠᠨ ᠵᠢᠯ ᠤᠨ | ᠲᠤᠷᠰᠢ᠂ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠹᠷᠣᠨᠲ ᠲᠤ 8 ᠲᠦᠮᠡ | ᠭᠠᠷᠤᠢ ᠴᠢᠳᠠᠪᠤᠷᠢᠲᠠᠨ ᠢ ᠬᠥᠮᠦᠵᠢᠭᠦᠯᠦᠨ ᠪᠣᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠳᠤ ᠴᠢᠳᠠᠪᠤᠷᠢᠲᠠᠨ ᠤ ᠪᠠᠲᠤᠯᠠᠭ᠎ᠠ ᠪᠠ ᠤᠶᠤᠨ ᠤ ᠲᠤᠯᠭᠠᠭᠤᠷᠢᠯᠠᠯ ᠢ | ᠬᠠᠩᠭᠠᠪᠠ᠃ | | | | | | | | | ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠳᠡᠳ᠋ ᠲᠢᠩᠬᠢᠮ ᠤᠨ | ᠲᠠᠰ ᠤᠨ ᠪᠠᠶᠢᠭᠤᠯᠤᠮᠵᠢ ᠪᠣᠯᠤᠨ᠎ᠠ᠂ ᠳᠣᠲᠣᠭᠠᠳᠤ ᠳᠤ ᠪᠠᠨ ᠵᠢᠩᠬᠢᠨᠢ ᠭᠠᠵᠠᠷ ᠤᠨ ᠲᠠᠰ ᠤᠨ ᠪᠠᠶᠢᠭᠤᠯᠤᠮᠵᠢ 17 | ᠪᠠᠶᠢᠵᠤ᠂ ᠡᠭᠦᠨ ᠳᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ 6 ︵ᠤᠯᠤᠰ ᠲᠥᠷᠥ ᠶᠢᠨ ᠬᠡᠯᠲᠡᠰ᠂ | ᠠᠯᠪᠠᠨ ᠬᠡᠷ᠂ ᠬᠢᠴᠢᠶᠡᠯ ᠬᠥᠮᠦᠵᠢᠯ ᠤᠨ ᠭᠠᠵᠠᠷ᠂ ᠠᠷᠤ ᠲᠠᠯ᠎ᠠ ᠶᠢᠨ ᠦᠢᠯᠡᠴᠢᠯᠡᠭᠡᠨ ᠤ ᠭᠠᠵᠠᠷ᠂ ᠨᠠᠰᠤᠨ ᠳᠤ | ᠬᠦᠷᠦᠭᠰᠡᠳ ᠤᠨ ᠰᠤᠷᠭᠠᠨ ᠬᠥᠮᠥᠵᠢᠯ ᠤᠨ ᠭᠠᠵᠠᠷ᠂ ᠰᠣᠷᠣᠭᠴᠢ ᠶᠢᠨ ᠠᠵᠢᠯ ᠤᠨ ᠭᠠᠵᠠᠷ︶ ᠪᠣᠢ᠂ ᠵᠢᠭᠠᠨ ᠰᠤᠷᠭᠠᠯᠲᠠ | ᠪᠠ ᠵᠢᠭᠠᠨ ᠰᠤᠷᠭᠠᠯᠲᠠ ᠶᠢ ᠲᠤᠰᠠᠯᠠᠬᠤ ᠪᠠᠶᠢᠭᠤᠯᠤᠮᠵᠢ 11 ︵ᠲᠠᠩᠨᠠᠬᠤ ᠰᠠᠯᠪᠤᠷᠢ᠂ ᠠᠮᠤᠷ ᠢ ᠬᠠᠮᠠᠭᠠᠯᠠᠬᠤ ᠰᠠᠯᠪᠤᠷᠢ᠂ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ᠂ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ᠂ | ᠬᠠᠤᠯᠢ ᠴᠠᠭᠠᠵᠠ ᠶᠢᠨ ᠰᠠᠯᠪᠤᠷᠢ᠂ ᠭᠢᠨᠳᠠᠨ ᠤ ᠬᠠᠮᠢᠶᠠᠷᠤᠯᠲᠠ ᠶᠢᠨ ᠰᠠᠯᠪᠤᠷᠢ᠂ ᠮᠣᠩᠭᠤᠯ ᠢᠶᠠᠷ ᠬᠢᠴᠢᠶᠡᠯᠯᠡᠬᠦ ᠵᠢᠭᠠᠨ | ᠰᠤᠷᠭᠠᠯᠲᠠ ᠶᠢᠨ ᠬᠡᠯᠲᠡᠰ᠂ ᠤᠯᠤᠰ ᠲᠥᠷᠥ ᠶᠢᠨ ᠣᠨᠣᠯ ᠤᠨ ᠵᠢᠭᠠᠨ ᠰᠤᠷᠭᠠᠯᠲᠠ ᠶᠢᠨ ᠬᠡᠯᠲᠡᠰ᠂ ᠴᠠᠭᠳᠠᠭᠠᠨ ᠤ | ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠬᠡᠯᠲᠡᠰ᠂ ᠴᠠᠭᠳᠠᠭᠠᠨ ᠤ ᠪᠣᠯᠪᠠᠰᠤᠷᠠᠯ ᠤᠨ ᠭᠠᠵᠠᠷ᠂ ᠨᠣᠮ ᠤᠨ ᠰᠠᠩ︶ | ᠪᠠᠶᠢᠵᠤ᠂ 2400 ᠭᠠᠷᠤᠶ ᠰᠣᠷᠣᠭᠴᠢ ᠪᠣᠢ᠃ ᠰᠤᠷᠭᠠᠭᠤᠯᠢ ᠨᠢ ᠣᠲᠣ ᠡᠷᠡᠭᠦᠦ ᠶᠢᠨ ᠬᠡᠷᠡᠭ ᠤᠨ ᠲᠠᠩᠨᠠᠯᠲᠠ᠂ | ᠠᠮᠤᠷ ᠢ ᠬᠠᠮᠠᠭᠠᠯᠠᠬᠤ ᠬᠠᠮᠢᠶᠠᠷᠤᠯᠲᠠ᠂ ᠵᠠᠮ ᠬᠠᠷᠢᠯᠴᠠᠭᠠᠨ ᠤ ᠬᠠᠮᠢᠶᠠᠷᠤᠯᠲᠠ᠂ ᠤᠯᠤᠰ ᠤᠨ ᠳᠣᠲᠣᠭᠠᠳᠤ ᠶᠢᠨ ᠠᠮᠤᠷ | ᠲᠦᠪᠰᠢᠨ ᠤ ᠬᠠᠮᠠᠭᠠᠯᠠᠯᠲᠠ᠂ ᠮᠡᠳᠡᠭᠡ ᠵᠠᠩᠭᠢ ᠰᠦᠯᠵᠢᠶᠡᠨ ᠤ ᠠᠮᠤᠷ ᠲᠦᠪᠰᠢᠨ ᠤ ᠬᠢᠨᠠᠨ ᠪᠠᠶᠢᠴᠠᠭᠠᠯᠲᠠ᠂ ᠣᠨᠴᠠ | ᠴᠠᠭᠳᠠᠭ᠎ᠠ᠂ ᠴᠠᠭᠳᠠᠭᠤᠯ ᠨᠣᠬᠠᠶ ᠶᠢᠨ ᠮᠡᠷᠭᠡᠵᠢᠯ ᠵᠡᠷᠭᠡ 7 ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ᠂ ᠬᠠᠤᠯᠢ | ᠴᠠᠭᠠᠵᠠ ᠶᠢᠨ ᠬᠡᠷᠡᠭ ᠶᠠᠪᠤᠳᠠᠯ᠂ ᠬᠠᠤᠯᠢ ᠴᠠᠭᠠᠵᠠ ᠶᠢᠨ ᠨᠠᠷᠢᠨ ᠪᠢᠴᠢᠭᠡᠴᠢ᠂ ᠨᠡᠶᠢᠭᠡᠮ ᠲᠣᠭᠤᠷᠢᠭ ᠤᠨ ᠬᠠᠮᠢᠶᠠᠷᠤᠯᠲᠠ | ᠵᠡᠷᠭᠡ 3 ᠳᠣᠲᠣᠭᠠᠳᠤ ᠶᠢ ᠬᠠᠮᠠᠭᠠᠯᠠᠬᠤ ᠪᠤᠰᠤ ᠲᠤᠰᠬᠠᠶ ᠮᠡᠷᠭᠡᠵᠢᠯ ᠪᠣᠢ᠃ ᠡᠷᠡᠭᠦᠦ ᠶᠢᠨ ᠬᠡᠷᠡᠭ ᠤᠨ ᠲᠠᠩᠨᠠᠯᠲᠠ᠂ | ᠠᠮᠤᠷ ᠢ ᠬᠠᠮᠠᠭᠠᠯᠠᠬᠤ ᠬᠠᠮᠢᠶᠠᠷᠤᠯᠲᠠ ᠭᠡᠬᠦ ᠲᠤᠰᠬᠠᠶ ᠮᠡᠷᠭᠡᠵᠢᠯ ᠨᠢ ᠪᠠᠰᠠ ᠮᠣᠩᠭᠤᠯ ᠬᠢᠲᠠᠳ ᠬᠡᠯᠡ ᠪᠠᠷ ᠬᠢᠴᠢᠶᠡᠯᠯᠡᠬᠦ | ᠠᠩᠭᠢ ᠶᠢ ᠵᠡᠷᠭᠡ ᠪᠠᠷ ᠨᠡᠭᠡᠭᠡᠪᠡ᠃ | | | | | | ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠥᠨᠳᠥᠷ ᠬᠡᠪ | ᠪᠣᠯᠪᠠᠰᠤᠷᠠᠯ ᠲᠠᠢ᠂ ᠥᠨᠳᠥᠷ ᠬᠢᠷᠢ ᠲᠦᠪᠰᠢᠨ ᠲᠠᠢ᠂ ᠵᠢᠭᠠᠨ ᠰᠤᠷᠭᠠᠯᠲᠠ ᠪᠠ ᠦᠢᠯᠡᠳᠦᠯᠭᠡ ᠶᠢᠨ ᠲᠤᠷᠰᠢᠯᠭ᠎ᠠ ᠪᠠᠷ | ᠪᠠᠶᠠᠯᠢᠭ ᠪᠠᠭᠰᠢ ᠶᠢᠨ ᠡᠩᠨᠡᠭᠡ ᠲᠠᠢ᠃ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠪᠦᠷᠢᠨ᠂ | ᠰᠤᠷᠤᠯᠭ᠎ᠠ᠂ ᠠᠮᠢᠳᠤᠷᠠᠯ ᠤᠨ ᠪᠡᠯᠡᠳᠬᠡᠮᠵᠢ ᠪᠦᠷᠢᠨ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠭᠤᠶᠣ | ᠰᠠᠶᠢᠬᠠᠨ ᠪᠠᠶᠢᠵᠤ᠂ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠪᠡ᠃ ᠰᠤᠷᠭᠠᠭᠤᠯᠢ ᠨᠢ | ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠲᠤᠰᠬᠠᠶ ᠴᠢᠳᠠᠪᠤᠷᠢᠲᠠᠨ ᠢ ᠬᠥᠮᠦᠵᠢᠭᠦᠯᠬᠦ ᠭᠤᠣᠯ ᠵᠢᠭᠰᠠᠭᠠᠯ ᠤᠨ | ᠭᠠᠵᠠᠷ ᠪᠠᠶᠢᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠪᠠ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠳᠣᠲᠣᠭᠠᠳᠤ ᠶᠢ ᠬᠠᠮᠠᠭᠠᠯᠠᠬᠤ ᠪᠣᠳᠠᠲᠠᠢ ᠠᠵᠢᠯ ᠤᠨ | ᠴᠢᠳᠠᠪᠤᠷᠢᠲᠠᠨ ᠤ ᠬᠡᠷᠡᠭᠴᠡᠭᠡ ᠳᠤ ᠬᠠᠨᠳᠤᠭᠤᠯᠬᠤ ᠶᠢ ᠪᠠᠷᠢᠮᠲᠠᠯᠠᠵᠤ᠂ ᠴᠠᠭᠳᠠᠭᠠᠨ ᠤ ᠤᠯᠤᠰ ᠲᠥᠷᠥ ᠶᠢᠨ | ᠪᠣᠯᠪᠠᠰᠤᠷᠠᠯ ᠢᠶᠠᠷ ᠰᠤᠷᠤᠭᠴᠢᠳ ᠢ ᠬᠥᠮᠥᠵᠢᠭᠦᠯᠵᠦ᠂ ᠴᠠᠭᠳᠠᠭᠠᠨ ᠤ ᠠᠵᠢᠯ ᠤᠨ ᠳᠦᠷᠢᠮ ᠢᠶᠠᠷ ᠰᠤᠷᠤᠭᠴᠢ ᠶᠢ | ᠰᠤᠭᠤᠵᠤ᠂ ᠴᠠᠭᠳᠠᠭᠠᠨ ᠤ ᠪᠣᠳᠠᠲᠤ ᠠᠵᠢᠯ ᠤᠨ ᠮᠡᠷᠭᠡᠵᠢᠯ ᠢᠶᠠᠷ ᠰᠤᠷᠤᠭᠴᠢ ᠶᠢ ᠪᠣᠯᠪᠠᠰᠤᠷᠠᠭᠤᠯᠵᠤ᠂ ᠴᠠᠭᠳᠠᠭᠠᠨ ᠤ | ᠰᠣᠶᠣᠯ ᠤᠨ ᠠᠭᠤᠷ ᠠᠮᠢᠰᠬᠤᠯ ᠢᠶᠠᠷ ᠰᠤᠷᠤᠭᠴᠢᠳ ᠢ ᠨᠥᠯᠦᠭᠡᠯᠡᠵᠦ᠂ ᠴᠠᠭᠳᠠᠭᠠᠨ ᠤ ᠲᠤᠬᠠᠶᠢᠯᠠᠭᠰᠠᠨ ᠠᠵᠢᠯ ᠤᠨ | ᠣᠨᠴᠠᠯᠢᠭ ᠢᠶᠠᠷ ᠢᠯᠡ ᠲᠣᠳᠣ ᠴᠠᠭᠳᠠᠭᠠᠨ ᠤ ᠶᠠᠪᠤᠳᠠᠯ ᠤᠨ ᠬᠥᠮᠦᠨ ᠢ ᠬᠥᠮᠦᠵᠢᠭᠦᠯᠬᠦ ᠬᠡᠪ ᠵᠠᠭᠪᠤᠷ ᠢ | ᠪᠦᠷᠢᠯᠳᠦᠭᠦᠯᠵᠦ᠂ ᠤᠯᠤᠰ ᠲᠥᠷᠥ ᠶᠢᠨ ᠵᠣᠭᠰᠣᠯᠲᠠ ᠪᠠᠲᠤ᠂ ᠦᠨᠡᠨᠴᠢ ᠨᠠᠶᠢᠳᠠᠪᠤᠷᠢᠲᠠᠶ᠂ ᠴᠢᠩᠭ᠎ᠠ ᠲᠣᠳᠣᠷᠬᠠᠶ | ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤᠴᠢ ᠴᠢᠨᠠᠷ ᠲᠠᠢ᠂ ᠰᠢᠯᠢᠳᠡᠭ ᠰᠠᠶᠢᠨ ᠠᠵᠢᠯ ᠤᠨ ᠮᠣᠷᠠᠯ ᠲᠠᠢ᠂ ᠮᠠᠨ ᠤ | ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠦᠯᠭ᠎ᠠ ᠶᠢ ᠰᠠᠶᠢᠨ | ᠮᠡᠳᠡᠵᠦ᠂ ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ ᠤᠨ ᠦᠨᠳᠦᠰᠦᠨ ᠣᠨᠣᠯ ᠪᠠ ᠤᠷ᠎ᠠ ᠴᠢᠳᠠᠪᠤᠷᠢ ᠶᠢ | ᠡᠵᠡᠮᠰᠢᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠬᠠᠤᠯᠢ ᠶᠢ ᠬᠡᠷᠡᠭᠵᠢᠭᠦᠯᠬᠦ ᠡᠭᠦᠷᠭᠡ ᠶᠢ ᠭᠦᠢᠴᠡᠳᠭᠡᠬᠦ | ᠠᠵᠢᠯ ᠤᠨ ᠪᠠᠶᠢᠷᠢ ᠳᠤ ᠬᠠᠨᠳᠤᠭᠤᠯᠤᠭᠰᠠᠨ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠴᠢᠳᠠᠪᠤᠷᠢ ᠶᠢᠨ ᠬᠡᠯᠪᠡᠷᠢᠲᠦ | ᠳᠣᠲᠣᠭᠠᠳᠤ ᠶᠢ ᠬᠠᠮᠠᠭᠠᠯᠠᠬᠤ ᠴᠢᠳᠠᠪᠤᠷᠢᠲᠠᠨ ᠢ ᠬᠦᠴᠦᠯᠡᠨ ᠬᠥᠮᠥᠵᠢᠭᠦᠯᠪᠡ᠃ | | | | | | | | | ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠲᠥᠪ ᠤᠨ ᠣᠷᠣᠨ | ᠲᠣᠭᠠᠨ ᠤ ᠠᠯᠪᠠᠨ ᠭᠡᠷ ᠵᠡᠷᠭᠡ ᠶᠠᠮᠤᠨ ᠵᠥᠪᠯᠡᠯ ᠤᠨ ︽ᠳᠣᠲᠣᠭᠠᠳᠤ ᠶᠢ ᠬᠠᠮᠠᠭᠠᠯᠠᠬᠤ ᠳᠡᠭᠡᠳᠦ ᠰᠤᠷᠭᠠᠭᠤᠯᠢ ᠶᠢᠨ | ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠡᠯᠰᠡᠨ ᠬᠥᠮᠦᠵᠢᠭᠦᠯᠬᠦ ᠳᠦᠷᠢᠮ ᠤᠨ | ᠥᠭᠡᠷᠡᠴᠢᠯᠡᠯᠲᠡ ᠶᠢᠨ ᠲᠤᠬᠠᠶ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠲᠤᠰᠠᠭᠠᠷ ᠡᠯᠰᠡᠨ ᠬᠡᠷᠡᠭᠯᠡᠬᠦ ᠠᠵᠢᠯ ᠤᠨ | ᠲᠦᠷ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠳᠣᠲᠣᠭᠠᠳᠤ ᠶᠢ ᠬᠠᠮᠠᠭᠠᠯᠠᠬᠤ ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢᠳ ᠢ | ᠰᠢᠯᠭᠠᠵᠤ ᠡᠯᠰᠡᠨ ᠬᠡᠷᠡᠭᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠢᠳᠡᠪᠬᠢᠲᠡᠶ ᠠᠬᠢᠭᠤᠯᠪᠠ ︵ᠠᠵᠢᠯ ᠣᠯᠭᠤᠬᠤ | ᠠᠵᠢᠯ ᠤᠨ ᠪᠠᠶᠢᠷᠢ ᠨᠢ ᠴᠥᠮ ᠤᠯᠤᠰ ᠤᠨ ᠠᠯᠪᠠᠲᠠᠨ ᠤ ᠠᠵᠢᠯ ᠤᠨ ᠪᠠᠶᠢᠷᠢ᠂ ᠲᠤᠬᠠᠶᠢᠯᠠᠪᠠᠯ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠵᠢᠩᠬᠢᠨᠢ ᠴᠠᠭᠳᠠᠭᠠᠨ ᠤ ᠣᠷᠣᠨ ᠲᠤᠭ᠎ᠠ ᠪᠣᠯᠤᠨ᠎ᠠ︶᠃ 2018 ᠣᠨ ᠳᠤ | ᠲᠡᠭᠦᠰᠦᠭᠰᠡᠨ 432 ᠰᠤᠷᠤᠭᠴᠢ ᠶᠢᠨ 408 ᠰᠤᠷᠤᠭᠴᠢ ᠠᠵᠢᠯ ᠣᠯᠵᠤ᠂ ᠠᠵᠢᠯ ᠣᠯᠤᠭᠰᠠᠨ ᠨᠤᠷᠮ᠎ᠠ | 94 . 4 % ᠳᠤ ᠬᠦᠷᠪᠡ︔ 2019 ᠣᠨ ᠳᠤ ᠲᠡᠭᠦᠰᠦᠭᠰᠡᠨ 438 ᠰᠤᠷᠤᠭᠴᠢ ᠶᠢᠨ 424 ᠰᠤᠷᠤᠭᠴᠢ ᠠᠵᠢᠯ | ᠣᠯᠵᠤ᠂ ᠠᠵᠢᠯ ᠣᠯᠤᠭᠰᠠᠨ ᠨᠣᠷᠮ᠎ᠠ 96 . 8 % ᠳᠤ ᠬᠥᠷᠪᠡ︔ 2020 ᠣᠨ ᠳᠤ ᠲᠡᠭᠦᠰᠦᠭᠰᠡᠨ 458 | ᠰᠤᠷᠤᠭᠴᠢ ᠶᠢᠨ 430 ᠰᠤᠷᠤᠭᠴᠢ ᠠᠵᠢᠯ ᠣᠯᠵᠤ᠂ ᠠᠵᠢᠯ ᠣᠯᠤᠭᠰᠠᠨ ᠨᠣᠷᠮ᠎ᠠ 93 . 88 % ᠳᠤ ᠬᠥᠷᠪᠡ᠃ | ᠣᠶᠢᠷ᠎ᠠ ᠶᠢᠨ ᠭᠤᠷᠪᠠᠨ ᠵᠢᠯ ᠳᠤ ᠰᠤᠷᠭᠠᠭᠤᠯᠢ ᠲᠡᠭᠦᠰᠦᠭᠰᠡᠨ ᠰᠣᠷᠣᠭᠴᠢ 1328 ᠪᠠᠶᠢᠵᠤ᠂ 1262 ᠬᠥᠮᠦᠨ | ᠠᠵᠢᠯ ᠣᠯᠵᠤ᠂ ᠠᠵᠢᠯ ᠣᠯᠤᠭᠰᠠᠨ ᠨᠣᠷᠮ᠎ᠠ 95 . 03 % ᠳᠤ ᠬᠦᠷᠴᠡᠶ᠃ | | | | | | ᠡᠨᠡ ᠵᠢᠯ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ 1000 | ᠰᠤᠷᠤᠭᠴᠢ ᠡᠯᠰᠡᠬᠦ ᠪᠠᠷ ᠲᠥᠯᠥᠪᠯᠡᠵᠦ ᠪᠣᠶ᠂ ᠡᠭᠦᠨ ᠳᠤ ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ 850 | ᠰᠤᠷᠤᠭᠴᠢ᠂ ᠳᠣᠲᠣᠭᠠᠳᠤ ᠶᠢ ᠬᠠᠮᠠᠭᠠᠯᠠᠬᠤ ᠪᠤᠰᠤ ᠲᠤᠰᠬᠠᠶ ᠮᠡᠷᠭᠡᠵᠢᠯ 150 ᠰᠤᠷᠤᠭᠴᠢ ᠡᠯᠰᠡᠨ᠎ᠡ᠃ | ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ ᠨᠢ ᠡᠷᠡᠭᠲᠡᠶ ᠰᠣᠷᠣᠭᠴᠢ 730᠂ ᠡᠮᠡᠭᠲᠡᠶ ᠰᠣᠷᠣᠭᠴᠢ 120 ᠶᠢ | ᠡᠯᠰᠡᠨ᠎ᠡ᠃ ᠰᠤᠷᠭᠠᠭᠤᠯᠢ ᠨᠢ 2021 ᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ᠂ ᠪᠡᠶ᠎ᠡ ᠶᠢᠨ ᠪᠠᠶᠢᠴᠠᠭᠠᠯᠲᠠ ᠪᠠ ᠠᠮᠠᠨ ᠰᠢᠯᠭᠠᠯᠲᠠ ᠪᠠᠷ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ | ᠡᠯᠰᠡᠨ᠎ᠡ᠃ | | | | | | ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ | ᠰᠤᠷᠤᠭᠴᠢᠳ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠪᠠᠨ ᠬᠦᠨᠳᠦ ᠶᠡᠭᠡ ᠭᠡᠨᠡᠳᠲᠡ ᠶᠢᠨ ᠬᠡᠷᠡᠭ ᠢ | ᠰᠢᠢᠳᠪᠦᠷᠢᠯᠡᠬᠦ᠂ ᠠᠶᠤᠯ ᠭᠠᠮᠰᠢᠭ ᠠᠴᠠ ᠠᠪᠤᠷᠠᠬᠤ ᠵᠢᠴᠢ ᠴᠢᠬᠤᠯᠠ ᠶᠡᠭᠡ ᠠᠵᠢᠯᠯᠠᠭᠠᠨ ᠤ ᠠᠮᠤᠷ ᠲᠦᠪᠰᠢᠨ ᠢ | ᠬᠠᠮᠠᠭᠠᠯᠠᠬᠤ ᠡᠭᠦᠷᠭᠡ ᠳᠤ ᠢᠳᠡᠪᠬᠢᠲᠡᠶ ᠣᠷᠣᠯᠴᠠᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠨᠢᠭᠡᠨ ᠰᠠᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ | ᠬᠦᠴᠦᠨ ᠪᠣᠯᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠮᠤᠷ ᠲᠣᠭᠲᠠᠭᠤᠨ ᠪᠠᠶᠢᠬᠤ᠂ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠦᠷᠳᠡᠭᠦᠯᠬᠦ ᠪᠠ ᠴᠣᠬᠢᠯᠲᠠ ᠥᠭᠬᠦ ᠳᠤ ᠢᠳᠡᠪᠬᠢᠲᠡᠶ ᠦᠢᠯᠡᠳᠦᠯ | ᠦᠵᠡᠭᠦᠯᠪᠡ᠃ ᠣᠶᠢᠷ᠎ᠠ ᠶᠢᠨ ᠵᠢᠯ᠂ ᠰᠤᠷᠭᠠᠭᠤᠯᠢ ᠶᠢᠨ ᠪᠠᠭᠰᠢ ᠰᠤᠷᠤᠭᠴᠢᠳ ᠪᠥᠬᠦ ᠤᠯᠤᠰ ᠤᠨ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ᠂ ᠳᠤᠮᠳᠠᠳᠤ ᠮᠣᠩᠭᠤᠯ ᠤᠨ ᠣᠯᠠᠨ ᠤᠯᠤᠰ ᠤᠨ | ᠦᠵᠡᠰᠬᠦᠯᠡᠩ ᠤᠨ ᠴᠤᠭᠯᠠᠭᠠᠨ᠂ ᠳᠡᠯᠡᠬᠡᠶ ᠶᠢᠨ ᠡᠯᠡᠰᠦᠷᠬᠡᠭᠵᠢᠯ ᠢ ᠵᠠᠰᠠᠬᠤ ᠶᠡᠭᠡ ᠬᠤᠷᠠᠯ᠂ ᠥᠪᠡᠷᠲᠡᠭᠡᠨ ᠵᠠᠰᠠᠬᠤ | ᠣᠷᠣᠨ ᠪᠠᠶᠢᠭᠤᠯᠤᠭᠳᠠᠭᠰᠠᠨ ᠳᠠᠯᠠᠨ ᠵᠢᠯ ᠤᠨ ᠣᠶ ᠶᠢᠨ ᠶᠡᠭᠡ ᠪᠠᠶᠠᠷ ᠵᠡᠷᠭᠡ ᠴᠢᠬᠤᠯᠠ ᠶᠡᠭᠡ ᠠᠵᠢᠯᠯᠠᠭᠠᠨ ᠤ ᠠᠮᠤᠷ ᠢ | ᠬᠠᠮᠠᠭᠠᠯᠠᠬᠤ ᠡᠭᠦᠷᠭᠡ ᠶᠢ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠭᠦᠢᠴᠡᠳ ᠨᠤᠲᠠᠯᠠᠯᠲᠠ ᠪᠠ ᠰᠠᠶᠢᠨ ᠦᠨᠡᠯᠡᠯᠲᠡ ᠶᠢ ᠤᠯᠪᠠ᠃ | | | | | | ᠬᠦᠴᠢᠷ ᠪᠡᠷᠬᠡ ᠶᠢ ᠳᠡᠪᠴᠢᠨ ᠰᠢᠷᠠᠭᠠᠭᠤ ᠬᠠᠲᠠᠭᠤᠵᠢᠯᠲᠠᠢ ᠴᠢᠷᠮᠠᠶᠢᠪᠠᠯ ᠢᠯᠠᠯᠲᠠ ᠣᠯᠵᠤ ᠴᠢᠳᠠᠨ᠎ᠠ᠃ | 2021 ᠣᠨ ᠳᠤ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ | ᠵᠢᠩᠬᠢᠨᠢ ᠠᠩᠭᠢ ᠳᠤ ᠳᠡᠪᠰᠢᠬᠦ ᠶᠠᠪᠤᠳᠠᠯ ᠢ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠰᠤᠷᠭᠠᠭᠤᠯᠢ ᠨᠢ ᠭᠤᠷᠪᠠ ᠠᠴᠠ ᠲᠠᠪᠤᠨ ᠵᠢᠯ ᠤᠨ | ᠬᠤᠭᠤᠴᠠᠭᠠᠨ ᠳᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠪᠠᠷᠢᠮᠵᠢᠶ᠎ᠠ ᠳᠤ | ᠬᠦᠷᠭᠡᠬᠦ ᠪᠠᠷ ᠴᠢᠷᠮᠠᠶᠢᠵᠤ ᠪᠠᠶᠢᠨ᠎ᠠ᠃ 2021 ᠣᠨ ᠪᠣᠯ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂ | ᠨᠠᠮ ᠤᠨ ᠬᠡᠷᠡᠯ ᠰᠠᠴᠤᠷᠠᠩᠭᠤᠶ ᠲᠡᠦᠬᠡ ᠶᠢ ᠰᠤᠷᠤᠯᠴᠠᠬᠤ ᠳᠤ ᠬᠤᠪᠢᠰᠬᠠᠯᠲᠤ ᠤᠳᠤᠮᠰᠢᠯ ᠨᠢ ᠣᠶᠤᠨ ᠤᠬᠠᠭᠠᠨ ᠢ | ᠰᠡᠩᠬᠡᠷᠡᠭᠦᠯᠵᠦ᠂ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ᠤ ᠢᠲᠡᠭᠡᠯ ᠪᠢᠰᠢᠷᠡᠯ ᠢᠲᠡᠭᠡᠯ ᠵᠣᠷᠢᠭ ᠢ ᠨᠠᠩ ᠪᠠᠲᠤᠳᠬᠠᠵᠤ᠂ | ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠢ ᠨᠠᠩ ᠭᠥᠭᠵᠢᠭᠡᠪᠡ᠃ ᠲᠡᠦᠬᠡ ᠶᠢᠨ ᠰᠢᠨ᠎ᠡ ᠭᠠᠷᠤᠭ᠎ᠠ ᠳᠤ | ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠶᠡᠷᠦᠩᠬᠡᠶ ᠱᠦᠵᠢ ᠰᠢ ᠶᠢᠨ | ᠫᠢᠩ ᠤᠨ ︽ᠨᠠᠮ ᠳᠤ ᠪᠠᠨ ᠦᠨᠡᠨᠴᠢ ᠰᠢᠳᠤᠷᠭᠤ ᠪᠠᠶᠢᠵᠤ᠂ ᠠᠷᠠᠳ ᠲᠦᠮᠡᠨ ᠳᠤ ᠦᠢᠯᠡᠴᠢᠯᠡᠵᠦ᠂ ᠲᠥᠪ ᠭᠤᠣᠯᠴᠢ | ᠪᠠᠷ ᠬᠠᠤᠯᠢ ᠶᠢ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠴᠢᠩᠳᠠᠯᠠᠬᠤ︾ ᠶᠡᠷᠦᠩᠬᠡᠶ ᠱᠠᠭᠠᠷᠳᠠᠯᠭ᠎ᠠ ᠪᠠᠷ ᠯᠠᠪᠳᠠᠭᠤᠨ | ᠪᠠᠲᠤᠲᠠᠢ ᠠᠵᠢᠯᠯᠠᠵᠤ᠂ ᠦᠷ᠎ᠡ ᠪᠥᠲᠦᠮᠵᠢ ᠭᠠᠷᠭᠠᠬᠤ ᠰᠤᠷᠲᠠᠯ ᠢᠶᠠᠷ ᠡᠷᠡᠰ ᠪᠠᠲᠤ ᠪᠠᠷ ᠤᠷᠤᠭᠰᠢᠯᠠᠵᠤ᠂ ᠵᠣᠷᠢᠭᠲᠠᠶ | ᠬᠠᠷᠢᠭᠤᠴᠠᠯᠭ᠎ᠠ ᠡᠭᠦᠷᠭᠡᠯᠡᠬᠦ ᠪᠣᠳᠠᠲᠠᠶ ᠠᠵᠢᠯᠯᠠᠬᠤ ᠵᠣᠷᠢᠭ ᠰᠠᠨᠠᠭ᠎ᠠ᠂ ᠳᠡᠭᠡᠳᠦ ᠬᠡᠮᠵᠢᠶᠡᠨ ᠤ ᠤᠯᠤᠰ ᠲᠥᠷᠥ ᠶᠢᠨ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ︽ᠨᠠᠮ ᠤᠨ ᠲᠥᠯᠥᠭᠡ ᠬᠥᠮᠦᠨ ᠢ ᠬᠥᠮᠥᠵᠢᠭᠦᠯᠵᠦ᠂ | ᠤᠯᠤᠰ ᠤᠨ ᠲᠥᠯᠦᠭᠡ ᠴᠢᠳᠠᠪᠤᠷᠢᠲᠠᠨ ᠢ ᠬᠥᠮᠥᠵᠢᠭᠦᠯᠵᠦ᠂ ᠴᠠᠭᠳᠠᠭᠠᠨ ᠤ ᠰᠦᠭ ᠢ ᠱᠤᠭᠤᠬᠤ︾ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠰᠤᠷᠭᠠᠨ ᠬᠥᠮᠦᠵᠢᠯ ᠵᠢᠭᠠᠨ | ᠰᠤᠷᠭᠠᠯᠲᠠ ᠪᠠᠷ ᠲᠥᠪᠯᠡᠭᠦᠯᠦᠨ ᠠᠵᠢᠯᠯᠠᠵᠤ᠂ ︽ᠰᠤᠷᠭᠠᠭᠤᠯᠢ ᠶᠢ ᠬᠦᠴᠦᠷᠬᠡᠭᠵᠢᠭᠦᠯᠵᠦ ᠪᠠᠶᠢᠷᠢ ᠳᠡᠪᠰᠢᠭᠦᠯᠬᠦ︾ | ᠢᠨᠵᠧᠨᠧᠷᠢᠩ ᠢᠶᠠᠷ ᠬᠥᠳᠡᠯᠭᠡᠭᠦᠷ ᠪᠣᠯᠭᠠᠵᠤ᠂ ᠡᠯ᠎ᠡ ᠲᠥᠷᠥᠯ ᠤᠨ ᠠᠵᠢᠯ ᠤᠨ ᠡᠷᠡᠭᠦᠯ ᠢᠶᠠᠷ ᠬᠥᠭᠵᠢᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠡᠩ ᠰᠢᠨ᠎ᠡ | ᠳᠦᠷᠢ ᠳᠥᠷᠬᠦ ᠪᠣᠯᠤᠨ ᠨᠡᠩ ᠰᠢᠯᠢᠳᠡᠭ ᠠᠮᠵᠢᠯᠲᠠ ᠪᠠᠷ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ ᠪᠠᠶᠢᠨ᠎ᠠ᠃ | | | | | | | |